ᠰᠤᠷᠪᠤᠯᠵᠢᠯᠠᠭᠰᠠᠨ ᠴᠠᠭ᠄ 2021 ︱ 12 ︱ 27 | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧ ᠹᠧᠩ | ᠬᠤᠷᠢᠶᠠᠩᠭᠤᠢ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠪᠣᠯ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠳᠤ ᠪᠠᠨ ᠬᠦᠷᠲᠡᠬᠦ ᠶᠢ ᠪᠠᠲᠤᠯᠠᠬᠤ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠠᠷᠠᠳ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠬᠤ᠂ ᠨᠡᠶᠢᠭᠡᠮ ᠤᠨ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠬᠤᠲᠠ ᠬᠥᠳᠡᠭᠡ ᠶᠢᠨ ᠠᠵᠤ ᠠᠬᠤᠢ ᠨᠡᠶᠢᠭᠡᠮ ᠤᠨ | ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠲᠠᠢ ᠶᠤᠮ᠃ | ᠦᠰᠦᠭ ᠪᠢᠴᠢᠭ ᠤᠨ ᠪᠣᠳᠠᠲᠤ ᠲᠡᠮᠳᠡᠭᠯᠡᠯ | ᠬᠥᠲᠥᠯᠥᠭᠴᠢ 2021 ︱ 12 ︱ 27 11᠄ 00 | ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠫᠷᠣᠭ᠍ᠷᠠᠮ ᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ ᠪᠠᠶᠢᠨ᠎ᠠ᠃ ᠥᠨᠥᠳᠥᠷ ᠪᠢᠳᠡ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠾᠧ ᠹᠧᠩ ᠢ ᠤᠷᠢᠵᠤ ᠢᠷᠡᠭᠦᠯᠦᠭᠰᠡᠨ ᠳᠤ ᠪᠠᠨ ᠮᠠᠰᠢ ᠪᠠᠶᠠᠷᠲᠠᠢ ᠪᠠᠶᠢᠨ᠎ᠠ᠂ ᠲᠡᠷᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠣᠨ᠎ᠠ᠃ ᠾᠧ ᠳᠠᠷᠤᠭ᠎ᠠ ᠲᠠᠨ ᠢ ᠪᠠᠶᠠᠷᠯᠠᠨ | ᠤᠭᠲᠤᠵᠤ ᠪᠠᠶᠢᠨ᠎ᠠ︕ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠾᠧ ᠹᠧᠩ 2021 ︱ 12 ︱ 27 11᠄ 00 | ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ᠂ ᠠᠳᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠤ ᠪᠠᠨ ᠮᠠᠰᠢ | ᠪᠠᠶᠠᠷᠲᠠᠢ ᠪᠠᠶᠢᠨ᠎ᠠ᠃ ᠲᠠ ᠨᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ | ᠪᠠᠶᠢᠨ᠎ᠠ᠃ | ᠬᠥᠲᠥᠯᠥᠭᠴᠢ 2021 ︱ 12 ︱ 27 11᠄ 00 | ᠾᠧ ᠳᠠᠷᠤᠭ᠎ᠠ ᠠ᠋᠂ ᠲᠠ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ | ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠾᠧ ᠹᠧᠩ 2021 ︱ 12 ︱ 27 11᠄ 00 | 2009 ᠣᠨ ᠳᠤ᠂ ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ | ᠮᠠᠶ᠋ᠢᠭ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠡᠬᠢᠯᠡᠭᠦᠯᠪᠡ᠃ 2011 ᠣᠨ ᠳᠤ᠂ ᠮᠠᠨ ᠤ ᠣᠷᠣᠨ ᠬᠤᠲᠠ ᠪᠠᠯᠭᠠᠰᠤ ᠶᠢᠨ | ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠣᠨ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠳᠦᠷᠢᠮ ᠢ ᠪᠠᠶᠢᠭᠤᠯᠤᠨ᠂ 2012 ᠣᠨ ᠳᠤ ᠳᠦᠷᠢᠮ ᠢ ᠪᠦᠷᠢᠨ ᠬᠠᠮᠤᠷᠤᠭᠤᠯᠬᠤ ᠶᠢ ᠪᠡᠶᠡᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠪᠢᠳᠡ ᠳᠦᠷᠢᠮ ᠢ ᠲᠡᠭᠦᠯᠳᠡᠷᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠯᠢ ᠣᠯᠠᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ 365赢多少钱会被限额_国内有真正的365平台吗_365bet博彩官网 | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠬᠥᠭᠵᠢᠯᠲᠡ ᠶᠢ ᠠᠬᠢᠭᠤᠯᠪᠠ᠃ 2015 ᠣᠨ ᠳᠤ᠂ | ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ | ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 21 ᠳ᠋ᠦ᠋ᠭᠡᠷ ᠲᠣᠭᠠᠲᠤ︶ ᠢ ᠨᠡᠶᠢᠲᠡᠯᠡᠵᠦ᠂ ᠰᠦᠢᠳᠬᠡᠯ ᠲᠤᠰᠢᠶᠠᠬᠤ ᠲᠠᠰ ᠪᠠ ᠵᠠᠰᠠᠭ ᠤᠨ | ᠣᠷᠳᠣᠨ ᠤ ᠨᠥᠬᠦᠪᠦᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ᠃ 2018 ᠣᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠣᠷᠣᠰᠢᠭᠤᠯᠭ᠎ᠠ ᠶᠢᠨ ᠨᠥᠬᠦᠪᠦᠷᠢ ᠶᠢᠨ ᠠᠷᠭ᠎ᠠ︾ ︵ᠥᠪᠥᠷ ᠬᠥᠮᠥᠨ | ᠨᠡᠶᠢᠭᠡᠮ ᠠᠯᠪᠠᠨ ᠲᠠᠷᠬᠠᠭᠠᠭᠰᠠᠨ ﹇2018﹈ 324 ᠳ᠋ᠦ᠋ᠭᠡᠷ ᠲᠣᠭᠠᠲᠤ︶ ᠶᠢ ᠨᠡᠶᠢᠲᠡᠯᠡᠵᠦ᠂ ᠬᠠᠷᠠᠭᠠᠯᠵᠠᠯ ᠬᠦᠷᠲᠡᠭᠰᠡᠳ ᠨᠠᠰᠤ ᠪᠠᠷᠠᠪᠠᠯ ᠣᠷᠣᠰᠢᠭᠤᠯᠭ᠎ᠠ ᠶᠢᠨ | ᠨᠥᠬᠦᠪᠦᠷᠢ ᠮᠥᠩᠭᠦ ᠲᠠᠢ ᠪᠣᠯᠵᠤ᠂ ᠨᠥᠬᠦᠪᠦᠷᠢ ᠶᠢᠨ ᠪᠠᠷᠢᠮᠵᠢᠶ᠎ᠠ ᠶᠢ 12 ᠰᠠᠷ᠎ᠠ ᠶᠢᠨ ᠳᠡᠭᠡᠷ᠎ᠡ ᠨᠢᠭᠡ ᠵᠢᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ | ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠪᠠᠷ ᠲᠣᠭᠲᠠᠭᠠᠪᠠ᠃ ᠣᠳᠣᠬᠠᠨ ᠳᠤ 1596 ᠲᠥᠭᠦᠷᠢᠭ ᠢᠶᠠᠷ ᠪᠠᠷᠢᠮᠵᠢᠶᠠᠯᠠᠵᠤ ᠪᠠᠶᠢᠨ᠎ᠠ᠃ | 2019 ᠣᠨ ᠳᠤ᠂ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠲᠣᠭᠲᠠᠭᠠᠬᠤ | ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠡᠪ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ | ᠲᠣᠭᠲᠠᠭᠠᠨ ᠨᠡᠶᠢᠲᠡᠯᠡᠵᠦ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠣᠬᠢᠷᠠᠭᠤᠯᠤᠯᠲᠠ ᠳᠤ ᠳᠦᠷᠢᠮ ᠤᠨ ᠪᠠᠲᠤᠯᠠᠭ᠎ᠠ ᠶᠢ ᠲᠠᠯᠪᠢᠵᠤ ᠥᠭᠴᠡᠢ᠃ ᠣᠲᠣ | ᠪᠣᠯᠬᠤ ᠳᠤ᠂ ᠪᠥᠬᠦ ᠣᠷᠣᠨ ᠳᠤ 790 ᠲᠦᠮᠡᠨ ᠬᠥᠮᠥᠨ ᠳᠠᠭᠠᠳᠬᠠᠯ ᠳᠤ ᠣᠷᠣᠯᠴᠠᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 99.35% ᠬᠦᠷᠴᠡᠢ︔ | ᠬᠠᠷᠠᠭᠠᠯᠵᠠᠯ ᠬᠦᠷᠲᠡᠭᠰᠡᠳ 261 ᠲᠦᠮᠡ ᠳᠤ ᠬᠥᠷᠪᠡ︔ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠬᠥᠮᠥᠨ ᠪᠦᠷᠢ ᠰᠠᠷ᠎ᠠ ᠳᠤ 140 ᠲᠥᠭᠦᠷᠢᠭ 365赢多少钱会被限额_国内有真正的365平台吗_365bet博彩官网 | ᠪᠣᠯᠣᠨ᠎ᠠ᠃ | ᠬᠥᠲᠥᠯᠥᠭᠴᠢ 2021 ︱ 12 ︱ 27 11᠄ 03 | ᠲᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠤᠣᠯ ᠲᠥᠷᠥ ᠶᠢᠨ ᠪᠣᠳᠣᠯᠭ᠎ᠠ ᠶᠢ ᠲᠠᠨᠢᠯᠴᠠᠭᠤᠯᠤᠭᠠᠷᠠᠢ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠾᠧ ᠹᠧᠩ 2021 ︱ 12 ︱ 27 11᠄ 03 | ᠳᠠᠭᠠᠳᠬᠠᠯ ᠳᠤ ᠣᠷᠤᠯᠴᠠᠬᠤ ᠬᠥᠮᠥᠰ᠄ ᠪᠦᠬᠦᠯᠢ 16 ᠨᠠᠰᠤ ᠬᠦᠷᠦᠭᠰᠡᠨ ︵ᠰᠤᠷᠭᠠᠭᠤᠯᠢ ᠳᠤ ᠪᠠᠶᠢᠭ᠎ᠠ ᠰᠣᠷᠣᠭᠴᠢ ᠶᠢ ᠪᠠᠭᠲᠠᠭᠠᠬᠤ ᠦᠭᠡᠢ︶᠂ ᠤᠯᠤᠰ ᠤᠨ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠪᠤᠰᠤ ᠠᠵᠢᠯᠲᠠᠨ ᠠᠵᠢᠯᠲᠠᠨ ᠨᠢ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ | ᠬᠡᠪᠴᠢᠶᠡᠨ ᠳᠤ ᠦᠯᠦ ᠪᠠᠭᠲᠠᠬᠤ ᠬᠤᠲᠠ ᠬᠥᠳᠡᠭᠡ ᠶᠢᠨ ᠰᠠᠭᠤᠭᠠᠯᠢ ᠠᠷᠠᠳ ᠪᠣᠯ ᠡᠷᠦᠬᠡ ᠠᠮᠠ ᠶᠢᠨ ᠪᠠᠶᠢᠭ᠎ᠠ ᠭᠠᠵᠠᠷ ᠲᠤ ᠪᠠᠨ ᠳᠠᠭᠠᠳᠬᠠᠯ ᠳᠤ ᠣᠷᠣᠯᠴᠠᠵᠤ | ᠪᠣᠯᠣᠨ᠎ᠠ᠃ ᠣᠯᠭᠤᠮᠵᠢ ᠠᠪᠬᠤ᠄ ᠪᠦᠬᠦᠯᠢ 60 ᠨᠠᠰᠤ ᠬᠦᠷᠴᠦ᠂ ᠰᠦᠢᠳᠬᠡᠯ ᠲᠤᠰᠢᠶᠠᠭᠠᠳ ᠪᠦᠬᠦᠯᠢ 15 ᠵᠢᠯ ᠪᠣᠯᠤᠭᠰᠠᠨ ᠪᠥᠭᠡᠳ ᠪᠤᠰᠤᠳ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠦᠯᠦ ᠬᠦᠷᠲᠡᠭᠰᠡᠨ ᠪᠣᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠰᠠᠷ᠎ᠠ ᠰᠠᠷ᠎ᠠ ᠪᠠᠷ ᠠᠪᠴᠤ ᠪᠣᠯᠣᠨ᠎ᠠ᠃ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ᠄ ᠥᠪᠡᠷᠲᠡᠭᠡᠨ ᠵᠠᠰᠠᠬᠤ | ᠣᠷᠣᠨ ᠠᠴᠠ ᠪᠥᠬᠦ ᠣᠷᠣᠨ ᠤ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠮᠤᠭ ᠤᠨ ᠳᠣᠣᠷ᠎ᠠ ᠪᠠᠷᠢᠮᠵᠢᠶ᠎ᠠ ᠶᠢ ᠲᠣᠭᠲᠠᠭᠠᠪᠠ᠂ ᠣᠳᠣᠬᠠᠨ ᠳᠤ 140 | ᠲᠥᠭᠦᠷᠢᠭ ᠪᠣᠯᠣᠨ᠎ᠠ᠂ ᠪᠦᠬᠦᠯᠢ 70 ᠨᠠᠰᠤ ᠠᠴᠠ ᠪᠦᠬᠦᠯᠢ 79 ᠨᠠᠰᠤ ᠬᠦᠷᠪᠡᠯ᠂ 10 ᠲᠥᠭᠦᠷᠢᠭ ᠨᠡᠮᠡᠭᠳᠡᠭᠦᠯᠦᠨ᠎ᠡ︔ ᠪᠦᠬᠦᠯᠢ 80 ᠨᠠᠰᠤᠨ ᠠᠴᠠ ᠳᠡᠭᠡᠭᠰᠢ | ᠪᠣᠯᠪᠠᠯ 20 ᠲᠥᠭᠦᠷᠢᠭ ᠨᠡᠮᠡᠭᠳᠡᠭᠦᠯᠦᠨ᠎ᠡ᠃ ᠳᠠᠭᠠᠳᠬᠠᠯ ᠳᠤ ᠣᠷᠣᠭᠰᠠᠳ 200 ᠲᠥᠭᠦᠷᠢᠭ ᠵᠢᠴᠢ 200 ᠲᠥᠭᠦᠷᠢᠭ ᠠᠴᠠ ᠳᠡᠭᠡᠭᠰᠢ ᠰᠦᠢᠳᠬᠡᠯ ᠲᠤᠰᠢᠶᠠᠬᠤ | ᠲᠠᠰ ᠢ ᠰᠣᠩᠭᠤᠭᠰᠠᠨ ᠮᠥᠷᠲᠡᠭᠡᠨ ᠰᠦᠢᠳᠬᠡᠯ ᠲᠤᠰᠢᠶᠠᠭᠠᠳ ᠪᠦᠬᠦᠯᠢ 15 ᠵᠢᠯ ᠪᠣᠯᠤᠭᠰᠠᠨ ᠪᠣᠯ᠂ ᠨᠢᠭᠡ ᠵᠢᠯ ᠨᠡᠮᠡᠭᠳᠡᠬᠦ ᠪᠦᠷᠢ ᠰᠠᠭᠤᠷᠢ ᠨᠠᠰᠤᠵᠢᠯ ᠤᠨ | ᠠᠰᠠᠷᠠᠮᠵᠢ ᠶᠢᠨ ᠮᠥᠩᠭᠦ ᠶᠢ 2 ᠲᠥᠭᠦᠷᠢᠭ ᠨᠡᠮᠡᠭᠳᠡᠭᠦᠯᠦᠨ᠎ᠡ᠃ ᠰᠦᠢᠳᠬᠡᠯ ᠲᠤᠰᠢᠶᠠᠬᠤ ᠲᠠᠰ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠵᠢᠯ ᠢᠶᠠᠷ ᠳᠡᠰ ᠰᠣᠩᠭᠤᠨ ᠰᠦᠢᠳᠬᠡᠯ ᠲᠤᠰᠢᠶᠠᠬᠤ ᠶᠢ ᠬᠡᠷᠡᠭᠵᠢᠭᠦᠯᠵᠦ᠂ ᠰᠦᠢᠳᠬᠡᠯ ᠲᠤᠰᠢᠶᠠᠬᠤ ᠲᠠᠰ ᠢ 12 ᠲᠠᠰ ᠬᠤᠪᠢᠶᠠᠨ᠎ᠠ᠂ | ᠲᠤᠬᠠᠶᠢᠯᠠᠪᠠᠯ 200 ᠲᠥᠭᠦᠷᠢᠭ᠂ 300 ᠲᠥᠭᠦᠷᠢᠭ᠂ 400 ᠲᠥᠭᠦᠷᠢᠭ᠂ 500 ᠲᠥᠭᠦᠷᠢᠭ᠂ 600 ᠲᠥᠭᠦᠷᠢᠭ᠂ 700 ᠲᠥᠭᠦᠷᠢᠭ᠂ 800 ᠲᠥᠭᠦᠷᠢᠭ᠂ | 900 ᠲᠥᠭᠦᠷᠢᠭ᠂ 1000 ᠲᠥᠭᠦᠷᠢᠭ᠂ 3000 ᠲᠥᠭᠦᠷᠢᠭ᠂ 5000 ᠲᠥᠭᠦᠷᠢᠭ᠂ 7000 ᠲᠥᠭᠦᠷᠢᠭ ᠪᠣᠯᠣᠨ᠎ᠠ᠃ ᠰᠦᠢᠳᠬᠡᠯ ᠲᠤᠰᠢᠶᠠᠬᠤ ᠨᠥᠬᠦᠪᠦᠷᠢ᠄ | 200 ᠲᠥᠭᠦᠷᠢᠭ ᠠᠴᠠ 400 ᠲᠥᠭᠦᠷᠢᠭ ᠲᠤ᠂ ᠲᠣᠰ ᠲᠣᠰ 35 ᠲᠥᠭᠦᠷᠢᠭ᠂ 40 ᠲᠥᠭᠦᠷᠢᠭ᠂ 45 ᠲᠥᠭᠦᠷᠢᠭ ᠨᠥᠬᠦᠪᠦᠷᠢᠯᠡᠨ᠎ᠡ︔ 500 ᠲᠥᠭᠦᠷᠢᠭ ᠲᠤ | 60 ᠲᠥᠭᠦᠷᠢᠭ ᠨᠥᠬᠦᠪᠦᠷᠢᠯᠡᠨ᠎ᠡ᠂ ᠡᠭᠦᠨ ᠤ ᠰᠠᠭᠤᠷᠢᠨ ᠳᠡᠭᠡᠷ᠎ᠡ ᠰᠦᠢᠳᠬᠡᠯ ᠲᠤᠰᠢᠶᠠᠬᠤ ᠲᠠᠰ ᠢ ᠳᠡᠭᠡᠭᠰᠢᠯᠡᠭᠦᠯᠬᠦ ᠪᠦᠷᠢ ᠨᠥᠬᠦᠪᠦᠷᠢ ᠶᠢ 5 ᠲᠥᠭᠦᠷᠢᠭ | ᠳᠡᠭᠡᠭᠰᠢᠯᠡᠭᠦᠯᠵᠦ᠂ ᠬᠠᠮᠤᠭ ᠤᠨ ᠥᠨᠳᠥᠷ ᠲᠤ ᠪᠠᠨ 100 ᠲᠥᠭᠦᠷᠢᠭ ᠤᠨ ᠨᠥᠬᠦᠪᠦᠷᠢ ᠥᠭᠭᠦᠨ᠎ᠡ᠃ ᠣᠷᠣᠯᠠᠨ ᠲᠤᠰᠢᠶᠠᠬᠤ ᠲᠠᠯ᠎ᠠ ᠪᠠᠷ᠄ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ᠂ | ᠳᠠᠬᠢᠭᠠᠳ ᠶᠠᠳᠠᠭᠤᠷᠠᠭᠰᠠᠳ ᠪᠠ ᠶᠠᠳᠠᠭᠤᠷᠠᠭᠰᠠᠳ ᠵᠡᠷᠭᠡ ᠰᠦᠢᠳᠬᠡᠯ ᠲᠤᠰᠢᠶᠠᠬᠤ ᠳᠤ ᠬᠦᠴᠢᠷᠲᠡᠢ ᠬᠥᠮᠥᠰ ᠲᠤ ᠵᠠᠰᠠᠭ ᠤᠨ ᠣᠷᠳᠣᠨ 100 ᠲᠥᠭᠦᠷᠢᠭ ᠤᠨ | ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠨ᠎ᠠ︔ ᠬᠦᠨᠳᠦ ᠵᠡᠮᠳᠡᠭᠴᠦᠳ ᠲᠤ ᠵᠠᠰᠠᠭ ᠤᠨ ᠣᠷᠳᠣᠨ 200 | ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠢ ᠣᠷᠣᠯᠠᠨ ᠲᠤᠰᠢᠶᠠᠨ᠎ᠠ᠃ | ᠬᠥᠲᠥᠯᠥᠭᠴᠢ᠄ 2021 ︱ 12 ︱ 27 11᠄ 05 | ᠰᠠᠶ᠋ᠢᠬᠠᠨ ᠲᠠ 2019 ᠣᠨ ᠳᠤ ᠨᠡᠶᠢᠲᠡᠯᠡᠭᠰᠡᠨ ᠬᠠᠷᠠᠭᠠᠯᠵᠠᠯ ᠢ ᠲᠣᠭᠲᠠᠭᠠᠬᠤ ᠲᠣᠭᠲᠠᠴᠠ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠳᠤ | ᠲᠣᠬᠢᠷᠠᠭᠤᠯᠤᠯᠲᠠ ᠬᠢᠬᠦ ᠲᠣᠭᠲᠠᠴᠠ ᠶᠢ ᠶᠠᠷᠢᠪᠠ᠂ ᠲᠤᠬᠠᠶᠢᠯᠠᠪᠠᠯ ︽ᠬᠤᠶᠠᠷ ᠲᠣᠭᠲᠠᠴᠠ︾ ᠪᠣᠯᠣᠨ᠎ᠠ᠂ ᠪᠢᠳᠡᠨ ᠳᠤ ᠪᠢᠴᠢᠭ ᠮᠠᠲ᠋ᠧᠷᠢᠶᠠᠯ ᠤᠨ ᠠᠭᠤᠯᠭ᠎ᠠ ᠶᠢ | ᠪᠣᠳᠠᠲᠠᠢ ᠪᠠᠷ ᠲᠠᠨᠢᠯᠴᠠᠭᠤᠯᠤᠭᠠᠳ ᠥᠭᠭᠦᠨ᠎ᠡ ᠦᠦ︖ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠾᠧ ᠹᠧᠩ 2021 ︱ 12 ︱ 27 11᠄ 05 | ︽ᠬᠤᠶᠠᠷ ᠲᠣᠭᠲᠠᠴᠠ︾ ᠶᠢᠨ ᠪᠢᠴᠢᠭ ᠮᠠᠲ᠋ᠧᠷᠢᠶᠠᠯ ᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ | ᠥᠩᠭᠡᠷᠡᠭᠰᠡᠨ ᠤ ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ᠂ ᠲᠣᠰ ᠪᠢᠴᠢᠭ ᠮᠠᠲ᠋ᠧᠷᠢᠶᠠᠯ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠰᠢᠨ᠎ᠡ ᠲᠣᠭᠲᠠᠭᠠᠯ ᠪᠠ | ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠣᠶ᠃ ᠨᠢᠭᠡ ᠳᠤ᠂ ᠬᠠᠷᠠᠭᠠᠯᠵᠠᠯ ᠢ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠪᠡ᠃ ᠨᠠᠰᠤᠵᠢᠯ ᠤᠨ | ᠠᠰᠠᠷᠠᠮᠵᠢ ᠶᠢᠨ ᠮᠥᠩᠭᠦ ᠪᠣᠯ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠪᠢ ᠬᠥᠮᠥᠨ ᠤ ᠳᠠᠩᠰᠠ ᠳᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ | ᠪᠦᠷᠢᠯᠳᠦᠨ᠎ᠡ᠃ ᠡᠭᠦᠨ ᠳᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠠᠰᠠᠭ ᠤᠨ ᠣᠷᠳᠣᠨ ᠡᠭᠦᠷᠭᠡᠯᠡᠨ᠎ᠡ᠃ ᠬᠤᠪᠢ ᠬᠥᠮᠥᠨ ᠤ ᠳᠠᠩᠰᠠ ᠳᠠᠬᠢ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠤᠪᠢ ᠬᠥᠮᠥᠨ ᠰᠦᠢᠳᠬᠡᠯ ᠲᠤᠰᠢᠶᠠᠵᠤ ᠬᠤᠷᠠᠮᠳᠤᠭᠤᠯᠵᠤ᠂ ᠢᠯᠡᠭᠦᠦ ᠲᠤᠰᠢᠶᠠᠪᠠᠯ ᠢᠯᠡᠭᠦᠦ ᠣᠯᠵᠤ᠂ ᠤᠳᠠᠭᠠᠨ | ᠲᠤᠰᠢᠶᠠᠪᠠᠯ ᠢᠯᠡᠭᠦᠦ ᠣᠯᠣᠨ᠎ᠠ᠂ ᠪᠠᠷᠢᠮᠵᠢᠶ᠎ᠠ ᠨᠢ ᠬᠤᠪᠢ ᠬᠥᠮᠥᠨ ᠤ ᠳᠠᠩᠰᠠ ᠶᠢᠨ ᠬᠠᠳᠠᠭᠠᠯᠠᠮᠵᠢ ᠶᠢᠨ ᠲᠤᠭ᠎ᠠ ᠶᠢ ᠪᠤᠳᠤᠵᠤ ᠣᠯᠭᠤᠬᠤ ᠰᠠᠭᠤᠷᠢ ᠲᠤᠭ᠎ᠠ ᠪᠠᠷ | ᠬᠤᠪᠢᠶᠠᠨ᠎ᠠ᠃ ᠬᠤᠶᠠᠷ ᠲᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠬᠡᠪ ᠤᠨ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠪᠠ᠂ ᠲᠤᠬᠠᠶᠢᠯᠠᠪᠠᠯ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ᠂ ᠪᠠᠷᠠᠭᠠᠨ ᠤ ᠦᠨ᠎ᠡ ᠶᠢᠨ ᠬᠤᠪᠢᠷᠠᠯᠲᠠ ᠪᠠ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠪᠤᠰᠤᠳ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠨᠢᠭᠡᠳᠦᠯᠲᠡᠢ | ᠲᠥᠯᠥᠪᠯᠡᠨ ᠪᠣᠳᠣᠯᠬᠢᠯᠠᠵᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠨ᠎ᠡ᠃ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠨᠡᠶᠢᠲᠡ ᠨᠠᠢᠮᠠ ᠤᠳᠠᠭ᠎ᠠ ᠲᠣᠬᠢᠷᠠᠭᠤᠯᠤᠯᠲᠠ ᠬᠢᠵᠦ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠠᠩᠬ᠎ᠠ ᠡᠬᠢᠨ ᠤ 55 ᠲᠥᠭᠦᠷᠢᠭ ᠠᠴᠠ ᠣᠳᠣᠬᠠᠨ ᠤ 140 ᠲᠥᠭᠦᠷᠢᠭ ᠪᠣᠯᠭᠠᠨ ᠲᠣᠬᠢᠷᠠᠭᠤᠯᠵᠤ᠂ ᠬᠤᠶᠠᠷ ᠳᠠᠬᠢᠨ ᠢᠯᠡᠭᠦᠦ ᠳᠡᠭᠡᠭᠰᠢᠯᠡᠭᠦᠯᠪᠡ᠃ ᠮᠠᠨ ᠤ | ᠣᠷᠣᠨ ᠤ 7 ᠠᠶᠢᠮᠠᠭ ᠬᠤᠲᠠ ᠲᠤᠬᠠᠢ ᠶᠢᠨ ᠭᠠᠵᠠᠷ ᠤᠨ ᠠᠵᠤ ᠠᠬᠤᠢ ᠶᠢᠨ ᠪᠠᠶᠢᠳᠠᠯ ᠢᠶᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ | ᠰᠠᠭᠤᠷᠢᠨ ᠳᠡᠭᠡᠷ᠎ᠡ᠂ ᠠᠳᠠᠯᠢ ᠪᠤᠰᠤ ᠬᠡᠮᠵᠢᠶ᠎ᠡ ᠪᠠᠷ ᠪᠠᠷᠢᠮᠵᠢᠶ᠎ᠠ ᠪᠠᠨ ᠳᠡᠭᠡᠭᠰᠢᠯᠡᠭᠦᠯᠪᠡ᠃ ᠣᠯᠭᠤᠮᠵᠢ ᠬᠠᠷᠠᠭᠠᠯᠵᠠᠯ ᠢ ᠬᠡᠳᠦᠢ ᠪᠠᠷ ᠲᠠᠰᠤᠷᠠᠯᠲᠠ ᠦᠭᠡᠢ ᠲᠣᠬᠢᠷᠠᠭᠤᠯᠵᠤ | ᠪᠠᠶᠢᠭ᠎ᠠ ᠪᠣᠯᠪᠠᠴᠤ ᠬᠡᠪ ᠤᠨ ᠲᠣᠬᠢᠷᠠᠭᠤᠯᠤᠯᠲᠠ ᠬᠢᠬᠦ ᠲᠣᠭᠲᠠᠴᠠ ᠦᠭᠡᠢ ᠤᠴᠢᠷ ᠠᠴᠠ ᠲᠣᠬᠢᠷᠠᠭᠤᠯᠤᠯᠲᠠ ᠶᠢᠨ ᠲᠠᠰᠢᠷᠠᠮ ᠤᠨ ᠴᠢᠨᠠᠷ ᠨᠢ ᠨᠡᠯᠢᠶᠡᠳ ᠶᠡᠭᠡ ᠪᠠᠶᠢᠳᠠᠭ᠃ | ᠡᠨᠡ ᠬᠦ ᠲᠣᠭᠲᠠᠴᠠ ᠶᠢ ᠪᠠᠶᠢᠭᠤᠯᠤᠭᠰᠠᠨ ᠠᠴᠠ ᠬᠤᠶᠢᠰᠢᠳᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠣᠬᠢᠷᠠᠭᠤᠯᠤᠯᠲᠠ ᠨᠢ ᠳᠠᠷᠤᠢ ᠪᠠᠲᠤᠯᠠᠭ᠎ᠠ ᠲᠠᠢ ᠪᠣᠯᠪᠠ᠃ ᠭᠤᠷᠪᠠ ᠳᠤ᠂ ᠬᠤᠪᠢ ᠬᠥᠮᠥᠨ ᠤ ᠰᠦᠢᠳᠬᠡᠯ ᠲᠤᠰᠢᠶᠠᠬᠤ | ᠲᠠᠰ ᠪᠠ ᠨᠥᠬᠦᠪᠦᠷᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠪᠠ᠃ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠰᠠᠭᠤᠭᠠᠯᠢ | ᠠᠷᠠᠳ ᠤᠨ ᠣᠷᠣᠯᠭ᠎ᠠ ᠶᠢᠨ ᠪᠠᠶᠢᠳᠠᠯ ᠢ ᠦᠨᠳᠦᠰᠦᠯᠡᠨ᠂ ᠰᠦᠢᠳᠬᠡᠯ ᠲᠤᠰᠢᠶᠠᠬᠤ ᠲᠠᠰ ᠢ ᠵᠣᠬᠢᠰᠲᠠᠢ ᠲᠣᠭᠲᠠᠭᠠᠬᠤ ᠪᠠ ᠴᠠᠭ ᠲᠤᠬᠠᠢ ᠳᠤ ᠨᠢ ᠲᠣᠬᠢᠷᠠᠭᠤᠯᠤᠨ᠎ᠠ᠃ | ︽ᠬᠤᠶᠠᠷ ᠲᠣᠭᠲᠠᠴᠠ︾ ᠶᠢᠨ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠭᠠᠤ ᠳᠤ᠂ ᠪᠢᠳᠡ ᠰᠦᠢᠳᠬᠡᠯ ᠲᠤᠰᠢᠶᠠᠬᠤ ᠲᠠᠰ ᠲᠤ ᠲᠣᠬᠢᠷᠠᠭᠤᠯᠤᠯᠲᠠ ᠬᠢᠪᠡ᠃ | ᠬᠠᠮᠤᠭ ᠤᠨ ᠳᠣᠣᠷ᠎ᠠ ᠰᠦᠢᠳᠬᠡᠯ ᠲᠤᠰᠢᠶᠠᠬᠤ ᠲᠡᠰ ᠢ ᠤᠤᠯ ᠤᠨ 100 ᠲᠥᠭᠦᠷᠢᠭ ᠪᠠᠶᠢᠭᠰᠠᠨ ᠠᠴᠠ 200 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠠᠮᠤᠭ ᠤᠨ | ᠥᠨᠳᠥᠷ ᠲᠤ ᠪᠠᠨ 3000 ᠲᠥᠭᠦᠷᠢᠭ ᠤᠨ ᠲᠡᠰ ᠤᠨ ᠰᠠᠭᠤᠷᠢᠨ ᠳᠡᠭᠡᠷ᠎ᠡ 5000 ᠲᠥᠭᠦᠷᠢᠭ᠂ 7000 ᠲᠥᠭᠦᠷᠢᠭ ᠤᠨ ᠬᠤᠶᠠᠷ ᠲᠡᠰ ᠢ ᠨᠡᠮᠡᠪᠡ᠃ ᠲᠤᠰᠢᠶᠠᠬᠤ | ᠶᠣᠰᠣᠲᠠᠢ ᠲᠠᠰ ᠤᠨ ᠵᠠᠰᠠᠭ ᠤᠨ ᠣᠷᠳᠣᠨ ᠠᠴᠠ ᠣᠯᠭᠤᠬᠤ ᠨᠥᠬᠦᠪᠦᠷᠢ ᠳᠤ ᠴᠦ ᠲᠣᠬᠢᠷᠠᠭᠤᠯᠤᠯᠲᠠ ᠬᠢᠵᠦ᠂ ᠤᠤᠯ ᠤᠨ ᠬᠠᠮᠤᠭ ᠤᠨ ᠥᠨᠳᠥᠷ ᠨᠥᠬᠦᠪᠦᠷᠢ ᠶᠢ 85 | ᠲᠥᠭᠦᠷᠢᠭ ᠪᠠᠶᠢᠭᠰᠠᠨ ᠠᠴᠠ 100 ᠲᠥᠭᠦᠷᠢᠭ ᠪᠣᠯᠭᠠᠨ ᠲᠣᠬᠢᠷᠠᠭᠤᠯᠵᠠᠢ᠃ ᠳᠥᠷᠪᠡ ᠳᠤ᠂ ᠬᠤᠪᠢ ᠬᠥᠮᠥᠨ ᠤ ᠲᠠᠩᠰᠠᠨ ᠡᠷᠦᠬᠡ ᠶᠢᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠱᠠᠭᠠᠷᠳᠠᠯᠭ᠎ᠠ ᠳᠤᠷᠠᠳᠪᠠ᠃ ︽ᠬᠤᠶᠠᠷ ᠲᠣᠭᠲᠠᠴᠠ︾ ᠶᠢᠨ | ᠪᠢᠴᠢᠭ ᠮᠠᠲ᠋ᠧᠷᠢᠶᠠᠯ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠳᠤ ᠪᠡᠯᠡ ᠣᠷᠣᠭᠤᠯᠤᠨ | ᠡᠵᠡᠩᠨᠡᠯᠲᠡ ᠬᠢᠵᠦ᠂ ᠰᠠᠭᠤᠷᠢ ᠮᠥᠩᠭᠦ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠬᠤᠪᠢ ᠬᠥᠮᠥᠨ ᠤ ᠳᠠᠩᠰᠠ ᠳᠠᠬᠢ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠲᠦᠪᠰᠢᠨ ᠪᠠ ᠰᠠᠭᠤᠷᠢ ᠮᠥᠩᠭᠦ ᠶᠢᠨ ᠳᠥᠯᠥᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃ 2020 ᠣᠨ ᠳᠤ᠂ ᠮᠠᠨ ᠤ | ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠨᠡᠶᠢᠲᠡ 52.59 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠨ ᠡᠵᠡᠩᠨᠡᠵᠦ᠂ ᠲᠣᠰ ᠵᠢᠯ ᠤᠨ ᠡᠵᠡᠩᠨᠡᠯᠲᠡ ᠶᠢᠨ ᠠᠰᠢᠭ ᠣᠷᠣᠯᠭ᠎ᠠ ᠨᠢ 1.19 ᠳ᠋ᠦᠩᠰᠢᠭᠤᠷ ᠲᠥᠭᠦᠷᠢᠭ ᠲᠤ ᠬᠦᠷᠴᠡᠢ᠃ | ᠤᠯᠤᠰ ᠤᠨ ᠱᠠᠭᠠᠷᠳᠠᠯᠭ᠎ᠠ ᠶᠣᠰᠣᠭᠠᠷ᠂ ᠲᠠᠷᠠᠭᠠᠴᠢ ᠶᠢᠨ ᠠᠯᠬᠤᠮ ᠳᠤ ᠪᠢᠳᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠨᠠᠶᠢᠳᠠᠯᠭ᠎ᠠ ᠪᠠᠷ ᠪᠡᠯᠡ ᠣᠷᠣᠭᠤᠯᠵᠤ ᠡᠵᠡᠩᠨᠡᠬᠦ ᠶᠢ ᠦᠷᠭᠦᠯᠵᠢᠯᠡᠨ ᠠᠬᠢᠭᠤᠯᠤᠨ᠎ᠠ᠃ | ᠬᠥᠲᠥᠯᠥᠭᠴᠢ᠄ 2021 ︱ 12 ︱ 2711᠄ 06 | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠨᠢᠭᠡᠨᠲᠡ ᠪᠡᠶᠡᠯᠡᠭᠦᠯᠵᠡᠢ᠂ ᠲᠡᠭᠡᠪᠡᠯ ᠬᠤᠶᠢᠰᠢᠳᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠠᠰᠠᠷᠠᠮᠵᠢ ᠶᠢᠨ ᠠᠰᠠᠷᠠᠮᠵᠢ ᠶᠢᠨ ᠳᠠᠭᠠᠳᠬᠠᠯ ᠤᠨ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠠᠵᠢᠯ ᠢ ᠬᠡᠷᠬᠢᠨ ᠦᠷᠭᠦᠯᠵᠢᠯᠡᠭᠦᠯᠬᠦ ᠪᠤᠶ︖ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠾᠧ ᠹᠧᠩ 2021 ︱ 12 ︱ 27 11᠄ 06 | ᠨᠢᠭᠡ ᠳᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ᠂ ᠣᠨᠴᠠ ᠬᠦᠴᠢᠷᠳᠡᠯᠲᠡᠢ᠂ ᠬᠦᠨᠳᠦ ᠵᠡᠮᠳᠡᠭ ᠬᠥᠮᠥᠨ᠂ ᠨᠥᠬᠦᠴᠡᠯ ᠳᠤ | ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠵᠡᠷᠭᠡ ᠰᠦᠢᠳᠬᠡᠯ ᠲᠤᠰᠢᠶᠠᠬᠤ ᠳᠤ ᠬᠦᠴᠢᠷᠲᠡᠢ ᠬᠥᠮᠥᠰ ᠲᠤ ᠳᠠᠭᠠᠳᠬᠠᠯ ᠤᠨ ᠰᠦᠢᠳᠬᠡᠯ ᠢ | ᠦᠷᠭᠦᠯᠵᠢᠯᠡᠨ ᠣᠷᠣᠯᠠᠨ ᠲᠤᠰᠢᠶᠠᠭᠰᠠᠨ ᠰᠠᠭᠤᠷᠢᠨ ᠳᠡᠭᠡᠷ᠎ᠡ᠂ ᠳᠠᠬᠢᠨ ᠶᠠᠳᠠᠭᠤᠷᠠᠭᠰᠠᠳ ᠪᠠ ᠶᠠᠳᠠᠭᠤᠷᠠᠭᠰᠠᠳ ᠢ ᠣᠷᠣᠯᠠᠨ ᠲᠤᠰᠢᠶᠠᠬᠤ ᠬᠡᠪᠴᠢᠶᠡᠨ ᠳᠤ ᠣᠷᠣᠭᠤᠯᠵᠤ᠂ | 100 ᠲᠥᠭᠦᠷᠢᠭ ᠤᠨ ᠪᠠᠷᠢᠮᠵᠢᠶ᠎ᠠ ᠪᠠᠷ ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠵᠤ ᠥᠭᠭᠦᠨ᠎ᠡ᠃ ᠬᠤᠶᠠᠷ ᠲᠤ᠂ ︽14 · 5︾ ᠶᠢᠨ | ᠬᠤᠭᠤᠴᠠᠭᠠᠨ ᠳᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ ᠪᠠ ᠣᠨᠴᠠ ᠬᠦᠴᠢᠷᠳᠡᠯᠲᠡᠢ ᠬᠥᠮᠥᠰ ᠢ ᠦᠨᠡᠮᠰᠢᠬᠦ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠭᠡᠷ ᠪᠦᠯᠢ ᠶᠢᠨ ᠣᠷᠣᠯᠭ᠎ᠠ ᠳᠤ ᠨᠢ ᠪᠤᠳᠤᠵᠤ ᠣᠷᠣᠭᠤᠯᠬᠤ ᠦᠭᠡᠢ᠃ ᠭᠤᠷᠪᠠ ᠳᠤ᠂ ᠪᠢᠳᠡ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠨᠠᠭᠠᠲᠤ ᠵᠠᠬ᠎ᠠ ᠶᠢᠨ ᠳᠡᠰ ᠢ | ᠳᠡᠭᠡᠭᠰᠢᠯᠡᠭᠦᠯᠬᠦ ᠦᠶ᠎ᠡ ᠳᠤ ᠰᠦᠢᠳᠬᠡᠯ ᠲᠤᠰᠢᠶᠠᠬᠤ ᠳᠤ ᠬᠦᠴᠢᠷᠲᠡᠢ ᠬᠥᠮᠥᠰ ᠲᠤ 100 ᠲᠥᠭᠦᠷᠢᠭ ᠤᠨ ᠳᠡᠰ ᠢ ᠦᠯᠡᠳᠡᠭᠡᠵᠦ ᠥᠭᠭᠦᠨ᠎ᠡ᠃ | ᠬᠥᠲᠥᠯᠥᠭᠴᠢ᠄ 2021 ︱ 12 ︱ 27 11᠄ 07 | ᠵᠠ᠂ ᠾᠧ ᠳᠠᠷᠤᠭ᠎ᠠ ᠶᠢᠨ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠪᠠᠰᠠ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠤᠨ ᠲᠣᠰ ᠬᠤᠭᠤᠴᠠᠭᠠᠨ ᠤ | ᠫᠷᠣᠭ᠍ᠷᠠᠮ ᠢ ᠭᠥᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠪᠣᠯᠵᠤ᠂ ᠲᠣᠰ ᠤᠳᠠᠭᠠᠨ ᠤ ᠰᠣᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠲᠠᠷᠠᠭᠠᠴᠢ ᠶᠢᠨ ᠬᠤᠭᠤᠴᠠᠭᠠᠨ ᠳᠤ ᠪᠠᠶᠠᠷᠲᠠᠢ ᠵᠣᠯᠭᠠᠶ᠎ᠠ︕ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠾᠧ ᠹᠧᠩ 2021 ︱ 12 ︱ 27 11᠄ 07 | ᠪᠠᠶᠠᠷᠲᠠᠢ︕ |