4 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦᠳᠠ ᠬᠤᠷᠠᠯ ᠬᠤᠷᠠᠯᠳᠤᠭᠤᠯᠵᠤ᠂ ᠨᠢᠭᠡ ᠡᠳᠦᠷ ᠤᠨ ᠴᠠᠭ ᠢ | ᠠᠰᠢᠭᠯᠠᠨ ᠪᠦᠬᠦ ᠣᠷᠣᠨ ᠤ ᠲᠦᠷᠦᠭᠦᠦ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ | ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ | ︵ᠵᠠᠬᠢᠷᠭ᠎ᠠ︶ ᠤ ᠭᠤᠤᠯ ᠬᠠᠷᠢᠭᠤᠴᠠᠯᠭᠠᠲᠠᠨ ᠨᠥᠬᠦᠳ PPT ᠶᠢ ᠠᠰᠢᠭᠯᠠᠨ ᠵᠠᠳᠠᠯᠤᠯᠲᠠ ᠬᠢᠵᠦ ᠬᠠᠷᠢᠭᠤ ᠮᠡᠳᠡᠭᠦᠯᠤᠨ᠂ ᠰᠢᠭᠤᠳ ᠭᠤᠤᠯ ᠰᠡᠳᠦᠪ ᠲᠤ | ᠴᠢᠭᠯᠡᠭᠦᠯᠦᠨ᠂ ᠠᠮᠵᠢᠯᠲᠠ ᠪᠠᠨ ᠬᠠᠷᠢᠭᠤ ᠮᠡᠳᠡᠭᠦᠯᠵᠦ᠂ ᠠᠰᠠᠭᠤᠳᠠᠯ ᠢᠶᠠᠨ ᠳᠤᠷᠠᠳᠴᠤ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠦᠨᠡᠯᠡᠯᠲᠡ | ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠯᠢ ᠪᠢᠩ ᠷᠦᠩ ᠠᠵᠢᠯ ᠤᠨ ᠰᠠᠨᠠᠯ ᠢᠶᠠᠨ ᠶᠠᠷᠢᠵᠤ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠪᠣᠣ ᠰᠢᠶᠠᠨ ᠬᠤᠸᠠ ᠬᠤᠷᠠᠯ ᠳᠤ ᠣᠷᠣᠯᠴᠠᠪᠠ᠃ | ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠬᠢᠵᠢᠭ ᠤᠨ ᠪᠠᠶᠢᠳᠠᠯ ᠤᠯᠠᠨᠳᠠ ᠡᠭᠦᠰᠴᠦ ᠤᠯᠠᠨᠳᠠ ᠬᠤᠪᠢᠷᠠᠵᠤ᠂ ᠭᠡᠨᠡᠳᠲᠡ ᠡᠭᠦᠰᠦᠭᠰᠡᠨ ᠬᠦᠴᠦᠨ ᠵᠦᠢᠯ | ᠵᠢᠱᠢᠯᠲᠡ ᠠᠴᠠ ᠳᠠᠪᠠᠵᠤ᠂ ᠠᠵᠤ ᠠᠬᠤᠢ ᠶᠢᠨ ᠲᠣᠭᠲᠠᠭᠤᠨ ᠡᠷᠬᠢᠯᠳᠡ ᠶᠢᠨ ᠲᠣᠭᠳᠠᠭᠠᠯᠳᠤ ᠪᠤᠰᠤ ᠴᠢᠨᠠᠷ ᠪᠣᠯᠤᠨ ᠥᠷᠢᠰᠥᠯᠳᠦᠭᠡᠨ ᠨᠡᠩ ᠶᠡᠭᠡ ᠪᠤᠯᠤᠬᠰᠠᠨ ᠬᠦᠨᠳᠦ | ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠪᠦᠬᠦ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠭᠡᠨᠡᠳᠲᠡ | ᠡᠭᠦᠰᠦᠭᠰᠡᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠨᠥᠯᠥᠭᠡ ᠶᠢ ᠢᠯᠠᠨ ᠳᠠᠪᠠᠵᠤ᠂ ᠠᠵᠤ ᠠᠬᠤᠢ ᠤᠷᠤᠭᠤᠳᠠᠬᠤ ᠯᠤᠲᠤ ᠶᠡᠭᠡ ᠳᠠᠷᠤᠯᠲᠠ ᠶᠢ ᠲᠤᠯᠵᠤ᠂ | ︽ᠡᠬᠢᠯᠡᠮᠡᠭᠴᠡ ᠲᠣᠭᠲᠠᠭᠤᠨ ᠪᠠᠶᠢᠯᠭᠠᠬᠤ︾᠂ ︽ᠡᠬᠢᠯᠡᠯᠳᠡ ᠰᠠᠶᠢᠨ ᠪᠠᠶᠢᠬᠤ︾ ᠶᠢ ᠪᠡᠶᠡᠯᠡᠬᠦᠯᠪᠡ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ ᠲᠦᠷᠦᠬᠦᠦ | ᠤᠯᠠᠷᠢᠯ ᠤᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠦᠷᠬᠦᠯᠵᠢᠯᠡᠨ ᠪᠠᠳᠠᠷᠠᠭᠤᠯᠵᠥ᠂ ᠪᠠᠶᠢᠷᠢᠯᠠᠭᠤᠯᠤᠯᠲᠠ ᠶᠢᠨ ᠤᠨᠤᠴᠠᠳᠠᠢ ᠬᠡᠮᠵᠢᠶ᠎ᠡ ᠶᠢ | ᠳᠡᠭᠡᠭᠰᠢᠯᠡᠭᠦᠯᠬᠦ ᠶᠢ ᠪᠠᠷᠢᠮᠲᠠᠯᠠᠵᠥ᠂ ᠲᠥᠷᠥ ᠶᠢᠨ ᠪᠣᠳᠣᠯᠭ᠎ᠠ ᠶᠢᠨ ᠳᠤᠬᠢᠷᠠᠮᠵᠢᠳᠠᠢ ᠴᠠᠭ ᠳᠤᠬᠢᠷᠠᠮᠵᠢᠳᠠᠢ ᠬᠡᠮᠵᠢᠶ᠎ᠡ ᠶᠢ ᠪᠦᠳᠦᠮᠵᠢᠳᠡᠢ ᠪᠠᠶᠢᠯᠭᠠᠬᠤ ᠶᠢ ᠴᠢᠩᠭᠠᠷᠠᠭᠤᠯᠵᠥ᠂ | ᠠᠵᠢᠯ ᠬᠢᠬᠦ ᠵᠣᠷᠢᠭ ᠰᠠᠨᠠᠭ᠎ᠠ ᠪᠠᠨ ᠬᠥᠪᠴᠢᠯᠡᠵᠥ᠂ ᠨᠠᠶᠢᠳᠠᠪᠤᠷᠢᠵᠢᠭᠤᠯᠤᠯᠲᠠ ᠶᠢᠨ ᠴᠢᠩᠭ᠎ᠠ ᠴᠢᠨᠠᠷ ᠢ ᠴᠢᠩᠭᠠᠳᠬᠠᠵᠥ᠂ ᠲᠣᠭᠲᠠᠭᠤᠨ ᠪᠠᠶᠢᠯᠭᠠᠬᠤ ᠪᠠ ᠠᠬᠢᠭᠤᠯᠬᠤ᠂ | ᠪᠠᠶᠢᠭᠤᠯᠬᠤ ᠪᠠ ᠡᠪᠳᠡᠬᠦ᠂ ᠬᠠᠭᠤᠷᠮᠠᠭ ᠪᠠ ᠦᠨᠡᠨ᠂ ᠦᠩᠬᠡᠨ ᠳᠠᠯ᠎ᠠ ᠪᠠ ᠦᠨᠳᠤᠰᠤ᠂ ᠤᠢᠢᠷ᠎ᠠ ᠪᠠ ᠬᠤᠯᠠ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠰᠢᠢᠳᠪᠦᠷᠢᠯᠡᠵᠥ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠪᠠ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠬᠠᠷᠢᠯᠴᠠᠨ ᠨᠢᠭᠡᠳᠭᠡᠬᠦ ᠶᠢ | ᠪᠠᠷᠢᠮᠲᠠᠯᠠᠵᠥ᠂ ᠯᠠᠪᠳᠠᠭᠤᠨ ᠪᠠᠲᠤᠲᠠᠢ ᠠᠵᠢᠯᠯᠠᠬᠤ ᠪᠠ ᠬᠤᠷᠳᠤᠴᠠ ᠲᠦᠷᠭᠡᠨ ᠴᠸ ᠠᠯᠬᠤᠭ᠎ᠠ ᠯᠠᠪᠳᠠᠭᠤᠨ ᠪᠠᠶᠢᠬᠤ ᠶᠢ ᠤᠶᠠᠯᠳᠤᠭᠤᠯᠬᠤ ᠶᠢ ᠪᠠᠷᠢᠮᠲᠠᠯᠠᠵᠥ᠂ ᠳᠤᠭ᠎ᠠ | ᠬᠡᠮᠵᠢᠶᠡᠨ ᠤ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠬᠠᠷᠢᠯᠴᠠᠨ ᠬᠠᠮᠵᠢᠯᠴᠠᠭᠤᠯᠬᠤ ᠶᠢ ᠪᠠᠷᠢᠮᠲᠠᠯᠠᠵᠥ᠂ ᠪᠥᠬᠦ | ᠬᠦᠴᠦᠨ ᠢᠶᠠᠷ ᠢᠶᠠᠨ ︽ᠡᠬᠢᠯᠡᠮᠡᠭᠴᠡ ᠲᠣᠭᠲᠠᠭᠤᠨ ᠪᠠᠶᠢᠯᠭᠠᠬᠤ︾ ᠶᠢ ︽ᠪᠥᠬᠦ ᠵᠢᠯ ᠢᠶᠠᠷ ᠢᠶᠠᠨ ᠲᠣᠭᠲᠠᠭᠤᠨ ᠪᠠᠶᠢᠯᠭᠠᠬᠤ︾ ᠪᠣᠯᠭᠠᠨ ᠬᠤᠪᠢᠷᠠᠭᠤᠯᠵᠥ᠂ ︽ᠡᠬᠢᠯᠡᠯᠲᠡ | ᠰᠠᠶᠢᠨ ᠪᠠᠶᠢᠬᠤ︾ ᠶᠢ ︽ᠪᠦᠬᠦ ᠵᠢᠯ ᠢᠶᠠᠷ ᠢᠶᠠᠨ ᠰᠠᠶᠢᠨ ᠪᠠᠶᠢᠬᠤ︾ ᠪᠣᠯᠭᠠᠨ ᠬᠤᠪᠢᠷᠠᠭᠤᠯᠬᠤ ᠬᠡᠷᠡᠭᠳᠡᠢ᠃ ᠲᠣᠭᠲᠠᠭᠤᠨ ᠪᠠᠶᠢᠯᠭᠠᠬᠤ ᠭᠤᠤᠯ ᠬᠥᠭ ᠠᠶᠠᠰ ᠢ | ᠲᠡᠷᠢᠭᠦᠨ ᠳᠤ ᠲᠠᠯᠪᠢᠵᠥ᠂ ᠲᠡᠷᠢᠭᠦᠨ ᠴᠢᠬᠤᠯᠠ ᠶᠠᠪᠤᠳᠠᠯ ᠪᠤᠯᠭᠠᠵᠥ᠂ ᠢᠮᠠᠭᠲᠠ ᠲᠤᠭᠤᠰᠢᠯᠠᠭᠤᠯᠵᠤ᠂ ᠲᠣᠭᠲᠠᠭᠤᠨ ᠪᠠᠶᠢᠳᠠᠯ ᠢ ᠪᠠᠲᠤᠯᠠᠵᠥ ᠠᠬᠢᠭᠤᠯᠬᠤ ᠲᠦᠷᠦ ᠶᠢᠨ | ᠪᠤᠳᠤᠯᠭ᠎ᠠ ᠶᠢᠨ ᠲᠠᠯ᠎ᠡ ᠪᠠᠷ ᠳᠦᠷᠦᠬᠦᠯᠡᠨ ᠬᠦᠴᠦᠯᠡᠵᠥ᠂ ᠴᠠᠭ ᠲᠤᠨᠢ ᠲᠣᠬᠢᠷᠠᠭᠤᠯᠤᠨ ᠬᠦᠴᠦᠯᠡᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠠᠶᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠳᠡᠭᠡᠭᠰᠢᠯᠡᠭᠦᠯᠵᠥ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠥ᠂ ᠳᠡᠷᠡ ᠬᠡᠪ ᠢᠶᠠᠷ ᠨᠢ ᠰᠠᠬᠢᠵᠥ᠂ ᠪᠡᠯᠡ ᠣᠷᠣᠭᠤᠯᠤᠯᠲᠠ ᠳᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠂ ᠴᠢᠩᠭ᠎ᠠ ᠠᠳᠬᠤᠵᠥ ᠪᠤᠳᠠᠳᠠᠶᠢᠵᠢᠭᠤᠯᠵᠥ᠂ ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠳᠤ ᠪᠦᠬᠦ | ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠂ ᠲᠣᠭᠲᠠᠭᠤᠨ ᠤ ᠳᠤᠮᠳᠠ ᠠᠬᠢᠭᠤᠯᠵᠥ᠂ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠳᠤ ᠬᠡᠯᠬᠢᠶ᠎ᠡ ᠶᠢ | ᠬᠦᠴᠦᠷᠬᠡᠭᠵᠢᠬᠦᠯᠦᠨ᠂ ᠰᠢᠯᠢᠳᠡᠭᠵᠢᠬᠦᠯᠦᠨ ᠴᠤᠬᠯᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠴᠥᠬᠦᠷᠡᠰᠢ ᠦᠭᠡᠢ ᠪᠠᠶᠢᠵᠦ᠂ | ᠬᠠᠲᠠᠭᠤ ᠲᠠᠢ ᠨᠢ ᠬᠠᠯᠳᠠᠵᠥ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠨᠠᠷᠢᠯᠢᠭ ᠠᠴᠠ ᠨᠠᠷᠢᠯᠢᠭ᠂ ᠴᠢᠩᠭ᠎ᠠ ᠠᠴᠠ ᠴᠢᠩᠭ᠎ᠠ ᠪᠠᠶᠢᠵᠥ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ ᠣᠷᠣᠯᠭ᠎ᠠ ᠶᠢ ᠲᠣᠭᠲᠠᠪᠤᠷᠢᠵᠢᠭᠤᠯᠬᠤ ᠳᠤ ᠪᠦᠬᠦ ᠬᠦᠴᠦᠨ ᠢᠶᠠᠨ ᠰᠢᠪᠬᠠᠨ᠂ ᠪᠦᠬᠦ ᠬᠦᠴᠦ ᠪᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠳᠤ ᠴᠢᠳᠠᠯ ᠢᠶᠠᠷ ᠢᠶᠠᠨ ᠴᠢᠷᠮᠠᠶᠢᠵᠥ᠂ ᠴᠢᠳᠠᠯ ᠤᠨ ᠢᠶᠠᠨ ᠬᠢᠷᠢ ᠪᠠᠷ ᠬᠢᠵᠥ᠂ ᠪᠦᠬᠦ ᠣᠷᠣᠨ ᠤ ᠣᠶᠤᠨ ᠤᠬᠠᠭᠠᠨ ᠬᠦᠴᠦᠨ ᠴᠢᠳᠠᠯ ᠢ | ᠨᠢᠭᠲᠠᠷᠠᠭᠤᠯᠵᠤ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠥ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ | ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠬᠡᠯᠬᠢᠶ᠎ᠡ ᠪᠠᠨ ᠪᠠᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠣᠨ ᠤ ᠬᠠᠷᠠᠯᠲᠠ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ | ᠪᠣᠶᠢᠵᠢᠭᠤᠯᠵᠤ᠂ ᠬᠥᠳᠡᠯᠭᠡᠬᠦ ᠡᠨᠧᠷᠭᠢ ᠪᠠᠨ ᠨᠡᠮᠡᠭᠳᠡᠭᠦᠯᠵᠦ᠂ ᠪᠤᠰᠤᠳ ᠠᠴᠠ ᠤᠷᠢᠲᠠᠵᠤ ᠲᠥᠯᠥᠪᠵᠢᠭᠦᠯᠭᠡ ᠪᠠᠨ ᠠᠳᠬᠤᠵᠤ᠂ ᠪᠤᠰᠤᠳ ᠠᠴᠠ ᠲᠦᠷᠭᠡᠨ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠪᠤᠰᠤᠳ ᠠᠴᠠ ᠰᠠᠶᠢᠲᠤᠷ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠥ᠂ ᠴᠠᠭ ᠢᠮᠠᠭᠲᠠ ᠭᠠᠵᠠᠷ ᠪᠣᠯᠭᠠᠨ ᠳᠤ ︽ᠳᠠᠷᠤᠶᠢᠬᠠᠨ | ᠰᠢᠢᠳᠪᠦᠷᠢᠯᠡᠵᠦ︾᠂ ᠡᠯ᠎ᠡ ᠲᠠᠯ᠎ᠠ ᠪᠠᠷ ︽ᠰᠠᠶᠢᠲᠤᠷ ᠬᠢᠵᠦ︾᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ 365赢多少钱会被限额_国内有真正的365平台吗_365bet博彩官网 | ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠯ᠎ᠡ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ︵ᠵᠠᠬᠢᠷᠭ᠎ᠠ︶ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ |