ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ︹2022︺11 ᠳ᠋ᠦ᠋ᠭᠡᠷ ᠲᠣᠭᠠᠲᠤ | ᠪᠦᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠢᠯ ᠦᠢᠯᠡᠰ ᠤᠨ ᠨᠢᠭᠡᠴᠢ ᠳᠤ᠄ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ︽ | ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ | ᠲᠠᠷᠬᠠᠭᠠᠭᠰᠠᠨ ︹ 2022︺ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠬᠥᠷᠥᠰᠥ ᠰᠢᠷᠣᠶ ᠶᠢᠨ ᠡᠬᠢ ᠪᠠᠶᠠᠯᠢᠭ ᠤᠨ ᠪᠠᠶᠢᠳᠠᠯ ᠪᠠ | ᠬᠥᠷᠥᠰᠥ ᠰᠢᠷᠣᠶ ᠶᠢᠨ ᠶᠠᠰᠤ ᠴᠢᠨᠠᠷ ᠤᠨ ᠬᠤᠪᠢᠷᠠᠯᠲᠠ ᠶᠢᠨ ᠬᠠᠨᠳᠤᠰᠢ ᠵᠡᠷᠭᠡ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ 2022 ᠣᠨ ᠠᠴᠠ ᠡᠬᠢᠯᠡᠨ ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ | ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠬᠦ ᠲᠠᠯᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠲᠤᠰᠬᠠᠶ ᠮᠡᠷᠭᠡᠵᠢᠯ ᠤᠨ ᠴᠢᠨᠠᠷ ᠤᠨ ᠵᠠᠷᠴᠢᠮ ᠢ ᠵᠢᠷᠤᠮᠯᠠᠨ᠂ ᠨᠢᠭᠡᠨᠲᠡ | ᠣᠯᠤᠭᠰᠠᠨ ᠦᠷ᠎ᠡ ᠪᠦᠲᠦᠭᠡᠯ ᠲᠠᠢ ᠪᠠᠨ ᠵᠣᠯᠭᠠᠭᠤᠯᠵᠤ᠂ ︽ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠱᠠᠲᠤ ᠬᠤᠪᠢᠶᠠᠨ ᠬᠠᠷᠢᠭᠤᠴᠠᠬᠤ᠂ | ᠡᠯ᠎ᠡ ᠲᠠᠯ᠎ᠠ ᠶᠢᠨ ᠬᠢᠨ ᠣᠷᠣᠯᠴᠠᠬᠤ︾ ᠱᠠᠭᠠᠷᠳᠠᠯᠭ᠎ᠠ ᠶᠣᠰᠤᠭᠠᠷ᠂ ᠮᠠᠨ ᠤ ᠣᠷᠣᠨ ᠤ ᠬᠥᠷᠥᠰᠥ ᠰᠢᠷᠣᠶ ᠶᠢᠨ ᠲᠥᠷᠥᠯ ᠵᠦᠢᠯ ᠵᠢᠴᠢ ᠲᠠᠷᠬᠠᠯᠲᠠ ᠶᠢᠨ ᠵᠢᠮ᠎ᠡ ᠶᠣᠰᠣ᠂ | ᠬᠦᠷᠦᠰᠦ ᠰᠢᠷᠤᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠬᠦᠷᠦᠰᠦ | ᠰᠢᠷᠤᠢ ᠶᠢᠨ ᠶᠠᠰᠤ ᠴᠢᠨᠠᠷ᠂ ᠰᠢᠨᠵᠢ ᠪᠠᠶᠢᠳᠠᠯ ᠪᠠ ᠠᠰᠢᠭᠯᠠᠭᠰᠠᠨ ᠪᠠᠶᠢᠳᠠᠯ ᠵᠡᠷᠭᠡ ᠶᠢ ᠦᠨᠡᠨ ᠪᠦᠭᠡᠳ ᠣᠨᠣᠪᠴᠢᠲᠠᠶ ᠡᠵᠡᠮᠰᠢᠵᠦ᠂ ᠬᠥᠷᠥᠰᠥ ᠰᠢᠷᠣᠶ ᠶᠢᠨ ᠡᠬᠢ | ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠢ ᠰᠠᠬᠢᠬᠤ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ | ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ᠂ ᠲᠠᠷᠢᠶᠠᠯᠠᠩ ᠮᠠᠯ ᠠᠵᠤ ᠠᠬᠤᠶ ᠪᠠ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠨᠡᠶᠢᠳᠡᠮ ᠪᠠᠶᠢᠴᠠᠭᠠᠬᠤ ᠵᠦᠢᠯ ᠬᠢᠭᠡᠳ ᠠᠭᠤᠯᠭ᠎ᠠ | ᠨᠡᠶᠢᠳᠡᠮ ᠪᠠᠶᠢᠴᠠᠭᠠᠯᠲᠠ ᠳᠤ ᠨᠡᠶᠢᠳᠡᠮ ᠪᠠᠶᠢᠴᠠᠭᠠᠬᠤ ᠵᠦᠢᠯ ᠪᠣᠯ ᠪᠦᠬᠦ ᠣᠷᠣᠨ ᠤ ᠲᠠᠷᠢᠶᠠᠯᠠᠬᠤ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ᠂ | ᠡᠪᠡᠰᠦᠲᠦ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠶ ᠬᠡᠰᠡᠭ ᠭᠠᠵᠠᠷ ᠤᠨ ᠬᠥᠷᠥᠰᠥ ᠰᠢᠷᠣᠶ ᠪᠣᠯᠤᠨ᠎ᠠ᠃ ᠡᠭᠦᠨ ᠳᠤ᠂ ᠣᠶᠢᠲᠤ ᠭᠠᠵᠠᠷ᠂ | ᠡᠪᠡᠰᠦᠳᠦ ᠭᠠᠵᠠᠷ ᠲᠤ ᠪᠣᠯ ᠢᠳᠡᠭᠡᠨ ᠤ ᠦᠢᠯᠡᠳᠪᠦᠷᠢᠯᠡᠯ ᠯᠦᠭᠡ ᠬᠠᠮᠢᠶᠠᠳᠤᠭᠰᠠᠨ ᠭᠠᠵᠠᠷ ᠰᠢᠷᠣᠶ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠰᠢᠭᠯᠠᠭᠠᠳᠤᠶ ᠭᠠᠵᠠᠷ ᠲᠤ | ᠪᠣᠯ ᠬᠠᠭᠠᠯᠪᠤᠷᠢᠯᠠᠵᠤ ᠪᠣᠯᠬᠤ ᠲᠠᠷᠢᠶᠠᠨ ᠭᠠᠵᠠᠷ ᠤᠨ ᠡᠬᠢ ᠪᠠᠶᠠᠯᠢᠭ ᠯᠦᠭᠡ ᠬᠠᠮᠢᠶᠠᠳᠤᠭᠰᠠᠨ ᠭᠠᠵᠠᠷ ᠰᠢᠷᠣᠶ᠂ ᠵᠢᠱᠢᠶᠡᠯᠡᠪᠡᠯ ᠬᠤᠵᠢᠷᠯᠢᠭ ᠭᠠᠵᠠᠷ ᠵᠡᠷᠭᠡ ᠶᠢ | ᠭᠤᠣᠯᠳᠠᠯᠭ᠎ᠠ ᠲᠠᠢ ᠪᠠᠶᠢᠴᠠᠭᠠᠨ᠎ᠠ᠃ | ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ ᠳᠥᠷᠪᠡᠨ ᠲᠠᠯ᠎ᠠ ᠪᠠᠭᠲᠠᠨ᠎ᠠ᠄ ᠨᠢᠭᠡ ᠳᠤ ᠬᠥᠷᠥᠰᠥ ᠰᠢᠷᠣᠶ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ | ᠪᠣᠯᠤᠨ᠎ᠠ᠂ ᠡᠭᠦᠨ ᠳᠤ ᠬᠡᠭᠡᠷ᠎ᠡ ᠭᠠᠳᠠᠨᠠᠬᠢ ᠬᠥᠷᠥᠰᠥ ᠰᠢᠷᠣᠶ ᠶᠢᠨ ᠥᠩᠭᠡᠨ ᠳᠠᠪᠬᠤᠷᠭ᠎ᠠ ᠶᠢᠨ ᠦᠯᠢᠭᠡᠷ ᠶᠠᠩᠵᠤ ᠶᠢ ᠴᠤᠭᠯᠠᠭᠤᠯᠬᠤ ᠪᠠ ᠬᠥᠷᠥᠰᠥ ᠰᠢᠷᠣᠶ ᠶᠢᠨ ᠹᠢᠽᠢᠺ | ᠬᠢᠮᠢ ᠶᠢᠨ ᠬᠤᠪᠢᠷᠠᠯᠲᠠ ᠭᠠᠷᠤᠭᠰᠠᠨ ᠰᠢᠨᠵᠢ ᠪᠠᠶᠢᠳᠠᠯ᠂ ᠠᠮᠢᠳᠤ ᠪᠣᠳᠠᠰ ᠤᠨ ᠰᠢᠨᠵᠢ ᠪᠠᠶᠢᠳᠠᠯ ᠤᠨ ᠭᠦᠢᠴᠡᠳᠭᠡᠯ ᠲᠤᠭ᠎ᠠ ᠶᠢ ᠵᠠᠳᠠᠯᠵᠤ ᠰᠢᠨᠵᠢᠯᠡᠨ ᠰᠢᠯᠭᠠᠬᠤ ᠵᠡᠷᠭᠡ 365赢多少钱会被限额_国内有真正的365平台吗_365bet博彩官网 | ᠪᠠᠭᠲᠠᠨ᠎ᠠ︔ ᠬᠤᠶᠠᠷ ᠲᠤ ᠬᠥᠷᠥᠰᠥ ᠰᠢᠷᠣᠶ ᠶᠢᠨ ᠲᠥᠷᠥᠯ ᠬᠡᠯᠪᠡᠷᠢ ᠶᠢᠨ ᠨᠡᠶᠢᠳᠡᠮ ᠪᠠᠶᠢᠴᠠᠭᠠᠯᠲᠠ ᠪᠣᠯᠣᠨ᠎ᠠ᠂ ᠡᠭᠦᠨ ᠳᠤ ᠭᠤᠤᠯ ᠪᠣᠯᠬᠤ ᠬᠥᠷᠥᠰᠥ ᠰᠢᠷᠣᠶ ᠶᠢᠨ | ᠲᠥᠷᠥᠯ ᠵᠦᠢᠯ ᠤᠨ ᠣᠭᠲᠣᠯᠤᠭᠠᠰᠤ ᠶᠢ ᠠᠵᠢᠭᠯᠠᠨ ᠰᠢᠨᠵᠢᠬᠦ᠂ ᠥᠯᠢᠭᠡᠷ ᠠᠪᠴᠤ ᠰᠢᠨᠵᠢᠯᠡᠨ ᠰᠢᠯᠭᠠᠬᠤ ᠵᠡᠷᠭᠡ ᠶᠢ ᠪᠠᠭᠲᠠᠭᠠᠵᠤ᠂ ᠬᠥᠷᠥᠰᠥ ᠰᠢᠷᠣᠶ ᠶᠢᠨ ᠲᠥᠷᠥᠯ | ᠵᠦᠢᠯ ᠢ ᠨᠥᠬᠦᠪᠥᠷᠢᠯᠡᠨ ᠲᠡᠭᠦᠯᠳᠡᠷᠵᠢᠭᠦᠯᠦᠨ᠎ᠡ︔ ᠭᠤᠷᠪᠠ ᠳᠤ ᠬᠥᠷᠥᠰᠥ ᠰᠢᠷᠣᠶ ᠶᠢᠨ ᠲᠣᠭᠤᠷᠢᠨ ᠤ ᠨᠥᠬᠦᠴᠡᠯ ᠪᠣᠯᠣᠮᠵᠢ ᠶᠢᠨ ᠨᠡᠶᠢᠳᠡᠮ ᠪᠠᠶᠢᠴᠠᠭᠠᠯᠲᠠ ᠪᠣᠯᠣᠨ᠎ᠠ᠂ | ᠡᠭᠦᠨ ᠳᠤ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢᠨ ᠪᠠᠶᠢᠳᠠᠯ᠂ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤᠨ ᠤ ᠭᠠᠵᠠᠷ | ᠰᠢᠨᠵᠢᠯᠡᠭᠡ ᠵᠡᠷᠭᠡ ᠪᠠᠭᠲᠠᠨ᠎ᠠ︔ ᠳᠥᠷᠪᠡ ᠳᠤ ᠭᠠᠵᠠᠷ ᠰᠢᠷᠤᠢ ᠶᠢᠨ ᠠᠰᠢᠭᠯᠠᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠪᠣᠯᠣᠨ᠎ᠠ᠂ ᠡᠭᠦᠨ ᠳᠤ ᠰᠠᠭᠤᠷᠢ | ᠪᠡᠯᠡᠳᠬᠡᠮᠵᠢ ᠶᠢᠨ ᠨᠥᠬᠦᠴᠡᠯ᠂ ᠲᠠᠷᠢᠮᠠᠯ ᠲᠠᠷᠢᠬᠤ ᠳᠦᠷᠢᠮ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠢᠷᠢ ᠬᠡᠮᠵᠢᠶ᠎ᠡ ᠵᠡᠷᠭᠡ ᠪᠠᠭᠲᠠᠨ᠎ᠠ᠃ | ᠭᠤᠷᠪᠠ᠂ ᠨᠡᠶᠢᠳᠡᠮ ᠪᠠᠶᠢᠴᠠᠭᠠᠬᠤ ᠴᠠᠭ ᠤᠨ ᠲᠣᠬᠢᠷᠠᠭᠤᠯᠤᠯᠲᠠ | 2022 ᠣᠨ ᠳᠤ᠂ ᠪᠥᠬᠦ ᠣᠷᠣᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ᠂ ᠣᠨ ᠤ ᠲᠤᠷᠰᠢᠯᠲᠠ ᠶᠢᠨ ᠴᠡᠭ ᠤᠨ | ᠲᠥᠰᠦᠯ ᠪᠠ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠲᠥᠰᠦᠯ ᠢ ᠲᠣᠭᠲᠠᠭᠠᠨ᠎ᠠ︔ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ᠂ ᠲᠦᠩᠯᠢᠶᠣᠤ | ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠢ ᠵᠣᠬᠢᠶᠠᠨ ᠪᠠᠶᠢᠭᠤᠯᠵᠤ ᠪᠠᠶᠢᠭᠠᠳ ᠲᠤᠷᠰᠢᠯᠲᠠ ᠶᠢᠨ ᠴᠡᠭ ᠤᠨ ᠨᠡᠶᠢᠳᠡᠮ | ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠦᠨ᠎ᠡ︔ ᠪᠦᠬᠦ ᠣᠷᠣᠨ ᠤ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠬᠦ ᠶᠢᠨ ᠬᠠᠮᠲᠤ ᠪᠡᠶᠡᠯᠡᠭᠦᠯᠦᠨ᠎ᠡ᠃ | 2023 - 2024 ᠣᠨ ᠪᠣᠯᠲᠠᠯ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠦᠷᠨᠢᠭᠦᠯᠵᠦ᠂ ᠣᠯᠠᠨ ᠳᠡᠰ ᠳᠠᠪᠬᠤᠷᠭ᠎ᠠ ᠶᠢᠨ ᠮᠡᠷᠭᠡᠵᠢᠯ ᠤᠨ | ᠳᠠᠳᠤᠯᠭ᠎ᠠ ᠪᠣᠯᠪᠠᠰᠤᠷᠠᠭᠤᠯᠤᠯ ᠤᠨ ᠵᠢᠯᠣᠭᠤᠳᠣᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠬᠢᠵᠦ ᠥᠯᠢᠭᠡᠷ ᠠᠪᠬᠤ ᠪᠠ | ᠦᠷᠦᠭᠡᠨ ᠤ ᠠᠵᠢᠯ ᠤᠨ ᠬᠡᠮᠵᠢᠨ ᠲᠣᠷᠰᠢᠵᠤ ᠰᠢᠨᠵᠢᠯᠡᠨ ᠰᠢᠯᠭᠠᠬᠤ ᠠᠵᠢᠯ ᠢ ᠪᠡᠶᠡᠯᠡᠭᠦᠯᠦᠨ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ | ᠬᠢᠭᠡᠳ ᠥᠯᠢᠭᠡᠷ ᠬᠡᠪ ᠤᠨ ᠬᠥᠮᠥᠷᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠪᠣᠶ ᠪᠣᠯᠭᠠᠨ᠎ᠠ᠃ ᠬᠡᠭᠡᠷ᠎ᠡ ᠶᠢᠨ | ᠠᠵᠢᠯ ᠤᠨ ᠪᠠᠶᠢᠴᠠᠭᠠᠯᠲᠠ ᠬᠢᠵᠦ ᠥᠯᠢᠭᠡᠷ ᠠᠪᠬᠤ᠂ ᠦᠷᠦᠭᠡᠨ ᠤ ᠠᠵᠢᠯ ᠤᠨ ᠬᠡᠮᠵᠢᠨ ᠲᠤᠷᠰᠢᠵᠤ ᠰᠢᠨᠵᠢᠯᠡᠨ ᠰᠢᠯᠭᠠᠬᠤ ᠴᠠᠭ ᠢ 2024 ᠣᠨ ᠤ 11 ᠳ᠋ᠦ᠋ᠭᠡᠷ | ᠰᠠᠷ᠎ᠠ ᠶᠢᠨ ᠰᠡᠭᠦᠯᠴᠢ ᠪᠣᠯᠲᠠᠯ᠎ᠠ ᠬᠢᠵᠠᠭᠠᠷᠯᠠᠨ᠎ᠠ᠃ | 2025 ᠣᠨ ᠤ ᠳᠡᠭᠡᠷ᠎ᠡ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠯᠡᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ | ᠪᠢᠴᠢᠵᠦ ᠣᠷᠣᠭᠤᠯᠬᠤ ᠵᠡᠷᠭᠡ ᠠᠵᠢᠯ ᠢ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠪᠥᠬᠦ ᠣᠷᠣᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ | ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠪᠦᠷᠢᠯᠳᠦᠭᠦᠯᠦᠨ᠎ᠡ︔ ᠳᠣᠣᠷ᠎ᠠ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠢᠯᠭᠠᠨ | ᠬᠤᠷᠢᠶᠠᠬᠤ᠂ ᠬᠤᠷᠢᠶᠠᠩᠭᠤᠶᠢᠯᠠᠵᠤ ᠲᠤᠰᠢᠶᠠᠬᠤ ᠪᠠ ᠳ᠋ᠦᠩᠨᠡᠬᠦ ᠶᠢ ᠪᠡᠶᠡᠯᠡᠭᠦᠯᠵᠦ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ | ᠦᠯᠢᠭᠡᠷ ᠬᠡᠪ ᠤᠨ ᠬᠥᠮᠥᠷᠭᠡ ᠶᠢ ᠪᠠᠶᠢᠭᠤᠯᠤᠨ᠂ ᠪᠦᠬᠦ ᠣᠷᠣᠨ ᠤ ᠲᠠᠷᠢᠶᠠᠯᠠᠬᠤ ᠭᠠᠵᠠᠷ ᠤᠨ ᠶᠠᠰᠤ ᠴᠢᠨᠠᠷ ᠤᠨ ᠮᠡᠳᠡᠭᠦᠯᠦᠯᠲᠡ ᠪᠠ ᠪᠦᠬᠦ ᠣᠷᠣᠨ ᠤ ᠬᠥᠷᠥᠰᠥ | ᠰᠢᠷᠣᠶ ᠶᠢᠨ ᠠᠰᠢᠭᠯᠠᠯᠲᠠ ᠶᠢᠨ ᠵᠣᠬᠢᠴᠠᠬᠤ ᠴᠢᠨᠠᠷ ᠢ ᠦᠨᠡᠯᠡᠭᠰᠡᠨ ᠮᠡᠳᠡᠭᠦᠯᠦᠯᠲᠡ ᠶᠢ ᠪᠣᠢ ᠪᠣᠯᠭᠠᠨ᠎ᠠ᠃ | ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ | ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠪᠠ ᠤᠯᠤᠰ ᠤᠨ ᠬᠦᠴᠦᠨ ᠤ ᠲᠣᠬᠠᠢ ᠨᠢᠭᠡᠨ ᠴᠢᠬᠤᠯᠠ ᠪᠠᠶᠢᠴᠠᠭᠠᠯᠲᠠ ᠪᠣᠯᠬᠤ | ᠪᠥᠭᠡᠳ ᠬᠤᠯᠪᠣᠭᠳᠠᠬᠤ ᠬᠡᠪᠴᠢᠶ᠎ᠡ ᠨᠢ ᠥᠷᠭᠡᠨ᠂ ᠣᠷᠣᠯᠴᠠᠬᠤ ᠰᠠᠯᠠᠭ᠎ᠠ ᠮᠥᠴᠢᠷ ᠨᠢ ᠣᠯᠠᠨ᠂ ᠠᠵᠢᠯ ᠤᠨ ᠡᠭᠦᠷᠭᠡ ᠨᠢ ᠬᠦᠨᠳᠦ᠂ ᠮᠡᠷᠭᠡᠵᠢᠯ ᠤᠨ ᠱᠠᠭᠠᠷᠳᠠᠯᠭ᠎ᠠ ᠨᠢ | ᠥᠨᠳᠥᠷ ᠪᠠᠶᠢᠬᠤ ᠠᠵᠢᠯ ᠪᠣᠯᠬᠤᠷ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ | ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ | ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ | ᠵᠣᠬᠢᠴᠠᠭᠤᠯᠬᠤ ᠶᠢ ᠬᠠᠷᠢᠭᠤᠴᠠᠭᠤᠯᠤᠨ᠎ᠠ᠃ ᠠᠯᠪᠠᠨ ᠭᠡᠷ ᠤᠨ ᠳᠣᠣᠷ᠎ᠠ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ | ᠳᠤᠭᠤᠶᠢᠯᠠᠩ᠂ ᠲᠤᠰᠬᠠᠶ ᠮᠡᠷᠭᠡᠵᠢᠯᠲᠡᠨ ᠤ ᠵᠦᠪᠯᠡᠯᠭᠡ ᠥᠭᠬᠦ ᠳᠤᠭᠤᠶᠢᠯᠠᠩ ᠭᠠᠷᠭᠠᠨ᠎ᠠ᠂ ᠡᠭᠦᠨ ᠳᠤ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠨᠢ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ | ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠠᠵᠢᠯ ᠤᠨ ᠭᠠᠵᠠᠷ | ᠠᠯᠪᠠᠨ ᠭᠡᠷ ᠵᠢᠴᠢ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ᠂ ᠲᠠᠷᠢᠶᠠᠯᠠᠬᠤ ᠭᠠᠵᠠᠷ ᠤᠨ ᠶᠠᠰᠤ ᠴᠢᠨᠠᠷ ᠢ ᠬᠢᠨᠠᠨ ᠰᠢᠨᠵᠢᠵᠦ ᠬᠠᠮᠠᠭᠠᠯᠠᠬᠤ | ᠲᠥᠪ ᠤᠨ ᠭᠤᠣᠯ ᠪᠣᠯᠬᠤ ᠬᠠᠷᠢᠭᠤᠴᠠᠯᠭᠠᠲᠠᠨ ᠢᠶᠠᠷ ᠪᠦᠷᠢᠯᠳᠦᠵᠦ᠂ ᠠᠵᠢᠯ ᠢᠶᠠᠨ ᠨᠢᠭᠡᠳᠦᠯᠲᠡᠶ ᠲᠥᠯᠥᠪᠯᠡᠬᠦ᠂ ᠠᠵᠢᠯᠲᠠᠨ ᠢ ᠵᠢᠯᠤᠭᠤᠳᠤᠨ ᠲᠣᠬᠢᠷᠠᠭᠤᠯᠬᠤ᠂ ᠵᠣᠬᠢᠶᠠᠨ | ᠪᠠᠶᠢᠭᠤᠯᠵᠤ ᠵᠣᠬᠢᠴᠠᠭᠤᠯᠬᠤ᠂ ᠪᠡᠯᠡ ᠮᠥᠩᠭᠦ ᠴᠤᠭᠯᠠᠭᠤᠯᠬᠤ ᠵᠡᠷᠭᠡ ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠨᠢ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠠᠯᠠᠭ᠎ᠠ ᠮᠥᠴᠢᠷ᠂ ᠨᠢᠭᠡᠴᠢ ᠶᠢᠨ ᠬᠠᠮᠢᠶ᠎ᠠ ᠪᠥᠬᠦᠶ ᠮᠡᠷᠭᠡᠵᠢᠯ ᠤᠨ | ᠠᠵᠢᠯᠲᠠᠨ ᠢᠶᠠᠷ ᠪᠦᠷᠢᠯᠳᠦᠵᠦ᠂ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ᠂ | ᠲᠠᠷᠢᠶᠠᠯᠠᠬᠤ ᠭᠠᠵᠠᠷ ︵ᠴᠡᠴᠡᠷᠯᠢᠭ ᠤᠨ ᠭᠠᠵᠠᠷ ᠪᠠᠭᠲᠠᠨ᠎ᠠ︶ ᠤᠨ ᠬᠥᠷᠥᠰᠥ ᠰᠢᠷᠣᠶ᠂ ᠠᠰᠢᠭᠯᠠᠭᠠᠳᠤᠶ ᠭᠠᠵᠠᠷ ︵ᠭᠤᠣᠯ ᠪᠣᠯᠬᠤ ᠬᠤᠵᠢᠷᠯᠢᠭ ᠭᠠᠵᠠᠷ︶ ᠤᠨ ᠬᠥᠷᠥᠰᠥ | ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠬᠡᠷᠡᠭᠵᠢᠭᠦᠯᠬᠦ ᠠᠵᠢᠯ ᠢ ᠲᠣᠰ ᠲᠣᠰ ᠬᠠᠷᠢᠭᠤᠴᠠᠨ᠎ᠠ︔ ᠲᠤᠰᠬᠠᠶ ᠮᠡᠷᠭᠡᠵᠢᠯᠲᠡᠨ ᠤ ᠵᠦᠪᠯᠡᠯᠭᠡ ᠥᠭᠬᠦ | ᠳᠤᠭᠤᠶᠢᠯᠠᠩ ᠨᠢ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠪᠠᠶᠢᠬᠤ ᠪᠠ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠮᠡᠳᠡᠯᠭᠡ ᠲᠠᠢ ᠲᠤᠰᠬᠠᠶ ᠮᠡᠷᠭᠡᠵᠢᠯᠲᠡᠨ ᠢᠶᠠᠷ | ᠪᠦᠷᠢᠯᠳᠦᠵᠦ᠂ ᠬᠠᠮᠢᠶ᠎ᠠ ᠪᠦᠬᠦᠢ ᠲᠥᠰᠦᠯ ᠢ ᠬᠢᠨᠠᠨ ᠪᠠᠶᠢᠴᠠᠭᠠᠬᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ᠂ ᠮᠡᠷᠭᠡᠵᠢᠯ ᠤᠨ ᠪᠣᠯᠪᠠᠰᠤᠷᠠᠭᠤᠯᠤᠯ | ᠬᠢᠬᠦ᠂ ᠲᠤᠬᠠᠶ ᠶᠢᠨ ᠭᠠᠵᠠᠷ ᠲᠤ ᠨᠢ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ ᠠᠯᠪᠠᠨ ᠭᠡᠷ ᠤᠨ ᠡᠯ᠎ᠡ ᠠᠵᠢᠯᠯᠠᠬᠤ ᠳᠤᠭᠤᠶᠢᠯᠠᠩ ᠨᠢ ᠲᠤᠰ ᠲᠤᠰ ᠤᠨ ᠡᠭᠦᠷᠭᠡ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠲᠤᠷᠠᠯᠴᠠᠨ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ | ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠪᠣᠯ ᠲᠤᠰ ᠭᠠᠵᠠᠷ ᠣᠷᠣᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠵᠤ ᠠᠵᠢᠯᠯᠠᠬᠤ ᠭᠤᠣᠯ ᠴᠣᠭᠴᠠ ᠪᠣᠯᠬᠤᠷ᠂ | ᠬᠠᠷᠠᠭᠠᠯᠵᠠᠭᠰᠠᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠲᠣᠬᠢᠷᠠᠭᠤᠯᠬᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠨ᠂ ᠰᠢᠰᠲ᠋ᠧᠮ ᠲᠠᠢ ᠪᠠᠷ ᠠᠷᠭ᠎ᠠ ᠰᠦᠪᠡᠭᠴᠢᠯᠡᠵᠦ᠂ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ | ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ | ᠲᠤᠰ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ | ᠵᠠᠰᠠᠭ ᠨᠢ ᠡᠭᠦᠷᠭᠡᠯᠡᠭᠰᠡᠨ ᠠᠵᠢᠯ ᠤᠨ ᠡᠭᠦᠷᠭᠡ ᠶᠢᠨ ᠢᠶᠠᠨ ᠶᠣᠰᠣᠭᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠡᠳ᠋ ᠤᠨ ᠵᠠᠰᠠᠭ ᠨᠢ ᠲᠤᠰ ᠣᠷᠣᠨ | ᠪᠦᠰᠡ ᠶᠢᠨ ᠢᠶᠠᠨ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠬᠢᠵᠦ ᠦᠯᠢᠭᠡᠷ ᠠᠪᠬᠤ᠂ ᠦᠷᠦᠭᠡᠨ ᠤ ᠠᠵᠢᠯ ᠤᠨ ᠬᠡᠮᠵᠢᠨ ᠲᠤᠷᠰᠢᠵᠤ ᠰᠢᠨᠵᠢᠯᠡᠨ ᠰᠢᠯᠭᠠᠬᠤ᠂ | ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠲᠤᠰᠬᠠᠶ ᠮᠡᠷᠭᠡᠵᠢᠯᠲᠡᠨ ᠵᠢᠯᠣᠭᠤᠳᠴᠤ ᠦᠢᠯᠡᠴᠢᠯᠡᠬᠦ᠂ ᠲᠤᠭ᠎ᠠ ᠪᠠᠷᠢᠮᠲᠠ ᠶᠢᠨ ᠵᠠᠳᠠᠯᠤᠯᠲᠠ ᠬᠢᠬᠦ᠂ ᠦᠷ᠎ᠡ ᠪᠦᠲᠦᠭᠡᠯ ᠢ | ᠬᠤᠷᠢᠶᠠᠩᠭᠤᠶᠢᠯᠠᠬᠤ ᠪᠠ ᠳ᠋ᠠᠶᠢᠲ᠋ᠠ ᠬᠥᠮᠥᠷᠭᠡ ᠦᠯᠢᠭᠡᠷ ᠬᠡᠪ ᠤᠨ ᠬᠥᠮᠥᠷᠭᠡ ᠶᠢᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠠᠵᠢᠯ ᠤᠨ ᠠᠬᠢᠴᠠ ᠶᠢᠨ ᠲᠣᠬᠢᠷᠠᠭᠤᠯᠤᠯᠲᠠ ᠪᠠᠨ ᠦᠨᠳᠦᠰᠦᠯᠡᠨ᠂ ᠵᠠᠷᠤᠳᠠᠯ ᠢ ᠵᠣᠬᠢᠴᠠᠩᠭᠤᠢ ᠣᠨ ᠤ ᠲᠥᠰᠦᠪ ᠲᠤ ᠪᠠᠨ | ᠣᠷᠣᠭᠤᠯᠤᠨ ᠪᠠᠲᠤᠯᠠᠬᠤ ᠶᠢᠨ ᠬᠠᠮᠲᠤ᠂ ᠬᠢᠨᠠᠯᠲᠠ ᠲᠠᠯᠪᠢᠵᠤ ᠬᠢᠨᠠᠨ ᠪᠣᠳᠣᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ ᠨᠢ ᠲᠤᠭᠲᠠᠭᠠᠯ ᠶᠣᠰᠤᠭᠠᠷ | ᠣᠳᠣᠬᠠᠨ ᠤ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠬᠦ ᠠᠷᠭ᠎ᠠ ᠵᠠᠮ ᠢᠶᠠᠷ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠢ ᠳᠡᠮᠵᠢᠵᠦ | ᠪᠣᠯᠤᠨ᠎ᠠ᠃365赢多少钱会被限额_国内有真正的365平台吗_365bet博彩官网 | ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ | ᠡᠯ᠎ᠡ ᠭᠠᠵᠠᠷ ᠣᠷᠣᠨ ᠨᠢ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠵᠢᠯᠣᠭᠤᠳᠣᠯᠭ᠎ᠠ᠂ ᠲᠤᠰᠬᠠᠶ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ᠂ ᠨᠡᠶᠢᠳᠡᠮ | ᠪᠠᠶᠢᠴᠠᠭᠠᠯᠲᠠ ᠶᠢᠨ ᠡᠩᠨᠡᠭᠡ ᠶᠢᠨ ᠪᠣᠯᠪᠠᠰᠤᠷᠠᠭᠤᠯᠤᠯ ᠢᠶᠠᠨ ᠴᠢᠩᠭᠠᠳᠬᠠᠵᠤ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠲᠤᠰᠬᠠᠶᠢᠵᠢᠭᠰᠠᠨ᠂ | ᠪᠠᠷᠢᠮᠵᠢᠶᠠᠵᠢᠭᠰᠠᠨ ᠪᠠ ᠵᠢᠷᠤᠮᠵᠢᠭᠰᠠᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠰᠤ ᠴᠢᠨᠠᠷ ᠤᠨ ᠡᠵᠡᠮᠳᠡᠯ ᠢᠶᠠᠨ ᠴᠢᠩᠭᠠᠷᠠᠭᠤᠯᠵᠤ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠯᠴᠠᠭ᠎ᠠ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ | ᠮᠦᠷᠳᠡᠨ ᠤᠬᠤᠴᠢᠯᠠᠬᠤ ᠲᠣᠭᠲᠠᠴᠠ ᠶᠢ ᠪᠠᠶᠢᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠡᠷᠬᠡᠪᠰᠢ ᠱᠠᠭᠠᠷᠳᠠᠯᠭ᠎ᠠ ᠶᠣᠰᠣᠭᠠᠷ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠵᠦ᠂ | ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠮᠠᠷᠪᠠ ᠭᠠᠵᠠᠷ ᠣᠷᠣᠨ᠂ ᠰᠠᠯᠠᠭ᠎ᠠ | ᠮᠥᠴᠢᠷ᠂ ᠨᠢᠭᠡᠴᠢ ᠪᠠ ᠬᠤᠪᠢ ᠬᠥᠮᠦᠨ ᠴᠥᠮ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ | ᠮᠡᠳᠡᠭᠦᠯᠬᠦ ᠶᠢ ᠲᠡᠪᠴᠢᠬᠦ ᠪᠠ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠶ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠠ | ᠥᠭᠡᠷᠡᠲᠦᠭᠦᠯᠵᠦ ᠪᠣᠯᠬᠤ ᠦᠭᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠦᠬᠦ ᠤᠯᠤᠰ ᠤᠨ ᠨᠢᠭᠡᠳᠦᠯᠲᠡᠶ ᠬᠥᠷᠥᠰᠥ ᠰᠢᠷᠣᠶ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠠᠪᠴᠠᠩ ᠵᠡᠷᠭᠡ ᠣᠳᠣᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠮᠡᠳᠡᠭᠡ ᠵᠠᠩᠬᠢᠴᠢᠯᠠᠭᠰᠠᠨ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠭᠤᠨ᠂ ᠥᠨᠳᠥᠷ ᠦᠷ᠎ᠡ ᠪᠦᠲᠦᠮᠵᠢᠲᠡᠶ ᠪᠠᠷ | ᠠᠬᠢᠭᠤᠯᠬᠤ ᠬᠡᠷᠡᠭᠲᠡᠶ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠰᠠᠶᠢᠲᠤᠷ ᠠᠰᠢᠭᠯᠠᠨ᠂ ᠬᠥᠷᠥᠰᠥ | ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠠ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠤᠷᠤᠭᠰᠢᠲᠠᠶ ᠥᠷᠨᠢᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠤᠨ ᠬᠦᠮᠦᠰ ᠤᠨ ᠨᠡᠷᠡᠰ | 2022 ᠣᠨ ᠤ 3 ᠳ᠋ᠤᠭᠠᠷ ᠰᠠᠷ᠎ᠠ ᠶᠢᠨ 19 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠳᠠᠭᠠᠯᠳᠤᠭᠤᠯᠤᠯ | ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ | ᠬᠦᠮᠦᠰ ᠤᠨ ᠨᠡᠷᠡᠰ | ᠳᠤᠭᠤᠶᠢᠯᠠᠩ ᠤᠨ ᠳᠠᠷᠤᠭ᠎ᠠ᠄ ᠯᠢ ᠪᠢᠩ ᠷᠦᠩ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠳᠡᠳ᠋ ᠳᠤᠭᠤᠶᠢᠯᠠᠩ ᠤᠨ ᠳᠠᠷᠤᠭ᠎ᠠ᠄ ᠮᠥ ᠶᠤᠸᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠤᠨ ᠳᠠᠷᠤᠭ᠎ᠠ | ᠵᠣᠣ ᠳ᠋ᠠ ᠶᠦᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ | ᠯᠢ ᠺᠦᠸᠧ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ | ᠪᠦᠷᠢᠯᠳᠦᠬᠦᠨ ᠭᠡᠰᠢᠭᠦᠳ᠄ ᠯᠢᠦ ᠸᠧᠨ ᠢᠦᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠵᠣᠣ ᠪᠢᠩ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ | ᠸᠠᠩ ᠲᠤᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ | ᠵᠣᠣ ᠱᠢ ᠳ᠋ᠧ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠳᠡᠳ᠋ ᠳᠠᠷᠤᠭ᠎ᠠ | ᠵᠣᠣ ᠴᠠᠩ ᠴᠢᠩ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ | ᠡᠩᠬᠡᠲᠦ᠋ᠪᠰᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ | ᠳᠠᠷᠤᠭ᠎ᠠ | ᠡᠤ ᠵᠥᠩ ᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ | ᠳᠡᠰ ᠤᠨ ᠲᠣᠭᠤᠷᠢᠨ ᠪᠠᠶᠢᠴᠠᠭᠠᠭᠴᠢ | ᠲᠢᠶᠠᠨ ᠰᠢᠨ ᠷᠦ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ | ᠲᠢᠶᠧ ᠨᠢᠦ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ | ᠯᠦ ᠵᠠᠨ ᠶᠤᠸᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ | ᠲᠠᠨ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ | ᠬᠣ᠋ ᠶᠢᠦ ᠯᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠡᠩᠬᠡᠲᠦ᠋ᠪᠰᠢᠨ ᠬᠠᠪᠰᠤᠷᠭᠠᠨ ᠬᠠᠷᠢᠭᠤᠴᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠳᠠᠷᠤᠮᠠᠯᠯᠠᠨ ᠲᠠᠷᠬᠠᠭᠠᠪᠠ | |