ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠲᠤ ᠰᠦ ᠰᠠᠭᠠᠯᠢ ᠶᠢᠨ | ᠦᠢᠯᠡᠰ ᠤᠨ ᠬᠥᠭᠵᠢᠨ ᠮᠠᠨᠳᠤᠬᠤ ᠶᠢ ᠬᠠᠮᠤᠭ ᠤᠨ ᠲᠡᠷᠢᠭᠦᠨ ᠳᠤ ᠪᠡᠶᠡᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ | ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶ | ᠶᠢ ᠳᠠᠷᠤᠮᠠᠯᠯᠠᠨ ᠲᠠᠷᠬᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠰᠦ ᠰᠠᠭᠠᠯᠢ ᠶᠢᠨ | ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠭᠤᠣᠯᠳᠠᠯᠭ᠎ᠠ ᠲᠠᠢ ᠳᠡᠮᠵᠢᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤᠨ ᠤ ᠰᠠᠯᠠᠭ᠎ᠠ ᠮᠥᠴᠢᠷ᠂ ᠬᠠᠮᠢᠶ᠎ᠠ | ᠪᠦᠬᠦᠢ ᠠᠵᠤ ᠠᠬᠤᠶᠢᠯᠠᠯ ᠤᠳ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠰᠤᠳᠴᠢ ᠪᠠᠷ᠂ ᠭᠦᠨᠵᠡᠭᠡᠢ ᠣᠶᠢᠯᠠᠭᠠᠬᠤ ᠳᠤ ᠨᠢ ᠲᠥᠬᠦᠮ ᠦᠵᠡᠭᠦᠯᠬᠦ ᠶᠢᠨ | ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠪᠠᠷ ᠲᠠᠶᠢᠯᠪᠤᠷᠢᠯᠠᠪᠠ᠄ | ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠬᠢᠭᠡᠳ ᠴᠢᠬᠤᠯᠠ ᠠᠴᠢ ᠬᠤᠯᠪᠣᠭᠳᠠᠯ | ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠷᠭᠠᠭᠰᠠᠨ | ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠶᠢᠵᠤ᠂ 2018 ᠣᠨ ᠠᠴᠠ ᠨᠠᠭᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ︽ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠬᠡᠷᠡᠭᠵᠢᠭᠦᠯᠦᠯᠲᠡ ᠶᠢᠨ ᠰᠠᠨᠠᠯ︾ ᠵᠡᠷᠭᠡ ᠰᠢᠷᠢᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠳᠡᠮᠵᠢᠯᠭᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠂ ᠰᠦ ᠰᠠᠭᠠᠯᠢ ᠶᠢᠨ | ᠦᠢᠯᠡᠰ ᠤᠨ ᠬᠥᠭᠵᠢᠯᠲᠡ ᠶᠢ ᠪᠥᠬᠦ ᠤᠯᠤᠰ ᠤᠨ ᠲᠡᠷᠢᠭᠦᠨ ᠪᠠᠶᠢᠷᠢᠨ ᠳᠤ ᠣᠷᠣᠭᠤᠯᠪᠠ᠂ ᠭᠡᠪᠡᠴᠦ ᠮᠠᠨ ᠤ ᠣᠷᠣᠨ ᠤ ᠰᠦ ᠰᠠᠭᠠᠯᠢ ᠶᠢᠨ ᠦᠢᠯᠡᠰ ᠤᠨ ᠲᠦᠷᠭᠡᠨ | ᠬᠥᠭᠵᠢᠯᠲᠡ ᠶᠢ ᠳᠠᠭᠠᠯᠳᠤᠨ᠂ ᠤᠤᠯ ᠤᠨ ᠪᠠᠶᠢᠭᠰᠠᠨ ᠲᠥᠷᠥ ᠶᠢᠨ ᠪᠣᠳᠣᠯᠭ᠎ᠠ ᠨᠢ ᠨᠢᠭᠡᠨᠲᠡ ᠰᠢᠨ᠎ᠡ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ ᠳᠡᠶᠢᠯᠬᠦ ᠦᠭᠡᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠳᠣᠬᠠᠨ ᠤ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ | ᠪᠠᠶᠢᠳᠠᠯ ᠢ ᠭᠦᠨᠵᠡᠭᠡᠢ ᠰᠤᠳᠤᠯᠤᠨ ᠵᠠᠳᠠᠯᠤᠭᠰᠠᠨ ᠰᠠᠭᠤᠷᠢᠨ ᠳᠡᠭᠡᠷ᠎ᠡ᠂ ᠣᠲᠣ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠬᠤ ᠶᠢ ᠨᠢ | ᠬᠡᠪ ᠢᠶᠠᠷ ᠪᠠᠶᠢᠯᠭᠠᠬᠤ᠂ ᠬᠥᠷᠰᠢ ᠵᠡᠷᠭᠡᠯᠡᠳᠡᠭᠡ ᠮᠤᠵᠢ ᠣᠷᠣᠨ ᠠᠴᠠ ᠲᠣᠯᠢᠯᠠᠵᠤ ᠪᠣᠯᠬᠤ ᠲᠥᠷᠥ ᠶᠢᠨ ᠪᠣᠳᠣᠯᠭ᠎ᠠ ᠶᠢ ᠳᠠᠭᠠᠬᠤ᠂ ᠨᠥᠬᠦᠪᠦᠷᠢᠯᠡᠬᠦ ᠴᠢᠬᠤᠯᠠᠲᠠᠢ | ᠲᠥᠷᠥ ᠶᠢᠨ ᠪᠣᠳᠣᠯᠭ᠎ᠠ ᠶᠢ ᠭᠦᠢᠴᠡᠳ ᠨᠥᠬᠦᠪᠦᠷᠢᠯᠡᠬᠦ ᠵᠠᠷᠴᠢᠮ ᠶᠣᠰᠣᠭᠠᠷ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ︾ ᠶᠢ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠪᠥᠬᠦ ᠲᠠᠯ᠎ᠠ ᠪᠠᠷ ᠬᠥᠭᠵᠢᠨ ᠮᠠᠨᠳᠤᠬᠤ ᠶᠢ ᠠᠬᠢᠭᠤᠯᠪᠠ᠃ | ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠭᠤᠣᠯᠳᠠᠭᠤ ᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ᠂ ᠰᠢᠮᠡᠯᠢᠭ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠰᠢᠯᠢᠳᠡᠭᠵᠢᠨ | ᠬᠦᠴᠦᠷᠬᠡᠭᠵᠢᠬᠦ ᠶᠢ ᠳᠡᠮᠵᠢᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠬᠤ ᠵᠡᠷᠭᠡ ᠲᠠᠯ᠎ᠠ ᠪᠠᠷ ᠭᠤᠣᠯᠯᠠᠭᠤᠯᠤᠨ ᠲᠣᠭᠲᠠᠭᠠᠪᠠ᠃ ᠡᠨᠡ ᠨᠢ ᠲᠤᠰ ᠲᠤᠰ᠄ | ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠬᠦ᠂ ᠲᠤᠰᠬᠠᠢ ᠵᠦᠢᠯ ᠤᠨ | ᠵᠢᠭᠡᠯᠡᠯᠭᠡ ᠪᠠᠷ ᠰᠢᠨ᠎ᠡ ᠪᠠᠷ ᠪᠠᠶᠢᠭᠤᠯᠤᠭᠰᠠᠨ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠬᠦᠷᠢᠶᠡᠯᠡᠩ ᠲᠣᠭᠤᠷᠢᠭ ᠲᠤ ᠳᠡᠮᠵᠢᠯᠭᠡ ᠦᠵᠡᠭᠦᠯᠬᠦ᠂ ᠬᠥᠲᠥᠴᠢ ᠠᠵᠤ 365赢多少钱会被限额_国内有真正的365平台吗_365bet博彩官网 | ᠠᠬᠤᠶᠢᠯᠠᠯ ᠤᠨ ᠰᠢᠨ᠎ᠡ ᠰᠦ ᠡᠳ᠋ᠰᠢᠭᠦᠯᠬᠦ ᠬᠡᠮᠵᠢᠶ᠎ᠡ ᠪᠠᠨ ᠨᠡᠮᠡᠭᠳᠡᠭᠦᠯᠬᠦ ᠳᠤ ᠨᠥᠬᠦᠪᠦᠷᠢ ᠥᠭᠬᠦ᠂ ᠬᠥᠲᠥᠴᠢ ᠠᠵᠤ ᠠᠬᠤᠶᠢᠯᠠᠯ ᠤᠨ ᠰᠢᠨ᠎ᠡ ᠰᠦᠨ ᠤ ᠨᠤᠨᠳᠠᠭ | ᠰᠡᠪᠰᠡᠯᠡᠬᠦ ᠶᠢ ᠠᠰᠢᠭᠯᠠᠬᠤ ᠳᠤ ᠨᠥᠬᠦᠪᠦᠷᠢ ᠥᠭᠬᠦ᠂ ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ | ᠥᠭᠬᠦ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭᠠᠰᠤ ᠡᠪᠡᠰᠦ ᠳᠠᠷᠢᠬᠤ ᠠᠵᠤ ᠠᠬᠤᠶᠢᠯᠠᠯ ᠳᠤ ᠨᠥᠬᠦᠪᠦᠷᠢ ᠥᠭᠬᠦ᠂ ᠰᠠᠭᠠᠯᠢ ᠶᠢᠨ ᠦᠨᠢᠶᠡᠨ ᠤ ᠬᠢᠵᠢᠭ | ᠡᠪᠡᠳᠴᠢᠨ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ ᠮᠥᠩᠭᠦ ᠪᠠᠶᠢᠭᠤᠯᠬᠤ᠂ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠰᠠᠭᠤᠷᠢ ᠮᠥᠩᠭᠦ ᠶᠢ ᠪᠠᠶᠢᠭᠤᠯᠬᠤ ᠶᠠᠪᠤᠳᠠᠯ | ᠪᠣᠯᠣᠨ᠎ᠠ᠃ ᠲᠥᠷᠥ ᠶᠢᠨ ᠪᠣᠳᠣᠯᠭ᠎ᠠ ᠶᠢ 4 ᠵᠢᠯ ︵2022 ᠣᠨ ︱ 2025 ᠣᠨ︶ ᠬᠡᠷᠡᠭᠵᠢᠭᠦᠯᠬᠦ ᠪᠠᠷ ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 2019 ᠣᠨ ᠳᠤ ᠨᠡᠶᠢᠲᠡᠯᠡᠭᠰᠡᠨ ︽ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ︾ ᠢ ᠦᠷᠭᠦᠯᠵᠢᠯᠡᠨ ᠬᠡᠷᠡᠭᠵᠢᠭᠦᠯᠦᠨ᠎ᠡ᠃ | ᠭᠤᠷᠪᠠ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ︵ᠨᠢᠭᠡ︶ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠭᠦᠨ᠎ᠡ᠃ ᠪᠥᠬᠦ | ᠣᠷᠣᠨ ᠤ ᠲᠠᠪᠤᠨ ᠲᠣᠮᠣ ᠰᠦᠨ ᠤ ᠢᠷᠡᠯᠲᠡ ᠶᠢᠨ ᠰᠠᠭᠤᠷᠢᠨ ᠭᠠᠵᠠᠷ ᠪᠣᠯᠣᠨ 10 ᠲᠣᠮᠣ ᠰᠦ ᠰᠠᠭᠠᠯᠢ ᠶᠢᠨ ᠦᠢᠯᠡᠰ ᠤᠨ ᠰᠦᠷᠦᠭᠵᠢᠯ ᠢ ᠶᠠᠭ ᠲᠦᠷᠭᠡᠳᠬᠡᠨ | ᠪᠠᠶᠢᠭᠤᠯᠵᠤ᠂ ᠢᠯᠢ᠂ ᠮᠧᠩ ᠨᠢᠦ ᠶᠢᠨ ᠪᠠᠶᠢᠷᠢᠰᠢᠭᠤᠯᠤᠭᠰᠠᠨ ᠡᠳ᠋ᠰᠢᠭᠦᠯᠬᠦ ᠰᠠᠭᠤᠷᠢᠨ ᠭᠠᠵᠠᠷ ᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠤᠭᠰᠠᠨ ᠪᠤᠶᠤ | ᠠᠰᠢᠭᠯᠠᠯᠲᠠ ᠳᠤ ᠣᠷᠣᠭᠤᠯᠤᠮᠠᠷ ᠪᠠᠶᠢᠨ᠎ᠠ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠢᠯᠡᠳᠲᠡ | ᠤᠳᠠᠭᠠᠰᠢᠷᠠᠵᠤ᠂ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠬᠦᠷᠦᠯᠴᠡᠬᠦ ᠦᠭᠡᠢ ᠠᠴᠠ ᠪᠣᠯᠵᠤ ᠰᠠᠭᠠᠯᠢ ᠶᠢᠨ ᠠᠵᠤ ᠠᠬᠤᠶᠢᠯᠠᠯ ᠤᠨ ᠬᠡᠰᠡᠭ ᠦᠢᠯᠡᠳᠪᠦᠷᠢᠯᠡᠯ ᠤᠨ | ᠴᠢᠳᠠᠪᠤᠷᠢ ᠶᠢ ᠰᠤᠯᠠ ᠲᠠᠯᠪᠢᠵᠤ ᠪᠠᠶᠢᠨ᠎ᠠ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠣᠯ ᠰᠠᠭᠠᠯᠢ ᠶᠢᠨ ᠦᠨᠢᠶᠡᠨ ᠤ | ᠰᠦᠷᠦᠭᠵᠢᠯ ᠢᠶᠠᠨ ᠥᠷᠭᠡᠳᠬᠡᠨ ᠨᠡᠮᠡᠭᠳᠡᠭᠦᠯᠬᠦ ᠶᠢᠨ ᠰᠠᠭᠤᠷᠢ ᠨᠥᠬᠦᠴᠡᠯ ᠪᠣᠯᠬᠤ ᠪᠥᠭᠡᠳ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠶᠢ ᠨᠡᠮᠡᠭᠳᠡᠭᠦᠯᠬᠦ ᠭᠤᠣᠯ ᠠᠷᠭ᠎ᠠ | ᠵᠠᠮ ᠪᠣᠯᠣᠨ᠎ᠠ᠃ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠨᠥᠬᠦᠪᠦᠷᠢ ᠥᠭᠬᠦ ᠨᠢ ᠲᠡᠵᠢᠭᠡᠨ ᠦᠷᠡᠵᠢᠭᠦᠯᠬᠦ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠢᠳᠡᠪᠬᠢᠵᠢᠯ ᠢ ᠨᠢ ᠳᠠᠶᠢᠴᠢᠯᠠᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2021 ᠣᠨ ᠠᠴᠠ | ᠬᠤᠶᠢᠰᠢ ᠰᠢᠨ᠎ᠡ ᠪᠠᠷ ᠪᠠᠶᠢᠭᠤᠯᠤᠭᠰᠠᠨ 3000 ᠲᠣᠯᠣᠭᠠᠢ ᠰᠠᠭᠠᠯᠢ ᠶᠢᠨ ᠦᠨᠢᠶ᠎ᠡ ᠪᠠᠷ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠳᠤ 600 ᠲᠦᠮᠡᠨ | ᠲᠥᠭᠦᠷᠢᠭ ᠤᠨ ᠨᠥᠬᠦᠪᠦᠷᠢ ᠥᠭᠭᠦᠨ᠎ᠡ᠂ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢᠨ 20% ᠪᠠᠷ ᠨᠡᠮᠡᠭᠳᠡᠭᠦᠯᠦᠨ | ᠢᠵᠢ ᠪᠦᠷᠢᠳᠦᠭᠦᠯᠦᠨ᠎ᠡ᠃ ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠠᠭᠤᠷᠢ ᠪᠡᠯᠡᠳᠬᠡᠮᠵᠢ ᠶᠢᠨ ᠶᠡᠷᠦᠩᠬᠡᠢ ᠪᠡᠯᠡ | ᠣᠷᠣᠭᠤᠯᠤᠯᠲᠠ ᠶᠢ 3 ᠳ᠋ᠦᠩᠰᠢᠭᠤᠷ ᠲᠥᠭᠦᠷᠢᠭ ᠢᠶᠠᠷ ᠪᠣᠳᠣᠪᠠᠯ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠨᠥᠬᠦᠪᠦᠷᠢ ᠨᠢ ᠰᠠᠭᠤᠷᠢ | ᠪᠡᠯᠡᠳᠬᠡᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 8% ᠣᠷᠴᠢᠮ ᠢ ᠡᠵᠡᠯᠡᠵᠦ᠂ ᠭᠤᠣᠯᠳᠠᠭᠤ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ | ᠵᠠᠷᠤᠳᠠᠯ ᠳᠤ ᠬᠡᠷᠡᠭᠯᠡᠬᠦ ᠶᠢᠨ ᠬᠠᠮᠲᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠮᠲᠤ ᠳᠤ ᠨᠢ ᠬᠠᠷᠠᠭᠠᠯᠵᠠᠨ᠎ᠠ᠃ | ︵ᠬᠤᠶᠠᠷ︶ ᠲᠤᠰᠬᠠᠢ ᠵᠢᠭᠡᠯᠡᠯᠭᠡ ᠶᠢ ᠬᠡᠷᠡᠭᠯᠡᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠳᠤ | ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ ᠥᠪᠡᠷᠲᠡᠭᠡᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠡᠯᠡ ᠮᠥᠩᠭᠦ ᠶᠢᠨ ᠳᠠᠷᠤᠯᠲᠠ ᠶᠢ | ᠪᠦᠲᠦᠮᠵᠢᠲᠡᠶ ᠬᠥᠩᠭᠡᠷᠡᠭᠦᠯᠦᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢ ᠠᠰᠢᠭᠯᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ | ᠲᠠᠯᠠᠪᠠᠢ ᠪᠠᠷ ᠭᠤᠣᠯ ᠠᠭᠤᠯᠭ᠎ᠠ ᠪᠣᠯᠭᠠᠭᠰᠠᠨ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠨᠢ ᠵᠣᠷᠢᠭᠵᠢᠭᠤᠯᠵᠤ᠂ | ᠪᠠᠶᠢᠭᠤᠯᠤᠭᠰᠠᠨ ᠤ ᠳᠠᠷᠠᠭ᠎ᠠ ᠲᠦᠷᠢᠶᠡᠰᠦᠯᠡᠬᠦ ᠬᠡᠯᠪᠡᠷᠢ ᠪᠠᠷ ᠲᠦᠷᠢᠶᠡᠰᠦᠨ ᠮᠥᠩᠭᠦ ᠬᠤᠷᠢᠶᠠᠨ᠂ ᠲᠤᠰᠬᠠᠢ ᠵᠢᠭᠡᠯᠡᠯᠭᠡ ᠶᠢ ᠲᠥᠯᠥᠭᠦᠯᠬᠦ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠲᠤᠰᠬᠠᠢ ᠵᠢᠭᠡᠯᠡᠯᠭᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠪᠠᠶᠢᠭᠤᠯᠤᠭᠰᠠᠨ | ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠳᠡᠮᠵᠢᠨ᠎ᠡ᠃ | ︵ᠭᠤᠷᠪᠠ︶ ᠬᠥᠲᠥᠴᠢ ᠠᠵᠤ ᠠᠬᠤᠶᠢᠯᠠᠯ ᠤᠨ ᠰᠢᠨ᠎ᠡ ᠰᠦ ᠡᠳ᠋ᠰᠢᠭᠦᠯᠬᠦ ᠬᠡᠮᠵᠢᠶ᠎ᠡ ᠪᠠᠨ ᠨᠡᠮᠡᠭᠳᠡᠭᠦᠯᠬᠦ ᠳᠤ ᠨᠥᠬᠦᠪᠦᠷᠢ ᠥᠭᠭᠦᠨ᠎ᠡ᠃ ᠠᠵᠤ ᠠᠬᠤᠶᠢᠯᠠᠯ ᠪᠣᠯᠣᠨ | ᠣᠷᠣᠨ ᠨᠤᠲᠤᠭ ᠤᠨ ᠵᠠᠰᠠᠭ ᠤᠨ ᠣᠷᠳᠣᠨ ᠤ ᠰᠦᠨ ᠤ ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠵᠤ᠂ ᠰᠦᠨ ᠤ | ᠢᠷᠡᠯᠲᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠤᠰᠠᠳᠠ᠂ ᠠᠵᠤ ᠠᠬᠤᠶᠢᠯᠠᠯ ᠤᠳ ᠤᠨ ᠰᠤᠯᠠ ᠪᠠᠶᠢᠭ᠎ᠠ ᠦᠢᠯᠡᠳᠪᠦᠷᠢᠯᠡᠬᠦ | ᠴᠢᠳᠠᠪᠤᠷᠢ ᠪᠠᠨ ᠪᠦᠲᠦᠮᠵᠢᠲᠡᠶ ᠠᠰᠢᠭᠯᠠᠬᠤ ᠳᠤ ᠨᠢ ᠳᠡᠮᠵᠢᠯᠭᠡ ᠦᠵᠡᠭᠦᠯᠵᠦ᠂ ᠦᠢᠯᠡᠳᠬᠦᠨ ᠤ ᠥᠷᠲᠡᠭ ᠪᠣᠯᠣᠨ ᠭᠠᠶᠢᠯᠢ ᠲᠠᠲᠠᠪᠤᠷᠢ ᠶᠢ ᠨᠡᠮᠡᠭᠳᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠶᠢᠨ ᠡᠳ᠋ ᠤᠨ ᠵᠠᠰᠠᠭ ᠠᠴᠠ 2022 ᠣᠨ ᠠᠴᠠ ᠡᠬᠢᠯᠡᠨ᠂ ᠳᠡᠭᠡᠷ᠎ᠡ ᠨᠢᠭᠡ ᠵᠢᠯ ᠤᠨ ᠰᠢᠨ᠎ᠡ ᠰᠦ | ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ ᠴᠠᠭᠠᠨ ᠢᠳᠡᠭᠡᠨ ᠪᠣᠯᠪᠠᠰᠤᠷᠠᠭᠤᠯᠬᠤ | ᠳᠠᠭᠠᠭᠤᠯᠤᠭᠴᠢ ᠠᠵᠤ ᠠᠬᠤᠶᠢᠯᠠᠯ ᠳᠤ 1 ᠲᠣᠨ ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠦᠷᠢ ᠥᠭᠴᠦ ᠰᠠᠭᠠᠯᠢ ᠶᠢᠨ | ᠢᠷᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠦᠯᠵᠦ᠂ ᠨᠥᠬᠦᠪᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ | ᠬᠤᠳᠠ ᠨᠤᠭᠤᠳ ᠲᠤᠰ ᠲᠤᠰ 50% ᠶᠢ ᠡᠭᠦᠷᠭᠡᠯᠡᠨ᠎ᠡ᠃ | ︵ᠳᠥᠷᠪᠡ︶ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠰᠦ ᠶᠢ ᠠᠰᠢᠭᠯᠠᠨ ᠨᠤᠨᠳᠠᠭ ᠰᠡᠪᠰᠡᠯᠡᠬᠦ ᠳᠤ ᠨᠥᠬᠦᠪᠦᠷᠢ ᠥᠭᠭᠦᠨ᠎ᠡ᠃ ᠵᠢᠯ ᠪᠦᠷᠢ ᠶᠢᠨ | 3 — 5 ᠳ᠋ᠤᠭᠠᠷ ᠰᠠᠷ᠎ᠠ ᠪᠣᠯ ᠴᠠᠭᠠᠨ ᠢᠳᠡᠭᠡᠨ ᠤ ᠪᠣᠷᠤᠯᠠᠭᠤᠯᠭ᠎ᠠ ᠠᠨᠠᠢ ᠤᠯᠠᠷᠢᠯ ᠪᠣᠯᠬᠤᠷ ᠱᠠᠲᠤ ᠦᠶ᠎ᠡ ᠶᠢᠨ ᠴᠢᠨᠠᠷᠲᠠᠢ ᠲᠦᠭᠦᠬᠡᠢ ᠰᠦ ᠶᠢᠨ ᠬᠠᠩᠭᠠᠯᠭ᠎ᠠ | ᠦᠯᠡᠭᠦᠳᠡᠬᠦ ᠠᠰᠠᠭᠤᠳᠠᠯ ᠭᠠᠷᠴᠤ᠂ ᠲᠣᠮᠣ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠳ ᠨᠡᠶᠢᠳᠡᠮ ᠳᠤ ᠪᠠᠨ ᠨᠤᠨᠳᠠᠭ ᠰᠡᠪᠰᠡᠯᠡᠬᠦ ᠠᠷᠭ᠎ᠠ ᠪᠠᠷ ᠲᠡᠵᠢᠭᠡᠨ | ᠦᠷᠡᠵᠢᠭᠦᠯᠬᠦ ᠡᠷᠦᠬᠡ ᠶᠢᠨ ᠰᠦ ᠲᠤᠰᠢᠶᠠᠬᠤ ᠠᠰᠠᠭᠤᠳᠠᠯ ᠢ ᠰᠢᠢᠳᠪᠦᠷᠢᠯᠡᠳᠡᠭ᠃ ᠨᠤᠨᠳᠠᠭ ᠰᠡᠪᠰᠡᠯᠡᠬᠦ ᠨᠢ ᠠᠵᠤ ᠠᠬᠤᠶᠢᠯᠠᠯ ᠳᠤ ᠬᠤᠬᠢᠷᠠᠯ ᠤᠴᠠᠷᠠᠭᠤᠯᠤᠨ᠎ᠠ᠂ | ᠲᠡᠵᠢᠭᠡᠨ ᠦᠷᠡᠵᠢᠭᠦᠯᠬᠦ ᠡᠷᠥᠭᠡ ᠶᠢᠨ ᠠᠰᠢᠭ ᠲᠤᠰᠠ ᠶᠢ ᠬᠠᠮᠠᠭᠠᠯᠠᠵᠤ᠂ ᠠᠵᠤ ᠠᠬᠤᠶᠢᠯᠠᠯ ᠤᠨ ᠬᠤᠬᠢᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠶᠢᠨ ᠡᠳ᠋ ᠤᠨ ᠵᠠᠰᠠᠭ 2022 ᠣᠨ ᠠᠴᠠ ᠡᠬᠢᠯᠡᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ | ᠳᠡᠰ ᠤᠨ ᠴᠠᠭᠠᠨ ᠢᠳᠡᠭᠡᠨ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠰᠢᠨ᠎ᠡ ᠰᠦ ᠬᠤᠳᠠᠯᠳᠤᠨ ᠠᠪᠴᠤ ᠨᠤᠨᠳᠠᠭ ᠰᠡᠪᠰᠡᠯᠡᠬᠦ ᠳᠤ ᠨᠢ ᠨᠥᠬᠦᠪᠦᠷᠢ ᠥᠭᠴᠦ᠂ | ᠰᠢᠨ᠎ᠡ ᠰᠦ ᠬᠤᠳᠠᠯᠳᠤᠨ ᠠᠪᠤᠭᠰᠠᠨ ᠬᠡᠮᠵᠢᠶ᠎ᠡ ᠶᠢᠨ 10% ᠪᠠᠷ ᠨᠥᠬᠦᠪᠦᠷᠢ ᠥᠭᠴᠦ᠂ ᠲᠣᠨ ᠪᠦᠷᠢ ᠳᠤ 800 ᠲᠥᠭᠦᠷᠢᠭ ᠨᠥᠬᠦᠪᠦᠷᠢᠯᠡᠵᠦ᠂ ᠨᠥᠬᠦᠪᠦᠷᠢ ᠶᠢᠨ | ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠲᠤᠰ ᠲᠤᠰ 50% ᠪᠠᠷ ᠡᠭᠦᠷᠭᠡᠯᠡᠨ᠎ᠡ᠃ | ︵ᠲᠠᠪᠤ︶ ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠣᠯᠭᠤᠨ᠎ᠠ᠃ ᠪᠡᠯᠭᠡ ᠡᠵᠡᠮᠰᠢᠯᠲᠦ | ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠶᠢ ᠪᠣᠶᠢᠵᠢᠭᠤᠯᠪᠠᠯ ᠪᠡᠶ᠎ᠡ ᠪᠠᠨ ᠳᠠᠭᠠᠭᠠᠭᠰᠠᠨ ᠡᠭᠦᠯᠳᠡᠷ ᠢ ᠪᠣᠶᠢᠵᠢᠭᠤᠯᠵᠤ ᠪᠣᠯᠬᠤ ᠮᠥᠷᠲᠡᠭᠡᠨ ᠪᠠᠰᠠ | ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶᠡᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠠᠮᠳᠠᠭᠤᠯᠵᠤ ᠪᠣᠯᠣᠨ᠎ᠠ᠃ ᠣᠲᠣ ᠶᠢᠨ | ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠪᠣᠯ ᠪᠡᠯᠭᠡ ᠡᠵᠡᠮᠰᠢᠯᠲᠦ ᠢᠴᠡᠭᠡᠯ ᠦᠷ᠎ᠡ ᠶᠢ ᠬᠡᠷᠡᠭᠯᠡᠬᠦ ᠳᠤ 120 ᠲᠥᠭᠦᠷᠢᠭ ᠤᠨ ᠨᠥᠬᠦᠪᠦᠷᠢ ᠥᠭᠴᠦ ᠪᠣᠢ᠂ | ᠭᠡᠪᠡᠴᠦ ᠠᠷᠭ᠎ᠠ ᠮᠠᠶ᠋ᠢᠭ ᠨᠢ ᠲᠠᠩ ᠴᠤᠯᠭᠤᠢ᠂ ᠬᠡᠪᠴᠢᠶ᠎ᠡ ᠨᠢ ᠬᠢᠵᠠᠭᠠᠷ ᠲᠠᠢ ᠪᠣᠯᠬᠤᠷ ᠣᠲᠣ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃ ᠡᠶᠢᠮᠦ ᠠᠴᠠ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷᠡᠵᠢᠵᠦ ᠳᠡᠶᠢᠯᠬᠦ ᠡᠬᠡ ᠮᠠᠯ ᠤᠨ ᠪᠡᠯᠭᠡ ᠶᠢᠨ ᠡᠵᠡᠮᠳᠡᠯ ᠤᠨ | ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠥᠭᠴᠦ᠂ ᠬᠡᠷᠡᠭᠯᠡᠵᠦ ᠪᠠᠶᠢᠭ᠎ᠠ ᠤᠯᠤᠰ ᠲᠠᠭᠠᠨ ᠦᠢᠯᠡᠳᠪᠦᠷᠢᠯᠡᠭᠰᠡᠨ ᠪᠠ | ᠭᠠᠳᠠᠭᠠᠳᠤ ᠠᠴᠠ ᠣᠷᠣᠭᠤᠯᠤᠭᠰᠠᠨ ᠪᠡᠯᠭᠡ ᠶᠢᠨ ᠡᠵᠡᠮᠳᠡᠯ ᠤᠨ ᠬᠦᠪᠦᠷᠡᠯ ᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ 50% ᠪᠠᠷ ᠨᠥᠬᠦᠪᠦᠷᠢ ᠥᠭᠭᠦᠨ᠎ᠡ᠃ | ︵ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠦᠯᠦᠭᠰᠡᠨ ᠴᠠᠷᠭᠠᠰᠤ ᠶᠢᠨ ᠲᠠᠷᠢᠮᠠᠯ ᠳᠤ ᠨᠥᠬᠦᠪᠦᠷᠢ ᠥᠭᠭᠦᠨ᠎ᠡ᠃ ᠴᠠᠷᠭᠠᠰᠤ ᠶᠢᠨ ᠬᠠᠩᠭᠠᠯᠭ᠎ᠠ | ᠬᠦᠷᠦᠯᠴᠡᠬᠦ ᠦᠭᠡᠢ ᠪᠠᠶᠢᠬᠤ ᠨᠢ ᠰᠦ ᠰᠠᠭᠠᠯᠢ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠢᠵᠠᠭᠠᠷᠯᠠᠵᠤ ᠪᠠᠶᠢᠭ᠎ᠠ ᠬᠦᠴᠦᠨ | ᠵᠦᠢᠯ ᠪᠣᠯᠣᠭᠰᠠᠭᠠᠷ ᠢᠷᠡᠵᠡᠶ᠃ ᠪᠥᠬᠦ ᠣᠷᠣᠨ ᠤ ᠴᠠᠷᠭᠠᠰᠤ ᠶᠢᠨ ᠬᠠᠩᠭᠠᠯᠭ᠎ᠠ ᠵᠥᠪᠬᠡᠨ 40% ᠶᠢᠨ ᠬᠡᠷᠡᠭᠴᠡᠭᠡ ᠶᠢ ᠬᠠᠩᠭᠠᠵᠤ᠂ ᠬᠦᠷᠦᠯᠴᠡᠬᠦ ᠦᠭᠡᠢ ᠬᠡᠰᠡᠭ ᠢ | ᠣᠷᠳᠣ ᠬᠤᠭᠤᠴᠠᠭ᠎ᠠ ᠪᠠᠷ ᠭᠠᠳᠠᠭᠠᠳᠤ ᠠᠴᠠ ᠣᠷᠣᠭᠤᠯᠬᠤ ᠴᠢᠬᠤᠯᠠᠲᠠᠢ ᠪᠠᠶᠢᠨ᠎ᠠ᠃ 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠰᠢᠨ᠎ᠡ ᠪᠠᠷ ᠨᠡᠮᠡᠭᠳᠡᠭᠰᠡᠨ ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢᠬᠢ ᠴᠠᠷᠭᠠᠰᠤ ᠳᠠᠷᠢᠬᠤ ᠠᠵᠤ ᠠᠬᠤᠶᠢᠯᠠᠯ ︵ᠬᠤᠷᠰᠢᠶ᠎ᠠ᠂ | ᠳᠠᠷᠢᠬᠤ ᠡᠷᠦᠬᠡ︶ ᠳᠤ ᠨᠥᠬᠦᠪᠦᠷᠢ ᠥᠭᠴᠦ᠂ 500 ᠮᠦ ᠪᠠᠷ ᠨᠢᠭᠡ ᠨᠢᠭᠡᠴᠢ ᠪᠣᠯᠭᠠᠵᠤ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ | ᠨᠥᠬᠦᠪᠦᠷᠢ ᠥᠭᠪᠡᠯ ᠴᠠᠷᠭᠠᠰᠤ ᠳᠠᠷᠢᠬᠤ ᠲᠠᠯᠠᠪᠠᠶ ᠶᠢ ᠪᠦᠲᠦᠮᠵᠢᠲᠡᠶ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠳᠣᠲᠣᠷᠠᠬᠢ ᠡᠪᠡᠰᠦ ᠪᠣᠷᠳᠤᠭ᠎ᠠ ᠶᠢᠨ | ᠬᠠᠩᠭᠠᠯᠭ᠎ᠠ ᠶᠢ ᠨᠡᠮᠡᠭᠳᠡᠭᠦᠯᠵᠦ ᠪᠣᠯᠣᠨ᠎ᠠ᠃ | ︵ᠲᠤᠯᠤᠭ᠎ᠠ︶ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ ᠮᠥᠩᠭᠦ ᠪᠠᠶᠢᠭᠤᠯᠤᠨ᠎ᠠ᠃ ᠰᠠᠭᠠᠯᠢ ᠶᠢᠨ | ᠦᠨᠢᠶᠡᠨ ᠤ ᠬᠢᠵᠢᠭ ᠡᠪᠡᠳᠴᠢᠨ ᠨᠢ ᠰᠦ ᠰᠠᠭᠠᠯᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠦᠨᠳᠦ ᠨᠣᠴᠢᠲᠠᠢ ᠨᠥᠯᠥᠭᠡᠯᠡᠵᠦ ᠪᠠᠶᠢᠬᠤ ᠪᠣᠯᠬᠤᠷ᠂ ᠥᠪᠡᠷᠲᠡᠭᠡᠨ | ᠵᠠᠰᠠᠬᠤ ᠣᠷᠣᠨ ᠤ ᠬᠢᠵᠢᠭ ᠢ ᠰᠡᠷᠭᠡᠶᠢᠯᠡᠬᠦ ᠮᠡᠷᠭᠡᠵᠢᠯ ᠤᠨ ᠰᠢᠪᠲᠤᠯᠤᠯᠲᠠ ᠶᠢ ᠳᠡᠯᠭᠡᠷᠡᠭᠦᠯᠬᠦ ᠲᠣᠭᠲᠠᠯᠴᠠᠭ᠎ᠠ ᠶᠢ ᠪᠠᠶᠢᠭᠤᠯᠪᠠᠯ᠂ ᠰᠠᠭᠠᠯᠢ ᠶᠢᠨ ᠦᠨᠢᠶᠡᠨ ᠤ ᠬᠢᠵᠢᠭ | ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠰᠠᠭᠠᠯᠢ ᠶᠢᠨ ᠦᠨᠢᠶᠡᠨ ᠤ ᠰᠢᠭᠰᠢᠭᠳᠡᠬᠦ ᠨᠤᠷᠮ᠎ᠠ ᠶᠢ ᠪᠠᠭᠠᠰᠬᠠᠵᠤ ᠪᠣᠯᠣᠨ᠎ᠠ᠃ ᠥᠪᠡᠷᠲᠡᠭᠡᠨ 365赢多少钱会被限额_国内有真正的365平台吗_365bet博彩官网 | ᠵᠠᠰᠠᠬᠤ ᠣᠷᠣᠨ 5000 ᠲᠦᠮᠡᠨ ᠲᠥᠭᠦᠷᠢᠭ ᠤᠨ ᠰᠠᠭᠠᠯᠢ ᠶᠢᠨ ᠦᠨᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ ᠮᠥᠩᠭᠦ ᠪᠠᠶᠢᠭᠤᠯᠵᠤ᠂ | ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠡᠬᠢ ᠪᠠᠶᠠᠯᠢᠭ ᠪᠠ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠭᠤᠣᠯᠳᠠᠭᠤ ᠰᠠᠭᠠᠯᠢ ᠶᠢᠨ ᠦᠨᠢᠶᠡᠨ ᠤ ᠪᠷᠦ᠋ᠼᠧᠯ | ᠡᠪᠡᠳᠴᠢᠨ ᠵᠡᠷᠭᠡ ᠬᠢᠵᠢᠭ ᠡᠪᠡᠳᠴᠢᠨ ᠤ ᠸᠠᠺᠼᠢᠨ ᠤ ᠰᠢᠨ᠎ᠡ ᠶᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠵᠡᠷᠭᠡ ᠬᠥᠮᠥᠨ ᠮᠠᠯ ᠳᠤ ᠬᠠᠮᠲᠤ | ᠲᠤᠰᠳᠠᠭ ᠡᠪᠡᠳᠴᠢᠨ ᠢ ᠲᠦᠷᠭᠡᠨ ᠬᠢᠨᠠᠨ ᠰᠢᠨᠵᠢᠯᠡᠬᠦ᠂ ᠣᠨᠣᠰᠢᠯᠠᠬᠤ᠂ ᠴᠡᠪᠡᠷᠰᠢᠭᠦᠯᠬᠦ ᠮᠡᠷᠭᠡᠵᠢᠯ ᠤᠨ ᠰᠤᠳᠤᠯᠤᠯ ᠪᠠ ᠳᠡᠯᠭᠡᠷᠡᠭᠦᠯᠦᠨ ᠬᠡᠷᠡᠭᠯᠡᠬᠦ᠂ ᠰᠠᠭᠠᠯᠢ ᠶᠢᠨ | ᠦᠨᠢᠶᠡᠨ ᠤ ᠬᠥᠬᠦᠨ ᠤ ᠦᠷᠪᠢᠰᠦᠯ ᠵᠡᠷᠭᠡ ᠦᠷᠡᠵᠢᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠰᠣᠯᠢᠯᠴᠠᠭ᠎ᠠ ᠶᠢᠨ ᠡᠪᠡᠳᠴᠢᠨ ᠢ ᠰᠤᠳᠤᠯᠬᠤ ᠪᠠ | ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠢ ᠦᠢᠯᠡᠴᠢᠯᠡᠭᠡᠨ ᠳᠤ ᠬᠡᠷᠡᠭᠯᠡᠨ᠎ᠡ᠃ | ︵ᠨᠠᠢᠮᠠ︶ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠳᠤ ᠳᠡᠮᠵᠢᠯᠭᠡ ᠦᠵᠡᠭᠦᠯᠦᠨ᠎ᠡ᠃ ᠰᠦ ᠰᠠᠭᠠᠯᠢ ᠶᠢᠨ | ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠦᠢᠯᠡᠳᠦᠯ ᠢ ᠨᠠᠩ | ᠰᠠᠶᠢᠨ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠤᠨ ᠰᠠᠭᠤᠷᠢ ᠴᠢᠨᠠᠷᠲᠠᠢ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠵᠢᠯ ᠪᠦᠷᠢ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠤ᠂ ᠭᠤᠣᠯᠳᠠᠭᠤ ᠲᠠᠪᠴᠠᠩ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ | ᠭᠤᠣᠯᠳᠠᠯᠭ᠎ᠠ ᠲᠠᠢ ᠰᠡᠳᠦᠪ ᠤᠨ ᠰᠢᠪᠲᠤᠯᠤᠯᠲᠠ ᠳᠤ ᠬᠡᠷᠡᠭᠯᠡᠨ᠎ᠡ᠃ ᠴᠢᠬᠤᠯᠠ ᠶᠡᠭᠡ ᠰᠡᠳᠦᠪ ᠢ ᠰᠤᠳᠤᠯᠬᠤ ᠳᠤ ᠲᠠᠬᠢᠭᠠᠳ ︽ᠨᠢᠭᠡ ᠬᠡᠷᠡᠭ ᠢ ᠨᠢᠭᠡ ᠵᠥᠪᠯᠡᠬᠦ︾ ᠶᠢ | ᠬᠡᠷᠡᠭᠵᠢᠭᠦᠯᠦᠨ᠎ᠡ᠃ | ︵ᠶᠢᠰᠦ︶ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠰᠠᠭᠤᠷᠢ ᠮᠥᠩᠭᠦ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢᠨ ᠳᠣᠣᠷ᠎ᠠ ᠰᠦ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠰᠠᠭᠤᠷᠢ ᠮᠥᠩᠭᠦ ᠪᠠᠶᠢᠭᠤᠯᠵᠤ᠂ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠰ ᠤᠨ ᠬᠡᠯᠬᠢᠶ᠎ᠡ | ︵ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠰᠦᠨ ᠤ ᠢᠷᠡᠯᠲᠡ ᠶᠢᠨ ᠰᠠᠭᠤᠷᠢᠨ ᠭᠠᠵᠠᠷ᠂ ᠡᠳ᠋ᠰᠢᠭᠦᠯᠬᠦ | ᠠᠵᠤ ᠠᠬᠤᠶᠢᠯᠠᠯ᠂ ᠦᠢᠯᠡᠳᠬᠦᠨ ᠤ ᠦᠢᠯᠡᠳᠪᠦᠷᠢᠯᠡᠯ᠂ ᠪᠣᠷᠤᠯᠠᠭᠤᠯᠭ᠎ᠠ ᠶᠢᠨ ᠭᠦᠢᠯᠭᠡᠭᠡ︶ ᠳᠡᠭᠡᠷ᠎ᠡ ᠪᠠᠶᠢᠭ᠎ᠠ ᠴᠢᠨᠠᠷᠯᠢᠭ ᠬᠥᠲᠥᠴᠢ ᠠᠵᠤ ᠠᠬᠤᠶᠢᠯᠠᠯ ᠢ | ᠭᠤᠣᠯᠳᠠᠯᠭ᠎ᠠ ᠲᠠᠢ ᠳᠡᠮᠵᠢᠵᠦ᠂ ᠠᠵᠤ ᠠᠬᠤᠶᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠨᠢ | ᠲᠤᠯᠭᠠᠷᠠᠭᠰᠠᠨ ᠪᠡᠯᠡ ᠮᠥᠩᠭᠦ ᠳᠤᠲᠠᠭᠳᠠᠬᠤ ᠠᠰᠠᠭᠤᠳᠠᠯ ᠢ ᠰᠢᠢᠳᠪᠦᠷᠢᠯᠡᠨ᠎ᠡ᠃ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ | ᠣᠷᠣᠯᠠᠭᠤᠯᠬᠤ︾ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠪᠡᠯᠡ ᠮᠥᠩᠭᠦ ᠶᠢᠨ ᠬᠠᠮᠢᠶᠠᠷᠤᠯᠲᠠ ᠪᠠ ᠰᠢᠯᠭᠠᠨ ᠬᠤᠷᠢᠶᠠᠵᠤ | ᠰᠢᠯᠭᠠᠨ ᠬᠢᠨᠠᠬᠤ ᠪᠣᠳᠠᠲᠠᠢ ᠠᠷᠭ᠎ᠠ ᠶᠢ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ |