| ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠠᠵᠤ ᠦᠢᠯᠡᠳᠪᠦᠷᠢ ᠳᠤ | ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠤᠨ ︿ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ ︵ᠲᠤᠷᠰᠢᠨ | ᠬᠡᠷᠡᠭᠵᠢᠭᠦᠯᠬᠦ︶︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠡᠢ᠂ ︽ᠵᠢᠯᠣᠭᠤᠳᠬᠤ ᠰᠠᠨᠠᠯ︾ ᠤᠨ ᠬᠠᠮᠢᠶ᠎ᠠ ᠪᠥᠬᠦᠶ | ᠠᠭᠤᠯᠭ᠎ᠠ ᠶᠢ ᠨᠡᠶᠢᠭᠡᠮ ᠨᠡᠶᠢᠲᠡ ᠳᠤ ᠥᠷᠭᠡᠨ ᠪᠥᠭᠡᠳ ᠵᠥᠪ ᠢᠶᠠᠷ ᠣᠶᠢᠯᠠᠭᠠᠭᠤᠯᠬᠤ ᠶᠢᠨ ᠲᠤᠰᠠᠳᠠ᠂ ᠡᠳᠦᠭᠡ ᠠᠭᠤᠯᠭ᠎ᠠ ᠶᠢᠨ ᠭᠤᠤᠯᠳᠠᠯᠭ᠎ᠠ ᠶᠢ ᠳᠠᠷᠠᠭᠠᠬᠢ ᠮᠡᠲᠦ | ᠲᠠᠶᠢᠯᠪᠤᠷᠢᠯᠠᠶ᠎ᠠ᠄ | ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ | ᠣᠷᠳᠣ ᠬᠤᠭᠤᠴᠠᠭᠠᠨ ᠤ ᠲᠤᠷᠰᠢ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠨᠡᠯᠡᠬᠦ ᠵᠦᠢᠯᠡᠰ ᠨᠢ ᠪᠤᠳᠤᠯᠢᠶᠠᠨᠲᠠᠶ᠂ | ᠬᠢᠨᠠᠨ ᠵᠥᠪᠰᠢᠶᠡᠷᠡᠬᠦ ᠦᠶᠡᠯᠡᠯ ᠤᠨ ᠬᠤᠭᠤᠴᠠᠭ᠎ᠠ ᠨᠢ ᠣᠷᠳᠣ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ︽ᠣᠷᠣᠭᠤᠯᠤᠨ ᠠᠪᠴᠢᠷᠠᠬᠤ ᠶᠢ ᠴᠢᠬᠤᠯᠠᠴᠢᠯᠠᠨ᠂ | ᠬᠢᠨᠠᠨ ᠬᠠᠮᠢᠶᠠᠷᠬᠤ ᠶᠢ ᠬᠥᠩᠭᠡᠪᠴᠢᠯᠡᠬᠦ︾ ᠠᠴᠠ ᠪᠣᠯᠵᠣ ᠬᠡᠷᠡᠭᠯᠡᠬᠦ ᠭᠠᠵᠠᠷ ᠨᠢ ᠪᠦᠳᠦᠭᠦᠯᠢᠭ᠂ ᠦᠢᠯᠡᠳᠪᠦᠷᠢᠯᠡᠵᠦ ᠭᠠᠷᠭᠠᠭᠰᠠᠨ ᠦᠷ᠎ᠡ ᠠᠰᠢᠭ ᠨᠢ ᠳᠣᠤᠷ᠎ᠠ ᠵᠡᠷᠭᠡ | ᠲᠣᠪᠤᠶᠢᠮ᠎ᠠ ᠠᠰᠠᠭᠤᠳᠠᠯ ᠤᠳ ᠣᠷᠣᠰᠢᠵᠤ ᠪᠠᠶᠢᠭᠰᠠᠨ ᠶᠤᠮ᠃ ᠲᠡᠳᠡᠭᠡᠷ ᠠᠰᠠᠭᠤᠳᠠᠯ ᠤᠳ ᠢ ᠰᠢᠢᠳᠪᠦᠷᠢᠯᠡᠬᠦ ᠶᠢᠨ ᠲᠥᠯᠥᠭᠡ᠂ ᠡᠯ᠎ᠡ ᠭᠠᠵᠠᠷ ᠤᠨ ᠬᠢᠨ ᠰᠢᠨ᠎ᠡ ᠶᠢ | ᠡᠭᠦᠳᠬᠦ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠡᠷᠡᠭᠯᠡᠬᠦ ᠭᠠᠵᠠᠷ ᠢ ᠪᠠᠲᠤᠯᠠᠬᠤ ᠪᠠ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠲᠠᠯ᠎ᠠ ᠪᠠᠷ ᠶᠡᠭᠡ ᠬᠡᠮᠵᠢᠶᠡᠨ ᠤ | ᠠᠰᠢᠭᠲᠠᠶ ᠰᠦᠪᠡᠭᠴᠢᠯᠡᠯᠳᠡ ᠬᠢᠯ᠎ᠡ᠃ 2017 ᠣᠨ ᠤ 8 ᠳ᠋ᠤᠭᠠᠷ ᠰᠠᠷ᠎ᠠ ᠳᠤ᠂ ᠵᠧᠵᠢᠶᠠᠩ ᠮᠤᠵᠢ ᠶᠢᠨ ᠳ᠋ᠧ ᠴᠢᠩ ᠬᠤᠳᠠ ᠪᠦᠬᠦ ᠤᠯᠤᠰ ᠤᠨ ᠠᠩᠬᠠᠳᠠᠭᠴᠢ ︽365赢多少钱会被限额_国内有真正的365平台吗_365bet博彩官网 | ᠪᠠᠷᠢᠮᠵᠢᠶᠠᠲᠤ ᠭᠠᠵᠠᠷ︾ ᠢ ᠭᠠᠷᠭᠠᠵᠠᠢ᠂ ︽ᠪᠠᠷᠢᠮᠵᠢᠶᠠᠲᠤ ᠭᠠᠵᠠᠷ︾ ᠭᠡᠳᠡᠭ ᠨᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠤᠯᠪᠣᠭᠳᠠᠯ ᠪᠦᠬᠦᠢ ᠣᠷᠣᠨ | ᠪᠦᠰᠡ ᠶᠢ ᠦᠨᠡᠯᠡᠨ ᠵᠢᠱᠢᠵᠦ ᠳᠠᠭᠤᠰᠤᠭᠰᠠᠨ ᠰᠠᠭᠤᠷᠢᠨ ᠳᠡᠭᠡᠷ᠎ᠡ᠂ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ᠂ ᠪᠦᠳᠦᠭᠡᠨ | ᠪᠠᠶᠢᠭᠤᠯᠤᠯᠲᠠ᠂ ᠮᠦ ᠪᠦᠷᠢ ᠶᠢᠨ ᠳᠤᠮᠳᠠᠴᠢ ᠭᠠᠶᠢᠯᠢ᠂ ᠣᠷᠴᠢᠨ ᠲᠣᠭᠤᠷᠢᠨ ᠵᠡᠷᠭᠡ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠲᠤᠳᠤᠷᠬᠠᠶᠢᠯᠠᠭᠰᠠᠨ ᠭᠡᠷ᠎ᠡ ᠶᠢ | ᠭᠦᠢᠴᠡᠳᠬᠡᠨ ᠥᠭᠬᠦ ᠪᠠᠷ ᠠᠮᠠᠯᠳᠠᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠤᠯᠤᠰ ᠤᠨ ᠥᠮᠴᠢᠯᠡᠯᠲᠦ ᠭᠠᠵᠠᠷ ᠢ ᠵᠢᠭᠠᠵᠤ ᠪᠤᠢ᠃ | 2018 ᠣᠨ ᠤ 7 ᠳ᠋ᠤᠭᠠᠷ ᠰᠠᠷ᠎ᠠ ᠳᠤ᠂ ᠵᠧᠵᠢᠶᠠᠩ ᠮᠤᠵᠢ ᠨᠢ ᠳ᠋ᠧ ᠴᠢᠩ ᠵᠡᠷᠭᠡ ᠭᠠᠵᠠᠷ ᠣᠷᠣᠨ ᠤ ︽ᠪᠠᠷᠢᠮᠵᠢᠶᠠᠲᠤ ᠭᠠᠵᠠᠷ︾ ᠤᠨ ᠲᠤᠷᠰᠢᠯᠲᠠ ᠶᠢᠨ | ᠴᠡᠭ ᠤᠨ ᠲᠤᠷᠰᠢᠯᠭ᠎ᠠ ᠨᠤᠭᠤᠳ ᠢ ᠳ᠋ᠦᠩᠨᠡᠭᠰᠡᠨ ᠰᠠᠭᠤᠷᠢᠨ ᠳᠤ᠂ ᠮᠤᠵᠢ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ︽︿ᠪᠠᠷᠢᠮᠵᠢᠶᠠᠲᠤ ᠭᠠᠵᠠᠷ﹀ | ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠵᠧᠵᠢᠶᠠᠩ ᠵᠠᠰᠠᠭ ᠠᠯᠪᠠᠨ ᠲᠠᠷᠬᠠᠭᠠᠭᠰᠠᠨ ︹ 2018 ︺ 73 ᠳ᠋ᠤᠭᠠᠷ | ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽ᠪᠠᠷᠢᠮᠵᠢᠶᠠᠲᠤ ᠭᠠᠵᠠᠷ︾ ᠤᠨ ᠲᠦᠷᠢᠮ ᠢ ᠳᠡᠯᠭᠡᠷᠡᠭᠦᠯᠪᠡ᠃ ᠲᠡᠭᠦᠨ ᠤ ᠳᠠᠷᠠᠭ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ︽ᠬᠡᠰᠡᠭ ᠭᠠᠵᠠᠷ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠨᠡᠶᠢᠲᠡᠯᠢᠭ ᠠᠷᠭ᠎ᠠ ᠬᠢᠳᠡᠯ ᠤᠨ | ᠲᠤᠬᠠᠶ ᠵᠠᠷᠯᠠᠯ︾ ︵ᠲᠥᠷᠥ ᠠᠯᠪᠠᠨ ᠵᠠᠬᠢᠳᠠᠯ ︹ 2018 ︺ 46 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠳ᠂ ᠵᠧᠵᠢᠶᠠᠩ ᠤᠨ ︽ᠪᠠᠷᠢᠮᠵᠢᠶᠠᠲᠤ ᠭᠠᠵᠠᠷ︾ | ᠤᠨ ᠨᠡᠶᠢᠲᠡᠯᠢᠭ ᠠᠷᠭ᠎ᠠ ᠬᠢᠳᠡᠯ ᠢ ᠨᠤᠲᠠᠯᠠᠭᠰᠠᠨ ᠤ ᠬᠠᠮᠲᠤ ᠡᠯ᠎ᠡ ᠭᠠᠵᠠᠷ ᠢ ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠲᠠᠢ ᠬᠠᠷᠢᠴᠠᠭᠤᠯᠤᠨ ᠰᠤᠷᠤᠯᠴᠠᠵᠤ ᠯᠠᠪᠯᠠᠯᠲᠠ | ᠪᠣᠯᠭᠠᠬᠤ ᠬᠡᠷᠡᠭᠲᠡᠶ ᠭᠡᠵᠦ ᠱᠠᠭᠠᠷᠳᠠᠵᠠᠢ᠃ 2021 ᠣᠨ ᠤ 12 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠴᠢᠬᠤᠯᠠ | ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠶᠡᠷᠦᠩᠬᠡᠶ ᠲᠥᠰᠦᠯ︾ ᠢ ᠳᠠᠷᠤᠮᠠᠯᠯᠠᠨ | ᠲᠠᠷᠬᠠᠭᠠᠳ᠂ ᠠᠵᠤ ᠦᠢᠯᠡᠰ ᠲᠤ ᠬᠡᠷᠡᠭᠯᠡᠬᠦ ᠭᠠᠵᠠᠷ ᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠦᠨ ᠬᠤᠳᠠᠯᠳᠤᠬᠤ ᠶᠢ ᠳᠡᠮᠵᠢᠨ ᠬᠡᠷᠡᠭᠵᠢᠭᠦᠯᠵᠦ᠂ ᠵᠠᠬ᠎ᠠ | ᠳᠡᠯᠭᠡᠭᠦᠷ ᠤᠨ ᠳᠣᠭᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2022 ᠣᠨ ᠤ 2 ᠳ᠋ᠤᠭᠠᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ 12 ᠰᠠᠯᠠᠭ᠎ᠠ ᠮᠥᠴᠢᠷ ᠬᠠᠮᠲᠤᠷᠠᠨ ︽ᠠᠵᠤ ᠦᠢᠯᠡᠳᠪᠦᠷᠢ ᠶᠢᠨ ᠠᠵᠤ ᠠᠬᠤᠶ ᠶᠢᠨ 365赢多少钱会被限额_国内有真正的365平台吗_365bet博彩官网 | ᠲᠣᠭᠲᠠᠭᠤᠨ ᠨᠡᠮᠡᠭᠳᠡᠯ ᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠪᠠᠭᠤᠯᠭᠠᠵᠤ᠂ ᠠᠵᠤ | ᠦᠢᠯᠡᠰ ᠲᠤ ᠬᠡᠷᠡᠭᠯᠡᠬᠦ ᠭᠠᠵᠠᠷ ᠰᠢᠷᠣᠶ ᠶᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠦᠨ ᠭᠠᠷᠭᠠᠬᠤ ᠶᠢ ᠳᠡᠮᠵᠢᠨ ᠬᠡᠷᠡᠭᠵᠢᠭᠦᠯᠵᠦ᠂ ᠲᠣᠬᠢᠷᠠᠭᠤᠯᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ ᠭᠡᠵᠦ ᠳᠠᠬᠢᠨᠲᠠ ᠳᠤᠷᠠᠳᠴᠠᠢ᠃ 2022 ᠣᠨ ᠤ 2 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ︽ᠥᠪᠡᠷᠲᠡᠭᠡᠨ ᠵᠠᠰᠠᠬᠤ ᠣᠷᠣᠨ ᠤ 2022 ᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠳ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ | ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ ᠲᠤ ᠭᠠᠵᠠᠷ ᠬᠠᠩᠭᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ | ᠲᠠᠰ ᠠᠴᠠ ᠳᠡᠭᠡᠭᠰᠢᠬᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ︽ᠪᠠᠷᠢᠮᠵᠢᠶᠠᠲᠤ ᠭᠠᠵᠠᠷ︾ ᠲᠤ ᠭᠠᠵᠠᠷ ᠬᠠᠩᠭᠠᠬᠤ ᠶᠢ ᠠᠬᠢᠭᠤᠯᠬᠤ ᠱᠠᠭᠠᠷᠳᠠᠯᠭ᠎ᠠ ᠶᠢ | ᠳᠤᠷᠠᠳᠤᠨ ᠭᠠᠷᠭᠠᠭᠰᠠᠨ ᠶᠤᠮ᠃ | ᠬᠤᠶᠠᠷ᠂ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ | ︽ᠵᠢᠯᠣᠭᠤᠳᠬᠤ ᠰᠠᠨᠠᠯ︾ ᠢ ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠬᠡᠰᠡᠭ ᠲᠤ ᠬᠤᠪᠢᠶᠠᠨ᠎ᠠ᠂ | ᠭᠤᠤᠯ ᠠᠭᠤᠯᠭ᠎ᠠ ᠨᠢ᠄ | ︵ᠨᠢᠭᠡ︶ ᠦᠨᠳᠦᠰᠦᠨ ᠵᠠᠷᠴᠢᠮ ᠪᠠ ᠬᠠᠷᠠᠯᠲᠠ ᠱᠠᠭᠠᠷᠳᠠᠯᠭ᠎ᠠ᠃ ᠮᠠᠨ ᠤ ᠣᠷᠣᠨ ᠳᠤ ᠣᠳᠣᠬᠠᠨ ᠳᠤ ᠪᠠᠨ ᠬᠠᠷᠠᠬᠠᠨ ︽ᠪᠠᠷᠢᠮᠵᠢᠶᠠᠲᠤ ᠭᠠᠵᠠᠷ︾ ᠤᠨ | ᠲᠤᠷᠰᠢᠯᠲᠠ ᠶᠢᠨ ᠴᠡᠭ ᠤᠨ ᠵᠢᠱᠢᠶ᠎ᠡ ᠪᠠᠶᠢᠬᠤ ᠥᠬᠡᠶ ᠪᠠᠶᠢᠳᠠᠯ ᠢ ᠦᠨᠳᠦᠰᠦᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ︔ ᠵᠠᠬ᠎ᠠ ᠳᠡᠯᠭᠡᠭᠦᠷ ᠲᠣᠬᠢᠷᠠᠭᠤᠯᠬᠤ᠂ ᠠᠷᠪᠢᠲᠠᠶ ᠡᠷᠴᠢᠮᠯᠢᠭ ᠪᠠᠶᠢᠬᠤ︔ ᠪᠦᠬᠦ ᠶᠠᠪᠤᠴᠠ ᠳᠤ ᠬᠢᠨᠠᠨ ᠬᠠᠮᠢᠶᠠᠷᠬᠤ᠂ | ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠵᠠᠷᠴᠢᠮ ᠢ ᠯᠠᠪᠳᠠᠭᠤᠨ ᠢᠶᠠᠷ ᠠᠬᠢᠭᠤᠯᠬᠤ ᠶᠢ ︽ᠵᠢᠯᠣᠭᠤᠳᠬᠤ ᠰᠠᠨᠠᠯ︾ ᠳᠤ ᠳᠤᠷᠠᠳᠴᠠᠢ᠃ ᠡᠯ᠎ᠡ ᠠᠶᠢᠮᠠᠭ ᠬᠤᠲᠠ | 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠭᠠᠵᠠᠷ ᠣᠷᠣᠨ ᠤ ᠪᠠᠨ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠳᠣᠲᠣᠷᠠᠬᠢ ᠠᠵᠤ ᠦᠢᠯᠡᠳᠪᠦᠷᠢ ᠳᠤ | ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠤᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠨᠠᠷᠢᠨ ᠲᠦᠷᠢᠮ ᠢ ᠰᠤᠳᠤᠯᠤᠨ ᠨᠡᠶᠢᠲᠡᠯᠡᠵᠦ᠂ | ᠰᠢᠯᠵᠢᠭᠦᠯᠦᠨ ᠥᠭᠬᠦ ᠶᠠᠪᠤᠴᠠ ᠶᠢ ᠲᠣᠳᠣᠷᠬᠠᠶᠢᠯᠠᠨ᠂ ᠠᠵᠢᠯ ᠤᠨ ᠵᠢᠯᠣᠭᠤᠳᠤᠮᠵᠢ ᠲᠣᠭᠲᠠᠭᠠᠵᠤ᠂ ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ | ᠭᠠᠵᠠᠷ ᠤᠨ ︽ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠥᠭᠬᠦ ᠠᠵᠢᠯ ᠢ ᠡᠬᠢᠯᠡᠭᠦᠯᠬᠦ ᠬᠡᠷᠡᠭᠲᠡᠶ︔ ᠲᠤᠰ ᠵᠢᠯ ᠳᠤ ᠨᠠᠭᠠᠳᠤ ᠵᠠᠬ᠎ᠠ ᠳᠤ ᠪᠠᠨ ᠨᠢᠭᠡ ︽ᠪᠠᠷᠢᠮᠵᠢᠶᠠᠲᠤ | ᠭᠠᠵᠠᠷ︾ ᠢ ᠰᠢᠯᠵᠢᠭᠦᠯᠦᠨ ᠬᠤᠳᠠᠯᠳᠤᠬᠤ ᠶᠢ ᠪᠡᠶᠡᠯᠡᠭᠦᠯᠬᠦ ᠶᠢᠨ ᠬᠠᠮᠲᠤ ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠢ ᠰᠢᠯᠵᠢᠭᠦᠯᠦᠨ | ᠬᠤᠳᠠᠯᠳᠤᠬᠤ ᠳᠠᠬᠢ ︽ᠪᠠᠷᠢᠮᠵᠢᠶᠠᠲᠤ ᠭᠠᠵᠠᠷ︾ ᠤᠨ ᠡᠵᠡᠯᠡᠬᠦ ᠬᠠᠷᠢᠴᠠᠯ ᠢ ᠵᠢᠯ ᠳᠠᠷᠠᠭᠠᠯᠠᠨ ᠳᠡᠯᠭᠡᠷᠡᠭᠦᠯᠦᠨ ᠦᠷᠭᠡᠳᠬᠡᠬᠦ ᠬᠡᠷᠡᠭᠲᠡᠢ ᠭᠡᠵᠦ ︽ᠵᠢᠯᠣᠭᠤᠳᠬᠤ ᠰᠠᠨᠠᠯ︾ | ᠳᠤ ᠱᠠᠭᠠᠷᠳᠠᠵᠠᠢ᠃ | ︵ᠬᠤᠶᠠᠷ︶ ᠭᠤᠤᠯ ᠡᠭᠦᠷᠭᠡ᠃ ᠦᠨᠳᠦᠰᠦᠨ ᠵᠠᠷᠴᠢᠮ ᠶᠣᠰᠣᠭᠠᠷ᠂ ︽ᠵᠢᠯᠣᠭᠤᠳᠬᠤ ᠰᠠᠨᠠᠯ︾ ᠳᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ | ᠪᠡᠶᠡᠯᠡᠭᠦᠯᠵᠦ᠂ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠳᠣᠲᠣᠷ᠎ᠠ ᠵᠠᠰᠠᠭ ᠤᠨ ᠣᠷᠳᠣᠨ ᠰᠣᠩᠭᠤᠯᠲᠠ ᠶᠢᠨ ᠴᠢᠨᠠᠷᠲᠠᠶ | ᠣᠷᠣᠨ ᠪᠦᠰᠡ ᠶᠢᠨ ᠦᠨᠡᠯᠡᠨ ᠵᠢᠱᠢᠯᠲᠡ ᠶᠢ ᠨᠢᠭᠡᠳᠦᠯᠲᠡᠶ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ | ᠲᠣᠳᠤᠷᠬᠠᠶᠢᠯᠠᠨ᠂ ᠡᠯ᠎ᠡ ᠭᠠᠵᠠᠷ ᠣᠷᠣᠨ ᠨᠤᠭᠤᠳ ᠠᠵᠤ ᠦᠢᠯᠡᠰ ᠢ ᠵᠥᠪᠰᠢᠶᠡᠷᠡᠨ ᠣᠷᠣᠭᠤᠯᠬᠤ᠂ ᠴᠢᠳᠠᠮᠵᠢ ᠶᠢᠨ ᠣᠷᠣᠨ ᠢ ᠬᠤᠪᠢᠶᠠᠷᠢᠯᠠᠬᠤ ᠪᠠ ᠬᠠᠮᠢᠶ᠎ᠠ ᠪᠥᠬᠦᠶ | ᠣᠷᠣᠨ ᠪᠦᠰᠡ ᠶᠢᠨ ᠦᠨᠡᠯᠡᠨ ᠵᠢᠱᠢᠬᠦ ᠱᠠᠭᠠᠷᠳᠠᠯᠭ᠎ᠠ ᠶᠢ ᠦᠨᠳᠦᠰᠦᠯᠡᠨ᠂ ᠬᠡᠷᠡᠭᠵᠢᠭᠦᠯᠵᠦ ᠪᠣᠯᠬᠤᠶᠢᠴᠠ᠂ ᠬᠢᠨᠠᠨ ᠬᠠᠮᠢᠶᠠᠷᠬᠤ ᠳᠤ ᠲᠥᠬᠦᠮ ᠪᠠᠶᠢᠯᠭᠠᠬᠤ ᠵᠠᠷᠴᠢᠮ | ᠶᠣᠰᠣᠭᠠᠷ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ︽3 + X︾ ᠤᠨ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ | ᠰᠤᠳᠤᠯᠤᠨ ᠳᠤᠷᠠᠳᠤᠨ᠎ᠠ︔ ︽ᠪᠠᠷᠢᠮᠵᠢᠶᠠᠲᠤ ᠭᠠᠵᠠᠷ︾ ᠤᠨ ᠬᠠᠩᠭᠠᠯᠭ᠎ᠠ ᠶᠢᠨ ᠠᠷᠭ᠎ᠠ ᠮᠠᠶ᠋ᠢᠭ ᠢ ᠵᠢᠷᠤᠮᠵᠢᠭᠤᠯᠵᠤ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ | ᠪᠦᠲᠦᠭᠡᠯ ᠪᠠ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠨᠠᠷᠢᠨ ᠳᠠᠩᠰᠠ ᠶᠢᠨ ᠬᠡᠯᠪᠡᠷᠢ ᠪᠠᠷ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠲᠥᠰᠦᠯ | ᠨᠢᠭᠡᠪᠦᠷᠢ ᠳᠤ ᠬᠡᠷᠡᠭᠯᠡᠬᠦ ᠪᠦᠭᠡᠳ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠠᠯᠪᠠᠨ ᠵᠠᠷ ᠲᠤ ᠬᠠᠮᠲᠤ ᠳᠤ ᠨᠢ ᠨᠡᠶᠢᠲᠡᠯᠡᠵᠦ᠂ ᠥᠷᠢᠰᠥᠯᠳᠦᠨ ᠬᠤᠳᠠᠯᠳᠤᠨ | ᠠᠪᠤᠭᠴᠢ ᠳᠤ ᠨᠢᠭᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠎ᠡ︔ ︽ᠪᠠᠷᠢᠮᠵᠢᠶᠠᠲᠤ ᠭᠠᠵᠠᠷ︾ ᠤᠨ ᠭᠡᠷ᠎ᠡ ᠶᠢ ᠭᠦᠢᠴᠡᠳᠬᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ᠂ | ᠭᠠᠵᠠᠷ ᠬᠡᠷᠡᠭᠯᠡᠬᠦ ᠠᠵᠤ ᠠᠬᠤᠶᠢᠯᠠᠯ ᠨᠢ ᠵᠠᠰᠠᠭ ᠤᠨ ᠣᠷᠳᠣᠨ ᠪᠤᠶᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ︵ᠪᠠᠶᠢᠭᠤᠯᠤᠮᠵᠢ︶ ᠯᠦᠭᠡ ︽ᠪᠠᠷᠢᠮᠵᠢᠶᠠᠲᠤ ᠭᠠᠵᠠᠷ︾ | ᠤᠨ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠭᠡᠷ᠎ᠡ ᠲᠣᠭᠲᠠᠵᠤ᠂ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ | ᠦᠢᠯᠡᠳᠪᠦᠷᠢᠯᠡᠯ ᠳᠤ ᠭᠠᠷᠭᠠᠭᠰᠠᠨ ᠢ ᠳᠠᠬᠢᠨ ᠬᠢᠨᠠᠬᠤ᠂ ᠭᠡᠷ᠎ᠡ ᠠᠴᠠ ᠵᠥᠷᠢᠴᠡᠭᠰᠡᠨ ᠪᠣᠯ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠵᠦᠢᠯᠡᠰ ᠢ ᠲᠣᠳᠤᠷᠬᠠᠶᠢᠯᠠᠨ᠎ᠠ︔ ᠭᠡᠷ᠎ᠡ ᠶᠢ | ᠭᠦᠢᠴᠡᠳᠬᠡᠬᠦ ᠶᠢ ᠬᠢᠨᠠᠨ ᠬᠠᠮᠢᠶᠠᠷᠬᠤ ᠳᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠭᠠᠵᠠᠷ ᠰᠢᠷᠣᠶ ᠬᠡᠷᠡᠭᠯᠡᠬᠦ ᠠᠵᠤ ᠠᠬᠤᠶᠢᠯᠠᠯ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ᠂ ᠦᠢᠯᠡᠳᠪᠦᠷᠢᠯᠡᠯ ᠳᠤ ᠭᠠᠷᠭᠠᠬᠤ ᠶᠢ ᠳᠠᠬᠢᠨ ᠬᠢᠨᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠨ ᠬᠡᠮᠵᠢᠵᠦ ᠬᠠᠷᠭᠤᠭᠤᠯᠤᠨ | ᠪᠠᠶᠢᠴᠠᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ︔ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠭᠠᠵᠠᠷ ᠰᠢᠷᠣᠶ ᠶᠢᠨ ᠨᠥᠭᠡᠴᠡ ᠶᠢ | ᠰᠠᠶᠢᠲᠤᠷ ᠬᠢᠨ᠎ᠡ ᠭᠡᠵᠦ ︽ᠵᠢᠯᠣᠭᠤᠳᠬᠤ ᠰᠠᠨᠠᠯ︾ ᠳᠤ ᠳᠤᠷᠠᠳᠪᠠ︔ ᠪᠠᠰᠠ ︽ᠪᠠᠷᠢᠮᠵᠢᠶᠠᠲᠤ ᠭᠠᠵᠠᠷ︾ ᠤᠨ ᠬᠡᠷᠡᠭᠯᠡᠬᠦ ᠬᠡᠪᠴᠢᠶ᠎ᠡ ᠶᠢᠨ ᠲᠤᠯᠤᠭᠠᠨ ᠵᠦᠢᠯ ᠤᠨ | ᠥᠭᠡᠷᠡᠴᠢᠯᠡᠯᠲᠡ ᠶᠢᠨ ᠡᠭᠦᠷᠭᠡ ᠶᠢ ᠥᠷᠭᠡᠳᠬᠡᠵᠦ᠂ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠠᠴᠠ ᠡᠮᠦᠨᠡᠬᠢ ᠬᠤᠭᠤᠴᠠᠭᠠᠨ ᠤ ᠪᠡᠯᠡᠳᠬᠡᠯ᠂ | ᠬᠠᠩᠭᠠᠯᠭ᠎ᠠ ᠶᠢᠨ ᠭᠡᠷ᠎ᠡ ᠶᠢ ᠭᠦᠢᠴᠡᠳᠬᠡᠬᠦ᠂ ᠬᠠᠩᠭᠠᠯᠭ᠎ᠠ ᠶᠢᠨ ᠳᠠᠷᠠᠭᠠᠬᠢ ᠬᠢᠨᠠᠯᠲᠠ ᠬᠠᠮᠢᠶᠠᠷᠤᠯᠲᠠ ᠵᠡᠷᠭᠡ ᠳᠤ ᠥᠭᠡᠷᠡᠴᠢᠯᠡᠯᠲᠡ ᠬᠢᠬᠦ ᠬᠠᠶᠢᠨ ᠰᠦᠪᠡᠭᠴᠢᠯᠡᠯᠲᠡ ᠶᠢᠨ | ᠱᠠᠭᠠᠷᠳᠠᠯᠭ᠎ᠠ ᠳᠤᠷᠠᠳᠴᠠᠢ᠃ | ︵ᠭᠤᠷᠪᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠡᠯ᠎ᠡ | ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠬᠢᠨᠠᠨ ᠰᠢᠯᠭᠠᠵᠤ ᠦᠨᠡᠯᠡᠬᠦ ᠳᠣᠭᠲᠠᠯᠴᠠᠭ᠎ᠠ ᠳᠤ ᠣᠷᠣᠭᠤᠯᠤᠨ᠎ᠠ︔ ᠣᠷᠣᠨ ᠪᠦᠰᠡ ᠶᠢᠨ ᠦᠨᠡᠯᠡᠨ | ᠵᠢᠱᠢᠬᠦ᠂ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠵᠣᠯᠭᠠᠭᠤᠯᠵᠤ᠂ ᠥᠭᠡᠷᠡᠴᠢᠯᠡᠯᠲᠡ ᠶᠢᠨ | ᠳᠠᠪᠬᠤᠴᠠᠬᠤ ᠦᠷ᠎ᠡ ᠨᠥᠯᠦᠭᠡ ᠶᠢ ᠭᠦᠢᠴᠡᠳ ᠪᠠᠳᠠᠷᠠᠭᠤᠯᠤᠨ᠎ᠠ︔ ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠰᠢᠷᠣᠶ ᠶᠢᠨ ︽ᠪᠠᠷᠢᠮᠵᠢᠶᠠᠲᠤ | ᠭᠠᠵᠠᠷ︾ ᠤᠨ ᠥᠭᠡᠷᠡᠴᠢᠯᠡᠯᠲᠡ ᠶᠢᠨ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠵᠡᠷᠭᠡ ᠥᠭᠡᠷᠡᠴᠢᠯᠡᠯᠲᠡ ᠶᠢ ᠬᠡᠷᠡᠭᠵᠢᠭᠦᠯᠦᠨ ᠠᠬᠢᠭᠤᠯᠬᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠬᠤ ᠶᠢᠨ ᠬᠠᠮᠲᠤ ᠢᠳᠡᠪᠬᠢᠲᠡᠶ ᠪᠠᠷ ᠳᠡᠯᠭᠡᠷᠡᠭᠦᠯᠦᠨ᠎ᠡ ᠭᠡᠵᠦ ︽ᠵᠢᠯᠣᠭᠤᠳᠬᠤ ᠰᠠᠨᠠᠯ︾ ᠳᠤ ᠳᠤᠷᠠᠳᠪᠠ᠃ | |