| 12 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠤᠬᠠᠶ ᠰᠣᠨᠢᠨ ᠮᠡᠳᠡᠭᠡ ᠨᠡᠶᠢᠲᠡᠯᠡᠬᠦ | ᠵᠤᠷᠰᠢᠯᠲᠤ ᠬᠤᠷᠠᠯ ᠬᠤᠷᠠᠯᠳᠤᠭᠤᠯᠵᠠᠢ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ | ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠵᠠᠩ ᠾᠧ ᠭᠤᠤᠯ ᠰᠡᠳᠦᠪᠲᠦ ᠢᠯᠡᠳᠬᠡᠯ ᠬᠢᠪᠡ᠃ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠰᠠᠭᠤᠭᠠᠯᠢ ᠲᠣᠭᠤᠷᠢᠭ ᠬᠢᠭᠡᠳ ᠠᠳᠠᠯ ᠠᠬᠤᠶ ᠶᠢᠨ | ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠯᠸᠢ ᠵᠧᠨ ᠬᠤᠸᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠠᠤᠯᠢ ᠲᠣᠭᠲᠠᠭᠠᠬᠤ | ᠬᠤᠶᠠᠳᠤᠭᠠᠷ ᠭᠠᠵᠠᠷ ᠤᠨ ᠳᠡᠳ᠋ ᠳᠠᠷᠤᠭ᠎ᠠ ᠶᠤᠸᠠᠨ ᠮᠧᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠣᠷᠪᠤᠯᠵᠢᠯᠠᠭᠴᠢᠳ ᠤᠨ | ᠠᠰᠠᠭᠤᠯᠲᠠ ᠨᠤᠭᠤᠳ ᠢ ᠬᠠᠷᠢᠭᠤᠯᠵᠠᠢ᠃ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠤᠬᠠᠶ | ᠰᠣᠨᠢᠨ ᠮᠡᠳᠡᠭᠡ ᠨᠡᠶᠢᠲᠡᠯᠡᠬᠦ ᠵᠤᠷᠰᠢᠯᠲᠤ ᠬᠤᠷᠠᠯ ᠳᠡᠭᠡᠷᠡᠬᠢ ᠨᠡᠶᠢᠲᠡᠯᠡᠯᠲᠡ ᠶᠢᠨ ᠦᠭᠡ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠵᠠᠩ ᠾᠧ | | ᠣᠷᠣᠨ ᠰᠠᠭᠤᠴᠠ ᠶᠢᠨ ᠠᠳᠠᠯ ᠠᠬᠤᠶ ᠨᠢ ᠪᠥᠬᠦ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠠᠬᠢᠭᠤᠯᠬᠤ ᠯᠤᠭ᠎ᠠ ᠬᠤᠯᠪᠤᠭᠳᠠᠳᠠᠭ᠂ ᠣᠷᠣᠨ ᠰᠠᠭᠤᠴᠠ ᠶᠢᠨ ᠠᠳᠠᠯ ᠠᠬᠤᠶ ᠶᠢᠨ | ᠬᠠᠮᠢᠶᠠᠷᠤᠯᠲᠠ ᠶᠢᠨ ᠴᠢᠳᠠᠪᠤᠷᠢ ᠪᠠ ᠦᠶᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ ᠨᠢ ᠪᠥᠬᠦ ᠣᠷᠣᠨ ᠤ ᠠᠳᠠᠯ ᠠᠬᠤᠶ ᠶᠢᠨ ᠠᠵᠢᠯ ᠲᠥᠷᠥᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ᠂ ᠪᠥᠬᠦ ᠣᠷᠣᠨ ᠤ ᠠᠳᠠᠯ ᠠᠬᠤᠶ ᠶᠢᠨ ᠵᠠᠰᠠᠯᠲᠠ ᠶᠢᠨ ᠲᠤᠰᠬᠠᠶ ᠠᠵᠢᠯ ᠢ ᠠᠬᠢᠭᠤᠯᠬᠤ᠂ ᠠᠳᠠᠯ ᠠᠬᠤᠶ ᠶᠢᠨ ᠠᠵᠢᠯ ᠲᠥᠷᠥᠯ | ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠳᠠᠯ ᠠᠬᠤᠶ ᠶᠢᠨ ᠦᠶᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ᠠᠳᠠᠯ ᠠᠬᠤᠶ ᠶᠢᠨ ᠬᠠᠮᠢᠶᠠᠷᠤᠯᠲᠠ ᠳᠤ ᠵᠠᠷᠢᠮ ᠰᠢᠨ᠎ᠡ ᠪᠠᠶᠢᠳᠠᠯ᠂ ᠰᠢᠨ᠎ᠡ ᠠᠰᠠᠭᠤᠳᠠᠯ ᠤᠳ | ᠢᠯᠡᠷᠡᠵᠦ᠂ ᠵᠠᠷᠢᠮ ᠡᠬᠢ ᠡᠭᠦᠰᠦᠯ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠳ ᠲᠠᠰᠤᠷᠠᠯᠲᠠ ᠥᠬᠡᠶ ᠲᠣᠪᠣᠶᠢᠮ᠎ᠠ ᠢᠯᠡᠷᠡᠵᠦ᠂ ᠬᠡᠰᠡᠭ ᠣᠷᠣᠨ ᠰᠠᠭᠤᠴᠠ ᠶᠢᠨ | ᠵᠢᠵᠢᠭ ᠲᠣᠭᠤᠷᠢᠭ ᠤᠨ ᠥᠮᠴᠢᠲᠠᠳ ᠤᠨ ᠺᠣᠮᠢᠰ ᠪᠠᠶᠢᠭᠤᠯᠬᠤ ᠳᠤ ᠬᠦᠴᠢᠷᠲᠡᠶ᠂ ᠦᠶᠯᠡᠳᠦᠯ ᠢ ᠨᠢ ᠪᠠᠳᠠᠷᠠᠭᠤᠯᠬᠤ ᠳᠤ ᠬᠦᠴᠢᠷᠲᠡᠶ ᠪᠠᠶᠢᠨ᠎ᠠ︔ ᠬᠡᠰᠡᠭ ᠡᠷᠲᠡᠨ ᠤ | ᠪᠠ ᠬᠠᠭᠤᠴᠢᠨ ᠰᠠᠭᠤᠭᠠᠯᠢ ᠲᠣᠭᠤᠷᠢᠭ ᠤᠨ ᠪᠡᠯᠡᠳᠬᠡᠮᠵᠢ ᠨᠦᠭᠦᠳ ᠨᠢ ᠬᠠᠭᠤᠴᠢᠷᠠᠵᠤ᠂ ᠰᠡᠯᠪᠢᠨ ᠵᠠᠰᠠᠬᠤ ᠳᠤ ᠬᠦᠴᠢᠷᠲᠡᠶ ᠠᠴᠠ ᠪᠣᠯᠵᠣ ᠵᠥᠷᠢᠴᠡᠯ ᠵᠢᠭᠤᠷᠠᠯᠳᠤᠭᠠᠨ | ᠠᠮᠠᠷᠬᠠᠨ ᠡᠭᠦᠰᠴᠦ ᠪᠠᠶᠢᠨ᠎ᠠ︔ ᠬᠡᠰᠡᠭ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠲᠣᠳᠣᠷᠬᠠᠶ ᠥᠬᠡᠶ᠂ | ᠠᠳᠠᠯ ᠠᠬᠤᠶ ᠶᠢᠨ ᠦᠶᠯᠡᠴᠢᠯᠡᠭᠡ ᠡᠮᠬᠢ ᠲᠢᠭᠯᠢᠮ ᠦᠭᠡᠢ᠂ ᠬᠠᠮᠢᠶᠠᠷᠤᠯᠲᠠ ᠬᠦᠴᠢᠷᠲᠡᠶ ᠵᠡᠷᠭᠡ ᠠᠰᠠᠭᠤᠳᠠᠯ ᠤᠳ ᠡᠳᠦᠷ ᠢᠷᠡᠬᠦᠶ᠎ᠡ ᠲᠣᠪᠣᠶᠢᠮ᠎ᠠ ᠪᠣᠯᠵᠣ ᠪᠠᠶᠢᠨ᠎ᠠ᠃ | 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠤᠨ ᠢᠷᠭᠡᠨ ᠤ ᠬᠠᠤᠯᠢ ᠶᠢᠨ ᠪᠢᠴᠢᠭ︾ ᠳᠤ ᠠᠳᠠᠯᠢ ᠪᠤᠰᠤ ᠬᠠᠷᠠᠭᠠᠰᠤ ᠠᠴᠠ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯᠯᠠᠭ᠎ᠠ ᠳᠤ ᠠᠯᠢ ᠣᠯᠠᠨ ᠵᠢᠷᠤᠮᠵᠢᠯ ᠪᠠ | ᠲᠣᠬᠢᠷᠠᠭᠤᠯᠤᠯᠲᠠ ᠬᠢᠭᠰᠡᠨ ᠪᠠᠶᠢᠯ᠎ᠠ᠃ ᠤᠯᠤᠰ ᠤᠨ ᠬᠠᠤᠯᠢ ᠲᠦᠷᠢᠮ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ | ᠠᠵᠢᠯᠯᠠᠭ᠎ᠠ ᠶᠢ ᠵᠢᠷᠤᠮᠵᠢᠭᠤᠯᠤᠨ᠂ ᠥᠮᠴᠢᠲᠡᠨ ᠪᠠ ᠠᠳᠠᠯ ᠠᠬᠤᠶ ᠶᠢᠨ ᠦᠢᠯᠡᠴᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠰᠠᠶᠢᠨ ᠰᠠᠶᠢᠬᠠᠨ | ᠠᠮᠢᠳᠤᠷᠠᠯ ᠪᠠ ᠠᠵᠢᠯᠯᠠᠬᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ ᠡᠮᠦᠨᠡᠬᠢ ᠬᠤᠭᠤᠴᠠᠭᠠᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠭᠦᠶᠴᠡᠳ ᠨᠤᠲᠠᠯᠠᠭᠰᠠᠨ ᠰᠠᠭᠤᠷᠢᠨ ᠳᠡᠭᠡᠷ᠎ᠡ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ︽ᠲᠦᠷᠢᠮ ︵ᠵᠠᠰᠠᠪᠤᠷᠢ ᠣᠷᠤᠭᠤᠯᠬᠤ ᠲᠥᠰᠦᠯ︶︾ ᠤᠨ ᠬᠢᠨᠠᠭᠤᠯᠬᠤ ᠨᠣᠤᠷᠠᠭ | ᠢ ᠲᠤᠭᠤᠷᠪᠢᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠢᠨᠠᠭᠤᠯᠬᠤ ᠨᠣᠤᠷᠠᠭ ᠢ ᠨᠠᠷᠢᠨ ᠬᠢᠨᠠᠮᠠᠭᠠᠶ ᠬᠢᠨᠠᠨ ᠪᠠᠶᠢᠴᠠᠭᠠᠵᠤ᠂ | ᠵᠣᠬᠢᠴᠠᠭᠤᠯᠭ᠎ᠠ ᠪᠠ ᠵᠠᠰᠠᠪᠤᠷᠢ ᠣᠷᠣᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠡᠯ᠎ᠡ ᠵᠥᠪᠯᠡᠯ ᠠᠯᠪᠠᠨ ᠬᠡᠷ ᠲᠢᠩᠬᠢᠮ | ᠲᠣᠪᠴᠢᠶ᠎ᠠ ᠵᠢᠴᠢ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠬᠤᠷᠢᠶᠠᠵᠤ᠂ ᠳᠠᠬᠢᠨ ᠳᠠᠪᠲᠠᠨ ᠰᠤᠳᠤᠯᠤᠨ ᠨᠤᠲᠠᠯᠠᠬᠤ ᠪᠠᠷ ᠳᠠᠮᠵᠢᠭᠠᠳ 2021 ᠣᠨ | ᠤ 9 ᠳ᠋ᠦ᠋ᠭᠡᠷ ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ | ᠶᠠᠷᠢᠯᠴᠠᠭᠤᠯᠤᠨ ᠪᠠᠲᠤᠯᠠᠭᠤᠯᠤᠭᠠᠳ 2021 ᠣᠨ ᠤ 11 ᠳ᠋ᠦ᠋ᠭᠡᠷ ᠰᠠᠷ᠎ᠠ ᠶᠢᠨ 16 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠤᠳᠠᠭ᠎ᠠ ᠶᠢᠨ ᠬᠤᠷᠠᠯ | ᠳᠡᠭᠡᠷ᠎ᠡ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠢ | ᠪᠠᠲᠤᠯᠠᠭᠤᠯᠪᠠ᠃ | ᠰᠢᠨ᠎ᠡ ︽ᠲᠦᠷᠢᠮ︾ ᠳᠤ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢ ᠬᠤᠪᠢᠶᠠᠷᠢᠯᠠᠬᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ | ᠪᠠᠶᠢᠭᠤᠯᠬᠤ᠂ ᠠᠳᠠᠯ ᠠᠬᠤᠶ ᠶᠢᠨ ᠡᠮᠦᠨᠡᠬᠢ ᠬᠤᠭᠤᠴᠠᠭᠠᠨ ᠤ ᠬᠠᠮᠢᠶᠠᠷᠤᠯᠲᠠ᠂ ᠬᠡᠷ ᠪᠠᠶᠢᠰᠢᠩ ᠢ ᠵᠠᠰᠠᠨ ᠴᠢᠮᠡᠭᠯᠡᠬᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ | ᠪᠦᠰᠡ ᠶᠢᠨ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠶᠢ ᠬᠠᠮᠠᠭᠠᠯᠠᠬᠤ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠠᠯ᠎ᠠ ᠠᠴᠠ ᠠᠳᠠᠯ ᠠᠬᠤᠶ ᠶᠢᠨ ᠬᠠᠮᠢᠶᠠᠷᠤᠯᠲᠠ ᠪᠠ ᠦᠶᠯᠡᠴᠢᠯᠡᠭᠡᠨ ᠤ ᠠᠭᠤᠯᠭ᠎ᠠ ᠳᠤ ᠵᠠᠰᠠᠪᠤᠷᠢ ᠣᠷᠤᠭᠤᠯᠵᠠᠢ᠃ | ᠨᠢᠭᠡ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠤᠨ ᠲᠤᠬᠠᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ | ᠶᠢᠨ ᠬᠤᠪᠢᠶᠠᠷᠢᠯᠠᠯ ᠪᠣᠯ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠶᠢᠨ ᠰᠠᠭᠤᠷᠢ ᠪᠠ ᠤᠷᠢᠲᠠᠯ ᠮᠥᠨ᠂ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠪᠦᠰᠡ ᠶᠢᠨ ᠬᠤᠪᠢᠶᠠᠷᠢᠯᠠᠯ ᠤᠨ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠲᠣᠭᠲᠠᠭᠠᠨ᠎ᠠ ᠭᠡᠵᠦ ᠲᠦᠷᠦ ᠶᠢᠨ ᠶᠠᠪᠤᠳᠠᠯ | ᠤᠨ ᠬᠤᠷᠢᠶᠠᠨ ᠤ ︽ᠠᠳᠠᠯ ᠠᠬᠤᠢ ᠶᠢᠨ ᠬᠠᠮᠢᠶᠠᠷᠤᠯᠲᠠ ᠶᠢᠨ ᠲᠦᠷᠢᠮ︾ ᠳᠤ ᠲᠣᠳᠣᠷᠬᠠᠢ ᠲᠣᠭᠲᠠᠭᠠᠵᠠᠢ᠃ ᠲᠣᠰ ᠤᠳᠠᠭᠠᠨ ᠤ ᠵᠠᠰᠠᠪᠤᠷᠢ ᠣᠷᠤᠭᠤᠯᠬᠤ ᠲᠣᠬᠢᠶᠠᠯ ᠢ | ᠠᠰᠢᠭᠯᠠᠨ᠂ ᠪᠢᠳᠡ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠳᠤ ᠲᠣᠭᠲᠠᠭᠠᠯ ᠭᠠᠷᠭᠠᠯ᠎ᠠ᠂ ᠡᠭᠦᠨ ᠳᠤ ᠭᠤᠤᠯᠳᠠᠭᠤ ᠠᠳᠠᠯ ᠠᠬᠤᠶ | ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠤᠨ ᠵᠠᠷᠴᠢᠮ᠂ ᠰᠢᠨ᠎ᠡ ᠪᠠᠷ ᠪᠠᠶᠢᠭᠤᠯᠤᠭᠳᠠᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ | ᠪᠦᠰᠡ ᠶᠢᠨ ᠬᠤᠪᠢᠶᠠᠷᠢᠯᠠᠯ᠂ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠪᠠ | ᠲᠣᠬᠢᠷᠠᠭᠤᠯᠤᠯᠲᠠ ᠭᠡᠬᠦ ᠭᠤᠷᠪᠠᠨ ᠬᠡᠰᠡᠭ ᠢ ᠪᠠᠭᠲᠠᠭᠠᠪᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠨᠢ ᠠᠳᠠᠯ ᠠᠬᠤᠶ ᠶᠢᠨ | ᠬᠠᠮᠢᠶᠠᠷᠤᠯᠲᠠ ᠶᠢ ᠬᠡᠷᠡᠭᠵᠢᠭᠦᠯᠬᠦ ᠳᠤ ᠠᠰᠢᠭᠲᠠᠶ ᠪᠠᠶᠢᠯᠭᠠᠬᠤ ᠪᠠᠷ ᠵᠠᠷᠴᠢᠮ ᠪᠣᠯᠭᠠᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ ᠳᠤ ᠲᠣᠭᠲᠠᠭᠠᠭᠰᠠᠨ ᠬᠡᠷᠡᠭᠯᠡᠬᠦ ᠭᠠᠵᠠᠷ ᠤᠨ ᠬᠡᠪᠴᠢᠶ᠎ᠡ ᠪᠠᠷ ᠰᠠᠭᠤᠷᠢ ᠪᠣᠯᠭᠠᠵᠤ᠂ ᠭᠠᠵᠠᠷ ᠰᠢᠷᠣᠶ ᠬᠡᠷᠡᠭᠯᠡᠬᠦ ᠡᠷᠬᠡ ᠶᠢᠨ ᠬᠠᠷᠢᠶᠠᠯᠠᠭᠳᠠᠬᠤ | ᠬᠡᠪᠴᠢᠶ᠎ᠡ᠂ ᠪᠠᠷᠢᠯᠭ᠎ᠠ ᠶᠢᠨ ᠵᠦᠶᠯᠡᠰ ᠤᠨ ᠬᠡᠪᠴᠢᠶ᠎ᠡ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠲᠥᠬᠦᠭᠡᠷᠦᠮᠵᠢ᠂ ᠪᠠᠶᠢᠭᠠᠯᠢ ᠶᠢᠨ ᠵᠠᠭᠠᠭ ᠬᠢᠵᠠᠭᠠᠷ᠂ ᠨᠡᠶᠢᠭᠡᠮ | ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠬᠦᠴᠦᠨ ᠵᠦᠶᠯ ᠢ ᠶᠡᠷᠦᠩᠬᠡᠶᠢᠯᠡᠨ ᠪᠣᠳᠤᠯᠬᠢᠯᠠᠵᠠᠢ︔ ᠠᠳᠠᠯ ᠠᠬᠤᠢ ᠶᠢᠨ ᠬᠠᠮᠢᠶᠠᠷᠤᠯᠲᠠ ᠳᠤ ᠬᠡᠷᠡᠭᠯᠡᠬᠦ ᠭᠡᠷ | ᠪᠠᠶᠢᠰᠢᠩ᠂ ᠤᠰᠤ᠂ ᠴᠠᠬᠢᠯᠭᠠᠨ᠂ ᠢᠯᠴᠢ ᠬᠠᠩᠭᠠᠬᠤ᠂ ᠭᠠᠯ ᠤᠨᠲᠠᠷᠠᠭᠠᠬᠤ ᠵᠡᠷᠭᠡ ᠢᠵᠢ ᠪᠦᠷᠢᠳᠦᠭᠰᠡᠨ ᠪᠡᠯᠡᠳᠬᠡᠮᠵᠢ ᠪᠠ ᠬᠠᠮᠢᠶ᠎ᠠ ᠪᠦᠬᠦᠢ ᠲᠠᠯᠠᠪᠤᠷ ᠭᠠᠵᠠᠷ ᠤᠨ | ᠬᠠᠮᠲᠤ ᠪᠠᠷ ᠬᠡᠷᠡᠭᠯᠡᠬᠦ ᠶᠢ ᠰᠠᠯᠭᠠᠵᠤ ᠪᠣᠯᠬᠤ ᠥᠬᠡᠶ ᠪᠣᠯ᠂ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡ ᠣᠷᠣᠨ ᠪᠦᠰᠡ ᠳᠤ ᠬᠤᠪᠢᠶᠠᠷᠢᠯᠠᠵᠤ ᠥᠭᠭᠦᠨ᠎ᠡ︔ | ᠲᠤᠰᠠᠭᠠᠷᠯᠠᠨ ᠬᠡᠷᠡᠭᠯᠡᠵᠦ ᠪᠣᠯᠬᠤ ᠶᠢ ᠨᠢ ᠠᠳᠠᠯ ᠠᠬᠤᠶ ᠶᠢᠨ ᠬᠠᠮᠢᠶᠠᠷᠤᠯᠲᠠ ᠶᠢᠨ ᠠᠳᠠᠯᠢ ᠪᠤᠰᠤ ᠣᠷᠣᠨ ᠪᠦᠰᠡ ᠳᠤ ᠬᠤᠪᠢᠶᠠᠷᠢᠯᠠᠨ ᠥᠭᠴᠦ ᠪᠣᠯᠤᠨ᠎ᠠ᠃ ᠰᠢᠨ᠎ᠡ ᠪᠠᠷ | ᠪᠠᠶᠢᠭᠤᠯᠤᠭᠳᠠᠭᠰᠠᠨ ᠠᠳᠠᠯ ᠠᠬᠤᠶ ᠶᠢᠨ ᠣᠷᠣᠨ ᠪᠦᠰᠡ ᠶᠢ ᠬᠤᠪᠢᠶᠠᠷᠢᠯᠠᠬᠤ ᠭᠤᠤᠯ ᠴᠣᠭᠴᠠ ᠪᠣᠯ ᠪᠦᠲᠦᠭᠡᠨ ᠪᠠᠶᠢᠭᠤᠯᠤᠭᠰᠠᠨ ᠨᠢᠭᠡᠴᠡ ᠪᠣᠯᠤᠨ᠎ᠠ᠂ ᠪᠦᠲᠦᠭᠡᠨ | ᠪᠠᠶᠢᠭᠤᠯᠤᠭᠰᠠᠨ ᠨᠢᠭᠡᠴᠡ ᠨᠢ ᠬᠤᠪᠢᠶᠠᠷᠢᠯᠠᠬᠤ ᠵᠠᠷᠴᠢᠮ ᠤᠨ ᠰᠠᠭᠤᠷᠢᠨ ᠳᠡᠭᠡᠷ᠎ᠡ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ | ᠦᠨᠡᠮᠯᠡᠯ ᠪᠤᠶᠤ ᠲᠠᠸᠠᠷ ᠤᠨ ᠬᠡᠷ ᠪᠠᠶᠢᠰᠢᠩ ᠤᠨ ᠪᠡᠯᠡᠨ ᠬᠡᠷ ᠪᠠᠶᠢᠰᠢᠩ ᠢ ᠪᠣᠷᠣᠯᠠᠭᠤᠯᠬᠤ ᠠᠴᠠ ᠡᠮᠦᠨ᠎ᠡ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢ | ᠬᠤᠪᠢᠶᠠᠷᠢᠯᠠᠨ ᠲᠣᠭᠲᠠᠭᠠᠭᠰᠠᠨ ᠮᠠᠲ᠋ᠧᠷᠢᠶᠠᠯ ᠢᠶᠠᠨ ᠠᠳᠠᠯ ᠠᠬᠤᠶ ᠶᠢᠨ ᠲᠥᠷᠥᠯ ᠵᠦᠶᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠠᠳᠠᠯ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ᠠᠳᠠᠯ ᠠᠬᠤᠶ | ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠤᠭᠰᠠᠨ ᠪᠠᠶᠢᠳᠠᠯ ᠢ ᠲᠥᠷᠥᠯ ᠵᠦᠶᠯ ᠤᠨ ᠪᠠᠶᠢᠭ᠎ᠠ ᠭᠠᠵᠠᠷ ᠤᠨ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠢᠶᠠᠷ ᠮᠡᠳᠡᠭᠳᠡᠬᠦ ᠬᠡᠷᠡᠭᠲᠡᠶ᠃ ᠨᠢᠭᠡᠨᠲᠡ | ᠠᠰᠢᠭᠯᠠᠯᠲᠠ ᠳᠤ ᠣᠷᠣᠭᠤᠯᠤᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠪᠠ ᠲᠣᠬᠢᠷᠠᠭᠤᠯᠤᠯᠲᠠ ᠬᠢᠬᠦ ᠳᠤ ᠠᠳᠠᠯ ᠠᠬᠤᠶ ᠶᠢᠨ | ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠤᠨ ᠭᠤᠤᠯ ᠴᠣᠭᠴᠠ ᠪᠣᠯ ᠬᠤᠰᠢᠭᠤ ᠰᠢᠶᠠᠨ ᠤ ᠱᠠᠲᠤᠨ ᠤ ᠠᠳᠠᠯ ᠠᠬᠤᠶ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠪᠣᠯᠤᠨ᠎ᠠ᠂ ᠮᠥᠨ ᠬᠦ ᠬᠤᠪᠢᠶᠠᠷᠢᠯᠠᠬᠤ ᠵᠠᠷᠴᠢᠮ ᠤᠨ ᠰᠠᠭᠤᠷᠢᠨ ᠳᠡᠭᠡᠷ᠎ᠡ᠂ ᠥᠮᠴᠢᠲᠠᠳ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠬᠤᠪᠢᠶᠠᠷᠢᠯᠠᠬᠤ ᠪᠤᠶᠤ | ᠲᠣᠬᠢᠷᠠᠭᠤᠯᠤᠯᠲᠠ ᠬᠢᠨ᠎ᠠ᠃ | ᠬᠤᠶᠠᠷ᠂ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ ᠲᠤᠬᠠᠢ᠃ ᠵᠠᠷᠢᠮ ᠣᠷᠣᠨ ᠰᠠᠭᠤᠴᠠ ᠶᠢᠨ ᠲᠣᠭᠤᠷᠢᠭ ᠤᠨ ᠥᠮᠴᠢᠲᠠᠳ ᠤᠨ ᠥᠪᠡᠷᠲᠡᠭᠡᠨ | ᠵᠠᠰᠠᠬᠤ ᠤᠬᠠᠮᠰᠠᠷ ᠳᠣᠷᠤᠢ᠂ ᠢᠳᠡᠪᠬᠢᠵᠢᠯ ᠦᠭᠡᠢ᠂ ᠥᠮᠴᠢᠲᠠᠳ ᠤᠨ ᠶᠡᠭᠡ ᠬᠤᠷᠠᠯ ᠢ ᠬᠤᠷᠠᠯᠳᠤᠭᠤᠯᠬᠤ ᠳᠤ ᠬᠦᠴᠢᠷ᠂ ᠠᠳᠠᠯ ᠠᠬᠤᠶ ᠶᠢᠨ ᠦᠶᠯᠡᠴᠢᠯᠡᠭᠡᠨ ᠤ ᠠᠵᠤ | ᠠᠬᠤᠶᠢᠯᠠᠯ ᠢ ᠰᠣᠩᠭᠤᠨ ᠤᠷᠢᠬᠤ ᠬᠠᠤᠯᠢ ᠪᠠᠷ ᠲᠣᠭᠲᠠᠭᠠᠭᠰᠠᠨ ᠵᠢᠷᠤᠮ ᠢ ᠬᠡᠪ ᠤᠨ ᠶᠣᠰᠤᠭᠠᠷ ᠪᠡᠶᠡᠯᠡᠭᠦᠯᠬᠦ ᠳᠤ ᠬᠦᠴᠢᠷ ᠪᠠᠶᠢᠬᠤ ᠵᠡᠷᠭᠡ ᠪᠠᠶᠢᠳᠠᠯ ᠤᠳ ᠢ | ᠪᠦᠲᠦᠮᠵᠢᠲᠡᠶ ᠰᠢᠶᠳᠪᠦᠷᠢᠯᠡᠬᠦ ᠶᠢᠨ ᠲᠤᠯᠠᠳᠠ᠂ ︽ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠮᠡᠳᠡᠭᠳᠡᠯ︾ ᠤᠨ ᠱᠠᠭᠠᠷᠳᠠᠯᠭ᠎ᠠ ᠶᠢ | ᠦᠨᠳᠦᠰᠦᠯᠡᠨ᠂ ᠪᠡᠭᠡᠵᠢᠩ᠂ ᠭᠤᠸᠠᠩᠵᠧᠦ ᠵᠡᠷᠭᠡ ᠭᠠᠵᠠᠷ ᠤᠳ ᠤᠨ ᠠᠮᠵᠢᠯᠲᠠ ᠲᠠᠢ ᠲᠤᠷᠰᠢᠯᠭ᠎ᠠ ᠪᠠᠷ ᠲᠣᠯᠢᠯᠠᠵᠤ ᠰᠢᠨ᠎ᠡ ︽ᠲᠦᠷᠢᠮ︾ ᠳᠤ ᠠᠳᠠᠯ ᠠᠬᠤᠶ ᠶᠢᠨ | ᠬᠠᠮᠢᠶᠠᠷᠤᠯᠲᠠ ᠶᠢᠨ ᠺᠣᠮᠢᠰ ᠢ ᠪᠠᠶᠢᠭᠤᠯᠬᠤ ᠬᠤᠯᠪᠣᠭᠳᠠᠯ ᠪᠥᠬᠦᠶ ᠲᠣᠭᠲᠠᠭᠠᠯ ᠢ ᠨᠡᠮᠡᠭᠰᠡᠨ ᠪᠠᠶᠢᠨ᠎ᠠ᠂ ᠡᠭᠦᠨ ᠳᠤ ᠭᠤᠣᠯᠴᠠᠭᠤ ᠠᠳᠠᠯ ᠠᠬᠤᠶ ᠶᠢᠨ ᠬᠠᠮᠢᠶᠠᠷᠤᠯᠲᠠ ᠶᠢᠨ | ᠺᠣᠮᠢᠰ ᠢ ᠪᠠᠶᠢᠭᠤᠯᠬᠤ ᠪᠠᠶᠢᠳᠠᠯ ᠵᠢᠴᠢ ᠡᠭᠦᠷᠭᠡ ᠬᠠᠷᠢᠭᠤᠴᠠᠯᠭ᠎ᠠ᠂ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠤᠨ ᠠᠵᠢᠯᠲᠠᠳ ᠤᠨ ᠪᠦᠷᠢᠯᠳᠦᠴᠡ ᠪᠠ ᠲᠤᠰᠢᠶᠠᠯ | ᠡᠭᠦᠷᠭᠡᠯᠡᠬᠦ ᠬᠢᠷᠢ ᠬᠡᠮ᠂ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ ᠠᠵᠢᠯᠯᠠᠬᠤ ᠬᠤᠭᠤᠴᠠᠭ᠎ᠠ ᠪᠠ ᠲᠠᠷᠬᠠᠭᠠᠬᠤ ᠵᠡᠷᠭᠡ ᠠᠭᠤᠯᠭ᠎ᠠ ᠶᠢ ᠪᠠᠭᠲᠠᠭᠠᠵᠠᠢ᠃ ᠠᠳᠠᠯ | ᠠᠬᠤᠶ ᠶᠢᠨ ᠬᠠᠮᠢᠶᠠᠷᠤᠯᠲᠠ ᠶᠢᠨ ᠺᠣᠮᠢᠰ ᠪᠣᠯ ᠨᠢᠭᠡᠨ ᠲᠦᠷ ᠴᠠᠭ ᠤᠨ ᠪᠠᠶᠢᠭᠤᠯᠤᠮᠵᠢ ᠶᠤᠮ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠪᠣᠯ᠂ ᠥᠮᠴᠢᠲᠡᠨ ᠢ ᠵᠣᠬᠢᠶᠠᠨ | ᠪᠠᠶᠢᠭᠤᠯᠵᠤ ᠥᠮᠴᠢᠲᠠᠳ ᠤᠨ ᠶᠡᠭᠡ ᠬᠤᠷᠠᠯ᠂ ᠥᠮᠴᠢᠲᠠᠳ ᠤᠨ ᠺᠣᠮᠢᠰ ᠤᠨ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ︔ ᠠᠳᠠᠯ ᠠᠬᠤᠶ ᠶᠢᠨ ᠬᠠᠮᠢᠶᠠᠷᠤᠯᠲᠠ ᠶᠢᠨ | ᠺᠣᠮᠢᠰ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ᠂ ᠠᠳᠠᠯ ᠠᠬᠤᠶ ᠶᠢᠨ ᠬᠡᠷᠡᠭᠯᠡᠭᠴᠢ ᠶᠢᠨ ᠲᠥᠯᠥᠭᠡᠯᠡᠭᠴᠢ | ᠵᠡᠷᠭᠡ ᠭᠤᠷᠪᠠ ᠠᠴᠠ ᠳᠡᠭᠡᠭᠰᠢᠬᠢ ᠰᠣᠨᠳᠣᠭᠤᠶ ᠲᠤᠭ᠎ᠠ ᠪᠠᠷ ᠪᠦᠷᠢᠯᠳᠦᠭᠦᠯᠵᠦ᠂ ᠡᠭᠦᠨ ᠳᠤ ᠥᠮᠴᠢᠲᠠᠳ ᠤᠨ ᠲᠥᠯᠥᠭᠡᠯᠡᠭᠴᠢ ᠨᠢ ᠠᠳᠠᠯ ᠠᠬᠤᠶ ᠶᠢᠨ ᠬᠠᠮᠢᠶᠠᠷᠤᠯᠲᠠ | ᠶᠢᠨ ᠺᠣᠮᠢᠰ ᠤᠨ ᠭᠡᠰᠢᠭᠦᠨ ᠤ ᠬᠥᠮᠦᠨ ᠤ ᠲᠤᠭ᠎ᠠ ᠶᠢᠨ ᠬᠤᠶᠠᠷ ᠤᠨ ᠨᠢᠭᠡ ᠬᠤᠪᠢ ᠠᠴᠠ ᠳᠤᠲᠠᠭᠤ ᠪᠠᠶᠢᠵᠤ ᠪᠣᠯᠬᠤ ᠥᠬᠡᠶ᠂ ᠥᠮᠴᠢᠲᠠᠳ ᠤᠨ ᠲᠥᠯᠥᠭᠡᠯᠡᠭᠴᠢ ᠶᠢ | ᠰᠣᠩᠭᠤᠬᠤ ᠪᠠ ᠬᠢᠷᠢ ᠬᠡᠮ ᠢ ᠬᠢᠨᠠᠨ ᠪᠠᠶᠢᠴᠠᠭᠠᠬᠤ ᠶᠢ ᠥᠮᠴᠢᠲᠠᠳ ᠤᠨ ᠺᠣᠮᠢᠰ ᠤᠨ ᠵᠢᠱᠢᠭᠳᠡᠭᠴᠢ ᠶᠢᠨ ᠬᠤᠯᠪᠣᠭᠳᠠᠯ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠨ | ᠬᠡᠷᠡᠭᠵᠢᠭᠦᠯᠵᠦ᠂ ᠡᠷᠬᠢᠯᠡᠭᠴᠢ ᠶᠢᠨ ᠲᠤᠰᠢᠶᠠᠯ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠲᠥᠯᠥᠭᠡᠯᠡᠭᠴᠢ ᠡᠭᠦᠷᠭᠡᠯᠡᠵᠦ᠂ | ᠳᠡᠳ᠋ ᠡᠷᠬᠢᠯᠡᠭᠴᠢ ᠶᠢᠨ ᠲᠤᠰᠢᠶᠠᠯ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠨᠢᠭᠡ ᠥᠮᠴᠢᠲᠠᠳ ᠤᠨ ᠲᠥᠯᠥᠭᠡᠯᠡᠭᠴᠢ | ᠶᠢ ᠵᠢᠭᠠᠨ ᠲᠣᠭᠲᠠᠭᠠᠵᠤ ᠡᠭᠦᠷᠭᠡᠯᠡᠭᠦᠯᠦᠨ᠎ᠡ︔ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠤᠨ ᠠᠵᠢᠯᠯᠠᠬᠤ ᠬᠤᠭᠤᠴᠠᠭ᠎ᠠ ᠨᠢ ᠡᠩ ᠤᠨ ᠪᠠᠶᠢᠳᠠᠯ ᠳᠤ ᠭᠤᠷᠪᠠᠨ | ᠵᠢᠯ ᠠᠴᠠ ᠬᠡᠲᠦᠷᠡᠵᠦ ᠪᠣᠯᠬᠤ ᠥᠬᠡᠶ᠂ ᠥᠮᠴᠢᠲᠠᠳ ᠤᠨ ᠶᠡᠭᠡ ᠬᠤᠷᠠᠯ ᠨᠢᠭᠡᠨᠲᠡ ᠪᠠᠶᠢᠭᠤᠯᠤᠭᠳᠠᠭᠰᠠᠨ᠂ ᠥᠮᠴᠢᠲᠠᠳ ᠤᠨ ᠺᠣᠮᠢᠰ ᠢ ᠰᠣᠩᠭᠤᠨ ᠭᠠᠷᠭᠠᠬᠤ ᠪᠤᠶᠤ | ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢ ᠳᠣᠭᠢᠷᠠᠭᠤᠯᠬᠤ᠂ ᠬᠡᠷ ᠪᠠᠶᠢᠰᠢᠩ ᠰᠦᠢᠳᠬᠡᠭᠳᠡᠭᠰᠡᠨ ᠵᠡᠷᠭᠡ ᠪᠤᠰᠤᠳ ᠪᠤᠰᠤᠳᠴᠢ ᠰᠢᠯᠲᠠᠭᠠᠨ ᠠᠴᠠ | ᠪᠣᠯᠵᠣ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠣᠷᠣᠰᠢᠨ ᠲᠣᠭᠲᠠᠨᠢᠬᠤ ᠠᠷᠭ᠎ᠠ ᠥᠬᠡᠶ ᠪᠣᠯᠤᠭᠰᠠᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠤᠴᠢᠨ ᠡᠳᠦᠷ ᠤᠨ ᠳᠣᠲᠣᠷ᠎ᠠ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠢ | ᠲᠠᠷᠬᠠᠭᠠᠬᠤ ᠬᠡᠷᠡᠭᠲᠡᠶ᠃ | ᠭᠤᠷᠪᠠ ᠳᠤ ᠠᠳᠠᠯ ᠠᠬᠤᠶ ᠶᠢᠨ ᠡᠮᠦᠨᠡᠬᠢ ᠬᠤᠭᠤᠴᠠᠭᠠᠨ ᠤ ᠬᠠᠮᠢᠶᠠᠷᠤᠯᠲᠠ ᠶᠢᠨ ᠲᠤᠬᠠᠶ᠃ ᠪᠥᠲᠥᠭᠡᠨ ᠪᠠᠶᠢᠭᠤᠯᠤᠭᠰᠠᠨ ᠨᠢᠭᠡᠴᠡ ᠨᠢ ᠡᠷᠬᠡ ᠪᠠᠨ | ᠳᠠᠪᠠᠭᠤᠯᠤᠨ ᠥᠮᠴᠢᠲᠡᠨ ᠤ ᠡᠷᠬᠡ ᠶᠢ ᠬᠡᠷᠡᠭᠵᠢᠭᠦᠯᠬᠦ᠂ ᠠᠳᠠᠯ ᠠᠬᠤᠶ ᠶᠢᠨ ᠦᠶᠯᠡᠴᠢᠯᠡᠭᠡ ᠳᠤ ᠬᠡᠷᠡᠭᠯᠡᠬᠦ ᠬᠡᠷ ᠪᠠᠶᠢᠰᠢᠩ ᠢ ᠵᠢᠷᠤᠮᠵᠢᠯ ᠦᠭᠡᠢ ᠳᠣᠭᠢᠷᠠᠭᠤᠯᠬᠤ᠂ | ᠵᠠᠰᠠᠵᠤ ᠰᠡᠯᠪᠢᠬᠦ ᠶᠣᠰᠤᠲᠠᠢ ᠬᠠᠷᠢᠭᠤᠴᠠᠯᠭ᠎ᠠ ᠶᠢ ᠢᠳᠡᠪᠬᠢᠲᠡᠶ ᠡᠭᠦᠷᠭᠡᠯᠡᠬᠦ ᠥᠬᠡᠶ ᠪᠠᠶᠢᠬᠤ ᠠᠰᠠᠭᠤᠳᠠᠯ ᠤᠳ ᠲᠤ ᠴᠢᠭᠯᠡᠭᠦᠯᠦᠨ᠂ ᠰᠢᠨ᠎ᠡ ︽ᠲᠦᠷᠢᠮ︾ ᠳᠤ ᠡᠶᠢᠨ ᠬᠦ | ᠲᠣᠭᠲᠠᠭᠠᠪᠠ᠄ ᠠᠳᠠᠯ ᠠᠬᠤᠶ ᠶᠢᠨ ᠡᠮᠦᠨᠡᠬᠢ ᠬᠤᠭᠤᠴᠠᠭᠠᠨ ᠤ ᠦᠶᠯᠡᠴᠢᠯᠡᠭᠡᠨ ᠤ ᠭᠡᠷ᠎ᠡ ᠶᠢᠨ ᠬᠤᠭᠤᠴᠠᠭ᠎ᠠ ᠶᠢ ᠠᠳᠠᠯ ᠠᠬᠤᠶ ᠶᠢᠨ ᠲᠥᠷᠥᠯ ᠵᠦᠶᠯ ᠢ ᠲᠤᠰᠢᠶᠠᠨ | ᠥᠭᠴᠦ ᠬᠡᠷᠡᠭᠯᠡᠭᠦᠯᠦᠭᠰᠡᠨ ᠡᠳᠦᠷ ᠠᠴᠠ ᠡᠬᠢᠯᠡᠨ ᠪᠣᠳᠤᠵᠤ ᠬᠠᠮᠤᠭ ᠤᠨ ᠣᠷᠳᠣ ᠳᠤ ᠪᠠᠨ ᠬᠤᠶᠠᠷ ᠵᠢᠯ ᠠᠴᠠ ᠬᠡᠲᠦᠷᠡᠭᠦᠯᠵᠦ ᠪᠣᠯᠬᠤ ᠥᠬᠡᠶ︔ ᠰᠢᠨ᠎ᠡ ᠪᠠᠷ | ᠪᠠᠶᠢᠭᠤᠯᠬᠤ ᠣᠷᠣᠨ ᠰᠠᠭᠤᠴᠠ ᠶᠢ ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠳᠤ ᠠᠳᠠᠯ ᠠᠬᠤᠶ ᠶᠢᠨ ᠦᠶᠯᠡᠴᠢᠯᠡᠭᠡᠨ ᠳᠤ ᠬᠡᠷᠡᠭᠯᠡᠬᠦ | ᠬᠡᠷ ᠪᠠᠶᠢᠰᠢᠩ ᠢ ᠬᠠᠷᠠᠬᠠᠨ ᠲᠤᠰᠢᠶᠠᠵᠤ ᠥᠭᠭᠦᠭᠡᠳᠦᠢ ᠪᠣᠯ᠂ ᠪᠥᠲᠥᠭᠡᠨ ᠪᠠᠶᠢᠭᠤᠯᠤᠭᠰᠠᠨ ᠨᠢᠭᠡᠴᠡ ᠨᠢ ᠵᠠᠭᠤᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ | ᠲᠠᠯᠠᠪᠠᠢ ᠲᠠᠢ ᠠᠳᠠᠯ ᠠᠬᠤᠶ ᠶᠢᠨ ᠦᠶᠯᠡᠴᠢᠯᠡᠭᠡᠨ ᠳᠤ ᠬᠡᠷᠡᠭᠯᠡᠬᠦ ᠲᠦᠷ ᠴᠠᠭ ᠤᠨ ᠬᠡᠷ ᠪᠠᠶᠢᠰᠢᠩ ᠬᠠᠩᠭᠠᠬᠤ ᠬᠡᠷᠡᠭᠲᠡᠶ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠥᠲᠥᠭᠡᠨ ᠪᠠᠶᠢᠭᠤᠯᠬᠤ | ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠦᠶᠡᠰ᠂ ᠵᠥᠪᠰᠢᠶᠡᠷᠡᠯ ᠤᠨ ᠦᠨᠡᠮᠯᠡᠯ ᠵᠢᠴᠢ ᠳᠠᠭᠠᠯᠳᠤᠭᠤᠯᠤᠯ ᠵᠢᠷᠤᠭ | ᠳᠡᠭᠡᠷ᠎ᠡ ᠲᠥᠬᠦᠷᠵᠢᠭᠦᠯᠦᠨ ᠪᠥᠲᠥᠭᠡᠨ ᠪᠠᠶᠢᠭᠤᠯᠬᠤ ᠠᠳᠠᠯ ᠠᠬᠤᠶ ᠶᠢᠨ ᠦᠶᠯᠡᠴᠢᠯᠡᠭᠡᠨ ᠳᠤ ᠬᠡᠷᠡᠭᠯᠡᠬᠦ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠪᠠ ᠣᠷᠣᠨ ᠪᠠᠶᠢᠷᠢ | ᠶᠢ ᠲᠣᠳᠣᠷᠬᠠᠶᠢᠯᠠᠬᠤ ᠬᠡᠷᠡᠭᠲᠡᠶ︔ ᠠᠳᠠᠯ ᠠᠬᠤᠢ ᠶᠢᠨ ᠵᠠᠰᠠᠬᠤ ᠶᠢ ᠪᠠᠲᠤᠯᠠᠬᠤ ᠬᠤᠭᠤᠴᠠᠭ᠎ᠠ ᠪᠠ ᠬᠡᠪᠴᠢᠶᠡᠨ ᠳᠤ ᠶᠠᠰᠤ ᠴᠢᠨᠠᠷ ᠤᠨ ᠠᠰᠠᠭᠤᠳᠠᠯ ᠭᠠᠷᠪᠠᠯ᠂ ᠠᠳᠠᠯ | ᠠᠬᠤᠢ ᠶᠢᠨ ᠦᠶᠯᠡᠴᠢᠯᠡᠭᠡᠨ ᠤ ᠬᠦᠮᠦᠰ ᠪᠦᠲᠦᠭᠡᠨ ᠪᠠᠶᠢᠭᠤᠯᠤᠭᠰᠠᠨ ᠨᠢᠭᠡᠴᠡ ᠳᠤ ᠳᠠᠷᠤᠶᠢᠬᠠᠨ ᠮᠡᠳᠡᠭᠳᠡᠵᠦ᠂ ᠪᠦᠲᠦᠭᠡᠨ ᠪᠠᠶᠢᠭᠤᠯᠤᠭᠰᠠᠨ ᠨᠢᠭᠡᠴᠡ ᠶᠢ ᠰᠢᠮᠳᠠᠭᠤᠯᠵᠤ | ᠪᠠᠶᠢᠭᠠᠳ ᠴᠠᠭ ᠲᠤᠬᠠᠶ ᠳᠤ ᠨᠢ ᠰᠡᠯᠪᠢᠨ ᠵᠠᠰᠠᠭᠤᠯᠬᠤ ᠬᠡᠷᠡᠭᠲᠡᠢ᠃ | ᠲᠦᠷᠪᠡ ᠳᠤ ᠭᠡᠷ ᠪᠠᠶᠢᠰᠢᠩ ᠢ ᠵᠠᠰᠠᠵᠤ ᠴᠢᠮᠡᠭᠯᠡᠬᠦ ᠲᠤᠬᠠᠢ᠃ ᠵᠠᠰᠠᠯ ᠴᠢᠮᠡᠭᠯᠡᠯ ᠤᠨ ᠠᠵᠢᠯ ᠥᠷᠭᠡᠨ ᠣᠯᠠᠨ ᠥᠮᠴᠢᠲᠠᠳ ᠤᠨ ᠡᠳᠦᠷ ᠲᠣᠳᠣᠮ ᠤᠨ ᠠᠮᠢᠳᠤᠷᠠᠯ | ᠲᠠᠢ ᠨᠢᠭᠲᠠ ᠬᠤᠯᠪᠣᠭ᠎ᠠ ᠲᠠᠢ᠂ ᠵᠢᠷᠤᠮᠵᠢᠯ ᠦᠭᠡᠢ ᠵᠠᠰᠠᠯ ᠴᠢᠮᠡᠭᠯᠡᠯ ᠤᠨ ᠠᠵᠢᠯᠯᠠᠭ᠎ᠠ ᠨᠢ ᠥᠮᠴᠢᠲᠠᠳ ᠤᠨ ᠬᠠᠮᠲᠤ ᠪᠠᠷ ᠥᠮᠴᠢᠯᠡᠬᠦ ᠪᠡᠯᠡᠳᠬᠡᠮᠵᠢ ᠲᠥᠬᠦᠭᠡᠷᠦᠮᠵᠢ ᠶᠢ | ᠡᠪᠳᠡᠬᠦ᠂ ᠥᠮᠴᠢᠲᠠᠳ ᠤᠨ ᠬᠠᠮᠲᠤ ᠪᠠᠷ ᠬᠡᠷᠡᠭᠯᠡᠬᠦ ᠭᠠᠵᠠᠷ ᠢ ᠡᠪᠳᠡᠬᠦ ᠵᠡᠷᠭᠡ ᠲᠠᠯᠳᠠ ᠭᠡᠮ ᠤᠳ ᠲᠠᠢ ᠪᠤᠶᠤ ᠥᠮᠴᠢᠲᠠᠳ ᠤᠨ ᠬᠡᠪ ᠤᠨ ᠠᠮᠢᠳᠤᠷᠠᠯ ᠪᠠ ᠠᠮᠢᠳᠤᠷᠠᠯ | ᠤᠨ ᠣᠷᠴᠢᠨ ᠨᠥᠬᠦᠴᠡᠯ ᠢ ᠨᠥᠯᠥᠭᠡᠯᠡᠬᠦ᠂ ᠴᠢᠨᠠᠭᠰᠢᠯᠠᠪᠠᠯ ᠪᠠᠰᠠ ᠭᠡᠷ ᠪᠠᠶᠢᠰᠢᠩ ᠤᠨ ᠠᠮᠤᠷ ᠲᠦᠪᠰᠢᠨ ᠪᠠ ᠥᠮᠴᠢᠲᠠᠳ ᠤᠨ ᠠᠮᠢ ᠨᠠᠰᠤ ᠡᠳ᠋ ᠭᠦᠷᠦᠩᠭᠡ ᠶᠢᠨ | ᠠᠮᠤᠷ ᠲᠦᠪᠰᠢᠨ ᠢ ᠰᠦᠷᠳᠡᠭᠦᠯᠳᠡᠭ᠃ ᠰᠢᠨ᠎ᠡ ︽ᠲᠦᠷᠢᠮ︾ ᠳᠤ ᠳᠡᠭᠡᠷᠡᠬᠢ ᠠᠰᠠᠭᠤᠳᠠᠯ ᠤᠳ ᠲᠤ ᠴᠢᠭᠯᠡᠭᠦᠯᠦᠨ᠂ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ | ᠭᠡᠷ ᠪᠠᠶᠢᠰᠢᠩ ᠢᠶᠠᠨ ᠵᠠᠰᠠᠵᠤ ᠴᠢᠮᠡᠭᠯᠡᠬᠦ ᠳᠤ ᠪᠠᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶᠠᠷᠤᠯᠲᠠ ᠶᠢᠨ ᠭᠡᠷ᠎ᠡ ᠪᠤᠶᠤ ᠲᠦᠷ ᠴᠠᠭ ᠤᠨ ᠬᠠᠮᠢᠶᠠᠷᠤᠯᠲᠠ | ᠶᠢᠨ ᠭᠡᠷ᠎ᠡ ᠶᠢ ᠵᠢᠷᠤᠮᠯᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠦᠮᠦᠰ ᠲᠤ ᠤᠷᠢᠳᠠᠪᠠᠷ ᠮᠡᠳᠡᠭᠳᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠬᠦᠮᠦᠰ ᠤᠨ | ᠰᠠᠨᠠᠭᠤᠯᠤᠭᠰᠠᠨ ᠵᠦᠢ ᠵᠣᠬᠢᠰᠲᠠᠢ ᠠᠩᠬᠠᠷᠬᠤ ᠵᠦᠢᠯᠡᠰ ᠢ ᠵᠢᠷᠤᠮᠯᠠᠬᠤ ᠶᠢᠨ ᠬᠠᠮᠲᠤ ᠲᠡᠳᠡᠨ ᠲᠠᠢ ᠬᠠᠮᠵᠢᠯᠴᠠᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠬᠦ | ᠬᠡᠷᠡᠭᠲᠡᠢ᠃ ᠠᠳᠠᠯ ᠠᠬᠤᠶ ᠶᠢᠨ ᠦᠢᠯᠡᠴᠢᠯᠡᠭᠡᠨ ᠤ ᠬᠥᠮᠦᠰ ᠲᠤᠬᠠᠶ ᠶᠢᠨ ᠲᠠᠯᠠᠪᠠᠶ ᠶᠢ ᠲᠣᠭᠤᠷᠢᠨ ᠪᠠᠶᠢᠴᠠᠭᠠᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠳᠡᠭᠡᠷ᠎ᠡ ᠳᠤᠷᠠᠳᠤᠭᠰᠠᠨ ᠠᠰᠠᠭᠤᠳᠠᠯ ᠤᠳ ᠢ ᠣᠯᠵᠤ ᠮᠡᠳᠡᠪᠡᠯ᠂ ᠴᠠᠭ ᠲᠤᠬᠠᠶ ᠳᠤ ᠨᠢ ᠢᠳᠬᠠᠨ ᠬᠤᠷᠢᠭᠯᠠᠨ ᠵᠣᠭᠰᠣᠭᠠᠬᠤ ᠬᠡᠷᠡᠭᠲᠡᠶ︔ ᠢᠳᠬᠠᠨ ᠬᠤᠷᠢᠭᠯᠠᠭᠠᠳ | ᠵᠣᠭᠰᠤᠭᠠᠵᠤ ᠡᠰᠡ ᠴᠢᠳᠠᠭᠰᠠᠨ ᠪᠠᠶᠢᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠮᠴᠢᠲᠠᠳ ᠤᠨ ᠺᠣᠮᠢᠰ ᠲᠤ | ᠳᠠᠷᠤᠶᠢᠬᠠᠨ ᠮᠡᠳᠡᠭᠦᠯᠬᠦ ᠬᠡᠷᠡᠭᠲᠡᠢ ᠭᠡᠵᠦ᠃ | ᠲᠠᠪᠤ ᠳᠤ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠤ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠲᠤᠬᠠᠶ᠃ | ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠬᠠᠮᠢᠶ᠎ᠠ ᠪᠦᠬᠦᠢ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ | ᠬᠤᠭᠤᠯᠠᠶ ᠤᠲᠠᠰᠤ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠪᠠ ᠰᠢᠨᠡᠳᠬᠡᠬᠦ ᠶᠠᠪᠤᠴᠠ ᠳᠤᠮᠳᠠ ᠠᠳᠠᠯ ᠠᠬᠤᠢ ᠶᠢᠨ ᠦᠶᠯᠡᠴᠢᠯᠡᠭᠡᠨ ᠤ ᠬᠥᠮᠦᠨ ᠪᠠ ᠤᠰᠤ᠂ | ᠴᠠᠬᠢᠯᠭᠠᠨ᠂ ᠢᠯᠴᠢ᠂ ᠰᠢᠲᠠᠮᠠᠬᠠᠢ ᠬᠡᠢ ᠬᠠᠩᠭᠠᠬᠤ ᠵᠡᠷᠭᠡ ᠨᠢᠭᠡᠴᠡ ᠶᠢᠨ ᠬᠠᠷᠢᠭᠤᠴᠠᠯᠭ᠎ᠠ ᠲᠣᠳᠣᠷᠬᠠᠶ ᠦᠭᠡᠢ᠂ ᠬᠠᠷᠢᠯᠴᠠᠨ ᠲᠦᠯᠬᠢᠯᠴᠡᠬᠦ ᠵᠡᠷᠭᠡ ᠠᠰᠠᠭᠤᠳᠠᠯ ᠤᠳ ᠲᠤ | ᠴᠢᠭᠯᠡᠭᠦᠯᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠠᠮᠵᠢᠯᠠᠨ ᠲᠠᠷᠬᠠᠭᠠᠭᠰᠠᠨ ︽ᠬᠤᠲᠠ ᠪᠠᠯᠭᠠᠰᠤᠨ ᠤ ᠤᠰᠤ ᠴᠠᠬᠢᠯᠭᠠᠨ ᠰᠢᠲᠠᠮᠠᠬᠠᠶ | ᠬᠡᠶ ᠳᠤᠯᠠᠭᠠᠯᠠᠭ᠎ᠠ ᠬᠠᠩᠭᠠᠬᠤ ᠠᠵᠢᠯ ᠲᠥᠷᠥᠯ ᠤᠨ ᠰᠦᠶᠳᠬᠡᠯ ᠬᠤᠷᠢᠶᠠᠬᠤ ᠶᠢ ᠴᠡᠭᠴᠡᠯᠡᠨ ᠵᠢᠷᠤᠮᠵᠢᠭᠤᠯᠵᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠣᠷᠣᠨ ᠰᠠᠭᠤᠴᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ | ᠰᠠᠨᠠᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠡᠰᠡᠭ ᠮᠤᠵᠢ ᠬᠤᠳᠠ ᠶᠢᠨ ᠬᠠᠤᠯᠢ ᠲᠣᠭᠲᠠᠭᠠᠭᠰᠠᠨ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠰᠢᠨ᠎ᠡ ︽ᠳᠦᠷᠢᠮ︾ | ᠳᠤ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠤ ᠤᠰᠤ᠂ ᠴᠠᠬᠢᠯᠭᠠᠨ᠂ ᠢᠯᠴᠢ᠂ ᠰᠢᠲᠠᠮᠠᠬᠠᠢ ᠬᠡᠢ ᠵᠡᠷᠭᠡ ᠶᠢ ᠬᠠᠩᠭᠠᠬᠤ ᠨᠢᠭᠡᠴᠡ ᠨᠦᠭᠦᠳ ᠤᠨ ᠲᠤᠰᠬᠠᠶ | ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠶ ᠤᠲᠠᠰᠤ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠬᠠᠤᠯᠢ | ᠲᠣᠭᠲᠠᠭᠠᠯ ᠶᠣᠰᠣᠭᠠᠷ ᠲᠤᠰᠬᠠᠶ ᠡᠵᠡᠩᠨᠡᠯᠲᠡ ᠶᠢᠨ ᠨᠢᠭᠡᠴᠡ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠬᠡᠷᠡᠭᠲᠡᠶ᠂ ᠲᠡᠷᠡᠴᠢᠯᠡᠨ ᠡᠷᠦᠬᠡᠴᠢᠯᠡᠨ ᠬᠤᠪᠢᠶᠠᠭᠰᠠᠨ | ᠦᠵᠦᠭᠦᠷ ᠬᠡᠮᠵᠢᠯᠲᠡ ᠶᠢᠨ ᠲᠣᠨᠣᠭᠯᠠᠯ ᠵᠢᠴᠢ ᠲᠡᠭᠦᠨ ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠪᠤᠶᠤ ᠡᠷᠦᠬᠡ ᠳᠤ ᠣᠷᠣᠭᠤᠯᠬᠤ ᠵᠠᠯᠭᠠᠭᠠᠰᠤ ᠠᠴᠠ ᠪᠤᠰᠤᠳ | ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠠᠵᠢᠯ ᠢ ᠬᠠᠷᠢᠭᠤᠴᠠᠭᠤᠯᠬᠤ ᠶᠢᠨ ᠬᠠᠮᠲᠤ ᠬᠠᠮᠢᠶ᠎ᠠ ᠪᠦᠬᠦᠢ ᠵᠠᠷᠤᠳᠠᠯ ᠢ ᠨᠢ | ᠡᠭᠦᠷᠭᠡᠯᠡᠭᠦᠯᠬᠦ ᠬᠡᠷᠡᠭᠲᠡᠢ ᠭᠡᠵᠦ ᠲᠣᠭᠲᠠᠭᠠᠵᠠᠶ᠃ | ᠵᠢᠷᠭᠤᠭ᠎ᠠ ᠳᠤ ᠬᠠᠤᠯᠢ ᠶᠢᠨ ᠬᠠᠷᠢᠭᠤᠴᠠᠯᠭ᠎ᠠ ᠶᠢᠨ ᠲᠤᠬᠠᠢ᠃ ᠰᠢᠨ᠎ᠡ ︽ᠲᠦᠷᠢᠮ︾ ᠳᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠲᠥᠷᠥᠯ ᠢ ᠡᠷᠡᠭᠦᠯ | ᠪᠥᠭᠡᠳ ᠲᠣᠭᠲᠠᠭᠤᠨ ᠢᠶᠠᠷ ᠬᠦᠭᠵᠢᠭᠦᠯᠬᠦ ᠲᠤᠬᠠᠶ ᠭᠤᠤᠯᠳᠠᠯᠭ᠎ᠠ ᠲᠠᠢ ᠠᠰᠠᠭᠤᠳᠠᠯ ᠤᠳ ᠲᠤ ᠴᠢᠭᠯᠡᠭᠦᠯᠦᠨ᠂ ᠬᠠᠮᠢᠶ᠎ᠠ ᠪᠦᠬᠦᠢ ᠲᠣᠷᠭᠠᠭᠤᠯᠢ ᠰᠢᠢᠳᠬᠡᠯ ᠤᠨ ᠲᠦᠷᠢᠮ ᠢ | ᠲᠣᠭᠲᠠᠭᠠᠪᠠ᠂ ᠡᠭᠦᠨ ᠳᠤ ᠭᠤᠣᠯᠴᠠᠭᠤ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ᠂ ᠠᠳᠠᠯ ᠠᠬᠤᠶ ᠶᠢᠨ | ᠡᠮᠦᠨᠡᠬᠢ ᠬᠤᠭᠤᠴᠠᠭᠠᠨ ᠤ ᠦᠶᠯᠡᠴᠢᠯᠡᠭᠡᠨ ᠤ ᠭᠡᠷ᠎ᠡ᠂ ᠲᠦᠷ ᠴᠠᠭ ᠤᠨ ᠬᠠᠮᠢᠶᠠᠷᠤᠯᠲᠠ ᠶᠢᠨ ᠭᠡᠷ᠎ᠡ ᠶᠢ ᠳᠠᠩᠰᠠᠯᠠᠭᠤᠯᠬᠤ ᠪᠠ ᠵᠠᠰᠠᠯᠲᠠ ᠰᠡᠯᠪᠢᠯᠲᠡ ᠬᠢᠬᠦ ᠶᠢ ᠪᠠᠲᠤᠯᠠᠬᠤ | ᠡᠭᠦᠷᠭᠡ ᠬᠠᠷᠢᠭᠤᠴᠠᠯᠭ᠎ᠠ ᠶᠢᠨ ᠲᠣᠷᠭᠠᠭᠤᠯᠢ ᠶᠢᠨ ᠲᠦᠷᠢᠮ︔ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠤᠨ ᠦᠶᠯᠡᠴᠢᠯᠡᠭᠡᠨ ᠤ ᠭᠡᠷ᠎ᠡ᠂ ᠠᠳᠠᠯ ᠠᠬᠤᠶ | ᠶᠢᠨ ᠲᠥᠷᠥᠯ ᠵᠦᠶᠯ ᠢ ᠲᠤᠰᠢᠶᠠᠬᠤ ᠪᠠ ᠭᠥᠯᠢᠶᠡᠨ ᠠᠪᠬᠤ ᠶᠢ ᠪᠦᠷᠢᠳᠬᠡᠨ ᠳᠠᠩᠰᠠᠯᠠᠬᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠠᠳᠠᠯ ᠠᠬᠤᠶ ᠶᠢᠨ ᠬᠠᠮᠢᠶᠠᠷᠤᠯᠲᠠ | ᠶᠢᠨ ᠣᠷᠣᠨ ᠪᠦᠰᠡ ᠠᠴᠠ ᠳᠤᠷ᠎ᠠ ᠪᠠᠷ ᠢᠶᠠᠨ ᠰᠠᠯᠵᠤ ᠭᠠᠷᠬᠤ᠂ ᠠᠳᠠᠯ ᠠᠬᠤᠶ ᠶᠢᠨ ᠦᠶᠯᠡᠴᠢᠯᠡᠭᠡ ᠪᠠᠨ ᠵᠣᠭᠰᠣᠭᠠᠬᠤ᠂ ᠥᠮᠴᠢᠲᠡᠨ ᠠᠳᠠᠯ ᠠᠬᠤᠶ ᠶᠢᠨ | ᠦᠶᠯᠡᠴᠢᠯᠡᠭᠡᠨ ᠤ ᠰᠦᠶᠳᠬᠡᠯ ᠢ ᠦᠯᠦ ᠲᠤᠰᠢᠶᠠᠭᠰᠠᠨ ᠵᠡᠷᠭᠡ ᠪᠠᠷ ᠰᠢᠯᠲᠠᠭ ᠪᠣᠯᠭᠠᠵᠤ ᠲᠤᠰᠢᠶᠠᠬᠤ ᠪᠠ ᠭᠥᠯᠢᠶᠡᠨ ᠠᠪᠬᠤ ᠶᠢ ᠲᠡᠪᠴᠢᠬᠦ᠂ ᠰᠢᠨ᠎ᠡ ᠪᠠᠷ ᠰᠣᠩᠭᠤᠭᠳᠠᠨ | ᠤᠷᠢᠭᠰᠠᠨ ᠠᠳᠠᠯ ᠠᠬᠤᠶ ᠶᠢᠨ ᠦᠶᠯᠡᠴᠢᠯᠡᠭᠡᠨ ᠤ ᠬᠥᠮᠦᠨ ᠤ ᠦᠶᠯᠡᠴᠢᠯᠡᠬᠦ ᠶᠢ ᠬᠤᠷᠢᠭᠯᠠᠬᠤ ᠲᠣᠷᠭᠠᠭᠤᠯᠢ ᠶᠢᠨ ᠲᠦᠷᠢᠮ︔ ᠤᠰᠤ᠂ ᠴᠠᠬᠢᠯᠭᠠᠨ᠂ ᠢᠯᠴᠢ᠂ | ᠰᠢᠲᠠᠮᠠᠬᠠᠢ ᠬᠡᠢ ᠬᠠᠩᠭᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ ᠵᠡᠷᠭᠡ ᠨᠢᠭᠡᠴᠡ ᠨᠦᠭᠦᠳ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ | ᠬᠠᠮᠢᠶ᠎ᠠ ᠪᠦᠬᠦᠢ ᠬᠤᠭᠤᠯᠠᠶ ᠤᠲᠠᠰᠤ ᠶᠢ ᠬᠦᠯᠢᠶᠡᠨ ᠠᠪᠬᠤ ᠶᠢ ᠲᠡᠪᠴᠢᠬᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠤ ᠬᠠᠮᠢᠶ᠎ᠠ ᠪᠦᠬᠦᠢ ᠪᠡᠯᠡᠳᠬᠡᠮᠵᠢ | ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠪᠤᠶᠤ ᠰᠢᠨᠡᠳᠬᠡᠬᠦ ᠶᠢ ᠲᠡᠪᠴᠢᠬᠦ ᠬᠠᠷᠢᠭᠤᠴᠠᠯᠭ᠎ᠠ ᠶᠢᠨ ᠲᠣᠷᠭᠠᠭᠤᠯᠢ ᠶᠢᠨ ᠳᠦᠷᠢᠮ ᠵᠡᠷᠭᠡ ᠪᠤᠢ︔ | ᠲᠣᠷᠭᠠᠭᠤᠯᠢ ᠶᠢᠨ ᠳᠦᠷᠢᠮ ᠨᠢ ᠵᠢᠷᠤᠮᠵᠢᠭᠤᠯᠬᠤ ᠪᠠᠷ ᠭᠤᠣᠯ ᠪᠣᠯᠭᠠᠵᠤ᠂ ᠰᠢᠢᠳᠬᠡᠬᠦ ᠪᠠᠷ ᠬᠠᠪᠰᠤᠷᠤᠮᠵᠢ ᠪᠣᠯᠭᠠᠨ᠎ᠠ᠃ ᠡᠭᠦᠨ ᠤ ᠬᠠᠮᠲᠤ ᠲᠣᠷᠭᠠᠬᠤ ᠭᠤᠣᠯ ᠴᠣᠭᠴᠠ᠂ | ᠬᠠᠤᠯᠢ ᠬᠡᠷᠡᠭᠵᠢᠭᠦᠯᠬᠦ ᠭᠤᠣᠯ ᠴᠣᠭᠴᠠ᠂ ᠲᠣᠷᠭᠠᠭᠤᠯᠢ ᠶᠢᠨ ᠵᠣᠭᠤᠰ ᠤᠨ ᠲᠤᠭ᠎ᠠ᠂ ᠳᠥᠯᠥᠬᠦ ᠬᠠᠷᠢᠭᠤᠴᠠᠯᠭ᠎ᠠ ᠵᠢᠴᠢ ᠠᠳᠠᠯ ᠠᠬᠤᠶ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ | ᠠᠵᠢᠯᠲᠠᠳ ᠤᠨ ᠲᠣᠭᠲᠠᠭᠠᠯ ᠢ ᠵᠥᠷᠢᠴᠡᠭᠰᠡᠨ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠰᠢᠨ᠎ᠡ ︽ᠲᠦᠷᠢᠮ︾ ᠢ ᠤᠬᠠᠭᠤᠯᠤᠨ ᠲᠤᠭᠤᠰᠢᠯᠠᠭᠤᠯᠵᠤ ᠬᠡᠷᠡᠭᠵᠢᠭᠦᠯᠬᠦ ᠠᠵᠢᠯ ᠢ ᠠᠬᠢᠭᠤᠯᠬᠤ ᠶᠢᠨ ᠬᠠᠮᠲᠤ ᠬᠤᠶᠢᠰᠢᠳᠠ | ᠶᠢᠨ ᠢᠵᠢ ᠪᠦᠷᠢᠳᠦᠭᠦᠯᠦᠭᠰᠡᠨ ᠲᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠵᠢ ᠪᠥᠷᠢᠳᠦᠭᠦᠯᠬᠦ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ᠂ | ᠠᠳᠠᠯ ᠠᠬᠤᠶ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠦᠨ᠂ ᠠᠳᠠᠯ ᠠᠬᠤᠶ ᠶᠢᠨ ᠦᠶᠯᠡᠴᠢᠯᠡᠭᠡᠨ ᠤ | ᠳᠦᠷᠢᠮᠵᠢᠭᠦᠯᠦᠯᠲᠡ᠂ ᠬᠠᠤᠯᠢᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠣᠷᠣᠨ ᠤ ᠠᠳᠠᠯ | ᠠᠬᠤᠶ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠤᠬᠠᠶ | ᠰᠣᠨᠢᠨ ᠮᠡᠳᠡᠭᠡ ᠨᠡᠶᠢᠲᠡᠯᠡᠬᠦ ᠵᠤᠷᠰᠢᠯᠲᠤ ᠬᠤᠷᠠᠯ ᠳᠡᠭᠡᠷᠡᠬᠢ ᠠᠰᠠᠭᠤᠯᠲᠠ ᠬᠠᠷᠢᠭᠤᠯᠲᠠ ᠨᠤᠭᠤᠳ | ᠥᠪᠥᠷ ᠮᠣᠩᠭᠤᠯ ᠤᠨ ᠬᠠᠤᠯᠢ ᠲᠦᠷᠢᠮ ᠤᠨ ᠰᠣᠨᠢᠨ ᠤ ᠰᠤᠷᠪᠤᠯᠵᠢᠯᠠᠭᠴᠢ᠄ ᠪᠢ ᠵᠠᠰᠠᠪᠤᠷᠢ ᠣᠷᠣᠭᠤᠯᠬᠤ ᠠᠴᠠ ᠡᠮᠦᠨ᠎ᠡ ᠬᠤᠶᠢᠨᠠᠬᠢ ᠲᠦᠷᠢᠮ ᠤᠨ | ᠠᠭᠤᠯᠭ᠎ᠠ ᠶᠢ ᠬᠠᠷᠢᠴᠠᠭᠤᠯᠤᠭᠠᠳ ᠡᠨᠡ ᠤᠳᠠᠭ᠎ᠠ ᠶᠢᠨ ᠵᠠᠰᠠᠪᠤᠷᠢ ᠣᠷᠣᠭᠤᠯᠤᠭᠰᠠᠨ ᠲᠦᠷᠢᠮ ᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠠᠯ᠎ᠠ ᠪᠠᠷ ᠡᠳᠦᠶ | ᠲᠡᠳᠦᠶ ᠨᠡᠮᠡᠭᠳᠡᠭᠰᠡᠨ ᠪᠥᠭᠡᠳ ᠨᠠᠩ ᠬᠠᠨᠳᠤᠯᠭᠠᠲᠤ ᠴᠢᠨᠠᠷᠲᠠᠶ ᠪᠠᠶᠢᠬᠤ ᠶᠢ ᠣᠯᠵᠤ ᠮᠡᠳᠡᠵᠡᠶ᠂ ᠡᠨᠡ ᠲᠠᠯ᠎ᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ᠶᠤᠸᠠᠨ ᠮᠧᠶ᠄ ᠰᠠᠶᠢᠨ ᠤᠤ᠂ ᠲᠠᠨ ᠤ ᠳᠤᠷᠠᠳᠤᠭᠰᠠᠨ ᠠᠰᠠᠭᠤᠯᠲᠠ ᠮᠠᠰᠢ ᠴᠢᠬᠤᠯᠠ᠂ ᠳᠦᠷᠢᠮ ᠲᠣᠭᠲᠠᠭᠠᠯ ᠤᠨ ᠵᠢᠷᠤᠮᠵᠢᠯᠠᠯ ᠤᠨ ᠲᠠᠯ᠎ᠠ ᠪᠠᠷ ᠴᠤ ᠲᠡᠷᠡ᠂ | ᠠᠮᠢᠳᠤᠷᠠᠯ ᠤᠨ ᠦᠢᠯᠡᠳᠦᠯᠭᠡ ᠶᠢᠨ ᠲᠠᠯ᠎ᠠ ᠪᠠᠷ ᠴᠤ ᠲᠡᠷᠡ ᠴᠥᠮ ᠤᠯᠠᠨ ᠤ ᠠᠩᠬᠠᠷᠤᠯ ᠢ ᠲᠠᠲᠠᠵᠤ ᠪᠤᠢ᠂ ᠲᠠᠨ ᠤ ᠠᠰᠠᠭᠤᠯᠲᠠ ᠳᠤ ᠬᠢᠯᠠᠶᠢᠯᠠ᠃ | ᠲᠤᠰ ᠤᠳᠠᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠲᠦᠷᠢᠮ︾ ᠳᠤ ᠵᠠᠰᠠᠪᠤᠷᠢ ᠣᠷᠣᠭᠤᠯᠬᠤ ᠳᠤ ᠪᠠᠨ ᠬᠠᠤᠯᠢ | ᠶᠢᠨ ᠬᠠᠷᠢᠭᠤᠴᠠᠯᠭ᠎ᠠ ᠶᠢᠨ ᠲᠠᠯ᠎ᠠ ᠪᠠᠷ ᠨᠡᠶᠢᠲᠡ 3 ᠵᠦᠶᠯ ᠢ ᠨᠡᠮᠡᠪᠡ᠄ ᠳᠠᠯᠠᠨ ᠳᠥᠷᠪᠡᠳᠦᠭᠡᠷ ᠵᠦᠶᠯ᠂ ᠳᠠᠯᠠᠨ ᠲᠠᠪᠤᠳᠤᠭᠠᠷ ᠵᠦᠶᠯ᠂ ᠳᠠᠯ᠎ᠠ ᠶᠢᠰᠦᠳᠦᠭᠡᠷ ᠵᠦᠶᠯ | ᠪᠣᠯᠤᠨ᠎ᠠ᠃ ᠡᠭᠦᠨ ᠳᠤ ᠳᠠᠯ᠎ᠠ ᠶᠢᠰᠦᠳᠦᠭᠡᠷ ᠵᠦᠶᠯ ᠳᠤ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠶ ᠶᠢᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠷᠡᠭᠵᠢᠭᠦᠯᠬᠦ ᠲᠣᠷᠭᠠᠭᠤᠯᠢ ᠶᠢᠨ ᠡᠷᠬᠡ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠵᠡᠭᠡᠯᠢ ᠭᠤᠳᠤᠮᠵᠢ | ᠶᠢᠨ ᠬᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠲᠣᠷᠭᠠᠭᠤᠯᠢ ᠶᠢᠨ ᠡᠷᠬᠡ ᠶᠢ ᠬᠠᠷᠢᠴᠠᠩᠭᠤᠶ ᠪᠠᠷ | ᠲᠥᠪᠯᠡᠷᠡᠭᠦᠯᠦᠨ ᠲᠥᠷᠥᠯ ᠵᠦᠶᠯ ᠳᠤ ᠣᠷᠣᠭᠤᠯᠤᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠳᠤ ᠬᠦᠷᠪᠡᠯ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ | ᠭᠡᠵᠦ ᠳᠤᠷᠠᠳᠤᠭᠰᠠᠨ ᠶᠠᠪᠤᠳᠠᠯ ᠪᠣᠯ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠭᠰᠠᠨ ᠨᠢᠭᠡᠨ ᠵᠣᠯᠭᠠᠯᠳᠤᠭᠤᠯᠬᠤ ᠴᠢᠨᠠᠷᠲᠠᠢ ᠵᠤᠷᠪᠤᠰ ᠶᠤᠮ᠃ | ᠭᠤᠣᠯᠳᠠᠯᠭ᠎ᠠ ᠨᠢ ᠳᠠᠯᠠᠨ ᠳᠥᠷᠪᠡᠳᠦᠭᠡᠷ ᠵᠦᠢᠯ᠂ ᠳᠠᠯᠠᠨ ᠲᠠᠪᠤᠳᠤᠭᠠᠷ ᠵᠦᠢᠯ ᠪᠣᠯᠤᠨ᠎ᠠ᠃ | ᠳᠠᠯᠠᠨ ᠳᠥᠷᠪᠡᠳᠦᠭᠡᠷ ᠵᠦᠶᠯ ᠪᠥᠲᠥᠭᠡᠨ ᠪᠠᠶᠢᠭᠤᠯᠬᠤ ᠨᠢᠭᠡᠴᠡ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠳᠤᠮᠳᠠᠬᠢ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠰᠢᠢᠳᠬᠡᠨ ᠲᠣᠷᠭᠠᠬᠤ ᠳᠤ ᠬᠠᠤᠯᠢ ᠬᠡᠷᠡᠭᠵᠢᠭᠦᠯᠬᠦ ᠭᠤᠤᠯ ᠴᠣᠭᠴᠠ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠳᠠᠯ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠳᠦᠯᠭᠡ | ᠳᠤᠮᠳᠠ ᠲᠤᠯᠭᠠᠷᠠᠳᠠᠭ ᠬᠦᠴᠢᠷᠲᠡᠢ᠂ ᠬᠠᠯᠠᠮᠰᠢᠯ ᠠᠰᠠᠭᠤᠳᠠᠯ ᠤᠳ ᠲᠠᠢ ᠤᠶᠠᠯᠳᠤᠭᠤᠯᠤᠨ᠂ ᠲᠤᠰ ᠵᠣᠷᠪᠤᠰ ᠢ ᠬᠤᠶᠠᠷ ᠲᠥᠷᠦᠯ ᠬᠤᠪᠢᠶᠠᠨ ᠪᠦᠳᠦᠭᠡᠨ ᠪᠠᠶᠢᠭᠤᠯᠤᠯᠲᠠ | ᠶᠢᠨ ᠨᠢᠭᠡᠴᠡ ᠶᠢᠨ ᠬᠠᠤᠯᠢ ᠵᠥᠷᠢᠴᠡᠭᠰᠡᠨ ᠬᠤᠶᠠᠷ ᠵᠦᠢᠯ ᠤᠨ ᠲᠦᠷᠪᠡᠨ ᠠᠵᠢᠯᠯᠠᠭ᠎ᠠ ᠶᠢ ᠲᠣᠷᠭᠠᠬᠤ ᠪᠣᠯᠪᠠ᠃ ᠡᠭᠦᠨ ᠳᠤ ᠨᠢᠭᠡᠳᠦᠭᠡᠷ ᠵᠦᠶᠯ ᠤᠨ ᠦᠶᠯᠡ | ᠠᠵᠢᠯᠯᠠᠭ᠎ᠠ ᠭᠡᠳᠡᠭ ᠨᠢ ᠪᠥᠲᠥᠭᠡᠨ ᠪᠠᠶᠢᠭᠤᠯᠬᠤ ᠨᠢᠭᠡᠴᠡ ᠲᠦᠷᠢᠮ ᠤᠨ ᠠᠷᠪᠠᠨ ᠲᠠᠪᠤᠳᠤᠭᠠᠷ ᠵᠦᠶᠯ ᠤᠨ ᠨᠢᠭᠡᠳᠦᠭᠡᠷ ᠵᠤᠷᠪᠤᠰ᠂ ᠳᠥᠴᠢᠨ ᠨᠢᠭᠡᠳᠦᠭᠡᠷ ᠵᠦᠶᠯ ᠤᠨ | ᠨᠢᠭᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ᠂ ᠠᠳᠠᠯ ᠠᠬᠤᠶ ᠶᠢᠨ ᠡᠮᠦᠨᠡᠬᠢ ᠬᠤᠭᠤᠴᠠᠭᠠᠨ ᠤ | ᠦᠶᠯᠡᠴᠢᠯᠡᠭᠡᠨ ᠤ ᠭᠡᠷ᠎ᠡ᠂ ᠲᠦᠷ ᠴᠠᠭ ᠤᠨ ᠬᠠᠮᠢᠶᠠᠷᠤᠯᠲᠠ ᠶᠢᠨ ᠭᠡᠷ᠎ᠡ ᠶᠢ ᠥᠯᠥ ᠳᠠᠩᠰᠠᠯᠠᠭᠤᠯᠬᠤ 3 ᠦᠶᠯᠡ ᠠᠵᠢᠯᠯᠠᠭ᠎ᠠ ᠶᠢ ᠵᠢᠭᠠᠵᠤ ᠪᠣᠶ᠃ ᠬᠡᠳᠦᠶᠢᠪᠡᠷ ᠠᠳᠠᠯ | ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠢ ᠳᠠᠩᠰᠠᠯᠠᠬᠤ᠂ ᠠᠳᠠᠯ ᠠᠬᠤᠶ ᠶᠢᠨ ᠦᠶᠯᠡᠴᠢᠯᠡᠭᠡᠨ ᠤ ᠡᠮᠦᠨᠡᠬᠢ ᠬᠤᠭᠤᠴᠠᠭᠠᠨ ᠤ ᠭᠡᠷ᠎ᠡ ᠶᠢ | ᠳᠠᠩᠰᠠᠯᠠᠬᠤ᠂ ᠲᠦᠷ ᠴᠠᠭ ᠤᠨ ᠬᠠᠮᠢᠶᠠᠷᠤᠯᠲᠠ ᠶᠢᠨ ᠭᠡᠷ᠎ᠡ ᠭᠤᠷᠪᠠ ᠶᠢ ᠳᠠᠩᠰᠠᠯᠠᠬᠤ ᠠᠵᠢᠯᠯᠠᠭ᠎ᠠ ᠨᠢ ᠮᠡᠳᠡᠭᠳᠡᠬᠦ ᠴᠢᠨᠠᠷᠲᠠᠶ ᠳᠠᠩᠰᠠᠯᠠᠭᠤᠯᠤᠯᠲᠠ ᠭᠡᠳᠡᠭ ᠪᠣᠯᠪᠠᠴᠤ | ᠠᠳᠠᠯ ᠠᠬᠤᠢ ᠶᠢᠨ ᠬᠠᠮᠢᠶᠠᠷᠤᠯᠲᠠ ᠨᠢ ᠠᠷᠠᠳ ᠤᠨ ᠠᠮᠢᠳᠤᠷᠠᠯ᠂ ᠬᠤᠲᠠ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠲᠠᠢ ᠬᠤᠯᠪᠤᠭᠳᠠᠳᠠᠭ ᠤᠴᠢᠷ ᠠᠴᠠ | ᠠᠵᠢᠯ ᠤᠨ ᠳᠤᠮᠳᠠ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠦᠶᠯᠡᠴᠢᠯᠡᠭᠡᠨ ᠤ ᠳᠤᠮᠳᠠᠬᠢ ᠦᠯᠦ | ᠳᠠᠩᠰᠠᠯᠠᠭᠤᠯᠬᠤ ᠠᠵᠢᠯᠯᠠᠭ᠎ᠠ ᠨᠢ ᠠᠳᠠᠯ ᠠᠬᠤᠶ ᠶᠢᠨ ᠬᠠᠮᠢᠶᠠᠷᠤᠯᠲᠠ ᠶᠢᠨ ᠡᠮᠬᠢ ᠵᠢᠷᠤᠮ ᠪᠠ ᠥᠮᠴᠢᠲᠠᠳ ᠤᠨ ᠠᠮᠢᠳᠤᠷᠠᠯ ᠢ ᠨᠥᠯᠦᠭᠡᠯᠡᠳᠡᠭ᠂ ᠬᠡᠷᠡᠭ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠪᠠᠲᠤᠯᠠᠬᠤ ᠶᠢᠨ ᠲᠤᠯᠠᠳᠠ᠂ ᠲᠤᠰ ᠲᠣᠭᠲᠠᠭᠠᠯ ᠢᠶᠠᠷ ᠳᠠᠮᠵᠢᠭᠤᠯᠤᠨ ᠭᠦᠨᠵᠡᠭᠡᠢ ᠰᠤᠳᠤᠯᠤᠨ ᠨᠣᠲᠠᠯᠠᠵᠤ᠂ ᠪᠦᠲᠦᠭᠡᠨ | ᠪᠠᠶᠢᠭᠤᠯᠬᠤ ᠨᠢᠭᠡᠴᠡ ᠶᠢᠨ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠦᠢᠯᠡ ᠠᠵᠢᠯᠯᠠᠭ᠎ᠠ ᠶᠢ ᠵᠠᠷᠯᠢᠭᠳᠠᠨ ᠪᠠᠶᠢᠵᠤ ᠲᠣᠭᠲᠠᠭᠰᠠᠨ ᠬᠤᠭᠤᠴᠠᠭᠠᠨ ᠳᠤ | ᠵᠠᠯᠠᠷᠠᠭᠤᠯᠤᠭᠤᠯᠬᠤ ᠪᠠᠷ ᠲᠣᠭᠲᠠᠭᠠᠵᠠᠢ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠡᠰᠡ ᠵᠠᠯᠠᠷᠠᠭᠤᠯᠤᠭᠰᠠᠨ ᠢ ᠨᠢ 5000 ᠲᠥᠭᠦᠷᠢᠭ ᠠᠴᠠ ᠳᠡᠭᠡᠭᠰᠢ 1 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠪᠣᠯᠪᠠ᠃ ᠡᠭᠦᠨ ᠤ ᠵᠡᠷᠭᠡ ᠳᠤ᠂ ︽ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ | ᠮᠥᠴᠢᠷ ᠤᠳ ᠤᠨ ᠮᠡᠳᠡᠭᠳᠡᠯ︾ ︵ᠪᠠᠶᠢᠭᠤᠯᠤᠯᠲᠠ ᠲᠣᠭᠲᠠᠭᠠᠯ ﹇2020﹈ 10 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠠᠳᠠᠯ ᠠᠬᠤᠶ ᠶᠢᠨ | ᠬᠠᠮᠢᠶᠠᠷᠤᠯᠲᠠ ᠶᠢᠨ ᠠᠳᠠᠯ ᠠᠬᠤᠶ ᠶᠢᠨ ᠲᠥᠷᠥᠯ ᠵᠦᠶᠯ ᠢ ᠲᠤᠰᠢᠶᠠᠬᠤ ᠪᠠ ᠭᠥᠯᠢᠶᠡᠨ ᠠᠪᠬᠤ ᠶᠢ ᠪᠦᠷᠢᠳᠬᠡᠨ ᠳᠠᠩᠰᠠᠯᠠᠬᠤ ᠬᠠᠤᠯᠢ ᠲᠣᠭᠲᠠᠭᠠᠯ ᠳᠠᠬᠢ ᠬᠠᠮᠢᠶ᠎ᠠ | ᠪᠥᠬᠦᠶ ᠲᠣᠭᠲᠠᠭᠠᠯ ᠲᠠᠢ ᠤᠶᠠᠯᠳᠤᠭᠤᠯᠤᠨ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠲᠣᠭᠲᠠᠭᠠᠭᠰᠠᠨ ᠥᠬᠡᠶ᠂ ᠠᠳᠠᠯ ᠠᠬᠤᠶ ᠶᠢᠨ ᠦᠶᠯᠡᠴᠢᠯᠡᠭᠡᠨ ᠤ ᠬᠥᠮᠦᠨ | ᠨᠠᠶᠢᠳᠠᠪᠤᠷᠢᠵᠢᠭᠤᠯᠤᠭᠰᠠᠨ ᠥᠬᠡᠶ ᠪᠠᠶᠢᠬᠤ ᠪᠣᠳᠠᠲᠠᠶ ᠪᠠᠶᠢᠳᠠᠯ ᠤᠨ ᠲᠠᠯ᠎ᠠ ᠪᠠᠷ ᠠᠷᠪᠠᠨ ᠲᠠᠪᠤᠳᠤᠭᠠᠷ ᠵᠦᠶᠯ ᠳᠤ᠂ ᠠᠳᠠᠯ ᠠᠬᠤᠶ ᠶᠢᠨ ᠦᠶᠯᠡᠴᠢᠯᠡᠭᠡᠨ ᠤ ᠬᠥᠮᠦᠨ ᠤ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠭᠯᠡᠭᠦᠯᠦᠨ ᠰᠢᠢᠳᠬᠡᠨ ᠲᠣᠷᠭᠠᠬᠤ ᠳᠤ ᠪᠠᠨ᠂ ᠲᠣᠭᠲᠠᠭᠠᠯ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ᠥᠬᠡᠶ | ᠪᠠᠶᠢᠪᠠᠯ ᠠᠳᠠᠯ ᠠᠬᠤᠶ ᠶᠢᠨ ᠦᠶᠯᠡᠴᠢᠯᠡᠭᠡᠨ ᠤ ᠬᠥᠮᠦᠨ ᠢ ᠰᠢᠢᠳᠬᠡᠨ ᠲᠣᠷᠭᠠᠬᠤ᠂ ᠬᠠᠤᠯᠢ ᠬᠡᠷᠡᠭᠵᠢᠭᠦᠯᠬᠦ ᠭᠤᠤᠯ ᠴᠣᠭᠴᠠ ᠪᠠ ᠰᠢᠢᠳᠬᠡᠨ ᠲᠣᠷᠭᠠᠬᠤ ᠬᠡᠮᠵᠢᠶ᠎ᠡ ᠶᠢ | ᠨᠢᠭᠡᠳᠦᠭᠡᠷ ᠵᠤᠷᠪᠤᠰ ᠲᠤ ᠪᠠᠰᠠ ᠵᠣᠬᠢᠬᠤ ᠬᠡᠮᠵᠢᠶ᠎ᠡ ᠪᠠᠷ ᠲᠣᠭᠲᠠᠭᠠᠭᠰᠠᠨ ᠪᠥᠭᠡᠳ ᠪᠥᠲᠥᠭᠡᠨ ᠪᠠᠶᠢᠭᠤᠯᠬᠤ ᠨᠢᠭᠡᠴᠡ ᠶᠢᠨ ᠰᠢᠢᠳᠬᠡᠨ ᠲᠣᠷᠭᠠᠬᠤ ᠲᠣᠭᠲᠠᠭᠠᠯ ᠲᠠᠢ | ᠨᠢᠭᠡᠳᠦᠯᠲᠡᠶ ᠪᠣᠯᠭᠠᠪᠠ᠃ ᠲᠠᠪᠢᠨ ᠨᠢᠭᠡᠳᠦᠭᠡᠷ ᠵᠦᠢᠯ ᠤᠨ ᠳᠥᠷᠪᠡᠳᠦᠭᠡᠷ ᠵᠣᠷᠪᠤᠰ᠂ ᠲᠠᠪᠢᠨ ᠳᠣᠯᠣᠳᠤᠭᠠᠷ ᠵᠦᠢᠯ ᠤᠨ ᠨᠢᠭᠡᠳᠦᠭᠡᠷ ᠵᠣᠷᠪᠤᠰ ᠶᠣᠰᠣᠭᠠᠷ ᠠᠳᠠᠯ ᠠᠬᠤᠢ | ᠶᠢᠨ ᠦᠢᠯᠡᠴᠢᠯᠡᠭᠡᠨ ᠤ ᠭᠡᠷ᠎ᠡ ᠬᠢᠭᠰᠡᠨ ᠦᠭᠡᠢ᠂ ᠠᠳᠠᠯ ᠠᠬᠤᠢ ᠶᠢᠨ ᠵᠦᠢᠯᠡᠰ ᠢ ᠲᠤᠰᠢᠶᠠᠬᠤ ᠪᠠ ᠬᠦᠯᠢᠶᠡᠨ ᠠᠪᠬᠤ ᠪᠠᠨ ᠳᠠᠩᠰᠠᠯᠠᠭᠤᠯᠤᠭᠰᠠᠨ ᠦᠭᠡᠢ ᠪᠠᠶᠢᠪᠠᠯ᠂ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ᠂ 5000 | ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ ᠰᠢᠢᠳᠬᠡᠨ᠋ ᠭᠡᠵᠦ ᠲᠣᠭᠲᠠᠭᠠᠵᠠᠢ᠃ ᠳᠡᠭᠡᠷᠡᠬᠢ ᠬᠤᠶᠠᠷ ᠵᠦᠢᠯ ᠳᠤ᠂ | ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠲᠠᠪᠤᠨ ᠠᠵᠢᠯᠯᠠᠭ᠎ᠠ ᠳᠤ ᠬᠠᠤᠯᠢ ᠶᠢᠨ ᠬᠠᠷᠢᠭᠤᠴᠠᠯᠭ᠎ᠠ ᠲᠣᠭᠲᠠᠭᠠᠵᠠᠢ᠃ | ᠲᠠᠯᠠᠨ ᠳᠥᠷᠪᠡᠳᠦᠭᠡᠷ ᠵᠦᠢᠯ ᠳᠠᠬᠢ ᠬᠤᠶᠠᠳᠤᠭᠠᠷ ᠵᠦᠢᠯ ᠤᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠭᠡᠳᠡᠭ ᠨᠢ ᠪᠦᠳᠦᠭᠡᠨ ᠪᠠᠶᠢᠭᠤᠯᠬᠤ ᠨᠢᠭᠡᠴᠡ ᠠᠳᠠᠯ | ᠠᠬᠤᠢ ᠶᠢᠨ ᠬᠠᠮᠢᠶᠠᠷᠤᠯᠲᠠ ᠳᠤᠮᠳᠠ ᠳᠤ ᠵᠠᠰᠠᠬᠤ ᠶᠢ ᠪᠠᠲᠤᠯᠠᠬᠤ ᠬᠤᠭᠤᠴᠠᠭ᠎ᠠ ᠪᠠ ᠬᠡᠪᠴᠢᠶᠡᠨ ᠳᠣᠲᠤᠷ᠎ᠠ ᠲᠣᠭᠲᠠᠭᠠᠯ ᠶᠣᠰᠣᠭᠠᠷ ᠵᠠᠰᠠᠬᠤ ᠬᠠᠷᠢᠭᠤᠴᠠᠯᠭ᠎ᠠ ᠶᠢ | ᠡᠭᠦᠷᠭᠡᠯᠡᠭᠰᠡᠨ ᠦᠭᠡᠢ ᠪᠠᠶᠢᠳᠠᠯ ᠳᠤ ᠴᠢᠭᠯᠡᠭᠦᠯᠦᠭᠰᠡᠨ ᠲᠣᠷᠭᠠᠭᠤᠯᠢ ᠶᠢ ᠵᠢᠭᠠᠵᠤ ᠪᠠᠶᠢᠨ᠎ᠠ᠃ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠡᠨᠡ ᠬᠦ ᠥᠮᠴᠢᠲᠡᠨ ᠤ | ᠡᠷᠬᠡ ᠠᠰᠢᠭ ᠢ ᠬᠤᠬᠢᠷᠠᠭᠤᠯᠤᠭᠰᠠᠨ ᠡᠰᠡ ᠬᠢᠵᠦ ᠪᠣᠯᠬᠤ ᠠᠵᠢᠯᠯᠠᠭ᠎ᠠ ᠶᠢᠨ ᠲᠤᠬᠠᠢ᠂ ᠤᠯᠤᠰ ᠤᠨ ︽ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠬᠤᠯᠪᠣᠭᠳᠠᠯ ᠪᠦᠬᠦᠢ ᠲᠣᠷᠭᠠᠭᠤᠯᠢ ᠶᠢᠨ ᠲᠣᠭᠲᠠᠭᠠᠯ ᠪᠠᠶᠢᠬᠤ ᠦᠭᠡᠢ᠂ ᠬᠠᠤᠯᠢ | ᠴᠠᠭᠠᠵᠠ ᠶᠢᠨ ᠬᠤᠭᠤᠰᠣᠨ ᠢ ᠨᠥᠬᠦᠪᠥᠷᠢᠯᠡᠬᠦ ᠶᠢᠨ ᠲᠤᠯᠠᠳᠠ ︽ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ︾ ᠳᠠᠬᠢ | ᠪᠠᠷᠢᠯᠭ᠎ᠠ ᠪᠠᠷᠢᠬᠤ ᠨᠢᠭᠡᠴᠡ ᠶᠢ ᠲᠣᠷᠭᠠᠬᠤ ᠲᠤᠬᠠᠢ ᠲᠣᠭᠲᠠᠭᠠᠯ᠂ ᠳᠠᠷᠤᠢ ᠳᠠᠯᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ | ᠲᠦᠷᠢᠮ ᠤᠨ ᠳᠥᠴᠢ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠶᠣᠰᠣᠭᠠᠷ ᠠᠳᠠᠯ ᠠᠬᠤᠢ ᠶᠢᠨ ᠵᠠᠰᠠᠬᠤ ᠶᠢ ᠪᠠᠲᠤᠯᠠᠬᠤ ᠬᠠᠷᠢᠭᠤᠴᠠᠯᠭ᠎ᠠ ᠦᠯᠦ | ᠡᠭᠦᠷᠭᠡᠯᠡᠭᠰᠡᠳ ᠢ᠂ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ | ᠦᠭᠡᠢ ᠪᠠᠶᠢᠪᠠᠯ᠂ 10 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ︔ ᠥᠮᠴᠢᠲᠠᠳ ᠲᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠣᠭᠲᠠᠭᠠᠵᠠᠢ᠃ | ᠲᠦᠷᠢᠮ ᠤᠨ ᠲᠠᠯᠠᠨ ᠲᠠᠪᠤᠳᠤᠭᠠᠷ ᠵᠦᠢᠯ ᠪᠣᠯ ᠠᠳᠠᠯ ᠠᠬᠤᠢ ᠶᠢᠨ ᠦᠢᠯᠡᠴᠢᠯᠡᠭᠡᠨ ᠤ ᠬᠥᠮᠦᠨ ᠤ ᠬᠢᠵᠦ ᠦᠯᠦ ᠪᠣᠯᠬᠤ ᠰᠢᠨᠵᠢ ᠴᠢᠨᠠᠷ ᠲᠠᠢ ᠬᠠᠤᠯᠢ ᠠᠴᠠ | ᠵᠥᠷᠢᠴᠡᠭᠰᠡᠨ ᠭᠤᠷᠪᠠᠨ ᠵᠦᠢᠯ ᠤᠨ ᠠᠵᠢᠯᠯᠠᠭ᠎ᠠ᠂ ᠳᠤᠷ᠎ᠠ ᠪᠠᠷ ᠢᠶᠠᠨ ᠦᠢᠯᠡᠳᠦᠭᠰᠡᠨ ᠰᠢᠨᠵᠢ ᠴᠢᠨᠠᠷ ᠲᠠᠢ ᠲᠦᠷᠪᠡᠨ ᠵᠦᠢᠯ ᠤᠨ ᠠᠵᠢᠯᠯᠠᠭ᠎ᠠ ᠳᠤ ᠴᠢᠭᠯᠡᠭᠦᠯᠦᠨ | ᠲᠣᠭᠲᠠᠭᠠᠭᠰᠠᠨ ᠬᠠᠤᠯᠢ ᠶᠢᠨ ᠬᠠᠷᠢᠭᠤᠴᠠᠯᠭ᠎ᠠ ᠮᠥᠨ᠃ ᠡᠭᠦᠨ ᠳᠤ ᠨᠢᠭᠡᠳᠦᠭᠡᠷ ᠵᠤᠷᠪᠤᠰ ᠲᠠᠬᠢ ᠲᠣᠭᠲᠠᠭᠠᠯ ᠶᠣᠰᠣᠭᠠᠷ ᠥᠯᠥ ᠳᠠᠩᠰᠠᠯᠠᠭᠤᠯᠤᠭᠰᠠᠨ ᠬᠤᠶᠠᠷ ᠦᠶᠯᠡ | ᠠᠵᠢᠯᠯᠠᠭ᠎ᠠ ᠶᠢ ᠡᠮᠦᠨ᠎ᠡ ᠨᠢᠭᠡᠨᠲᠡ ᠲᠠᠶᠢᠯᠪᠤᠷᠢᠯᠠᠪᠠ᠂ ᠨᠥᠭᠦᠭᠡ ᠨᠢᠭᠡ ᠬᠢᠵᠦ ᠦᠯᠦ ᠪᠣᠯᠬᠤ ᠦᠶᠯᠡ ᠠᠵᠢᠯᠯᠠᠭ᠎ᠠ ᠪᠣᠯ ᠬᠤᠶᠠᠳᠤᠭᠠᠷ ᠵᠤᠷᠪᠤᠰ ᠲᠠᠬᠢ ᠲᠦᠷᠢᠮ | ᠲᠣᠭᠲᠠᠭᠠᠯ ᠤᠨ ᠶᠣᠰᠣᠭᠠᠷ ᠬᠠᠮᠢᠶ᠎ᠠ ᠪᠥᠬᠦᠶ ᠮᠡᠳᠡᠭᠡ ᠵᠠᠩᠭᠢ ᠶᠢ ᠥᠯᠥ ᠵᠠᠷᠯᠠᠨ ᠨᠡᠶᠢᠲᠡᠯᠡᠭᠰᠡᠨ ᠦᠶᠯᠡ ᠠᠵᠢᠯᠯᠠᠭ᠎ᠠ ᠪᠣᠯᠤᠨ᠎ᠠ᠂ ᠠᠳᠠᠯ ᠠᠬᠤᠶ ᠶᠢᠨ ᠦᠶᠯᠡᠴᠢᠯᠡᠭᠡᠨ ᠤ | ᠬᠥᠮᠦᠰ ᠢ ᠰᠢᠪᠠᠳᠠᠭᠤᠯᠤᠨ ᠪᠠᠶᠢᠵᠤ ᠠᠳᠠᠯ ᠠᠬᠤᠶ ᠶᠢᠨ ᠦᠶᠯᠡᠴᠢᠯᠡᠭᠡᠨ ᠤ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠠᠳᠠᠯ ᠠᠬᠤᠶ ᠶᠢᠨ | ᠦᠶᠯᠡᠴᠢᠯᠡᠭᠡᠨ ᠤ ᠬᠥᠮᠦᠨ ᠪᠠ ᠥᠮᠴᠢᠲᠡᠨ ᠤ ᠡᠶ᠎ᠡ ᠵᠣᠬᠢᠴᠠᠩᠭᠤᠢ ᠪᠠᠶᠢᠬᠤ ᠶᠢ ᠠᠬᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ | ᠠᠳᠡ ᠬᠥᠷᠰᠢ ᠵᠡᠷᠭᠡᠯᠡᠳᠡᠭᠡ ᠮᠤᠵᠢ ᠣᠷᠣᠨ ᠤ ᠬᠠᠤᠯᠢ ᠲᠣᠭᠲᠠᠭᠠᠭᠰᠠᠨ ᠲᠤᠷᠰᠢᠯᠭ᠎ᠠ ᠪᠠᠷ ᠲᠣᠯᠢ ᠪᠣᠯᠭᠠᠵᠤ᠂ ᠲᠣᠭᠲᠠᠭᠠᠯ ᠶᠣᠰᠣᠭᠠᠷ ᠮᠡᠳᠡᠭᠳᠡᠬᠦ ᠴᠢᠨᠠᠷᠲᠠᠶ | ᠳᠠᠩᠰᠠᠯᠠᠭᠤᠯᠤᠯᠲᠠ ᠬᠢᠭᠰᠡᠨ ᠦᠭᠡᠢ ᠶᠢ ᠲᠣᠷᠭᠠᠨ ᠰᠢᠢᠳᠬᠡᠬᠦ ᠯᠤᠭ᠎ᠠ ᠠᠳᠠᠯᠢᠪᠲᠤᠷ ᠨᠡᠯᠢᠶᠡᠳ ᠬᠥᠩᠭᠡᠨ ᠲᠣᠷᠭᠠᠭᠤᠯᠢ ᠰᠢᠢᠳᠬᠡᠯ ᠤᠨ ᠲᠣᠭᠲᠠᠭᠠᠯ ᠢ ᠵᠣᠬᠢᠴᠠᠩᠭᠤᠢ | ᠲᠣᠭᠲᠠᠭᠠᠪᠠ᠃ ᠲᠠᠪᠢᠨ ᠲᠠᠪᠤᠳᠤᠭᠠᠷ ᠵᠦᠶᠯ ᠤᠨ ᠲᠣᠭᠲᠠᠭᠠᠯ ᠶᠣᠰᠣᠭᠠᠷ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠢᠯᠡ ᠲᠣᠳᠤ ᠪᠠᠶᠢᠷᠢᠨ ᠳᠤ ᠬᠠᠮᠢᠶ᠎ᠠ | ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠭᠰᠡᠨ ᠥᠬᠡᠶ ᠪᠠᠶᠢᠪᠠᠯ ᠵᠠᠷᠯᠢᠭᠳᠠᠨ ᠪᠠᠶᠢᠵᠤ ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ | ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠥᠬᠡᠶ ᠪᠣᠯ 1000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ ᠭᠡᠵᠦ | ᠲᠣᠭᠲᠠᠭᠠᠵᠠᠢ᠃ | ᠲᠠᠯᠠᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ ᠨᠢ ᠭᠤᠣᠯᠳᠠᠭᠤ ᠠᠳᠠᠯ ᠠᠬᠤᠢ ᠶᠢᠨ ᠦᠢᠯᠡᠴᠢᠯᠡᠭᠡᠨ ᠤ ᠬᠥᠮᠦᠨ ᠤ ᠠᠳᠠᠯ | ᠠᠬᠤᠢ ᠶᠢᠨ ᠵᠦᠢᠯᠡᠰ ᠢ ᠲᠤᠰᠢᠶᠠᠬᠤ ᠪᠠ ᠬᠦᠯᠢᠶᠡᠨ ᠠᠪᠬᠤ ᠶᠠᠪᠤᠴᠠ ᠳᠠᠬᠢ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ᠲᠣᠷᠭᠠᠭᠤᠯᠢ ᠰᠢᠢᠳᠬᠡᠯ | ᠪᠣᠯᠤᠨ᠎ᠠ᠃ ᠠᠳᠠᠯ ᠠᠬᠤᠶ ᠶᠢᠨ ᠲᠥᠷᠥᠯ ᠵᠦᠶᠯ ᠢ ᠵᠢᠷᠤᠮᠵᠢᠭᠤᠯᠤᠨ ᠲᠤᠰᠢᠶᠠᠬᠤ ᠪᠠ ᠲᠦᠷᠦᠯ ᠵᠦᠢᠯ ᠠᠴᠠ ᠪᠤᠴᠠᠨ ᠭᠠᠷᠭᠠᠵᠤ ᠪᠣᠯᠬᠤ᠂ ᠥᠮᠴᠢᠲᠠᠳ ᠤᠨ ᠬᠠᠮᠲᠤ | ᠪᠠᠷ ᠥᠮᠴᠢᠯᠡᠬᠦ ᠪᠡᠯᠡᠳᠬᠡᠮᠵᠢ ᠲᠥᠬᠦᠭᠡᠷᠦᠮᠵᠢ ᠪᠠ ᠬᠠᠮᠢᠶ᠎ᠠ ᠪᠦᠬᠦᠢ ᠲᠠᠯᠠᠪᠤᠷ ᠭᠠᠵᠠᠷ ᠤᠨ ᠬᠡᠪ ᠤᠨ ᠬᠡᠷᠡᠭᠯᠡᠯᠲᠡ ᠶᠢ ᠪᠠᠲᠤᠯᠠᠬᠤ᠂ ᠠᠳᠠᠯ ᠠᠬᠤᠶ ᠶᠢᠨ ᠬᠠᠮᠢᠶᠠᠷᠤᠯᠲᠠ | ᠶᠢᠨ ᠬᠠᠮᠢᠶ᠎ᠠ ᠪᠥᠬᠦᠶ ᠮᠠᠲ᠋ᠧᠷᠢᠶᠠᠯ ᠢ ᠬᠠᠮᠠᠭᠠᠯᠠᠨ ᠬᠠᠳᠠᠭᠠᠯᠠᠬᠤ᠂ ᠥᠮᠴᠢᠲᠠᠳ ᠤᠨ ᠬᠠᠮᠲᠤ ᠶᠢᠨ ᠡᠳ᠋ ᠬᠥᠷᠥᠩᠭᠡ ᠪᠠ ᠠᠰᠢᠭ ᠲᠤᠰᠠ ᠶᠢ ᠬᠠᠮᠠᠭᠠᠯᠠᠨ ᠬᠤᠬᠢᠷᠠᠯ ᠳᠤ | ᠤᠴᠠᠷᠠᠭᠤᠯᠬᠤ ᠦᠭᠡᠢ ᠶᠢᠨ ᠲᠤᠰᠠᠳᠠ᠂ ᠠᠳᠠᠯ ᠠᠬᠤᠶ ᠶᠢᠨ ᠬᠠᠮᠢᠶᠠᠷᠤᠯᠲᠠ ᠶᠢᠨ ᠡᠮᠬᠢ ᠳᠢᠭᠯᠢᠮ ᠢ ᠪᠠᠲᠤᠯᠠᠵᠤ᠂ ᠠᠳᠠᠯ ᠠᠬᠤᠶ ᠶᠢᠨ ᠦᠶᠯᠡᠴᠢᠯᠡᠭᠡᠨ ᠤ ᠬᠥᠮᠦᠨ ᠪᠠ | ᠥᠮᠴᠢᠲᠡᠨ ᠤ ᠬᠠᠷᠢᠭᠤᠴᠠᠯᠭ᠎ᠠ ᠪᠠ ᠡᠭᠦᠷᠭᠡ ᠶᠢ ᠲᠣᠳᠤᠷᠬᠠᠶᠢᠯᠠᠵᠤ᠂ ᠢᠲᠡᠭᠡᠯ ᠠᠯᠳᠠᠭᠰᠠᠨ᠂ ᠬᠠᠷᠢᠭᠤᠴᠠᠯᠭ᠎ᠠ ᠠᠯᠳᠠᠭᠰᠠᠨ ᠦᠢᠯᠡ ᠠᠵᠢᠯᠯᠠᠭ᠎ᠠ ᠢ ᠴᠢᠩᠭ᠎ᠠ ᠰᠢᠶᠳᠬᠡᠬᠦ | ᠲᠤᠬᠠᠢ ᠪᠤᠰᠤᠳ ᠮᠤᠵᠢ ᠣᠷᠣᠨ ᠤ ᠬᠠᠤᠯᠢ ᠲᠣᠭᠲᠠᠭᠠᠭᠰᠠᠨ ᠲᠤᠷᠰᠢᠯᠭ᠎ᠠ ᠪᠠᠷ ᠲᠣᠯᠢ ᠪᠣᠯᠭᠠᠭᠠᠳ ᠰᠢᠢᠳᠬᠡᠯ ᠲᠣᠷᠭᠠᠭᠤᠯᠢ ᠶᠢᠨ ᠲᠣᠭᠲᠠᠭᠠᠯ ᠨᠡᠮᠡᠪᠡ᠂ ᠲᠤᠬᠠᠶᠢᠯᠠᠪᠠᠯ᠄ | ᠲᠠᠪᠢᠨ ᠵᠢᠷᠭᠤᠳᠤᠭᠠᠷ ᠵᠦᠶᠯ ᠤᠨ ᠬᠤᠶᠠᠳᠤᠭᠠᠷ ᠵᠣᠷᠪᠤᠰ ᠤᠨ ᠲᠣᠭᠲᠠᠭᠠᠯ ᠢ ᠵᠦᠷᠢᠴᠡᠵᠦ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠠᠴᠠ ᠳᠤᠷ᠎ᠠ ᠪᠠᠷ ᠢᠶᠠᠨ | ᠰᠠᠯᠵᠤ ᠭᠠᠷᠬᠤ᠂ ᠠᠳᠠᠯ ᠠᠬᠤᠶ ᠶᠢᠨ ᠦᠢᠯᠡᠴᠢᠯᠡᠭᠡ ᠪᠠᠨ ᠵᠣᠭᠰᠤᠭᠠᠬᠤ ᠶᠢ ᠵᠠᠷᠯᠢᠭᠳᠠᠨ ᠪᠠᠶᠢᠵᠤ ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠤᠭᠤᠯᠤᠨ᠎ᠠ᠂ | ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠡᠰᠡ ᠵᠠᠯᠠᠷᠠᠭᠤᠯᠤᠭᠰᠠᠨ ᠪᠠᠶᠢᠪᠠᠯ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ | ᠢᠶᠠᠷ ᠲᠣᠷᠭᠠᠨ᠎ᠡ᠃ ᠲᠠᠪᠢᠨ ᠳᠣᠯᠣᠳᠤᠭᠠᠷ ᠵᠦᠢᠯ ᠤᠨ ᠭᠤᠷᠪᠠᠳᠤᠭᠠᠷ ᠵᠣᠷᠪᠤᠰ ᠤᠨ ᠲᠣᠭᠲᠠᠭᠠᠯ ᠢ ᠵᠥᠷᠢᠴᠡᠵᠦ᠂ ᠥᠮᠴᠢᠲᠡᠨ ᠠᠳᠠᠯ ᠠᠬᠤᠢ ᠶᠢᠨ ᠦᠢᠯᠡᠴᠢᠯᠡᠭᠡᠨ ᠤ | ᠰᠦᠢᠳᠬᠡᠯ ᠵᠡᠷᠭᠡ ᠶᠢ ᠦᠯᠦ ᠲᠤᠰᠢᠶᠠᠭᠰᠠᠨ ᠵᠡᠷᠭᠡ ᠪᠠᠷ ᠰᠢᠯᠲᠠᠭ ᠪᠣᠯᠭᠠᠵᠤ ᠲᠤᠰᠢᠶᠠᠬᠤ ᠪᠠ ᠬᠦᠯᠢᠶᠡᠨ ᠠᠪᠬᠤ ᠶᠢ ᠲᠡᠪᠴᠢᠵᠦ᠂ ᠰᠢᠨ᠎ᠡ ᠪᠡᠷᠰᠣᠩᠭᠤᠭᠳᠠᠨ | ᠤᠷᠢᠭᠳᠠᠭᠰᠠᠨ ᠠᠳᠠᠯ ᠠᠬᠤᠢ ᠶᠢᠨ ᠦᠢᠯᠡᠴᠢᠯᠡᠭᠡᠨ ᠤ ᠬᠥᠮᠦᠨ ᠤ ᠲᠠᠯᠠᠪᠤᠷ ᠲᠤ ᠣᠷᠣᠵᠤ ᠦᠢᠯᠡᠴᠢᠯᠡᠬᠦ ᠶᠢ ᠬᠠᠷᠰᠢᠯᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ | ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠣᠯ᠂ 1 ᠲᠦᠮᠡᠨ ᠲᠥᠭᠦᠷᠢᠭ ᠠᠴᠠ | ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠡ᠃ ᠥᠮᠴᠢᠲᠡᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ 365赢多少钱会被限额_国内有真正的365平台吗_365bet博彩官网 | ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠣᠭᠲᠠᠭᠠᠵᠠᠢ᠃ ᠬᠠᠤᠯᠢ ᠴᠠᠭᠠᠵᠠ ᠶᠢᠨ ᠬᠠᠷᠢᠭᠤᠴᠠᠯᠭ᠎ᠠ ᠪᠣᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ | ᠤᠨ ᠴᠢᠬᠤᠯᠠ ᠪᠦᠷᠢᠯᠳᠦᠬᠦᠨ ᠬᠡᠰᠡᠭ ᠮᠥᠨ᠂ ᠭᠡᠪᠡᠴᠦ ᠵᠠᠯᠬᠠᠭᠠᠨ ᠰᠢᠢᠳᠬᠡᠬᠦ ᠪᠣᠯ ᠬᠠᠤᠯᠢ ᠲᠣᠭᠲᠠᠭᠠᠬᠤ ᠵᠣᠷᠢᠯᠭ᠎ᠠ ᠪᠠ ᠠᠷᠭ᠎ᠠ ᠪᠠᠷᠢᠯ ᠪᠢᠰᠢ ᠶᠤᠮ᠂ ᠬᠠᠤᠯᠢ ᠴᠠᠭᠠᠵᠠ | ᠶᠢᠨ ᠴᠢᠳᠠᠮᠵᠢ ᠨᠢ ᠨᠡᠩ ᠢᠯᠡᠬᠦᠦ ᠬᠦᠳᠦᠯᠦᠨ ᠳᠠᠭᠠᠭᠤᠯᠬᠤ᠂ ᠵᠢᠱᠢᠶ᠎ᠡ ᠦᠵᠡᠭᠦᠯᠬᠦ᠂ ᠡᠭᠦᠷᠭᠡ ᠴᠢᠳᠠᠪᠤᠷᠢ ᠶᠢᠨ ᠴᠢᠳᠠᠮᠵᠢ ᠶᠢ ᠪᠠᠳᠠᠷᠠᠭᠤᠯᠬᠤ ᠪᠠᠷ ᠳᠠᠮᠵᠢᠭᠤᠯᠤᠨ | ᠨᠡᠶᠢᠭᠡᠮ ᠳᠠᠶᠠᠭᠠᠷ ᠤᠨ ᠬᠠᠤᠯᠢ ᠶᠣᠰᠣᠭᠠᠷ ᠠᠵᠢᠯᠯᠠᠵᠤ ᠬᠠᠤᠯᠢ ᠶᠢ ᠰᠠᠬᠢᠬᠤ ᠤᠬᠠᠮᠰᠠᠷ ᠢ ᠠᠭᠠᠵᠢᠮ ᠢᠶᠠᠷ ᠪᠤᠢ ᠪᠣᠯᠭᠠᠬᠤ ᠳᠤ ᠪᠠᠶᠢᠳᠠᠭ᠂ ᠮᠢᠨᠦ ᠲᠠᠨᠢᠯᠴᠠᠭᠤᠯᠭ᠎ᠠ ᠤᠯᠠᠨ | ᠳᠤ ᠬᠠᠪᠰᠤᠷᠤᠯᠭ᠎ᠠ ᠪᠣᠯᠬᠤ ᠪᠣᠯᠲᠤᠭᠠᠢ᠃ ᠪᠠᠶᠠᠷᠯᠠᠯ᠎ᠠ︕ | ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠤᠷᠪᠤᠯᠵᠢᠯᠠᠭᠴᠢ᠄ ᠣᠳᠣᠬᠠᠨ ᠳᠤ᠂ ᠮᠠᠰᠢ ᠣᠯᠠᠨ ᠣᠷᠣᠨ ᠰᠠᠭᠤᠴᠠ ᠶᠢᠨ ᠲᠣᠭᠤᠷᠢᠭ ᠲᠤ ᠥᠮᠴᠢᠲᠠᠳ ᠤᠨ | ᠺᠣᠮᠢᠰ ᠪᠠᠶᠢᠭᠤᠯᠬᠤ ᠳᠤ ᠬᠦᠴᠢᠷ᠂ ᠵᠠᠷᠤᠳᠠᠯ ᠳᠤᠲᠠᠮᠠᠭ᠂ ᠦᠶᠯᠡᠳᠦᠯ ᠢᠶᠠᠨ ᠪᠠᠳᠠᠷᠠᠭᠤᠯᠬᠤ ᠳᠤ ᠬᠦᠴᠢᠷ ᠪᠠᠶᠢᠬᠤ ᠵᠡᠷᠭᠡ ᠠᠰᠠᠭᠤᠳᠠᠯ ᠤᠳ ᠣᠷᠣᠰᠢᠵᠤ ᠪᠠᠶᠢᠨ᠎ᠠ᠂ | ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠳᠤ ᠶᠠᠮᠠᠷ ᠶᠠᠮᠠᠷ | ᠲᠣᠭᠲᠠᠭᠠᠯ ᠢᠶᠠᠷ ᠡᠲᠡᠭᠡᠷ ᠠᠰᠠᠭᠤᠳᠠᠯ ᠤᠳ ᠢ ᠰᠢᠢᠳᠪᠦᠷᠢᠯᠡᠭᠰᠡᠨ ᠪᠣᠶ︖ | ᠯᠸᠢ ᠵᠧᠨ ᠬᠤᠸᠠ᠄ ︵ᠨᠢᠭᠡ︶ ᠥᠮᠴᠢᠲᠡᠨ ᠤ ᠳᠤᠮᠳᠠᠬᠢ ᠨᠥᠬᠦᠴᠡᠯ ᠳᠤ ᠨᠡᠶᠢᠴᠡᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠬᠠᠤᠯᠢ | ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠥᠮᠴᠢᠲᠠᠳ ᠤᠨ ᠺᠣᠮᠢᠰ ᠤᠨ ᠭᠡᠰᠢᠭᠦᠨ ᠪᠣᠯᠬᠤ ᠶᠢ ᠵᠣᠷᠢᠭᠵᠢᠭᠤᠯᠤᠨ ᠳᠡᠮᠵᠢᠨ᠎ᠡ᠃ | ᠥᠮᠴᠢᠲᠠᠳ ᠤᠨ ᠺᠣᠮᠢᠰ ᠪᠠᠶᠢᠭᠤᠯᠤᠭᠳᠠᠬᠤ ᠶᠠᠪᠤᠴᠠ ᠳᠤ᠂ ᠥᠮᠴᠢᠲᠠᠳ ᠤᠨ ᠺᠣᠮᠢᠰ ᠤᠨ ᠭᠡᠰᠢᠭᠦᠨ ᠢ ᠰᠣᠩᠭᠤᠬᠤ ᠪᠠ ᠲᠤᠰᠢᠶᠠᠯ ᠡᠭᠦᠷᠭᠡᠯᠡᠬᠦ ᠬᠥᠮᠦᠨ ᠢ | ᠲᠣᠭᠲᠠᠭᠠᠬᠤ ᠳᠤ ᠨᠡᠯᠢᠶᠡᠳ ᠬᠦᠴᠢᠷᠲᠡᠶ ᠪᠠᠶᠢᠳᠠᠭ᠂ ᠡᠭᠦᠨ ᠤ ᠭᠤᠤᠯ ᠰᠢᠯᠲᠠᠭᠠᠨ ᠨᠢ᠄ ᠨᠢᠭᠡ ᠳᠤ᠂ ᠥᠮᠴᠢᠲᠠᠳ ᠤᠨ ᠺᠣᠮᠢᠰ ᠤᠨ ᠠᠵᠢᠯ ᠢ ᠥᠷᠨᠢᠭᠦᠯᠬᠦ ᠳᠤ | ᠵᠠᠷᠤᠳᠠᠯ ᠤᠨ ᠪᠠᠲᠤᠯᠠᠭ᠎ᠠ ᠥᠬᠡᠶ᠂ ᠵᠥᠪᠬᠡᠨ ᠲᠤᠰᠢᠶᠠᠯ ᠬᠠᠪᠰᠤᠷᠭᠠᠬᠤ ᠪᠠ ᠰᠠᠶᠢᠨ ᠳᠤᠷ᠎ᠠ ᠠᠴᠠ ᠪᠠᠨ ᠣᠷᠣᠯᠴᠠᠬᠤ ᠳᠤ ᠲᠦᠰᠢᠭᠯᠡᠨ᠂ ᠲᠤᠰᠢᠶᠠᠯ ᠡᠭᠦᠷᠭᠡᠯᠡᠬᠦ | ᠴᠢᠳᠠᠪᠤᠷᠢ ᠲᠠᠢ ᠥᠮᠴᠢᠲᠡᠨ ᠨᠢ ᠠᠵᠢᠯ ᠬᠢᠬᠦ ᠳᠤᠷ᠎ᠠ ᠥᠬᠡᠶ᠂ ᠬᠢᠬᠦ ᠰᠠᠨᠠᠭ᠎ᠠ ᠲᠠᠢ ᠳᠤ ᠨᠢ ᠡᠷᠬᠡ ᠪᠠᠨ ᠠᠰᠢᠭᠯᠠᠨ ᠠᠮᠢ ᠪᠠᠨ ᠪᠣᠷᠳᠣᠬᠤ ᠦᠶᠯᠡ ᠠᠵᠢᠯᠯᠠᠭ᠎ᠠ ᠴᠥᠭᠡᠨ | ᠪᠤᠰᠤᠢ ᠣᠷᠣᠰᠢᠵᠤ᠂ ᠥᠮᠴᠢᠲᠠᠳ ᠤᠨ ᠺᠣᠮᠢᠰ ᠪᠠᠶᠢᠭᠤᠯᠬᠤ ᠳᠤ ᠬᠦᠴᠢᠷᠲᠡᠶ᠂ ᠠᠵᠢᠯᠠᠭᠤᠯᠬᠤ ᠳᠤ ᠬᠦᠴᠢᠷᠲᠡᠶ᠂ ᠪᠠᠶᠢᠭᠤᠯᠤᠭᠳᠠᠭᠰᠠᠨ ᠤ ᠳᠠᠷᠠᠭ᠎ᠠ ᠠᠵᠢᠯ ᠶᠠᠪᠤᠭᠳᠠᠬᠤ | ᠦᠭᠡᠢ ᠪᠤᠶᠤ ᠳᠤᠷ᠎ᠠ ᠪᠠᠷ ᠢᠶᠠᠨ ᠦᠶᠯᠡᠳᠬᠦ ᠪᠠᠶᠢᠳᠠᠯ ᠪᠣᠶ ᠪᠣᠯᠭᠠᠵᠤ᠂ ᠠᠳᠠᠯ ᠠᠬᠤᠶ ᠶᠢᠨ ᠦᠶᠯᠡᠴᠢᠯᠡᠭᠡᠨ ᠤ ᠠᠵᠢᠯ ᠬᠡᠪ ᠢᠶᠠᠷ ᠶᠠᠪᠤᠭᠳᠠᠬᠤ ᠶᠢ ᠨᠥᠯᠦᠭᠡᠯᠡᠵᠦ ᠪᠠᠶᠢᠨ᠎ᠠ᠃ | ᠬᠤᠶᠠᠷ ᠲᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠥᠪ ᠭᠤᠣᠯᠴᠢ ᠠᠷᠢᠭᠤᠨ | ᠴᠢᠬᠡᠴᠢ ᠥᠮᠴᠢᠲᠠᠳ ᠪᠠᠶᠢᠪᠠᠴᠤ ᠥᠮᠴᠢᠲᠠᠳ ᠤᠨ ᠺᠣᠮᠢᠰ ᠤᠨ ᠠᠵᠢᠯ ᠨᠢ ᠥᠷᠨᠢᠭᠦᠯᠬᠦ ᠳᠤ ᠨᠡᠯᠢᠶᠡᠳ ᠬᠦᠴᠢᠷᠲᠡᠶ ᠪᠠᠶᠢᠵᠤ᠂ ᠠᠳᠠᠯ ᠠᠬᠤᠶ ᠶᠢᠨ ᠦᠢᠯᠡᠴᠢᠯᠡᠭᠡᠨ ᠤ | ᠠᠵᠤ ᠠᠬᠤᠶᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ᠂ ᠭᠡᠷ᠎ᠡ ᠶᠢᠨ ᠪᠣᠯᠵᠤᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠪᠠᠷ ᠦᠯᠦ ᠪᠠᠷᠠᠮ᠂ | ᠪᠠᠰᠠ ᠥᠮᠴᠢᠲᠠᠳ ᠢ ᠰᠢᠮᠳᠠᠭᠤᠯᠵᠤ ᠪᠠᠶᠢᠭᠠᠳ ᠠᠳᠠᠯ ᠠᠬᠤᠶ ᠶᠢᠨ ᠦᠢᠯᠡᠴᠢᠯᠡᠭᠡᠨ ᠤ ᠰᠦᠢᠳᠬᠡᠯ ᠢ ᠲᠣᠭᠲᠠᠭᠰᠠᠨ ᠴᠠᠭ ᠲᠤ ᠨᠢ ᠲᠤᠰᠢᠶᠠᠯᠭᠠᠵᠦ᠂ ᠠᠳᠠᠯ ᠠᠬᠤᠶ | ᠶᠢᠨ ᠦᠢᠯᠡᠴᠢᠯᠡᠭᠡᠨ ᠤ ᠬᠥᠮᠦᠰ ᠲᠠᠢ ᠬᠠᠮᠵᠢᠯᠴᠠᠨ ᠠᠳᠠᠯ ᠠᠬᠤᠶ ᠶᠢᠨ ᠬᠠᠮᠢᠶᠠᠷᠤᠯᠲᠠ ᠶᠢ ᠬᠡᠷᠡᠭᠵᠢᠭᠦᠯᠳᠡᠭ ᠨᠢᠭᠡ ᠵᠦᠢᠯ ᠤᠨ ᠴᠢᠳᠠᠯ ᠢᠶᠠᠨ ᠰᠢᠪᠬᠠᠪᠠᠴᠤ ᠴᠢᠷᠠᠶ | ᠣᠯᠬᠤ ᠦᠭᠡᠶ ᠶᠠᠪᠤᠳᠠᠯ ᠪᠣᠯᠬᠤᠷ᠂ ᠨᠡᠷ᠎ᠡ ᠮᠡᠳᠡᠭᠦᠯᠦᠨ ᠰᠣᠩᠭᠤᠭᠤᠯᠢ ᠳᠤ ᠣᠷᠣᠯᠴᠠᠬᠤ ᠳᠤᠷ᠎ᠠ ᠦᠭᠡᠶ ᠪᠠᠶᠢᠳᠠᠭ᠃ ᠳᠡᠭᠡᠷᠡᠬᠢ ᠪᠠᠶᠢᠳᠠᠯ ᠳᠤ ᠬᠠᠨᠳᠤᠭᠤᠯᠤᠨ᠂ ᠡᠨᠡ | ᠤᠳᠠᠭ᠎ᠠ ᠲᠦᠷᠢᠮ ᠳᠤ ︽ᠥᠮᠴᠢᠲᠠᠳ ᠤᠨ ᠳᠣᠲᠣᠷᠠᠬᠢ ᠨᠥᠬᠦᠴᠡᠯ ᠳᠤ ᠨᠡᠶᠢᠴᠡᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠬᠠᠤᠯᠢ ᠪᠠᠷ | ᠲᠣᠭᠲᠠᠭᠠᠭᠰᠠᠨ ᠵᠢᠷᠤᠮ ᠢᠶᠠᠷ ᠥᠮᠴᠢᠲᠠᠳ ᠤᠨ ᠺᠣᠮᠢᠰ ᠤᠨ ᠭᠡᠰᠢᠭᠦᠨ ᠪᠣᠯᠬᠤ ᠶᠢ ᠵᠣᠷᠢᠭᠵᠢᠭᠤᠯᠤᠨ ᠳᠡᠮᠵᠢᠨ᠎ᠡ᠃ ᠥᠮᠴᠢᠲᠠᠳ ᠤᠨ ᠺᠣᠮᠢᠰ ᠤᠨ ᠨᠠᠮ ᠤᠨ ᠵᠣᠬᠢᠶᠠᠨ | ᠪᠠᠶᠢᠭᠤᠯᠤᠯᠲᠠ ᠪᠠᠶᠢᠭᠤᠯᠬᠤ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠳ ᠤᠨ ᠳᠠᠶᠢᠴᠢᠨ ᠪᠠᠬᠢᠯᠡᠯᠲᠡ ᠪᠠ ᠬᠤᠰᠢᠭᠤᠴᠢ ᠵᠢᠱᠢᠶᠡᠴᠢ | ᠦᠶᠯᠡᠳᠦᠯ ᠢ ᠭᠦᠶᠴᠡᠳ ᠪᠠᠳᠠᠷᠠᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃︾ ᠭᠡᠬᠦ ᠵᠦᠢᠯ ᠵᠤᠷᠪᠤᠰ ᠢ ᠨᠡᠮᠡᠯ᠎ᠡ᠃ | ︵ᠬᠤᠶᠠᠷ︶ ᠥᠮᠴᠢᠲᠠᠳ ᠤᠨ ᠶᠡᠭᠡ ᠬᠤᠷᠠᠯ᠂ ᠥᠮᠴᠢᠲᠠᠳ ᠤᠨ ᠺᠣᠮᠢᠰ ᠤᠨ ᠠᠵᠢᠯ ᠥᠷᠨᠢᠭᠦᠯᠬᠦ ᠵᠠᠷᠤᠳᠠᠯ ᠪᠠ ᠥᠮᠴᠢᠲᠠᠳ ᠤᠨ ᠺᠣᠮᠢᠰ ᠤᠨ ᠭᠡᠰᠢᠭᠦᠳ ᠤᠨ | ᠠᠵᠢᠯ ᠤᠨ ᠨᠥᠬᠦᠪᠥᠷᠢ ᠶᠢ ᠴᠤᠭᠯᠠᠭᠤᠯᠬᠤ ᠠᠷᠭ᠎ᠠ ᠵᠠᠮ ᠨᠡᠮᠡᠪᠡ᠃ | ᠨᠢᠭᠡᠳᠦᠭᠡᠷ ᠲᠤ ᠦᠮᠴᠢᠳᠠᠳ ᠤᠨ ᠶᠡᠭᠡ ᠬᠤᠷᠠᠯ᠂ ᠦᠮᠴᠢᠳᠠᠳ ᠤᠨ ᠺᠣᠮᠢᠰ ᠤᠨ ᠠᠵᠢᠯ ᠥᠷᠨᠢᠭᠦᠯᠬᠦ ᠵᠠᠷᠤᠳᠠᠯ ᠢ ᠪᠦᠬᠦ ᠦᠮᠴᠢᠳᠠᠳ ᠡᠭᠦᠷᠭᠡᠯᠡᠬᠦ ᠤᠤᠯ | ᠰᠠᠭᠤᠷᠢᠨ ᠳᠡᠭᠡᠷ᠎ᠡ᠂ ᠦᠮᠴᠢᠳᠠᠳ ᠤᠨ ᠬᠠᠮᠲᠤ ᠪᠠᠷ ᠥᠮᠴᠢᠯᠡᠵᠦ ᠪᠠᠶᠢᠭ᠎ᠠ ᠡᠵᠡᠩᠨᠡᠯᠲᠡ ᠶᠢᠨ ᠠᠰᠢᠭ ᠣᠷᠣᠯᠭ᠎ᠠ ᠳᠣᠲᠤᠷ᠎ᠠ ᠠᠴᠠ ᠬᠡᠰᠡᠭ ᠶᠢ ᠨᠢ ᠵᠠᠷᠤᠴᠠᠭᠤᠯᠵᠤ | ᠪᠣᠯᠬᠤ ᠠᠷᠭ᠎ᠠ ᠵᠠᠮ ᠢ ᠨᠡᠮᠡᠵᠦ᠂ ᠦᠮᠴᠢᠳᠠᠳ ᠤᠨ ᠶᠡᠭᠡ ᠬᠤᠷᠠᠯ ᠥᠮᠴᠢᠲᠠᠳ ᠤᠨ ᠺᠣᠮᠢᠰ ᠤᠨ ᠠᠵᠢᠯ ᠤᠨ ᠵᠠᠷᠤᠳᠠᠯ ᠢ ᠴᠤᠭᠯᠠᠭᠤᠯᠬᠤ ᠠᠷᠭ᠎ᠠ ᠵᠠᠮ ᠢ ᠨᠢ | ᠥᠷᠭᠡᠳᠬᠡᠵᠦ᠂ ᠦᠮᠴᠢᠳᠠᠳ ᠤᠨ ᠶᠡᠭᠡ ᠬᠤᠷᠠᠯ᠂ ᠥᠮᠴᠢᠲᠠᠳ ᠤᠨ ᠺᠣᠮᠢᠰ ᠤᠨ ᠠᠵᠢᠯ ᠢ ᠥᠷᠨᠢᠭᠦᠯᠬᠦ ᠵᠠᠷᠤᠳᠠᠯ ᠤᠨ ᠪᠠᠲᠤᠯᠠᠭ᠎ᠠ ᠳᠤ ᠬᠦᠴᠦᠨ ᠨᠡᠮᠡᠵᠡᠢ᠃ | ᠬᠤᠶᠠᠳᠤᠭᠠᠷ ᠲᠤ᠂ ᠥᠮᠴᠢᠲᠠᠳ ᠤᠨ ᠺᠣᠮᠢᠰ ᠤᠨ ᠭᠡᠰᠢᠭᠦᠳ ᠤᠨ ᠠᠵᠢᠯ ᠤᠨ ᠨᠥᠬᠦᠪᠥᠷᠢ ᠶᠢᠨ ᠰᠢᠨ᠎ᠡ ᠠᠭᠤᠯᠭ᠎ᠠ ᠨᠡᠮᠡᠵᠦ᠂ ᠦᠮᠴᠢᠳᠠᠳ ᠤᠨ ᠶᠡᠭᠡ ᠬᠤᠷᠠᠯ | ᠠᠴᠠ ᠦᠮᠴᠢᠳᠠᠳ ᠤᠨ ᠶᠡᠭᠡ ᠬᠤᠷᠠᠯ᠂ ᠥᠮᠴᠢᠲᠠᠳ ᠤᠨ ᠺᠣᠮᠢᠰ ᠲᠤ ᠲᠤᠰᠢᠶᠠᠭᠰᠠᠨ ᠵᠠᠷᠤᠳᠠᠯ ᠤᠨ ᠪᠠᠶᠢᠳᠠᠯ ᠪᠠ ᠦᠮᠴᠢᠳᠠᠳ ᠤᠨ ᠬᠠᠮᠲᠤ ᠪᠠᠷ ᠥᠮᠴᠢᠯᠡᠬᠦ ᠬᠡᠰᠡᠭ | ᠡᠵᠡᠩᠨᠡᠯᠲᠡ ᠶᠢᠨ ᠠᠰᠢᠭ ᠣᠷᠣᠯᠭ᠎ᠠ ᠶᠢᠨ ᠪᠠᠶᠢᠳᠠᠯ ᠢ ᠦᠨᠳᠦᠰᠦᠯᠡᠨ ᠥᠮᠴᠢᠲᠠᠳ ᠤᠨ ᠺᠣᠮᠢᠰ ᠤᠨ ᠭᠡᠰᠢᠭᠦᠳ ᠤᠨ ᠠᠵᠢᠯ ᠤᠨ ᠨᠥᠬᠦᠪᠥᠷᠢ ᠵᠢᠴᠢ ᠪᠠᠷᠢᠮᠵᠢᠶ᠎ᠠ ᠶᠢ | ᠲᠣᠭᠲᠠᠭᠠᠵᠤ᠂ ᠨᠥᠬᠦᠴᠡᠯ ᠳᠤ ᠨᠡᠶᠢᠴᠡᠭᠰᠡᠨ ᠦᠮᠴᠢᠳᠠᠳ ᠤᠨ ᠥᠮᠴᠢᠲᠠᠳ ᠤᠨ ᠺᠣᠮᠢᠰ ᠤᠨ ᠰᠣᠩᠭᠤᠭᠤᠯᠢ ᠳᠤ ᠣᠷᠣᠯᠴᠠᠬᠤ ᠲᠣᠬᠢᠶᠠᠯᠳᠤᠮᠵᠢ ᠶᠢ ᠳᠡᠭᠡᠭᠰᠢᠯᠡᠭᠦᠯᠵᠦ᠂ | ᠥᠮᠴᠢᠲᠠᠳ ᠤᠨ ᠺᠣᠮᠢᠰ ᠤᠨ ᠭᠡᠰᠢᠭᠦᠳ ᠤᠨ ᠠᠵᠢᠯ ᠤᠨ ᠢᠳᠡᠪᠬᠢᠵᠢᠯ ᠢ ᠲᠠᠶᠢᠴᠢᠯᠠᠵᠦ᠂ ᠠᠳᠠᠯ ᠠᠬᠤᠢ ᠶᠢᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠤᠨ ᠡᠮᠬᠢ | ᠵᠢᠷᠤᠮ ᠲᠠᠢ ᠥᠷᠨᠢᠬᠦ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠠᠭᠢᠭᠤᠯᠪᠠ᠃ | ︵ᠭᠤᠷᠪᠠ︶ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ ᠵᠦᠢᠯ ᠵᠤᠷᠪᠤᠰ ᠢ ᠨᠡᠮᠡᠵᠦ᠂ ᠥᠮᠴᠢᠲᠡᠨ ᠤ ᠺᠣᠮᠢᠰ ᠤᠨ ᠦᠢᠯᠡᠳᠦᠯ ᠢᠶᠠᠨ ᠪᠠᠳᠠᠷᠠᠭᠤᠯᠬᠤ | ᠳᠤ ᠨᠥᠬᠦᠪᠥᠷᠢ ᠬᠠᠩᠭᠠᠵᠠᠢ᠃ | ᠳᠦᠷᠢᠮ ᠳᠤ ︽ᠥᠮᠴᠢᠲᠠᠳ ᠤᠨ ᠶᠡᠭᠡ ᠬᠤᠷᠠᠯ ᠢ ᠪᠠᠶᠢᠭᠤᠯᠬᠤ ᠨᠥᠬᠦᠴᠡᠯ ᠦᠭᠡᠢ᠂ ᠡᠰᠡᠬᠦᠯ᠎ᠡ ᠥᠮᠴᠢᠲᠠᠳ ᠤᠨ ᠶᠡᠭᠡ ᠬᠤᠷᠠᠯ ᠢ ᠪᠠᠶᠢᠭᠤᠯᠬᠤ ᠨᠥᠬᠦᠴᠡᠯ ᠢ | ᠪᠦᠷᠢᠯᠳᠦᠭᠦᠯᠦᠭᠰᠡᠨ ᠪᠣᠯᠪᠠᠴᠤ ᠥᠮᠴᠢᠲᠠᠳ ᠤᠨ ᠶᠡᠭᠡ ᠬᠤᠷᠠᠯ ᠢ ᠪᠠᠶᠢᠭᠤᠯᠤᠭᠠᠳᠤᠢ᠂ ᠥᠮᠴᠢᠲᠠᠳ ᠤᠨ ᠶᠡᠭᠡ ᠬᠤᠷᠠᠯ ᠪᠠᠶᠢᠭᠤᠯᠤᠭᠳᠠᠭᠰᠠᠨ ᠤ ᠳᠠᠷᠠᠭ᠎ᠠ | ᠥᠮᠴᠢᠲᠠᠳ ᠤᠨ ᠺᠣᠮᠢᠰ ᠤᠨ ᠣᠷᠣᠨ ᠰᠠᠭᠤᠴᠠ ᠶᠢᠨ ᠲᠣᠭᠤᠷᠢᠭ ᠰᠤᠩᠭᠤᠭᠠᠳᠤᠢ᠂ ᠠᠳᠠᠯ ᠠᠬᠤᠶ ᠶᠢᠨ ᠲᠥᠷᠥᠯ ᠵᠦᠶᠯ ᠤᠨ ᠪᠠᠶᠢᠭ᠎ᠠ ᠭᠠᠵᠠᠷ ᠤᠨ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠠᠷᠠᠭ᠎ᠠ ᠮᠥᠨ ᠯᠡ ᠥᠮᠴᠢᠲᠠᠳ ᠤᠨ ᠶᠡᠭᠡ ᠬᠤᠷᠠᠯ | ᠪᠠᠶᠢᠭᠤᠯᠬᠤ ᠪᠠ ᠥᠮᠴᠢᠲᠠᠳ ᠤᠨ ᠺᠣᠮᠢᠰ ᠢ ᠰᠣᠩᠭᠤᠨ ᠭᠠᠷᠭᠠᠵᠤ ᠳᠡᠶᠢᠯᠬᠦ ᠦᠭᠡᠢ ᠪᠣᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠺᠣᠮᠢᠰ ᠢ ᠵᠣᠬᠢᠶᠠᠨ ᠪᠠᠶᠢᠭᠤᠯᠤᠨ᠂ | ᠥᠮᠴᠢᠲᠠᠳ ᠢᠶᠠᠷ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ ᠢ ᠵᠣᠬᠢᠶᠠᠨ ᠪᠠᠶᠢᠭᠤᠯᠵᠤ᠂ ᠥᠮᠴᠢᠲᠠᠳ ᠤᠨ ᠶᠡᠭᠡ ᠬᠤᠷᠠᠯ᠂ ᠥᠮᠴᠢᠲᠠᠳ ᠤᠨ ᠺᠣᠮᠢᠰ ᠤᠨ | ᠡᠭᠦᠷᠭᠡ ᠬᠠᠷᠢᠭᠤᠴᠠᠯᠭ᠎ᠠ ᠶᠢ ᠲᠦᠷ ᠴᠠᠭ ᠭᠦᠶᠴᠡᠳᠬᠡᠯᠭᠡᠵᠦ᠂ ᠨᠥᠬᠦᠴᠡᠯ ᠳᠤ ᠨᠡᠶᠢᠴᠡᠬᠦ ᠣᠷᠣᠨ ᠰᠠᠭᠤᠴᠠ ᠶᠢᠨ ᠲᠣᠭᠤᠷᠢᠭ ᠲᠤ ᠥᠮᠴᠢᠲᠠᠳ ᠤᠨ ᠶᠡᠭᠡ ᠬᠤᠷᠠᠯ ᠢ | ᠪᠠᠶᠢᠭᠤᠯᠵᠤ᠂ ᠥᠮᠴᠢᠲᠠᠳ ᠤᠨ ᠺᠣᠮᠢᠰ ᠰᠤᠩᠭᠤᠬᠤ ᠶᠢ ᠠᠭᠢᠭᠤᠯᠬᠤ ᠬᠡᠷᠡᠭᠲᠡᠢ᠃︾ ᠬᠡᠮᠡᠨ ᠲᠣᠭᠲᠠᠭᠠᠪᠠ᠃ | ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ᠂ ᠠᠳᠠᠯ | ᠠᠬᠤᠶ ᠶᠢᠨ ᠬᠡᠷᠡᠭᠯᠡᠭᠴᠢ ᠶᠢᠨ ᠲᠥᠯᠥᠭᠡᠯᠡᠭᠴᠢ ᠵᠡᠷᠭᠡ ᠭᠤᠷᠪᠠ ᠠᠴᠠ ᠳᠡᠭᠡᠭᠰᠢᠬᠢ ᠰᠣᠨᠳᠣᠭᠤᠶ ᠲᠤᠭ᠎ᠠ ᠪᠠᠷ ᠪᠦᠷᠢᠯᠳᠦᠵᠦ᠂ ᠡᠭᠦᠨ ᠳᠤ ᠥᠮᠴᠢᠲᠡᠨ ᠤ ᠲᠥᠯᠥᠭᠡᠯᠡᠭᠴᠢ | ᠨᠢ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠤᠨ ᠭᠡᠰᠢᠭᠦᠳ ᠤᠨ ᠲᠤᠭ᠎ᠠ ᠶᠢᠨ ᠬᠠᠭᠠᠰ ᠠᠴᠠ ᠳᠤᠲᠠᠭᠤ ᠪᠠᠶᠢᠵᠤ ᠪᠣᠯᠬᠤ ᠥᠬᠡᠶ᠃ ᠥᠮᠴᠢᠲᠡᠨ ᠤ | ᠲᠥᠯᠥᠭᠡᠯᠡᠭᠴᠢ ᠶᠢ ᠰᠣᠩᠭᠤᠨ ᠭᠠᠷᠭᠠᠬᠤ ᠪᠠ ᠬᠢᠷᠢ ᠬᠡᠮ ᠢ ᠬᠢᠨᠠᠨ ᠪᠠᠶᠢᠴᠠᠭᠠᠬᠤ ᠶᠢ ᠥᠮᠴᠢᠲᠠᠳ ᠤᠨ ᠺᠣᠮᠢᠰ ᠤᠨ ᠵᠢᠱᠢᠭᠳᠡᠭᠴᠢ ᠶᠢᠨ ᠬᠤᠯᠪᠣᠭᠳᠠᠯ ᠪᠥᠬᠦᠶ | ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ᠡᠷᠬᠢᠯᠡᠭᠴᠢ ᠶᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ | ᠲᠥᠯᠥᠭᠡᠯᠡᠭᠴᠢ ᠡᠭᠦᠷᠭᠡᠯᠡᠵᠦ᠂ ᠳᠡᠳ᠋ ᠡᠷᠬᠢᠯᠡᠭᠴᠢ ᠶᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠨᠢᠭᠡ ᠥᠮᠴᠢᠲᠡᠨ ᠤ | ᠲᠥᠯᠥᠭᠡᠯᠡᠭᠴᠢ ᠲᠣᠭᠲᠠᠭᠠᠨ ᠡᠭᠦᠷᠭᠡᠯᠡᠭᠦᠯᠦᠨ᠎ᠡ᠃ | ᠳᠡᠭᠡᠷᠡᠬᠢ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠳᠦᠷᠢᠮ ᠳᠤ ᠪᠢᠴᠢᠵᠦ ᠣᠷᠣᠭᠤᠯᠬᠤ ᠪᠠᠷ ᠳᠠᠮᠵᠢᠨ᠂ ᠣᠷᠣᠨ ᠰᠠᠭᠤᠴᠠ ᠶᠢᠨ ᠲᠣᠭᠤᠷᠢᠭ ᠤᠨ | ᠥᠮᠴᠢᠲᠠᠳ ᠤᠨ ᠺᠣᠮᠢᠰ ᠢ ᠪᠠᠶᠢᠭᠤᠯᠬᠤ ᠳᠤ ᠬᠦᠴᠢᠷ᠂ ᠵᠠᠷᠤᠳᠠᠯ ᠳᠤᠲᠠᠮᠠᠭ᠂ ᠦᠢᠯᠡᠳᠦᠯ ᠢᠶᠠᠨ ᠪᠠᠳᠠᠷᠠᠭᠤᠯᠬᠤ ᠳᠤ ᠬᠦᠴᠢᠷ ᠵᠡᠷᠭᠡ ᠠᠰᠠᠭᠤᠳᠠᠯ ᠤᠳ ᠢ ᠤᠯᠠᠮ ᠨᠢᠭᠡ | ᠠᠯᠬᠤᠮ ᠰᠢᠢᠳᠪᠦᠷᠢᠯᠡᠪᠡ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠮᠠᠰᠢ ᠣᠯᠠᠨ ᠥᠮᠴᠢᠲᠠᠳ ᠴᠥᠮ ᠤᠰᠤ᠂ ᠴᠠᠬᠢᠯᠭᠠᠨ᠂ ᠰᠢᠲᠠᠮᠠᠬᠠᠢ ᠬᠡᠶ᠂ ᠢᠯᠴᠢ | ᠬᠠᠩᠭᠠᠬᠤ ᠬᠤᠭᠤᠯᠠᠶ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠶᠡᠭᠡ ᠠᠩᠬᠠᠷᠴᠤ ᠪᠤᠢ᠂ ᠠᠮᠢᠳᠤᠷᠠᠯ ᠳᠤᠮᠳᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ | ᠠᠵᠢᠯ ᠢ ᠬᠠᠷᠢᠯᠴᠠᠨ ᠲᠦᠯᠬᠢᠯᠴᠡᠬᠦ ᠦᠵᠡᠭᠳᠡᠯ ᠣᠷᠤᠰᠢᠵᠤ ᠪᠠᠶᠢᠨ᠎ᠠ᠂ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ | ᠠᠬᠤᠶ ᠶᠢᠨ ᠬᠠᠮᠢᠶᠠᠷᠤᠯᠲᠠ ᠶᠢᠨ ᠲᠦᠷᠢᠮ︾ ᠳᠤ ᠡᠨᠡ ᠲᠤᠬᠠᠢ ᠬᠡᠷᠬᠢᠨ ᠲᠣᠭᠲᠠᠭᠠᠭᠰᠠᠨ ᠪᠣᠶ︖ | ᠯᠸᠢ ᠵᠧᠨ ᠬᠤᠸᠠ᠄ ᠤᠰᠤ᠂ ᠴᠠᠬᠢᠯᠭᠠᠨ᠂ ᠰᠢᠲᠠᠮᠠᠬᠠᠶ ᠬᠡᠶ᠂ ᠢᠯᠴᠢ ᠬᠠᠩᠭᠠᠬᠤ ᠨᠢ ᠥᠮᠴᠢᠲᠠᠳ ᠤᠨ ᠠᠮᠤᠷ ᠲᠣᠭᠲᠠᠭᠤᠨ ᠠᠮᠢᠳᠤᠷᠠᠯ ᠳᠤ ᠬᠤᠯᠪᠣᠭᠳᠠᠬᠤ | ᠪᠥᠭᠡᠳ ᠪᠠᠰᠠ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠳ ᠬᠢᠭᠡᠳ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠤᠨ ᠠᠵᠤ ᠠᠬᠤᠶ ᠶᠢᠨ ᠠᠰᠢᠭ | ᠲᠤᠰᠠ ᠵᠢᠴᠢ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠳᠤ ᠬᠤᠯᠪᠣᠭᠳᠠᠨ᠎ᠠ᠂ ᠠᠮᠢᠳᠤᠷᠠᠯ ᠳᠤᠮᠳᠠ᠂ ᠬᠠᠷᠢᠯᠴᠠᠨ ᠲᠦᠯᠬᠢᠯᠴᠡᠬᠦ ᠪᠠ ᠵᠥᠷᠢᠴᠡᠯ ᠮᠠᠷᠭᠤᠭᠠᠨ ᠲᠠᠢ 365赢多少钱会被限额_国内有真正的365平台吗_365bet博彩官网 | ᠦᠵᠡᠭᠳᠡᠯ ᠦᠨᠡᠨ ᠬᠦ ᠣᠷᠣᠰᠢᠵᠤ᠂ ᠨᠢᠭᠡᠨ ᠨᠡᠯᠢᠶᠡᠳ ᠲᠣᠪᠣᠶᠢᠮ᠎ᠠ ᠠᠰᠠᠭᠤᠳᠠᠯ ᠪᠣᠯᠪᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠨᠢ ᠳᠡᠭᠡᠷᠡᠬᠢ ᠠᠰᠠᠭᠤᠳᠠᠯ ᠳᠤ ᠨᠢᠭᠡᠨᠲᠡ ᠲᠣᠳᠣᠷᠬᠠᠶ ᠲᠣᠭᠲᠠᠭᠠᠯ ᠲᠠᠢ | ᠪᠣᠯᠤᠭᠰᠠᠨ ᠪᠠᠶᠢᠨ᠎ᠠ᠃ | ᠨᠢᠭᠡᠳᠦᠭᠡᠷ ᠲᠤ᠂ ᠤᠰᠤ᠂ ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠵᠡᠷᠭᠡ ᠨᠢᠭᠡᠴᠡ ᠶᠢᠨ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ | ᠵᠢᠴᠢ ᠬᠠᠮᠢᠶ᠎ᠠ ᠪᠦᠬᠦᠢ ᠬᠤᠭᠤᠯᠠᠶ ᠤᠲᠠᠰᠤ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠥᠮᠴᠢᠯᠡᠬᠦ ᠡᠷᠬᠡ ᠶᠢᠨ ᠬᠠᠷᠢᠶᠠᠯᠠᠯ ᠢ ᠡᠬᠢ ᠡᠭᠦᠰᠦᠯ ᠠᠴᠠ ᠨᠢ | ᠰᠢᠶᠳᠪᠦᠷᠢᠯᠡᠪᠠ᠃ ᠪᠠᠷᠢᠯᠭ᠎ᠠ ᠪᠠᠷᠢᠭᠤᠯᠬᠤ ᠨᠢᠭᠡᠴᠡ ᠲᠥᠷᠥᠯ ᠵᠦᠶᠯ ᠢ ᠪᠥᠲᠥᠭᠡᠨ ᠪᠠᠶᠢᠭᠤᠯᠬᠤ ᠳᠤ ᠪᠠᠨ ᠤᠰᠤ᠂ ᠴᠠᠬᠢᠯᠭᠠᠨ᠂ ᠰᠢᠲᠠᠮᠠᠬᠠᠢ ᠬᠡᠶ᠂ ᠢᠯᠴᠢ ᠵᠡᠷᠭᠡ | ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠥᠬᠦᠶ ᠬᠤᠭᠤᠯᠠᠶ ᠤᠲᠠᠰᠤ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠤᠷ᠎ᠠ ᠪᠠᠷ | ᠢᠶᠠᠨ ᠲᠣᠭᠲᠠᠭᠠᠵᠤ ᠪᠣᠯᠬᠤ ᠥᠬᠡᠶ᠂ ᠤᠯᠤᠰ ᠤᠨ ᠮᠡᠷᠭᠡᠵᠢᠯ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠰᠢᠨ᠎ᠡ ᠪᠠᠷ | ᠪᠠᠶᠢᠭᠤᠯᠤᠭᠳᠠᠭᠰᠠᠨ ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠶᠢ ᠭᠤᠤᠯ | ᠴᠣᠭᠴᠠᠲᠤ ᠪᠠᠷᠢᠯᠭ᠎ᠠ ᠯᠤᠭ᠎ᠠ ᠬᠠᠮᠲᠤ ᠳᠤ ᠨᠢ ᠵᠢᠷᠤᠭᠯᠠᠨ ᠲᠥᠯᠥᠪᠯᠡᠵᠦ᠂ ᠬᠠᠮᠲᠤ ᠳᠤ ᠨᠢ ᠪᠠᠶᠢᠭᠤᠯᠵᠤ᠂ ᠬᠠᠮᠲᠤ ᠳᠤ ᠨᠢ ᠲᠤᠰᠢᠶᠠᠨ ᠥᠭᠬᠦ ᠬᠡᠷᠡᠭᠲᠡᠶ᠃ ᠪᠦᠳᠦᠭᠡᠠ | ᠪᠠᠶᠢᠭᠤᠯᠬᠤ ᠨᠢᠭᠡᠴᠡ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠵᠣᠬᠢᠶᠠᠨ ᠪᠠᠶᠢᠭᠤᠯᠬᠤ ᠳᠤ ᠪᠠᠨ ᠤᠰᠤ᠂ ᠴᠠᠬᠢᠯᠭᠠᠨ᠂ ᠢᠯᠴᠢ᠂ ᠰᠢᠲᠠᠮᠠᠬᠠᠢ ᠭᠡᠢ | ᠬᠠᠩᠭᠠᠬᠤ ᠵᠡᠷᠭᠡ ᠬᠤᠯᠪᠣᠭᠳᠠᠯ ᠪᠦᠬᠦᠢ ᠲᠤᠰᠬᠠᠢ ᠡᠵᠡᠩᠨᠡᠯᠲᠡ ᠶᠢᠨ ᠨᠢᠭᠡᠴᠡ ᠳᠤ ᠮᠡᠳᠡᠭᠳᠡᠵᠦ ᠣᠷᠣᠯᠴᠠᠭᠤᠯᠬᠤ ᠬᠡᠷᠡᠭᠲᠡᠢ︔ ᠰᠢᠯᠭᠠᠨ ᠠᠪᠬᠤ ᠳᠤ ᠬᠢᠷᠢ ᠲᠡᠩᠴᠡᠭᠰᠡᠨ | ᠤ ᠳᠠᠷᠠᠭ᠎ᠠ᠂ ᠪᠦᠲᠦᠭᠡᠨ ᠪᠠᠶᠢᠭᠤᠯᠤᠭᠰᠠᠨ ᠨᠢᠭᠡᠴᠡ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠶ ᠤᠲᠠᠰᠤ ᠶᠢ ᠲᠤᠰᠬᠠᠶ | ᠡᠵᠡᠩᠨᠡᠯᠲᠡ ᠶᠢᠨ ᠨᠢᠭᠡᠴᠡ ᠳᠤ ᠰᠢᠯᠵᠢᠭᠦᠯᠦᠨ ᠲᠤᠰᠢᠶᠠᠵᠤ ᠬᠠᠮᠠᠭᠠᠯᠠᠨ ᠬᠠᠮᠢᠶᠠᠷᠤᠭᠤᠯᠬᠤ ᠬᠡᠷᠡᠭᠲᠡᠶ᠂ ᠲᠤᠰᠬᠠᠶ ᠡᠵᠡᠩᠨᠡᠯᠲᠡ ᠶᠢᠨ ᠨᠢᠭᠡᠴᠡ ᠨᠢ ᠭᠥᠯᠢᠶᠡᠨ ᠠᠪᠬᠤ | ᠬᠡᠷᠡᠭᠲᠡᠶ᠃ | ᠬᠤᠶᠠᠳᠤᠭᠠᠷ ᠲᠤ᠂ ᠤᠰᠤ᠂ ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠵᠡᠷᠭᠡ ᠨᠢᠭᠡᠴᠡ ᠶᠢᠨ ᠲᠤᠰᠬᠠᠶ ᠡᠵᠡᠩᠨᠡᠯᠲᠡ ᠶᠢᠨ ᠲᠥᠬᠦᠭᠡᠷᠦᠮᠵᠢ | ᠲᠥᠬᠦᠭᠡᠷᠦᠮᠵᠢ ᠵᠢᠴᠢ ᠬᠤᠯᠪᠣᠭᠳᠠᠯ ᠪᠦᠬᠦᠢ ᠬᠤᠭᠤᠯᠠᠶ ᠤᠲᠠᠰᠤ ᠶᠢᠨ ᠥᠮᠴᠢᠯᠡᠯ ᠤᠨ ᠡᠷᠬᠡ ᠶᠢᠨ ᠬᠠᠷᠢᠶᠠᠯᠠᠯ ᠢ ᠴᠦ ᠨᠢᠭᠡᠨᠲᠡ ᠲᠣᠳᠣᠷᠬᠠᠶᠢᠯᠠᠪᠠ᠃ ᠠᠳᠠᠯ ᠠᠬᠤᠶ | ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰᠬᠠᠶ ᠡᠵᠡᠩᠨᠡᠯᠲᠡ ᠶᠢᠨ ᠨᠢᠭᠡᠴᠡ ᠶᠢ ᠵᠣᠬᠢᠶᠠᠨ ᠪᠠᠶᠢᠭᠤᠯᠵᠤ | ᠰᠢᠯᠭᠠᠨ ᠠᠪᠬᠤ ᠬᠡᠷᠡᠭᠲᠡᠶ᠃ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠪᠠᠯ ᠲᠤᠰᠬᠠᠢ ᠮᠡᠷᠭᠡᠵᠢᠯ ᠤᠨ ᠡᠵᠡᠩᠨᠡᠯᠲᠡ ᠶᠢᠨ ᠨᠢᠭᠡᠴᠡ ᠬᠦᠯᠢᠶᠡᠨ ᠠᠪᠤᠨ᠎ᠠ︔ ᠰᠢᠯᠭᠠᠨ | ᠠᠪᠬᠤ ᠳᠤ ᠬᠢᠷᠢ ᠲᠡᠩᠴᠡᠭᠰᠡᠨ ᠦᠭᠡᠶ ᠶᠢ ᠨᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠨᠢᠭᠡᠴᠡ ᠶᠢ ᠵᠣᠬᠢᠶᠠᠨ | ᠪᠠᠶᠢᠭᠤᠯᠤᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠲᠤᠰᠬᠠᠶ ᠡᠵᠡᠩᠨᠡᠯᠲᠡ ᠶᠢᠨ ᠨᠢᠭᠡᠴᠡ ᠨᠢ ᠬᠦᠯᠢᠶᠡᠨ | ᠠᠪᠤᠨ᠎ᠠ᠃ | ᠭᠤᠷᠪᠠᠳᠤᠭᠠᠷ ᠲᠤ᠂ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠵᠡᠷᠭᠡ ᠵᠠᠷᠤᠳᠠᠯ ᠢ ᠡᠭᠦᠷᠭᠡᠯᠡᠬᠦ ᠰᠠᠯᠠᠭ᠎ᠠ ᠮᠥᠴᠢᠷ ᠢ ᠤᠯᠠᠮ ᠨᠢᠭᠡ ᠠᠯᠬᠤᠮ | ᠲᠣᠳᠤᠷᠬᠠᠢ ᠪᠣᠯᠭᠠᠪᠠ᠂ ᠲᠦᠷᠢᠮ ᠳᠤ᠂ ᠲᠤᠰᠬᠠᠶ ᠡᠵᠡᠩᠨᠡᠯᠲᠡ ᠶᠢᠨ ᠨᠢᠭᠡᠴᠡ ᠳᠤ ᠰᠢᠯᠵᠢᠭᠦᠯᠦᠨ ᠥᠭᠭᠦᠭᠰᠡᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠥᠬᠦᠶ | ᠬᠤᠭᠤᠯᠠᠶ ᠤᠲᠠᠰᠤ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠵᠡᠷᠭᠡ ᠵᠠᠷᠤᠳᠠᠯ ᠢ ᠲᠤᠰᠬᠠᠶ ᠡᠵᠡᠩᠨᠡᠯᠲᠡ ᠶᠢᠨ ᠨᠢᠭᠡᠴᠡ ᠬᠠᠤᠯᠢ ᠶᠣᠰᠣᠭᠠᠷ | ᠡᠭᠦᠷᠭᠡᠯᠡᠨ᠎ᠡ ᠭᠡᠵᠦ ᠲᠣᠳᠣᠷᠬᠠᠶ ᠲᠣᠭᠲᠠᠭᠠᠵᠠᠶ᠃ ᠵᠠᠰᠠᠬᠤ ᠶᠢ ᠪᠠᠲᠤᠯᠠᠬᠤ ᠬᠤᠭᠤᠴᠠᠭᠠᠨ ᠳᠤ ᠪᠠᠶᠢᠭ᠎ᠠ ᠪᠣᠯ ᠵᠠᠷᠤᠳᠠᠯ ᠢ ᠨᠢ ᠪᠦᠲᠦᠭᠡᠨ ᠪᠠᠷᠢᠭᠤᠯᠤᠭᠰᠠᠨ ᠨᠢᠭᠡᠴᠡ | ᠡᠭᠦᠷᠭᠡᠯᠡᠨ᠎ᠡ᠃ | ᠳᠥᠷᠪᠡᠳᠦᠭᠡᠷ ᠲᠤ᠂ ᠤᠰᠤ᠂ ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠵᠡᠷᠭᠡ ᠨᠢᠭᠡᠴᠡ ᠶᠢᠨ ᠲᠤᠰᠬᠠᠶ ᠰᠡᠯᠪᠢᠨ ᠵᠠᠰᠠᠬᠤ ᠬᠦᠷᠢᠶ᠎ᠡ ᠬᠡᠪᠴᠢᠶ᠎ᠡ ᠶᠢ | ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠡᠷᠦᠬᠡᠴᠢᠯᠡᠨ ᠬᠤᠪᠢᠶᠠᠭᠰᠠᠨ ᠦᠵᠦᠭᠦᠷ ᠬᠡᠮᠵᠢᠯᠲᠡ ᠶᠢᠨ | ᠲᠣᠨᠣᠭᠯᠠᠯ ᠵᠢᠴᠢ ᠲᠡᠭᠦᠨ ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠪᠤᠶᠤ ᠡᠷᠦᠬᠡ ᠳᠤ ᠣᠷᠣᠭᠤᠯᠬᠤ ᠵᠠᠯᠭᠠᠭᠠᠰᠤ ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠶᠢ | ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠶᠢ ᠬᠠᠷᠢᠭᠤᠴᠠᠬᠤ ᠶᠢᠨ ᠬᠠᠮᠲᠤ ᠬᠠᠮᠢᠶ᠎ᠠ ᠪᠦᠬᠦᠢ ᠵᠠᠷᠤᠳᠠᠯ ᠢ ᠡᠭᠦᠷᠭᠡᠯᠡᠭᠦᠯᠦᠨ᠎ᠡ᠃ | ᠳᠡᠭᠡᠷᠡᠬᠢ ᠪᠣᠯ ᠳᠠᠷᠤᠶ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ | ᠶᠢᠨ ᠲᠦᠷᠢᠮ︾ ᠤᠨ ᠤᠰᠤ᠂ ᠴᠠᠬᠢᠯᠭᠠᠨ᠂ ᠰᠢᠲᠠᠮᠠᠬᠠᠶ ᠬᠡᠶ᠂ ᠢᠯᠴᠢ ᠬᠠᠩᠭᠠᠬᠤ ᠬᠤᠭᠤᠯᠠᠶ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠰᠠᠭᠤᠳᠠᠯ ᠤᠳ ᠤᠨ | ᠲᠤᠬᠠᠶ ᠲᠣᠭᠲᠠᠭᠠᠯ ᠪᠣᠯᠤᠨ᠎ᠠ᠂ ᠡᠨᠡ ᠨᠢ ᠡᠲᠡᠭᠡᠷ ᠲᠣᠭᠲᠠᠭᠠᠯ ᠳᠤ ᠬᠤᠯᠪᠤᠭᠳᠠᠬᠤ ᠪᠥᠲᠥᠭᠡᠨ ᠪᠠᠶᠢᠭᠤᠯᠬᠤ ᠨᠢᠭᠡᠴᠡ᠂ ᠤᠰᠤ᠂ ᠴᠠᠬᠢᠯᠭᠠᠨ᠂ ᠰᠢᠲᠠᠮᠠᠬᠠᠶ ᠬᠡᠶ᠂ ᠢᠯᠴᠢ | ᠬᠠᠩᠭᠠᠬᠤ ᠵᠡᠷᠭᠡ ᠲᠤᠰᠬᠠᠶ ᠡᠵᠡᠩᠨᠡᠯᠲᠡ ᠶᠢᠨ ᠨᠢᠭᠡᠴᠡ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠤᠨ ᠬᠠᠮᠲᠤ ᠪᠠᠷ ᠴᠢᠷᠮᠠᠶᠢᠵᠤ ᠨᠠᠶᠢᠳᠠᠪᠤᠷᠢᠵᠢᠭᠤᠯᠬᠤ ᠶᠢ ᠱᠠᠭᠠᠷᠳᠠᠨ᠎ᠠ᠃ | | |