内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ
        ᠨᠡᠶᠢᠲᠡᠯᠡᠭᠰᠡᠨ ᠴᠠᠭ᠄
        2022/4/2
        ᠰᠤᠷᠪᠤᠯᠵᠢᠯᠠᠭᠰᠠᠨ ᠴᠠᠭ᠄      2022-02-15ᠰᠤᠷᠪᠤᠯᠵᠢᠯᠠᠭ᠎ᠠ ᠶᠢᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ᠯᠢᠶᠠᠩ ᠢᠦᠢ ᠳ᠋ᠢᠩ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠠᠰᠤᠭ  ᠯᠢ ᠵᠢᠶᠠᠨ ᠵᠢᠶᠦ᠋ᠨᠠᠭᠤᠯᠭ᠎ᠠ ᠶᠢᠨ ᠲᠣᠪᠴᠢ᠄      ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠣᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠠᠮᠵᠢᠯᠲᠠ ᠪᠠᠨ ᠳ᠋ᠦᠩᠨᠡᠬᠦ᠂ ᠬᠠᠷᠠᠯᠲᠠ ᠪᠠᠨ ᠲᠣᠭᠲᠠᠭᠠᠬᠤ᠂ ᠠᠵᠢᠯ ᠢᠶᠠᠨ ᠪᠠᠶᠢᠷᠢᠯᠠᠭᠤᠯᠬᠤ ᠳᠤ ᠪᠠᠨ ᠴᠥᠮ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ᠠᠵᠢᠯᠯᠠᠭᠠᠨ ᠤ ᠬᠥᠲᠥᠯᠪᠦᠷᠢ ᠶᠢᠨ ᠲᠣᠭᠤᠷᠢᠨ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠳᠡᠯᠭᠡᠨ ᠪᠠᠶᠢᠷᠢᠯᠠᠭᠤᠯᠪᠠ᠃ ᠡᠭᠦᠨ ᠤ ᠬᠠᠮᠲᠤ᠂ ᠢᠯᠡᠳᠬᠡᠯ ᠨᠢ ᠮᠠᠨ ᠤ ᠣᠷᠣᠨ ᠤ ᠣᠳᠣᠬᠠᠨ ᠤ ᠬᠥᠭᠵᠢᠯᠲᠡ ᠶᠢᠨ ᠱᠠᠲᠤ ᠦᠶ᠎ᠡ᠂ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠬᠡᠷᠡᠭᠴᠡᠭᠡ᠂ ᠠᠷᠠᠳ ᠤᠨ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠦᠰᠡᠯ ᠡᠷᠡᠮᠡᠯᠵᠡᠯ ᠢ ᠬᠠᠮᠤᠭ ᠤᠨ ᠶᠡᠭᠡ ᠬᠡᠮᠵᠢᠶ᠎ᠡ ᠪᠠᠷ ᠲᠤᠰᠬᠠᠵᠤ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠪᠠᠶᠢᠨ᠎ᠠ᠃ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯᠬᠥᠲᠥᠯᠥᠭᠴᠢ᠄      ᠰᠦᠯᠵᠢᠶᠡᠨ ᠤ ᠨᠠᠶᠢᠵᠠ ᠨᠠᠷ᠂ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢ ᠬᠦᠯᠢᠶᠡᠨ ᠦᠵᠡᠭᠰᠡᠨ ᠳᠤ ᠪᠠᠶᠠᠷᠯᠠᠨ ᠤᠭᠲᠤᠵᠤ ᠪᠠᠶᠢᠨ᠎ᠠ᠃ ᠲᠣᠰ ᠬᠤᠭᠤᠴᠠᠭᠠᠨ ᠳᠤ ᠮᠠᠨ ᠤ ᠰᠣᠷᠪᠤᠯᠵᠢᠯᠠᠭ᠎ᠠ ᠶᠢ ᠬᠦᠯᠢᠶᠡᠬᠦ ᠬᠦᠨᠳᠦᠲᠦ ᠵᠣᠴᠢᠳ ᠪᠣᠯ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠳᠤᠭᠤᠶᠢᠯᠠᠩ ᠤᠨ ᠭᠤᠣᠯ ᠪᠦᠷᠢᠯᠳᠦᠭᠦᠨ ᠪᠣᠯᠬᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠢ ᠳ᠋ᠢᠩ ᠨᠥᠬᠦᠷ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠠᠰᠤᠭ ᠤᠨ ᠯᠢ ᠵᠢᠶᠠᠨ ᠵᠢᠶᠦ᠋ᠨ ᠨᠥᠬᠦᠷ ᠪᠣᠯᠣᠨ᠎ᠠ᠂ ᠪᠠᠶᠠᠷᠯᠠᠨ ᠤᠭᠲᠤᠶ᠎ᠠ︕ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ᠯᠢᠶᠠᠩ ᠢᠦᠢ ᠳ᠋ᠢᠩ᠄      ᠬᠥᠲᠥᠯᠥᠭᠴᠢ ᠲᠠ ᠰᠠᠶᠢᠨ ᠪᠠᠶᠢᠨ᠎ᠠ ᠦᠦ᠂ ᠲᠠ ᠪᠦᠬᠦᠨ ᠰᠠᠶᠢᠨ ᠪᠠᠶᠢᠵᠠᠭᠠᠨ᠎ᠠ ᠦᠦ︕ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠫᠷᠣᠭ᠍ᠷᠠᠮ ᠢᠶᠠᠷ ᠳᠠᠮᠵᠢᠭᠤᠯᠤᠨ ᠥᠷᠭᠡᠨ ᠤᠯᠠᠨ ᠰᠦᠯᠵᠢᠶᠡᠨ ᠤ ᠨᠠᠶᠢᠵᠠ ᠨᠠᠷ ᠲᠤ ᠥᠨᠥᠳᠥᠷ ᠤᠨ ᠭᠤᠣᠯ ᠰᠡᠳᠦᠪ ᠢᠶᠠᠨ ᠬᠤᠪᠢᠶᠠᠯᠴᠠᠬᠤ ᠪᠣᠯᠤᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠃ᠬᠥᠲᠥᠯᠥᠭᠴᠢ᠄      ︽ᠢᠯᠡᠳᠬᠡᠯ︾ ᠳᠤ᠂ ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ︾ ᠶᠢᠨ ᠬᠡᠰᠡᠭ ᠤᠨ ᠬᠠᠭᠤᠳᠠᠰᠤ ᠬᠡᠮᠵᠢᠶ᠎ᠡ ᠨᠢ ᠬᠠᠮᠤᠭ ᠤᠨ ᠤᠯᠠᠨ᠂ ᠠᠭᠤᠯᠭ᠎ᠠ ᠨᠢ ᠪᠠᠶᠠᠯᠢᠭ ᠪᠠᠶᠢᠵᠤ᠂ ᠤᠩᠰᠢᠬᠤ ᠳᠤ ᠬᠦᠷᠲᠡᠭᠡᠮᠵᠢ ᠪᠠᠷ ᠳᠦᠭᠦᠷᠡᠩ᠂ ᠬᠢᠯᠠᠰ ᠴᠡᠭ ᠤᠯᠠᠨ ᠪᠣᠢ᠂ ᠲᠠ ᠨᠠᠷ ᠪᠢᠳᠡᠨ ᠳᠤ ᠶᠠᠮᠠᠷ ᠶᠠᠮᠠᠷ ᠰᠢᠨ᠎ᠡ ᠡᠭᠦᠷᠭᠡ ᠰᠢᠨ᠎ᠡ ᠠᠷᠭ᠎ᠠ ᠬᠡᠮᠵᠢᠶ᠎ᠡ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠦᠦ︖ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠠᠰᠤᠭ  ᠯᠢ ᠵᠢᠶᠠᠨ ᠵᠢᠶᠦ᠋ᠨ᠄      ᠪᠢᠳᠡ ᠠᠩᠬ᠎ᠠ ᠠᠯᠬᠤᠮ ᠡᠮᠬᠢᠯᠡᠨ ᠳᠢᠭᠯᠡᠭᠰᠡᠨ ᠢᠶᠠᠷ᠂ ᠠᠵᠢᠯ ᠤᠨ ᠪᠠᠶᠢᠷᠢᠯᠠᠭᠤᠯᠤᠯᠲᠠ ᠶᠢᠨ ︽ᠲᠤᠯᠤᠭᠠᠨ ᠬᠦᠴᠦᠯᠡᠴᠡ︾ ᠶᠢᠨ 160 ᠭᠠᠷᠤᠢ ᠥᠭᠦᠯᠡᠪᠦᠷᠢ ᠶᠢᠨ ᠳᠣᠲᠣᠷᠠᠬᠢ ᠦᠭᠡ ᠨᠢᠭᠡᠪᠦᠷᠢ ᠨᠢ ᠴᠥᠮ ᠨᠢᠭᠡ ᠶᠡᠭᠡ ᠶᠠᠪᠤᠳᠠᠯ ᠪᠤᠶᠤ ᠬᠡᠳᠦᠨ ᠶᠡᠭᠡ ᠶᠠᠪᠤᠳᠠᠯ ᠲᠠᠢ ᠬᠤᠯᠪᠣᠯᠳᠤᠵᠤ ᠪᠠᠶᠢᠳᠠᠭ᠃ ᠦᠭᠡ ᠦᠰᠦᠭ ᠠᠴᠠ ᠨᠢ ᠦᠵᠡᠪᠡᠯ᠂ ᠪᠠᠶᠢᠷᠢᠯᠠᠭᠤᠯᠤᠭᠰᠠᠨ ᠡᠭᠦᠷᠭᠡ ᠠᠷᠭ᠎ᠠ ᠬᠡᠮᠵᠢᠶ᠎ᠡ ᠨᠢ ᠳᠠᠷᠤᠢ ᠶᠡᠭᠡ ᠪᠠᠭ᠎ᠠ 400 ᠭᠠᠷᠤᠢ ᠵᠦᠢᠯ ᠪᠠᠶᠢᠵᠤ᠂ ᠬᠡᠷᠪᠡ ᠨᠠᠷᠢᠨ ᠬᠤᠪᠢᠶᠠᠪᠠᠯ ᠮᠢᠩᠭ᠎ᠠ ᠭᠠᠷᠤᠢ ᠵᠦᠢᠯ ᠪᠣᠢ᠃ ᠡᠳᠡᠭᠡᠷ ᠠᠷᠭ᠎ᠠ ᠬᠡᠮᠵᠢᠶ᠎ᠡ ᠨᠢ ᠲᠡᠷᠡ ᠪᠦᠬᠦᠨ ᠢᠶᠠᠷ ᠢᠶᠠᠨ ᠡᠩ ᠤᠨ ᠴᠢᠨᠠᠷᠲᠠᠢ ᠪᠠᠶᠢᠩᠭᠤ ᠶᠢᠨ ᠠᠷᠭ᠎ᠠ ᠬᠡᠮᠵᠢᠶ᠎ᠡ ᠪᠢᠰᠢ᠂ ᠲᠡᠭᠦᠨ ᠤ ᠳᠣᠲᠣᠷᠠᠬᠢ ᠣᠯᠠᠩᠬᠢ ᠨᠢ ᠴᠥᠮ ᠰᠢᠨ᠎ᠡ ᠶᠢ ᠡᠭᠦᠳᠬᠦ ᠴᠢᠨᠠᠷᠲᠠᠢ ᠠᠷᠭ᠎ᠠ ᠬᠡᠮᠵᠢᠶ᠎ᠡ᠂ ᠨᠡᠭᠡᠭᠡᠯᠲᠡᠲᠤ ᠴᠢᠨᠠᠷᠲᠠᠢ ᠠᠷᠭ᠎ᠠ ᠬᠡᠮᠵᠢᠶ᠎ᠡ ᠪᠠᠶᠢᠵᠤ᠂ ᠰᠢᠰᠲ᠋ᠧᠮᠴᠢ ᠦᠵᠡᠯᠲᠡ ᠶᠢ ᠪᠠᠷᠢᠮᠲᠠᠯᠠᠬᠤ᠂ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠬᠤ᠂ ᠭᠤᠣᠯ ᠠᠵᠢᠯ ᠪᠠ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠬᠤ ᠵᠡᠷᠭᠡ ᠵᠠᠰᠠᠭ ᠶᠠᠪᠤᠭᠤᠯᠬᠤ ᠣᠨᠣᠯᠵᠢᠬᠤᠨ ᠪᠠ ᠠᠵᠢᠯᠯᠠᠬᠤ ᠠᠷᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ᠬᠥᠲᠥᠯᠥᠭᠴᠢ᠄      ᠡᠨᠡ ᠵᠢᠯ ᠤᠨ ᠢᠯᠡᠳᠬᠡᠯ ᠤᠨ ᠠᠵᠢᠯ ᠤᠨ ᠪᠠᠶᠢᠷᠢᠯᠠᠭᠤᠯᠤᠯᠲᠠ ᠳᠤ ᠮᠠᠰᠢ ᠣᠯᠠᠨ ᠰᠢᠨ᠎ᠡ ᠳᠤᠷᠠᠳᠤᠯᠭ᠎ᠠ ᠪᠠ ᠰᠢᠨ᠎ᠡ ᠠᠷᠭ᠎ᠠ ᠬᠡᠮᠵᠢᠶ᠎ᠡ ᠪᠣᠢ᠂ ᠲᠠ ᠨᠠᠷ ᠡᠳᠦᠢ ᠲᠡᠳᠦᠢ ᠵᠦᠢᠯ ᠢ ᠰᠣᠩᠭᠤᠨ ᠥᠷᠭᠡᠨ ᠣᠯᠠᠨ ᠰᠦᠯᠵᠢᠶᠡᠨ ᠨᠠᠶᠢᠵᠠ ᠨᠠᠷ ᠲᠠᠢ ᠬᠤᠪᠢᠶᠠᠯᠴᠠᠨ᠎ᠠ ᠦᠦ︖ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ᠯᠢᠶᠠᠩ ᠢᠦᠢ ᠳ᠋ᠢᠩ᠄      ᠶᠠᠭ ᠬᠥᠲᠥᠯᠥᠭᠴᠢ ᠶᠢᠨ ᠬᠡᠯᠡᠭᠰᠡᠨᠴᠢᠯᠡᠨ᠂ ᠡᠨᠡ ᠵᠢᠯ ᠤᠨ ︽ᠢᠯᠡᠳᠬᠡᠯ︾ ᠤᠨ ᠠᠵᠢᠯ ᠤᠨ ᠪᠠᠶᠢᠷᠢᠯᠠᠭᠤᠯᠤᠯᠲᠠ ᠳᠠᠬᠢ ᠰᠢᠨ᠎ᠡ ᠳᠤᠷᠠᠳᠤᠯᠭ᠎ᠠ ᠰᠢᠨ᠎ᠡ ᠠᠷᠭ᠎ᠠ ᠬᠡᠮᠵᠢᠶ᠎ᠡ ᠦᠨᠡᠬᠡᠷ ᠮᠠᠰᠢ ᠤᠯᠠᠨ ᠪᠠᠶᠢᠵᠤ᠂ ︽ᠲᠤᠯᠤᠭᠠᠨ ᠬᠦᠴᠦᠯᠡᠴᠡ︾ ᠶᠢᠨ ᠳᠣᠲᠣᠷᠠᠬᠢ ᠵᠦᠢᠯ ᠪᠦᠷᠢ ᠳᠤ ᠴᠥᠮ ᠪᠠᠶᠢᠨ᠎ᠠ᠃ ᠵᠢᠱᠢᠶᠡᠯᠡᠪᠡᠯ ᠪᠡᠯᠡ ᠣᠷᠣᠭᠤᠯᠤᠯᠲᠠ ᠶᠢ ᠥᠷᠭᠡᠳᠬᠡᠬᠦ ᠪᠠᠷ ᠠᠪᠴᠤ ᠬᠡᠯᠡᠪᠡᠯ᠂ ︽ᠢᠯᠡᠳᠬᠡᠯ︾ ᠳᠤ ︽ᠨᠢᠭᠡ ᠬᠠᠷᠠᠯᠲᠠ ᠶᠢ ᠲᠣᠭᠲᠠᠭᠠᠬᠤ᠂ ᠬᠤᠶᠠᠷ ᠢ ᠠᠬᠢᠭᠤᠯᠬᠤ︾ ᠶᠢ ᠳᠤᠷᠠᠳᠤᠨ ᠭᠠᠷᠭᠠᠵᠠᠢ᠃ ︽ᠨᠢᠭᠡ ᠬᠠᠷᠠᠯᠲᠠ ᠶᠢ ᠲᠣᠭᠲᠠᠭᠠᠬᠤ︾ ᠪᠣᠯ 5200 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠡᠭᠦᠨ ᠢ ᠳᠤᠷ᠎ᠠ ᠪᠠᠷ ᠢᠶᠠᠨ ᠳᠤᠷᠠᠳᠤᠭᠰᠠᠨ ᠪᠢᠰᠢ᠂ ᠬᠠᠷᠢᠨ ᠡᠨᠡ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠤᠨ ᠵᠢᠱᠢᠭᠰᠡᠨ ᠬᠠᠷᠠᠯᠲᠠ ᠶᠢᠨ ᠱᠠᠭᠠᠷᠳᠠᠯᠭ᠎ᠠ ᠪᠠ ᠲᠥᠯᠥᠪᠯᠡᠭᠡ ᠶᠢ ᠬᠡᠷᠡᠭᠵᠢᠭᠦᠯᠬᠦ ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠯ ᠢ ᠶᠡᠷᠦᠩᠬᠡᠶᠢᠯᠡᠨ ᠪᠣᠳᠣᠯᠬᠢᠯᠠᠵᠤ᠂ ᠲᠣᠭᠠᠴᠠᠭ᠎ᠠ ᠰᠤᠳᠤᠯᠤᠯᠲᠠ ᠬᠢᠬᠦ᠂ ᠳᠠᠬᠢᠨ ᠳᠠᠪᠲᠠᠨ ᠶᠠᠷᠢᠯᠴᠠᠬᠤ ᠪᠠᠷ ᠳᠠᠮᠵᠢᠨ ᠳᠤᠷᠠᠳᠤᠨ ᠭᠠᠷᠭᠠᠪᠠ᠃ ᠡᠨᠡ ᠬᠦ ᠬᠠᠷᠠᠯᠲᠠ ᠶᠢ ᠪᠡᠶᠡᠯᠡᠭᠦᠯᠴᠢᠪᠡᠯ ᠡᠨᠡ ᠵᠢᠯ ᠤᠨ ᠠᠵᠤ ᠠᠬᠤᠢ ᠶᠢᠨ ᠨᠡᠮᠡᠭᠳᠡᠯ ᠦᠨᠳᠦᠰᠦᠨ ᠳᠤ ᠪᠠᠨ ᠲᠣᠭᠲᠠᠭᠤᠨ ᠪᠣᠯᠴᠢᠬᠠᠨ᠎ᠠ ᠭᠡᠵᠦ ᠬᠡᠯᠡᠵᠦ ᠪᠣᠯᠣᠨ᠎ᠠ᠃ ︽ᠬᠤᠶᠠᠷ ᠢ ᠠᠬᠢᠭᠤᠯᠬᠤ︾ ᠪᠣᠯ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠲᠡᠷᠢᠭᠦᠨ ᠤ ᠦᠢᠯᠡᠳᠬᠡᠯ ᠤᠨ ᠦᠢᠯᠡᠰ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠤᠯᠠᠷᠢᠭᠤᠯᠤᠯᠲᠠ ᠳᠠᠬᠢ ᠪᠡᠯᠡ ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ ᠨᠡᠮᠡᠭᠳᠡᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ᠂ ᠡᠨᠡ ᠨᠢ ᠭᠤᠣᠯᠳᠠᠭᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠᠷ ᠭᠤᠣᠯᠳᠠᠭᠤᠯᠵᠤ᠂ ᠪᠡᠯᠡ ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠪᠠᠷ ᠳᠠᠮᠵᠢᠭᠤᠯᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ ᠠᠬᠢᠭᠤᠯᠬᠤ ᠶᠠᠪᠤᠳᠠᠯ ᠪᠣᠯᠣᠨ᠎ᠠ᠃ ᠬᠤᠶᠠᠷ ᠢ ᠠᠬᠢᠭᠤᠯᠬᠤ ᠪᠣᠯ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ ᠠᠬᠢᠭᠤᠯᠬᠤ ᠪᠠ ᠣᠷᠣᠨ ᠤ ᠭᠠᠳᠠᠨᠠᠬᠢ ᠪᠡᠯᠡ ᠣᠷᠣᠭᠤᠯᠤᠯᠲᠠ ᠶᠢ ᠣᠷᠣᠭᠤᠯᠤᠨ ᠠᠪᠴᠢᠷᠠᠵᠤ ᠶᠡᠭᠡ ᠬᠡᠮᠵᠢᠶ᠎ᠡ ᠪᠠᠷ ᠨᠡᠮᠡᠭᠳᠡᠭᠦᠯᠬᠦ ᠶᠠᠪᠤᠳᠠᠯ ᠪᠣᠯᠣᠨ᠎ᠠ᠃ ᠡᠨᠡ ᠬᠤᠶᠠᠷ ᠠᠬᠢᠭᠤᠯᠤᠯᠲᠠ ᠪᠣᠯ ᠮᠠᠰᠢ ᠶᠡᠭᠡ ᠬᠠᠨᠳᠤᠯᠭᠠᠲᠤ ᠴᠢᠨᠠᠷᠲᠠᠢ ᠶᠤᠮ᠂ ᠳᠠᠷᠤᠢ ᠣᠳᠣᠬᠠᠨ ᠤ ᠮᠠᠨ ᠤ ᠣᠷᠣᠨ ᠤ ᠲᠥᠷᠥᠯ ᠵᠦᠢᠯ ᠤᠨ ᠨᠥᠭᠡᠴᠡ ᠬᠢᠭᠡᠳ ᠴᠢᠨᠠᠷᠯᠢᠭ ᠬᠥᠭᠵᠢᠯᠲᠡ ᠶᠢᠨ ᠵᠣᠯᠭᠠᠯᠳᠤᠭᠤᠯᠬᠤ ᠴᠢᠨᠠᠷ ᠢᠶᠠᠷ ᠴᠢᠩᠭ᠎ᠠ ᠪᠤᠰᠤ᠂ ᠲᠥᠷᠥᠯ ᠵᠦᠢᠯ ᠤᠨ ᠪᠦᠲᠦᠴᠡ ᠬᠢᠭᠡᠳ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠵᠣᠬᠢᠴᠠᠯᠳᠤᠭᠤᠯᠬᠤ ᠬᠡᠮᠵᠢᠶ᠎ᠡ ᠪᠠᠷ ᠥᠨᠳᠥᠷ ᠪᠢᠰᠢ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠷᠠᠭᠤᠯᠬᠤ ᠪᠠᠷ ᠲᠥᠷᠥᠯ ᠵᠦᠢᠯ ᠤᠨ ᠨᠥᠭᠡᠴᠡ ᠶᠢ ᠨᠡᠮᠡᠭᠳᠡᠭᠦᠯᠵᠦ᠂ ᠲᠥᠷᠥᠯ ᠵᠦᠢᠯ ᠤᠨ ᠪᠦᠲᠦᠴᠡ ᠶᠢ ᠲᠣᠬᠢᠷᠠᠭᠤᠯᠬᠤ ᠪᠠᠷ ᠪᠡᠯᠡ ᠣᠷᠣᠭᠤᠯᠤᠯᠲᠠ ᠶᠢᠨ ᠪᠦᠲᠦᠴᠡ ᠶᠢ ᠬᠥᠲᠥᠯᠥᠨ ᠰᠢᠯᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠪᠠ ᠲᠠᠰ ᠳᠡᠪᠰᠢᠭᠦᠯᠬᠦ ᠶᠢ ᠠᠬᠢᠭᠤᠯᠤᠨ᠎ᠠ᠃ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠠᠰᠤᠭ  ᠯᠢ ᠵᠢᠶᠠᠨ ᠵᠢᠶᠦ᠋ᠨ᠄      ᠲᠡᠶᠢᠮᠦ ᠪᠠᠶᠢᠨ᠎ᠠ᠂ ᠪᠠᠰᠠ ᠵᠢᠱᠢᠶᠡᠯᠡᠪᠡᠯ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠷ ᠠᠪᠴᠤ ᠬᠡᠯᠡᠪᠡᠯ᠂ ︽ᠢᠯᠡᠳᠬᠡᠯ︾ ᠳᠤ ᠪᠦᠬᠦ ᠤᠯᠤᠰ ᠢ ᠬᠤᠯᠪᠣᠨ ᠨᠡᠪᠲᠡᠷᠡᠭᠦᠯᠦᠭᠰᠡᠨ᠂ ᠪᠦᠬᠦ ᠣᠷᠣᠨ ᠢ ᠬᠤᠯᠪᠣᠭᠰᠠᠨ ᠤᠳᠤ ᠦᠶ᠎ᠡ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠰᠢᠰᠲ᠋ᠧᠮ ᠢ ᠱᠠᠯᠠᠪᠳᠠᠨ ᠪᠠᠶᠢᠭᠤᠯᠤᠨ᠎ᠠ ᠭᠡᠵᠦ ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠤᠬᠠᠢ ᠬᠡᠯᠡᠬᠦ ᠳᠤ ᠪᠠᠨ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠭᠢᠨ ᠲᠣᠭᠤᠷᠢᠨ ᠢᠶᠠᠨ ᠨᠥᠯᠥᠭᠡᠯᠡᠭᠰᠡᠨ᠂ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠭᠰᠠᠨ᠂ ᠴᠢᠬᠤᠯᠠ ᠡᠯᠧᠮᠧᠨ᠋ᠲ ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠬᠦ

        365赢多少钱会被限额_国内有真正的365平台吗_365bet博彩官网

        ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠦᠷᠢᠯᠳᠦᠭᠦᠯᠬᠦ ᠬᠡᠷᠡᠭᠲᠡᠢ ᠭᠡᠵᠡᠢ᠃ ᠡᠭᠦᠨ ᠳᠤ ᠪᠢᠳᠡ ᠡᠩ ᠲᠡᠷᠢᠭᠦᠨ ᠳᠤ ᠡᠷᠬᠡᠪᠰᠢ ᠪᠦᠷᠢᠨ ᠲᠡᠭᠦᠯᠳᠡᠷ ᠰᠠᠭᠤᠷᠢ ᠪᠡᠯᠡᠳᠬᠡᠮᠵᠢ ᠶᠢᠨ ᠲᠤᠯᠭᠠᠭᠤᠷᠢᠯᠠᠯ ᠲᠠᠢ ᠪᠠᠶᠢᠬᠤ ᠬᠡᠷᠡᠭᠲᠡᠢ᠂ ᠭᠡᠪᠡᠴᠦ ᠣᠳᠣᠬᠠᠨ ᠳᠤ ᠮᠠᠨ ᠤ ᠣᠷᠣᠨ ᠵᠠᠷᠢᠮ ᠭᠤᠣᠯᠯᠠᠭᠴᠢ ᠢᠨᠵᠧᠨᠧᠷᠢᠩ ᠢ ᠪᠠᠰᠠ ᠪᠠᠶᠢᠭᠤᠯᠵᠤ ᠳᠠᠭᠤᠰᠬᠠᠭᠠᠳᠤᠢ᠂ ᠡᠶᠢᠮᠦ ᠠᠴᠠ ᠡᠷᠬᠡᠪᠰᠢ ᠤᠯᠤᠰ ᠠᠴᠠ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠥᠷᠨᠢᠭᠦᠯᠬᠦ ᠠᠵᠠ ᠲᠣᠬᠢᠶᠠᠯ ᠢ ᠠᠮᠵᠢᠵᠤ᠂ ᠮᠠᠨ ᠤ ᠣᠷᠣᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠬᠤᠷᠳᠤᠨ ᠤ ᠲᠡᠮᠦᠷ ᠵᠠᠮ ᠢᠶᠠᠷ ᠠᠪᠴᠤ ᠬᠡᠯᠡᠪᠡᠯ᠂ ᠮᠠᠨ ᠤ ᠣᠷᠣᠨ ᠬᠡᠳᠦᠶᠢᠪᠡᠷ ᠬᠥᠭᠵᠢᠭᠰᠡᠨ ᠭᠠᠵᠠᠷ ᠣᠷᠣᠨ ᠰᠢᠭ᠋ ᠥᠨᠳᠥᠷ ᠨᠢᠭᠲᠠᠴᠠ ᠲᠠᠢ ᠬᠤᠷᠳᠤᠨ ᠤ ᠲᠡᠮᠦᠷ ᠵᠠᠮ ᠤᠨ ᠱᠤᠭᠤᠮ ᠢ ᠪᠠᠶᠢᠷᠢᠰᠢᠭᠤᠯᠵᠤ ᠳᠡᠶᠢᠯᠬᠦ ᠦᠭᠡᠢ ᠪᠣᠯᠪᠠᠴᠤ᠂ ᠪᠤᠭᠤᠲᠤ ᠠᠴᠠ ᠢᠷᠭᠠᠢ ᠬᠦᠷᠬᠦ ᠬᠤᠷᠳᠤᠨ ᠤ ᠲᠡᠮᠦᠷ ᠵᠠᠮ᠂ ᠵᠢᠨᠢᠩ ᠠᠴᠠ ᠳ᠋ᠠᠲ᠋ᠦ᠋ᠩ ᠢ ᠳᠠᠮᠵᠢᠵᠤ ᠶᠤᠸᠠᠨᠫᠢᠩ ᠬᠦᠷᠬᠦ ᠬᠤᠷᠳᠤᠨ ᠤ ᠲᠡᠮᠦᠷ ᠵᠠᠮ᠂ ᠣᠷᠳᠣᠰ ᠠᠴᠠ ᠢᠦᠢ ᠯᠢᠨ ᠢ ᠳᠠᠮᠵᠢᠵᠤ ᠶᠠᠨ ᠠᠨ ᠬᠦᠷᠬᠦ ᠬᠤᠷᠳᠤᠨ ᠤ ᠲᠡᠮᠦᠷ ᠵᠠᠮ ᠵᠡᠷᠭᠡ ᠪᠦᠬᠦ ᠤᠯᠤᠰ ᠤᠨ ᠬᠤᠷᠳᠤᠨ ᠤ ᠲᠡᠮᠦᠷ ᠵᠠᠮ ᠤᠨ ᠲᠣᠣᠷ ᠲᠤ ᠵᠠᠯᠭᠠᠵᠤ ᠣᠷᠣᠭᠤᠯᠬᠤ ᠭᠤᠣᠯᠯᠠᠭᠴᠢ ᠢᠨᠵᠧᠨᠧᠷᠢᠩ ᠡᠷᠬᠡᠪᠰᠢ ᠪᠠᠶᠢᠬᠤ ᠬᠡᠷᠡᠭᠲᠡᠢ ᠪᠥᠭᠡᠳ ᠡᠷᠲᠡᠬᠡᠨ ᠪᠠᠶᠢᠭᠤᠯᠵᠤ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ᠃ ᠪᠠᠰᠠ ᠵᠠᠰᠠᠮᠠᠯ ᠵᠠᠮ᠂ ᠨᠢᠰᠬᠡᠯ ᠤᠨ ᠪᠠᠭᠤᠳᠠᠯ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ ᠮᠡᠳᠡᠭᠡ ᠬᠤᠯᠪᠣᠭ᠎ᠠ᠂ ᠬᠤᠳᠠ ᠶᠢᠨ ᠶᠠᠪᠤᠳᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠬᠤ ᠠᠯᠬᠤᠴᠠ ᠪᠠᠨ ᠲᠦᠷᠭᠡᠳᠬᠡᠬᠦ ᠬᠡᠷᠡᠭᠲᠡᠢ᠃ ᠢᠯᠠᠩᠭᠤᠶ᠎ᠠ ᠲᠣᠰ ᠤᠳᠠᠭᠠᠨ ᠤ ︽ᠢᠯᠡᠳᠬᠡᠯ︾ ᠳᠤ ᠠᠭᠠᠷ ᠤᠨ ᠠᠶᠠᠯᠠᠯ ᠤᠨ ᠱᠤᠭᠤᠮ ᠤᠨ ᠭᠤᠣᠯ ᠰᠠᠯᠪᠤᠷᠢ ᠱᠤᠭᠤᠮ ᠢ ᠨᠡᠪᠲᠡᠷᠡᠭᠦᠯᠬᠦ᠂ ᠰᠠᠯᠪᠤᠷᠢ ᠰᠠᠯᠪᠤᠷᠢ ᠱᠤᠭᠤᠮ ᠢ ᠨᠡᠪᠲᠡᠷᠡᠭᠦᠯᠬᠦ ᠪᠠ ᠪᠥᠬᠦ ᠰᠦᠯᠵᠢᠶ᠎ᠡ ᠶᠢ ᠬᠤᠯᠪᠣᠬᠤ ᠶᠢ ᠲᠣᠳᠣᠷᠬᠠᠢ ᠳᠤᠷᠠᠳᠤᠨ ᠭᠠᠷᠭᠠᠪᠠ᠃ ᠤᠴᠢᠷ ᠨᠢ ᠮᠠᠨ ᠤ ᠣᠷᠣᠨ ᠭᠠᠵᠠᠷ ᠠᠭᠤᠳᠠᠮ ᠬᠥᠮᠥᠨ ᠴᠥᠭᠡᠨ ᠪᠣᠯᠬᠤᠷ ᠪᠣᠶ ᠪᠦᠬᠦᠢ ᠭᠠᠵᠠᠷ ᠣᠷᠣᠨ ᠤ ᠶᠠᠪᠤᠵᠤ ᠰᠠᠭᠤᠬᠤ ᠠᠠᠰᠭᠤᠳᠠᠯ ᠢ ᠴᠥᠮ ᠭᠠᠵᠠᠷ ᠳᠡᠭᠡᠷᠡᠬᠢ ᠵᠠᠮ ᠬᠠᠷᠢᠯᠴᠠᠭ᠎ᠠ ᠳᠤ ᠲᠦᠰᠢᠭᠯᠡᠨ ᠰᠢᠢᠳᠪᠦᠷᠢᠯᠡᠵᠦ ᠪᠣᠯᠬᠤ ᠦᠭᠡᠢ᠂ ᠳᠠᠷᠤᠢ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠢ ᠬᠥᠭᠵᠢᠭᠦᠯᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠰᠦᠷᠦᠭᠵᠢᠯ ᠢ ᠪᠠᠶᠢᠭᠤᠯᠵᠤ᠂ ᠥᠷᠭᠡᠨ ᠳᠡᠯᠭᠡᠷ ᠨᠡᠪᠲᠡᠷᠡᠭᠰᠡᠨ᠂ ᠳᠥᠭᠦᠮ ᠳᠥᠲᠡ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠲᠣᠣᠷ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠂ ᠡᠨᠡ ᠨᠢ ᠰᠠᠶ᠋ᠢ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠡᠶᠢᠴᠡᠬᠦ ᠶᠤᠮ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ᠯᠢᠶᠠᠩ ᠢᠦᠢ ᠳ᠋ᠢᠩ᠄      ᠪᠠᠰᠠ ᠬᠡᠷᠡᠭᠯᠡᠭᠡ ᠶᠢ ᠠᠬᠢᠭᠤᠯᠬᠤ ᠲᠠᠯ᠎ᠠ ᠪᠠᠷ᠂ ᠣᠳᠣᠬᠠᠨ ᠳᠤ ᠪᠢᠳᠡᠨ ᠳᠤ ᠲᠤᠯᠭᠠᠷᠠᠵᠤ ᠪᠠᠶᠢᠭ᠎ᠠ ᠬᠠᠮᠤᠭ ᠤᠨ ᠲᠣᠪᠣᠶᠢᠮ᠎ᠠ ᠠᠰᠠᠭᠤᠳᠠᠯ ᠪᠣᠯ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠬᠦᠷᠦᠯᠴᠡᠬᠦ ᠴᠢᠨᠠᠷᠲᠠᠢ ᠬᠡᠷᠡᠭᠯᠡᠭᠡ ᠶᠢᠨ ᠰᠡᠷᠭᠦᠯᠲᠡ ᠤᠳᠠᠭᠠᠨ ᠪᠠᠶᠢᠨ᠎ᠠ᠂ ᠡᠭᠦᠨ ᠤ ᠲᠤᠬᠠᠢ ︽ᠢᠯᠡᠳᠬᠡᠯ︾ ᠳᠤ ᠨᠢᠭᠡᠨ ᠮᠠᠰᠢ ᠶᠡᠭᠡ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠂ ᠲᠤᠬᠠᠶᠢᠯᠠᠪᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠴᠢᠯᠡᠭᠡᠨ ᠤ ᠠᠵᠢᠯᠯᠠᠭᠠᠨ ᠡᠵᠡᠩᠨᠡᠯᠲᠡ ᠶᠢᠨ ᠳᠦᠷᠢᠮᠵᠢᠯ ᠢ ᠠᠵᠢᠯ ᠳᠦᠷᠦᠯ ᠬᠤᠪᠢᠶᠠᠨ ᠲᠡᠭᠦᠯᠳᠡᠷᠵᠢᠭᠦᠯᠬᠦ ᠶᠢᠨ ᠬᠠᠮᠲᠤ ᠬᠡᠷᠡᠭᠯᠡᠭᠡ ᠶᠢᠨ ᠨᠡᠮᠡᠭᠳᠡᠯ ᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃ ᠪᠢᠳᠡᠨ ᠤ ᠠᠪᠤᠭᠰᠠᠨ ᠠᠷᠭ᠎ᠠ ᠬᠡᠮᠵᠢᠶ᠎ᠡ ᠪᠣᠯ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠡᠭᠡᠯᠢ ᠭᠤᠳᠤᠮᠵᠢ ᠶᠢᠨ ᠵᠠᠬ᠎ᠠ ᠳᠡᠯᠭᠡᠭᠦᠷ᠂ ᠳᠡᠯᠭᠡᠭᠦᠷ ᠫᠦᠰᠡ᠂ ᠰᠥᠨᠢ ᠶᠢᠨ ᠠᠵᠤ ᠠᠬᠤᠢ ᠵᠡᠷᠭᠡ ᠶᠢ ᠪᠦᠬᠦ ᠲᠠᠯ᠎ᠠ ᠪᠠᠷ ᠬᠥᠭᠵᠢᠶᠡᠨ ᠲᠠᠢ ᠪᠣᠯᠭᠠᠬᠤ ᠶᠠᠪᠤᠳᠠᠯ ᠪᠣᠯᠣᠨ᠎ᠠ᠃ ᠲᠡᠷᠡ ᠮᠥᠷᠲᠡᠭᠡᠨ ᠥᠪᠥᠷ ᠮᠣᠩᠭᠤᠯ ᠤᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠣᠨᠴᠠᠯᠢᠭ ᠢᠶᠠᠷ ᠠᠪᠴᠤ ᠬᠡᠯᠡᠪᠡᠯ᠂ ᠮᠠᠨ ᠤ ᠣᠷᠣᠨ ᠤ ᠬᠡᠷᠡᠭᠯᠡᠭᠡ ᠨᠢ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ᠂ ᠢᠯᠠᠩᠭᠤᠶ᠎ᠠ ᠵᠢᠭᠤᠯᠴᠢᠯᠠᠯ ᠤᠨ ᠬᠡᠷᠡᠭᠯᠡᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠡᠷᠡᠭᠯᠡᠭᠡ ᠳᠤ ᠨᠠᠩ ᠢᠯᠡᠭᠦᠦ ᠲᠦᠰᠢᠭᠯᠡᠬᠦ ᠴᠢᠬᠤᠯᠠᠲᠠᠢ ᠶᠤᠮ᠃ ᠵᠤᠭᠠᠴᠠᠯ ᠤᠨ ᠶᠠᠰᠤ ᠴᠢᠨᠠᠷ ᠪᠠ ᠵᠡᠷᠭᠡ ᠳᠡᠰ ᠢ ᠳᠡᠭᠡᠭᠰᠢᠯᠡᠭᠦᠯᠵᠦ᠂ ᠣᠷᠣᠨ ᠤ ᠭᠠᠳᠠᠨᠠᠬᠢ ᠪᠠ ᠭᠠᠳᠠᠭᠠᠳᠤ ᠶᠢᠨ ᠨᠡᠩ ᠤᠯᠠᠨ ᠵᠤᠭᠠᠴᠠᠭᠰᠠᠳ ᠢ ᠲᠠᠲᠠᠵᠤ ᠮᠠᠨ ᠤ ᠣᠷᠣᠨ ᠳᠤ ᠢᠷᠡᠭᠦᠯᠵᠦ ᠬᠡᠷᠡᠭᠯᠡᠭᠡ ᠬᠢᠯᠭᠡᠬᠦ ᠬᠡᠷᠡᠭᠲᠡᠢ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ ᠨᠠᠷᠠᠲᠤ ᠲᠥᠷᠥᠯ ᠲᠡᠮᠳᠡᠭᠲᠦ ᠶᠢ ᠡᠭᠦᠳᠴᠦ᠂ ᠨᠠᠩ ᠣᠯᠠᠨ ᠪᠣᠬᠢᠷᠳᠤᠯ ᠦᠭᠡᠢ ᠪᠥᠭᠡᠳ ᠴᠢᠨᠠᠷ ᠰᠠᠶᠢᠲᠠᠢ ᠪᠦᠲᠦᠭᠡᠭᠳᠡᠬᠦᠨ ᠢ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠬᠤ ᠬᠡᠷᠡᠭᠲᠡᠢ᠂ ᠡᠲᠡᠭᠡᠷ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ︽ᠢᠯᠡᠳᠬᠡᠯ︾ ᠤᠨ ᠪᠤᠰᠤᠳ ᠬᠡᠰᠡᠭ ᠲᠤ ᠴᠦ ᠪᠠᠶᠢᠷᠢᠯᠠᠭᠤᠯᠪᠠ᠃ᠬᠥᠲᠥᠯᠥᠭᠴᠢ᠄      ᠲᠡᠭᠡᠪᠡᠯ ᠠᠵᠤ ᠦᠢᠯᠡᠰ ᠤᠨ ᠰᠦᠷᠦᠭᠵᠢᠯ ᠪᠠ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ︖ ᠯᠢ ᠳᠠᠷᠤᠭ᠎ᠠ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠦᠦ︖ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠠᠰᠤᠭ  ᠯᠢ ᠵᠢᠶᠠᠨ ᠵᠢᠶᠦ᠋ᠨ᠄      ᠲᠡᠭᠡᠶ᠎ᠡ᠂ ᠪᠢᠳᠡ ᠬᠡᠳᠦᠶᠢᠪᠡᠷ ᠬᠡᠷᠡᠭᠴᠡᠭᠡ ᠱᠠᠭᠠᠷᠳᠠᠯᠭ᠎ᠠ ᠲᠠᠢ᠂ ᠨᠥᠬᠦᠴᠡᠯ ᠲᠠᠢ ᠠᠵᠤ ᠦᠢᠯᠡᠰ ᠢ ᠪᠦᠷ ᠬᠢᠵᠦ ᠪᠣᠯᠣᠨ᠎ᠠ ᠭᠡᠳᠡᠭ ᠢ ᠮᠡᠳᠡᠬᠦ ᠪᠣᠯᠪᠠᠴᠤ᠂ ᠣᠳᠣᠬᠠᠨ ᠤ ᠱᠠᠲᠤᠨ ᠳᠤ ᠠᠯᠢᠪᠠ ᠠᠵᠤ ᠦᠢᠯᠡᠰ ᠢ ᠪᠦᠷ ᠬᠢᠬᠦ ᠪᠣᠯᠣᠯᠴᠠᠭ᠎ᠠ ᠦᠭᠡᠢ ᠶᠤᠮ᠂ ᠲᠡᠭᠡᠪᠡᠯ ᠭᠤᠣᠯᠳᠠᠯᠭ᠎ᠠ ᠦᠭᠡᠢ ᠪᠣᠯᠬᠤ ᠪᠥᠭᠡᠳ ᠪᠡᠶᠡᠯᠡᠭᠦᠯᠵᠦ ᠴᠦ ᠳᠡᠶᠢᠯᠬᠦ ᠦᠭᠡᠢ ᠪᠣᠯᠣᠨ᠎ᠠ᠃ ᠶᠡᠷᠦᠩᠬᠡᠢ ᠱᠦᠵᠢ ᠪᠢᠳᠡᠨ ᠳᠤ ᠥᠪᠡᠷ ᠤᠨ ᠳᠠᠪᠠᠭᠤᠯᠢᠭ ᠬᠦᠷᠢᠶ᠎ᠡ ᠪᠣᠯᠣᠨ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠵᠠᠳᠠᠯᠵᠤ᠂ ᠠᠵᠤ ᠠᠬᠤᠢ ᠶᠢᠨ ᠬᠥᠭᠵᠢᠯᠲᠡ ᠶᠢᠨ ᠭᠤᠣᠯᠳᠠᠯᠭ᠎ᠠ ᠲᠠᠢ ᠠᠵᠤ ᠦᠢᠯᠡᠰ ᠪᠣᠯᠣᠨ ᠭᠤᠣᠯ ᠰᠢᠪᠲᠤᠯᠤᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ ᠭᠡᠵᠡᠢ᠃ ᠡᠶᠢᠮᠦ ᠠᠴᠠ ᠭᠦᠨᠵᠡᠭᠡᠢ ᠰᠤᠳᠤᠯᠤᠨ ᠶᠠᠷᠢᠯᠴᠠᠬᠤ ᠪᠠᠷ ᠲᠠᠮᠵᠢᠨ᠂ ︽ᠢᠯᠡᠳᠬᠡᠯ︾ ᠳᠤ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠵᠢᠭᠤᠯᠤᠭᠰᠠᠨ ᠠᠵᠤ ᠠᠬᠤᠢ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠰᠦᠷᠦᠭᠵᠢᠯ ᠢ ᠲᠥᠪᠯᠡᠷᠡᠭᠦᠯᠦᠨ ᠪᠤᠢ ᠪᠣᠯᠭᠠᠵᠤ᠂ ᠲᠦᠷᠦᠭᠦᠦ ᠪᠦᠯᠦᠭ ᠲᠤ 12 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠨ᠎ᠠ ᠭᠡᠵᠦ ᠲᠣᠳᠣᠷᠬᠠᠢ ᠳᠤᠷᠠᠳᠤᠨ ᠭᠠᠷᠭᠠᠵᠠᠢ᠃ᠬᠥᠲᠥᠯᠥᠭᠴᠢ᠄      ᠲᠡᠭᠡᠪᠡᠯ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠ ᠰᠢᠨ᠎ᠡ ᠳᠤᠷᠠᠳᠤᠯᠭ᠎ᠠ ᠪᠠᠶᠢᠬᠤ ᠪᠣᠶ︖ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ᠯᠢᠶᠠᠩ ᠢᠦᠢ ᠳ᠋ᠢᠩ᠄      ᠮᠠᠨ ᠤ ᠣᠷᠣᠨ ᠪᠣᠯ ᠪᠥᠬᠦ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠣᠮᠣ ᠣᠷᠣᠨ ᠪᠠᠶᠢᠵᠤ᠂ ᠨᠢᠳᠤᠨᠤᠨ ᠤ ᠠᠮᠤ ᠪᠤᠳᠠᠭᠠᠨ ᠤ ᠤᠨᠠᠯᠲᠠ 768 ᠳ᠋ᠦᠩᠰᠢᠭᠤᠷ ᠵᠢᠩ ᠳᠤ ᠬᠦᠷᠴᠦ᠂ ᠪᠥᠬᠦ ᠤᠯᠤᠰ ᠲᠤ ᠵᠢᠷᠭᠤᠳᠤᠭᠠᠷ ᠲᠤ ᠵᠢᠭᠰᠠᠭᠠᠭᠳᠠᠪᠠ︔ ᠦᠨᠢᠶᠡᠨ ᠰᠦ ᠶᠢᠨ ᠭᠠᠷᠤᠯᠲᠠ 673 ᠲᠦᠮᠡᠨ ᠲᠣᠨ ᠳᠤ ᠬᠦᠷᠴᠦ᠂ ᠪᠥᠬᠦ ᠤᠯᠤᠰ ᠤᠨ ᠴᠣᠷ ᠤᠨ ᠭᠠᠭᠴᠠ 600 ᠲᠦᠮᠡᠨ ᠲᠣᠨ ᠢ ᠳᠠᠪᠠᠭᠰᠠᠨ ᠮᠤᠵᠢ ᠣᠷᠣᠨ ᠪᠣᠯᠵᠤ᠂ ᠪᠥᠬᠦ ᠤᠯᠤᠰ ᠤᠨ ᠠᠷᠠᠳ ᠲᠦᠮᠡᠨ ᠤ ᠤᠤᠭᠤᠬᠤ ᠦᠨᠢᠶᠡᠨ ᠰᠦ ᠶᠢᠨ 5 ᠴᠣᠮᠣ ᠪᠦᠷᠢ ᠶᠢᠨ 1 ᠴᠣᠮᠣ ᠨᠢ ᠮᠠᠨ ᠤ ᠣᠷᠣᠨ ᠤ ᠬᠢ ᠪᠣᠯᠣᠨ᠎ᠠ︔ ᠦᠬᠡᠷ ᠤᠨ ᠮᠢᠬ᠎ᠠ᠂ ᠬᠤᠨᠢᠨ ᠮᠢᠬ᠎ᠠ᠂ ᠢᠮᠠᠭᠠᠨ ᠨᠣᠣᠯᠣᠭᠤᠷ᠂ ᠲᠡᠵᠢᠭᠡᠯ ᠡᠪᠡᠰᠦᠨ ᠤ ᠭᠠᠷᠤᠯᠲᠠ ᠵᠡᠷᠭᠡ ᠨᠢ ᠴᠥᠮ ᠪᠦᠬᠦ ᠤᠯᠤᠰ ᠤᠨ ᠲᠡᠷᠢᠭᠦᠨ ᠳᠤ ᠣᠷᠣᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤ ᠴᠥᠮ ᠲᠤᠶᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠂ ᠡᠨᠡ ᠪᠣᠯ ᠥᠪᠥᠷ ᠮᠣᠩᠭᠤᠯ ᠤᠨ ᠳᠠᠪᠠᠭᠤᠯᠢᠭ ᠲᠠᠯ᠎ᠠ ᠪᠣᠯᠣᠨ᠎ᠠ᠂ ᠮᠥᠨ ᠴᠦ ᠪᠢᠳᠡᠨ ᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠃ ᠡᠭᠦᠨ ᠤ ᠬᠠᠮᠲᠤ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠣᠳᠣᠬᠠᠨ ᠳᠤ ᠪᠠᠨ ᠮᠥᠨ ᠬᠦ ᠪᠠᠰᠠ ᠳᠣᠣᠷ᠎ᠠ ᠲᠦᠪᠰᠢᠨ᠂ ᠪᠦᠳᠦᠭᠦᠯᠢᠭ ᠬᠥᠭᠵᠢᠯᠲᠡ ᠶᠢᠨ ᠱᠠᠲᠤᠨ ᠳᠤ ᠣᠷᠣᠰᠢᠵᠤ ᠪᠠᠶᠢᠬᠤ ᠶᠢ ᠰᠡᠷᠭᠡᠭ ᠢᠶᠠᠷ ᠮᠡᠳᠡᠬᠦ ᠬᠡᠷᠡᠭᠲᠡᠢ᠂ ᠡᠬᠢ ᠪᠠᠶᠠᠯᠢᠭ ᠣᠷᠴᠢᠨ ᠲᠣᠭᠤᠷᠢᠨ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠵᠠᠷᠤᠴᠠᠭᠤᠯᠬᠤ ᠦᠨ᠎ᠡ ᠥᠷᠲᠡᠭ ᠨᠢ ᠬᠡᠲᠦ ᠶᠡᠭᠡ᠂ ᠦᠢᠯᠡᠳᠪᠦᠷᠢᠯᠡᠯ ᠤᠨ ᠥᠪᠡᠷ ᠤᠨ ᠥᠷᠲᠡᠭ ᠨᠢ ᠬᠡᠲᠦ ᠥᠨᠳᠥᠷ ᠪᠣᠯᠬᠤᠷ ᠡᠷᠬᠡᠪᠰᠢ ᠬᠡᠯᠪᠡᠷᠢ ᠪᠠᠨ ᠲᠦᠷᠭᠡᠪᠴᠢᠯᠡᠨ ᠬᠤᠪᠢᠷᠠᠭᠤᠯᠬᠤ ᠬᠡᠷᠡᠭᠲᠡᠢ᠃ ᠡᠶᠢᠮᠦ ᠠᠴᠠ ︽ᠢᠯᠡᠳᠬᠡᠯ︾ ᠳᠤ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠨᠠᠩ ᠢᠯᠡᠭᠦᠦ ᠴᠢᠬᠤᠯᠠᠴᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠡᠷᠴᠢᠮᠵᠢᠭᠦᠯᠬᠦ᠂ ᠬᠡᠪᠴᠢᠶᠡᠵᠢᠭᠦᠯᠬᠦ ᠪᠠ ᠳᠡᠭᠡᠳᠦ ᠲᠠᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠶᠡᠭᠡ ᠣᠷᠣᠨ ᠠᠴᠠ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢᠶᠠᠷ ᠬᠦᠴᠦᠷᠬᠡᠭ ᠣᠷᠣᠨ ᠲᠡᠶᠢᠰᠢ ᠤᠷᠤᠭᠰᠢᠯᠠᠬᠤ ᠶᠢ ᠠᠬᠢᠭᠤᠯᠤᠨ᠎ᠠ ᠭᠡᠵᠦ ᠳᠤᠷᠠᠳᠤᠨ ᠭᠠᠷᠭᠠᠵᠠᠢ᠃ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠠᠰᠤᠭ  ᠯᠢ ᠵᠢᠶᠠᠨ ᠵᠢᠶᠦ᠋ᠨ᠄      ᠪᠠᠰᠠ ᠵᠢᠱᠢᠶᠡᠯᠡᠪᠡᠯ ᠰᠢᠨ᠎ᠡ ᠡᠨᠧᠷᠭᠢ ᠶᠢᠨ ᠰᠤᠷᠪᠤᠯᠵᠢ ᠪᠠᠷ ᠠᠪᠴᠤ ᠬᠡᠯᠡᠪᠡᠯ᠂ ᠡᠨᠡ ᠵᠢᠯ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠣᠷ ᠰᠦᠯᠵᠢᠶ᠎ᠡ ᠳᠤ ᠨᠡᠶᠢᠯᠡᠭᠦᠯᠦᠨ ᠣᠷᠣᠭᠤᠯᠬᠤ ᠬᠡᠪᠴᠢᠶ᠎ᠡ ᠶᠢ 2000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠡᠭᠦᠰᠦᠮᠡᠯ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠢ 40 % ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠪᠢᠳᠡ ᠡᠨᠡ ᠬᠦ ᠬᠠᠷᠠᠯᠲᠠ ᠶᠢ ᠶᠠᠭᠠᠬᠢᠭᠰᠠᠨ ᠴᠤ ᠪᠠᠰᠤᠵᠤ ᠪᠣᠯᠬᠤ ᠦᠭᠡᠢ᠂ ᠤᠴᠢᠷ ᠨᠢ ᠮᠠᠨ ᠤ ᠣᠷᠣᠨ ᠤ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢᠭᠡᠨᠲᠡ 1 ᠳ᠋ᠦᠩᠰᠢᠭᠤᠷ ᠺᠢᠯᠣᠸᠠᠲ ᠲᠤ ᠬᠦᠷᠴᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 1.5 ᠳ᠋ᠦᠩᠰᠢᠭᠤᠷ ᠺᠢᠯᠣᠸᠠᠲ ᠢ ᠳᠠᠪᠠᠵᠤ᠂ ᠰᠠᠭᠤᠷᠢ ᠬᠡᠮᠵᠢᠶ᠎ᠡ ᠨᠢ ᠮᠠᠰᠢ ᠥᠨᠳᠥᠷ ᠪᠠᠶᠢᠵᠤ᠂ ᠪᠥᠬᠦ ᠤᠯᠤᠰ ᠲᠤ ᠴᠤ ᠲᠡᠷᠢᠭᠦᠨ ᠪᠠᠶᠢᠷᠢ ᠳᠤ ᠣᠷᠣᠵᠤ ᠪᠠᠶᠢᠨ᠎ᠠ᠂ ᠡᠶᠢᠮᠦ ᠠᠴᠠ ᠮᠠᠨ ᠤ ᠣᠷᠣᠨ ᠤ ᠡᠭᠦᠰᠦᠮᠡᠯ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠢ 40% ᠪᠣᠯᠲᠠᠯ᠎ᠠ ᠳᠡᠭᠡᠭᠰᠢᠯᠡᠭᠦᠯᠬᠦ ᠪᠠ ᠪᠤᠰᠤᠳ ᠮᠤᠵᠢ ᠣᠷᠣᠨ ᠤ 40% ᠬᠦᠷᠲᠡᠯ᠎ᠡ ᠳᠡᠭᠡᠭᠰᠢᠯᠡᠭᠦᠯᠬᠦ ᠨᠢ ᠨᠢᠭᠡ ᠤᠬᠠᠭᠳᠠᠬᠤᠨ ᠪᠢᠰᠢ᠂ ᠨᠢᠭᠡ ᠬᠡᠮᠵᠢᠶ᠎ᠡ ᠶᠢᠨ ᠲᠠᠰ ᠴᠤ ᠪᠢᠰᠢ᠂ ᠪᠥᠬᠦ ᠤᠯᠤᠰ ᠤᠨ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢᠨ ᠬᠤᠪᠢᠷᠠᠯᠲᠠ ᠳᠤ ᠴᠥᠮ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠠᠴᠠ ᠦᠵᠡᠬᠦ ᠳᠤ᠂ ᠮᠠᠨ ᠤ ᠣᠷᠣᠨ ᠤ ᠰᠢᠨ᠎ᠡ ᠡᠨᠧᠷᠭᠢ ᠶᠢᠨ ᠬᠥᠭᠵᠢᠯᠲᠡ ᠶᠢᠨ ᠡᠷᠴᠢᠮ ᠤᠨ ᠶᠡᠭᠡ᠂ ᠬᠠᠨᠳᠤᠰᠢ ᠶᠢᠨ ᠲᠦᠷᠭᠡᠨ ᠨᠢ ᠤᠷᠢᠳ ᠡᠮᠦᠨ᠎ᠡ ᠪᠠᠶᠢᠭ᠎ᠠ ᠦᠭᠡᠢ᠂ ᠡᠯ᠎ᠡ ᠮᠤᠵᠢ ᠳᠤ ᠴᠦ ᠪᠠᠶᠢᠭ᠎ᠠ ᠦᠭᠡᠢ ᠶᠤᠮ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ᠯᠢᠶᠠᠩ ᠢᠦᠢ ᠳ᠋ᠢᠩ᠄      ᠡᠭᠦᠨ ᠠᠴᠠ ᠭᠠᠳᠠᠨ᠎ᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ ᠮᠠᠨ ᠤ ᠡᠨᠡ ᠵᠢᠯ ᠤᠨ ᠢᠯᠡᠳᠬᠡᠯ ᠳᠠᠬᠢ ᠪᠠᠰᠠ ᠨᠢᠭᠡᠨ ᠬᠢᠯᠠᠰ ᠴᠡᠭ ᠮᠥᠨ᠃ ︽ᠢᠯᠡᠳᠬᠡᠯ︾ ᠳᠤ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠲᠡᠷᠢᠭᠦᠨ ᠤ ᠬᠢ ᠠᠴᠠ ᠰᠤᠷᠤᠯᠴᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠬᠡᠪ ᠵᠠᠭᠪᠤᠷ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠵᠠᠢ᠃ ᠥᠭᠡᠷ᠎ᠡ ᠪᠠᠷ ᠬᠡᠯᠡᠪᠡᠯ ᠮᠠᠨ ᠤ ᠥᠪᠡᠷᠲᠡᠭᠡᠨ ᠵᠠᠰᠠᠬᠤ ᠣᠷᠣᠨ ᠲᠡᠷᠢᠭᠦᠨ ᠤ ᠭᠠᠵᠠᠷ ᠣᠷᠣᠨ ᠠᠴᠠ ᠲᠡᠷᠢᠭᠦᠨ ᠤ ᠬᠢᠳᠡᠯ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠬᠤ ᠬᠡᠷᠡᠭᠲᠡᠢ᠃ ᠢᠯᠡᠳᠬᠡᠯ ᠳᠤ ᠳᠠᠷᠤᠢ ᠮᠠᠰᠢ ᠣᠯᠠᠨ ᠰᠢᠨ᠎ᠡ ᠶᠢ ᠡᠭᠦᠳᠬᠦ ᠴᠢᠨᠠᠷᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠂ ᠵᠢᠱᠢᠶᠡᠯᠡᠪᠡᠯ ᠬᠥᠬᠡᠬᠤᠲᠠ ᠪᠤᠭᠤᠲᠤ ᠣᠷᠳᠣᠰ ᠦᠯᠠᠭᠠᠨᠴᠠᠪ ᠲᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠷᠬᠡ ᠶᠢᠨ ᠵᠦᠢᠯᠡᠰ ᠢ ᠢ ᠪᠥᠬᠦ ᠲᠠᠯ᠎ᠠ ᠪᠠᠷ ᠳᠣᠷᠣᠭᠰᠢ ᠪᠠᠭᠤᠯᠭᠠᠬᠤ ᠲᠤᠷᠰᠢᠯᠲᠠ ᠶᠢᠨ ᠴᠡᠭ ᠢ ᠥᠷᠨᠢᠭᠦᠯᠬᠦ ᠪᠠᠷ ᠳᠤᠷᠠᠳᠤᠨ ᠭᠠᠷᠭᠠᠪᠠ︔ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠡᠬᠢᠯᠡᠭᠦᠯᠬᠦ ᠪᠠᠷ ᠳᠤᠷᠠᠳᠤᠨ ᠭᠠᠷᠭᠠᠪᠠ︔12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ︽ᠨᠢᠭᠡ ᠯᠡ ᠤᠲᠠᠰᠤ ᠪᠠᠷ ᠨᠡᠪᠲᠡᠷᠡᠭᠦᠯᠬᠦ︾ ᠶᠢ ᠠᠬᠢᠭᠤᠯᠬᠤ ᠪᠠᠷ ᠳᠤᠷᠠᠳᠤᠨ ᠭᠠᠷᠭᠠᠭᠰᠠᠨ ᠨᠢ ᠳᠠᠷᠤᠢ ᠲᠡᠷᠢᠭᠦᠨ ᠤ ᠬᠢ ᠢᠶᠠᠷ ᠪᠠᠷᠢᠮᠵᠢᠶᠠᠯᠠᠨ᠂ ᠬᠠᠷᠠᠯᠲᠠ ᠪᠠᠨ ᠣᠨᠢᠯᠠᠵᠤ᠂ ᠡᠷᠡᠯᠬᠡᠭᠯᠡᠨ ᠤᠷᠤᠭᠰᠢᠯᠠᠵᠤ ᠱᠠᠯᠠᠮᠠᠭᠠᠶᠢᠯᠠᠨ ᠠᠵᠢᠯᠯᠠᠬᠤ ᠬᠡᠷᠡᠭᠲᠡᠢ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ ᠶᠤᠮ᠂︽ᠢᠯᠡᠳᠬᠡᠯ︾ ᠤᠨ ᠳᠣᠲᠣᠷᠠᠬᠢ ᠨᠢᠭᠡ ᠪᠠᠳᠠᠭ ᠦᠭᠡ ᠨᠢ ᠨᠡᠶᠢᠭᠡᠮ ᠳᠡᠭᠡᠷᠡᠬᠢ ᠶᠠᠷᠢᠯᠴᠠᠭᠠᠨ ᠤ ᠬᠠᠯᠠᠮᠰᠢᠯ ᠢ ᠪᠤᠢ ᠪᠣᠯᠭᠠᠵᠠᠢ᠂ ᠡᠨᠡ ᠨᠢ ᠳᠠᠷᠤᠢ ᠤᠯᠤᠰ ᠤᠨ ᠦᠮᠴᠢᠯᠡᠯᠲᠦ ᠠᠵᠤ ᠠᠬᠤᠶᠢᠯᠠᠯ ᠴᠤ ᠲᠡᠷᠡ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠴᠤ ᠲᠡᠷᠡ᠂ ᠤᠯᠠᠮ ᠬᠦᠴᠢᠷᠳᠡᠯ ᠲᠠᠢ ᠦᠶ᠎ᠡ ᠳᠤ ᠵᠠᠰᠠᠭ ᠤᠨ ᠣᠷᠳᠣᠨ ᠠᠴᠠ ᠤᠯᠠᠮ ᠢᠯᠡᠭᠦᠦ ᠬᠠᠪᠰᠤᠷᠤᠯᠭ᠎ᠠ ᠳᠡᠮᠵᠢᠯᠭᠡ ᠦᠵᠡᠭᠦᠯᠵᠦ᠂ ᠵᠠᠰᠠᠭ ᠤᠨ ᠣᠷᠳᠣᠨ ᠠᠴᠠ ᠬᠠᠤᠯᠢ ᠲᠣᠭᠲᠠᠭᠠᠯ ᠳᠦᠷᠢᠮ ᠴᠤᠪᠤᠷᠠᠯ ᠢ ᠵᠥᠷᠢᠴᠡᠬᠦ ᠦᠭᠡᠢ ᠤᠷᠢᠳᠠᠯ ᠳᠣᠣᠷ᠎ᠠ ᠡᠷᠡᠰ ᠰᠢᠭᠤᠷᠬᠠᠢ ᠪᠠᠷ ᠳᠡᠳᠬᠦᠨ ᠳᠡᠮᠵᠢᠵᠦ ᠬᠥᠭᠵᠢᠭᠦᠯᠬᠦ ᠬᠡᠷᠡᠭᠲᠡᠢ᠃ ᠡᠨᠡ ᠦᠭᠡ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ︽ᠰᠡᠳᠬᠢᠯ ᠢ ᠠᠮᠤᠷᠵᠢᠭᠤᠯᠵᠤ︾᠂ ᠪᠠᠰᠠ ᠵᠠᠰᠠᠭ ᠤᠨ ᠣᠷᠳᠣᠨ ᠤ ᠣᠪᠣᠷ᠂ ᠵᠣᠷᠢᠭ ᠰᠠᠨᠠᠭ᠎ᠠ ᠶᠢ ᠲᠣᠳᠣᠷᠬᠠᠢ ᠬᠠᠷᠠᠭᠤᠯᠵᠠᠢ᠃ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠠᠰᠤᠭ  ᠯᠢ ᠵᠢᠶᠠᠨ ᠵᠢᠶᠦ᠋ᠨ᠄      ᠪᠠᠰᠠ ᠵᠢᠱᠢᠶᠡᠯᠡᠪᠡᠯ ᠣᠷᠣᠨ ᠪᠦᠰᠡ ᠶᠢ ᠵᠣᠬᠢᠴᠠᠩᠭᠤᠢ ᠬᠥᠭᠵᠢᠭᠦᠯᠬᠦ ᠪᠠᠷ ᠠᠪᠴᠤ ᠬᠡᠯᠡᠪᠡᠯ᠂ ᠮᠠᠨ ᠤ ᠣᠷᠣᠨ ᠤ ᠭᠠᠵᠠᠷ ᠨᠤᠲᠤᠭ ᠥᠷᠭᠡᠨ ᠠᠭᠤᠳᠠᠮ᠂ ᠭᠠᠵᠠᠷ ᠣᠷᠣᠨ ᠨᠢᠭᠡ ᠪᠦᠷᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠳᠤᠲᠠᠭᠤᠳᠠᠯ ᠨᠢ ᠴᠥᠮ ᠠᠳᠠᠯᠢ ᠦᠭᠡᠢ ᠪᠠᠶᠢᠳᠠᠭ᠃ ᠶᠡᠷᠦᠩᠬᠡᠢ ᠱᠦᠵᠢ ᠥᠪᠥᠷ ᠮᠣᠩᠭᠤᠯ ᠤᠨ ᠲᠤᠬᠠᠢ ᠶᠠᠷᠢᠬᠤ ᠳᠤ ᠪᠠᠨ᠂ ᠵᠡᠭᠦᠨ᠂ ᠳᠤᠮᠳᠠ᠂ ᠪᠠᠷᠠᠭᠤᠨ ᠣᠷᠣᠨ ᠢ ᠨᠢᠭᠡᠳᠦᠯᠲᠡᠢ ᠲᠥᠯᠥᠪᠵᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ ᠡᠶᠢᠮᠦ ᠠᠴᠠ ᠪᠢᠳᠡ ᠭᠤᠣᠯ ᠴᠣᠭᠴᠠᠲᠤ ᠴᠢᠳᠠᠮᠵᠢ ᠶᠢᠨ ᠣᠷᠣᠨ ᠤ ᠪᠠᠶᠢᠷᠢ ᠲᠣᠭᠲᠠᠭᠠᠯᠲᠠ ᠶᠣᠰᠣᠭᠠᠷ᠂ ᠡᠯ᠎ᠡ ᠭᠠᠵᠠᠷ ᠤᠨ ᠳᠠᠪᠠᠭᠤᠯᠢᠭ ᠣᠨᠴᠠᠯᠢᠭ ᠲᠤ ᠰᠠᠭᠤᠷᠢᠯᠠᠨ᠂ ︽ᠢᠯᠡᠳᠬᠡᠯ︾ ᠳᠤ 12 ᠠᠶᠢᠮᠠᠭ ᠬᠤᠳᠠ ᠶᠢ ᠪᠦᠬᠦᠨ ᠢ ᠨᠡᠷ᠎ᠡ ᠳᠤᠷᠠᠳᠤᠨ᠂ ᠡᠯ᠎ᠡ ᠠᠶᠢᠮᠠᠭ ᠬᠤᠳᠠ ᠶᠢᠨ ᠲᠤᠰ ᠪᠡᠶ᠎ᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠪᠠᠶᠢᠷᠢ ᠲᠣᠭᠲᠠᠭᠠᠯᠲᠠ ᠪᠠ ᠴᠢᠭᠯᠡᠯ ᠲᠡᠶᠢᠰᠢ ᠬᠥᠭᠵᠢᠬᠦ ᠶᠢ ᠲᠡᠮᠵᠢᠵᠤ᠂ ᠪᠦᠬᠦ ᠣᠷᠣᠨ ᠤ ᠡᠯ᠎ᠡ ᠭᠠᠵᠠᠷ ᠤᠨ ᠥᠷᠢᠰᠦᠯᠳᠦᠨ ᠬᠥᠭᠵᠢᠭᠰᠡᠨ ᠠᠮᠢᠳᠤᠯᠢᠭ ᠪᠠᠶᠢᠳᠠᠯ ᠢ ᠪᠤᠢ ᠪᠣᠯᠭᠠᠨ᠎ᠠ᠃ᠬᠥᠲᠥᠯᠥᠭᠴᠢ᠄      ᠪᠢᠳᠡᠨ ᠤ ᠮᠡᠳᠡᠭᠡᠵᠢ ᠪᠠᠷ ᠠᠷᠠᠳ ᠤᠨ ᠠᠮᠢᠳᠤᠷᠠᠯ ᠤᠨ ᠠᠵᠢᠯ ᠪᠣᠯ ᠨᠡᠶᠢᠭᠡᠮ ᠤᠨ ᠠᠩᠬᠠᠷᠤᠯ ᠤᠨ ᠭᠤᠣᠯᠳᠠᠯᠭ᠎ᠠ ᠪᠣᠯᠣᠨ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠤᠨ ᠶᠠᠮᠠᠷ ᠶᠠᠮᠠᠷ ᠪᠣᠳᠠᠲᠠᠢ ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠬᠢᠬᠦ ᠪᠠᠷ ᠪᠡᠯᠡᠳᠬᠡᠵᠦ ᠪᠠᠶᠢᠬᠤ ᠪᠤᠢ︖ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ᠯᠢᠶᠠᠩ ᠢᠦᠢ ᠳ᠋ᠢᠩ᠄      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠨᠴᠠᠭᠠᠶᠢᠯᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠡᠨᠡ ᠵᠢᠯ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠠᠯᠢ ᠤᠯᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠣᠨᠣᠪᠴᠢᠲᠠᠢ ᠥᠷᠨᠢᠭᠦᠯᠦᠨ᠎ᠡ᠃ ᠠᠵᠢᠯ ᠣᠯᠭᠤᠯᠲᠠ ᠪᠠᠷ ᠠᠪᠴᠤ ᠬᠡᠯᠡᠪᠡᠯ᠂ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠠᠵᠢᠯ ᠣᠯᠭᠤᠯᠲᠠ ᠪᠠ ᠠᠷᠠᠳ ᠤᠨ ᠠᠮᠢᠳᠤᠷᠠᠯ ᠢ ᠪᠠᠲᠤᠯᠠᠬᠤ ᠳᠤ ᠡᠩ ᠲᠡᠷᠢᠭᠦᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠬᠡᠷᠡᠭᠲᠡᠢ᠃ ᠡᠨᠡ ᠪᠣᠯ ᠡᠨᠡ ᠵᠢᠯ ᠤᠨ︽ᠢᠯᠡᠳᠬᠡᠯ︾ ᠳᠤ ᠳᠤᠷᠠᠳᠤᠭᠰᠠᠨ ᠢᠯᠡ ᠲᠣᠳᠣᠷᠬᠠᠢ ᠦᠵᠡᠯᠲᠡ ᠮᠥᠨ᠂ ︽ᠢᠯᠡᠳᠬᠡᠯ︾ ᠳᠤ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠪᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠪᠠᠲᠤᠯᠠᠬᠤ ᠪᠠᠷ ᠠᠵᠢᠯ ᠣᠯᠭᠤᠯᠲᠠ ᠶᠢ ᠪᠠᠲᠤᠯᠠᠵᠤ᠂ ᠢᠯᠠᠩᠭᠤᠶ᠎ᠠ ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢᠶᠠᠷ ᠴᠢᠩᠭ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠠᠵᠢᠯ ᠣᠯᠭᠤᠯᠲᠠ ᠶᠢᠨ ᠳᠠᠶᠢᠴᠢᠯᠠᠬᠤ ᠬᠡᠪᠴᠢᠶ᠎ᠡ ᠪᠠᠷ ᠥᠷᠭᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠶᠡᠭᠡ ᠪᠠᠷ ᠲᠡᠳᠬᠦᠨ ᠲᠡᠮᠵᠢᠵᠤ᠂ ᠠᠵᠤ ᠠᠬᠤᠢ ᠶᠢᠨ ᠨᠡᠮᠡᠭᠳᠡᠯ ᠤᠨ ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠰᠡᠨ ᠡᠶᠢᠮᠦ ᠨᠢᠭᠡ ᠦᠭᠡ ᠪᠣᠢ᠃ ᠡᠭᠦᠨ ᠤ ᠵᠡᠷᠭᠡ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠣᠯᠭᠤᠯᠲᠠ ᠶᠢᠨ ᠰᠠᠭᠤᠷᠢᠨ ᠭᠠᠵᠠᠷ ᠪᠠ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠳᠠᠮᠵᠢᠭᠤᠯᠤᠨ᠂ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠣᠶᠤᠨᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠬᠠᠩᠭᠠᠯᠭ᠎ᠠ ᠬᠡᠷᠡᠭᠴᠡᠭᠡ ᠶᠢᠨ ᠵᠣᠯᠭᠠᠯᠴᠠᠭ᠎ᠠ ᠶᠢ ᠪᠦᠲᠦᠮᠵᠢᠲᠡᠶ ᠵᠣᠬᠢᠶᠠᠨ ᠪᠠᠶᠢᠭᠤᠯᠵᠤ᠂ ᠨᠠᠩ ᠣᠯᠠᠨ ᠬᠥᠳᠡᠯᠮᠦᠷᠢᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠬᠠᠪᠰᠤᠷᠤᠨ᠎ᠠ᠃ ᠢᠯᠠᠩᠭᠤᠶ᠎ᠠ ᠬᠥᠮᠥᠰ ᠤᠨ ᠠᠩᠬᠠᠷᠤᠯ ᠢ ᠲᠠᠲᠠᠭᠰᠠᠨ ᠵᠦᠢᠯ ᠭᠡᠪᠡᠯ᠂ ︽ᠢᠯᠡᠳᠬᠡᠯ︾ ᠳᠤ ᠲᠦᠷᠭᠡᠨ ᠬᠦᠷᠭᠡᠯᠲᠡ ᠶᠢᠨ ᠠᠵᠢᠯᠴᠢᠳ᠂ ᠬᠤᠭᠤᠯᠠ ᠬᠦᠷᠭᠡᠬᠦ ᠠᠵᠢᠯᠲᠠᠨ ᠵᠡᠷᠭᠡ ᠠᠮᠢᠳᠤᠯᠢᠭ ᠢᠶᠠᠷ ᠠᠵᠢᠯ ᠣᠯᠣᠭᠰᠠᠳ ᠢ ᠣᠨᠴᠠᠭᠠᠶᠢᠯᠠᠨ ᠠᠩᠬᠠᠷᠴᠤ᠂ ᠲᠡᠳᠡᠨ ᠤ ᠨᠡᠶᠢᠭᠡᠮ ᠤᠨ ᠪᠠᠲᠤᠯᠠᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠴᠢᠷᠮᠠᠶᠢᠨ ᠠᠵᠢᠯᠯᠠᠵᠤ ᠪᠠᠶᠢᠭ᠎ᠠ ᠬᠥᠮᠥᠨ ᠨᠢᠭᠡ ᠪᠦᠷᠢ ᠶᠢ ᠴᠥᠮ ᠠᠵᠢᠯ ᠳᠤ ᠪᠠᠨ ᠨᠡᠷ᠎ᠡ ᠬᠦᠨᠳᠦᠲᠡᠢ᠂ ᠠᠮᠢᠳᠤᠷᠠᠯ ᠳᠤ ᠪᠠᠨ ᠪᠠᠲᠤᠯᠠᠭ᠎ᠠ ᠲᠠᠢ᠂ ᠬᠦᠷᠲᠡᠭᠡᠮᠵᠢᠲᠦ ᠲᠥᠷᠥᠭᠳᠡᠯ ᠲᠠᠢ ᠪᠣᠯᠭᠠᠬᠤ ᠬᠡᠷᠡᠭᠲᠡᠢ᠃ᠬᠥᠲᠥᠯᠥᠭᠴᠢ᠄      ᠲᠡᠭᠡᠪᠡᠯ ᠰᠤᠷᠭᠠᠨ ᠬᠥᠮᠦᠵᠢᠯ ᠤᠨ ᠠᠰᠠᠭᠤᠳᠠᠯ ᠨᠢ︖ ᠮᠢᠨᠤ ᠪᠤᠳᠤᠬᠤ ᠪᠠᠷ ᠥᠷᠭᠡᠨ ᠤᠯᠠᠨ ᠰᠦᠯᠵᠢᠶᠡᠨ ᠤ ᠨᠠᠶᠢᠵᠠ ᠨᠠᠷ ᠤᠨ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ ᠰᠡᠳᠦᠪ ᠪᠣᠯᠣᠨ᠎ᠠ᠂ ᠤᠴᠢᠷ ᠨᠢ ᠠᠶᠢᠯ ᠪᠣᠯᠭᠠᠨ ᠪᠦᠷ ᠪᠢᠴᠢᠭ ᠦᠵᠡᠵᠦ ᠪᠠᠶᠢᠭ᠎ᠠ ᠬᠡᠦᠬᠡᠳ ᠲᠠᠢ ᠶᠤᠮ᠃ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠠᠰᠤᠭ  ᠯᠢ ᠵᠢᠶᠠᠨ ᠵᠢᠶᠦ᠋ᠨ᠄      ᠲᠡᠶᠢᠮᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠪᠠ ᠠᠯᠪᠠᠨ ᠠᠴᠠ ᠡᠷᠭᠢᠯᠡᠭᠰᠡᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠵᠢᠷᠤᠮᠵᠢᠭᠤᠯᠤᠨ᠂ ᠠᠷᠠᠳ ᠠᠴᠠ ᠡᠷᠭᠢᠯᠡᠭᠰᠡᠨ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢᠳ ᠤᠨ ᠬᠤᠪᠢ ᠶᠢᠨ ᠵᠢᠩ ᠢ ᠠᠯᠬᠤᠮ ᠠᠯᠬᠤᠮ ᠢᠶᠠᠷ 5% ᠶᠢᠨ ᠳᠣᠲᠣᠷ᠎ᠠ ᠬᠦᠷᠲᠡᠯ᠎ᠡ ᠪᠠᠭᠤᠷᠠᠭᠤᠯᠵᠤ᠂ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠬᠡᠦᠬᠡᠳ ᠨᠢᠭᠡ ᠪᠦᠷᠢ ᠶᠢᠨ ᠴᠥᠮ ᠭᠡᠷ ᠤᠨ ᠢᠶᠠᠨ ᠣᠶᠢᠷᠠᠯᠴᠠᠭ᠎ᠠ ᠰᠤᠷᠭᠠᠭᠤᠯᠢ ᠳᠤ ᠣᠷᠣᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠠᠰᠠ ᠨᠢᠭᠡᠨ ᠭᠤᠣᠯᠳᠠᠯᠭ᠎ᠠ ᠲᠠᠢ ᠢᠨᠵᠧᠨᠧᠷᠢᠩ ᠭᠡᠪᠡᠯ᠂ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠵᠦ᠂ ᠳᠦᠷᠢᠮ ᠤᠨ ᠬᠤᠪᠢᠷᠠᠯᠲᠠ ᠪᠠᠷ ᠴᠢᠳᠠᠪᠤᠷᠢᠲᠠᠨ ᠢ ᠰᠢᠨᠵᠢᠯᠡᠬᠦ ᠤᠬᠠᠭᠠᠨᠴᠢ ᠪᠠᠷ ᠬᠥᠮᠥᠵᠢᠭᠦᠯᠬᠦ᠂ ᠪᠦᠬᠦ ᠲᠠᠯ᠎ᠠ ᠪᠠᠷ ᠬᠥᠭᠵᠢᠭᠦᠯᠬᠦ ᠶᠢ ᠠᠬᠢᠭᠤᠯᠤᠨ᠎ᠠ᠃ ᠮᠠᠨ ᠤ ᠣᠷᠣᠨ ᠤ ᠭᠤᠣᠯᠯᠠᠬᠤ ᠠᠵᠤ ᠦᠢᠯᠡᠰ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠬᠥᠭᠵᠢᠭᠦᠯᠵᠦ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠶᠢ ᠨᠠᠩ ᠰᠠᠶᠢᠲᠤᠷ ᠠᠬᠢᠭᠤᠯᠤᠨ᠎ᠠ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ᠯᠢᠶᠠᠩ ᠢᠦᠢ ᠳ᠋ᠢᠩ᠄      ᠪᠠᠰᠠ ᠡᠮᠴᠢᠯᠡᠭᠡ ᠡᠷᠡᠭᠦᠯ ᠬᠠᠮᠠᠭᠠᠯᠠᠯ ᠤᠨ ᠲᠠᠯ᠎ᠠ ᠪᠠᠷ᠂ ᠡᠨᠡ ᠵᠢᠯ ᠤᠨ ᠢᠯᠡᠳᠬᠡᠯ ᠳᠤ ᠭᠤᠣᠯᠳᠠᠭᠤ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠶᠢ ᠲᠤᠪᠤᠶᠢᠯᠭᠠᠪᠠ᠃ ᠨᠢᠭᠡ ᠳᠤ᠂ ᠨᠢᠳᠤᠨᠤᠨ ᠵᠢᠯ ᠤᠨ ᠭᠡᠨᠡᠳᠲᠡ ᠪᠠᠷ ᠡᠭᠦᠰᠦᠭᠰᠡᠨ ᠬᠢᠵᠢᠭ ᠤᠨ ᠪᠠᠶᠢᠳᠠᠯ ᠤᠨ ᠰᠤᠷᠭᠠᠮᠵᠢ ᠶᠢ ᠰᠢᠩᠭᠡᠭᠡᠨ ᠠᠪᠴᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ᠂ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠪᠠᠶᠢᠴᠠᠭᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠭᠠᠵᠠᠷ ᠨᠤᠲᠤᠭ ᠥᠷᠭᠡᠨ ᠠᠭᠤᠳᠠᠮ᠂ ᠬᠥᠮᠥᠨ ᠠᠮᠠ ᠴᠥᠭᠡᠨ ᠪᠠᠶᠢᠬᠤ ᠬᠡᠷᠡᠭᠴᠡᠭᠡ ᠱᠠᠭᠠᠷᠳᠠᠯᠭ᠎ᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠰᠢᠶᠠᠨ ᠤ ᠬᠡᠪᠴᠢᠶᠡᠨ ᠤ ᠴᠢᠭᠵᠢᠭᠦᠦ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ᠂ ᠱᠠᠩᠬᠠᠢ ᠥᠪᠥᠷ ᠮᠣᠩᠭᠤᠯ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠣᠷᠣᠨ ᠤ ᠳᠣᠲᠣᠷᠠᠬᠢ ᠡᠮᠴᠢᠯᠡᠭᠡᠨ ᠤ ᠮᠡᠷᠭᠡᠵᠢᠯ ᠤᠨ ᠴᠢᠳᠠᠪᠤᠷᠢ ᠪᠠ ᠡᠮᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠡᠪᠡᠳᠴᠢᠨ ᠢᠶᠠᠨ ᠦᠵᠡᠭᠦᠯᠬᠦ ᠳᠤ ᠣᠷᠣᠨ ᠠᠴᠠ ᠥᠯᠥ ᠭᠠᠷᠬᠤ ᠶᠢ ᠪᠡᠶᠡᠯᠡᠭᠦᠯᠦᠨ᠎ᠡ᠃ ᠭᠤᠷᠪᠠ ᠳᠤ᠂ ᠪᠠᠶᠢᠩᠭᠤ ᠲᠣᠬᠢᠶᠠᠯᠳᠤᠬᠤ ᠡᠪᠡᠳᠴᠢᠨ ᠤ ᠡᠮᠴᠢᠯᠡᠭᠡᠨ ᠳᠤ ᠬᠡᠷᠡᠭᠯᠡᠬᠦ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠪᠡᠳᠴᠢᠨ ᠤ ᠲᠥᠷᠥᠯ ᠵᠦᠢᠯ᠂ ᠡᠳᠦᠷ ᠪᠦᠷᠢ ᠶᠢᠨ ᠡᠪᠡᠳᠴᠢᠲᠡᠨ ᠤ ᠣᠷᠣ ᠡᠵᠡᠯᠡᠬᠦ ᠲᠤᠭ᠎ᠠ᠂ ᠡᠪᠡᠳᠴᠢᠲᠡᠨ ᠤ ᠲᠤᠭ᠎ᠠ ᠵᠡᠷᠭᠡ ᠣᠯᠠᠨ ᠡᠰᠢᠲᠦ ᠨᠡᠶᠢᠯᠡᠮᠡᠯ ᠬᠡᠯᠪᠡᠷᠢ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠴᠢᠷᠮᠠᠶᠢᠨ ᠬᠥᠩᠭᠡᠷᠡᠭᠦᠯᠦᠨ᠎ᠡ᠃ ︽ᠢᠯᠡᠳᠬᠡᠯ︾ ᠳᠤ ᠪᠠᠰᠠ ᠡᠮᠨᠡᠯᠭᠡ ᠶᠢᠨ ᠠᠵᠢᠯᠲᠠᠨ ᠢ ᠬᠠᠮᠠᠭᠠᠯᠠᠨ ᠬᠠᠯᠠᠮᠵᠢᠯᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ ᠭᠡᠵᠦ ᠣᠨᠴᠠᠭᠠᠶᠢᠯᠠᠨ ᠳᠤᠷᠠᠳᠤᠭᠰᠠᠨ ᠨᠢ ᠳᠠᠷᠤᠢ ᠡᠮᠨᠡᠯᠭᠡ ᠶᠢᠨ ᠠᠵᠢᠯᠲᠠᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠨᠡᠶᠢᠭᠡᠮ ᠳᠠᠶᠠᠭᠠᠷ ᠲᠤ ᠡᠮᠴᠢ ᠶᠢ ᠬᠦᠨᠳᠦᠳᠬᠡᠨ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠶᠠᠪᠤᠳᠠᠯ ᠪᠣᠯᠣᠨ᠎ᠠ᠃ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠠᠰᠤᠭ  ᠯᠢ ᠵᠢᠶᠠᠨ ᠵᠢᠶᠦ᠋ᠨ᠄      ᠬᠠᠮᠤᠭ ᠤᠨ ᠰᠡᠭᠦᠯ ᠳᠤ ᠪᠢᠳᠡ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ ᠠᠪᠴᠤ ᠦᠵᠡᠪᠡᠯ᠂ ᠡᠨᠡ ᠵᠢᠯ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠡᠨᠡ ᠵᠢᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ ᠬᠥᠮᠥᠨ ᠤ ᠲᠤᠭ᠎ᠠ ᠶᠢ 40 ᠲᠦᠮᠡ ᠨᠡᠮᠡᠭᠳᠡᠭᠦᠯᠦᠨ᠂ ᠳᠠᠭᠠᠳᠬᠠᠯ ᠳᠤ ᠣᠷᠤᠯᠴᠠᠬᠤ ᠨᠣᠷᠮ᠎ᠠ ᠶᠢ 86% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠪᠠᠰᠠ ᠲᠠᠷᠠᠭᠠᠴᠢ ᠶᠢᠨ ᠭᠤᠷᠪᠠᠨ ᠵᠢᠯ ᠳᠤ ᠵᠢᠯ ᠪᠦᠷᠢ 3 ᠵᠠᠭᠤᠨ ᠤ ᠴᠡᠭ ᠤᠨ ᠬᠤᠷᠳᠤᠴᠠ ᠪᠠᠷ ᠳᠠᠭᠠᠳᠬᠠᠯ ᠳᠤ ᠣᠷᠤᠯᠴᠠᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ 2025 ᠣᠨ ᠪᠣᠯᠬᠤ ᠳᠤ 95% ᠳᠤ ᠬᠦᠷᠭᠡᠬᠦ ᠪᠠᠷ ᠲᠥᠯᠥᠪᠯᠡᠵᠦ ᠪᠣᠢ᠂ ᠢᠩᠭᠢᠪᠡᠯ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠦᠨᠳᠦᠰᠦᠨ ᠳᠤ ᠪᠠᠨ ᠬᠦᠷᠬᠦ ᠪᠣᠯᠣᠨ᠎ᠠ᠃ ᠪᠢᠳᠡ ︽ᠨᠢᠭᠡ ᠨᠠᠰᠤᠲᠠᠨ ᠨᠢᠭᠡ ᠨᠢᠯᠬ᠎ᠠ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ ᠣᠯᠠᠨ ᠲᠠᠯ᠎ᠠ ᠶᠢᠨ ᠬᠦᠴᠦᠨ ᠢ ᠳᠠᠶᠢᠴᠢᠯᠠᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ︽ᠨᠠᠰᠤᠲᠠᠨ ᠢ ᠠᠰᠠᠷᠠᠬᠤ︾ ᠲᠠᠯ᠎ᠠ ᠪᠠᠷ᠂ ᠭᠡᠷ ᠳᠤ ᠪᠠᠨ ᠰᠠᠭᠤᠬᠤ ᠪᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠵᠤ᠂ ᠨᠠᠰᠤᠲᠠᠶᠢᠴᠤᠳ ᠤᠨ ᠨᠥᠬᠦᠷᠰᠡᠭ ᠨᠡᠶᠢᠭᠡᠮ ᠲᠣᠭᠤᠷᠢᠭ᠂ ᠨᠥᠬᠦᠷᠰᠡᠭ ᠡᠮᠴᠢᠯᠡᠭᠡᠨ ᠤ ᠪᠠᠶᠢᠭᠤᠯᠤᠮᠵᠢ᠂ ᠨᠠᠰᠤᠲᠠᠨ ᠳᠤ ᠲᠣᠬᠢᠷᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ︽ᠨᠢᠯᠬᠠᠰ ᠢ ᠬᠥᠮᠥᠵᠢᠭᠦᠯᠬᠦ︾ ᠲᠠᠯ᠎ᠠ ᠪᠠᠷ᠂ ᠬᠥᠩᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠥᠩᠭᠡᠵᠢᠯᠲᠡ ᠶᠢᠨ ᠴᠢᠯᠦᠭᠡ᠂ ᠬᠥᠩᠭᠡᠵᠢᠯᠲᠡ ᠳᠤ ᠪᠠᠷ᠎ᠠ ᠪᠣᠯᠬᠤ ᠴᠢᠯᠦᠭᠡ᠂ ᠬᠤᠪᠢ ᠬᠥᠮᠥᠨ ᠤ ᠠᠰᠢᠭ ᠣᠷᠣᠯᠭ᠎ᠠ ᠶᠢᠨ

        365赢多少钱会被限额_国内有真正的365平台吗_365bet博彩官网

        ᠭᠠᠶᠢᠯᠢ ᠶᠢ ᠰᠠᠭᠤᠳᠬᠠᠨ ᠬᠠᠰᠤᠬᠤ ᠵᠡᠷᠭᠡ ᠳᠦᠷᠢᠮ ᠢ ᠨᠠᠶᠢᠳᠠᠪᠤᠷᠢᠵᠢᠭᠤᠯᠤᠨ᠂ ᠨᠢᠷᠠᠢ ᠨᠢᠯᠬ᠎ᠠ ᠬᠡᠦᠬᠡᠳ ᠤᠨ ᠠᠰᠠᠷᠠᠨ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠡᠦᠬᠡᠳ ᠰᠠᠭᠠᠲᠠᠭᠤᠯᠬᠤ ᠣᠷᠣᠨ ᠲᠤᠭ᠎ᠠ ᠶᠢ ᠨᠡᠮᠡᠭᠳᠡᠭᠦᠯᠦᠨ᠎ᠡ᠃ ︽ᠰᠠᠭᠤᠬᠤ ᠠᠴᠠ ᠣᠷᠣᠨ ᠰᠠᠭᠤᠴᠠ ᠲᠠᠢ︾ ᠪᠠᠶᠢᠬᠤ ᠲᠠᠯ᠎ᠠ ᠪᠠᠷ᠂ ᠬᠤᠳᠠ ᠪᠠᠯᠭᠠᠰᠤᠨ ᠤ 21.37 ᠲᠦᠮᠡᠨ ᠡᠷᠤᠭᠡ ᠶᠢᠨ ᠬᠠᠭᠤᠴᠢᠨ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ᠂ ᠲᠦᠮᠡᠨ ᠢᠵᠢ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ᠂ 1.2 ᠲᠦᠮᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠬᠤ ᠶᠢ ᠬᠡᠷᠡᠭᠵᠢᠭᠦᠯᠵᠦ᠂ ᠡᠳᠡᠭᠡᠷ ᠪᠣᠳᠠᠲᠠᠢ ᠲᠤᠭ᠎ᠠ ᠪᠠᠷᠢᠮᠲᠠ ᠪᠠᠷ ᠳᠠᠮᠵᠢᠭᠤᠯᠤᠨ ᠤᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠦᠨᠡᠨ ᠬᠦ ᠪᠠᠲᠤᠯᠠᠨ᠎ᠠ᠃ ︽ᠬᠦᠴᠢᠷᠳᠡᠯ ᠲᠠᠢ ᠪᠣᠯ ᠲᠤᠰᠠᠯᠠᠮᠵᠢ ᠣᠯᠭᠤᠬᠤ︾ ᠲᠠᠯ᠎ᠠ ᠪᠠᠷ᠂ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠳᠣᠣᠷ᠎ᠠ ᠪᠠᠲᠤᠯᠠᠭᠠᠲᠤ ᠡᠷᠦᠬᠡ᠂ ᠣᠨᠴᠠ ᠬᠦᠴᠢᠷᠳᠡᠯᠲᠡᠢ ᠬᠥᠮᠥᠰ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠶᠢᠨ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠦᠴᠢᠷᠳᠡᠯ ᠲᠠᠢ ᠶᠢ ᠵᠠᠪᠠᠯ ᠬᠠᠪᠰᠤᠷᠬᠤ᠂ ᠬᠦᠴᠢᠷᠳᠡᠯ ᠲᠠᠢ ᠶᠢ ᠵᠠᠪᠠᠯ ᠠᠪᠤᠷᠠᠬᠤ ᠶᠢ ᠦᠨᠡᠨ ᠬᠦ ᠪᠡᠶᠡᠯᠡᠭᠦᠯᠦᠨ᠎ᠡ᠃ᠬᠥᠲᠥᠯᠥᠭᠴᠢ᠄      ᠮᠠᠨ ᠤ ᠥᠨᠥᠳᠥᠷ ᠤᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠫᠷᠣᠭ᠍ᠷᠠᠮ ᠳᠤ ᠬᠦᠷᠦᠯᠴᠡᠨ ᠢᠷᠡᠭᠰᠡᠨ ᠯᠢᠶᠠᠩ ᠢᠦᠢ ᠳ᠋ᠢᠩ ᠨᠥᠬᠦᠷ ᠪᠣᠯᠣᠨ ᠯᠢ ᠵᠢᠶᠠᠨ ᠵᠢᠶᠦ᠋ᠨ ᠨᠥᠬᠦᠷ ᠲᠤ ᠲᠤᠶᠢᠯ ᠢᠶᠠᠷ ᠲᠠᠯᠠᠷᠬᠠᠵᠤ ᠪᠠᠶᠢᠨ᠎ᠠ᠃ ᠵᠠ᠂ ᠥᠨᠥᠳᠥᠷ ᠤᠨ ᠰᠤᠷᠪᠤᠯᠵᠢᠯᠠᠭ᠎ᠠ ᠠᠳᠡ ᠬᠥᠷᠥᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠫᠷᠣᠭ᠍ᠷᠠᠮ ᠳᠤ ᠪᠠᠶᠠᠷᠲᠠᠢ ᠠᠭᠤᠯᠵᠠᠶ᠎ᠠ᠃ 
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ