| ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ ᠪᠠᠲᠤᠯᠠᠬᠤ ᠬᠢᠷᠢ | ᠲᠦᠪᠰᠢᠨ ᠢ ᠦᠨᠡᠨ ᠬᠦ ᠳᠡᠭᠡᠭᠰᠢᠯᠡᠭᠦᠯᠬᠦ ᠱᠠᠭᠠᠷᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠶᠢᠷ᠎ᠠ ᠳᠤ ︽2022 ᠣᠨ ᠤ ᠪᠥᠬᠦ | ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ᠥᠪᠥᠷ ᠵᠠᠰᠠᠭ ᠥᠰᠥᠭ ︹2022︺ | 40 ᠳ᠋ᠦ᠋ᠭᠡᠷ ᠲᠣᠭᠠᠲᠤ︶ ︵ᠳᠣᠷᠣᠭᠰᠢ ︽ᠠᠪᠤᠷᠠᠨ ᠲᠤᠰᠠᠯᠠᠬᠤ ᠪᠠᠷᠢᠮᠵᠢᠶ᠎ᠠ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠳ᠂ ᠪᠥᠬᠦ ᠣᠷᠣᠨ ᠤ ᠨᠡᠶᠢᠭᠡᠮ ᠤᠨ | ᠠᠪᠤᠷᠠᠨ ᠲᠤᠰᠠᠯᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠣᠷᠣᠨ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠰᠢᠨ᠎ᠡ ᠪᠠᠷᠢᠮᠵᠢᠶ᠎ᠠ | ᠶᠣᠰᠣᠭᠠᠷ ᠳᠡᠭᠡᠷ᠎ᠡ ᠬᠠᠭᠠᠰ ᠵᠢᠯ ᠤᠨ ᠪᠠᠯᠠ ᠮᠥᠩᠭᠦ ᠶᠢ ᠨᠥᠬᠦᠪᠥᠷᠢᠯᠡᠵᠦ ᠳᠠᠭᠤᠰᠬᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠲᠠ ᠬᠥᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠰᠠᠷ᠎ᠠ ᠰᠠᠷ᠎ᠠ ᠪᠠᠷ ᠲᠠᠷᠬᠠᠭᠠᠬᠤ | ᠬᠡᠷᠡᠭᠲᠡᠶ ᠭᠡᠵᠦ ᠱᠠᠭᠠᠷᠳᠠᠪᠠ᠃ ︽ᠠᠪᠤᠷᠠᠨ ᠲᠤᠰᠠᠯᠠᠬᠤ ᠪᠠᠷᠢᠮᠵᠢᠶ᠎ᠠ︾ ᠶᠢᠨ ᠬᠠᠮᠢᠶ᠎ᠠ ᠪᠥᠬᠦᠶ ᠠᠭᠤᠯᠭ᠎ᠠ ᠶᠢ ᠨᠡᠶᠢᠭᠡᠮ ᠨᠡᠶᠢᠲᠡ ᠳᠤ ᠥᠷᠭᠡᠨ ᠢᠶᠠᠷ ᠵᠥᠪ | ᠣᠶᠢᠯᠠᠭᠠᠭᠤᠯᠬᠤ ᠶᠢᠨ ᠲᠤᠯᠠᠳᠠ ᠡᠳᠦᠭᠡ ᠳᠠᠷᠠᠭᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠬᠦᠴᠢᠷᠳᠡᠯ ᠲᠠᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ | ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠠᠷᠪᠠᠳᠤᠭᠠᠷ ᠵᠦᠢᠯ ᠢ | ᠦᠨᠳᠦᠰᠦᠯᠡᠪᠡᠯ᠄ ︽ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠥᠬᠦᠶ ᠬᠤᠲᠠ ᠶᠢᠨ ᠱᠠᠲᠤᠨ ᠤ ᠠᠷᠠᠳ ᠤᠨ | ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠪᠥᠬᠦᠶ ᠵᠠᠷᠤᠳᠠᠯ ᠤᠳ ᠢ ᠦᠨᠳᠦᠰᠦᠯᠡᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠬᠦ︾ ᠪᠠ ᠠᠷᠪᠠᠨ ᠲᠠᠪᠤᠳᠤᠭᠠᠷ ᠵᠦᠢᠯ ᠳᠤ᠄ ︽ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠥᠬᠦᠶ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ | ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠨ᠎ᠡ︾ ᠭᠡᠵᠦ ᠲᠣᠭᠲᠠᠭᠠᠵᠠᠶ᠃ ᠡᠭᠦᠨ ᠤ ᠬᠠᠮᠲᠤ᠂ ︽ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ | ᠲᠤᠰᠠᠯᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2015 ︺ 94 ᠳ᠋ᠦ᠋ᠭᠡᠷ ᠲᠣᠭᠠᠲᠤ︶ ᠤᠨ ᠠᠷᠪᠠᠳᠤᠭᠠᠷ ᠵᠦᠢᠯ ᠢ ᠦᠨᠳᠦᠰᠦᠯᠡᠪᠡᠯ᠄ | ︽ᠡᠯ᠎ᠡ ᠭᠠᠵᠠᠷ ᠣᠷᠣᠨ ᠨᠤᠭᠤᠳ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠪᠥᠬᠦᠶ ᠵᠠᠷᠤᠳᠠᠯ ᠢ ᠦᠨᠳᠦᠰᠦᠯᠡᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ ᠨᠡᠶᠢᠲᠡᠯᠡᠭᠦᠯᠬᠦ ᠶᠢᠨ ᠬᠠᠮᠲᠤ ᠴᠠᠭ ᠲᠤᠬᠠᠢ ᠳᠤ ᠨᠢ ᠳᠣᠬᠢᠷᠠᠭᠤᠯᠬᠤ︾ ᠪᠠ ᠠᠷᠪᠠᠨ ᠨᠠᠢᠮᠠᠳᠤᠭᠠᠷ ᠵᠦᠢᠯ ᠳᠤ᠄ | ︽ᠡᠯ᠎ᠡ ᠭᠠᠵᠠᠷ ᠣᠷᠣᠨ ᠨᠤᠭᠤᠳ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠡᠷᠡᠭᠯᠡᠭᠡᠨ ᠤ ᠬᠢᠷᠢ ᠲᠥᠪᠰᠢᠨ ᠬᠢᠭᠡᠳ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠨᠠᠨ ᠬᠠᠷᠭᠤᠭᠤᠯᠵᠤ ᠨᠡᠶᠢᠲᠡᠯᠡᠬᠦ ᠶᠢᠨ ᠬᠠᠮᠲᠤ ᠴᠠᠭ ᠲᠣᠬᠠᠢ ᠳᠤ ᠨᠢ | ᠲᠤᠬᠢᠷᠠᠭᠤᠯᠤᠯᠳᠠ ᠬᠢᠬᠦ ᠬᠡᠷᠡᠭᠲᠡᠢ︾ ᠭᠡᠵᠦ ᠲᠣᠭᠲᠠᠭᠠᠵᠠᠶ᠃ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠭᠰᠠᠨ ᠨᠢ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ | ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | ᠬᠤᠶᠠᠷ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠪᠣᠯ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠶ ᠠᠷᠭ᠎ᠠ ᠬᠡᠮᠵᠢᠶ᠎ᠡ ᠮᠥᠨ | 2021 ᠣᠨ ᠤ 12 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠳᠤ ︽ᠵᠠᠩᠭᠢᠯᠠᠭ᠎ᠠ ᠶᠢᠨ ᠴᠠᠭ᠂ | ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ︾ ︽ᠠᠷᠠᠳ ᠤᠨ ᠠᠮᠢᠳᠤᠷᠠᠯ ᠢᠯᠠᠩᠭᠤᠶ᠎ᠠ ᠬᠦᠴᠢᠷᠳᠡᠯ ᠲᠠᠢ | ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︾ ᠭᠡᠵᠦ ᠲᠣᠳᠣᠷᠬᠠᠶ ᠲᠣᠭᠲᠠᠭᠠᠵᠠᠶ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 2022 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠡᠭᠡᠨ ︽ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ | ᠲᠠᠢ ᠬᠥᠮᠦᠰ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠪᠥᠬᠦ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠢᠷᠤᠮᠵᠢᠭᠤᠯᠤᠨ ᠳᠣᠭᠢᠷᠠᠭᠤᠯᠵᠤ᠂ ᠪᠥᠬᠦ ᠣᠷᠣᠨ ᠤ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ ᠣᠷᠣᠨ ᠤ ᠲᠥᠪ ᠤᠨ ᠠᠵᠤ ᠠᠬᠤᠶ ᠶᠢᠨ ᠠᠵᠢᠯ ᠤᠨ ᠬᠤᠷᠠᠯ | ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠲᠠᠢ ᠣᠯᠠᠨ ᠲᠦᠮᠡᠨ ᠳᠤ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠶ ᠳᠤ ᠨᠢ ᠭᠦᠢᠴᠡᠳ ᠡᠳ᠋ᠯᠡᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ᠃ | ᠭᠤᠷᠪᠠ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ | ᠪᠣᠳᠠᠲᠤ ᠪᠠᠶᠢᠳᠠᠯ ᠲᠠᠢ ᠨᠡᠶᠢᠴᠡᠵᠦ ᠪᠤᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠠᠶᠢᠮᠠᠭ ᠬᠤᠲᠠ ᠶᠢᠨ ᠳᠡᠭᠡᠷ᠎ᠡ | ᠱᠠᠲᠤᠨ ᠳᠤ ᠮᠡᠳᠡᠭᠦᠯᠦᠭᠰᠡᠨ ᠪᠠᠷᠢᠮᠵᠢᠶ᠎ᠠ ᠪᠠᠷ ᠲᠥᠰᠦᠭᠡᠯᠡᠨ ᠪᠤᠳᠤᠪᠠᠯ᠂ 2022 ᠣᠨ ᠳᠤ ᠪᠥᠬᠦ ᠣᠷᠣᠨ ᠤ ᠬᠤᠲᠠ ᠶᠢᠨ ᠠᠷᠠᠳ ᠤᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠰᠠᠷ᠎ᠠ ᠳᠤ 813 ᠲᠥᠭᠦᠷᠢᠭ ᠲᠤ ᠬᠦᠷᠴᠦ᠂ ᠨᠢᠳᠤᠨᠤᠨ ᠵᠢᠯ ᠤᠨ ᠬᠢ ᠠᠴᠠ 41 ᠲᠥᠭᠦᠷᠢᠭ ᠨᠡᠮᠡᠭᠳᠡᠵᠦ᠂ | ᠨᠡᠮᠡᠭᠳᠡᠯ ᠤᠨ ᠬᠡᠮᠵᠢᠶ᠎ᠡ ᠨᠢ 5.3% ᠪᠣᠯᠣᠨ᠎ᠠ︔ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ 365赢多少钱会被限额_国内有真正的365平台吗_365bet博彩官网 | ᠪᠠᠷᠢᠮᠵᠢᠶ᠎ᠠ ᠨᠢ ᠵᠢᠯ ᠳᠤ 7320 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 589 ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 8.8% | ᠪᠣᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠤ ᠮᠠᠨ ᠤ | ᠣᠷᠣᠨ ᠤ ᠪᠣᠳᠠᠲᠤ ᠪᠠᠶᠢᠳᠠᠯ ᠲᠠᠢ ᠨᠡᠶᠢᠴᠡᠨ᠎ᠡ᠃ | ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ ᠦᠵᠡᠪᠡᠯ᠂ | ︽ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠪᠠ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ | ᠣᠨᠴᠠ ᠬᠦᠴᠢᠷᠳᠡᠯ ᠲᠠᠢ ᠬᠥᠮᠦᠰ ᠢ ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠳᠤᠨᠤᠨ ᠵᠢᠯ ᠤᠨ ᠪᠥᠬᠦ ᠣᠷᠣᠨ ᠤ ᠳᠤᠮᠳᠠᠴᠢ ᠨᠠᠭᠠᠳᠤ | ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 25%᠂ 65% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠱᠠᠭᠠᠷᠳᠠᠯᠭ᠎ᠠ︾ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ | 2022 ᠣᠨ ᠳᠤ ᠪᠥᠬᠦ ᠣᠷᠣᠨ ᠤ ᠬᠤᠲᠠ ᠶᠢᠨ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ | ᠰᠠᠷ᠎ᠠ ᠳᠤ 1358 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 50 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 3.8% ᠪᠣᠯᠭᠠᠪᠠ︔ | ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ | ᠪᠠᠷᠢᠮᠵᠢᠶ᠎ᠠ ᠶᠢ ᠵᠢᠯ ᠳᠤ 11259 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 726 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 6. | 9% ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠳ ᠢ | ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 494 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 63 ᠲᠥᠭᠦᠷᠢᠭ ᠨᠡᠮᠡᠭᠳᠡᠭᠦᠯᠵᠦ᠂ | ᠨᠡᠮᠡᠭᠳᠡᠯ ᠤᠨ ᠬᠡᠮᠵᠢᠶ᠎ᠡ ᠶᠢ 14.6% ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ | ᠪᠦᠷᠢᠮᠦᠰᠦᠨ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 1265 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ | 178 ᠲᠥᠭᠦᠷᠢᠭ ᠨᠡᠮᠡᠭᠳᠡᠭᠦᠯᠵᠦ᠂ 16.4% ᠪᠠᠷ ᠨᠡᠮᠡᠭᠳᠡᠭᠦᠯᠵᠡᠢ᠃ |