ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ | | ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠬᠡᠷᠡᠭᠵᠢᠭᠦᠯᠬᠦ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠳᠤ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠬᠤᠲᠠ ᠶᠢᠨ ᠬᠥᠭᠵᠢᠯᠲᠡ ᠰᠢᠨ᠎ᠡ ᠱᠠᠲᠤᠨ ᠳᠤ | ᠣᠷᠣᠭᠰᠠᠨ ᠳᠤ ᠨᠡᠶᠢᠴᠡᠭᠦᠯᠦᠨ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ | ᠬᠤᠳᠠ ᠶᠢ ᠰᠢᠨᠡᠳᠬᠡᠬᠦ ᠨᠢ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠣᠯᠬᠤ ᠪᠥᠭᠡᠳ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠬᠤᠯᠠ ᠲᠤᠯᠭᠠᠭᠤᠷᠢᠯᠠᠯ ᠪᠣᠯᠣᠨ᠎ᠠ᠂ ᠪᠠᠰᠠ ᠴᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ | ᠬᠡᠮᠵᠢᠭᠳᠡᠯ ᠠᠴᠠ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠣᠨ᠎ᠠ᠃ ᠣᠳᠣᠬᠠᠨ ᠳᠤ᠂ ᠮᠠᠨ ᠤ | ᠣᠷᠣᠨ ᠤ ᠬᠤᠲᠠ ᠶᠢᠨ ᠬᠥᠭᠵᠢᠯᠲᠡ ᠨᠢᠭᠡᠨᠲᠡ ᠶᠡᠭᠡ ᠬᠡᠪᠴᠢᠶ᠎ᠡ ᠪᠠᠷ ᠨᠡᠮᠡᠭᠳᠡᠭᠦᠯᠵᠦ ᠪᠦᠲᠦᠭᠡᠨ ᠪᠠᠶᠢᠭᠤᠯᠬᠤ ᠠᠴᠠ ᠤᠭ ᠤᠨ ᠪᠠᠶᠢᠭᠰᠠᠨ ᠤ ᠶᠠᠰᠤ ᠴᠢᠨᠠᠷ ᠢ ᠨᠢ | ᠳᠡᠭᠡᠭᠰᠢᠯᠡᠭᠦᠯᠦᠨ ᠰᠠᠶᠢᠵᠢᠷᠠᠭᠤᠯᠬᠤ ᠪᠠ ᠨᠡᠮᠡᠭᠳᠡᠯ ᠤᠨ ᠪᠦᠲᠦᠴᠡ ᠶᠢ ᠨᠢ ᠲᠣᠬᠢᠷᠠᠭᠤᠯᠬᠤ ᠪᠠᠨ ᠵᠡᠷᠭᠡ ᠳᠤ ᠨᠢ ᠴᠢᠬᠤᠯᠠᠴᠢᠯᠠᠬᠤ ᠪᠣᠯᠵᠤ ᠬᠤᠪᠢᠷᠠᠨ᠂ ᠬᠤᠲᠠ ᠶᠢᠨ | ᠰᠢᠨᠡᠳᠬᠡᠯ ᠤᠨ ᠴᠢᠬᠤᠯᠠ ᠴᠠᠭ ᠦᠶ᠎ᠡ ᠳᠤ ᠣᠷᠣᠪᠠ᠃ ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠲᠠᠨᠢᠵᠤ ᠡᠷᠬᠢᠮᠯᠡᠨ ᠬᠦᠨᠳᠦᠳᠬᠡᠬᠦ ᠪᠥᠭᠡᠳ ᠲᠡᠭᠦᠨ ᠳᠤ ᠨᠡᠶᠢᠴᠡᠭᠦᠯᠵᠦ᠂ ᠬᠤᠲᠠ ᠳᠤ ᠰᠠᠭᠤᠷᠢᠰᠢᠨ ᠠᠮᠢᠳᠤᠷᠠᠬᠤ | ᠣᠷᠴᠢᠨ ᠨᠥᠬᠦᠴᠡᠯ ᠤᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠤᠲᠠ ᠶᠢᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ ᠶᠢ ᠤᠯᠤᠰ ᠤᠨ ᠲᠤᠷᠰᠢᠯᠲᠠ ᠶᠢᠨ ᠴᠡᠭ ᠤᠨ ᠬᠤᠲᠠ ᠳᠤ ᠵᠢᠭᠰᠠᠭᠠᠨ ᠣᠷᠣᠭᠤᠯᠬᠤ ᠶᠢ | ᠠᠬᠢᠭᠤᠯᠵᠤ᠂ ᠬᠤᠲᠠ ᠶᠢᠨ ᠰᠢᠨᠡᠳᠬᠡᠯ ᠤᠨ ᠲᠤᠷᠰᠢᠯᠲᠠ ᠶᠢᠨ ᠴᠡᠭ ᠤᠨ ᠲᠥᠰᠥᠯ ᠢ ᠲᠣᠭᠲᠠᠭᠠᠨ ᠨᠡᠶᠢᠲᠡᠯᠡᠨ᠎ᠡ︔ ᠬᠤᠲᠠ ᠶᠢᠨ ᠰᠢᠨᠡᠳᠬᠡᠯ ᠤᠨ ᠪᠦᠲᠦᠭᠡᠨ | ᠪᠠᠶᠢᠭᠤᠯᠵᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠬᠤᠲᠠ ᠶᠢᠨ ᠪᠠᠶᠢᠭᠤᠯᠤᠯᠲᠤ ᠬᠤᠳᠡ ︵ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠪᠠᠭᠲᠠᠨ᠎ᠠ︶ | ᠶᠢᠨ ᠰᠢᠨᠡᠳᠬᠡᠯ ᠤᠨ ᠠᠵᠢᠯᠯᠠᠭ᠎ᠠ ᠶᠢ ᠵᠢᠭᠠᠨ ᠵᠢᠯᠣᠭᠤᠳᠤᠨ᠎ᠠ᠃ 2023 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠳᠠᠬᠢ ᠬᠤᠲᠠ ᠶᠢᠨ ᠪᠠᠶᠢᠭᠤᠯᠤᠯᠲᠤ ᠬᠤᠲᠠ | ᠨᠢ ᠴᠥᠮ ᠰᠢᠨᠡᠳᠬᠡᠯ ᠤᠨ ᠵᠢᠱᠢᠶ᠎ᠡ ᠦᠵᠡᠭᠦᠯᠬᠦ ᠲᠣᠭᠤᠷᠢᠭ ᠲᠠᠢ ᠪᠣᠯᠬᠤ ᠶᠢᠨ ᠬᠠᠮᠲᠤ᠂ ᠬᠡᠰᠡᠭ ᠲᠣᠭᠤᠷᠢᠭ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ | ᠪᠤᠶᠤ ᠬᠤᠲᠠ ᠶᠢᠨ ᠰᠢᠨᠡᠳᠬᠡᠯ ᠢ ᠲᠥᠪᠯᠡᠷᠡᠭᠦᠯᠦᠨ ᠵᠠᠯᠭᠠᠯᠳᠤᠭᠤᠯᠵᠤ ᠬᠡᠷᠡᠭᠵᠢᠭᠦᠯᠦᠨ᠎ᠡ᠃ 2025 ᠣᠨ ᠤ ᠰᠡᠭᠦᠯᠴᠢ ᠪᠣᠯᠬᠤ ᠳᠤ᠂ ᠬᠤᠲᠠ ᠶᠢᠨ ᠰᠢᠨᠡᠳᠬᠡᠯ ᠤᠨ | ᠠᠵᠢᠯᠯᠠᠭ᠎ᠠ ᠶᠢ ᠴᠢᠬᠤᠯᠠ ᠠᠬᠢᠴᠠ ᠲᠠᠢ ᠪᠣᠯᠭᠠᠨ᠂ ᠬᠤᠲᠠ ᠶᠢᠨ ᠰᠢᠨᠡᠳᠬᠡᠯ ᠤᠨ ᠪᠠᠶᠢᠭᠤᠯᠤᠯ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠠᠩᠬ᠎ᠠ | ᠠᠯᠬᠤᠮ ᠪᠦᠷᠢᠯᠳᠦᠭᠦᠯᠵᠦ᠂ ᠬᠤᠲᠠ ᠪᠠᠯᠭᠠᠰᠤᠨ ᠤ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠤᠲᠠ ᠶᠢᠨ ᠪᠦᠲᠦᠴᠡ᠂ ᠴᠢᠳᠠᠮᠵᠢ᠂ | ᠪᠠᠶᠢᠷᠢᠰᠢᠯ ᠢ ᠠᠯᠬᠤᠮ ᠠᠯᠬᠤᠮ ᠢᠶᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ | ᠲᠦᠷᠭᠡᠳᠬᠡᠨ ᠬᠤᠪᠢᠷᠠᠭᠤᠯᠵᠤ᠂ ᠬᠤᠲᠠ ᠳᠤ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ︽ᠬᠤᠲᠠ ᠶᠢᠨ ᠭᠡᠮ︾ ᠪᠠ | ᠬᠤᠲᠠ ᠶᠢᠨ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠵᠠᠰᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠠᠭᠤᠷᠢᠰᠢᠨ ᠠᠮᠢᠳᠤᠷᠠᠬᠤ ᠳᠤ ᠲᠣᠬᠢᠷᠠᠬᠤ ᠲᠠᠭᠠᠯᠠᠮᠵᠢᠲᠠᠢ ᠬᠤᠲᠠ ᠶᠢ ᠪᠦᠲᠦᠭᠡᠨ ᠪᠠᠶᠢᠭᠤᠯᠤᠨ᠎ᠠ᠃ | 1. ᠣᠷᠣᠨ ᠵᠠᠢ ᠶᠢᠨ ᠪᠠᠶᠢᠷᠢᠰᠢᠯ ᠢ ᠲᠡᠭᠦᠯᠳᠡᠷᠵᠢᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠪᠠ ᠤᠯᠠᠭᠠᠨᠬᠠᠳᠠ᠂ ᠲᠦᠩᠯᠢᠶᠣᠣ ᠶᠢᠨ ᠣᠷᠣᠨ | ᠪᠦᠰᠡ ᠶᠢᠨ ᠭᠤᠣᠯ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ | ᠠᠬᠢᠴᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠠᠬᠢᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠣᠷᠣᠨ ᠪᠦᠰᠡ ᠶᠢᠨ ᠴᠢᠬᠤᠯᠠ ᠶᠡᠭᠡ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠭᠥᠷᠳᠡᠬᠦ ᠶᠢ ᠠᠬᠢᠭᠤᠯᠤᠨ᠂ ᠴᠢᠳᠠᠮᠵᠢ ᠨᠢ ᠪᠦᠷᠢᠨ ᠲᠡᠭᠦᠯᠳᠡᠷ᠂ | ᠵᠣᠯᠭᠠᠯᠳᠤᠭᠰᠠᠨ ᠨᠢ ᠨᠢᠭᠲᠠ ᠪᠣᠯᠬᠤ ᠬᠤᠲᠠ ᠶᠢᠨ ᠪᠥᠭᠡᠮᠨᠡᠷᠡᠯ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠵᠡᠷᠭᠡ ᠣᠲᠣ ᠦᠶ᠎ᠡ ᠶᠢᠨ | ᠪᠡᠯᠡᠳᠬᠡᠮᠵᠢ ᠶᠢᠨ ᠲᠣᠣᠷ ᠰᠦᠯᠵᠢᠶ᠎ᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠰᠢᠭᠤ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠨ ᠬᠤᠲᠠ ᠬᠥᠳᠡᠭᠡ ᠶᠢᠨ | ᠬᠥᠭᠵᠢᠯᠲᠡ ᠶᠢ ᠳᠠᠶᠢᠴᠢᠯᠠᠵᠤ᠂ ᠳᠤᠮᠳᠠ ᠪᠠᠭ᠎ᠠ ᠬᠤᠲᠠ ᠶᠢᠨ ᠳᠠᠭᠠᠭᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠣᠨᠴᠠᠯᠢᠭᠲᠤ ᠪᠠᠭ᠎ᠠ ᠬᠤᠲᠠ | ᠪᠠᠯᠭᠠᠰᠤ ᠶᠢ ᠭᠤᠣᠯᠳᠠᠯᠭ᠎ᠠ ᠲᠠᠢ ᠬᠥᠭᠵᠢᠭᠦᠯᠦᠨ᠎ᠡ᠃ | 2. ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠤᠨ᠎ᠠ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ | ᠬᠦᠷᠲᠡᠬᠦ ᠪᠠ ᠰᠠᠭᠤᠷᠢ ᠲᠦᠷᠦᠯ ᠤᠨ ᠬᠢ ᠶᠢᠨ ᠥᠭᠡᠷᠡᠴᠢᠯᠡᠪᠡᠰᠦ ᠵᠣᠬᠢᠬᠤ ᠶᠢ ᠨᠢ ᠪᠦᠬᠦᠨ ᠢ ᠥᠭᠡᠷᠡᠴᠢᠯᠡᠨ ᠰᠢᠨᠡᠳᠬᠡᠬᠦ᠂ ᠲᠡᠭᠦᠯᠳᠡᠷᠵᠢᠭᠦᠯᠬᠦ ᠲᠥᠷᠥᠯ ᠤᠨ ᠬᠢ ᠶᠢᠨ | ᠥᠭᠡᠷᠡᠴᠢᠯᠡᠨ ᠰᠢᠨᠡᠳᠬᠡᠵᠦ ᠪᠣᠯᠬᠤ ᠶᠢ ᠨᠢ ᠢᠯᠡᠭᠦᠬᠡᠨ ᠥᠭᠡᠷᠡᠴᠢᠯᠡᠨ ᠰᠢᠨᠡᠳᠬᠡᠬᠦ᠂ ᠳᠡᠭᠡᠭᠰᠢᠯᠡᠭᠦᠯᠬᠦ ᠲᠥᠷᠥᠯ ᠤᠨ ᠬᠢ ᠶᠢ ᠢᠳᠡᠪᠬᠢᠲᠡᠢ ᠠᠬᠢᠭᠤᠯᠬᠤ ᠱᠠᠭᠠᠷᠳᠠᠯᠭ᠎ᠠ | ᠶᠣᠰᠣᠭᠠᠷ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠯᠦᠪᠵᠢᠭᠦᠯᠭᠡ ᠪᠠ ᠣᠨ ᠤ ᠥᠭᠡᠷᠡᠴᠢᠯᠡᠨ ᠰᠢᠨᠡᠳᠬᠡᠬᠦ ᠲᠥᠯᠥᠪᠯᠡᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠥᠭᠡᠷᠡᠴᠢᠯᠡᠨ ᠰᠢᠨᠡᠳᠬᠡᠬᠦ ᠠᠭᠤᠯᠭ᠎ᠠ ᠶᠢ ᠵᠣᠬᠢᠰᠲᠠᠢ ᠲᠣᠭᠲᠠᠭᠠᠨ᠂ ᠤᠯᠠᠨ ᠲᠦᠮᠡᠨ ᠤ ︽ᠲᠤᠯᠭᠠᠮ ᠱᠠᠭᠠᠷᠳᠠᠵᠤ ᠪᠠᠶᠢᠭ᠎ᠠ᠂ | ᠬᠦᠴᠢᠷ ᠲᠠᠢ ᠪᠠᠶᠢᠭ᠎ᠠ᠂ ᠰᠠᠨᠠᠭ᠎ᠠ ᠪᠣᠯᠵᠤ ᠪᠠᠶᠢᠭ᠎ᠠ᠂ ᠬᠦᠰᠡᠵᠦ ᠪᠠᠶᠢᠭ᠎ᠠ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠡᠭᠦᠯᠴᠢ ᠪᠣᠯᠬᠤ ᠳᠤ᠂ 2005 ᠣᠨ ᠤ ᠵᠢᠯ ᠤᠨ ᠰᠡᠭᠦᠯᠴᠢ ᠠᠴᠠ ᠡᠮᠦᠨ᠎ᠡ ᠪᠠᠶᠢᠭᠤᠯᠵᠤ ᠳᠠᠭᠤᠰᠬᠠᠭᠰᠠᠨ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠣᠳᠣ ᠶᠢᠨ ᠪᠠᠶᠢᠭ᠎ᠠ ᠪᠠᠷᠢᠯᠭ᠎ᠠ ᠶᠢ ᠡᠨᠧᠷᠭᠢ ᠠᠷᠪᠢᠯᠠᠬᠤ ᠪᠠᠷ ᠥᠭᠡᠷᠡᠴᠢᠯᠡᠨ | ᠰᠢᠨᠡᠳᠬᠡᠬᠦ᠂ ᠤᠰᠤ ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ᠂ ᠨᠠᠰᠤᠲᠠᠶᠢᠴᠤᠳ ᠲᠤ ᠲᠣᠬᠢᠷᠠᠬᠤ ᠪᠠ ᠰᠠᠭᠠᠳ ᠦᠭᠡᠢ ᠪᠡᠯᠡᠳᠬᠡᠮᠵᠢ ᠪᠠᠷ ᠥᠭᠡᠷᠡᠴᠢᠯᠡᠨ ᠰᠢᠨᠡᠳᠬᠡᠬᠦ | ᠡᠷᠴᠢᠮ ᠢᠶᠠᠨ ᠴᠢᠩᠭᠠᠷᠠᠭᠤᠯᠵᠤ᠂ ᠪᠦᠷᠢᠨ ᠲᠥᠬᠦᠷ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ | ᠥᠷᠨᠢᠭᠦᠯᠦᠨ᠂ ᠪᠣᠬᠢᠷᠳᠤᠯ ᠦᠭᠡᠢ ᠨᠡᠶᠢᠭᠡᠮ ᠲᠣᠭᠤᠷᠢᠭ ᠢ ᠢᠳᠡᠪᠬᠢᠲᠡᠢ ᠡᠭᠦᠳᠦᠨ ᠪᠠᠶᠢᠭᠤᠯᠵᠤ᠂ ᠰᠠᠭᠤᠭᠠᠯᠢ ᠠᠷᠠᠳ ᠤᠨ ᠰᠠᠭᠤᠷᠢᠰᠢᠨ ᠠᠮᠢᠳᠤᠷᠠᠬᠤ ᠳᠤ | ᠲᠣᠬᠢᠷᠠᠮᠵᠢᠲᠠᠢ ᠪᠠᠶᠢᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 3. ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠤᠨ᠎ᠠ᠃ ᠭᠡᠷ ᠪᠠᠶᠢᠰᠢᠩ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠥᠭᠡᠷᠡᠴᠢᠯᠡᠨ ᠰᠢᠨᠡᠳᠬᠡᠵᠦ ᠪᠣᠯᠬᠤ ᠪᠠᠷ ᠨᠤᠲᠠᠯᠠᠵᠤ ᠲᠣᠭᠲᠠᠭᠠᠭᠰᠠᠨ ᠨᠤᠷᠠᠬᠤ ᠠᠶᠤᠯᠲᠠᠢ ᠬᠠᠭᠤᠴᠢᠨ ᠠᠰᠠᠷ ᠪᠠᠶᠢᠰᠢᠩ ᠢ ᠰᠢᠨᠡᠳᠬᠡᠨ ᠵᠠᠰᠠᠬᠤ᠂ | ᠥᠭᠡᠷᠡᠴᠢᠯᠡᠨ ᠵᠠᠰᠠᠬᠤ ᠪᠤᠶᠤ ᠵᠣᠬᠢᠬᠤ ᠬᠡᠮᠵᠢᠶ᠎ᠡ ᠪᠠᠷ ᠥᠷᠭᠡᠳᠬᠡᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠭᠡᠷᠡᠴᠢᠯᠡᠵᠦ ᠰᠢᠨᠡᠳᠬᠡᠨ᠎ᠡ᠂ ᠨᠥᠬᠦᠴᠡᠯ | ᠪᠦᠷᠢᠳᠦᠭᠰᠡᠨ ᠪᠠᠶᠢᠪᠠᠯ ᠪᠠᠷᠢᠯᠭ᠎ᠠ ᠶᠢᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ ᠪᠠᠶᠢᠭᠠᠳ ᠢᠵᠢ ᠪᠦᠷᠢᠳᠦᠭᠦᠯᠦᠨ ᠥᠭᠡᠷᠡᠴᠢᠯᠡᠵᠦ ᠰᠢᠨᠡᠳᠬᠡᠬᠦ ᠶᠢ | ᠬᠡᠷᠡᠭᠵᠢᠭᠦᠯᠬᠦ ᠪᠤᠶᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠵᠡᠷᠭᠡ ᠶᠢ ᠨᠡᠮᠡᠭᠳᠡᠭᠦᠯᠵᠦ ᠪᠣᠯᠣᠨ᠎ᠠ᠃ ᠠᠯᠪᠠᠯᠠᠬᠤ ᠬᠠᠭᠤᠴᠢᠨ ᠠᠰᠠᠷ᠂ | ᠬᠤᠳᠠᠯᠳᠤᠭᠠᠨ ᠤ ᠬᠠᠭᠤᠴᠢᠨ ᠪᠡᠯᠡᠳᠬᠡᠮᠵᠢ ᠵᠡᠷᠭᠡ ᠬᠠᠭᠤᠴᠢᠨ ᠠᠰᠠᠷ ᠢᠶᠠᠨ ᠲᠠᠰ ᠳᠡᠪᠰᠢᠭᠦᠯᠬᠦ ᠪᠠᠷ ᠥᠭᠡᠷᠡᠴᠢᠯᠡᠨ ᠰᠢᠨᠡᠳᠬᠡᠬᠦ᠂ ᠴᠢᠳᠠᠮᠵᠢ ᠶᠢ ᠨᠢ ᠲᠣᠬᠢᠷᠠᠭᠤᠯᠬᠤ᠂ | ᠠᠮᠢᠵᠢᠷᠠᠯ ᠤᠨ ᠬᠦᠴᠦᠨ ᠢ ᠨᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠰᠢᠨ᠎ᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠎ᠡ᠃ ᠬᠠᠭᠤᠴᠢᠨ ᠠᠰᠠᠷ ᠲᠤ ᠭᠠᠯ | ᠤᠨᠲᠠᠷᠠᠭᠠᠬᠤ ᠱᠠᠲᠤ᠂ ᠴᠠᠬᠢᠯᠭᠠᠨ ᠱᠠᠲᠤ ᠵᠡᠷᠭᠡ ᠪᠡᠯᠡᠳᠬᠡᠮᠵᠢ ᠨᠡᠮᠡᠭᠳᠡᠭᠦᠯᠬᠦ ᠶᠢ ᠵᠣᠷᠢᠭᠵᠢᠭᠤᠯᠵᠤ᠂ ᠨᠥᠬᠦᠴᠡᠯ ᠪᠦᠷᠢᠯᠳᠦᠭᠦᠯᠦᠭᠰᠡᠨ ᠭᠠᠵᠠᠷ ᠳᠣᠣᠷᠠᠬᠢ ᠣᠷᠣᠨ ᠵᠠᠢ ᠶᠢ | ᠶᠡᠷᠦᠩᠬᠡᠶᠢᠯᠡᠨ ᠠᠰᠢᠭᠯᠠᠨ᠎ᠠ᠃ | 4. ᠬᠠᠭᠤᠴᠢᠨ ᠦᠢᠯᠡᠳᠪᠦᠷᠢ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠤᠨ᠎ᠠ᠃ ᠬᠠᠭᠤᠴᠢᠨ ᠠᠵᠤ ᠦᠢᠯᠡᠳᠪᠦᠷᠢ ᠶᠢᠨ ᠦᠢᠯᠡᠳᠪᠦᠷᠢ ᠶᠢᠨ | ᠲᠣᠭᠤᠷᠢᠭ ᠤᠨ ᠠᠵᠤ ᠠᠬᠤᠶᠢᠯᠠᠯ ᠤᠨ ᠪᠠᠶᠢᠳᠠᠯ ᠢ ᠨᠢ ᠦᠨᠳᠦᠰᠦᠯᠡᠵᠦ ᠲᠤᠰ ᠭᠠᠵᠠᠷ ᠲᠤ ᠨᠢ ᠥᠭᠡᠷᠡᠴᠢᠯᠡᠨ ᠰᠢᠨᠡᠳᠬᠡᠬᠦ᠂ ᠣᠨᠳᠣᠣ ᠭᠠᠵᠠᠷ ᠲᠤ ᠨᠡᠭᠦᠯᠭᠡᠨ | ᠪᠠᠶᠢᠭᠤᠯᠬᠤ ᠪᠠ ᠬᠠᠤᠯᠢ ᠶᠣᠰᠣᠭᠠᠷ ᠬᠠᠭᠠᠵᠤ ᠵᠣᠭᠰᠤᠭᠠᠬᠤ ᠶᠢ ᠲᠤᠰ ᠲᠤᠰ ᠲᠤ ᠨᠢ ᠬᠡᠷᠡᠭᠵᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠨᠥᠬᠦᠴᠡᠯ ᠪᠦᠷᠢᠳᠦᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠵᠦ᠂ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠤᠨ᠎ᠠ᠃ | ᠨᠡᠭᠦᠯᠭᠡᠨ ᠰᠢᠯᠵᠢᠭᠦᠯᠦᠭᠡᠳ ᠪᠤᠴᠠᠭᠠᠭᠰᠠᠨ ᠭᠠᠵᠠᠷ ᠰᠢᠷᠣᠢ ᠪᠠ ᠰᠤᠯᠠ ᠬᠠᠶᠠᠭᠳᠠᠵᠤ ᠪᠠᠶᠢᠭ᠎ᠠ ᠭᠠᠵᠠᠷ ᠤᠳ ᠢ ᠭᠦᠢᠴᠡᠳ ᠠᠰᠢᠭᠯᠠᠨ᠂ ᠤᠳᠤ ᠦᠶ᠎ᠡ ᠶᠢᠨ | ᠦᠢᠯᠡᠳᠪᠦᠷᠢᠯᠡᠯ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠢ | ᠬᠥᠭᠵᠢᠭᠦᠯᠦᠨ᠎ᠡ᠃ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠬᠠᠭᠤᠴᠢᠨ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠬᠦ ᠶᠢ ᠵᠣᠷᠢᠭᠵᠢᠭᠤᠯᠵᠤ᠂ ᠣᠯᠠᠨ ᠨᠡᠶᠢᠲᠡ ᠶᠢᠨ | ᠰᠣᠶᠣᠯ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ᠂ ᠨᠠᠰᠤᠵᠢᠯ ᠪᠠ ᠪᠦᠲᠦᠭᠡᠯᠴᠢ ᠰᠡᠳᠬᠢᠮᠵᠢ ᠵᠡᠷᠭᠡ ᠠᠵᠤ ᠦᠢᠯᠡᠰ ᠲᠤ ᠤᠷᠢᠳ ᠢᠶᠠᠷ ᠬᠡᠷᠡᠭᠯᠡᠨ᠎ᠡ᠃ ᠬᠠᠭᠤᠴᠢᠨ | ᠠᠵᠤ ᠦᠢᠯᠡᠳᠪᠦᠷᠢ ᠶᠢᠨ ᠦᠢᠯᠡᠳᠪᠦᠷᠢ ᠶᠢᠨ ᠲᠣᠭᠤᠷᠢᠭ ᠤᠨ ᠴᠢᠳᠠᠮᠵᠢ ᠶᠢ ᠳᠠᠬᠢᠨ ᠪᠣᠢ ᠪᠣᠯᠭᠠᠵᠣ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ | ᠠᠬᠤᠢ ᠶᠢᠨ ᠰᠢᠰᠲ᠋ᠧᠮ ᠢ ᠰᠡᠷᠭᠦᠭᠡᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠥᠪ ᠤᠨ ᠡᠬᠢ ᠪᠠᠶᠠᠯᠢᠭ ᠢ ᠵᠣᠬᠢᠰᠲᠠᠢ ᠨᠡᠭᠡᠭᠡᠨ ᠠᠰᠢᠭᠯᠠᠵᠤ᠂ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | 5. ᠠᠮᠢ ᠠᠬᠤᠢ ᠶᠢ ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ ᠶᠢ ᠬᠡᠷᠡᠭᠵᠢᠭᠦᠯᠦᠨ᠎ᠡ᠃ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢ | ᠭᠦᠢᠴᠡᠳ ᠪᠣᠳᠣᠯᠬᠢᠯᠠᠨ᠂ ᠬᠤᠲᠠ ᠶᠢᠨ ᠬᠡᠪᠴᠢᠶ᠎ᠡ ᠪᠠ ᠬᠥᠮᠥᠨ ᠠᠮᠠ ᠶᠢᠨ ᠨᠢᠭᠲᠠᠴᠠ ᠶᠢ ᠵᠣᠬᠢᠰᠲᠠᠢ ᠲᠣᠭᠲᠠᠭᠠᠵᠤ᠂ ᠬᠤᠲᠠ ᠶᠢᠨ ᠠᠮᠢ ᠠᠬᠤᠢ ᠶᠢᠨ ᠰᠢᠰᠲ᠋ᠧᠮ ᠢ | ᠲᠡᠭᠦᠯᠳᠡᠷᠵᠢᠭᠦᠯᠦᠨ᠂ ᠬᠤᠲᠠ ᠶᠢᠨ ᠠᠭᠤᠯᠠᠨ ᠪᠡᠯ ᠤᠨ ᠪᠠᠶᠢᠭᠠᠯᠢ ᠶᠢᠨ ᠳᠦᠷᠰᠦ ᠪᠠᠶᠢᠳᠠᠯ ᠢ ᠬᠠᠮᠠᠭᠠᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ | ᠰᠢᠰᠲ᠋ᠧᠮ ᠪᠠ ᠨᠤᠭᠤ ᠭᠠᠵᠠᠷ ᠵᠡᠷᠭᠡ ᠤᠰᠤᠨ ᠴᠣᠭᠴᠠ ᠶᠢ ᠵᠠᠰᠠᠨ ᠰᠡᠷᠭᠦᠭᠡᠵᠦ᠂ ᠣᠷᠣᠨ ᠪᠦᠰᠡ ᠶᠢᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ | ᠵᠠᠰᠠᠯᠲᠠ ᠪᠠ ᠬᠤᠳᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠬᠤᠳᠠ ᠵᠢᠴᠢ ᠲᠡᠭᠦᠨ ᠤ ᠡᠷᠬᠢᠨ ᠲᠣᠭᠤᠷᠢᠨ ᠳᠠᠬᠢ ᠤᠰᠤᠨ ᠤ ᠣᠷᠣᠨ ᠵᠠᠢ ᠶᠢ | ᠬᠠᠮᠠᠭᠠᠯᠠᠨ ᠰᠡᠷᠭᠦᠭᠡᠵᠦ᠂ ᠪᠣᠷᠣᠭᠠᠨ ᠤ ᠪᠠ ᠦᠶᠡᠷ ᠤᠨ ᠤᠰᠤ ᠶᠢ ᠲᠣᠬᠢᠷᠠᠭᠤᠯᠤᠨ ᠬᠠᠳᠠᠭᠠᠯᠠᠬᠤ ᠣᠷᠣᠨ ᠵᠠᠢ ᠶᠢ ᠥᠷᠭᠡᠳᠬᠡᠨ᠎ᠡ᠃ ᠬᠤᠲᠠ ᠶᠢᠨ ᠰᠤᠯᠠ ᠲᠠᠯᠪᠢᠭᠳᠠᠵᠤ | ᠪᠠᠶᠢᠭ᠎ᠠ ᠡᠬᠢ ᠪᠠᠶᠠᠯᠢᠭ ᠢ ᠭᠦᠢᠴᠡᠳ ᠠᠭᠤᠳᠠᠯᠠᠵᠤ᠂ ᠬᠤᠲᠠ ᠶᠢᠨ ᠦᠷ᠎ᠡ ᠠᠰᠢᠭ ᠢᠶᠠᠷ ᠪᠠᠷᠤᠭᠲᠠᠢ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠮᠢᠯᠠᠭᠤᠯᠵᠤ᠂ | ᠣᠯᠠᠨ ᠡᠰᠢᠵᠢᠭᠰᠡᠨ ᠠᠵᠢᠯᠯᠠᠭᠠᠨ ᠤ ᠠᠷᠭ᠎ᠠ ᠮᠠᠶ᠋ᠢᠭ ᠢ ᠬᠡᠷᠡᠭᠯᠡᠨ᠂ ᠬᠤᠲᠠ ᠶᠢᠨ ᠣᠳᠣ ᠶᠢᠨ ᠪᠠᠶᠢᠭ᠎ᠠ ᠣᠷᠣᠨ ᠵᠠᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ | ᠲᠥᠯᠥᠪᠵᠢᠭᠦᠯᠬᠦ ᠪᠠ ᠭᠦᠨᠵᠡᠭᠡᠢ ᠨᠡᠭᠡᠭᠡᠨ ᠬᠥᠭᠵᠢᠭᠦᠯᠦᠨ᠎ᠡ᠃ | ︵ᠬᠤᠶᠠᠷ︶ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠬᠤᠲᠠ ᠶᠢ ᠪᠠᠶᠢᠭᠤᠯᠤᠨ᠎ᠠ᠃ | 1. ᠴᠡᠴᠡᠷᠯᠢᠭᠵᠢᠭᠦᠯᠦᠨ ᠨᠣᠭᠤᠭᠠᠷᠠᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠ ᠶᠢᠨ ᠴᠡᠴᠡᠷᠯᠢᠭ ᠤᠨ ᠲᠣᠭᠲᠠᠯᠴᠠᠭ᠎ᠠ ᠪᠠ ᠨᠣᠭᠤᠭᠠᠨ ᠵᠠᠮ᠂ | ᠠᠯᠬᠤᠵᠤ ᠶᠠᠪᠤᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠠᠮᠢ ᠠᠬᠤᠢ ᠶᠢᠨ ᠲᠣᠣᠷ ᠢ ᠪᠠᠶᠢᠭᠤᠯᠤᠨ᠎ᠠ᠃ ᠴᠡᠴᠡᠷᠯᠢᠭᠲᠦ | ᠬᠤᠲᠠ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ︽300 ᠮᠧᠲᠷ ᠲᠤ ᠵᠦᠯᠭᠡ ᠪᠠ ᠮᠣᠳᠣ ᠲᠠᠢ᠂ 500 ᠮᠧᠲᠷ ᠲᠤ ᠴᠡᠴᠡᠷᠯᠢᠭ ᠲᠠᠢ ᠪᠠᠶᠢᠯᠭᠠᠬᠤ︾ | ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠶᠢᠨ ᠰᠢᠰᠲ᠋ᠧᠮᠲᠦ ᠴᠢᠨᠠᠷ᠂ ᠲᠡᠩᠴᠡᠭᠦᠷᠢᠰᠢᠯᠲᠦ ᠴᠢᠨᠠᠷ ᠪᠦᠬᠦᠢ | ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠠᠭᠤᠳᠠᠮ ᠲᠠᠯᠠᠪᠠᠶ᠂ ᠭᠤᠣᠯ ᠰᠡᠳᠦᠪᠲᠦ ᠴᠡᠴᠡᠷᠯᠢᠭ᠂ | ᠶᠠᠪᠠᠭᠠᠨ ᠵᠠᠮ ᠵᠡᠷᠭᠡ ᠣᠯᠠᠨ ᠨᠡᠶᠢᠲᠡ ᠶᠢᠨ ᠠᠵᠢᠯᠯᠠᠭᠠᠨ ᠤ ᠣᠷᠣᠨ ᠵᠠᠢ ᠶᠢ ᠵᠣᠬᠢᠰᠲᠠᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ | ᠠᠵᠢᠯᠯᠠᠭᠠᠨ ᠳᠤ ᠳᠥᠭᠦᠮ ᠦᠵᠡᠭᠦᠯᠦᠨ᠂ ᠰᠠᠭᠤᠭᠠᠯᠢ ᠠᠷᠠᠳ ᠤᠨ ᠰᠣᠯᠢᠯᠴᠠᠭ᠎ᠠ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠡᠳᠦᠷ ᠲᠤᠲᠤᠮ ᠤᠨ ᠠᠵᠢᠯᠯᠠᠭᠠᠨ ᠳᠤ | ᠦᠢᠯᠡᠴᠢᠯᠡᠬᠦ ᠲᠠᠯ᠎ᠠ ᠪᠠᠷ ᠬᠢ ᠵᠦᠯᠭᠡ ᠭᠠᠵᠠᠷ ᠤᠨ ᠴᠢᠳᠠᠮᠵᠢ ᠶᠢ ᠴᠢᠩᠭᠠᠷᠠᠭᠤᠯᠤᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠶᠢᠷ᠎ᠠ ᠬᠠᠪᠢ ᠳᠤ ᠵᠦᠯᠭᠡ | ᠭᠠᠵᠠᠷ ᠲᠠᠢ ᠪᠠᠶᠢᠬᠤ᠂ ᠵᠦᠯᠭᠡ ᠭᠠᠵᠠᠷ ᠲᠠᠢ ᠣᠶᠢᠷᠠᠲᠤᠵᠤ᠂ ᠣᠶᠣᠨ ᠰᠡᠳᠬᠢᠯᠭᠡ ᠪᠠᠨ ᠰᠡᠷᠭᠦᠭᠡᠬᠦ ᠪᠣᠯᠭᠠᠨ᠎ᠠ᠃ | 2. ᠪᠣᠬᠢᠷᠳᠤᠯ ᠦᠭᠡᠢ ᠪᠠᠷᠢᠯᠭ᠎ᠠ ᠶᠢᠨ ᠲᠣᠭᠲᠠᠯᠴᠠᠭ᠎ᠠ ᠶᠢ ᠴᠣᠭᠴᠠᠯᠠᠨ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ | ᠳᠡᠭᠡᠭᠰᠢᠯᠡᠭᠦᠯᠬᠦ ᠪᠠᠨ ᠴᠢᠩᠭᠠᠳᠬᠠᠵᠤ᠂ ᠢᠳᠡᠪᠬᠢ ᠪᠤᠰᠤ ᠬᠡᠯᠪᠡᠷᠢ ᠪᠠᠷ ᠡᠨᠧᠷᠭᠢ ᠬᠡᠳᠦ ᠳᠣᠣᠷ᠎ᠠ ᠬᠤᠷᠣᠭᠳᠠᠭᠤᠯᠬᠤ᠂ ᠡᠨᠧᠷᠭᠢ ᠥᠯᠥ ᠬᠤᠷᠣᠭᠳᠠᠭᠤᠯᠬᠤ ᠳᠤ | ᠣᠶᠢᠷᠠᠲᠤᠭᠰᠠᠨ᠂ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠪᠠᠷᠢᠯᠭ᠎ᠠ ᠶᠢᠨ ᠬᠥᠭᠵᠢᠯᠲᠡ ᠶᠢ ᠠᠬᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠶᠢ | ᠬᠡᠪᠴᠢᠶᠡᠵᠢᠭᠦᠯᠦᠨ ᠬᠥᠭᠵᠢᠭᠦᠯᠬᠦ ᠪᠠᠨ ᠠᠬᠢᠭᠤᠯᠵᠤ᠂ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢᠨ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠂ ᠣᠳᠣ ᠣᠯᠠᠨᠲᠠᠢ | ᠲᠠᠰ ᠤᠨ ᠪᠣᠬᠢᠷᠳᠤᠯ ᠦᠭᠡᠢ ᠪᠠᠷᠢᠯᠭ᠎ᠠ ᠶᠢ ᠬᠥᠭᠵᠢᠭᠦᠯᠦᠨ᠎ᠡ᠃ ᠣᠳᠣ ᠶᠢᠨ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠶᠢ ᠡᠨᠧᠷᠭᠢ | ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠵᠤ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ | ᠴᠢᠩᠭᠠᠳᠬᠠᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠣᠶ ᠪᠣᠯᠭᠠᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ | ᠦᠵᠡᠭᠦᠯᠬᠦ ᠶᠢ ᠥᠷᠨᠢᠭᠦᠯᠦᠨ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶᠠᠲᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠶᠢᠨ ᠬᠠᠮᠲᠤ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠳᠡᠯᠭᠡᠷᠡᠭᠦᠯᠦᠨ ᠬᠡᠷᠡᠭᠯᠡᠬᠦ ᠶᠢ ᠰᠦᠪᠡᠭᠴᠢᠯᠡᠵᠦ᠂ ᠤᠭᠰᠠᠷᠠᠮᠠᠯ ᠮᠠᠶ᠋ᠢᠭ ᠤᠨ | ᠪᠠᠷᠢᠯᠭ᠎ᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | 3. ᠴᠡᠪᠡᠷ ᠳᠤᠯᠠᠭᠠᠯᠠᠭ᠎ᠠ ᠬᠠᠩᠭᠠᠬᠤ ᠶᠢ ᠲᠦᠷᠭᠡᠳᠬᠡᠨ ᠬᠡᠷᠡᠭᠵᠢᠭᠦᠯᠦᠨ᠎ᠡ᠃ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠬᠢᠭᠡᠳ ᠴᠡᠪᠡᠷ ᠢᠶᠠᠷ | ᠬᠥᠭᠵᠢᠭᠦᠯᠬᠦ ᠶᠢ ᠵᠡᠷᠭᠡ ᠳᠤ ᠨᠢ ᠴᠢᠬᠤᠯᠠᠴᠢᠯᠠᠬᠤ ᠶᠢ ᠪᠠᠷᠢᠮᠲᠠᠯᠠᠵᠤ᠂ ︽ᠨᠡᠭᠦᠷᠡᠰᠦ ᠲᠦᠯᠡᠬᠦ ᠶᠢ ᠬᠡᠢ ᠬᠡᠷᠡᠭᠯᠡᠬᠦ ᠪᠣᠯᠭᠠᠨ ᠥᠭᠡᠷᠡᠴᠢᠯᠡᠬᠦ︾᠂ ︽ᠨᠡᠭᠦᠷᠡᠰᠦ ᠲᠦᠯᠡᠬᠦ ᠶᠢ | ᠴᠠᠬᠢᠯᠭᠠᠨ ᠬᠡᠷᠡᠭᠯᠡᠬᠦ ᠪᠣᠯᠭᠠᠨ ᠥᠭᠡᠷᠡᠴᠢᠯᠡᠬᠦ︾ ᠵᠡᠷᠭᠡ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠬᠡᠬᠦ ᠶᠢ ᠲᠤᠬᠠᠢ ᠶᠢᠨ ᠭᠠᠵᠠᠷ ᠤᠨ ᠪᠠᠶᠢᠳᠠᠯ ᠳᠤ ᠨᠢ | ᠲᠣᠬᠢᠷᠠᠭᠤᠯᠵᠤ ᠬᠡᠷᠡᠭᠵᠢᠭᠦᠯᠦᠨ᠎ᠡ᠃ ᠢᠯᠴᠢ ᠴᠠᠬᠢᠯᠭᠠᠨ ᠤ ᠬᠠᠮᠲᠤᠷᠠᠭᠰᠠᠨ ᠦᠢᠯᠡᠳᠪᠦᠷᠢᠯᠡᠯ᠂ ᠠᠵᠤ ᠦᠢᠯᠡᠳᠪᠦᠷᠢ ᠶᠢᠨ ᠦᠯᠡᠳᠡᠭᠳᠡᠯ ᠢᠯᠴᠢ ᠪᠠ ᠲᠣᠮᠣ ᠬᠡᠪᠴᠢᠶᠡᠨ ᠤ | ᠣᠷᠣᠨ ᠪᠦᠰᠡ ᠶᠢᠨ ᠭᠦᠸᠧᠯᠦ ᠵᠡᠷᠭᠡ ᠲᠥᠪᠯᠡᠷᠡᠭᠦᠯᠦᠨ ᠢᠯᠴᠢ ᠬᠠᠩᠭᠠᠬᠤ ᠠᠷᠭ᠎ᠠ ᠶᠢ ᠶᠡᠭᠡ ᠪᠠᠷ ᠳᠡᠯᠭᠡᠷᠡᠭᠦᠯᠵᠦ᠂ ᠳᠤᠮᠳᠠ ᠶᠢᠨ ᠪᠠ ᠬᠤᠯᠠ ᠵᠠᠢ ᠶᠢᠨ ᠬᠤᠭᠤᠷᠣᠨᠳᠤ | ᠢᠯᠴᠢ ᠬᠠᠩᠭᠠᠬᠤ ᠶᠢ ᠢᠳᠡᠪᠬᠢᠲᠡᠢ ᠠᠬᠢᠭᠤᠯᠤᠨ᠂ ᠨᠡᠭᠦᠷᠡᠰᠦ ᠲᠦᠯᠡᠵᠦ ᠪᠠᠶᠢᠭ᠎ᠠ ᠲᠠᠷᠠᠬᠠᠢ ᠪᠤᠲᠠᠷᠬᠠᠢ ᠭᠦᠸᠧᠯᠦ ᠶᠢ ᠠᠯᠬᠤᠮ ᠠᠯᠬᠤᠮ ᠢᠶᠠᠷ ᠰᠢᠭᠰᠢᠭᠳᠡᠭᠦᠯᠦᠨ᠎ᠡ᠃ | ᠢᠯᠴᠢ ᠬᠠᠩᠭᠠᠵᠤ ᠪᠠᠶᠢᠭ᠎ᠠ ᠢᠯᠴᠢ ᠡᠭᠦᠰᠬᠡᠭᠴᠢ ᠶᠢ ᠨᠡᠶᠢᠯᠡᠭᠦᠯᠵᠦ ᠰᠢᠯᠢᠳᠡᠭᠵᠢᠭᠦᠯᠬᠦ ᠪᠠ ᠢᠯᠴᠢ ᠬᠠᠩᠭᠠᠬᠤ ᠲᠣᠣᠷ ᠢ ᠬᠤᠯᠪᠤᠭᠠᠯᠠᠨ ᠠᠵᠢᠯᠯᠠᠭᠤᠯᠬᠤ ᠶᠢ ᠲᠦᠷᠭᠡᠳᠬᠡᠨ᠂ | ᠣᠯᠠᠨ ᠴᠡᠭ ᠲᠠᠬᠢ ᠢᠯᠴᠢ ᠡᠭᠦᠰᠬᠡᠭᠴᠢ ᠶᠢᠨ ᠬᠤᠯᠪᠣᠭᠠᠯᠠᠵᠤ ᠢᠯᠴᠢ ᠬᠠᠩᠭᠠᠬᠤ ᠴᠠᠭᠠᠷᠢᠭ ᠬᠡᠯᠪᠡᠷᠢ ᠶᠢᠨ ᠪᠦᠷᠢᠯᠳᠦᠯ ᠲᠠᠢ ᠠᠵᠢᠯᠯᠠᠭᠠᠨ ᠤ ᠲᠣᠣᠷ ᠢ ᠪᠣᠶ ᠪᠣᠯᠭᠠᠨ᠎ᠠ᠃ | ᠣᠳᠣ ᠶᠢᠨ ᠪᠠᠶᠢᠭ᠎ᠠ ᠪᠠᠷᠢᠯᠭ᠎ᠠ ᠶᠢ ᠡᠨᠧᠷᠭᠢ ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠨ | ᠰᠢᠨᠡᠳᠬᠡᠬᠦ ᠪᠠ ᠬᠤᠲᠠ ᠶᠢᠨ ᠳᠤᠮᠳᠠᠬᠢ ᠲᠣᠰᠬᠤᠨ᠂ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠤᠨ ᠥᠭᠡᠷᠡᠴᠢᠯᠡᠨ ᠰᠢᠨᠡᠳᠬᠡᠬᠦ ᠠᠵᠢᠯ ᠢ ᠲᠦᠷᠭᠡᠳᠬᠡᠨ | ᠠᠬᠢᠭᠤᠯᠵᠤ᠂ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | 4. ᠠᠮᠢᠳᠤᠷᠠᠯ ᠤᠨ ᠬᠤᠭ ᠤᠨ ᠲᠥᠷᠥᠯ ᠬᠤᠪᠢᠶᠠᠬᠤ ᠶᠢ ᠵᠢᠷᠤᠮᠵᠢᠭᠤᠯᠤᠨ ᠥᠷᠨᠢᠭᠦᠯᠦᠨ᠎ᠡ᠃ ᠠᠮᠢᠳᠤᠷᠠᠯ ᠤᠨ ᠬᠤᠭ ᠤᠨ ᠲᠥᠷᠥᠯ ᠬᠤᠪᠢᠶᠠᠬᠤ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠣᠭᠲᠠᠭᠠᠯ ᠳᠦᠷᠢᠮ ᠨᠡᠶᠢᠲᠡᠯᠡᠬᠦ ᠶᠢ ᠠᠬᠢᠭᠤᠯᠵᠤ᠂ ᠠᠮᠢᠳᠤᠷᠠᠯ ᠤᠨ ᠬᠤᠭ ᠤᠨ ᠲᠥᠷᠥᠯ ᠬᠤᠪᠢᠶᠠᠬᠤ | ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠂ ᠲᠥᠷᠥᠯ ᠬᠤᠪᠢᠶᠠᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠵᠢᠯᠤᠭᠤᠳᠬᠤ ᠭᠠᠷᠴᠠᠭ ᠢ ᠨᠡᠶᠢᠲᠡᠯᠡᠨ᠂ ᠲᠥᠷᠥᠯ | ᠬᠤᠪᠢᠶᠠᠭᠰᠠᠨ ᠦᠷ᠎ᠡ ᠳ᠋ᠦᠩ ᠯᠦᠭᠡ ᠬᠤᠯᠪᠣᠭᠳᠠᠭᠤᠯᠤᠭᠰᠠᠨ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠲᠣᠭᠲᠠᠭᠠᠨ᠎ᠠ᠃ ᠠᠮᠢᠳᠤᠷᠠᠯ ᠤᠨ ᠬᠤᠭ ᠤᠨ ᠲᠥᠷᠥᠯ | ᠬᠤᠪᠢᠶᠠᠨ ᠬᠠᠶᠠᠬᠤ ᠶᠢ ᠵᠢᠷᠤᠮᠵᠢᠭᠤᠯᠤᠨ᠂ ᠲᠥᠷᠥᠯ ᠬᠤᠪᠢᠶᠠᠨ ᠬᠤᠷᠢᠶᠠᠵᠤ ᠴᠤᠭᠯᠠᠭᠤᠯᠬᠤ ᠪᠡᠯᠡᠳᠬᠡᠮᠵᠢ ᠶᠢ ᠪᠦᠷᠢᠨᠰᠢᠭᠦᠯᠵᠦ᠂ ᠲᠥᠷᠥᠯ ᠬᠤᠪᠢᠶᠠᠵᠤ ᠳᠠᠮᠵᠢᠭᠤᠯᠤᠨ | ᠲᠡᠭᠡᠭᠡᠪᠦᠷᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠠᠮᠢᠳᠤᠷᠠᠯ ᠤᠨ ᠬᠤᠭ ᠰᠢᠲᠠᠭᠠᠬᠤ ᠦᠢᠯᠡᠳᠪᠦᠷᠢ᠂ ᠲᠣᠭᠤᠭᠠᠨ ᠭᠡᠷ ᠤᠨ ᠬᠤᠭ ᠰᠢᠢᠳᠪᠦᠷᠢᠯᠡᠬᠦ | ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠡᠭᠦᠰᠬᠡᠯ ᠤᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠭ ᠨᠣᠪᠰᠢ ᠶᠢ ᠬᠤᠷᠢᠶᠠᠵᠤ | ᠴᠤᠭᠯᠠᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠭᠤᠷᠪᠠ︶ ᠠᠮᠤᠷ ᠲᠦᠪᠰᠢᠨ ᠪᠥᠭᠡᠳ ᠤᠶᠠᠨᠯᠢᠭ ᠬᠤᠲᠠ ᠶᠢ ᠪᠠᠶᠢᠭᠤᠯᠤᠨ᠎ᠠ᠃ | 1. ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠣᠨᠣᠯᠵᠢᠬᠤᠨ ᠪᠠ ᠱᠠᠭᠠᠷᠳᠠᠯᠭ᠎ᠠ ᠶᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ | ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ | ᠲᠥᠷᠥᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠰᠢᠨ᠎ᠡ ᠬᠡᠯᠪᠡᠷᠢ ᠶᠢᠨ ᠬᠤᠲᠠ ᠶᠢᠨ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠵᠤ | ᠥᠭᠡᠷᠡᠴᠢᠯᠡᠨ ᠰᠢᠨᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ᠂ ᠤᠰᠤ ᠵᠠᠯᠠᠵᠤ | ᠤᠰᠤᠲᠤᠯ ᠢ ᠰᠡᠷᠭᠡᠶᠢᠯᠡᠬᠦ᠂ ᠴᠡᠴᠡᠷᠯᠢᠭᠵᠢᠭᠦᠯᠦᠨ ᠨᠣᠭᠤᠭᠠᠷᠠᠭᠤᠯᠬᠤ ᠵᠡᠷᠭᠡ ᠠᠵᠢᠯ ᠯᠤᠭ᠎ᠠ ᠬᠠᠮᠵᠢᠯᠴᠠᠨ ᠠᠬᠢᠭᠤᠯᠤᠨ᠎ᠠ᠃ ᠰᠢᠰᠲ᠋ᠧᠮᠲᠦ ᠰᠡᠳᠬᠢᠬᠦᠢ ᠲᠠᠢ ᠪᠠᠶᠢᠬᠤ ᠪᠠ | ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠬᠤᠲᠠ ᠶᠢᠨ ᠳᠣᠲᠣᠭᠠᠳᠤ ᠳᠠᠬᠢ ᠤᠰᠤᠲᠤᠯ ᠢ ᠵᠠᠰᠠᠬᠤ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ | 2. ᠰᠢᠨ᠎ᠡ ᠬᠡᠯᠪᠡᠷᠢ ᠶᠢᠨ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠰᠠᠭᠤᠷᠢ ᠪᠡᠯᠡᠳᠬᠡᠮᠵᠢ ᠶᠢᠨ | ᠠᠵᠢᠯᠯᠠᠭᠠᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠪᠠᠯᠭᠠᠰᠤᠨ ᠤ ᠤᠰᠤ ᠬᠠᠩᠭᠠᠬᠤ᠂ ᠤᠰᠤ | ᠵᠠᠯᠠᠬᠤ᠂ ᠢᠯᠴᠢ ᠬᠠᠩᠭᠠᠬᠤ᠂ ᠰᠢᠲᠠᠮᠠᠬᠠᠢ ᠬᠡᠢ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠪᠠ ᠣᠶᠤᠨᠴᠢᠯᠠᠨ | ᠬᠠᠮᠢᠶᠠᠷᠬᠤ ᠶᠢ ᠬᠡᠷᠡᠭᠵᠢᠭᠦᠯᠵᠦ᠂ ᠬᠤᠭᠤᠯᠠᠢ ᠭᠤᠤᠷᠰᠤ ᠶᠢᠨ ᠲᠣᠣᠷ ᠤᠨ ᠡᠪᠳᠡᠷᠡᠵᠦ ᠭᠤᠭᠤᠵᠢᠬᠤ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠰᠢᠲᠠᠮᠠᠬᠠᠢ | ᠬᠡᠢ ᠶᠢᠨ ᠠᠮᠤᠷ ᠲᠦᠪᠰᠢᠨ ᠵᠡᠷᠭᠡ ᠶᠢᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠪᠠᠨ ᠲᠡᠭᠦᠯᠳᠡᠷᠵᠢᠭᠦᠯᠦᠨ᠂ ᠬᠤᠲᠠ ᠶᠢᠨ ᠶᠠᠪᠤᠳᠠᠯ ᠤᠨ | ᠰᠠᠭᠤᠷᠢ ᠪᠡᠯᠡᠳᠬᠡᠮᠵᠢ ᠶᠢᠨ ᠠᠵᠢᠯᠯᠠᠭᠠᠨ ᠤ ᠠᠮᠤᠷ ᠲᠦᠪᠰᠢᠨ ᠢ ᠪᠠᠲᠤᠯᠠᠨ᠎ᠠ᠃ | 3. ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠨ ᠴᠢᠩᠭᠠᠳᠬᠠᠨ᠎ᠠ᠃ ᠪᠦᠲᠦᠭᠡᠨ | ᠪᠠᠶᠢᠭᠤᠯᠬᠤ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠳᠡᠰ ᠳᠠᠷᠠᠭᠠᠯᠠᠯ ᠢ ᠤᠯᠠᠮ | ᠨᠢᠭᠡ ᠠᠯᠬᠤᠮ ᠵᠢᠷᠤᠮᠵᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠶᠢᠭᠤᠯᠤᠮᠵᠢ ᠪᠠ ᠡᠩᠨᠡᠭᠡᠨ ᠤ | ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ | ᠪᠠᠶᠢᠴᠠᠭᠠᠨ ᠰᠢᠯᠭᠠᠬᠤ᠂ ᠰᠢᠯᠭᠠᠨ ᠠᠪᠬᠤ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ | ᠴᠢᠩᠭᠠᠳᠬᠠᠨ᠂ ᠥᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠳᠣ ᠶᠢᠨ ᠪᠠᠶᠢᠭ᠎ᠠ ᠪᠠᠷᠢᠯᠭ᠎ᠠ ᠶᠢ ᠥᠭᠡᠷᠡᠴᠢᠯᠡᠨ | ᠠᠰᠢᠭᠯᠠᠬᠤ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ | ᠬᠢᠵᠦ᠂ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠤᠶ ᠪᠣᠯᠭᠠᠨ᠎ᠠ᠃ | 4. ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ᠬᠤᠲᠠ ᠶᠢᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠪᠠ ᠠᠮᠤᠷ ᠲᠦᠪᠰᠢᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠤᠲᠠ ᠶᠢᠨ ᠭᠠᠵᠠᠷ ᠬᠥᠳᠡᠯᠦᠯᠲᠡ᠂ ᠵᠠᠮ ᠬᠠᠷᠢᠯᠴᠠᠭ᠎ᠠ᠂ | ᠬᠥᠷᠥᠰᠥᠨ ᠳᠠᠪᠬᠤᠷᠭ᠎ᠠ ᠶᠢᠨ ᠭᠠᠮᠰᠢᠭ ᠢ ᠠᠷᠭᠠᠴᠠᠭᠠᠬᠤ ᠲᠠᠯ᠎ᠠ ᠪᠠᠷ ᠬᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠲᠣᠭᠲᠠᠯᠴᠠᠭ᠎ᠠ ᠶᠢ | ᠪᠦᠷᠢᠨᠰᠢᠭᠦᠯᠵᠦ᠂ ᠬᠤᠲᠠ ᠶᠢᠨ ᠠᠮᠢ ᠨᠠᠰᠣᠨ ᠤ ᠠᠶᠤᠯ ᠠᠴᠠ ᠠᠪᠤᠷᠠᠬᠤ ᠵᠠᠮ ᠱᠤᠭᠤᠮ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠳᠠᠬᠢ ᠭᠠᠮᠰᠢᠭ ᠢ ᠰᠡᠷᠭᠡᠶᠢᠯᠡᠵᠦ | ᠠᠶᠤᠯ ᠠᠴᠠ ᠵᠠᠶᠢᠯᠠᠵᠤ ᠳᠠᠯᠳᠠᠯᠠᠬᠤ ᠭᠠᠵᠠᠷ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠬᠤᠷᠢᠭᠯᠠᠬᠤ᠂ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ ᠪᠠ ᠲᠦᠭᠰᠢᠭᠦᠷᠢ ᠶᠢ ᠡᠷᠬᠡᠰᠢᠶᠡᠨ ᠬᠠᠮᠢᠶᠠᠷᠬᠤ ᠴᠢᠳᠠᠪᠤᠷᠢ ᠶᠢ ᠴᠢᠩᠭᠠᠷᠠᠭᠤᠯᠤᠨ᠎ᠠ᠃ ᠬᠤᠲᠠ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠣᠷᠣᠨ ᠰᠠᠭᠤᠴᠠ ᠠᠮᠢᠳᠤᠷᠠᠯ ᠤᠨ ᠲᠣᠭᠤᠷᠢᠭ᠂ | ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠬᠤᠳᠠᠯᠳᠤᠭ᠎ᠠ ᠪᠠ ᠬᠤᠳᠠᠯᠳᠤᠭᠠᠨ ᠤ ᠶᠠᠪᠤᠳᠠᠯ ᠤᠨ ᠲᠣᠭᠤᠷᠢᠭ᠂ ᠵᠦᠯᠭᠡ ᠲᠠᠢ ᠰᠡᠯᠡᠭᠦᠴᠡᠯ ᠲᠣᠭᠤᠷᠢᠭ ᠢ | ᠵᠣᠬᠢᠰᠲᠠᠢ ᠪᠠᠶᠢᠷᠢᠯᠠᠭᠤᠯᠵᠤ᠂ ᠬᠦᠨᠳᠦ ᠶᠡᠭᠡ ᠠᠶᠤᠯ ᠤᠨ ᠡᠬᠢ ᠡᠭᠦᠰᠦᠯ ᠢ ᠬᠢᠨᠠᠨ ᠡᠵᠡᠮᠳᠡᠬᠦ ᠪᠠᠨ ᠴᠢᠩᠭᠠᠷᠠᠭᠤᠯᠤᠨ᠂ ᠬᠦᠨᠳᠦ ᠶᠡᠭᠡ ᠠᠳᠡᠯ ᠤᠨ ᠳᠠᠯᠳᠠ ᠭᠡᠮ ᠢ | ᠠᠷᠢᠯᠭᠠᠨ᠎ᠠ᠃ | ︵ᠳᠥᠷᠪᠡ︶ ᠣᠶᠤᠨᠯᠢᠭ ᠪᠥᠭᠡᠳ ᠠᠮᠢᠵᠢᠷᠠᠯ ᠤᠨ ᠬᠦᠴᠦᠨ ᠲᠠᠢ ᠬᠤᠲᠠ ᠶᠢ ᠡᠭᠦᠳᠦᠨ ᠪᠠᠶᠢᠭᠤᠯᠤᠨ᠎ᠠ᠃ | 1. ᠬᠤᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ︵CIM︶ ᠤᠨ ᠰᠠᠭᠤᠷᠢ | ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ ᠬᠠᠮ ᠰᠢᠨᠵᠢᠯᠡᠭᠡ ᠵᠠᠳᠠᠯᠤᠯᠲᠠ᠂ ᠬᠤᠲᠠ ᠶᠢᠨ ᠠᠮᠤᠷ ᠲᠦᠪᠰᠢᠨ᠂ ᠣᠶᠤᠨᠴᠢ ᠪᠠᠷ 365赢多少钱会被限额_国内有真正的365平台吗_365bet博彩官网 | ᠪᠦᠲᠦᠭᠡᠨ ᠪᠠᠶᠢᠭᠤᠯᠬᠤ᠂ ᠣᠶᠤᠨᠯᠢᠭ ᠨᠡᠶᠢᠭᠡᠮ ᠲᠣᠭᠤᠷᠢᠭ ᠵᠡᠷᠭᠡ ᠬᠦᠷᠢᠶᠡᠨ ᠳᠠᠬᠢ ᠲᠠᠪᠴᠠᠩ ᠤᠨ ᠭᠦᠨᠵᠡᠭᠡᠢ ᠬᠡᠷᠡᠭᠯᠡᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ | ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠰᠢᠨᠵᠢᠯᠡᠬᠦ ᠤᠬᠠᠭᠠᠨᠴᠢᠯᠠᠭᠰᠠᠨ᠂ | ᠨᠠᠷᠢᠯᠢᠭᠵᠢᠭᠤᠯᠤᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶ᠎ᠡ ᠶᠢ | ᠪᠠᠶᠢᠭᠤᠯᠵᠤ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠢ ᠬᠡᠷᠡᠭᠯᠡᠨ᠂ ᠪᠠᠷᠢᠯᠭ᠎ᠠ ᠶᠢᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ | ᠠᠵᠢᠯᠯᠠᠭᠤᠯᠵᠤ ᠠᠷᠠᠴᠢᠯᠠᠨ ᠬᠠᠮᠠᠭᠠᠯᠠᠬᠤ ᠲᠠᠯ᠎ᠠ ᠶᠢᠨ ᠬᠠᠮᠵᠢᠯᠴᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 2. ᠬᠤᠲᠠ ᠶᠢᠨ ᠶᠠᠪᠤᠳᠠᠯ ᠤᠨ ᠭᠠᠵᠠᠷ ᠳᠣᠣᠷᠠᠬᠢ ᠰᠠᠭᠤᠷᠢ ᠪᠡᠯᠡᠳᠬᠡᠮᠵᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ ᠣᠳᠣᠬᠢ ᠪᠠᠶᠢᠳᠠᠯ ᠤᠨ ᠰᠠᠭᠤᠷᠢ | ᠲᠤᠭ᠎ᠠ ᠶᠢ ᠪᠥᠬᠦ ᠲᠠᠯ᠎ᠠ ᠪᠠᠷ ᠡᠵᠡᠮᠰᠢᠵᠦ᠂ ᠲᠤᠰᠬᠠᠢ ᠣᠷᠣᠨ ᠤ ᠲᠠᠰ ᠤᠨ ᠬᠤᠲᠠ ᠶᠢᠨ ᠭᠠᠵᠠᠷ ᠳᠣᠣᠷᠠᠬᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠬᠦ ᠶᠢ ᠨᠢ ᠠᠬᠢᠭᠤᠯᠵᠤ᠂ ᠪᠡᠯᠡᠳᠬᠡᠮᠵᠢ ᠶᠢᠨ ᠲᠥᠯᠦᠪᠵᠢᠭᠦᠯᠭᠡ | ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠭᠠᠨ ᠭᠠᠮᠰᠢᠭ ᠠᠴᠠ ᠰᠡᠷᠭᠡᠶᠢᠯᠡᠬᠦ ᠵᠡᠷᠭᠡ ᠠᠵᠢᠯ ᠤᠨ ᠱᠠᠭᠠᠷᠳᠠᠯᠭ᠎ᠠ ᠶᠢ | ᠬᠠᠩᠭᠠᠬᠤ ᠶᠢᠨ ᠬᠠᠮᠲᠤ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ︵CIM︶ ᠤᠨ ᠰᠠᠭᠤᠷᠢ ᠲᠠᠪᠴᠠᠩ ᠯᠤᠭ᠎ᠠ ᠭᠦᠨ ᠠᠭᠤᠰᠤᠯᠴᠠᠭᠤᠯᠵᠤ᠂ ᠪᠡᠯᠡᠳᠬᠡᠮᠵᠢ ᠶᠢᠨ | ᠮᠡᠳᠡᠭᠡ ᠵᠠᠩᠭᠢ ᠪᠠᠨ ᠬᠠᠮᠲᠤ ᠪᠠᠷ ᠪᠠᠶᠢᠭᠤᠯᠵᠤ ᠬᠠᠮᠲᠤ ᠪᠠᠷ ᠭᠥᠷᠳᠡᠬᠦ ᠶᠢ ᠪᠡᠶᠡᠯᠡᠭᠦᠯᠦᠨ᠎ᠡ᠃ ᠬᠤᠲᠠ ᠶᠢᠨ ᠶᠠᠪᠤᠳᠠᠯ ᠤᠨ ᠤᠰᠤ ᠵᠠᠯᠠᠬᠤ ᠬᠤᠭᠤᠯᠠᠢ ᠭᠤᠤᠷᠰᠤ ᠶᠢᠨ | ᠲᠣᠣᠷ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠬᠤᠭᠤᠯᠠᠢ ᠭᠤᠤᠷᠰᠤ ᠶᠢᠨ ᠲᠣᠣᠷ ᠤᠨ ᠮᠡᠳᠡᠭᠡ ᠵᠠᠩᠭᠢᠴᠢᠯᠠᠯᠲᠠ᠂ ᠲᠠᠩᠰᠠ ᠬᠠᠷ᠎ᠠ | ᠲᠠᠢ ᠬᠠᠮᠢᠶᠠᠷᠤᠯᠲᠠ ᠶᠢ ᠪᠡᠶᠡᠯᠡᠭᠦᠯᠦᠨ᠎ᠡ᠃ | ︵ᠲᠠᠪᠤ︶ ᠬᠥᠮᠥᠨ ᠰᠣᠶᠣᠯ ᠤᠨ ᠣᠨᠴᠠᠯᠢᠭᠲᠤ ᠬᠤᠲᠠ ᠶᠢ ᠴᠣᠭᠴᠠᠯᠠᠨ ᠪᠠᠶᠢᠭᠤᠯᠤᠨ᠎ᠠ᠃ | 1. ᠲᠡᠦᠬᠡ ᠰᠣᠶᠣᠯ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠣᠷᠣᠨ ᠪᠦᠰᠡ ᠶᠢᠨ ᠰᠣᠶᠣᠯ ᠤᠨ ᠣᠨᠴᠠᠯᠢᠭ ᠪᠠ ᠬᠤᠲᠠ ᠶᠢᠨ ᠪᠦᠲᠦᠴᠡ ᠵᠦᠢ ᠶᠢ ᠨᠠᠷᠢᠨ | ᠪᠣᠳᠠᠲᠠᠢ ᠡᠮᠬᠢᠯᠡᠵᠦ᠂ ᠲᠡᠦᠬᠡ ᠰᠣᠶᠣᠯ ᠤᠨ ᠨᠡᠷᠡᠳᠣ ᠬᠤᠲᠠ᠂ ᠲᠡᠦᠬᠡ ᠰᠣᠶᠣᠯ ᠤᠨ ᠵᠡᠭᠡᠯᠢ ᠲᠣᠭᠤᠷᠢᠭ ᠪᠠ ᠲᠡᠦᠬᠡᠨ ᠪᠠᠷᠢᠯᠭ᠎ᠠ ᠶᠢ ᠬᠠᠮᠠᠭᠠᠯᠠᠬᠤ ᠠᠵᠢᠯ ᠢᠶᠠᠨ ᠦᠨᠡᠨ | ᠬᠦ ᠰᠠᠶᠢᠲᠤᠷ ᠬᠢᠵᠦ᠂ ᠲᠥᠷᠥᠯ ᠬᠤᠪᠢᠶᠠᠭᠰᠠᠨ ᠨᠢ ᠰᠢᠨᠵᠢᠯᠡᠬᠦ ᠤᠬᠠᠭᠠᠨᠴᠢ᠂ ᠬᠠᠮᠠᠭᠠᠯᠠᠯᠲᠠ ᠨᠢ ᠡᠷᠴᠢᠮᠲᠡᠢ᠂ ᠬᠠᠮᠢᠶᠠᠷᠤᠯᠲᠠ ᠨᠢ ᠪᠦᠲᠦᠮᠵᠢᠲᠡᠶ ᠬᠤᠲᠠ ᠬᠥᠳᠡᠭᠡ ᠶᠢᠨ | ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠲᠡᠦᠬᠡ ᠰᠣᠶᠣᠯ ᠤᠨ ᠥᠪ ᠣᠯᠠᠨᠲᠠ ᠰᠦᠢᠳᠦᠨ ᠡᠪᠳᠡᠭᠳᠡᠬᠦ᠂ ᠨᠤᠷᠠᠭᠠᠵᠤ | ᠬᠠᠶᠠᠬᠤ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠮᠠᠭᠠᠯᠠᠬᠤ᠂ ᠠᠰᠢᠭᠯᠠᠬᠤ᠂ ᠤᠯᠠᠮᠵᠢᠯᠠᠨ ᠵᠠᠯᠭᠠᠮᠵᠢᠯᠠᠬᠤ ᠶᠢ ᠨᠢᠭᠡᠳᠦᠯᠲᠡᠢ ᠲᠥᠯᠥᠪᠯᠡᠨ᠂ | ᠰᠢᠰᠲ᠋ᠧᠮ ᠲᠠᠢ ᠪᠦᠷᠢᠨ ᠪᠦᠲᠦᠨ ᠬᠠᠮᠠᠭᠠᠯᠠᠬᠤ ᠶᠢ ᠪᠠᠷᠢᠮᠲᠠᠯᠠᠵᠤ᠂ ᠲᠠᠩ ᠴᠣᠭᠴᠠᠲᠤ ᠪᠠᠷᠢᠯᠭ᠎ᠠ ᠶᠢ ᠬᠠᠮᠠᠭᠠᠯᠠᠬᠤ ᠮᠥᠷᠲᠡᠭᠡᠨ ᠪᠠᠰᠠ ᠨᠠᠷᠢᠨ ᠭᠤᠳᠤᠮᠵᠢ ᠵᠡᠭᠡᠯᠢ | ᠲᠣᠭᠤᠷᠢᠭ᠂ ᠬᠤᠲᠠ ᠪᠠᠯᠭᠠᠰᠤᠨ ᠤ ᠪᠠᠶᠢᠷᠢᠰᠢᠯ ᠢ ᠬᠠᠮᠠᠭᠠᠯᠠᠬᠤ ᠮᠥᠷᠲᠡᠭᠡᠨ ᠪᠠᠰᠠ ᠲᠡᠦᠬᠡ ᠶᠢᠨ ᠭᠠᠵᠠᠷ ᠬᠡᠰᠡᠭ᠂ ᠪᠠᠶᠢᠭᠠᠯᠢ ᠶᠢᠨ ᠦᠵᠡᠮᠵᠢ᠂ ᠬᠥᠮᠥᠨ ᠰᠣᠶᠣᠯ ᠤᠨ | ᠣᠷᠴᠢᠨ ᠨᠥᠬᠦᠴᠡᠯ ᠢ ᠰᠠᠶᠢᠲᠤᠷ ᠬᠠᠮᠠᠭᠠᠯᠠᠨ᠎ᠠ᠃ | 2. ᠳᠦᠷᠰᠦ ᠪᠠᠶᠢᠳᠠᠯ ᠤᠨ ᠣᠨᠴᠠᠯᠢᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ︽ᠲᠣᠬᠢᠷᠠᠬᠤ᠂ ᠬᠢᠮᠳᠠ᠂ ᠪᠣᠬᠢᠷᠳᠤᠯ ᠦᠭᠡᠢ᠂ ᠭᠤᠶᠣ︾ ᠪᠠᠶᠢᠯᠭᠠᠬᠤ | ᠪᠠᠷᠢᠯᠭ᠎ᠠ ᠶᠢᠨ ᠴᠢᠭᠯᠡᠯᠲᠡ ᠶᠣᠰᠣᠭᠠᠷ᠂ ᠪᠠᠷᠢᠯᠭ᠎ᠠ ᠶᠢᠨ ᠬᠡᠷᠡᠭᠯᠡᠬᠦ ᠴᠢᠳᠠᠮᠵᠢ ᠵᠢᠴᠢ ᠡᠨᠧᠷᠭᠢ ᠠᠷᠪᠢᠯᠠᠬᠤ᠂ ᠤᠰᠤ ᠠᠷᠪᠢᠯᠠᠬᠤ᠂ ᠭᠠᠵᠠᠷ ᠠᠷᠪᠢᠯᠠᠬᠤ᠂ ᠮᠠᠲ᠋ᠧᠷᠢᠶᠠᠯ | ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠢ ᠲᠣᠪᠤᠶᠢᠯᠭᠠᠨ᠂ ᠬᠠᠴᠢᠨ ᠵᠢᠭᠲᠡᠢ ᠪᠠᠷᠢᠯᠭ᠎ᠠ ᠶᠢ ᠴᠢᠩᠭ᠎ᠠ ᠬᠢᠵᠠᠭᠠᠷᠯᠠᠵᠤ᠂ ᠪᠠᠷᠢᠯᠭ᠎ᠠ ᠶᠢᠨ ᠭᠠᠳᠠᠷ | ᠳᠦᠷᠰᠦ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠶᠢ ᠰᠡᠷᠭᠡᠶᠢᠯᠡᠨ ᠬᠤᠷᠢᠭᠯᠠᠨ᠎ᠠ᠃ ᠬᠤᠲᠠ ᠶᠢᠨ ᠵᠢᠷᠤᠭ ᠲᠥᠯᠥᠪᠯᠡᠭᠡ ᠶᠢ ᠪᠦᠬᠦ ᠲᠠᠯ᠎ᠠ ᠪᠠᠷ ᠴᠢᠩᠭᠠᠳᠬᠠᠨ᠂ | ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠢᠷᠤᠭ ᠲᠥᠯᠥᠪᠯᠡᠭᠡ ᠳᠤ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠷᠠᠭᠤᠯᠤᠨ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠨᠠᠨ ᠵᠥᠪᠰᠢᠶᠡᠷᠡᠬᠦ ᠠᠵᠢᠯ ᠢ ᠴᠢᠩᠭ᠎ᠠ ᠠᠳᠬᠤᠵᠤ᠂ ᠶᠡᠭᠡ ᠳᠤ ᠰᠢᠨᠤᠬᠤ᠂ ᠭᠠᠳᠠᠭᠠᠳᠤ ᠬᠢ ᠶᠢ | ᠰᠠᠶᠢᠮᠰᠤᠷᠠᠬᠤ᠂ ᠰᠣᠨᠢᠨ ᠰᠡᠪᠡᠭᠦᠨ ᠢ ᠬᠥᠭᠡᠭᠡᠴᠡᠯᠳᠦᠬᠦ ᠵᠡᠷᠭᠡ ᠡᠮᠬᠢ ᠵᠢᠷᠤᠮ ᠦᠭᠡᠢ ᠪᠠᠶᠢᠳᠠᠯ ᠭᠠᠷᠬᠤ ᠶᠢ ᠡᠷᠡᠰ ᠬᠤᠷᠢᠭᠯᠠᠨ᠎ᠠ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠬᠤᠲᠠ ᠶᠢᠨ ᠬᠠᠮ ᠰᠢᠨᠵᠢᠯᠡᠭᠡ ᠵᠠᠳᠠᠯᠤᠯᠲᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠬᠤᠲᠠ ᠶᠢᠨ ᠬᠠᠮ ᠰᠢᠨᠵᠢᠯᠡᠭᠡ ᠵᠠᠳᠠᠯᠤᠯᠲᠠ ᠦᠨᠡᠯᠡᠯᠲᠡ ᠪᠠᠷ | ᠳᠠᠮᠵᠢᠭᠤᠯᠵᠤ᠂ ᠳᠤᠲᠠᠭᠤᠳᠠᠯ ᠪᠠ ᠪᠠᠭᠤᠷᠠᠢ ᠲᠠᠯ᠎ᠠ ᠶᠢ ᠡᠷᠢᠵᠦ ᠭᠠᠷᠭᠠᠨ᠎ᠠ᠃ ᠬᠤᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ | ᠨᠢᠭᠡᠳᠦᠯᠲᠡᠢ ᠲᠥᠯᠥᠪᠯᠡᠵᠦ᠂ ᠭᠠᠵᠠᠷ ᠣᠷᠣᠨ ᠤ ᠴᠢᠳᠠᠮᠵᠢ ᠶᠢ ᠰᠢᠯᠢᠳᠡᠭᠵᠢᠭᠦᠯᠬᠦ᠂ ᠣᠯᠠᠨ ᠨᠡᠶᠢᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ᠂ ᠲᠡᠦᠬᠡ ᠶᠢᠨ ᠳᠦᠷᠰᠦ ᠪᠠᠶᠢᠳᠠᠯ ᠢ ᠬᠠᠮᠠᠭᠠᠯᠠᠬᠤ᠂ ᠬᠤᠲᠠ ᠶᠢᠨ ᠣᠷᠴᠢᠨ ᠲᠣᠭᠤᠷᠢᠨ ᠢ ᠵᠠᠰᠠᠬᠤ᠂ ᠰᠠᠭᠤᠷᠢ ᠪᠡᠯᠡᠳᠬᠡᠮᠵᠢ ᠶᠢ | ᠲᠡᠭᠦᠯᠳᠡᠷᠵᠢᠭᠦᠯᠬᠦ ᠬᠠᠷᠠᠯᠲᠠ ᠪᠠ ᠰᠠᠨᠠᠭᠤᠯᠭ᠎ᠠ ᠳᠤᠷᠠᠳᠤᠨ᠎ᠠ᠃ | ︵ᠬᠤᠶᠠᠷ︶ ᠬᠡᠷᠡᠭᠵᠢᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠡᠯ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ | ᠲᠤᠰ ᠭᠠᠵᠠᠷ ᠣᠷᠣᠨ ᠳᠠᠬᠢ ᠬᠤᠲᠠ ᠶᠢᠨ ᠰᠢᠨᠡᠳᠬᠡᠯ ᠤᠨ ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠵᠤ ᠲᠣᠭᠲᠠᠭᠠᠨ᠂ ᠰᠢᠨᠡᠳᠬᠡᠬᠦ ᠬᠡᠰᠡᠭ ᠲᠣᠭᠤᠷᠢᠭ ᠢ | ᠵᠣᠬᠢᠰᠲᠠᠢ ᠬᠤᠪᠢᠶᠠᠷᠢᠯᠠᠨ ᠲᠣᠭᠲᠠᠭᠠᠨ᠎ᠠ᠃ ᠬᠡᠰᠡᠭ ᠲᠣᠭᠤᠷᠢᠭ ᠤᠨ ᠴᠢᠳᠠᠮᠵᠢ ᠶᠢᠨ ᠪᠦᠷᠢᠨ ᠪᠦᠲᠦᠨ ᠴᠢᠨᠠᠷ᠂ ᠰᠢᠰᠲ᠋ᠧᠮᠲᠦ ᠴᠢᠨᠠᠷ ᠪᠠ ᠲᠥᠷᠥᠯ ᠵᠦᠢᠯ ᠤᠨ | ᠬᠡᠷᠡᠭᠵᠢᠭᠦᠯᠵᠦ ᠪᠣᠯᠬᠤᠶᠢᠴᠠ ᠴᠢᠨᠠᠷ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠢᠨᠡᠳᠬᠡᠬᠦ ᠬᠡᠰᠡᠭ ᠲᠣᠭᠤᠷᠢᠭ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠠᠳᠠᠯᠢ ᠪᠤᠰᠤ ᠬᠡᠰᠡᠭ ᠲᠣᠭᠤᠷᠢᠭ ᠲᠤ ᠬᠤᠲᠠ ᠶᠢᠨ ᠰᠢᠨᠡᠳᠬᠡᠯ ᠤᠨ ᠵᠥᠷᠢᠶᠡᠵᠢᠭᠦᠯᠦᠭᠰᠡᠨ ᠠᠷᠭ᠎ᠠ | ᠪᠣᠳᠣᠯᠭ᠎ᠠ ᠶᠢ ᠬᠡᠷᠡᠭᠵᠢᠭᠦᠯᠦᠨ᠎ᠡ᠃ | ︵ᠭᠤᠷᠪᠠ︶ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠬᠤᠲᠠ ᠶᠢᠨ ᠰᠢᠨᠡᠳᠬᠡᠯ ᠤᠨ ᠬᠡᠷᠡᠭᠵᠢᠭᠦᠯᠬᠦ ᠲᠥᠰᠥᠯ | ᠶᠣᠰᠣᠭᠠᠷ᠂ ᠬᠡᠷᠡᠭᠵᠢᠭᠦᠯᠦᠭᠰᠡᠨ ᠤ ᠳᠠᠷᠠᠭᠠᠬᠢ ᠦᠷ᠎ᠡ ᠪᠦᠲᠦᠮᠵᠢ ᠳᠤ ᠦᠨᠡᠯᠡᠨ ᠵᠢᠱᠢᠬᠦ ᠶᠢ ᠥᠷᠨᠢᠭᠦᠯᠵᠦ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠳ᠋ᠦᠩᠨᠡᠨ᠂ ᠦᠨᠡᠨ ᠠᠴᠠ ᠵᠥᠪ ᠢ ᠡᠷᠢᠬᠦ ᠪᠠᠷ ᠠᠰᠠᠭᠤᠳᠠᠯ ᠡᠷᠢᠵᠦ᠂ ᠦᠷᠭᠦᠯᠵᠢᠯᠡᠨ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠣᠯᠠᠨ ᠲᠦᠮᠡᠨ ᠤ ᠰᠡᠳᠬᠢᠯ | ᠬᠠᠨᠤᠮᠵᠢᠲᠠᠶ ᠪᠠᠶᠢᠬᠤ ᠲᠠᠯ᠎ᠠ ᠶᠢᠨ ᠪᠠᠶᠢᠴᠠᠭᠠᠯᠲᠠ ᠶᠢ ᠥᠷᠨᠢᠭᠦᠯᠵᠦ᠂ ᠠᠷᠠᠳ ᠣᠯᠠᠨ ᠢᠶᠠᠷ ᠬᠤᠲᠠ ᠶᠢᠨ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠭᠦᠯᠦᠨᠡ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠠᠴᠠ | ᠨᠢᠭᠡᠳᠦᠯᠲᠡᠢ ᠲᠥᠯᠥᠪᠯᠡᠭᠰᠡᠨ᠂ ᠬᠤᠲᠠ ᠶᠢᠨ ᠬᠢᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠲᠣᠭᠤᠷᠢᠭ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ | ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢᠨ ᠠᠵᠢᠯ ᠤᠨ ᠲᠢᠩᠬᠢᠮ ᠤᠨ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠢ | ᠲᠣᠳᠣᠷᠬᠠᠢ ᠲᠣᠭᠲᠠᠭᠠᠨ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠳᠤ ᠪᠠᠶᠢᠷᠢᠯᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠠᠶᠢᠲᠤᠷ ᠵᠣᠬᠢᠴᠠᠯᠳᠤᠨ ᠬᠠᠮᠵᠢᠯᠴᠠᠵᠤ᠂ ᠠᠵᠢᠯ ᠤᠨ | ᠵᠢᠯᠣᠭᠤᠳᠤᠯᠭ᠎ᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠷᠠᠭᠤᠯᠵᠤ᠂ ᠬᠤᠲᠠ ᠶᠢᠨ ᠰᠢᠨᠡᠳᠬᠡᠯ ᠤᠨ ᠠᠵᠢᠯ ᠤᠨ ᠨᠡᠶᠢᠯᠡᠮᠡᠯ ᠬᠦᠴᠦᠨ ᠢ | ᠪᠣᠶ ᠪᠣᠯᠭᠠᠬᠤ ᠬᠡᠷᠡᠭᠲᠡᠢ᠃ ᠡᠯ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠵᠣᠬᠢᠶᠠᠨ | ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢᠨ ᠪᠣᠳᠠᠲᠤ ᠦᠷ᠎ᠡ | ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠰᠡᠳᠦᠪ ᠲᠣᠭᠲᠠᠭᠠᠬᠤ᠂ ᠭᠠᠵᠠᠷ ᠰᠢᠷᠣᠢ᠂ ᠲᠥᠯᠦᠪᠵᠢᠭᠦᠯᠭᠡ᠂ ᠬᠢᠨᠠᠨ | ᠵᠥᠪᠰᠢᠶᠡᠷᠡᠬᠦ ᠵᠡᠷᠭᠡ ᠲᠥᠬᠦᠷᠵᠢᠭᠰᠡᠨ ᠳᠦᠷᠢᠮ ᠳᠤ ᠰᠢᠨ᠎ᠡ ᠶᠢ ᠡᠭᠦᠳᠴᠦ᠂ ᠶᠡᠭᠡ ᠬᠡᠪᠴᠢᠶᠡᠨ ᠤ ᠦᠯᠡᠳᠡᠭᠡᠯ ᠤᠨ ᠶᠠᠰᠤ ᠴᠢᠨᠠᠷ ᠢ ᠳᠡᠭᠡᠭᠰᠢᠯᠡᠭᠦᠯᠵᠦ ᠥᠭᠡᠷᠡᠴᠢᠯᠡᠨ | ᠰᠠᠶᠢᠵᠢᠷᠠᠭᠤᠯᠬᠤ ᠯᠤᠭ᠎ᠠ ᠲᠣᠬᠢᠷᠠᠯᠴᠠᠭᠰᠠᠨ ᠬᠠᠮᠢᠶᠠᠷᠤᠯᠲᠠ ᠶᠢᠨ ᠳᠦᠷᠢᠮ ᠪᠠ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠦᠷᠢᠯᠳᠦᠭᠦᠯᠦᠨ᠎ᠡ᠃ ᠬᠤᠲᠠ ᠶᠢᠨ | ᠰᠢᠨᠡᠳᠬᠡᠯ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠬᠤ ᠳᠤ ᠬᠡᠷᠡᠭᠯᠡᠬᠦ | ᠭᠠᠵᠠᠷ ᠤᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠬᠤᠲᠠ ᠪᠠᠯᠭᠠᠰᠤᠨ ᠤ ᠣᠳᠣ ᠶᠢᠨ ᠪᠠᠶᠢᠭ᠎ᠠ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠠᠮᠢᠯᠠᠭᠤᠯᠤᠨ ᠠᠰᠢᠭᠯᠠᠵᠤ᠂ ᠬᠤᠲᠠ ᠶᠢᠨ ᠰᠢᠨᠡᠳᠬᠡᠯ ᠤᠨ ᠲᠥᠷᠥᠯ ᠵᠦᠢᠯ ᠳᠤ ᠤᠷᠢᠳ ᠢᠶᠠᠷ ᠬᠡᠷᠡᠭᠯᠡᠨ᠂ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ | ᠭᠠᠵᠠᠷ ᠤᠨ ᠰᠢᠨᠵᠢ ᠴᠢᠨᠠᠷ ᠪᠠ ᠬᠡᠷᠡᠭᠴᠡᠭᠡ ᠶᠢ ᠬᠠᠤᠯᠢ ᠶᠣᠰᠣᠭᠠᠷ ᠲᠣᠬᠢᠷᠠᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ | ᠬᠤᠲᠠ ᠶᠢᠨ ᠰᠢᠨᠡᠳᠬᠡᠯ ᠤᠨ ᠬᠠᠮᠢᠶ᠎ᠠ ᠪᠦᠬᠦᠢ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ | ︵ᠭᠤᠷᠪᠠ︶ ᠪᠡᠯᠡ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠲᠥᠪ ᠤᠨ ᠨᠥᠬᠦᠪᠦᠷᠢᠯᠡᠬᠦ ᠪᠡᠯᠡ ᠮᠥᠩᠭᠦ ᠶᠢ ᠢᠳᠡᠪᠬᠢᠯᠡᠨ ᠣᠯᠵᠤ᠂ ᠡᠳ᠋ ᠤᠨ | ᠵᠠᠰᠠᠭ ᠤᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ ᠶᠢᠨ ᠰᠢᠨᠡᠳᠬᠡᠯ ᠤᠨ ᠲᠥᠷᠥᠯ ᠵᠦᠢᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ 365赢多少钱会被限额_国内有真正的365平台吗_365bet博彩官网 | ᠥᠪᠡᠷᠲᠡᠭᠡᠨ ᠵᠠᠰᠠᠬᠤ ᠣᠷᠣᠨ ᠤ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠡᠳ᠋ ᠤᠨ ᠵᠠᠰᠠᠭ ᠤᠨ ᠴᠢᠨᠠᠷᠲᠠᠢ ᠨᠥᠬᠦᠪᠦᠷᠢᠯᠡᠬᠦ ᠪᠡᠯᠡ | ᠮᠥᠩᠭᠦ ᠶᠢ ᠬᠥᠲᠥᠯᠥᠨ ᠵᠢᠯᠤᠭᠤᠳᠴᠤ ᠪᠠᠶᠢᠭᠠᠳ ᠬᠤᠲᠠ ᠶᠢᠨ ᠰᠢᠨᠡᠳᠬᠡᠯ ᠤᠨ ᠲᠥᠷᠥᠯ ᠵᠦᠢᠯ ᠳᠤ ᠬᠡᠯᠪᠡᠶᠢᠯᠭᠡᠨ᠎ᠡ᠃ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭ ᠤᠨ ᠪᠡᠯᠡ ᠮᠥᠩᠭᠦ ᠶᠢᠨ ᠬᠤᠲᠠ ᠶᠢᠨ ᠰᠢᠨᠡᠳᠬᠡᠬᠦ ᠲᠥᠷᠥᠯ ᠵᠦᠢᠯ ᠳᠠᠬᠢ ᠣᠷᠣᠭᠤᠯᠤᠯᠲᠠ ᠪᠠᠨ | ᠨᠡᠮᠡᠭᠳᠡᠭᠦᠯᠬᠦ ᠶᠢ ᠳᠡᠮᠵᠢᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠥᠩᠭᠦᠨ ᠭᠦᠢᠯᠭᠡᠭᠡᠨ ᠤ | ᠨᠡᠷᠡᠳᠬᠦᠨ ᠪᠠ ᠦᠢᠯᠡᠴᠢᠯᠡᠭᠡᠨ ᠳᠤ ᠰᠢᠨ᠎ᠡ ᠶᠢ ᠡᠭᠦᠳᠴᠦ᠂ ᠬᠤᠲᠠ ᠶᠢᠨ ᠰᠢᠨᠡᠳᠬᠡᠯ ᠳᠤ ᠦᠷᠭᠦᠯᠵᠢᠯᠡᠵᠦ ᠪᠣᠯᠬᠤᠶᠢᠴᠠ ᠪᠡᠯᠡ ᠲᠣᠬᠢᠷᠠᠭᠤᠯᠭ᠎ᠠ ᠶᠢᠨ ᠳᠡᠮᠵᠢᠯᠭᠡ | ᠬᠠᠩᠭᠠᠨ᠎ᠠ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠬᠤᠲᠠ ᠶᠢᠨ ᠰᠢᠨᠡᠳᠬᠡᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠤᠨ᠎ᠠ᠃ | ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠬᠢᠨ᠎ᠡ᠃ ᠡᠯ᠎ᠡ ᠭᠠᠵᠠᠷ ᠣᠷᠣᠨ ᠨᠢ ᠤᠬᠠᠭᠤᠯᠤᠨ ᠮᠡᠳᠡᠭᠡᠯᠡᠬᠦ ᠡᠷᠴᠢᠮ ᠢᠶᠠᠨ | ᠴᠢᠩᠭᠠᠷᠠᠭᠤᠯᠵᠤ᠂ ᠷᠠᠳᠢᠣ᠋ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠬᠤᠲᠠ ᠶᠢᠨ ᠰᠢᠨᠡᠳᠬᠡᠯ ᠤᠨ ᠲᠥᠷᠥ ᠶᠢᠨ | ᠪᠣᠳᠣᠯᠭ᠎ᠠ ᠪᠠ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠬᠤᠲᠠ ᠶᠢᠨ ᠰᠢᠨᠡᠳᠬᠡᠯ ᠤᠨ ᠠᠵᠢᠯ ᠤᠨ ᠲᠠᠯ᠎ᠠ ᠪᠠᠷ ᠬᠢ ᠥᠪᠥᠷ ᠮᠣᠩᠭᠤᠯ ᠤᠨ ᠥᠯᠢᠭᠡᠷ ᠢ | ᠰᠠᠶᠢᠲᠤᠷ ᠶᠠᠷᠢᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠᠨ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠶᠢ ᠴᠠᠭ ᠲᠤᠬᠠᠢ ᠳᠤ ᠨᠢ ᠮᠡᠳᠡᠭᠡᠯᠡᠵᠦ᠂ | ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢᠨ ᠠᠷᠠᠳ ᠣᠯᠠᠨ ᠳᠤ ᠠᠪᠴᠢᠷᠠᠭᠰᠠᠨ ᠬᠦᠷᠲᠡᠮᠵᠢ ᠶᠢᠨ ᠲᠥᠷᠥᠭᠳᠡᠯ ᠢ ᠤᠬᠠᠭᠤᠯᠬᠤ ᠬᠡᠷᠡᠭᠲᠡᠢ᠃ ᠠᠷᠠᠳ ᠣᠯᠠᠨ ᠤ | ᠣᠷᠤᠯᠴᠠᠬᠤ ᠵᠠᠮ ᠮᠥᠷ ᠢ ᠢᠳᠡᠪᠬᠢᠲᠡᠢ ᠥᠷᠭᠡᠳᠬᠡᠵᠦ᠂ ᠬᠤᠲᠠ ᠶᠢᠨ ᠰᠢᠨᠡᠳᠬᠡᠯ ᠤᠨ ᠰᠠᠶᠢᠨ ᠰᠠᠶᠢᠬᠠᠨ ᠨᠡᠶᠢᠭᠡᠮ ᠤᠨ ᠪᠠᠶᠢᠳᠠᠯ ᠢ ᠬᠠᠮᠲᠤ ᠪᠠᠷ ᠪᠣᠢ ᠪᠣᠯᠭᠠᠬᠤ ᠬᠡᠷᠡᠭᠲᠡᠢ᠃ | | 2021ᠣᠨ ᠤ 9 ᠳ᠋ᠦ᠋ᠭᠡᠷ ᠰᠠᠷ᠎ᠠ ᠶᠢᠨ 3 ᠤ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2021 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ | |