| ᠣᠶᠢᠷ᠎ᠠ ᠳᠤ᠂ ᠠᠯᠠᠱᠠ ᠠᠶᠢᠮᠠᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠳᠣᠲᠣᠭᠠᠳᠤ ᠶᠢ | ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠳ ᠲᠠᠢ ᠬᠠᠮᠲᠤᠷᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ | ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠴᠤᠭᠯᠠᠬᠤ ᠪᠡᠯᠡᠳᠬᠡᠯ ᠠᠵᠢᠯ ᠤᠨ ᠲᠤᠰᠬᠠᠶ | ᠰᠢᠮᠳᠠᠭᠤᠯᠤᠨ ᠪᠠᠶᠢᠴᠠᠭᠠᠯᠲᠠ ᠬᠢᠵᠡᠢ᠃ | ᠡᠯ᠎ᠡ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︽ᠠᠯᠠᠱᠠ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠠᠵᠢᠯ ᠢ ᠦᠨᠡᠯᠡᠨ ᠵᠢᠱᠢᠬᠦ ᠭᠦᠢᠴᠡᠳᠬᠡᠯ ᠲᠤᠭ᠎ᠠ︾ ᠶᠣᠰᠣᠭᠠᠷ᠂ ᠲᠤᠬᠠᠶ ᠶᠢᠨ ᠭᠠᠵᠠᠷ ᠲᠤ ᠨᠢ ᠪᠠᠶᠢᠴᠠᠭᠠᠨ | ᠦᠵᠡᠬᠦ᠂ ᠮᠠᠲ᠋ᠧᠷᠢᠶᠠᠯ ᠢ ᠰᠢᠯᠭᠠᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠨᠢ ᠣᠶᠢᠯᠠᠭᠠᠯᠴᠠᠬᠤ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ︵ᠬᠡᠤᠬᠡᠳ ᠤᠨ | ᠴᠡᠴᠡᠷᠯᠢᠭ︶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠴᠤᠭᠯᠠᠬᠤ ᠪᠡᠯᠡᠳᠬᠡᠯ ᠠᠵᠢᠯ ᠢ ᠰᠤᠷᠭᠠᠭᠤᠯᠢ ᠳᠠᠷᠠᠭᠠᠯᠠᠨ ᠲᠥᠷᠥᠯ ᠳᠠᠷᠠᠭᠠᠯᠠᠨ | ᠲᠤᠰᠬᠠᠶᠢᠯᠠᠨ ᠬᠢᠨᠠᠨ ᠵᠢᠯᠣᠭᠤᠳᠴᠤ ᠪᠠᠶᠢᠴᠠᠭᠠᠪᠠ᠃ ᠡᠭᠦᠨ ᠳᠤ᠂ ᠨᠢᠭᠡᠳᠦᠭᠡᠷ ᠲᠤ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠪᠠ ᠠᠵᠢᠯ ᠤᠨ ᠲᠣᠭᠲᠠᠴᠠ ᠶᠢᠨ | ᠪᠠᠶᠢᠭᠤᠯᠤᠯᠲᠠ ᠵᠢᠴᠢ ᠠᠵᠢᠯ ᠥᠷᠨᠢᠭᠦᠯᠦᠭᠰᠡᠨ ᠪᠠᠶᠢᠳᠠᠯ︔ ᠬᠤᠶᠠᠳᠤᠭᠠᠷ ᠲᠤ ᠰᠤᠷᠭᠠᠭᠤᠯᠢ ᠴᠤᠭᠯᠠᠬᠤ ᠠᠵᠢᠯ᠂ ᠰᠡᠷᠭᠡᠶᠢᠯᠡᠨ ᠡᠵᠡᠮᠳᠡᠬᠦ ᠠᠵᠢᠯ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠵᠡᠷᠭᠡ ᠲᠥᠰᠦᠯ ᠪᠠ ᠪᠡᠯᠡᠳᠬᠡᠯ ᠲᠥᠰᠦᠯ ᠢ ᠲᠣᠭᠲᠠᠭᠠᠭᠰᠠᠨ ᠪᠠᠶᠢᠳᠠᠯ︔ 365赢多少钱会被限额_国内有真正的365平台吗_365bet博彩官网 | ᠭᠤᠷᠪᠠᠳᠤᠭᠠᠷ ᠲᠤ ᠡᠷᠡᠭᠦᠯ ᠮᠡᠨᠳᠦ ᠶᠢᠨ ᠬᠠᠮᠢᠶᠠᠷᠤᠯᠲᠠ᠂ ᠡᠷᠡᠭᠦᠯ ᠮᠡᠨᠳᠦ ᠶᠢᠨ ᠬᠥᠮᠦᠵᠢᠯ᠂ ᠪᠠᠺᠲ᠋ᠧᠷᠢ ᠶᠢ ᠠᠷᠢᠭᠤᠳᠬᠠᠨ ᠪᠠᠺᠲ᠋ᠧᠷᠢ ᠶᠢ ᠤᠰᠠᠳᠬᠠᠬᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠴᠠᠭᠠᠯᠲᠠ ᠵᠡᠷᠭᠡ ᠲᠦᠷᠢᠮ ᠲᠣᠭᠲᠠᠭᠠᠭᠰᠠᠨ ᠪᠠᠶᠢᠳᠠᠯ︔ ᠳᠥᠷᠪᠡᠳᠦᠭᠡᠷ ᠲᠤ ᠭᠤᠤᠯᠳᠠᠯᠭ᠎ᠠ ᠲᠠᠢ ᠠᠵᠢᠯᠲᠠᠳ ᠤᠨ | ᠪᠣᠯᠪᠠᠰᠤᠷᠠᠯ᠂ ᠪᠠᠭᠰᠢ ᠰᠤᠷᠤᠭᠴᠢᠳ ᠤᠨ ᠤᠬᠠᠭᠤᠯᠭ᠎ᠠ ᠬᠥᠮᠦᠵᠢᠯ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠶᠢ ᠥᠷᠨᠢᠭᠦᠯᠦᠭᠰᠡᠨ ᠪᠠᠶᠢᠳᠠᠯ︔ | ᠲᠠᠪᠤᠳᠤᠭᠠᠷ ᠲᠤ ᠪᠠᠭᠰᠢ ᠨᠠᠷ ᠰᠤᠷᠤᠭᠴᠢᠳ ᠠᠵᠢᠯᠲᠠᠳ ᠤᠨ ᠡᠷᠡᠭᠦᠯ ᠮᠡᠨᠳᠦ ᠶᠢᠨ ᠪᠠᠶᠢᠳᠠᠯ᠂ ᠭᠤᠤᠯᠳᠠᠯᠭ᠎ᠠ ᠲᠠᠢ ᠬᠥᠮᠦᠰ ᠵᠡᠷᠭᠡ ᠶᠢ ᠨᠠᠷᠢᠯᠢᠭ ᠪᠠᠶᠢᠴᠠᠭᠠᠭᠰᠠᠨ | ᠪᠠᠶᠢᠳᠠᠯ︔ ᠵᠢᠷᠭᠤᠳᠤᠭᠠᠷ ᠲᠤ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ᠂ ᠲᠤᠰᠠᠭᠠᠷᠯᠠᠬᠤ ᠣᠷᠣᠨ ᠵᠠᠶ ᠶᠢᠨ ᠪᠠᠶᠢᠷᠢᠯᠠᠭᠤᠯᠤᠯᠲᠠ ᠶᠢᠨ | ᠪᠠᠶᠢᠳᠠᠯ︔ ᠳᠣᠯᠤᠳᠤᠭᠠᠷ ᠲᠤ᠂ ᠰᠤᠷᠭᠠᠭᠤᠯᠢ ᠶᠢᠨ ᠬᠦᠷᠢᠶ᠎ᠡ᠂ ᠬᠤᠭᠤᠯᠠᠨ ᠬᠡᠷ᠂ ᠪᠠᠶᠢᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ︔ ᠨᠠᠢᠮᠠᠳᠤᠭᠠᠷ ᠲᠤ | ᠵᠢᠭᠠᠨ ᠰᠤᠷᠭᠠᠯᠲᠠ ᠶᠢᠨ ᠪᠡᠯᠡᠳᠬᠡᠯ ᠠᠵᠢᠯ ᠤᠨ ᠪᠠᠶᠢᠳᠠᠯ ᠵᠡᠷᠭᠡ ᠶᠢ ᠪᠠᠶᠢᠴᠠᠭᠠᠨ ︽ᠨᠠᠢᠮᠠ ᠶᠢ ᠪᠠᠶᠢᠴᠠᠭᠠᠬᠤ︾ ᠶᠢ ᠦᠨᠡᠨ ᠬᠦ ᠪᠡᠶᠡᠯᠡᠭᠦᠯᠵᠦ᠂ ᠵᠢᠷᠤᠮᠯᠠᠬᠤ ᠳᠦᠷᠢᠮ | ᠲᠠᠢ ᠪᠥᠭᠡᠳ ᠨᠢᠮᠪᠠᠢ ᠠᠵᠢᠯᠯᠠᠵᠤ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠭᠡᠳ ᠰᠤᠷᠭᠠᠭᠤᠯᠢ ᠴᠤᠭᠯᠠᠬᠤ ᠪᠠ ᠬᠢᠵᠢᠭ ᠢ ᠰᠡᠷᠭᠡᠶᠢᠯᠡᠬᠦ ᠶᠢ ᠬᠢᠨᠠᠨ ᠪᠠᠶᠢᠴᠠᠭᠠᠬᠤ | ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃ | ᠰᠢᠮᠳᠠᠭᠤᠯᠤᠨ ᠪᠠᠶᠢᠴᠠᠭᠠᠬᠤ ᠠᠵᠢᠯᠲᠠᠳ ᠰᠢᠮᠳᠠᠭᠤᠯᠤᠨ ᠪᠠᠶᠢᠴᠠᠭᠠᠬᠤ ᠠᠭᠤᠯᠭ᠎ᠠ ᠪᠠ ᠭᠦᠢᠴᠡᠳᠬᠡᠬᠦ ᠲᠤᠭ᠎ᠠ ᠶᠣᠰᠣᠭᠠᠷ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠰᠤᠷᠭᠠᠭᠤᠯᠢ ᠳᠠᠷᠠᠭᠠᠯᠠᠨ ᠲᠥᠷᠦᠯ ᠳᠠᠷᠠᠭᠠᠯᠠᠨ ᠨᠠᠶᠢᠳᠠᠪᠤᠷᠢᠵᠢᠭᠤᠯᠵᠤ᠂ ᠢᠯᠡᠷᠡᠭᠦᠯᠦᠭᠰᠡᠨ ᠠᠰᠠᠭᠤᠳᠠᠯ ᠤᠳ ᠲᠤ ᠴᠢᠭᠯᠡᠭᠦᠯᠦᠨ ᠴᠡᠭᠴᠡᠯᠡᠨ | ᠰᠠᠶᠢᠵᠢᠷᠠᠭᠤᠯᠬᠤ ᠰᠠᠨᠠᠭᠤᠯᠭ᠎ᠠ ᠶᠢ ᠲᠤᠬᠠᠶ ᠶᠢᠨ ᠲᠠᠯᠠᠪᠤᠷ ᠲᠤ ᠨᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠰᠤᠷᠭᠠᠭᠤᠯᠢ | ᠴᠤᠭᠯᠠᠬᠤ ᠠᠴᠠ ᠡᠮᠦᠨ᠎ᠡ ᠬᠤᠶᠢᠨᠠᠬᠢ ᠬᠢᠵᠢᠭ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ᠃ | ᠳᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ | ᠨᠢᠭᠡ ᠵᠦᠢᠯ ᠤᠨ ᠤᠯᠤᠰ ᠲᠥᠷᠥ ᠶᠢᠨ ᠴᠢᠬᠤᠯᠠ ᠡᠭᠦᠷᠭᠡ ᠪᠣᠯᠭᠠᠨ ᠪᠣᠳᠠᠲᠠᠶ ᠳᠤ ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ ᠶᠢ ᠬᠢᠨᠠᠨ | ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ︽ᠰᠡᠷᠭᠡᠶᠢᠯᠡᠬᠦ︾ ᠦᠵᠡᠯ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠰᠡᠷᠭᠡᠶᠢᠯᠡᠬᠦ︾ | ᠠᠷᠭ᠎ᠠ ᠬᠡᠮᠵᠢᠶ᠎ᠡ ᠶᠢ ᠴᠢᠩᠳᠠᠯᠠᠵᠤ᠂ ︽ᠰᠡᠷᠭᠡᠶᠢᠯᠡᠬᠦ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠡᠮ ᠰᠣᠭᠤᠭ ᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ᠂ | ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠢ ᠳᠠᠷᠤᠶᠢᠬᠠᠨ ᠨᠥᠬᠦᠪᠥᠷᠢᠯᠡᠵᠦ᠂ ᠠᠵᠢᠯ ᠤᠨ ᠠᠯᠳᠠᠭ᠎ᠠ ᠭᠠᠷᠭᠠᠬᠤ ᠶᠢ ᠬᠤᠷᠢᠭᠯᠠᠨ᠂ ᠡᠯ᠎ᠡ ᠵᠦᠢᠯ ᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃ | |