ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 2 ᠳ᠋ᠤᠭᠠᠷ ᠲᠣᠭᠠᠲᠤ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠬᠢᠲᠠᠳ ᠡᠮ ᠡᠮᠨᠡᠯᠭᠡ ᠶᠢᠨ ᠣᠨᠴᠠᠯᠢᠭ ᠲᠠᠢ ᠬᠥᠭᠵᠢᠯᠲᠡ ᠶᠢ ᠲᠦᠷᠭᠡᠳᠬᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2021﹈ 3 ᠳ᠋ᠤᠭᠠᠷ ᠲᠣᠭᠠᠲᠤ︶ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠥᠪᠡᠷᠮᠢᠴᠡ ᠣᠨᠴᠠᠯᠢᠭ ᠲᠠᠢ ᠡᠷᠡᠭᠦᠯ ᠬᠠᠮᠠᠭᠠᠯᠠᠯ ᠤᠨ ᠡᠬᠢ | ᠪᠠᠶᠠᠯᠢᠭ᠂ ᠳᠠᠯᠳᠠ ᠬᠦᠴᠦᠨ ᠢᠶᠠᠷ ᠯᠤᠲᠤ ᠶᠡᠭᠡ ᠲᠠᠢ ᠠᠵᠤ ᠠᠬᠤᠶ ᠶᠢᠨ ᠡᠬᠢ ᠪᠠᠶᠠᠯᠢᠭ᠂ ᠠᠩᠬᠠᠨ ᠤ ᠡᠭᠦᠳᠦᠯᠲᠡ ᠶᠢᠨ ᠳᠠᠪᠠᠭᠤᠯᠢᠭ ᠲᠠᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠡᠬᠢ ᠪᠠᠶᠠᠯᠢᠭ᠂ ᠰᠢᠯᠢᠳᠡᠭ ᠰᠣᠶᠣᠯ ᠤᠨ ᠡᠬᠢ ᠪᠠᠶᠠᠯᠢᠭ ᠪᠠ ᠴᠢᠬᠤᠯᠠ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ | ᠪᠠᠳᠠᠷᠠᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠤᠤᠷᠠᠬᠢ ᠮᠡᠲᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠪᠠ᠃ | ᠨᠢᠭᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠬᠡᠷᠡᠭᠲᠡᠢ | ︵ᠨᠢᠭᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠳᠠᠬᠢ ᠬᠢᠲᠠᠳ ᠠᠨᠠᠭᠠᠬᠤ ᠤᠬᠠᠭᠠᠨ ︵ᠮᠣᠩᠭᠤᠯ ᠠᠨᠠᠭᠠᠬᠤ | ᠤᠬᠠᠭᠠᠨ︶ ᠤ ᠬᠢᠴᠢᠶᠡᠯ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠷᠢᠰᠢᠭᠤᠯᠤᠯ ᠢ ᠲᠣᠬᠢᠷᠠᠭᠤᠯᠤᠨ ᠰᠢᠯᠢᠳᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠬᠢᠴᠢᠶᠡᠯ ᠢᠶᠠᠷ ᠭᠤᠣᠯ ᠪᠣᠯᠭᠠᠭᠰᠠᠨ᠂ ᠤᠷᠢᠳ ᠢᠶᠠᠷ ᠬᠢᠲᠠᠳ ︵ᠮᠣᠩᠭᠤᠯ︶ ᠡᠮᠨᠡᠯᠭᠡ ᠳᠠᠷᠠᠭ᠎ᠠ ᠨᠢ ᠡᠸᠦ᠋ᠷᠦᠫᠡ ᠡᠮᠨᠡᠯᠭᠡ ᠶᠢᠨ ᠲᠤᠰᠬᠠᠶ ᠮᠡᠷᠭᠡᠵᠢᠯ ᠤᠨ 365赢多少钱会被限额_国内有真正的365平台吗_365bet博彩官网 | ᠬᠢᠴᠢᠶᠡᠯ ᠤᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠳᠠᠬᠢ ᠬᠢᠵᠢᠭ ᠡᠪᠡᠳᠴᠢᠨ ᠤ ᠬᠢᠴᠢᠶᠡᠯ ᠢ ᠨᠡᠮᠡᠵᠦ | ᠲᠣᠬᠢᠷᠠᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠭᠠᠭᠤᠯᠤᠭᠴᠢ ᠴᠢᠳᠠᠪᠤᠷᠢᠲᠠᠨ ᠢ ᠰᠢᠯᠢᠨ ᠳᠡᠪᠰᠢᠭᠦᠯᠵᠦ ᠬᠥᠮᠦᠵᠢᠭᠦᠯᠬᠦ ᠪᠠᠨ 365赢多少钱会被限额_国内有真正的365平台吗_365bet博彩官网 | ᠴᠢᠩᠭᠠᠳᠬᠠᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠡᠳᠬᠢᠬᠦᠶ ᠲᠠᠢ ᠪᠣᠯᠭᠠᠬᠤ ᠪᠠ ᠡᠮᠴᠢᠯᠡᠭᠡᠨ ᠤ ᠮᠡᠷᠭᠡᠵᠢᠯ ᠴᠢᠳᠠᠪᠤᠷᠢ ᠶᠢ ᠨᠢ | ᠪᠣᠯᠪᠠᠰᠤᠷᠠᠭᠤᠯᠬᠤ ᠶᠢ ᠰᠤᠷᠤᠭᠴᠢᠳ ᠤᠨ ᠰᠤᠷᠤᠯᠭ᠎ᠠ ᠳᠤ ᠦᠨᠡᠯᠡᠯᠲᠡ ᠬᠢᠬᠦ ᠶᠢᠨ ᠭᠤᠣᠯ ᠠᠭᠤᠯᠭ᠎ᠠ ᠪᠣᠯᠭᠠᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠶᠡᠭᠡ ᠳᠡᠭᠡᠳᠦ ᠰᠤᠷᠭᠠᠭᠤᠯᠢ ᠶᠢᠨ ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ ᠳᠠᠮᠵᠢᠵᠤ᠂ ᠤᠯᠤᠰ ᠤᠨ ᠲᠡᠰ ᠤᠨ ᠪᠠ ᠥᠪᠡᠷᠲᠡᠭᠡᠨ ᠵᠠᠰᠠᠬᠤ | ᠣᠷᠣᠨ ᠤ ᠲᠡᠰ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠡᠷᠢᠭᠦᠨ ᠲᠡᠰ ᠤᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠪᠤᠢ ᠪᠣᠯᠭᠠᠬᠤ | ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠪᠡᠶ᠎ᠡ ᠰᠤᠪᠢᠯᠠᠬᠤ ᠤᠬᠠᠭᠠᠨ᠂ ᠶᠠᠰᠤᠨ ᠤ ᠭᠡᠮᠲᠦᠯ ᠤᠨ ᠤᠬᠠᠭᠠᠨ᠂ ᠡᠷᠡᠭᠦᠯᠵᠢᠭᠦᠯᠬᠦ ᠤᠬᠠᠭᠠᠨ᠂ | ᠡᠮᠴᠢᠯᠡᠭᠡᠨ ᠤ ᠤᠬᠠᠭᠠᠨ᠂ ᠰᠡᠳᠬᠢᠴᠡ ᠵᠦᠶ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠬᠤ ᠵᠡᠷᠭᠡ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ | ᠲᠣᠬᠢᠷᠠᠭᠤᠯᠵᠤ ᠪᠠᠶᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠲᠣᠭᠲᠠᠴᠠ ᠪᠠ ᠬᠥᠮᠦᠵᠢᠭᠦᠯᠬᠦ ᠠᠭᠤᠯᠭ᠎ᠠ ᠶᠢ | ᠥᠭᠡᠷᠡᠴᠢᠯᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠥᠨᠳᠥᠷ ᠬᠢᠷᠢ ᠲᠦᠪᠰᠢᠨ ᠲᠠᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ᠪᠠ ᠲᠤᠰᠬᠠᠶ ᠮᠡᠷᠭᠡᠵᠢᠯ ︵ᠪᠦᠯᠦᠭᠵᠢᠯ︶ ᠤᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢᠶᠠᠨ | ᠳᠡᠭᠡᠭᠰᠢᠯᠡᠭᠦᠯᠦᠨ ᠰᠢᠯᠢᠳᠡᠭ ᠰᠠᠶᠢᠨ ᠢ ᠬᠥᠮᠥᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠥᠷᠨᠢᠭᠦᠯᠵᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ ᠶᠢ ᠳᠡᠮᠵᠢᠵᠦ ᠪᠠᠶᠢᠭᠠᠳ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠡᠮᠴᠢᠯᠡᠭᠡᠨ ᠤ ᠵᠢᠭᠠᠨ | ᠰᠤᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠨᠢᠭᠡ ᠪᠦᠯᠦᠭ ᠡᠮᠴᠢᠯᠡᠭᠡᠨ ᠤ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠬᠤ | ᠬᠡᠷᠡᠭᠲᠡᠢ᠃ ᠨᠥᠬᠦᠴᠡᠯ ᠳᠤ ᠨᠡᠶᠢᠴᠡᠬᠦ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ᠂ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠡᠭᠦᠳᠡᠨ ᠡᠮᠨᠡᠯᠭᠡ ᠶᠢᠨ ᠭᠠᠵᠠᠷ ᠵᠢᠴᠢ ᠡᠮᠨᠡᠬᠦ ᠭᠠᠵᠠᠷ ᠵᠡᠷᠭᠡ ᠳᠤ ᠡᠮᠴᠢᠯᠡᠭᠡᠨ ᠤ ᠵᠢᠭᠠᠨ ᠰᠤᠷᠭᠠᠯᠲᠠ ᠶᠢᠨ ᠲᠣᠭᠲᠠᠯᠴᠠᠭ᠎ᠠ ᠶᠢ | ᠣᠷᠣᠭᠤᠯᠬᠤ ᠪᠠᠨ ᠵᠥᠪᠰᠢᠶᠡᠷᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠥᠷᠥᠯ ᠤᠨ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠢ | ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ᠂ ᠲᠡᠷᠢᠭᠦᠨ ᠳᠤ ᠵᠢᠭᠰᠠᠭᠠᠭᠳᠠᠭᠰᠠᠨ ᠨᠢ ᠲᠦᠷᠦᠭᠦᠯᠡᠨ ᠬᠢᠬᠦ ᠨᠢᠭᠡᠴᠢ ᠪᠣᠯᠤᠨ᠎ᠠ᠂ | ᠳᠣᠷᠣᠭᠰᠢ ᠠᠳᠠᠯᠢ︶ | ︵ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠭᠰᠢ ᠠᠴᠠ ᠤᠯᠠᠮᠵᠢᠯᠠᠬᠤ ᠰᠤᠷᠭᠠᠨ ᠬᠥᠮᠦᠵᠢᠯ ᠢ ᠬᠥᠭᠵᠢᠭᠦᠯᠬᠦ ᠪᠠᠨ ᠪᠠᠷᠢᠮᠲᠠᠯᠠᠬᠤ | ᠬᠡᠷᠡᠭᠲᠡᠢ᠃ ᠣᠯᠠᠨ ᠳᠡᠰ ᠳᠠᠪᠬᠤᠷᠭ᠎ᠠ ᠶᠢᠨ ᠡᠷᠳᠡᠮ ᠰᠢᠨᠵᠢᠯᠡᠭᠡᠨ ᠤ ᠲᠤᠷᠰᠢᠯᠭ᠎ᠠ ᠤᠯᠠᠮᠵᠢᠯᠠᠬᠤ᠂ ᠨᠡᠷᠡᠲᠡᠢ ᠠᠬᠠᠮᠠᠳ ᠲᠤᠰᠬᠠᠶ ᠮᠡᠷᠭᠡᠵᠢᠯᠲᠡᠨ ᠤ ᠡᠷᠳᠡᠮ ᠤᠯᠠᠮᠵᠢᠯᠠᠬᠤ | ᠠᠵᠢᠯ ᠤᠨ ᠲᠠᠰᠤᠭ ᠤᠨ ᠵᠠᠯᠭᠠᠮᠵᠢᠯᠠᠭᠴᠢ ᠬᠥᠮᠦᠵᠢᠭᠦᠯᠬᠦ ᠵᠡᠷᠭᠡ ᠴᠢᠳᠠᠪᠤᠷᠢᠲᠠᠨ ᠬᠥᠮᠦᠵᠢᠭᠦᠯᠬᠦ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠠᠭᠰᠢ | ᠱᠠᠪᠢ ᠳᠠᠭᠠᠭᠤᠯᠬᠤ ᠬᠡᠪᠴᠢᠶ᠎ᠡ ᠪᠠ ᠲᠤᠭ᠎ᠠ ᠶᠢ ᠥᠷᠭᠡᠳᠬᠡᠨ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠪᠠᠭᠰᠢ ᠠᠴᠠ | ᠤᠯᠠᠮᠵᠢᠯᠠᠬᠤ ᠰᠤᠷᠭᠠᠨ ᠬᠥᠮᠦᠵᠢᠯ ᠢ ᠡᠮᠴᠢᠯᠡᠭᠡᠨ ᠤ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠶᠡᠭᠡ ᠳᠡᠭᠡᠳᠦ | ᠵᠡᠷᠭᠡ ᠶᠢᠨ ᠰᠤᠷᠭᠠᠭᠤᠯᠢ ᠶᠢᠨ ︽ᠬᠤᠣᠰ ᠬᠢᠷᠢ ᠬᠡᠮ ᠲᠠᠢ︾ ᠪᠠᠭᠰᠢ ᠶᠢᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠰᠠᠭᠤᠷᠢ᠂ ᠰᠣᠩᠭᠤᠳᠠᠭ ᠬᠢᠴᠢᠶᠡᠯ ᠤᠨ ᠪᠠᠭᠰᠢ ᠵᠢᠴᠢ ᠡᠮᠴᠢᠯᠡᠭᠡᠨ ᠤ ᠪᠠᠭᠰᠢ᠂ ᠪᠠᠭᠰᠢ ᠠᠴᠠ ᠤᠯᠠᠮᠵᠢᠯᠠᠬᠤ ᠵᠢᠯᠣᠭᠤᠳᠣᠭᠴᠢ ᠪᠠᠭᠰᠢ ᠶᠢ | ᠬᠥᠮᠦᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ᠪᠠᠭᠰᠢᠯᠠᠭᠴᠢᠳ ᠤᠨ ᠬᠢᠴᠢᠶᠡᠯ ᠵᠢᠭᠠᠬᠤ᠂ ᠡᠮᠴᠢᠯᠡᠭᠡᠨ ᠢᠶᠠᠷ ᠳᠠᠭᠠᠭᠤᠯᠤᠨ ᠰᠤᠷᠭᠠᠬᠤ ᠳᠤ ᠤᠷᠮᠠᠰᠢᠭᠤᠯᠬᠤ | ᠲᠣᠭᠲᠠᠴᠠ ᠶᠢ ᠪᠥᠷᠢᠨᠰᠢᠬᠦᠯᠵᠤ᠂ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠱᠠᠪᠢ ᠳᠠᠭᠠᠭᠤᠯᠬᠤ ᠡᠭᠦᠷᠭᠡ ᠡᠭᠦᠷᠭᠡᠯᠡᠭᠰᠡᠨ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠶᠡᠭᠡ ᠡᠮᠴᠢ ᠲᠡᠶᠢᠰᠢ ᠵᠣᠬᠢᠰᠲᠠᠢ ᠬᠡᠯᠪᠡᠶᠢᠯᠭᠡᠬᠦ ᠬᠡᠷᠡᠭᠲᠡᠢ᠃ ᠨᠥᠬᠦᠴᠡᠯ ᠳᠤ ᠨᠡᠶᠢᠴᠡᠬᠦ ᠵᠠᠯᠭᠠᠮᠵᠢᠯᠠᠭᠴᠢ ᠶᠢᠨ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠰᠢᠯᠭᠠᠯᠲᠠ ᠶᠢᠨ ᠬᠢᠴᠢᠶᠡᠯ ᠲᠥᠷᠥᠯ ᠳᠤ ᠠᠨᠠᠭᠠᠬᠤ ᠤᠬᠠᠭᠠᠨ ᠤ ᠡᠷᠲᠡᠨ ᠤ ᠬᠢᠲᠡᠳ ᠥᠰᠥᠭ ᠤᠨ | ᠰᠢᠯᠭᠠᠯᠲᠠ ᠪᠠᠷ ᠭᠠᠳᠠᠭᠠᠳᠤ ᠬᠡᠯᠡᠨ ᠤ ᠰᠢᠯᠭᠠᠯᠲᠠ ᠶᠢ ᠣᠷᠣᠯᠠᠭᠤᠯᠵᠤ ᠠᠳᠠᠯᠢ ᠵᠡᠷᠭᠡ ᠶᠢᠨ ᠡᠷᠳᠡᠮ ᠴᠢᠳᠠᠪᠤᠷᠢ ᠭᠤᠶᠤᠴᠢᠯᠠᠬᠤ ᠶᠢ ᠨᠢ ᠳᠡᠮᠵᠢᠬᠦ ᠬᠡᠷᠡᠭᠲᠡᠢ᠃ | ᠪᠠᠭᠰᠢ ᠠᠴᠠ ᠤᠯᠠᠮᠵᠢᠯᠠᠬᠤ ᠰᠤᠷᠭᠠᠨ ᠬᠥᠮᠦᠵᠢᠯ ᠬᠢᠭᠡᠳ ᠠᠳᠠᠯᠢ ᠵᠡᠷᠭᠡ ᠶᠢᠨ ᠡᠷᠳᠡᠮ ᠴᠢᠳᠠᠪᠤᠷᠢ ᠶᠢᠨ ᠰᠤᠷᠭᠠᠨ ᠬᠥᠮᠦᠵᠢᠯ ᠢ ᠤᠶᠠᠯᠳᠤᠭᠤᠯᠤᠭᠰᠠᠨ ᠴᠢᠳᠠᠪᠤᠷᠢᠲᠠᠨ | ᠬᠥᠮᠦᠵᠢᠭᠦᠯᠬᠦ ᠲᠣᠭᠲᠠᠴᠠ ᠶᠢ ᠰᠦᠪᠡᠭᠴᠢᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ | ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠭᠤᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠶᠢ ᠨᠢ ᠴᠢᠩᠭᠠᠳᠬᠠᠬᠤ ᠬᠡᠷᠡᠭᠲᠡᠢ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠮ᠎ᠡ ᠶᠣᠰᠣᠨ ᠳᠤ ᠨᠡᠶᠢᠴᠡᠭᠰᠡᠨ ᠴᠢᠳᠠᠪᠤᠷᠢᠲᠠᠨ ᠢ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠰᠢᠯᠢᠳᠡᠭ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠴᠢᠳᠠᠪᠤᠷᠢ᠂ ᠡᠮᠴᠢ ᠶᠢᠨ ᠮᠣᠷᠠᠯ ᠰᠤᠷᠲᠠᠯ ᠢ ᠮᠡᠷᠭᠡᠵᠢᠯ ᠤᠨ | ᠴᠣᠯᠠ ᠰᠢᠯᠭᠠᠷᠠᠭᠤᠯᠤᠨ ᠲᠣᠭᠲᠠᠭᠠᠬᠤ᠂ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠴᠠᠯᠢᠩ ᠬᠥᠯᠥᠰᠥ ᠪᠠᠷ ᠱᠠᠩᠨᠠᠬᠤ᠂ ᠲᠤᠰᠢᠶᠠᠯ ᠳᠤ ᠳᠡᠪᠰᠢᠭᠦᠯᠬᠦ ᠶᠢᠨ ᠭᠤᠤᠯ | ᠦᠨᠳᠦᠰᠦᠯᠡᠯ ᠪᠣᠯᠭᠠᠬᠤ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠵᠡᠷᠭᠡ ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠢ ᠲᠠᠨᠢᠯᠴᠠᠭᠤᠯᠬᠤ᠂ ᠰᠢᠯᠭᠠᠷᠠᠭᠤᠯᠬᠤ ᠠᠵᠢᠯ ᠳᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ | ᠠᠵᠢᠯ ᠳᠤ ᠲᠤᠰᠠᠭᠠᠷ ᠲᠥᠯᠥᠪᠯᠡᠭᠡ ᠲᠣᠭᠲᠠᠭᠠᠵᠤ᠂ ᠲᠤᠰᠠᠭᠠᠷ ᠦᠨᠡᠯᠡᠬᠦ ᠶᠢ ᠰᠦᠪᠡᠭᠴᠢᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠬᠤᠶᠠᠷ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠬᠤ ᠳᠦᠷᠢᠮ ᠢᠶᠠᠨ ᠲᠡᠭᠦᠯᠳᠡᠷᠵᠢᠭᠦᠯᠬᠦ ᠬᠡᠷᠡᠭᠲᠡᠢ | ︵ᠳᠥᠷᠪᠡ︶ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠴᠢᠯᠡᠭᠡᠨ ᠤ ᠵᠠᠭᠪᠤᠷ ᠢ ᠲᠡᠭᠦᠯᠳᠡᠷᠵᠢᠭᠦᠯᠬᠦ ᠬᠡᠷᠡᠭᠲᠡᠢ᠃ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ ᠵᠢᠴᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠯᠠᠭ᠎ᠠ ᠲᠠᠰᠤᠭ ᠤᠨ ᠬᠤᠭᠤᠷᠣᠨᠳᠣ᠂ | ᠡᠮᠨᠡᠯᠭᠡ ᠶᠢᠨ ᠬᠤᠷᠢᠶ᠎ᠠ ᠶᠢᠨ ᠬᠤᠭᠤᠷᠣᠨᠳᠣ ᠪᠠ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠭᠠᠳᠤ ᠳᠠᠬᠢ ᠬᠠᠮᠵᠢᠯᠴᠠᠵᠤ ᠬᠤᠷᠰᠢᠭᠰᠠᠨ ᠬᠢᠲᠠᠳ ︵ᠮᠣᠩᠭᠤᠯ︶ | ᠧᠦ᠋ᠷᠣᠫᠠ ᠡᠮᠨᠡᠯᠭᠡ ᠪᠠᠨ ᠤᠶᠠᠯᠳᠤᠭᠤᠯᠤᠨ ᠣᠨᠣᠰᠢᠯᠠᠵᠤ ᠡᠮᠨᠡᠬᠦ ᠵᠠᠭᠪᠤᠷ ᠢ ᠪᠠᠶᠢᠭᠤᠯᠵᠤ᠂ ᠨᠢᠭᠡ ᠪᠦᠯᠦᠭ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢᠨ | ᠬᠠᠮᠵᠢᠯᠴᠠᠭᠰᠠᠨ ︽ᠬᠤᠰᠢᠭᠤᠴᠢ︾ ᠡᠮᠨᠡᠯᠭᠡ ᠶᠢᠨ ᠬᠤᠷᠢᠶ᠎ᠠ᠂ ︽ᠬᠤᠰᠢᠭᠤᠴᠢ︾ ᠰᠠᠯᠠᠭ᠎ᠠ ᠲᠠᠰᠤᠭ ᠪᠠ ︽ᠬᠤᠰᠢᠭᠤᠴᠢ︾ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠣᠶ ᠪᠣᠯᠭᠠᠨ᠎ᠠ᠃ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠠᠵᠢᠯ ᠤᠨ ᠦᠷ᠎ᠡ | ᠪᠦᠲᠦᠮᠵᠢ ᠶᠢ ᠨᠢ ᠡᠮᠨᠡᠯᠭᠡ ᠶᠢᠨ ᠬᠤᠷᠢᠶᠠᠨ ᠤ ᠵᠡᠷᠭᠡ ᠳᠡᠰ ᠢ ᠰᠢᠯᠭᠠᠷᠠᠭᠤᠯᠤᠨ ᠲᠣᠭᠲᠠᠭᠠᠬᠤ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ | ᠣᠷᠣᠭᠤᠯᠬᠤ ᠬᠡᠷᠡᠭᠲᠡᠢ᠃ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠶᠡᠭᠡ ᠡᠮᠴᠢ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠲᠤᠰᠬᠠᠶ ᠮᠡᠷᠭᠡᠵᠢᠯ ᠤᠨ ᠮᠡᠳᠡᠯᠭᠡ ᠶᠢᠨ ᠡᠭᠡᠯᠵᠢᠯᠡᠨ ᠪᠣᠯᠪᠠᠰᠤᠷᠠᠭᠤᠯᠤᠯ ᠬᠢᠵᠦ᠂ ᠲᠡᠳᠡᠨ ᠳᠤ ᠲᠣᠰ ᠰᠠᠯᠠᠭ᠎ᠠ ᠲᠠᠰᠤᠭ ᠤᠨ ᠲᠤᠰᠬᠠᠶ ᠮᠡᠷᠭᠡᠵᠢᠯ ᠤᠨ ᠬᠦᠷᠢᠶᠡᠨ ᠤ | ᠡᠩ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠣᠰᠢᠯᠠᠵᠤ ᠡᠮᠨᠡᠬᠦ ᠴᠢᠳᠠᠪᠤᠷᠢ ᠲᠠᠢ ᠪᠣᠯᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠲᠠᠪᠤ︶ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢᠨ ᠬᠠᠮᠵᠢᠯᠴᠠᠵᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠣᠭᠲᠠᠴᠠ ᠶᠢ ᠪᠦᠷᠢᠨᠰᠢᠭᠦᠯᠬᠦ | ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠪᠠ ᠮᠡᠷᠭᠡᠵᠢᠯ ᠤᠨ ᠲᠥᠰᠦᠯ ᠳᠤ ᠠᠭᠤᠰᠬᠠᠨ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ ᠳᠤ ᠮᠠᠰᠢ ᠲᠦᠷᠭᠡᠨ ᠪᠥᠭᠡᠳ ᠪᠥᠬᠦ ᠲᠠᠯ᠎ᠠ ᠪᠠᠷ ᠣᠷᠣᠯᠴᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠡᠩᠨᠡᠭᠡ ᠶᠢ | ᠪᠠᠶᠢᠭᠤᠯᠵᠤ᠂ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠭᠤᠣᠯᠯᠠᠭᠴᠢ | ᠴᠢᠳᠠᠪᠤᠷᠢᠲᠠᠨ ᠤ ᠬᠥᠮᠥᠷᠭᠡ ᠵᠢᠴᠢ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠳᠠᠷᠤᠬᠤ ᠣᠨᠣᠯ ᠮᠡᠷᠭᠡᠵᠢᠯ ᠤᠨ ᠠᠷᠭ᠎ᠠ ᠪᠠ ᠬᠠᠮᠢᠶ᠎ᠠ ᠪᠥᠬᠦᠶ ᠣᠲᠣ ᠦᠶ᠎ᠡ ᠶᠢᠨ ᠠᠨᠠᠭᠠᠬᠤ ᠤᠬᠠᠭᠠᠨ ᠤ | ᠮᠡᠷᠭᠡᠵᠢᠯ ᠤᠨ ᠪᠣᠯᠪᠠᠰᠤᠷᠠᠯ ᠢ ᠴᠢᠩᠭᠠᠷᠠᠭᠤᠯᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠰᠠᠯᠠᠭ᠎ᠠ ᠮᠥᠴᠢᠷ ᠪᠠ ᠲᠤᠰᠬᠠᠶ ᠮᠡᠷᠭᠡᠵᠢᠯᠲᠡᠨ ᠤ ᠡᠩᠨᠡᠭᠡ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠵᠢᠷᠭᠤᠭ᠎ᠠ︶ ᠧᠦ᠋ᠷᠣᠫᠠ ᠡᠮᠨᠡᠯᠭᠡ ᠶᠢᠨ ᠬᠢᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠰᠤᠷᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠴᠢᠶᠡᠯ ᠢ ᠵᠢᠩᠬᠢᠨᠢ ᠠᠩᠭᠢ ᠶᠢᠨ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠵᠠᠪᠠᠯ | ᠰᠤᠷᠬᠤ ᠬᠢᠴᠢᠶᠡᠯ ᠪᠠ ᠲᠡᠭᠦᠰᠬᠦ ᠳᠠᠳᠤᠯᠭ᠎ᠠ ᠶᠢᠨ ᠠᠭᠤᠯᠭ᠎ᠠ ᠳᠤ ᠣᠷᠣᠭᠤᠯᠵᠤ᠂ ᠬᠢᠴᠢᠶᠡᠯ ᠤᠨ ᠬᠢᠴᠢᠶᠡᠯᠯᠡᠬᠦ ᠴᠠᠭ ᠢ ᠨᠢ ᠨᠡᠮᠡᠭᠳᠡᠭᠦᠯᠬᠦ ᠬᠡᠷᠡᠭᠲᠡᠢ᠃ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠡᠮᠴᠢᠯᠡᠭᠡᠨ ᠤ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠳᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠭᠤᠷᠢ ᠪᠠ | ᠲᠣᠬᠢᠷᠠᠬᠤ ᠮᠡᠷᠭᠡᠵᠢᠯ ᠤᠨ ᠵᠠᠪᠠᠯ ᠰᠤᠷᠬᠤ ᠬᠢᠴᠢᠶᠡᠯ ᠢ ᠨᠡᠭᠡᠭᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠶ ᠮᠡᠷᠭᠡᠵᠢᠯ ᠤᠨ | ᠬᠢᠴᠢᠶᠡᠯ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠰᠣᠩᠭᠤᠳᠠᠭ ᠬᠢᠴᠢᠶᠡᠯ᠂ ᠪᠠᠭᠰᠢ ᠨᠠᠷ ᠢ ᠳᠠᠭᠠᠵᠤ ᠰᠤᠷᠤᠯᠴᠠᠬᠤ᠂ ᠡᠮᠴᠢᠯᠡᠭᠡᠨ ᠤ | ᠳᠠᠳᠤᠯᠭ᠎ᠠ ᠶᠢᠨ ᠬᠢᠴᠢᠶᠡᠯ ᠤᠨ ᠴᠠᠭ ᠤᠨ ᠬᠤᠪᠢ ᠶᠢᠨ ᠵᠢᠩ ᠢ ᠳᠡᠭᠡᠭᠰᠢᠯᠡᠭᠦᠯᠦᠨ᠂ ᠬᠢᠵᠢᠭ ᠡᠪᠡᠳᠴᠢᠨ ᠤ ᠲᠠᠯ᠎ᠠ ᠶᠢᠨ ᠬᠠᠮᠢᠶ᠎ᠠ ᠪᠥᠬᠦᠶ ᠬᠢᠴᠢᠶᠡᠯ ᠢ ᠨᠡᠮᠡᠵᠦ | ᠲᠣᠬᠢᠷᠠᠭᠤᠯᠬᠤ ᠬᠡᠷᠡᠭᠲᠡᠢ᠃ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠣᠰ ᠵᠢᠯ ᠤᠨ ᠰᠢᠯᠢᠳᠡᠭ ᠲᠡᠭᠦᠰᠦᠭᠰᠡᠳ ᠢᠶᠠᠨ ᠰᠢᠯᠭᠠᠬᠤ | ᠥᠬᠡᠶ ᠪᠠᠷ ᠠᠰᠫᠢᠷᠠᠨᠲ ᠢᠶᠠᠷ ᠲᠠᠨᠢᠯᠴᠠᠭᠤᠯᠤᠨ ᠰᠣᠷᠣᠯᠴᠠᠭᠤᠯᠬᠤ ᠬᠢᠷᠢ ᠬᠡᠮ ᠣᠯᠭᠤᠬᠤ ᠶᠢ ᠨᠢ ᠳᠡᠮᠵᠢᠬᠦ ᠬᠡᠷᠡᠭᠲᠡᠢ᠃ ᠶᠢᠰᠦᠨ ᠵᠢᠯ ᠤᠨ ᠳᠦᠷᠢᠮᠲᠦ ᠬᠢᠲᠠᠳ ︵ᠮᠣᠩᠭᠤᠯ︶ | ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠵᠢᠩᠬᠢᠨᠢ ᠠᠩᠭᠢ ᠠᠴᠠ ᠠᠰᠫᠢᠷᠠᠨᠲ ᠳ᠋ᠣᠺᠲ᠋ᠣᠷ ᠢ ᠦᠷᠭᠦᠯᠵᠢᠯᠡᠨ ᠰᠤᠷᠤᠯᠴᠠᠭᠤᠯᠬᠤ ᠵᠢᠴᠢ ᠧᠦ᠋ᠷᠣᠫᠠ ᠡᠮᠨᠡᠯᠭᠡ ᠬᠢᠨ ᠤ | ᠬᠢᠲᠠᠳ ︵ᠮᠣᠩᠭᠤᠯ︶ ᠡᠮᠨᠡᠯᠭᠡ ᠰᠣᠷᠬᠤ ᠤᠷᠳᠤ ᠰᠤᠷᠤᠯᠭ᠎ᠠ ᠶᠢᠨ ᠬᠤᠭᠤᠴᠠᠭᠠᠨ ᠤ ᠳᠦᠷᠢᠮᠲᠦ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠰᠦᠪᠡᠭᠴᠢᠯᠡᠨ ᠥᠷᠨᠢᠭᠦᠯᠵᠦ᠂ ᠤᠷᠲᠤ ᠰᠤᠷᠤᠯᠭ᠎ᠠ ᠶᠢᠨ ᠬᠤᠭᠤᠴᠠᠭᠠᠨ ᠤ ᠳᠦᠷᠢᠮᠲᠦ ᠰᠤᠷᠤᠭᠴᠢᠳ ᠢ ᠰᠤᠳᠤᠯᠬᠤ ᠰᠣᠷᠣᠭᠴᠢ ᠪᠠᠷ ᠡᠯᠰᠡᠬᠦ | ᠲᠥᠯᠥᠪᠯᠡᠭᠡ ᠳᠤ ᠣᠷᠣᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︶ | ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢᠳ ᠢ ᠰᠠᠶᠢᠲᠤᠷ ᠵᠣᠬᠢᠶᠠᠨ ᠪᠠᠶᠢᠭᠤᠯᠵᠤ ᠪᠠᠶᠢᠭᠠᠳ ᠬᠢᠲᠠᠳ ︵ᠮᠣᠩᠭᠤᠯ︶ | ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠶᠡᠭᠡ ᠡᠮᠴᠢ ᠶᠢᠨ ᠬᠢᠷᠢ ᠬᠡᠮ ᠤᠨ ᠰᠢᠯᠭᠠᠯᠲᠠ ᠪᠠ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠶᠡᠭᠡ ᠡᠮᠴᠢ ᠶᠢᠨ | ᠵᠢᠷᠤᠮᠵᠢᠭᠰᠠᠨ ᠪᠣᠯᠪᠠᠰᠤᠷᠠᠯ ᠳᠤ ᠣᠷᠣᠯᠴᠠᠭᠤᠯᠬᠤ ᠬᠡᠷᠡᠭᠲᠡᠢ᠃ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠡᠮᠨᠡᠯᠭᠡ ᠳᠤ ᠰᠠᠬᠢᠨ | ᠡᠮᠨᠡᠬᠦ ᠶᠡᠭᠡ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠤᠨ ᠰᠠᠭᠤᠷᠢᠨ ᠭᠠᠵᠠᠷ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠠᠯᠠᠭ᠎ᠠ ᠲᠠᠰᠤᠭ ᠤᠨ | ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠭᠤᠯᠭ᠎ᠠ ᠶᠢ | ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ᠃ ᠡᠮᠴᠢᠯᠡᠭᠡ᠂ ᠠᠮᠠᠨ ᠬᠥᠨᠳᠡᠶ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠤᠨ ᠶᠡᠭᠡ ᠡᠮᠴᠢ ᠳᠤ | ᠴᠢᠬᠤᠯᠠ ᠪᠦᠬᠦᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠢ ᠬᠦᠷᠲᠡᠭᠡᠬᠦ ᠬᠡᠷᠡᠭᠲᠡᠢ᠃ ᠤᠯᠤᠰ᠂ ᠥᠪᠡᠷᠲᠡᠭᠡᠨ | ᠵᠠᠰᠠᠬᠤ ᠣᠷᠣᠨ ᠤ ︽ᠧᠦ᠋ᠷᠣᠫᠠ ᠡᠮᠨᠡᠯᠭᠡ ᠶᠢᠨ ᠬᠢᠨ ᠤ ᠬᠢᠲᠠᠳ ︵ᠮᠣᠩᠭᠤᠯ︶ ᠡᠮᠨᠡᠯᠭᠡ ᠰᠤᠷᠬᠤ︾ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠣᠯᠠᠨ ᠳᠡᠰ | ᠳᠠᠪᠬᠤᠷᠭ᠎ᠠ ᠲᠠᠢ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠳᠣᠯᠤᠭ᠎ᠠ︶ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠴᠢᠯᠡᠭᠡᠨ ᠤ ᠰᠤᠳᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠰᠢᠨᠵᠢᠯᠡᠭᠡᠨ ᠤ ᠰᠠᠯᠠᠭ᠎ᠠ ︵ᠲᠤᠰᠬᠠᠶ ᠰᠠᠯᠠᠭ᠎ᠠ︶ ᠶᠢᠨ ᠪᠠᠶᠢᠭᠤᠯᠤᠯᠲᠠ ᠶᠢ ᠳᠡᠮᠵᠢᠵᠦ᠂ ᠬᠦᠨᠳᠦ | ᠶᠡᠭᠡ ᠬᠦᠴᠢᠷ ᠲᠦᠪᠡᠭᠲᠡᠶ ᠡᠪᠡᠳᠴᠢᠨ ᠡᠮᠭᠡᠭ᠂ ᠬᠠᠯᠳᠠᠪᠤᠷᠢᠲᠤ ᠡᠪᠡᠳᠴᠢᠨ᠂ ᠨᠠᠰᠤᠲᠠᠶᠢᠴᠤᠤᠯ ᠤᠨ ᠡᠪᠡᠳᠴᠢᠨ᠂ ᠠᠷᠬᠠᠭ ᠡᠪᠡᠳᠴᠢᠨ ᠵᠡᠷᠭᠡ ᠬᠢᠲᠠᠳ ︵ᠮᠣᠩᠭᠤᠯ︶ | ᠧᠦ᠋ᠷᠣᠫᠠ ᠡᠮᠨᠡᠯᠭᠡ ᠶᠢᠨ ᠬᠤᠯᠪᠣᠭᠠᠯᠠᠨ ᠪᠣᠭᠤᠮᠲᠠ ᠰᠢᠪᠲᠤᠯᠬᠤ ᠪᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠨ ᠰᠤᠳᠤᠯᠬᠤ ᠶᠢ | ᠵᠣᠷᠢᠭᠵᠢᠭᠤᠯᠤᠨ ᠥᠷᠨᠢᠭᠦᠯᠵᠦ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠤᠶᠠᠯᠳᠤᠭᠰᠠᠨ ᠣᠨᠣᠰᠢᠯᠠᠵᠤ ᠡᠮᠨᠡᠬᠦ ᠲᠥᠰᠦᠯ ᠢ ᠪᠣᠶ ᠪᠣᠯᠭᠠᠬᠤ ᠶᠢᠨ ᠬᠠᠮᠲᠤ | ᠳᠡᠯᠭᠡᠷᠡᠭᠦᠯᠬᠦ ᠬᠡᠷᠡᠭᠲᠡᠢ᠃ ᠡᠮᠨᠡᠨ ᠵᠠᠰᠠᠬᠤ ᠳᠠᠪᠠᠭᠤᠯᠢᠭ ᠲᠠᠢ ᠪᠠᠶᠢᠭ᠎ᠠ ᠡᠪᠡᠳᠴᠢᠨ ᠤ ᠵᠦᠢᠯ ᠢ ᠰᠢᠯᠢᠨ ᠰᠣᠩᠭᠤᠵᠤ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ | ᠤᠶᠠᠯᠳᠤᠭᠤᠯᠤᠭᠰᠠᠨ ᠡᠮᠴᠢᠯᠡᠭᠡᠨ ᠤ ᠡᠮᠨᠡᠭᠰᠡᠨ ᠲᠤᠰᠠᠲᠠᠢ ᠪᠠᠶᠢᠳᠠᠯ ᠳᠤ ᠨᠢ ᠦᠨᠡᠯᠡᠵᠦ ᠰᠤᠳᠤᠯᠬᠤ ᠶᠢ ᠴᠢᠩᠭᠠᠳᠬᠠᠨ᠂ ᠡᠮᠨᠡᠭᠰᠡᠨ ᠲᠤᠰᠠᠲᠠᠢ ᠪᠠᠶᠢᠳᠠᠯ ᠢ ᠨᠢ ᠦᠨᠡᠯᠡᠬᠦ | ᠪᠠᠷᠢᠮᠵᠢᠶ᠎ᠠ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶ | ᠭᠤᠷᠪᠠ᠂ ᠬᠢᠲᠠᠳ ᠡᠮ ︵ᠮᠣᠩᠭᠤᠯ ᠡᠮ︶ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ | ︵ᠨᠠᠢᠮᠠ︶ ᠬᠢᠲᠠᠳ ᠡᠮ ︵ᠮᠣᠩᠭᠤᠯ ᠡᠮ︶ ᠢ ᠬᠢᠨᠠᠨ ᠰᠢᠯᠭᠠᠷᠠᠭᠤᠯᠵᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠᠨ ᠲᠦᠷᠭᠡᠳᠬᠡᠨ ᠠᠬᠢᠭᠤᠯᠬᠤ | ᠬᠡᠷᠡᠭᠲᠡᠶ᠃ ᠬᠢᠲᠠᠳ ᠡᠮ ︵ᠮᠣᠩᠭᠤᠯ ᠡᠮ︶ ᠢ ᠬᠢᠨᠠᠨ ᠰᠢᠯᠭᠠᠷᠠᠭᠤᠯᠵᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠᠨ ᠲᠦᠷᠭᠡᠳᠬᠡᠨ ᠠᠬᠢᠭᠤᠯᠵᠤ᠂ | ᠮᠡᠷᠭᠡᠵᠢᠯ ᠢᠶᠠᠷ ᠲᠤᠯᠭᠠᠭᠤᠷᠢᠯᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮ ︵ᠮᠣᠩᠭᠤᠯ ᠡᠮ︶ ᠢᠶᠠᠨ ᠳᠠᠩᠰᠠᠯᠠᠭᠤᠯᠬᠤ ᠭᠤᠶᠤᠴᠢᠯᠠᠯ ᠳᠤ | ᠮᠡᠷᠭᠡᠵᠢᠯ ᠤᠨ ᠵᠢᠭᠠᠨ ᠵᠢᠯᠣᠭᠤᠳᠬᠤ ᠬᠢᠷᠢ ᠲᠦᠪᠰᠢᠨ ᠪᠠ ᠳᠠᠩᠰᠠᠯᠠᠭᠤᠯᠬᠤ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠷᠲᠡᠨ ᠤ ᠰᠣᠩᠭᠤᠳᠠᠭ | ᠨᠡᠷᠡᠲᠡᠢ ᠵᠣᠷ ᠲᠠᠬᠢ ᠬᠢᠲᠠᠳ ᠡᠮ ︵ᠮᠣᠩᠭᠤᠯ ᠡᠮ︶ ᠤᠨ ᠨᠡᠶᠢᠯᠡᠮᠡᠯ ᠵᠣᠷ ᠤᠨ ᠨᠠᠶᠢᠷᠠᠯᠲᠠ ᠶᠢ ᠠᠭᠤᠳᠠᠯᠤᠨ ᠡᠮᠬᠢᠯᠡᠵᠦ᠂ ᠬᠢᠲᠠᠳ ᠡᠮ ︵ᠮᠣᠩᠭᠤᠯ ᠡᠮ︶ ᠤᠨ ᠰᠢᠨ᠎ᠡ | ᠡᠭᠦᠳᠦᠯᠲᠡ ᠲᠠᠢ ᠡᠮ᠂ ᠵᠠᠰᠠᠮᠵᠢᠯᠠᠭᠰᠠᠨ ᠬᠡᠯᠪᠡᠷᠢ ᠶᠢᠨ ᠰᠢᠨ᠎ᠡ ᠡᠮ᠂ ᠡᠷᠲᠡᠨ ᠤ ᠰᠣᠩᠭᠤᠳᠠᠭ ᠨᠡᠷᠡᠲᠡᠢ ᠵᠣᠷ᠂ ᠠᠳᠠᠯᠢ ᠨᠡᠷ᠎ᠡ ᠲᠠᠢ ᠠᠳᠠᠯᠢ ᠵᠣᠷ ᠤᠨ ᠡᠮ ᠢ | ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠶᠢ ᠨᠢ ᠵᠢᠭᠠᠨ ᠵᠢᠯᠣᠭᠤᠳᠴᠤ ᠵᠣᠷᠢᠭᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮᠴᠢᠯᠡᠭᠡ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠵᠡᠷᠭᠡ ᠰᠠᠯᠠᠭ᠎ᠠ ᠮᠥᠴᠢᠷ ᠤᠨ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ ᠨᠥᠬᠦᠴᠡᠯ ᠳᠤ | ᠨᠡᠶᠢᠴᠡᠭᠰᠡᠨ ᠬᠢᠲᠠᠳ ᠡᠮ ︵ᠮᠣᠩᠭᠤᠯ ᠡᠮ︶ ᠤᠨ ᠰᠢᠨ᠎ᠡ ᠡᠮ ᠢ ᠲᠠᠨᠢᠯᠴᠠᠭᠤᠯᠵᠤ ᠲᠦᠷᠭᠡᠨ ᠢᠶᠠᠷ ᠬᠢᠨᠠᠨ ᠰᠢᠯᠭᠠᠷᠠᠭᠤᠯᠵᠤ ᠬᠢᠨᠠᠨ ᠵᠥᠪᠰᠢᠶᠡᠷᠡᠬᠦ ᠨᠡᠪᠲᠡᠷᠡᠯ ᠵᠠᠮ ᠳᠤ | ᠣᠷᠣᠭᠤᠯᠬᠤ ᠬᠡᠷᠡᠭᠲᠡᠢ᠃ ᠭᠤᠷᠪᠠᠳᠤᠭᠠᠷ ᠡᠲᠡᠭᠡᠳ ᠪᠣᠯᠬᠤ ᠬᠢᠲᠠᠳ ᠡᠮ ︵ᠮᠣᠩᠭᠤᠯ ᠡᠮ︶ ᠤᠨ ᠰᠢᠨ᠎ᠡ ᠡᠮ ᠤᠨ ᠳᠠᠩᠰᠠᠯᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ | ᠪᠠᠶᠢᠭᠤᠯᠬᠤ ᠶᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠶᠢᠰᠦ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠠᠬ᠎ᠠ ᠳᠡᠯᠭᠡᠭᠦᠷᠴᠢᠯᠡᠬᠦ᠂ ᠠᠵᠤ ᠦᠢᠯᠡᠰᠴᠢᠯᠡᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠤ ᠰᠤᠳᠤᠯᠬᠤ ᠠᠷᠭ᠎ᠠ ᠶᠢᠨ ᠤᠬᠠᠭᠠᠨ᠂ ᠡᠮᠨᠡᠭᠰᠡᠨ ᠲᠤᠰᠠᠲᠠᠢ ᠪᠠᠶᠢᠳᠠᠯ ᠢ ᠦᠨᠡᠯᠡᠬᠦ᠂ ᠡᠰᠢ ᠶᠣᠰᠣ ᠶᠢ ᠨᠢ ᠬᠢᠨᠠᠨ ᠪᠠᠶᠢᠴᠠᠭᠠᠬᠤ ᠵᠡᠷᠭᠡ ᠰᠢᠨᠵᠢᠯᠡᠬᠦ | ᠤᠬᠠᠭᠠᠨ ᠤ ᠰᠤᠳᠤᠯᠤᠯ ᠤᠨ ᠬᠠᠮᠢᠶᠠᠷᠤᠯᠲᠠ ᠶᠢ ᠴᠢᠬᠤᠯᠠᠴᠢᠯᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠯᠠᠭ᠎ᠠ ᠶᠢᠨ ᠵᠢᠮ᠎ᠡ ᠶᠣᠰᠣᠨ ᠤ ᠰᠤᠳᠤᠯᠤᠯ ᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠤᠨ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ᠂ ᠡᠮᠨᠡᠯᠭᠡ ᠶᠢᠨ ᠬᠤᠷᠢᠶᠠᠨ ᠤ ᠨᠠᠶᠢᠷᠠᠯᠲᠠ | ᠵᠡᠷᠭᠡ ᠶᠢ ᠤᠯᠠᠷᠢᠭᠤᠯᠬᠤ ᠪᠠ ᠪᠣᠳᠠᠲᠠᠶᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ | ᠰᠤᠪᠢᠯᠠᠯᠲᠠ ᠪᠠ ᠡᠷᠡᠭᠦᠯᠵᠢᠯ ᠵᠢᠭᠤᠯᠴᠢᠯᠠᠯ ᠤᠨ ᠠᠵᠤ ᠦᠢᠯᠡᠰ ᠢ ᠳᠡᠮᠵᠢᠵᠦ ᠬᠥᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠪᠣᠯᠬᠤ ᠢᠨᠵᠧᠨᠧᠷᠢᠩ ᠢ ᠬᠡᠷᠡᠭᠵᠢᠭᠦᠯᠬᠦ | ᠬᠡᠷᠡᠭᠲᠡᠢ | ︵ᠠᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠠᠢ ᠴᠢᠳᠠᠪᠤᠷᠢᠲᠠᠨ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ | ᠴᠢᠳᠠᠪᠤᠷᠢᠲᠠᠨ ᠬᠥᠮᠦᠵᠢᠭᠦᠯᠬᠦ ᠡᠬᠢ ᠪᠠᠶᠠᠯᠢᠭ ᠪᠠ ᠪᠡᠯᠡ ᠮᠥᠩᠭᠦᠨ ᠤ ᠠᠷᠭ᠎ᠠ ᠵᠠᠮ ᠢ ᠨᠢ ᠥᠷᠭᠡᠳᠬᠡᠵᠦ᠂ ᠴᠢᠳᠠᠪᠤᠷᠢᠲᠠᠨ ᠬᠥᠮᠦᠵᠢᠭᠦᠯᠬᠦ ᠵᠠᠷᠤᠳᠠᠯ ᠤᠨ ᠬᠤᠪᠢᠳᠠᠨ | ᠡᠭᠦᠷᠭᠡᠯᠡᠬᠦ ᠲᠣᠭᠲᠠᠴᠠ ᠶᠢ ᠪᠠᠶᠢᠭᠤᠯᠵᠤ ᠪᠦᠷᠢᠨᠰᠢᠭᠦᠯᠬᠦ ᠬᠡᠷᠡᠭᠲᠡᠢ᠃ ᠤᠯᠤᠰ ᠤᠨ ︽ᠵᠠᠭᠤ ᠮᠢᠩᠭ᠎ᠠ ᠲᠦᠮᠡᠨ︾ ᠴᠢᠳᠠᠪᠤᠷᠢᠲᠠᠨ ᠬᠥᠮᠦᠵᠢᠭᠦᠯᠬᠦ ᠲᠥᠷᠥᠯ ᠵᠦᠢᠯ ᠢ | ᠨᠠᠶᠢᠳᠠᠪᠤᠷᠢᠵᠢᠭᠤᠯᠵᠤ᠂ ᠨᠢᠭᠡ ᠪᠦᠯᠦᠭ ᠬᠢᠲᠠᠳ ᠡᠮᠨᠡᠯᠭᠡ ᠶᠢᠨ ᠠᠯᠳᠠᠷᠲᠤ ᠪᠠᠭᠰᠢ ᠡᠮᠴᠢ᠂ ᠬᠢᠲᠠᠳ ᠡᠮᠨᠡᠯᠭᠡ ᠶᠢᠨ ᠨᠡᠷᠡᠲᠡᠢ ᠪᠠᠭᠰᠢ ᠡᠮᠴᠢ᠂ ᠴᠢ ᠬᠤᠸᠠᠩ ᠬᠢᠲᠠᠳ | ᠡᠮᠨᠡᠯᠭᠡ ᠶᠢᠨ ᠡᠷᠳᠡᠮᠲᠡᠨ᠂ ᠨᠡᠷᠡᠲᠡᠢ ᠬᠢᠲᠠᠳ ᠡᠮᠨᠡᠯᠭᠡ ︵ᠮᠣᠩᠭᠤᠯ ᠡᠮᠨᠡᠯᠭᠡ︶᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠯᠢᠳᠡᠭ ᠴᠢᠳᠠᠪᠤᠷᠢᠲᠠᠨ᠂ | ᠭᠤᠣᠯᠯᠠᠭᠴᠢ ᠴᠢᠳᠠᠪᠤᠷᠢᠲᠠᠨ ᠵᠡᠷᠭᠡ ᠳᠡᠭᠡᠳᠦ ᠳᠡᠰ ᠳᠠᠪᠬᠤᠷᠭ᠎ᠠ ᠶᠢᠨ ᠣᠨᠴᠠᠯᠢᠭ ᠲᠠᠢ ᠴᠢᠳᠠᠪᠤᠷᠢᠲᠠᠨ ᠢ ᠭᠤᠣᠯᠳᠠᠯᠭ᠎ᠠ ᠲᠠᠢ ᠬᠥᠮᠥᠵᠢᠭᠦᠯᠦᠨ ᠪᠣᠶᠢᠵᠢᠭᠤᠯᠬᠤ ᠬᠡᠷᠡᠭᠲᠡᠢ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠯᠭᠠᠷᠠᠭᠰᠠᠨ ᠪᠠᠭᠰᠢ ᠪᠠ ᠡᠮᠴᠢ ᠬᠥᠮᠦᠵᠢᠭᠦᠯᠬᠦ ᠠᠵᠢᠯ ᠢ ᠥᠷᠨᠢᠭᠦᠯᠵᠦ᠂ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠰᠠᠭᠤᠷᠢ᠂ ᠰᠣᠩᠭᠤᠳᠠᠭ᠂ ᠡᠮᠴᠢᠯᠡᠭᠡᠨ ᠤ ᠪᠠᠭᠰᠢ ᠪᠠ ᠡᠮᠴᠢ ᠶᠢᠨ ᠪᠣᠯᠪᠠᠰᠤᠷᠠᠯ ᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠨᠡᠷᠡᠲᠡᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠪᠠ ᠦᠨᠳᠦᠰᠦᠨ ᠱᠠᠲᠤᠨ ᠤ ᠨᠡᠷᠡᠲᠡᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢ ᠶᠢ | ᠰᠢᠯᠭᠠᠷᠠᠭᠤᠯᠤᠨ ᠰᠣᠩᠭᠤᠵᠤ ᠬᠥᠬᠢᠭᠦᠯᠦᠨ ᠰᠠᠶᠢᠰᠢᠶᠠᠬᠤ ᠠᠵᠢᠯ ᠢ ᠥᠷᠨᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠪᠠᠭᠤᠯᠢᠭ ᠣᠨᠴᠠᠯᠢᠭ ᠲᠠᠢ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠲᠥᠷᠥᠯ᠂ | ᠰᠣᠩᠭᠤᠳᠠᠭ ᠲᠥᠷᠥᠯ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠥᠷᠥᠯ᠂ ᠡᠷᠡᠭᠦᠯᠵᠢᠯ ᠤᠨ ᠲᠥᠷᠥᠯ᠂ ᠡᠮ ᠤᠨ ᠮᠠᠲ᠋ᠧᠷᠢᠶᠠᠯ ᠢ ᠨᠣᠮᠣᠬᠠᠳᠬᠠᠬᠤ ᠲᠥᠷᠥᠯ᠂ | ᠬᠢᠨᠠᠨ ᠲᠣᠭᠲᠠᠭᠠᠬᠤ ᠲᠥᠷᠥᠯ᠂ ᠨᠠᠶᠢᠷᠠᠯᠲᠠ ᠶᠢ ᠰᠢᠯᠭᠠᠨ ᠪᠠᠶᠢᠴᠠᠭᠠᠬᠤ ᠲᠥᠷᠥᠯ ᠤᠨ ᠰᠢᠨᠵᠢᠯᠡᠭᠡᠨ ᠤ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠤᠨ ᠴᠢᠳᠠᠪᠤᠷᠢ ᠶᠢᠨ ᠪᠠᠶᠢᠭᠤᠯᠤᠯᠲᠠ ᠶᠢᠨ | ᠲᠤᠰᠬᠠᠶ ᠵᠦᠢᠯ ᠢ ᠬᠡᠷᠡᠭᠵᠢᠭᠦᠯᠵᠦ᠂ ᠤᠯᠤᠰ ᠤᠨ ᠵᠢᠷᠤᠮᠵᠢᠭᠰᠠᠨ ᠪᠣᠯᠪᠠᠰᠤᠷᠠᠯ ᠤᠨ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ | ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠵᠢᠭᠠᠨ ᠰᠤᠷᠭᠠᠯᠲᠠ ᠶᠢᠨ ᠪᠣᠯᠪᠠᠰᠤᠷᠠᠯ ᠤᠨ ᠵᠢᠱᠢᠶ᠎ᠡ ᠦᠵᠡᠭᠦᠯᠬᠦ ᠲᠥᠪ ᠢ ᠪᠣᠶ ᠪᠣᠯᠭᠠᠨ᠂ ᠥᠪᠡᠷᠲᠡᠭᠡᠨ | ᠵᠠᠰᠠᠬᠤ ᠣᠷᠣᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠶᠡᠭᠡ ᠡᠮᠴᠢ ᠶᠢᠨ ᠪᠣᠯᠪᠠᠰᠤᠷᠠᠯ ᠵᠢᠭᠠᠨ ᠰᠤᠷᠭᠠᠯᠲᠠ ᠪᠠ ᠠᠨᠠᠭᠠᠬᠤ ᠤᠬᠠᠭᠠᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶ | ︵ᠠᠷᠪᠠᠨ ᠨᠢᠭᠡ︶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠴᠢᠨᠠᠷ ᠰᠠᠶᠢᠲᠠᠶ ᠡᠬᠢ ᠪᠠᠶᠠᠯᠢᠭ ᠤᠨ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠬᠡᠬᠦ ᠪᠠ | ᠲᠡᠩᠴᠡᠭᠦᠷᠢᠲᠡᠶ ᠪᠠᠶᠢᠷᠢᠰᠢᠭᠤᠯᠬᠤ ᠶᠢ ᠠᠬᠢᠭᠤᠯᠵᠤ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠣᠷᠣᠨ ᠪᠦᠰᠡ ᠶᠢᠨ ᠡᠮᠴᠢᠯᠡᠭᠡᠨ ᠤ ᠲᠥᠪ ᠪᠠ ᠬᠤᠰᠢᠭᠤ ᠰᠢᠶᠠᠨ ᠤ ᠬᠡᠪᠴᠢᠶᠡᠨ ᠳᠠᠬᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠣᠰᠢᠯᠠᠵᠤ ᠡᠮᠨᠡᠬᠦ ᠲᠥᠪ | ᠪᠠᠶᠢᠭᠤᠯᠬᠤ ᠶᠢ ᠳᠡᠮᠵᠢᠵᠦ᠂ ᠬᠥᠬᠡᠬᠤᠲᠠ ᠪᠤᠭᠤᠲᠤ ᠣᠷᠳᠣᠰ᠂ ᠲᠦᠩᠯᠢᠶᠣᠤ᠂ ᠪᠠᠶᠠᠨᠨᠠᠭᠤᠷ ᠢᠶᠠᠷ ᠲᠥᠪ ᠪᠣᠯᠭᠠᠭᠰᠠᠨ᠂ ᠳᠤᠮᠳᠠ᠂ ᠵᠡᠭᠦᠨ᠂ ᠪᠠᠷᠠᠭᠤᠨ ᠬᠡᠰᠡᠭ ᠤᠨ | ᠣᠷᠣᠨ ᠪᠦᠰᠡ ᠶᠢ ᠰᠠᠴᠤᠷᠭᠠᠯᠠᠨ ᠨᠥᠯᠥᠭᠡᠯᠡᠬᠦ᠂ ᠪᠥᠬᠦ ᠣᠷᠣᠨ ᠢ ᠬᠠᠮᠤᠷᠤᠭᠰᠠᠨ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠬᠦ | ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠤᠨ ᠪᠠᠶᠢᠭᠤᠯᠤᠯᠲᠠ ᠶᠢ | ᠴᠢᠩᠭᠠᠷᠠᠭᠤᠯᠵᠤ᠂ ᠤᠯᠤᠰ ᠤᠨ ᠲᠠᠰ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠥᠪ ᠢ ᠪᠣᠶ | ᠪᠣᠯᠭᠠᠨ᠂ ᠢᠯᠡ ᠲᠣᠳᠣ ᠣᠨᠴᠠᠯᠢᠭ ᠲᠠᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ ᠪᠠ ᠰᠠᠯᠠᠭ᠎ᠠ ᠲᠠᠰᠤᠭ ᠤᠨ ᠪᠠᠶᠢᠭᠤᠯᠤᠯᠲᠠ ᠶᠢ | ᠲᠦᠷᠭᠡᠳᠬᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠡᠪᠡᠳᠴᠢᠯᠡᠬᠦ ᠠᠴᠠ ᠤᠷᠢᠳ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠲᠠᠰ ᠤᠨ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠰᠠᠭᠤᠷᠢᠨ ᠭᠠᠵᠠᠷ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ | ᠰᠠᠭᠤᠷᠢᠨ ᠭᠠᠵᠠᠷ ᠢᠶᠠᠷ ᠵᠢᠱᠢᠶ᠎ᠡ ᠦᠵᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠢᠵᠢᠭ ᠡᠪᠡᠳᠴᠢᠨ ᠢ ᠰᠡᠷᠭᠡᠶᠢᠯᠡᠨ | ᠵᠠᠰᠠᠬᠤ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ ᠬᠤᠶᠠᠳᠤᠭᠠᠷ ᠳᠡᠰ ᠠᠴᠠ ᠳᠡᠭᠡᠭᠰᠢᠬᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ | ᠬᠤᠷᠢᠶᠠᠨ ᠳᠠᠬᠢ ᠬᠠᠯᠳᠠᠪᠤᠷᠢᠲᠤ ᠡᠪᠡᠳᠴᠢᠨ ᠤ ᠰᠠᠯᠠᠭ᠎ᠠ᠂ ᠠᠭᠤᠰᠬᠢᠨ ᠡᠪᠡᠳᠴᠢᠨ ᠤ ᠰᠠᠯᠠᠭ᠎ᠠ᠂ ᠬᠠᠯᠠᠭᠤᠷᠠᠬᠤ ᠶᠢ ᠡᠮᠨᠡᠬᠦ ᠡᠭᠦᠳᠡᠨ ᠡᠮᠨᠡᠯᠭᠡ᠂ ᠬᠠᠯᠳᠠᠪᠤᠷᠢᠲᠤ | ᠡᠪᠡᠳᠴᠢᠨ ᠤ ᠡᠮᠴᠢᠯᠡᠭᠡ ᠳᠤ ᠰᠣᠯᠢᠵᠤ ᠪᠣᠯᠬᠤ ᠲᠣᠭᠤᠷᠢᠭ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠳᠤ ᠬᠤᠪᠢᠷᠠᠭᠤᠯᠵᠤ ᠪᠣᠯᠬᠤ ᠲᠠᠰᠤᠭ᠂ ᠪᠠᠴᠢᠮ | ᠪᠠᠶᠢᠳᠠᠯ ᠢ ᠠᠷᠭᠠᠴᠠᠭᠠᠬᠤ ᠨᠥᠭᠡᠴᠡ ᠶᠢᠨ ᠬᠥᠮᠥᠷᠭᠡ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠪᠠᠴᠢᠮ ᠪᠠᠶᠢᠳᠠᠯ ᠢ ᠠᠷᠭᠠᠴᠠᠭᠠᠬᠤ ᠵᠢᠷᠤᠮᠵᠢᠭᠰᠠᠨ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ | ᠬᠤᠷᠢᠶᠠᠨ ᠤ ᠡᠷᠡᠭᠦᠯᠵᠢᠯ ᠤᠨ ᠦᠢᠯᠡᠴᠢᠯᠡᠭᠡᠨ ᠤ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠵᠤ᠂ ᠮᠡᠳᠡᠷᠡᠯ ᠤᠨ ᠰᠢᠰᠲ᠋ᠧᠮ᠂ ᠵᠢᠷᠦᠬᠡ ᠲᠠᠷᠢᠬᠢ ᠴᠢᠰᠤᠨ | ᠰᠤᠳᠠᠯ ᠤᠨ ᠡᠪᠡᠳᠴᠢᠨ᠂ ᠠᠷᠬᠠᠭ ᠡᠪᠡᠳᠴᠢᠨ᠂ ᠶᠠᠰᠤ ᠦᠶ᠎ᠡ ᠭᠡᠰᠢᠭᠦᠦ᠂ ᠠᠵᠢᠯ ᠤᠨ ᠨᠥᠯᠥᠭᠡᠨ ᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠪᠠ ᠵᠡᠮᠳᠡᠭ | ᠵᠡᠷᠭᠡ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠡᠮᠴᠢᠯᠡᠭᠡ ᠪᠠ | ᠰᠤᠪᠢᠯᠠᠯᠲᠠ ᠶᠢ ᠤᠶᠠᠯᠳᠤᠭᠤᠯᠤᠭᠰᠠᠨ ᠪᠠᠶᠢᠭᠤᠯᠤᠮᠵᠢ ᠪᠠᠶᠢᠭᠤᠯᠬᠤ ᠶᠢ ᠨᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠠᠷᠪᠠᠨ ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠭᠤᠤᠯᠳᠠᠯᠭ᠎ᠠ ᠪᠣᠯᠬᠤ ᠲᠤᠷᠰᠢᠯᠲᠠ ᠶᠢᠨ | ᠲᠠᠰᠤᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠪᠠ ᠰᠤᠳᠤᠯᠤᠯ ᠤᠨ ᠲᠠᠰᠤᠭ ︵ᠲᠥᠪ︶ ᠢ | ᠪᠣᠶ ᠪᠣᠯᠭᠠᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠰᠢᠯᠵᠢᠭᠦᠯᠦᠨ ᠤᠯᠠᠷᠢᠭᠤᠯᠬᠤ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠬᠦ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠨ ᠵᠠᠰᠠᠬᠤ | ᠳᠠᠪᠠᠭᠤᠯᠢᠭ ᠲᠠᠢ ᠪᠠᠶᠢᠭ᠎ᠠ ᠡᠪᠡᠳᠴᠢᠨ ᠤ ᠵᠦᠢᠯ ᠪᠠ ᠣᠨᠴᠠᠯᠢᠭ ᠲᠠᠢ ᠡᠮᠨᠡᠬᠦ ᠠᠷᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠤᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠰᠤᠳᠤᠯᠤᠯ ᠤᠨ ᠲᠥᠪ ᠢ ᠪᠣᠢ ᠪᠣᠯᠭᠠᠬᠤ | ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ | ᠲᠠᠯ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠯᠭᠠᠭᠤᠷᠢᠯᠠᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠷᠢᠮᠵᠢᠶᠠᠵᠢᠭᠤᠯᠤᠭᠰᠠᠨ ᠲᠥᠷᠥᠯ ᠵᠦᠢᠯ ᠤᠨ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶ | ︵ᠠᠷᠪᠠᠨ ᠭᠤᠷᠪᠠ︶ ᠨᠡᠷᠡᠲᠡᠢ ᠡᠮᠴᠢ ᠶᠢᠨ ᠠᠵᠢᠯ ᠤᠨ ᠲᠠᠩᠬᠢᠮ ᠤᠨ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠬᠢᠲᠠᠳ ᠡᠮᠨᠡᠯᠭᠡ ᠶᠢᠨ ᠠᠯᠳᠠᠷᠲᠤ ᠪᠠᠭᠰᠢ | ᠡᠮᠴᠢ᠂ ᠬᠢᠲᠠᠳ ᠡᠮᠨᠡᠯᠭᠡ ᠶᠢᠨ ︵ᠮᠣᠩᠭᠤᠯ ᠡᠮᠨᠡᠯᠭᠡ︶ ᠨᠡᠷᠡᠲᠡᠢ ᠠᠬᠠᠮᠠᠳ ᠡᠮᠴᠢ᠂ ᠴᠢ ᠬᠤᠸᠠᠩ ᠬᠢᠲᠠᠳ ᠡᠮᠨᠡᠯᠭᠡ ᠶᠢᠨ ᠡᠷᠳᠡᠮᠲᠡᠨ ᠵᠡᠷᠭᠡ ᠨᠡᠷᠡᠲᠡᠢ ᠡᠮᠴᠢ ᠶᠢᠨ | ᠪᠦᠯᠬᠦᠮ ᠨᠡᠶᠢᠲᠡ ᠶᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠴᠢᠯᠡᠬᠦ ᠶᠢ ᠨᠢ ᠵᠣᠷᠢᠭᠵᠢᠭᠤᠯᠤᠨ᠂ ᠨᠡᠷᠡᠲᠡᠢ | ᠡᠮᠴᠢ ᠶᠢᠨ ᠠᠵᠢᠯ ᠤᠨ ᠲᠠᠩᠬᠢᠮ ᠢ ᠪᠠᠶᠢᠭᠤᠯᠬᠤ ᠬᠡᠷᠡᠭᠲᠡᠢ᠃ ᠦᠢᠯᠡᠰ ᠪᠣᠰᠬᠠᠬᠤ ᠶᠢ ᠲᠡᠳᠬᠦᠬᠦ᠂ ᠨᠡᠷᠡᠲᠦ ᠲᠡᠮᠳᠡᠭ ᠢ ᠬᠠᠮᠠᠭᠠᠯᠠᠬᠤ᠂ ᠪᠡᠶ᠎ᠡ ᠪᠠᠨ ᠳᠠᠭᠠᠭᠠᠨ ᠠᠵᠢᠯ | ᠡᠷᠬᠢᠯᠡᠬᠦ᠂ ᠪᠡᠶ᠎ᠡ ᠪᠠᠨ ᠳᠠᠭᠠᠭᠠᠵᠤ ᠡᠵᠡᠩᠨᠡᠨ ᠠᠵᠢᠯᠯᠠᠬᠤ᠂ ᠪᠡᠶ᠎ᠡ ᠪᠠᠨ ᠳᠠᠭᠠᠭᠠᠨ ᠬᠥᠮᠦᠵᠢᠭᠦᠯᠬᠦ᠂ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠬᠤ | ᠶᠡᠷᠦᠩᠬᠡᠶᠢᠯᠡᠭᠰᠡᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠢᠭᠡ ᠪᠦᠯᠦᠭ ᠨᠡᠷᠡᠲᠡᠢ ᠡᠮᠴᠢ ᠶᠢᠨ ᠪᠦᠯᠬᠦᠮ ᠨᠡᠶᠢᠲᠡ ᠶᠢᠨ ᠡᠵᠡᠩᠨᠡᠨ ᠠᠵᠢᠯᠯᠠᠬᠤ ᠰᠣᠳᠣᠨ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠪᠠᠶᠢᠭᠤᠯᠤᠮᠵᠢ ᠶᠢ ᠪᠤᠶ ᠪᠣᠯᠭᠠᠬᠤ ᠬᠡᠷᠡᠭᠲᠡᠢ᠃ ᠲᠤᠷᠰᠢᠯᠭ᠎ᠠ ᠲᠠᠢ᠂ ᠰᠠᠭᠤᠷᠢ ᠲᠠᠢ᠂ ᠨᠡᠷᠡᠲᠦ ᠲᠡᠮᠳᠡᠭ ᠲᠠᠢ ᠨᠡᠶᠢᠭᠡᠮ ᠤᠨ | ᠬᠦᠴᠦᠨ ᠤ ᠬᠢᠨ ᠤ ᠨᠡᠷᠡᠲᠡᠢ ᠡᠮᠴᠢ ᠶᠢᠨ ᠠᠵᠢᠯ ᠦᠢᠯᠡᠰ ᠤᠨ ᠬᠤᠯᠪᠣᠭᠠᠲᠤ ᠲᠠᠩᠬᠢᠮ ᠡᠷᠬᠢᠯᠡᠬᠦ ᠶᠢ ᠵᠣᠷᠢᠭᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ | ︵ᠠᠷᠪᠠᠨ ᠳᠥᠷᠪᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠡᠮᠨᠡᠯᠭᠡ ᠶᠢᠨ ᠶᠠᠪᠤᠳᠠᠯ | ᠬᠤᠯᠪᠣᠭᠠᠯᠠᠨ ᠪᠣᠭᠤᠮᠲᠠ ᠰᠢᠪᠲᠤᠯᠬᠤ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠲᠠᠳ ᠮᠣᠩᠭᠤᠯ ᠡᠮ ᠡᠮᠨᠡᠯᠭᠡ ᠶᠢᠨ | ᠰᠤᠳᠤᠯᠤᠯ ᠤᠨ ᠬᠦᠷᠢᠶᠡᠯᠡᠩ ᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠤ ᠰᠤᠳᠤᠯᠤᠯ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠬᠤ ᠲᠠᠪᠴᠠᠩ ᠢ ᠪᠣᠶ ᠪᠣᠯᠭᠠᠬᠤ ᠬᠡᠷᠡᠭᠲᠡᠢ᠃ ᠨᠢᠭᠡ ᠪᠦᠯᠦᠭ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠣᠨᠴᠠᠯᠢᠭ ᠲᠠᠢ ᠣᠨᠣᠰᠢᠯᠠᠵᠤ ᠡᠮᠨᠡᠬᠦ ᠲᠥᠰᠦᠯ ᠢ ᠰᠤᠳᠤᠯᠤᠨ ᠲᠣᠭᠲᠠᠭᠠᠵᠤ᠂ ᠨᠢᠭᠡ ᠪᠦᠯᠦᠭ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠴᠠᠯᠢᠭ ᠲᠠᠢ | ᠮᠡᠷᠭᠡᠵᠢᠯ ᠢ ᠳᠡᠯᠭᠡᠷᠡᠭᠦᠯᠦᠨ᠂ ᠨᠢᠭᠡ ᠪᠦᠯᠦᠭ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠡᠷᠢᠭᠦᠨ ᠤ ᠲᠣᠨᠤᠭ ᠲᠥᠬᠦᠭᠡᠷᠦᠮᠵᠢ᠂ ᠬᠢᠲᠠᠳ ᠡᠮ | ︵ᠮᠣᠩᠭᠤᠯ ᠡᠮ︶ ᠤᠨ ᠰᠢᠨ᠎ᠡ ᠡᠮ ᠢ ᠤᠯᠠᠷᠢᠭᠤᠯᠬᠤ ᠬᠡᠷᠡᠭᠲᠡᠢ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢᠶᠠᠷ | ᠳᠠᠮᠵᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠦᠯᠵᠢᠶᠡᠨ ᠤ ᠪᠠ | ᠰᠦᠯᠵᠢᠶᠡᠨ ᠤ ᠭᠠᠳᠠᠭᠤᠷᠬᠢ ᠶᠢ ᠨᠢ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠬᠠᠩᠭᠠᠬᠤ ᠪᠠ ᠬᠡᠷᠡᠭᠯᠡᠬᠦ ᠬᠤᠶᠠᠷ ᠲᠠᠯ᠎ᠠ ᠶᠢ ᠣᠨᠣᠴᠠᠲᠠᠢ | ᠵᠣᠯᠭᠠᠭᠤᠯᠬᠤ ᠪᠠ ᠰᠢᠯᠢᠳᠡᠭ ᠰᠤᠳᠤᠯᠤᠯ ᠤᠨ ᠦᠷ᠎ᠡ ᠪᠦᠲᠦᠭᠡᠯ ᠢ ᠨᠢ ᠵᠠᠬ᠎ᠠ ᠳᠡᠯᠭᠡᠭᠦᠷ ᠤᠨ ᠬᠡᠷᠡᠭᠯᠡᠭᠡᠨ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠠᠷᠪᠠᠨ ᠲᠠᠪᠤ︶ ᠬᠢᠲᠠᠳ ᠡᠮ ᠤᠨ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢᠶᠠᠨ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠵᠢᠩᠬᠢᠨᠢ ᠪᠠᠶᠢᠭᠠᠯᠢᠯᠢᠭ | ᠭᠠᠷᠤᠯᠲᠠ ᠲᠠᠢ ᠡᠮ ᠤᠨ ᠮᠠᠲ᠋ᠧᠷᠢᠶᠠᠯ ᠢ ᠦᠷᠡᠵᠢᠭᠦᠯᠦᠨ ᠪᠣᠶᠢᠵᠢᠭᠤᠯᠬᠤ ᠪᠠ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠢ | ᠠᠬᠢᠭᠤᠯᠤᠨ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢ ᠵᠢᠷᠤᠮᠵᠢᠭᠤᠯᠬᠤ᠂ ᠬᠡᠪᠴᠢᠶᠡᠵᠢᠭᠦᠯᠦᠨ ᠲᠠᠷᠢᠬᠤ ᠶᠢ ᠠᠬᠢᠭᠤᠯᠬᠤ ᠬᠡᠷᠡᠭᠲᠡᠶ᠃ | ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠰᠠᠶᠢᠨ ᠦᠷ᠎ᠡ ᠶᠢ ᠦᠷᠡᠵᠢᠭᠦᠯᠦᠨ ᠪᠣᠶᠢᠵᠢᠭᠤᠯᠬᠤ᠂ ᠦᠢᠯᠡᠳᠪᠦᠷᠢᠯᠡᠵᠦ ᠲᠠᠷᠢᠬᠤ᠂ | ᠬᠥᠮᠥᠷᠭᠡᠯᠡᠨ ᠬᠠᠳᠠᠭᠠᠯᠠᠬᠤ ᠪᠠ ᠪᠠᠷᠠᠭᠠᠨ ᠤ ᠭᠦᠢᠯᠭᠡᠭᠡᠨ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠪᠠᠷᠢᠮᠵᠢᠶᠠᠵᠢᠭᠰᠠᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠡᠷᠡᠭᠲᠡᠶ᠃ ᠵᠢᠱᠢᠶ᠎ᠡ ᠦᠵᠡᠭᠦᠯᠬᠦ ᠬᠤᠷᠰᠢᠶᠠᠵᠢᠯ ᠢ ᠡᠭᠦᠳᠦᠨ ᠪᠠᠶᠢᠭᠤᠯᠬᠤ ᠪᠠ ᠬᠤᠷᠰᠢᠶᠠᠵᠢᠯ ᠢ ᠬᠥᠭᠵᠢᠭᠦᠯᠬᠦ ᠲᠥᠷᠥᠯ | ᠵᠦᠢᠯ ᠢᠶᠠᠷ ᠭᠠᠷᠳᠠᠴᠠ ᠪᠣᠯᠭᠠᠨ᠂ ᠬᠤᠷᠰᠢᠶᠠᠵᠢᠯ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠢᠲᠠᠳ ᠡᠮ ᠤᠨ ᠮᠠᠲ᠋ᠧᠷᠢᠶᠠᠯ ︵ᠮᠣᠩᠭᠤᠯ | ᠡᠮ ᠤᠨ ᠮᠠᠲ᠋ᠧᠷᠢᠶᠠᠯ︶ ᠲᠠᠷᠢᠬᠤ ᠲᠤᠰᠬᠠᠶ ᠬᠤᠷᠰᠢᠶᠠᠵᠢᠯ ᠪᠠ ᠬᠤᠯᠪᠣᠭᠠᠲᠤ ᠬᠤᠷᠰᠢᠶᠠᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠣᠢ ᠰᠢᠭᠤᠶ ᠶᠢᠨ ᠲᠤᠰᠬᠠᠶ | ᠬᠤᠷᠰᠢᠶᠠᠵᠢᠯ ᠢ ᠵᠣᠷᠢᠭᠵᠢᠭᠤᠯᠵᠤ ᠪᠠᠶᠢᠭᠠᠳ ᠣᠶᠢᠲᠤ ᠭᠠᠵᠠᠷ ᠤᠨ ᠪᠠᠶᠢᠭᠠᠯᠢ ᠶᠢᠨ ᠨᠥᠬᠦᠴᠡᠯ ᠢ ᠠᠰᠢᠭᠯᠠᠨ ᠤᠢ ᠶᠢᠨ ᠬᠤᠷᠮᠣᠶ ᠶᠢᠨ ᠬᠢᠲᠠᠳ ᠡᠮ ᠤᠨ ᠮᠠᠲ᠋ᠧᠷᠢᠶᠠᠯ | ︵ᠮᠣᠩᠭᠤᠯ ᠡᠮ ᠤᠨ ᠮᠠᠲ᠋ᠧᠷᠢᠶᠠᠯ︶ ᠲᠠᠷᠢᠵᠤ ᠤᠷᠭᠤᠭᠤᠯᠬᠤ ᠶᠢ ᠵᠣᠷᠢᠭᠵᠢᠭᠤᠯᠬᠤ ᠬᠡᠷᠡᠭᠲᠡᠶ᠃ ᠡᠮ ᠤᠨ ᠮᠠᠲ᠋ᠧᠷᠢᠶᠠᠯ ᠤᠨ ᠠᠩᠬ᠎ᠠ ᠡᠳ᠋ᠰᠢᠭᠦᠯᠵᠦ ᠪᠣᠯᠪᠠᠰᠤᠷᠠᠭᠤᠯᠬᠤ | ᠦᠢᠯᠡᠰ ᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠡᠮ ᠤᠨ ᠮᠠᠲ᠋ᠧᠷᠢᠶᠠᠯ ᠤᠨ ᠠᠩᠬ᠎ᠠ ᠡᠳ᠋ᠰᠢᠭᠦᠯᠵᠦ ᠪᠣᠯᠪᠠᠰᠤᠷᠠᠭᠤᠯᠬᠤ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ᠡᠮ ᠤᠨ ᠮᠠᠲ᠋ᠧᠷᠢᠶᠠᠯ ᠤᠨ ᠠᠩᠬ᠎ᠠ ᠡᠳ᠋ᠰᠢᠭᠦᠯᠵᠦ ᠪᠣᠯᠪᠠᠰᠤᠷᠠᠭᠤᠯᠬᠤ ᠲᠥᠷᠥᠯ ᠵᠦᠢᠯ ᠤᠨ ᠲᠥᠯᠥᠪᠵᠢᠭᠦᠯᠭᠡ ᠪᠠ | ᠬᠡᠷᠡᠭᠵᠢᠭᠦᠯᠦᠯᠲᠡ ᠶᠢ ᠴᠢᠩᠭᠠᠳᠬᠠᠬᠤ ᠬᠡᠷᠡᠭᠲᠡᠶ᠃ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠠᠭᠠᠨ ᠤ ᠭᠦᠢᠯᠭᠡᠭᠡᠨ ᠤ ᠰᠠᠭᠤᠷᠢᠨ | ᠭᠠᠵᠠᠷ ᠪᠠᠶᠢᠭᠤᠯᠬᠤ ᠶᠢ ᠠᠬᠢᠭᠤᠯᠵᠤ᠂ ᠠᠩᠬ᠎ᠠ ᠡᠳ᠋ᠰᠢᠭᠦᠯᠵᠦ ᠪᠣᠯᠪᠠᠰᠤᠷᠠᠭᠤᠯᠬᠤ ᠬᠢᠭᠡᠳ ᠬᠥᠮᠥᠷᠭᠡᠯᠡᠨ ᠬᠠᠳᠠᠭᠠᠯᠠᠬᠤ ᠪᠠ ᠪᠠᠷᠠᠭᠠᠨ ᠤ ᠭᠦᠢᠯᠭᠡᠭᠡᠨ ᠤ ᠲᠥᠪ ᠢ ᠪᠣᠶ | ᠪᠣᠯᠭᠠᠬᠤ ᠬᠡᠷᠡᠭᠲᠡᠢ᠃ ᠣᠨᠴᠠᠯᠢᠭ ᠲᠠᠢ ᠳᠠᠪᠠᠭᠤᠯᠢᠭ ᠦᠢᠯᠡᠴᠢᠯᠡᠭᠡᠨ ᠲᠠᠢ ᠠᠵᠤ ᠦᠢᠯᠡᠰ ᠤᠨ ᠴᠢᠨᠠᠷ ᠰᠠᠶᠢᠲᠠᠶ ᠬᠥᠭᠵᠢᠬᠦ ᠠᠵᠢᠯᠯᠠᠭᠠᠨ ᠢ ᠭᠦᠨᠵᠡᠭᠡᠶ ᠥᠷᠨᠢᠭᠦᠯᠵᠦ᠂ | ︽ᠨᠢᠭᠡ ᠠᠵᠤ ᠠᠬᠤᠢᠯᠠᠯ ᠳᠤ ᠨᠢᠭᠡ ᠪᠣᠳᠣᠯᠭ᠎ᠠ᠂ ᠨᠢᠭᠡ ᠵᠦᠢᠯ ᠤᠨ ᠬᠡᠷᠡᠭᠴᠡᠭᠡᠨ ᠳᠤ ᠨᠢᠭᠡ ᠲᠥᠰᠦᠯ︾ ᠲᠠᠢ ᠪᠠᠶᠢᠯᠭᠠᠬᠤ ᠪᠠᠷ ᠬᠢᠲᠠᠳ ᠡᠮ ᠤᠨ ᠮᠠᠲ᠋ᠧᠷᠢᠶᠠᠯ ︵ᠮᠣᠩᠭᠤᠯ | ᠡᠮ ᠤᠨ ᠮᠠᠲ᠋ᠧᠷᠢᠶᠠᠯ︶ ᠳᠤ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠭᠡᠷᠡᠴᠢᠯᠡᠬᠦ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ᠬᠡᠷᠡᠭᠲᠡᠶ᠃ ︵ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠬᠢᠲᠠᠳ ᠡᠮ ︵ᠮᠣᠩᠭᠤᠯ ᠡᠮ︶ ᠤᠨ ᠪᠠᠷᠢᠮᠵᠢᠶᠠᠵᠢᠭᠤᠯᠬᠤ ᠲᠥᠷᠥᠯ ᠵᠦᠢᠯ ᠢ ᠭᠦᠨᠵᠡᠭᠡᠶ ᠬᠡᠷᠡᠭᠵᠢᠭᠦᠯᠵᠦ᠂ ᠬᠢᠲᠠᠳ ᠡᠮ ᠤᠨ ᠮᠠᠲ᠋ᠧᠷᠢᠶᠠᠯ ︵ᠮᠣᠩᠭᠤᠯ | ᠡᠮ ᠤᠨ ᠮᠠᠲ᠋ᠧᠷᠢᠶᠠᠯ︶ ᠤᠨ ᠦᠷ᠎ᠡ᠂ ᠴᠢᠬᠢ᠂ ᠲᠠᠷᠢᠬᠤ ᠵᠡᠷᠭᠡ ᠣᠷᠣᠨ ᠨᠤᠲᠤᠭ ᠤᠨ ᠪᠠᠷᠢᠮᠵᠢᠶ᠎ᠠ ᠪᠠᠨ ᠰᠤᠳᠤᠯᠤᠨ ᠲᠣᠭᠲᠠᠭᠠᠬᠤ ᠠᠵᠢᠯ ᠢ ᠠᠬᠢᠭᠤᠯᠤᠨ᠎ᠠ᠃ ᠬᠤᠨᠴᠢᠷ᠂ | ᠰᠢᠬᠢᠷ ᠡᠪᠡᠰᠦ᠂ ᠱᠦᠭᠦᠷᠭᠡᠨ᠎ᠡ ᠵᠡᠷᠭᠡ 17 ᠵᠦᠢᠯ ᠤᠨ ᠲᠠᠷᠢᠮᠠᠯ ᠤᠨ ᠪᠠᠷᠢᠮᠵᠢᠶᠠᠨ ᠤ ᠲᠣᠭᠲᠠᠯᠴᠠᠭ᠎ᠠ ᠶᠢᠨ ᠬᠠᠮᠢᠶ᠎ᠠ ᠪᠥᠬᠦᠶ ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠭᠰᠠᠨ ᠰᠠᠭᠤᠷᠢᠨ ᠳᠡᠭᠡᠷ᠎ᠡ᠂ ᠲᠣᠭᠤᠯ ᠡᠪᠡᠰᠦ᠂ ᠤᠯᠠᠭᠠᠨ ᠴᠠᠨ᠎ᠠ᠂ ᠬᠤᠷᠳᠤᠨ ᠴᠠᠭᠠᠨ ᠵᠡᠷᠭᠡ ᠶᠢᠨ ᠪᠠᠷᠢᠮᠵᠢᠶᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠭᠤᠤᠯᠳᠠᠯᠭ᠎ᠠ ᠲᠠᠢ ᠪᠥᠲᠥᠭᠡᠨ ᠪᠠᠶᠢᠭᠤᠯᠬᠤ ᠲᠥᠷᠥᠯ ᠵᠦᠢᠯ ᠪᠣᠯᠭᠠᠵᠤ᠂ ᠪᠠᠷᠢᠮᠵᠢᠶ᠎ᠠ ᠶᠢ ᠲᠥᠯᠥᠪᠵᠢᠭᠦᠯᠬᠦ᠂ ᠪᠠᠷᠢᠮᠵᠢᠶ᠎ᠠ ᠶᠢ ᠲᠣᠭᠲᠠᠭᠠᠬᠤ᠂ ᠲᠤᠷᠰᠢᠯᠲᠠ ᠶᠢᠨ ᠴᠡᠭ ᠢ | ᠪᠥᠲᠥᠭᠡᠨ ᠪᠠᠶᠢᠭᠤᠯᠬᠤ ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠣᠭᠤᠷᠢᠭ ᠢ ᠪᠠᠶᠢᠭᠤᠯᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢ ᠥᠭᠡᠷᠡᠴᠢᠯᠡᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠦᠷᠢᠮ ᠤᠨ | ᠲᠣᠭᠲᠠᠯᠴᠠᠭ᠎ᠠ᠂ ᠬᠠᠮᠢᠶᠠᠷᠤᠯᠲᠠ ᠶᠢᠨ ᠲᠣᠭᠲᠠᠯᠴᠠᠭ᠎ᠠ᠂ ᠦᠨᠡᠯᠡᠯᠲᠡ ᠶᠢᠨ ᠲᠣᠭᠲᠠᠯᠴᠠᠭ᠎ᠠ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠢᠲᠠᠳ ᠡᠮ ︵ᠮᠣᠩᠭᠤᠯ ᠡᠮ︶ ᠢ ᠪᠠᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠥᠭᠡᠷᠡᠴᠢᠯᠡᠯᠲᠡ ᠳᠤ ᠰᠢᠪᠲᠤᠯᠤᠯᠲᠠ ᠬᠢᠬᠦ ᠲᠤᠯᠭᠠᠮ | ᠴᠢᠬᠤᠯᠠᠲᠠᠶ ᠭᠤᠤᠯᠳᠠᠯᠭ᠎ᠠ ᠪᠣᠯᠬᠤ ᠬᠦᠴᠢᠷ ᠵᠦᠢᠯ ᠤᠨ ᠲᠣᠭᠤᠷᠢᠨ ᠳᠤ᠂ ᠬᠥᠭᠵᠢᠯᠲᠡ ᠶᠢᠨ ᠰᠠᠭᠤᠷᠢ ᠪᠠᠷ ᠰᠠᠶᠢᠨ ᠪᠠᠶᠢᠭ᠎ᠠ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠢ ᠰᠣᠩᠭᠤᠵᠤ᠂ ᠣᠳᠣᠬᠢᠴᠢᠯᠠᠭᠰᠠᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠲᠠᠢ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠠᠵᠢᠯ ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠶᠢ ᠪᠣᠶ ᠪᠣᠯᠭᠠᠬᠤ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠳᠣᠯᠤᠭ᠎ᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠪᠠᠨ ᠴᠢᠯᠥᠭᠡᠲᠡᠶ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ | ︽ᠢᠨᠲ᠋ᠧᠷ ᠰᠦᠯᠵᠢᠶ᠎ᠡ + ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡ︾᠂ ︽ᠢᠨᠲ᠋ᠧᠷ ᠰᠦᠯᠵᠢᠶ᠎ᠡ + ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠠᠷᠠᠯᠵᠢᠶ᠎ᠠ︾ ᠶᠢ ᠬᠥᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠯᠢ ᠠᠯᠤᠰᠯᠠᠭᠰᠠᠨ ᠠᠯᠤᠰ ᠡᠮᠴᠢᠯᠡᠭᠡ ᠪᠠ ᠠᠯᠤᠰ | ᠵᠢᠭᠠᠨ ᠰᠤᠷᠭᠠᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠡᠯ᠎ᠡ ᠵᠦᠢᠯ ᠤᠨ ᠦᠵᠡᠰᠬᠦᠯᠡᠩ ᠴᠤᠭᠯᠠᠭᠠᠨ ᠤ ᠲᠠᠪᠴᠠᠩ ᠢ ᠭᠦᠢᠴᠡᠳ ᠠᠰᠢᠭᠯᠠᠨ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠪᠠ ᠠᠷᠠᠯᠵᠢᠶᠠᠨ ᠤ ᠠᠷᠭ᠎ᠠ ᠵᠠᠮ ᠢ ᠥᠷᠭᠡᠳᠬᠡᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ | ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠣᠯᠠᠨ ᠤᠯᠤᠰ ᠤᠨ ᠤᠯᠠᠮᠵᠢᠯᠠᠯᠲᠤ ᠡᠮ ᠡᠮᠨᠡᠯᠭᠡ ᠶᠢᠨ ᠪᠠᠷᠢᠮᠵᠢᠶ᠎ᠠ ᠵᠢᠴᠢ ᠬᠢᠨᠠᠯᠲᠠ | ᠬᠠᠮᠢᠶᠠᠷᠤᠯᠲᠠ ᠶᠢᠨ ᠳᠦᠷᠢᠮ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠨ ᠠᠵᠢᠯᠯᠠᠬᠤ ᠳᠤ ᠢᠳᠡᠪᠬᠢᠲᠡᠶ ᠣᠷᠣᠯᠴᠠᠬᠤ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ | ᠬᠠᠷᠢᠭᠤᠴᠠᠨ᠎ᠠ︶ | ᠲᠠᠪᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠬᠡᠷᠡᠭᠲᠡᠢ | ︵ᠠᠷᠪᠠᠨ ᠨᠠᠢᠮᠠ︶ ᠵᠠᠰᠠᠭ ᠤᠨ ᠣᠷᠳᠣᠨ ᠤ ᠣᠷᠣᠭᠤᠯᠤᠯᠲᠠ ᠶᠢ ᠪᠠᠲᠤᠯᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ | ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠡᠮᠨᠡᠯᠭᠡ ᠡᠷᠬᠢᠯᠡᠬᠦ ᠭᠤᠤᠯ ᠴᠣᠭᠴᠠ | ᠪᠣᠯᠣᠭᠰᠠᠨ ᠤ ᠬᠤᠪᠢ ᠳᠤ᠂ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠰᠠᠭᠤᠷᠢ ᠪᠡᠯᠡᠳᠬᠡᠮᠵᠢ᠂ | ᠲᠥᠬᠦᠭᠡᠷᠦᠮᠵᠢ ᠬᠤᠳᠠᠯᠳᠤᠨ ᠠᠪᠬᠤ᠂ ᠭᠤᠤᠯᠳᠠᠯᠭ᠎ᠠ ᠲᠠᠢ ᠰᠢᠨᠵᠢᠯᠡᠭᠡᠨ᠂ ᠴᠢᠳᠠᠪᠤᠷᠢᠲᠠᠨ ᠬᠥᠮᠦᠵᠢᠭᠦᠯᠬᠦ ᠪᠠ ᠮᠡᠳᠡᠭᠡ ᠵᠠᠩᠭᠢᠴᠢᠯᠠᠬᠤ ᠵᠡᠷᠭᠡ ᠳᠤ ᠵᠠᠰᠠᠭ ᠤᠨ | ᠣᠷᠳᠣᠨ ᠤ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠠᠷᠪᠠ ᠶᠢᠰᠦ︶ ᠨᠡᠶᠢᠭᠡᠮ ᠤᠨ ᠣᠷᠣᠭᠤᠯᠤᠯᠲᠠ ᠶᠢ ᠣᠯᠠᠨ ᠲᠠᠯ᠎ᠠ ᠪᠠᠷ ᠨᠡᠮᠡᠭᠳᠡᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠳᠠᠷᠠᠭᠤᠯᠵᠤ᠂ ᠲᠥᠯᠥᠪᠵᠢᠭᠦᠯᠭᠡ ᠶᠢ ᠠᠮᠢᠳᠤᠯᠢᠭ ᠢᠶᠠᠷ ᠬᠡᠷᠡᠭᠯᠡᠬᠦ᠂ ᠭᠠᠵᠠᠷ ᠰᠢᠷᠣᠶ ᠶᠢ ᠬᠤᠪᠢᠶᠠᠷᠢᠯᠠᠨ ᠥᠭᠬᠦ ᠵᠡᠷᠭᠡ ᠪᠠᠷ | ᠳᠠᠮᠵᠢᠭᠤᠯᠤᠨ᠂ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ ᠤ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠳᠬᠦᠨ ᠢ ᠵᠠᠬ᠎ᠠ ᠳᠡᠯᠭᠡᠭᠦᠷᠴᠢᠯᠡᠨ | ᠤᠯᠠᠷᠢᠭᠤᠯᠬᠤ ᠳᠤ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡᠨ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ | ᠬᠠᠷᠠᠭᠠᠯᠵᠠᠯ ᠦᠵᠡᠭᠦᠯᠬᠦ ᠬᠡᠷᠡᠭᠲᠡᠢ᠃ ᠨᠡᠶᠢᠭᠡᠮ ᠤᠨ ᠣᠷᠣᠭᠤᠯᠤᠯᠲᠠ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠳᠠᠪᠠᠭᠤᠯᠢᠭ ᠭᠠᠵᠠᠷ ᠪᠠ ᠡᠷᠳᠡᠮ ᠰᠢᠨᠵᠢᠯᠡᠭᠡᠨ᠂ ᠠᠵᠤ ᠦᠢᠯᠡᠰ ᠤᠨ ᠲᠥᠪᠯᠡᠷᠡᠭᠰᠡᠨ ᠲᠣᠭᠤᠷᠢᠭ ᠢ ᠪᠤᠢ | ᠪᠣᠯᠭᠠᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠲᠦᠷᠦᠭᠦᠯᠡᠨ ᠪᠠᠶᠢᠭᠤᠯᠤᠭᠰᠠᠨ ᠡᠮᠴᠢᠯᠡᠭᠡᠨ ᠤ ᠬᠤᠯᠪᠣᠭᠠᠲᠤ | ᠴᠣᠭᠴᠠ ᠪᠠ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠪᠦᠯᠬᠦᠮ ᠨᠡᠶᠢᠲᠡ ᠳᠤ ᠨᠥᠬᠦᠴᠡᠯ ᠪᠦᠷᠢᠯᠳᠦᠭᠦᠯᠦᠭᠰᠡᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠡᠮᠨᠡᠬᠦ ᠭᠠᠵᠠᠷ ᠤᠨ ᠣᠷᠣᠯᠴᠠᠬᠤ ᠶᠢ ᠨᠢ ᠵᠣᠷᠢᠭᠵᠢᠭᠤᠯᠵᠤ᠂ ᠡᠪᠡᠳᠴᠢᠯᠡᠬᠦ ᠠᠴᠠ ᠤᠷᠢᠳ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠠᠭᠤᠯᠭ᠎ᠠ ᠶᠢ ᠬᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠳᠤ ᠣᠷᠣᠭᠤᠯᠤᠨ᠂ ᠲᠣᠭᠲᠠᠭᠠᠯ ᠶᠣᠰᠣᠭᠠᠷ ᠭᠡᠷ᠎ᠡ ᠲᠣᠭᠲᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠬᠡᠷᠡᠭᠲᠡᠶ᠃ | ᠵᠡᠭᠡᠯᠢ ᠭᠤᠳᠤᠮᠵᠢ ᠨᠡᠶᠢᠭᠡᠮ ᠲᠣᠭᠤᠷᠢᠭ ᠢ ᠵᠣᠷᠢᠭᠵᠢᠭᠤᠯᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠡᠮᠨᠡᠬᠦ ᠭᠠᠵᠠᠷ ᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ᠣᠨᠣᠰᠢᠯᠠᠨ ᠡᠮᠨᠡᠬᠦ | ᠲᠠᠯᠠᠪᠤᠷ ᠭᠠᠵᠠᠷ ᠬᠠᠩᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠬᠤᠷᠢ︶ ᠪᠠᠯᠠ ᠲᠣᠬᠢᠷᠠᠭᠤᠯᠬᠤ ᠠᠷᠭ᠎ᠠ ᠵᠠᠮ ᠢᠶᠠᠷ ᠳᠡᠮᠵᠢᠬᠦ ᠶᠢ ᠴᠢᠩᠭᠠᠳᠬᠠᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠠᠯᠠ ᠲᠣᠬᠢᠷᠠᠭᠤᠯᠬᠤ ᠪᠠ ᠵᠢᠭᠡᠯᠡᠯᠭᠡ ᠶᠢᠨ ᠲᠡᠮᠳᠡᠭ ᠲᠠᠷᠬᠠᠭᠠᠬᠤ ᠶᠢ ᠨᠢ ᠳᠠᠮᠵᠢᠵᠤ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠬᠢᠴᠠ ᠶᠢ ᠵᠢᠭᠠᠨ ᠵᠢᠯᠤᠭᠤᠳᠴᠤ ᠠᠬᠢᠭᠤᠯᠬᠤ ᠬᠡᠷᠡᠭᠲᠡᠢ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠡᠭᠦᠰᠭᠡᠨ ᠪᠠᠶᠢᠭᠤᠯᠵᠤ᠂ ᠠᠵᠤ | ᠦᠢᠯᠡᠰ ᠲᠤ ᠣᠷᠳᠣ ᠬᠤᠭᠤᠴᠠᠭᠠᠨ ᠤ ᠪᠠᠯᠠ ᠣᠷᠣᠭᠤᠯᠬᠤ ᠡᠷᠴᠢᠮ ᠢ ᠨᠢ ᠴᠢᠩᠭᠠᠷᠠᠭᠤᠯᠤᠨ᠂ ᠨᠡᠶᠢᠭᠡᠮ ᠤᠨ ᠬᠥᠷᠥᠩᠭᠡ ᠬᠢᠭᠡᠳ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠠᠵᠤ ᠦᠢᠯᠡᠰ ᠢ ᠵᠣᠯᠭᠠᠭᠤᠯᠬᠤ ᠳᠤ ᠲᠠᠪᠴᠠᠩ ᠪᠠᠶᠢᠭᠤᠯᠵᠤ᠂ ᠠᠵᠤ ᠦᠢᠯᠡᠰ ᠤᠨ ᠪᠠᠯᠠ ᠲᠣᠬᠢᠷᠠᠭᠤᠯᠭ᠎ᠠ ᠬᠢᠵᠦ ᠬᠥᠭᠵᠢᠬᠦ ᠳᠤ ᠬᠦᠴᠦᠨ | ᠨᠡᠮᠡᠷᠢᠯᠡᠬᠦ ᠬᠡᠷᠡᠭᠲᠡᠶ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠦᠷᠢᠶᠡᠨ ᠳᠠᠬᠢ ᠳᠤᠮᠳᠠ ᠵᠢᠵᠢᠭ ᠠᠵᠤ ᠠᠬᠤᠶᠢᠯᠠᠯ ᠢ ᠢᠲᠡᠭᠡᠮᠵᠢᠲᠦ ᠵᠢᠭᠡᠯᠡᠯᠭᠡ ᠪᠠᠷ | ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠢᠲᠠᠳ ᠡᠮ ︵ᠮᠣᠩᠭᠤᠯ ᠡᠮ︶ ᠤᠨ ᠠᠵᠤ ᠠᠬᠤᠶᠢᠯᠠᠯ ᠤᠨ ᠨᠡᠷᠡᠰ ᠤᠨ ᠳᠦᠷᠢᠮ ᠤᠨ ᠬᠠᠮᠢᠶᠠᠷᠤᠯᠲᠠ ᠶᠢ | ᠰᠦᠪᠡᠭᠴᠢᠯᠡᠨ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠨᠢ | ᠴᠢᠩᠭᠠᠷᠠᠭᠤᠯᠤᠨ᠂ ᠴᠢᠨᠠᠷ ᠰᠠᠶᠢᠲᠠᠶ ᠪᠡᠯᠡᠨ ᠡᠮ ᠤᠨ ᠠᠵᠤ ᠠᠬᠤᠶᠢᠯᠠᠯ ᠢ ᠳᠡᠮᠵᠢᠬᠦ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢ ᠳᠡᠮᠵᠢᠵᠦ ᠪᠠᠶᠢᠭᠠᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠤᠨ ᠨᠡᠶᠢᠯᠡᠭᠦᠯᠬᠦ ᠪᠠ ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ | ᠭᠦᠢᠯᠭᠡᠭᠡᠨ ᠤ ᠨᠡᠷᠡᠳᠬᠦᠨ ᠳᠤ ᠪᠠᠨ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠠᠢ | ᠬᠥᠭᠵᠢᠬᠦ ᠶᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠵᠢᠷᠭᠤᠭ᠎ᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ | ︵ᠬᠤᠷᠢᠨ ᠨᠢᠭᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠥᠳᠡᠯᠦᠩᠭᠦᠶ | ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠢᠨ᠎ᠡ ᠪᠠᠷ ᠨᠡᠮᠡᠭᠳᠡᠭᠰᠡᠨ ᠡᠮᠴᠢᠯᠡᠭᠡ ᠶᠢᠨ ᠦᠢᠯᠡᠴᠢᠯᠡᠭᠡᠨ ᠪᠠ ︽ᠢᠨᠲ᠋ᠧᠷ | ᠰᠦᠯᠵᠢᠶ᠎ᠡ +︾ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠢ ᠴᠠᠭ ᠲᠤᠬᠠᠶ ᠳᠤ ᠨᠢ ᠨᠥᠬᠦᠪᠥᠷᠢᠯᠡᠵᠦ᠂ ᠦᠨ᠎ᠡ ᠬᠠᠩᠰᠢ ᠲᠣᠬᠢᠷᠠᠭᠤᠯᠬᠤ ᠵᠠᠮ ᠮᠥᠷ ᠢ ᠨᠢ | ᠵᠢᠷᠤᠮᠵᠢᠭᠤᠯᠤᠨ᠂ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠡᠬᠢᠯᠡᠭᠦᠯᠵᠦ ᠠᠵᠢᠯᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠦᠨ᠎ᠡ | ᠬᠠᠩᠰᠢ ᠶᠢ ᠴᠠᠭ ᠲᠤᠬᠠᠶ ᠳᠤ ᠨᠢ ᠲᠣᠬᠢᠷᠠᠭᠤᠯᠤᠨ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠦᠨ᠎ᠡ ᠥᠷᠲᠡᠭ ᠢ ᠢᠯᠡᠷᠡᠭᠦᠯᠦᠭᠰᠡᠨ ᠡᠮᠴᠢᠯᠡᠭᠡ ᠶᠢᠨ | ᠦᠢᠯᠡᠴᠢᠯᠡᠭᠡᠨ ᠤ ᠦᠨ᠎ᠡ ᠬᠠᠩᠰᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠨ ᠬᠥᠭᠵᠢᠬᠦ ᠶᠢ ᠳᠡᠮᠵᠢᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠬᠤ ᠳᠤ ᠬᠡᠷᠡᠭᠯᠡᠬᠦ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ᠂ | ᠨᠠᠶᠢᠷᠠᠯᠲᠠ ᠳᠤ ᠪᠠᠨ ᠡᠵᠡᠨ ᠮᠡᠳᠡᠨ ᠦᠨ᠎ᠡ ᠲᠣᠭᠲᠠᠭᠠᠬᠤ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠶᠢ ᠨᠢ ᠲᠣᠭᠲᠠᠭᠠᠯ ᠶᠣᠰᠣᠭᠠᠷ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠬᠤᠷᠢᠨ ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠪᠦᠷᠢᠨᠰᠢᠭᠦᠯᠬᠦ ᠬᠡᠷᠡᠭᠲᠡᠢ᠃ ᠲᠣᠭᠲᠠᠭᠠᠯ ᠶᠣᠰᠣᠭᠠᠷ ᠡᠮᠴᠢᠯᠡᠭᠡᠨ ᠨᠢ ᠦᠨᠡᠨ ᠬᠦ ᠲᠤᠰᠠᠲᠠᠢ᠂ ᠵᠠᠷᠤᠳᠠᠯ ᠨᠢ ᠲᠣᠬᠢᠷᠠᠮᠵᠢᠲᠠᠶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠡᠮᠴᠢᠯᠡᠭᠡᠨ ᠤ ᠦᠢᠯᠡᠴᠢᠯᠡᠭᠡ ᠳᠤ ᠡᠪᠡᠳᠴᠢᠨ ᠤ ᠵᠦᠢᠯ ᠤᠨ ᠬᠤᠪᠢ ᠶᠢᠨ ᠥᠷᠲᠡᠭ ᠢᠶᠠᠷ ᠨᠢ ᠵᠠᠷᠤᠳᠠᠯ ᠲᠤᠰᠢᠶᠠᠬᠤ ᠶᠢ ᠰᠦᠪᠡᠭᠴᠢᠯᠡᠨ᠂ ᠬᠢᠲᠠᠳ ︵ᠮᠣᠩᠭᠤᠯ︶ | ᠧᠦ᠋ᠷᠣᠫᠠ ᠡᠮᠨᠡᠯᠭᠡ ᠶᠢᠨ ᠠᠳᠠᠯᠢ ᠡᠪᠡᠳᠴᠢᠨ ᠢ ᠡᠮᠴᠢᠯᠡᠭᠰᠡᠨ ᠲᠤᠰᠠ ᠨᠢ ᠠᠳᠠᠯᠢ ᠦᠨ᠎ᠡ ᠬᠠᠩᠰᠢ ᠨᠢ ᠠᠳᠠᠯᠢ ᠪᠠᠶᠢᠬᠤ ᠶᠢ ᠠᠬᠢᠭᠤᠯᠵᠤ᠂ ᠡᠩ ᠤᠨ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠣᠰᠢᠯᠠᠨ ᠡᠮᠨᠡᠬᠦ ᠲᠥᠷᠥᠯ ᠵᠦᠢᠯ ᠳᠤ ᠦᠷᠭᠦᠯᠵᠢᠯᠡᠨ ᠲᠥᠷᠥᠯ ᠵᠦᠢᠯ ᠢᠶᠠᠷ ᠵᠠᠷᠤᠳᠠᠯ ᠲᠤᠰᠢᠶᠠᠵᠤ᠂ ᠡᠮᠴᠢᠯᠡᠭᠡᠨ ᠤ | ᠪᠠᠶᠢᠭᠤᠯᠤᠮᠵᠢ ᠶᠢᠨ ᠠᠮᠤᠷ ᠲᠦᠪᠰᠢᠨ ᠪᠥᠭᠡᠳ ᠦᠷ᠎ᠡ ᠪᠦᠲᠦᠮᠵᠢᠲᠡᠶ᠂ ᠳᠥᠭᠦᠮ ᠳᠥᠲᠡ ᠪᠥᠭᠡᠳ ᠲᠣᠬᠢᠷᠠᠮᠵᠢᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠦᠢᠯᠡᠴᠢᠯᠡᠭᠡ ᠬᠠᠩᠭᠠᠬᠤ ᠶᠢ ᠤᠷᠮᠠᠰᠢᠭᠤᠯᠬᠤ ᠬᠡᠷᠡᠭᠲᠡᠢ᠃ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠲᠠᠯ᠎ᠠ ᠪᠠᠷ ᠬᠢ ᠣᠨᠴᠠᠯᠢᠭ ᠲᠠᠢ ᠡᠷᠡᠭᠦᠯ ᠮᠡᠨᠳᠦ ᠶᠢᠨ ᠳᠠᠭᠠᠳᠬᠠᠯ ᠤᠨ ᠨᠡᠷᠡᠳᠬᠦᠨ ᠭᠠᠷᠭᠠᠬᠤ ᠶᠢ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢ ᠡᠷᠡᠭᠦᠯ ᠮᠡᠨᠳᠦ ᠶᠢᠨ ᠳᠠᠭᠠᠳᠬᠠᠯ ᠤᠨ ᠪᠠᠲᠤᠯᠠᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ᠂ ᠨᠥᠬᠦᠪᠥᠷᠢ | ᠡᠮᠴᠢᠯᠡᠭᠡᠨ ᠤ ᠳᠠᠭᠠᠳᠬᠠᠯ ᠤᠨ ᠲᠥᠷᠥᠯ ᠵᠦᠢᠯ ᠤᠨ ᠲᠥᠯᠥᠵᠦ ᠨᠥᠬᠦᠪᠦᠷᠢᠯᠡᠬᠦ ᠬᠡᠪᠴᠢᠶᠡᠨ ᠳᠤ ᠣᠷᠤᠭᠤᠯᠬᠤ ᠬᠡᠷᠡᠭᠲᠡᠢ᠃ ᠳᠠᠭᠠᠳᠬᠠᠯ ᠤᠨ ᠺᠣᠮᠫᠠᠨᠢ ᠪᠠ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠶᠢᠭᠤᠯᠤᠮᠵᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠮᠲᠤᠷᠠᠨ ᠥᠷᠨᠢᠭᠦᠯᠬᠦ ᠶᠢ ᠵᠣᠷᠢᠭᠵᠢᠭᠤᠯᠵᠤ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ ᠳᠤ ᠣᠷᠣᠭᠤᠯᠬᠤ ᠬᠡᠷᠡᠭᠲᠡᠶ᠃ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡ ᠪᠠ ᠵᠠᠷᠤᠳᠠᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠨ᠎ᠠ︶ | ︵ᠬᠤᠷᠢᠨ ᠭᠤᠷᠪᠠ︶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠦᠨᠳᠦᠰᠦᠨ ᠪᠤᠰᠤ ᠦᠢᠯᠡᠴᠢᠯᠡᠭᠡᠨ ᠢ ᠵᠣᠬᠢᠰᠲᠠᠶ ᠥᠷᠨᠢᠭᠦᠯᠬᠦ ᠬᠡᠷᠡᠭᠲᠡᠢ᠃ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠤ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠢᠨ ᠤ ᠣᠯᠠᠨ | ᠤᠯᠤᠰ ᠤᠨ ᠡᠮᠴᠢᠯᠡᠭᠡᠨ ᠤ ᠬᠡᠯᠲᠡᠰ ᠢ ᠪᠡᠶ᠎ᠡ ᠪᠠᠨ ᠳᠠᠭᠠᠭᠠᠵᠤ ᠪᠠᠶᠢᠭᠤᠯᠬᠤ ᠶᠢ ᠨᠢ ᠵᠥᠪᠰᠢᠶᠡᠷᠡᠨ᠂ ᠣᠯᠠᠨ ᠤᠯᠤᠰ ᠤᠨ ᠡᠮᠴᠢᠯᠡᠭᠡᠨ ᠤ ᠦᠨ᠎ᠡ ᠬᠠᠩᠰᠢ ᠶᠢ ᠡᠵᠡᠨ | ᠮᠡᠳᠡᠨ ᠲᠣᠭᠲᠠᠭᠠᠵᠤ᠂ ᠲᠥᠷᠥᠯ ᠵᠦᠢᠯ ᠢᠶᠠᠨ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠵᠦ ᠬᠡᠷᠡᠭᠵᠢᠭᠦᠯᠦᠭᠰᠡᠨ ᠣᠨᠴᠠ ᠬᠡᠷᠡᠭᠰᠡᠬᠦ ᠡᠮᠴᠢᠯᠡᠭᠡᠨ ᠤ ᠦᠢᠯᠡᠴᠢᠯᠡᠭᠡᠨ ᠤ | ᠲᠥᠷᠥᠯ ᠵᠦᠢᠯ ᠤᠨ ᠬᠡᠪᠴᠢᠶᠡᠨ ᠳᠣᠲᠣᠷ᠎ᠠ ᠪᠠᠶᠢᠯᠭᠠᠵᠤ᠂ ᠦᠢᠯᠡᠴᠢᠯᠡᠬᠦ ᠬᠡᠮᠵᠢᠶᠡᠨ ᠤ ᠬᠠᠷᠢᠴᠠᠯ ᠢ ᠪᠦᠬᠦ ᠡᠮᠴᠢᠯᠡᠭᠡᠨ ᠤ ᠦᠢᠯᠡᠴᠢᠯᠡᠭᠡ ᠶᠢᠨ 10% ᠠᠴᠠ ᠳᠠᠪᠠᠭᠤᠯᠵᠤ | ᠪᠣᠯᠬᠤ ᠦᠭᠡᠶ᠂ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠶᠢ ᠭᠤᠣᠯᠳᠠᠭᠤ ᠠᠵᠢᠯᠲᠠᠨ ᠠᠵᠢᠯᠴᠢᠨ ᠤ ᠣᠯᠭᠤᠮᠵᠢ ᠶᠢ ᠰᠠᠶᠢᠵᠢᠷᠠᠭᠤᠯᠬᠤ᠂ ᠲᠤᠰᠬᠠᠶ ᠰᠠᠯᠠᠭᠠᠨ ᠤ | ᠪᠠᠶᠢᠭᠤᠯᠤᠯᠲᠠ ᠪᠠ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠴᠢᠩᠭᠠᠳᠬᠠᠬᠤ ᠳᠤ ᠬᠡᠷᠡᠭᠯᠡᠬᠦ ᠬᠡᠷᠡᠭᠲᠡᠶ᠃ ᠣᠨᠴᠠ ᠬᠡᠷᠡᠭᠰᠡᠬᠦ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠵᠠᠬ᠎ᠠ ᠳᠡᠯᠭᠡᠭᠦᠷ ᠢᠶᠠᠷ ᠦᠨ᠎ᠡ ᠲᠣᠬᠢᠷᠠᠭᠤᠯᠬᠤ ᠶᠢ ᠬᠡᠷᠡᠭᠵᠢᠭᠦᠯᠵᠦ᠂ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠥᠬᠡᠶ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠳᠣᠯᠤᠭ᠎ᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠢ | ︵ᠬᠤᠷᠢᠨ ᠳᠥᠷᠪᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ | ᠭᠠᠷᠴᠠᠭ ᠢ ᠪᠠᠶᠢᠭᠤᠯᠵᠤ᠂ ᠥᠪᠡᠷᠮᠢᠴᠡ ᠨᠣᠮᠣᠬᠠᠳᠬᠠᠬᠤ ᠠᠷᠭ᠎ᠠ ᠲᠠᠢ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠪᠠ ᠬᠢᠲᠠᠳ ᠡᠮᠨᠡᠯᠭᠡ ︵ᠮᠣᠩᠭᠤᠯ ᠡᠮᠨᠡᠯᠭᠡ︶ | ᠶᠢᠨ ᠥᠪᠡᠷᠮᠢᠴᠡ ᠮᠡᠷᠭᠡᠵᠢᠯ ᠢ ᠬᠠᠮᠠᠭᠠᠯᠠᠬᠤ ᠬᠡᠪᠴᠢᠶᠡᠨ ᠳᠤ ᠣᠷᠤᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠷᠭᠡᠵᠢᠯ ᠤᠨ | ᠲᠠᠯ᠎ᠠ ᠪᠠᠷ ᠣᠯᠠᠨ ᠤᠯᠤᠰ ᠤᠨ ᠲᠤᠰᠬᠠᠶ ᠠᠰᠢᠭ ᠭᠤᠶᠤᠴᠢᠯᠠᠬᠤ ᠶᠢ ᠠᠬᠢᠭᠤᠯᠬᠤ ᠬᠡᠷᠡᠭᠲᠡᠢ᠃ ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ ᠢ | ᠬᠠᠮᠠᠭᠠᠯᠠᠬᠤ ᠵᠡᠷᠭᠡ ᠠᠷᠭ᠎ᠠ ᠶᠢ ᠬᠡᠷᠡᠭᠯᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠨᠢ | ᠵᠣᠷᠢᠭᠵᠢᠭᠤᠯᠵᠤ᠂ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ ᠤᠨ ᠲᠡᠮᠳᠡᠭ ᠢ ᠬᠠᠮᠠᠭᠠᠯᠠᠬᠤ ᠪᠠ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠬᠢᠲᠠᠳ ᠡᠮ ︵ᠮᠣᠩᠭᠤᠯ ᠡᠮ︶ ᠤᠨ ᠭᠠᠵᠠᠷ ᠵᠦᠶ ᠶᠢᠨ ᠲᠡᠮᠳᠡᠭ ᠢ ᠬᠡᠷᠡᠭᠯᠡᠬᠦ ᠪᠠᠷ ᠠᠬᠢᠭᠤᠯᠬᠤ ᠢᠨᠵᠧᠨᠧᠷᠢᠩ ᠢ ᠠᠬᠢᠭᠤᠯᠵᠤ᠂ ᠬᠢᠲᠠᠳ ᠡᠮ ︵ᠮᠣᠩᠭᠤᠯ ᠡᠮ︶ ᠤᠨ | ᠭᠠᠵᠠᠷ ᠵᠦᠶ ᠶᠢᠨ ᠲᠡᠮᠳᠡᠭ ᠤᠨ ᠬᠠᠮᠠᠭᠠᠯᠠᠯᠲᠠ ᠲᠠᠢ ᠪᠦᠲᠦᠭᠡᠭᠳᠡᠬᠦᠨ ᠳᠤ ᠬᠤᠯᠪᠣᠭᠳᠠᠬᠤ ᠲᠤᠰᠬᠠᠶ ᠬᠠᠤᠯᠢ ᠬᠡᠷᠡᠭᠵᠢᠭᠦᠯᠦᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠦ ᠥᠷᠨᠢᠭᠦᠯᠦᠨ᠂ ᠤᠯᠤᠰ ᠤᠨ ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠭᠤᠶᠤᠴᠢᠯᠠᠬᠤ ᠶᠢ | ᠠᠬᠢᠭᠤᠯᠬᠤ ᠬᠡᠷᠡᠭᠲᠡᠢ᠃ ᠪᠥᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠬᠡᠷᠡᠭᠵᠢᠭᠦᠯᠵᠦ ᠬᠠᠮᠠᠭᠠᠯᠠᠬᠤ ᠲᠤᠰᠬᠠᠶ ᠠᠵᠢᠯᠯᠠᠭᠠᠨ ᠢ ᠵᠣᠬᠢᠶᠠᠨ | ᠪᠠᠶᠢᠭᠤᠯᠵᠦ ᠥᠷᠨᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠠᠸᠠᠷ ᠤᠨ ᠲᠡᠮᠳᠡᠭ᠂ ᠲᠤᠰᠬᠠᠶ ᠠᠰᠢᠭ᠂ ᠭᠠᠵᠠᠷ ᠵᠦᠶ ᠶᠢᠨ ᠲᠡᠮᠳᠡᠭ | ᠵᠡᠷᠭᠡ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠬᠤᠳᠠᠯᠳᠤᠭᠠᠨ ᠤ ᠨᠢᠭᠤᠴᠠ ᠶᠢ ᠨᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠬᠤᠷᠢᠨ ᠲᠠᠪᠤ︶ ᠬᠢᠲᠠᠳ ᠡᠮ ︵ᠮᠣᠩᠭᠤᠯ ᠡᠮ︶ ᠤᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠡᠮ ᠤᠨ ᠵᠦᠢᠯ ᠳᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ ᠶᠢ ᠤᠶᠠᠯᠳᠤᠭᠤᠯᠬᠤ ᠶᠢ ᠨᠢ ᠠᠬᠢᠭᠤᠯᠤᠨ᠂ ᠲᠦᠭᠰᠢᠭᠦᠷᠢ ᠶᠢ ᠦᠨᠡᠯᠡᠨ ᠵᠢᠱᠢᠬᠦ ᠪᠠ ᠬᠢᠨᠠᠨ ᠰᠢᠨᠵᠢᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠡᠮᠴᠢᠯᠡᠭᠡᠨ ᠤ ᠪᠠᠶᠢᠭᠤᠯᠤᠮᠵᠢ᠂ ᠡᠮ ᠦᠢᠯᠡᠳᠬᠦ ᠠᠵᠤ ᠠᠬᠤᠶᠢᠯᠠᠯ᠂ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠤᠨ ᠦᠢᠯᠡᠳᠪᠦᠷᠢ ᠶᠢ ᠬᠥᠲᠥᠯᠦᠨ | ᠵᠢᠯᠣᠭᠤᠳᠴᠤ ᠪᠠᠶᠢᠭᠠᠳ ᠶᠠᠰᠤ ᠴᠢᠨᠠᠷ ᠤᠨ ᠪᠠᠲᠤᠯᠠᠭ᠎ᠠ ᠲᠠᠢ᠂ ᠣᠭ ᠦᠨᠳᠦᠰᠦ ᠶᠢ ᠨᠢ ᠤᠬᠤᠴᠢᠯᠠᠨ ᠮᠥᠷᠳᠡᠵᠦ ᠪᠣᠯᠬᠤ ᠬᠢᠲᠠᠳ ᠡᠮ ︵ᠮᠣᠩᠭᠤᠯ ᠡᠮ︶ ᠤᠨ | ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠳᠤ ᠨᠠᠶᠢᠳᠠᠵᠤ ᠬᠡᠰᠡᠭ ᠬᠢᠲᠠᠳ ᠡᠮ | ︵ᠮᠣᠩᠭᠤᠯ ᠡᠮ︶ ᠤᠨ ᠴᠢᠨᠠᠬᠤ ᠡᠮ ᠢ ᠣᠷᠣᠯᠠᠭᠤᠯᠤᠨ ᠦᠢᠯᠡᠳᠪᠦᠷᠢᠯᠡᠭᠦᠯᠬᠦ ᠶᠢ ᠨᠢ ᠵᠥᠪᠰᠢᠶᠡᠷᠡᠬᠦ ᠬᠡᠷᠡᠭᠲᠡᠢ᠃ ᠰᠢᠯᠭᠠᠨ ᠪᠠᠶᠢᠴᠠᠭᠠᠬᠤ ᠬᠢᠷᠢ ᠬᠡᠮ ᠲᠠᠢ | ᠪᠠᠶᠢᠭᠤᠯᠤᠮᠵᠢ ᠳᠤ ᠨᠠᠶᠢᠳᠠᠵᠤ᠂ ᠲᠠᠷᠢᠶᠠᠨ ᠤ ᠡᠮ ᠤᠨ ᠦᠯᠡᠳᠡᠭᠳᠡᠯ᠂ ᠬᠦᠨᠳᠦ ᠲᠡᠮᠦᠷᠯᠢᠭ ᠪᠠ ᠬᠤᠣᠷ ᠲᠠᠢ ᠡᠯᠧᠮᠧᠨ᠋ᠲ᠂ ᠠᠷᠰᠧᠨ ᠤ ᠳᠠᠪᠤᠰᠤ᠂ ᠰᠢᠷ᠎ᠠ | ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋ ᠵᠡᠷᠭᠡ ᠳᠤ ᠰᠢᠯᠭᠠᠨ ᠪᠠᠶᠢᠴᠠᠭᠠᠯᠲᠠ ᠬᠢᠯᠭᠡᠵᠦ᠂ ᠳᠠᠬᠢᠨ ᠳᠠᠪᠲᠠᠨ ᠪᠡᠯᠡ ᠣᠷᠣᠭᠤᠯᠬᠤ ᠶᠢ ᠪᠠᠭᠠᠰᠬᠠᠨ᠂ | ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ ᠪᠣᠯᠤᠨ᠎ᠠ᠃ ᠭᠤᠷᠪᠠᠳᠠᠬᠢ ᠡᠲᠡᠭᠡᠳ ᠪᠣᠯᠬᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ | ᠮᠠᠭᠠᠳᠯᠠᠨ ᠲᠣᠭᠲᠠᠭᠠᠵᠤ ᠵᠥᠪᠰᠢᠶᠡᠷᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠬᠤᠷᠢᠨ ᠵᠢᠷᠭᠤᠭ᠎ᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢᠶᠠᠨ ᠤᠯᠠᠮᠵᠢᠯᠠᠨ ᠳᠡᠯᠭᠡᠷᠡᠭᠦᠯᠬᠦ ᠶᠢ ᠴᠢᠩᠭᠠᠳᠬᠠᠬᠤ ᠬᠡᠷᠡᠭᠲᠡᠢ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠣᠳᠠᠰ ᠤᠨ ᠪᠤᠰᠤ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠳᠡᠮᠵᠢᠵᠦ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠤᠬᠠᠭᠤᠯᠬᠤ ᠶᠢ ᠴᠢᠩᠭᠠᠳᠬᠠᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠪᠠ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠷᠲᠡᠨ ᠤ ᠨᠣᠮ ᠰᠤᠳᠤᠷ ᠢ ᠬᠠᠮᠠᠭᠠᠯᠠᠬᠤ ᠨᠥᠬᠦᠴᠡᠯ ᠢᠶᠠᠨ ᠰᠠᠶᠢᠵᠢᠷᠠᠭᠤᠯᠬᠤ ᠶᠢ ᠳᠡᠮᠵᠢᠵᠦ᠂ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢᠶᠠᠨ ᠬᠠᠮᠠᠭᠠᠯᠠᠵᠤ ᠤᠯᠠᠮᠵᠢᠯᠠᠬᠤ ᠪᠠ ᠤᠯᠠᠮᠵᠢᠯᠠᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠡᠷᠡᠭᠦᠯ | ᠮᠡᠨᠳᠦ ᠶᠢᠨ ᠬᠥᠮᠦᠵᠢᠯ ᠢ ᠥᠷᠭᠡᠨ ᠢᠶᠠᠷ ᠥᠷᠨᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢᠶᠠᠨ ᠤᠯᠠᠮᠵᠢᠯᠠᠨ ᠳᠡᠯᠭᠡᠷᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠰᠣᠶᠣᠯ ᠪᠠ ᠮᠡᠳᠡᠯᠭᠡ ᠶᠢ ᠰᠤᠷᠭᠠᠭᠤᠯᠢ᠂ ᠪᠠᠶᠢᠭᠤᠯᠭ᠎ᠠ᠂ | ᠠᠵᠤ ᠠᠬᠤᠶᠢᠯᠠᠯ᠂ ᠭᠡᠷ ᠪᠦᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ ᠣᠷᠣᠭᠤᠯᠬᠤ ᠶᠢ ᠨᠢ ᠠᠬᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠬᠥᠮᠦᠵᠢᠯ ᠥᠷᠨᠢᠭᠦᠯᠬᠦ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ | ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠷᠠᠳᠢᠣ᠋ ᠲᠧᠯᠸᠢᠰ ᠤᠨ ᠲᠣᠪᠴᠢᠶ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ | ᠬᠠᠷᠢᠭᠤᠴᠠᠨ᠎ᠠ︶ | ︵ᠬᠤᠷᠢᠨ ᠳᠣᠯᠤᠭ᠎ᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ | ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢ ᠴᠠᠭ ᠲᠤ ᠨᠢ ᠳᠣᠭᠢᠷᠠᠭᠤᠯᠤᠨ ᠠᠬᠢᠭᠤᠯᠬᠤ ᠬᠡᠷᠡᠭᠲᠡᠢ᠃ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠠ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠡᠷᠬᠢᠯᠡᠬᠦ ᠣᠷᠴᠢᠨ ᠨᠥᠬᠦᠴᠡᠯ ᠢ ᠴᠡᠪᠡᠷᠰᠢᠭᠦᠯᠬᠦ ᠬᠡᠷᠡᠭᠲᠡᠢ᠃ ︽ᠬᠤᠶᠠᠷ ᠢ ᠢᠯᠡ ᠨᠡᠶᠢᠲᠡᠯᠡᠬᠦ︾ ᠠᠵᠢᠯ ᠤᠨ | ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠷᠡᠭᠦᠯ ᠪᠤᠰᠤ ᠪᠠᠷ ᠠᠵᠢᠯ ᠡᠷᠬᠢᠯᠡᠭᠰᠡᠨ ᠢ ᠨᠢ ᠲᠡᠮᠳᠡᠭᠯᠡᠬᠦ ᠳᠦᠷᠢᠮ ᠢ ᠪᠠᠶᠢᠭᠤᠯᠵᠤ᠂ ︽ᠢᠲᠡᠭᠡᠮᠵᠢᠲᠦ ᠳᠤᠮᠳᠠᠳᠤ ᠤᠯᠤᠰ︾ | ᠰᠦᠯᠵᠢᠶ᠎ᠡ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠵᠡᠷᠭᠡ ᠶᠢ ᠰᠠᠶᠢᠲᠤᠷ ᠬᠡᠷᠡᠭᠯᠡᠬᠦ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠬᠤᠷᠢᠨ ᠨᠠᠢᠮᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠳᠤ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠶ᠃ | ᠡᠯ᠎ᠡ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠ ᠬᠠᠮᠲᠤᠷᠠᠭᠰᠠᠨ ᠬᠤᠷᠠᠯ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠰᠤᠳᠤᠯᠵᠤ ᠰᠢᠢᠳᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠨᠢ ︽ᠬᠢᠲᠠᠳ | ᠧᠦ᠋ᠷᠣᠫᠠ ᠡᠮᠨᠡᠯᠭᠡ ᠶᠢ ᠵᠡᠷᠭᠡ ᠳᠤ ᠨᠢ ᠴᠢᠬᠤᠯᠠᠴᠢᠯᠠᠬᠤ︾ ᠶᠢ ᠪᠠᠷᠢᠮᠲᠠᠯᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠢ ᠭᠤᠣᠯᠳᠠᠯᠭ᠎ᠠ | ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠠᠮᠲᠤ ᠳᠤ ᠨᠢ ᠠᠷᠭ᠎ᠠ ᠰᠦᠪᠡᠭᠴᠢᠯᠡᠨ᠂ ᠬᠠᠮᠲᠤ ᠳᠤ ᠨᠢ ᠠᠬᠢᠭᠤᠯᠵᠤ᠂ ᠬᠠᠮᠲᠤ ᠳᠤ ᠨᠢ | ᠨᠠᠶᠢᠳᠠᠪᠤᠷᠢᠵᠢᠭᠤᠯᠵᠤ᠂ ᠬᠠᠮᠲᠤ ᠳᠤ ᠨᠢ ᠬᠢᠨᠠᠨ ᠰᠢᠯᠭᠠᠬᠤ ᠬᠡᠷᠡᠭᠲᠡᠶ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ︽ᠡᠷᠡᠭᠦᠯ ᠡᠩᠬᠡ ᠥᠪᠥᠷ ᠮᠣᠩᠭᠤᠯ︾ | ᠤᠨ ᠠᠵᠢᠯᠯᠠᠭᠠᠨ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠲᠦᠷᠢᠮ ᠤᠨ ᠪᠠᠶᠢᠭᠤᠯᠤᠯᠲᠠ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠵᠡᠷᠭᠡ ᠳᠤ ᠪᠥᠬᠦ ᠲᠠᠯ᠎ᠠ ᠪᠠᠷ ᠣᠷᠣᠯᠴᠠᠬᠤ ᠶᠢ ᠠᠬᠢᠭᠤᠯᠵᠤ᠂ ᠡᠬᠢ ᠪᠠᠶᠠᠯᠢᠭ ᠤᠨ | ᠲᠣᠬᠢᠷᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠲᠣᠭᠲᠠᠴᠠ᠂ ᠲᠦᠷᠢᠮ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠲᠡᠶᠢᠰᠢ ᠬᠡᠯᠪᠡᠶᠢᠯᠭᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠰᠢᠨᠵᠢᠯᠡᠬᠦ | ᠤᠬᠠᠭᠠᠨ ᠤ ᠰᠤᠳᠤᠯᠤᠯ᠂ ᠴᠢᠳᠠᠪᠤᠷᠢᠲᠠᠨ ᠢ ᠬᠥᠮᠦᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠡᠮᠨᠡᠬᠦ᠂ ᠪᠠᠷᠢᠮᠵᠢᠶ᠎ᠠ ᠲᠣᠭᠲᠠᠭᠠᠬᠤ᠂ ᠰᠣᠶᠣᠯ ᠤᠬᠠᠭᠤᠯᠭ᠎ᠠ | ᠵᠡᠷᠭᠡ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠬᠦ ᠶᠢ ᠨᠢ ᠠᠬᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ ᠵᠠᠰᠠᠯᠲᠠ ᠶᠢᠨ | ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠲᠤᠰ ᠰᠠᠯᠠᠭ᠎ᠠ ᠮᠥᠴᠢᠷ ᠤᠨ ᠢᠶᠠᠨ ᠪᠣᠳᠠᠲᠠᠢ ᠲᠠᠢ ᠤᠶᠠᠯᠳᠤᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠠᠷᠢᠯᠢᠬᠵᠢᠭᠤᠯᠬᠤ ᠬᠡᠷᠡᠭᠲᠡᠶ᠃ ﹇ᠥᠪᠡᠷᠲᠡᠭᠡᠨ | ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ﹈ | 2022 ᠣᠨ ᠤ 1 ᠳ᠋ᠦ᠋ᠭᠡᠷ ᠰᠠᠷ᠎ᠠ ᠶᠢᠨ 13 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠢᠲᠡᠯᠡᠨ᠎ᠡ︶ |