内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
        ᠨᠡᠶᠢᠲᠡᠯᠡᠭᠰᠡᠨ ᠴᠠᠭ᠄
        2022/4/28
                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                    254 ᠳ᠋ᠦ᠋ᠭᠡᠷ ᠲᠣᠭᠠᠲᠤ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ︾ ᠶᠢ 2021 ᠣᠨ ᠤ 12 ᠳ᠋ᠤᠭᠠᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2022 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                           ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ                                           2022 ᠣᠨ ᠤ 2 ᠳ᠋ᠤᠭᠠᠷ ᠰᠠᠷ᠎ᠠ ᠶᠢᠨ 8 ᠤ ᠡᠳᠦᠷ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                        ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ      ᠨᠢᠭᠡᠳᠦᠭᠡᠷ ᠪᠦᠯᠦᠭ  ᠶᠡᠷᠦᠩᠬᠡᠶ ᠲᠦᠷᠢᠮ      ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠠᠵᠢᠯᠯᠠᠭ᠎ᠠ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠶᠢ ᠱᠠᠩᠨᠠᠨ ᠬᠥᠬᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ︵ᠳᠣᠷᠣᠭᠰᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠡᠵᠦ ᠲᠣᠪᠴᠢᠯᠠᠨ᠎ᠠ︶ ᠳᠤ ᠳᠤᠤᠷᠠᠬᠢ ᠱᠠᠩᠨᠠᠯ ᠤᠳ ᠪᠠᠭᠲᠠᠨ᠎ᠠ᠄       ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ︔      ︵ᠬᠤᠶᠠᠷ︶ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ︔      ︵ᠭᠤᠷᠪᠠ︶ ᠮᠡᠷᠭᠡᠵᠢᠯ ᠤᠨ ᠡᠭᠦᠳᠦᠯᠲᠡ ᠶᠢᠨ ᠱᠠᠩᠨᠠᠯ︔      ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ︔      ︵ᠲᠠᠪᠤ︶ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ︔      ︵ᠵᠢᠷᠭᠤᠭ᠎ᠠ︶ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ᠃      ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠪᠣᠯ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ ᠯᠦᠭᠡ ᠨᠢᠭᠲᠠ ᠤᠶᠠᠯᠳᠤᠭᠤᠯᠤᠨ᠎ᠠ᠃ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠨᠢ ᠤᠷᠢᠳᠠᠴᠢ ᠴᠢᠨᠠᠷ ᠪᠠ ᠣᠨᠣᠯ ᠤᠨ ᠴᠢᠨᠠᠷ ᠢ ᠴᠢᠬᠤᠯᠠᠴᠢᠯᠠᠵᠤ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ ᠨᠢ ᠤᠤᠭᠠᠯ ᠡᠭᠦᠳᠦᠯᠲᠡ ᠶᠢᠨ ᠴᠢᠨᠠᠷ ᠪᠠ ᠬᠡᠷᠡᠭᠯᠡᠭᠡᠨ ᠤ ᠴᠢᠨᠠᠷ ᠢ ᠴᠢᠬᠤᠯᠠᠴᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠨᠢ ᠰᠢᠨ᠎ᠡ ᠶᠢ ᠡᠭᠦᠳᠬᠦ ᠴᠢᠨᠠᠷ ᠪᠠ ᠦᠷ᠎ᠡ ᠠᠰᠢᠭᠲᠤ ᠴᠢᠨᠠᠷ ᠢ ᠴᠢᠬᠤᠯᠠᠴᠢᠯᠠᠨ᠎ᠠ᠃      ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠴᠢᠭᠯᠡᠯᠲᠡ ᠶᠢ ᠵᠢᠷᠤᠮᠯᠠᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠦᠨ᠎ᠡ᠃      ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠲᠥᠪ ᠭᠤᠤᠯᠴᠢ ᠴᠢᠨᠠᠷ᠂ ᠲᠥᠪ ᠴᠢᠩᠭ᠎ᠠ ᠴᠢᠨᠠᠷ᠂ ᠡᠷᠬᠡ ᠰᠦᠷᠲᠦ ᠴᠢᠨᠠᠷ ᠪᠠ ᠢᠷᠠᠭᠤ ᠠᠯᠳᠠᠷᠲᠤ ᠴᠢᠨᠠᠷ ᠢ ᠬᠠᠮᠠᠭᠠᠯᠠᠨ᠎ᠠ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ᠂ ᠰᠢᠯᠭᠠᠷᠠᠭᠤᠯᠤᠨ ᠲᠣᠭᠲᠠᠭᠠᠬᠤ ᠪᠠ ᠣᠯᠭᠤᠬᠤ ᠳᠤ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠤ ᠭᠠᠷ ᠲᠦᠷᠦᠭᠦ ᠶᠢ ᠬᠦᠯᠢᠶᠡᠬᠦ ᠦᠭᠡᠶ᠃      ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠬᠠᠮᠢᠶ᠎ᠠ ᠪᠦᠬᠦᠢ ᠳᠦᠷᠢᠮ᠂ ᠳᠡᠰ ᠳᠠᠷᠠᠭᠠᠯᠠᠯ ᠢ ᠲᠣᠭᠲᠠᠭᠠᠬᠤ ᠪᠠ ᠰᠢᠯᠭᠠᠷᠠᠭᠤᠯᠤᠨ ᠲᠣᠭᠲᠠᠭᠠᠬᠤ ᠠᠵᠢᠯᠯᠠᠭ᠎ᠠ ᠶᠢᠨ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃      ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠺᠣᠮᠢᠰ ︵ᠳᠣᠷᠣᠭᠰᠢ ᠱᠠᠩᠨᠠᠨ ᠬᠦᠬᠢᠭᠦᠯᠬᠦ ᠺᠣᠮᠢᠰ ᠭᠡᠵᠦ ᠲᠣᠪᠴᠢᠯᠠᠨ᠎ᠠ︶ ᠢ ᠪᠠᠶᠢᠭᠤᠯᠤᠨ᠎ᠠ᠃ ᠱᠠᠩᠨᠠᠨ ᠬᠦᠬᠢᠭᠦᠯᠬᠦ ᠺᠣᠮᠢᠰ ᠨᠢ ᠬᠤᠯᠪᠣᠭᠳᠠᠯ ᠪᠦᠬᠦᠢ ᠲᠠᠯ᠎ᠠ ᠶᠢᠨ ᠲᠤᠰᠬᠠᠶ ᠮᠡᠷᠭᠡᠵᠢᠯᠲᠡᠨ᠂ ᠡᠷᠳᠡᠮᠲᠡᠨ ᠵᠡᠷᠭᠡ ᠶᠢ ᠤᠷᠢᠵᠤ ᠰᠢᠯᠭᠠᠷᠠᠭᠤᠯᠤᠨ ᠲᠣᠭᠲᠠᠭᠠᠬᠤ ᠺᠣᠮᠢᠰ ᠪᠠ ᠬᠢᠨᠠᠯᠲᠠ ᠲᠠᠯᠪᠢᠬᠤ ᠺᠣᠮᠢᠰ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠰᠢᠯᠭᠠᠷᠠᠭᠤᠯᠤᠨ ᠲᠣᠭᠲᠠᠭᠠᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃      ᠱᠠᠩᠨᠠᠨ ᠬᠦᠬᠢᠭᠦᠯᠬᠦ ᠺᠣᠮᠢᠰ ᠤᠨ ᠪᠦᠷᠢᠯᠳᠦᠬᠦᠨ ᠪᠣᠯᠬᠤ ᠬᠥᠮᠦᠰ ᠢᠶᠠᠷ ᠵᠢᠱᠢᠭᠳᠡᠭᠰᠡᠳ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃      ᠱᠠᠩᠨᠠᠨ ᠬᠦᠬᠢᠭᠦᠯᠬᠦ ᠺᠣᠮᠢᠰ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃      ᠬᠤᠶᠠᠳᠤᠭᠠᠷ ᠪᠦᠯᠦᠭ  ᠱᠠᠩᠨᠠᠯ ᠪᠠᠶᠢᠷᠢᠯᠠᠭᠤᠯᠬᠤ      ᠨᠠᠢᠮᠠᠳᠤᠭᠠᠷ ᠵᠦᠢᠯ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ ᠢ ᠪᠣᠯ ᠥᠪᠡᠷᠲᠡᠭᠡᠨ ᠵᠠᠰᠠᠬᠤ ᠣᠷᠣᠨ ᠳᠤ ᠠᠵᠢᠯᠯᠠᠵᠤ ᠪᠠᠶᠢᠭ᠎ᠠ ᠪᠥᠭᠡᠳ ᠳᠤᠤᠷᠠᠬᠢ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠳᠤᠮᠳᠠᠳᠤ ᠤᠯᠤᠰ ᠤᠨ ᠠᠷᠠᠳ ᠢᠷᠭᠡᠳ ᠲᠤ ᠣᠯᠭᠤᠨ᠎ᠠ᠄       ︵ᠨᠢᠭᠡ︶ ᠣᠳᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠡ ᠹᠷᠤᠨᠲ ᠲᠤ ᠴᠢᠬᠤᠯᠠ ᠶᠡᠭᠡ ᠰᠢᠪᠲᠤᠯᠤᠯᠲᠠ ᠲᠠᠢ ᠪᠣᠯᠤᠭᠰᠠᠨ ᠪᠤᠶᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠳᠤ ᠭᠠᠷᠮᠠᠭᠠᠶ ᠵᠢᠳᠬᠦᠯ ᠭᠠᠷᠭᠠᠭᠰᠠᠨ ᠪᠠᠶᠢᠬᠤ︔      ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠳᠡᠭᠡᠳᠦ ᠮᠡᠷᠭᠡᠵᠢᠯ ᠤᠨ ᠠᠵᠤ ᠦᠢᠯᠡᠰᠵᠢᠭᠦᠯᠬᠦ ᠳᠤ᠂ ᠯᠤᠲᠤ ᠶᠡᠭᠡ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠣᠷᠴᠢᠨ ᠨᠦᠬᠦᠴᠡᠯ ᠤᠨ ᠦᠷ᠎ᠡ ᠠᠰᠢᠭ ᠢ ᠡᠭᠦᠳᠦᠨ ᠪᠦᠲᠦᠭᠡᠭᠰᠡᠨ ᠪᠠᠶᠢᠬᠤ᠃      ᠶᠢᠰᠦᠳᠦᠭᠡᠷ ᠵᠦᠢᠯ  ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠢ ᠪᠣᠯ ᠰᠠᠭᠤᠷᠢ ᠰᠣᠳᠤᠯᠤᠯ ᠪᠠ ᠬᠡᠷᠡᠭᠯᠡᠭᠡᠨ ᠤ ᠰᠠᠭᠤᠷᠢ ᠰᠣᠳᠤᠯᠤᠯ ᠳᠤ ᠪᠠᠶᠢᠭᠠᠯᠢ ᠶᠢᠨ ᠦᠵᠡᠭᠳᠡᠯ᠂ ᠥᠪᠡᠷᠮᠢᠴᠡ ᠣᠨᠴᠠᠯᠢᠭ ᠪᠠ ᠵᠢᠮ᠎ᠡ ᠶᠣᠰᠣ ᠶᠢ ᠲᠣᠳᠣᠷᠬᠠᠶᠢᠯᠠᠨ ᠥᠭᠦᠯᠡᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠢᠯᠡᠷᠡᠭᠦᠯᠦᠯᠲᠡ ᠭᠠᠷᠭᠠᠭᠰᠠᠨ ᠬᠤᠪᠢ ᠬᠥᠮᠦᠨ ᠳᠤ ᠣᠯᠭᠤᠨ᠎ᠠ᠃      ᠡᠮᠦᠨᠡᠬᠢ ᠵᠣᠷᠪᠤᠰ ᠲᠤ ᠬᠡᠯᠡᠵᠦ ᠪᠠᠶᠢᠭ᠎ᠠ ᠴᠢᠬᠤᠯᠠ ᠶᠡᠭᠡ ᠰᠢᠨᠵᠢᠯᠡᠬᠦ ᠤᠬᠠᠭᠠᠨ ᠤ ᠢᠯᠡᠷᠡᠭᠦᠯᠦᠯᠲᠡ ᠨᠢ ᠳᠣᠣᠷ᠎ᠠ ᠵᠢᠭᠰᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄       ︵ᠨᠢᠭᠡ︶ ᠤᠷᠢᠳᠤᠬᠢ ᠬᠦᠮᠦᠰ ᠬᠠᠷᠠᠬᠠᠨ ᠢᠯᠡᠷᠡᠭᠦᠯᠦᠭᠡᠳᠦᠢ ᠪᠤᠶᠤ ᠬᠠᠷᠠᠬᠠᠨ ᠲᠣᠳᠣᠷᠬᠠᠶᠢᠯᠠᠭᠠᠳᠤᠢ ᠪᠠᠶᠢᠬᠤ︔       ︵ᠬᠤᠶᠠᠷ︶ ᠴᠢᠬᠤᠯᠠ ᠶᠡᠭᠡ ᠰᠢᠨᠵᠢᠯᠡᠬᠦ ᠤᠬᠠᠭᠠᠨ ᠤ ᠦᠨ᠎ᠡ ᠦᠷᠳᠡᠭ ᠲᠠᠢ ᠪᠠᠶᠢᠬᠤ︔      ︵ᠭᠤᠷᠪᠠ︶ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠨ ᠳᠤ ᠮᠡᠳᠡᠷᠡᠭᠳᠡᠭᠰᠡᠨ ᠪᠠᠶᠢᠬᠤ᠃      ᠠᠷᠪᠠᠳᠤᠭᠠᠷ ᠵᠦᠢᠯ  ᠮᠡᠷᠭᠡᠵᠢᠯ ᠤᠨ ᠡᠭᠦᠳᠦᠯᠲᠡ ᠶᠢᠨ ᠱᠠᠩᠨᠠᠯ ᠢ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢ ᠬᠡᠷᠡᠭᠯᠡᠨ ᠦᠢᠯᠡᠳᠬᠦᠨ᠂ ᠤᠷᠠᠯᠠᠯ᠂ ᠮᠠᠲ᠋ᠧᠷᠢᠶᠠᠯ᠂ ᠰᠡᠯᠪᠢᠭᠡᠰᠦ ᠵᠢᠴᠢ ᠲᠡᠭᠦᠨ ᠤ ᠰᠢᠰᠲ᠋ᠧᠮ ᠢ ᠪᠦᠲᠦᠭᠡᠭᠰᠡᠨ ᠵᠡᠷᠭᠡ ᠴᠢᠬᠤᠯᠠ ᠶᠡᠭᠡ ᠮᠡᠷᠭᠡᠵᠢᠯ ᠤᠨ ᠡᠭᠦᠳᠦᠯᠲᠡ ᠭᠠᠷᠭᠠᠭᠰᠠᠨ ᠬᠤᠪᠢ ᠬᠥᠮᠦᠨ ᠳᠤ ᠣᠯᠭᠤᠨ᠎ᠠ᠃      ᠡᠮᠦᠨᠡᠬᠢ ᠵᠣᠷᠪᠣᠰ ᠲᠤ ᠬᠡᠯᠡᠵᠦ ᠪᠠᠶᠢᠭ᠎ᠠ ᠴᠢᠬᠤᠯᠠ ᠶᠡᠭᠡ ᠮᠡᠷᠭᠡᠵᠢᠯ ᠤᠨ ᠡᠭᠦᠳᠦᠯᠲᠡ ᠨᠢ ᠳᠣᠣᠷ᠎ᠠ ᠵᠢᠭᠰᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄       ︵ᠨᠢᠭᠡ︶ ᠤᠷᠢᠳᠤᠬᠢ ᠬᠦᠮᠦᠰ ᠬᠠᠷᠠᠬᠠᠨ ᠨᠡᠭᠡᠭᠡᠭᠡᠳᠦᠢ ᠪᠤᠶᠤ ᠬᠠᠷᠠᠬᠠᠨ ᠢᠯᠡ ᠪᠣᠯᠭᠠᠭᠠᠳᠤᠢ ᠪᠠᠶᠢᠬᠤ︔      ︵ᠬᠤᠶᠠᠷ︶ ᠲᠡᠷᠢᠭᠦᠨ ᠤ ᠴᠢᠨᠠᠷ᠂ ᠪᠦᠲᠦᠭᠡᠯᠴᠢ ᠴᠢᠨᠠᠷ᠂ ᠬᠡᠷᠡᠭᠯᠡᠭᠡᠨ ᠤ ᠴᠢᠨᠠᠷ ᠲᠠᠢ ᠪᠠᠶᠢᠬᠤ︔      ︵ᠭᠤᠷᠪᠠ︶ ᠬᠡᠷᠡᠭᠵᠢᠭᠦᠯᠬᠦ ᠪᠠᠷ ᠳᠠᠮᠵᠢᠭᠠᠳ ᠢᠯᠡᠳᠲᠡ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠣᠷᠴᠢᠨ ᠨᠥᠬᠦᠴᠡᠯ ᠤᠨ ᠦᠷ᠎ᠡ ᠠᠰᠢᠭ ᠢ ᠡᠭᠦᠳᠦᠨ ᠪᠦᠲᠦᠭᠡᠭᠰᠡᠨ ᠮᠥᠷᠲᠡᠭᠡᠨ ᠰᠠᠶᠢᠨ ᠰᠠᠶᠢᠬᠠᠨ ᠬᠡᠷᠡᠭᠯᠡᠭᠡᠨ ᠤ ᠢᠷᠡᠭᠡᠳᠦᠢ ᠲᠠᠢ ᠪᠠᠶᠢᠬᠤ᠃      ᠠᠷᠪᠠᠨ ᠨᠢᠭᠡᠳᠦᠭᠡᠷ ᠵᠦᠢᠯ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠪᠣᠯ ᠰᠢᠨ᠎ᠡ ᠶᠢ ᠡᠭᠦᠳᠦᠭᠰᠡᠨ ᠴᠢᠨᠠᠷᠲᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠪᠡᠶᠡᠯᠡᠭᠦᠯᠦᠭᠰᠡᠨ ᠪᠠ ᠬᠡᠷᠡᠭᠯᠡᠵᠦ ᠳᠡᠯᠭᠡᠷᠡᠭᠦᠯᠦᠭᠰᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠳᠤ ᠣᠯᠭᠤᠨ᠎ᠠ᠃      ᠡᠮᠦᠨᠡᠬᠢ ᠵᠤᠷᠪᠤᠰ ᠲᠤ ᠬᠡᠯᠡᠵᠦ ᠪᠠᠶᠢᠭ᠎ᠠ ᠰᠢᠨ᠎ᠡ ᠶᠢ ᠡᠭᠦᠳᠬᠦ ᠴᠢᠨᠠᠷᠲᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠨᠢ ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄      ︵ᠨᠢᠭᠡ︶ ᠮᠡᠷᠭᠡᠵᠢᠯ ᠤᠨ ᠰᠢᠨ᠎ᠡ ᠶᠢ ᠡᠭᠦᠳᠦᠭᠰᠡᠨ ᠴᠢᠨᠠᠷ ᠢᠶᠠᠷ ᠲᠣᠪᠤᠶᠢᠮ᠎ᠠ᠂ ᠮᠡᠷᠭᠡᠵᠢᠯ ᠠᠵᠤ ᠠᠬᠤᠶ ᠶᠢᠨ ᠭᠦᠢᠴᠡᠳᠭᠡᠯ ᠲᠤᠭ᠎ᠠ ᠨᠢ ᠲᠡᠷᠢᠭᠦᠨ ᠤ ᠪᠠᠶᠢᠬᠤ︔      ︵ᠬᠤᠶᠠᠷ︶ ᠬᠡᠷᠡᠭᠯᠡᠵᠦ ᠳᠡᠯᠭᠡᠷᠡᠭᠦᠯᠬᠦ ᠪᠠᠷ ᠳᠠᠮᠵᠢᠭᠠᠳ ᠢᠯᠡᠳᠲᠡ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠣᠷᠴᠢᠨ ᠨᠥᠬᠦᠴᠡᠯ ᠤᠨ ᠦᠷ᠎ᠡ ᠠᠰᠢᠭ ᠢ ᠡᠭᠦᠳᠦᠭᠰᠡᠨ ᠪᠠᠶᠢᠬᠤ︔      ︵ᠭᠤᠷᠪᠠ︶ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠠᠬᠢᠭᠤᠯᠬᠤ ᠲᠠᠯ᠎ᠠ ᠪᠠᠷ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠬᠤ᠃      ᠠᠷᠪᠠᠨ ᠬᠤᠶᠠᠳᠤᠭᠠᠷ ᠵᠦᠢᠯ  ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ ᠢ ᠪᠣᠯ ᠥᠪᠡᠷᠲᠡᠭᠡᠨ ᠵᠠᠰᠠᠬᠤ ᠣᠷᠣᠨ ᠳᠤ ᠠᠵᠢᠯᠯᠠᠵᠤ ᠪᠠᠶᠢᠭ᠎ᠠ᠂ ᠪᠦᠬᠦᠯᠢ ᠳᠥᠴᠢᠨ ᠲᠠᠪᠤᠨ ᠨᠠᠰᠤᠨ ᠠᠴᠠ ᠬᠡᠲᠦᠷᠡᠭᠰᠡᠨ ᠦᠭᠡᠶ ᠪᠥᠭᠡᠳ ᠳᠤᠤᠷᠠᠬᠢ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠳᠤᠮᠳᠠᠳᠤ ᠤᠯᠤᠰ ᠤᠨ ᠠᠷᠠᠳ ᠢᠷᠭᠡᠳ ᠲᠤ ᠣᠯᠭᠤᠨ᠎ᠠ᠄      ︵ᠨᠢᠭᠡ︶ ᠰᠢᠨᠵᠢᠯᠡᠬᠦ ᠤᠬᠠᠭᠠᠨ ᠤ ᠰᠤᠳᠤᠯᠤᠯ ᠤᠨ ᠳᠤᠮᠳᠠ ᠢᠳᠡᠪᠬᠢᠲᠡᠶ ᠬᠠᠶᠢᠨ ᠰᠦᠪᠡᠭᠴᠢᠯᠡᠵᠦ᠂ ᠴᠢᠬᠤᠯᠠ ᠪᠦᠬᠦᠢ ᠰᠢᠨᠵᠢᠯᠡᠬᠦ ᠤᠬᠠᠭᠠᠨ ᠤ ᠢᠯᠡᠷᠡᠭᠦᠯᠦᠯᠲᠡ ᠭᠠᠷᠭᠠᠭᠰᠠᠨ ᠪᠤᠶᠤ ᠬᠠᠮᠢᠶ᠎ᠠ ᠪᠦᠬᠦᠢ ᠰᠢᠨᠵᠢᠯᠡᠭᠡᠨ ᠤ ᠬᠥᠭᠵᠢᠯᠲᠡ ᠶᠢ ᠠᠬᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠬᠤ︔      ︵ᠬᠤᠶᠠᠷ︶ ᠮᠡᠷᠭᠡᠵᠢᠯ ᠤᠨ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠬᠦ ᠳᠤᠮᠳᠠ ᠴᠢᠬᠤᠯᠠ ᠶᠡᠭᠡ ᠡᠭᠦᠳᠦᠨ ᠪᠦᠲᠦᠭᠡᠯᠲᠡ ᠭᠠᠷᠭᠠᠭᠰᠠᠨ ᠪᠤᠶᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠤ ᠬᠠᠮᠲᠤ ᠂ ᠢᠯᠡᠳᠲᠡ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠣᠷᠴᠢᠨ ᠨᠦᠬᠦᠴᠡᠯ ᠤᠨ ᠦᠷ᠎ᠡ ᠠᠰᠢᠭ ᠢ ᠡᠭᠦᠳᠦᠭᠰᠡᠨ ᠪᠠᠶᠢᠬᠤ᠃      ᠠᠷᠪᠠᠨ ᠭᠤᠷᠪᠠᠳᠤᠭᠠᠷ ᠵᠦᠢᠯ  ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠢ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤᠤᠷᠠᠬᠢ ᠮᠡᠲᠦ ᠭᠠᠳᠠᠭᠠᠳᠤ ᠤᠯᠤᠰ ᠤᠨ ᠬᠥᠮᠦᠨ ᠪᠤᠶᠤ ᠭᠠᠳᠠᠭᠠᠳᠤ ᠤᠯᠤᠰ ᠤᠨ ᠵᠣᠬᠢᠶᠠᠨ ᠪᠠᠶᠢᠭᠤᠯᠤᠯᠲᠠ ᠳᠤ ᠣᠯᠭᠤᠨ᠎ᠠ᠄      ︵ᠨᠢᠭᠡ︶ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠠᠷᠠᠳ ᠢᠷᠭᠡᠨ ᠪᠤᠶᠤ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠰᠣᠳᠤᠯᠵᠤ ᠨᠡᠬᠡᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠦᠷ᠎ᠡ ᠪᠦᠲᠦᠭᠡᠯ ᠭᠠᠷᠭᠠᠭᠰᠠᠨ ᠪᠠᠶᠢᠬᠤ︔      ︵ᠬᠤᠶᠠᠷ︶ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠠᠷᠠᠳ ᠢᠷᠭᠡᠨ ᠪᠤᠶᠤ ᠵᠣᠬᠢᠶᠠᠨ ᠪᠠᠶᠢᠭᠤᠯᠤᠯᠲᠠ ᠳᠤ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠤᠯᠠᠮᠵᠢᠯᠠᠵᠤ᠂ ᠴᠢᠳᠠᠪᠤᠷᠢᠲᠠᠨ ᠢ ᠬᠦᠮᠦᠵᠢᠭᠦᠯᠦᠭᠡᠳ᠂ ᠣᠨᠴᠠ ᠢᠯᠡᠷᠬᠡᠢ ᠠᠮᠵᠢᠯᠲᠠ ᠣᠯᠤᠭᠰᠠᠨ ᠪᠠᠶᠢᠬᠤ︔      ︵ᠭᠤᠷᠪᠠ︶ ᠥᠪᠡᠷᠲᠡᠭᠡᠨ ᠵᠠᠰᠠᠬᠤ ᠣᠷᠣᠨ ᠬᠢᠭᠡᠳ ᠭᠠᠳᠠᠭᠠᠳᠤ ᠤᠯᠤᠰ ᠯᠤᠭ᠎ᠠ ᠶᠢᠨ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ ᠳᠤ᠂ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠬᠤ᠃      ᠠᠷᠪᠠᠨ ᠳᠥᠷᠪᠡᠳᠦᠭᠡᠷ ᠵᠦᠢᠯ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ ᠢ ᠳᠡᠰ ᠬᠤᠪᠢᠶᠠᠬᠤ ᠦᠭᠡᠶ᠂ ᠤᠳᠠᠭ᠎ᠠ ᠪᠦᠷᠢ ᠶᠢᠨ ᠱᠠᠩᠨᠠᠯ ᠬᠦᠷᠲᠡᠭᠰᠡᠳ ᠢ ᠭᠤᠷᠪᠠᠨ ᠬᠥᠮᠦᠨ ᠠᠴᠠ ᠬᠡᠲᠦᠷᠡᠭᠦᠯᠬᠦ ᠦᠭᠡᠶ᠃      ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠪᠣᠯ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠭᠡᠵᠦ ᠬᠤᠶᠠᠷ ᠳᠡᠰ ᠬᠤᠪᠢᠶᠠᠨ᠎ᠠ᠃ ᠣᠨᠴᠠ ᠴᠢᠬᠤᠯᠠ ᠶᠡᠭᠡ ᠰᠢᠨᠵᠢᠯᠡᠬᠦ ᠤᠬᠠᠭᠠᠨ ᠤ ᠢᠯᠡᠷᠡᠭᠦᠯᠦᠯᠲᠡ᠂ ᠮᠡᠷᠭᠡᠵᠢᠯ ᠤᠨ ᠡᠭᠦᠳᠦᠯᠲᠡ ᠪᠤᠶᠤ ᠰᠢᠨ᠎ᠡ ᠶᠢ ᠡᠭᠦᠳᠦᠭᠰᠡᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠭᠠᠷᠭᠠᠭᠰᠠᠨ ᠪᠠᠶᠢᠪᠠᠯ᠂ ᠣᠨᠴᠠ ᠲᠡᠰ ᠤᠨ ᠱᠠᠩᠨᠠᠯ ᠣᠯᠭᠤᠵᠤ ᠪᠣᠯᠤᠨ᠎ᠠ᠃ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠤᠳᠠᠭ᠎ᠠ ᠪᠦᠷᠢ ᠶᠢᠨ ᠱᠠᠩᠨᠠᠯ ᠣᠯᠭᠤᠬᠤ ᠲᠥᠷᠥᠯ ᠵᠦᠢᠯ ᠤᠨ ᠶᠡᠷᠦᠩᠬᠡᠶ ᠲᠤᠭ᠎ᠠ ᠶᠢ ᠵᠠᠭᠤ ᠵᠢᠷᠠᠨ ᠵᠦᠢᠯ ᠠᠴᠠ ᠬᠡᠲᠦᠷᠡᠭᠦᠯᠬᠦ ᠦᠭᠡᠶ᠂ ᠡᠭᠦᠨ ᠳᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠢ ᠬᠤᠷᠢᠨ ᠵᠦᠢᠯ ᠠᠴᠠ ᠬᠡᠲᠦᠷᠡᠭᠦᠯᠬᠦ ᠦᠭᠡᠶ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ ᠢ ᠬᠤᠷᠢᠨ ᠵᠦᠢᠯ ᠠᠴᠠ ᠬᠡᠲᠦᠷᠡᠭᠦᠯᠬᠦ ᠦᠭᠡᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠵᠠᠭᠤ ᠬᠤᠷᠢᠨ ᠵᠦᠢᠯ ᠠᠴᠠ ᠬᠡᠲᠦᠷᠡᠭᠦᠯᠬᠦ ᠦᠭᠡᠶ᠃      ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠢ ᠲᠠᠰ ᠬᠤᠪᠢᠶᠠᠬᠤ ᠥᠬᠡᠶ᠂ ᠤᠳᠠᠭ᠎ᠠ ᠪᠦᠷᠢ ᠶᠢᠨ ᠱᠠᠩᠨᠠᠯ ᠬᠦᠷᠲᠡᠭᠰᠡᠳ ᠢ ᠴᠥᠮ ᠠᠷᠪᠠᠨ ᠬᠥᠮᠦᠨ ᠠᠴᠠ ᠬᠡᠲᠦᠷᠡᠭᠦᠯᠬᠦ ᠥᠬᠡᠶ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠶ ᠬᠤᠪᠢ ᠨᠡᠮᠡᠷᠢ ᠶᠢᠨ ᠱᠠᠩᠨᠠᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ᠂ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ᠂ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠳᠤ ᠴᠥᠮ ᠱᠠᠩᠨᠠᠯ ᠬᠦᠷᠲᠡᠭᠰᠡᠳ ᠪᠠᠶᠢᠬᠤ ᠦᠭᠡᠢ ᠪᠠᠶᠢᠵᠤ ᠪᠣᠯᠤᠨ᠎ᠠ᠃      ᠭᠤᠷᠪᠠᠳᠤᠭᠠᠷ ᠪᠦᠯᠦᠭ  ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ᠂ ᠰᠢᠯᠭᠠᠷᠠᠭᠤᠯᠤᠨ ᠲᠣᠭᠲᠠᠭᠠᠬᠤ ᠪᠠ ᠣᠯᠭᠤᠬᠤ      ᠠᠷᠪᠠᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ ᠳᠦᠷᠢᠮ ᠢ ᠬᠡᠷᠡᠭᠵᠢᠭᠦᠯᠦᠨ᠎ᠡ᠃ ᠥᠪᠡᠷ ᠢ ᠪᠠᠨ ᠲᠠᠨᠢᠯᠴᠠᠭᠤᠯᠬᠤ ᠶᠠᠪᠤᠳᠠᠯ ᠢ ᠬᠦᠯᠢᠶᠡᠨ ᠠᠪᠬᠤ ᠦᠭᠡᠢ᠃ ᠵᠢᠱᠢᠭᠳᠡᠭᠰᠡᠳ ᠢ ᠪᠣᠯ ᠳᠤᠤᠷᠠᠬᠢ ᠨᠢᠭᠡᠴᠢ ᠪᠤᠶᠤ ᠬᠤᠪᠢ ᠬᠥᠮᠦᠨ ᠠᠴᠠ ᠨᠡᠷ᠎ᠡ ᠶᠢ ᠨᠢ ᠳᠤᠷᠠᠳᠤᠨ᠎ᠠ᠄      ︵ᠨᠢᠭᠡ︶ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠬᠤᠪᠢ ᠨᠡᠮᠡᠷᠢ ᠶᠢᠨ ᠱᠠᠩᠨᠠᠯ ᠬᠦᠷᠲᠡᠭᠴᠢ︔      ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠬᠢᠷᠢ ᠬᠡᠮ ᠤᠨ ᠨᠥᠬᠦᠴᠡᠯ ᠳᠤ ᠨᠡᠶᠢᠴᠡᠭᠰᠡᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ᠂ ᠰᠢᠨᠵᠢᠯᠡᠭᠡᠨ ᠤ ᠨᠡᠶᠢᠭᠡᠮᠯᠢᠭ᠂ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠪᠠᠶᠢᠭᠤᠯᠤᠮᠵᠢ︔      ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠥᠯᠥᠪᠯᠡᠭᠡ ᠳᠤ ᠠᠰᠳᠠᠭᠠᠨ ᠵᠢᠭᠰᠠᠭᠠᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠥᠬᠦᠶ ᠨᠢᠭᠡᠴᠢ᠃      ᠠᠷᠪᠠᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠰᠢᠯᠭᠠᠷᠠᠭᠤᠯᠤᠨ ᠲᠣᠭᠲᠠᠭᠠᠬᠤ ᠠᠵᠢᠯ ᠢ ᠡᠬᠢᠯᠡᠭᠦᠯᠬᠦ ᠠᠴᠠ ᠵᠢᠷᠠᠨ ᠡᠳᠦᠷ ᠤᠨ ᠡᠮᠦᠨ᠎ᠡ᠂ ᠲᠣᠰ ᠰᠠᠯᠠᠭ᠎ᠠ ᠮᠥᠴᠢᠷ ᠤᠨ ᠰᠦᠯᠵᠢᠶ᠎ᠡ ᠪᠠᠷ ᠨᠡᠷ᠎ᠡ ᠳᠤᠷᠠᠳᠬᠤ ᠮᠠᠲ᠋ᠧᠷᠢᠶᠠᠯ ᠤᠨ ᠮᠡᠳᠡᠭᠦᠯᠦᠨ ᠬᠦᠷᠭᠡᠬᠦ ᠴᠠᠭ ᠂ ᠠᠷᠭ᠎ᠠ ᠬᠡᠯᠪᠡᠷᠢ ᠵᠡᠷᠭᠡ ᠬᠤᠯᠪᠣᠭᠳᠠᠯ ᠪᠥᠬᠦᠶ ᠵᠦᠢᠯᠡᠰ ᠢᠶᠠᠨ ᠨᠡᠶᠢᠭᠡᠮ ᠨᠡᠶᠢᠲᠡ ᠳᠤ ᠵᠠᠷᠯᠠᠬᠤ ᠶᠢᠨ ᠬᠠᠮᠲᠤ᠂ ᠠᠰᠠᠭᠤᠨ ᠯᠠᠪᠯᠠᠬᠤ ᠤᠲᠠᠰᠤ ᠲᠣᠬᠢᠷᠠᠭᠤᠯᠵᠤ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ  ᠨᠡᠷ᠎ᠡ ᠳᠤᠷᠠᠳᠤᠭᠰᠠᠳ ᠨᠢ ᠨᠡᠷ᠎ᠡ ᠳᠤᠷᠠᠳᠬᠤ ᠠᠷᠭ᠎ᠠ ᠶᠢ ᠴᠢᠩᠭ᠎ᠠ ᠵᠢᠷᠤᠮᠯᠠᠨ ᠨᠡᠷ᠎ᠡ ᠳᠤᠷᠠᠳᠴᠤ᠂ ᠨᠡᠷ᠎ᠡ ᠳᠤᠷᠠᠳᠬᠤ ᠮᠠᠲ᠋ᠧᠷᠢᠶᠠᠯ ᠢ ᠬᠠᠩᠭᠠᠨ᠂ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠭᠦᠢᠴᠡᠳ ᠴᠢᠨᠠᠷ ᠲᠤ ᠬᠠᠷᠢᠭᠤᠴᠠᠬᠤ ᠶᠢᠨ ᠬᠠᠮᠲᠤ᠂ ᠲᠣᠭᠲᠠᠭᠠᠯ ᠶᠣᠰᠣᠭᠠᠷ ᠵᠣᠬᠢᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃      ᠠᠷᠪᠠᠨ ᠨᠠᠢᠮᠠᠳᠤᠭᠠᠷ ᠵᠦᠢᠯ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠳᠤ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠠᠮᠢᠶ᠎ᠠ ᠪᠥᠬᠦᠶ ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠡᠬᠦ ᠪᠠᠷ ᠨᠡᠷ᠎ᠡ ᠶᠢ ᠨᠢ ᠳᠤᠷᠠᠳᠬᠤ ᠪᠤᠶᠤ ᠱᠠᠩᠨᠠᠯ ᠣᠯᠭᠤᠵᠤ ᠪᠣᠯᠬᠤ ᠥᠬᠡᠶ᠄      ︵ᠨᠢᠭᠡ︶ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠪᠣᠯᠬᠤ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ᠂ ᠬᠥᠮᠦᠨ ᠤ ᠪᠡᠶ᠎ᠡ ᠮᠠᠬᠠᠪᠤᠳ ᠡᠷᠡᠭᠦᠯ ᠮᠡᠨᠳᠦ ᠳᠤ ᠲᠥᠭᠰᠢᠭᠦᠷᠢᠲᠡᠢ᠂ ᠡᠰᠢ ᠮᠤᠷᠠᠯ ᠶᠣᠰᠣ ᠰᠤᠷᠲᠠᠬᠤᠨ ᠠᠴᠠ ᠵᠥᠷᠢᠴᠡᠭᠰᠡᠨ ᠪᠠᠶᠢᠬᠤ︔      ︵ᠬᠤᠶᠠᠷ︶ ᠰᠢᠨᠵᠢᠯᠡᠬᠦ ᠤᠬᠠᠭᠠᠨ ᠤ ᠰᠤᠳᠤᠯᠤᠯ ᠳᠤ ᠲᠥᠪ ᠪᠤᠰᠤ ᠦᠢᠯᠡ ᠠᠵᠢᠯᠯᠠᠭ᠎ᠠ ᠲᠠᠢ ᠪᠠᠶᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠵᠢᠯᠯᠠᠭ᠎ᠠ ᠳᠤ ᠣᠷᠣᠯᠴᠠᠬᠤ ᠶᠢ ᠨᠢ ᠴᠠᠭᠠᠵᠠᠯᠠᠭᠰᠠᠨ ᠪᠠᠶᠢᠬᠤ︔      ︵ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠪᠤᠶᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠨᠢ ᠮᠠᠷᠭᠤᠭᠠᠨ ᠲᠠᠢ ᠪᠠᠶᠢᠬᠤ︔      ︵ᠳᠥᠷᠪᠡ︶ ᠭᠤᠤᠯ ᠪᠣᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠨᠢ ᠨᠢᠭᠡᠨᠲᠡ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠥᠷᠳᠡᠭᠰᠡᠨ ᠪᠠᠶᠢᠬᠤ︔      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠲᠠᠢ ᠪᠠᠶᠢᠬᠤ᠃      ᠠᠷᠪᠠ ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠷ᠎ᠡ ᠳᠤᠷᠠᠳᠤᠭᠰᠠᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠭᠥᠯᠢᠶᠡᠨ ᠠᠪᠴᠤ ᠭᠦᠢᠴᠡᠳᠭᠡᠬᠦ ᠨᠥᠬᠦᠴᠡᠯ ᠳᠤ ᠨᠡᠶᠢᠴᠡᠭᠰᠡᠨ ᠵᠢᠱᠢᠭᠳᠡᠭᠰᠡᠳ᠂ ᠲᠥᠷᠥᠯ ᠵᠦᠢᠯ ᠤᠨ ᠨᠡᠷᠡᠶᠢᠳᠦᠯ ᠵᠡᠷᠭᠡ ᠵᠦᠢᠯᠡᠰ ᠢ ᠨᠢ ᠲᠣᠰ ᠰᠠᠯᠠᠭ᠎ᠠ ᠮᠥᠴᠢᠷ ᠤᠨ ᠰᠦᠯᠵᠢᠶ᠎ᠡ ᠪᠠᠷ ᠢᠶᠠᠨ ᠨᠡᠶᠢᠭᠡᠮ ᠨᠡᠶᠢᠲᠡ ᠳᠤ ᠠᠷᠪᠠᠨ ᠲᠠᠪᠤᠨ ᠠᠵᠢᠯᠯᠠᠬᠤ ᠡᠳᠦᠷ ᠢᠯᠡ ᠨᠡᠶᠢᠲᠡᠯᠡᠨ᠎ᠡ︔ ᠬᠦᠯᠢᠶᠡᠨ ᠠᠪᠴᠤ ᠭᠦᠢᠴᠡᠳᠭᠡᠬᠦ ᠨᠥᠬᠦᠴᠡᠯ ᠳᠤ ᠨᠡᠶᠢᠴᠡᠬᠦ ᠦᠭᠡᠶ ᠪᠣᠯ᠂ ᠬᠦᠯᠢᠶᠡᠨ ᠠᠪᠴᠤ ᠭᠦᠢᠴᠡᠳᠭᠡᠬᠦ ᠦᠭᠡᠶ ᠪᠥᠭᠡᠳ ᠤᠴᠢᠷ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃      ᠬᠤᠷᠢᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠯ᠎ᠡ ᠰᠢᠨᠵᠢᠯᠡᠭᠡᠨ ᠤ ᠰᠠᠯᠠᠭ᠎ᠠ᠂ ᠡᠯ᠎ᠡ ᠬᠦᠷᠢᠶ᠎ᠡ ᠴᠠᠷᠠᠭ᠎ᠠ ᠶᠢ ᠬᠠᠮᠤᠷᠤᠭᠰᠠᠨ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠬᠤ ᠶᠢᠨ ᠬᠠᠮᠲᠤ᠂ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃ ᠰᠢᠯᠭᠠᠷᠠᠭᠤᠯᠤᠨ ᠲᠣᠭᠲᠠᠭᠠᠬᠤ ᠮᠡᠷᠭᠡᠵᠢᠯᠲᠡᠳ ᠰᠢᠨᠵᠢᠯᠡᠭᠡᠨ ᠤ ᠰᠠᠯᠠᠭ᠎ᠠ᠂ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯ ᠤᠨ ᠮᠡᠳᠡᠯᠭᠡ ᠳᠤ ᠴᠠᠭᠠᠷᠠᠭᠰᠠᠨ ᠪᠠᠶᠢᠵᠤ᠂ ᠨᠡᠯᠢᠶᠡᠳ ᠥᠨᠳᠥᠷ ᠡᠷᠳᠡᠮ ᠰᠢᠨᠵᠢᠯᠡᠭᠡᠨ ᠤ ᠬᠢᠷᠢ ᠲᠦᠪᠰᠢᠨ ᠪᠠ ᠰᠢᠨᠵᠢᠯᠡᠬᠦ ᠤᠬᠠᠭᠠᠨ ᠤ ᠰᠠᠶᠢᠨ ᠰᠠᠶᠢᠬᠠᠨ ᠶᠣᠰᠣ ᠰᠤᠷᠲᠠᠬᠤᠨ ᠲᠠᠢ ᠪᠠᠶᠢᠬᠤ ᠬᠡᠷᠡᠭᠲᠡᠢ᠃      ᠬᠤᠷᠢᠨ ᠨᠢᠭᠡᠳᠦᠭᠡᠷ ᠵᠦᠢᠯ  ᠰᠢᠯᠭᠠᠷᠠᠭᠤᠯᠤᠨ ᠲᠣᠭᠲᠠᠭᠠᠬᠤ ᠠᠵᠢᠯᠯᠠᠭ᠎ᠠ ᠳᠤ ᠢᠯᠡ ᠪᠠᠶᠢᠯᠭᠠᠬᠤ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠳᠤ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠰᠢᠯᠭᠠᠷᠠᠭᠤᠯᠤᠨ ᠲᠣᠭᠲᠠᠭᠠᠬᠤ ᠠᠵᠢᠯ ᠠᠴᠠ ᠵᠠᠶᠢᠯᠠᠬᠤ ᠬᠡᠷᠡᠭᠲᠡᠶ᠄      ︵ᠨᠢᠭᠡ︶ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠬᠦ ᠵᠢᠱᠢᠭᠳᠡᠭᠴᠢ ᠪᠣᠯᠣᠭᠰᠠᠨ ᠪᠠᠶᠢᠪᠠᠯ᠂ ᠲᠣᠰ ᠵᠢᠯ ᠤᠨ ᠰᠢᠯᠭᠠᠷᠠᠭᠤᠯᠤᠨ ᠲᠣᠭᠲᠠᠭᠠᠬᠤ ᠳᠤ ᠣᠷᠣᠯᠴᠠᠵᠤ ᠪᠣᠯᠬᠤ ᠥᠬᠡᠶ︔      ︵ᠬᠤᠶᠠᠷ︶ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠬᠦ ᠵᠢᠱᠢᠭᠳᠡᠭᠴᠢ ᠯᠦᠭᠡ ᠠᠰᠢᠭ ᠬᠤᠤᠷ ᠤᠨ ᠬᠠᠷᠢᠴᠠᠭ᠎ᠠ ᠲᠠᠢ ᠪᠠᠶᠢᠵᠤ᠂ ᠰᠢᠯᠭᠠᠷᠠᠭᠤᠯᠤᠨ ᠲᠣᠭᠲᠠᠭᠠᠬᠤ ᠶᠢᠨ ᠲᠥᠪ ᠭᠤᠤᠯᠴᠢ ᠴᠢᠨᠠᠷ ᠢ ᠨᠥᠯᠥᠭᠡᠯᠡᠵᠦ ᠮᠡᠳᠡᠬᠦ ᠪᠣᠯᠣᠯᠴᠠᠭ᠎ᠠ ᠲᠠᠢ ᠪᠠᠶᠢᠪᠠᠯ᠂ ᠲᠡᠷᠡ ᠬᠦ ᠵᠢᠱᠢᠭᠳᠡᠭᠴᠢ ᠶᠢᠨ ᠬᠤᠯᠪᠣᠭᠳᠠᠯ ᠪᠥᠬᠦᠶ ᠲᠥᠷᠥᠯ ᠵᠦᠢᠯ ᠢ ᠰᠢᠯᠭᠠᠷᠠᠭᠤᠯᠤᠨ ᠲᠣᠭᠲᠠᠭᠠᠬᠤ ᠳᠤ ᠣᠷᠣᠯᠴᠠᠵᠤ ᠪᠣᠯᠬᠤ ᠥᠬᠡᠶ︔      ︵ᠭᠤᠷᠪᠠ︶ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠲᠡᠭᠦᠨ ᠤ ᠨᠡᠷ᠎ᠡ ᠳᠤᠷᠠᠳᠤᠭᠰᠠᠨ ᠲᠥᠷᠥᠯ ᠵᠦᠢᠯ ᠳᠤ ᠬᠠᠷᠢᠶᠠᠯᠠᠭᠳᠠᠬᠤ ᠲᠤᠰᠬᠠᠶ ᠮᠡᠷᠭᠡᠵᠢᠯ ︵ᠰᠢᠨᠵᠢᠯᠡᠭᠡᠨ ᠤ ᠰᠠᠯᠠᠭ᠎ᠠ︶ ᠤᠨ ᠰᠢᠯᠭᠠᠷᠠᠭᠤᠯᠤᠨ ᠲᠣᠭᠲᠠᠭᠠᠬᠤ ᠳᠤᠭᠤᠶᠢᠯᠠᠩ ᠤᠨ ᠰᠢᠯᠭᠠᠷᠠᠭᠤᠯᠤᠨ ᠲᠣᠭᠲᠠᠭᠠᠬᠤ ᠳᠤ ᠣᠷᠣᠯᠴᠠᠵᠤ ᠪᠣᠯᠬᠤ ᠥᠬᠡᠶ︔      ︵ᠳᠥᠷᠪᠡ︶ ᠵᠢᠱᠢᠭᠳᠡᠭᠰᠡᠨ ᠲᠥᠷᠥᠯ ᠵᠦᠢᠯ ᠢ ᠭᠤᠣᠯ ᠭᠦᠢᠴᠡᠳᠭᠡᠭᠰᠡᠨ ᠨᠢᠭᠡᠴᠢ ᠶᠢᠨ ᠠᠳᠠᠯᠢ ᠨᠢᠭᠡᠨ ᠰᠢᠨᠵᠢᠯᠡᠭᠡᠨ ᠤ ᠰᠠᠯᠠᠭᠠᠨ ᠤ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠲᠣᠰ ᠵᠢᠱᠢᠭᠳᠡᠭᠰᠡᠨ ᠲᠥᠷᠥᠯ ᠵᠦᠢᠯ ᠢ ᠬᠢᠨᠠᠨ ᠲᠣᠭᠲᠠᠭᠠᠬᠤ ᠠᠵᠢᠯ ᠳᠤ ᠣᠷᠣᠯᠴᠠᠵᠤ ᠪᠣᠯᠬᠤ ᠥᠬᠡᠶ︔      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠶᠢᠯᠠᠬᠤ ᠴᠢᠬᠤᠯᠠᠲᠠᠢ ᠪᠤᠰᠤᠳ ᠪᠠᠶᠢᠳᠠᠯ᠃      ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠵᠠᠶᠢᠯᠠᠬᠤ ᠪᠠᠶᠢᠳᠠᠯ ᠳᠤ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ ᠵᠠᠶᠢᠯᠠᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ  ᠰᠢᠯᠭᠠᠷᠠᠭᠤᠯᠤᠨ ᠲᠣᠭᠲᠠᠭᠠᠬᠤ ᠭᠡᠰᠢᠭᠦᠨ ᠪᠠ ᠰᠢᠯᠭᠠᠷᠠᠭᠤᠯᠤᠨ ᠲᠣᠭᠲᠠᠭᠠᠬᠤ ᠠᠵᠢᠯᠯᠠᠭ᠎ᠠ ᠳᠤ ᠣᠷᠣᠯᠴᠠᠭᠰᠠᠨ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠳ ᠰᠢᠯᠭᠠᠷᠠᠭᠤᠯᠤᠨ ᠲᠣᠭᠲᠠᠭᠠᠬᠤ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠬᠤ ᠬᠡᠷᠡᠭᠲᠡᠢ᠂ ᠰᠢᠯᠭᠠᠷᠠᠭᠤᠯᠤᠨ ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠨᠡᠷ᠎ᠡ ᠶᠢ ᠠᠰᠢᠭᠯᠠᠨ ᠠᠰᠢᠭ ᠲᠤᠰᠠ ᠬᠥᠭᠡᠭᠡᠴᠡᠯᠳᠦᠬᠦ ᠪᠤᠶᠤ ᠪᠤᠰᠤᠳ ᠰᠢᠯᠭᠠᠷᠠᠭᠤᠯᠤᠨ ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠲᠠᠢ ᠰᠦᠯᠪᠡᠭᠡᠯᠳᠦᠵᠦ ᠪᠠᠲᠤᠯᠠᠬᠤ ᠵᠡᠷᠭᠡ ᠰᠢᠯᠭᠠᠷᠠᠭᠤᠯᠤᠨ ᠲᠣᠭᠲᠠᠭᠠᠬᠤ ᠠᠵᠢᠯ ᠤᠨ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠨᠦᠯᠦᠭᠡᠯᠡᠵᠦ ᠮᠡᠳᠡᠬᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃      ᠬᠤᠷᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠰᠢᠯᠭᠠᠷᠠᠭᠤᠯᠤᠨ ᠲᠣᠭᠲᠠᠭᠠᠬᠤ ᠠᠵᠢᠯ ᠳᠤ ᠣᠷᠣᠯᠴᠠᠭᠰᠠᠨ ᠰᠢᠯᠭᠠᠷᠠᠭᠤᠯᠤᠨ ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠪᠠ ᠠᠵᠢᠯᠲᠠᠳ ᠰᠢᠯᠭᠠᠷᠠᠭᠤᠯᠤᠨ ᠲᠣᠭᠲᠠᠭᠠᠬᠤ ᠳᠤ ᠣᠯᠵᠤ ᠮᠡᠳᠡᠭᠰᠡᠨ ᠮᠡᠷᠭᠡᠵᠢᠯ ᠤᠨ ᠠᠭᠤᠯᠭ᠎ᠠ ᠵᠢᠴᠢ ᠰᠢᠯᠭᠠᠷᠠᠭᠤᠯᠤᠨ ᠲᠣᠭᠲᠠᠭᠠᠭᠰᠠᠨ ᠪᠠᠶᠢᠳᠠᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠶ᠂ ᠶᠠᠮᠠᠷᠪᠠ ᠠᠷᠭ᠎ᠠ ᠬᠡᠯᠪᠡᠷᠢ ᠪᠠᠷ ᠰᠢᠯᠭᠠᠷᠠᠭᠤᠯᠤᠨ ᠲᠣᠭᠲᠠᠭᠠᠭᠰᠠᠨ ᠪᠠᠶᠢᠳᠠᠯ᠂ ᠮᠡᠷᠭᠡᠵᠢᠯ ᠤᠨ ᠨᠢᠭᠤᠴᠠ ᠶᠢ ᠵᠠᠳᠠᠷᠠᠭᠤᠯᠬᠤ ᠪᠤᠶᠤ ᠮᠡᠷᠭᠡᠵᠢᠯ ᠤᠨ ᠦᠷ᠎ᠡ ᠪᠦᠲᠦᠭᠡᠯ ᠢ ᠬᠤᠯᠠᠭᠠᠶᠢᠯᠠᠵᠤ ᠪᠣᠯᠬᠤ ᠦᠭᠡᠶ᠃      ᠬᠤᠷᠢᠨ ᠳᠥᠷᠪᠡᠳᠦᠭᠡᠷ ᠵᠦᠢᠯ  ᠰᠢᠯᠭᠠᠷᠠᠭᠤᠯᠤᠨ ᠲᠣᠭᠲᠠᠭᠠᠬᠤ ᠺᠣᠮᠢᠰ ᠲᠤ ᠰᠢᠯᠭᠠᠷᠠᠭᠤᠯᠤᠨ ᠲᠣᠭᠲᠠᠭᠠᠬᠤ ᠳᠤᠭᠤᠶᠢᠯᠠᠩ ᠪᠠᠶᠢᠭᠤᠯᠵᠤ ᠠᠩᠬ᠎ᠠ ᠠᠯᠬᠤᠮ ᠰᠢᠯᠭᠠᠷᠠᠭᠤᠯᠤᠨ ᠲᠣᠭᠲᠠᠭᠠᠵᠦ᠂ ᠰᠢᠯᠭᠠᠷᠠᠭᠤᠯᠤᠨ ᠲᠣᠭᠲᠠᠭᠠᠬᠤ ᠳᠤᠭᠤᠶᠢᠯᠠᠩ ᠠᠴᠠ ᠠᠩᠬ᠎ᠠ ᠠᠯᠬᠤᠮ ᠤᠨ ᠰᠢᠯᠭᠠᠷᠠᠭᠤᠯᠤᠨ ᠲᠣᠭᠲᠠᠭᠠᠭᠰᠠᠨ ᠰᠠᠨᠠᠭᠤᠯᠭ᠎ᠠ ᠳᠤᠷᠠᠳᠬᠤ ᠶᠢ ᠬᠠᠷᠢᠭᠤᠴᠠᠬᠤ ᠶᠢᠨ ᠬᠠᠮᠲᠤ ᠰᠢᠯᠭᠠᠷᠠᠭᠤᠯᠤᠨ ᠲᠣᠭᠲᠠᠭᠠᠬᠤ ᠺᠣᠮᠢᠰ ᠲᠤ ᠳᠡᠪᠰᠢᠭᠦᠯᠦᠨ ᠲᠤᠰᠢᠶᠠᠨ᠎ᠠ᠃      ᠠᠩᠬ᠎ᠠ ᠠᠯᠬᠤᠮ ᠤᠨ ᠰᠢᠯᠭᠠᠷᠠᠭᠤᠯᠤᠨ ᠲᠣᠭᠲᠠᠭᠠᠬᠤ ᠠᠵᠢᠯ ᠳᠤ ᠣᠷᠣᠯᠴᠠᠬᠤ ᠲᠤᠰᠬᠠᠶ ᠮᠡᠷᠭᠡᠵᠢᠯᠲᠡᠨ ᠢ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠰᠣᠩᠭᠤᠵᠤ ᠭᠠᠷᠭᠠᠨ᠎ᠠ᠃      ᠬᠤᠷᠢᠨ ᠲᠠᠪᠤᠳᠤᠭᠠᠷ ᠵᠦᠢᠯ  ᠰᠢᠯᠭᠠᠷᠠᠭᠤᠯᠤᠨ ᠲᠣᠭᠲᠠᠭᠠᠬᠤ ᠺᠣᠮᠢᠰ ᠨᠢ ᠬᠠᠮᠢᠶ᠎ᠠ ᠪᠦᠬᠦᠢ ᠠᠷᠭ᠎ᠠ ᠶᠢ ᠦᠨᠳᠦᠰᠦᠯᠡᠨ ᠠᠩᠬ᠎ᠠ ᠠᠯᠬᠤᠮ ᠤᠨ ᠰᠢᠯᠭᠠᠷᠠᠭᠤᠯᠤᠨ ᠲᠣᠭᠲᠠᠭᠠᠭᠰᠠᠨ ᠰᠠᠨᠠᠭᠤᠯᠭ᠎ᠠ ᠶᠢ ᠰᠢᠯᠭᠠᠷᠠᠭᠤᠯᠤᠨ ᠲᠣᠭᠲᠠᠭᠠᠬᠤ ᠶᠢᠨ ᠬᠠᠮᠲᠤ᠂ ᠱᠠᠩᠨᠠᠨ ᠬᠥᠬᠢᠭᠦᠯᠬᠦ ᠺᠣᠮᠢᠰ ᠲᠤ ᠱᠠᠩᠨᠠᠯ ᠬᠦᠷᠲᠡᠭᠴᠢ ᠪᠠ ᠱᠠᠩᠨᠠᠨ ᠬᠥᠬᠢᠭᠦᠯᠬᠦ ᠵᠡᠷᠭᠡ ᠳᠡᠰ ᠤᠨ ᠰᠠᠨᠠᠭᠤᠯᠭ᠎ᠠ ᠳᠤᠷᠠᠳᠤᠨ᠎ᠠ᠃      ᠬᠢᠨᠠᠯᠲᠠ ᠲᠠᠯᠪᠢᠬᠤ ᠵᠥᠪᠯᠡᠯ ᠨᠢ ᠬᠠᠮᠢᠶ᠎ᠠ ᠪᠥᠬᠦᠶ ᠠᠷᠭ᠎ᠠ ᠶᠢ ᠦᠨᠳᠦᠰᠦᠯᠡᠨ ᠱᠠᠩᠨᠠᠯ ᠬᠦᠷᠲᠡᠭᠡᠬᠦ ᠪᠠᠷ ᠨᠡᠷ᠎ᠡ ᠳᠤᠷᠠᠳᠬᠤ᠂ ᠰᠢᠯᠭᠠᠷᠠᠭᠤᠯᠤᠨ ᠲᠣᠭᠲᠠᠭᠠᠬᠤ ᠪᠠ ᠤᠨᠳᠤᠤ ᠪᠠᠶᠢᠭ᠎ᠠ ᠰᠠᠨᠠᠯ ᠢ ᠰᠢᠢᠳᠪᠦᠷᠢᠯᠡᠬᠦ ᠠᠵᠢᠯ ᠤᠨ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢᠨ ᠬᠠᠮᠲᠤ᠂ ᠱᠠᠩᠨᠠᠨ ᠬᠦᠬᠢᠭᠦᠯᠬᠦ ᠺᠣᠮᠢᠰ ᠲᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠮᠡᠳᠡᠭᠦᠯᠦᠨ᠎ᠡ᠃      ᠱᠠᠩᠨᠠᠨ ᠬᠦᠬᠢᠭᠦᠯᠬᠦ ᠺᠣᠮᠢᠰ ᠨᠢ ᠰᠢᠯᠭᠠᠷᠠᠭᠤᠯᠤᠨ ᠲᠣᠭᠲᠠᠭᠠᠬᠤ ᠺᠣᠮᠢᠰ ᠤᠨ ᠰᠠᠨᠠᠭᠤᠯᠭ᠎ᠠ ᠪᠠ ᠬᠢᠨᠠᠯᠲᠠ ᠲᠠᠯᠪᠢᠬᠤ ᠺᠣᠮᠢᠰ ᠤᠨ ᠮᠡᠳᠡᠭᠦᠯᠦᠯᠲᠡ ᠶᠢ ᠦᠨᠳᠦᠰᠦᠯᠡᠨ᠂ ᠱᠠᠩᠨᠠᠯ ᠬᠦᠷᠲᠡᠭᠰᠡᠳ ᠪᠠ ᠱᠠᠩᠨᠠᠯ ᠤᠨ ᠵᠡᠷᠭᠡ ᠳᠡᠰ ᠤᠨ ᠲᠠᠯ᠎ᠠ ᠪᠠᠷ ᠬᠢ ᠰᠢᠢᠳᠪᠦᠷᠢ ᠭᠠᠷᠭᠠᠨ᠎ᠠ᠃      ᠬᠤᠷᠢᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠱᠠᠩᠨᠠᠯ ᠭᠥᠷᠳᠡᠭᠰᠡᠳ ᠪᠠ ᠱᠠᠩᠨᠠᠯ ᠤᠨ ᠵᠡᠷᠭᠡ ᠳᠡᠰ ᠤᠨ ᠰᠢᠢᠳᠪᠦᠷᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠪᠠ ᠲᠣᠰ ᠰᠠᠯᠠᠭ᠎ᠠ ᠮᠥᠴᠢᠷ ᠤᠨ ᠰᠦᠯᠵᠢᠶ᠎ᠡ ᠪᠠᠷ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ ᠠᠷᠪᠠᠨ ᠲᠠᠪᠤᠨ ᠠᠵᠢᠯᠯᠠᠬᠤ ᠡᠳᠦᠷ ᠪᠣᠯᠤᠨ᠎ᠠ᠃      ᠬᠤᠷᠢᠨ ᠳᠣᠯᠣᠳᠤᠭᠠᠷ ᠵᠦᠢᠯ  ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠡᠬᠦ ᠪᠠᠷ ᠨᠡᠷ᠎ᠡ ᠲᠤᠷᠠᠳᠤᠭᠰᠠᠳ᠂ ᠰᠢᠯᠭᠠᠷᠠᠭᠤᠯᠤᠨ ᠲᠣᠭᠲᠠᠭᠠᠭᠰᠠᠨ ᠳᠤ ᠤᠨᠳᠤᠤ ᠰᠠᠨᠠᠯ ᠲᠠᠢ ᠪᠠᠶᠢᠪᠠᠯ᠂ ᠨᠡᠶᠢᠲᠡ ᠳᠤ ᠵᠠᠷᠯᠠᠵᠤ ᠪᠠᠶᠢᠬᠤ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠠᠨᠠᠯ ᠢᠶᠠᠨ ᠳᠤᠷᠠᠳᠴᠤ ᠪᠣᠯᠤᠨ᠎ᠠ᠃ ᠣᠨᠳᠣᠣ ᠪᠠᠶᠢᠭ᠎ᠠ ᠰᠠᠨᠠᠯ ᠢ ᠨᠢ ᠰᠢᠢᠳᠪᠦᠷᠢᠯᠡᠬᠦ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠬᠤᠷᠢᠨ ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠱᠠᠩᠨᠠᠨ ᠬᠦᠬᠢᠭᠦᠯᠬᠦ ᠺᠣᠮᠢᠰ ᠤᠨ ᠭᠠᠷᠭᠠᠭᠰᠠᠨ ᠡᠯ᠎ᠡ ᠵᠦᠢᠯ ᠤᠨ ᠱᠠᠩᠨᠠᠯ ᠬᠦᠷᠲᠡᠭᠴᠢ ᠪᠠ ᠱᠠᠩᠨᠠᠯ ᠤᠨ ᠵᠡᠷᠭᠡ ᠲᠠᠰ ᠤᠨ ᠰᠢᠢᠳᠪᠦᠷᠢ ᠶᠢ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃      ᠬᠤᠷᠢ ᠶᠢᠰᠦᠳᠦᠭᠡᠷ ᠵᠦᠢᠯ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ ᠳᠤ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠱᠠᠩᠨᠠᠯ ᠤᠨ ᠲᠡᠮᠳᠡᠭ᠂ ᠱᠠᠩᠨᠠᠯ ᠤᠨ ᠦᠨᠡᠮᠯᠡᠯ ᠪᠠ ᠱᠠᠩᠨᠠᠯ ᠤᠨ ᠮᠥᠩᠭᠦ ᠣᠯᠭᠤᠨ᠎ᠠ᠃      ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ᠂ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠳᠤ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠱᠠᠩᠨᠠᠯ ᠤᠨ ᠦᠨᠡᠮᠯᠡᠯ ᠪᠠ ᠱᠠᠩᠨᠠᠯ ᠤᠨ ᠮᠥᠩᠭᠦ ᠣᠯᠭᠤᠨ᠎ᠠ᠃      ᠭᠤᠴᠢᠳᠤᠭᠠᠷ ᠵᠦᠢᠯ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ ᠤᠨ ᠮᠥᠩᠭᠦ ᠶᠢ ᠬᠥᠮᠦᠨ ᠪᠦᠷᠢ ᠳᠤ 200 ᠲᠦᠮᠡᠨ ᠲᠥᠭᠦᠷᠢᠭ ᠱᠠᠩᠨᠠᠬᠤ ᠪᠣᠯᠣᠨ᠎ᠠ︔ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠱᠠᠩᠨᠠᠯ ᠤᠨ ᠮᠦᠩᠭᠦᠨ ᠤ ᠲᠤᠭ᠎ᠠ ᠶᠢ ᠲᠤᠰ ᠲᠤᠰ ᠣᠨᠴᠠ ᠲᠠᠰ ᠤᠨ ᠱᠠᠩᠨᠠᠯ ᠳᠤ 100 ᠲᠦᠮᠡᠨ ᠲᠥᠭᠦᠷᠢᠭ᠂ ᠨᠢᠭᠡᠳᠦᠭᠡᠷ ᠳᠡᠰ ᠤᠨ ᠱᠠᠩᠨᠠᠯ ᠳᠤ 20 ᠲᠦᠮᠡᠨ ᠲᠥᠭᠦᠷᠢᠭ᠂ ᠬᠤᠶᠠᠳᠤᠭᠠᠷ ᠳᠡᠰ ᠤᠨ ᠱᠠᠩᠨᠠᠯ ᠳᠤ 10 ᠲᠦᠮᠡᠨ ᠲᠥᠭᠦᠷᠢᠭ ᠱᠠᠩᠨᠠᠬᠤ ᠪᠣᠯᠤᠨ᠎ᠠ︔ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ ᠤᠨ ᠱᠠᠩᠨᠠᠯ ᠤᠨ ᠮᠥᠩᠭᠦ ᠶᠢ ᠬᠥᠮᠦᠨ ᠪᠦᠷᠢ ᠳᠤ 30 ᠲᠦᠮᠡᠨ ᠲᠥᠭᠦᠷᠢᠭ ᠱᠠᠩᠨᠠᠬᠤ ᠪᠣᠯᠤᠨ᠎ᠠ︔ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠤᠨ ᠮᠥᠩᠭᠦ ᠶᠢ ᠬᠥᠮᠦᠨ ᠪᠦᠷᠢ ᠳᠤ 10 ᠲᠦᠮᠡᠨ ᠲᠥᠭᠦᠷᠢᠭ ᠱᠠᠩᠨᠠᠬᠤ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃      ᠭᠤᠴᠢᠨ ᠨᠢᠭᠡᠳᠦᠭᠡᠷ ᠵᠦᠢᠯ  ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠱᠠᠩᠨᠠᠯ ᠤᠨ ᠮᠦᠩᠭᠦᠨ ᠤ ᠲᠤᠭ᠎ᠠ ᠶᠢᠨ ᠲᠠᠪᠤᠨ ᠳᠠᠬᠢᠨ ᠢᠶᠠᠷ ᠱᠠᠩᠨᠠᠯ ᠤᠨ ᠮᠥᠩᠭᠦ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠂ ᠡᠭᠦᠨ ᠳᠤ 60% ᠶᠢ ᠨᠢ ᠱᠠᠩᠨᠠᠯ ᠣᠯᠤᠭᠰᠠᠨ ᠲᠥᠷᠥᠯ ᠵᠦᠢᠯ ᠤᠨ ᠭᠤᠤᠯ ᠭᠦᠢᠴᠡᠳᠭᠡᠭᠴᠢ ᠶᠢ ᠱᠠᠩᠨᠠᠬᠤ ᠳᠤ ᠬᠡᠷᠡᠭᠯᠡᠵᠦ᠂ 40% ᠶᠢ ᠨᠢ ᠲᠥᠷᠥᠯ ᠵᠦᠢᠯ ᠢ ᠭᠦᠢᠴᠡᠳᠭᠡᠭᠰᠡᠨ ᠨᠢᠭᠡᠴᠢ ᠶᠢᠨ ᠪᠡᠶ᠎ᠡ ᠪᠠᠨ ᠳᠠᠭᠠᠭᠠᠵᠤ ᠰᠡᠳᠦᠪ ᠰᠣᠩᠭᠤᠭᠰᠠᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠳᠤ ᠬᠡᠷᠡᠭᠯᠡᠨ᠎ᠡ᠃      ᠭᠤᠴᠢᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ ᠪᠠ ᠰᠢᠯᠭᠠᠷᠠᠭᠤᠯᠤᠨ ᠲᠣᠭᠲᠠᠭᠠᠬᠤ ᠳᠦᠷᠢᠮ᠂ ᠳᠡᠰ ᠳᠠᠷᠠᠭᠠᠯᠠᠯ ᠪᠠ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ ᠨᠡᠶᠢᠲᠡᠯᠡᠵᠦ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠨ᠎ᠡ᠃      ᠭᠤᠴᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠵᠢᠯ ᠳᠤ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠬᠢᠨᠠᠨ ᠬᠠᠷᠭᠤᠭᠤᠯᠬᠤ ᠲᠦᠷᠢᠮ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠷ᠎ᠡ ᠳᠤᠷᠠᠳᠬᠤ ᠲᠤᠰᠬᠠᠶ ᠮᠡᠷᠭᠡᠵᠢᠯᠲᠡᠨ᠂ ᠡᠷᠳᠡᠮᠲᠡᠨ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠪᠠ ᠰᠢᠯᠭᠠᠷᠠᠭᠤᠯᠤᠨ ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ᠂ ᠵᠢᠱᠢᠭᠳᠡᠭᠰᠡᠳ ᠢ ᠰᠢᠨᠵᠢᠯᠡᠬᠦ ᠤᠬᠠᠭᠠᠨ ᠤ ᠰᠣᠳᠣᠯᠣᠯ ᠳᠤ ᠦᠨᠡᠨᠴᠢ ᠢᠲᠡᠭᠡᠮᠵᠢ ᠪᠠᠨ ᠬᠦᠨᠳᠦ ᠨᠣᠴᠢᠲᠠᠶ ᠠᠯᠳᠠᠭᠰᠠᠨ ᠠᠵᠢᠯᠯᠠᠭ᠎ᠠ ᠶᠢᠨ ᠳ᠋ᠠᠶᠢᠲ᠋ᠠ ᠬᠥᠮᠥᠷᠭᠡ ᠪᠠᠶᠢᠭᠤᠯᠬᠤ ᠶᠢ ᠬᠠᠷᠢᠭᠤᠴᠠᠨ᠎ᠠ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ ᠪᠠ ᠰᠢᠯᠭᠠᠷᠠᠭᠤᠯᠤᠨ ᠲᠣᠭᠲᠠᠭᠠᠬᠤ ᠳᠤ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠨᠥᠯᠥᠭᠡᠯᠡᠵᠦ ᠮᠡᠳᠡᠬᠦ ᠶᠠᠮᠠᠷᠪᠠ ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠬᠤᠷᠢᠭᠯᠠᠨ᠎ᠠ᠃      ᠭᠤᠴᠢᠨ ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠲᠣᠪᠤᠶᠢᠮ᠎ᠠ ᠬᠤᠪᠢ ᠨᠡᠮᠡᠷᠢ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠨᠢ ᠤᠬᠠᠭᠤᠯᠬᠤ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ ᠰᠠᠬᠢᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠣᠬᠢᠮᠵᠢᠲᠠᠢ᠂ ᠴᠢᠩᠭ᠎ᠠ ᠨᠢᠮᠪᠠᠶ ᠪᠠᠶᠢᠬᠤ ᠬᠡᠷᠡᠭᠲᠡᠶ᠃      ᠭᠤᠴᠢᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠤᠨ ᠬᠦᠴᠦᠨ ᠢ ᠵᠣᠷᠢᠭᠵᠢᠭᠤᠯᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠶᠢᠭᠡᠮ ᠤᠨ ᠬᠦᠴᠦᠨ ᠤ ᠪᠠᠶᠢᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠬᠤᠯᠪᠣᠭᠳᠠᠯ ᠪᠥᠬᠦᠶ ᠠᠵᠢᠯᠯᠠᠭ᠎ᠠ ᠶᠢ ᠵᠢᠭᠠᠨ ᠵᠢᠯᠣᠭᠤᠳᠴᠤ ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠶ᠃      ᠨᠡᠶᠢᠭᠡᠮ ᠤᠨ ᠬᠦᠴᠦᠨ ᠤ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠱᠠᠩᠨᠠᠬᠤ ᠠᠵᠢᠯᠯᠠᠭ᠎ᠠ ᠠᠴᠠ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠶ᠃      ᠳᠥᠷᠪᠡᠳᠦᠭᠡᠷ ᠪᠦᠯᠦᠭ  ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠵᠢᠷᠭᠤᠳᠤᠭᠠᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠰᠢᠢᠳᠭᠡᠨ ᠲᠣᠷᠭᠠᠬᠤ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃      ᠭᠤᠴᠢᠨ ᠳᠣᠯᠣᠳᠤᠭᠠᠷ ᠵᠦᠢᠯ  ᠵᠢᠱᠢᠭᠳᠡᠭᠰᠡᠳ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ ᠪᠠ ᠰᠢᠯᠭᠠᠷᠠᠭᠤᠯᠤᠨ ᠲᠣᠭᠲᠠᠭᠠᠬᠤ ᠶᠢᠨ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠨᠥᠯᠥᠭᠡᠯᠡᠵᠦ ᠮᠡᠳᠡᠬᠦ ᠦᠢᠯᠡ ᠠᠵᠢᠯᠯᠠᠭ᠎ᠠ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠪᠲᠡᠷᠡᠭᠦᠯᠦᠨ ᠰᠢᠭᠦᠮᠵᠢᠯᠡᠵᠦ᠂ ᠰᠢᠯᠭᠠᠷᠠᠭᠤᠯᠬᠤ ᠳᠤ ᠣᠷᠣᠯᠴᠠᠬᠤ ᠬᠢᠷᠢ ᠬᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ᠂ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ᠃      ᠪᠤᠰᠤᠳ ᠬᠤᠪᠢ ᠬᠥᠮᠦᠨ ᠪᠤᠶᠤ ᠵᠣᠬᠢᠶᠠᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ ᠪᠠ ᠰᠢᠯᠭᠠᠷᠠᠭᠤᠯᠤᠨ ᠲᠣᠭᠲᠠᠭᠠᠬᠤ ᠶᠢᠨ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠨᠥᠯᠥᠭᠡᠯᠡᠵᠦ ᠮᠡᠳᠡᠬᠦ ᠦᠢᠯᠡ ᠠᠵᠢᠯᠯᠠᠭ᠎ᠠ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠪᠲᠡᠷᠡᠭᠦᠯᠦᠨ ᠰᠢᠭᠦᠮᠵᠢᠯᠡᠨ᠎ᠡ︔ ᠬᠠᠮᠢᠶ᠎ᠠ ᠪᠦᠬᠦᠢ ᠵᠢᠱᠢᠭᠳᠡᠭᠰᠡᠳ ᠨᠢ ᠬᠠᠷᠢᠭᠤᠴᠠᠯᠭ᠎ᠠ ᠲᠠᠢ ᠪᠣᠯ᠂ ᠰᠢᠯᠭᠠᠷᠠᠭᠤᠯᠬᠤ ᠳᠤ ᠣᠷᠣᠯᠴᠠᠬᠤ ᠬᠢᠷᠢ ᠬᠡᠮ ᠢ ᠨᠢ ᠬᠦᠴᠦᠨ ᠦᠭᠡᠶ ᠪᠣᠯᠭᠠᠨ᠎ᠠ᠃      ᠭᠤᠴᠢᠨ ᠨᠠᠢᠮᠠᠳᠤᠭᠠᠷ ᠵᠦᠢᠯ  ᠰᠢᠯᠭᠠᠷᠠᠭᠤᠯᠤᠨ ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠰᠢᠯᠭᠠᠷᠠᠭᠤᠯᠤᠨ ᠲᠣᠭᠲᠠᠭᠠᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠰᠢᠯᠭᠠᠷᠠᠭᠤᠯᠤᠨ ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠢᠷᠢ ᠬᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ᠂ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ᠃      ᠭᠤᠴᠢ ᠶᠢᠰᠦᠳᠦᠭᠡᠷ ᠵᠦᠢᠯ  ᠱᠠᠩᠨᠠᠯ ᠬᠦᠷᠲᠡᠭᠰᠡᠳ ᠪᠤᠰᠤᠳ ᠤᠨ ᠢᠯᠡᠷᠡᠭᠦᠯᠦᠭᠰᠡᠨ᠂ ᠡᠭᠦᠳᠦᠨ ᠪᠦᠲᠦᠭᠡᠭᠰᠡᠨ ᠪᠤᠶᠤ ᠪᠤᠰᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠯᠠᠭᠠᠶᠢᠯᠠᠭᠰᠠᠨ᠂ ᠡᠵᠡᠯᠡᠭᠰᠡᠨ ᠪᠤᠶᠤ ᠪᠤᠰᠤᠳ ᠵᠦᠶ ᠶᠣᠰᠣᠨ ᠤ ᠪᠤᠰᠤ ᠠᠷᠭ᠎ᠠ ᠪᠠᠷᠢᠯ ᠢᠶᠠᠷ ᠥᠪᠡᠷᠲᠡᠭᠡᠨ ᠵᠠᠰᠠᠬᠤ ᠣᠷᠣᠨ ᠤ

        365赢多少钱会被限额_国内有真正的365平台吗_365bet博彩官网

        ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠮᠡᠬᠡᠯᠡᠨ ᠠᠪᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠱᠠᠩᠨᠠᠯ ᠢ ᠨᠢ ᠬᠦᠴᠦᠨ ᠦᠭᠡᠶ ᠪᠣᠯᠭᠠᠵᠤ᠂ ᠱᠠᠩᠨᠠᠯ ᠤᠨ ᠲᠡᠮᠳᠡᠭ᠂ ᠱᠠᠩᠨᠠᠯ ᠤᠨ ᠦᠨᠡᠮᠯᠡᠯ ᠪᠠ ᠱᠠᠩᠨᠠᠯ ᠤᠨ ᠮᠥᠩᠭᠦ ᠶᠢ ᠨᠢ ᠨᠡᠬᠡᠮᠵᠢᠯᠡᠨ ᠬᠤᠷᠢᠶᠠᠬᠤ ᠶᠢᠨ ᠬᠠᠮᠲᠤ᠂ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ᠃      ᠳᠥᠴᠢᠳᠦᠭᠡᠷ ᠵᠦᠢᠯ  ᠨᠡᠷ᠎ᠡ ᠳᠤᠷᠠᠳᠤᠭᠰᠠᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠨᠢ ᠬᠤᠳᠠᠯ ᠬᠠᠭᠤᠷᠮᠠᠭ ᠲᠤᠭ᠎ᠠ ᠪᠠᠷᠢᠮᠲᠠ᠂ ᠮᠠᠲ᠋ᠧᠷᠢᠶᠠᠯ ᠬᠠᠩᠭᠠᠵᠤ᠂ ᠪᠤᠰᠤᠳ ᠢ ᠬᠠᠮᠵᠢᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠮᠡᠬᠡᠯᠡᠨ ᠠᠪᠤᠭᠰᠠᠨ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠪᠲᠡᠷᠡᠭᠦᠯᠦᠨ ᠰᠢᠭᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠡᠳᠡᠨ ᠤ ᠨᠡᠷ᠎ᠡ ᠳᠤᠷᠠᠳᠬᠤ ᠬᠢᠷᠢ ᠬᠡᠮ ᠢ ᠨᠢ ᠲᠦᠷ ᠵᠣᠭᠰᠣᠭᠠᠬᠤ ᠪᠤᠶᠤ ᠬᠦᠴᠦᠨ ᠦᠭᠡᠢ ᠪᠣᠯᠭᠠᠬᠤ ᠶᠢᠨ ᠬᠠᠮᠲᠤ᠂ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ᠃      ᠳᠥᠴᠢᠨ ᠨᠢᠭᠡᠳᠦᠭᠡᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠰᠢᠨᠵᠢᠯᠡᠬᠦ ᠤᠬᠠᠭᠠᠨ ᠤ ᠰᠣᠳᠤᠯᠤᠯ ᠤᠨ ᠦᠨᠡᠨᠴᠢ ᠢᠲᠡᠭᠡᠮᠵᠢ ᠶᠢᠨ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠲᠠᠢ ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠶᠢ ᠰᠢᠨᠵᠢᠯᠡᠬᠦ ᠤᠬᠠᠭᠠᠨ ᠤ ᠰᠣᠳᠤᠯᠤᠯ ᠤᠨ ᠦᠨᠡᠨᠴᠢ ᠢᠲᠡᠭᠡᠮᠵᠢ ᠶᠢᠨ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠳ᠋ᠠᠶᠢᠲ᠋ᠠ ᠬᠥᠮᠥᠷᠭᠡ ᠳᠤ ᠲᠡᠮᠳᠡᠭᠯᠡᠨ ᠣᠷᠣᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠬᠠᠤᠯᠢ ᠶᠣᠰᠣᠭᠠᠷ ᠴᠤᠭᠯᠠᠭᠤᠯᠤᠨ ᠨᠡᠶᠢᠯᠡᠭᠦᠯᠵᠦ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠤᠯᠪᠣᠭᠠᠯᠠᠨ ᠵᠠᠯᠬᠠᠭᠠᠵᠤ ᠴᠡᠭᠡᠷᠯᠡᠭᠦᠯᠦᠨ᠎ᠡ᠃      ᠳᠥᠴᠢᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠰᠢᠯᠭᠠᠷᠠᠭᠤᠯᠤᠨ ᠲᠣᠭᠲᠠᠭᠠᠬᠤ ᠵᠣᠬᠢᠶᠠᠨ ᠪᠠᠶᠢᠭᠤᠯᠤᠯᠲᠠ ᠶᠢᠨ ᠠᠵᠢᠯ ᠳᠤ ᠣᠷᠣᠯᠴᠠᠭᠰᠠᠨ ᠠᠵᠢᠯᠲᠠᠳ ᠰᠢᠯᠭᠠᠷᠠᠭᠤᠯᠤᠨ ᠲᠣᠭᠲᠠᠭᠠᠬᠤ ᠠᠵᠢᠯᠯᠠᠭ᠎ᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂

        365赢多少钱会被限额_国内有真正的365平台吗_365bet博彩官网

        ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠦᠷᠢᠴᠡᠭᠰᠡᠨ ᠪᠣᠯ ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ︔ ᠶᠠᠯ᠎ᠠ ᠬᠢᠭᠰᠡᠨ ᠳᠤ ᠲᠣᠭᠠᠴᠠᠭᠳᠠᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠲᠠᠪᠤᠳᠤᠭᠠᠷ ᠪᠦᠯᠦᠭ  ᠳᠠᠭᠠᠯᠳᠤᠭᠤᠯᠤᠯ ᠳᠦᠷᠢᠮ      ᠳᠥᠴᠢᠨ ᠭᠤᠷᠪᠠᠳᠤᠭᠠᠷ ᠵᠦᠢᠯ  ᠲᠤᠰ ᠠᠷᠭ᠎ᠠ ᠶᠢ 2022 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2007 ᠣᠨ ᠤ 5 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 148 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠶ ᠪᠣᠯᠭᠠᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2022 ᠣᠨ ᠤ 2 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ 
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ