ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠶᠢᠨ ︽ᠠᠷᠭ᠎ᠠ ᠬᠡᠮᠵᠢᠶ᠎ᠡ ᠨᠦᠭᠦᠳ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠵᠥᠪ 365赢多少钱会被限额_国内有真正的365平台吗_365bet博彩官网 | ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠶᠢᠨ ᠵᠠᠶᠢᠯᠠᠰᠢ | ᠦᠭᠡᠢ ᠱᠠᠭᠠᠷᠳᠠᠯᠭ᠎ᠠ ᠪᠣᠯᠣᠨ᠎ᠠ᠃ ᠡᠨᠡ ᠵᠢᠯ ᠤᠨ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠳᠣᠲᠣᠭᠠᠳᠤ ᠭᠠᠳᠠᠭᠠᠳᠤ | ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ | ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ᠨᠠᠩ ᠥᠨᠳᠥᠷ ᠬᠢᠷᠢ ᠲᠦᠪᠰᠢᠨ | ᠪᠦᠬᠦᠢ ᠨᠡᠭᠡᠭᠡᠯᠲᠡ ᠪᠠ ᠨᠠᠩ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠃ | ᠬᠤᠶᠠᠷ᠂ ᠡᠭᠦᠷᠭᠡ ᠬᠠᠷᠠᠯᠲᠠ | ᠥᠪᠥᠷ ᠮᠣᠩᠭᠤᠯ ᠤᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠤᠨ ᠦᠢᠯᠡᠴᠢᠯᠡᠬᠦ ᠳᠤ ᠥᠪᠡᠷᠮᠢᠴᠡ ᠣᠷᠣᠨ ᠪᠦᠰᠡ᠂ ᠠᠵᠤ ᠦᠢᠯᠡᠰ ᠵᠡᠷᠭᠡ ᠶᠢᠨ ᠳᠠᠪᠠᠭᠤᠯᠢᠭ ᠲᠠᠢ ᠪᠥᠭᠡᠳ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠬᠤ᠂ ᠦᠢᠯᠡᠳᠬᠦᠨ ᠢ ᠲᠡᠰ ᠳᠡᠪᠰᠢᠭᠦᠯᠬᠦ᠂ ᠭᠦᠢᠯᠭᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠬᠥᠭᠵᠢᠭᠦᠯᠦᠨ ᠪᠤᠵᠠᠭᠠᠶᠢᠷᠠᠭᠤᠯᠬᠤ ᠵᠡᠷᠭᠡ ᠠᠯᠢ ᠤᠯᠠᠨ ᠲᠣᠬᠢᠶᠠᠯ ᠪᠠ ᠥᠷᠢᠰᠦᠯᠳᠦᠭᠡᠨ ᠳᠤ ᠲᠤᠯᠭᠠᠷᠠᠵᠤ ᠪᠤᠢ᠃ ᠥᠪᠥᠷ ᠮᠣᠩᠭᠤᠯ ᠤᠨ ᠳᠣᠲᠣᠭᠠᠳᠤ | ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠬᠥᠭ ᠠᠶᠠᠰ ᠢ ᠪᠠᠷᠢᠮᠲᠠᠯᠠᠨ᠂ ︽ᠬᠤᠶᠠᠷ ᠰᠠᠭᠤᠷᠢᠨ ᠭᠠᠵᠠᠷ︾ ︽ᠬᠤᠶᠠᠷ ᠬᠠᠯᠬᠠᠪᠴᠢ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠢᠶᠠᠷ ᠵᠢᠯᠣᠭᠤᠳᠤᠭᠤᠯᠬᠤ᠂ ᠵᠠᠬ᠎ᠠ ᠳᠡᠯᠭᠡᠭᠦᠷ ᠢᠶᠠᠷ ᠭᠤᠣᠯᠯᠠᠬᠤ᠂ ᠥᠭᠡᠷᠡᠴᠢᠯᠡᠯᠲᠡ | ᠨᠡᠭᠡᠭᠡᠯᠲᠡ ᠬᠢᠬᠦ᠂ ᠳᠦᠷᠢᠮ ᠢ ᠵᠣᠯᠭᠠᠭᠤᠯᠬᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠬᠤ᠂ ᠨᠢᠭᠡᠳᠦᠯᠲᠡᠢ ᠲᠥᠯᠥᠪᠯᠡᠨ ᠠᠬᠢᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ | ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠶᠠᠷ ᠵᠦᠢᠯ ᠤᠨ ᠡᠬᠢ ᠪᠠᠶᠠᠯᠢᠭ ᠢ ᠠᠰᠢᠭᠯᠠᠵᠤ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ | ᠬᠤᠶᠠᠷ ᠵᠠᠬ᠎ᠠ ᠳᠡᠯᠭᠡᠭᠦᠷ ᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ᠂ ᠳᠣᠲᠣᠭᠠᠳᠤ ᠭᠠᠳᠠᠭᠠᠳᠤ ᠶᠢᠨ ᠬᠤᠯᠪᠣᠯᠳᠤᠨ ᠨᠡᠪᠲᠡᠷᠡᠯᠴᠡᠬᠦ | ᠰᠦᠯᠵᠢᠶ᠎ᠡ ᠶᠢ ᠪᠠᠶᠢᠭᠤᠯᠬᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠠᠷᠢᠮᠵᠢᠶ᠎ᠠ ᠪᠠ | ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠵᠡᠷᠭᠡ ᠵᠠᠩᠭᠢᠯᠠᠭ᠎ᠠ ᠶᠢᠨ ᠴᠡᠭ ᠳᠡᠭᠡᠷ᠎ᠡ ᠬᠦᠴᠦ ᠵᠠᠷᠤᠴᠠᠭᠤᠯᠤᠨ ᠦᠷ᠎ᠡ ᠪᠦᠲᠦᠮᠵᠢ ᠭᠠᠷᠭᠠᠨ᠎ᠠ᠃ ︽ᠠᠷᠭ᠎ᠠ | ᠬᠡᠮᠵᠢᠶ᠎ᠡ ᠨᠦᠭᠦᠳ︾ ᠲᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ 20 | ᠰᠠᠭᠤᠷᠢᠨ ᠭᠠᠵᠠᠷ ᠪᠠ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ 100 ᠠᠵᠤ ᠠᠬᠤᠶᠢᠯᠠᠯ ᠢ ᠪᠣᠶᠢᠵᠢᠭᠤᠯᠬᠤ ᠬᠡᠷᠡᠭᠲᠡᠢ ᠭᠡᠵᠦ | ᠳᠤᠷᠠᠳᠤᠨ ᠭᠠᠷᠭᠠᠵᠤ᠂ ᠨᠢᠭᠡ ᠪᠦᠯᠦᠭ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠲᠤᠷᠰᠢᠯᠭ᠎ᠠ ᠪᠠ ᠵᠠᠭᠪᠤᠷ ᠢ ᠪᠦᠷᠢᠯᠳᠦᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤᠮᠳᠠ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ ᠬᠠᠨᠳᠤᠰᠢ ᠳᠤ ᠵᠣᠬᠢᠴᠠᠭᠤᠯᠤᠨ᠂ ᠳᠣᠲᠣᠭᠠᠳᠤ 365赢多少钱会被限额_国内有真正的365平台吗_365bet博彩官网 | ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠲᠣᠬᠢᠶᠠᠯ ᠢ ᠡᠵᠡᠮᠳᠡᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ | ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃ | ᠭᠤᠷᠪᠠ᠂ ᠭᠤᠣᠯ ᠠᠭᠤᠯᠭ᠎ᠠ | ︽ᠠᠷᠭ᠎ᠠ ᠬᠡᠮᠵᠢᠶ᠎ᠡ ᠨᠦᠭᠦᠳ︾ ᠲᠤ 4 ᠲᠠᠯ᠎ᠠ ᠠᠴᠠ 12 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠨᠢᠭᠡ ᠳᠤ᠂ ᠳᠣᠲᠣᠭᠠᠳᠤ ᠭᠠᠳᠠᠭᠠᠳᠤ | ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠡᠭᠦᠨ ᠳᠤ | ᠳᠣᠲᠣᠭᠠᠳᠤ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ | ᠢᠯᠡᠷᠡᠭᠦᠯᠦᠨ ᠥᠷᠭᠡᠳᠬᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ ᠡᠵᠡᠩᠨᠡᠯᠲᠡ ᠶᠢ ᠳᠡᠮᠵᠢᠬᠦ | ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃ ᠬᠤᠶᠠᠷ ᠲᠤ᠂ ᠬᠤᠶᠠᠷ ᠶᠡᠭᠡ ᠵᠠᠬ᠎ᠠ ᠳᠡᠯᠭᠡᠭᠦᠷ ᠪᠠ ᠬᠤᠶᠠᠷ ᠵᠦᠢᠯ ᠤᠨ ᠡᠬᠢ ᠪᠠᠶᠠᠯᠢᠭ ᠢ ᠠᠰᠢᠭᠯᠠᠵᠤ᠂ ᠳᠣᠲᠣᠭᠠᠳᠤ | ᠭᠠᠳᠠᠭᠠᠳᠤ ᠠᠷᠠᠯᠵᠢᠶᠠᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠡᠭᠦᠨ ᠳᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ | ᠵᠠᠭᠪᠤᠷ ᠢ ᠠᠬᠢᠭᠤᠯᠬᠤ᠂ ᠡᠯ᠎ᠡ ᠲᠦᠷᠦᠯ ᠤᠨ ᠨᠡᠭᠡᠭᠡᠯᠲᠡᠲᠤ ᠠᠴᠢᠶᠠᠯᠠᠪᠤᠷᠢ ᠶᠢ ᠨᠢᠭᠡᠳᠦᠯᠲᠡᠢ ᠲᠥᠯᠥᠪᠵᠢᠭᠦᠯᠦᠨ ᠠᠰᠢᠭᠯᠠᠬᠤ᠂ ᠳᠣᠲᠣᠭᠠᠳᠤ ᠭᠠᠳᠠᠭᠠᠳᠤ ᠶᠢ | ᠬᠤᠯᠪᠣᠯᠳᠤᠭᠤᠯᠤᠨ ᠨᠡᠪᠲᠡᠷᠡᠭᠦᠯᠦᠭᠰᠡᠨ ᠪᠠᠷᠠᠭᠠᠨ ᠤ ᠭᠦᠢᠯᠭᠡᠭᠡᠨ ᠤ ᠲᠣᠣᠷ ᠢ ᠲᠡᠭᠦᠯᠳᠡᠷᠵᠢᠭᠦᠯᠬᠦ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃ ᠭᠤᠷᠪᠠ ᠳᠤ᠂ | ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠣᠲᠣᠭᠠᠳᠤ ᠭᠠᠳᠠᠭᠠᠳᠤ ᠠᠷᠠᠯᠵᠢᠶᠠᠨ ᠤ ᠠᠭᠤᠰᠤᠯᠴᠠᠨ ᠬᠥᠭᠵᠢᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ ᠡᠭᠦᠨ ᠳᠤ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠳᠣᠲᠣᠭᠠᠳᠤ | ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠠᠬᠢᠭᠤᠯᠬᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ | ᠴᠣᠭᠴᠠᠵᠢᠭᠤᠯᠬᠤ ᠪᠠᠷᠢᠮᠵᠢᠶ᠎ᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃ ᠳᠥᠷᠪᠡ ᠳᠤ᠂ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠵᠤ᠂ ᠡᠯ᠎ᠡ ᠲᠦᠷᠦᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠭᠦᠨ ᠳᠤ ᠡᠳ᠋ ᠤᠨ ᠵᠠᠰᠠᠭ | ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃ |