ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 5 ᠳ᠋ᠤᠭᠠᠷ ᠲᠣᠭᠠᠲᠤ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠦᠰᠦᠯᠲᠡ ᠯᠦᠭᠡ ᠬᠤᠯᠪᠣᠵᠤ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ ᠵᠡᠷᠭᠡ 6 ᠰᠠᠯᠠᠭ᠎ᠠ ᠮᠥᠴᠢᠷ ᠤᠨ ᠬᠤᠯᠪᠣᠭᠠᠯᠠᠨ | ᠳᠠᠷᠤᠮᠠᠯᠯᠠᠵᠤ ᠲᠠᠷᠬᠠᠭᠠᠭᠰᠠᠨ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ | ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ﹇2021﹈ | 1553 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠣᠷᠣᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠤᠯᠪᠣᠭᠠᠯᠠᠨ | ᠬᠥᠳᠡᠯᠦᠯᠴᠡᠬᠦ ᠲᠣᠭᠲᠠᠴᠠ ︵ᠳᠣᠷᠣᠭᠰᠢ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠭᠡᠵᠦ ᠲᠣᠪᠴᠢᠯᠠᠨ᠎ᠠ︶ ᠶᠢ ᠤᠯᠠᠮ ᠨᠢᠭᠡ | ᠠᠯᠬᠤᠮ ᠪᠦᠷᠢᠨᠰᠢᠭᠦᠯᠬᠦ ᠬᠤᠯᠪᠣᠭᠳᠠᠯ ᠪᠦᠬᠦᠢ ᠤᠴᠢᠷ ᠢ ᠳᠤᠤᠷᠠᠬᠢ ᠮᠡᠲᠦ ᠮᠡᠳᠡᠭᠳᠡᠪᠡ᠃ | ᠨᠢᠭᠡ᠂ ᠪᠠᠲᠤᠯᠠᠭ᠎ᠠ ᠬᠦᠷᠲᠡᠭᠰᠡᠳ | ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠭ᠎ᠠ ᠬᠦᠷᠲᠡᠭᠰᠡᠳ ᠪᠣᠯ᠄ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ | ᠬᠥᠮᠦᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠶᠢ ᠭᠥᠷᠳᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠥᠨᠥᠴᠢᠨ | ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ | ᠰᠤᠷᠭᠠᠭᠤᠯᠢ ᠶᠢᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠣᠯᠤᠨ᠎ᠠ᠃ | ᠬᠤᠶᠠᠷ᠂ ᠡᠬᠢᠯᠡᠭᠦᠯᠬᠦ ᠳᠡᠰ ᠱᠠᠲᠤ | ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ ᠶᠢ ᠪᠠᠭᠲᠠᠭᠠᠬᠤ | ᠥᠬᠡᠶ᠂ ᠳᠣᠷᠣᠭᠰᠢ ᠠᠳᠠᠯᠢ︶ ᠪᠠᠷ ᠨᠢᠭᠡᠴᠢ ᠪᠣᠯᠭᠠᠨ ᠨᠢᠭᠡᠳᠦᠯᠲᠡᠶ ᠡᠬᠢᠯᠡᠭᠦᠯᠣᠨᠡ᠂ ᠡᠭᠦᠨ ᠳᠤ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ | ᠡᠬᠢᠯᠡᠭᠦᠯᠬᠦ ᠳᠤ ᠪᠠᠨ ᠲᠣᠰ ᠲᠣᠰ ᠮᠠᠨᠵᠤᠤᠷ ᠬᠤᠲᠠ᠂ ᠡᠷᠢᠶᠡᠨ ᠬᠤᠲᠠ ᠳᠤ ᠮᠡᠳᠡᠭᠳᠡᠵᠦ ᠵᠡᠷᠭᠡ ᠪᠠᠷ ᠡᠬᠢᠯᠡᠭᠦᠯᠬᠦ ᠬᠡᠷᠡᠭᠲᠡᠢ᠂ ᠴᠢᠬᠤᠯᠡ ᠲᠠᠢ ᠦᠶᠡᠰ ᠪᠥᠬᠦ ᠣᠷᠣᠨ ᠤ | ᠬᠡᠪᠴᠢᠶᠡᠨ ᠳᠤ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠥᠬᠦ ᠲᠠᠯ᠎ᠠ ᠪᠠᠷ ᠡᠬᠢᠯᠡᠭᠦᠯᠬᠦ ᠪᠤᠶᠤ ᠵᠣᠭᠰᠣᠭᠠᠵᠤ ᠪᠣᠯᠤᠨ᠎ᠠ᠃ | ᠭᠤᠷᠪᠠ᠂ ᠡᠬᠢᠯᠡᠭᠦᠯᠬᠦ ᠨᠥᠬᠦᠴᠡᠯ | ᠳᠤᠤᠷᠠᠬᠢ ᠠᠴᠠ ᠳᠤᠷ᠎ᠠ ᠶᠢᠨ ᠨᠢᠭᠡᠨ ᠨᠥᠬᠦᠴᠡᠯ ᠢ ᠬᠠᠩᠭᠠᠪᠡᠯ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠡᠬᠢᠯᠡᠭᠦᠯᠦᠨ᠎ᠡ᠄ | ︵ᠨᠢᠭᠡ︶ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ︵CPI︶ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ | ᠦᠰᠣᠯᠳᠡ ᠶᠢᠨ ᠬᠡᠮᠵᠢᠶ᠎ᠠ ᠨᠢ 3.5 % ᠳᠤ ᠬᠦᠷᠣᠭ᠍ᠰᠡᠨ ᠪᠠᠶᠢᠬᠤ᠃ | ︵ᠬᠤᠶᠠᠷ︶ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ | ᠦᠰᠣᠯᠳᠡ ᠶᠢᠨ ᠬᠡᠮᠵᠢᠶ᠎ᠠ ᠨᠢ 6 % ᠳᠤ ᠭᠦᠷᠣᠭ᠍ᠰᠡᠨ ᠪᠠᠶᠢᠬᠤ᠃ | ᠳᠥᠷᠪᠡ᠂ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ | ᠡᠬᠢᠯᠡᠭᠦᠯᠬᠦ ᠨᠥᠬᠦᠴᠡᠯ ᠳᠤ ᠬᠥᠷᠥᠭᠰᠡᠨ ᠪᠣᠯ᠂ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠦᠨ᠎ᠡ | ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠬᠡᠷᠡᠭᠲᠡᠢ︔ ᠲᠣᠰ ᠰᠠᠷ᠎ᠠ ᠳᠤ ᠡᠬᠢᠯᠡᠭᠦᠯᠬᠦ ᠨᠥᠬᠦᠴᠡᠯ ᠢ ᠴᠥᠮ ᠥᠯᠥ ᠬᠠᠩᠭᠠᠪᠡᠯ᠂ ᠦᠨ᠎ᠡ ᠬᠠᠩᠰᠢ ᠶᠢᠨ | ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠨ ᠵᠣᠭᠰᠣᠭᠠᠬᠤ ᠬᠡᠷᠡᠭᠲᠡᠢ᠃ | ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠳᠤ ︽ᠰᠠᠷ᠎ᠠ ᠪᠠᠷ ᠲᠥᠰᠦᠭᠡᠯᠡᠨ ᠪᠤᠳᠤᠬᠤ᠂ ᠰᠠᠷ᠎ᠠ ᠪᠠᠷ ᠣᠯᠭᠤᠬᠤ︾ ᠶᠢ ᠬᠡᠷᠡᠭᠵᠢᠭᠦᠯᠵᠦ᠂ ᠬᠠᠮᠢᠶ᠎ᠠ | ᠪᠥᠬᠦᠶ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠨᠡᠶᠢᠲᠡᠯᠡᠭᠰᠡᠨ ᠲᠣᠰ ᠰᠠᠷ᠎ᠠ ᠳᠤ ᠨᠢ ᠬᠦᠴᠢᠷᠳᠡᠯᠲᠡᠶ ᠣᠯᠠᠨ ᠲᠦᠮᠡᠨ ᠤ ᠭᠠᠷ ᠲᠤ ᠲᠤᠭ᠎ᠠ ᠶᠣᠰᠣᠭᠠᠷ ᠨᠢ ᠭᠦᠢᠴᠡᠳ | ᠭᠠᠷᠳᠠᠭᠤᠯᠬᠤ ᠬᠡᠷᠡᠭᠲᠡᠢ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠶᠢᠩᠭᠤᠵᠢᠭᠤᠯᠤᠨ ᠲᠣᠬᠢᠷᠠᠭᠤᠯᠬᠤ ᠶᠢ ᠦᠨ᠎ᠡ | ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠯᠤᠭ᠎ᠠ ᠵᠣᠯᠭᠠᠭᠤᠯᠬᠤ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ | ᠬᠡᠪ ᠤᠨ ᠲᠠᠰ ᠳᠠᠷᠠᠭᠠᠯᠠᠯ ᠶᠣᠰᠣᠭᠠᠷ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠳᠣᠭᠢᠷᠠᠭᠤᠯᠬᠤ ᠳᠤ ᠪᠠᠨ᠂ ᠥᠩᠭᠡᠷᠡᠭᠰᠡᠨ ᠨᠢᠭᠡ | ᠵᠢᠯ ᠤᠨ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠥᠰᠥᠯᠲᠡ ᠶᠢᠨ ᠪᠠᠶᠢᠳᠠᠯ᠂ ᠦᠨ᠎ᠡ ᠬᠠᠩᠰᠢ ᠶᠢᠨ ᠲᠦᠷ ᠴᠠᠭ ᠤᠨ | ᠨᠡᠮᠡᠭᠦᠷᠢ ᠣᠯᠭᠤᠭᠰᠠᠨ ᠪᠠᠶᠢᠳᠠᠯ ᠵᠢᠴᠢ ᠲᠥᠰᠦᠭᠡᠯᠡᠭᠰᠡᠨ ᠲᠣᠰ ᠵᠢᠯ ᠤᠨ ᠰᠠᠭᠤᠭᠠᠯᠢ ᠠᠷᠠᠳ ᠤᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠥᠰᠥᠯᠲᠡ ᠶᠢᠨ | ᠪᠠᠶᠢᠳᠠᠯ ᠵᠡᠷᠭᠡ ᠪᠠᠷ ᠴᠢᠬᠤᠯᠠ ᠯᠠᠪᠯᠠᠬᠤ ᠡᠯᠧᠮᠧᠨ᠋ᠲ ᠪᠣᠯᠭᠠᠬᠤ ᠬᠡᠷᠡᠭᠲᠡᠶ᠃ | ᠲᠠᠪᠤ᠂ ᠨᠡᠮᠡᠭᠦᠷᠢ ᠣᠯᠭᠤᠬᠤ ᠪᠠᠷᠢᠮᠵᠢᠶ᠎ᠠ | ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠣᠯᠭᠤᠬᠤ ᠳᠤ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠨᠡᠮᠡᠭᠦᠷᠢ ᠣᠯᠭᠤᠬᠤ ᠪᠠᠷᠢᠮᠵᠢᠶ᠎ᠠ ᠶᠢ | ᠬᠡᠷᠡᠭᠵᠢᠭᠦᠯᠬᠦ ᠬᠡᠷᠡᠭᠲᠡᠢ᠂ ᠡᠭᠦᠨ ᠳᠤ ᠮᠠᠨᠵᠤᠤᠷ ᠬᠤᠲᠠ᠂ ᠡᠷᠢᠶᠡᠨ ᠬᠤᠲᠠ ᠶᠢᠨ ᠨᠡᠮᠡᠭᠦᠷᠢ ᠣᠯᠭᠤᠬᠤ ᠪᠠᠷᠢᠮᠵᠢᠶ᠎ᠠ ᠶᠢ ᠲᠣᠰ ᠲᠣᠰ ᠬᠥᠯᠥᠨ ᠪᠤᠶᠢᠷ ᠬᠤᠲᠠ᠂ | ᠰᠢᠯᠢ ᠶᠢᠨ ᠭᠤᠤᠯ ᠠᠶᠢᠮᠠᠭ ᠤᠨ ᠨᠡᠮᠡᠭᠦᠷᠢ ᠣᠯᠭᠤᠬᠤ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ ᠠᠶᠢᠮᠠᠭ ᠬᠤᠲᠠ ᠶᠢᠨ ᠬᠤᠲᠠ ᠪᠠᠯᠭᠠᠰᠤᠨ ᠳᠠᠬᠢ ᠣᠷᠣᠯᠭ᠎ᠠ | ᠪᠠᠭᠠᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠪᠠᠷ ᠲᠥᠰᠦᠭᠡᠯᠡᠨ ᠪᠤᠳᠤᠵᠤ᠂ | ᠠᠶᠢᠮᠠᠭ ᠬᠤᠲᠠ ᠶᠢᠨ ᠬᠤᠲᠠ ᠪᠠᠯᠭᠠᠰᠤᠨ ᠳᠠᠬᠢ ᠣᠷᠣᠯᠭ᠎ᠠ ᠪᠠᠭᠠᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ | ᠵᠢᠭᠠᠯᠲᠠ ᠲᠤᠭ᠎ᠠ ︵SCPI︶ ᠪᠠᠨ ᠨᠠᠶᠢᠷᠠᠭᠤᠯᠵᠤ ᠵᠣᠬᠢᠶᠠᠭᠰᠠᠨ ᠥᠬᠡᠶ ᠠᠶᠢᠮᠠᠭ ᠬᠤᠲᠠ ᠨᠢ ᠡᠷᠬᠢᠨ ᠲᠣᠭᠤᠷᠢᠨ ᠤ ᠪᠠᠶᠢᠳᠠᠯ ᠢᠶᠠᠷ ᠠᠳᠠᠯᠢᠪᠲᠤᠷ ᠪᠠᠶᠢᠭ᠎ᠠ ᠠᠶᠢᠮᠠᠭ | ᠬᠤᠲᠠ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠬᠡᠷᠡᠭᠯᠡᠵᠦ ᠪᠣᠯᠤᠨ᠎ᠠ᠃ ᠲᠥᠰᠦᠭᠡᠯᠡᠨ ᠪᠤᠳᠤᠬᠤ ᠠᠷᠭ᠎ᠠ ᠨᠢ ᠳᠣᠣᠷᠠᠬᠢ ᠮᠡᠲᠦ᠄ | ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠷᠢᠮᠵᠢᠶ᠎ᠠ = ᠠᠶᠢᠮᠠᠭ ᠬᠤᠲᠠ ᠶᠢᠨ ᠬᠤᠲᠠ ᠳᠠᠬᠢ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢ ᠪᠠᠲᠤᠯᠠᠬᠤ ᠪᠠᠷᠢᠮᠵᠢᠶ᠎ᠠ × ᠠᠶᠢᠮᠠᠭ ᠬᠤᠲᠠ ᠶᠢᠨ ᠬᠤᠲᠠ ᠪᠠᠯᠭᠠᠰᠤᠨ ᠳᠠᠬᠢ ᠣᠷᠣᠯᠭ᠎ᠠ ᠪᠠᠭᠠᠲᠠᠢ ᠰᠠᠭᠤᠭᠠᠯᠢ ᠠᠷᠠᠳ ᠤᠨ | ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ᠂ | ᠳᠥᠷᠪᠡ ᠶᠢ ᠬᠠᠶᠠᠵᠤ ᠲᠠᠪᠤ ᠶᠢ ᠲᠡᠪᠰᠢᠭᠦᠯᠦᠭᠡᠳ ᠪᠦᠬᠦᠯᠢ ᠲᠤᠭ᠎ᠠ ᠶᠢ ᠨᠢ ᠠᠪᠤᠨ᠎ᠠ᠃ | ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠷᠢᠮᠵᠢᠶ᠎ᠠ = ᠠᠶᠢᠮᠠᠭ ᠬᠤᠲᠠ ᠶᠢᠨ ᠲᠠᠷᠢᠶᠠᠯᠠᠬᠤ | ᠮᠠᠯᠵᠢᠬᠤ ᠣᠷᠣᠨ ᠳᠠᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠪᠠᠲᠤᠯᠠᠬᠤ ᠪᠠᠷᠢᠮᠵᠢᠶ᠎ᠠ × ᠠᠶᠢᠮᠠᠭ ᠬᠤᠲᠠ ᠶᠢᠨ ᠬᠤᠲᠠ ᠪᠠᠯᠭᠠᠰᠤᠨ ᠳᠠᠬᠢ ᠣᠷᠣᠯᠭ᠎ᠠ | ᠪᠠᠭᠠᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ | ᠥᠰᠦᠯᠲᠡ ᠶᠢᠨ ᠬᠡᠮᠵᠢᠶ᠎ᠡ᠂ ᠳᠥᠷᠪᠡ ᠶᠢ ᠬᠠᠶᠠᠵᠤ ᠲᠠᠪᠤ ᠶᠢ ᠲᠡᠪᠰᠢᠭᠦᠯᠦᠭᠡᠳ ᠪᠦᠬᠦᠯᠢ ᠲᠤᠭ᠎ᠠ ᠶᠢ ᠨᠢ ᠠᠪᠤᠨ᠎ᠠ᠃ | ᠬᠤᠲᠠ ᠶᠢᠨ ᠬᠥᠮᠦᠨ ᠪᠦᠷᠢ ᠶᠢᠨ ᠰᠠᠷ᠎ᠠ ᠳᠤ ᠣᠯᠭᠤᠬᠤ ᠨᠡᠮᠡᠭᠦᠷᠢ ᠨᠢ 30 ᠲᠥᠭᠦᠷᠢᠭ ᠬᠦᠷᠬᠦ ᠦᠭᠡᠶ ᠪᠠᠶᠢᠪᠠᠯ 30 ᠲᠥᠭᠦᠷᠢᠭ ᠢᠶᠠᠷ ᠣᠯᠭᠤᠵᠤ᠂ 30 | ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠤ ᠪᠠᠶᠢᠳᠠᠯ ᠢᠶᠠᠷ ᠨᠢ ᠣᠯᠭᠤᠬᠤ ᠬᠡᠷᠡᠭᠲᠡᠶ︔ ᠲᠠᠷᠢᠶᠠᠯᠠᠬᠤ ᠮᠠᠯᠵᠢᠬᠤ ᠣᠷᠣᠨ ᠤ ᠬᠥᠮᠦᠨ ᠪᠦᠷᠢ ᠶᠢᠨ ᠰᠠᠷ᠎ᠠ ᠳᠤ | ᠣᠯᠭᠤᠬᠤ ᠨᠡᠮᠡᠭᠦᠷᠢ ᠨᠢ 15 ᠲᠥᠭᠦᠷᠢᠭ ᠬᠦᠷᠬᠦ ᠦᠭᠡᠶ ᠪᠠᠶᠢᠪᠠᠯ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠤ | ᠪᠠᠶᠢᠳᠠᠯ ᠢᠶᠠᠷ ᠨᠢ ᠣᠯᠭᠤᠬᠤ ᠬᠡᠷᠡᠭᠲᠡᠢ᠃ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ | ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ | ᠰᠤᠷᠤᠭᠴᠢᠳ ᠲᠤ ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠷᠢᠮᠵᠢᠶ᠎ᠠ ᠪᠠᠷ ᠯᠠᠪᠯᠠᠯᠲᠠ | ᠪᠣᠯᠭᠠᠨ ᠬᠡᠷᠩᠵᠢᠭᠦᠯᠣᠨ᠎ᠡ᠃ | ᠵᠢᠷᠭᠤᠭ᠎ᠠ᠂ ᠪᠡᠯᠡ ᠮᠥᠩᠭᠦ ᠶᠢᠨ ᠪᠠᠲᠤᠯᠠᠭ᠎ᠠ | ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠶᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ | ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠰᠤᠷᠤᠭᠴᠢᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠯᠠ ᠮᠥᠩᠭᠦ ᠶᠢ ᠠᠳᠠᠯᠢ ᠱᠠᠲᠤᠨ ᠤ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠲᠥᠰᠦᠪ ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠭᠤᠤᠯᠳᠠᠭᠤ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠳᠠᠮᠵᠢᠭᠤᠯᠤᠨ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠬᠤᠯᠪᠣᠭᠠᠯᠠᠨ ᠬᠥᠳᠡᠯᠦᠯᠴᠡᠬᠦ ᠨᠡᠮᠡᠭᠦᠷᠢ ᠶᠢᠨ ᠪᠠᠯᠠ ᠮᠥᠩᠭᠦ ᠳᠤ ᠨᠥᠬᠦᠪᠥᠷᠢ ᠣᠯᠭᠤᠨ᠎ᠠ᠃ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ | ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠥᠪᠡᠷᠲᠡᠭᠡᠨ | ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ | ᠮᠥᠩᠭᠦ ᠠᠴᠠ ᠭᠠᠷᠭᠠᠵᠤ ᠪᠣᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ | ᠣᠯᠭᠤᠬᠤ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠦᠩᠭᠦᠨ ᠠᠴᠠ ᠭᠠᠷᠭᠠᠨ᠎ᠠ᠃ | ᠳᠣᠯᠤᠭ᠎ᠠ᠂ ᠠᠵᠢᠯ ᠤᠨ ᠲᠣᠭᠲᠠᠴᠠ | ︵ᠨᠢᠭᠡ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠠᠵᠢᠯ ᠤᠨ | ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢᠶᠠᠷ ᠲᠦᠷᠦᠭᠦᠯᠡᠨ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠠᠵᠢᠯ ᠤᠨ ᠳᠡᠰ ᠳᠠᠷᠠᠭᠠᠯᠠᠯ ᠢᠶᠠᠨ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠦᠨ᠎ᠡ | ᠬᠠᠩᠰᠢ ᠶᠢᠨ ᠲᠦᠷ ᠴᠠᠭ ᠤᠨ ᠨᠡᠮᠡᠭᠦᠷᠢ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠡᠯ᠎ᠡ ᠱᠠᠲᠤᠨ ᠤ ᠪᠠᠶᠢᠴᠠᠭᠠᠯᠲᠠ ᠶᠢᠨ ᠠᠩᠭᠢ ᠨᠢ ᠬᠠᠮᠢᠶ᠎ᠠ ᠪᠦᠬᠦᠢ ᠦᠨ᠎ᠡ ᠬᠠᠩᠰᠢ ᠶᠢᠨ | ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠬᠠᠩᠭᠠᠬᠤ ᠬᠡᠷᠡᠭᠲᠡᠶ︔ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠨᠢ ᠪᠠᠷᠠᠭᠠᠨ ᠤ ᠦᠨ᠎ᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤ ᠨᠢ ᠡᠬᠢᠯᠡᠭᠦᠯᠬᠦ ᠪᠤᠶᠤ | ᠵᠣᠭᠰᠣᠭᠠᠵᠣ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ ᠶᠢ ᠣᠨᠣᠪᠴᠢᠲᠠᠶ ᠲᠥᠰᠦᠭᠡᠯᠡᠨ ᠪᠣᠳᠣᠵᠤ᠂ ᠦᠨ᠎ᠡ ᠬᠠᠩᠰᠢ ᠶᠢᠨ ᠲᠦᠷ ᠴᠠᠭ ᠤᠨ | ᠨᠡᠮᠡᠭᠦᠷᠢ ᠶᠢᠨ ᠪᠠᠷᠢᠮᠵᠢᠶ᠎ᠠ ᠳᠤ ᠰᠠᠨᠠᠭᠤᠯᠭ᠎ᠠ ᠳᠤᠷᠠᠳᠤᠨ᠂ ᠲᠣᠭᠲᠠᠴᠠ ᠶᠢᠨ ᠬᠡᠷᠡᠭᠵᠢᠭᠦᠯᠦᠭᠰᠡᠨ ᠪᠠᠶᠢᠳᠠᠯ ᠢ ᠮᠥᠷᠳᠡᠬᠦ ᠪᠠ ᠰᠢᠮᠳᠠᠭᠤᠯᠤᠨ ᠵᠢᠯᠣᠭᠤᠳᠬᠤ ᠶᠢ ᠰᠠᠶᠢᠲᠤᠷ | ᠠᠳᠬᠤᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠦᠨ᠎ᠡ ᠬᠠᠩᠰᠢ ᠶᠢᠨ ᠲᠦᠷ ᠴᠠᠭ ᠤᠨ | ᠨᠡᠮᠡᠭᠦᠷᠢ ᠶᠢᠨ ᠪᠡᠯᠡ ᠮᠥᠩᠭᠦ ᠶᠢ ᠢᠳᠡᠪᠬᠢᠲᠡᠶ ᠲᠣᠬᠢᠷᠠᠭᠤᠯᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠢᠩᠬᠢᠮ᠂ | ᠰᠤᠷᠭᠠᠨ ᠬᠥᠮᠦᠵᠢᠯ ᠤᠨ ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠶᠢᠮᠠᠭ ᠬᠤᠲᠠ ᠶᠢᠨ ᠬᠠᠷᠢᠶ᠎ᠠ ᠪᠣᠯᠬᠤ ᠶᠡᠭᠡ ᠳᠡᠭᠡᠳᠦ | ᠰᠤᠷᠭᠠᠭᠤᠯᠢ ᠨᠢ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠢᠶᠠᠨ ᠪᠠᠲᠤᠯᠠᠭ᠎ᠠ ᠬᠦᠷᠲᠡᠭᠰᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ | ᠮᠥᠩᠭᠦ ᠣᠯᠭᠤᠬᠤ ᠠᠵᠢᠯ ᠢᠶᠠᠨ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ | ᠨᠠᠢᠮᠠ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠡᠬᠢᠯᠡᠭᠦᠯᠣᠭ᠍ᠰᠡᠨ ᠪᠤᠶᠤ ᠵᠣᠭᠰᠣᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠢᠩᠬᠢᠮ᠂ ᠰᠤᠷᠭᠠᠨ | ᠬᠥᠮᠦᠵᠢᠯ ᠤᠨ ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠶᠢᠮᠠᠭ ᠬᠤᠲᠠ ᠶᠢᠨ ᠬᠠᠷᠢᠶ᠎ᠠ ᠪᠣᠯᠬᠤ ᠶᠡᠭᠡ ᠳᠡᠭᠡᠳᠦ ᠰᠤᠷᠭᠠᠭᠤᠯᠢ ᠳᠤ | ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠳᠠᠬᠢ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠶᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ ᠲᠤ ᠲᠦᠷ | ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠶᠢ ᠪᠣᠳᠠᠲᠠᠢ ᠬᠠᠷᠢᠭᠤᠴᠠᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠠᠲᠤᠯᠠᠭ᠎ᠠ ᠬᠦᠷᠲᠡᠭᠰᠡᠳ ᠲᠤ ᠦᠨ᠎ᠡ ᠬᠠᠩᠰᠢ ᠶᠢᠨ ᠲᠦᠷ ᠴᠠᠭ ᠤᠨ | ᠨᠡᠮᠡᠭᠦᠷᠢ ᠶᠢᠨ ᠪᠡᠯᠡ ᠮᠥᠩᠭᠦ ᠣᠯᠭᠤᠬᠤ ᠶᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠭᠤᠳ ᠬᠠᠷᠢᠶ᠎ᠠ ᠶᠡᠭᠡ ᠳᠡᠭᠡᠳᠦ | ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠨᠡᠮᠡᠭᠦᠷᠢ ᠣᠯᠭᠤᠬᠤ ᠪᠠᠷᠢᠮᠵᠢᠶ᠎ᠠ ᠶᠢ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ | ᠭᠠᠵᠠᠷ ᠤᠨ ᠨᠡᠮᠡᠭᠦᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠶ᠃ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠤᠨ ᠠᠶᠢᠮᠠᠭ | ᠬᠤᠲᠠ ᠶᠢᠨ ᠬᠠᠷᠢᠶ᠎ᠠ ᠪᠣᠯᠬᠤ ᠶᠡᠭᠡ ᠳᠡᠭᠡᠳᠦ ᠰᠤᠷᠭᠠᠭᠤᠯᠢ ᠨᠢ ᠠᠶᠢᠮᠠᠭ ᠬᠤᠲᠠ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠱᠠᠲᠤᠨ ᠤ ᠪᠠᠲᠤᠯᠠᠭ᠎ᠠ | ᠬᠦᠷᠲᠡᠭᠰᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠯᠠ ᠮᠥᠩᠭᠦ ᠣᠯᠭᠤᠬᠤ ᠶᠢ ᠪᠣᠳᠠᠲᠠᠶ ᠬᠠᠷᠢᠭᠤᠴᠠᠬᠤ ᠬᠡᠷᠡᠭᠲᠡᠢ᠃ | ︵ᠭᠤᠷᠪᠠ︶ ᠡᠯ᠎ᠡ ᠠᠶᠢᠮᠠᠭ ᠬᠤᠲᠠ ᠨᠢ ᠲᠣᠭᠲᠠᠭᠠᠭᠰᠠᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠬᠡᠪᠴᠢᠶ᠎ᠡ ᠪᠠ ᠬᠦᠷᠲᠡᠭᠰᠡᠳ ᠤᠨ | ᠲᠣᠭᠲᠠᠭᠠᠯ ᠢ ᠴᠢᠩᠭ᠎ᠠ ᠵᠢᠷᠤᠮᠯᠠᠨ ᠨᠡᠮᠡᠭᠦᠷᠢ ᠣᠯᠭᠤᠵᠤ᠂ ᠪᠠᠲᠤᠯᠠᠭ᠎ᠠ ᠬᠦᠷᠲᠡᠬᠦ ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠰᠢᠨᠡᠳᠬᠡᠨ᠂ ︽ | ᠪᠠᠲᠤᠯᠠᠪᠡᠰᠦ ᠵᠣᠬᠢᠬᠤ ᠶᠢ ᠨᠢ ᠪᠦᠬᠦᠨ ᠢ ᠪᠠᠲᠤᠯᠠᠵᠦ᠂ ᠨᠦᠬᠦᠪᠦᠷᠢᠯᠡᠪᠡᠰᠦ ᠵᠣᠬᠢᠬᠤ ᠳᠤ ᠨᠢ ᠪᠦᠬᠦᠨ ᠢ ᠨᠦᠬᠦᠪᠦᠷᠢᠯᠡᠬᠦ︾ ᠶᠢ ᠭᠦᠢᠴᠡᠳᠬᠡᠬᠦ ᠬᠡᠷᠡᠭᠲᠡᠶ᠃ | ︵ᠳᠥᠷᠪᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠷᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠤᠯᠪᠣᠭᠠᠯᠠᠨ ᠬᠥᠳᠡᠯᠦᠯᠴᠡᠬᠦ | ᠲᠣᠭᠲᠠᠴᠠ ᠪᠠᠨ ᠡᠬᠢᠯᠡᠭᠦᠯᠦᠭᠰᠡᠨ ᠪᠤᠶᠤ ᠵᠣᠭᠰᠣᠭᠠᠭᠰᠠᠨ ᠪᠠᠶᠢᠳᠠᠯ᠂ ᠦᠨ᠎ᠡ ᠬᠠᠩᠰᠢ ᠶᠢᠨ ᠨᠡᠮᠡᠭᠦᠷᠢ ᠶᠢᠨ ᠪᠡᠯᠡ ᠮᠥᠩᠭᠦ ᠣᠯᠭᠤᠭᠰᠠᠨ ᠪᠠᠶᠢᠳᠠᠯ ᠢᠶᠠᠨ ᠰᠠᠷ᠎ᠠ ᠪᠠᠷ | ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠯᠴᠠᠨ ᠡᠯ᠎ᠡ ᠠᠶᠢᠮᠠᠭ ᠬᠤᠲᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠠᠵᠢᠯ ᠳᠤ ᠬᠢᠨᠠᠯᠲᠠ ᠲᠠᠯᠪᠢᠵᠤ᠂ ᠮᠡᠳᠡᠭᠡ ᠵᠠᠩᠭᠢ ᠮᠡᠳᠡᠭᠦᠯᠦᠨ | ᠬᠦᠷᠭᠡᠭᠰᠡᠨ ᠨᠢ ᠦᠨᠡᠨ ᠪᠣᠳᠠᠲᠠᠶ ᠪᠤᠰᠤ᠂ ᠴᠠᠭ ᠲᠤᠬᠠᠶ ᠳᠤ ᠨᠢ ᠨᠡᠮᠡᠭᠦᠷᠢ ᠣᠯᠭᠤᠭᠰᠠᠨ ᠦᠭᠡᠢ ᠠᠶᠢᠮᠠᠭ ᠬᠤᠲᠠ ᠶᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃365赢多少钱会被限额_国内有真正的365平台吗_365bet博彩官网 | ︵ᠲᠠᠪᠤ︶ ︽︿ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ ᠬᠡᠮᠵᠢᠶ᠎ᠡ﹀ ᠶᠢ | ᠳᠠᠷᠤᠮᠠᠯᠯᠠᠨ ᠶᠠᠪᠤᠭᠤᠯᠬᠤ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠬᠡᠷᠡᠭᠵᠢᠭᠦᠯᠦᠭᠰᠡᠨ ᠪᠠᠶᠢᠳᠠᠯ ᠢ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠯᠲᠡ ᠳᠤ ᠣᠷᠣᠭᠤᠯᠬᠤ ᠬᠡᠷᠡᠭᠲᠡᠢ᠃ | ︵ᠵᠢᠷᠭᠤᠭ᠎ᠠ︶ ᠡᠯ᠎ᠡ ᠠᠶᠢᠮᠠᠭ ᠬᠤᠲᠠ ᠨᠢ ᠨᠡᠮᠡᠭᠦᠷᠢ ᠣᠯᠭᠤᠬᠤ ᠳᠤ ᠪᠠᠨ᠂ ᠬᠠᠮᠢᠶ᠎ᠠ ᠪᠦᠬᠦᠢ ᠪᠡᠯᠡ ᠮᠥᠩᠭᠦ ᠶᠢ ᠬᠤᠪᠢᠶᠠᠷᠢᠯᠠᠵᠤ ᠰᠢᠯᠵᠢᠭᠦᠯᠦᠭᠰᠡᠨ ᠪᠠ | ᠲᠡᠮᠳᠡᠭᠯᠡᠭᠰᠡᠨ ᠭᠡᠷᠡᠴᠢ ᠪᠠᠷᠢᠮᠲᠠ ᠳᠤ ᠣᠯᠭᠤᠭᠰᠠᠨ ᠨᠡᠮᠡᠭᠦᠷᠢ ᠪᠣᠯ ︽ᠲᠦᠷ ᠴᠠᠭ ᠤᠨ ᠦᠨ᠎ᠡ ᠬᠠᠩᠰᠢ ᠶᠢᠨ ᠨᠡᠮᠡᠭᠦᠷᠢ︾ ᠵᠡᠷᠭᠡ ᠲᠠᠶᠢᠯᠪᠤᠷᠢ ᠬᠠᠳᠠᠵᠤ᠂ ᠬᠦᠴᠢᠷᠳᠡᠯᠲᠡᠶ | ᠣᠯᠠᠨ ᠲᠦᠮᠡᠨ ᠳᠤ ᠨᠡᠮᠡᠭᠦᠷᠢ ᠶᠢᠨ ᠲᠥᠷᠥᠯ ᠵᠦᠢᠯ ᠪᠠ ᠤᠴᠢᠷ ᠰᠢᠯᠲᠠᠭᠠᠨ ᠢ ᠲᠣᠳᠣᠷᠬᠠᠶ ᠣᠶᠢᠯᠠᠭᠠᠭᠤᠯᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠤᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠦᠨ᠎ᠡ ᠬᠠᠩᠰᠢ ᠶᠢᠨ ᠲᠦᠷ ᠴᠠᠭ ᠤᠨ | ᠨᠡᠮᠡᠭᠦᠷᠢ ᠪᠠᠷ ︽ᠪᠠᠷᠠᠭᠠᠨ ᠤ ᠦᠨ᠎ᠡ ᠶᠢᠨ ᠥᠰᠦᠭᠰᠡᠨ ᠬᠡᠰᠡᠭ︾ ᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢ | ᠨᠠᠮᠳᠠᠭᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠶᠢᠯᠠᠭᠠᠭᠤᠯᠵᠤ᠂ ᠨᠡᠶᠢᠭᠡᠮ ᠳᠤ ᠪᠤᠷᠤᠭᠤ ᠣᠶᠢᠯᠠᠭᠠᠯᠲᠠ ᠥᠭᠬᠦ ᠪᠠ ᠶᠠᠷᠢᠶ᠎ᠠ ᠬᠡᠯᠡᠯᠴᠡᠭᠡᠨ ᠤ | ᠪᠤᠷᠤᠭᠤ ᠣᠶᠢᠯᠠᠭᠠᠯᠲᠠ ᠲᠠᠢ ᠪᠣᠯᠬᠤ ᠠᠴᠠ ᠵᠠᠶᠢᠯᠠᠭᠤᠯᠬᠤ ᠬᠡᠷᠡᠭᠲᠡᠶ᠃ | ︵ᠳᠣᠯᠤᠭ᠎ᠠ︶ ᠲᠣᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠣ ᠬᠡᠷᠡᠭᠵᠢᠭᠦᠯᠦᠨ᠎ᠡ᠂ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ | ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2021﹈ 6 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | 2022 ᠣᠨ ᠤ 1 ᠳ᠋ᠦ᠋ᠭᠡᠷ ᠰᠠᠷ᠎ᠠ ᠶᠢᠨ 18 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 1 ᠳ᠋ᠦ᠋ᠭᠡᠷ ᠰᠠᠷ᠎ᠠ ᠶᠢᠨ 18 ᠤ ᠡᠳᠦᠷ ᠳᠠᠷᠤᠮᠠᠯᠯᠠᠨ ᠲᠠᠷᠬᠠᠭᠠᠪᠠ |