内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠵᠠᠰᠠᠭ ᠤᠨ ᠤᠷᠳᠤᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
        ᠨᠡᠶᠢᠲᠡᠯᠡᠭᠰᠡᠨ ᠴᠠᠭ᠄
        2022/7/19
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                               255 ᠳ᠋ᠤᠭᠠᠷ ᠲᠣᠭᠠᠲᠤ      ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2022 ᠣᠨ ᠤ 5 ᠳ᠋ᠤᠭᠠᠷ ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠪᠠᠨ ᠲᠦᠷᠪᠡᠳᠦᠬᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                     ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ                                                          ᠸᠠᠩ ᠯᠢ ᠰᠢᠶᠠ                                              2022 ᠣᠨ ᠤ 5 ᠳ᠋ᠤᠭᠠᠷ ᠰᠠᠷ᠎ᠠ ᠶᠢᠨ 23 ᠤ ᠡᠳᠦᠷ      ᠵᠠᠰᠠᠭ ᠤᠨ ᠤᠷᠳᠤᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ      ᠤᠯᠤᠰ ᠤᠨ ᠬᠠᠤᠯᠢ ᠲᠦᠷᠢᠮ ᠤᠨ ᠨᠢᠭᠡᠳᠦᠯ᠂ ᠨᠡᠷ᠎ᠡ ᠬᠦᠨᠳᠦ ᠪᠠ ᠡᠷᠬᠡ ᠰᠦᠷ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ ᠵᠠᠰᠠᠭ ᠤᠨ ᠣᠷᠳᠣᠨ ᠤ ᠬᠦᠴᠦᠨ ᠪᠥᠬᠦᠶ ᠲᠣᠭᠲᠠᠭᠠᠯ ᠲᠦᠷᠢᠮ ᠢ ᠲᠢᠭᠯᠡᠨ ᠢᠯᠭᠠᠷᠠᠭᠤᠯᠬᠤ ᠠᠵᠢᠯ ᠬᠢᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠤᠨᠨᠳᠠᠭᠠᠨᠨᠰᠠᠨ ᠨᠢ᠄      ᠨᠢᠭᠡ᠂ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠤᠨ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠤᠨ᠎ᠠ᠃ ︵ᠳᠠᠭᠠᠯᠳᠤᠭᠤᠯᠤᠯ 1︶      ᠬᠤᠶᠠᠷ᠂ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠢ ᠬᠦᠴᠦᠨ ᠦᠭᠡᠢ ᠪᠤᠯᠭᠠᠨ᠎ᠠ ︵ᠳᠠᠭᠠᠯᠳᠤᠭᠤᠯᠤᠯ 2︶᠃      ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ︾ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠠᠭ ᠠᠭᠤᠷ ᠤᠨ ᠭᠠᠢ ᠭᠠᠮᠰᠢᠭ ᠤᠨ ᠰᠡᠷᠡᠮᠵᠢ ᠶᠢᠨ ᠲᠤᠬᠢᠶ᠎ᠡ ᠶᠢ ᠨᠡᠶᠢᠲᠡᠯᠡᠬᠦ ᠪᠠ ᠤᠯᠠᠮᠵᠢᠯᠠᠨ ᠲᠠᠷᠬᠠᠭᠠᠬᠤ ᠠᠷᠭ᠎ᠠ︾ ᠳᠤ ᠲᠣᠰ ᠲᠣᠭᠲᠠᠭᠠᠯ ᠢ ᠦᠨᠳᠦᠰᠦᠯᠡᠨ ᠵᠣᠬᠢᠬᠤ ᠵᠠᠰᠠᠪᠤᠷᠢ ᠣᠷᠣᠭᠤᠯᠵᠦ᠂ ᠳᠠᠬᠢᠵᠤ ᠨᠡᠶᠢᠲᠡᠯᠡᠪᠡ᠃      ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ      2. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ      ᠳᠠᠭᠠᠯᠳᠤᠭᠤᠯᠤᠯ 1      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ      ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠠᠪᠤᠳᠤᠭᠠᠷ ᠵᠦᠢᠯ ᠤᠨ ᠨᠢᠬᠡᠳᠦᠬᠡᠷ ᠵᠤᠷᠪᠤᠰ ᠲᠤ᠄ ︽ᠭᠦᠭᠵᠢᠬᠦᠯᠦᠯᠳᠡ ᠪᠠ ᠦᠬᠡᠷᠡᠴᠢᠯᠡᠯᠳᠡ᠂ ᠡᠳ᠋ ᠤᠨ ᠵᠠᠰᠠᠭ᠂ ᠬᠤᠲᠠ ᠭᠦᠳᠡᠭᠡ ᠶᠢᠨ ᠲᠦᠯᠦᠪᠵᠢᠬᠦᠯᠬᠡ᠂ ᠵᠠᠮ ᠬᠠᠷᠢᠯᠴᠠᠭ᠎ᠠ ᠲᠡᠬᠡᠬᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠤᠳᠤᠭᠠᠳᠣ ᠶᠢ ᠬᠠᠮᠠᠭᠠᠯᠠᠬᠤ᠂ ᠷᠠᠳᠢᠤ᠋ ᠶᠢᠨ ᠬᠠᠮᠢᠶᠠᠷᠤᠯᠲᠠ᠂ ᠬᠢᠯᠢ ᠶᠢᠨ ᠪᠤᠭᠤᠮᠲᠠ ᠶᠢᠨ ᠬᠠᠮᠢᠶᠠᠷᠤᠯᠲᠠ ᠵᠡᠷᠬᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠬᠡ ᠬᠠᠷᠢᠭᠤᠴᠠᠯᠭ᠎ᠠ ᠶᠢᠨ ᠢᠶᠠᠨ ᠶᠤᠰᠤᠭᠠᠷ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠳᠡᠢ᠃︾ ᠭᠡᠵᠦ ᠵᠠᠰᠠᠪᠤᠷᠢ ᠣᠷᠣᠭᠤᠯᠪᠠ᠃      ᠠᠷᠪᠠᠨ ᠲᠠᠪᠤᠳᠤᠭᠠᠷ ᠵᠦᠢᠯ ᠳᠤ᠄ ︽ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠳᠤᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠰᠡᠷᠭᠡᠶᠢᠯᠡᠨ ᠤᠨᠳᠠᠷᠠᠭᠠᠬᠤ᠂ ᠠᠷᠠᠳ ᠤᠨ ᠶᠠᠪᠤᠳᠠᠯ᠂ ᠡᠷᠡᠬᠦᠯ ᠬᠠᠮᠠᠭᠠᠯᠠᠯ ᠡᠷᠡᠬᠦᠯ ᠮᠡᠨᠳᠦ᠂ ᠵᠠᠮ ᠬᠠᠷᠢᠯᠴᠠᠭ᠎ᠠ ᠲᠡᠬᠡᠬᠡᠪᠦᠷᠢ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠬᠡᠨ᠂ ᠴᠢᠮᠡᠭᠡ ᠬᠤᠯᠪᠤᠭ᠎ᠠ᠂ ᠴᠠᠬᠢᠯᠭᠠᠨ ᠭᠦᠴᠦᠨ᠂ ᠲᠤᠬᠠᠢ ᠶᠢᠨ ᠭᠠᠵᠠᠷ ᠲᠤ ᠰᠠᠭᠤᠭ᠎ᠠ ᠴᠡᠷᠢᠭ ᠠᠩᠬᠢ᠂ ᠲᠡᠬᠡᠬᠡᠪᠦᠷᠢ ᠶᠢᠨ ᠠᠵᠦ ᠠᠬᠤᠶᠢᠯᠠᠯ᠂ ᠨᠢᠰᠬᠡᠯ ᠤᠨ ᠪᠠᠭᠤᠳᠠᠯ ᠳᠤ ᠰᠠᠭᠤᠭ᠎ᠠ ᠨᠢᠭᠡᠴᠢ ᠵᠡᠷᠭᠡ ᠰᠠᠯᠠᠭ᠎ᠠ ᠮᠦᠴᠢᠷ ᠪᠠ ᠨᠢᠭᠡᠴᠢ ᠯᠦᠭᠡ ᠪᠠᠴᠢᠮ ᠪᠠᠶᠢᠳᠠᠯ ᠢ ᠠᠷᠭᠠᠴᠠᠭᠠᠨ ᠠᠪᠤᠷᠠᠵᠦ ᠳᠡᠮᠵᠢᠨ ᠲᠤᠰᠠᠯᠠᠯᠴᠠᠬᠤ ᠵᠦᠪᠯᠡᠯᠴᠡᠬᠡᠷ ᠲᠤᠨᠨᠳᠠᠵᠦ᠂ ᠪᠠᠴᠢᠮ ᠪᠠᠶᠢᠳᠠᠯ ᠢ ᠠᠷᠭᠠᠴᠠᠭᠠᠵᠦ ᠬᠠᠮᠳᠤᠷᠠᠨ ᠭᠦᠳᠡᠯᠦᠯᠴᠡᠬᠦ ᠲᠤᠨᠨᠳᠠᠴᠠ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠣᠰᠠᠯᠠᠬᠤ ᠲᠦᠭᠦᠬᠡᠷᠦᠮᠵᠢ ᠬᠢᠬᠡᠳ ᠪᠠᠭᠠᠵᠢ ᠬᠡᠷᠡᠭᠰᠡᠯ ᠤᠨ ᠡᠳᠦᠷ ᠲᠣᠳᠣᠮ ᠤᠨ ᠪᠠᠶᠢᠩᠭᠤ ᠶᠢᠨ ᠬᠠᠮᠠᠭᠠᠯᠠᠯᠲᠠ ᠪᠠ ᠠᠷᠠᠴᠢᠯᠠᠯᠳᠠ ᠶᠢᠨ ᠠᠵᠢᠯ ᠢ ᠬᠠᠮᠳᠤ ᠪᠠᠷ ᠰᠠᠶᠢᠲᠤᠷ ᠬᠢᠬᠦ ᠬᠡᠷᠡᠭᠳᠡᠢ᠃︾ ᠭᠡᠵᠦ ᠵᠠᠰᠠᠪᠤᠷᠢ ᠤᠷᠤᠭᠤᠯᠪᠠ᠃      ᠬᠤᠷᠢᠨ ᠲᠠᠪᠤᠳᠤᠭᠠᠷ ᠵᠦᠢᠯ ᠤᠨ ᠬᠤᠶᠠᠳᠤᠭᠠᠷ ᠵᠤᠷᠪᠤᠰ᠂ ᠭᠤᠷᠪᠠᠳᠤᠭᠠᠷ ᠵᠤᠷᠪᠤᠰ ᠢ ᠬᠠᠰᠤᠪᠠ᠃      ᠬᠤᠷᠢ ᠶᠢᠰᠦᠳᠦᠬᠡᠷ ᠵᠦᠢᠯ ᠳᠤ᠄ ︽ᠠᠷᠠᠳ ᠤᠨ ᠠᠭᠠᠷ ᠤᠨ ᠲᠡᠬᠡᠬᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠭᠠᠯᠳᠤᠯᠭ᠎ᠠ ᠭᠦᠯᠢᠶᠡᠨ ᠠᠪᠬᠤ ᠲᠦᠷᠢᠮ ᠪᠠᠶᠢᠭᠤᠯᠵᠤ᠂ ᠵᠠᠭᠠᠯᠳᠤᠯᠭ᠎ᠠ ᠭᠦᠯᠢᠶᠡᠨ ᠠᠪᠬᠤ ᠨᠢᠭᠡᠴᠢ ᠪᠠ ᠵᠠᠭᠠᠯᠳᠤᠬᠤ ᠠᠷᠭ᠎ᠠ ᠮᠠᠶ᠋ᠢᠭ ᠢ ᠨᠡᠶᠢᠲᠡᠯᠡᠬᠦ ᠬᠡᠷᠡᠭᠳᠡᠢ᠃ ᠠᠶᠠᠨᠴᠢᠳ ᠪᠠ ᠪᠠᠷᠠᠭ᠎ᠠ ᠶᠢᠨ ᠡᠵᠡᠨ ᠤ ᠵᠠᠭᠠᠯᠳᠤᠯᠭ᠎ᠠ ᠳᠤ᠂ ᠵᠠᠭᠠᠯᠳᠤᠯᠭ᠎ᠠ ᠭᠦᠯᠢᠶᠡᠨ ᠠᠪᠬᠤ ᠪᠠᠶᠢᠭᠤᠯᠤᠮᠵᠢ ᠨᠢ ᠭᠦᠯᠢᠶᠡᠨ ᠠᠪᠤᠨᠨᠰᠠᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠲᠤᠳᠤᠷ᠎ᠠ ᠪᠢᠴᠢᠭᠯᠡᠭᠰᠡᠨ ᠬᠠᠷᠢᠭᠤᠯᠲᠠ ᠥᠭᠬᠦ ᠬᠡᠷᠡᠭᠳᠡᠢ᠃︾ ᠭᠡᠵᠦ ᠵᠠᠰᠠᠪᠤᠷᠢ ᠣᠷᠣᠭᠤᠯᠪᠠ᠃      ᠭᠤᠴᠢᠳᠤᠭᠠᠷ ᠵᠦᠢᠯ ᠤᠨ ᠨᠢᠬᠡᠳᠦᠬᠡᠷ ᠵᠤᠷᠪᠤᠰ ᠲᠤ᠄ ︽ᠨᠢᠰᠬᠡᠯ ᠤᠨ ᠪᠠᠭᠤᠳᠠᠯ ᠤᠨ ᠪᠠᠶᠢᠭ᠎ᠠ ᠭᠠᠵᠠᠷ ᠤᠨ ᠬᠤᠯᠪᠤᠨᠨᠳᠠᠯ ᠪᠦᠭᠦᠢ ᠠᠷᠠᠳ ᠤᠨ ᠵᠠᠰᠠᠭ ᠤᠨ ᠣᠷᠳᠣᠨ ᠤ ᠬᠢᠯᠢ ᠶᠢᠨ ᠪᠤᠭᠤᠮᠳᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠭᠦᠢ ᠲᠤᠨᠨᠳᠠᠭᠠᠯ ᠢ ᠦᠨᠳᠦᠰᠦᠯᠡᠨ᠂ ᠠᠭᠠᠷ ᠠᠶᠠᠯᠠᠯ ᠤᠨ ᠪᠤᠭᠤᠮᠲᠠ ᠶᠢᠨ ᠡᠳᠦᠷ ᠲᠣᠳᠣᠮ ᠤᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠦ᠂ ᠠᠳᠠᠯᠢ ᠱᠠᠳᠤᠨ ᠤ ᠪᠤᠭᠤᠮᠳᠠ ᠪᠠ ᠲᠤᠳᠣᠭᠠᠳᠣ ᠶᠢ ᠬᠠᠮᠠᠭᠠᠯᠠᠬᠤ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ︵ᠲᠤᠷᠤᠨᠨᠰᠢ ᠬᠢᠯᠢ ᠶᠢᠨ ᠪᠤᠭᠤᠮᠳᠠ ᠶᠢᠨ ᠪᠠᠶᠢᠴᠠᠭᠠᠯᠲᠠ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠢ ᠰᠢᠮᠳᠠᠭᠤᠯᠤᠨ ᠵᠤᠬᠢᠴᠠᠭᠤᠯᠵᠦ ᠪᠠᠶᠢᠭᠠᠳ ᠬᠢᠯᠢ ᠪᠠᠷ ᠤᠷᠤᠵᠦ ᠭᠠᠷᠬᠤ ᠭᠦᠮᠦᠰ᠂ ᠲᠡᠬᠡᠬᠡᠪᠦᠷᠢ ᠶᠢᠨ ᠪᠠᠭᠠᠵᠢ᠂ ᠡᠳ᠋ ᠪᠠᠷᠠᠭ᠎ᠠ ᠪᠠ ᠪᠣᠭᠤᠳᠠᠯ ᠪᠠᠭᠯᠠᠭ᠎ᠠ ᠶᠢ ᠪᠠᠶᠢᠴᠠᠭᠠᠬᠤ ᠪᠠ ᠬᠢᠨᠠᠯᠲᠠ ᠲᠠᠯᠪᠢᠵᠦ ᠬᠠᠮᠢᠶᠠᠷᠬᠤ ᠠᠵᠢᠯ ᠢ ᠰᠠᠶᠢᠲᠤᠷ ᠬᠢᠯᠬᠡᠭᠦ ᠬᠡᠷᠡᠭᠳᠡᠢ᠃︾ ᠭᠡᠵᠦ ᠵᠠᠰᠠᠪᠤᠷᠢ ᠣᠷᠣᠭᠤᠯᠪᠠ᠃      ᠲᠦᠴᠢᠨ ᠨᠢᠬᠡᠳᠦᠬᠡᠷ ᠵᠦᠢᠯ ᠳᠤ᠄ ︽ᠠᠷᠠᠳ ᠤᠨ ᠠᠭᠠᠷ ᠤᠨ ᠲᠡᠬᠡᠬᠡᠪᠦᠷᠢ ᠶᠢᠨ ᠷᠠᠳᠢᠤ᠋ ᠶᠢᠨ ᠲᠤᠰᠬᠠᠢ ᠬᠡᠷᠡᠭᠯᠡᠬᠦ ᠳᠠᠪᠳᠠᠮᠵᠢ ᠨᠢ ᠨᠦᠯᠦᠬᠡᠯᠡᠭᠳᠡᠬᠦ ᠦᠶ᠎ᠡ ᠳᠤ᠂ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠠᠷᠠᠳ ᠤᠨ ᠠᠭᠠᠷ ᠤᠨ ᠲᠡᠬᠡᠬᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠵᠢᠨᠨᠰᠠᠭᠠᠨ ᠪᠠᠶᠢᠴᠠᠭᠠᠬᠤ ᠠᠷᠭ᠎ᠠ ᠬᠡᠮᠵᠢᠶ᠎ᠡ ᠠᠪᠴᠤ᠂ ᠴᠠᠭ ᠲᠤᠬᠠᠢ ᠳᠤ ᠨᠢ ᠠᠷᠢᠯᠭᠠᠬᠤ ᠬᠡᠷᠡᠭᠳᠡᠢ︔ ᠴᠠᠭ ᠲᠤᠬᠠᠢ ᠳᠤ ᠨᠢ ᠠᠷᠢᠯᠭᠠᠬᠤ ᠶᠢᠨ ᠠᠷᠭ᠎ᠠ ᠦᠬᠡᠢ ᠪᠤᠯ᠂ ᠨᠢᠰᠬᠡᠯ ᠤᠨ ᠪᠠᠭᠤᠳᠠᠯ ᠤᠨ ᠪᠠᠶᠢᠭ᠎ᠠ ᠭᠠᠵᠠᠷ ᠤᠨ ᠷᠠᠳᠢᠤ᠋ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠳᠠᠷᠤᠶᠢᠬᠠᠨ ᠨᠡᠪᠳᠡᠷᠡᠬᠦᠯᠬᠦ ᠬᠡᠷᠡᠭᠳᠡᠢ᠃ ᠨᠡᠪᠳᠡᠷᠡᠬᠦᠯᠬᠡ ᠶᠢ ᠲᠣᠰᠣᠨᠨᠰᠠᠨ ᠷᠠᠳᠢᠤ᠋ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠷᠭ᠎ᠠ ᠬᠡᠮᠵᠢᠶ᠎ᠡ ᠠᠪᠴᠤ᠂ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃︾ ᠭᠡᠵᠦ ᠵᠠᠰᠠᠪᠤᠷᠢ ᠣᠷᠣᠭᠤᠯᠪᠠ᠃      ᠲᠠᠪᠢᠨ ᠬᠤᠶᠠᠳᠤᠭᠠᠷ ᠵᠦᠢᠯ ᠳᠤ᠄ ︽ᠲᠦᠷᠦ ᠶᠢᠨ ᠪᠠᠶᠢᠭᠤᠯᠭ᠎ᠠ ᠶᠢᠨ ᠠᠵᠢᠯᠲᠠᠳ ᠨᠢ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠶᠠᠪᠤᠴᠠ ᠳᠤ᠂ ᠬᠤᠪᠢ ᠶᠢᠨ ᠨᠠᠶᠢᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠭᠰᠡᠨ᠂ ᠡᠭᠦᠷᠬᠡ ᠲᠤᠰᠢᠶᠠᠯ ᠳᠤ ᠪᠠᠨ ᠠᠯᠮᠠᠶᠢᠷᠠᠨ ᠤᠰᠤᠯᠳ᠋ᠬᠠᠰᠠᠨ᠂ ᠲᠤᠰᠢᠶᠠᠯ ᠤᠨ ᠡᠷᠬᠡ ᠪᠠᠨ ᠲᠤᠷ᠎ᠠ ᠪᠠᠷ ᠬᠡᠷᠡᠭᠯᠡᠭᠰᠡᠨ ᠪᠤᠯ ᠰᠢᠭᠤᠳ ᠬᠠᠷᠢᠭᠤᠴᠠᠵᠦ ᠪᠠᠶᠢᠭ᠎ᠠ ᠭᠤᠤᠯᠴᠢᠯᠠᠨ ᠬᠠᠮᠢᠶᠠᠷᠤᠨᠨᠴᠢ ᠪᠠ ᠪᠤᠰᠤᠳ ᠰᠢᠭᠤᠳ ᠬᠠᠷᠢᠭᠤᠴᠬᠠᠴᠢ ᠳᠤ ᠬᠠᠣᠯᠢ ᠶᠤᠰᠤᠭᠠᠷ ᠵᠠᠰᠠᠭ ᠵᠠᠬᠢᠷᠭᠠᠨ ᠤ ᠰᠢᠢᠳᠬᠡᠯ ᠤᠯᠭᠤᠨ᠎ᠠ︔ ᠶᠠᠯ᠎ᠠ ᠳᠤ ᠭᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃︾ ᠭᠡᠵᠦ ᠵᠠᠰᠠᠪᠤᠷᠢ ᠣᠷᠣᠭᠤᠯᠪᠠ᠃      ᠬᠤᠶᠠᠷ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠠᠭ ᠠᠭᠤᠷ ᠤᠨ ᠭᠠᠢ ᠭᠠᠮᠰᠢᠭ ᠤᠨ ᠰᠡᠷᠡᠮᠵᠢ ᠶᠢᠨ ᠲᠤᠬᠢᠶ᠎ᠡ ᠶᠢ ᠨᠡᠶᠢᠲᠡᠯᠡᠬᠦ ᠪᠠ ᠤᠯᠠᠮᠵᠢᠯᠠᠨ ᠲᠠᠷᠬᠠᠭᠠᠬᠤ ᠠᠷᠭ᠎ᠠ︾ ᠶᠢᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠲᠤ᠄ ︽ᠷᠠᠳᠢᠣ᠋ ᠲᠧᠯᠸᠢᠰ᠂ ᠰᠣᠶᠣᠯ ᠪᠠ ᠵᠢᠭᠤᠯᠴᠢᠯᠠᠯ᠂ ᠴᠢᠮᠡᠭᠡ ᠬᠤᠯᠪᠣᠭᠠᠨ ᠤ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ᠂ ᠤᠰᠤᠨ ᠤ ᠵᠠᠰᠠᠭ ᠵᠠᠬᠢᠷᠭᠠᠨ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠰᠡᠷᠡᠮᠵᠢᠯᠡᠭᠦᠯᠬᠦ ᠳᠣᠬᠢᠶ᠎ᠠ ᠶᠢ ᠣᠯᠠᠮᠵᠢᠯᠠᠨ ᠳᠠᠮᠵᠢᠭᠤᠯᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃︾ ᠭᠡᠵᠦ ᠵᠠᠰᠠᠪᠤᠷᠢ ᠣᠷᠣᠭᠤᠯᠪᠠ᠃      ᠳᠣᠯᠣᠳᠤᠭᠠᠷ ᠵᠦᠢᠯ ᠤᠨ ᠬᠤᠶᠠᠳᠤᠭᠠᠷ ᠵᠤᠷᠪᠤᠰ ᠲᠤ᠄ ︽ᠰᠤᠮᠤ ᠰᠢᠶᠠᠩ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠬᠠᠮᠵᠢᠭᠤᠯᠬᠤ ᠪᠠᠷ ᠠᠵᠢᠯᠲᠠᠨ ᠲᠤᠨᠨᠳᠠᠭᠠᠵᠦ᠂ ᠰᠡᠷᠡᠮᠵᠢᠯᠡᠭᠦᠯᠬᠦ ᠳᠣᠬᠢᠶᠠᠨ ᠤ ᠮᠡᠳᠡᠯᠭᠡ ᠶᠢᠨ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠳᠤ ᠬᠠᠷᠢᠯᠴᠠᠬᠤ᠂ ᠮᠡᠳᠡᠭᠡ ᠵᠠᠩᠭᠢ ᠳᠠᠮᠵᠢᠭᠤᠯᠬᠤ᠂ ᠭᠠᠢ ᠭᠠᠮᠰᠢᠭ ᠤᠨ ᠮᠡᠳᠡᠭᠦᠯᠦᠯᠲᠡ ᠪᠠ ᠭᠠᠢ ᠭᠠᠮᠰᠢᠭ ᠤᠨ ᠪᠠᠶᠢᠳᠠᠯ ᠤᠨ ᠪᠠᠶᠢᠴᠠᠭᠠᠯᠲᠠ ᠵᠡᠷᠭᠡ ᠠᠵᠢᠯ ᠢ ᠥᠷᠨᠢᠭᠦᠯᠬᠦ ᠬᠡᠷᠡᠭᠲᠡᠶ᠃︾ ᠭᠡᠵᠦ ᠵᠠᠰᠠᠪᠤᠷᠢ ᠣᠷᠣᠭᠤᠯᠪᠠ᠃      ᠠᠷᠪᠠᠨ ᠨᠢᠭᠡᠳᠦᠭᠡᠷ ᠵᠦᠢᠯ ᠤᠨ ᠬᠤᠶᠠᠳᠤᠭᠠᠷ ᠵᠣᠷᠪᠤᠰ ᠢ ᠬᠠᠰᠤᠪᠠ᠃      ᠬᠤᠷᠢᠨ ᠨᠢᠭᠡᠳᠦᠭᠡᠷ ᠵᠦᠢᠯ ᠳᠤ᠄ ︽ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯᠲᠠᠳ ᠨᠢ ᠰᠡᠷᠡᠮᠵᠢᠯᠡᠭᠦᠯᠬᠦ ᠳᠣᠬᠢᠶ᠎ᠠ ᠨᠡᠶᠢᠲᠡᠯᠡᠬᠦ ᠪᠠ ᠣᠯᠠᠮᠵᠢᠯᠠᠨ ᠳᠠᠮᠵᠢᠭᠤᠯᠬᠤ ᠠᠵᠢᠯ ᠤᠨ ᠶᠠᠪᠤᠴᠠ ᠳᠤ ᠡᠭᠦᠷᠬᠡ ᠲᠤᠰᠢᠶᠠᠯ ᠳᠤ ᠪᠠᠨ ᠠᠯᠮᠠᠶᠢᠷᠠᠨ ᠤᠰᠤᠯᠳ᠋ᠬᠠᠰᠠᠨ᠂ ᠬᠤᠪᠢ ᠶᠢᠨ ᠨᠠᠶᠢᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠭᠰᠡᠨ᠂ ᠲᠤᠰᠢᠶᠠᠯ ᠤᠨ ᠡᠷᠬᠡ ᠪᠠᠨ ᠲᠤᠷ᠎ᠠ ᠪᠠᠷ ᠬᠡᠷᠡᠭᠯᠡᠭᠰᠡᠨ ᠪᠤᠯ ᠰᠢᠭᠤᠳ ᠬᠠᠷᠢᠭᠤᠴᠠᠵᠦ ᠪᠠᠶᠢᠭ᠎ᠠ ᠭᠤᠤᠯᠴᠢᠯᠠᠨ ᠬᠠᠮᠢᠶᠠᠷᠤᠨᠨᠴᠢ ᠪᠠ ᠪᠤᠰᠤᠳ ᠰᠢᠭᠤᠳ ᠬᠠᠷᠢᠭᠤᠴᠬᠠᠴᠢ ᠳᠤ ᠬᠠᠣᠯᠢ ᠶᠤᠰᠤᠭᠠᠷ ᠵᠠᠰᠠᠭ ᠵᠠᠬᠢᠷᠭᠠᠨ ᠤ ᠰᠢᠢᠳᠬᠡᠯ ᠤᠯᠭᠤᠨ᠎ᠠ︔ ᠶᠠᠯ᠎ᠠ ᠳᠤ ᠭᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃︾ ᠭᠡᠵᠦ ᠵᠠᠰᠠᠪᠤᠷᠢ ᠣᠷᠣᠭᠤᠯᠪᠠ᠃            ᠳᠠᠭᠠᠯᠳᠤᠭᠤᠯᠤᠯ 2      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ      ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠤᠤᠷᠠᠬᠢ ᠤᠰᠤᠨ ᠤ ᠬᠠᠮᠢᠶᠠᠷᠤᠯᠲᠠ ᠶᠢᠨ ᠠᠷᠭ᠎ᠠ︾ ︵2013 ᠣᠨ ᠤ 8 ᠳ᠋ᠤᠭᠠᠷ ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 197 ᠳ᠋ᠤᠭᠠᠷ ᠲᠣᠭᠠᠲᠤ ᠪᠠᠷ ᠨᠡᠶᠢᠲᠡᠯᠡᠪᠡ 2018 ᠣᠨ ᠤ 1 ᠳ᠋ᠤᠬᠡᠷ ᠰᠠᠷ᠎ᠠ ᠶᠢᠨ 16 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 230 ᠳ᠋ᠤᠭᠠᠷ ᠲᠣᠭᠠᠲᠤ ᠶᠢ ᠦᠨᠳᠦᠰᠦᠯᠡᠵᠦ ᠵᠠᠰᠠᠪᠤᠷᠢ ᠣᠷᠣᠭᠤᠯᠪᠠ︶      ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠠᠳᠡᠯ ᠢ ᠰᠢᠢᠳᠪᠦᠷᠢᠯᠡᠬᠦ ᠠᠷᠭ᠎ᠠ︾︵2010 ᠣᠨ ᠤ 2 ᠳ᠋ᠤᠭᠠᠷ ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 170 ᠳ᠋ᠤᠭᠠᠷ ᠲᠣᠭᠠᠲᠤ ᠪᠠᠷ ᠨᠡᠶᠢᠲᠡᠯᠡᠪᠡ︶                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                            2022 ᠣᠨ ᠤ 5 ᠳ᠋ᠤᠭᠠᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ 

        365赢多少钱会被限额_国内有真正的365平台吗_365bet博彩官网

        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ

        365赢多少钱会被限额_国内有真正的365平台吗_365bet博彩官网