| 2022 ᠣᠨ ᠤ 6 ᠳ᠋ᠤᠭᠠᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠬᠦ | ᠴᠠᠭ ᠢᠶᠠᠨ ᠤᠷᠲᠤᠳᠬᠠᠬᠤ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠦᠢᠯᠡᠴᠢᠯᠡᠭᠡᠨ ᠲᠠᠷᠬᠠᠭᠠᠭᠰᠠᠨ ﹇2022﹈ 60 ᠳ᠋ᠤᠭᠠᠷ | ᠲᠣᠭᠠᠲᠤ᠂ ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠨᠡᠶᠢᠭᠡᠮ ᠨᠡᠶᠢᠲᠡ ᠳᠤ ︽ᠲᠥᠰᠦᠯ︾ ᠤᠨ ᠬᠠᠮᠢᠶ᠎ᠠ ᠪᠥᠬᠦᠶ | ᠠᠭᠤᠯᠭ᠎ᠠ ᠶᠢ ᠥᠷᠭᠡᠨ ᠢᠶᠠᠷ ᠵᠥᠪ ᠣᠶᠢᠯᠠᠭᠠᠭᠤᠯᠬᠤ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃ | ᠨᠢᠭᠡ᠂ ᠦᠢᠯᠡᠴᠢᠯᠡᠬᠦ ᠴᠠᠭ ᠢᠶᠠᠨ ᠤᠷᠲᠤᠳᠬᠠᠬᠤ ᠭᠡᠵᠦ ᠶᠠᠭᠤ ᠪᠤᠢ︖ | ᠦᠢᠯᠡᠴᠢᠯᠡᠬᠦ ᠴᠠᠭ ᠢᠶᠠᠨ ᠤᠷᠲᠤᠳᠬᠠᠬᠤ ᠭᠡᠳᠡᠭ ᠨᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠳ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠡᠷᠡᠭᠰᠡᠬᠦ ᠬᠦᠮᠦᠰ ᠤᠨ ᠱᠠᠭᠠᠷᠳᠠᠯᠭ᠎ᠠ ᠪᠠᠷ ᠠᠵᠢᠯᠯᠠᠬᠤ ᠴᠠᠭ ᠢᠶᠠᠨ ᠤᠷᠲᠤᠳᠬᠠᠬᠤ ᠶᠢ ᠵᠢᠭᠠᠵᠤ ᠪᠣᠶ᠃ | ᠬᠤᠶᠠᠷ᠂ ᠶᠠᠭᠤᠨ ᠳᠤ ︽ᠲᠥᠰᠦᠯ︾ ᠢ ᠲᠣᠭᠲᠠᠭᠠᠨ ᠨᠡᠶᠢᠲᠡᠯᠡᠭᠰᠡᠨ ᠪᠤᠢ︖ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠪᠠ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2021﹈ 28 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠲᠥᠰᠦᠯ︾ ᠢ | ᠰᠤᠳᠤᠯᠤᠨ ᠲᠣᠭᠲᠠᠭᠠᠭᠠᠳ᠂ ︽ ᠠᠵᠢᠯ ᠤᠨ ᠴᠠᠭ ᠲᠤ ᠬᠦᠢᠴᠡᠳᠬᠡᠬᠦ ᠵᠠᠪ ᠥᠬᠡᠶ︾ ︽ᠠᠮᠠᠷᠠᠯᠲᠠ ᠶᠢᠨ ᠴᠠᠭ ᠲᠤ ᠭᠦᠢᠴᠡᠳᠬᠡᠬᠦ ᠭᠠᠵᠠᠷ ᠥᠬᠡᠶ︾ | ︽ᠭᠦᠢᠴᠡᠳᠬᠡᠵᠦ ᠳᠠᠭᠤᠰᠤᠭ᠎ᠠ ᠥᠬᠡᠶ ᠠᠴᠠ ᠲᠠᠬᠢᠨᠳᠠ ᠬᠦᠶᠦᠬᠦ︾ ᠵᠡᠷᠭᠡ ᠬᠦᠴᠢᠷ ᠠᠰᠠᠭᠤᠳᠠᠯ ᠤᠳ ᠢ ᠦᠨᠡᠨ ᠬᠦ ᠰᠢᠢᠳᠪᠦᠷᠢᠯᠡᠵᠦ᠂ ᠪᠥᠬᠦ ᠣᠷᠣᠨ ᠤ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠳ ︽ᠡᠷᠲᠡ ᠣᠷᠣᠶ ᠶᠢᠨ ᠴᠠᠭ ᠢᠶᠠᠨ ᠤᠶᠠᠨ ᠬᠠᠲᠠᠨ ᠢᠶᠠᠷ ᠲᠣᠬᠢᠷᠠᠭᠤᠯᠤᠨ ᠠᠵᠢᠯᠯᠠᠬᠤ︾ | ︽ᠦᠳᠡ ᠳᠤ ᠲᠠᠰᠤᠯᠳᠠᠭᠤᠯᠬᠤ ᠥᠬᠡᠶ︾ ︽ᠭᠠᠷᠠᠭ ᠤᠨ ᠰᠡᠭᠦᠯᠴᠢ ᠳᠤ ᠠᠮᠠᠷᠠᠬᠤ ᠥᠬᠡᠶ︾ ᠵᠡᠷᠭᠡ ᠬᠠᠮᠢᠶ᠎ᠠ ᠪᠥᠬᠦᠶ ᠦᠢᠯᠡᠴᠢᠯᠡᠬᠦ ᠴᠠᠭ ᠢᠶᠠᠨ ᠤᠷᠲᠤᠳᠬᠠᠭᠰᠠᠨ | ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠂ | ᠠᠵᠤ ᠠᠬᠤᠶᠢᠯᠠᠯ ᠪᠠ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ | ᠭᠤᠷᠪᠠ᠂ ᠬᠠᠮᠢᠭ᠎ᠠ ᠬᠠᠮᠢᠭ᠎ᠠ ᠦᠢᠯᠡᠴᠢᠯᠡᠬᠦ ᠴᠠᠭ ᠢᠶᠠᠨ ᠤᠷᠲᠤᠳᠬᠠᠬᠤ ᠪᠤᠢ︖ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠬᠦ | ᠴᠠᠭ ᠢᠶᠠᠨ ᠤᠷᠲᠤᠳᠬᠠᠨ᠎ᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠵᠢᠴᠢ ᠠᠵᠤ | ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠢᠯᠡᠴᠢᠯᠡᠬᠦ ᠴᠠᠭ ᠢᠶᠠᠨ ᠤᠷᠲᠤᠳᠬᠠᠬᠤ ᠶᠢ ᠵᠣᠷᠢᠭᠵᠢᠭᠤᠯᠤᠨ᠎ᠠ᠃ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ 2022 ᠣᠨ ᠤ 7 ᠳ᠋ᠤᠭᠠᠷ ᠰᠠᠷ᠎ᠠ ᠶᠢᠨ 16 ᠤ ᠡᠳᠦᠷ ᠠᠴᠠ ᠡᠬᠢᠯᠡᠨ᠂ ᠦᠢᠯᠡᠴᠢᠯᠡᠬᠦ | ᠴᠠᠭ ᠢᠶᠠᠨ ᠤᠷᠲᠤᠳᠬᠠᠨ᠎ᠠ᠃ ᠨᠢᠭᠡ ᠳᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠤᠨ ᠬᠠᠮᠢᠶ᠎ᠠ ᠪᠥᠬᠦᠶ | ᠲᠤᠬᠠᠶᠢᠯᠠᠭᠰᠠᠨ ᠠᠵᠢᠯ ᠤᠨ ᠴᠣᠩᠬᠤᠪᠴᠢ ᠨᠢ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠪᠦᠷᠢ ᠶᠢᠨ 9᠄ 00 — 12᠄ 00 ᠴᠠᠭ ᠪᠣᠯᠲᠠᠯ᠎ᠠ ᠭᠥᠯᠢᠶᠡᠨ | ᠠᠪᠴᠤ ᠰᠢᠢᠳᠪᠦᠷᠢᠯᠡᠵᠦ ᠪᠣᠯᠬᠤ ᠵᠦᠢᠯᠡᠰ ᠢ ᠦᠢᠯᠡᠴᠢᠯᠡᠬᠦ ᠴᠠᠭ ᠢᠶᠠᠨ ᠤᠷᠲᠤᠳᠬᠠᠨ ᠭᠦᠢᠴᠡᠳᠬᠡᠨ᠎ᠡ ︵ᠡᠯ᠎ᠡ ᠭᠠᠵᠠᠷ ᠣᠷᠣᠨ ᠨᠤᠭᠤᠳ ᠪᠣᠳᠠᠲᠠᠶ ᠪᠠᠶᠢᠳᠠᠯ ᠢᠶᠠᠨ | ᠦᠨᠳᠦᠰᠦᠯᠡᠨ ᠦᠢᠯᠡᠴᠢᠯᠡᠭᠡᠨ ᠤ ᠴᠠᠭ ᠢᠶᠠᠨ ᠤᠷᠲᠤᠳᠬᠠᠨ᠎ᠠ︶᠃ ᠬᠤᠶᠠᠷ ᠲᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ 365赢多少钱会被限额_国内有真正的365平台吗_365bet博彩官网 | ᠲᠥᠪ ᠨᠢ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠲᠤ᠂ ᠦᠢᠯᠡᠴᠢᠯᠡᠭᠦᠯᠬᠦ ᠬᠦᠮᠦᠰ ᠰᠢᠢᠳᠪᠦᠷᠢᠯᠡᠵᠦ ᠳᠠᠭᠤᠰᠤᠭᠠᠳᠤᠶ ᠵᠦᠢᠯᠡᠰ ᠢ ᠶᠠᠭ ᠭᠦᠢᠴᠡᠳᠬᠡᠵᠦ | ᠪᠠᠶᠢᠭ᠎ᠠ ᠦᠶ᠎ᠡ ᠳᠤ᠂ ᠦᠢᠯᠡᠴᠢᠯᠡᠭᠡᠨ ᠤ ᠠᠵᠢᠯᠲᠠᠨ ᠰᠠᠨᠠᠭᠠᠴᠢᠯᠠᠭ᠎ᠠ ᠠᠴᠠ ᠪᠠᠨ ᠴᠠᠭ ᠢᠶᠠᠨ ᠤᠷᠲᠤᠳᠬᠠᠨ ᠭᠦᠢᠴᠡᠳᠬᠡᠵᠦ ᠳᠠᠭᠤᠰᠲᠠᠯ᠎ᠠ ᠦᠢᠯᠡᠴᠢᠯᠡᠨ᠎ᠡ᠃ ᠭᠤᠷᠪᠠ ᠳᠤ᠂ | ᠦᠨᠡᠬᠡᠷ ᠣᠬᠤᠷ ᠬᠤᠭᠤᠴᠠᠭᠠᠨ ᠤ ᠳᠣᠲᠣᠷ᠎ᠠ ᠲᠥᠪᠯᠡᠷᠡᠭᠦᠯᠦᠨ ᠰᠢᠢᠳᠪᠦᠷᠢᠯᠡᠬᠦ ᠴᠢᠬᠤᠯᠠᠲᠠᠶ ᠵᠠᠰᠠᠭ ᠤᠨ ᠶᠠᠪᠤᠳᠠᠯ ᠤᠨ ᠦᠢᠯᠡᠴᠢᠯᠡᠬᠦ ᠵᠦᠢᠯᠡᠰ ᠲᠤ᠂ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠪᠠᠶᠢᠳᠠᠯ ᠢ ᠦᠨᠳᠦᠰᠦᠯᠡᠨ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠤᠨ ᠣᠷᠣᠢ ᠶᠢᠨ ᠴᠠᠭ ᠪᠠ ᠪᠠᠶᠠᠷ | ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠦᠢᠯᠡᠴᠢᠯᠡᠨ᠎ᠡ᠃ ᠳᠥᠷᠪᠡ ᠳᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ | ᠬᠤᠪᠢᠶᠠᠷᠢ ᠲᠥᠪ ᠨᠢ 24 ᠴᠠᠭ ᠤᠨ ᠠᠦ᠋ᠲ᠋ᠣ᠋ ᠦᠢᠯᠡᠴᠢᠯᠡᠭᠡ ᠬᠠᠩᠭᠠᠵᠤ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠳ ᠲᠤ | ᠪᠣᠯᠵᠣᠬᠤ ᠦᠢᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ᠭᠦᠢᠴᠡᠳᠬᠡᠬᠦ ᠵᠦᠢᠯᠡᠰ ᠲᠤ ᠴᠠᠭ ᠢᠶᠠᠨ ᠤᠷᠲᠤᠳᠬᠠᠨ ᠦᠢᠯᠡᠴᠢᠯᠡᠨ᠎ᠡ᠃ | ᠳᠥᠷᠪᠡ᠂ ᠶᠠᠮᠠᠷ ᠶᠠᠮᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠦᠢᠯᠡᠴᠢᠯᠡᠬᠦ ᠴᠠᠭ ᠢ ᠤᠷᠲᠤᠳᠬᠠᠵᠤ ᠪᠣᠯᠬᠤ ᠪᠣᠶ︖ | ᠭᠤᠤᠯᠳᠠᠭᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ ᠵᠡᠷᠭᠡ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠪᠠᠭᠲᠠᠭᠠᠨ᠎ᠠ᠃ | ᠲᠠᠪᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠢ ᠬᠡᠷᠬᠢᠨ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠤᠢ︖ | ᠨᠢᠭᠡ ᠳᠤ᠂ ᠠᠵᠢᠯ ᠤᠨ ᠠᠭᠤᠯᠭ᠎ᠠ ᠶᠢ ᠲᠣᠳᠣᠷᠬᠠᠶᠢᠯᠠᠪᠠ᠃ ᠡᠯ᠎ᠡ ᠭᠠᠵᠠᠷ ᠣᠷᠣᠨ ᠨᠤᠭᠤᠳ ︽ᠲᠥᠰᠦᠯ︾ ᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠦᠢᠯᠡᠴᠢᠯᠡᠬᠦ ᠴᠠᠭ ᠢᠶᠠᠨ ᠤᠷᠲᠤᠳᠬᠠᠬᠤ ᠶᠢ ᠬᠡᠷᠡᠭᠵᠢᠭᠦᠯᠬᠦ ᠲᠥᠰᠦᠯ ᠲᠣᠭᠲᠠᠭᠠᠨ᠎ᠠ᠃ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠪᠣᠳᠠᠲᠠᠶ ᠪᠠᠨ ᠦᠨᠳᠦᠰᠦᠯᠡᠨ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠦᠢᠯᠡᠴᠢᠯᠡᠬᠦ ᠴᠠᠭ ᠢ ᠤᠷᠲᠤᠳᠬᠠᠭᠰᠠᠨ ᠴᠣᠩᠬᠤᠪᠴᠢ ᠶᠢ ᠵᠦᠶ ᠵᠣᠬᠢᠰᠲᠠᠶ ᠪᠠᠷ ᠨᠡᠭᠡᠭᠡᠬᠦ ᠶᠢ ᠲᠣᠳᠤᠷᠬᠠᠶᠢᠯᠠᠨ᠎ᠠ᠃ ᠥᠪᠥᠷ ᠮᠣᠩᠭᠤᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠲᠤ ᠰᠦᠯᠵᠢᠶᠡᠨ ᠳᠡᠭᠡᠷ᠎ᠡ ︽ᠦᠢᠯᠡᠴᠢᠯᠡᠬᠦ ᠴᠠᠭ ᠢᠶᠠᠨ | ᠤᠷᠲᠤᠳᠬᠠᠬᠤ︾ ᠲᠤᠰᠬᠠᠶ ᠪᠣᠯᠤᠩ ᠭᠠᠷᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠬᠠᠨᠳᠤᠭᠤᠯᠤᠭᠰᠠᠨ ᠦᠢᠯᠡᠴᠢᠯᠡᠬᠦ ᠴᠠᠭ ᠢᠶᠠᠨ ᠤᠷᠲᠤᠳᠬᠠᠬᠤ | ᠵᠦᠢᠯᠡᠰ ᠤᠨ ᠨᠠᠷᠢᠨ ᠬᠠᠭᠤᠳᠠᠰᠤ᠂ ᠦᠢᠯᠡᠴᠢᠯᠡᠭᠡ ᠪᠣᠯᠵᠤᠬᠤ ᠤᠲᠠᠰᠤ᠂ ᠠᠰᠠᠭᠤᠨ ᠯᠠᠪᠯᠠᠬᠤ ᠤᠲᠠᠰᠤ ᠶᠢᠨ ᠨᠢᠭᠡᠳᠦᠯᠲᠡᠶ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ | ᠬᠠᠩᠭᠠᠬᠤ ᠪᠠᠨ ᠲᠣᠳᠤᠷᠬᠠᠶᠢᠯᠠᠨ᠎ᠠ᠃ | ᠬᠤᠶᠠᠷ ᠲᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶ ᠪᠣᠯᠭᠠᠵᠠᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ | ᠬᠤᠪᠢᠶᠠᠷᠢ ᠲᠥᠪ ᠨᠢ ᠲᠣᠰ ᠱᠠᠲᠤᠨ ᠤ ᠦᠢᠯᠡᠴᠢᠯᠡᠭᠡᠨ ᠤ ᠲᠥᠪ ᠲᠤ ᠣᠷᠣᠵᠤ ᠰᠠᠭᠤᠬᠤ ᠰᠠᠯᠠᠭ᠎ᠠ ᠮᠥᠴᠢᠷ ᠤᠳ ᠢ ᠵᠣᠬᠢᠴᠠᠭᠤᠯᠵᠤ ᠪᠠᠶᠢᠭᠠᠳ ᠦᠢᠯᠡᠴᠢᠯᠡᠬᠦ | ᠴᠠᠭ ᠢᠶᠠᠨ ᠤᠷᠲᠤᠳᠬᠠᠬᠤ ᠦᠢᠯᠡᠴᠢᠯᠡᠭᠡᠨ ᠤ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠦᠢᠯᠡᠴᠢᠯᠡᠭᠡᠨ ᠤ ᠡᠭᠡᠯᠵᠢ ᠶᠢ ᠵᠦᠶ ᠵᠣᠬᠢᠰᠲᠠᠶ | ᠳᠣᠭᠢᠷᠠᠭᠤᠯᠤᠨ᠂ ᠠᠵᠢᠯ ᠳᠤ ᠪᠠᠨ ᠢᠷᠡᠬᠦ ᠶᠢ ᠲᠡᠮᠳᠡᠭᠯᠡᠬᠦ ᠲᠦᠷᠢᠮ ᠢ ᠴᠢᠩᠭᠠᠷᠠᠭᠤᠯᠵᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠦᠢᠯᠡᠴᠢᠯᠡᠭᠡᠨ ᠤ | ᠵᠢᠵᠢᠭᠦᠷᠴᠢᠳ ᠤᠨ ᠡᠭᠡᠯᠵᠢᠯᠡᠨ ᠠᠮᠠᠷᠠᠬᠤ ᠨᠥᠬᠦᠵᠦ ᠠᠮᠠᠷᠠᠬᠤ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠤᠨ᠂ ᠠᠵᠢᠯᠲᠠᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠵᠤ᠂ ᠴᠠᠭ ᠢᠶᠠᠨ ᠤᠷᠲᠤᠳᠬᠠᠨ ᠦᠢᠯᠡᠴᠢᠯᠡᠬᠦ ᠳᠤ ᠣᠷᠣᠯᠴᠠᠬᠤ ᠠᠵᠢᠯᠲᠠᠨ ᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ | ᠳᠠᠶᠢᠴᠢᠯᠠᠨ᠎ᠠ᠃ ᠵᠢᠯᠣᠭᠤᠳᠬᠤ ᠪᠠ ᠬᠢᠨᠠᠯᠲᠠ ᠲᠠᠯᠪᠢᠨ ᠬᠢᠨᠠᠨ ᠰᠢᠯᠭᠠᠬᠤ ᠶᠢ ᠴᠢᠩᠭᠠᠳᠬᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠲᠦᠰᠢᠭᠯᠡᠨ ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠢ ᠳᠡᠯᠭᠡᠷᠡᠭᠦᠯᠬᠦ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠤᠳ ᠢ ᠴᠤᠭᠯᠠᠭᠤᠯᠤᠨ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠶᠢᠨ ᠬᠢᠨᠠᠯᠲᠠ ᠶᠢ ᠬᠦᠯᠢᠶᠡᠨ᠎ᠡ᠃ ᠦᠢᠯᠡᠴᠢᠯᠡᠬᠦ ᠴᠠᠭ ᠢᠶᠠᠨ ᠤᠷᠲᠤᠳᠬᠠᠬᠤ | ᠠᠵᠢᠯ ᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠣᠨ ᠤ ᠰᠢᠯᠭᠠᠯᠲᠠ ᠳᠤ ᠣᠷᠣᠭᠤᠯᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠨ᠎ᠠ᠃ | ᠭᠤᠷᠪᠠ ᠳᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠰᠣᠨᠢᠨ ᠰᠡᠳᠬᠦᠯ᠂ | ᠷᠠᠳᠢᠣ᠋ ᠲᠧᠯᠸᠢᠰ᠂ ᠢᠨᠲ᠋ᠧᠷ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠬᠠᠮᠢᠶ᠎ᠠ ᠪᠥᠬᠦᠶ ᠮᠡᠳᠡᠭᠡ ᠵᠠᠩᠭᠢ ᠪᠠ ᠰᠣᠨᠢᠨ ᠮᠡᠳᠡᠭᠡ ᠮᠡᠳᠡᠭᠡᠯᠡᠯ ᠢ ᠴᠠᠭ | ᠲᠤᠬᠠᠶ ᠳᠤ ᠨᠢ ᠣᠨᠣᠪᠴᠢᠲᠠᠶ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢ ᠠᠷᠠᠳ ᠲᠦᠮᠡᠨ ᠳᠤ ᠣᠶᠢᠯᠠᠭᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ | ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ |