ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ᠶᠢ ᠵᠢᠷᠤᠮᠵᠢᠭᠤᠨ | ᠪᠥᠭᠡᠳ ᠥᠨᠳᠥᠷ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 | ᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ | ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠵᠡᠭᠦᠨ ᠬᠡᠰᠡᠭ ᠤᠨ ᠳᠥᠷᠪᠡᠨ ᠠᠶᠢᠮᠠᠭ ᠬᠤᠲᠠ᠂ ᠬᠡᠷᠡᠭᠵᠢᠭᠦᠯᠬᠦ ᠬᠤᠰᠢᠭᠤ | ᠰᠢᠶᠠᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠬᠤ ᠳᠤ ᠳᠥᠭᠦᠮ ᠦᠵᠡᠭᠦᠯᠵᠦ᠂ ᠬᠠᠷ᠎ᠠ ᠬᠥᠷᠥᠰᠥᠲᠦ ᠭᠠᠵᠠᠷ ᠤᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠤᠭᠤᠳᠬᠤ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ | ᠮᠡᠲᠦ ᠲᠠᠶᠢᠯᠪᠤᠷᠢᠯᠠᠪᠠ᠄ | ᠨᠢᠭᠡ᠂ ᠨᠣᠣᠷᠠᠭᠯᠠᠭᠰᠠᠨ ᠠᠬᠤᠢ ᠪᠠᠶᠢᠳᠠᠯ | ︽ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ︵2020 ︱ | 2025 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ | ᠠᠬᠢᠭᠤᠯᠬᠤ ᠠᠵᠢᠯᠯᠠᠭ᠎ᠠ ᠶᠢᠨ ᠲᠥᠰᠥᠯ ︵2020 ︱ 2025 ᠣᠨ︶︾ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ | ᠬᠠᠮᠢᠶᠠᠷᠤᠯᠲᠠ ᠶᠢᠨ ᠵᠤᠷᠭᠠᠨ ᠲᠥᠯᠥᠪᠯᠡᠭᠡ ᠡᠳ᠋ ᠤᠨ ᠶᠠᠪᠤᠳᠠᠯ ᠤᠨ ᠵᠤᠷᠭᠠᠨ ᠡᠳ᠋ ᠤᠨ ᠵᠠᠰᠠᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠵᠤᠷᠭᠠᠨ ᠤ 2022 | ᠣᠨ ᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ | ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠬᠠᠮᠢᠶ᠎ᠠ ᠪᠦᠬᠦᠢ ᠨᠢᠭᠡᠴᠢ ᠪᠠ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ | ᠳᠤᠭᠤᠶᠢᠯᠠᠩ ᠢ ᠵᠣᠬᠢᠶᠠᠨ ᠪᠠᠶᠢᠭᠤᠯᠤᠨ ︽ᠬᠡᠷᠡᠭᠵᠢᠭᠦᠯᠬᠦ ᠲᠥᠰᠥᠯ︾ ᠢ ᠲᠤᠭᠤᠷᠪᠢᠬᠤ ᠠᠵᠢᠯ ᠢ ᠥᠷᠨᠢᠭᠦᠯᠪᠡ᠃ ︽ᠬᠡᠷᠡᠭᠵᠢᠭᠦᠯᠬᠦ ᠲᠥᠰᠥᠯ︾ ᠢ ᠣᠶᠢᠷ᠎ᠠ ᠶᠢᠨ | ᠵᠢᠯ ᠤᠨ ᠲᠤᠷᠰᠢᠬᠢ ᠠᠵᠢᠯ ᠢᠶᠠᠨ ᠥᠷᠨᠢᠭᠦᠯᠦᠭᠰᠡᠨ ᠪᠣᠳᠠᠲᠠᠢ ᠲᠠᠢ ᠤᠶᠠᠯᠳᠤᠭᠤᠯᠤᠨ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠠᠷ ᠳᠡᠮᠵᠢᠨ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠤᠯᠪᠣᠭᠠᠯᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃ | ᠬᠤᠶᠠᠷ᠂ ᠭᠤᠣᠯ ᠪᠣᠯᠬᠤ ᠪᠣᠷᠣ ᠲᠥᠰᠥᠪ | ︽ᠬᠡᠷᠡᠭᠵᠢᠭᠦᠯᠬᠦ ᠲᠥᠰᠥᠯ︾ ᠳᠤ ︽ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠨ᠂ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ︽ᠢᠯᠡᠭᠦᠦ ᠪᠦᠷᠬᠦᠭᠦᠯᠵᠦ᠂ ᠳᠤᠲᠠᠭᠤ ᠰᠢᠷᠣᠢ ᠬᠥᠳᠡᠯᠭᠡᠬᠦ︾ ᠭᠤᠣᠯᠯᠠᠬᠤ ᠮᠡᠷᠭᠡᠵᠢᠯ ᠤᠨ ᠱᠠᠭᠠᠷᠳᠠᠯᠭ᠎ᠠ ᠶᠢ ᠪᠠᠲᠤ | ᠡᠵᠡᠮᠳᠡᠵᠦ᠂ ︽ᠨᠢᠭᠡ ᠡᠭᠦᠷᠭᠡ ᠬᠠᠷᠠᠯᠲᠠ︾ ︽ᠭᠤᠷᠪᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ︾ ᠶᠢ ᠴᠢᠬᠤᠯᠠᠴᠢᠯᠠᠪᠠ᠃ ᠪᠣᠳᠠᠲᠠᠢ ᠪᠠᠷ | ᠬᠡᠯᠡᠪᠡᠯ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠮᠡᠷᠭᠡᠵᠢᠯ ᠤᠨ ᠵᠠᠭᠪᠤᠷ ᠵᠢᠴᠢ ᠤᠷ᠎ᠠ ᠮᠡᠷᠭᠡᠰᠢᠯ ᠢ ᠰᠢᠢᠳᠪᠦᠷᠢᠯᠡᠬᠦ ᠱᠠᠭᠠᠷᠳᠠᠯᠭ᠎ᠠ᠂ ᠨᠥᠬᠦᠪᠦᠷᠢ ᠪᠡᠯᠡ | ᠮᠥᠩᠭᠦ ᠶᠢᠨ ᠬᠡᠷᠡᠭᠴᠡᠭᠡ᠂ ᠨᠥᠬᠦᠪᠦᠷᠢ ᠣᠯᠭᠤᠬᠤ ᠪᠠᠷᠢᠮᠵᠢᠶ᠎ᠠ ᠵᠢᠴᠢ ᠨᠥᠬᠦᠪᠦᠷᠢ ᠣᠯᠭᠤᠬᠤ ᠡᠲᠡᠭᠡᠳ᠂ ᠠᠵᠢᠯ ᠤᠨ ᠲᠠᠰ ᠳᠠᠷᠠᠭᠠᠯᠠᠯ᠂ ᠠᠬᠢᠴᠠ ᠶᠢᠨ ᠱᠠᠭᠠᠷᠳᠠᠯᠭ᠎ᠠ᠂ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ 8 ᠠᠭᠤᠯᠭ᠎ᠠ ᠶᠢ ᠨᠠᠷᠢᠯᠢᠭᠵᠢᠭᠤᠯᠤᠨ ᠲᠣᠬᠢᠷᠠᠭᠤᠯᠪᠠ᠃ | ᠭᠤᠷᠪᠠ᠂ ᠭᠤᠣᠯᠳᠠᠯᠭ᠎ᠠ ᠲᠠᠢ ᠠᠭᠤᠯᠭ᠎ᠠ ᠶᠢᠨ ᠲᠠᠶᠢᠯᠤᠮᠵᠢ | ︵ᠨᠢᠭᠡ︶ ᠡᠭᠦᠷᠭᠡ ᠬᠠᠷᠠᠯᠲᠠ᠃ 2022 ᠣᠨ ᠳᠤ ᠮᠠᠨ ᠤ ᠣᠷᠣᠨ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ | ᠬᠤᠲᠠ ᠳᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 1350 ᠲᠦᠮᠡᠨ ᠮᠦ ᠬᠡᠷᠡᠭᠵᠢᠭᠦᠯᠵᠦ᠂ 9 ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ | ᠴᠣᠭᠴᠠ ᠪᠠᠷ ᠠᠬᠢᠭᠤᠯᠵᠤ᠂ 31 ᠰᠢᠶᠠᠨ ᠤ ᠱᠠᠲᠤ᠂ 87 ᠰᠢᠶᠠᠩ ᠤᠨ ᠱᠠᠲᠤ ᠪᠠ 18 ᠲᠣᠰᠬᠤᠨ ᠤ ᠱᠠᠲᠤ ᠶᠢᠨ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢᠨ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠰᠢᠨᠵᠢᠯᠡᠬᠦ 20 ᠴᠡᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ︵ᠬᠤᠶᠠᠷ︶ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠃ ᠨᠢᠭᠡ ᠳᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠵᠤ | ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠵᠤ᠂ ᠭᠤᠷᠪᠠᠨ ᠵᠢᠯ ᠳᠠᠷᠠᠭᠠᠯᠠᠨ ᠬᠡᠷᠡᠭᠵᠢᠭᠦᠯᠬᠦ ᠪᠠᠷ ᠳᠠᠮᠵᠢᠨ᠂ ᠰᠢᠶᠠᠨ ᠤ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠲᠠᠯᠠᠪᠠᠢ ᠶᠢ ᠪᠦᠬᠦᠯᠢ ᠴᠣᠭᠴᠠ ᠪᠠᠷ ᠠᠬᠢᠭᠤᠯᠬᠤ ᠳᠤ ᠵᠠᠷᠴᠢᠮ ᠳᠡᠭᠡᠷ᠎ᠡ ᠪᠠᠨ ᠲᠤᠰ ᠰᠢᠶᠠᠨ ᠤ ᠲᠠᠷᠢᠶᠠᠯᠠᠬᠤ ᠳᠤ | ᠲᠣᠬᠢᠷᠠᠮᠵᠢᠲᠠᠢ ᠲᠠᠯᠠᠪᠠᠢ ᠶᠢᠨ 50% ᠠᠴᠠ ᠳᠠᠪᠠᠭᠤᠯᠵᠤ᠂ ᠮᠡᠷᠭᠡᠵᠢᠯ ᠢ ᠪᠣᠳᠠᠲᠠᠶᠢᠵᠢᠭᠤᠯᠬᠤ᠂ ᠠᠵᠢᠯᠯᠠᠭᠠᠨ ᠢ ᠦᠷᠭᠦᠯᠵᠢᠯᠡᠭᠦᠯᠬᠦ ᠤᠷᠳᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠴᠢᠷᠮᠠᠶᠢᠨ ᠪᠤᠢ ᠪᠣᠯᠭᠠᠨ᠎ᠠ᠃ ᠬᠤᠶᠠᠷ ᠲᠤ᠂ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠡᠷᠡᠭᠯᠡᠭᠡᠨ ᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ᠂ ᠮᠡᠷᠭᠡᠵᠢᠯ ᠤᠨ ᠬᠦᠴᠦᠨ ᠢ ᠬᠥᠲᠥᠯᠥᠨ | ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠬᠡᠷᠡᠭᠯᠡᠭᠡᠨ ᠤ ᠰᠠᠭᠤᠷᠢᠨ ᠭᠠᠵᠠᠷ ᠲᠡᠶᠢᠰᠢ ᠬᠡᠯᠪᠡᠶᠢᠯᠭᠡᠵᠦ᠂ ᠮᠡᠷᠭᠡᠵᠢᠯ ᠤᠨ ᠬᠡᠷᠡᠭᠯᠡᠭᠡᠨ ᠤ ᠪᠠᠷᠢᠮᠵᠢᠶ᠎ᠠ ᠶᠢ ᠴᠢᠩᠳᠠᠯᠠᠵᠤ᠂ | ᠭᠤᠣᠯᠳᠠᠯᠭ᠎ᠠ ᠲᠠᠢ ᠥᠨᠳᠥᠷ ᠪᠠᠷᠢᠮᠵᠢᠶᠠᠲᠤ ᠰᠠᠭᠤᠷᠢᠨ ᠭᠠᠵᠠᠷ ᠢ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ ᠤᠷ᠎ᠠ ᠮᠡᠷᠭᠡᠰᠢᠯ ᠢ ᠭᠦᠨᠵᠡᠭᠡᠢ ᠠᠭᠤᠰᠤᠯᠴᠠᠭᠤᠯᠤᠭᠰᠠᠨ᠂ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠢᠵᠢ ᠪᠦᠷᠢᠳᠦᠭᠦᠯᠬᠦ ᠮᠡᠷᠭᠡᠵᠢᠯ ᠢ ᠪᠠᠷᠢᠮᠵᠢᠶᠠᠵᠢᠭᠤᠯᠤᠨ ᠂ ᠵᠢᠷᠤᠮᠵᠢᠭᠤᠯᠤᠭᠰᠠᠨ᠂ ᠣᠷᠣᠨ ᠪᠦᠰᠡ ᠶᠢᠨ | ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠬᠦᠴᠦᠨ ᠢᠶᠠᠷ ᠴᠢᠩᠭ᠎ᠠ ᠳᠠᠭᠤᠷᠢᠶᠠᠯ ᠪᠣᠯᠭᠠᠨ᠎ᠠ᠃ ᠭᠤᠷᠪᠠ ᠳᠤ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢᠨ ᠬᠢᠨᠠᠨ | ᠰᠢᠨᠵᠢᠯᠡᠯᠲᠡ ᠶᠢ ᠥᠷᠨᠢᠭᠦᠯᠦᠨ᠎ᠡ᠃ ᠠᠳᠠᠯᠢ ᠪᠤᠰᠤ ᠲᠠᠷᠢᠮᠠᠯ᠂ ᠠᠳᠠᠯᠢ ᠪᠤᠰᠤ ᠮᠡᠷᠭᠡᠵᠢᠯ ᠤᠨ ᠵᠠᠭᠪᠤᠷ ᠵᠢᠴᠢ ᠣᠷᠣᠨ ᠪᠦᠰᠡ ᠶᠢᠨ ᠣᠨᠴᠠᠯᠢᠭ ᠢ ᠦᠨᠳᠦᠰᠦᠯᠡᠨ᠂ 20 | ᠣᠷᠳᠣ ᠬᠤᠭᠤᠴᠠᠭᠠᠨ ᠤ ᠬᠢᠨᠠᠨ ᠰᠢᠨᠵᠢᠯᠡᠬᠦ ᠴᠡᠭ ᠲᠤ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠹᠢᠽᠢᠺ ᠬᠢᠮᠢ ᠶᠢᠨ ᠣᠨᠴᠠᠯᠢᠭ᠂ ᠠᠮᠢᠳᠤ ᠪᠣᠳᠠᠰ ᠤᠨ | ᠰᠤᠳᠤᠯᠤᠯ ᠤᠨ ᠰᠢᠨᠵᠢ ᠪᠠᠶᠢᠳᠠᠯ᠂ ᠦᠢᠯᠡᠳᠪᠦᠷᠢᠯᠡᠯ ᠤᠨ ᠥᠪᠡᠷ ᠤᠨ ᠥᠷᠲᠡᠭ᠂ ᠲᠠᠷᠢᠮᠠᠯ ᠤᠨ ᠤᠨᠠᠯᠲᠠ ᠶᠢᠨ ᠬᠤᠪᠢᠷᠠᠯᠲᠠ᠂ ᠡᠪᠡᠰᠦ ᠬᠤᠷᠣᠬᠠᠢ ᠶᠢᠨ ᠬᠥᠨᠥᠭᠡᠯ ᠤᠨ | ᠬᠤᠪᠢᠷᠠᠯᠲᠠ ᠪᠠ ᠮᠠᠰᠢᠨ ᠪᠠᠭᠠᠵᠢ ᠲᠣᠨᠣᠭᠯᠠᠯ ᠤᠨ ᠬᠡᠷᠡᠭᠯᠡᠭᠡᠨ ᠤ ᠴᠢᠨᠠᠷ ᠵᠡᠷᠭᠡ ᠪᠠᠶᠢᠳᠠᠯ ᠢ ᠬᠢᠨᠠᠨ ᠰᠢᠨᠵᠢᠯᠡᠬᠦ ᠶᠢ ᠭᠤᠣᠯᠳᠠᠯᠭ᠎ᠠ ᠲᠠᠢ ᠥᠷᠨᠢᠭᠦᠯᠦᠨ᠎ᠡ᠃ | ︵ᠭᠤᠷᠪᠠ︶ ᠭᠤᠣᠯᠴᠢᠯᠠᠨ ᠠᠬᠢᠭᠤᠯᠬᠤ ᠮᠡᠷᠭᠡᠵᠢᠯ ᠤᠨ ᠵᠠᠭᠪᠤᠷ᠃ 2022 ᠣᠨ ᠳᠤ᠂ ᠡᠰᠢ ᠰᠦᠷᠡᠯ ᠤᠨ ᠭᠠᠵᠠᠷ ᠤᠨ ᠭᠠᠳᠠᠷᠭᠤ ᠶᠢ ᠪᠦᠷᠬᠦᠭᠰᠡᠨ 365赢多少钱会被限额_国内有真正的365平台吗_365bet博彩官网 | ᠬᠡᠮᠵᠢᠶ᠎ᠡ ᠪᠠᠷ 3 ᠵᠦᠢᠯ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ ᠵᠠᠭᠪᠤᠷ ᠢ ᠬᠡᠷᠡᠭᠵᠢᠭᠦᠯᠦᠨ᠎ᠡ᠃ ᠨᠢᠭᠡ ᠳᠤ᠂ ᠲᠠᠷᠢᠮᠠᠯ ᠢ ᠬᠤᠷᠢᠶᠠᠭᠰᠠᠨ ᠤ | ᠳᠠᠷᠠᠭ᠎ᠠ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ | ᠬᠤᠶᠠᠷ ᠲᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠤᠨ ᠨᠢᠭᠡ ᠬᠡᠰᠡᠭ ᠢᠶᠠᠷ ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ | ᠪᠠᠭ᠎ᠠ ᠬᠠᠭᠠᠯᠪᠤᠷᠢᠯᠠᠵᠤ ᠲᠠᠷᠢᠨ᠎ᠠ᠃ ᠭᠤᠷᠪᠠ ᠳᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ ᠡᠪᠦᠯᠵᠢᠭᠦᠯᠬᠦ + | ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ | ︵ᠳᠥᠷᠪᠡ︶ ᠤᠷ᠎ᠠ ᠮᠡᠷᠭᠡᠰᠢᠯ ᠢ ᠰᠢᠢᠳᠪᠦᠷᠢᠯᠡᠬᠦ ᠱᠠᠭᠠᠷᠳᠠᠯᠭ᠎ᠠ᠃ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ | ᠬᠠᠭᠠᠯᠪᠤᠷᠢᠯᠠᠬᠤ ᠵᠠᠭᠪᠤᠷ ᠲᠤ ᠡᠷᠳᠡᠨᠢ ᠰᠢᠰᠢ ᠶᠢ ᠨᠠᠮᠤᠷ ᠬᠤᠷᠢᠶᠠᠬᠤ ᠦᠶᠡᠰ ᠡᠰᠢ ᠰᠦᠷᠡᠯ ᠢ ᠪᠦᠬᠦᠯᠢ ᠪᠠᠷ ᠨᠢ ᠭᠠᠵᠠᠷ ᠤᠨ ᠭᠠᠳᠠᠷᠭᠤ ᠳᠤ ᠦᠯᠡᠳᠡᠭᠡᠵᠦ ᠡᠪᠦᠯᠵᠢᠭᠦᠯᠬᠦ | ᠪᠤᠶᠤ ᠬᠤᠷᠢᠶᠠᠬᠤ ᠳᠤ ᠪᠠᠨ ᠥᠨᠳᠥᠷ ᠭᠤᠤᠷᠰᠤ ᠦᠯᠡᠳᠡᠭᠡᠵᠦ᠂ ᠳᠡᠭᠡᠳᠦ ᠬᠡᠰᠡᠭ ᠤᠨ ᠡᠰᠢ ᠰᠦᠷᠡᠯ ᠢ ᠬᠡᠷᠴᠢᠵᠦ ᠭᠠᠵᠠᠷ ᠤᠨ ᠭᠠᠳᠠᠷᠭᠤ ᠳᠤ ᠡᠪᠦᠯᠵᠢᠭᠦᠯᠵᠦ᠂ | ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 60% ᠠᠴᠠ ᠳᠡᠭᠡᠭᠰᠢ ᠪᠠᠶᠢᠯᠭᠠᠬᠤ ᠪᠠᠷ ᠱᠠᠭᠠᠷᠳᠠᠨ᠎ᠠ︔ ᠡᠰᠢ ᠰᠦᠷᠡᠯ ᠤᠨ ᠨᠢᠭᠡ | ᠬᠡᠰᠡᠭ ᠢᠶᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠵᠠᠷᠴᠢᠮ ᠳᠡᠭᠡᠷ᠎ᠡ ᠪᠠᠨ ᠨᠠᠮᠤᠷ ᠡᠷᠳᠡᠨᠢ ᠰᠢᠰᠢ ᠬᠤᠷᠢᠶᠠᠬᠤ | ᠦᠶ᠎ᠡ ᠳᠤ ᠪᠠᠨ 25cm ᠣᠷᠴᠢᠮ ᠥᠨᠳᠥᠷ ᠭᠤᠤᠷᠰᠤ ᠦᠯᠡᠳᠡᠭᠡᠬᠦ ᠶᠢᠨ ᠬᠠᠮᠲᠤ ᠬᠡᠰᠡᠭ ᠡᠰᠢ ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ | ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 30% — 60% ᠳᠤ ᠬᠦᠷᠦᠭᠦᠯᠬᠦ ᠶᠢ ᠱᠠᠭᠠᠷᠳᠠᠨ᠎ᠠ︔ ᠡᠰᠢ ᠰᠦᠷᠡᠯ ᠢ ᠪᠠᠭ᠎ᠠ | ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠵᠠᠷᠴᠢᠮ ᠳᠡᠭᠡᠷ᠎ᠡ ᠪᠠᠨ ᠨᠠᠮᠤᠷ ᠡᠷᠳᠡᠨᠢ ᠰᠢᠰᠢ ᠬᠤᠷᠢᠶᠠᠬᠤ | ᠦᠶ᠎ᠡ ᠳᠤ ᠪᠠᠨ 10cm ᠠᠴᠠ ᠳᠡᠭᠡᠭᠰᠢ ᠭᠤᠤᠷᠰᠤ ᠦᠯᠡᠳᠡᠭᠡᠬᠦ ᠶᠢᠨ ᠬᠠᠮᠲᠤ ᠬᠡᠰᠡᠭ ᠡᠰᠢ ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ | ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 15% — 30% ᠳᠤ ᠬᠦᠷᠦᠭᠦᠯᠬᠦ ᠶᠢ ᠱᠠᠭᠠᠷᠳᠠᠨ᠎ᠠ᠃ ᠪᠤᠰᠤᠳ ᠲᠠᠷᠢᠮᠠᠯ ᠤᠨ ᠡᠰᠢ | ᠰᠦᠷᠡᠯ ᠢ ᠵᠠᠷᠴᠢᠮ ᠳᠡᠭᠡᠷ᠎ᠡ ᠪᠠᠨ ᠴᠥᠮ ᠭᠠᠵᠠᠷ ᠤᠨ ᠭᠠᠳᠠᠷᠭᠤ ᠳᠤ ᠦᠯᠡᠳᠡᠭᠡᠨ᠎ᠡ᠃ | ︵ᠲᠠᠪᠤ︶ ᠨᠥᠬᠦᠪᠦᠷᠢ ᠣᠯᠭᠤᠬᠤ ᠡᠲᠡᠭᠡᠳ᠃ ︽ᠬᠡᠨ ᠭᠠᠵᠠᠷ ᠰᠢᠷᠣᠢ ᠶᠢ ᠡᠵᠡᠩᠨᠡᠪᠡᠯ᠂ ᠲᠡᠷᠡ ᠨᠢ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ | ᠪᠣᠳᠠᠲᠠᠢ ᠪᠠᠷ ᠬᠡᠷᠡᠭᠵᠢᠭᠦᠯᠵᠦ᠂ ᠲᠡᠷᠡ ᠨᠢ ᠨᠥᠬᠦᠪᠦᠷᠢ ᠬᠦᠷᠳᠡᠬᠦ︾ ᠵᠠᠷᠴᠢᠮ ᠢ ᠪᠠᠷᠢᠮᠲᠠᠯᠠᠵᠤ᠂ ᠬᠡᠷᠡᠭᠵᠢᠭᠦᠯᠬᠦ ᠣᠷᠣᠨ ᠪᠦᠰᠡ ᠶᠢᠨ ᠳᠣᠲᠣᠷ᠎ᠠ ᠭᠠᠵᠠᠷ ᠰᠢᠷᠣᠢ ᠶᠢ | ᠪᠣᠳᠠᠲᠠᠢ ᠪᠠᠷ ᠡᠵᠡᠩᠨᠡᠬᠦ ᠶᠢᠨ ᠬᠠᠮᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠰᠠᠶᠢᠨ ᠳᠤᠷ᠎ᠠ ᠠᠴᠠ ᠪᠠᠨ ᠬᠡᠷᠡᠭᠵᠢᠭᠦᠯᠦᠭᠰᠡᠨ ᠬᠤᠪᠢ ᠬᠥᠮᠥᠨ ᠪᠠ | ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠᠷ ᠨᠥᠬᠦᠪᠦᠷᠢ ᠣᠯᠭᠤᠬᠤ ᠡᠲᠡᠭᠡᠳ ᠪᠣᠯᠭᠠᠨ᠎ᠠ᠃ ᠤᠯᠤᠰ ᠪᠠ ᠣᠷᠣᠨ ᠨᠤᠲᠤᠭ ᠤᠨ | ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠠᠵᠢᠯᠲᠠᠨ᠂ ᠲᠤᠬᠠᠶᠢᠯᠠᠪᠠᠯ ᠤᠯᠤᠰ ᠤᠨ ᠠᠯᠪᠠᠲᠠᠨ᠂ ᠠᠯᠪᠠᠲᠠᠨ ᠤ | ᠬᠠᠤᠯᠢ ᠪᠠᠷ ᠯᠠᠪᠯᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ | ︵ᠤᠷᠢᠵᠤ ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ ᠪᠠᠭᠲᠠᠨ᠎ᠠ︶ ᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶᠡᠨ ᠳᠤ ᠣᠷᠣᠭᠤᠯᠬᠤ ᠦᠭᠡᠢ᠃365赢多少钱会被限额_国内有真正的365平台吗_365bet博彩官网 | ︵ᠵᠢᠷᠭᠤᠭ᠎ᠠ︶ ᠨᠥᠬᠦᠪᠦᠷᠢ ᠣᠯᠭᠤᠬᠤ ᠪᠠᠷᠢᠮᠵᠢᠶ᠎ᠠ᠃ ᠡᠷᠳᠡᠨᠢ ᠰᠢᠰᠢ ᠶᠢᠨ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ | ᠪᠠᠭ᠎ᠠ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 65 ᠲᠥᠭᠦᠷᠢᠭ ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠶᠢᠨ ᠡᠰᠢ | ᠰᠦᠷᠡᠯ ᠤᠨ ᠨᠢᠭᠡ ᠬᠡᠰᠡᠭ ᠢᠶᠠᠷ ᠪᠦᠷᠬᠦᠭᠦᠯᠬᠦ ᠵᠢᠴᠢ ᠪᠤᠰᠤᠳ ᠲᠠᠷᠢᠮᠠᠯ ᠤᠨ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠳᠤᠲᠠᠭᠤ | ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 34 ᠲᠥᠭᠦᠷᠢᠭ ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠶᠢᠨ ᠡᠰᠢ ᠰᠦᠷᠡᠯ ᠢ | ᠪᠠᠭ᠎ᠠ ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠳᠤᠲᠠᠭᠤ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 19 | ᠲᠥᠭᠦᠷᠢᠭ ᠠᠴᠠ ᠬᠡᠲᠦᠷᠡᠭᠦᠯᠬᠦ ᠦᠭᠡᠢ᠃ |