内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2022/8/23
                ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                        ᠦᠪᠦᠷ ᠵᠠᠰᠠᠭ ᠠᠯᠪᠠᠨ ᠲᠠᠷᠬᠠᠭᠠᠭᠰᠠᠨ ﹇2022﹈ 24 ᠳ᠋ᠦ᠋ᠭᠡᠷ ᠲᠣᠭᠠᠲᠤ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 59 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠴᠢᠨᠠᠷ ᠰᠠᠶᠢᠲᠠᠶ ᠬᠥᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠶᠢ ᠳᠤᠤᠷᠠᠬᠢ ᠮᠡᠲᠦ ᠮᠡᠳᠡᠭᠳᠡᠪᠡ᠃      ᠨᠢᠭᠡ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ      ︵ᠨᠢᠭᠡ︶ ᠳᠣᠲᠣᠭᠠᠳᠤ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠠᠷᠠᠯᠵᠢᠶᠠᠨ ᠤ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠠᠵᠤ ᠦᠢᠯᠡᠰ ᠤᠨ ᠰᠢᠯᠢᠳᠡᠭᠵᠢᠬᠦ ᠪᠠ ᠦᠢᠯᠡᠳᠬᠦᠨ ᠤ ᠲᠠᠰ ᠳᠡᠪᠰᠢᠬᠦ ᠶᠢ ᠳᠣᠪᠤᠶᠢᠯᠭᠠᠨ᠂ ᠳᠣᠲᠣᠭᠠᠳᠤ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ ᠠᠭᠤᠰᠤᠯᠴᠠᠯ ᠢ ᠠᠬᠢᠭᠤᠯᠵᠤ᠂ ᠥᠨᠳᠥᠷ ᠨᠡᠮᠡᠯᠲᠡ ᠥᠷᠲᠡᠭ ᠲᠠᠢ ᠦᠢᠯᠡᠳᠬᠦᠨ ᠪᠠ ᠴᠢᠨᠠᠷ ᠰᠠᠶᠢᠲᠠᠶ ᠪᠣᠬᠢᠷᠲᠤᠯ ᠥᠬᠡᠶ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠤᠬᠠᠭᠤᠯᠤᠨ ᠲᠠᠨᠢᠯᠴᠠᠭᠤᠯᠬᠤ ᠪᠠᠨ ᠴᠢᠩᠭᠠᠳᠬᠠᠨ᠂ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠲᠠᠪᠴᠠᠩ ᠨᠢ ᠴᠢᠳᠠᠮᠵᠢ ᠶᠢᠨ ᠪᠠᠶᠢᠷᠢ ᠲᠣᠭᠲᠠᠭᠠᠯᠲᠠ ᠲᠠᠢ ᠪᠠᠨ ᠤᠶᠠᠯᠳᠤᠭᠤᠯᠤᠨ ᠠᠵᠤ ᠦᠢᠯᠡᠰ ᠤᠨ ᠬᠡᠯᠬᠢᠶ᠎ᠡ ᠳᠤ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠠᠵᠢᠯ ᠢ ᠦᠷᠨᠢᠭᠦᠯᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠬᠠᠩᠭᠠᠯᠭ᠎ᠠ ᠶᠢᠨ ᠬᠡᠯᠬᠢᠶᠡᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠠᠮᠵᠢᠵᠤ᠂ ᠣᠯᠠᠨ ᠤᠯᠤᠰ ᠲᠠᠬᠢ ᠥᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠦᠨ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠤᠶᠠᠨᠯᠢᠭ ᠴᠢᠨᠠᠷ ᠢ ᠨᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠨᠧᠷᠭᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠤᠤᠷᠠᠬᠢ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠤᠨ᠎ᠠ᠂ ᠳᠠᠭᠢᠵᠤ ᠵᠢᠭᠰᠠᠭᠠᠨ ᠲᠣᠳᠣᠷᠬᠠᠶᠢᠯᠠᠬᠤ ᠥᠬᠡᠶ︶      ︵ᠬᠤᠶᠠᠷ︶ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠲᠠᠯᠳᠠ ᠬᠦᠴᠦᠨ ᠢ ᠠᠭᠤᠳᠠᠯᠤᠨ᠎ᠡ᠃ ᠬᠡᠷᠡᠭᠯᠡᠭᠡ ᠶᠢᠨ ᠲᠠᠰ ᠳᠡᠪᠰᠢᠬᠦ ᠰᠢᠨ᠎ᠡ ᠬᠠᠨᠳᠤᠰᠢ ᠳᠤ ᠨᠡᠶᠢᠴᠡᠭᠦᠯᠦᠨ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷ ᠦᠢᠯᠡᠳᠬᠦᠨ ᠪᠣᠯᠣᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠳᠣᠲᠣᠭᠠᠳᠤ ᠭᠠᠳᠠᠭᠠᠳᠤ ᠠᠷᠠᠯᠵᠢᠶᠠᠨ ᠤ ᠲᠣᠭᠠᠵᠢᠭᠤᠯᠬᠤ ᠬᠥᠭᠵᠢᠯᠲᠡ ᠳᠤ ᠲᠦᠰᠢᠭᠯᠡᠨ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ᠂ ᠬᠠᠩᠭᠠᠯᠭ᠎ᠠ ᠬᠡᠷᠡᠭᠴᠡᠭᠡ ᠶᠢ ᠢᠵᠢᠯᠢᠰᠢᠭᠦᠯᠬᠦ ᠪᠠ ᠬᠡᠷᠡᠭᠯᠡᠭᠡ ᠶᠢᠨ ᠬᠠᠩᠭᠠᠯᠭ᠎ᠠ ᠶᠢ ᠠᠬᠢᠭᠤᠯᠤᠨ᠎ᠠ᠃ ᠬᠤᠲᠠ ᠶᠢᠨ ᠬᠤᠳᠠᠯᠳᠤᠭᠠᠨ ᠤ ᠲᠣᠭᠲᠠᠯᠴᠠᠭ᠎ᠠ ᠶᠢ ᠳᠡᠭᠡᠭᠰᠢᠯᠡᠭᠦᠯᠵᠦ᠂ ᠬᠥᠬᠡᠬᠤᠲᠠ ᠶᠢᠨ ᠣᠷᠣᠨ ᠪᠦᠰᠡ ᠶᠢᠨ ᠣᠳᠣ ᠦᠶ᠎ᠡ ᠶᠢᠨ ᠬᠡᠷᠡᠭᠯᠡᠭᠡ ᠶᠢᠨ ᠲᠥᠪ ᠢ ᠪᠠᠶᠢᠭᠤᠯᠤᠨ᠎ᠠ᠃ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠬᠥᠭᠵᠢᠯᠲᠡ ᠶᠢ ᠠᠬᠢᠭᠤᠯᠵᠤ᠂ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠵᠢᠵᠢᠭᠯᠡᠨ ᠬᠤᠳᠠᠯᠳᠤᠬᠤ ᠪᠣᠳᠠᠲᠤ ᠴᠣᠭᠴᠠ ᠶᠢᠨ ᠠᠵᠤ ᠠᠬᠤᠶᠢᠯᠠᠯ ᠤᠨ ᠪᠠᠷᠢᠮᠵᠢᠶᠠᠵᠢᠭᠤᠯᠤᠨ᠂ ᠮᠡᠳᠡᠭᠡ ᠵᠠᠩᠭᠢᠴᠢᠯᠠᠨ᠂ ᠤᠶᠤᠨᠴᠢᠯᠠᠨ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠬᠦ ᠶᠢ ᠨᠢ ᠵᠣᠷᠢᠭᠵᠢᠭᠤᠯᠵᠤ᠂ ᠪᠣᠷᠣᠯᠠᠭᠤᠯᠬᠤ ᠵᠠᠭᠪᠤᠷ ᠲᠤ ᠰᠢᠨ᠎ᠡ ᠶᠢ ᠡᠭᠦᠳᠦᠨ᠎ᠡ᠃ ᠦᠢᠯᠡᠴᠢᠯᠡᠭᠡᠨ ᠤ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠬᠦᠷᠢᠶ᠎ᠡ ᠴᠠᠷᠠᠭ᠎ᠠ ᠶᠢᠨ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠶᠢ ᠠᠭᠤᠰᠤᠯᠴᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠨ ᠬᠤᠳᠠᠯᠳᠤᠵᠤ ᠠᠪᠤᠭᠤᠯᠬᠤ᠂ ᠠᠮᠲᠠᠲᠤ ᠢᠳᠡᠭᠡᠨ ᠤ ᠴᠤᠭᠯᠠᠭᠠᠨ᠂ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠵᠣᠬᠢᠶᠠᠨ ᠪᠠᠶᠢᠭᠤᠯᠵᠤ ᠥᠷᠨᠢᠭᠦᠯᠬᠦ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠡᠵᠡᠩᠨᠡᠬᠦ ᠶᠢ ᠨᠢ ᠳᠡᠮᠵᠢᠨ᠎ᠡ᠃ ᠭᠠᠳᠠᠭᠠᠳᠤ ᠠᠷᠠᠯᠵᠢᠶᠠᠨ ᠤ ᠲᠦᠷᠦ ᠶᠢᠨ ᠪᠤᠳᠤᠯᠭ᠎ᠠ ᠶᠢᠨ ᠪᠣᠳᠠᠲᠤ ᠪᠣᠯᠪᠠᠰᠤᠷᠠᠯ ᠢ ᠭᠦᠨᠵᠡᠭᠡᠢ ᠥᠷᠨᠢᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠᠷᠠᠯᠵᠢᠶᠠᠨ ᠤ ᠰᠢᠨ᠎ᠡ ᠠᠷᠭ᠎ᠠ ᠵᠠᠮ ᠨᠡᠭᠡᠭᠡᠬᠦ ᠶᠢ ᠲᠡᠮᠵᠢᠨ᠎ᠡ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠵᠤ᠂ ᠨᠠᠩ ᠣᠯᠠᠨ ᠵᠢᠵᠢᠭ ᠪᠢᠴᠢᠯ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠠᠶᠢᠴᠢᠯᠠᠨ᠎ᠠ᠃ ᠨᠠᠷᠠᠲᠤ ᠲᠡᠮᠳᠡᠭ ᠢᠶᠠᠨ ᠳᠡᠭᠡᠭᠰᠢᠯᠡᠭᠦᠯᠬᠦ ᠠᠵᠢᠯᠯᠠᠭᠠᠨ ᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠭᠠᠳᠠᠭᠠᠳᠤ ᠠᠴᠠ ᠣᠷᠤᠭᠤᠯᠬᠤ ᠪᠦᠲᠦᠭᠡᠭᠳᠡᠭᠦᠨ ᠤ ᠦᠵᠡᠰᠬᠦᠯᠡᠩ᠂ ᠬᠡᠷᠡᠭᠯᠡᠭᠴᠢᠳ ᠤᠨ ᠦᠵᠡᠰᠬᠦᠯᠡᠩ ᠵᠡᠷᠭᠡ ᠤᠯᠤᠰ ᠤᠨ ᠳᠣᠲᠣᠭᠠᠳᠤ ᠳᠠᠬᠢ ᠭᠤᠤᠯᠳᠠᠯᠭ᠎ᠠ ᠪᠣᠯᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠤ ᠦᠵᠡᠰᠬᠦᠯᠡᠩ ᠢ ᠭᠦᠢᠴᠡᠳ ᠠᠰᠢᠭᠯᠠᠵᠤ ᠪᠠᠶᠢᠭᠠᠳ ᠦᠵᠡᠰᠬᠦᠯᠡᠩ ᠡᠷᠭᠢᠯᠡᠵᠦ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠬᠢᠭᠡᠳ ᠠᠷᠠᠯᠵᠢᠶ᠎ᠠ ᠬᠤᠳᠠᠯᠳᠤᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠯᠤᠭ᠎ᠠ ᠬᠠᠩᠭᠠᠯᠭ᠎ᠠ ᠬᠡᠷᠡᠭᠴᠡᠭᠡ ᠶᠢ ᠨᠢ ᠵᠠᠯᠭᠠᠯᠳᠤᠭᠤᠯᠬᠤ ᠶᠢ ᠠᠬᠢᠭᠤᠯᠤᠨ᠎ᠠ᠃ ᠣᠷᠣᠨ ᠤ ᠳᠣᠲᠣᠷ᠎ᠠ ᠭᠠᠳᠠᠨᠠᠬᠢ ᠭᠤᠤᠯᠳᠠᠯᠭ᠎ᠠ ᠪᠣᠯᠬᠤ ᠬᠡᠷᠡᠭᠯᠡᠭᠡ ᠶᠢᠨ ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠴᠤᠭᠯᠠᠭᠠᠨ ᠦᠵᠡᠰᠬᠦᠯᠡᠩ ᠪᠠ ᠵᠠᠯᠭᠠᠯᠳᠤᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠨᠠᠩ ᠣᠯᠠᠨ ᠴᠢᠨᠠᠷ ᠰᠠᠶᠢᠲᠠᠶ᠂ ᠪᠣᠬᠢᠷᠲᠤᠯ ᠥᠬᠡᠶ ︽ᠥᠪᠥᠷ ᠮᠣᠩᠭᠤᠯ ᠨᠡᠷᠡᠮᠵᠢᠲᠦ︾ ᠦᠢᠯᠡᠳᠬᠦᠨ ᠢᠶᠠᠨ ᠪᠥᠬᠦ ᠤᠯᠤᠰ᠂ ᠳᠡᠯᠡᠬᠡᠶ ᠳᠤ ᠴᠢᠭᠯᠡᠬᠦ ᠶᠢ ᠠᠬᠢᠭᠤᠯᠤᠨ᠂ ᠦᠢᠯᠡᠳᠬᠦᠨ ᠤ ᠮᠠᠭᠲᠠᠭᠠᠯ ᠰᠠᠶᠢᠰᠢᠶᠠᠯ ᠪᠠ ᠨᠠᠷᠠᠲᠤ ᠲᠡᠮᠳᠡᠭ ᠤᠨ ᠨᠡᠷ᠎ᠡ ᠴᠤᠤ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠬᠤᠶᠠᠷ᠂ ᠬᠤᠶᠠᠷ ᠵᠠᠬ᠎ᠠ ᠳᠡᠯᠭᠡᠭᠦᠷ ᠪᠠ ᠬᠤᠶᠠᠷ ᠵᠦᠢᠯ ᠤᠨ ᠡᠬᠢ ᠪᠠᠶᠠᠯᠢᠭ ᠢ ᠠᠰᠢᠭᠯᠠᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ      ︵ᠳᠥᠷᠪᠡ︶ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠠᠭᠤᠰᠤᠯᠴᠠᠨ ᠬᠥᠭᠵᠢᠬᠦ ᠵᠠᠭᠪᠤᠷ ᠢ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠴᠢᠯᠥᠭᠡᠲᠦ ᠠᠷᠠᠯᠵᠢᠶᠠᠨ ᠤ ᠭᠠᠷᠠᠮ ᠤᠨ ᠲᠡᠷᠢᠭᠦᠨ ᠤ ᠲᠤᠷᠰᠢᠯᠭ᠎ᠠ ᠶᠢ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠢᠶᠠᠷ ᠪᠠᠷᠢᠮᠵᠢᠶ᠎ᠠ ᠪᠣᠯᠭᠠᠵᠤ ᠥᠨᠳᠥᠷ ᠬᠢᠷᠢ ᠲᠦᠪᠰᠢᠨ ᠤ ᠳᠦᠷᠢᠮ ᠤᠨ ᠬᠡᠯᠪᠡᠷᠢ ᠪᠦᠬᠦᠢ ᠨᠡᠭᠡᠭᠡᠯᠲᠡ ᠶᠢ ᠠᠬᠢᠭᠤᠯᠤᠨ᠂ ᠳᠣᠲᠣᠭᠠᠳᠤ ᠭᠠᠳᠠᠭᠠᠳᠤ ᠠᠷᠠᠯᠵᠢᠶᠠᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠳᠠᠬᠢ ᠤᠯᠤᠰ ᠤᠨ ᠲᠡᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢᠨ ᠭᠠᠵᠠᠷ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠵᠡᠷᠭᠡ ᠲᠠᠪᠴᠠᠩ ᠤᠨ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠠᠭᠤᠰᠤᠯᠴᠠᠨ ᠬᠥᠭᠵᠢᠬᠦ ᠰᠢᠨ᠎ᠡ ᠵᠠᠭᠪᠤᠷ᠂ ᠰᠢᠨ᠎ᠡ ᠠᠷᠭ᠎ᠠ ᠪᠠᠷᠢᠯ ᠢ ᠢᠳᠡᠪᠬᠢᠲᠡᠶ ᠰᠦᠪᠡᠭᠴᠢᠯᠡᠨ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠪᠠᠶᠢᠭᠤᠯᠤᠯ ᠲᠣᠭᠲᠠᠴᠠ ᠶᠢ ᠨᠢ ᠵᠠᠯᠭᠠᠯᠳᠤᠭᠤᠯᠬᠤ ᠪᠠ ᠨᠢᠭᠡ ᠴᠣᠭᠴᠠᠵᠢᠨ ᠬᠥᠭᠵᠢᠬᠦ ᠶᠢ ᠨᠢ ᠠᠬᠢᠭᠤᠯᠤᠨ᠎ᠠ᠃ ᠬᠥᠬᠡᠬᠤᠲᠠ᠂ ᠤᠯᠠᠭᠠᠨᠬᠠᠳᠠ᠂ ᠣᠷᠳᠣᠰ᠂ ᠮᠠᠨᠵᠤᠤᠷ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ︽ᠵᠢᠷᠭᠤᠭᠠᠨ ᠲᠣᠭᠲᠠᠯᠴᠠᠭ᠎ᠠ︾ ︵ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠣᠶᠤᠨᠴᠢ ᠪᠠᠷᠠᠭᠠᠨ ᠤ ᠭᠦᠢᠯᠭᠡᠭᠡᠨ᠂ ᠡᠯᠧᠺᠲᠷᠣᠨ ᠬᠤᠳᠠᠯᠳᠤᠭᠠᠨ ᠤ ᠦᠨᠡᠨᠴᠢ ᠢᠲᠡᠭᠡᠮᠵᠢ᠂ ᠲᠤᠭ᠎ᠠ ᠪᠦᠷᠢᠳᠬᠡᠯ ᠤᠨ ᠬᠢᠨᠠᠨ ᠰᠢᠨᠵᠢᠯᠲᠡ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ︶ ᠪᠠ ︽ᠬᠤᠶᠠᠷ ᠲᠠᠪᠴᠠᠩ︾ ︵ᠰᠦᠯᠵᠢᠶᠡᠨ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ᠂ ᠰᠦᠯᠵᠢᠶᠡᠨ ᠠᠴᠠ ᠭᠠᠳᠠᠭᠤᠷᠬᠢ ᠠᠵᠤ ᠦᠢᠯᠡᠰ ᠤᠨ ᠬᠦᠷᠢᠶᠡᠯᠡᠩ ᠲᠣᠭᠤᠷᠢᠭ︶ ᠢ ᠲᠡᠭᠦᠯᠳᠡᠷᠵᠢᠭᠦᠯᠦᠨ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠵᠠᠬ᠎ᠠ ᠳᠡᠯᠭᠡᠭᠦᠷ ᠢ ᠨᠠᠩ ᠰᠠᠶᠢᠨ ᠵᠠᠯᠭᠠᠯᠳᠤᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠵᠢᠵᠢᠭᠯᠡᠨ ᠬᠤᠳᠠᠯᠳᠤᠬᠤ ᠶᠢ ᠨᠢ ᠵᠢᠷᠤᠮᠵᠢᠭᠤᠯᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠬᠢᠯᠢ ᠠᠯᠤᠰᠯᠠᠭᠰᠠᠨ ᠢᠯᠡᠬᠡᠨ ᠬᠦᠷᠭᠡᠬᠦ ᠪᠠᠷᠠᠭᠠᠨ ᠤ ᠭᠦᠢᠯᠭᠡᠭᠡᠨ ᠤ ᠵᠣᠬᠢᠴᠠᠯᠳᠤᠨ ᠬᠥᠭᠵᠢᠬᠦ ᠶᠢ ᠠᠬᠢᠭᠤᠯᠤᠨ᠎ᠠ᠃ ᠬᠤᠳᠠᠯᠳᠤᠭᠠᠨ ᠤ ᠶᠡᠷᠦᠩᠬᠡᠶ ᠴᠣᠭᠴᠠ ᠳᠤ ᠳᠣᠲᠣᠭᠠᠳᠤ ᠠᠷᠠᠯᠵᠢᠶᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠢᠯᠢ ᠠᠯᠤᠰᠯᠠᠭᠰᠠᠨ O2O ᠪᠡᠶᠡᠴᠢᠯᠡᠨ ᠣᠶᠢᠯᠠᠭᠠᠬᠤ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠵᠤ᠂ ᠪᠦᠲᠦᠭᠡᠭᠳᠡᠭᠦᠨ ᠤ ᠬᠠᠩᠭᠠᠯᠭ᠎ᠠ ᠶᠢ ᠨᠢ ᠪᠠᠶᠠᠯᠢᠭᠵᠢᠭᠤᠯᠤᠨ᠂ ᠤᠯᠤᠰ ᠤᠨ ᠳᠣᠲᠣᠭᠠᠳᠤ ᠶᠢᠨ ᠬᠡᠷᠡᠭᠯᠡᠭᠡ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠡᠯ᠎ᠡ ᠲᠥᠷᠥᠯ ᠤᠨ ᠨᠡᠭᠡᠭᠡᠯᠲᠡ ᠬᠢᠬᠦ ᠠᠴᠢᠶᠠᠯᠠᠪᠤᠷᠢ ᠶᠢ ᠨᠢᠭᠡᠳᠦᠯᠲᠡᠶ ᠲᠥᠯᠥᠪᠯᠡᠨ ᠠᠰᠢᠭᠯᠠᠨ᠎ᠠ᠃ ᠮᠠᠨᠵᠤᠤᠷ ᠪᠠ ᠡᠷᠢᠶᠡᠨ ᠬᠤᠲᠠ ᠶᠢᠨ ᠶᠡᠷᠦᠩᠬᠡᠶᠢᠯᠡᠭᠰᠡᠨ ᠵᠠᠩᠭᠢᠯᠠᠭ᠎ᠠ ᠪᠣᠯᠬᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠵᠢᠴᠢ ᠭᠠᠭᠴᠠᠮᠣᠳᠣ᠂ ᠴᠡᠭᠡ᠂ ᠮᠠᠨᠳᠤᠯ ᠵᠡᠷᠭᠡ ᠭᠤᠣᠯᠳᠠᠯᠭ᠎ᠠ ᠪᠣᠯᠬᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠭᠤᠷᠠᠶ ᠪᠠ ᠳᠠᠯᠠᠶ ᠪᠠᠷ ᠬᠤᠯᠪᠣᠭᠠᠯᠠᠨ ᠲᠡᠭᠡᠭᠡᠪᠦᠷᠢᠯᠡᠬᠦ ᠨᠡᠪᠲᠡᠷᠡᠯ ᠵᠠᠮ ᠢ ᠦᠷᠭᠡᠳᠭᠡᠨ᠂ ᠳᠠᠯᠠᠶ ᠳᠠᠭᠠᠤ ᠶᠢᠨ ᠭᠠᠷᠠᠮ ᠯᠤᠭ᠎ᠠ ᠬᠤᠯᠪᠣᠨ ᠨᠡᠪᠲᠡᠷᠡᠭᠦᠯᠵᠦ᠂ ᠭᠠᠳᠠᠭᠠᠳᠤ ᠯᠤᠭ᠎ᠠ ᠣᠷᠣᠰ ᠮᠣᠩᠭᠤᠯ ᠲᠠᠢ ᠬᠤᠯᠪᠣᠭᠠᠯᠠᠬᠤ᠂ ᠳᠣᠲᠣᠭᠠᠳᠤ ᠳᠤ ᠪᠠᠨ ᠳᠣᠲᠣᠷ ᠭᠠᠵᠠᠷ ᠣᠷᠣᠨ ᠯᠤᠭ᠎ᠠ ᠵᠠᠯᠭᠠᠯᠳᠤᠭᠤᠯᠬᠤ ᠬᠤᠣᠰ ᠴᠢᠭᠯᠡᠯᠲᠦ ᠨᠡᠭᠡᠭᠡᠯᠲᠡ ᠬᠢᠬᠦ ᠪᠠᠶᠢᠷᠢᠰᠢᠯ ᠢ ᠪᠠᠶᠢᠭᠤᠯᠤᠨ᠎ᠠ᠃ ᠬᠢᠯᠢ ᠶᠢᠨ ᠪᠣᠭᠤᠮᠲᠠ ᠬᠢᠭᠡᠳ ᠳᠣᠲᠣᠷ ᠭᠠᠵᠠᠷ ᠣᠷᠣᠨ ᠤ ᠠᠶᠢᠮᠠᠭ ᠬᠤᠲᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠶ ᠶᠢ ᠬᠥᠭᠵᠢᠭᠦᠯᠦᠨ᠂ ᠭᠠᠳᠠᠭᠰᠢᠯ ᠡᠳ᠋ᠰᠢᠭᠦᠯᠵᠦ ᠪᠣᠯᠪᠠᠰᠤᠷᠠᠭᠤᠯᠬᠤ ᠠᠵᠤ ᠠᠬᠤᠶᠢᠯᠠᠯ ᠢ ᠲᠡᠳᠡᠨ ᠣᠷᠣᠭᠤᠯᠵᠤ ᠰᠠᠭᠤᠷᠢᠰᠢᠭᠤᠯᠤᠨ᠎ᠠ᠃ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠰᠠᠭᠤᠷᠢᠰᠢᠯᠠᠭᠤᠯᠤᠨ ᠡᠳ᠋ᠰᠢᠭᠦᠯᠵᠦ ᠪᠣᠯᠪᠠᠰᠤᠷᠠᠭᠤᠯᠬᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠨᠢ ᠠᠬᠢᠭᠤᠯᠵᠤ᠂ ᠮᠠᠨᠵᠤᠤᠷ ᠤᠨ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶ᠎ᠠ ᠶᠢᠨ ᠳᠥᠭᠦᠮ ᠦᠵᠡᠭᠦᠯᠬᠦ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶ᠎ᠠ ᠶᠢᠨ ᠬᠡᠪᠴᠢᠶ᠎ᠡ ᠶᠢ ᠥᠷᠭᠡᠳᠬᠡᠨ᠎ᠡ᠃ ᠭᠤᠤᠯᠳᠠᠯᠭ᠎ᠠ ᠪᠣᠯᠬᠤ ᠴᠤᠭᠯᠠᠭᠠᠨ ᠦᠵᠡᠰᠬᠦᠯᠡᠩ ᠤᠨ ᠠᠷᠠᠯᠵᠢᠶ᠎ᠠ ᠶᠢ ᠠᠬᠢᠭᠤᠯᠬᠤ ᠲᠠᠪᠴᠠᠩ ᠤᠨ ᠦᠢᠯᠡᠳᠦᠯ ᠢ ᠨᠢ ᠪᠠᠳᠠᠷᠠᠭᠤᠯᠵᠤ᠂ ᠳᠤᠮᠳᠠᠳᠤ ᠤᠯᠤᠰ — — ᠮᠣᠩᠭᠤᠯ ᠤᠯᠤᠰ ᠤᠨ ᠦᠵᠡᠰᠬᠦᠯᠡᠩ᠂ ᠥᠪᠥᠷ ᠮᠣᠩᠭᠤᠯ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠯᠠᠨ ᠤᠯᠤᠰ ᠤᠨ

        365赢多少钱会被限额_国内有真正的365平台吗_365bet博彩官网

        ᠦᠵᠡᠰᠬᠦᠯᠡᠩ ᠵᠡᠷᠭᠡ ᠦᠵᠡᠰᠬᠦᠯᠡᠩ ᠤᠨ ᠲᠠᠪᠴᠠᠩ ᠢ ᠭᠦᠢᠴᠡᠳ ᠠᠰᠢᠭᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ ᠰᠣᠯᠢᠯᠴᠠᠭ᠎ᠠ ᠶᠢ ᠨᠡᠮᠡᠭᠳᠡᠭᠦᠯᠦᠨ᠎ᠡ᠃ ︽ᠥᠪᠥᠷ ᠮᠣᠩᠭᠤᠯ ᠤᠨ ᠠᠷᠠᠯᠵᠢᠶᠠᠨ ᠤ ᠨᠡᠪᠲᠡᠷᠡᠯ︾ ᠤᠨ ᠲᠠᠪᠴᠠᠩ ᠳᠤ ᠲᠦᠰᠢᠭᠯᠡᠨ ᠭᠠᠳᠠᠭᠠᠳᠤ ᠳᠤ ᠭᠠᠷᠭᠠᠬᠤ ᠲᠠᠸᠠᠷ ᠢ ᠳᠣᠲᠣᠭᠠᠳᠤ ᠳᠤ ᠪᠠᠨ ᠪᠣᠷᠣᠯᠠᠭᠤᠯᠬᠤ ᠲᠤᠬᠠᠶᠢᠯᠠᠭᠰᠠᠨ ᠠᠵᠢᠯ ᠤᠨ ᠲᠠᠪᠴᠠᠩ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠬᠢᠭᠡᠳ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠠᠬᠢᠶᠠᠯᠠᠭ᠎ᠠ ᠪᠠᠷ ᠰᠢᠭᠤᠳ ᠬᠤᠳᠠᠯᠳᠤᠨ ᠠᠪᠬᠤ ᠶᠢ ᠳᠡᠮᠵᠢᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠳᠤ ᠣᠨᠣᠴᠠᠲᠠᠢ ᠵᠠᠯᠭᠠᠯᠳᠤᠭᠤᠯᠵᠤ᠂ ᠳᠣᠲᠣᠭᠠᠳᠤ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠣᠯᠠᠨ ᠠᠷᠭ᠎ᠠ ᠵᠠᠮ ᠢᠶᠠᠷ ᠥᠷᠭᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠳᠣᠲᠣᠭᠠᠳᠤ ᠭᠠᠳᠠᠭᠠᠳᠤ ᠳᠤ ᠬᠤᠯᠪᠣᠭᠠᠯᠠᠨ ᠨᠡᠪᠲᠡᠷᠡᠯᠴᠡᠬᠦ ᠪᠠᠷᠠᠭᠠᠨ ᠤ ᠭᠦᠢᠯᠭᠡᠭᠡᠨ ᠤ ᠲᠤᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠤᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠴᠣᠪᠤᠭ᠎ᠠ ᠲᠡᠷᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠴᠣᠪᠤᠭ᠎ᠠ ᠲᠡᠷᠭᠡᠨ ᠤ ᠠᠶᠠᠯᠠᠬᠤ ᠵᠠᠮ ᠱᠤᠭᠤᠮ ᠢ ᠤᠷᠲᠤᠳᠬᠠᠨ ᠪᠠᠶᠠᠯᠢᠭᠵᠢᠭᠤᠯᠵᠤ᠂ ᠬᠤᠣᠰ ᠴᠢᠭᠯᠡᠯᠲᠦ ᠪᠠᠷᠠᠭᠠᠨ ᠤ ᠢᠷᠡᠯᠲᠡ ᠪᠠᠨ ᠵᠣᠬᠢᠶᠠᠨ ᠪᠠᠶᠢᠭᠤᠯᠬᠤ ᠬᠡᠯᠪᠡᠷᠢ ᠶᠢ ᠥᠷᠭᠡᠳᠬᠡᠵᠦ᠂ ᠬᠢᠯᠢ ᠪᠠᠷ ᠥᠩᠭᠡᠷᠡᠬᠦ ᠳᠤᠮᠳᠠᠳᠤ ᠧᠦ᠋ᠷᠣᠫᠠ ᠶᠢᠨ ᠡᠭᠡᠯᠵᠢ ᠶᠢᠨ ᠴᠤᠪᠣᠭ᠎ᠠ ᠲᠡᠷᠭᠡᠨ ᠤ ᠲᠡᠭᠡᠭᠡᠪᠦᠷᠢ ᠳᠤ ᠳᠦᠭᠦᠮ ᠦᠵᠡᠭᠦᠯᠬᠦ ᠳᠤ ᠦᠢᠯᠡᠴᠢᠯᠡᠨ᠎ᠡ᠃ ᠬᠥᠬᠡᠬᠤᠲᠠ ᠶᠢᠨ ᠣᠯᠠᠨ ᠤᠯᠤᠰ ᠤᠨ ᠠᠭᠠᠷ ᠤᠨ ᠲᠡᠭᠡᠭᠡᠪᠦᠷᠢ ᠶᠢᠨ ᠲᠦᠷᠭᠡᠨ ᠢᠯᠡᠭᠡᠯᠲᠡ ᠶᠢᠨ ᠵᠦᠢᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠯᠢ ᠶᠢᠨ ᠭᠤᠣᠯ ᠤᠯᠠᠭᠠᠨᠬᠠᠳᠠ ᠴᠤᠤᠶᠠᠩ ᠵᠢᠨᠵᠧᠦ ᠶᠢᠨ ᠬᠠᠭᠤᠷᠠᠢ ᠪᠠ ᠳᠠᠯᠠᠢ ᠶᠢᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠩᠯᠢᠶᠣᠤ᠂ ᠤᠯᠠᠭᠠᠨᠬᠠᠳᠠ᠂ ᠤᠯᠠᠭᠠᠨᠴᠠᠪ ᠵᠡᠷᠭᠡ ᠣᠷᠣᠨ ᠪᠦᠰᠡ ᠶᠢᠨ ᠴᠢᠨᠠᠷᠲᠠᠢ ᠪᠠᠷᠠᠭᠠᠨ ᠤ ᠭᠦᠢᠯᠭᠡᠭᠡᠨ ᠤ ᠬᠦᠢᠰᠦ ᠪᠣᠯᠬᠤ ᠪᠠᠶᠢᠷᠢ ᠰᠠᠭᠤᠷᠢ ᠶᠢ ᠳᠡᠭᠡᠭᠰᠢᠯᠡᠭᠦᠯᠦᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ᠂ ᠬᠢᠯᠢ ᠠᠯᠤᠰᠯᠠᠨ ᠢᠯᠡᠭᠡᠵᠦ ᠭᠤᠪᠢᠭᠤᠯᠬᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ ᠶᠢ ᠨᠢ ᠴᠢᠩᠭᠠᠳᠬᠠᠵᠤ᠂ ᠣᠯᠠᠨ ᠨᠡᠶᠢᠲᠡ ᠶᠢᠨ ᠭᠠᠳᠠᠭᠠᠳᠤ ᠳᠠᠬᠢ ᠰᠠᠩ ᠬᠥᠮᠥᠷᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠲᠤ ᠪᠠᠷ ᠭᠥᠷᠳᠡᠬᠦ ᠡᠭᠦᠯᠡᠨ ᠰᠠᠩ ᠬᠥᠮᠥᠷᠭᠡ᠂ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ ᠤ ᠤᠷᠢᠳᠠᠴᠢ ᠰᠠᠩ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠲᠣᠬᠢᠷᠠᠭᠤᠯᠤᠨ ᠬᠦᠷᠭᠡᠬᠦ ᠲᠥᠪ ᠵᠡᠷᠭᠡ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶ᠎ᠡ ᠶᠢ ᠲᠦᠷᠭᠡᠳᠬᠡᠨ ᠪᠠᠶᠢᠷᠢᠯᠠᠭᠤᠯᠵᠤ᠂ ᠪᠠᠷᠠᠭᠠᠨ ᠤ ᠭᠦᠢᠯᠭᠡᠭᠡᠨ ᠤ ᠠᠵᠢᠯᠯᠠᠭᠠᠨ ᠪᠠ ᠡᠳ᠋ ᠬᠥᠷᠥᠩᠭᠡ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠣᠷ ᠰᠦᠯᠵᠢᠶ᠎ᠡ ᠶᠢ ᠰᠢᠯᠢᠳᠡᠭᠵᠢᠭᠦᠯᠦᠨ᠂ ᠬᠤᠰᠢᠭᠤ ᠰᠢᠶᠠᠨ ᠤ ᠬᠡᠪᠴᠢᠶᠡᠨ ᠤ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠠᠷᠢᠶᠠᠯᠠᠬᠤ ᠮᠠᠯᠵᠢᠬᠤ ᠣᠷᠣᠨ ᠤ ᠢᠯᠡᠭᠡᠵᠦ ᠭᠤᠪᠢᠭᠤᠯᠬᠤ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠬᠠᠮᠵᠢᠯᠴᠠᠵᠤ ᠬᠠᠮᠲᠤ ᠪᠠᠷ ᠬᠦᠷᠲᠡᠬᠦ ᠶᠢ ᠨᠢ ᠴᠢᠩᠭᠠᠷᠠᠭᠤᠯᠵᠤ᠂ ᠭᠦᠢᠯᠭᠡᠭᠡᠨ ᠤ ᠲᠣᠣᠷ ᠰᠦᠯᠵᠢᠶ᠎ᠡ ᠶᠢ ᠰᠠᠭᠠᠳ ᠦᠭᠡᠶ ᠨᠡᠪᠲᠡᠷᠡᠭᠦᠯᠦᠨ᠂ ᠳᠣᠲᠣᠭᠠᠳᠤ ᠭᠠᠳᠠᠭᠠᠳᠤ ᠠᠷᠠᠯᠵᠢᠶᠠᠨ ᠤ ᠲᠠᠸᠠᠷ ᠤᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠥᠨᠳᠥᠷ ᠦᠷ᠎ᠡ ᠪᠦᠲᠦᠮᠵᠢᠲᠡᠶ ᠨᠡᠪᠲᠡᠷᠡᠯᠴᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠠᠭᠤᠰᠤᠯᠴᠠᠨ ᠬᠥᠭᠵᠢᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ      ︵ᠳᠣᠯᠤᠭ᠎ᠠ︶ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠬᠠᠮᠵᠢᠯᠴᠠᠵᠤ ᠬᠢᠨᠠᠨ ᠬᠠᠮᠢᠶᠠᠷᠬᠤ ᠶᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠣᠨᠣᠪᠴᠢᠲᠤ ᠴᠢᠨᠠᠷ ᠪᠠ ᠪᠦᠳᠤᠮᠵᠢᠳᠤ ᠴᠢᠨᠠᠷ ᠢ ᠳᠡᠭᠡᠭᠰᠢᠯᠡᠭᠦᠯᠦᠨ᠂ ᠢᠲᠡᠭᠡᠮᠵᠢ ᠶᠢᠨ ᠲᠦᠷᠦᠯ ᠬᠤᠪᠢᠶᠠᠭᠰᠠᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠤ ᠢᠲᠡᠭᠡᠮᠵᠢ ᠪᠠᠨ ᠬᠦᠨᠳᠦ ᠨᠣᠴᠢᠲᠠᠢ ᠠᠯᠳᠠᠭᠰᠠᠨ ᠮᠡᠳᠡᠭᠡ ᠵᠠᠩᠭᠢ ᠶᠢ ᠨᠢ ᠵᠠᠷᠯᠠᠨ ᠨᠡᠶᠢᠲᠡᠯᠡᠬᠦ ᠪᠠ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠪᠠᠨ ᠴᠢᠩᠭᠠᠳᠬᠠᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠭᠰᠠᠨ ᠠᠵᠢᠯᠯᠠᠭ᠎ᠠ ᠶᠢ ᠵᠠᠯᠬᠠᠭᠠᠨ ᠲᠣᠷᠭᠠᠬᠤ ᠴᠢᠨᠠᠷᠲᠠᠢ ᠲᠥᠯᠥᠪᠦᠷᠢ ᠶᠢᠨ ᠲᠦᠷᠢᠮ ᠢᠶᠠᠨ ᠪᠦᠷᠢᠨᠰᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭ᠎ᠠ ᠬᠡᠷᠡᠭᠵᠢᠭᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠ ᠦᠢᠯᠡᠳᠬᠦᠨ ᠢᠶᠠᠨ ᠳᠣᠲᠣᠭᠠᠳᠤ ᠳᠤ ᠪᠠᠨ ᠪᠣᠷᠣᠯᠠᠭᠤᠯᠬᠤ ᠢᠳᠡᠪᠬᠢᠵᠢᠯ ᠢ ᠨᠢ ᠳᠡᠭᠡᠭᠰᠢᠯᠡᠭᠦᠯᠦᠨ᠎ᠡ᠃ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠲᠠᠯ᠎ᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠪᠣᠭᠤᠮᠲᠠ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠣᠭᠤᠮᠲᠠ ᠪᠠᠷ ᠭᠠᠷᠭᠠᠵᠤ ᠣᠷᠣᠭᠤᠯᠬᠤ᠂ ᠪᠡᠯᠡ ᠮᠥᠩᠭᠦ ᠶᠢ ᠳ᠋ᠦᠩᠨᠡᠨ ᠪᠤᠳᠤᠬᠤ᠂ ᠭᠠᠶᠢᠯᠢ ᠲᠤᠰᠢᠶᠠᠬᠤ ᠶᠢ ᠳᠥᠭᠦᠮᠴᠢᠯᠡᠬᠦ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃ ᠭᠠᠳᠠᠭᠠᠳᠤ ᠳᠤ ᠭᠠᠷᠭᠠᠬᠤ ᠲᠠᠸᠠᠷ ᠢ ᠳᠣᠲᠣᠭᠠᠳᠤ ᠳᠤ ᠪᠠᠨ ᠪᠣᠷᠣᠯᠠᠭᠤᠯᠬᠤ ᠯᠤᠭ᠎ᠠ ᠬᠤᠯᠪᠣᠭᠳᠠᠬᠤ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ᠤᠨ ᠳᠡᠰ ᠳᠠᠷᠠᠭᠠᠯᠠᠯ ᠢ ᠳᠣᠪᠴᠢᠯᠠᠵᠤ᠂ ᠭᠦᠢᠴᠡᠳᠬᠡᠬᠦ ᠴᠠᠭ ᠢ ᠨᠢ ᠪᠣᠭᠤᠨᠢᠰᠬᠠᠨ᠎ᠠ᠃ ᠪᠣᠬᠢᠷᠲᠤᠯ ᠥᠬᠡᠶ ᠢᠳᠡᠭᠡᠨ ᠤ ᠵᠦᠢᠯ᠂ ᠣᠷᠭᠠᠨᠢᠭ ᠪᠦᠲᠦᠭᠡᠭᠳᠡᠬᠦᠨ ᠤ ᠭᠡᠷᠡᠴᠢᠯᠡᠭᠡ ᠬᠢᠬᠦ ᠪᠠᠶᠢᠭᠤᠯᠤᠮᠵᠢ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠵᠢᠴᠢ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠮᠠᠭᠠᠳᠯᠠᠨ ᠲᠣᠭᠲᠠᠭᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠶ ᠰᠢᠭᠤᠶ ᠶᠢᠨ ᠭᠡᠷᠡᠴᠢᠯᠡᠭᠡ ᠶᠢᠨ ᠠᠵᠢᠯ ᠢ ᠠᠬᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠴᠢᠨᠠᠷ ᠰᠠᠶᠢᠲᠠᠶ ᠣᠶ ᠰᠢᠭᠤᠶ ᠪᠠ ᠡᠪᠡᠰᠦᠨ ᠤ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠨᠠᠢᠮᠠ︶ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢ ᠠᠬᠢᠭᠤᠯᠤᠨ᠎ᠠ᠃ ᠠᠷᠠᠯᠵᠢᠶᠠᠨ ᠤ ᠴᠢᠯᠦᠭᠡᠲᠡᠢ ᠪᠠᠶᠢᠯᠭᠠᠬᠤ ᠪᠠ ᠳᠥᠭᠦᠮ ᠪᠠᠶᠢᠯᠭᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠲᠠᠯ᠎ᠠ ᠪᠠᠷ ᠨᠠᠩ ᠥᠨᠳᠥᠷ ᠪᠠᠷᠢᠮᠵᠢᠶᠠᠲᠤ ᠲᠦᠷᠢᠮ ᠢ ᠨᠠᠶᠢᠳᠠᠪᠤᠷᠢᠵᠢᠭᠤᠯᠤᠨ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠵᠠᠬ᠎ᠠ ᠳᠡᠯᠭᠡᠭᠦᠷ ᠯᠦᠭᠡ ᠨᠠᠩ ᠰᠠᠶᠢᠲᠤᠷ ᠬᠠᠷᠢᠯᠴᠠᠨ ᠨᠡᠪᠲᠡᠷᠡᠯᠴᠡᠵᠦ᠂ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠢᠶᠠᠨ ᠦᠷᠭᠡᠳᠭᠡᠨ ᠬᠦᠭᠵᠢᠭᠦᠯᠬᠦ ᠶᠢ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠲᠦᠷᠢᠮ ᠬᠢᠭᠡᠳ ᠣᠯᠠᠨ ᠤᠯᠤᠰ ᠤᠨ ᠨᠡᠶᠢᠳᠡᠮ ᠬᠡᠷᠡᠭᠯᠡᠬᠦ ᠠᠷᠠᠯᠵᠢᠶᠠᠨ ᠤ ᠲᠦᠷᠢᠮ ᠢ ᠵᠠᠯᠭᠠᠯᠳᠤᠭᠤᠯᠬᠤ ᠳᠤ ᠢᠳᠡᠪᠬᠢᠲᠡᠶ ᠣᠷᠣᠯᠴᠠᠵᠤ᠂ ᠤᠯᠤᠰ ᠤᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠠᠵᠢᠯ ᠢ ᠨᠠᠶᠢᠳᠠᠪᠤᠷᠢᠵᠢᠭᠤᠯᠤᠨ᠎ᠠ᠃ ᠤᠯᠤᠰ ᠤᠨ ᠲᠠᠰ ᠤᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠢ ᠢᠳᠡᠪᠬᠢᠯᠡᠨ ᠣᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠤᠨ 20 ᠰᠠᠭᠤᠷᠢᠨ ᠭᠠᠵᠠᠷ ᠪᠠ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠤᠨ 100 ᠠᠵᠤ ᠠᠬᠤᠶᠢᠯᠠᠯ ᠢ ᠪᠣᠶᠢᠵᠢᠭᠤᠯᠤᠨ᠂ ᠳᠠᠭᠤᠷᠢᠶᠠᠨ ᠳᠡᠯᠭᠡᠷᠡᠭᠦᠯᠵᠦ ᠪᠣᠯᠬᠤ ᠨᠢᠭᠡ ᠪᠦᠯᠦᠭ ᠲᠤᠷᠰᠢᠯᠭ᠎ᠠ ᠪᠠ ᠵᠠᠭᠪᠤᠷ ᠢ ᠪᠣᠶ ᠪᠣᠯᠭᠠᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠳᠠᠶᠢᠴᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠶᠢᠰᠦ︶ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠨᠢᠭᠡ ᠴᠤᠭᠴᠠᠵᠢᠭᠤᠯᠬᠤ ᠪᠠᠷᠢᠮᠵᠢᠶ᠎ᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠪᠠᠷᠢᠮᠵᠢᠶ᠎ᠠ ᠪᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠷᠢᠮᠵᠢᠶ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠂ ᠦᠢᠯᠡᠴᠢᠯᠡᠭᠡᠨ ᠤ ᠦᠢᠯᠡᠰ ︵ᠠᠷᠠᠯᠵᠢᠶ᠎ᠠ ᠬᠤᠳᠠᠯᠳᠤᠭᠠᠨ ᠤ ᠭᠦᠢᠯᠭᠡᠭᠡ︶ ᠤᠨ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠳᠡᠮᠵᠢᠨ᠎ᠡ᠃ ᠬᠤᠳᠠᠯᠳᠤᠭᠠᠴᠢᠳ ᠤᠨ ᠨᠡᠶᠢᠭᠡᠮᠯᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠤᠭᠴᠠᠵᠢᠭᠤᠯᠤᠭᠰᠠᠨ ᠦᠢᠯᠡᠳᠬᠦᠨ ᠪᠠ ᠦᠢᠯᠡᠴᠢᠯᠡᠭᠡᠨ ᠤ ᠪᠠᠷᠢᠮᠵᠢᠶ᠎ᠠ ᠪᠠᠨ ᠲᠣᠭᠲᠠᠭᠠᠨ ᠨᠡᠶᠢᠲᠡᠯᠡᠵᠤ᠂ ᠤᠯᠠᠨ ᠤᠯᠤᠰ ᠤᠨ᠂ ᠤᠯᠤᠰ ᠤᠨ᠂ ᠠᠵᠢᠯ ᠲᠦᠷᠦᠯ ᠤᠨ ᠪᠠᠷᠢᠮᠵᠢᠶ᠎ᠠ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠲᠣᠭᠲᠠᠭᠠᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠭᠡᠷᠡᠴᠢᠯᠡᠵᠦ ᠵᠥᠪᠰᠢᠶᠡᠷᠡᠬᠦ ᠵᠡᠷᠭᠡ ᠭᠤᠷᠪᠠᠳᠠᠬᠢ ᠡᠲᠡᠭᠡᠳ ᠤᠨ ᠬᠢᠷᠢ ᠲᠡᠩᠴᠡᠭᠰᠡᠨ ᠢ ᠦᠨᠡᠯᠡᠨ ᠲᠣᠭᠲᠠᠭᠠᠬᠤ ᠳᠤ ᠦᠢᠯᠡᠴᠢᠯᠡᠬᠦ ᠪᠠᠶᠢᠭᠤᠯᠤᠮᠵᠢ ᠶᠢ ᠨᠢ ᠳᠡᠮᠵᠢᠵᠦ ᠪᠠᠶᠢᠭᠠᠳ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠳᠤ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠬᠤ ᠪᠣᠯᠭᠠᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠦᠢᠯᠡᠳᠬᠦᠨ ᠤ ᠠᠳᠠᠯᠢ ᠱᠤᠭᠤᠮ ᠠᠳᠠᠯᠢ ᠪᠠᠷᠢᠮᠵᠢᠶ᠎ᠠ ᠠᠳᠠᠯᠢ ᠶᠠᠰᠤ ᠴᠢᠨᠠᠷ ᠲᠠᠢ ᠪᠠᠶᠢᠯᠭᠠᠬᠤ ᠶᠢ ᠠᠬᠢᠭᠤᠯᠤᠨ᠂ ᠣᠷᠣᠨ ᠤ ᠳᠣᠲᠣᠷᠠᠬᠢ ᠬᠠᠮᠢᠶ᠎ᠠ ᠪᠥᠬᠦᠶ ᠠᠵᠤ ᠦᠢᠯᠡᠰ ᠢ ᠳᠠᠶᠢᠴᠢᠯᠠᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠨᠢ ᠲᠦᠷᠭᠡᠳᠬᠡᠵᠦ᠂ ᠬᠠᠩᠭᠠᠯᠭ᠎ᠠ ᠬᠡᠷᠡᠭᠴᠡᠭᠡ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠥᠪᠡᠷᠰᠡᠳ ᠤᠨ ᠪᠦᠲᠦᠭᠡᠭᠳᠡᠭᠦᠨ ᠳᠤ ᠪᠠᠨ ︽ᠠᠳᠠᠯᠢ ᠱᠤᠭᠤᠮ ᠠᠳᠠᠯᠢ ᠪᠠᠷᠢᠮᠵᠢᠶ᠎ᠠ ᠠᠳᠠᠯᠢ ᠶᠠᠰᠤ ᠴᠢᠨᠠᠷ︾ ︵ᠳᠣᠷᠣᠭᠰᠢ ︽ᠭᠤᠷᠪᠠᠨ ᠠᠳᠠᠯᠢ︾ ᠭᠡᠵᠦ ᠲᠣᠪᠴᠢᠯᠠᠨ᠎ᠠ︶ ᠪᠠᠶᠢᠬᠤ ᠱᠠᠭᠠᠷᠳᠠᠯᠭ᠎ᠠ ᠶᠢ ᠬᠠᠩᠭᠠᠭᠰᠠᠨ ᠥᠪᠡᠷ ᠤᠨ ᠢᠯᠡᠷᠬᠡᠶᠢᠯᠡᠯᠲᠡ ᠭᠠᠷᠭᠠᠬᠤ᠂ ᠡᠰᠡᠬᠦᠯ᠎ᠡ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ︽ᠭᠤᠷᠪᠠᠨ ᠠᠳᠠᠯᠢ︾ ᠶᠢᠨ ᠱᠠᠭᠠᠷᠳᠠᠯᠭ᠎ᠠ ᠪᠠᠷ ᠦᠨᠳᠦᠰᠦᠯᠡᠯ ᠪᠣᠯᠭᠠᠨ ᠶᠠᠰᠤ ᠴᠢᠨᠠᠷ ᠤᠨ ᠦᠨᠡᠯᠡᠯᠲᠡ ᠬᠢᠯᠭᠡᠬᠦ ᠶᠢ ᠵᠣᠷᠢᠭᠵᠢᠭᠤᠯᠤᠨ᠎ᠠ᠃ ︽ᠭᠤᠷᠪᠠᠨ ᠠᠳᠠᠯᠢ︾ ᠪᠠᠶᠢᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠨ ᠬᠠᠮᠵᠢᠯᠴᠠᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠵᠤ ᠠᠬᠤᠶᠢᠯᠠᠯ ᠤᠨ ᠴᠢᠳᠠᠮᠵᠢ ᠶᠢ ᠴᠢᠩᠭᠠᠷᠠᠭᠤᠯᠤᠨ᠎ᠠ᠃ ᠬᠡᠲᠦ ᠳᠡᠯᠭᠡᠭᠦᠷ᠂ ᠳᠦᠭᠦᠮ ᠳᠡᠯᠭᠡᠭᠦᠷ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠢᠨ ᠤ ︽ᠭᠤᠷᠪᠠᠨ ᠠᠳᠠᠯᠢ︾ ᠪᠠᠶᠢᠬᠤ ᠪᠦᠲᠦᠭᠡᠭᠳᠡᠭᠦᠨ ᠪᠣᠷᠣᠯᠠᠭᠤᠯᠬᠤ ᠶᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ᠂ ᠦᠵᠡᠰᠬᠦᠯᠡᠩ ᠵᠡᠷᠭᠡ ᠡᠯ᠎ᠡ ᠲᠦᠷᠦᠯ ᠤᠨ ᠠᠷᠭ᠎ᠠ ᠵᠠᠮ ᠢᠶᠠᠷ ᠳᠠᠮᠵᠢᠭᠤᠯᠤᠨ ︽ᠭᠤᠷᠪᠠᠨ ᠠᠳᠠᠯᠢ︾ ᠪᠠᠶᠢᠬᠤ ᠠᠵᠤ

        365赢多少钱会被限额_国内有真正的365平台吗_365bet博彩官网

        ᠠᠬᠤᠶᠢᠯᠠᠯ ᠪᠠ ᠪᠦᠲᠦᠭᠡᠭᠳᠡᠭᠦᠨ ᠤ ᠮᠡᠳᠡᠭᠡ ᠵᠠᠩᠭᠢ ᠪᠠᠨ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠂ ᠬᠡᠷᠡᠭᠯᠡᠭᠴᠢᠳ ᠤᠨ ᠲᠠᠨᠢᠨ ᠮᠡᠳᠡᠬᠦᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠳᠥᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠵᠤ᠂ ᠡᠯ᠎ᠡ ᠲᠥᠷᠥᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ      ︵ᠠᠷᠪᠠ︶ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠤᠳᠤ ᠪᠠᠶᠢᠭ᠎ᠠ ᠡᠳ᠋ ᠤᠨ ᠵᠠᠰᠠᠭ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠦᠯᠦᠪᠯᠡᠨ ᠰᠠᠶᠢᠲᠤᠷ ᠬᠡᠷᠡᠭᠯᠡᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠳᠣᠲᠣᠭᠠᠳᠤ ᠭᠠᠳᠠᠭᠠᠳᠤ ᠠᠷᠠᠯᠵᠢᠶ᠎ᠠ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠨᠡᠷᠡᠳᠬᠦᠨ ᠳᠤ ᠰᠢᠨ᠎ᠡ ᠶᠢ ᠡᠭᠦᠳᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ᠎ᠠ᠃ ᠤᠯᠤᠰ ᠤᠨ ᠳᠣᠲᠣᠭᠠᠳᠤ ᠶᠢᠨ ᠠᠷᠠᠯᠵᠢᠶᠠᠨ ᠤ ᠳᠠᠭᠠᠳᠬᠠᠯ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠳᠤ ᠦᠵᠡᠭᠦᠯᠬᠦ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠨᠢ ᠳᠡᠮᠵᠢᠨ᠎ᠡ᠃ ᠠᠵᠤ ᠦᠢᠯᠡᠰ ᠤᠨ ᠬᠡᠯᠬᠢᠶ᠎ᠡ ᠶᠢᠨ ᠳᠠᠭᠠᠳᠬᠠᠯ ᠳᠠᠭᠠᠭᠠᠴᠢᠯᠠᠬᠤ ᠶᠢ ᠢᠳᠡᠪᠬᠢᠲᠡᠢ ᠥᠷᠭᠡᠳᠬᠡᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ᠂ ᠤᠯᠤᠰ ᠤᠨ ᠳᠣᠲᠣᠭᠠᠳᠤ ᠶᠢᠨ ᠠᠷᠠᠯᠵᠢᠶᠠᠨ ᠤ ᠳᠠᠭᠠᠳᠬᠠᠯ ᠢ ᠬᠡᠷᠡᠭᠯᠡᠵᠦ ᠪᠠᠶᠢᠭᠠᠳ ᠤᠯᠤᠰ ᠤᠨ ᠳᠣᠲᠣᠭᠠᠳᠤ ᠪᠠ ᠤᠯᠠᠨ ᠤᠯᠤᠰ ᠤᠨ ᠬᠤᠶᠠᠷ ᠵᠠᠬ᠎ᠠ ᠳᠡᠯᠭᠡᠭᠦᠷ ᠢ ᠵᠡᠷᠭᠡ ᠪᠠᠷ ᠡᠵᠡᠩᠨᠡᠵᠦ ᠪᠠᠶᠢᠭ᠎ᠠ ᠠᠵᠤ ᠠᠬᠤᠶᠢᠯᠠᠯ ᠤᠨ ᠬᠠᠮᠵᠢᠯᠴᠠᠨ ᠳᠡᠮᠵᠢᠬᠦ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠤ ᠡᠬᠢ ᠪᠠᠶᠠᠯᠢᠭ ᠤᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠨ ᠬᠥᠭᠵᠢᠭᠦᠯᠬᠦ ᠶᠢ ᠲᠡᠮᠵᠢᠵᠦ᠂ ᠳᠡᠯᠡᠬᠡᠢ ᠶᠢᠨ ᠠᠷᠠᠯᠵᠢᠶᠠᠨ ᠤ ᠲᠦᠷᠢᠮ ᠯᠦᠭᠡ ᠨᠡᠶᠢᠴᠡᠭᠰᠡᠨ ᠤᠯᠤᠰ ᠤᠨ ᠳᠣᠲᠣᠭᠠᠳᠤ ᠶᠢᠨ ᠠᠷᠠᠯᠵᠢᠶᠠᠨ ᠤ ᠳᠠᠭᠠᠳᠬᠠᠯ ᠢ ᠳᠡᠮᠵᠢᠬᠦ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠨ᠎ᠠ᠃︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠦᠩ ᠰᠢᠨ ᠳᠠᠭᠠᠳᠬᠠᠯ ᠤᠨ ᠥᠪᠥᠷ ᠮᠣᠩᠭᠤᠯ ᠤᠨ ᠲᠤᠰᠬᠠᠶ ᠠᠵᠢᠯ ᠤᠨ ᠠᠯᠪᠠᠨ ᠭᠡᠷ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷᠬᠠᠷᠢᠭᠤᠴᠠᠨ᠎ᠠ︶      ︵ᠠᠷᠪᠠᠨ ᠨᠢᠭᠡ︶ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠠᠵᠤ ᠦᠢᠯᠡᠰ ᠤᠨ ᠲᠣᠭᠤᠷᠢᠨ ᠳᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠨ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠳᠣ ᠦᠶ᠎ᠡ ᠶᠢᠨ ᠱᠠᠪᠢ ᠳᠠᠭᠠᠭᠤᠯᠬᠤ ᠳᠦᠷᠢᠮ ᠢ ᠭᠦᠨᠵᠡᠭᠡᠶ ᠠᠬᠢᠭᠤᠯᠤᠨ᠂ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠳᠡᠰ ᠳᠡᠪᠰᠢᠬᠦ ᠪᠠ ᠲᠣᠭᠠᠵᠢᠭᠤᠯᠤᠨ ᠥᠭᠡᠷᠡᠴᠢᠯᠡᠵᠦ ᠰᠢᠨᠡᠳᠬᠡᠬᠦ ᠶᠢ ᠠᠬᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠠᠤᠯᠢ ᠴᠠᠭᠠᠵᠠ᠂ ᠳᠦᠷᠢᠮ ᠪᠠ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠠᠶᠢᠨ ᠮᠡᠳᠡᠵᠦ ᠣᠶᠢᠯᠠᠭᠠᠬᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠨᠠᠰᠤᠨ ᠲᠤᠷᠰᠢᠳᠠ ᠶᠢᠨ ᠡᠷᠬᠢᠯᠡᠭᠰᠡᠨ ᠠᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠤᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ᠂ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠭᠰᠠᠨ ᠡᠵᠡᠩᠨᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠤ ᠴᠢᠳᠠᠪᠤᠷᠢᠲᠠᠨ ᠪᠠ ᠤᠷ᠎ᠠ ᠮᠡᠷᠭᠡᠰᠢᠯ ᠤᠨ ᠲᠤᠯᠭᠠᠭᠤᠷᠢᠯᠠᠯ ᠬᠠᠩᠭᠠᠵᠤ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠬᠤᠶᠠᠷ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠳᠤ ᠲᠦᠷᠦᠭᠦᠯᠡᠨ ᠬᠠᠷᠢᠭᠤᠴᠠᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠣᠬᠢᠴᠠᠭᠤᠯᠵᠤ ᠵᠢᠯᠣᠭᠤᠳᠬᠤ ᠪᠠᠨ ᠴᠢᠩᠭᠠᠳᠬᠠᠨ᠂ ᠡᠯ᠎ᠡ ᠵᠦᠢᠯ ᠤᠨ ᠠᠵᠢᠯ ᠢᠶᠠᠨ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ᠃ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤ ᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶                                                       2022 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ                                                         ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    — — — — — — — — — — — — — — — — — — — — — — — — — — — — — — — — — — —    ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃    ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃    — — — — — — — — — — — — — — — — — — — — — — — — — —                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                   2022 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ