ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠪᠠᠰᠠ ᠴᠤ ᠠᠵᠤ | ᠠᠬᠤᠶ ᠶᠢᠨ ᠬᠥᠭᠵᠢᠯᠲᠡ ᠶᠢᠨ ᠦᠨᠳᠦᠰᠦᠨ ᠲᠤᠯᠭᠠᠭᠤᠷᠢᠯᠠᠯ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠴᠢᠬᠤᠯᠠ ᠪᠠᠲᠤᠯᠠᠭ᠎ᠠ ᠮᠥᠨ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠣᠯᠭᠤᠯᠲᠠ ᠶᠢ ᠠᠬᠢᠭᠤᠯᠬᠤ | ᠲᠥᠯᠥᠪᠵᠢᠭᠦᠯᠭᠡ︾ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ ᠠᠮᠵᠢᠯᠲᠠ | ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ | ᠠᠵᠢᠯ ᠢ ᠰᠢᠰᠲ᠋ᠧᠮ ᠲᠠᠢ ᠲᠥᠯᠥᠪᠵᠢᠭᠦᠯᠦᠭᠰᠡᠨ ᠪᠥᠭᠡᠳ ᠢᠷᠡᠭᠡᠳᠦᠶ ᠶᠢᠨ ᠨᠢᠭᠡ ᠬᠡᠰᠡᠭ ᠬᠤᠭᠤᠴᠠᠭᠠᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠭᠰᠠᠨ | ᠪᠠᠶᠢᠨ᠎ᠠ᠃ | ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ ᠠᠵᠢᠯ ᠤᠨ ᠦᠷ᠎ᠡ ᠪᠦᠲᠦᠮᠵᠢ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠣᠯᠭᠤᠯᠲᠠ ᠪᠠᠷ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠡᠯ᠎ᠡ ᠲᠠᠯ᠎ᠠ ᠶᠢᠨ ᠬᠢᠨ ᠲᠠᠢ | ᠬᠠᠮᠲᠤᠷᠠᠨ ᠡᠷᠡᠮᠡᠬᠡᠶᠢᠯᠡᠨ ᠤᠷᠤᠭᠰᠢᠯᠠᠵᠤ᠂ ᠪᠡᠷᠬᠡ ᠶᠢ ᠳᠠᠪᠠᠨ ᠬᠦᠴᠢᠷ ᠢ ᠰᠢᠢᠳᠪᠦᠷᠢᠯᠡᠵᠦ᠂ ᠠᠵᠢᠯ ᠣᠯᠭᠤᠯᠲᠠ ᠶᠢ ᠠᠬᠢᠭᠤᠯᠬᠤ ᠠᠵᠢᠯ ᠢᠳᠡᠪᠬᠢᠲᠡᠢ ᠠᠬᠢᠴᠠ ᠲᠠᠢ | ᠪᠣᠯᠵᠣ᠂ ᠪᠠᠰᠠ ᠪᠥᠬᠦ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠨᠢᠭᠡ ᠳᠤ᠂ ᠠᠵᠢᠯ ᠣᠯᠭᠤᠯᠲᠠ ᠶᠢᠨ ᠬᠡᠪᠴᠢᠶ᠎ᠡ ᠲᠣᠭᠲᠠᠭᠤᠨ ᠪᠠᠶᠢᠬᠤ ᠶᠢ ᠪᠠᠲᠤᠯᠠᠪᠠ᠃ ᠬᠤᠲᠠ ᠪᠠᠯᠭᠠᠰᠤᠨ ᠤ 128.4 ᠲᠦᠮᠡᠨ ᠬᠥᠮᠦᠨ ᠳᠤ ᠰᠢᠨ᠎ᠡ ᠪᠠᠷ | ᠠᠵᠢᠯ ᠣᠯᠭᠤᠵᠤ᠂ 125 ᠲᠦᠮᠡᠨ ᠬᠥᠮᠦᠨ ᠳᠤ ᠠᠵᠢᠯ ᠣᠯᠭᠤᠬᠤ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ 3.8% ᠣᠷᠴᠢᠮ ᠪᠠᠶᠢᠵᠤ᠂ 4% ᠠᠴᠠ ᠳᠣᠣᠷ᠎ᠠ ᠪᠠᠶᠢᠯᠭᠠᠬᠤ ᠪᠠᠷ ᠵᠢᠱᠢᠭᠰᠡᠨ ᠬᠢᠵᠠᠭᠠᠷᠯᠠᠬᠤ ᠬᠠᠷᠠᠯᠲᠠ ᠶᠢ ᠪᠡᠶᠡᠯᠡᠭᠦᠯᠪᠡ᠃ | ᠬᠤᠶᠠᠷ ᠲᠤ᠂ ᠭᠤᠤᠯᠳᠠᠯᠭ᠎ᠠ ᠲᠠᠢ ᠬᠦᠮᠦᠰ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 72.8 | ᠲᠦᠮᠡᠨ ᠬᠥᠮᠥᠨ ᠳᠤ ᠠᠵᠢᠯ ᠣᠯᠭᠤᠵᠤ᠂ ᠠᠵᠢᠯ ᠣᠯᠭᠤᠯᠲᠠ ᠶᠢᠨ ᠬᠢᠷᠢ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠪᠠ᠃ 1264.3 ᠲᠦᠮᠡᠨ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠡᠭᠦᠨ ᠳᠤ 1034.2 ᠲᠦᠮᠡᠨ ᠮᠠᠯᠴᠢᠨ ᠲᠠᠷᠢᠶᠠᠴᠢᠨ ᠢ 6 ᠰᠠᠷ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠪᠠ᠃ | ᠬᠦᠴᠢᠷᠳᠡᠯᠲᠡᠢ ᠬᠦᠮᠦᠰ ᠢ ᠪᠦᠲᠦᠮᠵᠢᠲᠡᠶ ᠪᠠᠷ ᠬᠠᠪᠰᠤᠷᠤᠨ ᠲᠡᠳᠬᠦᠵᠦ᠂ ᠬᠤᠳᠠ ᠪᠠᠯᠭᠠᠰᠤᠨ ᠤ 36.9 ᠲᠦᠮᠡᠨ ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ | ᠠᠵᠢᠯ ᠤᠯᠬᠤ ᠳᠤ ᠬᠦᠴᠢᠷᠳᠡᠯ ᠲᠠᠢ 31.1 ᠲᠦᠮᠡᠨ ᠬᠥᠮᠦᠨ ᠳᠤ ᠠᠵᠢᠯ ᠣᠯᠭᠤᠪᠠ᠃ | ᠭᠤᠷᠪᠠ ᠳᠤ᠂ ᠠᠵᠢᠯ ᠣᠯᠭᠤᠯᠲᠠ ᠶᠢᠨ ᠶᠠᠰᠤ ᠴᠢᠨᠠᠷ ᠠᠯᠬᠤᠮ ᠠᠯᠬᠤᠮ ᠢᠶᠠᠷ ᠳᠡᠭᠡᠭᠰᠢᠯᠡᠪᠡ᠃ ᠬᠥᠳᠡᠯᠮᠦᠷᠢᠴᠢᠳ ᠤᠨ ᠬᠡᠪ ᠴᠢᠨᠠᠷ ᠨᠡᠶᠢᠳᠡᠮ ᠳᠤ ᠪᠠᠨ | ᠳᠡᠭᠡᠭᠰᠢᠯᠡᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠬᠡᠮᠵᠢᠶ᠎ᠡ 106 ᠲᠦᠮᠡᠨ ᠬᠥᠮᠦᠨ ᠳᠤ ᠬᠦᠷᠴᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ | ᠶᠡᠷᠦᠩᠬᠡᠶ ᠬᠡᠮᠵᠢᠶ᠎ᠡ 74.1 ᠲᠦᠮᠡᠨ ᠬᠥᠮᠦᠨ ᠳᠤ ᠬᠦᠷᠴᠡᠶ᠃ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠶᠡᠷᠦᠩᠬᠡᠶ ᠬᠡᠮᠵᠢᠶ᠎ᠡ ᠲᠣᠭᠲᠠᠭᠤᠨ ᠢᠶᠠᠷ ᠨᠡᠮᠡᠭᠳᠡᠵᠦ᠂ | ᠪᠦᠲᠦᠴᠡ ᠨᠢ ᠲᠠᠰᠤᠷᠠᠯᠳᠠ ᠦᠭᠡᠢ ᠰᠠᠶᠢᠵᠢᠷᠠᠨ᠂ ᠠᠵᠢᠯᠳᠠᠨ ᠠᠵᠢᠯᠴᠢᠨ ᠤ ᠴᠠᠯᠢᠩ ᠬᠥᠯᠥᠰᠥ ᠵᠦᠢ ᠵᠣᠬᠢᠰᠲᠠᠶ ᠪᠠᠷ ᠨᠡᠮᠡᠭᠳᠡᠵᠦ᠂ ᠬᠥᠳᠡᠯᠮᠦᠷᠢ ᠶᠢᠨ ᠡᠷᠬᠡ | ᠠᠰᠢᠭ ᠤᠨ ᠪᠠᠲᠤᠯᠠᠭ᠎ᠠ ᠴᠢᠩᠭᠠᠷᠠᠵᠤ᠂ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠦᠷᠭᠦᠯᠵᠢᠯᠡᠨ ᠥᠷᠭᠡᠳᠴᠦ᠂ ᠪᠠᠲᠤᠯᠠᠭ᠎ᠠ ᠶᠢᠨ ᠬᠢᠷᠢ ᠲᠦᠪᠰᠢᠨ ᠠᠯᠬᠤᠮ | ᠠᠯᠬᠤᠮ ᠢᠶᠠᠷ ᠳᠡᠭᠡᠭᠰᠢᠯᠡᠪᠡ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠠᠶ ᠬᠤᠪᠢᠷᠠᠯᠲᠠ᠂ | ᠭᠡᠨᠡᠳᠲᠡ ᠡᠭᠦᠰᠦᠭᠰᠡᠨ ᠰᠢᠨ᠎ᠡ ᠲᠢᠶ᠋ᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠣᠯᠠᠨ ᠳᠠᠪᠬᠤᠷ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ | ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠳᠠᠯ ᠢ ᠪᠠᠲᠤᠯᠠᠪᠠ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢ ᠠᠬᠢᠭᠤᠯᠬᠤ | ᠲᠥᠯᠥᠪᠵᠢᠭᠦᠯᠭᠡ ᠶᠢᠨ ᠣᠨᠴᠠᠯᠢᠭ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ | ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢ ᠲᠣᠭᠲᠠᠭᠠᠬᠤ ᠳᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠨᠢᠭᠲᠠ ᠤᠶᠠᠯᠳᠤᠭᠤᠯᠤᠨ᠂ ᠳᠣᠤᠷᠠᠬᠢ | ᠭᠤᠷᠪᠠᠨ ᠲᠠᠯ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠪᠠ᠄ | ︵ᠨᠢᠭᠡ︶ ᠠᠵᠢᠯ ᠣᠯᠭᠤᠯᠲᠠ ᠶᠢᠨ ᠠᠵᠢᠯ ᠤᠨ ᠭᠤᠣᠯᠳᠠᠯᠭ᠎ᠠ ᠶᠢ ᠳᠣᠪᠣᠶᠢᠯᠭᠠᠪᠠ᠃ ᠲᠥᠯᠥᠪᠵᠢᠭᠦᠯᠭᠡ ᠳᠤ ︽ᠶᠡᠷᠦᠩᠬᠡᠶ ᠬᠡᠮᠵᠢᠶ᠎ᠡ ᠶᠢ ᠥᠷᠭᠡᠳᠬᠡᠵᠦ᠂ ᠶᠠᠰᠤ | ᠴᠢᠨᠠᠷ ᠢ ᠳᠡᠭᠡᠭᠰᠢᠯᠡᠭᠦᠯᠬᠦ︾ ᠪᠠᠷ ᠦᠨᠳᠦᠰᠦᠨ ᠵᠣᠭᠰᠣᠴᠠ ᠪᠣᠯᠭᠠᠵᠤ᠂ ᠨᠠᠩ ᠭᠦᠢᠴᠡᠳ ᠪᠥᠭᠡᠳ ᠨᠠᠩ ᠴᠢᠨᠠᠷᠯᠢᠭ ᠠᠵᠢᠯ ᠣᠯᠭᠤᠯᠲᠠ ᠶᠢ ᠪᠡᠶᠡᠯᠡᠭᠦᠯᠬᠦ ᠳᠤ ᠭᠤᠷᠪᠠᠨ | ᠲᠠᠯ᠎ᠠ ᠶᠢ ᠳᠣᠪᠤᠶᠢᠯᠭᠠᠨ ᠡᠵᠡᠮᠳᠡᠪᠡ᠄ ᠨᠢᠭᠡ ᠳᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠳᠣᠪᠣᠶᠢᠯᠭᠠᠪᠠ᠃ ᠠᠵᠢᠯ ᠣᠯᠭᠤᠯᠲᠠ ᠶᠢ ᠬᠤᠷᠸ᠎ᠠ | ᠲᠦᠷᠦ ᠶᠢᠨ ᠪᠤᠳᠤᠯᠭ᠎ᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠲᠤᠬᠢᠷᠠᠭᠤᠯᠤᠯ ᠡᠵᠡᠮᠳᠡᠯ ᠤᠨ ᠲᠡᠷᠢᠭᠦᠨ ᠬᠠᠷᠠᠯᠲᠠ ᠪᠠ ᠠᠵᠤ ᠠᠬᠤᠶ ᠶᠢᠨ | ᠠᠵᠢᠯᠯᠠᠭᠠᠨ ᠤ ᠵᠦᠢ ᠵᠣᠬᠢᠰᠲᠠᠶ ᠣᠷᠣᠨ ᠵᠠᠶ ᠶᠢᠨ ᠳᠤᠤᠷᠠᠳᠤ ᠬᠢᠵᠠᠭᠠᠷ ᠪᠣᠯᠭᠠᠵᠤ᠂ ᠡᠯ᠎ᠡ ᠲᠠᠯ᠎ᠠ ᠶᠢᠨ ᠲᠦᠷᠦ ᠶᠢᠨ ᠪᠤᠳᠤᠯᠭ᠎ᠠ ᠪᠠᠷ ᠠᠵᠢᠯ ᠣᠯᠭᠤᠯᠲᠠ ᠶᠢ ᠳᠡᠮᠵᠢᠬᠦ | ᠤᠳᠤᠷᠢᠳᠤᠮᠵᠢ ᠶᠢ ᠴᠢᠩᠭᠠᠳᠬᠠᠪᠠ︔ ᠬᠤᠶᠠᠷ ᠲᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠳᠣᠪᠣᠶᠢᠯᠭᠠᠨ ᠨᠠᠮᠳᠠᠭᠤᠯᠤᠨ᠎ᠠ᠃ ᠤᠷ᠎ᠠ | ᠴᠢᠳᠠᠪᠤᠷᠢᠲᠠᠨ ᠢ ᠬᠥᠮᠦᠵᠢᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠶᠡᠭᠡ ᠬᠡᠪᠴᠢᠶ᠎ᠡ᠂ | ᠤᠯᠠᠨ ᠲᠡᠰ ᠳᠠᠪᠬᠤᠷᠭ᠎ᠠ ᠪᠠᠷ ᠥᠷᠨᠢᠭᠦᠯᠵᠦ᠂ ᠬᠥᠳᠡᠯᠮᠦᠷᠢ ᠬᠦᠴᠦᠨ ᠤ ᠡᠯᠧᠮᠧᠨ᠋ᠲ ᠤᠨ ᠶᠠᠰᠤ ᠴᠢᠨᠠᠷ ᠢ ᠰᠠᠶᠢᠵᠢᠷᠠᠭᠤᠯᠤᠨ᠎ᠠ︔ ᠭᠤᠷᠪᠠ ᠳᠤ᠂ ᠨᠡᠶᠢᠭᠡᠮ ᠤᠨ | ᠠᠩᠬᠠᠷᠤᠯ ᠲᠠᠯᠪᠢᠵᠤ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠶᠢ ᠳᠣᠪᠣᠶᠢᠯᠭᠠᠪᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠳᠡᠭᠡᠭᠰᠢᠯᠡᠭᠦᠯᠬᠦ᠂ ᠠᠵᠢᠯ ᠣᠯᠭᠤᠬᠤ ᠦᠢᠯᠡᠴᠢᠯᠡᠭᠡ ᠶᠢ ᠰᠠᠶᠢᠵᠢᠷᠠᠭᠤᠯᠬᠤ᠂ ᠬᠥᠳᠡᠯᠮᠦᠷᠢ ᠶᠢᠨ ᠡᠷᠬᠡ | ᠠᠰᠢᠭ ᠢ ᠪᠠᠲᠤᠯᠠᠬᠤ ᠵᠡᠷᠭᠡ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠪᠣᠳᠠᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ | ︵ᠬᠤᠶᠠᠷ︶ ᠠᠵᠢᠯ ᠣᠯᠭᠤᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠣᠳᠣᠪᠠ᠃ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠣᠳᠣᠪᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠶᠡᠷᠦᠩᠬᠡᠶ ᠬᠥᠮᠦᠨ ᠠᠮᠠ᠂ ᠬᠤᠳᠠ ᠬᠥᠳᠡᠭᠡ ᠶᠢᠨ ᠬᠥᠳᠡᠯᠮᠦᠷᠢ ᠶᠢᠨ ᠬᠥᠮᠦᠨ | ᠠᠮᠠ ᠶᠢᠨ ᠪᠠᠭᠤᠷᠠᠯᠲᠠ ᠶᠢᠨ ᠬᠠᠨᠳᠤᠰᠢ ᠳᠤ ᠰᠠᠭᠤᠷᠢᠯᠠᠪᠠᠯ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ᠂ ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠬᠤ ᠵᠡᠷᠭᠡ ᠭᠦᠢᠴᠡᠳᠬᠡᠯ ᠲᠤᠭ᠎ᠠ ᠨᠢ ᠪᠠᠭᠤᠷᠠᠬᠤ ᠬᠠᠨᠳᠤᠰᠢ ᠲᠠᠢ ᠪᠠᠶᠢᠵᠤ᠂ ᠡᠨᠡ ᠨᠢ ᠤᠯᠤᠰ ᠤᠨ ᠲᠥᠯᠥᠪᠵᠢᠭᠦᠯᠭᠡ ᠳᠤ ᠳᠤᠷᠠᠳᠤᠭᠰᠠᠨ | ᠬᠠᠨᠳᠤᠰᠢ ᠲᠠᠢ ᠨᠢᠭᠡᠳᠦᠯᠲᠡᠶ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠶᠢᠨ | ᠬᠥᠭᠵᠢᠯᠲᠡ ᠶᠢᠨ ᠠᠵᠢᠯ ᠣᠯᠭᠤᠬᠤ ᠴᠢᠳᠠᠪᠤᠷᠢ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠵᠡᠷᠭᠡ ᠪᠠᠶᠢᠳᠠᠯ ᠢ ᠦᠨᠳᠦᠰᠦᠯᠡᠪᠡᠯ᠂ ᠬᠤᠲᠠ | ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ᠂ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠣᠷᠮ᠎ᠠ ᠨᠡᠮᠡᠭᠳᠡᠬᠦ ᠬᠠᠨᠳᠤᠰᠢ ᠲᠠᠢ ᠪᠠᠶᠢᠵᠤ᠂ | ᠪᠥᠬᠦ ᠠᠵᠢᠯᠲᠠᠨ ᠤ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ | ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ ᠬᠥᠲᠥᠯᠪᠦᠷᠢ ᠯᠦᠭᠡ ᠨᠢᠭᠡᠳᠦᠯᠲᠡᠶ ᠪᠠᠶᠢᠯᠭᠠᠨ᠎ᠠ᠃ | ︵ᠭᠤᠷᠪᠠ︶ ᠲᠥᠷᠥᠯ ᠵᠦᠢᠯ ᠤᠨ ᠲᠤᠯᠭᠠᠭᠤᠷᠢᠯᠠᠯ ᠢᠶᠠᠷ ᠳᠠᠮᠵᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠪᠠ᠃ ᠲᠥᠯᠥᠪᠵᠢᠭᠦᠯᠭᠡ ᠳᠤ 9 | ᠲᠥᠯᠥᠪᠯᠡᠭᠡ ᠶᠢᠨ ᠲᠤᠰᠬᠠᠢ ᠪᠤᠯᠤᠩ᠂ 29 ᠪᠣᠳᠠᠲᠠᠢ ᠲᠦᠷᠦᠯ ᠵᠦᠢᠯ ᠢ ᠲᠤᠬᠢᠷᠠᠭᠤᠯᠵᠤ᠂ ᠲᠦᠷᠦᠯ ᠵᠦᠢᠯ ᠨᠢᠭᠡᠪᠦᠷᠢ ᠳᠤ ᠴᠥᠮ ᠬᠠᠷᠠᠯᠲᠠ ᠡᠭᠦᠷᠭᠡ᠂ ᠪᠣᠳᠠᠲᠠᠢ | ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠦᠷ᠎ᠡ ᠪᠦᠲᠦᠮᠵᠢ ᠶᠢ ᠲᠣᠳᠣᠷᠬᠠᠶᠢᠯᠠᠪᠠ᠃ ᠡᠭᠦᠨ ᠤ ᠵᠣᠷᠢᠯᠭ᠎ᠠ ᠨᠢ ᠳᠠᠷᠤᠢ ᠲᠦᠷᠦᠯ ᠵᠦᠢᠯ ᠢ ᠬᠡᠷᠡᠭᠵᠢᠭᠦᠯᠬᠦ ᠪᠠᠷ ᠭᠠᠷᠳᠠᠴᠠ | ᠪᠣᠯᠭᠠᠵᠤ᠂ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠥᠯᠥᠭᠡ ᠶᠤᠮ᠃ ᠵᠢᠱᠢᠶᠡᠯᠡᠪᠡᠯ᠂ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢ ᠴᠢᠩᠭᠠᠳᠬᠠᠬᠤ ᠳᠤ᠂ ᠪᠢᠳᠡ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠳᠣᠭᠢᠷᠠᠭᠤᠯᠵᠤ᠂ ᠡᠯ᠎ᠡ ᠭᠠᠵᠠᠷ ᠤᠨ ︽ᠪᠠᠶᠢᠷᠢ ᠲᠣᠭᠲᠠᠭᠠᠯᠲᠠ ᠲᠣᠳᠣᠷᠬᠠᠶ᠂ ᠣᠨᠴᠠᠯᠢᠭ ᠢᠯᠡ ᠲᠣᠳᠣ᠂ ᠦᠢᠯᠡᠴᠢᠯᠡᠭᠡ | ᠲᠤᠰᠬᠠᠶ ᠮᠡᠷᠭᠡᠵᠢᠭᠰᠡᠨ᠂ ᠵᠠᠭᠪᠤᠷ ᠰᠢᠨᠡᠴᠢᠯᠡᠭᠰᠡᠨ᠂ ᠢᠵᠢ ᠪᠦᠷᠢᠳᠦᠭᠰᠡᠨ᠂ ᠴᠢᠳᠠᠮᠵᠢ ᠪᠦᠷᠢᠨ ᠲᠡᠭᠦᠯᠳᠡᠷ︾ ᠪᠠᠶᠢᠬᠤ ᠬᠠᠷᠠᠯᠲᠠ ᠶᠣᠰᠣᠭᠠᠷ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠲᠠᠰ ᠲᠥᠷᠥᠯ ᠬᠤᠪᠢᠶᠠᠨ ᠪᠥᠲᠥᠭᠡᠨ ᠪᠠᠶᠢᠭᠤᠯᠬᠤ ᠶᠢ ᠳᠡᠮᠵᠢᠬᠦ ᠪᠠᠷ ᠪᠤᠢ᠃ 2022 ᠣᠨ | ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ 1 — | 2 ᠪᠠᠶᠢᠭᠤᠯᠤᠨ᠎ᠠ︔ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ | ᠦᠢᠯᠡᠰ ᠤᠨ ᠬᠦᠷᠢᠶᠡᠯᠡᠩ ᠢ 3 — 4 ᠪᠠᠶᠢᠭᠤᠯᠤᠨ᠎ᠠ᠃ ᠪᠣᠳᠠᠲᠠᠶ ᠲᠥᠷᠥᠯ ᠵᠦᠢᠯ ᠤᠨ ᠳᠡᠮᠵᠢᠯᠭᠡ ᠪᠠᠶᠢᠮᠠᠨᠵᠢᠨ᠂ ᠪᠥᠬᠦ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠰᠠᠶ᠋ᠢ ᠨᠠᠩ ᠰᠠᠶᠢᠨ ᠪᠦᠷᠢᠨᠰᠢᠬᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ | ᠬᠡᠮᠵᠢᠶ᠎ᠡ ᠶᠢ ᠰᠠᠶ᠋ᠢ ᠨᠠᠩ ᠰᠠᠶᠢᠲᠤᠷ ᠨᠠᠶᠢᠳᠠᠪᠤᠷᠢᠵᠢᠭᠤᠯᠵᠤ ᠴᠢᠳᠠᠨ᠎ᠠ᠃ | ᠭᠤᠷᠪᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢ ᠠᠬᠢᠭᠤᠯᠬᠤ | ᠲᠥᠯᠥᠪᠵᠢᠭᠦᠯᠭᠡ ᠶᠢᠨ ᠭᠤᠣᠯ ᠠᠭᠤᠯᠭ᠎ᠠ | ᠲᠥᠯᠥᠪᠵᠢᠭᠦᠯᠭᠡ ᠶᠢ ᠠᠷᠪᠠᠨ ᠨᠢᠭᠡᠨ ᠬᠡᠰᠡᠭ᠂ 40 ᠵᠦᠢᠯ ᠤᠨ ᠠᠭᠤᠯᠭ᠎ᠠ ᠬᠤᠪᠢᠶᠠᠪᠠ᠃ | ᠨᠢᠭᠡ ᠠᠴᠠ ᠬᠤᠶᠠᠳᠤᠭᠠᠷ ᠬᠡᠰᠡᠭ ᠲᠤ ᠡᠭᠦᠨ ᠳᠤ ᠬᠥᠭᠵᠢᠯᠲᠡ ᠶᠢᠨ ᠰᠠᠭᠤᠷᠢ᠂ ᠲᠤᠯᠭᠠᠷᠠᠵᠤ ᠪᠠᠶᠢᠭ᠎ᠠ ᠠᠰᠠᠭᠤᠳᠠᠯ᠂ ᠵᠢᠯᠣᠭᠤᠳᠬᠤ ᠦᠵᠡᠯ ᠰᠠᠨᠠᠭ᠎ᠠ᠂ | ᠦᠨᠳᠦᠰᠦᠨ ᠵᠠᠷᠴᠢᠮ ᠪᠠ ᠭᠤᠣᠯ ᠬᠠᠷᠠᠯᠲᠠ ᠶᠢ ᠪᠠᠭᠲᠠᠭᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢᠬᠢ | ᠠᠵᠢᠯ ᠣᠯᠭᠤᠯᠲᠠ ᠶᠢ ᠠᠬᠢᠭᠤᠯᠤᠭᠰᠠᠨ ᠠᠵᠢᠯ ᠤᠨ ᠦᠷ᠎ᠡ ᠪᠦᠲᠦᠮᠵᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠲᠤᠯᠭᠠᠷᠠᠵᠤ ᠮᠡᠳᠡᠬᠦ ᠠᠵᠠ ᠲᠣᠬᠢᠶᠠᠯ ᠪᠠ ᠥᠷᠢᠰᠥᠯᠳᠦᠭᠡᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ | ᠲᠣᠳᠣᠷᠬᠠᠶᠢᠯᠠᠪᠠ᠃ ᠠᠵᠢᠯ ᠣᠯᠭᠤᠯᠲᠠ ᠶᠢᠨ ᠪᠠᠶᠢᠳᠠᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢᠨ | ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠬᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ | ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠪᠤᠨ ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ 17 ᠵᠦᠢᠯ ᠤᠨ ᠭᠤᠣᠯ ᠭᠦᠢᠴᠡᠳᠬᠡᠯ ᠲᠤᠭ᠎ᠠ ᠶᠢ ᠲᠣᠳᠣᠷᠬᠠᠶᠢᠯᠠᠪᠠ᠃ | ᠭᠤᠷᠪᠠ ᠠᠴᠠ ᠠᠷᠪᠠᠳᠤᠭᠠᠷ ᠬᠡᠰᠡᠭ ᠲᠤ ᠨᠠᠢᠮᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠭᠲᠠᠭᠠᠪᠠ᠂ ᠡᠨᠡ ᠨᠢ ᠪᠠᠰᠠ ᠴᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ ᠠᠵᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠨᠢᠭᠡᠳᠦᠭᠡᠷ ᠵᠦᠢᠯ ᠨᠢ ᠠᠵᠤ ᠠᠬᠤᠶ ᠶᠢᠨ ᠬᠥᠭᠵᠢᠯᠲᠡ ᠪᠠᠷ ᠠᠵᠢᠯ ᠣᠯᠭᠤᠯᠲᠠ ᠶᠢᠨ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠬᠤ᠂ ᠤᠳᠤ ᠦᠶ᠎ᠡ ᠶᠢᠨ ᠠᠵᠤ ᠦᠢᠯᠡᠰ ᠤᠨ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠬᠦ᠂ | ᠦᠢᠯᠡᠴᠢᠯᠡᠭᠡᠨ ᠤ ᠦᠢᠯᠡᠰ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠬᠢᠷᠢ ᠲᠦᠪᠰᠢᠨ ᠢ ᠳᠡᠭᠡᠭᠰᠢᠯᠡᠭᠦᠯᠬᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠠᠵᠢᠯ ᠣᠯᠭᠤᠯᠲᠠ ᠶᠢ ᠰᠢᠩᠭᠡᠭᠡᠨ ᠠᠪᠬᠤ ᠶᠢ ᠳᠡᠮᠵᠢᠬᠦ ᠲᠦᠷᠪᠡᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ ᠠᠵᠤ ᠠᠬᠤᠶ ᠪᠠᠷ ᠠᠵᠢᠯ | ᠣᠯᠭᠤᠯᠲᠠ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠢ 365赢多少钱会被限额_国内有真正的365平台吗_365bet博彩官网 | ᠳᠡᠭᠡᠭᠰᠢᠯᠡᠭᠦᠯᠬᠦ ᠶᠢᠨ ᠲᠥᠯᠥᠭᠡ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠳᠠ ᠪᠠᠯᠭᠠᠰᠤᠨ ᠤ 100 | ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠠᠵᠢᠯ ᠠᠯᠳᠠᠯᠲᠠ ᠶᠢᠨ ᠪᠠᠶᠢᠴᠠᠭᠠᠯᠲᠠ ᠶᠢᠨ ᠨᠤᠷᠮ᠎ᠠ ᠶᠢ 6% | ᠣᠷᠴᠢᠮ ᠳᠤ ᠬᠢᠵᠠᠭᠠᠷᠯᠠᠬᠤ ᠪᠠᠷ ᠴᠢᠷᠮᠠᠶᠢᠨ᠎ᠠ᠃ | ᠬᠤᠶᠠᠳᠤᠭᠠᠷ ᠵᠦᠢᠯ ᠨᠢ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠳᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠲᠤᠪᠤᠶᠢᠯᠭᠠᠬᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ | ᠰᠢᠯᠵᠢᠭᠦᠯᠦᠨ ᠠᠵᠢᠯ ᠣᠯᠭᠤᠬᠤ ᠶᠢ ᠠᠬᠢᠭᠤᠯᠬᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠤᠰᠤᠳ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠵᠡᠷᠭᠡ ᠲᠠᠪᠤᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ ᠠᠵᠢᠯ ᠣᠯᠭᠤᠯᠲᠠ ᠶᠢᠨ | ᠰᠠᠭᠤᠷᠢ ᠶᠢ ᠪᠠᠲᠤᠳᠬᠠᠵᠤ᠂ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠲᠥᠯᠥᠭᠡ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠤᠳᠠ ᠪᠠᠯᠭᠠᠰᠤᠨ ᠤ 25 ᠲᠦᠮᠡᠨ ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠠᠵᠢᠯ ᠤᠯᠬᠤ ᠳᠤ | ᠬᠦᠴᠢᠷᠲᠡᠶ 25 ᠲᠦᠮᠡᠨ ᠬᠥᠮᠥᠨ ᠳᠤ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 65 ᠲᠦᠮᠡᠨ ᠬᠥᠮᠥᠨ ᠳᠤ ᠠᠵᠢᠯ ᠣᠯᠭᠤᠵᠤ᠂ 1200 | ᠲᠦᠮᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠰᠢᠯᠵᠢᠭᠦᠯᠦᠨ ᠠᠵᠢᠯ ᠣᠯᠭᠤᠨ᠎ᠠ᠃ | ᠭᠤᠷᠪᠠᠳᠤᠭᠠᠷ ᠵᠦᠢᠯ ᠨᠢ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠶᠢ ᠬᠥᠭᠵᠢᠭᠡᠵᠦ ᠠᠵᠢᠯ ᠣᠯᠭᠤᠯᠲᠠ ᠶᠢᠨ ᠠᠮᠢᠵᠢᠷᠠᠯ ᠤᠨ ᠬᠦᠴᠦᠨ ᠢ ᠳᠠᠶᠢᠴᠢᠯᠠᠨ᠎ᠠ᠃ | ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ᠂ ᠡᠯ᠎ᠡ ᠲᠦᠷᠦᠯ ᠤᠨ ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠬᠤ ᠳᠤ ᠣᠷᠣᠯᠴᠠᠬᠤ ᠶᠢ ᠳᠡᠮᠵᠢᠬᠦ ᠭᠤᠷᠪᠠᠨ ᠲᠠᠯ᠎ᠠ ᠠᠴᠠ | ᠪᠠᠶᠢᠷᠢᠯᠠᠭᠤᠯᠤᠯᠲᠠ ᠬᠢᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠪᠣᠳᠠᠲᠠᠶ ᠠᠷᠭ᠎ᠠ ᠬᠡᠮᠵᠢᠶ᠎ᠡ ᠶᠢ ᠭᠦᠨᠵᠡᠭᠡᠶ ᠬᠡᠷᠡᠭᠵᠢᠭᠦᠯᠵᠦ᠂ | ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢᠨ ᠲᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠪᠥᠬᠦ ᠣᠷᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ | ᠦᠵᠡᠭᠦᠯᠬᠦ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ︶ ᠢ 20 ᠪᠠᠶᠢᠭᠤᠯᠤᠨ᠎ᠠ᠃ | ᠳᠥᠷᠪᠡᠳᠦᠭᠡᠷ ᠵᠦᠢᠯ ᠨᠢ ᠤᠯᠠᠨ ᠠᠷᠭ᠎ᠠ ᠵᠠᠮ ᠢᠶᠠᠷ ᠳᠠᠮᠵᠢᠨ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠃ ᠬᠠᠨᠳᠤᠰᠢ ᠪᠠᠶᠢᠳᠠᠯ ᠢ ᠲᠠᠭᠠᠨ | ᠲᠣᠬᠢᠷᠠᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠵᠦᠢ ᠵᠣᠬᠢᠰ ᠦᠭᠡᠶ ᠬᠢᠵᠠᠭᠠᠷᠯᠠᠯ ᠢ ᠡᠪᠳᠡᠵᠦ᠂ ᠠᠮᠢᠳᠤᠯᠢᠭ ᠢᠶᠠᠷ ᠠᠵᠢᠯ ᠣᠯᠭᠤᠬᠤ ᠬᠥᠭᠵᠢᠯᠲᠡ ᠶᠢᠨ ᠠᠷᠭ᠎ᠠ | ᠵᠠᠮ ᠢ ᠥᠷᠭᠡᠳᠬᠡᠬᠦ ᠲᠠᠢ ᠤᠶᠠᠯᠳᠤᠭᠤᠯᠤᠨ᠂ ᠬᠤᠪᠢ ᠶᠢᠨ ᠡᠵᠡᠩᠨᠡᠯᠲᠡ ᠶᠢᠨ ᠬᠥᠭᠵᠢᠯᠲᠡ ᠶᠢ ᠵᠣᠷᠢᠭᠵᠢᠭᠤᠯᠬᠤ᠂ ᠪᠦᠬᠦᠯᠢ ᠡᠳᠦᠷ ᠤᠨ ᠪᠤᠰᠤ ᠳᠦᠷᠢᠮᠲᠦ ᠠᠵᠢᠯ | ᠣᠯᠭᠤᠯᠲᠠ ᠶᠢᠨ ᠲᠣᠬᠢᠶᠠᠯ ᠢ ᠨᠡᠮᠡᠭᠳᠡᠭᠦᠯᠬᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠢ ᠳᠡᠮᠵᠢᠬᠦ ᠪᠠ ᠵᠢᠷᠤᠮᠵᠢᠭᠤᠯᠤᠨ ᠬᠥᠭᠵᠢᠭᠦᠯᠬᠦ ᠭᠤᠷᠪᠠᠨ ᠲᠠᠯ᠎ᠠ ᠪᠠᠷ | ᠪᠠᠶᠢᠷᠢᠯᠠᠭᠤᠯᠤᠯᠲᠠ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠠᠵᠢᠯ ᠣᠯᠭᠤᠯᠲᠠ ᠶᠢᠨ ᠬᠡᠯᠪᠡᠷᠢ | ᠪᠠᠶᠢᠳᠠᠯ ᠤᠨ ᠳᠣᠣᠷᠠᠬᠢ ᠠᠮᠢᠳᠤᠯᠢᠭ ᠢᠶᠠᠷ ᠠᠵᠢᠯ ᠣᠯᠭᠤᠬᠤ ᠪᠠᠲᠤᠯᠠᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠠᠵᠤ ᠠᠬᠤᠶ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠣᠣᠷᠠᠬᠢ ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠎ᠡ᠃ | ᠲᠠᠪᠤᠳᠤᠭᠠᠷ ᠵᠦᠢᠯ ᠨᠢ ᠬᠥᠳᠡᠯᠮᠦᠷᠢᠴᠢᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠲᠣᠬᠢᠷᠠᠯᠴᠠᠬᠤ ᠦᠭᠡᠶ᠂ | ᠤᠷ᠎ᠠ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠ | ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠬᠥᠳᠡᠯᠮᠦᠷᠢ ᠬᠦᠴᠦᠨ ᠤ ᠡᠯᠧᠮᠧᠨ᠋ᠲ ᠤᠨ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠵᠤ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ 365赢多少钱会被限额_国内有真正的365平台吗_365bet博彩官网 | ᠲᠦᠪᠰᠢᠨ ᠢ ᠳᠡᠭᠡᠭᠰᠢᠯᠡᠭᠦᠯᠬᠦ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ᠂ ᠤᠷ᠎ᠠ | ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠦᠷᠪᠡᠨ ᠲᠠᠯ᠎ᠠ ᠠᠴᠠ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠷᠠᠯᠲᠠ ᠪᠣᠯ ᠨᠥᠬᠦᠪᠥᠷᠢ ᠶᠢᠨ ᠴᠢᠨᠠᠷᠲᠠᠶ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 125 ᠲᠦᠮᠡᠨ ᠬᠥᠮᠦᠨ ᠤᠳᠠᠭ᠎ᠠ ᠥᠷᠨᠢᠭᠦᠯᠦᠨ᠎ᠡ︔ ᠳᠡᠭᠡᠳᠦ ᠮᠡᠷᠭᠡᠵᠢᠯ ᠤᠨ ᠴᠢᠳᠠᠪᠤᠷᠢᠲᠠᠨ ᠢ 14 ᠲᠦᠮᠡ | ᠬᠥᠮᠦᠵᠢᠭᠦᠯᠵᠦ᠂ ᠪᠥᠬᠦ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠲᠤᠭ᠎ᠠ ᠶᠢ 88 ᠲᠦᠮᠡᠨ ᠬᠥᠮᠦᠨ ᠳᠤ ᠬᠦᠷᠭᠡᠨ᠎ᠡ᠃ | ᠵᠢᠷᠭᠤᠳᠤᠭᠠᠷ ᠵᠦᠢᠯ ᠨᠢ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠬᠦ ᠶᠢᠨ ᠲᠣᠭᠤᠷᠢᠨ ᠳᠤ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠲᠣᠭᠲᠠᠯᠴᠠᠭ᠎ᠠ ᠶᠢ ᠪᠦᠷᠢᠨᠰᠢᠬᠦᠯᠬᠦ᠂ ᠤᠯᠠᠨ ᠨᠡᠶᠢᠲᠡ ᠶᠢᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠬᠦ᠂ ᠤᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠦᠷᠪᠡᠨ ᠲᠠᠯ᠎ᠠ ᠠᠴᠠ ᠪᠠᠶᠢᠷᠢᠯᠠᠭᠤᠯᠤᠯᠲᠠ ᠬᠢᠵᠦ᠂ ᠪᠦᠬᠦ ᠶᠠᠪᠤᠴᠠ ᠶᠢ ᠬᠤᠯᠪᠣᠭᠰᠠᠨ᠂ | ᠪᠦᠬᠦ ᠣᠷᠣᠨ ᠪᠦᠰᠡ ᠶᠢ ᠨᠥᠯᠥᠭᠡᠯᠡᠭᠰᠡᠨ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶᠢᠬᠤ ᠪᠦᠬᠦ ᠲᠠᠯ᠎ᠠ ᠶᠢᠨ ᠴᠢᠨᠠᠷᠲᠠᠢ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠬᠥᠳᠡᠯᠮᠦᠷᠢᠴᠢᠳ ᠤᠨ ᠵᠠᠬ᠎ᠠ ᠳᠡᠯᠭᠡᠭᠦᠷ ᠤᠨ ᠬᠠᠩᠭᠠᠯᠭ᠎ᠠ | ᠬᠡᠷᠡᠭᠴᠡᠭᠡ ᠶᠢ ᠵᠣᠬᠢᠴᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠳᠣᠯᠣᠳᠤᠭᠠᠷ ᠵᠦᠢᠯ ᠨᠢ ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠨᠡᠩ ᠭᠦᠢᠴᠡᠳ ᠠᠬᠢᠭᠤᠯᠤᠭᠰᠠᠨ ᠰᠠᠭᠤᠷᠢᠨ | ᠳᠡᠭᠡᠷ᠎ᠡ᠂ ᠬᠥᠳᠡᠯᠮᠦᠷᠢᠴᠢᠳ ᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠬᠦᠯᠬᠦ᠂ | ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠭᠤᠷᠪᠠᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ | ᠬᠥᠳᠡᠯᠮᠦᠷᠢᠴᠢᠳ ᠤᠨ ᠠᠵᠢᠯ ᠤᠯᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠯᠮᠦᠷᠢ ᠶᠢᠨ ᠡᠷᠬᠡ ᠠᠰᠢᠭ ᠤᠨ ᠬᠠᠮᠠᠭᠠᠯᠠᠯᠲᠠ ᠪᠠ ᠪᠠᠲᠤᠯᠠᠭ᠎ᠠ ᠶᠢ | ᠴᠢᠩᠭᠠᠳᠬᠠᠵᠤ᠂ ᠬᠥᠳᠡᠯᠮᠦᠷᠢᠴᠢᠳ ᠤᠨ ᠠᠵᠢᠯ ᠤᠨ ᠪᠠᠶᠢᠷᠢ ᠶᠢᠨ ᠬᠠᠷᠠᠭᠠᠯᠵᠠᠯ ᠢ ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠠᠵᠢᠯ ᠤᠯᠬᠤ ᠬᠦᠷᠲᠡᠮᠵᠢ ᠶᠢᠨ | ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠡᠩ ᠴᠢᠨᠠᠷᠯᠢᠭ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ ᠶᠤᠮ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠠᠵᠢᠯᠳᠠᠨ ᠤ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ 5% ᠣᠷᠴᠢᠮ | ᠨᠡᠮᠡᠭᠳᠡᠭᠦᠯᠬᠦ ᠪᠠᠷ ᠴᠢᠷᠮᠠᠶᠢᠵᠤ᠂ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠵᠡᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠨᠠᠢᠮᠠᠳᠤᠭᠠᠷ ᠵᠦᠢᠯ ᠨᠢ ᠠᠵᠢᠯ ᠣᠯᠭᠤᠯᠲᠠ ᠪᠠ ᠠᠵᠢᠯ ᠠᠯᠳᠠᠯᠲᠠ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠨᠠᠮᠳᠠᠭᠠᠨ᠎ᠠ᠃ ᠤᠷᠢᠳᠴᠢᠯᠠᠨ | ᠪᠡᠯᠡᠳᠬᠡᠬᠦ ᠶᠢ ᠪᠠᠷᠢᠮᠲᠠᠯᠠᠵᠤ᠂ ᠠᠵᠢᠯ ᠣᠯᠭᠤᠯᠲᠠ ᠭᠡᠬᠦ ᠡᠨᠡ ᠬᠦ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠵᠦ᠂ ᠠᠵᠢᠯ ᠣᠯᠭᠤᠯᠲᠠ ᠶᠢᠨ | ᠪᠠᠶᠢᠳᠠᠯ ᠢ ᠵᠠᠳᠠᠯᠤᠨ ᠰᠤᠳᠤᠯᠬᠤ ᠪᠠ ᠮᠠᠭᠠᠳᠯᠠᠬᠤ ᠲᠣᠭᠲᠠᠴᠠ ᠶᠢ ᠪᠦᠷᠢᠨᠰᠢᠬᠦᠯᠬᠦ᠂ ᠠᠵᠢᠯ ᠣᠯᠭᠤᠯᠲᠠ ᠪᠠ ᠠᠵᠢᠯ ᠠᠯᠳᠠᠯᠲᠠ ᠶᠢ ᠬᠢᠨᠠᠨ ᠰᠢᠨᠵᠢᠯᠡᠵᠦ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠬᠤ᠂ ᠠᠵᠢᠯ ᠠᠯᠳᠠᠯᠲᠠ ᠶᠢᠨ ᠲᠦᠭᠰᠢᠭᠦᠷᠢ ᠶᠢ ᠠᠷᠭᠠᠴᠠᠭᠠᠬᠤ ᠶᠢ ᠪᠦᠬᠦ ᠲᠠᠯ᠎ᠠ ᠪᠠᠷ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ | ᠪᠠᠶᠢᠷᠢᠯᠠᠭᠤᠯᠤᠯᠲᠠ ᠬᠢᠵᠦ᠂ ᠬᠡᠪᠴᠢᠶᠡᠵᠢᠭᠰᠡᠨ ᠴᠢᠨᠠᠷᠲᠠᠶ ᠠᠵᠢᠯ ᠠᠯᠳᠠᠯᠲᠠ ᠶᠢᠨ ᠲᠦᠭᠰᠢᠭᠦᠷᠢ ᠡᠭᠦᠰᠬᠦ ᠦᠭᠡᠢ ᠬᠢᠵᠠᠭᠠᠷ ᠱᠤᠭᠤᠮ ᠢ ᠡᠷᠡᠰ ᠰᠠᠬᠢᠨ᠎ᠠ᠃ | ᠠᠷᠪᠠᠨ ᠨᠢᠭᠡᠳᠦᠭᠡᠷ ᠬᠡᠰᠡᠭ ᠲᠤ ᠭᠤᠣᠯᠳᠠᠭᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠲᠥᠯᠥᠪᠵᠢᠭᠦᠯᠭᠡ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠢᠨᠠᠨ ᠰᠢᠨᠵᠢᠯᠡᠵᠦ ᠦᠨᠡᠯᠡᠨ ᠵᠢᠱᠢᠬᠦ ᠶᠢ ᠴᠢᠩᠭᠠᠳᠬᠠᠬᠤ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠬᠦ | ᠵᠡᠷᠭᠡ ᠵᠢᠷᠭᠤᠭᠠᠨ ᠲᠠᠯ᠎ᠠ ᠠᠴᠠ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠥᠯᠥᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ |