ᠨᠢᠭᠡ᠂ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | 2011 ᠣᠨ ᠠᠴᠠ ᠨᠠᠭᠠᠰᠢ᠂ ᠮᠠᠨ ᠤ ᠣᠷᠣᠨ ︽ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠭᠠᠵᠠᠷ ᠰᠢᠷᠣᠢ ᠶᠢ ᠬᠠᠮᠠᠭᠠᠯᠠᠬᠤ᠂ ᠠᠮᠤ ᠪᠤᠳᠠᠭᠠᠨ ᠤ | ᠤᠨᠠᠯᠲᠠ ᠶᠢ ᠪᠠᠲᠤᠯᠠᠬᠤ ᠳᠤ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠂ 2021 | ᠣᠨ ᠤ ᠡᠴᠦᠰ ᠪᠣᠯᠬᠤ ᠳᠤ ᠨᠢᠭᠡᠨᠲᠡ ᠨᠡᠶᠢᠲᠡ 4589 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ ᠳᠠᠭᠤᠰᠬᠠᠵᠤ᠂ ᠤᠯᠤᠰ ᠠᠴᠠ | ᠪᠠᠭᠤᠯᠭᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠢᠴᠡᠳ ᠲᠤᠭ᠎ᠠ ᠪᠠᠷ ᠪᠡᠶᠡᠯᠡᠭᠦᠯᠵᠦ᠂ ᠪᠥᠬᠦ ᠣᠷᠣᠨ ᠤ ᠠᠮᠤ ᠪᠤᠳᠠᠭᠠᠨ ᠤ ᠤᠨᠠᠯᠲᠠ ᠶᠢᠨ ︽ᠠᠷᠪᠠᠨ | ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠳᠤ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠪᠡ᠃ 2019 ᠣᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 50 ᠳ᠋ᠤᠭᠠᠷ ᠲᠣᠭᠠᠲᠤ︶ ᠢ | ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠲᠤᠭᠤᠰᠢᠯᠠᠭᠤᠯᠤᠨ ᠬᠡᠷᠡᠭᠵᠢᠭᠦᠯᠬᠦ ᠶᠢ ᠬᠢᠨᠠᠮᠠᠭᠠᠢ ᠪᠥᠭᠡᠳ | ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠵᠢᠯ ᠳᠠᠷᠠᠭᠠᠯᠠᠨ 365赢多少钱会被限额_国内有真正的365平台吗_365bet博彩官网 | ᠳᠡᠭᠡᠭᠰᠢᠯᠡᠭᠦᠯᠵᠦ᠂ ᠠᠯᠢ ᠣᠯᠠᠨ ᠪᠦᠲᠦᠮᠵᠢᠲᠡᠶ ᠠᠬᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠯ᠎ᠡ ᠭᠤᠭᠴᠤᠭ᠎ᠠ ᠶᠢᠨ ᠵᠠᠩᠭᠢᠯᠠᠭ᠎ᠠ ᠶᠢᠨ ᠨᠥᠯᠥᠭᠡ ᠪᠠᠷ | ᠨᠡᠯᠢᠶᠡᠳ ᠶᠡᠭᠡ ᠬᠦᠴᠢᠷ ᠴᠡᠭ ᠪᠠ ᠲᠦᠭᠵᠢᠷᠡᠯ ᠴᠡᠭ ᠢ ᠲᠣᠳᠣᠷᠬᠠᠢ ᠰᠦᠪᠡᠭᠴᠢᠯᠡᠵᠡᠢ᠃ ᠮᠠᠨ ᠤ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠪᠠ ᠳᠡᠭᠡᠭᠰᠢᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠪᠠᠨ | ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ | ᠳᠠᠷᠤᠮᠠᠯᠯᠠᠨ ᠲᠠᠷᠬᠠᠭᠠᠪᠠ᠃ | ᠬᠤᠶᠠᠷ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ | ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠠᠷᠪᠠᠨ ᠨᠢᠭᠡᠨ ᠲᠠᠯ᠎ᠠ ᠠᠴᠠ 35 ᠵᠦᠢᠯ ᠤᠨ ᠪᠣᠳᠠᠲᠠᠢ ᠳᠡᠮᠵᠢᠯᠭᠡ ᠶᠢᠨ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠵᠠᠢ᠂ ᠡᠨᠡ ᠨᠢ ᠭᠤᠣᠯᠳᠠᠭᠤ ︽5 ᠵᠦᠢᠯ ᠳᠤ ᠰᠢᠨ᠎ᠡ ᠶᠢ ᠡᠭᠦᠳᠬᠦ᠂ 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠂ 2 ᠲᠠᠯ᠎ᠠ ᠪᠠᠷ ᠰᠠᠭᠤᠷᠢ ᠶᠢ | ᠪᠠᠲᠤᠯᠠᠬᠤ᠂ 1 ᠵᠦᠢᠯ ᠢ ᠱᠠᠩᠨᠠᠨ ᠬᠥᠬᠢᠭᠦᠯᠬᠦ︾ ᠢᠶᠠᠷ ᠢᠯᠡᠷᠡᠵᠦ ᠪᠠᠶᠢᠨ᠎ᠠ᠃ | 5 ᠵᠦᠢᠯ ᠳᠤ ᠰᠢᠨ᠎ᠡ ᠶᠢ ᠡᠭᠦᠳᠬᠦ᠃ ᠨᠢᠭᠡ ᠳᠤ᠂ ᠲᠥᠷᠥᠯ ᠵᠦᠢᠯ ᠢ ᠠᠬᠢᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠦᠬᠦᠶᠢᠯᠡ ᠲᠣᠰᠬᠤᠨ | ᠪᠦᠬᠦᠶᠢᠯᠡ ᠳᠤᠭᠤᠶᠢᠯᠠᠩ ᠪᠦᠬᠦᠶᠢᠯᠡ ᠬᠡᠰᠡᠭ ᠲᠠᠷᠢᠶᠠᠨ ᠭᠠᠵᠠᠷ ᠢ ᠬᠠᠮᠲᠤ ᠪᠠᠷ ᠰᠢᠯᠵᠢᠭᠦᠯᠬᠦ ᠵᠢᠴᠢ ᠪᠦᠬᠦᠶᠢᠯᠡ ᠪᠠᠶᠢᠭᠤᠯᠤᠮᠵᠢ ᠶᠢᠨ ᠳᠦᠷᠢᠮ ᠢᠶᠠᠷ ᠲᠠᠷᠢᠶᠠᠯᠠᠬᠤ ᠶᠢ | ᠨᠠᠶᠢᠳᠠᠨ ᠬᠠᠮᠢᠶᠠᠷᠤᠭᠤᠯᠬᠤ ᠶᠢ ᠵᠣᠷᠢᠭᠵᠢᠭᠤᠯᠤᠨ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠠᠶᠢᠨ | ᠰᠦᠪᠡᠭᠴᠢᠯᠡᠵᠦ᠂ ᠪᠦᠬᠦᠶᠢᠯᠡ ᠬᠤᠰᠢᠭᠤ ᠰᠢᠶᠠᠨ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ | ᠴᠡᠭ ᠢ ᠥᠷᠨᠢᠭᠦᠯᠦᠨ᠎ᠡ᠃ ᠬᠤᠶᠠᠷ ᠲᠤ᠂ ᠡᠮᠦᠨᠡᠬᠢ ᠬᠤᠭᠤᠴᠠᠭᠠᠨ ᠤ ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠤᠰᠢᠭᠤ ᠰᠢᠶᠠᠨ ᠤ ᠵᠢᠷᠤᠭ | ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ᠂ ᠨᠤᠲᠠᠯᠠᠵᠤ ᠬᠢᠨᠠᠨ ᠵᠥᠪᠰᠢᠶᠡᠷᠡᠬᠦ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠬᠦ ᠶᠢ ᠠᠬᠢᠭᠤᠯᠵᠤ᠂ ᠬᠠᠮᠢᠶ᠎ᠠ ᠪᠦᠬᠦᠢ ᠬᠢᠨᠠᠨ ᠵᠥᠪᠰᠢᠶᠡᠷᠡᠯ ᠤᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ | ︽ᠵᠣᠭᠤᠰ ᠨᠢ ᠲᠥᠷᠥᠯ ᠵᠦᠢᠯ ᠢ ᠬᠦᠯᠢᠶᠡᠬᠦ︾ ᠠᠴᠠ ᠵᠠᠶᠢᠯᠠᠰᠬᠢᠨ᠎ᠡ᠃ ᠭᠤᠷᠪᠠ ᠳᠤ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ | ᠡᠭᠦᠳᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠢ ᠲᠠᠩᠰᠠᠨ ᠡᠷᠦᠬᠡ ᠶᠢᠨ ᠬᠠᠮᠢᠶᠠᠷᠤᠯᠲᠠ ᠶᠢ | ᠬᠡᠷᠡᠭᠵᠢᠭᠦᠯᠦᠨ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠵᠣᠭᠤᠰ ᠥᠭᠴᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠰᠤᠬᠤ ᠪᠠ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠶᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠨ᠎ᠡ᠃ ᠳᠥᠷᠪᠡ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ︽ᠭᠤᠷᠪᠠ ᠶᠢ | ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠳᠠᠬᠢᠨ ᠬᠤᠪᠢᠶᠠᠷᠢᠯᠠᠨ ᠡᠵᠡᠩᠨᠡᠬᠦ︾ ᠴᠡᠭᠴᠡᠯᠡᠨ ᠵᠠᠰᠠᠬᠤ ᠵᠠᠭᠪᠤᠷ ᠢ ᠬᠡᠷᠡᠭᠵᠢᠭᠦᠯᠦᠨ᠂ ᠤᠤᠯ ᠤᠨ ᠪᠠᠶᠢᠷᠢᠰᠢᠯ ᠢ ᠡᠪᠳᠡᠵᠦ᠂ | ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠳᠠᠬᠢᠨ ᠬᠤᠪᠢᠶᠠᠷᠢᠯᠠᠨ ᠡᠵᠡᠩᠨᠡᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠬᠠᠮᠤᠭ ᠤᠨ ᠶᠡᠭᠡ | ᠬᠡᠮᠵᠢᠶ᠎ᠡ ᠪᠠᠷ ᠨᠡᠮᠡᠭᠳᠡᠭᠦᠯᠦᠨ᠎ᠡ᠃ ᠲᠠᠪᠤ ᠳᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠥᠨᠳᠥᠷ 365赢多少钱会被限额_国内有真正的365平台吗_365bet博彩官网 | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠤᠯᠤᠰ ᠤᠨ ᠥᠮᠴᠢᠯᠡᠯ ᠠᠴᠠ | ᠪᠤᠰᠤᠳ ᠢ ᠨᠢ ᠪᠦᠬᠦᠨ ᠢ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠳᠤ ᠣᠷᠣᠭᠤᠯᠤᠨ ᠬᠠᠮᠢᠶᠠᠷᠴᠤ᠂ ᠣᠯᠣᠭᠰᠠᠨ ᠠᠰᠢᠭ ᠣᠯᠵᠠᠪᠤᠷᠢ ᠶᠢ ᠰᠡᠭᠦᠯᠴᠢ ᠶᠢᠨ | ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠳᠤ ᠬᠡᠷᠡᠭᠯᠡᠵᠦ᠂ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ | ᠥᠷᠨᠢᠭᠦᠯᠦᠨ᠎ᠡ᠃ | 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠃ ᠨᠢᠭᠡ ᠳᠤ᠂ ᠣᠯᠠᠨ ᠲᠠᠰ ᠳᠠᠪᠬᠤᠷᠭ᠎ᠠ ᠶᠢᠨ ᠬᠠᠮᠢᠶᠠᠷᠤᠯᠲᠠ ᠶᠢᠨ ᠬᠦᠴᠦᠨ ᠢ ᠨᠡᠶᠢᠯᠡᠭᠦᠯᠦᠨ᠂ ᠬᠤᠰᠢᠭᠤ | ᠰᠢᠶᠠᠨ ᠤ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠰ ᠲᠣᠰ ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠬᠤᠶᠠᠷ ᠲᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠭᠲᠠᠴᠠ ᠶᠢ ᠲᠥᠪᠯᠡᠷᠡᠭᠦᠯᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠢᠨᠠᠯᠲᠠ ᠲᠠᠯᠪᠢᠵᠤ ᠪᠠᠶᠢᠴᠠᠭᠠᠬᠤ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠠᠵᠤ ᠠᠬᠤᠶᠢᠯᠠᠯ ᠤᠨ ᠢᠲᠡᠭᠡᠮᠵᠢ ᠳᠤ ᠦᠨᠡᠯᠡᠯᠲᠡ ᠬᠢᠬᠦ᠂ ᠲᠤᠰᠬᠠᠢ ᠪᠠᠶᠢᠭᠤᠯᠤᠮᠵᠢ | ᠮᠡᠷᠭᠡᠵᠢᠯ ᠤᠨ ᠦᠢᠯᠡᠴᠢᠯᠡᠭᠡ ᠬᠢᠬᠦ᠂ ᠮᠠᠯᠴᠢᠨ ᠲᠠᠷᠢᠶᠠᠴᠢᠨ ᠤ ᠬᠢᠨᠠᠯᠲᠠ ᠲᠠᠯᠪᠢᠭᠴᠢ ᠪᠥᠬᠦ ᠶᠠᠪᠤᠴᠠ ᠳᠤ ᠣᠷᠤᠯᠴᠠᠬᠤ᠂ ᠬᠠᠯᠠᠮᠰᠢᠯ ᠤᠲᠠᠰᠤ ᠪᠠ ᠵᠠᠭᠤᠴᠢᠯᠠᠭᠤᠷ | ᠬᠢᠨᠠᠯᠲᠠ ᠲᠠᠯᠪᠢᠬᠤ ᠵᠡᠷᠭᠡ ᠲᠠᠪᠤᠨ ᠶᠡᠭᠡ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ᠂ ᠲᠠᠷᠠᠬᠠᠢ ᠪᠤᠲᠠᠷᠬᠠᠢ ᠪᠠᠷᠢᠯᠭ᠎ᠠ ᠶᠢᠨ | ᠠᠵᠢᠯ ᠤᠨ ᠪᠠᠷᠢᠮᠵᠢᠶᠠᠲᠤ ᠬᠡᠰᠡᠭ ᠢ ᠨᠡᠶᠢᠯᠡᠭᠦᠯᠵᠦ᠂ ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠤᠨ ᠲᠠᠯᠠᠪᠠᠶ ᠶᠢ 5000 ᠮᠦ ᠠᠴᠠ ᠳᠣᠣᠷ᠎ᠠ ᠪᠠᠶᠢᠯᠭᠠᠬᠤ | ᠦᠭᠡᠢ ᠪᠠᠷ ᠲᠣᠭᠲᠠᠭᠠᠵᠤ᠂ ᠭᠡᠷ᠎ᠡ ᠶᠢ ᠵᠠᠷᠯᠠᠨ ᠨᠡᠶᠢᠲᠡᠯᠡᠵᠦ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠳᠤ ᠴᠣᠬᠢᠯᠲᠠ ᠥᠭᠭᠦᠨ᠎ᠡ᠃ | 2 ᠵᠦᠢᠯ ᠢᠶᠠᠷ ᠰᠠᠭᠤᠷᠢ ᠶᠢ ᠪᠠᠲᠤᠯᠠᠬᠤ᠃ ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠠᠴᠠ | ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ | ᠵᠠᠰᠠᠭ ᠠᠴᠠ ᠰᠢᠯᠵᠢᠭᠦᠯᠦᠨ ᠥᠭᠬᠦ ᠬᠤᠶᠠᠷ ᠠᠷᠭ᠎ᠠ ᠵᠠᠮ ᠢᠶᠠᠷ ᠪᠡᠯᠡ ᠣᠷᠣᠭᠤᠯᠬᠤ ᠶᠢ ᠡᠮᠬᠢᠯᠡᠨ ᠨᠡᠶᠢᠯᠡᠭᠦᠯᠵᠦ᠂ ᠣᠷᠣᠨ ᠨᠤᠲᠤᠭ ᠤᠨ ᠡᠳ᠋ ᠤᠨ ᠵᠠᠰᠠᠭ ᠠᠴᠠ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ | ᠵᠠᠰᠠᠭ ᠠᠴᠠ ᠡᠭᠦᠷᠭᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ᠠᠴᠠ ᠳᠠᠭᠢᠵᠤ ᠢᠵᠢ ᠪᠦᠷᠢᠳᠦᠭᠦᠯᠬᠦ ᠦᠭᠡᠢ᠂ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ | ᠨᠥᠬᠦᠪᠦᠷᠢᠯᠡᠬᠦ ᠪᠠᠷᠢᠮᠵᠢᠶ᠎ᠠ ᠶᠢ ᠪᠠᠷᠢᠮᠵᠢᠶᠠᠲᠤ ᠤᠰᠤᠯᠠᠯᠲᠠ ᠶᠢᠨ ᠲᠠᠷᠢᠶ᠎ᠠ ᠳᠤ 1700 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠠᠭᠤᠷᠠᠢ ᠲᠠᠷᠢᠶ᠎ᠠ ᠳᠤ | 1200 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠬᠥᠳᠡᠯᠦᠩᠭᠦᠢ ᠪᠠᠷ ᠲᠣᠬᠢᠷᠠᠭᠤᠯᠬᠤ ᠶᠢ ᠬᠡᠷᠡᠭᠵᠢᠭᠦᠯᠦᠨ᠎ᠡ᠃ ᠬᠤᠶᠠᠷ ᠲᠤ᠂ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠬᠤᠰᠢᠭᠤ ᠰᠢᠶᠠᠨ ᠠᠴᠠ ᠰᠠᠭᠤᠷᠢ ᠶᠢ ᠪᠠᠲᠤᠯᠠᠵᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ | ᠦᠭᠡᠢ ᠪᠠᠶᠢᠪᠠᠯ᠂ ᠬᠤᠰᠢᠭᠤ ᠰᠢᠶᠠᠨ ᠠᠴᠠ ᠥᠪᠡᠷ ᠢᠶᠠᠨ ᠪᠡᠯᠡ ᠭᠠᠷᠭᠠᠵᠤ ᠲᠣᠰ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ | ᠪᠤᠶᠤ ᠨᠥᠬᠦᠵᠦ ᠪᠠᠶᠢᠭᠤᠯᠬᠤ ᠶᠢ ᠪᠡᠶᠡᠯᠡᠭᠦᠯᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠬᠥᠮᠥᠷᠭᠡ ᠳᠤ ᠣᠷᠣᠭᠤᠯᠵᠤ᠂ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠪᠤᠴᠠᠭᠠᠨ ᠠᠪᠤᠨ᠎ᠠ᠃ | 1 ᠵᠦᠢᠯ ᠢ ᠱᠠᠩᠨᠠᠨ ᠬᠥᠬᠢᠭᠦᠯᠬᠦ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠵᠢᠯ ᠪᠦᠷᠢ 1000 ᠲᠦᠮᠡᠨ ᠲᠥᠭᠦᠷᠢᠭ ᠲᠣᠬᠢᠷᠠᠭᠤᠯᠤᠨ ᠲᠣᠰ | ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠳᠤ ᠱᠠᠩᠨᠠᠯ ᠣᠯᠭᠤᠵᠤ᠂ 1000 ᠲᠦᠮᠡᠨ | ᠲᠥᠭᠦᠷᠢᠭ ᠲᠣᠬᠢᠷᠠᠭᠤᠯᠵᠤ ᠪᠠᠶᠢᠭᠤᠯᠵᠤ ᠳᠠᠭᠤᠰᠬᠠᠭᠰᠠᠨ ᠲᠥᠷᠥᠯ ᠵᠦᠢᠯ ᠤᠨ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ | ᠬᠠᠮᠲᠤ ᠨᠡᠶᠢᠲᠡ ᠳᠤ ᠱᠠᠩᠨᠠᠯ ᠣᠯᠭᠤᠨ᠎ᠠ᠃ | ᠭᠤᠷᠪᠠ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠲᠣᠪᠣᠶᠢᠮ᠎ᠠ ᠣᠨᠴᠠᠯᠢᠭ | ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠲᠥᠷᠥ ᠶᠢᠨ ᠪᠣᠳᠣᠯᠭ᠎ᠠ ᠶᠢᠨ ᠦᠨ᠎ᠡ ᠴᠠᠨ᠎ᠠ ᠲᠠᠢ᠂ ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ | ᠵᠠᠷᠴᠢᠮ ᠢ ᠪᠠᠷᠢᠮᠲᠠᠯᠠᠨ᠂ ᠮᠠᠨ ᠤ ᠣᠷᠣᠨ ᠤ ᠪᠣᠳᠠᠲᠠᠢ ᠲᠠᠢ ᠨᠢᠭᠲᠠ ᠤᠶᠠᠯᠳᠤᠭᠤᠯᠵᠤ᠂ ᠭᠤᠷᠪᠠᠨ ᠲᠠᠯ᠎ᠠ ᠶᠢᠨ ᠲᠣᠪᠣᠶᠢᠮ᠎ᠠ ᠣᠨᠴᠠᠯᠢᠭ ᠲᠠᠢ ᠶᠤᠮ᠃ ᠨᠢᠭᠡ ᠳᠤ᠂ | ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ ᠶᠢ ᠲᠤᠪᠤᠶᠢᠯᠭᠠᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠣᠭᠲᠠᠭᠰᠠᠨ ᠴᠠᠭ ᠲᠤ ᠪᠠᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠠᠶᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠷ ᠶᠡᠷᠦᠩᠬᠡᠢ ᠬᠠᠷᠠᠯᠲᠠ ᠪᠣᠯᠭᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠡᠶᠢᠳᠡᠮ ᠤᠨ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ ᠳᠤ ᠴᠢᠭᠯᠡᠯᠲᠦ ᠴᠢᠨᠠᠷᠲᠠᠢ ᠠᠷᠭ᠎ᠠ ᠬᠡᠮᠵᠢᠶ᠎ᠡ | ᠲᠣᠭᠲᠠᠭᠠᠵᠠᠢ᠃ ᠬᠤᠶᠠᠷ ᠲᠤ᠂ ᠲᠣᠪᠴᠢ ᠲᠣᠳᠣᠷᠬᠠᠢ ᠪᠠᠶᠢᠬᠤ ᠶᠢ ᠲᠣᠪᠤᠶᠢᠯᠭᠠᠨ᠂ ᠦᠭᠡ ᠥᠭᠦᠯᠡᠪᠦᠷᠢ ᠨᠢ ᠲᠣᠪᠴᠢ ᠠᠪᠰᠠᠷᠬᠠᠨ᠂ ᠠᠭᠤᠯᠭ᠎ᠠ ᠨᠢ ᠪᠠᠶᠠᠯᠢᠭ᠂ | ᠵᠢᠯᠤᠭᠤᠳᠬᠤ ᠴᠢᠨᠠᠷ ᠢᠶᠠᠷ ᠴᠢᠩᠭ᠎ᠠ ᠪᠠᠶᠢᠬᠤ ᠶᠢ ᠴᠢᠬᠤᠯᠠᠴᠢᠯᠠᠵᠤ᠂ ︽ᠭᠤᠷᠪᠠ ᠶᠢ ᠬᠡᠯᠡᠬᠦ ᠦᠭᠡᠢ︾ ᠪᠠᠶᠢᠬᠤ ᠶᠢ ᠭᠤᠣᠯᠳᠠᠯᠭ᠎ᠠ ᠲᠠᠢ ᠡᠵᠡᠮᠰᠢᠪᠡ᠂ ᠲᠤᠬᠠᠶᠢᠯᠠᠪᠠᠯ ︽ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇ | 2019﹈ 50 ᠳ᠋ᠤᠭᠠᠷ ᠲᠣᠭᠠᠲᠤ︶ ᠳᠤ ᠨᠢᠭᠡᠨᠲᠡ ᠲᠣᠳᠣᠷᠬᠠᠶᠢᠯᠠᠭᠰᠠᠨ ᠢ ᠬᠡᠯᠡᠬᠦ ᠦᠭᠡᠢ︔ ᠡᠯ᠎ᠡ ᠭᠠᠵᠠᠷ ᠤᠨ ᠣᠳᠣᠬᠠᠨ ᠳᠤ ᠨᠢᠭᠡᠨᠲᠡ ᠨᠡᠶᠢᠳᠡᠮ | ᠪᠣᠳᠠᠲᠠᠶᠢᠵᠢᠭᠤᠯᠤᠭᠰᠠᠨ ᠪᠠᠶᠢᠳᠠᠯ ᠢ ᠬᠡᠯᠡᠬᠦ ᠦᠭᠡᠢ︔ ᠴᠢᠩᠭ᠎ᠠ ᠬᠢᠵᠠᠭᠠᠷᠯᠠᠯ ᠦᠭᠡᠢ ᠪᠣᠯ ᠬᠢᠨᠠᠨ ᠰᠢᠯᠭᠠᠵᠤ ᠪᠣᠯᠬᠤ ᠦᠭᠡᠢ ᠶᠢ ᠬᠡᠯᠡᠬᠦ ᠦᠭᠡᠢ᠃ ᠭᠤᠷᠪᠠ ᠳᠤ᠂ | ᠥᠷᠭᠡᠨ ᠢᠶᠠᠷ ᠯᠠᠪᠯᠠᠯᠲᠠ ᠪᠣᠯᠭᠠᠬᠤ ᠶᠢ ᠲᠤᠪᠤᠶᠢᠯᠭᠠᠵᠦ᠂ ᠬᠠᠮᠢᠶ᠎ᠠ ᠪᠦᠬᠦᠢ ᠮᠤᠵᠢ ᠬᠤᠲᠠ ᠮᠤᠵᠢ ᠶᠢᠨ ᠱᠠᠲᠤᠨ ᠠᠴᠠ ᠣᠷᠣᠨ ᠨᠤᠲᠤᠭ ᠤᠨ ᠢᠵᠢ ᠪᠦᠷᠢᠳᠦᠭᠦᠯᠬᠦ | ᠬᠠᠷᠢᠭᠤᠴᠠᠯᠭ᠎ᠠ ᠶᠢ ᠪᠦᠬᠦ ᠲᠤᠭ᠎ᠠ ᠪᠠᠷ ᠡᠭᠦᠷᠭᠡᠯᠡᠬᠦ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠵᠤ᠂ ᠬᠠᠮᠢᠶ᠎ᠠ ᠪᠦᠬᠦᠢ ᠠᠶᠢᠮᠠᠭ ᠬᠤᠲᠠ ᠶᠢᠨ ᠶᠡᠭᠡ ᠪᠠᠷ | ᠡᠪᠳᠡᠵᠦ ᠶᠡᠭᠡ ᠪᠠᠷ ᠪᠠᠶᠢᠭᠤᠯᠬᠤ᠂ ᠤᠷᠢᠳ ᠢᠶᠠᠷ ᠰᠢᠯᠵᠢᠭᠦᠯᠦᠨ ᠳᠠᠷᠠᠭ᠎ᠠ ᠨᠢ ᠪᠦᠲᠦᠭᠡᠨ ᠪᠠᠶᠢᠭᠤᠯᠬᠤ ᠵᠡᠷᠭᠡ ᠦᠢᠯᠡᠳᠦᠯᠭᠡ ᠶᠢᠨ ᠲᠤᠷᠰᠢᠯᠭ᠎ᠠ ᠶᠢ ᠰᠢᠩᠭᠡᠬᠡᠨ ᠠᠪᠴᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠳᠤ ᠢᠲᠡᠭᠡᠮᠵᠢ ᠶᠢᠨ ᠲᠡᠰ ᠤᠨ ᠦᠨᠡᠯᠡᠯᠲᠡ ᠬᠢᠬᠦ ᠵᠡᠷᠭᠡ | ᠠᠵᠢᠯ ᠤᠨ ᠲᠣᠭᠲᠠᠴᠠ ᠪᠠᠷ ᠯᠠᠪᠯᠠᠯᠲᠠ ᠪᠣᠯᠭᠠᠪᠠ᠃ |