| ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2021﹈ | 36 ᠳ᠋ᠤᠭᠠᠷ ᠲᠣᠭᠠᠲᠤ︶᠂ ︽2030 ᠣᠨ ᠠᠴᠠ ᠡᠮᠦᠨᠡᠬᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ 365赢多少钱会被限额_国内有真正的365平台吗_365bet博彩官网 | ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈ 23 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠬᠤ ᠶᠢ ᠲᠦᠷᠭᠡᠳᠬᠡᠵᠦ᠂ | ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠡᠨᠧᠷᠭᠢ ᠶᠢᠨ ᠲᠣᠭᠲᠠᠯᠴᠠᠭ᠎ᠠ ᠶᠢ | ᠪᠠᠶᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠪᠥᠬᠦ ᠣᠷᠣᠨ ᠤ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠣᠳᠣ ︽ᠰᠠᠨᠠᠯ︾ ᠤᠨ ᠬᠤᠯᠪᠣᠭᠳᠠᠯ ᠪᠥᠬᠦᠶ ᠠᠭᠤᠯᠭ᠎ᠠ ᠳᠤ ᠳᠠᠷᠠᠭᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ︽ᠰᠠᠨᠠᠯ︾ ᠤᠨ ᠨᠡᠶᠢᠲᠡᠯᠡᠭᠳᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ | 2021 ᠣᠨ ᠳᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ | ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠰᠠᠨᠠᠯ ᠪᠠ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠦᠯ ᠢ ᠨᠡᠶᠢᠲᠡᠯᠡᠭᠡᠳ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠠᠵᠢᠯᠯᠠᠭ᠎ᠠ ᠶᠢᠨ ᠵᠠᠮ | ᠱᠤᠭᠤᠮ ᠢ ᠵᠢᠷᠤᠵᠤ ᠥᠭᠴᠡᠢ᠃ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠲᠠᠢ ᠪᠠᠷ | ᠨᠡᠭᠡᠭᠡᠨ ᠠᠰᠢᠭᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠡᠰ ᠤᠨ ᠨᠢᠭᠡ ᠪᠦᠯᠦᠭ ᠰᠢᠨ᠎ᠡ ᠡᠨᠧᠷᠭᠢ ᠶᠢᠨ ᠰᠠᠭᠤᠷᠢᠨ ᠢ | ᠪᠦᠳᠦᠭᠡᠨ ᠪᠠᠶᠢᠭᠤᠯᠵᠤ᠂ ᠡᠨᠧᠷᠭᠢ ᠶᠢᠨ ᠬᠥᠭᠵᠢᠯᠲᠡ ᠶᠢᠨ ︽ᠬᠤᠶᠠᠷ ᠢ ᠤᠷᠢᠳ ᠢᠶᠠᠷ ᠭᠦᠢᠴᠡᠳᠬᠡᠬᠦ︾ ︽ᠬᠤᠶᠠᠷ ᠢ ᠳᠠᠪᠠᠭᠤᠯᠬᠤ︾ ᠶᠢ ᠪᠡᠶᠡᠯᠡᠭᠦᠯᠬᠦ ᠬᠡᠷᠡᠭᠲᠡᠢ ᠭᠡᠵᠦ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠤᠷᠠᠳᠪᠠ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠢᠮ ᠤᠨ ᠪᠣᠷᠣ ᠲᠥᠰᠦᠪ ᠢ ᠲᠣᠭᠲᠠᠭᠠᠨ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ | ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠣᠬᠢᠷᠠᠭᠤᠯᠤᠯᠲᠠ᠂ ᠪᠥᠲᠥᠭᠡᠨ ᠪᠠᠶᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠵᠢᠷᠤᠮᠵᠢᠭᠤᠯᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠪᠣᠳᠠᠳᠤ ᠪᠠᠶᠢᠳᠠᠯ ᠲᠠᠢ ᠤᠶᠠᠯᠳᠤᠭᠤᠯᠤᠨ᠂ ︽ᠰᠠᠨᠠᠯ︾ ᠢ ᠰᠤᠳᠤᠯᠤᠨ ᠲᠣᠭᠲᠠᠭᠠᠵᠤ ᠵᠢᠯᠣᠭᠤᠳᠬᠤ ᠪᠢᠴᠢᠭ ᠮᠠᠲ᠋ᠧᠷᠢᠶᠠᠯ | ᠪᠣᠯᠭᠠᠪᠠ᠃ | ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠰᠠᠨᠠᠯ︾ ᠢ ᠨᠠᠶᠢᠷᠠᠭᠤᠯᠤᠨ ᠲᠤᠭᠤᠷᠪᠢᠭᠠᠳ᠂ ᠰᠠᠯᠬᠢᠨ ᠬᠦᠴᠦᠨ ᠤ | ᠴᠠᠬᠢᠯᠭᠠᠨ᠂ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠢ ᠴᠢᠨᠠᠷ ᠰᠠᠶᠢᠲᠠᠶ ᠳᠣᠬᠢᠷᠠᠭᠤᠯᠬᠤ᠂ ᠴᠢᠨᠠᠷ ᠰᠠᠶᠢᠲᠠᠶ ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ | ᠠᠵᠢᠯᠯᠠᠭᠤᠯᠬᠤ ᠶᠢ ᠪᠠᠷᠢᠮᠲᠠᠯᠠᠬᠤ ᠶᠢᠨ ᠬᠠᠮᠲᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠪᠠᠷ ᠬᠠᠮᠵᠢᠯᠴᠠᠨ | ᠬᠥᠭᠵᠢᠬᠦ ᠶᠢ ᠳᠠᠶᠢᠴᠢᠯᠠᠨ᠂ ᠰᠢᠨ᠎ᠡ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠭᠡᠵᠦ ︽ᠰᠠᠨᠠᠯ︾ | ᠳᠤ ᠳᠤᠷᠠᠳᠴᠠᠢ᠃ ︽ᠰᠠᠨᠠᠯ︾ ᠳᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠠᠷᠭ᠎ᠠ᠂ | ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ ᠪᠠ ᠠᠮᠤᠷ ᠲᠣᠭᠲᠠᠭᠤᠨ ᠢᠶᠠᠷ ᠠᠵᠢᠯᠯᠠᠭᠤᠯᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠮᠤᠷᠴᠤ᠂ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠪᠠ ᠬᠠᠮᠢᠶ᠎ᠠ ᠪᠥᠬᠦᠶ ᠲᠤᠯᠭᠠᠭᠤᠷᠢᠯᠠᠬᠤ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠰᠡᠳᠬᠢᠮᠵᠢ ᠶᠢ ᠳᠤᠷᠠᠳᠴᠠᠢ᠃ | ᠬᠤᠶᠠᠷ᠂ ᠠᠭᠤᠯᠭ᠎ᠠ ᠶᠢᠨ ᠲᠠᠶᠢᠯᠤᠮᠵᠢ | ︽ᠰᠠᠨᠠᠯ︾ ᠢ ᠶᠡᠷᠦᠩᠬᠡᠶ ᠱᠠᠭᠠᠷᠳᠠᠯᠭ᠎ᠠ᠂ ᠦᠨᠳᠦᠰᠦᠨ ᠵᠠᠷᠴᠢᠮ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠳᠣᠭᠢᠷᠠᠭᠤᠯᠬᠤ ᠶᠢ ᠨᠢᠭᠡᠳᠦᠯᠲᠡᠶ ᠲᠥᠯᠦᠪᠵᠢᠭᠦᠯᠬᠦ᠂ ᠲᠥᠷᠥᠯ ᠵᠦᠢᠯ ᠤᠨ ᠥᠨᠳᠥᠷ ᠪᠠᠷᠢᠮᠵᠢᠶᠠᠲᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ | ᠠᠮᠤᠷ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠬᠤ᠂ ᠲᠤᠯᠭᠠᠭᠤᠷᠢᠯᠠᠬᠤ ᠲᠣᠭᠲᠠᠯᠴᠠᠭ᠎ᠠ ᠶᠢ | ᠴᠢᠩᠭᠠᠳᠬᠠᠬᠤ ᠭᠡᠬᠦ ᠲᠤᠯᠤᠭᠠᠨ ᠬᠡᠰᠡᠭ ᠬᠤᠪᠢᠶᠠᠨ᠎ᠠ᠂ ᠪᠣᠳᠠᠲᠠᠶ ᠠᠭᠤᠯᠭ᠎ᠠ ᠨᠢ ᠳᠠᠷᠠᠭᠠᠬᠢ ᠮᠡᠲᠦ᠄ | ︵ᠨᠢᠭᠡ︶ ᠶᠡᠷᠦᠩᠬᠡᠶ ᠱᠠᠭᠠᠷᠳᠠᠯᠭ᠎ᠠ ᠶᠢᠨ ᠬᠡᠰᠡᠭ᠃ ᠨᠠᠮ ᠪᠠ ᠤᠯᠤᠰ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠲᠦᠷᠪᠡᠨ | ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠤᠭᠤᠰᠢᠯᠠᠭᠤᠯᠵᠤ᠂ | ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠭᠡ ᠪᠠᠷ ᠬᠥᠭᠵᠢᠭᠦᠯᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ | ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠤᠷᠪᠤᠯᠵᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠵᠠᠰᠠᠭ ᠤᠨ ᠣᠷᠳᠣᠨ ᠬᠥᠲᠥᠯᠦᠨ ᠵᠢᠯᠣᠭᠤᠳᠬᠤ ᠪᠠ ᠵᠠᠬ᠎ᠠ | ᠳᠡᠯᠭᠡᠭᠦᠷ ᠲᠣᠭᠲᠠᠭᠠᠬᠤ ᠬᠤᠶᠠᠷ ᠲᠠᠯ᠎ᠠ ᠠᠴᠠ ᠬᠦᠴᠦᠯᠡᠬᠦ ᠪᠠᠷ ᠳᠠᠮᠵᠢᠭᠤᠯᠤᠨ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠰᠢᠨ᠎ᠡ ᠡᠨᠧᠷᠭᠢ ᠶᠢ ᠶᠡᠭᠡ | ᠬᠡᠪᠴᠢᠶ᠎ᠡ ᠪᠠᠷ ᠥᠨᠳᠥᠷ ᠬᠠᠷᠢᠴᠠᠯ ᠲᠠᠢ ᠪᠠᠷ ᠨᠡᠭᠡᠭᠡᠨ ᠠᠰᠢᠭᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠤ | ᠠᠬᠤᠶ ᠶᠢᠨ ︽ᠬᠤᠶᠠᠷ ᠢ ᠤᠷᠢᠳ ᠢᠶᠠᠷ ᠭᠦᠢᠴᠡᠳᠬᠡᠬᠦ᠂ ᠬᠤᠶᠠᠷ ᠢ ᠳᠠᠪᠠᠭᠤᠯᠬᠤ︾ ᠬᠠᠷᠠᠯᠲᠠ ᠶᠢ ᠪᠡᠶᠡᠯᠡᠭᠦᠯᠦᠨ᠎ᠡ ᠭᠡᠵᠦ ᠲᠤᠰ ᠬᠡᠰᠡᠭ ᠲᠤ ᠳᠤᠷᠠᠳᠪᠠ᠃ | ︵ᠬᠤᠶᠠᠷ︶ ᠦᠨᠳᠦᠰᠦᠨ ᠵᠠᠷᠴᠢᠮ ᠤᠨ ᠬᠡᠰᠡᠭ᠃ ᠡᠭᠦᠨ ᠳᠤ ᠭᠤᠤᠯᠳᠠᠭᠤ ᠰᠢᠨ᠎ᠡ ᠡᠨᠧᠷᠭᠢ ᠶᠢ ᠲᠣᠬᠢᠷᠠᠭᠤᠯᠬᠤ ᠪᠥᠲᠥᠭᠡᠨ ᠪᠠᠶᠢᠭᠤᠯᠬᠤ ᠠᠵᠢᠯᠯᠠᠭᠤᠯᠬᠤ ᠪᠠ | ᠴᠢᠨᠠᠷ ᠰᠠᠶᠢᠲᠠᠶ ᠬᠥᠭᠵᠢᠯᠲᠡ ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠬᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠ ︽ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ︾ ᠬᠠᠷᠠᠯᠲᠠ ᠶᠢ ᠬᠠᠷᠢᠯᠴᠠᠨ | ᠨᠢᠭᠡᠳᠬᠡᠬᠦ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠠ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠶᠢ ᠬᠠᠷᠢᠯᠴᠠᠨ ᠤᠶᠠᠯᠳᠤᠭᠤᠯᠬᠤ᠂ ᠶᠡᠷᠦᠩᠬᠡᠶ | ᠲᠥᠯᠥᠪᠵᠢᠭᠦᠯᠭᠡ ᠪᠠ ᠠᠯᠬᠤᠮ ᠬᠤᠪᠢᠶᠠᠨ ᠬᠡᠷᠡᠭᠵᠢᠭᠦᠯᠬᠦ ᠶᠢ ᠬᠠᠷᠢᠯᠴᠠᠨ ᠵᠣᠯᠭᠠᠭᠤᠯᠬᠤ ᠳᠥᠷᠪᠡᠨ ᠵᠠᠷᠴᠢᠮ ᠶᠢ ᠪᠠᠭᠲᠠᠭᠠᠨ᠎ᠠ᠃ | ︵ᠭᠤᠷᠪᠠ︶ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠶᠢ ᠨᠢᠭᠡᠳᠦᠯᠲᠡᠶ | ᠲᠥᠯᠦᠪᠵᠢᠭᠦᠯᠬᠦ ᠬᠡᠰᠡᠭ᠃ ᠰᠦᠯᠵᠢᠶᠡᠨ ᠳᠤ ᠣᠷᠣᠭᠤᠯᠬᠤ ᠤᠯᠠᠨ ᠡᠰᠢᠴᠢᠯᠡᠭᠰᠡᠨ ᠲᠣᠭᠲᠠᠴᠠ ᠶᠢ ᠪᠠᠶᠢᠭᠤᠯᠵᠤ᠂ ᠵᠢᠷᠭᠤᠭᠠᠨ ᠲᠦᠷᠦᠯ ᠤᠨ ᠵᠠᠬ᠎ᠠ ᠳᠡᠯᠭᠡᠭᠦᠷᠴᠢᠯᠡᠨ | ᠰᠦᠯᠵᠢᠶᠡᠨ ᠣᠷᠣᠭᠤᠯᠤᠨ ᠪᠠᠭᠲᠠᠭᠠᠬᠤ ᠲᠦᠷᠦᠯ ᠵᠦᠢᠯ ᠢ ᠤᠷᠢᠳ ᠢᠶᠠᠷ ᠳᠡᠮᠵᠢᠵᠦ᠂ ᠲᠦᠷᠪᠡᠨ ᠲᠦᠷᠦᠯ ᠤᠨ ᠪᠠᠲᠤᠯᠠᠭ᠎ᠠ ᠶᠢᠨ ᠴᠢᠨᠠᠷᠲᠠᠶ ᠪᠠᠷ ᠰᠦᠯᠵᠢᠶᠡᠨ | ᠣᠷᠣᠭᠤᠯᠤᠨ ᠪᠠᠭᠲᠠᠭᠠᠬᠤ ᠲᠦᠷᠦᠯ ᠵᠦᠢᠯ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ᠎ᠠ᠃ ᠲᠥᠷᠥᠯ ᠵᠦᠢᠯ ᠭᠤᠶᠤᠴᠢᠯᠠᠨ ᠮᠡᠳᠡᠭᠦᠯᠬᠦ ᠡᠮᠬᠢ ᠳᠢᠭᠯᠢᠮ ᠢ | ᠵᠢᠷᠤᠮᠵᠢᠭᠤᠯᠵᠤ᠂ ᠡᠯ᠎ᠡ ᠲᠥᠷᠥᠯ ᠤᠨ ᠲᠥᠷᠥᠯ ᠵᠦᠢᠯ ᠭᠤᠶᠤᠴᠢᠯᠠᠨ ᠮᠡᠳᠡᠭᠦᠯᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠤᠳ ᠤᠨ ᠡᠯ᠎ᠡ ᠵᠦᠢᠯ ᠤᠨ ᠬᠡᠯᠪᠡᠷᠢ ᠪᠠᠷ | ᠣᠷᠣᠨ ᠤ ᠳᠣᠲᠣᠷᠠᠬᠢ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠳᠡᠮᠵᠢᠨ ᠵᠣᠷᠢᠭᠵᠢᠭᠤᠯᠤᠨ᠎ᠠ ᠭᠡᠵᠦ ᠲᠤᠰ ᠬᠡᠰᠡᠭ ᠲᠤ | ᠳᠤᠷᠠᠳᠴᠠᠢ᠃ | ︵ᠳᠥᠷᠪᠡ︶ ᠲᠥᠷᠥᠯ ᠵᠦᠢᠯ ᠤᠨ ᠥᠨᠳᠥᠷ ᠪᠠᠷᠢᠮᠵᠢᠶᠠᠲᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠰᠡᠭ᠃ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ | ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠲᠥᠷᠥᠯ ᠵᠦᠢᠯ ᠤᠳ ᠢ ᠬᠢᠨᠠᠨ ᠬᠠᠮᠢᠶᠠᠷᠬᠤ | ᠠᠷᠭ᠎ᠠ ᠬᠡᠮᠵᠢᠶ᠎ᠡ ᠶᠢ ᠴᠢᠩᠭᠠᠳᠬᠠᠨ᠂ ᠠᠶᠢᠮᠠᠭ ᠬᠤᠲᠠ ᠨᠤᠭᠤᠳ ᠪᠠ ᠠᠵᠤ ᠠᠬᠤᠶᠢᠯᠠᠯ ᠤᠳ ᠢ ᠱᠠᠩᠨᠠᠵᠤ ᠲᠣᠷᠭᠠᠬᠤ᠂ ᠦᠨᠡᠯᠡᠨ ᠵᠢᠱᠢᠬᠦ ᠪᠠ ᠬᠢᠨᠠᠨ ᠬᠠᠮᠢᠶᠠᠷᠬᠤ 365赢多少钱会被限额_国内有真正的365平台吗_365bet博彩官网 | ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠳ ᠢ ᠬᠥᠲᠥᠯᠦᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠬᠤᠭᠤᠴᠠᠭ᠎ᠠ ᠶᠣᠰᠣᠭᠠᠷ ᠪᠠᠶᠢᠭᠤᠯᠤᠨ ᠪᠦᠲᠦᠭᠡᠬᠦ ᠪᠠ | ᠰᠠᠶᠢᠲᠤᠷ ᠠᠵᠢᠯᠯᠠᠭᠤᠯᠤᠨ᠎ᠠ᠃ ᠥᠪᠡᠰᠦᠪᠡᠨ ᠪᠠᠶᠢᠭᠤᠯᠬᠤ ᠪᠠᠷ ᠬᠤᠳᠠᠯᠳᠤᠨ ᠠᠪᠤᠭᠰᠠᠨ ᠡᠨᠧᠷᠭᠢ ᠬᠠᠳᠠᠭᠠᠯᠠᠬᠤ ᠪᠤᠶᠤ ᠣᠷᠭᠢᠯ ᠦᠶ᠎ᠡ ᠶᠢ ᠳᠣᠭᠢᠷᠠᠭᠤᠯᠬᠤ | ᠴᠢᠳᠠᠪᠤᠷᠢ ᠳᠤ ᠳᠣᠭᠢᠷᠠᠭᠤᠯᠤᠨ ᠪᠠᠶᠢᠭᠤᠯᠬᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠳᠣᠭᠢᠷᠠᠭᠤᠯᠤᠨ ᠪᠠᠶᠢᠭᠤᠯᠬᠤ ᠡᠨᠧᠷᠭᠢ ᠬᠠᠳᠠᠭᠠᠯᠠᠬᠤ ᠬᠡᠪᠴᠢᠶ᠎ᠡ ᠶᠢ ᠵᠠᠷᠴᠢᠮ | ᠳᠡᠭᠡᠷ᠎ᠡ ᠪᠠᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 15% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠡᠨᠧᠷᠭᠢ | ᠬᠠᠳᠠᠭᠠᠯᠠᠬᠤ ᠴᠠᠭ ᠢ ᠨᠢ 4 ᠴᠠᠭ ᠠᠴᠠ ᠳᠡᠭᠡᠭᠰᠢ ᠪᠠᠶᠢᠯᠭᠠᠨ᠎ᠠ᠃ ᠪᠤᠰᠤᠳ ᠲᠥᠷᠥᠯ ᠤᠨ ᠵᠠᠬ᠎ᠠ ᠳᠡᠯᠭᠡᠭᠦᠷᠴᠢᠯᠡᠨ ᠰᠦᠯᠵᠢᠶᠡᠨ ᠳᠤ ᠣᠷᠣᠭᠤᠯᠤᠨ ᠪᠠᠭᠲᠠᠭᠠᠬᠤ ᠰᠢᠨ᠎ᠡ | ᠡᠨᠧᠷᠭᠢ ᠶᠢᠨ ᠲᠥᠷᠥᠯ ᠵᠦᠢᠯ ᠤᠨ ᠳᠣᠭᠢᠷᠠᠭᠤᠯᠤᠨ ᠪᠠᠶᠢᠭᠤᠯᠬᠤ ᠡᠨᠧᠷᠭᠢ ᠬᠠᠳᠠᠭᠠᠯᠠᠬᠤ ᠬᠡᠪᠴᠢᠶ᠎ᠡ ᠶᠢ ᠬᠠᠷᠠᠭᠠᠯᠵᠠᠭᠰᠠᠨ ᠬᠡᠷᠡᠭᠵᠢᠭᠦᠯᠦᠨ ᠬᠠᠮᠢᠶᠠᠷᠬᠤ ᠠᠷᠭ᠎ᠠ ᠪᠠᠷ | ᠯᠠᠪᠯᠠᠯᠲᠠ ᠪᠣᠯᠭᠠᠨ ᠬᠡᠷᠡᠭᠵᠢᠭᠦᠯᠦᠨ᠎ᠡ ᠬᠡᠮᠡᠨ ᠲᠤᠰ ᠬᠡᠰᠡᠭ ᠲᠤ ᠳᠤᠷᠠᠳᠪᠠ᠃ | ︵ᠲᠠᠪᠤ︶ ᠠᠮᠤᠷ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠰᠡᠭ᠃ ᠡᠭᠦᠨ ᠳᠤ ᠭᠤᠤᠯᠳᠠᠭᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ | ᠪᠠᠲᠤᠯᠠᠭ᠎ᠠ ᠶᠢᠨ ᠴᠠᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠥᠭᠡᠴᠡᠯᠡᠵᠦ ᠬᠠᠳᠠᠭᠠᠯᠠᠬᠤ ᠪᠥᠬᠦ ᠬᠤᠭᠤᠴᠠᠭᠠᠨ ᠳᠤ ᠲᠣᠭᠲᠠᠭᠤᠨ ᠢᠶᠠᠷ ᠠᠵᠢᠯᠯᠠᠭᠤᠯᠬᠤ ᠶᠢ | ᠪᠠᠲᠤᠯᠠᠬᠤ᠂ ᠡᠨᠧᠷᠭᠢ ᠬᠠᠳᠠᠭᠠᠯᠠᠬᠤ ᠶᠢ ᠠᠮᠤᠷ ᠲᠦᠪᠰᠢᠨ ᠢᠶᠠᠷ ᠠᠵᠢᠯᠯᠠᠭᠤᠯᠬᠤ ᠬᠢᠷᠢ ᠲᠥᠪᠰᠢᠨ ᠢ ᠳᠡᠭᠡᠭᠰᠢᠯᠡᠭᠦᠯᠬᠦ ᠵᠡᠷᠭᠡ ᠭᠤᠷᠪᠠᠨ ᠬᠡᠰᠡᠭ ᠠᠭᠤᠯᠭ᠎ᠠ ᠶᠢ | ᠪᠠᠭᠲᠠᠭᠠᠨ᠎ᠠ᠃ | ︵ᠵᠢᠷᠭᠤᠭ᠎ᠠ︶ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠳᠠᠶᠢᠴᠢᠯᠠᠬᠤ ᠬᠡᠰᠡᠭ᠃ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢ ᠠᠵᠤ | ᠦᠢᠯᠡᠰ ᠤᠨ ᠬᠡᠯᠬᠢᠶ᠎ᠡ ᠲᠠᠢ ᠬᠠᠷᠢᠯᠴᠠᠨ ᠠᠭᠤᠰᠤᠯᠴᠠᠭᠤᠯᠵᠤ᠂ ᠳᠠᠭᠠᠭᠠᠴᠠ ᠪᠠᠷ ᠴᠠᠬᠢᠯᠭᠠᠨ ᠡᠭᠦᠰᠭᠡᠭᠴᠢ ᠶᠢ ᠳᠠᠶᠢᠴᠢᠯᠠᠬᠤ᠂ ᠰᠢᠨ᠎ᠡ ᠶᠢ ᠡᠭᠦᠳᠬᠦ ᠬᠡᠯᠬᠢᠶ᠎ᠡ ᠪᠠᠷ ᠠᠵᠤ | ᠦᠢᠯᠡᠰ ᠤᠨ ᠬᠡᠯᠬᠢᠶ᠎ᠡ ᠶᠢ ᠳᠠᠶᠢᠴᠢᠯᠠᠬᠤ ᠣᠷᠴᠢᠯᠳᠤᠭᠤᠯᠤᠨ ᠬᠠᠷᠢᠯᠴᠠᠨ ᠠᠬᠢᠭᠤᠯᠬᠤ ᠵᠠᠭᠪᠤᠷ ᠢ ᠪᠦᠷᠢᠯᠳᠦᠭᠦᠯᠦᠨ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠨᠢᠭᠡᠲᠦᠯᠲᠡᠢ ᠲᠦᠯᠦᠪᠵᠢᠭᠦᠯᠦᠨ ᠠᠬᠢᠭᠤᠯᠵᠤ᠂ ︽ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ — ᠲᠣᠨᠤᠭ | ᠲᠥᠬᠦᠭᠡᠷᠦᠮᠵᠢ ᠦᠢᠯᠡᠳᠬᠦ — ᠤᠭᠰᠠᠷᠠᠭ᠎ᠠ ᠲᠣᠨᠤᠭ ᠢ ᠢᠵᠢ ᠪᠥᠷᠢᠳᠦᠭᠦᠯᠬᠦ — ᠰᠠᠭᠤᠷᠢᠨ ᠭᠠᠵᠠᠷ ᠤᠨ ᠲᠤᠷᠰᠢᠯᠲᠠ — ᠪᠥᠭᠡᠮ ᠢᠶᠠᠷ ᠦᠢᠯᠡᠳᠪᠦᠷᠢᠯᠡᠬᠦ | — ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠭᠤᠯᠬᠤ︾ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠢ ᠪᠣᠶ ᠪᠣᠯᠭᠠᠨ᠎ᠠ ᠭᠡᠵᠦ ᠲᠤᠰ ᠬᠡᠰᠡᠭ ᠲᠤ | ᠳᠤᠷᠠᠳᠴᠠᠢ᠃ | ︵ᠳᠣᠯᠤᠭ᠎ᠠ︶ ᠲᠤᠯᠭᠠᠭᠤᠷᠢᠯᠠᠬᠤ ᠲᠣᠭᠲᠠᠯᠴᠠᠭ᠎ᠠ ᠶᠢ ᠴᠢᠩᠭᠠᠳᠬᠠᠬᠤ ᠬᠡᠰᠡᠭ᠃ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ | ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠢᠵᠢ | ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠬᠢ ᠰᠤᠷᠪᠤᠯᠵᠢ ᠵᠢᠴᠢ ᠰᠦᠯᠵᠢᠶᠡᠨ ᠳᠤ ᠣᠷᠣᠭᠤᠯᠬᠤ ᠬᠠᠮᠵᠢᠯᠴᠠᠭ᠎ᠠ ᠶᠢ | ᠴᠢᠩᠭᠠᠳᠬᠠᠬᠤ ᠪᠠ ᠰᠢᠨ᠎ᠡ ᠡᠨᠧᠷᠭᠢ ᠶᠢ ᠰᠢᠩᠭᠡᠭᠡᠨ ᠪᠠᠭᠲᠠᠭᠠᠬᠤ ᠶᠢ ᠪᠠᠲᠤᠯᠠᠬᠤ ᠬᠡᠷᠡᠭᠲᠡᠶ ᠭᠡᠵᠦ ᠲᠤᠰ ᠬᠡᠰᠡᠭ ᠲᠤ ᠲᠣᠳᠣᠷᠬᠠᠶ ᠲᠣᠭᠲᠠᠭᠠᠪᠠ᠃ | ᠭᠤᠷᠪᠠ᠂ ︽ᠰᠠᠨᠠᠯ︾ ᠤᠨ ᠣᠨᠴᠠᠯᠢᠭᠲᠤ ᠭᠢᠯᠠᠰ ᠴᠡᠭ | ︵ᠨᠢᠭᠡ︶ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠬᠦ ᠶᠠᠪᠤᠴᠠ ᠳᠠᠬᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠴᠢᠨᠠᠷ ᠰᠠᠶᠢᠲᠠᠶ | ᠲᠣᠬᠢᠷᠠᠭᠤᠯᠬᠤ᠂ ᠴᠢᠨᠠᠷ ᠰᠠᠶᠢᠲᠠᠶ ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ ᠠᠵᠢᠯᠯᠠᠭᠤᠯᠬᠤ᠂ ᠴᠢᠨᠠᠷ ᠰᠠᠶᠢᠲᠠᠶ ᠳᠠᠶᠢᠴᠢᠯᠠᠬᠤ ᠪᠠ ᠴᠢᠨᠠᠷ ᠰᠠᠶᠢᠲᠠᠶ ᠲᠤᠯᠭᠠᠭᠤᠷᠢᠯᠠᠬᠤ | ᠲᠠᠪᠤᠨ ᠲᠠᠯ᠎ᠠ ᠠᠴᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ ᠵᠠᠰᠠᠭ ᠪᠠ ᠠᠵᠤ ᠠᠬᠤᠶᠢᠯᠠᠯ | ᠬᠠᠮᠵᠢᠯᠴᠠᠬᠤ ᠪᠠᠷ ᠳᠠᠮᠵᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠬᠦ ᠶᠠᠪᠤᠴᠠ ᠳᠠᠬᠢ ᠴᠢᠨᠠᠷ ᠰᠠᠶᠢᠲᠠᠶ | ᠬᠥᠭᠵᠢᠯᠲᠡ ᠶᠢ ᠪᠡᠶᠡᠯᠡᠭᠦᠯᠦᠨ᠎ᠡ᠃ | ︵ᠬᠤᠶᠠᠷ︶ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠢᠮ ᠤᠨ ᠪᠣᠷᠣ ᠲᠥᠰᠦᠪ ᠢ ᠪᠦᠷᠢᠨᠰᠢᠭᠦᠯᠦᠨ᠎ᠡ᠃ ᠲᠥᠷᠥ ᠶᠢᠨ ᠶᠠᠪᠤᠳᠠᠯ ᠤᠨ | ᠬᠤᠷᠢᠶᠠᠨ ᠤ ᠪᠠᠭᠤᠯᠭᠠᠭᠰᠠᠨ ᠰᠠᠨᠠᠯ ᠪᠠ ᠮᠡᠳᠡᠭᠳᠡᠯ ᠳᠠᠬᠢ ︽ᠬᠤᠤᠰ ᠬᠦᠷᠳᠦ ᠪᠠᠷ ᠬᠦᠳᠡᠯᠭᠡᠵᠦ᠂ ᠬᠤᠶᠠᠷ ᠲᠠᠯ᠎ᠠ ᠪᠠᠷ ᠬᠦᠴᠦᠯᠡᠬᠦ︾ ᠠᠵᠢᠯ ᠤᠨ ᠵᠠᠷᠴᠢᠮ ᠶᠣᠰᠣᠭᠠᠷ᠂ | ᠵᠠᠰᠠᠭ ᠤᠨ ᠣᠷᠳᠣᠨ ᠤ ᠳᠠᠭᠠᠭᠤᠯᠭ᠎ᠠ ᠵᠢᠯᠤᠭᠤᠳᠤᠯᠭ᠎ᠠ ᠶᠢ ᠵᠠᠬ᠎ᠠ ᠳᠡᠯᠭᠡᠭᠦᠷ ᠤᠨ ᠲᠣᠭᠲᠠᠴᠠ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠰᠠᠯᠬᠢᠨ ᠬᠦᠴᠦᠨ ᠤ | ᠴᠠᠬᠢᠯᠭᠠᠨ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠳ ᠢ ᠰᠦᠯᠵᠢᠶᠡᠨ ᠳᠤ ᠣᠷᠣᠭᠤᠯᠬᠤ ᠲᠣᠭᠲᠠᠴᠠ ᠶᠢ ᠵᠠᠬ᠎ᠠ ᠳᠡᠯᠭᠡᠭᠦᠷᠴᠢᠯᠡᠨ | ᠰᠦᠯᠵᠢᠶᠡᠨ ᠳᠤ ᠣᠷᠣᠭᠤᠯᠤᠨ ᠪᠠᠭᠲᠠᠭᠠᠬᠤ ᠪᠠ ᠪᠠᠲᠤᠯᠠᠭ᠎ᠠ ᠶᠢᠨ ᠴᠢᠨᠠᠷᠲᠠᠶ ᠪᠠᠷ ᠰᠦᠯᠵᠢᠶᠡᠨ ᠳᠤ ᠣᠷᠣᠭᠤᠯᠤᠨ ᠪᠠᠭᠲᠠᠭᠠᠬᠤ ᠭᠡᠵᠦ ᠬᠤᠶᠠᠷ ᠲᠥᠷᠥᠯ ᠳᠤ ᠬᠤᠪᠢᠶᠠᠨ᠎ᠠ᠃ | ᠥᠪᠡᠷᠲᠡᠭᠡᠨ ᠵᠠᠰᠠᠬᠤ ᠣᠷᠣᠨ ︽1+N︾ ᠬᠠᠮᠢᠶᠠᠷᠤᠯᠲᠠ ᠶᠢᠨ ᠲᠣᠭᠲᠠᠴᠠ᠂ ᠳᠠᠷᠤᠢ 1 ᠲᠦᠰᠦᠪᠯᠡᠨ ᠵᠢᠯᠣᠭᠤᠳᠬᠤ ᠮᠠᠩᠯᠠᠢ ᠰᠠᠨᠠᠯ + N ︵ᠣᠯᠠᠨ︶ ᠲᠥᠷᠥᠯ | ᠬᠤᠪᠢᠶᠠᠨ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ ︵ᠵᠠᠬ᠎ᠠ ᠳᠡᠯᠭᠡᠭᠦᠷᠴᠢᠯᠡᠬᠦ ᠪᠠ ᠪᠠᠲᠤᠯᠠᠭ᠎ᠠ ᠶᠢᠨ ᠴᠢᠨᠠᠷᠲᠠᠶ ᠰᠦᠯᠵᠢᠶᠡᠨ ᠳᠤ ᠣᠷᠣᠭᠤᠯᠤᠨ ᠪᠠᠭᠲᠠᠭᠠᠬᠤ ᠡᠯ᠎ᠡ | ᠲᠥᠷᠦᠯ ᠤᠨ ᠬᠠᠷᠠᠭᠠᠯᠵᠠᠭᠰᠠᠨ ᠲᠥᠷᠥᠯ ᠵᠦᠢᠯ︶ ᠶᠢᠨ ᠶᠣᠰᠣᠭᠠᠷ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ | ᠲᠥᠷᠥᠯ ᠵᠦᠢᠯ ᠤᠳ ᠤᠨ ᠡᠬᠢ ᠪᠠᠶᠠᠯᠢᠭ ᠢ ᠳᠣᠭᠢᠷᠠᠭᠤᠯᠬᠤ ᠪᠠ ᠨᠡᠭᠡᠭᠡᠨ ᠠᠰᠢᠭᠯᠠᠵᠤ ᠪᠥᠲᠥᠭᠡᠨ ᠪᠠᠶᠢᠭᠤᠯᠬᠤ ᠶᠢ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ | ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ | ᠠᠬᠢᠭᠤᠯᠤᠨ᠎ᠠ᠃ | ︵ᠭᠤᠷᠪᠠ︶ ᠶᠡᠷᠦᠩᠬᠡᠶ ᠲᠥᠯᠥᠪᠵᠢᠭᠦᠯᠭᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠴᠢᠩᠭᠠᠷᠠᠭᠤᠯᠤᠨ᠎ᠠ᠃ ᠠᠶᠢᠮᠠᠭ ᠬᠤᠲᠠ ᠨᠤᠭᠤᠳ ᠰᠠᠯᠬᠢᠨ ᠡᠨᠧᠷᠭᠢ᠂ | ᠨᠡᠷᠡᠨ ᠡᠨᠧᠷᠭᠢ ᠶᠢ ᠨᠡᠭᠡᠭᠡᠨ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠵᠤ᠂ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠬᠠᠮᠢᠶᠠᠷᠬᠤ᠂ | ᠰᠢᠨᠵᠢᠯᠡᠬᠦ ᠤᠬᠠᠭᠠᠨᠴᠢ ᠪᠠᠷ ᠲᠥᠯᠦᠪᠵᠢᠭᠦᠯᠬᠦ᠂ ᠵᠦᠶ ᠵᠣᠬᠢᠰᠲᠠᠶ ᠪᠠᠶᠢᠷᠢᠰᠢᠭᠤᠯᠬᠤ᠂ ᠡᠮᠬᠢ ᠵᠢᠷᠤᠮ ᠲᠠᠢ ᠨᠡᠭᠡᠭᠡᠨ ᠬᠦᠭᠵᠢᠭᠦᠯᠬᠦ᠂ ᠬᠡᠪᠴᠢᠶᠡᠵᠢᠭᠦᠯᠦᠨ ᠠᠰᠢᠭᠯᠠᠬᠤ ᠶᠢ | ᠠᠬᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ︽ᠰᠠᠨᠠᠯ︾ ᠳᠤ ᠴᠢᠬᠤᠯᠠᠴᠢᠯᠠᠵᠠᠢ᠃ ᠡᠬᠢ | ᠪᠠᠶᠠᠯᠢᠭ ᠢ ᠨᠡᠭᠡᠭᠡᠨ ᠠᠰᠢᠭᠯᠠᠬᠤ ᠨᠥᠬᠦᠴᠡᠯ᠂ ᠴᠠᠬᠢᠯᠭᠠᠨ ᠡᠭᠦᠰᠭᠡᠭᠴᠢ ᠶᠢ ᠭᠠᠳᠠᠭᠰᠢ ᠬᠦᠷᠭᠡᠬᠦ ᠵᠠᠮ ᠪᠠ ᠰᠢᠩᠭᠡᠭᠡᠨ ᠪᠠᠭᠲᠠᠭᠠᠬᠤ ᠣᠷᠣᠨ ᠵᠠᠶ ᠶᠢ ᠨᠢᠭᠡᠳᠦᠯᠲᠡᠶ | ᠲᠦᠯᠦᠪᠵᠢᠭᠦᠯᠦᠨ᠂ ᠶᠡᠷᠦᠩᠬᠡᠶ ᠲᠥᠯᠥᠪᠵᠢᠭᠦᠯᠭᠡ ᠳᠤ ᠡᠯ᠎ᠡ ᠲᠣᠭᠤᠷᠢᠭ ᠤᠨ ᠨᠡᠭᠡᠭᠡᠨ ᠬᠥᠭᠵᠢᠭᠦᠯᠬᠦ ᠴᠠᠭ ᠤᠨ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ | ᠳᠣᠭᠢᠷᠠᠭᠤᠯᠵᠤ᠂ ᠠᠯᠬᠤᠮ ᠬᠤᠪᠢᠶᠠᠨ ᠬᠡᠷᠡᠭᠵᠢᠭᠦᠯᠦᠨ᠎ᠡ᠃ |