| ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠬᠡᠷᠡᠭᠵᠢᠭᠦᠯᠬᠦ ᠲᠥᠰᠦᠯ︾ | ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠨᠡᠶᠢᠲᠡᠯᠡᠵᠡᠢ᠂ ︽ᠬᠡᠷᠡᠭᠵᠢᠭᠦᠯᠬᠦ ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠨᠡᠶᠢᠭᠡᠮ | ᠨᠡᠶᠢᠲᠡ ᠳᠤ ᠬᠦᠨᠵᠡᠭᠡᠢ ᠪᠥᠭᠡᠳ ᠵᠥᠪ ᠢᠶᠠᠷ ᠣᠶᠢᠯᠠᠭᠤᠯᠬᠤ ᠳᠤ ᠲᠥᠬᠦᠮ ᠤᠨ ᠲᠤᠯᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃ | ᠨᠢᠭᠡ᠂ ᠶᠠᠭᠤᠨ ᠳᠤ ︽ᠬᠡᠷᠡᠭᠵᠢᠭᠦᠯᠬᠦ ᠲᠥᠰᠦᠯ︾ ᠢ ᠲᠣᠭᠲᠠᠭᠠᠵᠤ ᠳᠠᠷᠤᠮᠠᠯᠯᠠᠨ ᠲᠠᠷᠬᠠᠭᠠᠬᠤ ᠪᠤᠢ︖ | ︽ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2020﹈ 5 ᠳ᠋ᠤᠭᠠᠷ ᠲᠣᠭᠠᠲᠤ︶ ᠳᠤ᠄ ᠡᠮ ᠡᠮᠨᠡᠯᠭᠡ ᠶᠢᠨ ᠳᠠᠭᠠᠳᠬᠠᠯ ᠤᠨ | ᠲᠣᠭᠠᠴᠠᠭ᠎ᠠ ᠬᠢᠬᠦ ᠪᠣᠯ ᠣᠯᠠᠨ ᠲᠦᠮᠡᠨ ᠤ ᠡᠮ ᠡᠮᠨᠡᠯᠭᠡ ᠶᠢᠨ ᠰᠢᠯᠢᠳᠡᠭ ᠦᠢᠯᠡᠴᠢᠯᠡᠭᠡ ᠭᠥᠷᠳᠡᠬᠦ ᠶᠢ ᠪᠠᠲᠤᠯᠠᠬᠤ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠲᠣᠭᠲᠠᠴᠠ ᠮᠥᠨ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠳ᠋ᠠᠶᠢᠲ᠋ᠠ ᠶᠢᠨ ᠬᠡᠷᠡᠭᠯᠡᠯᠲᠡ ᠶᠢ ᠬᠦᠴᠦᠲᠡᠢ ᠠᠬᠢᠭᠤᠯᠵᠤ᠂ ᠡᠪᠡᠳᠴᠢᠨ ᠤ ᠲᠥᠷᠥᠯ ᠢᠶᠠᠷ ᠠᠩᠭᠢᠯᠠᠨ ᠲᠣᠭᠠᠴᠠᠭ᠎ᠠ ᠬᠢᠬᠦ ᠪᠠᠷ ᠭᠤᠤᠯ | ᠪᠣᠯᠭᠠᠭᠰᠠᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠬᠦ ᠬᠡᠷᠡᠭᠲᠡᠶ ᠭᠡᠵᠦ ᠵᠢᠭᠠᠵᠤ | ᠭᠠᠷᠭᠠᠵᠠᠢ᠃ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠡᠮ ᠡᠮᠨᠡᠯᠭᠡ ᠶᠢᠨ | ᠦᠢᠯᠡᠴᠢᠯᠡᠭᠡᠨ ᠤ ᠬᠦᠷᠢᠶᠡᠨ ᠳᠠᠬᠢ ᠤᠷᠮᠠᠰᠢᠭᠤᠯᠬᠤ ᠪᠠ ᠬᠢᠵᠠᠭᠠᠷᠯᠠᠬᠤ ᠦᠢᠯᠡᠳᠦᠯ ᠢ ᠴᠢᠩᠭᠠᠷᠠᠭᠤᠯᠤᠨ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ | ᠪᠠᠲᠤᠯᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠡᠮᠴᠢᠯᠡᠭᠡᠨ ᠤ ᠵᠠᠷᠤᠳᠠᠯ ᠵᠦᠶ ᠵᠣᠬᠢᠰ ᠥᠬᠡᠶ ᠪᠠᠷ ᠨᠡᠮᠡᠭᠳᠡᠬᠦ ᠶᠢ | ᠬᠢᠵᠠᠭᠠᠷᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ︽ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ | ᠲᠠᠷᠬᠠᠭᠠᠵᠠᠢ᠃ | ᠬᠤᠶᠠᠷ᠂ ︽ᠬᠡᠷᠡᠭᠵᠢᠭᠦᠯᠬᠦ ᠲᠥᠰᠦᠯ︾ ᠤᠨ ᠬᠠᠷᠠᠯᠲᠠ ᠡᠭᠦᠷᠭᠡ ᠨᠢ ᠶᠠᠭᠤ ᠪᠤᠢ︖ | ︽ᠬᠡᠷᠡᠭᠵᠢᠭᠦᠯᠬᠦ ᠲᠥᠰᠦᠯ︾ ᠳᠤ ᠮᠠᠨ ᠤ ᠣᠷᠣᠨ ᠤ ᠣᠶᠢᠷ᠎ᠠ ᠶᠢᠨ 5 ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢᠨ ᠬᠠᠷᠠᠯᠲᠠ ᠶᠢ ᠲᠣᠳᠣᠷᠬᠠᠶ ᠲᠣᠭᠲᠠᠭᠠᠪᠠ᠃ | ᠡᠮᠨᠡᠯᠭᠡ ᠳᠤ ᠰᠠᠭᠤᠭᠰᠠᠨ ᠵᠠᠷᠤᠳᠠᠯ ᠢ ᠳᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠠᠯ᠎ᠠ ᠪᠠᠷ᠄ 2022 ᠣᠨ ᠳᠤ᠂ ᠡᠮᠨᠡᠯᠭᠡ ᠳᠤ ᠰᠠᠭᠤᠭᠰᠠᠨ | ᠵᠠᠷᠤᠳᠠᠯ ᠢ ᠡᠪᠡᠳᠴᠢᠨ ᠡᠮᠭᠡᠭ ᠤᠨ ᠣᠨᠣᠰᠢᠯᠠᠯᠲᠠ ᠶᠢᠨ ᠬᠠᠮᠢᠶ᠎ᠠ ᠪᠥᠬᠦᠶ ᠠᠩᠭᠢᠯᠠᠯ ︵DRG︶ ᠪᠠ ᠡᠪᠡᠳᠴᠢᠨ ᠤ ᠲᠥᠷᠥᠯ ᠤᠨ ᠨᠣᠭᠳᠠᠯ ᠬᠤᠪᠢ ︵DIP︶ ᠪᠠᠷ | ᠲᠤᠰᠢᠶᠠᠬᠤ ᠶᠢ ᠪᠣᠶ ᠪᠥᠬᠦᠶ ᠨᠢᠭᠡᠳᠦᠯᠲᠡᠶ ᠲᠦᠯᠦᠪᠵᠢᠭᠦᠯᠬᠦ ᠣᠷᠣᠨ ᠤ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠳᠤ ᠪᠦᠷᠬᠦᠭᠦᠯᠦᠨ᠎ᠡ᠃ 2025 ᠣᠨ ᠪᠣᠯᠬᠤ ᠳᠤ᠂ DRG/DIP ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠨᠥᠬᠦᠴᠡᠯ ᠳᠤ ᠨᠡᠶᠢᠴᠡᠬᠦ | ᠮᠥᠷᠲᠡᠭᠡᠨ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠵᠦ ᠪᠠᠶᠢᠭ᠎ᠠ ᠪᠣᠶ ᠪᠥᠬᠦᠶ ᠡᠮᠴᠢᠯᠡᠭᠡᠨ ᠤ ᠪᠠᠶᠢᠭᠤᠯᠤᠮᠵᠢ ᠳᠤ ᠬᠠᠮᠤᠷᠤᠭᠤᠯᠵᠤ᠂ ᠡᠪᠡᠳᠴᠢᠨ ᠤ ᠲᠥᠷᠥᠯ᠂ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠪᠦᠬᠦᠨ ᠢ ᠬᠠᠮᠤᠷᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ | ᠡᠭᠦᠳᠡᠨ ᠡᠮᠨᠡᠯᠭᠡ ᠶᠢᠨ ᠵᠠᠷᠤᠳᠠᠯ ᠢ ᠲᠦᠯᠦᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠠᠯ᠎ᠠ ᠪᠠᠷ᠄ ᠡᠯ᠎ᠡ ᠭᠠᠵᠠᠷ ᠤᠳ ᠤᠨ ᠬᠥᠮᠦᠨ ᠤ ᠲᠤᠭ᠎ᠠ᠂ | ᠣᠨᠣᠰᠢᠯᠠᠬᠤ ᠡᠮᠨᠡᠬᠦ ᠠᠷᠭ᠎ᠠ ᠶᠢᠨ ᠤᠶᠠᠯᠳᠤᠯ᠂ ᠡᠪᠡᠳᠴᠢᠨ ᠤ ᠲᠥᠷᠥᠯ᠂ ᠲᠥᠷᠥᠯ ᠵᠦᠢᠯ ᠵᠡᠷᠭᠡ ᠪᠠᠷ ᠣᠯᠠᠨ ᠵᠦᠢᠯ ᠤᠨ ᠡᠭᠦᠳᠡᠨ ᠡᠮᠨᠡᠯᠭᠡ ᠶᠢᠨ ᠵᠠᠷᠤᠳᠠᠯ ᠲᠤᠰᠢᠶᠠᠬᠤ | ᠠᠷᠭ᠎ᠠ ᠮᠠᠶ᠋ᠢᠭ ᠢ ᠰᠦᠪᠡᠭᠴᠢᠯᠡᠨ ᠥᠷᠨᠢᠭᠦᠯᠬᠦ ᠶᠢ ᠵᠣᠷᠢᠭᠵᠢᠭᠤᠯᠤᠨ᠎ᠠ᠃ 2025 ᠣᠨ ᠪᠣᠯᠬᠤ ᠳᠤ᠂ ᠡᠭᠦᠳᠡᠨ ᠡᠮᠨᠡᠯᠭᠡ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠪᠣᠶ ᠪᠥᠬᠦᠶ ᠡᠮᠴᠢᠯᠡᠭᠡᠨ ᠤ ᠪᠠᠶᠢᠭᠤᠯᠤᠮᠵᠢ ᠳᠤ ᠬᠠᠮᠤᠷᠤᠭᠤᠯᠵᠤ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠦᠯᠦᠪᠵᠢᠭᠦᠯᠬᠦ ᠯᠦᠭᠡ ᠬᠠᠷᠢᠯᠴᠠᠨ | ᠳᠣᠭᠢᠷᠠᠯᠴᠠᠭᠰᠠᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠳᠤ ᠨᠡᠶᠢᠴᠡᠭᠰᠡᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠭᠦᠳᠡᠨ ᠡᠮᠨᠡᠯᠭᠡ ᠶᠢᠨ ᠵᠠᠷᠤᠳᠠᠯ ᠤᠨ | ᠲᠣᠭᠠᠴᠠᠭ᠎ᠠ ᠬᠢᠬᠦ ᠲᠣᠭᠲᠠᠴᠠ ᠶᠢ ᠨᠡᠶᠢᠳᠡᠮ ᠬᠡᠷᠡᠭᠵᠢᠭᠦᠯᠦᠨ᠎ᠡ᠃ | ᠭᠤᠷᠪᠠ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠭᠤᠣᠯ ᠠᠭᠤᠯᠭ᠎ᠠ ᠨᠢ ᠶᠠᠭᠤ ᠶᠠᠭᠤ ᠪᠠᠶᠢᠳᠠᠭ ᠪᠤᠢ︖ | ᠨᠢᠭᠡ ᠳᠤ ᠶᠡᠷᠦᠩᠬᠡᠶ ᠲᠣᠭᠠᠨ ᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ | ᠲᠡᠩᠴᠡᠭᠦᠯᠬᠦ᠂ ᠪᠠᠭ᠎ᠠ ᠦᠯᠡᠳᠡᠪᠦᠷᠢ ᠲᠠᠢ ᠪᠠᠶᠢᠯᠭᠠᠬᠤ ᠵᠠᠷᠴᠢᠮ ᠶᠣᠰᠣᠭᠠᠷ᠂ ᠰᠠᠭᠤᠷᠢ ᠮᠥᠩᠭᠦᠨ ᠤ ᠲᠥᠰᠦᠪ ᠤᠨ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ | ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠵᠤ᠂ ᠣᠨ ᠤ ᠶᠡᠷᠦᠩᠬᠡᠶ ᠲᠤᠭ᠎ᠠ ᠶᠢ ᠡᠵᠡᠮᠳᠡᠬᠦ ᠬᠠᠷᠠᠯᠲᠠ ᠶᠢᠨ ᠰᠠᠭᠤᠷᠢᠨ ᠳᠡᠭᠡᠷ᠎ᠡ᠂ ᠡᠭᠦᠳᠡᠨ ᠡᠮᠨᠡᠯᠭᠡ ᠶᠢᠨ ᠵᠠᠷᠤᠯᠭ᠎ᠠ᠂ | ᠡᠮᠨᠡᠯᠭᠡ ᠳᠤ ᠰᠠᠭᠤᠭᠰᠠᠨ ᠵᠠᠷᠤᠯᠭ᠎ᠠ ᠶᠢᠨ ᠲᠥᠰᠦᠪ ᠤᠨ ᠶᠡᠷᠦᠩᠬᠡᠶ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠨ᠎ᠠ᠃ ᠶᠡᠷᠦᠩᠬᠡᠶ ᠲᠤᠭ᠎ᠠ ᠶᠢᠨ | ᠡᠵᠡᠮᠳᠡᠯ ᠯᠦᠭᠡ ᠲᠣᠬᠢᠷᠠᠯᠴᠠᠭᠰᠠᠨ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠪᠠ ᠬᠥᠳᠡᠯᠦᠩᠭᠦᠶ ᠳᠣᠭᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ | ᠪᠠᠶᠢᠭᠤᠯᠤᠮᠵᠢ ᠶᠢᠨ ᠬᠡᠪ ᠤᠨ ᠠᠵᠢᠯᠯᠠᠭᠠᠨ ᠢ ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠪᠠ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠬᠤᠭᠤᠷᠣᠨᠳᠣᠬᠢ ᠵᠥᠪᠳᠡᠯᠴᠡᠨ ᠬᠡᠯᠡᠯᠴᠡᠬᠦ ᠲᠣᠭᠲᠠᠴᠠ ᠪᠠ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤ ᠪᠠᠷ ᠵᠥᠪᠳᠡᠯᠴᠡᠬᠦ ᠶᠢ ᠠᠬᠢᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ︽ᠦᠯᠡᠳᠡᠪᠦᠷᠢ ᠮᠥᠩᠭᠦ ᠶᠢ | ᠦᠷᠭᠦᠯᠵᠢᠯᠡᠨ ᠵᠠᠷᠤᠵᠤ᠂ ᠵᠦᠶ ᠵᠣᠬᠢᠰᠲᠠᠶ ᠪᠠᠷ ᠬᠡᠲᠦᠷᠡᠭᠦᠯᠦᠨ ᠵᠠᠷᠤᠭᠰᠠᠨ ᠵᠠᠷᠤᠳᠠᠯ ᠢ ᠬᠤᠪᠢᠶᠠᠨ ᠡᠭᠦᠷᠭᠡᠯᠡᠬᠦ︾ ᠲᠣᠭᠲᠠᠴᠠ ᠶᠢ ᠪᠠᠶᠢᠭᠤᠯᠤᠨ᠎ᠠ᠃ | ᠬᠤᠶᠠᠷ ᠲᠤ ᠡᠮᠨᠡᠯᠭᠡ ᠳᠤ ᠰᠠᠭᠤᠭᠰᠠᠳ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠶᠡᠷᠦᠩᠬᠡᠶ ᠲᠤᠭ᠎ᠠ ᠶᠢᠨ | ᠲᠥᠰᠦᠪ ᠤᠨ ᠰᠠᠭᠤᠷᠢᠨ ᠳᠡᠭᠡᠷ᠎ᠡ᠂ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠪᠠᠷ ᠭᠤᠤᠯ ᠪᠣᠯᠭᠠᠭᠰᠠᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮ | ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠠᠭᠢᠭᠤᠯᠤᠨ᠎ᠠ᠃ ᠦᠬᠠᠶ ᠬᠤᠲᠠ ᠶᠢᠨ ᠡᠪᠡᠳᠴᠢᠨ ᠡᠮᠭᠡᠭ ᠤᠨ ᠣᠨᠤᠰᠢᠯᠠᠯᠲᠠ ᠶᠢᠨ ᠬᠠᠮᠢᠶ᠎ᠠ ᠪᠥᠬᠦᠶ | ᠠᠩᠭᠢᠯᠡᠯ ︵DRG︶ ᠢᠶᠠᠷ ᠵᠠᠷᠤᠳᠠᠯ ᠲᠤᠰᠢᠶᠠᠬᠤ ᠲᠤᠷᠰᠢᠯᠲᠠ ᠶᠢᠨ ᠴᠡᠭ ᠵᠢᠴᠢ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠶᠢᠨ | ᠣᠷᠣᠨ ᠪᠦᠰᠡ ᠶᠢᠨ ᠣᠯᠭᠤᠬᠤ ᠬᠤᠪᠢ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠨᠣᠭᠳᠠᠯ ᠬᠤᠪᠢ ︵DIP︶ ᠪᠠᠷ ᠵᠠᠷᠤᠳᠠᠯ | ᠲᠤᠰᠢᠶᠠᠬᠤ ᠤᠯᠤᠰ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠭᠦᠨᠵᠡᠭᠡᠶ ᠠᠬᠢᠭᠤᠯᠤᠨ᠎ᠠ᠃ ᠡᠭᠦᠨ ᠤ ᠵᠡᠷᠭᠡᠴᠡᠭᠡ ᠪᠠᠷ ᠥᠪᠡᠷᠲᠡᠭᠡᠨ ᠵᠠᠰᠠᠬᠤ ᠣᠷᠣᠨ ᠤ ᠪᠤᠰᠤᠳ | ᠠᠶᠢᠮᠠᠭ ᠬᠤᠲᠠ ᠨᠤᠭᠤᠳ ᠲᠤ DIP ᠵᠠᠷᠤᠳᠠᠯ ᠲᠤᠰᠢᠶᠠᠬᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠶᠠᠪᠤᠭᠳᠠᠭᠤᠯᠤᠨ᠎ᠠ᠃ | ᠭᠤᠷᠪᠠ ᠳᠤ ᠡᠭᠦᠳᠡᠨ ᠡᠮᠨᠡᠯᠭᠡ ᠶᠢᠨ ᠵᠠᠷᠤᠳᠠᠯ ᠢ ᠲᠦᠯᠦᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠥᠷᠨᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠡᠩ ᠤᠨ ᠡᠭᠦᠳᠡᠨ ᠡᠮᠨᠡᠯᠭᠡ ᠶᠢᠨ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠦᠨ᠎ᠡ᠃ ᠬᠤᠶᠠᠳᠤᠭᠠᠷ ᠳᠡᠰ ᠠᠴᠠ ᠳᠡᠭᠡᠭᠰᠢᠬᠢ 365赢多少钱会被限额_国内有真正的365平台吗_365bet博彩官网 | ᠡᠮᠴᠢᠯᠡᠭᠡᠨ ᠤ ᠪᠠᠶᠢᠭᠤᠯᠤᠮᠵᠢ ᠶᠢᠨ ᠡᠩ ᠤᠨ ᠡᠭᠦᠳᠡᠨ ᠡᠮᠨᠡᠯᠭᠡ ᠳᠤ ᠣᠨᠣᠰᠢᠯᠠᠬᠤ ᠡᠮᠨᠡᠬᠦ ᠠᠷᠭ᠎ᠠ ᠶᠢᠨ ᠤᠶᠠᠯᠳᠤᠯ ᠢᠶᠠᠷ ᠵᠠᠷᠤᠳᠠᠯ ᠲᠤᠰᠢᠶᠠᠬᠤ ᠠᠷᠭ᠎ᠠ ᠮᠠᠶ᠋ᠢᠭ ᠢ | ᠰᠦᠪᠡᠭᠴᠢᠯᠡᠨ᠎ᠡ᠃ ᠪᠥᠬᠦ ᠣᠷᠣᠨ ᠤ ᠡᠭᠦᠳᠡᠨ ᠡᠮᠨᠡᠯᠭᠡ ᠶᠢᠨ ᠤᠵᠢᠭ ᠡᠪᠡᠳᠴᠢᠨ ᠤ ᠲᠥᠷᠥᠯ ᠤᠨ ᠬᠡᠪᠴᠢᠶ᠎ᠡ ᠶᠢ ᠨᠢᠭᠡᠳᠦᠯᠲᠡᠶ ᠪᠣᠯᠭᠠᠨ᠎ᠠ᠃ ᠡᠪᠡᠳᠴᠢᠲᠡᠨ ᠤ ᠥᠷᠥᠭᠡ᠂ | ᠡᠳᠦᠷ ᠲᠤᠲᠤᠮ ᠤᠨ ᠮᠡᠰᠡ ᠵᠠᠰᠠᠯ ᠳᠤ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠠᠷᠭ᠎ᠠ ᠮᠠᠶ᠋ᠢᠭ ᠢ ᠬᠡᠷᠡᠭᠵᠢᠭᠦᠯᠬᠦ ᠶᠢ ᠬᠠᠶᠢᠨ ᠰᠦᠪᠡᠭᠴᠢᠯᠡᠨ᠎ᠡ᠃ | ᠡᠮᠨᠡᠯᠭᠡ ᠳᠤ ᠰᠠᠭᠤᠭᠰᠠᠨ ᠵᠠᠷᠤᠳᠠᠯ ᠢ DRG᠂ DIP ᠠᠷᠭ᠎ᠠ ᠢᠶᠠᠷ ᠲᠤᠰᠢᠶᠠᠬᠤ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠨᠢ | ᠡᠪᠡᠳᠴᠢᠲᠡᠨ ᠤ ᠥᠷᠥᠭᠡ ᠪᠤᠶᠤ ᠡᠳᠦᠷ ᠲᠤᠲᠤᠮ ᠤᠨ ᠮᠡᠰᠡ ᠵᠠᠰᠠᠯ ᠢᠶᠠᠷ ᠡᠮᠴᠢᠯᠡᠵᠦ ᠪᠣᠯᠬᠤ᠂ ᠣᠨᠣᠰᠢᠯᠠᠯᠲᠠ ᠨᠢ ᠲᠣᠳᠣᠷᠬᠠᠶ᠂ ᠡᠮᠴᠢᠯᠡᠭᠡᠨ ᠤ ᠠᠷᠭ᠎ᠠ ᠨᠢ 365赢多少钱会被限额_国内有真正的365平台吗_365bet博彩官网 | ᠲᠣᠳᠤᠷᠬᠠᠢ ᠡᠪᠡᠳᠴᠢᠨ ᠤ ᠵᠢᠱᠢᠶ᠎ᠡ ᠳᠤ DRG᠂ DIP ᠪᠠᠷ ᠵᠠᠷᠤᠳᠠᠯ ᠲᠤᠰᠢᠶᠠᠬᠤ ᠠᠷᠭ᠎ᠠ ᠶᠢ ᠠᠪᠴᠤ ᠪᠣᠯᠤᠨ᠎ᠠ᠃ | ᠳᠥᠷᠪᠡ ᠳᠤ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠵᠠᠷᠤᠳᠠᠯ ᠲᠤᠰᠢᠶᠠᠬᠤ ᠲᠣᠭᠲᠠᠴᠠ ᠶᠢ ᠬᠠᠶᠢᠨ ᠰᠦᠪᠡᠭᠴᠢᠯᠡᠨ᠎ᠡ᠃ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠵᠡᠷᠭᠡ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠳᠤ DRG ᠰᠦᠢᠳᠬᠡᠯ ᠲᠤᠰᠢᠶᠠᠬᠤ | ᠠᠷᠭ᠎ᠠ ᠮᠠᠶ᠋ᠢᠭ ᠢ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠨᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠭᠠᠳᠤ ᠶᠢᠨ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠣᠨ ᠤ ᠶᠡᠷᠦᠩᠬᠡᠶ ᠲᠤᠭ᠎ᠠ ᠶᠢ ᠡᠵᠡᠮᠳᠡᠬᠦ ᠭᠦᠢᠴᠡᠳᠬᠡᠯ ᠲᠤᠭ᠎ᠠ ᠶᠢ ᠨᠡᠶᠢᠯᠡᠭᠦᠯᠦᠨ ᠪᠣᠳᠤᠵᠤ ᠥᠭᠬᠦ ᠶᠢ ᠬᠠᠶᠢᠨ ᠰᠦᠪᠡᠭᠴᠢᠯᠡᠨ᠎ᠡ᠃ ᠡᠮᠴᠢᠯᠡᠭᠡᠨ ᠤ | ᠬᠤᠯᠪᠣᠭᠠᠲᠤ ᠴᠣᠭᠴᠠ ᠶᠢᠨ ᠳᠣᠲᠣᠭᠠᠳᠤ ᠶᠢᠨ ᠡᠮ ᠡᠮᠨᠡᠯᠭᠡ ᠶᠢᠨ ᠳᠠᠭᠠᠳᠬᠠᠯ ᠤᠨ ᠪᠠᠯᠠ ᠮᠥᠩᠭᠦ ᠶᠢ ᠨᠢᠭᠡᠳᠦᠯᠲᠡᠶ ᠬᠡᠷᠡᠭᠯᠡᠨ᠂ ᠦᠯᠡᠳᠡᠪᠦᠷᠢ ᠮᠥᠩᠭᠦ ᠶᠢ ᠦᠷᠭᠦᠯᠵᠢᠯᠡᠨ | ᠵᠠᠷᠤᠵᠤ᠂ ᠵᠦᠶ ᠵᠣᠬᠢᠰᠲᠠᠶ ᠪᠠᠷ ᠬᠡᠲᠦᠷᠡᠭᠦᠯᠦᠨ ᠵᠠᠷᠤᠭᠰᠠᠨ ᠵᠠᠷᠤᠳᠠᠯ ᠢ ᠬᠤᠪᠢᠶᠠᠨ ᠡᠭᠦᠷᠭᠡᠯᠡᠨ᠎ᠡ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠤᠭᠠᠲᠤ ᠴᠣᠭᠴᠠ ᠶᠢᠨ | ᠳᠣᠲᠣᠭᠠᠳᠤ ᠶᠢᠨ ᠠᠳᠠᠯᠢ ᠪᠤᠰᠤ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠡᠮᠴᠢᠯᠡᠭᠡᠨ ᠤ ᠲᠠᠩᠰᠠ ᠲᠠᠶᠢᠯᠬᠤ ᠬᠠᠷᠢᠴᠠᠯ ᠤᠨ | ᠵᠥᠷᠢᠶ᠎ᠡ ᠶᠢ ᠵᠦᠶ ᠵᠣᠬᠢᠰᠲᠠᠢ ᠨᠡᠮᠡᠭᠳᠡᠭᠦᠯᠦᠨ᠎ᠡ᠃ | ᠲᠠᠪᠤ ᠳᠤ ︽ᠢᠨᠲ᠋ᠧᠷ ᠰᠦᠯᠵᠢᠶ᠎ᠡ + ᠡᠮᠴᠢᠯᠡᠭᠡ︾ ᠵᠡᠷᠭᠡ ᠰᠢᠨ᠎ᠡ ᠦᠢᠯᠡᠴᠢᠯᠡᠭᠡᠨ ᠤ ᠵᠠᠭᠪᠤᠷ ᠤᠨ ᠬᠥᠭᠵᠢᠯᠲᠡ ᠶᠢ ᠲᠡᠮᠵᠢᠨ᠎ᠠ᠃ ︽ᠢᠨᠲ᠋ᠧᠷ ᠰᠦᠯᠵᠢᠶ᠎ᠡ + | ᠡᠮᠴᠢᠯᠡᠭᠡ︾ ᠶᠢᠨ ᠦᠢᠯᠡᠴᠢᠯᠡᠭᠡ ᠶᠢ ᠵᠢᠷᠤᠮᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠡᠮ ᠡᠮᠨᠡᠯᠭᠡ ᠶᠢᠨ ᠦᠢᠯᠡᠴᠢᠯᠡᠭᠡᠨ ᠤ ᠲᠥᠪ | ᠭᠤᠤᠯᠴᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠵᠢᠴᠢ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ | ᠲᠣᠭᠲᠠᠭᠠᠯ ᠤᠨ ᠳᠣᠲᠤᠷ᠎ᠠ ︽ᠢᠨᠲ᠋ᠧᠷ ᠰᠦᠯᠵᠢᠶ᠎ᠡ +︾ ᠡᠮ ᠡᠮᠨᠡᠯᠭᠡ ᠶᠢᠨ ᠦᠢᠯᠡᠴᠢᠯᠡᠭᠡ ᠥᠷᠨᠢᠭᠦᠯᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ ᠦᠨᠡᠯᠡᠨ | ᠵᠢᠱᠢᠬᠦ ᠪᠠᠷ ᠳᠡᠮᠵᠢᠨ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠬᠤ ᠶᠢᠨ ᠬᠠᠮᠲᠤ ᠨᠥᠬᠦᠪᠦᠷᠢ ᠵᠥᠪᠯᠡᠯᠴᠡᠭᠡᠷ | ᠲᠣᠭᠲᠠᠨ᠎ᠠ᠃ ᠣᠷᠣᠨ ᠨᠤᠲᠤᠭ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ︽ᠢᠨᠲ᠋ᠧᠷ ᠰᠦᠯᠵᠢᠶ᠎ᠡ +︾ ᠡᠮ ᠡᠮᠨᠡᠯᠭᠡ ᠶᠢᠨ ᠦᠢᠯᠡᠴᠢᠯᠡᠭᠡ | ᠬᠠᠩᠭᠠᠬᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠠᠭᠤᠯᠭ᠎ᠠ ᠶᠢ ᠦᠨᠳᠦᠰᠦᠯᠡᠨ ᠲᠣᠭᠠᠴᠠᠭ᠎ᠠ ᠬᠢᠬᠦ ᠬᠡᠪᠴᠢᠶ᠎ᠡ ᠶᠢ | ᠲᠣᠭᠲᠠᠭᠠᠨ᠎ᠠ᠃ | ᠵᠢᠷᠭᠤᠭ᠎ᠠ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠬᠡᠷᠡᠭᠯᠡᠬᠦ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ ᠡᠮ ᠡᠮᠨᠡᠯᠭᠡ ᠶᠢᠨ ᠳᠠᠭᠠᠳᠬᠠᠯ ᠤᠨ ᠵᠥᠪᠳᠡᠯᠴᠡᠬᠡᠷ ᠤᠨ ᠬᠠᠮᠢᠶᠠᠷᠤᠯᠲᠠ ᠶᠢᠨ ᠬᠡᠪᠴᠢᠶᠡᠨ ᠳᠤ | ᠣᠷᠣᠭᠤᠯᠤᠨ᠎ᠠ᠃ ᠲᠣᠭᠲᠠᠭᠠᠯ ᠳᠤ ᠨᠡᠶᠢᠴᠡᠬᠦ ᠮᠣᠩᠭᠤᠯ ᠪᠡᠯᠡᠨ ᠡᠮ᠂ ᠡᠮᠨᠡᠯᠭᠡ ᠶᠢᠨ ᠬᠤᠷᠢᠶ᠎ᠠ ᠶᠢᠨ ᠨᠠᠶᠢᠷᠠᠭᠰᠠᠨ ᠡᠮ᠂ ᠴᠢᠨᠠᠬᠤ ᠡᠮ ᠪᠠ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠣᠨᠴᠣᠭᠤᠶ ᠣᠨᠣᠰᠢᠯᠠᠨ ᠡᠮᠨᠡᠬᠦ ᠮᠡᠷᠭᠡᠵᠢᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠬᠡᠷᠡᠭᠯᠡᠬᠦ ᠶᠢ ᠵᠣᠷᠢᠭᠵᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠪᠦᠷᠢᠨᠰᠢᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ | ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠥᠭᠡᠷᠡᠴᠢᠯᠡᠨ᠎ᠡ᠃ | ᠳᠥᠷᠪᠡ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠬᠡᠷᠬᠢᠨ ᠪᠠᠲᠤᠯᠠᠬᠤ ᠪᠣᠶ︖ | ᠨᠢᠭᠡ ᠳᠤ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠦᠨ᠎ᠡ᠃ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ | ᠳᠠᠩᠰᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠲᠦᠷᠢᠮ᠂ ᠦᠨᠳᠦᠰᠦᠨ ᠲᠥᠷᠥ ᠶᠢᠨ ᠪᠣᠳᠣᠯᠭ᠎ᠠ᠂ ᠰᠠᠭᠤᠷᠢ ᠮᠥᠩᠭᠦ ᠶᠢᠨ ᠲᠣᠭᠠᠴᠠᠭ᠎ᠠ | ᠬᠢᠬᠦ ᠲᠥᠷᠥᠯ ᠵᠦᠢᠯ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠬᠠᠤᠯᠢᠵᠢᠭᠤᠯᠬᠤ᠂ ᠰᠢᠢᠳᠪᠦᠷᠢᠲᠦ ᠪᠣᠳᠣᠯᠭ᠎ᠠ ᠶᠢ | ᠰᠢᠨᠵᠢᠯᠡᠬᠦ ᠤᠬᠠᠭᠠᠨᠴᠢᠯᠠᠬᠤ᠂ ᠬᠠᠮᠢᠶᠠᠷᠤᠯᠲᠠ ᠶᠢ ᠵᠢᠷᠤᠮᠵᠢᠭᠤᠯᠬᠤ ᠶᠢ ᠠᠬᠢᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠣᠭᠢᠷᠠᠭᠤᠯᠤᠨ | ᠡᠵᠡᠮᠳᠡᠬᠦ ᠦᠢᠯᠡᠳᠦᠯ ᠢ ᠪᠠᠳᠠᠷᠠᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠳᠡᠮᠵᠢᠵᠦ᠂ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠪᠠᠶᠢᠭᠤᠯᠤᠯᠲᠠ ᠶᠢ ᠳᠡᠮᠵᠢᠵᠦ᠂ ᠡᠮ ᠤᠨ ᠵᠦᠢᠯᠡᠰ ᠤᠨ ︽ᠬᠤᠤᠰ ᠨᠡᠪᠲᠡᠷᠡᠬᠦ ᠵᠠᠮ︾ ᠤᠨ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ | ᠬᠤᠶᠠᠷ ᠲᠤ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠠᠵᠢᠯᠯᠠᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠵᠥᠪᠳᠡᠯᠴᠡᠬᠡᠷ ᠤᠨ ᠬᠠᠮᠢᠶᠠᠷᠤᠯᠲᠠ ᠶᠢ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠶᠢ ᠡᠮᠴᠢᠯᠡᠭᠡᠨ ᠤ ᠵᠠᠷᠤᠳᠠᠯ ᠢ | ᠡᠵᠡᠮᠳᠡᠵᠦ ᠪᠠᠶᠢᠭᠰᠠᠨ ᠠᠴᠠ ᠡᠮᠴᠢᠯᠡᠭᠡᠨ ᠤ ᠵᠠᠷᠤᠳᠠᠯ ᠪᠠ ᠡᠮᠴᠢᠯᠡᠭᠡᠨ ᠤ ᠴᠢᠨᠠᠷ ᠴᠢᠨᠰᠠᠭ᠎ᠠ ᠶᠢᠨ ᠬᠤᠣᠰ ᠡᠵᠡᠮᠳᠡᠯ ᠲᠡᠶᠢᠰᠢ ᠰᠢᠯᠵᠢᠭᠦᠯᠦᠨ᠎ᠡ᠃ ᠲᠣᠭᠠᠴᠠᠭ᠎ᠠ ᠬᠢᠬᠦ | ᠠᠳᠠᠯᠢ ᠪᠤᠰᠤ ᠠᠷᠭ᠎ᠠ ᠮᠠᠶ᠋ᠢᠭ ᠤᠨ ᠣᠨᠴᠠᠯᠢᠭ ᠢ ᠦᠨᠳᠦᠰᠦᠯᠡᠨ᠂ ᠦᠨᠡᠯᠡᠬᠦ ᠭᠦᠢᠴᠡᠳᠬᠡᠯ ᠲᠤᠭ᠎ᠠ᠂ ᠰᠢᠯᠭᠠᠨ ᠬᠢᠨᠠᠬᠤ ᠠᠷᠭ᠎ᠠ ᠵᠢᠴᠢ ᠬᠢᠨᠠᠯᠲᠠ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠨᠠᠷᠢᠯᠢᠬᠵᠢᠭᠤᠯᠵᠤ᠂ ᠲᠣᠭᠠᠴᠠᠭ᠎ᠠ ᠬᠢᠬᠦ ᠠᠷᠭ᠎ᠠ ᠮᠠᠶ᠋ᠢᠭ ᠢ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ᠂ ᠰᠢᠯᠭᠠᠨ ᠬᠢᠨᠠᠭᠰᠠᠨ | ᠦᠷ᠎ᠡ ᠳ᠋ᠦᠩ ᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠯᠦᠭᠡ ᠬᠤᠯᠪᠣᠭᠳᠠᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠢ | ᠣᠶᠤᠨᠴᠢ ᠪᠠᠷ ᠬᠢᠨᠠᠨ ᠡᠵᠡᠮᠳᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ ᠳ᠋ᠦᠩᠨᠡᠨ ᠪᠣᠳᠤᠯᠲᠠ ᠶᠢ ᠬᠡᠰᠡᠭ ᠲᠠᠯ᠎ᠠ ᠪᠠᠷ | ᠬᠢᠨᠠᠨ ᠬᠠᠷᠭᠤᠭᠤᠯᠵᠤ ᠪᠠᠶᠢᠭᠰᠠᠨ ᠠᠴᠠ ᠪᠥᠬᠦ ᠲᠠᠯ᠎ᠠ ᠪᠠᠷ ᠬᠢᠨᠠᠨ ᠬᠠᠷᠭᠤᠭᠤᠯᠬᠤ ᠪᠣᠯᠭᠠᠨ ᠬᠤᠪᠢᠷᠠᠭᠤᠯᠬᠤ᠂ ᠭᠠᠷᠭᠠᠭᠰᠠᠨ ᠠᠯᠳᠠᠭ᠎ᠠ ᠶᠢ ᠵᠠᠯᠠᠷᠠᠭᠤᠯᠵᠤ | ᠪᠠᠶᠢᠭᠰᠠᠨ ᠠᠴᠠ ᠠᠯᠳᠠᠭ᠎ᠠ ᠭᠠᠷᠭᠠᠬᠤ ᠠᠴᠠ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠬᠢᠨᠠᠯᠲᠠ ᠲᠠᠯᠪᠢᠬᠤ ᠪᠣᠯᠭᠠᠨ ᠬᠤᠪᠢᠷᠠᠭᠤᠯᠬᠤ᠂ ᠵᠥᠪᠬᠡᠨ ᠵᠠᠬᠢᠷᠤᠨ | ᠬᠠᠮᠢᠶᠠᠷᠴᠤ ᠪᠠᠶᠢᠭᠰᠠᠨ ᠠᠴᠠ ᠬᠢᠨᠠᠯᠲᠠ ᠲᠠᠯᠪᠢᠬᠤ᠂ ᠬᠠᠮᠢᠶᠠᠷᠬᠤ᠂ ᠦᠢᠯᠡᠴᠢᠯᠡᠬᠦ ᠶᠢ ᠤᠶᠠᠯᠳᠤᠭᠤᠯᠬᠤ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ | ᠭᠤᠷᠪᠠ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃ ᠣᠷᠣᠨ | ᠪᠦᠰᠡ ᠶᠢᠨ ᠳᠣᠲᠣᠷᠠᠬᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ᠂ ᠡᠮᠴᠢᠯᠡᠭᠡᠨ ᠤ ᠵᠠᠷᠤᠳᠠᠯ ᠤᠨ ᠶᠡᠷᠦᠩᠬᠡᠶ ᠬᠡᠮᠵᠢᠶ᠎ᠡ ᠬᠢᠭᠡᠳ ᠠᠵᠤ | ᠠᠬᠤᠶ ᠶᠢᠨ ᠬᠥᠭᠵᠢᠯᠲᠡ ᠶᠢᠨ ᠬᠢᠷᠢ ᠲᠥᠪᠰᠢᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠴᠢᠳᠠᠪᠤᠷᠢ ᠬᠠᠷᠢᠯᠴᠠᠨ ᠵᠣᠬᠢᠴᠠᠯᠳᠤᠭᠰᠠᠨ | ᠬᠤᠷᠸ᠎ᠠ ᠲᠣᠬᠢᠷᠠᠭᠤᠯᠤᠯ ᠡᠵᠡᠮᠳᠡᠯ ᠤᠨ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠵᠠᠷᠤᠳᠠᠯ ᠤᠨ ᠬᠡᠲᠦ ᠲᠦᠷᠭᠡᠨ ᠨᠡᠮᠡᠭᠳᠡᠬᠦ ᠶᠢ ᠡᠵᠡᠮᠳᠡᠨ᠎ᠡ᠃ ᠡᠮᠴᠢᠯᠡᠭᠡᠨ ᠤ ᠠᠷᠭ᠎ᠠ | ᠵᠠᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠠᠳᠠᠯᠢ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠰᠢᠯᠭᠠᠨ | ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠦᠷ᠎ᠡ ᠪᠦᠲᠦᠮᠵᠢ ᠪᠠ ᠵᠠᠷᠤᠳᠠᠯ ᠤᠨ ᠮᠡᠳᠡᠭᠡ ᠵᠠᠩᠭᠢ ᠶᠢ | ᠢᠯᠡ ᠪᠣᠯᠭᠠᠬᠤ ᠲᠣᠭᠲᠠᠴᠠ ᠶᠢ ᠪᠠᠶᠢᠭᠤᠯᠵᠤ᠂ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢᠨ ᠰᠢᠨᠵᠢᠯᠡᠬᠦ ᠤᠬᠠᠭᠠᠨᠴᠢ ᠵᠦᠶ ᠶᠣᠰᠣᠴᠢ ᠴᠢᠨᠠᠷ ᠪᠠ ᠠᠵᠢᠯ ᠲᠥᠷᠥᠯ ᠤᠨ | ᠲᠣᠭᠲᠠᠭᠠᠯ ᠳᠤ ᠨᠡᠶᠢᠴᠡᠬᠦ ᠴᠢᠨᠠᠷ ᠢ ᠲᠤᠰᠬᠠᠶ ᠮᠡᠷᠭᠡᠵᠢᠯᠲᠡᠨ ᠦᠨᠡᠯᠡᠬᠦ ᠪᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠣᠷᠣᠯᠭ᠎ᠠ ᠶᠢ ᠬᠤᠪᠢᠶᠠᠷᠢᠯᠠᠬᠤ | ᠲᠣᠭᠲᠠᠴᠠ ᠶᠢ ᠪᠦᠷᠢᠨᠰᠢᠭᠦᠯᠦᠨ᠂ ᠡᠮᠨᠡᠯᠭᠡ ᠶᠢᠨ ᠠᠵᠢᠯᠲᠠᠨ ᠤ ᠣᠯᠠᠨ ᠴᠡᠭ ᠲᠤ ᠠᠵᠢᠯ ᠡᠷᠭᠢᠯᠡᠬᠦ ᠶᠢ ᠵᠢᠷᠤᠮᠵᠢᠭᠤᠯᠤᠨ ᠠᠬᠢᠭᠤᠯᠤᠨ᠎ᠠ᠃ | ᠨᠡᠷ᠎ᠡ ᠦᠭᠡ ᠶᠢᠨ ᠲᠠᠶᠢᠯᠪᠤᠷᠢ | ᠣᠷᠣᠨ ᠪᠦᠰᠡ ᠶᠢᠨ ᠣᠯᠭᠤᠬᠤ ᠬᠤᠪᠢ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠨᠣᠭᠳᠠᠯ ᠬᠤᠪᠢ ᠪᠠᠷ ᠵᠠᠷᠤᠳᠠᠯ ᠲᠤᠰᠢᠶᠠᠬᠤ | ︵DIP︶ ᠭᠡᠳᠡᠭ ᠨᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠶᠡᠷᠦᠩᠬᠡᠶ ᠲᠤᠭ᠎ᠠ ᠶᠢᠨ ᠬᠢᠵᠠᠭᠠᠷᠯᠠᠯ ᠳᠤ ᠰᠠᠭᠤᠷᠢᠯᠠᠨ᠂ ᠠᠳᠠᠯᠢ ᠪᠤᠰᠤ ᠡᠪᠡᠳᠴᠢᠨ ᠤ | ᠲᠥᠷᠥᠯ ᠳᠤ ᠠᠳᠠᠯᠢ ᠪᠤᠰᠤ ᠨᠣᠭᠳᠠᠯ ᠬᠤᠪᠢ ᠣᠯᠭᠤᠵᠤ᠂ ᠡᠪᠡᠳᠴᠢᠲᠡᠨ ᠤ ᠡᠮᠨᠡᠯᠭᠡ ᠠᠴᠠ ᠭᠠᠷᠤᠭᠰᠠᠨ ᠨᠡᠶᠢᠲᠡ ᠨᠣᠭᠳᠠᠯ ᠬᠤᠪᠢ ᠢᠶᠠᠷ ᠴᠡᠭ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠯᠤᠭ᠎ᠠ ᠵᠠᠷᠤᠳᠠᠯ ᠢ ᠳ᠋ᠦᠩᠨᠡᠨ ᠪᠤᠳᠤᠬᠤ ᠨᠢᠭᠡ ᠵᠦᠢᠯ ᠤᠨ ᠵᠠᠷᠤᠳᠠᠯ ᠲᠤᠰᠢᠶᠠᠬᠤ ᠠᠷᠭ᠎ᠠ ᠶᠢ ᠵᠢᠭᠠᠵᠤ ᠪᠣᠶ᠃ | ᠡᠪᠡᠳᠴᠢᠨ ᠡᠮᠭᠡᠭ ᠤᠨ ᠣᠨᠤᠰᠢᠯᠠᠯᠲᠠ ᠶᠢᠨ ᠬᠠᠮᠢᠶ᠎ᠠ ᠪᠥᠬᠦᠶ ᠠᠩᠭᠢᠯᠠᠯᠲᠠ ᠪᠠᠷ ᠵᠠᠷᠤᠳᠠᠯ ᠲᠤᠰᠢᠶᠠᠬᠤ ︵DRG︶ ᠭᠡᠳᠡᠭ ᠨᠢ ᠡᠮᠨᠡᠯᠭᠡ ᠳᠤ ᠰᠠᠭᠤᠬᠤ ᠡᠮ | ᠡᠮᠨᠡᠯᠭᠡ ᠶᠢᠨ ᠦᠢᠯᠡᠴᠢᠯᠡᠭᠡ ᠳᠤ᠂ ᠡᠪᠡᠳᠴᠢᠨ ᠡᠮᠭᠡᠭ ᠤᠨ ᠬᠦᠨᠳᠦ ᠨᠣᠴᠢᠲᠠᠶ ᠬᠡᠮᠵᠢᠶ᠎ᠡ᠂ ᠡᠮᠨᠡᠨ ᠵᠠᠰᠠᠬᠤ ᠠᠷᠭ᠎ᠠ ᠶᠢᠨ ᠪᠤᠳᠤᠯᠢᠶᠠᠨᠲᠤ ᠬᠡᠮᠵᠢᠶ᠎ᠡ ᠪᠠ ᠪᠣᠳᠠᠲᠠᠶ ᠡᠬᠢ | ᠪᠠᠶᠠᠯᠢᠭ ᠤᠨ ᠬᠤᠷᠣᠭᠳᠠᠯ ᠤᠨ ᠬᠢᠷᠢ ᠬᠡᠮᠵᠢᠶ᠎ᠡ ᠵᠡᠷᠭᠡ ᠪᠠᠷ ᠡᠪᠡᠳᠴᠢᠨ ᠤ ᠲᠥᠷᠥᠯ ᠢ ᠠᠩᠭᠢᠯᠠᠵᠤ᠂ ᠡᠪᠡᠳᠴᠢᠨ ᠡᠮᠭᠡᠭ ᠤᠨ ᠣᠨᠣᠰᠢᠯᠠᠯᠲᠠ ᠶᠢ ᠠᠩᠭᠢᠯᠠᠬᠤ | ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠨ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠥᠪᠡᠷ ᠤᠨ ᠥᠷᠲᠡᠭ ᠬᠢᠭᠡᠳ ᠡᠮᠴᠢᠯᠡᠭᠡᠨ ᠤ ᠦᠷ᠎ᠡ ᠪᠦᠲᠦᠮᠵᠢ ᠶᠢ | ᠬᠡᠮᠵᠢᠨ ᠦᠨᠡᠯᠡᠬᠦ ᠠᠷᠭ᠎ᠠ ᠶᠢ ᠵᠢᠭᠠᠵᠤ ᠪᠣᠶ᠃ |