| 2021 ᠣᠨ ᠤ 12 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠤᠭᠠᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠨᠡᠷ᠎ᠡ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ | ᠵᠦᠶᠯᠡᠰ ᠤᠨ ᠨᠠᠷᠢᠨ ᠳᠠᠩᠰᠠ ︵2021 ᠣᠨ︶︾ ︵ᠳᠣᠷᠣᠭᠰᠢ ︽ᠨᠠᠷᠢᠨ ᠳᠠᠩᠰᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠠᠢ᠂ ᠨᠡᠶᠢᠭᠡᠮ ᠨᠡᠶᠢᠲᠡ | ᠳᠤ ︽ᠨᠠᠷᠢᠨ ᠳᠠᠩᠰᠠ︾ ᠶᠢᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠮᠡᠳᠡᠭᠦᠯᠬᠦ ᠪᠠ ᠵᠥᠪ ᠢᠶᠠᠷ ᠣᠶᠢᠯᠠᠭᠠᠭᠤᠯᠬᠤ ᠶᠢᠨ ᠲᠤᠰᠠᠳᠠ᠂ ᠡᠳᠦᠭᠡ ᠳᠣᠤᠷᠠᠬᠢ | ᠮᠡᠲᠦ ᠲᠠᠶᠢᠯᠤᠮᠵᠢ ᠬᠢᠪᠠ᠃ | ᠨᠢᠭᠡ᠂ ᠶᠠᠭᠤ ᠶᠢ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡ ᠭᠡᠬᠦ ᠪᠣᠶ︖ | ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡ ᠭᠡᠳᠡᠭ ᠨᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ | ᠤ ᠳᠠᠩᠰᠠᠯᠠᠯ ᠵᠡᠷᠭᠡ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠰᠢᠢᠳᠪᠦᠷᠢᠯᠡᠬᠦ ᠶᠠᠪᠤᠴᠠ ᠳᠤ᠂ ᠭᠤᠶᠤᠴᠢᠯᠠᠭᠴᠢ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ | ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ︵ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ︶ ᠳᠤ ᠨᠠᠶᠢᠳᠠᠵᠤ ᠥᠷᠨᠢᠭᠦᠯᠦᠭᠰᠡᠨ ᠡᠯ᠎ᠡ ᠲᠦᠷᠦᠯ | ᠤᠨ ᠮᠡᠷᠭᠡᠵᠢᠯ ᠤᠨ ᠬᠢᠨᠠᠨ ᠪᠠᠶᠢᠴᠠᠭᠠᠯᠲᠠ᠂ ᠨᠤᠲᠠᠯᠠᠯᠲᠠ᠂ ᠦᠨᠡᠯᠡᠨ ᠵᠢᠱᠢᠯᠲᠡ᠂ ᠦᠨᠡᠯᠡᠯᠲᠡ᠂ ᠰᠢᠯᠭᠠᠨ ᠪᠠᠶᠢᠴᠠᠭᠠᠯᠲᠠ᠂ ᠪᠠᠶᠢᠴᠠᠭᠠᠨ ᠬᠡᠮᠵᠢᠯᠲᠡ᠂ ᠰᠢᠯᠭᠠᠨ | ᠭᠡᠷᠡᠴᠢᠯᠡᠯᠲᠡ᠂ ᠰᠢᠯᠭᠠᠨ ᠲᠣᠭᠲᠠᠭᠠᠯᠲᠠ᠂ ᠭᠡᠷᠡᠴᠢᠯᠡᠭᠡ᠂ ᠵᠥᠪᠯᠡᠯᠭᠡ᠂ ᠲᠤᠷᠰᠢᠯᠲᠠ ᠵᠡᠷᠭᠡ ᠲᠥᠯᠥᠪᠦᠷᠢᠲᠦ ᠦᠢᠯᠡᠴᠢᠯᠡᠭᠡ ᠶᠢ ᠵᠢᠭᠠᠵᠤ ᠪᠠᠶᠢᠨ᠎ᠠ᠃ | ᠬᠤᠶᠠᠷ᠂ ᠶᠠᠭᠤᠨ ᠳᠤ ︽ᠨᠠᠷᠢᠨ ᠲᠠᠩᠰᠠ︾ ᠶᠢ ᠡᠮᠬᠢᠯᠡᠬᠦ ᠪᠣᠶ︖ | 2015 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠶᠯᠡᠴᠢᠯᠡᠭᠡᠨ ᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 31 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠠᠯᠠᠭ᠎ᠠ ᠮᠥᠴᠢᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭ᠎ᠠ ᠶᠠᠪᠤᠭᠳᠠᠭᠤᠯᠬᠤ ᠳᠤ ᠨᠢ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠶᠢ ᠭᠥᠯᠢᠶᠡᠨ ᠠᠪᠴᠤ ᠰᠢᠶᠳᠪᠦᠷᠢᠯᠡᠬᠦ ᠨᠥᠬᠦᠴᠡᠯ ᠪᠣᠯᠭᠠᠭᠰᠠᠨ ᠲᠥᠯᠥᠪᠦᠷᠢ ᠲᠠᠢ ᠦᠢᠯᠡᠴᠢᠯᠡᠭᠡ ᠢ ᠢᠯᠭᠠᠷᠠᠭᠤᠯᠤᠨ ᠵᠢᠷᠤᠮᠵᠢᠭᠤᠯᠬᠤ ᠶᠢᠨ ᠬᠠᠮᠲᠤ᠂ | ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠮᠡᠳᠡᠭᠳᠡᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠪᠣᠳᠠᠲᠠᠶ ᠲᠠᠢ | ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠵᠠᠭᠤᠴᠢ ᠦᠶᠯᠡᠴᠢᠯᠡᠭᠡᠨ ᠢ ᠢᠯᠭᠠᠷᠠᠭᠤᠯᠤᠨ ᠵᠢᠷᠤᠮᠵᠢᠭᠤᠯᠬᠤ ᠠᠵᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠬᠤ ᠶᠢᠨ ᠵᠡᠷᠭᠡ ᠳᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ︾ ᠭᠡᠰᠡᠨ ᠱᠠᠭᠠᠷᠳᠠᠯᠭ᠎ᠠ ᠳᠤᠷᠠᠳᠪᠠ᠃ 2019 ᠣᠨ ᠳᠤ ᠨᠡᠶᠢᠲᠡᠯᠡᠭᠰᠡᠨ | ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 722 ᠳ᠋ᠤᠭᠠᠷ ᠲᠣᠭᠠᠲᠤ︶ | ᠳᠤ ᠵᠠᠭᠤᠴᠢ ᠦᠶᠯᠡᠴᠢᠯᠡᠭᠡᠨ ᠤ ᠵᠦᠶᠯᠡᠰ ᠢ ᠵᠢᠷᠤᠮᠵᠢᠭᠤᠯᠬᠤ ᠲᠤᠰᠬᠠᠶ ᠵᠦᠶᠯ ᠵᠤᠷᠪᠤᠰ ᠪᠣᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠯ ᠤᠨ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ︾ ᠶᠢ ᠨᠡᠯᠢᠶᠡᠳ ᠣᠷᠳᠣ ᠬᠤᠭᠤᠴᠠᠭ᠎ᠠ ᠰᠢᠨᠡᠳᠬᠡᠭᠡᠳᠦᠶ ᠪᠠᠶᠢᠵᠤ᠂ ᠠᠭᠤᠯᠭ᠎ᠠ ᠨᠢ | ᠨᠢᠭᠡᠨᠲᠡ ᠣᠳᠣᠬᠠᠨ ᠤ ᠬᠠᠮᠢᠶ᠎ᠠ ᠪᠥᠬᠦᠶ ᠠᠵᠢᠯ ᠢ ᠥᠷᠨᠢᠭᠦᠯᠬᠦ ᠱᠠᠭᠠᠷᠳᠠᠯᠭ᠎ᠠ ᠨᠤᠭᠤᠳ ᠲᠠᠢ ᠨᠡᠶᠢᠴᠡᠬᠦ ᠥᠬᠡᠶ ᠪᠣᠯᠵᠠᠶ᠃ ᠨᠠᠮ ᠤᠨ ᠲᠥᠪ ᠬᠤᠷᠢᠶ᠎ᠠ᠂ ᠲᠥᠷᠦ ᠶᠢᠨ | ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ | ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ | ᠬᠡᠷᠡᠭᠵᠢᠭᠦᠯᠬᠦ ᠶᠠᠪᠤᠴᠠ ᠳᠤ ᠬᠤᠯᠪᠤᠭᠳᠠᠬᠤ ᠵᠠᠭᠤᠴᠢ ᠦᠶᠯᠡᠴᠢᠯᠡᠭᠡᠨ ᠤ ᠦᠶᠯᠡ ᠠᠵᠢᠯᠯᠠᠭ᠎ᠠ ᠶᠢ ᠦᠨᠡᠨ ᠬᠦ ᠵᠢᠷᠤᠮᠵᠢᠭᠤᠯᠤᠨ᠂ ᠵᠠᠰᠠᠭ ᠵᠠᠬᠢᠷᠭᠠᠨ ᠤ ᠡᠷᠬᠡ ᠶᠢ | ᠬᠡᠷᠡᠭᠵᠢᠭᠦᠯᠬᠦ ᠶᠠᠪᠤᠴᠠ ᠳᠠᠬᠢ ᠣᠨᠴᠣᠭᠤᠶ ᠭᠤᠭᠴᠤᠭ᠎ᠠ ᠶᠢᠨ ᠭᠦᠶᠴᠡᠳᠬᠡᠬᠦ ᠮᠠᠲ᠋ᠧᠷᠢᠶᠠᠯ ᠪᠠ ᠴᠠᠭ ᠬᠤᠭᠤᠴᠠᠭ᠎ᠠ ᠶᠢ ᠪᠠᠭᠠᠰᠬᠠᠵᠤ᠂ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠨᠠᠷᠢᠨ ᠳᠠᠩᠰᠠ ᠶᠢ | ᠡᠮᠬᠢᠯᠡᠨ ᠳᠢᠭᠯᠡᠬᠦ ᠠᠵᠢᠯ ᠢ ᠥᠷᠨᠢᠭᠦᠯᠪᠡ᠃ | ᠭᠤᠷᠪᠠ᠂ ︽ᠨᠠᠷᠢᠨ ᠲᠠᠩᠰᠠ︾ ᠶᠢ ᠡᠮᠬᠢᠯᠡᠬᠦ ᠳᠤ ᠶᠠᠮᠠᠷ ᠶᠠᠮᠠᠷ ᠠᠯᠬᠤᠮ ᠳᠠᠷᠠᠭ᠎ᠠ ᠶᠢ ᠥᠩᠭᠡᠷᠡᠭᠡᠭᠰᠡᠨ ᠪᠣᠶ︖ | 2021 ᠣᠨ ᠤ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠭᠤᠸᠠᠩᠳᠦ᠋ᠩ ᠮᠤᠵᠢ᠂ ᠴᠦᠩᠴᠢᠩ | ᠬᠤᠲᠠ᠂ ᠠᠨᠾᠦ᠋ᠢ ᠮᠤᠵᠢ ᠶᠢᠨ ᠲᠤᠷᠰᠢᠯᠭ᠎ᠠ ᠶᠢ ᠭᠦᠶᠴᠡᠳ ᠲᠣᠯᠢᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ | ᠤᠨ ᠵᠠᠭᠤᠴᠢ ᠦᠶᠯᠡᠴᠢᠯᠡᠭᠡᠨ ᠤ ᠵᠦᠶᠯᠡᠰ ᠢ ᠡᠮᠬᠢᠯᠡᠬᠦ ᠠᠵᠢᠯ ᠢ ᠥᠷᠨᠢᠭᠦᠯᠪᠡ᠃ ︽ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠵᠠᠭᠤᠴᠢ ᠦᠢᠯᠡᠴᠢᠯᠡᠭᠡᠨ ᠤ ᠵᠦᠢᠯᠡᠰ ᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ︵ᠥᠪᠦᠷ ᠵᠠᠰᠠᠭ ᠦᠢᠯᠡᠴᠢᠯᠡᠭᠡ ᠲᠠᠷᠬᠠᠭᠠᠭᠰᠠᠨ ﹇ 2021 ﹈ 2 ᠳ᠋ᠤᠭᠠᠷ ᠲᠣᠭᠠᠲᠤ︶ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠮᠬᠢᠯᠡᠨ ᠳᠢᠭᠯᠡᠬᠦ ᠠᠵᠢᠯ ᠢ ᠨᠠᠷᠢᠨ ᠨᠢᠮᠪᠠᠢ ᠪᠠᠶᠢᠷᠢᠯᠠᠭᠤᠯᠪᠠ᠃ ᠰᠠᠯᠠᠭ᠎ᠠ ᠮᠥᠴᠢᠷ ᠤᠳ ᠲᠠᠢ ᠭᠦᠶᠴᠡᠳ ᠣᠶᠢᠯᠠᠭᠠᠯᠴᠠᠨ | ᠬᠠᠷᠭᠤᠭᠤᠯᠵᠤ᠂ ᠵᠦᠶᠯᠡᠰ ᠤᠨ ᠨᠠᠷᠢᠨ ᠳᠠᠩᠰᠠ ᠶᠢ ᠳᠠᠬᠢᠨ ᠳᠠᠪᠲᠠᠨ ᠡᠮᠬᠢᠯᠡᠵᠦ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠵᠤ ᠪᠠᠰᠠ ᠥᠪᠡᠷᠲᠡᠭᠡᠨ ᠵᠠᠰᠠᠬᠤ ᠣᠷᠣᠨ | ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠠᠤᠯᠢ ᠶᠣᠰᠣᠴᠢ ᠬᠢᠨᠠᠨ ᠬᠠᠷᠭᠤᠭᠤᠯᠤᠯᠲᠠ ᠬᠢᠭᠰᠡᠨ ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ︵2021 ᠣᠨ︶︾ ᠶᠢ | ᠲᠤᠭᠤᠷᠪᠢᠵᠠᠢ᠃ | ᠳᠥᠷᠪᠡ᠂ ︽ᠨᠠᠷᠢᠨ ᠳᠠᠩᠰᠠ︾ ᠨᠡᠶᠢᠲᠡᠯᠡᠭᠳᠡᠭᠰᠡᠨ ᠤ ᠳᠠᠷᠠᠭ᠎ᠠ ᠠᠵᠤ ᠠᠬᠤᠶᠢᠯᠠᠯ ᠪᠠ ᠣᠯᠠᠨ ᠲᠦᠮᠡᠨ ᠳᠤ ᠶᠠᠮᠠᠷ ᠶᠠᠮᠠᠷ ᠠᠰᠢᠭ ᠲᠤᠰᠠ | ᠠᠪᠴᠢᠷᠠᠬᠤ ᠪᠣᠶ︖ | ︽ᠨᠠᠷᠢᠨ ᠳᠠᠩᠰᠠ︾ ᠨᠡᠶᠢᠲᠡᠯᠡᠭᠳᠡᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢᠨ ᠵᠠᠭᠤᠴᠢ ᠪᠠᠶᠢᠭᠤᠯᠤᠮᠵᠢ ᠳᠤ ᠡᠷᠬᠡᠪᠰᠢ | ᠲᠥᠯᠦᠪᠦᠷᠢ ᠲᠠᠢ ᠪᠠᠷ ᠨᠠᠶᠢᠳᠠᠨ ᠥᠷᠨᠢᠭᠦᠯᠬᠦ ᠦᠶᠯᠡᠴᠢᠯᠡᠭᠡᠨ ᠤ ᠵᠦᠶᠯᠡᠰ ᠢ ᠡᠷᠬᠡᠪᠡᠰᠢ ᠢᠯᠡ ᠪᠣᠯᠭᠠᠬᠤ ᠶᠢ ᠬᠠᠤᠯᠢ ᠶᠣᠰᠣᠭᠠᠷ ᠱᠠᠭᠠᠷᠳᠠᠵᠤ᠂ ᠬᠠᠤᠯᠢ ᠴᠠᠭᠠᠵᠠ ᠬᠠᠤᠯᠢ | ᠲᠣᠭᠲᠠᠭᠠᠯ ᠵᠡᠷᠭᠡ ᠦᠨᠳᠦᠰᠦ ᠪᠠᠷᠢᠮᠲᠠ ᠶᠢ ᠲᠣᠳᠣᠷᠬᠠᠶᠢᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠭᠤᠶᠤᠴᠢᠯᠠᠭᠴᠢ ᠶᠢᠨ | ᠲᠥᠯᠦᠪᠦᠷᠢ ᠲᠠᠢ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ︵2021 ᠣᠨ︶︾ ᠳᠤ | ᠣᠷᠣᠭᠤᠯᠤᠭᠠᠳᠤᠶ ᠵᠦᠶᠯᠡᠰ ᠢ ᠪᠤᠯ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠭᠴᠢ ᠳᠤ ᠶᠠᠮᠠᠷᠪᠠ ᠬᠡᠯᠪᠡᠷᠢ ᠪᠠᠷ ᠵᠠᠭᠤᠴᠢ ᠪᠠᠶᠢᠭᠤᠯᠤᠮᠵᠢ ᠳᠤ ᠨᠠᠶᠢᠳᠠᠨ | ᠦᠶᠯᠡᠴᠢᠯᠡᠭᠡ ᠬᠢᠯᠭᠡᠬᠦ ᠪᠠᠷ ᠱᠠᠭᠠᠷᠳᠠᠵᠤ ᠪᠣᠯᠬᠤ ᠥᠬᠡᠶ ᠪᠣᠯᠭᠠᠵᠠᠢ᠃ | ︽ᠨᠠᠷᠢᠨ ᠲᠠᠩᠰᠠ︾ ᠶᠢᠨ ᠨᠡᠶᠢᠲᠡᠯᠡᠭᠳᠡᠭᠰᠡᠨ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠶᠠᠪᠤᠴᠠ ᠳᠠᠬᠢ ︽ᠮᠠᠲ᠋ᠧᠷᠢᠶᠠᠯ ᠢ | ᠭᠠᠮᠨᠠᠬᠤ︾ ᠶᠢ ᠪᠡᠶᠡᠯᠡᠭᠦᠯᠪᠡ᠃ ᠲᠣᠰ ᠤᠳᠠᠭᠠᠨ ᠤ ᠢᠯᠭᠠᠷᠠᠭᠤᠯᠤᠯᠲᠠ ᠳᠤ ᠬᠦᠴᠦᠨ ᠥᠬᠡᠶ ᠪᠣᠯᠭᠠᠭᠰᠠᠨ 9 ᠵᠦᠶᠯ ᠤᠨ ᠵᠠᠭᠤᠴᠢ ᠦᠶᠯᠡᠴᠢᠯᠡᠭᠡᠨ ᠤ ᠵᠦᠶᠯᠡᠰ ᠤᠨ | ᠳᠣᠲᠣᠷᠠᠬᠢ 8 ᠶᠢ ᠨᠢ ᠰᠢᠭᠤᠳ ᠬᠦᠴᠦᠨ ᠥᠬᠡᠶ ᠪᠣᠯᠭᠠᠵᠠᠢ᠂ ᠵᠢᠱᠢᠶᠡᠯᠡᠪᠡᠯ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ | ᠪᠤᠰᠤ ᠨᠢᠭᠡᠴᠡ᠂ ᠨᠡᠶᠢᠭᠡᠮ ᠤᠨ ᠪᠦᠯᠬᠦᠮ ᠢ ᠪᠠᠶᠢᠭᠤᠯᠬᠤ ᠦᠶᠡᠰ ᠲᠤ ᠭᠤᠶᠤᠴᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ | ᠲᠤᠰᠢᠶᠠᠬᠤ ᠴᠢᠬᠤᠯᠠᠲᠠᠶ ︽ᠪᠠᠯᠠ ᠮᠥᠩᠭᠦ ᠶᠢ ᠰᠢᠯᠭᠠᠭᠰᠠᠨ ᠮᠡᠳᠡᠭᠦᠯᠦᠯᠲᠡ︾ ᠶᠢ ᠲᠤᠰᠢᠶᠠᠬᠤ ᠱᠠᠭᠠᠷᠳᠠᠯᠭ᠎ᠠ ᠦᠭᠡᠢ ᠪᠣᠯᠭᠠᠵᠠᠢ᠃ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠤᠨ ᠭᠦᠢᠴᠡᠳᠬᠡᠬᠦ ︽ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ | ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ︾ ᠪᠦᠬᠦᠶᠢᠯᠡ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠥᠬᠡᠶ ᠪᠣᠯᠭᠠᠵᠤ᠂ ᠬᠠᠷᠠᠭᠠᠯᠵᠠᠭᠰᠠᠨ ︽ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ︾ ᠶᠢᠨ ᠵᠠᠭᠤᠴᠢ ᠦᠶᠯᠡᠴᠢᠯᠡᠭᠡ ᠶᠢ ᠴᠦ ᠬᠦᠴᠦᠨ ᠥᠬᠡᠶ ᠪᠣᠯᠭᠠᠪᠠ᠃ ᠡᠭᠦᠨ | ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ︽ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠪᠠᠶᠢᠭᠤᠯᠬᠤ | ᠪᠠᠯᠠ ᠮᠥᠩᠭᠦ ᠶᠢᠨ ᠭᠡᠷᠡᠴᠢ︾ ᠨᠢ ︽ᠭᠡᠷᠡᠴᠢᠯᠡᠬᠦ ᠵᠦᠶᠯᠡᠰ︾ ᠲᠤ ᠬᠠᠷᠢᠶᠠᠯᠠᠭᠤᠯᠵᠤ᠂ ᠵᠠᠭᠤᠴᠢ ᠦᠶᠯᠡᠴᠢᠯᠡᠭᠡᠨ ᠤ ᠨᠠᠷᠢᠨ ᠳᠠᠩᠰᠠ ᠠᠴᠠ ᠰᠢᠯᠵᠢᠭᠦᠯᠦᠨ | ᠭᠠᠷᠭᠠᠵᠠᠢ᠃ | ︽ᠨᠠᠷᠢᠨ ᠲᠠᠩᠰᠠ︾ ᠨᠡᠶᠢᠲᠡᠯᠡᠭᠳᠡᠭᠰᠡᠨ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠵᠦᠶᠯᠡᠰ ᠢ ᠭᠦᠶᠴᠡᠳᠬᠡᠬᠦ ᠶᠠᠪᠤᠴᠠ ᠳᠠᠬᠢ ︽ᠴᠠᠭ ᠢ ᠠᠷᠪᠢᠯᠠᠬᠤ︾ | ᠳᠤ ᠠᠰᠢᠭᠲᠠᠶ ᠶᠤᠮ᠃ ᠲᠣᠰ ᠤᠳᠠᠭ᠎ᠠ ᠢᠯᠭᠠᠷᠠᠭᠤᠯᠤᠯᠲᠠ ᠪᠠᠷ ᠳᠠᠮᠵᠢᠨ ︽ᠭᠤᠶᠤᠴᠢᠯᠠᠭᠴᠢ ᠵᠠᠭᠤᠴᠢ ᠪᠠᠶᠢᠭᠤᠯᠤᠮᠵᠢ ᠳᠤ ᠨᠠᠶᠢᠳᠠᠬᠤ ᠡᠰᠡᠬᠦ ᠪᠠᠨ ᠡᠵᠡᠨ ᠮᠡᠳᠡᠵᠦ | ᠰᠣᠩᠭᠤᠬᠤ︾ ᠵᠦᠶᠯᠡᠰ ᠲᠤ ᠭᠤᠶᠤᠴᠢᠯᠠᠭᠴᠢ ᠳᠤ ᠨᠠᠩ ᠣᠯᠠᠨ ᠡᠵᠡᠨ ᠮᠡᠳᠡᠵᠦ ᠰᠣᠩᠭᠤᠬᠤ ᠡᠷᠬᠡ ᠣᠯᠭᠤᠵᠤ᠂ ᠬᠠᠮᠢᠶ᠎ᠠ ᠪᠥᠬᠦᠶ ᠮᠠᠲ᠋ᠧᠷᠢᠶᠠᠯ ᠢ ᠡᠷᠬᠡᠪᠰᠢ ᠵᠠᠭᠤᠴᠢ | ᠦᠶᠯᠡᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠥᠭᠬᠦ ᠭᠡᠷᠡᠭᠲᠡᠢ ᠭᠡᠵᠦ ᠵᠠᠰᠠᠭ ᠵᠠᠬᠢᠷᠭᠠᠨ ᠤ ᠪᠠᠶᠢᠭᠤᠯᠭ᠎ᠠ ᠲᠠᠬᠢᠵᠤ ᠱᠠᠭᠠᠷᠳᠠᠬᠤ ᠪᠣᠯᠬᠤ ᠦᠭᠡᠢ ᠪᠣᠯᠭᠠᠪᠠ᠃ | ᠬᠠᠮᠢᠶ᠎ᠠ ᠪᠥᠬᠦᠶ ᠴᠢᠳᠠᠪᠤᠷᠢ᠂ ᠨᠥᠬᠦᠴᠡᠯ ᠢ ᠪᠦᠷᠢᠯᠳᠦᠭᠦᠯᠦᠭᠰᠡᠨ ᠭᠤᠶᠤᠴᠢᠯᠠᠭᠴᠢ ᠬᠠᠮᠢᠶ᠎ᠠ ᠪᠥᠬᠦᠶ ᠮᠠᠲ᠋ᠧᠷᠢᠶᠠᠯ ᠢ ᠥᠪᠡᠰᠦᠪᠡᠨ ᠪᠡᠯᠡᠳᠬᠡᠬᠦ ᠨᠢ ᠭᠦᠶᠴᠡᠳᠬᠡᠬᠦ ᠴᠠᠭ ᠢ | ᠠᠷᠪᠢᠯᠠᠬᠤ ᠮᠥᠷᠲᠡᠭᠡᠨ ᠪᠠᠰᠠ ᠭᠤᠶᠤᠴᠢᠯᠠᠭᠴᠢ ᠶᠢᠨ ᠠᠵᠢᠯ ᠬᠡᠷᠡᠭ ᠭᠦᠶᠴᠡᠳᠬᠡᠬᠦ ᠶᠠᠪᠤᠴᠠ ᠳᠠᠬᠢ ᠪᠠᠯᠠ ᠮᠥᠩᠭᠦ ᠶᠢᠨ ᠥᠪᠡᠷ ᠤᠨ ᠥᠷᠲᠡᠭ ᠢ ᠠᠷᠪᠢᠯᠠᠬᠤ ᠪᠣᠯᠤᠨ᠎ᠠ᠃ | ᠲᠤᠬᠠᠶᠢᠯᠠᠪᠠᠯ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠤᠪᠢᠶᠠᠷᠢ ᠭᠠᠵᠠᠷ ᠪᠠᠶᠢᠭᠤᠯᠬᠤ | ᠶᠢ ᠬᠢᠨᠠᠨ ᠵᠥᠪᠰᠢᠶᠡᠷᠡᠬᠦ ᠳᠤ ᠪᠠᠨ ᠬᠠᠩᠭᠠᠬᠤ ᠶᠢ ᠱᠠᠭᠠᠷᠳᠠᠵᠤ ᠪᠠᠶᠢᠭᠰᠠᠨ ︽ᠡᠳ᠋ ᠬᠥᠷᠥᠩᠭᠡ ᠶᠢᠨ ᠭᠡᠷᠡᠴᠢ︾ ᠶᠢᠨ ᠮᠠᠲ᠋ᠧᠷᠢᠶᠠᠯ ᠢ ᠲᠣᠰ ᠤᠳᠠᠭ᠎ᠠ ᠢᠯᠭᠠᠷᠠᠭᠤᠯᠤᠨ | ᠲᠢᠭᠯᠡᠭᠰᠡᠨ ᠤ ᠳᠠᠷᠠᠭ᠎ᠠ ᠭᠤᠶᠤᠴᠢᠯᠠᠭᠴᠢ ᠳᠤ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠪᠠᠯᠠ ᠰᠢᠯᠭᠠᠭᠰᠠᠨ ᠮᠡᠳᠡᠭᠦᠯᠦᠯᠲᠡ ᠶᠢ ᠲᠤᠰᠢᠶᠠᠵᠤ ᠪᠣᠯᠬᠤ | ᠪᠥᠭᠡᠳ ᠪᠠᠩᠬᠢ ᠶᠢᠨ ᠬᠢᠵᠦ ᠥᠭᠭᠦᠭᠰᠡᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠴᠤ ᠲᠤᠰᠢᠶᠠᠵᠤ ᠪᠣᠯᠬᠤ ᠪᠣᠯᠭᠠᠨ ᠴᠢᠯᠦᠭᠡᠲᠡᠢ ᠪᠣᠯᠭᠠᠵᠠᠢ᠃ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ | ᠤᠨ ᠲᠤᠬᠠᠶ ᠮᠡᠳᠡᠭᠦᠯᠦᠯᠲᠡ ᠶᠢᠨ ᠪᠢᠴᠢᠭ ︵ᠬᠦᠰᠦᠨᠦᠭᠲᠦ︶ ᠢ ᠬᠢᠨᠠᠨ ᠵᠥᠪᠰᠢᠶᠡᠷᠡᠬᠦ ᠳᠤ ᠪᠠᠨ ︽ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ | ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠲᠤᠬᠠᠶ ᠦᠨᠡᠯᠡᠯᠲᠡ︾ ᠬᠠᠩᠭᠠᠬᠤ ᠶᠢ ᠱᠠᠭᠠᠷᠳᠠᠵᠤ ᠪᠠᠶᠢᠭᠰᠠᠨ ᠠᠴᠠ ᠪᠠᠨ᠂ ᠪᠥᠲᠥᠭᠡᠨ ᠪᠠᠶᠢᠭᠤᠯᠬᠤ ᠨᠢᠭᠡᠴᠢ ᠣᠷᠴᠢᠨ | ᠲᠣᠭᠤᠷᠢᠨ ᠳᠤ ᠦᠵᠡᠭᠦᠯᠬᠦ ᠨᠥᠯᠥᠭᠡᠯᠡᠯ ᠢ ᠦᠨᠡᠯᠡᠬᠦ ᠮᠡᠷᠭᠡᠵᠢᠯ ᠤᠨ ᠴᠢᠳᠠᠪᠤᠷᠢ ᠲᠠᠢ ᠪᠣᠯ᠂ ᠥᠪᠡᠰᠦᠪᠡᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠪᠠᠨ | ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠲᠤᠬᠠᠶ ᠦᠨᠡᠯᠡᠯᠲᠡ ᠬᠢᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠳᠤ | ᠦᠵᠡᠭᠦᠯᠬᠦ ᠨᠥᠯᠥᠭᠡᠯᠡᠯ ᠤᠨ ᠲᠤᠬᠠᠶ ᠮᠡᠳᠡᠭᠦᠯᠦᠯᠲᠡ ᠶᠢᠨ ᠪᠢᠴᠢᠭ ︵ᠬᠦᠰᠦᠨᠦᠭᠲᠦ︶ ᠨᠠᠶᠢᠷᠠᠭᠤᠯᠤᠨ ᠲᠣᠭᠤᠷᠪᠢᠵᠤ ᠪᠣᠯᠬᠤ ᠪᠣᠯᠭᠠᠪᠠ᠃ | ᠲᠠᠪᠤ᠂ ᠲᠣᠰ ᠤᠳᠠᠭ᠎ᠠ ᠨᠡᠶᠢᠲᠡᠯᠡᠭᠳᠡᠭᠰᠡᠨ ︽ᠨᠠᠷᠢᠨ ᠲᠠᠩᠰᠠ︾ ᠳᠤ ᠶᠠᠮᠠᠷ ᠶᠠᠮᠠᠷ ᠥᠪᠡᠷᠮᠢᠴᠡ ᠣᠨᠴᠠᠯᠢᠭ ᠲᠠᠢ ᠬᠢᠯᠠᠰ ᠴᠡᠭ ᠪᠠᠶᠢᠬᠤ ᠪᠣᠶ︖ | ᠬᠢᠯᠠᠰ ᠴᠡᠭ 1᠄ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠰᠢᠨ᠎ᠡ ᠶᠢ ᠡᠭᠦᠳᠴᠡᠢ᠃ | ᠠᠩᠬ᠎ᠠ ᠤᠳᠠᠭ᠎ᠠ ᠰᠢᠷᠢᠰ ᠨᠠᠷᠢᠨ ᠳᠠᠩᠰᠠ ᠶᠢᠨ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠳᠤ ᠬᠤᠯᠪᠣᠭᠳᠠᠭᠰᠠᠨ ᠵᠠᠭᠤᠴᠢ ᠦᠶᠯᠡᠴᠢᠯᠡᠭᠡᠨ ᠤ ᠦᠶᠯᠡ ᠠᠵᠢᠯᠯᠠᠭ᠎ᠠ ᠶᠢ ᠡᠮᠬᠢᠯᠡᠨ ᠵᠢᠷᠤᠮᠵᠢᠭᠤᠯᠪᠠ᠃ | ᠨᠢᠭᠡ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠯᠡᠳᠡᠭᠡᠯᠲᠡ ᠳᠤ ᠭᠤᠶᠤᠴᠢᠯᠠᠭᠴᠢ ᠶᠢᠨ ᠲᠥᠯᠦᠪᠦᠷᠢ ᠲᠠᠢ ᠪᠠᠷ | ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ︾ ᠨᠡᠶᠢᠲᠡ 37 ᠵᠦᠶᠯ ᠪᠠᠶᠢᠵᠤ᠂ ᠬᠠᠤᠯᠢ ᠪᠠᠷ | ᠲᠣᠭᠲᠠᠭᠠᠭᠰᠠᠨ ᠡᠷᠬᠡᠪᠰᠢ ᠭᠤᠶᠤᠴᠢᠯᠠᠭᠴᠢ ᠶᠢᠨ ᠲᠥᠯᠦᠪᠦᠷᠢ ᠲᠠᠢ ᠪᠠᠷ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠪᠣᠯᠤᠨ᠎ᠠ᠃ | ᠬᠤᠶᠠᠷ ᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ | ᠵᠦᠶᠯᠡᠰ ᠤᠨ ᠪᠤᠰᠤᠳ ᠨᠠᠷᠢᠨ ᠳᠠᠩᠰᠠ︾ ᠶᠢᠨ ᠨᠢᠭᠡᠳᠦᠭᠡᠷ ᠬᠡᠰᠡᠭ᠄ ᠭᠤᠶᠤᠴᠢᠯᠠᠭᠴᠢ ᠥᠪᠡᠷᠲᠡᠭᠡᠨ ᠡᠵᠡᠨ ᠮᠡᠳᠡᠨ ᠵᠠᠭᠤᠴᠢ ᠪᠠᠶᠢᠭᠤᠯᠤᠮᠵᠢ ᠳᠤ ᠨᠠᠶᠢᠳᠠᠵᠤ | ᠦᠢᠯᠡᠴᠢᠯᠡᠭᠦᠯᠬᠦ ᠵᠦᠶᠯᠡᠰ ᠤᠨ ᠨᠠᠷᠢᠨ ᠳᠠᠩᠰᠠ᠂ ᠨᠡᠶᠢᠲᠡ 35 ᠵᠦᠶᠯ ᠪᠠᠶᠢᠵᠤ᠂ ᠲᠡᠳᠡᠭᠡᠷ ᠨᠢ ᠤᠤᠯ ᠤᠨ ᠦᠯᠡᠳᠡᠭᠡᠭᠰᠡᠨ ᠨᠠᠷᠢᠨ ᠳᠠᠩᠰᠠ ᠶᠢᠨ ᠳᠣᠲᠤᠷᠠᠬᠢ | ᠭᠤᠶᠤᠴᠢᠯᠠᠭᠴᠢ ᠶᠢᠨ ᠲᠥᠯᠦᠪᠦᠷᠢ ᠲᠠᠢ ᠪᠠᠷ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠢ ᠠᠯᠪᠠᠳᠠᠯᠭ᠎ᠠ ᠶᠢᠨ ᠪᠤᠰᠤ ᠪᠣᠯᠭᠠᠪᠠ᠃ | ᠬᠤᠶᠠᠳᠤᠭᠠᠷ ᠬᠡᠰᠡᠭ᠄ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠵᠠᠭᠤᠴᠢ ᠪᠠᠶᠢᠭᠤᠯᠤᠮᠵᠢ ᠳᠤ ᠲᠥᠯᠦᠪᠦᠷᠢ ᠲᠠᠢ ᠪᠠᠷ ᠨᠠᠶᠢᠳᠠᠵᠤ ᠥᠷᠨᠢᠭᠦᠯᠬᠦ ᠦᠢᠯᠡᠴᠢᠯᠡᠭᠡᠨ ᠤ | ᠵᠦᠢᠯᠡᠰ ᠤᠨ ᠨᠠᠷᠢᠨ ᠳᠠᠩᠰᠠ ᠨᠡᠶᠢᠲᠡ 9 ᠵᠦᠢᠯ ᠪᠠᠶᠢᠵᠤ᠂ ᠲᠡᠳᠡᠭᠡᠷ ᠨᠢ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠴᠠ ᠳᠤ | ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠥᠷᠨᠢᠭᠦᠯᠬᠦ ᠮᠡᠷᠭᠡᠵᠢᠯ ᠤᠨ ᠴᠢᠨᠠᠷᠲᠠᠶ ᠦᠢᠯᠡᠴᠢᠯᠡᠭᠡ ᠪᠣᠯᠤᠨ᠎ᠠ᠃ ᠳᠡᠭᠡᠷᠡᠬᠢ ᠬᠤᠶᠠᠷ ᠬᠡᠰᠡᠭ ᠠᠭᠤᠯᠭ᠎ᠠ ᠶᠢ | ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢᠨ ᠳᠣᠭᠲᠠᠯᠴᠠᠭ᠎ᠠ ᠳᠤ ᠵᠡᠷᠭᠡᠪᠡᠷ ᠣᠷᠣᠭᠤᠯᠤᠨ ᠵᠢᠷᠤᠮᠵᠢᠭᠤᠯᠤᠨ ᠬᠠᠮᠢᠶᠠᠷᠴᠤ᠂ ᠬᠡᠷᠡᠭᠯᠡᠬᠦ ᠳᠤ ᠲᠥᠬᠦᠮ | ᠪᠣᠯᠭᠠᠵᠠᠢ᠃ | ᠭᠤᠷᠪᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠢᠯᠭᠠᠷᠠᠭᠤᠯᠤᠨ ᠵᠢᠷᠤᠮᠵᠢᠭᠤᠯᠬᠤ ᠪᠠᠷ ᠲᠣᠭᠲᠠᠭᠠᠭᠰᠠᠨ ᠵᠠᠰᠠᠭ | ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ︾ ᠨᠡᠶᠢᠲᠡ 9 ᠵᠦᠢᠯ ᠪᠠᠶᠢᠵᠤ᠂ ᠤᠤᠯ ᠤᠨ ᠵᠠᠭᠤᠴᠢ ᠦᠢᠯᠡᠴᠢᠯᠡᠭᠡᠨ ᠤ | ᠵᠦᠢᠯᠡᠰ ᠤᠨ ᠨᠠᠷᠢᠨ ᠳᠠᠩᠰᠠ ᠳᠠᠬᠢ ᠵᠦᠢᠯᠡᠰ ᠢ ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠭᠰᠠᠨ ᠪᠤᠶᠤ ᠬᠠᠰᠤᠪᠠ᠃ | ᠡᠭᠦᠨ ᠠᠴᠠ ᠭᠠᠳᠠᠨ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠤᠨ ᠵᠦᠢᠯᠡᠰ ᠢ ᠭᠦᠢᠴᠡᠳ ᠡᠮᠬᠢᠯᠡᠨ ᠳᠢᠭᠯᠡᠭᠰᠡᠨ ᠰᠠᠭᠤᠷᠢᠨ ᠳᠡᠭᠡᠷ᠎ᠡ᠂ ᠵᠠᠰᠠᠭ | ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠳᠡᠩᠰᠡᠯᠡᠯᠲᠡ ᠶᠢᠨ ᠲᠥᠷᠥᠯ ᠤᠨ ᠵᠦᠢᠯᠡᠰ ᠢ ᠭᠦᠢᠴᠡᠳᠬᠡᠬᠦ ᠶᠠᠪᠤᠴᠠ ᠳᠤ ᠬᠤᠯᠪᠤᠭᠳᠠᠬᠤ ᠵᠠᠭᠤᠴᠢ ᠦᠢᠯᠡᠴᠢᠯᠡᠭᠡᠨ ᠤ | ᠵᠦᠢᠯᠡᠰ ᠢ ᠨᠠᠷᠢᠨ ᠳᠠᠩᠰᠠ ᠶᠢᠨ ᠳᠣᠭᠲᠠᠯᠴᠠᠭ᠎ᠠ ᠶᠢᠨ ᠬᠠᠮᠢᠶᠠᠷᠤᠯᠲᠠ ᠳᠤ ᠣᠷᠤᠭᠤᠯᠪᠠ᠃ | ᠭᠢᠯᠠᠰ ᠴᠡᠭ 2᠄ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠲᠠᠢ ᠨᠢᠭᠲᠠ ᠤᠶᠠᠯᠳᠤᠭᠤᠯᠪᠠ᠃365赢多少钱会被限额_国内有真正的365平台吗_365bet博彩官网 | ᠲᠣᠰ ᠤᠳᠠᠭ᠎ᠠ ᠶᠢᠨ ᠢᠯᠭᠠᠷᠠᠭᠤᠯᠤᠭᠰᠠᠨ ︽ᠨᠠᠷᠢᠨ ᠲᠠᠩᠰᠠ︾ ᠳᠤ᠂ ᠵᠠᠭᠤᠴᠢ ᠦᠢᠯᠡᠴᠢᠯᠡᠭᠡ ᠳᠤ ᠬᠤᠯᠪᠤᠭᠳᠠᠬᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ | ᠨᠢᠭᠡ ᠨᠢᠭᠡ ᠪᠠᠷ ᠵᠣᠬᠢᠴᠠᠭᠤᠯᠤᠨ ᠵᠣᠬᠢᠴᠠᠭᠤᠯᠵᠤ᠂ ᠡᠷᠬᠡ ᠶᠢᠨ ᠢᠷᠡᠯᠲᠡ ᠶᠢ ᠴᠥᠮ ᠲᠣᠳᠣᠷᠬᠠᠶ ᠦᠨᠳᠦᠰᠦᠯᠡᠯ ᠲᠠᠢ ᠪᠠᠶᠢᠯᠭᠠᠬᠤ ᠶᠢ ᠦᠨᠡᠨ ᠬᠦ ᠪᠠᠲᠤᠯᠠᠪᠠ᠃ | ᠭᠢᠯᠠᠰ ᠴᠡᠭ 3᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠠᠢ ᠨᠢᠭᠲᠠ ᠤᠶᠠᠯᠳᠤᠭᠤᠯᠵᠠᠢ᠃ | ︽ᠨᠠᠷᠢᠨ ᠳᠠᠩᠰᠠ︾ ᠶᠢᠨ ᠳᠣᠲᠣᠷᠠᠬᠢ ᠵᠠᠭᠤᠴᠢ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭ ᠭᠦᠢᠴᠡᠳᠬᠡᠬᠦ ᠵᠦᠭᠯᠡᠭᠦᠷ ᠯᠦᠭᠡ ᠠᠭᠤᠰᠤᠯᠴᠠᠭᠤᠯᠤᠨ᠂ ᠠᠵᠤ | ᠠᠬᠤᠶᠢᠯᠠᠯ ᠪᠠ ᠠᠷᠠᠳ ᠣᠯᠠᠨ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ — ᠥᠪᠥᠷ ᠮᠣᠩᠭᠤᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠪᠠᠷ ᠳᠠᠮᠵᠢᠨ᠂ ᠵᠣᠬᠢᠬᠤ | ᠵᠠᠭᠤᠴᠢ ᠦᠢᠯᠡᠴᠢᠯᠡᠭᠡᠨ ᠤ ᠵᠦᠢᠯᠡᠰ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠣᠯᠵᠤ ᠬᠠᠷᠠᠬᠤ ᠪᠣᠯᠵᠤ᠂ ︽ᠨᠠᠷᠢᠨ ᠲᠠᠩᠰᠠ︾ ᠶᠢ ᠨᠠᠩ ᠠᠮᠢᠳᠤᠯᠢᠭ ᠪᠣᠯᠭᠠᠵᠤ᠂ | ᠪᠣᠳᠠᠲᠠᠶ ᠠᠵᠢᠯ ᠶᠠᠪᠤᠳᠠᠯ ᠭᠦᠢᠴᠡᠳᠬᠡᠬᠦ ᠲᠠᠢ ᠤᠶᠠᠯᠳᠤᠭᠤᠯᠤᠨ᠂ ᠦᠨᠡᠨ ᠬᠦ ᠬᠡᠷᠡᠭᠯᠡᠵᠦ ᠴᠢᠳᠠᠬᠤ ᠪᠣᠯᠭᠠᠭᠰᠠᠨ ᠪᠠᠶᠢᠨ᠎ᠠ᠃ | ᠭᠢᠯᠠᠰ ᠴᠡᠭ 4᠄ ᠲᠣᠰ ᠱᠠᠲᠤᠨ ᠤ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠤᠨ ᠬᠡᠷᠡᠭᠯᠡᠯᠲᠡ ᠳᠤ ᠰᠠᠭᠤᠷᠢ ᠲᠠᠯᠪᠢᠵᠤ ᠥᠭᠪᠡ᠃ | ︽ᠨᠠᠷᠢᠨ ᠲᠠᠩᠰᠠ︾ ᠨᠡᠶᠢᠲᠡᠯᠡᠭᠳᠡᠭᠰᠡᠨ ᠤ ᠳᠠᠷᠠᠭ᠎ᠠ᠂ ︽ᠨᠠᠷᠢᠨ ᠲᠠᠩᠰᠠ︾ ᠳᠤ ᠵᠢᠭᠰᠠᠭᠠᠭᠳᠠᠭᠰᠠᠨ ᠵᠠᠭᠤᠴᠢ ᠦᠢᠯᠡᠴᠢᠯᠡᠭᠡᠨ ᠤ ᠵᠦᠢᠯᠡᠰ ᠢᠶᠠᠷ ᠰᠠᠭᠤᠷᠢ | ᠪᠣᠯᠭᠠᠵᠤ᠂ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ ᠡᠬᠢᠯᠡᠨ ᠬᠡᠷᠡᠭᠯᠡᠨ᠎ᠡ᠃ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠬᠤᠳᠠᠯᠳᠤᠭ᠎ᠠ | ᠡᠵᠡᠩᠨᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠠᠷᠠᠳ ᠣᠯᠠᠨ᠂ ᠵᠠᠭᠤᠴᠢ ᠦᠢᠯᠡᠴᠢᠯᠡᠭᠡᠨ ᠤ | ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ ᠬᠡᠷᠡᠭᠯᠡᠬᠦ ᠶᠢ ᠠᠯᠬᠤᠮ ᠠᠯᠬᠤᠮ ᠢᠶᠠᠷ ᠠᠬᠢᠭᠤᠯᠵᠤ᠂ ᠬᠡᠲᠦ ᠳᠡᠯᠭᠡᠭᠦᠷ ᠢᠶᠠᠷ ᠳᠠᠮᠵᠢᠭᠤᠯᠤᠨ ᠵᠠᠭᠤᠴᠢ | ᠦᠢᠯᠡᠴᠢᠯᠡᠭᠡᠨ ᠢ ᠰᠣᠩᠭᠤᠨ ᠠᠪᠴᠤ᠂ ᠵᠠᠭᠤᠴᠢ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠪᠣᠯᠤᠨ᠎ᠠ᠃ |