ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 95 ᠳ᠋ᠤᠭᠠᠷ ᠲᠣᠭᠠᠲᠤ | ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ | ︵ᠲᠥᠷᠥ ᠠᠯᠪᠠᠨ ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠵᠤ ᠰᠡᠷᠭᠦᠭᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠᠨ ᠲᠦᠷᠭᠡᠳᠬᠡᠵᠦ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠳᠤᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ | ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ | ᠬᠦᠭᠦᠷᠭᠡᠨ ᠪᠠᠬᠢᠯᠡᠯᠲᠡ︾ ᠶᠢ ᠲᠦᠷᠭᠡᠳᠬᠡᠨ ᠪᠠᠶᠢᠭᠤᠯᠬᠤ ᠯᠤᠭ᠎ᠠ ᠴᠢᠩᠭ᠎ᠠ ᠤᠶᠠᠯᠳᠤᠭᠤᠯᠤᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠠ ᠪᠣᠬᠢᠷᠲᠤᠯ ᠦᠭᠡᠢ | ᠬᠦᠭᠵᠢᠭᠦᠯᠬᠦ ᠶᠢ ᠢᠮᠠᠭᠲᠠ ᠪᠠᠷᠢᠮᠲᠠᠯᠠᠵᠤ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠬᠦ ᠶᠢ | ᠭᠤᠣᠯ ᠪᠣᠯᠭᠠᠬᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠴᠢᠭᠯᠡᠯᠲᠡ ᠶᠣᠰᠤᠭᠠᠷ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠪᠠᠨ ᠨᠢᠭᠡᠳᠦᠯᠲᠡᠢ ᠲᠥᠯᠥᠪᠵᠢᠭᠦᠯᠦᠨ᠂ ᠨᠤᠲᠤᠭ ᠪᠡᠯᠴᠢᠭᠡᠷ ᠢ ᠬᠠᠮᠠᠭᠠᠯᠠᠵᠤ | ᠰᠡᠷᠭᠦᠭᠡᠬᠦ ᠲᠦᠷᠢᠮ ᠢᠶᠠᠨ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠪᠠᠨ ᠴᠢᠩᠭᠠᠳᠬᠠᠬᠤ᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠬᠦ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠣᠭᠲᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠪᠠᠨ | ᠠᠬᠢᠭᠤᠯᠬᠤ ᠪᠠᠷ ᠭᠤᠤᠯ ᠰᠢᠵᠢᠮ ᠪᠣᠯᠭᠠᠵᠤ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠡᠷᠴᠢᠮ ᠢ ᠴᠢᠩᠭᠠᠳᠬᠠᠵᠤ᠂ ᠨᠤᠲᠤᠭ ᠪᠡᠯᠴᠢᠭᠡᠷ ᠢ ᠵᠦᠢ | ᠵᠣᠬᠢᠰᠲᠠᠢ ᠠᠰᠢᠭᠯᠠᠬᠤ ᠪᠠᠨ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠢ ᠰᠠᠶᠢᠵᠢᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠪᠠᠬᠢᠵᠢᠭᠦᠯᠬᠦ ᠳᠤ ᠰᠠᠭᠤᠷᠢ ᠲᠠᠯᠪᠢᠨ᠎ᠠ᠃ | 2025 ᠤᠨ ᠪᠣᠯᠬᠤ ᠳᠤ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠲᠦᠷᠢᠮ ᠤᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠮᠠᠯ | ᠪᠡᠯᠴᠢᠭᠡᠷ ᠤᠨ ᠵᠥᠷᠢᠴᠡᠯ ᠢ ᠢᠯᠡᠳᠲᠡ ᠨᠠᠮᠳᠠᠭᠤᠯᠤᠨ᠂ ᠨᠤᠲᠤᠭ ᠪᠡᠯᠴᠢᠭᠡᠷ ᠮᠠᠭᠤᠳᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂ ᠪᠥᠬᠦ ᠣᠷᠣᠨ ᠤ ᠨᠤᠲᠤᠭ | ᠪᠡᠯᠴᠢᠭᠡᠷ ᠤᠨ ᠤᠷᠭᠤᠮᠠᠯ ᠤᠨ ᠶᠡᠷᠦᠩᠬᠡᠶᠢᠯᠡᠭᠰᠡᠨ ᠬᠤᠴᠢᠯᠭ᠎ᠠ ᠶᠢ 45% ᠣᠷᠴᠢᠮ ᠳᠤ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠢ | ᠦᠷᠭᠦᠯᠵᠢᠯᠡᠨ ᠰᠠᠶᠢᠵᠢᠷᠠᠭᠤᠯᠤᠨ᠎ᠠ᠃ 2035 ᠣᠨ ᠪᠣᠯᠬᠤ ᠳᠤ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠲᠦᠷᠢᠮ ᠤᠨ ᠲᠣᠭᠲᠠᠯᠴᠠᠭ᠎ᠠ ᠶᠢ ᠤᠯᠠᠮ | ᠴᠢᠨᠠᠭᠰᠢᠳᠠ ᠲᠡᠭᠦᠯᠳᠡᠷᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢᠲᠡᠶ ᠪᠠᠶᠢᠬᠤ ᠶᠢ ᠦᠨᠳᠦᠰᠦᠨ ᠳᠤ ᠪᠠᠨ ᠪᠡᠶᠡᠯᠡᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ ᠢ | ᠪᠦᠲᠦᠮᠵᠢᠲᠡᠶ ᠵᠠᠰᠠᠬᠤ ᠪᠠ ᠰᠡᠷᠭᠦᠭᠡᠵᠦ᠂ ᠪᠥᠬᠦ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠶᠡᠷᠦᠩᠬᠡᠶᠢᠯᠡᠭᠰᠡᠨ ᠬᠤᠴᠢᠯᠭ᠎ᠠ ᠶᠢ ᠦᠷᠭᠦᠯᠵᠢᠯᠡᠨ 45% ᠠᠴᠠ | ᠳᠡᠭᠡᠭᠰᠢ ᠳᠤ ᠲᠣᠭᠲᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠴᠢᠳᠠᠮᠵᠢ ᠪᠠ ᠦᠢᠯᠡᠳᠪᠦᠷᠢᠯᠡᠯ ᠤᠨ ᠴᠢᠳᠠᠮᠵᠢ ᠶᠢ ᠢᠯᠡᠳᠲᠡ ᠳᠡᠭᠡᠭᠰᠢᠯᠡᠭᠦᠯᠦᠨ᠎ᠡ᠃ | ᠲᠣᠰ ᠵᠠᠭᠤᠨ ᠤ ᠳᠤᠮᠳᠠᠴᠢ ᠪᠣᠯᠬᠤ ᠳᠤ᠂ ᠲᠠᠴᠢᠷᠳᠠᠭᠰᠠᠨ ᠨᠤᠲᠤᠭ ᠪᠡᠯᠴᠢᠭᠡᠷ ᠢ ᠪᠥᠬᠦ ᠲᠠᠯ᠎ᠠ ᠪᠠᠷ ᠵᠠᠰᠠᠨ ᠰᠡᠷᠭᠦᠭᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠰᠢᠰᠲ᠋ᠧᠮ ᠢ ᠰᠠᠶᠢᠨ ᠣᠷᠴᠢᠯ ᠲᠠᠢ ᠪᠣᠯᠭᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠰᠠᠭᠤᠷᠢᠨ ᠳᠡᠭᠡᠷ᠎ᠡ᠂ ᠪᠡᠯᠴᠢᠭᠡᠷ ᠤᠨ ᠭᠠᠵᠠᠷ ᠲᠠᠬᠢ ᠦᠨᠳᠦᠰᠦᠨ ᠨᠤᠲᠤᠭ ᠪᠡᠯᠴᠢᠭᠡᠷ ᠤᠨ | ᠲᠠᠯᠠᠪᠠᠶ ᠶᠢ ᠨᠢ ᠪᠠᠭᠠᠰᠬᠠᠬᠤ ᠦᠭᠡᠶ᠂ ᠴᠢᠨᠠᠷ ᠢ ᠨᠢ ᠪᠠᠭᠤᠷᠠᠭᠤᠯᠬᠤ ᠦᠭᠡᠶ᠂ ᠬᠡᠷᠡᠭᠴᠡᠭᠡ ᠶᠢ ᠨᠢ ᠬᠤᠪᠢᠷᠠᠭᠤᠯᠬᠤ ᠦᠭᠡᠶ ᠪᠠᠶᠢᠬᠤ ᠶᠡᠷᠦᠩᠬᠡᠶ ᠱᠠᠭᠠᠷᠳᠠᠯᠭ᠎ᠠ ᠶᠢ | ᠦᠨᠳᠦᠰᠦᠯᠡᠨ᠂ ᠦᠨᠳᠦᠰᠦᠨ ᠨᠤᠲᠤᠭ ᠪᠡᠯᠴᠢᠭᠡᠷ ᠲᠤ ᠬᠤᠪᠢᠶᠠᠷᠢᠯᠠᠨ ᠲᠣᠭᠲᠠᠭᠠᠵᠤ ᠲᠣᠬᠢᠷᠠᠭᠤᠯᠤᠯᠲᠠ ᠬᠢᠬᠦ ᠶᠢ ᠥᠷᠨᠢᠭᠦᠯᠦᠨ᠎ᠡ᠃ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠠ ᠴᠢᠬᠤᠯᠠ ᠠᠮᠢ ᠠᠬᠤᠶ ᠶᠢᠨ | ᠴᠢᠳᠠᠮᠵᠢ ᠲᠠᠢ ᠨᠤᠲᠤᠭ ᠪᠡᠯᠴᠢᠭᠡᠷ ᠢ ᠴᠥᠮ ᠦᠨᠳᠦᠰᠦᠨ ᠨᠤᠲᠤᠭ ᠪᠡᠯᠴᠢᠭᠡᠷ ᠲᠤ ᠬᠤᠪᠢᠶᠠᠷᠢᠯᠠᠨ ᠣᠷᠣᠭᠤᠯᠬᠤ ᠶᠢᠨ ᠬᠠᠮᠲᠤ᠂ ᠦᠨᠳᠦᠰᠦᠨ ᠨᠤᠲᠤᠭ ᠪᠡᠯᠴᠢᠭᠡᠷ ᠤᠨ | ᠲᠠᠯᠠᠪᠠᠶ ᠶᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠪᠣᠯᠭᠠᠨ᠎ᠠ᠃ ᠦᠨᠳᠦᠰᠦᠨ | ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠪᠠᠨ ᠴᠢᠩᠭ᠎ᠠ ᠬᠢᠵᠠᠭᠠᠷᠯᠠᠵᠤ᠂ ᠦᠨᠳᠦᠰᠦᠨ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠴᠢᠬᠤᠯᠠ ᠲᠠᠢ ᠪᠠᠶᠢᠪᠠᠯ᠂ | ᠡᠵᠡᠯᠡᠵᠦ ᠬᠡᠷᠡᠭᠯᠡᠭᠰᠡᠨ ᠢ ᠨᠢ ᠨᠦᠬᠦᠪᠦᠷᠢᠯᠡᠵᠦ ᠲᠡᠩᠴᠡᠭᠦᠷᠢᠲᠡᠶ ᠪᠠᠶᠢᠯᠭᠠᠬᠤ ᠶᠢ ᠴᠢᠩᠭ᠎ᠠ ᠬᠡᠷᠡᠭᠵᠢᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠪᠤᠶᠤ ᠠᠶᠢᠮᠠᠭ | ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠨᠢ ᠠᠳᠠᠯᠢ ᠲᠠᠯᠠᠪᠠᠶ᠂ ᠠᠳᠠᠯᠢ ᠴᠢᠨᠠᠷ ᠲᠠᠢ ᠦᠨᠳᠦᠰᠦᠨ ᠨᠤᠲᠤᠭ ᠪᠡᠯᠴᠢᠭᠡᠷ ᠢ ᠨᠦᠬᠦᠪᠦᠷᠢᠯᠡᠨ᠎ᠡ᠃ ︵ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠤᠭᠠᠷ ᠬᠠᠷᠢᠭᠤᠴᠠᠨ᠎ᠠ︶ | ︵ᠬᠤᠶᠠᠷ︶ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠨᠢ ᠵᠣᠭᠰᠤᠭᠠᠨ ᠪᠡᠯᠴᠢᠭᠡᠷ ᠢᠶᠠᠨ ᠰᠡᠷᠭᠦᠭᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠵᠣᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ | ᠨᠦᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠯᠤᠭ᠎ᠠ ᠤᠶᠠᠯᠳᠤᠭᠤᠯᠤᠨ ᠬᠡᠷᠡᠭᠵᠢᠭᠦᠯᠵᠦ᠂ ᠬᠦᠨᠳᠦ ᠨᠣᠴᠢᠲᠠᠶ ᠲᠠᠴᠢᠷᠳᠠᠵᠤ ᠡᠯᠡᠰᠦᠷᠬᠡᠭᠵᠢᠭᠰᠡᠨ᠂ | ᠪᠡᠯᠴᠢᠭᠡᠷᠯᠡᠭᠦᠯᠦᠨ ᠠᠰᠢᠭᠯᠠᠬᠤ ᠳᠤ ᠥᠯᠥ ᠲᠣᠬᠢᠷᠠᠬᠤ ᠲᠠᠴᠢᠷᠳᠠᠵᠤ ᠡᠯᠡᠰᠦᠷᠬᠡᠭᠵᠢᠭᠰᠡᠨ ᠬᠡᠮᠵᠢᠶ᠎ᠡ ᠨᠢ ᠳᠤᠮᠳᠠ ᠵᠡᠷᠭᠡ ᠪᠣᠯᠤᠭᠰᠠᠨ ᠪᠠ ᠪᠡᠯᠴᠢᠭᠡᠷᠯᠡᠭᠦᠯᠬᠦ ᠶᠢ ᠨᠢ | ᠵᠣᠭᠰᠣᠭᠠᠬᠤ ᠴᠢᠬᠤᠯᠠ ᠲᠠᠢ ᠪᠤᠰᠤᠳ ᠨᠤᠲᠤᠭ ᠪᠡᠯᠴᠢᠭᠡᠷ ᠢᠶᠠᠨ ᠪᠡᠯᠴᠢᠭᠡᠷᠯᠡᠭᠦᠯᠬᠦ ᠶᠢ ᠨᠢ ᠵᠣᠭᠰᠣᠭᠠᠬᠤ ᠣᠷᠣᠨ ᠪᠣᠯᠭᠠᠨ ᠬᠤᠪᠢᠶᠠᠷᠢᠯᠠᠵᠤ᠂ ᠪᠡᠯᠴᠢᠭᠡᠷᠯᠡᠭᠦᠯᠬᠦ ᠶᠢ ᠨᠢ | ᠵᠣᠭᠰᠣᠭᠠᠬᠤ ᠣᠷᠣᠨ ᠢ 5 ᠵᠢᠯ ᠳᠤ ᠨᠢᠭᠡ ᠤᠳᠠᠭ᠎ᠠ ᠬᠤᠪᠢᠶᠠᠷᠢᠯᠠᠨ ᠲᠣᠭᠲᠠᠭᠠᠨ᠎ᠠ᠃ ᠪᠡᠯᠴᠢᠭᠡᠷᠯᠡᠭᠦᠯᠬᠦ ᠶᠢ ᠨᠢ ᠵᠣᠭᠰᠣᠭᠠᠭᠰᠠᠨ ᠣᠷᠣᠨ ᠠᠴᠠ ᠪᠣᠰᠣᠳ ᠨᠤᠲᠤᠭ | ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷ ᠥᠨᠵᠢᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠪᠡᠯᠴᠢᠭᠡᠷ ᠥᠨᠵᠢᠭᠦᠯᠬᠦ ᠬᠤᠭᠤᠴᠠᠭ᠎ᠠ ᠶᠢ | 45 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠨᠢ ᠵᠣᠭᠰᠤᠭᠠᠨ ᠪᠡᠯᠴᠢᠭᠡᠷ ᠢ | ᠰᠡᠷᠭᠦᠭᠡᠬᠦ ᠳᠤ ᠣᠯᠠᠨ ᠡᠰᠢᠵᠢᠭᠰᠡᠨ ᠨᠥᠬᠦᠪᠥᠷᠢ ᠥᠭᠬᠦ ᠲᠣᠭᠲᠠᠴᠠ ᠶᠢ ᠰᠦᠪᠡᠭᠴᠢᠯᠡᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ | ᠪᠦᠲᠦᠮᠵᠢ ᠬᠢᠭᠡᠳ ᠨᠦᠬᠦᠪᠦᠷᠢᠯᠡᠵᠦ ᠱᠠᠩᠨᠠᠬᠤ ᠮᠦᠩᠭᠦᠨ ᠤ ᠬᠤᠪᠢᠶᠠᠷᠢᠯᠠᠯᠲᠠ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ | ᠬᠠᠮᠠᠭᠠᠯᠠᠵᠤ ᠪᠠᠶᠢᠭᠰᠠᠳ ᠲᠤ ᠨᠦᠬᠦᠪᠦᠷᠢᠯᠡᠨ ᠱᠠᠩᠨᠠᠬᠤ᠂ ᠬᠤᠬᠢᠷᠠᠯ ᠭᠠᠷᠭᠠᠭᠰᠠᠳ ᠢᠶᠠᠷ ᠲᠥᠯᠥᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠮᠢ ᠠᠬᠤᠢ ᠶᠢᠨ | ᠦᠷ᠎ᠡ ᠪᠦᠲᠦᠮᠵᠢ ᠪᠠᠷ ᠭᠤᠤᠯ ᠪᠣᠯᠭᠠᠭᠰᠠᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠭᠰᠠᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠦᠨᠡᠯᠡᠯᠲᠡ ᠬᠢᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠦᠭᠰᠡᠨ ᠲᠤᠷᠰᠢᠯᠭ᠎ᠠ ᠪᠠ | ᠵᠠᠭᠪᠤᠷ ᠢ ᠨᠢ ᠳᠡᠯᠭᠡᠷᠡᠭᠦᠯᠦᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠭᠰᠠᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠢ ᠱᠠᠩᠨᠠᠨ | ᠬᠦᠬᠢᠭᠦᠯᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠳᠤ ᠵᠠᠬᠢᠷᠤᠨ | ᠬᠠᠮᠢᠶᠠᠷᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠢ ᠠᠬᠤᠶ ᠶᠢᠨ ᠤᠯᠠᠭᠠᠨ ᠱᠤᠭᠤᠮ ᠳᠠᠬᠢ ᠨᠤᠲᠤᠭ ᠪᠡᠯᠴᠢᠭᠡᠷ ᠲᠤ ᠬᠠᠮᠤᠭ ᠤᠨ ᠴᠢᠩᠭ᠎ᠠ | ᠬᠠᠮᠠᠭᠠᠯᠠᠯᠲᠠ ᠶᠢ ᠬᠡᠷᠡᠭᠵᠢᠭᠦᠯᠦᠨ᠎ᠡ᠃ ᠦᠨᠢᠳᠡ ᠶᠢᠨ ᠦᠨᠳᠦᠰᠦᠨ ᠲᠠᠷᠢᠶᠠᠨ ᠭᠠᠵᠠᠷ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠬ᠎ᠠ ᠬᠢᠵᠠᠭᠠᠷ ᠨᠢ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠠᠬᠢ ᠨᠤᠲᠤᠭ ᠪᠡᠯᠴᠢᠭᠡᠷ ᠯᠦᠭᠡ ᠮᠥᠷᠭᠦᠯᠳᠦᠭᠡᠨ ᠲᠠᠢ ᠪᠣᠯᠪᠠᠯ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠴᠢᠳᠠᠮᠵᠢ ᠶᠢᠨ ᠰᠢᠰᠲ᠋ᠧᠮᠲᠦ ᠴᠢᠨᠠᠷ ᠪᠠ ᠪᠦᠷᠢᠨ ᠪᠦᠲᠦᠨ ᠴᠢᠨᠠᠷ ᠢ ᠨᠢ ᠪᠠᠲᠤᠯᠠᠬᠤ ᠬᠡᠷᠡᠭᠲᠡᠶ᠃ ᠨᠤᠲᠤᠭ ᠪᠡᠯᠴᠢᠭᠡᠷ ᠤᠨ ︽ᠭᠤᠷᠪᠠᠨ ᠣᠷᠣᠨ︾ ᠤ ᠬᠡᠷᠡᠭᠴᠡᠭᠡ ᠳᠤ | ᠬᠠᠮᠢᠶᠠᠷᠤᠨ ᠡᠵᠡᠮᠳᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠠᠬᠢ ᠨᠤᠲᠤᠭ ᠪᠡᠯᠴᠢᠭᠡᠷ᠂ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠭᠠᠳᠠᠨᠠᠬᠢ ᠦᠨᠳᠦᠰᠦᠨ ᠨᠤᠲᠤᠭ ᠪᠡᠯᠴᠢᠭᠡᠷ ᠪᠠ ᠡᠩ ᠤᠨ ᠨᠤᠲᠤᠭ ᠪᠡᠯᠴᠢᠭᠡᠷ ᠶᠣᠰᠣᠭᠠᠷ ᠲᠥᠷᠥᠯ ᠬᠤᠪᠢᠶᠠᠨ᠂ | ᠵᠦᠷᠢᠶᠡᠵᠢᠭᠰᠡᠨ ᠬᠡᠷᠡᠭᠴᠡᠭᠡᠨ ᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠨ ᠬᠢᠵᠠᠭᠠᠷᠯᠠᠬᠤ | ᠬᠡᠪᠴᠢᠶᠡᠨ ᠠᠴᠠ ᠳᠠᠪᠠᠭᠤᠯᠬᠤ ᠶᠢ ᠴᠢᠩᠭ᠎ᠠ ᠬᠢᠵᠠᠭᠠᠷᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ | ᠨᠤᠲᠤᠭ ᠪᠡᠯᠴᠢᠭᠡᠷ ᠲᠤ ᠤᠰᠤᠨ ᠴᠥᠭᠦᠷᠥᠮ ᠪᠠᠶᠢᠭᠤᠯᠬᠤ ᠶᠢ ᠴᠢᠩᠭ᠎ᠠ ᠬᠢᠵᠠᠭᠠᠷᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠳᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠠᠵᠢᠯ ᠦᠢᠯᠡᠰ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠨᠤᠲᠤᠭ ᠪᠡᠯᠴᠢᠭᠡᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠪᠠᠲᠤᠯᠠᠵᠤ᠂ ᠭᠤᠣᠯ ᠴᠣᠭᠴᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠥᠯᠥ ᠨᠡᠶᠢᠴᠡᠬᠦ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠡᠨᠧᠷᠭᠢ ᠶᠡᠭᠡ ᠬᠤᠷᠣᠭᠳᠠᠭᠤᠯᠬᠤ᠂ | ᠪᠣᠬᠢᠷᠲᠤᠯ ᠶᠡᠭᠡ ᠭᠠᠳᠠᠭᠰᠢᠯᠠᠭᠤᠯᠬᠤ ᠲᠥᠷᠥᠯ ᠵᠦᠢᠯ ᠳᠤ ᠪᠠᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠦᠯᠬᠦ ᠶᠢ ᠨᠢ ᠴᠢᠩᠭ᠎ᠠ ᠴᠠᠭᠠᠵᠠᠯᠠᠨ᠎ᠠ᠃ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠲᠥᠷᠥᠯ ᠵᠦᠢᠯ ᠤᠨ ᠭᠠᠳᠠᠭᠤᠷᠬᠢ ᠴᠢᠯᠠᠭᠤ ᠰᠢᠷᠣᠶ ᠶᠢᠨ ᠲᠠᠯᠠᠪᠠᠶ ᠳᠤ ᠪᠠᠨ ᠨᠤᠲᠤᠭ ᠪᠡᠯᠴᠢᠭᠡᠷ ᠢ ᠡᠵᠡᠯᠡᠨ | ᠬᠡᠷᠡᠭᠯᠡᠭᠦᠯᠬᠦ ᠶᠢ ᠨᠢ ᠴᠢᠩᠭ᠎ᠠ ᠬᠢᠵᠠᠭᠠᠷᠯᠠᠵᠤ᠂ ᠠᠭᠤᠷᠬᠠᠶ ᠶᠢᠨ ᠣᠷᠣᠨ ᠤ ᠬᠡᠪᠴᠢᠶᠡᠨ ᠠᠴᠠ ᠭᠠᠳᠠᠭᠤᠷ ᠪᠠᠶᠢᠷᠢᠰᠢᠭᠤᠯᠤᠭᠰᠠᠨ ᠠᠭᠤᠷᠬᠠᠢ ᠳᠤ ᠣᠷᠣᠬᠤ ᠵᠠᠮ᠂ ᠠᠵᠤ | ᠦᠢᠯᠡᠳᠪᠦᠷᠢ ᠶᠢᠨ ᠲᠠᠯᠠᠪᠠᠶ᠂ ᠦᠯᠡᠳᠡᠭᠳᠡᠯ ᠬᠦᠳᠡᠷ ᠰᠢᠷᠤᠢ ᠶᠢᠨ ᠠᠭᠤᠷᠬᠠᠢ ᠵᠡᠷᠭᠡ ᠦᠢᠯᠡᠳᠪᠦᠷᠢᠯᠡᠯ ᠤᠨ ᠲᠤᠰᠠᠯᠠᠬᠤ ᠪᠡᠯᠡᠳᠬᠡᠮᠵᠢ ᠳᠤ ᠪᠠᠨ ᠨᠤᠲᠤᠭ ᠪᠡᠯᠴᠢᠭᠡᠷ ᠢ | ᠡᠵᠡᠯᠡᠨ ᠬᠡᠷᠡᠭᠯᠡᠭᠦᠯᠬᠦ ᠶᠢ ᠨᠢ ᠴᠢᠩᠭ᠎ᠠ ᠬᠢᠵᠠᠭᠠᠷᠯᠠᠨ᠎ᠠ᠃ ᠬᠡᠪᠴᠢᠶᠡᠵᠢᠭᠰᠡᠨ ᠲᠡᠵᠢᠭᠡᠵᠦ ᠦᠷᠡᠵᠢᠭᠦᠯᠬᠦ ᠲᠠᠯᠠᠪᠠᠶ ᠵᠡᠷᠭᠡ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠳᠤ ᠪᠠᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠦᠯᠬᠦ ᠦᠢᠯᠡ ᠠᠵᠢᠯᠯᠠᠭ᠎ᠠ ᠶᠢ ᠨᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠨᠤᠲᠤᠭ ᠪᠡᠯᠴᠢᠭᠡᠷ ᠢ ᠲᠦᠷ | ᠴᠠᠭ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠳᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ | ᠲᠠᠯ᠎ᠠ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠠᠰ | ᠳᠠᠷᠠᠭᠠᠯᠠᠯ ᠢ ᠲᠦᠷᠭᠡᠳᠬᠡᠨ ᠰᠢᠯᠢᠳᠡᠭᠵᠢᠭᠦᠯᠦᠨ᠂ ᠨᠢᠭᠡ ᠴᠣᠩᠬᠤᠪᠴᠢ ᠪᠠᠷ ᠭᠥᠯᠢᠶᠡᠨ ᠠᠪᠴᠤ᠂ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠢᠳᠡᠪᠬᠢᠲᠡᠶ | ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠨᠧᠷᠭᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ ᠤᠨ | ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠳᠤ ᠲᠥᠯᠥᠭᠦᠯᠬᠦ ᠲᠦᠷᠢᠮ ᠪᠠ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠨᠤᠲᠤᠭ | ᠪᠡᠯᠴᠢᠭᠡᠷ ᠲᠤ ᠬᠤᠯᠪᠣᠭᠠᠯᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ | ᠠᠲᠠᠷ ᠬᠠᠭᠠᠯᠪᠤᠷᠢᠯᠠᠬᠤ ᠵᠡᠷᠭᠡ ᠨᠤᠲᠤᠭ ᠪᠡᠯᠴᠢᠭᠡᠷ ᠢ ᠵᠣᠷᠢᠭᠤᠳᠠ ᠡᠪᠳᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠨᠤᠲᠤᠭ | ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠪᠠ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠵᠦ ᠪᠠᠶᠢᠴᠠᠭᠠᠨ ᠰᠢᠢᠳᠪᠦᠷᠢᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ | ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠥᠯᠥᠪᠦᠷᠢ ᠲᠠᠢ ᠬᠡᠷᠡᠭᠯᠡᠬᠦ ᠳᠦᠷᠢᠮ ᠢ ᠲᠡᠭᠦᠯᠳᠡᠷᠵᠢᠭᠦᠯᠦᠨ᠎ᠡ᠃ | ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠲᠥᠯᠥᠪᠦᠷᠢ ᠲᠠᠢ ᠬᠡᠷᠡᠭᠯᠡᠬᠦ ᠬᠡᠪᠴᠢᠶ᠎ᠡ ᠶᠢ ᠲᠣᠳᠣᠷᠬᠠᠢ ᠲᠣᠭᠲᠠᠭᠠᠵᠤ᠂ ᠲᠠᠷᠢᠶᠠᠯᠠᠬᠤ ᠮᠠᠯᠵᠢᠬᠤ ᠣᠷᠣᠨ ᠤ | ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠠᠴᠠ ᠭᠡᠷ ᠪᠦᠯᠢ ᠪᠤᠶᠤ ᠡᠷᠦᠬᠡ ᠬᠤᠯᠪᠣᠭᠠᠯᠠᠵᠤ ᠳᠠᠭᠠᠭᠠᠴᠢᠯᠠᠨ ᠡᠵᠡᠩᠨᠡᠵᠦ ᠬᠡᠷᠡᠭᠯᠡᠬᠦ ᠶᠢ | ᠬᠡᠷᠡᠭᠵᠢᠭᠦᠯᠦᠭᠰᠡᠨ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠢ ᠲᠥᠯᠥᠪᠦᠷᠢ ᠲᠠᠢ ᠬᠡᠷᠡᠭᠯᠡᠬᠦ ᠬᠡᠪᠴᠢᠶᠡᠨ ᠳᠤ ᠣᠷᠣᠭᠤᠯᠬᠤ ᠦᠭᠡᠶ᠂ ᠭᠡᠪᠡᠴᠦ ᠬᠡᠷᠡᠭᠯᠡᠭᠴᠢᠳ ᠲᠤ | ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠶᠢ ᠨᠢ ᠲᠣᠳᠣᠷᠬᠠᠢ ᠲᠣᠭᠲᠠᠭᠠᠬᠤ ᠬᠡᠷᠡᠭᠲᠡᠶ᠃ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠲᠤ ᠵᠥᠪᠳᠡᠯᠴᠡᠬᠡᠷ | ᠲᠣᠭᠲᠠᠵᠤ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠣᠷᠣᠯᠠᠨ ᠬᠡᠷᠡᠭᠵᠢᠭᠦᠯᠬᠦ ᠭᠤᠣᠯ ᠴᠣᠭᠴᠠ ᠪᠠ ᠬᠡᠷᠡᠭᠯᠡᠬᠦ ᠡᠷᠬᠡᠲᠦ ᠬᠥᠮᠦᠨ ᠢ ᠨᠢ | ᠲᠣᠳᠣᠷᠬᠠᠢ ᠲᠣᠭᠲᠠᠭᠠᠬᠤ ᠶᠢᠨ ᠬᠠᠮᠲᠤ᠂ ᠬᠤᠶᠠᠷ ᠲᠠᠯ᠎ᠠ ᠶᠢᠨ ᠡᠷᠬᠡ ᠠᠰᠢᠭ ᠡᠭᠦᠷᠭᠡ ᠶᠢ ᠨᠢ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯᠲᠦ ᠨᠤᠲᠤᠭ | ᠪᠡᠯᠴᠢᠭᠡᠷ ᠤᠨ ᠥᠮᠴᠢᠯᠡᠭᠴᠢ ᠶᠢᠨ ᠡᠷᠬᠡ ᠠᠰᠢᠭ ᠤᠨ ᠪᠦᠲᠦᠮᠵᠢᠲᠡᠶ ᠪᠡᠶᠡᠯᠡᠭᠳᠡᠬᠦ ᠬᠡᠯᠪᠡᠷᠢ ᠮᠠᠶ᠋ᠢᠭ ᠢ ᠰᠦᠪᠡᠭᠴᠢᠯᠡᠨ ᠪᠠᠶᠢᠭᠤᠯᠵᠤ᠂ ᠤᠯᠤᠰ ᠤᠨ ᠥᠮᠴᠢᠯᠡᠯᠲᠦ ᠨᠤᠲᠤᠭ | ᠪᠡᠯᠴᠢᠭᠡᠷ ᠤᠨ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠭᠤᠣᠯ ᠴᠣᠭᠴᠠ ᠨᠢ ᠲᠦᠷᠢᠶᠡᠰᠦᠨ ᠮᠥᠩᠭᠦ᠂ ᠣᠨᠴᠠ ᠵᠦᠪᠰᠢᠶᠡᠷᠡᠯ ᠲᠠᠢ ᠡᠵᠡᠩᠨᠡᠯᠲᠡ ᠶᠢᠨ | ᠰᠦᠢᠳᠬᠡᠯ᠂ ᠡᠵᠡᠩᠨᠡᠯᠲᠡ ᠶᠢᠨ ᠠᠰᠢᠭ ᠣᠯᠵᠠᠪᠤᠷᠢ ᠶᠢᠨ ᠠᠰᠢᠭ ᠬᠤᠪᠢᠶᠠᠬᠤ ᠵᠡᠷᠭᠡ ᠠᠷᠭ᠎ᠠ ᠮᠠᠶ᠋ᠢᠭ ᠢᠶᠠᠷ ᠲᠥᠯᠥᠪᠦᠷᠢ ᠲᠠᠢ ᠬᠡᠷᠡᠭᠯᠡᠭᠰᠡᠨ ᠰᠦᠢᠳᠬᠡᠯ ᠢ | ᠬᠤᠷᠢᠶᠠᠬᠤ ᠶᠢᠨ ᠬᠠᠮᠲᠤ᠂ ᠠᠰᠢᠭ ᠣᠯᠵᠠᠪᠤᠷᠢ ᠬᠤᠪᠢᠶᠠᠷᠢᠯᠠᠬᠤ ᠲᠣᠭᠲᠠᠴᠠ ᠪᠠᠶᠢᠭᠤᠯᠤᠨ᠎ᠠ᠃ ᠲᠥᠯᠥᠪᠦᠷᠢ ᠲᠠᠢ ᠬᠡᠷᠡᠭᠯᠡᠭᠰᠡᠨ ᠪᠠᠶᠢᠳᠠᠯ ᠢ ᠤᠯᠤᠰ ᠤᠨ ᠦᠮᠴᠢᠯᠡᠯᠲᠦ | ᠡᠳ᠋ ᠬᠦᠷᠦᠩᠭᠡ ᠶᠢᠨ ᠮᠡᠳᠡᠭᠦᠯᠦᠯᠲᠡ ᠳᠤ ᠣᠷᠣᠭᠤᠯᠤᠨ᠎ᠠ᠃ ᠠᠷᠠᠳ ᠨᠡᠶᠢᠲᠡ ᠶᠢᠨ ᠦᠮᠴᠢᠯᠡᠯᠲᠦ ᠨᠤᠲᠤᠭ ᠪᠡᠯᠴᠢᠭᠡᠷ ᠤᠨ ᠡᠬᠢ ᠪᠠᠶᠠᠯᠢᠭ ᠡᠳ᠋ ᠬᠥᠷᠥᠩᠭᠡ ᠶᠢᠨ | ᠥᠮᠴᠢᠯᠡᠬᠦ ᠡᠷᠬᠡ ᠳᠤ ᠨᠠᠶᠢᠳᠠᠵᠤ ᠣᠷᠣᠯᠠᠨ ᠭᠦᠢᠴᠡᠳᠭᠡᠬᠦ ᠲᠣᠭᠲᠠᠴᠠ ᠶᠢᠨ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠦᠨ᠎ᠡ᠃ ︽ᠡᠭᠦᠷᠭᠡ᠂ | ᠪᠠᠯᠠ ᠮᠥᠩᠭᠦ᠂ ᠠᠷᠭ᠎ᠠ ᠬᠡᠮᠵᠢᠶ᠎ᠡ᠂ ᠬᠠᠷᠢᠭᠤᠴᠠᠯᠭ᠎ᠠ᠂ ᠬᠠᠷᠠᠯᠲᠠ︾ ᠲᠠᠪᠤ ᠶᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠠᠯᠪᠢᠬᠤ ᠶᠢ | ᠪᠠᠷᠢᠮᠲᠠᠯᠠᠵᠤ᠂ ᠡᠷᠬᠡ ᠬᠠᠷᠢᠭᠤᠴᠠᠯᠭ᠎ᠠ ᠶᠢ ᠨᠢ ᠲᠣᠳᠣᠷᠬᠠᠢ ᠲᠣᠭᠲᠠᠭᠠᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠲᠠᠯ᠎ᠠ ᠳᠠᠬᠢ ᠠᠵᠢᠯ | ᠶᠠᠪᠤᠳᠠᠯ ᠤᠨ ᠡᠮᠦᠨᠡᠬᠢ᠂ ᠠᠵᠢᠯ ᠶᠠᠪᠤᠳᠠᠯ ᠤᠨ ᠳᠤᠮᠳᠠᠬᠢ᠂ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠠ᠃ ᠨᠤᠲᠤᠭ ᠪᠡᠯᠴᠢᠭᠡᠷ ᠤᠨ | ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠲᠠᠯ᠎ᠠ ᠶᠢᠨ ᠠᠮᠵᠢᠯᠲᠠ ᠪᠦᠲᠦᠮᠵᠢ ᠶᠢ ᠦᠨᠡᠯᠡᠬᠦ ᠳᠦᠷᠢᠮ ᠢ ᠨᠢ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠵᠤ ᠬᠠᠮᠢᠶᠠᠷᠬᠤ᠂ | ᠪᠡᠯᠡ ᠮᠥᠩᠭᠦ ᠬᠡᠷᠡᠭᠯᠡᠬᠦ᠂ ᠬᠠᠷᠠᠯᠲᠠ ᠶᠢ ᠪᠡᠶᠡᠯᠡᠭᠦᠯᠬᠦ᠂ ᠠᠮᠢ ᠠᠬᠤᠶ ᠶᠢᠨ ᠦᠷ᠎ᠡ ᠠᠰᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠵᠡᠷᠭᠡ | ᠲᠠᠯ᠎ᠠ ᠠᠴᠠ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠭᠰᠡᠨ ᠦᠷ᠎ᠡ ᠪᠦᠲᠦᠭᠡᠯ ᠳᠤ ᠪᠦᠬᠦ ᠲᠠᠯ᠎ᠠ ᠶᠢᠨ ᠠᠮᠵᠢᠯᠲᠠ ᠪᠦᠲᠦᠮᠵᠢ ᠶᠢ ᠨᠢ ᠦᠨᠡᠯᠡᠨ ᠵᠢᠱᠢᠨ᠎ᠡ᠃ | ᠢᠨᠵᠧᠨᠧᠷᠢᠩ ᠤᠨ ᠲᠥᠷᠥᠯ ᠵᠦᠢᠯ ᠪᠠ ᠡᠪᠡᠰᠦ ᠲᠠᠷᠢᠬᠤ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠵᠢᠷᠤᠭ ᠲᠤ ᠣᠷᠤᠭᠤᠯᠬᠤ ᠠᠵᠢᠯ ᠢ ᠪᠣᠳᠠᠲᠠᠢ | ᠪᠦᠭᠡᠳ ᠨᠠᠷᠢᠯᠢᠭ ᠬᠢᠵᠦ᠂ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠢᠨᠵᠧᠨᠧᠷᠢᠩ ᠤᠨ ᠠᠮᠢ | ᠠᠬᠤᠶ ᠳᠤ ᠬᠡᠷᠡᠭᠯᠡᠬᠦ ᠦᠷ᠎ᠡ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠳᠦᠷᠢᠮ ᠢᠶᠠᠨ ᠲᠡᠭᠦᠯᠳᠡᠷᠵᠢᠭᠦᠯᠵᠦ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠨᠠᠢᠮᠠ︶ ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ ᠲᠣᠭᠲᠠᠭᠠᠵᠤ ᠳᠠᠭᠠᠭᠠᠴᠢᠯᠠᠨ ᠡᠵᠡᠩᠨᠡᠬᠦ ᠲᠣᠭᠲᠠᠴᠠ ᠪᠠᠨ ᠲᠡᠭᠦᠯᠳᠡᠷᠵᠢᠭᠦᠯᠦᠨ᠎ᠡ᠃ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠡᠷᠬᠡ ᠶᠢ ᠲᠣᠳᠣᠯᠠᠨ ᠲᠣᠭᠲᠠᠭᠠᠵᠤ ᠲᠡᠮᠳᠡᠭᠯᠡᠨ ᠳᠠᠩᠰᠠᠯᠠᠬᠤ ᠶᠢ ᠲᠦᠷᠭᠡᠳᠬᠡᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ | ᠳᠠᠭᠠᠭᠠᠴᠢᠯᠠᠯᠲᠠ ᠶᠢᠨ ᠦᠨᠡᠮᠯᠡᠯ ᠣᠯᠭᠤᠬᠤ ᠠᠵᠢᠯ ᠢ ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠨ ᠲᠣᠬᠢᠷᠠᠭᠤᠯᠬᠤ︾ ᠠᠵᠢᠯ ᠢ | ᠠᠬᠢᠭᠤᠯᠵᠤ᠂ ᠦᠮᠴᠢᠯᠡᠬᠦ ᠡᠷᠬᠡ᠂ ᠬᠡᠷᠡᠭᠯᠡᠬᠦ ᠡᠷᠬᠡ ᠶᠢ ᠲᠣᠳᠣᠷᠬᠠᠢ ᠲᠣᠭᠲᠠᠭᠠᠨ ᠳᠠᠭᠠᠭᠠᠴᠢᠯᠠᠬᠤ ᠡᠷᠬᠡ ᠶᠢ ᠨᠢ ᠲᠣᠭᠲᠠᠪᠤᠷᠢᠵᠢᠭᠤᠯᠵᠤ᠂ ᠡᠵᠡᠩᠨᠡᠯᠲᠡ ᠶᠢᠨ | ᠡᠷᠬᠡ ᠶᠢ ᠨᠢ ᠴᠢᠯᠦᠭᠡᠲᠡᠢ ᠪᠣᠯᠭᠠᠨ᠎ᠠ᠃ ᠨᠤᠲᠤᠭ ᠪᠡᠯᠴᠢᠭᠡᠷ ᠢ ᠡᠷᠭᠢᠯᠳᠦᠭᠦᠯᠦᠨ ᠰᠢᠯᠵᠢᠭᠦᠯᠬᠦ ᠶᠢᠨ ᠬᠢᠨᠠᠨ ᠬᠠᠮᠢᠶᠠᠷᠬᠤ ᠨᠢᠭᠡᠳᠦᠯᠲᠡᠶ ᠲᠠᠪᠴᠠᠩ ᠢ ᠪᠠᠶᠢᠭᠤᠯᠤᠨ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠡᠷᠭᠢᠯᠳᠦᠭᠦᠯᠦᠨ ᠰᠢᠯᠵᠢᠭᠦᠯᠬᠦ ᠳᠡᠰ 365赢多少钱会被限额_国内有真正的365平台吗_365bet博彩官网 | ᠳᠠᠷᠠᠭᠠᠯᠠᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠭᠢᠯᠳᠦᠭᠦᠯᠦᠨ ᠰᠢᠯᠵᠢᠭᠦᠯᠦᠭᠰᠡᠨ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠨᠢ ᠵᠣᠭᠰᠣᠭᠠᠵᠤ ᠰᠡᠯᠭᠦᠨ ᠪᠡᠯᠴᠢᠭᠡᠷᠯᠡᠭᠦᠯᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠮᠬᠢ ᠵᠢᠷᠤᠮ ᠲᠠᠢ ᠡᠷᠭᠢᠯᠳᠦᠭᠦᠯᠦᠨ ᠰᠢᠯᠵᠢᠭᠦᠯᠬᠦ ᠶᠢ ᠬᠥᠲᠥᠯᠥᠨ ᠵᠢᠯᠣᠭᠤᠳᠴᠤ᠂ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠳᠤ ᠪᠠᠨ ᠡᠷᠭᠢᠯᠳᠦᠭᠦᠯᠦᠨ ᠰᠢᠯᠵᠢᠭᠦᠯᠬᠦ ᠶᠢ ᠵᠣᠷᠢᠭᠵᠢᠭᠤᠯᠤᠨ᠂ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠭᠠᠳᠠᠭᠤᠷ ᠡᠷᠭᠢᠯᠳᠦᠭᠦᠯᠦᠨ ᠰᠢᠯᠵᠢᠭᠦᠯᠬᠦ ᠶᠢ ᠴᠢᠩᠭ᠎ᠠ ᠬᠢᠵᠠᠭᠠᠷᠯᠠᠨ᠎ᠠ᠃ ᠬᠤᠷᠰᠢᠶᠠᠯᠠᠯ ᠪᠠ ᠡᠷᠦᠬᠡ ᠬᠤᠯᠪᠣᠭᠠᠯᠠᠵᠤ ᠲᠣᠬᠢᠷᠠᠮᠵᠢᠲᠠᠢ | ᠬᠡᠪᠴᠢᠶᠡᠵᠢᠭᠰᠡᠨ ᠡᠵᠡᠩᠨᠡᠯᠲᠡ ᠥᠷᠨᠢᠭᠦᠯᠬᠦ ᠶᠢ ᠢᠳᠡᠪᠬᠢᠲᠡᠢ ᠠᠬᠢᠭᠤᠯᠵᠤ᠂ ᠬᠡᠰᠡᠭ ᠭᠠᠵᠠᠷ ᠣᠷᠣᠨ ᠤ ᠬᠠᠲᠤᠯᠠᠩ ᠪᠡᠯᠴᠢᠭᠡᠷ ᠤᠨ ᠬᠡᠰᠡᠭ ᠪᠣᠰᠠᠭᠴᠢᠯᠠᠬᠤ ᠠᠰᠠᠭᠤᠳᠠᠯ ᠢ | ᠰᠢᠢᠳᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠨᠤᠲᠤᠭ ᠪᠡᠯᠴᠢᠭᠡᠷ ᠤᠨ ᠡᠬᠢ ᠪᠠᠶᠠᠯᠢᠭ ᠲᠤ ᠪᠠᠶᠢᠴᠠᠭᠠᠯᠲᠠ ᠬᠢᠬᠦ ᠲᠣᠭᠲᠠᠯᠴᠠᠭ᠎ᠠ ᠶᠢ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠡᠬᠢ ᠪᠠᠶᠠᠯᠢᠭ ᠲᠤ | ᠪᠠᠶᠢᠴᠠᠭᠠᠯᠲᠠ ᠬᠢᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠳᠣ ᠪᠠᠶᠢᠭ᠎ᠠ ᠪᠠᠶᠢᠴᠠᠭᠠᠯᠲᠠ ᠬᠢᠬᠦ ᠬᠦᠴᠦᠨ ᠢᠶᠠᠨ ᠡᠮᠬᠢᠯᠡᠨ ᠨᠡᠶᠢᠯᠡᠭᠦᠯᠵᠦ᠂ | ᠤᠯᠤᠰ ᠤᠨ ᠪᠠᠷᠢᠮᠵᠢᠶ᠎ᠠ ᠪᠠ ᠮᠡᠷᠭᠡᠵᠢᠯ ᠤᠨ ᠲᠣᠭᠲᠠᠯᠴᠠᠭ᠎ᠠ ᠪᠠᠷ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠᠷ | ᠰᠠᠭᠤᠷᠢ ᠪᠣᠯᠭᠠᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠠᠷᠬᠠᠯᠲᠠ᠂ ᠲᠠᠯᠠᠪᠠᠶ᠂ ᠡᠷᠬᠡ ᠶᠢᠨ ᠬᠠᠷᠢᠶ᠎ᠠ᠂ ᠰᠢᠨᠵᠢ ᠴᠢᠨᠠᠷ ᠵᠡᠷᠭᠡ ᠦᠨᠳᠦᠰᠦᠨ ᠪᠠᠶᠢᠳᠠᠯ ᠢ | ᠪᠠᠶᠢᠴᠠᠭᠠᠨ ᠲᠣᠳᠣᠯᠠᠨ᠎ᠠ᠃ ᠵᠢᠯ ᠪᠦᠷᠢ ᠪᠦᠬᠦᠨ ᠢ ᠬᠠᠮᠤᠷᠤᠭᠰᠠᠨ ᠠᠯᠤᠰ ᠰᠡᠷᠡᠯ ᠤᠨ ᠬᠥᠳᠡᠯᠦᠩᠭᠦᠶ ᠪᠠᠶᠢᠴᠠᠭᠠᠯᠲᠠ ᠬᠢᠬᠦ ᠶᠢ ᠥᠷᠨᠢᠭᠦᠯᠵᠦ᠂ ᠪᠥᠬᠦ ᠣᠷᠣᠨ ᠤ ᠨᠤᠲᠤᠭ | ᠪᠡᠯᠴᠢᠭᠡᠷ ᠤᠨ ᠲᠠᠯᠠᠪᠠᠶ᠂ ᠬᠡᠪᠴᠢᠶ᠎ᠡ ᠵᠢᠴᠢ ᠣᠨ ᠤ ᠠᠰᠢᠭᠯᠠᠭᠰᠠᠨ ᠣᠳᠣᠬᠢ ᠪᠠᠶᠢᠳᠠᠯ ᠤᠨ ᠬᠤᠪᠢᠷᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠡᠵᠡᠮᠰᠢᠨ᠂ | ᠰᠠᠭᠤᠷᠢ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠣᠨ ᠤ ᠰᠢᠨᠡᠳᠭᠡᠭᠰᠡᠨ ᠢᠶᠠᠷ ᠲᠤᠯᠭᠠᠭᠤᠷᠢᠯᠠᠯ ᠪᠣᠯᠭᠠᠵᠤ᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠰᠠᠭᠤᠷᠢ | ᠲᠠᠩᠰᠠ ᠡᠪᠬᠡᠮᠡᠯ ᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ | ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠤᠨ ᠬᠢᠨᠠᠨ ᠰᠢᠨᠵᠢᠵᠦ ᠦᠨᠡᠯᠡᠬᠦ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠨᠤᠲᠤᠭ | ᠪᠡᠯᠴᠢᠭᠡᠷ ᠤᠨ ᠠᠮᠢ ᠠᠬᠤᠢ ᠶᠢ ᠬᠢᠨᠠᠨ ᠰᠢᠨᠵᠢᠵᠤ ᠦᠨᠡᠯᠡᠬᠦ ᠲᠥᠷᠢᠮ ᠢ ᠤᠯᠠᠮ ᠨᠢᠭᠡ ᠠᠯᠬᠤᠮ ᠪᠥᠷᠢᠨᠰᠢᠬᠦᠯᠵᠤ᠂ ᠨᠤᠲᠤᠭ ᠪᠡᠯᠴᠢᠭᠡᠷ ᠤᠨ ᠬᠢᠨᠠᠨ ᠰᠢᠨᠵᠢᠬᠦ ᠲᠣᠭᠲᠠᠮᠠᠯ | ᠴᠡᠭ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠤᠳᠤ ᠪᠠᠶᠢᠭ᠎ᠠ ᠤᠢ ᠰᠢᠭᠤᠢ ᠨᠤᠲᠤᠭ ᠪᠡᠯᠴᠢᠭᠡᠷ ᠢ ᠬᠢᠨᠠᠨ ᠰᠢᠨᠵᠢᠵᠦ ᠦᠨᠡᠯᠡᠬᠦ ᠡᠩᠨᠡᠭᠡ ᠳᠤ | ᠲᠦᠰᠢᠭᠯᠡᠵᠦ᠂ ᠤᠯᠤᠰ ᠤᠨ ᠪᠠᠷᠢᠮᠵᠢᠶ᠎ᠠ ᠪᠠ ᠮᠡᠷᠭᠡᠵᠢᠯ ᠤᠨ ᠲᠣᠭᠲᠠᠯᠴᠠᠭ᠎ᠠ ᠶᠣᠰᠣᠭᠠᠷ᠂ ᠰᠠᠭᠤᠷᠢ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ 5 | ᠵᠢᠯ ᠳᠤ ᠨᠢᠭᠡ ᠤᠳᠠᠭ᠎ᠠ ᠲᠤᠰᠬᠠᠢ ᠪᠠᠶᠢᠴᠠᠭᠠᠯᠲᠠ ᠬᠢᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ᠂ ᠨᠤᠲᠤᠭ ᠪᠡᠯᠴᠢᠭᠡᠷ ᠤᠨ ᠲᠥᠷᠥᠯ ᠬᠡᠯᠪᠡᠷᠢ᠂ ᠠᠮᠢᠳᠤ ᠪᠣᠳᠠᠰ ᠤᠨ | ᠬᠡᠮᠵᠢᠶ᠎ᠡ᠂ ᠲᠡᠰ᠂ ᠠᠮᠢ ᠠᠬᠤᠢ ᠶᠢᠨ ᠡᠷᠡᠭᠦᠯ ᠤᠨ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ ᠢ ᠪᠠᠶᠢᠴᠠᠭᠠᠨ ᠲᠣᠳᠣᠯᠠᠨ᠎ᠠ᠃ ᠪᠥᠬᠦ ᠣᠷᠣᠨ ᠤ ᠨᠤᠲᠤᠭ ᠪᠡᠯᠴᠢᠭᠡᠷ ᠤᠨ | ᠬᠦᠬᠡᠷᠡᠬᠦ᠂ ᠤᠷᠭᠤᠴᠠ᠂ ᠡᠪᠡᠰᠦᠨ ᠤ ᠰᠠᠶᠢᠨ ᠤᠷᠭᠤᠬᠤ ᠴᠠᠭ ᠵᠡᠷᠭᠡ ᠶᠢ ᠬᠢᠨᠠᠨ ᠰᠢᠨᠵᠢᠭᠰᠡᠨ ᠦᠷ᠎ᠡ ᠳ᠋ᠦᠩ ᠢᠶᠠᠨ ᠲᠣᠭᠲᠠᠮᠠᠯ ᠬᠤᠭᠤᠴᠠᠭ᠎ᠠ ᠲᠠᠢ ᠨᠡᠶᠢᠲᠡᠯᠡᠵᠦ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠣᠨ ᠤ ᠬᠢᠨᠠᠨ ᠰᠢᠨᠵᠢᠵᠦ ᠦᠨᠡᠯᠡᠭᠰᠡᠨ ᠮᠡᠳᠡᠭᠦᠯᠦᠯᠲᠡ ᠶᠢ ᠨᠡᠶᠢᠲᠡᠯᠡᠨ᠎ᠡ᠃ ᠵᠢᠯ ᠪᠦᠷᠢ ᠪᠠᠶᠢᠭᠠᠯᠢ ᠶᠢᠨ ᠨᠤᠲᠤᠭ | ᠪᠡᠯᠴᠢᠭᠡᠷ ᠲᠠᠬᠢ ᠮᠠᠯ ᠪᠡᠯᠴᠢᠭᠡᠷ ᠤᠨ ᠲᠡᠩᠴᠡᠭᠦᠷᠢ ᠳᠤ ᠬᠢᠨᠠᠨ ᠰᠢᠨᠵᠢᠵᠦ ᠦᠨᠡᠯᠡᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠪᠠᠶᠢᠭᠠᠯᠢ ᠶᠢᠨ ᠨᠤᠲᠤᠭ ᠪᠡᠯᠴᠢᠭᠡᠷ ᠲᠤ | ᠪᠡᠯᠴᠢᠭᠡᠷᠯᠡᠭᠦᠯᠬᠦ ᠡᠷᠴᠢᠮ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠠᠶᠢᠮᠠᠭ ᠬᠤᠲᠠ ᠳᠤ ᠳᠠᠷᠤᠶᠢᠬᠠᠨ ᠬᠦᠷᠭᠡᠨ᠎ᠡ᠃ ︵ᠥᠪᠡᠷᠲᠡᠭᠡᠨ ᠵᠠᠰᠠᠬᠤ | ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠨᠢᠭᠡ︶ ᠨᠤᠲᠤᠭ ᠪᠡᠯᠴᠢᠭᠡᠷ ᠤᠨ ᠲᠣᠭᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠨ᠎ᠠ᠃ ᠨᠤᠲᠤᠭ | ᠪᠡᠯᠴᠢᠭᠡᠷ ᠤᠨ ᠬᠠᠮᠢᠶᠠᠷᠤᠭᠴᠢ ᠶᠢᠨ ᠳᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ | ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠢ ᠬᠠᠮᠢᠶᠠᠷᠴᠤ ᠬᠠᠮᠠᠭᠠᠯᠠᠬᠤ ᠲᠣᠣᠷ ᠢ ᠪᠠᠶᠢᠭᠤᠯᠤᠨ ᠪᠦᠷᠢᠨᠰᠢᠭᠦᠯᠦᠨ᠎ᠡ᠃ ᠭᠠᠵᠠᠷ | ᠵᠦᠢ ᠶᠢᠨ ᠮᠡᠳᠡᠭᠡ ᠵᠠᠩᠭᠢ ᠪᠠ ᠥᠨᠳᠥᠷ ᠢᠯᠭᠠᠮᠵᠢᠲᠤ ᠠᠯᠤᠰ ᠰᠡᠷᠡᠯ ᠤᠨ ᠮᠡᠷᠭᠡᠵᠢᠯ ᠢ ᠠᠰᠢᠭᠯᠠᠨ᠂ ᠲᠣᠮᠣ ᠳ᠋ᠠᠶᠢᠲ᠋ᠠ ᠶᠢᠨ ᠲᠠᠪᠴᠠᠩ ᠢᠶᠠᠷ ᠲᠤᠰᠠᠯᠠᠮᠵᠢ ᠪᠣᠯᠭᠠᠵᠤ᠂ | ᠰᠠᠨᠰᠠᠷ ᠣᠭᠲᠠᠷᠭᠤᠢ ᠭᠠᠵᠠᠷ ᠳᠡᠭᠡᠷᠡᠬᠢ ᠶᠢ ᠨᠢᠭᠡ ᠴᠣᠭᠴᠠᠵᠢᠭᠤᠯᠤᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠲᠣᠭᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠤᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠠᠶᠢᠴᠠᠭᠠᠵᠤ ᠬᠢᠨᠠᠨ ᠰᠢᠨᠵᠢᠵᠦ ᠦᠨᠡᠯᠡᠭᠰᠡᠨ ᠳ᠋ᠠᠶᠢᠲ᠋ᠠ ᠶᠢᠨ ᠮᠡᠳᠡᠭᠡ ᠵᠠᠩᠭᠢ ᠪᠠᠨ ᠬᠠᠮᠲᠤ ᠪᠠᠷ | ᠬᠦᠷᠲᠡᠬᠦ ᠲᠣᠭᠲᠠᠴᠠ ᠶᠢ ᠪᠦᠷᠢᠨᠰᠢᠭᠦᠯᠵᠦ᠂ ᠨᠤᠲᠤᠭ ᠪᠡᠯᠴᠢᠭᠡᠷ ᠤᠨ ᠲᠣᠣᠷᠯᠢᠭᠵᠢᠭᠤᠯᠤᠭᠰᠠᠨ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨᠴᠢ ᠪᠠᠷ | ᠠᠰᠢᠭᠯᠠᠬᠤ ᠳᠤ ᠡᠷᠴᠢᠮ ᠬᠦᠴᠦᠨ ᠢ ᠨᠢ ᠴᠢᠩᠭᠠᠷᠠᠭᠤᠯᠤᠨ᠎ᠠ᠃ ᠨᠤᠲᠤᠭ ᠪᠡᠯᠴᠢᠭᠡᠷ ᠤᠨ ᠡᠬᠢ ᠪᠠᠶᠠᠯᠢᠭ᠂ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠬᠤ᠂ ᠠᠮᠢᠳᠤ | ᠪᠣᠳᠠᠰ ᠤᠨ ᠬᠤᠣᠷ ᠬᠦᠨᠦᠭᠡᠯ ᠢ ᠰᠡᠷᠭᠡᠶᠢᠯᠡᠨ ᠳᠠᠷᠤᠬᠤ᠂ ᠪᠡᠯᠴᠢᠭᠡᠷᠯᠡᠭᠦᠯᠬᠦ ᠮᠠᠯ ᠤᠨ ᠲᠤᠭ᠎ᠠ ᠲᠣᠯᠣᠭᠠᠶ ᠵᠡᠷᠭᠡ ᠰᠠᠭᠤᠷᠢ ᠲᠤᠭ᠎ᠠ ᠪᠦᠷᠢᠳᠬᠡᠯ ᠤᠨ ᠭᠦᠢᠴᠡᠳᠬᠡᠯ | ᠲᠤᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠬᠤᠶᠠᠷ︶ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠣᠭᠲᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ | ᠰᠢᠯᠢᠳᠡᠭᠵᠢᠭᠦᠯᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠶᠡᠷᠦᠩᠬᠡᠶ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ᠣᠳᠣ ᠶᠢᠨ ᠪᠠᠶᠢᠭ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠰᠠᠭᠤᠷᠢᠨ ᠳᠡᠭᠡᠷ᠎ᠡ᠂ | ︽ᠡᠷᠢᠶᠡᠨᠭᠤᠪᠢ ᠶᠢᠨ ᠲᠠᠯ᠎ᠠ ᠨᠤᠲᠤᠭ︾ ᠢᠶᠠᠷ ᠲᠥᠯᠥᠭᠡᠯᠡᠭᠦᠯᠦᠭᠰᠡᠨ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠪᠦᠯᠦᠭᠵᠢᠯ ᠢ ᠡᠭᠦᠳᠦᠨ | ᠪᠠᠶᠢᠭᠤᠯᠵᠤ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠢᠯᠭᠠᠭ᠎ᠠ ᠲᠠᠢ ᠬᠠᠮᠢᠶᠠᠷᠬᠤ ᠶᠢ ᠬᠡᠷᠡᠭᠵᠢᠭᠦᠯᠦᠨ᠎ᠡ᠃ ᠲᠠᠯ᠎ᠠ ᠨᠤᠲᠤᠭ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠲᠡᠮᠳᠡᠭᠯᠡᠬᠦ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠩ ᠤᠨ ᠬᠢᠵᠠᠭᠠᠷᠯᠠᠬᠤ ᠣᠷᠣᠨ ᠪᠠ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠲᠤ ᠠᠯᠳᠠᠭᠳᠠᠯᠲᠠᠢ ᠵᠦᠢᠯᠡᠰ ᠤᠨ | ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠦᠢᠯᠡᠳᠪᠦᠷᠢᠯᠡᠯ ᠪᠠ ᠵᠢᠭᠤᠯᠴᠢᠯᠠᠯ ᠵᠡᠷᠭᠡ ᠠᠵᠢᠯᠯᠠᠭ᠎ᠠ ᠶᠢ ᠴᠢᠩᠭ᠎ᠠ ᠬᠠᠮᠢᠶᠠᠷᠴᠤ᠂ ᠠᠮᠢ ᠠᠬᠤᠶ ᠶᠢᠨ | ᠰᠢᠰᠲ᠋ᠧᠮ ᠤᠨ ᠪᠦᠷᠢᠨ ᠪᠦᠲᠦᠨ ᠴᠢᠨᠠᠷ ᠪᠠ ᠬᠤᠯᠪᠣᠯᠳᠤᠬᠤ ᠴᠢᠨᠠᠷ ᠢ ᠪᠠᠲᠤᠯᠠᠨ᠂ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠲᠣᠭᠲᠠᠨᠢᠵᠤ ᠦᠷᠡᠵᠢᠬᠦ ᠳᠤ | ᠣᠷᠣᠨ ᠵᠠᠶ ᠦᠯᠡᠳᠡᠭᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠦᠲᠦᠮᠵᠢᠲᠡᠶ ᠬᠠᠮᠠᠭᠠᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠤᠯᠤᠰ ᠤᠨ ᠴᠢᠬᠤᠯᠠ ᠶᠡᠭᠡ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ ᠪᠠᠶᠢᠭᠠᠯᠢ ᠶᠢ ᠬᠦᠨᠳᠦᠳᠬᠡᠬᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ᠂ ᠤᠰᠤ | ᠬᠤᠷ᠎ᠠ ᠶᠢᠨ ᠬᠡᠮᠵᠢᠶ᠎ᠡ ᠪᠠᠷ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠂ ᠲᠠᠷᠢᠶᠠᠯᠠᠬᠤ ᠶᠢ ᠨᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠭᠤᠣᠯᠳᠠᠯᠭ᠎ᠠ ᠲᠠᠢ ᠣᠷᠣᠨ | ᠪᠦᠰᠡ ᠶᠢᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠲᠤᠰᠬᠠᠶ ᠢᠨᠵᠧᠨᠧᠷᠢᠩ ᠢ ᠵᠣᠬᠢᠶᠠᠨ ᠪᠠᠶᠢᠭᠤᠯᠵᠦ ᠬᠡᠷᠡᠭᠵᠢᠭᠦᠯᠦᠨ᠂ | ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠨᠦᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠨ᠎ᠡ᠃ ᠪᠡᠯᠴᠢᠭᠡᠷᠯᠡᠭᠦᠯᠬᠦ ᠶᠢ ᠨᠢ | ᠬᠤᠷᠢᠭᠯᠠᠵᠤ ᠪᠢᠲᠡᠭᠦᠮᠵᠢᠯᠡᠨ ᠦᠷᠡᠵᠢᠭᠦᠯᠬᠦ᠂ ᠬᠠᠭᠠᠯᠪᠤᠷᠢᠯᠠᠬᠤ ᠦᠭᠡᠶ ᠪᠠᠷ ᠨᠥᠬᠦᠵᠦ ᠲᠠᠷᠢᠬᠤ᠂ ᠦᠨᠳᠦᠰᠦ ᠶᠢ ᠨᠢ ᠠᠷᠢᠯᠭᠠᠵᠤ ᠪᠣᠷᠳᠣᠭᠤᠷ ᠣᠷᠣᠭᠤᠯᠬᠤ᠂ | ᠨᠢᠰᠬᠡᠯ ᠢᠶᠠᠷ ᠲᠠᠷᠢᠬᠤ᠂ ᠡᠪᠳᠡᠭᠳᠡᠭᠰᠡᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠳᠠᠬᠢᠨᠲᠠ ᠰᠡᠷᠭᠦᠭᠡᠬᠦ ᠪᠠ ᠬᠤᠣᠷ ᠲᠠᠢ ᠠᠮᠢᠳᠤ ᠪᠣᠳᠠᠰ ᠢ ᠰᠡᠷᠭᠡᠶᠢᠯᠡᠨ | ᠬᠤᠷᠢᠭᠯᠠᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠠᠵᠢᠯ ᠢ | ᠥᠷᠨᠢᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠ ᠬᠥᠷᠥᠰᠥ ᠰᠢᠷᠣᠶ ᠶᠢ ᠰᠡᠷᠭᠦᠭᠡᠬᠦ ᠪᠠᠨ ᠲᠦᠷᠭᠡᠳᠬᠡᠨ᠎ᠡ᠃ ᠲᠥᠷᠥᠯ ᠵᠦᠢᠯ ᠤᠨ | ᠬᠠᠮᠢᠶᠠᠷᠤᠯᠲᠠ ᠶᠢ ᠴᠢᠩᠭᠠᠳᠬᠠᠨ᠂ ᠵᠠᠰᠠᠯᠲᠠ ᠶᠢᠨ ᠣᠷᠣᠨ ᠳᠠᠬᠢ ᠳᠠᠷᠠᠭᠠᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠷᠠᠭᠤᠯᠤᠨ᠎ᠠ᠂ ᠡᠪᠳᠡᠬᠦ | ᠮᠠᠶ᠋ᠢᠭ ᠤᠨ᠂ ᠪᠠᠴᠢᠮ ᠪᠠᠶᠢᠳᠠᠯ ᠢ ᠠᠷᠭᠠᠴᠠᠭᠠᠬᠤ ᠮᠠᠶ᠋ᠢᠭ ᠤᠨ᠂ ᠳᠤᠤᠷ᠎ᠠ ᠬᠢᠷᠢ ᠲᠦᠪᠰᠢᠨ ᠲᠠᠢ ᠵᠠᠰᠠᠨ ᠰᠡᠷᠭᠦᠭᠡᠬᠦ ᠠᠵᠢᠯ ᠢ ᠬᠢᠵᠦ ᠪᠣᠯᠬᠤ ᠥᠬᠡᠶ᠃ ᠨᠤᠲᠤᠭ | ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠮᠧᠬᠠᠨᠢᠭ ᠲᠥᠬᠦᠭᠡᠷᠦᠮᠵᠢ ᠲᠦᠪᠬᠢᠨᠡᠭᠦᠯᠬᠦ ᠳᠤ ᠨᠡᠮᠡᠭᠦᠷᠢ ᠥᠭᠬᠦ ᠨᠡᠷᠡᠰ ᠤᠨ ᠵᠢᠭᠰᠠᠭᠠᠯᠲᠠ ᠶᠢ ᠲᠣᠭᠲᠠᠭᠠᠵᠤ᠂ | ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠣᠨᠤᠭ ᠲᠥᠬᠦᠭᠡᠷᠦᠮᠵᠢ ᠮᠧᠬᠠᠨᠢᠭ ᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠥᠭᠬᠦ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠳᠥᠷᠪᠡ︶ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠨ ᠵᠠᠰᠠᠬᠤ ᠵᠢᠷᠤᠭ ᠲᠥᠯᠥᠪᠯᠡᠭᠡ ᠶᠢᠨ ᠪᠠᠷᠢᠯᠭ᠎ᠠ ᠪᠠᠷᠢᠬᠤ ᠠᠵᠢᠯ ᠢ ᠵᠢᠷᠤᠮᠵᠢᠭᠤᠯᠤᠨ | ᠥᠷᠨᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠪᠠᠯᠠ ᠣᠷᠣᠭᠤᠯᠤᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠨ ᠵᠠᠰᠠᠬᠤ ᠲᠥᠷᠥᠯ | ᠵᠦᠢᠯ ᠤᠨ ᠪᠥᠲᠥᠭᠡᠨ ᠪᠠᠶᠢᠭᠤᠯᠬᠤ ᠨᠢᠭᠡᠴᠢ ᠨᠢ ᠬᠡᠷᠡᠭᠵᠢᠭᠦᠯᠬᠦ ᠲᠥᠰᠦᠯ ᠪᠤᠶᠤ ᠠᠵᠢᠯᠯᠠᠬᠤ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠠᠶᠢᠮᠠᠭ ᠬᠤᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠦᠷ᠎ᠡ ᠬᠡᠷᠡᠭᠯᠡᠬᠦ ᠪᠠ | ᠮᠡᠷᠭᠡᠵᠢᠯ ᠤᠨ ᠠᠷᠭ᠎ᠠ ᠬᠡᠮᠵᠢᠶ᠎ᠡ ᠶᠢ ᠬᠢᠨᠠᠨ ᠬᠠᠷᠭᠤᠭᠤᠯᠬᠤ ᠶᠢᠨ ᠬᠠᠮᠲᠤ᠂ ᠴᠤᠬᠤᠯᠠᠪᠦᠷᠢᠯᠠᠵᠤ ᠬᠡᠷᠡᠭᠵᠢᠭᠦᠯᠦᠨ᠎ᠡ᠃ ᠨᠡᠶᠢᠭᠡᠮ ᠳᠠᠶᠠᠭᠠᠷ ᠤᠨ ᠨᠡᠶᠢᠳᠡᠮ ᠠᠩᠬᠠᠷᠴᠤ | ᠪᠠᠶᠢᠭ᠎ᠠ ᠬᠠᠯᠠᠮᠰᠢᠯ ᠲᠠᠢ ᠲᠥᠷᠥᠯ ᠵᠦᠢᠯ ᠳᠤ ᠡᠷᠬᠡᠪᠰᠢ ᠲᠤᠰᠬᠠᠶ ᠮᠡᠷᠭᠡᠵᠢᠯᠲᠡᠨ ᠢᠶᠠᠷ ᠨᠤᠲᠠᠯᠠᠯᠲᠠ ᠬᠢᠯᠭᠡᠬᠦ ᠶᠢ ᠥᠷᠨᠢᠭᠦᠯᠵᠦ᠂ ᠡᠯ᠎ᠡ ᠲᠠᠯ᠎ᠠ ᠶᠢᠨ ᠬᠢᠨ ᠤ ᠰᠠᠨᠠᠯ ᠢ | ᠥᠷᠭᠡᠨ ᠢᠶᠠᠷ ᠰᠣᠨᠣᠰᠤᠨ᠎ᠠ᠃ ᠬᠤᠪᠣᠷ ᠴᠤᠬᠠᠭ ᠤᠷᠭᠤᠮᠠᠯ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠲᠤ ᠬᠤᠯᠪᠣᠭᠳᠠᠭᠰᠠᠨ ᠪᠠᠶᠢᠪᠠᠯ᠂ ᠦᠩᠭᠡᠨ | ᠬᠥᠷᠥᠰᠥ ᠶᠢ ᠡᠪᠳᠡᠬᠦ᠂ ᠪᠦᠬᠦᠨ ᠢ ᠬᠠᠭᠠᠯᠪᠤᠷᠢᠯᠠᠵᠤ ᠲᠡᠭᠰᠢᠯᠡᠬᠦ ᠠᠷᠭ᠎ᠠ ᠬᠡᠮᠵᠢᠶ᠎ᠡ ᠠᠪᠬᠤ ᠶᠢ ᠴᠠᠭᠠᠵᠠᠯᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠢ | ᠵᠣᠷᠢᠭᠵᠢᠭᠤᠯᠵᠤ ᠪᠠᠶᠢᠭᠠᠳ ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ ᠪᠠ ᠬᠥᠳᠡᠯᠮᠦᠷᠢᠯᠡᠭᠦᠯᠬᠦ ᠪᠠᠷ ᠳᠡᠳᠬᠦᠬᠦ ᠶᠢ ᠣᠷᠣᠯᠠᠭᠤᠯᠬᠤ ᠬᠡᠯᠪᠡᠷᠢ ᠮᠠᠶ᠋ᠢᠭ ᠢ ᠠᠪᠴᠤ | ᠨᠤᠲᠤᠭ ᠪᠡᠯᠴᠢᠭᠡᠷ ᠤᠨ ᠠᠮᠢ ᠠᠬᠤᠶ ᠪᠠᠨ ᠬᠠᠮᠠᠭᠠᠯᠠᠨ ᠰᠡᠷᠭᠦᠭᠡᠬᠦ ᠶᠢ ᠦᠷᠨᠢᠭᠦᠯᠵᠦ᠂ ᠲᠠᠷᠢᠶᠠᠴᠢᠨ ᠮᠠᠯᠴᠢᠳ ᠲᠤ ᠠᠮᠢ ᠠᠬᠤᠶ ᠶᠢ ᠰᠡᠷᠭᠦᠭᠡᠬᠦ ᠪᠠᠷ ᠳᠠᠮᠵᠢᠭᠤᠯᠤᠨ | ᠠᠰᠢᠭ ᠬᠦᠷᠲᠡᠭᠡᠨ᠎ᠡ᠃ ᠨᠤᠲᠤᠭ ᠪᠡᠯᠴᠢᠭᠡᠷ ᠢ ᠲᠣᠣᠷᠯᠠᠨ ᠬᠦᠷᠢᠶᠡᠯᠡᠬᠦ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠰᠢᠨ᠎ᠡ ᠮᠡᠷᠭᠡᠵᠢᠯ᠂ | ᠰᠢᠨ᠎ᠡ ᠮᠠᠲ᠋ᠧᠷᠢᠶᠠᠯ ᠢᠶᠠᠷ ᠤᠯᠠᠮᠵᠢᠯᠠᠯᠲᠤ ᠲᠣᠣᠷᠯᠠᠨ ᠬᠦᠷᠢᠶᠡᠯᠡᠬᠦ ᠪᠠᠨ ᠣᠷᠣᠯᠠᠭᠤᠯᠬᠤ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠲᠠᠪᠤ︶ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠵᠠᠰᠠᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠎ᠠ᠃ ᠪᠠᠶᠢᠭᠠᠯᠢ ᠶᠢ | ᠬᠦᠨᠳᠦᠳᠬᠡᠵᠦ᠂ ᠲᠠᠯ᠎ᠠ ᠨᠤᠲᠤᠭ ᠤᠨ ᠪᠠᠯᠠᠷᠯᠢᠭ ᠪᠠᠶᠢᠭᠠᠯᠢ ᠶᠢᠨ ᠥᠩᠭᠡ ᠦᠵᠡᠮᠵᠢ ᠳᠤ ᠰᠠᠭᠤᠷᠢᠯᠠᠨ᠂ ᠣᠶᠢᠵᠢᠭᠤᠯᠬᠤ ᠳᠤ ᠳᠣᠭᠢᠷᠠᠪᠠᠯ ᠣᠶᠢᠵᠢᠭᠤᠯᠵᠤ᠂ ᠡᠪᠡᠰᠦ | ᠳᠠᠷᠢᠬᠤ ᠳᠤ ᠳᠣᠭᠢᠷᠠᠪᠠᠯ ᠡᠪᠡᠰᠦ ᠳᠠᠷᠢᠵᠤ᠂ ᠠᠲᠠᠷᠰᠢᠭᠤᠯᠬᠤ ᠳᠤ ᠳᠣᠭᠢᠷᠠᠪᠠᠯ ᠠᠲᠠᠷᠰᠢᠭᠤᠯᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢ | ᠶᠡᠷᠦᠩᠬᠡᠶᠢᠯᠡᠨ ᠵᠠᠰᠠᠬᠤ ᠪᠠ ᠰᠢᠰᠲ᠋ᠧᠮ ᠲᠠᠢ ᠰᠡᠷᠭᠦᠭᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ ᠭᠠᠩ ᠬᠠᠭᠤᠷᠠᠶ ᠪᠠ ᠬᠠᠭᠠᠰ ᠭᠠᠩ ᠬᠠᠭᠤᠷᠠᠶ ᠭᠠᠵᠠᠷ | ᠣᠷᠣᠨ ᠤ ᠪᠣᠲᠠ ᠮᠣᠳᠣᠨ ᠤ ᠤᠷᠭᠤᠮᠠᠯ ᠲᠠᠢ ᠬᠠᠳᠤᠯᠠᠩ ᠪᠡᠯᠴᠢᠭᠡᠷ ᠲᠤ ᠤᠰᠤᠯᠠᠯᠲᠠ ᠪᠠᠷ ᠨᠤᠭᠤᠭᠠᠷᠠᠭᠤᠯᠬᠤ ᠪᠠᠨ ᠲᠣᠭᠲᠠᠭᠠᠬᠤ ᠶᠢ ᠪᠠᠷᠢᠮᠲᠠᠯᠠᠨ᠂ ᠤᠰᠤᠯᠠᠬᠤ ᠪᠠ | ᠡᠪᠡᠰᠦ ᠲᠠᠷᠢᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠠᠮᠢ ᠠᠬᠤᠶ ᠶᠢᠨ ᠰᠢᠰᠲ᠋ᠧᠮ ᠤᠨ | ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠰᠢᠭᠤᠶᠢᠲᠤ ᠣᠷᠣᠨ ᠪᠠ ᠣᠶ ᠰᠢᠭᠤᠶ ᠬᠢᠭᠡᠳ ᠡᠪᠡᠰᠦ ᠪᠡᠯᠴᠢᠭᠡᠷ ᠰᠣᠯᠪᠢᠴᠠᠭᠰᠠᠨ ᠭᠠᠵᠠᠷ ᠲᠤ ᠣᠶ ᠰᠢᠭᠤᠶ ᠶᠢᠨ | ᠵᠠᠬ᠎ᠠ ᠶᠢᠨ ᠪᠡᠯᠴᠢᠭᠡᠷ ᠢ ᠬᠡᠪ ᠢᠶᠠᠷ ᠨᠢ ᠪᠠᠶᠢᠯᠭᠠᠵᠤ᠂ ᠣᠶᠢᠲᠤ ᠭᠠᠵᠠᠷ᠂ ᠪᠡᠯᠴᠢᠭᠡᠷ ᠤᠨ ᠰᠢᠬᠢᠳᠭᠡᠬᠦ ᠲᠠᠷᠬᠠᠯᠲᠠ ᠶᠢᠨ ᠬᠠᠮ ᠠᠮᠢ ᠠᠬᠤᠶ ᠶᠢᠨ ᠰᠢᠰᠲ᠋ᠧᠮ ᠢ ᠲᠣᠭᠲᠠᠭᠤᠨ | ᠪᠠᠶᠢᠯᠭᠠᠨ᠎ᠠ᠃ ᠨᠤᠲᠤᠭ ᠪᠡᠯᠴᠢᠭᠡᠷ ᠤᠨ ᠣᠷᠣᠨ ᠳᠠᠬᠢ ᠠᠮᠢ ᠠᠬᠤᠶ ᠨᠢ ᠬᠡᠪᠡᠷᠡᠭ᠂ ᠠᠮᠢ ᠠᠬᠤᠶ ᠶᠢᠨ ᠣᠷᠣᠨ ᠪᠠᠶᠢᠷᠢ ᠨᠢ ᠴᠢᠬᠤᠯᠠ ᠪᠣᠯᠬᠤ ᠲᠠᠴᠢᠷᠳᠠᠭᠰᠠᠨ ᠨᠤᠲᠤᠭ | ᠪᠡᠯᠴᠢᠭᠡᠷ ᠲᠤ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠵᠤ ᠬᠠᠮᠢᠶᠠᠷᠬᠤ ᠶᠢ ᠴᠢᠩᠭᠠᠳᠬᠠᠨ᠂ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ | ᠨᠤᠲᠤᠭ ᠪᠡᠯᠴᠢᠭᠡᠷ ᠲᠤ ᠮᠣᠳᠣ ᠲᠠᠷᠢᠬᠤ ᠶᠢ ᠴᠢᠩᠭ᠎ᠠ ᠬᠤᠷᠢᠭᠯᠠᠨ᠎ᠠ᠃ ᠨᠤᠲᠤᠭ ᠤᠨ ᠲᠣᠬᠢᠷᠠᠮᠵᠢᠲᠠᠶ ᠡᠪᠡᠰᠦᠨ ᠤ ᠦᠷ᠎ᠡ ᠶᠢ ᠡᠩ ᠲᠡᠷᠢᠭᠦᠨ ᠳᠤ ᠰᠣᠩᠭᠤᠨ ᠬᠡᠷᠡᠭᠯᠡᠵᠦ | ᠨᠤᠲᠤᠭ ᠪᠡᠯᠴᠢᠭᠡᠷ ᠤᠨ ᠠᠮᠢ ᠠᠬᠤᠶ ᠪᠠᠨ ᠰᠡᠷᠭᠦᠭᠡᠨ ᠵᠠᠰᠠᠬᠤ ᠶᠢ ᠥᠷᠨᠢᠭᠦᠯᠵᠦ᠂ ᠭᠠᠳᠠᠭᠠᠳᠤ ᠠᠴᠠ ᠣᠷᠣᠭᠤᠯᠤᠭᠰᠠᠨ᠂ ᠭᠠᠳᠠᠨ᠎ᠠ ᠠᠴᠠ ᠠᠪᠴᠢᠷᠠᠭᠰᠠᠨ ᠵᠢᠴᠢ | ᠬᠥᠮᠦᠨ ᠤ ᠪᠡᠶ᠎ᠡ ᠳᠤ ᠬᠠᠷᠰᠢᠮᠠᠲᠠᠭᠠᠢ ᠡᠪᠡᠰᠦᠨ ᠤ ᠦᠷ᠎ᠡ ᠶᠢ ᠪᠣᠯᠭᠤᠮᠵᠢᠲᠠᠶ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ 365赢多少钱会被限额_国内有真正的365平台吗_365bet博彩官网 | ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠬᠥᠮᠦᠨ ᠤ ᠬᠦᠴᠦ ᠪᠠᠷ ᠡᠪᠡᠰᠦ ᠲᠠᠷᠢᠬᠤ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠵᠤ ᠳᠡᠮᠵᠢᠨ᠎ᠡ᠃ ᠰᠤᠯᠠ ᠲᠠᠷᠢᠶᠠᠨ ᠭᠠᠵᠠᠷ᠂ | ᠲᠠᠷᠢᠶᠠᠯᠠᠬᠤ ᠶᠢ ᠨᠢ ᠵᠣᠭᠰᠣᠭᠠᠵᠤ ᠪᠡᠯᠴᠢᠭᠡᠷ ᠰᠡᠷᠭᠦᠭᠡᠬᠦ ᠭᠠᠵᠠᠷ᠂ ᠲᠡᠵᠢᠭᠡᠯ ᠡᠪᠡᠰᠦ ᠪᠣᠷᠳᠣᠭᠠᠨ ᠤ ᠭᠠᠵᠠᠷ ᠵᠡᠷᠭᠡ ᠭᠠᠵᠠᠷ ᠰᠢᠷᠣᠶ ᠶᠢᠨ ᠡᠬᠢ ᠪᠠᠶᠠᠯᠢᠭ ᠢ ᠠᠰᠢᠭᠯᠠᠵᠤ᠂ | ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠦᠷᠨᠢᠭᠦᠯᠦᠨ᠂ ᠲᠠᠷᠢᠶᠠᠴᠢᠨ ᠮᠠᠯᠴᠢᠳ ᠳᠠᠭᠠᠭᠠᠴᠢᠯᠠᠭᠰᠠᠨ ᠨᠤᠲᠤᠭ ᠪᠡᠯᠴᠢᠭᠡᠷ ᠲᠤ ᠪᠠᠨ ᠲᠡᠵᠢᠭᠡᠯ ᠡᠪᠡᠰᠦ | ᠪᠣᠷᠳᠣᠭᠠᠨ ᠤ ᠭᠠᠵᠠᠷ ᠢ ᠰᠢᠨ᠎ᠡ ᠪᠠᠷ ᠪᠠᠶᠢᠭᠤᠯᠬᠤ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠥᠪᠵᠢᠭᠦᠯᠭᠡ ᠳᠤ ᠨᠡᠶᠢᠴᠡᠭᠦᠯᠬᠦ ᠬᠡᠷᠡᠭᠲᠡᠶ᠃ ᠭᠠᠩ ᠬᠠᠭᠤᠷᠠᠶ ᠪᠠ ᠬᠠᠭᠠᠰ ᠭᠠᠩ ᠬᠠᠭᠤᠷᠠᠶ ᠣᠷᠣᠨ ᠳᠤ᠂ ᠨᠢᠭᠡ ᠨᠠᠰᠤᠲᠤ ᠲᠡᠵᠢᠭᠡᠯ ᠡᠪᠡᠰᠦ ᠳᠠᠷᠢᠬᠤ | ᠬᠡᠪᠴᠢᠶ᠎ᠡ ᠶᠢ ᠪᠠᠭᠠᠰᠬᠠᠵᠤ᠂ ᠭᠠᠩ ᠬᠠᠭᠤᠷᠠᠶ ᠭᠠᠵᠠᠷ ᠢᠶᠠᠷ ᠲᠠᠷᠢᠬᠤ ᠳᠤ ᠲᠣᠬᠢᠷᠠᠬᠤ ᠬᠡᠯᠪᠡᠷᠢ ᠶᠢᠨ ᠣᠯᠠᠨ ᠨᠠᠰᠤᠲᠤ ᠲᠠᠷᠢᠮᠠᠯ ᠪᠡᠯᠴᠢᠭᠡᠷ ᠢ ᠤᠷᠢᠳ ᠢᠶᠠᠷ | ᠬᠥᠭᠵᠢᠭᠦᠯᠦᠨ᠎ᠡ᠃ ᠨᠤᠲᠤᠭ ᠪᠡᠯᠴᠢᠭᠡᠷ ᠤᠨ ᠣᠷᠣᠨ ᠳᠤ ᠬᠥᠬᠡ ᠳᠠᠷᠤᠰᠢ ᠶᠢᠨ ᠲᠡᠵᠢᠭᠡᠯ ᠡᠪᠡᠰᠦ ᠪᠣᠷᠳᠤᠭ᠎ᠠ ᠲᠠᠷᠢᠬᠤ ᠪᠠᠷ ᠭᠤᠤᠯ ᠪᠣᠯᠭᠠᠭᠰᠠᠨ ᠲᠡᠵᠢᠭᠡᠯ ᠡᠪᠡᠰᠦ | ᠪᠣᠷᠳᠣᠭᠠᠨ ᠤ ᠰᠠᠭᠤᠷᠢᠨ ᠭᠠᠵᠠᠷ ᠲᠤ ᠲᠠᠷᠢᠬᠤ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠣᠯᠠᠨ ᠨᠠᠰᠤᠲᠤ ᠲᠠᠷᠢᠮᠠᠯ ᠪᠡᠯᠴᠢᠭᠡᠷ ᠪᠣᠯᠭᠠᠬᠤ ᠶᠢ ᠠᠯᠬᠤᠮ | ᠠᠯᠬᠤᠮ ᠢᠶᠠᠷ ᠲᠣᠬᠢᠷᠠᠭᠤᠯᠤᠨ ᠰᠡᠷᠭᠦᠭᠡᠨ᠎ᠡ᠃ ᠲᠠᠯ᠎ᠠ ᠨᠤᠲᠤᠭ ᠤᠨ ᠮᠠᠯᠵᠢᠬᠤ ᠣᠷᠣᠨ ᠤ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠳᠡᠮᠵᠢᠵᠦ᠂ ᠭᠠᠮᠰᠢᠭ ᠲᠠᠢ ᠲᠡᠮᠡᠴᠡᠵᠦ ᠮᠠᠯ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠡᠯᠴᠢᠭᠡᠷ ᠤᠨ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠲᠥᠷᠥᠭᠦᠯᠡᠨ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠳᠣᠯᠤᠭ᠎ᠠ︶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠲᠤ ᠨᠡᠶᠢᠳᠡᠮ ᠪᠠᠶᠢᠴᠠᠭᠠᠵᠤ ᠴᠤᠭᠯᠠᠭᠤᠯᠬᠤ ᠪᠠ ᠬᠠᠮᠠᠭᠠᠯᠠᠬᠤ ᠠᠵᠢᠯ ᠢ ᠦᠷᠨᠢᠭᠦᠯᠦᠨ᠎ᠡ᠃ | ᠮᠠᠨ ᠤ ᠣᠷᠣᠨ ᠤ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠣᠳᠣᠬᠢ ᠪᠠᠶᠢᠳᠠᠯ ᠢ ᠲᠣᠳᠣᠷᠬᠠᠢ ᠣᠶᠢᠯᠠᠭᠠᠵᠤ᠂ ᠡᠯ᠎ᠡ ᠲᠥᠷᠥᠯ ᠤᠨ ᠡᠪᠡᠰᠦᠨ ᠤ ᠦᠷ᠎ᠡ ᠶᠢᠨ | ᠡᠬᠢ ᠪᠠᠶᠠᠯᠢᠭ ᠢ ᠴᠤᠭᠯᠠᠭᠤᠯᠤᠨ ᠬᠠᠳᠠᠭᠠᠯᠠᠵᠤ᠂ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠲᠤ ᠡᠯᠪᠡᠭ ᠲᠥᠪᠯᠡᠷᠡᠩᠭᠦᠢ ᠣᠷᠣᠨ ᠪᠠ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠠᠬᠢ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠤᠤᠭᠠᠯ ᠣᠷᠴᠢᠨ ᠲᠣᠭᠤᠷᠢᠨ ᠳᠤ ᠬᠠᠮᠠᠭᠠᠯᠠᠬᠤ ᠠᠵᠢᠯ ᠢ ᠥᠷᠨᠢᠭᠦᠯᠵᠦ᠂ | ᠤᠰᠠᠳᠬᠤ ᠰᠢᠬᠠᠭᠰᠠᠨ ᠬᠤᠪᠣᠷ ᠴᠤᠬᠠᠭ᠂ ᠣᠨᠴᠠᠭᠠᠢ ᠦᠷ᠎ᠡ᠂ ᠨᠤᠲᠤᠭ ᠤᠨ ᠴᠢᠬᠤᠯᠠ ᠪᠣᠯᠬᠤ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠠᠮᠤᠷ ᠲᠦᠪᠰᠢᠨ | ᠬᠠᠳᠠᠭᠠᠯᠠᠵᠤ᠂ ᠤᠳᠤᠮᠰᠢᠯ ᠤᠨ ᠤᠯᠠᠨ ᠶᠠᠩᠵᠤᠲᠤ ᠴᠢᠨᠠᠷ ᠢ ᠬᠠᠮᠠᠭᠠᠯᠠᠨ᠎ᠠ᠃ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ | ᠲᠣᠭᠲᠠᠯᠴᠠᠭ᠎ᠠ ᠶᠢ ᠪᠠᠶᠢᠭᠤᠯᠵᠤ᠂ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠪᠠ ᠡᠬᠢ ᠪᠠᠶᠠᠯᠢᠭ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠵᠢᠭᠦᠯᠦᠨ ᠳᠡᠮᠵᠢᠵᠦ᠂ ᠤᠷᠲᠤ ᠬᠤᠭᠤᠴᠠᠭ᠎ᠠ ᠪᠠᠷ ᠦᠷᠭᠦᠯᠵᠢᠯᠡᠭᠰᠡᠨ ᠣᠷᠣᠭᠤᠯᠤᠯᠲᠠ ᠬᠢᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ᠃ | ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠵᠤ ᠦᠨᠡᠯᠡᠬᠦ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠶᠢᠨ ᠡᠪᠡᠰᠦᠨ ᠦᠷ᠎ᠡ ᠶᠢᠨ ᠨᠡᠷᠡᠰ ᠤᠨ ᠵᠢᠭᠰᠠᠭᠠᠯᠲᠠ ᠶᠢ ᠨᠠᠶᠢᠷᠠᠭᠤᠯᠤᠨ ᠵᠣᠬᠢᠶᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠠᠢᠮᠠ︶ ᠡᠪᠡᠰᠦᠨ ᠤ ᠦᠷ᠎ᠡ ᠶᠢᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠪᠡᠰᠦᠨ ᠤ ᠦᠷ᠎ᠡ ᠡᠭᠦᠯᠳᠡᠷ ᠤᠨ | ᠣᠷᠣᠨ ᠪᠦᠰᠡ ᠶᠢᠨ ᠲᠤᠷᠰᠢᠯᠲᠠ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠨ᠎ᠡ ᠡᠪᠡᠰᠦᠨ ᠤ ᠦᠷ᠎ᠡ ᠡᠭᠦᠯᠳᠡᠷ ᠢ ᠬᠢᠨᠠᠨ | ᠲᠣᠭᠲᠠᠭᠠᠬᠤ ᠶᠢ ᠴᠢᠩᠭᠠᠳᠬᠠᠨ᠂ ᠨᠢᠭᠡ ᠪᠦᠯᠦᠭ ᠲᠣᠬᠢᠷᠠᠯᠴᠠᠬᠤ ᠴᠢᠨᠠᠷ ᠢᠶᠠᠷ ᠴᠢᠩᠭ᠎ᠠ ᠰᠠᠶᠢᠨ ᠦᠷ᠎ᠡ ᠡᠭᠦᠯᠳᠡᠷ ᠢ ᠰᠣᠩᠭᠤᠨ ᠪᠤᠶᠢᠵᠢᠭᠤᠯᠤᠨ᠎ᠠ᠃ ᠰᠢᠯᠢᠳᠡᠭ ᠰᠠᠶᠢᠨ | ᠡᠪᠡᠰᠦᠨ ᠤ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠦᠢᠯᠡᠳᠪᠦᠷᠢᠯᠡᠯ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ ᠨᠢᠭᠡ | ᠪᠦᠯᠦᠭ ᠡᠪᠡᠰᠦᠨ ᠦᠷ᠎ᠡ ᠶᠢᠨ ᠦᠢᠯᠡᠰ ᠤᠨ ᠣᠳᠣᠬᠢᠴᠢᠯᠠᠭᠰᠠᠨ ᠳᠠᠭᠠᠭᠤᠯᠤᠭᠴᠢ ᠠᠵᠤ ᠠᠬᠤᠶᠢᠯᠠᠯ ᠢ ᠪᠣᠢ ᠪᠣᠯᠭᠠᠵᠤ᠂ ᠨᠢᠭᠡ ᠪᠦᠯᠦᠭ ᠪᠠᠷᠢᠮᠵᠢᠶᠠᠵᠢᠭᠤᠯᠤᠨ᠂ | ᠡᠷᠴᠢᠮᠵᠢᠭᠦᠯᠦᠨ᠂ ᠦᠢᠯᠡᠳᠪᠦᠷᠢᠯᠡᠯ ᠤᠨ ᠬᠦᠴᠦᠨ ᠢᠶᠠᠨ ᠲᠣᠭᠲᠠᠪᠤᠷᠢᠵᠢᠭᠤᠯᠤᠨ᠂ ᠠᠵᠤ ᠦᠢᠯᠡᠰᠵᠢᠭᠦᠯᠦᠨ ᠡᠵᠡᠩᠨᠡᠭᠰᠡᠨ ᠡᠪᠡᠰᠦᠨ ᠤ ᠦᠷ᠎ᠡ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠨᠢ ᠡᠯᠪᠡᠭ ᠲᠦᠪᠯᠡᠷᠡᠩᠭᠦᠢ ᠪᠠᠶᠢᠭ᠎ᠠ ᠪᠠᠶᠢᠭᠠᠯᠢᠯᠢᠭ | ᠨᠤᠲᠤᠭ ᠪᠡᠯᠴᠢᠭᠡᠷ ᠢ ᠬᠠᠮᠠᠭᠠᠯᠠᠵᠤ᠂ ᠨᠤᠲᠤᠭ ᠤᠨ ᠬᠡᠭᠡᠷ᠎ᠡ ᠶᠢᠨ ᠡᠪᠡᠰᠦᠨ ᠤ ᠦᠷ᠎ᠡ ᠶᠢ ᠲᠡᠭᠦᠵᠦ ᠴᠤᠭᠯᠠᠭᠤᠯᠬᠤ ᠪᠠ ᠠᠰᠢᠭᠯᠠᠬᠤ ᠶᠢ ᠨᠢ ᠵᠣᠷᠢᠭᠵᠢᠭᠤᠯᠤᠨ | ᠥᠷᠨᠢᠭᠦᠯᠵᠦ᠂ ᠨᠤᠲᠤᠭ ᠤᠨ ᠬᠡᠭᠡᠷ᠎ᠡ ᠶᠢᠨ ᠡᠪᠡᠰᠦᠨ ᠤ ᠦᠷ᠎ᠡ ᠶᠢ ᠨᠤᠲᠤᠭ ᠪᠡᠯᠴᠢᠭᠡᠷ ᠤᠨ ᠠᠮᠢ ᠠᠬᠤᠶ ᠪᠠᠨ ᠬᠠᠮᠠᠭᠠᠯᠠᠨ ᠰᠡᠷᠭᠦᠭᠡᠬᠦ ᠭᠤᠣᠯᠳᠠᠯᠭ᠎ᠠ ᠲᠠᠢ | ᠢᠨᠵᠧᠨᠧᠷᠢᠩ ᠳᠤ ᠬᠡᠷᠡᠭᠯᠡᠬᠦ ᠲᠣᠭᠲᠠᠴᠠ ᠶᠢ ᠬᠠᠶᠢᠨ ᠰᠦᠪᠡᠭᠴᠢᠯᠡᠨ᠎ᠡ᠃ ︽ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠨ︾ ᠬᠦᠭᠵᠢᠭᠰᠡᠨ | ᠡᠪᠡᠰᠦᠨ ᠤ ᠦᠷ᠎ᠡ ᠶᠢᠨ ᠦᠢᠯᠡᠰ ᠢ ᠲᠦᠷᠭᠡᠳᠬᠡᠨ ᠪᠣᠶ ᠪᠣᠯᠭᠠᠨ᠎ᠠ᠃ ᠡᠪᠡᠰᠦᠨ ᠤ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠲᠤ ᠵᠦᠪᠰᠢᠶᠡᠷᠡᠨ ᠣᠷᠤᠭᠤᠯᠬᠤ | ᠨᠥᠬᠦᠴᠡᠯ ᠪᠠ ᠪᠠᠷᠢᠮᠵᠢᠶ᠎ᠠ ᠶᠢ ᠴᠢᠩᠳᠠᠯᠠᠵᠤ᠂ ᠦᠢᠯᠡᠳᠪᠦᠷᠢᠯᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠣᠰᠣᠭᠠᠷ ᠬᠢᠨᠠᠨ ᠣᠯᠭᠤᠵᠤ᠂ ᠦᠷ᠎ᠡ | ᠡᠭᠦᠯᠳᠡᠷ ᠤᠨ ᠭᠡᠷᠡᠴᠢᠯᠡᠭᠡ᠂ ᠭᠠᠷᠤᠯᠲᠠ ᠶᠢᠨ ᠣᠷᠣᠨ ᠤ ᠭᠡᠷᠡᠴᠢᠯᠡᠭᠡ ᠪᠠ ᠶᠠᠰᠤ ᠴᠢᠨᠠᠷ ᠤᠨ ᠭᠡᠷᠡᠴᠢᠯᠡᠭᠡ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ | ᠵᠦᠪᠰᠢᠶᠡᠷᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠰᠠᠶᠢᠨ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ | ᠪᠠ ᠡᠪᠡᠰᠦᠨ ᠤ ᠦᠷ᠎ᠡ ᠶᠢᠨ ᠮᠡᠳᠡᠯᠭᠡ ᠶᠢᠨ ᠦᠮᠴᠢᠯᠠᠯ ᠤᠨ ᠡᠷᠬᠡ ᠶᠢ ᠬᠠᠮᠠᠭᠠᠯᠠᠬᠤ ᠳᠦᠷᠢᠮ ᠢᠶᠠᠨ ᠪᠦᠷᠢᠨᠰᠢᠭᠦᠯᠵᠦ᠂ ᠡᠪᠡᠰᠦᠨ ᠤ ᠦᠷ᠎ᠡ ᠶᠢᠨ ᠮᠥᠷᠳᠡᠨ ᠤᠬᠤᠴᠢᠯᠠᠵᠤ | ᠭᠡᠷᠡᠴᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ ᠶᠢᠰᠦ︶ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠬᠤᠣᠷ ᠬᠦᠨᠦᠭᠡᠯ ᠢ ᠰᠡᠷᠭᠡᠶᠢᠯᠡᠨ ᠳᠠᠷᠤᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠮᠠᠯᠴᠢᠨ | ᠲᠠᠷᠢᠶᠠᠴᠢᠨ ᠤ ᠠᠵᠢᠭᠯᠠᠵᠤ ᠰᠢᠨᠵᠢᠨ ᠮᠡᠳᠡᠭᠦᠯᠦᠭᠴᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠬᠢᠨᠠᠨ ᠰᠢᠨᠵᠢᠵᠤ ᠤᠷᠢᠳᠴᠢᠯᠠᠨ ᠰᠡᠷᠡᠮᠵᠢᠯᠡᠭᠦᠯᠬᠦ ᠲᠤᠤᠷ ᠰᠦᠯᠵᠢᠶ᠎ᠡ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠨᠤᠲᠤᠭ ᠪᠡᠯᠴᠢᠭᠡᠷ ᠤᠨ | ᠬᠤᠣᠷ ᠲᠠᠢ ᠠᠮᠢᠳᠤ ᠪᠣᠳᠠᠰ ᠲᠤ ᠨᠡᠶᠢᠳᠡᠮ ᠪᠠᠶᠢᠴᠠᠭᠠᠯᠲᠠ ᠪᠠ ᠡᠳᠦᠷ ᠲᠤᠲᠤᠮ ᠤᠨ ᠪᠠᠶᠢᠴᠠᠭᠠᠯᠲᠠ ᠶᠢ ᠥᠷᠨᠢᠭᠦᠯᠵᠦ᠂ ︽3 S︾ ︽5 G︾ ︽ᠢᠨᠲ᠋ᠧᠷ | ᠰᠦᠯᠵᠢᠶ᠎ᠡ +︾ ᠵᠡᠷᠭᠡ ᠮᠡᠷᠭᠡᠵᠢᠯ ᠲᠠᠢ ᠤᠶᠠᠯᠳᠤᠭᠤᠯᠤᠨ᠂ ᠪᠥᠬᠦ ᠣᠷᠣᠨ ᠤ ᠨᠤᠲᠤᠭ ᠪᠡᠯᠴᠢᠭᠡᠷ ᠲᠤ ᠪᠠᠶᠢᠩᠭᠤ ᠲᠣᠬᠢᠶᠠᠯᠳᠤᠳᠠᠭ ᠬᠤᠣᠷ ᠲᠠᠢ ᠠᠮᠢᠳᠤ ᠪᠣᠳᠠᠰ ᠤᠨ | ᠲᠥᠷᠥᠯ᠂ ᠬᠤᠣᠷᠳᠠᠭᠳᠠᠬᠤ ᠲᠠᠯᠠᠪᠠᠶ᠂ ᠬᠤᠣᠷᠳᠠᠭᠳᠠᠬᠤ ᠬᠡᠮᠵᠢᠶ᠎ᠡ᠂ ᠣᠷᠣᠨ ᠵᠠᠶ ᠶᠢᠨ ᠲᠠᠷᠬᠠᠯᠲᠠ ᠶᠢᠨ ᠣᠨᠴᠠᠯᠢᠭ ᠵᠡᠷᠭᠡ ᠦᠨᠳᠦᠰᠦᠨ ᠪᠠᠶᠢᠳᠠᠯ ᠢ ᠲᠣᠳᠣᠷᠬᠠᠶ | ᠣᠶᠢᠯᠠᠭᠠᠵᠤ᠂ ᠬᠢᠨᠠᠨ ᠰᠢᠨᠵᠢᠵᠦ ᠰᠡᠷᠡᠮᠵᠢᠯᠡᠭᠦᠯᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠠᠮᠢᠳᠤ ᠪᠣᠳᠠᠰ ᠤᠨ | ᠬᠤᠣᠷ ᠬᠦᠨᠦᠭᠡᠯ ᠤᠨ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠪᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ | ᠪᠠᠷᠠᠭ᠎ᠠ ᠨᠥᠭᠡᠴᠡᠯᠡᠬᠦ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢ ᠨᠦᠬᠡᠴᠡᠯᠡᠨ᠎ᠡ᠃ | ᠬᠡᠷᠡᠭᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ ᠳᠡᠯᠭᠡᠷᠡᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠳᠤ ᠪᠠᠶᠢᠩᠭᠤᠵᠢᠭᠰᠠᠨ ᠰᠡᠷᠭᠡᠶᠢᠯᠡᠵᠦ | ᠡᠵᠡᠮᠳᠡᠬᠦ ᠲᠣᠭᠲᠠᠴᠠ ᠶᠢ ᠢᠳᠡᠪᠬᠢᠲᠡᠶ ᠰᠦᠪᠡᠭᠴᠢᠯᠡᠨ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠨᠡᠶᠢᠭᠡᠮᠴᠢᠯᠡᠭᠰᠡᠨ ᠰᠡᠷᠭᠡᠶᠢᠯᠡᠵᠦ ᠡᠵᠡᠮᠳᠡᠬᠦ ᠪᠠ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠶᠡᠷᠦᠩᠬᠡᠶᠢᠯᠡᠭᠰᠡᠨ ᠰᠡᠷᠭᠡᠶᠢᠯᠡᠵᠦ ᠡᠵᠡᠮᠳᠡᠬᠦ ᠴᠢᠳᠠᠪᠤᠷᠢ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠬᠤᠣᠷᠲᠤ ᠡᠪᠡᠰᠦ ᠶᠢ ᠰᠡᠷᠭᠡᠶᠢᠯᠡᠨ ᠳᠠᠷᠤᠬᠤ ᠡᠷᠴᠢᠮ ᠢᠶᠠᠨ ᠴᠢᠩᠭᠠᠷᠠᠭᠤᠯᠵᠤ᠂ ᠦᠷᠭᠡᠰᠦᠯᠢᠭ ᠳᠤᠭᠲᠤᠶᠢᠲᠤ ᠨᠣᠬᠠᠢ ᠶᠢᠨ ᠦᠵᠦᠮ ᠪᠠ ᠲᠠᠷᠠᠮᠠᠭ | ᠢᠮᠠᠭᠠᠨ ᠵᠠᠩᠭᠤᠤ ᠡᠪᠡᠰᠦ ᠵᠡᠷᠭᠡ ᠭᠠᠳᠠᠨ᠎ᠠ ᠠᠴᠠ ᠣᠷᠣᠵᠤ ᠢᠷᠡᠭᠰᠡᠨ ᠡᠪᠡᠰᠦᠨ ᠤ ᠦᠷ᠎ᠡ ᠶᠢ ᠭᠤᠣᠯᠳᠠᠯᠭ᠎ᠠ ᠲᠠᠢ ᠰᠡᠷᠭᠡᠶᠢᠯᠡᠨ ᠬᠤᠷᠢᠭᠯᠠᠨ᠎ᠠ᠃ ︵ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢ︶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢᠶᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠭᠠᠯ ᠲᠦᠢᠮᠡᠷ ᠤᠨ | ᠠᠶᠤᠯ ᠲᠦᠭᠰᠢᠭᠦᠷᠢ ᠳᠤ ᠨᠡᠶᠢᠳᠡᠮ ᠪᠠᠶᠢᠴᠠᠭᠠᠯᠲᠠ ᠬᠢᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠣᠷᠣᠨ ᠤ ᠨᠤᠲᠤᠭ ᠪᠡᠯᠴᠢᠭᠡᠷ ᠤᠨ ᠭᠠᠯ | ᠲᠦᠢᠮᠡᠷ ᠤᠨ ᠠᠶᠤᠯ ᠤᠨ ᠲᠦᠭᠰᠢᠭᠦᠷᠢ ᠶᠢᠨ ᠳᠠᠯᠳᠠ ᠭᠡᠮ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠤᠣᠯᠳᠠᠯᠭ᠎ᠠ ᠪᠣᠯᠬᠤ ᠣᠷᠣᠨ ᠪᠦᠰᠡ ᠶᠢᠨ | ᠭᠠᠮᠰᠢᠭ ᠲᠠᠢ ᠲᠡᠮᠡᠴᠡᠬᠦ ᠴᠢᠳᠠᠪᠤᠷᠢ ᠶᠢ ᠪᠠᠶᠢᠴᠠᠭᠠᠨ ᠲᠣᠳᠣᠯᠠᠨ᠎ᠠ᠃ ᠬᠢᠯᠢ ᠶᠢᠨ ᠭᠠᠳᠠᠨᠠᠬᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢᠶᠠᠨ | ᠴᠢᠩᠭᠠᠳᠬᠠᠨ᠎ᠠ᠃ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠡᠮᠵᠢᠯᠡᠭᠦᠯᠵᠦ ᠬᠢᠨᠠᠨ ᠰᠢᠨᠵᠢᠬᠦ᠂ ᠭᠠᠯ ᠲᠦᠢᠮᠡᠷ ᠤᠨ ᠢᠷᠡᠯᠳᠡ ᠶᠢ ᠬᠠᠮᠢᠶᠠᠷᠬᠤ᠂ ᠴᠠᠭᠳᠠᠨ | ᠪᠠᠶᠢᠴᠠᠭᠠᠵᠤ ᠬᠠᠮᠠᠭᠠᠯᠠᠬᠤ᠂ ᠤᠬᠠᠭᠤᠯᠵᠤ ᠬᠦᠮᠦᠵᠢᠭᠦᠯᠬᠦ᠂ ᠶᠡᠷᠦᠩᠬᠡᠶ ᠳᠤ ᠨᠢ ᠪᠠᠲᠤᠯᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠭᠠᠯ ᠲᠦᠢᠮᠡᠷ ᠤᠨ ᠰᠡᠷᠭᠡᠶᠢᠯᠡᠨ | ᠬᠤᠷᠢᠭᠯᠠᠬᠤ ᠪᠦᠰᠡ ᠶᠢ ᠪᠠᠶᠢᠭᠤᠯᠤᠨ᠂ ᠠᠶᠠᠨᠳᠠᠭᠠᠨ ᠤ᠂ ᠪᠠᠷᠢᠯᠭ᠎ᠠ ᠶᠢᠨ᠂ ᠠᠮᠢᠳᠤ ᠪᠣᠳᠠᠰᠲᠤ ᠬᠠᠯᠬᠠᠯᠠᠬᠤ ᠪᠦᠰᠡ ᠶᠢᠨ ᠨᠢᠭᠡ ᠴᠤᠭᠴᠠᠵᠢᠭᠰᠠᠨ ᠬᠠᠯᠬᠠᠯᠠᠵᠤ | ᠬᠤᠷᠢᠭᠯᠠᠬᠤ ᠰᠢᠰᠲ᠋ᠧᠮ ᠢ ᠪᠠᠶᠢᠭᠤᠯᠵᠤ᠂ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠬᠦ᠂ ᠭᠠᠯ ᠲᠦᠢᠮᠡᠷ ᠤᠨ ᠢᠷᠡᠯᠳᠡ ᠶᠢ ᠬᠠᠮᠢᠶᠠᠷᠤᠨ ᠬᠤᠷᠢᠭᠯᠠᠬᠤ ᠪᠠ ᠨᠤᠲᠤᠭ | ᠪᠡᠯᠴᠢᠭᠡᠷ ᠤᠨ ᠭᠠᠯ ᠲᠦᠢᠮᠡᠷ ᠭᠠᠷᠤᠭᠰᠠᠨ ᠳᠠᠷᠤᠢ ᠳᠤ ᠨᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ | ᠰᠡᠷᠭᠡᠶᠢᠯᠡᠵᠦ ᠤᠨᠲᠠᠷᠠᠭᠠᠬᠤ ᠲᠤᠰᠬᠠᠶ ᠠᠵᠢᠯ ᠤᠨ ᠡᠩᠨᠡᠭᠡ᠂ ᠮᠠᠯᠵᠢᠬᠤ ᠣᠷᠣᠨ ᠤ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠵᠠᠮ᠂ | ᠠᠭᠠᠷ ᠠᠶᠠᠯᠠᠯ ᠤᠨ ᠭᠠᠯ ᠰᠡᠷᠭᠡᠶᠢᠯᠡᠬᠦ ᠥᠷᠲᠡᠭᠡ ᠪᠠ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ | ᠪᠠᠶᠢᠭᠤᠯᠤᠯᠲᠠ ᠶᠢ ᠴᠢᠩᠭᠠᠳᠬᠠᠨ᠂ ︽ᠡᠷᠲᠡ ᠣᠯᠵᠤ ᠮᠡᠳᠡᠬᠦ᠂ ᠡᠷᠲᠡ ᠰᠢᠢᠳᠪᠦᠷᠢᠯᠡᠬᠦ︾ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠲᠦᠢᠮᠡᠷ ᠰᠡᠷᠭᠡᠶᠢᠯᠡᠵᠦ | ᠤᠨᠲᠠᠷᠠᠭᠠᠬᠤ ᠮᠡᠳᠡᠭᠡ ᠵᠠᠩᠭᠢ ᠶᠢᠨ ᠰᠠᠭᠠᠳ ᠦᠭᠡᠶ ᠳᠠᠮᠵᠢᠨ ᠨᠡᠪᠲᠡᠷᠡᠬᠦ ᠴᠢᠨᠠᠷ ᠪᠠ ᠴᠠᠭ ᠬᠤᠭᠤᠴᠠᠭᠠᠲᠤ ᠴᠢᠨᠠᠷ ᠢ ᠦᠨᠡᠨ ᠬᠦ ᠪᠠᠲᠤᠯᠠᠨ᠎ᠠ᠃ ︽ᠢᠨᠲ᠋ᠧᠷ ᠰᠦᠯᠵᠢᠶ᠎ᠡ+ | ᠭᠠᠯ ᠰᠡᠷᠭᠡᠶᠢᠯᠡᠬᠦ︾᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠬᠠᠮᠠᠭᠠᠯᠠᠬᠤ ᠵᠠᠭᠪᠤᠷ ᠢ ᠢᠳᠡᠪᠬᠢᠲᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠲᠣᠭᠠᠵᠢᠭᠤᠯᠤᠭᠰᠠᠨ ᠮᠡᠳᠡᠭᠡ ᠵᠠᠩᠭᠢ ᠶᠢᠨ | ᠪᠦᠷᠢᠨ ᠲᠡᠭᠦᠯᠳᠡᠷ ᠲᠣᠭᠲᠠᠯᠴᠠᠭ᠎ᠠ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠨᠢᠭᠡ︶ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠨᠢ ᠲᠦᠷᠭᠡᠳᠬᠡᠨ᠎ᠡ᠃ ᠲᠠᠯ᠎ᠠ ᠨᠤᠲᠤᠭ ᠤᠨ | ᠮᠠᠯᠵᠢᠬᠤ ᠣᠷᠣᠨ ᠳᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠨᠢ ᠵᠣᠭᠰᠣᠭᠠᠵᠤ ᠰᠡᠯᠭᠦᠨ ᠪᠡᠯᠴᠢᠭᠡᠷᠯᠡᠭᠦᠯᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠳᠤᠯᠠᠭᠠᠨ ᠰᠠᠷᠠᠪᠴᠢ᠂ ᠡᠪᠡᠰᠦ ᠬᠠᠳᠠᠭᠠᠯᠠᠬᠤ ᠰᠠᠷᠠᠪᠴᠢ ᠵᠡᠷᠭᠡ ᠪᠡᠯᠴᠢᠭᠡᠷ ᠤᠨ ᠮᠠᠯ ᠠᠵᠤ ᠠᠬᠤᠶ ᠶᠢᠨ ᠰᠠᠭᠤᠷᠢ ᠪᠡᠯᠡᠳᠭᠡᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ᠂ ᠬᠡᠷ ᠤᠨ ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠬᠤ᠂ ᠰᠢᠨᠵᠢᠯᠡᠬᠦ | ᠤᠬᠠᠭᠠᠨᠴᠢ ᠪᠠᠷ ᠮᠠᠯᠯᠠᠬᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ ᠤᠨ ᠪᠠᠶᠢᠭᠤᠯᠤᠯᠲᠠ ᠪᠠ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠣᠬᠢᠷᠲᠤᠯ ᠥᠬᠡᠶ ᠴᠢᠨᠠᠷ ᠰᠠᠶᠢᠲᠠᠶ | ᠬᠦᠭᠵᠢᠭᠦᠯᠬᠦ ᠣᠲᠣ ᠦᠶ᠎ᠡ ᠶᠢᠨ ᠪᠡᠯᠴᠢᠭᠡᠷ ᠤᠨ ᠮᠠᠯ ᠠᠵᠤ ᠠᠬᠤᠶ ᠶᠢᠨ ᠰᠢᠨ᠎ᠡ ᠵᠠᠮ ᠢᠶᠠᠷ ᠵᠠᠮᠨᠠᠨ᠎ᠠ᠃ ᠲᠠᠷᠢᠶᠠᠯᠠᠬᠤ ᠣᠷᠣᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ | ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠪᠠ ᠲᠠᠷᠢᠮᠠᠯ ᠤᠨ ᠡᠰᠢ ᠰᠦᠷᠡᠯ ᠤᠨ ᠡᠬᠢ ᠪᠠᠶᠠᠯᠢᠭ ᠢ ᠰᠠᠶᠢᠲᠤᠷ ᠠᠰᠢᠭᠯᠠᠨ᠂ ᠮᠠᠯ ᠪᠡᠯᠴᠢᠭᠡᠷ ᠢ ᠨᠢᠭᠡ | ᠴᠣᠭᠴᠠᠵᠢᠭᠤᠯᠤᠨ ᠬᠥᠭᠵᠢᠭᠦᠯᠬᠦ ᠵᠠᠭᠪᠤᠷ ᠢ ᠶᠡᠭᠡ ᠪᠠᠷ ᠬᠡᠷᠡᠭᠵᠢᠭᠦᠯᠵᠦ᠂ ᠡᠬᠢ ᠪᠠᠶᠠᠯᠢᠭ ᠤᠨ ᠬᠡᠷᠡᠭᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠤᠲᠤᠭ | ᠪᠡᠯᠴᠢᠭᠡᠷ ᠢ ᠬᠠᠮᠠᠭᠠᠯᠠᠨ ᠠᠰᠢᠭᠯᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠬᠤᠶᠠᠷ︶ ᠡᠪᠡᠰᠦᠨ ᠤ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠲᠠᠷᠢᠶᠠᠯᠠᠬᠤ ᠶᠢ ᠨᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ | ᠲᠠᠷᠢᠶᠠᠯᠠᠬᠤ ᠶᠢ ᠨᠢ ᠦᠨᠵᠢᠭᠦᠯᠵᠦ ᠡᠪᠡᠰᠦ ᠳᠠᠷᠢᠬᠤ ᠶᠢ ᠰᠠᠶᠢᠲᠤᠷ ᠬᠡᠷᠡᠭᠵᠢᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ︽ᠠᠮᠤ ᠪᠤᠳᠠᠭ᠎ᠠ ᠪᠠᠷ | ᠲᠡᠵᠢᠭᠡᠯ ᠪᠣᠷᠳᠤᠭ᠎ᠠ ᠪᠣᠯᠭᠠᠬᠤ︾ ᠪᠠ ᠥᠨᠳᠥᠷ ᠤᠨᠠᠯᠲᠠ ᠲᠠᠢ ᠴᠢᠨᠠᠷ ᠰᠠᠶᠢᠲᠠᠶ ᠴᠠᠷᠭᠠᠰᠤ ᠲᠠᠷᠢᠪᠠᠯ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠪᠥᠬᠦ ᠣᠷᠣᠨ ᠤ ᠲᠡᠵᠢᠭᠡᠯ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠠᠵᠤ ᠦᠢᠯᠡᠰ ᠤᠨ ᠰᠠᠭᠤᠷᠢ ᠶᠢ | ᠪᠠᠬᠢᠵᠢᠭᠦᠯᠦᠨ᠎ᠡ᠃ ᠡᠪᠡᠰᠦᠨ ᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠪᠠ ᠨᠦᠬᠡᠴᠡᠯᠡᠵᠦ ᠲᠡᠭᠡᠭᠡᠪᠦᠷᠢᠯᠡᠬᠦ ᠭᠤᠭᠴᠣᠭᠠᠨ ᠳᠤ ᠲᠥᠷᠥ ᠶᠢᠨ ᠪᠤᠳᠤᠯᠭ᠎ᠠ ᠶᠢᠨ | ᠳᠡᠮᠵᠢᠯᠭᠡ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠡᠪᠡᠰᠦᠨ ᠤ ᠠᠵᠤ ᠦᠢᠯᠡᠰ ᠤᠨ ᠲᠠᠯ᠎ᠠ ᠪᠠᠷ ᠬᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠨᠡᠷᠡᠳᠬᠦᠨ ᠳᠤ | ᠰᠢᠨ᠎ᠡ ᠶᠢ ᠡᠭᠦᠳᠴᠦ᠂ ᠡᠵᠡᠩᠨᠡᠨ ᠬᠤᠳᠠᠯᠳᠤᠭᠠᠯᠠᠬᠤ ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠨ᠂ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ | ᠰᠢᠨ᠎ᠡ ᠡᠵᠡᠩᠨᠡᠯᠲᠡ ᠶᠢᠨ ᠪᠠᠶᠢᠳᠠᠯ ᠢ ᠡᠭᠦᠳᠦᠨ ᠪᠠᠶᠢᠭᠤᠯᠵᠤ᠂ ᠨᠢᠭᠡ ᠪᠦᠯᠦᠭ ᠡᠪᠡᠰᠦᠨ ᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠬᠥᠲᠥᠴᠢ ᠠᠵᠤ | ᠠᠬᠤᠶᠢᠯᠠᠯ ᠢ ᠲᠡᠳᠬᠦᠨ ᠪᠤᠵᠠᠭᠠᠶᠢᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠭᠤᠷᠪᠠ︶ ᠲᠠᠯ᠎ᠠ ᠨᠤᠲᠤᠭ ᠤᠨ ᠮᠠᠯᠵᠢᠬᠤ ᠣᠷᠣᠨ ᠤ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠲᠠᠯ᠎ᠠ ᠨᠤᠲᠤᠭ ᠤᠨ ᠮᠠᠯᠵᠢᠬᠤ | ᠣᠷᠣᠨ ᠤ ᠪᠣᠬᠢᠷᠲᠤᠯ ᠥᠬᠡᠶ ᠪᠦᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠵᠢᠭᠤᠯᠴᠢᠯᠠᠯ ᠤᠨ ᠣᠷᠣᠨ ᠤ | ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠠᠶᠢᠭᠠᠯᠢ ᠶᠢᠨ ᠦᠩᠭᠡ ᠦᠵᠡᠮᠵᠢ ᠶᠢᠨ ᠴᠢᠨᠠᠷ ᠢ | ᠳᠡᠭᠡᠭᠰᠢᠯᠡᠭᠦᠯᠦᠨ᠎ᠡ᠃ ᠲᠠᠯ᠎ᠠ ᠨᠤᠲᠤᠭ ᠤᠨ ᠮᠠᠯᠵᠢᠬᠤ ᠣᠷᠣᠨ ᠤ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠤᠨ ᠤᠤᠭᠠᠯ ᠨᠦᠬᠦᠴᠡᠯ ᠪᠠ ᠬᠥᠮᠦᠨ ᠨᠡᠶᠢᠭᠡᠮ ᠤᠨ ᠡᠬᠢ | ᠪᠠᠶᠠᠯᠢᠭ ᠲᠤ ᠲᠦᠰᠢᠭᠯᠡᠨ᠂ ᠭᠠᠵᠠᠷ ᠵᠦᠶ ᠶᠢᠨ ᠨᠡᠷᠡᠶᠢᠳᠤᠯ ᠤᠨ ᠬᠠᠭᠤᠳᠠᠰᠤ ᠶᠢ ᠰᠠᠶᠢᠲᠤᠷ ᠬᠡᠷᠡᠭᠯᠡᠵᠦ᠂ ᠲᠠᠯ᠎ᠠ ᠨᠤᠲᠤᠭ ᠤᠨ ᠪᠠᠶᠢᠭᠠᠯᠢ ᠶᠢᠨ ᠲᠠᠯ᠎ᠠ ᠪᠠᠷ ᠬᠢ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠵᠤ᠂ ᠨᠢᠭᠡ ᠪᠦᠯᠦᠭ ᠲᠠᠯ᠎ᠠ ᠨᠤᠲᠤᠭ ᠤᠨ ᠰᠣᠶᠣᠯ ᠤᠨ ᠣᠨᠴᠠᠯᠢᠭ ᠲᠠᠢ ᠠᠮᠢ ᠠᠬᠤᠶ ᠶᠢᠨ | ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠨ᠎ᠠ᠃ ᠪᠦᠬᠦ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ | ᠪᠣᠯᠬᠤ ᠭᠠᠴᠠᠭ᠎ᠠ ᠲᠣᠰᠬᠤᠨ ᠢ ᠡᠭᠦᠳᠦᠨ ᠪᠠᠶᠢᠭᠤᠯᠬᠤ ᠶᠢ ᠨᠢ ᠳᠠᠮᠵᠢᠵᠤ᠂ ᠣᠳᠣᠨ ᠲᠡᠰ ᠤᠨ ᠮᠠᠯᠵᠢᠬᠤ ᠣᠷᠣᠨ ᠤ ᠵᠢᠭᠤᠯᠴᠢᠯᠠᠯ ᠤᠨ ᠬᠦᠯᠢᠶᠡᠨ ᠵᠣᠴᠢᠯᠠᠬᠤ | ᠡᠷᠦᠬᠡ ᠶᠢ ᠳᠡᠮᠵᠢᠨ ᠪᠠᠶᠢᠭᠤᠯᠬᠤ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ | ᠠᠵᠤ ᠦᠢᠯᠡᠰᠵᠢᠭᠰᠡᠨ ᠬᠦᠭᠵᠢᠯᠲᠡ ᠶᠢ ᠠᠬᠢᠭᠤᠯᠵᠤ᠂ ᠨᠡᠩ ᠣᠯᠠᠨ ᠲᠠᠷᠢᠶᠠᠴᠢᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠤᠨ ᠠᠮᠢ | ᠠᠬᠤᠶ ᠶᠢ ᠬᠠᠮᠠᠭᠠᠯᠠᠨ ᠰᠡᠷᠭᠦᠭᠡᠬᠦ ᠳᠤ ᠣᠷᠣᠯᠴᠠᠭᠤᠯᠬᠤ ᠶᠢᠨ ᠬᠠᠮᠲᠤ᠂ ᠡᠳᠡᠭᠡᠷ ᠠᠴᠠ ᠠᠰᠢᠭ ᠬᠦᠷᠲᠡᠭᠡᠯᠭᠡᠨᠡ᠃ ᠲᠠᠷᠢᠶᠠᠯᠠᠬᠤ ᠮᠠᠯᠵᠢᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠲᠠᠯ᠎ᠠ ᠨᠤᠲᠤᠭ ᠤᠨ ᠰᠣᠶᠣᠯ ᠤᠨ ᠣᠨᠴᠠᠯᠢᠭ ᠲᠠᠢ ᠠᠮᠢ ᠠᠬᠤᠢ ᠶᠢᠨ | ᠵᠢᠭᠤᠯᠴᠢᠯᠠᠯ ᠤᠨ ᠲᠥᠷᠥᠯ ᠵᠦᠢᠯ ᠢ ᠡᠭᠦᠳᠦᠨ ᠪᠠᠶᠢᠭᠤᠯᠬᠤ ᠶᠢ ᠨᠢ ᠳᠠᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠬᠤᠷᠢᠨ ᠳᠥᠷᠪᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯ ᠪᠣᠯᠭᠠᠨ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠠᠮᠲᠤ ᠨᠡᠶᠢᠲᠡ ᠶᠢᠨ ᠳᠡᠰ | ᠳᠡᠰ ᠢᠶᠠᠷ ᠠᠳᠬᠤᠭᠰᠠᠨ᠂ ᠱᠠᠲᠤ ᠱᠠᠲᠤ ᠪᠠᠷ ᠨᠠᠶᠢᠳᠠᠪᠤᠷᠢᠵᠢᠭᠤᠯᠵᠤ ᠠᠳᠬᠤᠭᠰᠠᠨ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠤᠨ | ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠶ᠃ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ᠂ | ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠨᠢ ᠵᠣᠭᠰᠣᠭᠠᠵᠤ ᠰᠡᠯᠭᠦᠨ ᠪᠡᠯᠴᠢᠭᠡᠷᠯᠡᠭᠦᠯᠬᠦ ᠵᠡᠷᠭᠡ ᠲᠦᠷᠢᠮ ᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠨ ᠤ ᠬᠠᠷᠠᠯᠲᠠᠲᠤ ᠰᠢᠯᠭᠠᠨ ᠬᠢᠨᠠᠬᠤ ᠳᠤ ᠣᠷᠣᠭᠤᠯᠵᠤ᠂ ᠰᠢᠯᠭᠠᠨ ᠬᠢᠨᠠᠬᠤ | ᠭᠦᠢᠴᠡᠳᠬᠡᠯ ᠲᠤᠭ᠎ᠠ ᠶᠢ ᠨᠠᠷᠢᠯᠢᠬᠵᠢᠭᠤᠯᠵᠤ᠂ ᠣᠷᠣᠨ ᠨᠤᠲᠤᠭ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠬᠤᠷᠢᠨ ᠲᠠᠪᠤ︶ ᠳᠦᠷᠢᠮ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ ᠬᠠᠤᠯᠢ | ᠲᠣᠭᠲᠠᠭᠠᠯ ᠪᠠ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠨᠢᠭᠡᠳᠦᠯ ᠥᠬᠡᠶ ᠪᠠᠶᠢᠭ᠎ᠠ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ | ᠲᠣᠭᠲᠠᠭᠠᠯ ᠳᠦᠷᠢᠮ ᠳᠤ ᠵᠠᠰᠠᠪᠤᠷᠢ ᠣᠷᠤᠭᠤᠯᠵᠤ ᠲᠣᠭᠲᠠᠭᠠᠬᠤ ᠶᠢ ᠴᠠᠭ ᠲᠤᠬᠠᠶ ᠳᠤ ᠨᠢ ᠠᠬᠢᠭᠤᠯᠤᠨ᠎ᠠ᠃ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠳᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ | ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ | ᠵᠦᠷᠢᠴᠡᠭᠰᠡᠨ ᠢ ᠢᠯᠡᠴᠢᠯᠡᠨ ᠮᠡᠳᠡᠭᠦᠯᠬᠦ᠂ ᠬᠡᠷᠡᠭ ᠢ ᠰᠢᠮᠳᠠᠭᠤᠯᠤᠨ ᠰᠢᠢᠳᠪᠦᠷᠢᠯᠡᠭᠦᠯᠬᠦ ᠵᠡᠷᠭᠡ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠤᠲᠤᠭ ᠪᠡᠯᠴᠢᠭᠡᠷ ᠢ | ᠡᠪᠳᠡᠭᠰᠡᠨ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠶ᠃ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠢᠭᠡᠳ ᠨᠤᠲᠤᠭ ᠪᠡᠯᠴᠢᠭᠡᠷ ᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠪᠦᠲᠦᠮᠵᠢᠲᠡᠶ | ᠵᠣᠯᠭᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠢ ᠡᠪᠳᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠨ᠎ᠡ᠃ | ︵ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠵᠢᠷᠭᠤᠭ᠎ᠠ︶ ᠲᠥᠯᠥᠪᠵᠢᠭᠦᠯᠵᠦ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠤᠯᠤᠰ ᠤᠨ ᠬᠠᠮᠢᠶ᠎ᠠ ᠪᠥᠬᠦᠶ ᠲᠥᠯᠥᠪᠵᠢᠭᠦᠯᠭᠡ ᠶᠢᠨ | ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠲᠡᠪᠢᠰᠭᠡᠷ ᠤᠨ ᠣᠷᠣᠨ ᠵᠠᠶ ᠶᠢᠨ ᠲᠥᠯᠥᠪᠵᠢᠭᠦᠯᠭᠡ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠢ ᠤᠶᠠᠯᠳᠤᠭᠤᠯᠤᠨ᠂ | ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠨ ᠠᠰᠢᠭᠯᠠᠬᠤ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ | ᠴᠢᠳᠠᠮᠵᠢ ᠶᠢᠨ ᠣᠷᠣᠨ ᠤ ᠬᠤᠪᠢᠶᠠᠷᠢᠯᠠᠯ ᠪᠠ ᠬᠠᠷᠠᠯᠲᠠ ᠶᠢ ᠲᠣᠳᠣᠷᠬᠠᠢ ᠲᠣᠭᠲᠠᠭᠠᠨ᠂ ᠭᠤᠷᠪᠠᠨ ᠬᠢᠵᠠᠭᠠᠷᠯᠠᠬᠤ ᠱᠤᠭᠤᠮ ᠢ ᠴᠢᠩᠭ᠎ᠠ ᠰᠠᠬᠢᠨ᠎ᠠ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠳᠡᠭᠡᠲᠦ | ᠨᠢᠭᠡ ᠱᠠᠲᠤᠨ ᠤ ᠲᠥᠯᠥᠪᠵᠢᠭᠦᠯᠭᠡ ᠶᠢ ᠦᠨᠳᠦᠰᠦᠯᠡᠵᠦ᠂ ᠲᠤᠰ ᠵᠠᠰᠠᠭ ᠵᠠᠬᠢᠷᠭᠠᠨ ᠤ ᠣᠷᠣᠨ ᠳᠠᠬᠢ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠨ ᠠᠰᠢᠭᠯᠠᠬᠤ | ᠲᠥᠯᠥᠪᠵᠢᠭᠦᠯᠭᠡ ᠪᠠᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠲᠥᠯᠥᠪᠵᠢᠭᠦᠯᠭᠡ ᠶᠢ ᠬᠡᠷᠡᠭᠵᠢᠭᠦᠯᠬᠦ ᠨᠡᠶᠢᠯᠡᠮᠡᠯ ᠬᠦᠴᠦᠨ ᠢᠶᠠᠨ | ᠪᠣᠶ ᠪᠣᠯᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠬᠤᠷᠢᠨ ᠳᠣᠯᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠢ ᠬᠠᠮᠠᠭᠠᠯᠠᠵᠤ ᠵᠠᠰᠠᠨ | ᠰᠡᠷᠭᠦᠭᠡᠬᠦ ᠴᠢᠬᠤᠯᠠ ᠶᠡᠭᠡ ᠠᠰᠠᠭᠤᠳᠠᠯ ᠤᠨ ᠰᠣᠳᠤᠯᠤᠯ ᠢ ᠥᠷᠨᠢᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ ᠨᠤᠲᠤᠭ ᠪᠡᠯᠴᠢᠭᠡᠷ ᠤᠨ | ᠬᠥᠷᠥᠰᠥ ᠰᠢᠷᠣᠢ ᠶᠢᠨ ᠡᠷᠡᠭᠦᠯ ᠢ ᠦᠨᠡᠯᠡᠬᠦ᠂ ᠠᠮᠢ ᠠᠬᠤᠢ ᠶᠢᠨ ᠰᠢᠰᠲ᠋ᠧᠮ ᠢ ᠳᠠᠬᠢᠨᠲᠠ ᠪᠠᠶᠢᠭᠤᠯᠬᠤ᠂ ᠠᠮᠢ ᠠᠬᠤᠢ ᠶᠢᠨ ᠦᠢᠯᠡᠴᠢᠯᠡᠭᠡᠨ ᠤ ᠦᠨ᠎ᠡ ᠦᠷᠳᠡᠭ ᠢ | ᠦᠨᠡᠯᠡᠨ ᠵᠢᠱᠢᠬᠦ᠂ ᠤᠶᠤᠨᠯᠢᠭ ᠨᠤᠲᠤᠭ ᠪᠡᠯᠴᠢᠭᠡᠷ ᠢ ᠪᠦᠳᠦᠭᠡᠨ ᠪᠠᠶᠢᠭᠤᠯᠬᠤ᠂ ᠨᠤᠲᠤᠭ ᠪᠡᠯᠴᠢᠭᠡᠷ ᠤᠨ ᠨᠡᠭᠦᠷᠡᠰᠦᠲᠦ᠋ᠷᠦᠭᠴᠢ ᠬᠤᠷᠠᠭᠤᠯᠬᠤ ᠠᠷᠭ᠎ᠠ ᠶᠢᠨ ᠤᠬᠠᠭᠠᠨ | ᠵᠡᠷᠭᠡ ᠲᠠᠯ᠎ᠠ ᠪᠠᠷ ᠳᠠᠷᠤᠢ ᠲᠦᠷᠭᠡᠨ ᠰᠢᠪᠲᠤᠯᠤᠯᠲᠠ ᠲᠠᠢ ᠪᠣᠯᠭᠠᠨ᠎ᠠ᠃ ᠡᠪᠡᠰᠦᠨ ᠤ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ᠂ ᠡᠪᠡᠰᠦᠨ ᠤ ᠦᠷ᠎ᠡ | ᠦᠢᠯᠡᠳᠪᠦᠷᠢᠯᠡᠬᠦ᠂ ᠲᠠᠴᠢᠷᠳᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠲᠠᠷᠢᠮᠠᠯ ᠪᠡᠯᠴᠢᠭᠡᠷ ᠢ ᠪᠦᠲᠦᠭᠡᠨ ᠪᠠᠶᠢᠭᠤᠯᠬᠤ᠂ ᠨᠤᠲᠤᠭ | ᠪᠡᠯᠴᠢᠭᠡᠷ ᠤᠨ ᠬᠤᠣᠷ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠪᠠ ᠲᠣᠨᠤᠭ ᠲᠥᠭᠦᠭᠡᠷᠦᠮᠵᠢ ᠶᠢ ᠰᠤᠳᠤᠯᠤᠨ ᠨᠡᠭᠡᠭᠡᠵᠦ | ᠳᠡᠯᠭᠡᠷᠡᠭᠦᠯᠬᠦ ᠶᠢ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠪᠠ ᠡᠪᠡᠰᠦᠨ ᠤ ᠦᠷ᠎ᠡ ᠶᠢ ᠬᠠᠮᠠᠭᠠᠯᠠᠨ ᠪᠤᠶᠢᠵᠢᠭᠤᠯᠬᠤ ᠬᠢᠭᠡᠳ | ᠬᠡᠷᠡᠭᠯᠡᠭᠡᠨ ᠤ ᠪᠠᠷᠢᠮᠵᠢᠶᠠᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠰᠢᠨᠵᠢᠯᠡᠭᠡᠨ ᠤ ᠪᠠᠶᠢᠭᠤᠯᠤᠯᠲᠠ ᠪᠠ ᠳᠡᠭᠡᠳᠦ ᠲᠠᠰ ᠤᠨ | ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ᠂ ᠣᠷᠳᠣ ᠬᠤᠭᠤᠴᠠᠭᠠᠨ ᠤ | ᠰᠢᠨᠵᠢᠯᠡᠬᠦ ᠤᠬᠠᠭᠠᠨ ᠤ ᠰᠣᠳᠤᠯᠤᠯ ᠤᠨ ᠰᠠᠭᠤᠷᠢᠨ ᠭᠠᠵᠠᠷ᠂ ᠬᠡᠭᠡᠷ᠎ᠡ ᠭᠠᠳᠠᠨᠠᠬᠢ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠥᠷᠲᠡᠭᠡ᠂ ᠰᠢᠨ᠎ᠡ ᠶᠢ ᠡᠭᠦᠳᠬᠦ | ᠬᠤᠯᠪᠣᠭ᠎ᠠ ᠪᠠ ᠲᠣᠭᠲᠠᠮᠠᠯ ᠬᠢᠨᠠᠨ ᠰᠢᠨᠵᠢᠬᠦ ᠴᠡᠭ ᠵᠡᠷᠭᠡ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ | ᠳᠡᠯᠭᠡᠷᠡᠭᠦᠯᠦᠨ ᠬᠡᠷᠡᠭᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠲᠠᠯ᠎ᠠ ᠪᠠᠷ ᠬᠢ ᠤᠯᠠᠨ | ᠤᠯᠤᠰ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠠᠮᠢ ᠠᠬᠤᠢ ᠶᠢᠨ ᠵᠠᠰᠠᠯᠲᠠ ᠳᠤ ᠢᠳᠡᠪᠬᠢᠲᠡᠢ ᠣᠷᠣᠯᠴᠠᠨ᠎ᠠ᠃ | ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ | ᠮᠣᠩᠭᠤᠯ ᠤᠨ ᠴᠠᠭ ᠠᠭᠤᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠨᠠᠢᠮᠠ︶ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠵᠤ ᠰᠡᠷᠭᠦᠭᠡᠨ ᠵᠠᠰᠠᠬᠤ ᠪᠠᠯᠠ ᠮᠥᠩᠭᠦ ᠶᠢ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠦᠨᠡᠨ ᠬᠦ | ᠪᠠᠲᠤᠯᠠᠨ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠥᠬᠡᠶ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠤᠲᠤᠭ | ᠪᠡᠯᠴᠢᠭᠡᠷ ᠢ ᠬᠠᠮᠠᠭᠠᠯᠠᠵᠤ ᠰᠡᠷᠭᠦᠭᠡᠬᠦ ᠵᠢᠴᠢ ᠬᠠᠮᠢᠶ᠎ᠠ ᠪᠦᠬᠦᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠳᠤ ᠪᠠᠨ ᠣᠷᠣᠭᠤᠯᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠨᠦᠬᠦᠪᠦᠷᠢ ᠣᠯᠭᠤᠬᠤ ᠲᠥᠷᠥ ᠶᠢᠨ ᠪᠣᠳᠣᠯᠭ᠎ᠠ ᠪᠠᠨ | ᠲᠡᠭᠦᠯᠳᠡᠷᠵᠢᠭᠦᠯᠬᠦ ᠬᠡᠷᠡᠭᠲᠡᠶ᠃ ᠨᠤᠲᠤᠭ ᠪᠡᠯᠴᠢᠭᠡᠷ ᠤᠨ ᠠᠮᠢ ᠠᠬᠤᠶ ᠶᠢᠨ ᠦᠨ᠎ᠡ ᠥᠷᠲᠡᠭ ᠢ ᠦᠨᠡᠯᠡᠨ ᠵᠢᠱᠢᠬᠦ ᠪᠠ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ | ᠰᠦᠪᠡᠭᠴᠢᠯᠡᠨ ᠥᠷᠨᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠨᠤᠲᠤᠭ ᠪᠡᠯᠴᠢᠭᠡᠷ ᠤᠨ ᠣᠨᠴᠠᠯᠢᠭ ᠲᠤ ᠳᠣᠭᠢᠷᠠᠭᠰᠠᠨ | ᠮᠥᠩᠭᠦᠨ ᠭᠦᠢᠯᠭᠡᠭᠡᠨ ᠤ ᠨᠡᠷᠡᠳᠬᠦᠨ ᠢ ᠪᠠᠶᠢᠭᠤᠯᠤᠨ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠡᠯ᠎ᠡ ᠵᠦᠢᠯ ᠤᠨ ᠲᠦᠷᠢᠮ ᠢ ᠪᠦᠲᠦᠮᠵᠢᠲᠡᠶ | ᠨᠠᠶᠢᠳᠠᠪᠤᠷᠢᠵᠢᠭᠤᠯᠤᠭᠰᠠᠨ ᠬᠤᠪᠢ ᠶᠢᠨ ᠪᠠ ᠨᠢᠭᠡᠴᠢ ᠶᠢᠨ ︽ᠠᠮᠢ ᠠᠬᠤᠶ ᠶᠢᠨ ᠦᠨᠡᠨᠴᠢ ᠢᠲᠡᠭᠡᠮᠵᠢ︾ ᠶᠢ ᠨᠢ ︽ᠢᠲᠡᠭᠡᠮᠵᠢᠲᠦ ᠵᠢᠭᠡᠯᠡᠯᠭᠡ ᠶᠢᠨ ᠦᠨᠡᠨᠴᠢ ᠢᠲᠡᠭᠡᠮᠵᠢ︾ | ᠪᠣᠯᠭᠠᠨ ᠬᠤᠪᠢᠷᠠᠭᠤᠯᠤᠨ᠎ᠠ᠃ ᠨᠤᠲᠤᠭ ᠪᠡᠯᠴᠢᠭᠡᠷ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠡᠪᠴᠢᠶ᠎ᠡ ᠶᠢ | ᠦᠷᠭᠦᠯᠵᠢᠯᠡᠨ ᠥᠷᠭᠡᠳᠬᠡᠨ᠎ᠡ᠃ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ | ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠪᠠᠯᠠ ᠮᠦᠩᠭᠦᠨ ᠤ ᠲᠤᠰᠬᠠᠶ ᠲᠠᠩᠰᠠᠨ ᠡᠷᠦᠬᠡ ᠪᠠᠶᠢᠭᠤᠯᠬᠤ ᠬᠡᠷᠡᠭᠲᠡᠶ᠃ ᠨᠡᠶᠢᠭᠡᠮ ᠤᠨ | ᠬᠥᠷᠥᠩᠭᠡ ᠶᠢ ᠵᠣᠷᠢᠭᠵᠢᠭᠤᠯᠵᠤ ᠪᠠᠶᠢᠭᠠᠳ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠰᠠᠭᠤᠷᠢ ᠮᠥᠩᠭᠦ ᠶᠢ ᠪᠠᠶᠢᠭᠤᠯᠵᠤ᠂ ᠨᠤᠲᠤᠭ ᠪᠡᠯᠴᠢᠭᠡᠷ ᠢ ᠬᠠᠮᠠᠭᠠᠯᠠᠵᠤ | ᠰᠡᠷᠭᠦᠭᠡᠬᠦ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠬᠤᠷᠢ ᠶᠢᠰᠦ︶ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠯᠲᠠ | ᠪᠠ ᠮᠡᠷᠭᠡᠵᠢᠯ ᠳᠡᠯᠭᠡᠷᠡᠭᠦᠯᠬᠦ ᠡᠩᠨᠡᠭᠡ ᠶᠢ ᠲᠣᠭᠲᠠᠭᠤᠨ ᠢᠶᠠᠷ ᠪᠤᠵᠠᠭᠠᠶᠢᠷᠠᠭᠤᠯᠤᠨ᠂ ᠦᠨᠳᠦᠰᠦᠨ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ | ᠥᠷᠲᠡᠭᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ | ᠦᠷᠲᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠠᠵᠢᠯ ᠤᠨ ᠥᠷᠲᠡᠭᠡ ᠶᠢᠨ ᠨᠥᠬᠦᠴᠡᠯ ᠢ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ | ᠳᠡᠭᠡᠭᠰᠢᠯᠡᠭᠦᠯᠦᠨ᠂ ᠬᠢᠨᠠᠯᠲᠠ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠥᠷᠲᠡᠭᠡᠨ ᠤ | ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠳᠡᠮᠵᠢᠵᠦ᠂ | ᠨᠤᠲᠤᠭ ᠪᠡᠯᠴᠢᠭᠡᠷ ᠤᠨ ᠲᠤᠰᠬᠠᠶ ᠠᠵᠢᠯ ᠤᠨ ᠰᠢᠨᠵᠢᠯᠡᠭᠡᠨ ᠤ ᠨᠡᠶᠢᠭᠡᠮᠯᠢᠭ᠂ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠥᠷᠥ ᠶᠢᠨ | ᠪᠣᠳᠣᠯᠭ᠎ᠠ ᠶᠢᠨ ᠯᠠᠪᠯᠠᠯᠭ᠎ᠠ ᠥᠭᠬᠦ᠂ ᠮᠡᠳᠡᠭᠡ ᠵᠠᠩᠭᠢ ᠶᠢᠨ ᠦᠢᠯᠡᠴᠢᠯᠡᠭᠡᠨ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ᠂ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢ︶ ᠰᠠᠶᠢᠨ ᠰᠠᠶᠢᠬᠠᠨ ᠬᠠᠮᠠᠭᠠᠯᠠᠯᠲᠠ ᠶᠢᠨ ᠣᠷᠴᠢᠨ ᠠᠬᠤᠢ ᠶᠢ ᠪᠣᠶ ᠪᠣᠯᠭᠠᠨ᠎ᠠ᠃ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯᠯᠠᠭ᠎ᠠ ᠪᠠᠨ ᠭᠦᠨᠵᠡᠭᠡᠶ ᠦᠷᠨᠢᠭᠦᠯᠦᠨ᠂ ᠨᠤᠲᠤᠭ ᠪᠡᠯᠴᠢᠭᠡᠷ ᠤᠨ ᠴᠢᠬᠤᠯᠠ ᠪᠦᠬᠦᠢ ᠠᠮᠢ ᠠᠬᠤᠶ᠂ ᠠᠵᠤ ᠠᠬᠤᠶ᠂ ᠨᠡᠶᠢᠭᠡᠮ ᠪᠠ ᠰᠣᠶᠣᠯ ᠤᠨ | ᠴᠢᠳᠠᠮᠵᠢ ᠶᠢ ᠥᠷᠭᠡᠨ ᠢᠶᠠᠷ ᠤᠬᠠᠭᠤᠯᠵᠤ᠂ ᠪᠦᠬᠦ ᠨᠡᠶᠢᠭᠡᠮ ᠢᠶᠠᠷ ᠢᠶᠠᠨ ᠨᠤᠲᠤᠭ ᠪᠡᠯᠴᠢᠭᠡᠷ ᠢ ᠬᠠᠯᠠᠮᠵᠢᠯᠠᠵᠤ ᠬᠠᠶᠢᠷᠠᠯᠠᠬᠤ ᠪᠠ ᠨᠤᠲᠤᠭ ᠪᠡᠯᠴᠢᠭᠡᠷ ᠢ ᠬᠠᠤᠯᠢ ᠶᠣᠰᠣᠭᠠᠷ | ᠬᠠᠮᠠᠭᠠᠯᠠᠬᠤ ᠦᠵᠡᠯ ᠤᠬᠠᠮᠰᠠᠷ ᠢ ᠨᠢ ᠲᠠᠰᠤᠷᠠᠯᠲᠠ ᠥᠭᠡᠢ ᠴᠢᠩᠭᠠᠷᠠᠭᠤᠯᠬᠤ ᠬᠡᠷᠡᠭᠲᠡᠶ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠲᠠᠯ᠎ᠠ ᠳᠠᠬᠢ ᠡᠪᠡᠰᠦ | ᠲᠠᠷᠢᠬᠤ ᠪᠠ ᠡᠪᠡᠰᠦ ᠶᠢ ᠬᠠᠮᠠᠭᠠᠯᠠᠬᠤ ᠠᠵᠢᠯ ᠤᠨ ᠴᠢᠬᠤᠯᠠ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠢᠨ ᠢ ᠢᠳᠡᠪᠬᠢᠲᠡᠶ ᠪᠠᠷ ᠳᠠᠶᠢᠴᠢᠯᠠᠨ ᠨᠤᠲᠤᠭ | ᠪᠡᠯᠴᠢᠭᠡᠷ ᠢ ᠬᠠᠮᠠᠭᠠᠯᠠᠵᠤ ᠰᠡᠷᠭᠦᠭᠡᠬᠦ ᠳᠤ ᠣᠷᠣᠯᠴᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠰᠠᠶᠢᠨ ᠰᠠᠶᠢᠬᠠᠨ ᠣᠷᠴᠢᠨ ᠠᠬᠤᠢ ᠶᠢ ᠪᠣᠶ | ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷᠢᠭᠤᠴᠠᠨ᠎ᠠ︶ | 2021 ᠣᠨ ᠤ 12 ᠳ᠋ᠤᠭᠠᠷ ᠰᠠᠷ᠎ᠠ ᠶᠢᠨ 31 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠪᠠ |