内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
        ᠨᠡᠶᠢᠲᠡᠯᠡᠭᠰᠡᠨ ᠴᠠᠭ᠄
        2022/4/7
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ      ᠥᠪᠥᠷ ᠵᠠᠰᠠᠭ ᠲᠠᠷᠬᠠᠭᠠᠭᠰᠠᠨ ︹2022︺ 10 ᠳ᠋ᠤᠭᠠᠷ ᠲᠣᠭᠠᠲᠤ           ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ           ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠨᠢ ᠤᠯᠤᠰ ᠤᠨ ᠭᠠᠵᠠᠷ ᠰᠢᠷᠣᠶ ᠠᠮᠢ ᠠᠬᠤᠶ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠵᠤ ᠪᠠᠶᠢᠨ᠎ᠠ᠃ ᠪᠦᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ

        365赢多少钱会被限额_国内有真正的365平台吗_365bet博彩官网

        ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠪᠦᠲᠦᠮᠵᠢᠲᠡᠶ ᠰᠡᠷᠭᠡᠶᠢᠯᠡᠬᠦ ᠪᠠ ᠤᠨᠲᠠᠷᠠᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠶᠢᠨ ᠡᠬᠢ ᠪᠠᠶᠠᠯᠢᠭ ᠤᠨ ᠠᠮᠦᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ ᠢ ᠨᠡᠶᠢᠲᠡᠯᠡᠪᠡ᠃      ᠨᠢᠭᠡ᠂ ᠵᠠᠬᠢᠷᠤᠨ ᠬᠠᠮᠢᠶᠠᠷᠬᠤ ᠴᠠᠭ ᠢ ᠲᠣᠳᠣᠷᠬᠠᠶ ᠲᠣᠭᠲᠠᠭᠠᠬᠤ ᠬᠡᠷᠡᠭᠲᠡᠢ      2022 ᠣᠨ ᠤ ᠬᠠᠪᠤᠷ ᠤᠨ ᠤᠯᠠᠷᠢᠯ ᠳᠠᠬᠢ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠴᠢᠩᠭ᠎ᠠ ᠵᠠᠬᠢᠷᠤᠨ ᠬᠠᠮᠢᠶᠠᠷᠬᠤ ᠬᠤᠭᠤᠴᠠᠭ᠎ᠠ ᠪᠣᠯ 4 ᠳ᠋ᠦ᠋ᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ ᠪᠠᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭᠠᠷ ᠤᠨ ᠡᠬᠢᠯᠡᠬᠦ ᠪᠠ ᠳᠠᠭᠤᠰᠬᠤ ᠶᠢ ᠤᠷᠢᠳᠴᠢᠯᠠᠭᠤᠯᠬᠤ ᠪᠤᠶᠤ ᠬᠤᠶᠢᠰᠢᠯᠠᠭᠤᠯᠬᠤ ᠪᠠᠨ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠳᠡᠭᠡᠲᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠲᠤ ᠳᠠᠩᠰᠠᠯᠠᠭᠤᠯᠬᠤ ᠬᠡᠷᠡᠭᠲᠡᠶ᠃      ᠬᠤᠶᠠᠷ᠂ ᠵᠠᠬᠢᠷᠤᠨ ᠬᠠᠮᠢᠶᠠᠷᠬᠤ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠬᠤ ᠬᠡᠷᠡᠭᠲᠡᠢ      ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠶᠢᠨ ᠵᠠᠬᠢᠷᠤᠨ ᠬᠠᠮᠢᠶᠠᠷᠬᠤ ᠣᠷᠣᠨ ᠪᠦᠰᠡ ᠶᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃      ᠭᠤᠷᠪᠠ᠂ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠦᠢᠯᠡᠳᠪᠦᠷᠢᠯᠡᠨ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠪᠤᠲᠠᠲᠠᠶᠢᠵᠢᠭᠤᠯᠤᠨ᠂ ᠬᠠᠷᠢᠭᠤᠴᠠᠯᠭ᠎ᠠ ᠶᠢᠨ ᠣᠷᠣᠨ ᠢ ᠨᠢ ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠴᠢᠩᠭ᠎ᠠ ᠪᠥᠭᠡᠳ ᠨᠢᠭᠲᠠ ᠲᠤᠤᠷᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠡᠯ᠎ᠡ ᠱᠠᠲᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠨᠢ ᠲᠤᠰ ᠲᠣᠰ ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠰᠡᠷᠭᠡᠶᠢᠯᠡᠵᠦ ᠠᠪᠤᠷᠬᠠᠤ ᠬᠠᠷᠢᠭᠤᠴᠠᠯᠭ᠎ᠠ ᠶᠢᠨ ᠬᠡᠯᠬᠢᠶ᠎ᠡ ᠪᠠᠨ ᠨᠢᠭᠲᠠ ᠵᠣᠯᠭᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠤᠷᠢᠳᠴᠢᠯᠠᠨ ᠰᠡᠷᠭᠡᠶᠢᠯᠡᠬᠦ ᠪᠠ ᠭᠠᠯ ᠲᠦᠢᠮᠡᠷ ᠭᠠᠷᠤᠭᠰᠠᠨ ᠡᠬᠢᠨ ᠤ ᠬᠤᠭᠤᠴᠠᠭᠠᠨ ᠳᠠᠬᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠭᠠᠯ ᠲᠦᠢᠮᠡᠷ ᠢ ᠤᠨᠲᠠᠷᠠᠭᠠᠬᠤ ᠪᠥᠬᠦ ᠶᠠᠪᠤᠴᠠ ᠳᠤ ᠨᠢ ᠣᠷᠣᠯᠴᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ᠂ ᠶᠡᠭᠡ ᠲᠦᠢᠮᠡᠷ ᠬᠦᠨᠳᠦ ᠠᠶᠤᠯ ᠢ ᠠᠷᠭᠠᠴᠠᠭᠠᠬᠤ ᠡᠯ᠎ᠡ ᠵᠦᠢᠯ ᠤᠨ ᠠᠵᠢᠯ ᠶᠠᠪᠤᠳᠠᠯ ᠤᠨ ᠡᠮᠤᠨᠡᠬᠢ ᠪᠡᠯᠡᠳᠬᠡᠯ ᠠᠵᠢᠯ ᠢ ᠰᠠᠶᠢᠲᠤᠷ ᠬᠢᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠭᠠᠷᠤᠮᠠᠭᠴᠠ ᠳᠠᠷᠤᠢ ᠲᠦᠷᠭᠡᠨ ᠤᠨᠲᠠᠷᠠᠭᠠᠬᠤ ᠶᠢᠨ ᠬᠠᠮᠲᠤ᠂ ᠠᠵᠢᠯ ᠶᠠᠪᠤᠳᠠᠯ ᠤᠨ ᠳᠤᠮᠳᠠᠬᠢ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃      ᠳᠥᠷᠪᠡ᠂ ᠭᠠᠯ ᠲᠦᠢᠮᠡᠷ ᠡᠭᠦᠰᠬᠦ ᠡᠬᠢ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢᠶᠠᠨ ᠴᠢᠩᠳᠠᠯᠠᠬᠤ ᠬᠡᠷᠡᠭᠲᠡᠢ      ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠬᠤᠭᠤᠴᠠᠭᠠᠨ ᠳᠤ ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ᠄      ︵ᠨᠢᠭᠡ︶ ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ ᠳᠤ ᠲᠠᠮᠠᠬᠢ ᠲᠠᠲᠠᠬᠤ᠂ ᠬᠦᠳᠡᠭᠡ ᠭᠠᠳᠠᠨ᠎ᠠ ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠲᠦᠯᠡᠰᠢ ᠰᠢᠲᠠᠭᠠᠵᠤ ᠳᠤᠯᠠᠭᠠᠯᠠᠬᠤ᠂ ᠬᠤᠭ ᠨᠣᠪᠰᠢ ᠰᠢᠲᠠᠭᠠᠬᠤ ᠵᠢᠴᠢ ᠪᠤᠰᠤᠳ ᠦᠢᠯᠡᠳᠪᠦᠷᠢᠯᠡᠯ ᠤᠨ ᠪᠤᠰᠤ ᠬᠡᠷᠡᠭᠴᠡᠭᠡᠨ ᠳᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ ᠳᠤ ᠦᠢᠯᠡᠳᠪᠦᠷᠢᠯᠡᠯ ᠤᠨ ᠬᠡᠷᠡᠭᠴᠡᠭᠡ ᠪᠠᠷ ᠬᠦᠳᠡᠭᠡ ᠭᠠᠳᠠᠨ᠎ᠠ ᠭᠠᠯ ᠬᠡᠷᠡᠭᠯᠡᠬᠦ ᠳᠤ ᠪᠠᠨ ᠬᠢᠨᠠᠨ ᠵᠦᠪᠰᠢᠶᠡᠷᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠣᠨᠴᠠᠭᠠᠢ ᠰᠢᠯᠲᠠᠭᠠᠨ ᠠᠴᠠ ᠪᠣᠯᠣᠭᠠᠳ ᠬᠦᠳᠡᠭᠡ ᠭᠠᠳᠠᠨ᠎ᠠ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠪᠠᠷ ᠦᠨᠡᠨ ᠬᠦ ᠭᠠᠯ ᠬᠡᠷᠡᠭᠯᠡᠬᠦ ᠴᠢᠬᠤᠯᠠ ᠲᠠᠢ ᠪᠣᠯ᠂ ᠡᠷᠬᠡᠪᠰᠢ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳ ᠵᠢᠭᠠᠨ ᠲᠣᠭᠲᠠᠭᠠᠭᠰᠠᠨ ᠴᠠᠭ ᠬᠤᠭᠤᠴᠠᠭ᠎ᠠ᠂ ᠵᠢᠭᠠᠨ ᠲᠣᠭᠲᠠᠭᠠᠭᠰᠠᠨ ᠭᠠᠵᠠᠷ ᠲᠤ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶ ᠲᠣᠭᠲᠠᠭᠠᠭᠰᠠᠨ᠂ ᠰᠡᠷᠭᠡᠶᠢᠯᠡᠵᠦ ᠠᠪᠤᠷᠠᠬᠤ ᠪᠡᠯᠡᠳᠬᠡᠯ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃      ︵ᠭᠤᠷᠪᠠ︶ ᠡᠯ᠎ᠡ ᠪᠠᠶᠢᠴᠠᠭᠠᠬᠤ ᠥᠷᠲᠡᠭᠡ᠂ ᠠᠵᠢᠭᠯᠠᠨ ᠪᠠᠷᠠᠯᠠᠬᠤ ᠲᠠᠶᠢᠰᠠ᠂ ᠲᠣᠭᠤᠷᠢᠨ ᠴᠠᠭᠳᠠᠵᠤ ᠬᠠᠮᠠᠭᠠᠯᠠᠬᠤ ᠠᠵᠢᠯ ᠤᠨ ᠪᠠᠶᠢᠷᠢ ᠵᠡᠷᠭᠡ ᠨᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠵᠤ᠂ ︽ᠭᠠᠯ ᠰᠡᠷᠭᠡᠶᠢᠯᠡᠯᠲᠡ ᠶᠢᠨ ᠺᠣᠳ᠋︾ ᠢ ᠪᠠᠶᠢᠷᠢᠯᠠᠭᠤᠯᠤᠨ᠂ ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ ᠳᠤ ᠣᠷᠣᠬᠤ ᠬᠥᠮᠦᠰ ᠪᠠ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠴᠤ᠂ ᠭᠠᠯ ᠤᠨ ᠡᠳ᠋ ᠬᠡᠷᠡᠭᠰᠡᠯ ᠪᠤᠶᠤ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ ᠢ ᠠᠪᠴᠤ ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ ᠳᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠲᠠᠪᠤ᠂ ᠭᠠᠯ ᠲᠦᠢᠮᠡᠷ ᠤᠨ ᠠᠶᠤᠯ ᠤᠨ ᠳᠠᠯᠳᠠ ᠭᠡᠮ ᠢ ᠠᠷᠢᠯᠭᠠᠬᠤ ᠬᠡᠷᠡᠭᠲᠡᠶ      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠶᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠂ ᠵᠠᠩᠭᠢᠯᠠᠭ᠎ᠠ ᠪᠣᠯᠬᠤ ᠴᠢᠬᠤᠯᠠ ᠠᠰᠠᠭᠤᠳᠠᠯ ᠢ ᠨᠡᠷ᠎ᠡ ᠵᠢᠭᠠᠵᠤ ᠰᠢᠮᠳᠠᠭᠤᠯᠤᠨ ᠭᠦᠢᠴᠡᠳᠭᠡᠯᠭᠡᠬᠦ ᠬᠡᠷᠡᠭᠲᠡᠶ︔ ᠭᠤᠤᠯᠳᠠᠯᠭ᠎ᠠ ᠪᠣᠯᠬᠤ ᠣᠷᠣᠨ ᠪᠦᠰᠡ ᠶᠢᠨ ᠣᠶ ᠶᠢᠨ ᠬᠤᠷᠮᠣᠶ ᠳᠠᠬᠢ ᠰᠢᠲᠠᠮᠠᠬᠠᠶ ᠡᠳ᠋ ᠢ ᠴᠡᠪᠡᠷᠯᠡᠨ ᠠᠷᠢᠯᠭᠠᠬᠤ ᠪᠠᠨ ᠴᠢᠩᠭᠠᠳᠬᠠᠵᠤ᠂ ᠲᠠᠷᠠᠬᠠᠶ ᠪᠠᠶᠢᠭ᠎ᠠ ᠣᠩᠭᠤᠨ ᠪᠣᠯᠠᠰᠢ ᠶᠢ ᠰᠢᠯᠵᠢᠭᠦᠯᠬᠦ ᠪᠠ ᠲᠥᠪᠯᠡᠷᠡᠭᠦᠯᠦᠨ ᠬᠠᠮᠢᠶᠠᠷᠬᠤ ᠶᠢ ᠢᠳᠡᠪᠬᠢᠲᠡᠶ ᠠᠬᠢᠭᠤᠯᠵᠤ ᠬᠥᠲᠥᠯᠥᠨ ᠵᠢᠯᠣᠭᠤᠳᠴᠤ᠂ ᠠᠭᠤᠯᠠ᠂ ᠭᠤᠤ ᠰᠤᠪᠠᠭ᠂ ᠭᠤᠣᠯ ᠤᠨ ᠲᠣᠬᠤᠢ ᠶᠢ ᠠᠷᠢᠯᠭᠠᠨ ᠴᠡᠪᠡᠷᠯᠡᠬᠦ ᠠᠵᠢᠯ ᠢᠶᠠᠨ ᠴᠠᠭ ᠲᠤᠬᠠᠶ ᠳᠤ ᠨᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠠᠰᠠᠭᠤᠳᠠᠯ ᠢ ᠣᠯᠵᠤ ᠮᠡᠳᠡᠭᠰᠡᠨ ᠪᠠᠶᠢᠲᠠᠯ᠎ᠠ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠵᠢᠴᠢ ᠬᠠᠮᠢᠶᠠᠷᠤᠯᠲᠠ ᠶᠢ ᠥᠯᠥ ᠳᠠᠭᠠᠭᠰᠠᠨ ᠪᠤᠶᠤ ᠵᠣᠷᠢᠭᠤᠳᠠ ᠵᠦᠷᠢᠴᠡᠭᠰᠡᠳ ᠢ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃      ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠨ ᠴᠢᠩᠭᠠᠷᠠᠭᠤᠯᠬᠤ ᠬᠡᠷᠡᠭᠲᠡᠶ      ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠰᠠᠯᠠᠭ᠎ᠠ ᠮᠥᠴᠢᠷ ᠪᠠ ᠬᠠᠷᠢᠭᠤᠴᠠᠯᠭᠠᠲᠤ ᠨᠢᠭᠡᠴᠢ ᠨᠢ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠨᠠᠷ ᠳᠠᠭᠠᠭᠤᠯᠤᠨ ᠵᠢᠵᠢᠭᠦᠷᠯᠡᠬᠦ᠂ ᠭᠠᠯ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ︽ᠰᠢᠰᠲ᠋ᠧᠮᠵᠢᠭᠦᠯᠦᠨ ᠮᠡᠳᠡᠭᠦᠯᠬᠦ︾ ︽ᠭᠠᠯ ᠲᠦᠢᠮᠡᠷ ᠭᠠᠷᠪᠠᠯ ᠵᠠᠪᠠᠯ ᠮᠡᠳᠡᠭᠦᠯᠬᠦ︾ ᠪᠠ ᠴᠢᠬᠤᠯᠠ ᠴᠠᠭ ᠬᠤᠭᠤᠴᠠᠭᠠᠨ ᠳᠤ ︽ᠡᠳᠦᠷ ᠤᠨ ᠮᠡᠳᠡᠭᠦᠯᠦᠯᠲᠡ︾ ︽ᠭᠠᠯ ᠲᠦᠢᠮᠡᠷ ᠥᠬᠡᠶ ᠶᠢᠨ ᠮᠡᠳᠡᠭᠦᠯᠦᠯᠲᠡ︾ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠨᠢᠭᠤᠭᠠᠳ ᠦᠯᠦ ᠮᠡᠳᠡᠭᠦᠯᠬᠦ᠂ ᠬᠤᠵᠢᠭᠤ ᠮᠡᠳᠡᠭᠦᠯᠬᠦ ᠵᠡᠷᠭᠡ ᠦᠢᠯᠡ ᠠᠵᠢᠯᠯᠠᠭ᠎ᠠ ᠶᠢ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠨᠢ ᠭᠠᠯ ᠲᠦᠢᠮᠡᠷ ᠤᠨ ᠪᠠᠶᠢᠳᠠᠯ ᠢ ᠨᠢᠭᠲᠠ ᠬᠢᠨᠠᠨ ᠠᠵᠢᠭᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢᠶᠠᠨ ᠲᠡᠭᠦᠯᠳᠡᠷᠵᠢᠭᠦᠯᠦᠨ᠂ ᠡᠩᠨᠡᠭᠡᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠨ᠂ ᠭᠡᠨᠡᠳᠲᠡ ᠡᠭᠦᠰᠦᠭᠰᠡᠨ ᠭᠠᠯ ᠲᠦᠢᠮᠡᠷ ᠤᠨ ᠪᠠᠶᠢᠳᠠᠯ ᠢ ᠪᠤᠰᠢᠭᠤ ᠲᠦᠷᠭᠡᠨ ᠤᠨᠲᠠᠷᠠᠭᠠᠵᠤ᠂ ᠥᠨᠳᠥᠷ ᠪᠦᠲᠦᠮᠵᠢᠲᠡᠶ ᠰᠢᠢᠳᠪᠦᠷᠢᠯᠡᠨ᠂ ︽ᠡᠷᠲᠡ ᠠᠴᠠ᠂ ᠪᠠᠭ᠎ᠠ ᠳᠡᠭᠡᠷ᠎ᠡ ᠨᠢ᠂ ᠤᠨᠲᠠᠷᠠᠭᠠᠭᠰᠠᠨ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠳᠣᠯᠤᠭ᠎ᠠ᠂ ᠭᠠᠯ ᠲᠦᠢᠮᠡᠷ ᠤᠨᠲᠠᠷᠠᠭᠠᠬᠤ ᠳᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ      ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠳᠤ ᠬᠠᠷᠢᠶᠠᠯᠠᠭᠳᠠᠬᠤ ᠭᠠᠵᠠᠷ ᠢᠶᠠᠷ ᠨᠢ ᠭᠤᠣᠯ ᠪᠣᠯᠭᠠᠬᠤ ᠵᠠᠷᠴᠢᠮ ᠢ ᠪᠠᠷᠢᠮᠲᠠᠯᠠᠨ᠂ ᠵᠢᠯᠣᠭᠤᠳᠬᠤ ᠭᠠᠵᠠᠷ ᠤᠨ ᠡᠷᠬᠡ ᠰᠦᠷ ᠢ ᠪᠣᠢ ᠪᠣᠯᠭᠠᠵᠤ᠂ ᠨᠢᠭᠡᠳᠦᠯᠲᠡᠶ ᠵᠢᠯᠣᠭᠤᠳᠤᠨ᠂ ᠰᠢᠨᠵᠢᠯᠡᠬᠦ ᠤᠬᠠᠭᠠᠨᠴᠢ ᠪᠠᠷ ᠤᠨᠲᠠᠷᠠᠭᠠᠵᠤ ᠠᠪᠤᠷᠠᠬᠤ ᠬᠡᠷᠡᠭᠲᠡᠶ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠪᠠᠶᠢᠯᠭᠠᠬᠤ ᠣᠨᠣᠯᠵᠢᠬᠤᠨ ᠢ ᠪᠠᠲᠤ ᠪᠣᠶ ᠪᠣᠯᠭᠠᠵᠤ᠂ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠲᠠᠢ᠂ ᠲᠤᠰᠬᠠᠶᠢᠵᠢᠭᠰᠠᠨ ᠭᠠᠯ ᠤᠨᠲᠠᠷᠠᠭᠠᠬᠤ ᠵᠠᠮ ᠢᠶᠠᠷ ᠵᠠᠮᠨᠠᠵᠤ᠂ ᠭᠠᠯ ᠲᠦᠢᠮᠡᠷ ᠤᠨᠲᠠᠷᠠᠭᠠᠬᠤ ᠠᠵᠢᠯ ᠳᠤ ᠣᠯᠠᠨ ᠲᠦᠮᠡᠨ ᠤ ᠰᠢᠭᠤᠳ ᠣᠷᠣᠯᠴᠠᠬᠤ ᠶᠢ ᠨᠢ ᠡᠷᠡᠰ ᠵᠠᠶᠢᠯᠠᠭᠤᠯᠵᠤ᠂ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠰᠤᠷᠤᠭᠴᠢᠳ ᠵᠡᠷᠭᠡ ᠭᠠᠯ ᠲᠦᠢᠮᠡᠷ ᠤᠨᠲᠠᠷᠠᠭᠠᠬᠤ ᠳᠤ ᠣᠷᠣᠯᠴᠠᠬᠤ ᠶᠢ ᠬᠤᠷᠢᠭᠯᠠᠵᠤ᠂ ᠬᠥᠮᠦᠨ ᠬᠠᠷ᠎ᠠ ᠠᠳᠡᠵᠦ ᠰᠢᠷᠬᠠᠲᠤᠬᠤ ᠠᠳᠡᠯ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ᠨᠠᠢᠮᠠ᠂ ᠴᠢᠩᠭ᠎ᠠ ᠰᠢᠮᠳᠠᠭᠤᠯᠤᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ      ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠬᠡᠷᠡᠭ ᠨᠢᠭᠡᠪᠦᠷᠢ ᠶᠢ ᠵᠠᠪᠠᠯ ᠪᠠᠶᠢᠴᠠᠭᠠᠵᠤ᠂ ᠬᠡᠷᠡᠭ ᠨᠢᠭᠡᠪᠦᠷᠢ ᠠᠴᠠ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠪᠠᠨ ᠥᠯᠥ ᠨᠠᠶᠢᠳᠠᠪᠤᠷᠢᠵᠢᠭᠤᠯᠤᠭᠰᠠᠨ ᠪᠤᠶᠤ ᠪᠤᠲᠠᠲᠠᠶᠢᠵᠢᠭᠤᠯᠵᠤ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠬᠦᠨᠳᠦ ᠣᠨᠴᠠ ᠶᠡᠭᠡ ᠭᠠᠯ ᠲᠦᠢᠮᠡᠷ ᠭᠠᠷᠤᠭᠰᠠᠨ ᠪᠤᠶᠤ ᠬᠥᠮᠦᠨ ᠬᠠᠷ᠎ᠠ ᠠᠳᠡᠵᠦ ᠰᠢᠷᠬᠠᠲᠤᠭᠰᠠᠨ ᠠᠳᠡᠯ ᠬᠡᠷᠡᠭ ᠭᠠᠷᠤᠭᠰᠠᠨ ᠭᠠᠵᠠᠷ ᠣᠷᠣᠨ᠂ ᠨᠢᠭᠡᠴᠢ ᠪᠠ ᠬᠠᠷᠢᠭᠤᠴᠠᠯᠭ᠎ᠠ ᠲᠠᠢ ᠬᠦᠮᠦᠰ ᠠᠴᠠ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠶᠢᠰᠦ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠢ ᠣᠯᠠᠨ ᠵᠦᠢᠯ ᠤᠨ ᠬᠡᠯᠪᠡᠷᠢ ᠮᠠᠶ᠋ᠢᠭ ᠢ ᠬᠡᠷᠡᠭᠯᠡᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠭᠠᠯ ᠲᠦᠢᠮᠡᠷ ᠢ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠲᠤᠰᠠᠯᠠᠯᠴᠠᠵᠤ ᠠᠪᠤᠷᠠᠬᠤ ᠪᠠ ᠠᠶᠤᠯ ᠭᠠᠮᠰᠢᠭ ᠢ ᠪᠠᠭᠠᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠠᠯ ᠲᠦᠢᠮᠡᠷ ᠭᠠᠷᠤᠭᠰᠠᠨ ᠠᠶᠤᠯ ᠭᠠᠮᠰᠢᠭ ᠪᠣᠯᠬᠤ ᠦᠭᠡᠶ᠂ ᠭᠠᠯ ᠲᠦᠢᠮᠡᠷ ᠭᠠᠷᠤᠭᠰᠠᠨ ᠴᠦ ᠠᠳᠡᠵᠦ ᠰᠢᠷᠬᠠᠳᠤᠭᠰᠠᠨ ᠦᠭᠡᠶ ᠪᠠᠶᠢᠯᠭᠠᠬᠤ ᠬᠡᠷᠡᠭᠲᠡᠶ᠃                             2022 ᠣᠨ ᠤ 3 ᠳ᠋ᠤᠭᠠᠷ ᠰᠠᠷ᠎ᠠ ᠶᠢᠨ 17 ᠤ ᠡᠳᠦᠷ                                              ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                            2022 ᠣᠨ ᠤ 3 ᠳ᠋ᠤᠭᠠᠷ ᠰᠠᠷ᠎ᠠ ᠶᠢᠨ 17 ᠤ ᠡᠳᠦᠷ ᠳᠠᠷᠤᠮᠠᠯᠯᠠᠪᠠ
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ

        365赢多少钱会被限额_国内有真正的365平台吗_365bet博彩官网