ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠦᠪᠦᠷ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ365赢多少钱会被限额_国内有真正的365平台吗_365bet博彩官网 | | | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠲᠤ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠲᠦᠷᠦᠭᠦᠯᠡᠨ ᠪᠡᠶᠡᠯᠡᠭᠦᠯᠬᠦ ᠶᠢᠨ ᠲᠤᠰᠠᠳᠠ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ | ᠬᠤᠴᠣᠷᠤᠩᠭᠤᠶ ᠪᠠᠶᠢᠬᠤ᠂ ᠪᠡᠶ᠎ᠡ ᠪᠠᠨ ᠳᠠᠭᠠᠭᠠᠵᠤ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠴᠢᠩᠭ᠎ᠠ ᠪᠢᠰᠢ᠂ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ | ᠬᠠᠩᠭᠠᠯᠭ᠎ᠠ ᠬᠦᠷᠦᠯᠴᠡᠬᠦ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠬᠦᠷᠦᠯᠴᠡᠬᠦ ᠦᠭᠡᠢ᠂ ᠭᠡᠮ ᠬᠢᠵᠢᠭ ᠢ | ᠰᠡᠷᠭᠡᠶᠢᠯᠡᠨ ᠳᠠᠷᠤᠬᠤ ᠮᠡᠷᠭᠡᠵᠢᠯ ᠪᠠᠭᠤᠷᠠᠶ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ 2019 ᠣᠨ ᠳᠤ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ | ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2019﹈ 33 ᠳ᠋ᠤᠭᠠᠷ ᠲᠣᠭᠠᠲᠤ︶ ᠤᠨ ᠰᠠᠭᠤᠷᠢᠨ ᠳᠡᠭᠡᠷ᠎ᠡ᠂ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2019﹈ ︺20 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ | ᠵᠢᠯ ᠤᠨ ᠠᠵᠢᠯᠯᠠᠭᠠᠨ ᠤ ᠲᠥᠰᠦᠯ ︵2020 - 2022 ᠣᠨ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 39 ᠳ᠋ᠦ᠋ᠭᠡᠷ ᠲᠣᠭᠠᠲᠤ︶ ᠤᠨ | ᠬᠤᠯᠪᠣᠭᠳᠠᠯ ᠪᠥᠬᠦᠶ ᠲᠣᠭᠲᠠᠭᠠᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠤᠷᠠᠬᠢ ᠮᠡᠲᠦ ᠮᠡᠳᠡᠭᠳᠡᠪᠡ᠃ | ᠨᠢᠭᠡ᠂ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠶ ᠳᠤ ᠨᠡᠮᠡᠭᠦᠷᠢ ᠦᠭᠭᠦ ᠬᠡᠷᠩᠳᠠᠢ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2021 ᠣᠨ ᠠᠴᠠ ᠬᠤᠶᠢᠰᠢ ᠪᠠᠶᠢᠭᠤᠯᠤᠭᠰᠠᠨ 3000 ᠲᠣᠯᠣᠭᠠᠶ ᠶᠢᠨ ᠬᠡᠪᠴᠢᠶ᠎ᠡ ᠲᠠᠢ ᠲᠡᠵᠢᠭᠡᠨ | ᠦᠷᠡᠵᠢᠭᠦᠯᠬᠦ ᠲᠠᠯᠠᠪᠠᠶ ᠳᠤ 600 ᠲᠦᠮᠡᠨ ᠲᠥᠭᠦᠷᠢᠭ ᠤᠨ ᠨᠡᠮᠡᠭᠦᠷᠢ ᠥᠭᠴᠦ᠂ 500 ᠲᠣᠯᠣᠭᠠᠶ ᠨᠡᠮᠡᠭᠳᠡᠬᠦ ᠪᠦᠷᠢ ᠳᠠᠬᠢᠨᠲᠠ 100 ᠲᠦᠮᠡᠨ ᠲᠥᠭᠦᠷᠢᠭ ᠤᠨ | ᠨᠡᠮᠡᠭᠦᠷᠢ ᠦᠭᠭᠦᠨ᠎ᠡ︔ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠡᠮᠡᠭᠦᠷᠢ ᠶᠢᠨ ᠪᠡᠯᠡ ᠮᠥᠩᠭᠦᠨ ᠤ 20 % ᠪᠠᠷ ᠳᠦᠬᠦᠷᠵᠢᠭᠦᠯᠵᠦ ᠨᠡᠮᠡᠭᠳᠡᠭᠦᠯᠬᠦ | ᠬᠡᠷᠡᠭᠲᠡᠢ᠃ ᠨᠡᠮᠡᠭᠦᠷᠢ ᠶᠢᠨ ᠪᠡᠯᠡ ᠮᠥᠩᠭᠦ ᠶᠢ ᠭᠤᠣᠯᠳᠠᠭᠤ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠢ ᠶᠢᠨ ︽ᠭᠤᠷᠪᠠ ᠶᠢ ᠨᠡᠪᠲᠡᠷᠡᠭᠦᠯᠵᠦ ᠨᠢᠭᠡ ᠶᠢ | ᠲᠡᠭᠰᠢᠯᠡᠬᠦ︾᠂ ᠢᠯᠭᠠᠳᠠᠰᠤ ᠶᠢ ᠰᠢᠢᠳᠪᠦᠷᠢᠯᠡᠬᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠬᠦ | ᠬᠡᠷᠡᠭᠲᠡᠢ᠃ ᠨᠡᠮᠡᠭᠦᠷᠢ ᠶᠢᠨ ᠪᠡᠯᠡ ᠮᠥᠩᠭᠦ ᠶᠢ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠢ ᠨᠢ ᠨᠡᠮᠡᠭᠦᠷᠢ ᠥᠭᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠣᠯᠭᠤᠨ᠎ᠠ᠃ | ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ | ᠵᠠᠰᠠᠭ ᠤᠨ ᠲᠢᠩᠬᠢᠮ︶ | ᠬᠤᠶᠠᠷ᠂ ᠲᠤᠰᠬᠠᠶ ᠵᠦᠢᠯ ᠤᠨ ᠵᠢᠭᠡᠯᠡᠯᠭᠡ ᠪᠠᠷ ᠰᠦ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠳᠤ ᠳᠡᠮᠵᠢᠯᠭᠡ | ᠦᠵᠡᠭᠦᠯᠬᠦ ᠬᠡᠷᠡᠭᠲᠡᠢ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢ ᠠᠰᠢᠭᠯᠠᠨ ᠰᠢᠨ᠎ᠡ ᠪᠠᠷ ᠰᠠᠭᠠᠯᠢ ᠶᠢᠨ | ᠦᠨᠢᠶ᠎ᠡ ᠶᠢ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠶ ᠪᠠᠷ ᠭᠤᠣᠯ ᠠᠭᠤᠯᠭ᠎ᠠ ᠪᠣᠯᠭᠠᠭᠰᠠᠨ ᠰᠦ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ | ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠵᠦᠢᠯ ᠤᠨ ᠵᠢᠭᠡᠯᠡᠯᠭᠡ ᠲᠣᠬᠢᠷᠠᠭᠤᠯᠬᠤ ᠲᠠᠯ᠎ᠠ ᠪᠠᠷ ᠭᠤᠣᠯᠳᠠᠯᠭ᠎ᠠ ᠲᠠᠢ | ᠳᠡᠮᠵᠢᠯᠭᠡ ᠦᠵᠡᠭᠦᠯᠦᠨ᠎ᠡ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶ | ᠭᠤᠷᠪᠠ᠂ ᠬᠥᠲᠥᠴᠢ ᠠᠵᠤ ᠠᠬᠤᠶᠢᠯᠠᠯ ᠤᠨ ᠲᠦᠭᠦᠬᠡᠶ ᠰᠦ ᠪᠣᠯᠪᠠᠰᠤᠷᠠᠭᠤᠯᠬᠤ ᠬᠡᠮᠵᠢᠶᠡᠨ ᠤ ᠨᠡᠮᠡᠭᠳᠡᠯ ᠢᠶᠠᠷ ᠨᠡᠮᠡᠭᠦᠷᠢ ᠥᠭᠬᠦ ᠬᠡᠷᠡᠭᠲᠡᠢ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠠᠰ ᠤᠨ ᠰᠦ ᠴᠠᠭᠠᠨ ᠢᠳᠡᠭᠡ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠲᠦᠭᠦᠬᠡᠶ ᠰᠦ ᠪᠣᠯᠪᠠᠰᠤᠷᠠᠭᠤᠯᠬᠤ | ᠬᠡᠮᠵᠢᠶᠡᠨ ᠤ ᠨᠡᠮᠡᠭᠳᠡᠯ ᠢᠶᠠᠷ ᠨᠡᠮᠡᠭᠦᠷᠢ ᠥᠭᠬᠦ ᠠᠵᠢᠯ ᠢ 2022 ᠣᠨ ᠠᠴᠠ ᠡᠬᠢᠯᠡᠭᠦᠯᠵᠦ᠂ ᠳᠡᠭᠡᠷ᠎ᠡ ᠨᠢᠭᠡ ᠵᠢᠯ ᠤᠨ ᠲᠦᠭᠦᠬᠡᠶ ᠰᠦ ᠪᠣᠯᠪᠠᠰᠤᠷᠠᠭᠤᠯᠤᠭᠰᠠᠨ | ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ᠂ ᠠᠵᠤ ᠠᠬᠤᠶᠢᠯᠠᠯ ᠤᠨ ᠲᠦᠭᠦᠬᠡᠶ ᠰᠦ ᠪᠣᠯᠪᠠᠰᠤᠷᠠᠭᠤᠯᠬᠤ ᠬᠡᠮᠵᠢᠶ᠎ᠡ ᠨᠢ 1 ᠲᠣᠨ ᠨᠡᠮᠡᠭᠳᠡᠬᠦ ᠪᠦᠷᠢ 200 ᠲᠥᠭᠦᠷᠢᠭ ᠤᠨ | ᠨᠡᠮᠡᠭᠦᠷᠢ ᠥᠭᠴᠦ ᠰᠦ ᠶᠢᠨ ᠢᠷᠡᠯᠲᠡ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠩᠯᠡᠭᠦᠯᠣᠨ᠂ ᠨᠡᠮᠡᠭᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠠ | ᠠᠶᠢᠮᠠᠭ ᠬᠤᠲᠠ ᠲᠣᠰ ᠲᠣᠰ 50 % ᠪᠠᠷ ᠡᠭᠦᠷᠭᠡᠯᠡᠨ᠎ᠡ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠳᠥᠷᠪᠡ᠂ ᠬᠥᠲᠥᠴᠢ ᠠᠵᠤ ᠠᠬᠤᠶᠢᠯᠠᠯ ᠤᠨ ᠬᠢᠨ ᠤ ᠲᠦᠭᠦᠬᠡᠶ ᠰᠦ ᠶᠢ ᠠᠰᠢᠭᠯᠠᠵᠤ ᠰᠦᠨ ᠲᠠᠯᠬ᠎ᠠ ᠪᠣᠯᠭᠠᠬᠤ ᠳᠤ ᠨᠡᠮᠡᠭᠦᠷᠢ ᠥᠭᠬᠦ ᠬᠡᠷᠡᠭᠲᠡᠶ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠠᠰ ᠤᠨ ᠰᠦ ᠴᠠᠭᠠᠨ ᠢᠳᠡᠭᠡ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ 3 - 5 ᠳ᠋ᠤᠭᠠᠷ ᠰᠠᠷ᠎ᠠ ᠳᠠᠬᠢ ᠲᠦᠭᠦᠬᠡᠶ | ᠰᠦ ᠶᠢ ᠬᠡᠷᠡᠭᠯᠡᠵᠦ ᠰᠦᠨ ᠲᠠᠯᠬ᠎ᠠ ᠪᠣᠯᠭᠠᠭᠰᠠᠨ ᠳᠤ ᠨᠢ ᠨᠡᠮᠡᠭᠦᠷᠢ ᠥᠭᠴᠦ᠂ ᠲᠦᠭᠦᠬᠡᠶ ᠰᠦ ᠬᠤᠳᠠᠯᠳᠤᠨ ᠠᠪᠤᠭᠰᠠᠨ ᠬᠡᠮᠵᠢᠶᠡᠨ ᠤ 10 % ᠪᠠᠷ ᠲᠣᠨ | ᠪᠦᠷᠢ ᠳᠤ ᠨᠢ 800 ᠲᠥᠭᠦᠷᠢᠭ ᠤᠨ ᠨᠡᠮᠡᠭᠦᠷᠢ ᠦᠭᠴᠦ᠂ ᠨᠡᠮᠡᠭᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠲᠤᠰ ᠲᠤᠰ 50 % ᠪᠠᠷ | ᠡᠭᠦᠷᠭᠡᠯᠡᠨ᠎ᠡ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ︶ | ᠲᠠᠪᠤ᠂ ᠬᠦᠢᠰᠦ ᠶᠢᠨ ᠢᠯᠭᠠᠯ ᠪᠦᠬᠦᠢ ᠬᠦᠪᠦᠷᠡᠯ ᠢ ᠠᠰᠢᠭᠯᠠᠨ ᠴᠢᠨᠠᠷ ᠰᠠᠶᠢᠲᠠᠶ ᠰᠠᠭᠠᠯᠢ ᠶᠢᠨ ᠦᠨᠢᠶ᠎ᠡ ᠪᠤᠶᠢᠵᠢᠭᠤᠯᠤᠭᠰᠠᠨ ᠳᠤ ᠨᠡᠮᠡᠭᠦᠷᠢ ᠥᠭᠬᠦ ᠬᠡᠷᠡᠭᠲᠡᠢ᠃ | ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷᠡᠵᠢᠬᠦ ᠦᠨᠢᠶ᠎ᠡ ᠪᠠᠷ ᠬᠦᠢᠰᠦ ᠶᠢᠨ ᠢᠯᠭᠠᠯ ᠪᠦᠬᠦᠢ ᠬᠦᠪᠦᠷᠡᠯ ᠢ ᠠᠰᠢᠭᠯᠠᠵᠤ ᠰᠠᠭᠠᠯᠢ ᠰᠠᠶᠢᠲᠠᠢ ᠦᠨᠢᠶ᠎ᠡ ᠪᠤᠶᠢᠵᠢᠭᠤᠯᠬᠤ ᠳᠤ | ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠤᠯᠤᠰ ᠲᠤ ᠪᠠᠨ ᠪᠣᠶᠢᠵᠢᠭᠤᠯᠤᠭᠰᠠᠨ ᠪᠠ ᠭᠠᠳᠠᠭᠠᠳᠤ ᠠᠴᠠ ᠣᠷᠣᠭᠤᠯᠤᠭᠰᠠᠨ | ᠬᠦᠢᠰᠦ ᠶᠢᠨ ᠢᠯᠭᠠᠯ ᠪᠦᠬᠦᠢ ᠬᠦᠪᠦᠷᠡᠯ ᠢ ᠬᠡᠷᠡᠭᠯᠡᠭᠰᠡᠨ ᠤ ᠵᠠᠬ᠎ᠠ ᠳᠡᠯᠭᠡᠭᠦᠷ ᠲᠠᠬᠢ ᠨᠢᠭᠡ ᠬᠥᠪᠥᠷᠡᠯ ᠤᠨ ᠦᠨ᠎ᠡ ᠬᠠᠩᠰᠢ ᠶᠢᠨ 50 % ᠪᠠᠷ ᠨᠢ ᠨᠡᠮᠡᠭᠦᠷᠢ ᠥᠭᠬᠦ | ᠬᠡᠷᠡᠭᠲᠡᠢ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠡᠳ᠋ ᠤᠨ ᠵᠠᠰᠠᠭ ᠤᠨ ᠲᠢᠩᠬᠢᠮ︶ | ᠵᠢᠷᠭᠤᠭ᠎ᠠ᠂ ᠰᠢᠨ᠎ᠡ ᠪᠠᠷ ᠨᠡᠮᠡᠭᠳᠡᠭᠰᠡᠨ ᠴᠠᠷᠭᠠᠰᠤ ᠬᠡᠪᠴᠢᠶᠡᠵᠢᠭᠦᠯᠦᠨ ᠳᠠᠷᠢᠬᠤ ᠠᠵᠤ ᠠᠬᠤᠶᠢᠯᠠᠯ ᠳᠤ ᠨᠡᠮᠡᠭᠦᠷᠢ ᠥᠭᠬᠦ ᠬᠡᠷᠡᠭᠲᠡᠶ᠃ 2022 ᠣᠨ ᠠᠴᠠ | ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 500 ᠮᠥ ᠠᠴᠠ ᠳᠡᠭᠡᠭᠰᠢ ᠴᠠᠷᠭᠠᠰᠤ ᠶᠢ ᠲᠦᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ | ᠳᠠᠷᠢᠬᠤ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ︵ᠬᠤᠷᠰᠢᠶᠠᠯᠠᠯ᠂ ᠲᠠᠷᠢᠬᠤ ᠡᠷᠦᠬᠡ︶ ᠳᠤ ᠨᠡᠮᠡᠭᠦᠷᠢ ᠥᠭᠴᠦ᠂ 500 ᠮᠥ ᠪᠠᠷ ᠨᠢᠭᠡ ᠨᠢᠭᠡᠴᠢ ᠪᠣᠯᠭᠠᠨ᠂ ᠨᠢᠭᠡ | ᠨᠢᠭᠡᠴᠢ ᠪᠦᠷᠢ ᠳᠤ ᠨᠢ ᠨᠢᠭᠡ ᠯᠠ ᠤᠳᠠᠭ᠎ᠠ ᠶᠢᠨ ᠴᠢᠨᠠᠷᠲᠠᠶ ᠪᠠᠷ 5 ᠲᠦᠮᠡᠨ ᠲᠥᠭᠦᠷᠢᠭ ᠤᠨ ᠨᠡᠮᠡᠭᠦᠷᠢ ᠥᠭᠬᠦ ᠬᠡᠷᠡᠭᠲᠡᠢ᠃ ︵ᠲᠦᠷᠦᠭᠦᠯᠡᠬᠦ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠳᠣᠯᠤᠭ᠎ᠠ᠂ ᠰᠠᠭᠠᠯᠢ ᠶᠢᠨ ᠦᠨᠢᠶᠡᠨ ᠤ ᠭᠡᠮ ᠬᠢᠵᠢᠭ ᠢ ᠰᠡᠷᠭᠡᠶᠢᠯᠡᠨ ᠳᠠᠷᠤᠬᠤ ᠲᠤᠰᠬᠠᠶ ᠪᠡᠯᠡ ᠮᠥᠩᠭᠦ ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ | ᠰᠠᠭᠠᠯᠢ ᠶᠢᠨ ᠦᠨᠢᠶᠡᠨ ᠤ ᠭᠡᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 5000 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠭᠠᠷᠭᠠᠵᠤ᠂ ᠭᠤᠷᠪᠠᠳᠠᠬᠢ | ᠡᠲᠡᠭᠡᠳ ᠤᠨ ᠪᠠᠶᠢᠭᠤᠯᠤᠮᠵᠢ ᠶᠢᠨ ᠡᠬᠢ ᠪᠠᠶᠠᠯᠢᠭ ᠪᠠ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠭᠤᠤᠯᠳᠠᠭᠤ ᠰᠠᠭᠠᠯᠢ ᠶᠢᠨ ᠦᠨᠢᠶᠡᠨ ᠤ ᠪᠷᠦ᠋ᠼᠧᠯ ᠡᠪᠡᠳᠴᠢᠨ | ᠵᠡᠷᠭᠡ ᠭᠡᠮ ᠬᠢᠵᠢᠭ ᠤᠨ ᠸᠠᠺᠼᠢᠨ ᠤ ᠰᠢᠨ᠎ᠡ ᠶᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠥᠮᠦᠨ ᠪᠠ ᠮᠠᠯ ᠳᠤ ᠴᠥᠮ ᠲᠤᠰᠳᠠᠭ | ᠭᠡᠮ ᠬᠢᠵᠢᠭ ᠢ ᠲᠦᠷᠭᠡᠨ ᠠᠵᠢᠭᠯᠠᠵᠤ ᠰᠢᠨᠵᠢᠬᠦ᠂ ᠣᠨᠣᠰᠢᠯᠠᠬᠤ᠂ ᠠᠷᠢᠭᠤᠳᠬᠠᠵᠤ ᠴᠡᠪᠡᠷᠰᠢᠭᠦᠯᠬᠦ ᠮᠡᠷᠭᠡᠵᠢᠯ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ᠂ | ᠰᠠᠭᠠᠯᠢ ᠶᠢᠨ ᠦᠨᠢᠶᠡᠨ ᠤ ᠳᠡᠯᠡᠩ ᠤᠨ ᠦᠷᠪᠢᠰᠦᠯ ᠵᠡᠷᠭᠡ ᠦᠷᠡᠵᠢᠯ ᠤᠨ ᠰᠢᠰᠲ᠋ᠧᠮ ᠤᠨ ᠭᠡᠮ ᠬᠢᠵᠢᠭ ᠢ ᠰᠡᠷᠭᠡᠶᠢᠯᠡᠨ ᠵᠠᠰᠠᠬᠤ ᠵᠢᠴᠢ ᠰᠢᠩᠭᠡᠭᠡᠨ ᠢᠯᠭᠠᠷᠠᠭᠤᠯᠵᠤ | ᠰᠣᠯᠢᠯᠴᠠᠬᠤ ᠭᠡᠮ ᠬᠢᠵᠢᠭ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠶ ᠮᠡᠷᠭᠡᠵᠢᠯ ᠤᠨ ᠦᠢᠯᠡᠴᠢᠯᠡᠭᠡᠨ ᠳᠤ ᠬᠡᠷᠡᠭᠯᠡᠬᠦ ᠬᠡᠷᠡᠭᠲᠡᠢ᠃ ︵ᠲᠦᠷᠦᠭᠦᠯᠡᠬᠦ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠨᠠᠢᠮᠠ᠂ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ ᠵᠢᠯ ᠪᠦᠷᠢ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠭᠤᠣᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ | ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ᠂ ᠭᠤᠣᠯᠳᠠᠯᠭ᠎ᠠ ᠪᠣᠯᠬᠤ ᠰᠡᠳᠦᠪ ᠤᠨ ᠪᠣᠭᠤᠮᠲᠠ ᠰᠢᠪᠲᠤᠯᠬᠤ ᠳᠤ | ᠬᠡᠷᠡᠭᠯᠡᠬᠦ ᠬᠡᠷᠡᠭᠲᠡᠢ᠃ ᠴᠢᠬᠤᠯᠠ ᠶᠡᠭᠡ ᠰᠡᠳᠦᠪ ᠤᠨ ᠰᠤᠳᠤᠯᠤᠯ ᠳᠤ ︽ᠨᠢᠭᠡ ᠨᠢᠭᠡ ᠠᠵᠢᠯ ᠶᠠᠪᠤᠳᠠᠯ ᠢᠶᠠᠷ ᠵᠥᠪᠯᠡᠬᠦ︾ ᠶᠢ ᠬᠡᠷᠡᠭᠵᠢᠭᠦᠯᠬᠦ ᠬᠡᠷᠡᠭᠲᠡᠢ᠃ ︵ᠲᠦᠷᠦᠭᠦᠯᠡᠬᠦ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠶᠢᠰᠦ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠲᠣᠬᠢᠷᠠᠭᠤᠯᠬᠤ ᠬᠡᠷᠡᠭᠲᠡᠢ᠃ ᠰᠠᠭᠤᠷᠢ | ᠮᠥᠩᠭᠦᠨ ᠤ ᠪᠠᠯᠠ ᠣᠷᠤᠭᠤᠯᠤᠯᠲᠠ ᠶᠢᠨ ᠠᠷᠭ᠎ᠠ ᠬᠡᠯᠪᠡᠷᠢ ᠪᠠᠷ ᠳᠠᠮᠵᠢᠭᠤᠯᠵᠤ᠂ ᠨᠡᠶᠢᠭᠡᠮ ᠤᠨ ᠬᠥᠷᠥᠩᠭᠡ ᠶᠢ ᠰᠢᠩᠭᠡᠭᠡᠨ ᠠᠪᠴᠤ ᠪᠠᠶᠢᠭᠠᠳ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠤᠨ᠂ ᠠᠵᠤ ᠦᠢᠯᠡᠰ ᠤᠨ ᠬᠡᠯᠬᠢᠶᠠᠨ ᠳᠤ ᠪᠠᠶᠢᠭ᠎ᠠ ᠰᠦ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠢ | ᠭᠤᠤᠯᠳᠠᠯᠭ᠎ᠠ ᠲᠠᠢ ᠳᠡᠮᠵᠢᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠠᠯᠠ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠴᠠᠭ ᠬᠤᠭᠤᠴᠠᠭ᠎ᠠ ᠪᠣᠯ 2022 - 2025 ᠣᠨ ᠪᠣᠯᠣᠨ᠎ᠠ᠂ ︽ᠤᠷᠢᠳ ᠢᠶᠠᠷ | ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠬᠡᠯᠪᠡᠷᠢ ᠪᠠᠷ ᠬᠡᠷᠡᠭᠵᠢᠭᠦᠯᠵᠦ᠂ ᠡᠯ᠎ᠡ ᠲᠦᠷᠦᠭᠦᠯᠡᠬᠦ ᠰᠠᠯᠠᠭ᠎ᠠ | ᠮᠥᠴᠢᠷ ᠨᠢ ᠪᠠᠯᠠ ᠮᠥᠩᠭᠦᠨ ᠤ ᠬᠠᠮᠢᠶᠠᠷᠤᠯᠲᠠ ᠪᠠ ᠰᠢᠯᠭᠠᠨ ᠬᠤᠷᠢᠶᠠᠬᠤ ᠰᠢᠯᠭᠠᠨ ᠬᠢᠨᠠᠬᠤ ᠠᠷᠭ᠎ᠠ ᠪᠠᠨ ᠲᠣᠭᠲᠠᠭᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠣᠨᠣᠴᠠᠲᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ 2019 ᠣᠨ ᠳᠤ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ | ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠦᠷᠭᠦᠯᠵᠢᠯᠡᠨ ᠬᠡᠷᠡᠭᠵᠢᠭᠦᠯᠦᠨ᠎ᠡ᠃ | 2022 ᠣᠨ ᠤ 3 ᠳ᠋ᠤᠭᠠᠷ ᠰᠠᠷ᠎ᠠ ᠶᠢᠨ 2 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | — — — — — — — — — — — — — — — — — — — — — — — | — — — | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | — — — — — — — — — — — — — — — — — — — — — — — | — — — | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 3 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ | |