内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠣᠭᠰᠠᠨ ᠠᠵᠢᠯᠯᠠᠭ᠎ᠠ ᠠᠴᠠ ᠲᠦᠯᠣᠪᠣᠷᠢ ᠠᠪᠬᠤ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠲᠠᠷᠣᠮᠠᠯᠯᠡᠨ ᠶᠠᠪᠣᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠠᠯᠪᠡᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2022/8/23
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠠᠯᠪᠡᠨ ᠲᠢᠩᠬᠢᠮ                            ᠦᠪᠣᠷ ᠵᠠᠰᠠᠭ ᠠᠯᠪᠡᠨ ᠳᠠᠷᠬᠠᠭᠠᠭᠰᠠᠨ ﹇2022﹈ 7 ᠳ᠋ᠤᠭᠠᠷ ᠲᠣᠭᠠᠳᠣ       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠣᠭᠰᠠᠨ ᠠᠵᠢᠯᠯᠠᠭ᠎ᠠ ᠠᠴᠠ ᠲᠦᠯᠣᠪᠣᠷᠢ ᠠᠪᠬᠤ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠲᠠᠷᠣᠮᠠᠯᠯᠡᠨ ᠶᠠᠪᠣᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠠᠯᠪᠡᠨ ᠲᠢᠩᠬᠢᠮ ᠤᠨ ᠮᠡᠳᠡᠭᠳᠡᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠣᠭᠰᠠᠨ ᠠᠵᠢᠯᠯᠠᠭ᠎ᠠ ᠠᠴᠠ ᠲᠦᠯᠣᠪᠣᠷᠢ ᠠᠪᠬᠤ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃                                                                         2022 ᠣᠨ ᠤ 1 ᠳ᠋ᠤᠭᠡᠷ ᠰᠠᠷ᠎ᠠ ᠶᠢᠨ 21 ᠤ ᠡᠳᠣᠷ                                     ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠣᠭᠰᠠᠨ ᠠᠵᠢᠯᠯᠠᠭ᠎ᠠ ᠠᠴᠠ ᠲᠦᠯᠣᠪᠣᠷᠢ ᠠᠪᠬᠤ ᠠᠵᠢᠯ ᠤᠨ ᠲᠣᠭᠳᠠᠭᠠᠯ ︵ᠲᠣᠷᠰᠢᠨ ᠬᠡᠷᠩᠵᠢᠭᠦᠯᠭᠦ︶      ᠨᠢᠭᠡᠳᠦᠭᠡᠷ ᠪᠦᠯᠦᠭ  ᠶᠡᠷᠦᠩᠬᠡᠶ ᠲᠦᠷᠢᠮ      ᠨᠢᠭᠡᠳᠦᠭᠡᠷ ᠵᠦᠢᠯ  ᠶᠡᠷᠣᠩᠬᠡᠢ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠤᠨ ᠵᠢᠷᠤᠮᠵᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠪ ᠤᠨ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠬᠡᠷᠡᠭ ᠢ ᠪᠠᠶᠢᠴᠠᠭᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ᠂ ᠲᠥᠯᠥᠪᠦᠷᠢ ᠠᠪᠬᠤ ᠶᠢ ᠵᠥᠪᠳᠡᠯᠴᠡᠬᠦ᠂ ᠵᠠᠰᠠᠨ ᠰᠡᠷᠭᠦᠭᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ ᠳᠤ ᠲᠤᠰ ᠲᠣᠭᠲᠠᠭᠠᠯ ᠢ ᠬᠡᠷᠡᠭᠯᠡᠨ᠎ᠡ᠃      ᠭᠤᠷᠪᠠᠳᠤᠭᠠᠷ ᠵᠦᠢᠯ  ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠳᠤ ᠬᠠᠤᠯᠢ ᠶᠣᠰᠣᠭᠠᠷ ᠠᠬᠢᠭᠤᠯᠬᠤ᠂ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠬᠤ᠂ ᠣᠷᠴᠢᠨ ᠲᠣᠭᠤᠷᠢᠨ ᠳᠤ ᠦᠨ᠎ᠡ ᠦᠷᠳᠡᠭ ᠲᠠᠢ ᠪᠠᠶᠢᠯᠭᠠᠬᠤ᠂ ᠬᠤᠬᠢᠷᠠᠯ ᠳᠤ ᠬᠠᠷᠢᠭᠤᠴᠠᠯᠭ᠎ᠠ ᠡᠭᠦᠷᠭᠡᠯᠡᠬᠦ᠂ ᠰᠠᠨᠠᠭᠠᠴᠢᠯᠠᠭ᠎ᠠ ᠠᠴᠠ ᠪᠠᠨ ᠵᠥᠪᠳᠡᠯᠴᠡᠬᠦ᠂ ᠬᠠᠤᠯᠢ ᠴᠠᠭᠠᠵᠠ ᠪᠠᠷ ᠪᠠᠲᠤᠯᠠᠬᠤ᠂ ᠮᠡᠳᠡᠭᠡ ᠵᠠᠩᠭᠢ ᠶᠢ ᠬᠠᠮᠳᠣ ᠪᠠᠷ ᠬᠦᠷᠳᠡᠭᠦ᠂ ᠤᠯᠠᠨ ᠨᠡᠶᠢᠲᠡ ᠪᠠᠷ ᠬᠢᠨᠠᠯᠲᠠ ᠲᠠᠯᠪᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃      ᠳᠥᠷᠪᠡᠳᠦᠭᠡᠷ ᠵᠦᠢᠯ  ᠲᠤᠰ ᠲᠣᠭᠲᠠᠭᠠᠯ ᠳᠤ ᠬᠡᠯᠡᠵᠦ ᠪᠠᠶᠢᠭ᠎ᠠ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠣ ᠬᠤᠬᠢᠷᠠᠭᠤᠯᠬᠤ ᠭᠡᠳᠡᠭ ᠨᠢ ᠣᠷᠴᠢᠨ ᠲᠣᠭᠤᠷᠢᠨ ᠢ ᠪᠣᠬᠢᠷᠳᠣᠭᠤᠯᠣᠭᠰᠠᠨ᠂ ᠠᠮᠢ ᠠᠬᠤᠶ ᠶᠢ ᠡᠪᠳᠡᠭᠰᠡᠨ ᠠᠴᠠ ᠪᠤᠯᠵᠤ ᠠᠭᠠᠷ ᠮᠠᠨᠳᠠᠯ᠂ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ᠂ ᠬᠥᠷᠥᠰᠥ ᠰᠢᠷᠣᠶ᠂ ᠤᠢ ᠰᠢᠭᠤᠶ᠂ ᠨᠤᠲᠤᠭ ᠪᠡᠯᠴᠢᠭᠡᠷ᠂ ᠡᠯᠡᠰᠦ ᠮᠠᠩᠬ᠎ᠠ᠂ ᠨᠣᠭᠤ ᠭᠠᠵᠠᠷ ᠵᠡᠷᠭᠡ ᠣᠷᠴᠢᠨ ᠲᠣᠭᠤᠷᠢᠨ ᠤ ᠭᠦᠴᠣᠨ ᠵᠦᠢᠯ ᠪᠠ ᠤᠷᠭᠤᠮᠠᠯ᠂ ᠠᠮᠢᠲᠠᠨ᠂ ᠮᠢᠺᠷᠣᠪ ᠵᠡᠷᠭᠡ ᠠᠮᠢᠳᠤ ᠪᠣᠳᠠᠰ ᠤᠨ ᠭᠦᠴᠣᠨ ᠵᠦᠢᠯ ᠳᠤ ᠠᠰᠢᠭ ᠦᠭᠡᠢ ᠬᠤᠪᠢᠷᠠᠯᠲᠠ ᠭᠠᠷᠭᠠᠭᠰᠠᠨ ᠵᠢᠴᠢ ᠳᠡᠭᠡᠷ᠎ᠡ ᠳᠤᠷᠠᠳᠤᠭᠰᠠᠨ ᠭᠦᠴᠣᠨ ᠵᠦᠢᠯ ᠠᠴᠠ ᠪᠣᠯᠣᠭᠰᠠᠨ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢᠨ ᠮᠠᠭᠤᠵᠢᠷᠠᠯ ᠢ ᠵᠢᠭᠠᠵᠤ ᠪᠠᠶᠢᠨ᠎ᠠ᠃      ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠡᠷᠬᠡᠲᠦ ᠬᠥᠮᠦᠨ ᠪᠣᠯᠤᠨ᠎ᠠ᠃      ᠮᠤᠵᠢ ︵ᠣᠷᠣᠨ᠂ ᠬᠤᠲᠠ︶ ᠠᠯᠤᠰᠯᠠᠭᠰᠠᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠣ ᠬᠤᠬᠢᠷᠠᠭᠤᠯᠣᠭᠰᠠᠨ ᠵᠦᠢᠯ ᠳᠤ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ ᠮᠤᠵᠢ ᠶᠢᠨ ᠲᠡᠰ ᠤᠨ ᠠᠷᠠᠳ ᠤᠨ ᠵᠠᠰᠠᠭ ᠤᠨ ᠣᠷᠳᠣᠨ ᠲᠠᠢ ᠵᠥᠪᠳᠡᠯᠴᠡᠵᠦ ᠪᠠᠶᠢᠭᠠᠳ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠣ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠢ ᠦᠷᠨᠢᠭᠦᠯᠣᠨ᠎ᠡ︔ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠶᠢᠮᠠᠭ ᠬᠤᠲᠠ ᠠᠯᠤᠰᠯᠠᠭᠰᠠᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠣ ᠬᠤᠬᠢᠷᠠᠭᠤᠯᠣᠭᠰᠠᠨ ᠵᠦᠢᠯ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠠᠮᠢᠶᠠᠷᠴᠤ ᠬᠠᠷᠢᠶᠠᠯᠠᠭᠳᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠣ ᠬᠤᠬᠢᠷᠠᠭᠤᠯᠣᠭᠰᠠᠨ ᠪᠣᠰᠣᠣᠨ ᠵᠦᠢᠯ ᠪᠣᠯ᠂ ᠬᠤᠬᠢᠷᠠᠭᠤᠯᠣᠭᠰᠠᠨ ᠦᠷ᠎ᠡ ᠤᠷᠰᠢᠭ ᠡᠭᠦᠰᠦᠭᠰᠡᠨ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠠᠮᠢᠶᠠᠷᠴᠤ ᠬᠠᠷᠢᠶᠠᠯᠠᠭᠳᠠᠨ᠎ᠠ᠃      ᠲᠥᠯᠥᠪᠦᠷᠢ ᠠᠪᠬᠤ ᠡᠷᠬᠡᠲᠦ ᠬᠥᠮᠦᠨ ᠨᠢ ᠠᠮᠢ ᠠᠬᠤᠶ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠣᠳᠤᠭ ᠪᠡᠯᠴᠢᠭᠡᠷ ᠵᠡᠷᠭᠡ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢ ᠵᠢᠭᠠᠨ ᠲᠣᠭᠳᠠᠭᠠᠵᠣ ᠲᠡᠭᠦᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠪᠣᠳᠠᠲᠠᠶ ᠠᠵᠢᠯ ᠢ ᠬᠠᠷᠢᠭᠤᠴᠠᠭᠤᠯᠵᠤ ᠪᠣᠯᠣᠨ᠎ᠠ᠃ ᠲᠥᠯᠥᠪᠦᠷᠢ ᠠᠪᠬᠤ ᠡᠷᠬᠡᠲᠦ ᠬᠥᠮᠦᠨ ᠨᠢ ᠪᠢᠴᠢᠭ ᠬᠠᠷ᠎ᠠ ᠶᠢᠨ ᠬᠡᠯᠪᠡᠷᠢ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠪᠣᠳᠠᠲᠠᠢ ᠠᠵᠢᠯ ᠥᠷᠨᠢᠭᠦᠯᠬᠦ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢ ᠪᠢᠴᠢᠵᠣ ᠵᠢᠭᠠᠨ ᠲᠣᠭᠲᠠᠭᠠᠬᠤ ᠶᠢᠨ ᠬᠠᠮᠲᠤ᠂ ᠲᠥᠯᠥᠪᠦᠷᠢ ᠠᠪᠬᠤ ᠠᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠭᠠᠷ ᠤᠨ ᠦᠰᠦᠭ ᠵᠢᠷᠣᠵᠣ ᠲᠣᠭᠳᠠᠭᠠᠬᠤ ᠡᠷᠬᠡ ᠣᠯᠭᠤᠬᠤ ᠬᠡᠷᠡᠭᠲᠡᠢ᠃      ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠬᠡᠷᠡᠭ ᠨᠢ ᠬᠤᠶᠠᠷ ᠪᠤᠶᠤ ᠬᠤᠶᠠᠷ ᠠᠴᠠ ᠳᠡᠭᠡᠭᠰᠢ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠬᠤᠯᠪᠣᠭᠳᠠᠪᠠᠯ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠢᠭᠠᠵᠣ ᠲᠣᠭᠲᠠᠭᠠᠭᠰᠠᠨ

        365赢多少钱会被限额_国内有真正的365平台吗_365bet博彩官网

        ᠲᠦᠷᠦᠭᠦᠯᠡᠨ ᠬᠢᠬᠦ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠢ ᠬᠠᠷᠢᠭᠤᠴᠠᠵᠤ᠂ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠬᠠᠮᠵᠢᠯᠴᠠᠬᠤ ᠬᠡᠷᠡᠭᠲᠡᠢ᠃      ᠵᠢᠷᠭᠤᠳᠤᠭᠠᠷ ᠵᠦᠢᠯ  ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠨᠢᠭᠡᠴᠢ ᠪᠤᠶᠤ ᠬᠤᠪᠢ ᠬᠥᠮᠦᠨ ᠨᠢ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠥᠭᠬᠦ ᠡᠭᠦᠷᠭᠡᠲᠦ ᠬᠥᠮᠦᠨ ᠪᠣᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠳᠤ ᠲᠦᠯᠣᠪᠣᠷᠢᠯᠡᠭᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃      ᠳᠣᠯᠣᠳᠤᠭᠠᠷ ᠵᠦᠢᠯ  ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠶᠢ ᠵᠦᠪᠳᠡᠯᠴᠡᠭᠦ ᠭᠡᠳᠡᠭ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠤ ᠳᠠᠷᠠᠭ᠎ᠠ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠲᠥᠯᠥᠪᠦᠷᠢ ᠥᠭᠬᠦ ᠡᠭᠦᠷᠭᠡᠲᠦ ᠬᠥᠮᠦᠨ ᠯᠦᠭᠡ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢᠨ ᠬᠢᠨᠠᠨ ᠲᠣᠭᠲᠠᠭᠠᠭᠰᠠᠨ ᠰᠠᠨᠠᠯ᠂ ᠦᠨᠡᠯᠡᠨ ᠵᠢᠱᠢᠭᠰᠡᠨ ᠮᠡᠳᠡᠭᠦᠯᠦᠯᠲᠡ ᠪᠤᠶᠤ ᠲᠤᠰᠬᠠᠢ ᠮᠡᠷᠭᠡᠵᠢᠯᠲᠡᠨ ᠤ ᠰᠠᠨᠠᠯ ᠢ ᠦᠨᠳᠦᠰᠦᠯᠡᠵᠦ᠂ ᠵᠠᠰᠠᠨ ᠰᠡᠷᠭᠦᠭᠡᠬᠦ ᠠᠷᠭ᠎ᠠ ᠬᠡᠯᠪᠡᠷᠢ᠂ ᠡᠬᠢᠯᠡᠭᠦᠯᠬᠦ ᠴᠠᠭ ᠬᠢᠭᠡᠣᠨ ᠬᠤᠭᠤᠴᠠᠭ᠎ᠠ ᠬᠢᠵᠠᠭᠠᠷ᠂ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠠᠷᠭ᠎ᠠ ᠬᠡᠯᠪᠡᠷᠢ ᠵᠢᠴᠢ ᠬᠤᠭᠤᠴᠠᠭ᠎ᠠ ᠬᠢᠵᠠᠭᠠᠷ ᠵᠡᠷᠭᠡ ᠪᠣᠳᠠᠲᠠᠢ ᠠᠰᠠᠭᠤᠳᠠᠯ ᠤᠨ ᠲᠠᠯ᠎ᠠ ᠪᠠᠷ ᠡᠷᠬᠡ ᠲᠡᠭᠰᠢ ᠵᠥᠪᠳᠡᠯᠴᠡᠬᠦ ᠶᠢ ᠵᠢᠭᠠᠵᠤ ᠪᠠᠶᠢᠨ᠎ᠠ᠃ ᠵᠠᠰᠠᠨ ᠰᠡᠷᠭᠦᠭᠡᠬᠦ ᠲᠥᠰᠦᠯ ᠤᠨ ᠮᠡᠷᠭᠡᠵᠢᠯ ᠤᠨ ᠪᠣᠯᠤᠮᠵᠢᠲᠤ ᠴᠢᠨᠠᠷ᠂ ᠥᠪᠡᠷ ᠤᠨ ᠥᠷᠲᠡᠭ ᠤᠨ ᠦᠷ᠎ᠡ ᠠᠰᠢᠭ ᠢ ᠬᠠᠮᠤᠭ ᠤᠨ ᠰᠢᠯᠢᠳᠡᠭ ᠪᠣᠯᠭᠠᠬᠤ᠂ ᠲᠥᠯᠥᠪᠦᠷᠢ ᠦᠭᠭᠦ ᠡᠭᠦᠷᠭᠡᠲᠦ ᠬᠥᠮᠦᠨ ᠤ ᠳᠥᠯᠥᠬᠦ ᠴᠢᠳᠠᠪᠤᠷᠢ᠂ ᠭᠤᠷᠪᠠᠳᠠᠬᠢ ᠡᠲᠡᠭᠡᠳ ᠤᠨ ᠵᠠᠰᠠᠯᠲᠠ ᠶᠢᠨ ᠪᠣᠯᠤᠮᠵᠢᠲᠤ ᠴᠢᠨᠠᠷ ᠵᠡᠷᠭᠡ ᠪᠠᠶᠢᠳᠠᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠥᠯᠥᠪᠦᠷᠢ ᠶᠢᠨ ᠵᠥᠪᠯᠡᠯᠴᠡᠭᠡᠷ ᠲᠣᠭᠳᠠᠬᠤ ᠶᠢ ᠵᠢᠭᠠᠵᠣ ᠪᠠᠢᠨ᠎ᠠ᠃      ᠨᠠᠢᠮᠠᠳᠣᠭᠠᠷ ᠵᠦᠢᠯ  ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠣ ᠬᠤᠬᠢᠷᠠᠭᠤᠯᠤᠭᠰᠠᠨ ᠬᠡᠷᠡᠭ ᠢ ᠰᠢᠢᠳᠪᠦᠷᠢᠯᠡᠬᠦ ᠳᠤ ᠭᠦᠢᠴᠡᠳᠭᠡᠬᠦ ᠬᠠᠮᠢᠶ᠎ᠠ ᠪᠦᠬᠦᠢ ᠪᠢᠴᠢᠭ ᠬᠠᠷ᠎ᠠ ᠶᠢ ᠪᠣᠯ᠂ ᠠᠮᠢ ᠠᠬᠤᠶ ᠣᠷᠴᠢᠨ ᠲᠣᠭᠤᠷᠢᠨ ᠤ ᠶᠠᠮᠤᠨ᠂ ᠬᠠᠤᠯᠢ ᠴᠠᠭᠠᠵᠡ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠲᠠᠷᠢᠶᠠᠯᠠᠩ ᠪᠠ ᠬᠥᠳᠡᠭᠡ ᠲᠣᠰᠬᠤᠨ ᠤ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︽ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢᠨ ᠲᠥᠯᠥᠪᠦᠷᠢ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠪᠣᠳᠠᠲᠠᠶ ᠠᠰᠠᠭᠤᠳᠠᠯ ᠤᠳ ᠤᠨ ᠲᠤᠬᠠᠶ ᠰᠠᠨᠠᠯ ᠢ ᠳᠠᠷᠤᠮᠠᠯᠯᠠᠨ ᠶᠠᠪᠣᠭᠤᠯᠬᠤ ᠲᠤᠬᠠᠶ ᠮᠡᠳᠡᠭᠳᠡᠯ︾ ︵ᠣᠷᠴᠢᠨ ᠬᠠᠤᠯᠢ ᠲᠣᠭᠲᠠᠭᠠᠯ ﹇2020﹈ 44 ᠳ᠋ᠤᠭᠡᠷ ᠲᠣᠭᠠᠲᠤ︶ ᠳᠤ ᠲᠤᠳᠣᠷᠬᠠᠢ ᠲᠣᠭᠲᠠᠭᠠᠭᠰᠠᠨ ︽ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠨᠡᠬᠡᠬᠦ ᠪᠢᠴᠢᠭ ᠬᠠᠷ᠎ᠠ ᠶᠢᠨ ᠦᠯᠢᠭᠡᠷ ᠲᠣᠪᠬᠢᠮᠡᠯ︾ ᠢ ᠬᠡᠷᠩᠯᠡᠭᠦ ᠬᠡᠷᠩᠳᠠᠢ᠃      ᠶᠢᠰᠦᠳᠦᠭᠡᠷ ᠵᠦᠢᠯ  ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠡᠷᠡᠭ ᠤᠨ ᠲᠠᠯ᠎ᠡ ᠳᠠᠬᠢ ᠲᠥᠯᠥᠪᠦᠷᠢ ᠶᠢᠨ ᠪᠡᠯᠡ ᠮᠥᠩᠭᠦ ᠶᠢᠨ ᠬᠡᠷᠡᠭᠯᠡᠯᠲᠡ᠂ ᠬᠠᠮᠢᠶᠠᠷᠤᠯᠲᠠ ᠶᠢ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠲᠠᠷᠢᠶᠠᠯᠠᠩ ᠪᠠ ᠬᠥᠳᠡᠭᠡ ᠲᠣᠰᠬᠤᠨ ᠤ ᠶᠠᠮᠤᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︽︿ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠪᠠᠯᠠ ᠮᠦᠩᠭᠦᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠣᠭᠤᠯᠬᠤ ᠲᠤᠬᠠᠶ ᠮᠡᠳᠡᠭᠳᠡᠯ︾ ︵ᠡᠳ᠋ ᠡᠬᠢ ᠣᠷᠴᠢᠨ ﹇2020﹈ 6 ᠳ᠋ᠤᠭᠠᠷ ᠲᠣᠭᠠᠲᠤ︶ ᠤᠨ ᠶᠣᠰᠣᠭᠠᠷ ᠬᠡᠷᠩᠵᠢᠭᠦᠯᠭᠦ ᠬᠡᠷᠩᠳᠠᠢ᠃      ᠠᠷᠪᠠᠳᠤᠭᠠᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠪᠤᠶᠤ ᠲᠡᠳᠡᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠡᠷᠡᠭ ᠤᠨ ᠳᠠᠩᠰᠠ ᠡᠪᠬᠡᠮᠡᠯ ᠢ ᠪᠠᠶᠢᠭᠤᠯᠬᠤ ᠬᠡᠷᠡᠭᠲᠡᠢ᠂ ᠡᠭᠦᠨ ᠳᠤ ᠪᠠᠶᠢᠴᠠᠭᠠᠯᠲᠠ ᠶᠢᠨ ᠮᠠᠲ᠋ᠧᠷᠢᠶᠠᠯ᠂ ᠰᠢᠯᠭᠠᠨ ᠲᠣᠭᠲᠠᠭᠠᠭᠰᠠᠨ ᠰᠠᠨᠠᠯ ᠪᠤᠶᠤ ᠦᠨᠡᠯᠡᠨ ᠵᠢᠱᠢᠭᠰᠡᠨ ᠮᠡᠳᠡᠭᠦᠯᠦᠯᠲᠡ᠂ ᠲᠥᠯᠥᠪᠦᠷᠢ ᠶᠢᠨ ᠵᠦᠪᠯᠡᠯᠴᠡᠭᠡᠷ᠂ ᠵᠠᠰᠠᠨ ᠰᠡᠷᠭᠦᠭᠡᠬᠦ ᠠᠵᠢᠯ ᠵᠡᠷᠭᠡ ᠬᠤᠯᠪᠣᠭᠳᠠᠯ ᠪᠦᠬᠦᠢ ᠬᠡᠷᠡᠭ ᠢ ᠰᠢᠢᠳᠪᠦᠷᠢᠯᠡᠭᠰᠡᠨ ᠪᠠᠶᠢᠳᠠᠯ ᠪᠠᠭᠲᠠᠨ᠎ᠠ᠃ ᠳᠠᠩᠰᠠ ᠡᠪᠬᠡᠮᠡᠯ ᠤᠨ ᠮᠠᠲ᠋ᠧᠷᠢᠶᠠᠯ ᠢ ᠪᠣᠯ ᠨᠢᠭᠡ ᠬᠡᠷᠡᠭ ᠲᠤ ᠨᠢᠭᠡ ᠳᠠᠩᠰᠠ ᠡᠪᠬᠡᠮᠡᠯ ᠪᠠᠢᠭᠤᠯᠵᠤ᠂ ᠤᠷᠳᠤ ᠬᠤᠭᠤᠴᠠᠭ᠎ᠠ ᠪᠠᠷ ᠬᠠᠳᠠᠭᠠᠯᠠᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠵᠢᠴᠢ ᠲᠡᠳᠡᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠡᠷᠡᠭ ᠤᠨ ᠪᠠᠶᠢᠴᠠᠭᠠᠯᠲᠠ ᠶᠢᠨ ᠪᠠᠶᠢᠳᠠᠯ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠰᠢᠯᠭᠠᠨ ᠲᠣᠭᠲᠠᠭᠠᠵᠤ ᠦᠨᠡᠯᠡᠨ ᠵᠢᠱᠢᠭᠰᠡᠨ᠂ ᠲᠥᠯᠥᠪᠦᠷᠢ ᠠᠪᠬᠤ ᠶᠢ ᠵᠦᠪᠳᠡᠯᠴᠡᠭᠰᠡᠨ᠂ ᠵᠠᠰᠠᠵᠤ ᠰᠡᠷᠭᠦᠭᠡᠭᠰᠡᠨ ᠵᠡᠷᠭᠡ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠨᠡᠶᠢᠭᠡᠮ ᠳᠤ ᠬᠠᠣᠯᠢ ᠶᠣᠰᠣᠭᠠᠷ ᠢᠯᠡ ᠪᠣᠯᠭᠠᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ  ᠲᠦᠯᠦᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠬᠠᠤᠯᠢ ᠴᠠᠭᠠᠵᠡ ᠶᠢᠨ ᠪᠠᠶᠢᠭᠤᠯᠭ᠎ᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠬᠦᠷᠳᠡᠭᠦ ᠪᠠ ᠰᠤᠷᠠᠭ ᠰᠦᠪᠡᠭᠴᠢ ᠶᠢ ᠰᠢᠯᠵᠢᠭᠦᠯᠦᠨ ᠬᠦᠷᠭᠡᠬᠦ ᠲᠣᠭᠲᠠᠴᠠ ᠶᠢ ᠪᠠᠶᠢᠭᠤᠯᠤᠨ ᠠᠬᠢᠭᠤᠯᠬᠤ ᠬᠡᠷᠡᠭᠲᠡᠶ᠃      ᠬᠤᠶᠠᠳᠤᠭᠠᠷ ᠪᠦᠯᠦᠭ  ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠳᠤ ᠪᠠᠶᠢᠴᠠᠭᠠᠯᠲᠠ ᠬᠢᠭᠦ      ᠠᠷᠪᠠᠨ ᠭᠤᠷᠪᠠᠳᠤᠭᠠᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠵᠢᠴᠢ ᠲᠡᠳᠡᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠳᠣᠣᠷᠠᠬᠢ ᠬᠡᠷᠡᠭ᠂ ᠵᠦᠢᠯᠡᠰ ᠢ ᠰᠢᠢᠳᠪᠦᠷᠢᠯᠡᠬᠦ ᠪᠤᠶᠤ ᠭᠦᠢᠴᠡᠣᠡᠭᠡᠭᠦ ᠳᠤ ᠪᠠᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠳᠤ ᠲᠥᠯᠥᠪᠦᠷᠢ ᠶᠢᠨ ᠪᠠᠶᠢᠴᠠᠭᠠᠯᠲᠠ ᠬᠢᠭᠦ ᠠᠵᠢᠯ ᠢ ᠡᠬᠢᠯᠡᠭᠦᠯᠬᠦ ᠴᠢᠬᠤᠯᠠᠲᠠᠢ ᠡᠰᠡᠬᠦ ᠶᠢ ᠵᠡᠷᠭᠡ ᠳᠤ ᠨᠢ ᠲᠣᠭᠲᠠᠭᠠᠬᠤ ᠬᠡᠷᠡᠭᠲᠡᠢ᠄      ︵ᠨᠢᠭᠡ︶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤ ᠣᠯᠵᠣ ᠮᠡᠳᠡᠭᠰᠡᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠢ ᠥᠷᠨᠢᠭᠦᠯᠬᠦ ᠴᠢᠬᠤᠯᠠᠲᠠᠶ ᠪᠣᠯᠣᠮᠵᠢ ᠪᠠᠶᠢᠬᠤ︔      ︵ᠬᠤᠶᠠᠷ︶ ᠠᠮᠢ ᠠᠬᠤᠶ ᠶᠢᠨ ᠣᠷᠴᠢᠨ ᠲᠣᠭᠤᠷᠢᠨ ᠤ ᠭᠡᠨᠡᠳᠲᠡ ᠡᠭᠦᠰᠣᠭ᠍ᠰᠡᠨ ᠬᠡᠷᠡᠭ︔      ︵ᠭᠤᠷᠪᠠ︶ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠣ ᠬᠤᠬᠢᠷᠠᠭᠤᠯᠤᠭᠰᠠᠨ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭ︔      ︵ᠲᠦᠷᠪᠡ︶ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠡᠪᠳᠡᠭᠰᠡᠨ ᠶᠠᠯ᠎ᠠ ᠳᠤ ᠬᠦᠷᠣᠭ᠍ᠰᠡᠨ ᠰᠡᠵᠢᠭᠯᠡᠯᠲᠡᠶ ᠬᠡᠷᠡᠭ︔      ︵ᠲᠠᠪᠤ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠲᠣᠭᠲᠠᠭᠠᠭᠰᠠᠨ ᠭᠤᠣᠯᠳᠠᠯᠭ᠎ᠠ ᠪᠣᠯᠬᠤ ᠠᠮᠢ ᠠᠬᠤᠶ ᠶᠢᠨ ᠴᠢᠳᠠᠮᠵᠢᠳᠤ ᠣᠷᠣᠨ᠂ ᠨᠡᠭᠡᠭᠡᠯᠳᠡ ᠬᠢᠭᠦ ᠶᠢ ᠴᠠᠭᠠᠵᠠᠯᠠᠭᠰᠠᠨ ᠣᠷᠣᠨ ᠳᠤ ᠡᠭᠦᠰᠦᠭᠰᠡᠨ ᠣᠷᠴᠢᠨ ᠠᠬᠤᠶ ᠶᠢ ᠪᠣᠬᠢᠷᠳᠣᠭᠤᠯᠣᠭᠰᠠᠨ᠂ ᠠᠮᠢ ᠠᠬᠤᠶ ᠶᠢ ᠡᠪᠳᠡᠭᠰᠡᠨ ᠬᠡᠷᠡᠭ︔      ︵ᠵᠢᠷᠭᠤᠭ᠎ᠠ︶ ᠡᠯ᠎ᠡ ᠵᠦᠢᠯ ᠤᠨ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠲᠤᠰᠬᠠᠶ ᠠᠵᠢᠯᠯᠠᠭ᠎ᠠ᠂ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠪᠠᠷ ᠢᠯᠡᠷᠡᠭᠦᠯᠦᠭᠰᠡᠨ ᠬᠡᠷᠡᠭ ᠤᠨ ᠰᠤᠷᠠᠭ ᠰᠦᠪᠡᠭᠴᠢ︔      ︵ᠲᠤᠯᠤᠭ᠎ᠠ︶ ᠵᠠᠬᠢᠳᠠᠯ ᠰᠣᠷᠪᠣᠯᠵᠢᠯᠠᠯ ᠢᠶᠠᠷ ᠵᠠᠭᠠᠯᠳᠣᠭᠰᠠᠨ᠂ ᠢᠯᠡᠴᠢᠯᠡᠨ ᠮᠡᠳᠡᠭᠦᠯᠣᠭ᠍ᠰᠡᠨ ᠪᠠ ᠵᠠᠭᠤᠴᠢᠯᠠᠭᠤᠷ ᠢᠶᠠᠷ ᠢᠯᠡᠴᠢᠯᠡᠭᠰᠡᠨ ᠳᠤ ᠬᠤᠯᠪᠣᠭᠳᠠᠭᠰᠠᠨ ᠬᠡᠷᠡᠭ ᠤᠨ ᠰᠤᠷᠠᠭ ᠰᠦᠪᠡᠭᠴᠢ᠃      ᠠᠷᠪᠠᠨ ᠳᠥᠷᠪᠡᠳᠦᠭᠡᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠵᠢᠴᠢ ᠲᠡᠳᠡᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠡᠷᠡᠭ ᠤᠨ ᠰᠤᠷᠠᠭ ᠰᠦᠪᠡᠭᠴᠢ ᠶᠢ ᠰᠢᠭᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ᠂ ᠬᠡᠷᠡᠭ ᠰᠢᠢᠣᠡᠪᠣᠷᠢᠯᠡᠭᠰᠡᠨ ᠡᠬᠡ ᠳᠠᠩᠰᠠ ᠶᠢ ᠪᠠᠶᠢᠭᠤᠯᠵᠤ᠂ ᠮᠦᠷᠳᠡᠨ ᠳᠠᠭᠠᠵᠤ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃      ᠠᠷᠪᠠᠨ ᠲᠠᠪᠤᠳᠤᠭᠠᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠵᠢᠴᠢ ᠲᠡᠳᠡᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠲᠥᠯᠥᠪᠦᠷᠢ ᠨᠡᠬᠡᠬᠦ ᠪᠠᠷ ᠳᠤᠷᠠᠳᠤᠭᠰᠠᠨ ᠬᠡᠷᠡᠭ ᠤᠨ ᠰᠤᠷᠠᠭ ᠰᠦᠪᠡᠭᠴᠢ ᠶᠢ ᠴᠠᠭ ᠲᠤᠬᠠᠶ ᠳᠤ ᠨᠢ ᠪᠠᠶᠢᠴᠠᠭᠠᠬᠤ ᠬᠡᠷᠡᠭᠲᠡᠶ᠂ ᠡᠭᠦᠨ ᠤ ᠬᠠᠮᠳᠣ ᠬᠠᠮᠢᠶ᠎ᠠ ᠪᠦᠬᠦᠢ ᠠᠷᠠᠳ ᠤᠨ ᠰᠢᠭᠦᠬᠦ ᠬᠤᠷᠢᠶ᠎ᠠ ᠪᠠ ᠪᠠᠶᠢᠴᠠᠭᠠᠬᠤ ᠪᠠᠶᠢᠭᠤᠯᠭ᠎ᠠ ᠳᠤ ᠮᠡᠳᠡᠭᠳᠡᠵᠦ ᠪᠣᠯᠤᠨ᠎ᠠ᠃      ᠪᠠᠶᠢᠴᠠᠭᠠᠯᠲᠠ ᠶᠢ ᠤᠳᠤ ᠶᠢᠨ ᠪᠠᠶᠢᠭ᠎ᠠ ᠮᠠᠲ᠋ᠧᠷᠢᠶᠠᠯ ᠢ ᠴᠤᠭᠯᠠᠭᠤᠯᠬᠤ᠂ ᠲᠤᠬᠠᠢ ᠶᠢᠨ ᠲᠠᠯᠠᠪᠠᠢ ᠳᠤ ᠬᠠᠶᠢᠨ ᠰᠢᠨᠵᠢᠬᠦ᠂ ᠶᠠᠷᠢᠯᠴᠠᠨ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠵᠤ ᠪᠣᠯᠤᠨ᠎ᠠ᠂ ᠴᠢᠬᠤᠯᠠᠲᠠᠢ ᠦᠶ᠎ᠡ ᠳᠤ ᠳᠠᠭᠤ ᠠᠪᠢᠶ᠎ᠠ ᠶᠢ ᠰᠢᠩᠭᠡᠭᠡᠬᠦ᠂ ᠳᠦᠷᠰᠦ ᠰᠢᠩᠭᠡᠭᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠣ ᠬᠤᠬᠢᠷᠠᠭᠤᠯᠣᠭᠰᠠᠨ ᠢ ᠨᠢ ᠬᠢᠨᠠᠨ ᠲᠣᠭᠲᠠᠭᠠᠵᠤ ᠦᠨᠡᠯᠡᠨ ᠵᠢᠱᠢᠬᠦ ᠵᠡᠷᠭᠡ ᠠᠷᠭ᠎ᠠ ᠪᠠᠷᠢᠯ ᠢ ᠬᠡᠷᠩᠯᠡᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠣ ᠬᠤᠬᠢᠷᠠᠭᠤᠯᠣᠭᠰᠠᠨ ᠪᠠᠢᠳᠡᠯ ᠣᠷᠣᠰᠢᠵᠤ ᠪᠠᠶᠢᠬᠤ ᠡᠰᠡᠬᠦ᠂ ᠬᠤᠬᠢᠷᠠᠯ ᠤᠨ ᠬᠡᠪᠴᠢᠶ᠎ᠡ᠂ ᠬᠤᠬᠢᠷᠠᠯ ᠤᠨ ᠬᠡᠮᠵᠢᠶ᠎ᠡ᠂ ᠬᠠᠷᠢᠴᠠᠩᠭᠤᠢ ᠲᠣᠳᠣᠷᠬᠠᠢ ᠲᠥᠯᠥᠪᠦᠷᠢ ᠦᠭᠭᠦ ᠡᠭᠦᠷᠭᠡᠲᠦ ᠬᠥᠮᠦᠨ ᠪᠠᠶᠢᠬᠤ ᠡᠰᠡᠬᠦ᠂ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠲᠦᠭᠦᠮ ᠲᠡᠰ ᠳᠠᠷᠠᠭᠠᠯᠠᠯ ᠢ ᠬᠡᠷᠡᠭᠯᠡᠵᠦ ᠪᠣᠯᠬᠤ ᠡᠰᠡᠬᠦ ᠵᠡᠷᠭᠡ ᠠᠰᠠᠭᠤᠳᠠᠯ ᠤᠨ ᠲᠣᠭᠤᠷᠢᠨ ᠳᠤ ᠶᠠᠪᠣᠭᠳᠠᠭᠤᠯᠬᠤ ᠬᠡᠷᠩᠳᠠᠢ᠃      ᠠᠷᠪᠠᠨ ᠵᠢᠷᠭᠤᠳᠤᠭᠠᠷ ᠵᠦᠢᠯ  ᠪᠠᠶᠢᠴᠠᠭᠠᠯᠲᠠ ᠪᠠᠷ ᠳᠠᠮᠵᠢᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢ ᠡᠬᠢᠯᠡᠭᠦᠯᠬᠦ ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠲᠤᠰ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠪᠠᠨ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭ ᠪᠣᠯᠭᠠᠬᠤ ᠬᠡᠷᠩᠳᠠᠢ᠃      ᠪᠠᠶᠢᠴᠠᠭᠠᠯᠲᠠ ᠪᠠᠷ ᠳᠠᠮᠵᠢᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢᠨ ᠲᠥᠯᠥᠪᠦᠷᠢ ᠶᠢ ᠡᠬᠢᠯᠡᠭᠦᠯᠬᠦ ᠴᠢᠬᠤᠯᠠ ᠦᠭᠡᠢ ᠪᠣᠯ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠬᠡᠷᠡᠭ ᠪᠣᠯᠭᠠᠬᠤ ᠦᠭᠡᠢ ᠶᠢᠨ ᠤᠴᠢᠷ ᠰᠢᠯᠲᠠᠭᠠᠨ ᠪᠠ ᠰᠠᠨᠠᠯ ᠢᠶᠠᠨ ᠲᠣᠳᠣᠷᠬᠠᠶᠢᠯᠠᠵᠤ᠂ ᠲᠤᠰ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠪᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃      ᠭᠤᠷᠪᠠᠳᠤᠭᠠᠷ ᠪᠦᠯᠦᠭ  ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ      ᠠᠷᠪᠠᠨ ᠳᠣᠯᠣᠳᠤᠭᠠᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠡᠷᠡᠭ ᠢ ᠰᠢᠢᠳᠪᠦᠷᠢᠯᠡᠬᠦ ᠳᠤ ᠪᠠᠨ᠂ ᠪᠠᠶᠢᠳᠠᠯ ᠢ ᠨᠢ ᠦᠵᠡᠵᠦ ᠪᠠᠶᠢᠭᠠᠳ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠪᠤᠶᠤ ᠲᠦᠭᠦᠮ ᠢᠶᠠᠷ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃      ᠲᠥᠯᠥᠪᠦᠷᠢ ᠠᠪᠬᠤ ᠡᠷᠬᠡᠲᠦ ᠬᠥᠮᠦᠨ ᠵᠢᠴᠢ ᠲᠡᠳᠡᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠨᠥᠬᠦᠴᠡᠯ ᠳᠤ ᠨᠡᠶᠢᠴᠡᠭᠰᠡᠨ ᠪᠠᠶᠢᠭᠤᠯᠤᠮᠵᠢ ᠳᠤ ᠨᠠᠶᠢᠳᠠᠵᠤ ᠪᠠᠶᠢᠭᠠᠳ ᠬᠢᠨᠠᠨ ᠲᠣᠭᠲᠠᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠭᠠᠷᠭᠠᠯᠭᠠᠵᠤ ᠪᠣᠯᠤᠨ᠎ᠠ᠂ ᠪᠠᠰᠠ ᠲᠥᠯᠥᠪᠦᠷᠢ ᠦᠭᠭᠦ ᠡᠭᠦᠷᠭᠡᠲᠦ ᠬᠥᠮᠦᠨ ᠲᠠᠢ ᠵᠦᠪᠳᠡᠯᠴᠡᠵᠣ ᠳᠡᠭᠡᠷ᠎ᠡ ᠳᠤᠷᠠᠳᠤᠭᠰᠠᠨ ᠪᠠᠶᠢᠭᠤᠯᠤᠮᠵᠢ ᠳᠤ ᠨᠠᠶᠢᠳᠠᠵᠤ ᠪᠠᠶᠢᠭᠠᠳ ᠬᠢᠨᠠᠨ ᠲᠣᠭᠲᠠᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠭᠠᠷᠭᠠᠯᠭᠠᠵᠤ ᠪᠣᠯᠤᠨ᠎ᠠ᠃      ᠠᠷᠪᠠᠨ ᠨᠠᠢᠮᠠᠳᠣᠭᠠᠷ ᠵᠦᠢᠯ  ᠬᠢᠨᠠᠨ ᠲᠣᠭᠲᠠᠭᠠᠵᠤ ᠦᠨᠡᠯᠡᠨ ᠵᠢᠱᠢᠭᠦᠯᠭᠦ ᠪᠠᠷ ᠨᠠᠶᠢᠳᠠᠭᠴᠢ ᠨᠢ ᠨᠠᠶᠢᠳᠠᠯᠭ᠎ᠠ ᠶᠢᠨ ᠪᠢᠴᠢᠭ ᠪᠢᠴᠢᠵᠣ ᠥᠭᠬᠦ ᠬᠡᠷᠡᠭᠲᠡᠶ᠃ ᠬᠢᠨᠠᠨ ᠲᠣᠭᠲᠠᠭᠠᠵᠤ ᠦᠨᠡᠯᠡᠨ ᠵᠢᠱᠢᠬᠦ ᠪᠠᠶᠢᠭᠤᠯᠤᠮᠵᠢ ᠨᠢ ᠨᠠᠶᠢᠳᠠᠯᠭ᠎ᠠ ᠶᠢ ᠬᠦᠯᠢᠶᠡᠭᠰᠡᠨ ᠤ ᠲᠠᠷᠠᠭ᠎ᠠ᠂ ᠬᠤᠶᠠᠷ ᠲᠠᠯ᠎ᠠ ᠪᠠᠷ ᠢᠶᠠᠨ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠭᠠᠵᠤ᠂ ᠬᠢᠨᠠᠨ ᠲᠣᠭᠲᠠᠭᠠᠵᠤ ᠦᠨᠡᠯᠡᠨ ᠵᠢᠱᠢᠬᠦ ᠵᠦᠢᠯᠡᠰ᠂ ᠱᠠᠭᠠᠷᠳᠠᠯᠭ᠎ᠠ᠂ ᠮᠠᠲ᠋ᠧᠷᠢᠶᠠᠯ ᠬᠠᠩᠭᠠᠬᠤ᠂ ᠭᠦᠢᠴᠡᠣᠡᠭᠡᠭᠦ ᠴᠠᠭ ᠬᠢᠵᠠᠭᠠᠷ᠂ ᠵᠠᠷᠤᠳᠠᠯ ᠥᠭᠬᠦ ᠵᠡᠷᠭᠡ ᠵᠦᠢᠯᠡᠰ ᠢ ᠲᠣᠳᠣᠷᠬᠠᠢ ᠲᠣᠭᠳᠠᠭᠠᠬᠤ ᠬᠡᠷᠩᠳᠠᠢ᠃      ᠠᠷᠪᠠ ᠶᠢᠰᠦᠳᠦᠭᠡᠷ ᠵᠦᠢᠯ  ᠬᠢᠨᠠᠨ ᠲᠣᠭᠲᠠᠭᠠᠵᠤ ᠦᠨᠡᠯᠡᠨ ᠵᠢᠱᠢᠬᠦ ᠪᠠᠶᠢᠭᠤᠯᠤᠮᠵᠢ ᠨᠢ ᠨᠠᠶᠢᠳᠠᠯᠭ᠎ᠠ ᠶᠢᠨ ᠪᠢᠴᠢᠭ ᠪᠤᠶᠤ ᠨᠠᠶᠢᠳᠠᠯᠭ᠎ᠠ ᠶᠢᠨ ᠬᠡᠯᠡᠯᠴᠡᠭᠡᠷ ᠤᠨ ᠪᠣᠯᠵᠣᠯ ᠢ ᠦᠨᠳᠦᠰᠦᠯᠡᠨ᠂ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠬᠢᠨᠠᠨ ᠲᠣᠭᠲᠠᠭᠠᠭᠰᠠᠨ ᠰᠠᠨᠠᠯ ᠪᠤᠶᠤ ᠦᠨᠡᠯᠡᠨ ᠵᠢᠱᠢᠭᠰᠡᠨ ᠮᠡᠳᠡᠭᠦᠯᠦᠯᠲᠡ ᠭᠠᠷᠭᠠᠵᠤ ᠥᠭᠬᠦ ᠬᠡᠷᠡᠭᠲᠡᠢ᠃      ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠦᠨᠡᠯᠡᠨ ᠵᠢᠱᠢᠭᠰᠡᠨ ᠮᠡᠳᠡᠭᠦᠯᠦᠯᠲᠡ ᠳᠤ ᠪᠠᠶᠢᠭᠤᠯᠤᠮᠵᠢ ᠶᠢᠨ ᠬᠠᠷᠢᠭᠤᠴᠠᠬᠤ ᠲᠦᠷᠢᠮ ᠢ ᠬᠡᠷᠩᠵᠢᠭᠦᠯᠭᠦ ᠬᠡᠷᠩᠳᠠᠢ᠃      ᠬᠤᠷᠢᠳᠤᠭᠠᠷ ᠵᠦᠢᠯ  ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠪᠠᠶᠢᠳᠠᠯ ᠢ ᠪᠠᠶᠢᠴᠠᠭᠠᠬᠤ ᠪᠠᠷ ᠳᠡᠮᠵᠢᠨ᠂ ᠡᠪᠳᠡᠵᠣ ᠬᠤᠬᠢᠷᠠᠭᠤᠯᠣᠭᠰᠠᠨ ᠪᠣᠳᠠᠲᠤ ᠶᠠᠪᠤᠳᠠᠯ ᠨᠢ ᠲᠣᠳᠣᠷᠬᠠᠶ᠂ ᠬᠠᠷᠢᠭᠤᠴᠠᠯᠭ᠎ᠠ ᠶᠢᠨ ᠮᠠᠭᠠᠳᠯᠠᠯᠲᠠ ᠨᠢ ᠮᠠᠷᠭᠤᠭᠠᠨ ᠦᠭᠡᠶ᠂ ᠬᠤᠬᠢᠷᠠᠯ ᠤᠨ ᠵᠣᠭᠤᠰ ᠤᠨ ᠲᠤᠭ᠎ᠠ ᠨᠢ 50 ᠲᠦᠮᠡᠨ ᠲᠥᠭᠦᠷᠢᠭ ᠠᠴᠠ ᠳᠣᠷᠣᠭᠰᠢ ᠪᠠᠶᠢᠬᠤ ᠬᠡᠷᠡᠭ ᠢ ᠪᠣᠯ᠂ ᠲᠤᠰᠬᠠᠢ ᠮᠡᠷᠭᠡᠵᠢᠯᠲᠡᠨ ᠳᠤ ᠨᠠᠶᠢᠳᠠᠵᠤ ᠦᠨᠡᠯᠡᠨ ᠵᠢᠱᠢᠭᠦᠯᠬᠦ ᠳᠦᠬᠦᠮ ᠢᠶᠠᠷ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠷᠭ᠎ᠠ ᠬᠡᠯᠪᠡᠷᠢ ᠶᠢ ᠬᠡᠷᠡᠭᠯᠡᠵᠦ᠂ ᠲᠤᠰᠬᠠᠢ ᠮᠡᠷᠭᠡᠵᠢᠯᠲᠡᠨ ᠠᠴᠠ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠮᠡᠷᠭᠡᠵᠢᠯ ᠤᠨ ᠪᠠᠷᠢᠮᠵᠢᠶ᠎ᠠ ᠶᠢᠨ ᠲᠣᠭᠳᠠᠯᠴᠠᠭ᠎ᠠ ᠶᠢᠨ ᠱᠠᠭᠠᠷᠳᠠᠯᠭ᠎ᠠ ᠶᠣᠰᠣᠭᠠᠷ ᠰᠠᠨᠠᠯ ᠭᠠᠷᠭᠠᠵᠤ ᠪᠣᠯᠤᠨ᠎ᠠ᠂ ᠪᠠᠰᠠ ᠬᠡᠷᠡᠭ ᠲᠠᠢ ᠬᠤᠯᠪᠣᠭᠳᠠᠬᠤ ᠬᠠᠤᠯᠢ ᠴᠠᠭᠠᠵᠠ ᠶᠢᠨ ᠪᠢᠴᠢᠭ ᠬᠠᠷ᠎ᠠ᠂ ᠬᠢᠨᠠᠵᠣ ᠰᠢᠨᠵᠢᠭᠰᠡᠨ ᠮᠡᠳᠡᠭᠦᠯᠦᠯᠲᠡ ᠵᠡᠷᠭᠡ ᠮᠠᠲ᠋ᠧᠷᠢᠶᠠᠯ ᠢ ᠦᠨᠳᠦᠰᠦᠯᠡᠨ ᠠᠮᠢ ᠠᠬᠤᠢ ᠶᠢᠨ ᠬᠤᠬᠢᠷᠠᠯ ᠢ ᠶᠡᠷᠣᠩᠬᠡᠢ ᠳᠤ ᠨᠢ ᠮᠠᠭᠠᠳᠯᠠᠨ ᠲᠣᠭᠲᠠᠭᠠᠵᠤ ᠪᠣᠯᠤᠨ᠎ᠠ᠃ ᠦᠨᠡᠯᠡᠨ ᠵᠢᠱᠢᠭᠰᠡᠨ ᠪᠤᠶᠤ ᠮᠠᠭᠠᠳᠯᠠᠨ ᠲᠣᠭᠲᠠᠭᠠᠭᠰᠠᠨ ᠰᠠᠨᠠᠯ ᠢ ᠪᠣᠯ 3 ᠠᠴᠠ ᠢᠯᠡᠭᠦᠣ ᠲᠤᠰᠬᠠᠶ ᠮᠡᠷᠭᠡᠵᠢᠯᠲᠡᠨ ᠢᠶᠠᠷ ᠬᠠᠮᠲᠤ ᠭᠠᠷᠭᠠᠯᠭᠠᠭᠰᠠᠨ ᠪᠠᠶᠢᠵᠤ᠂ ᠲᠤᠰᠬᠠᠶ ᠮᠡᠷᠭᠡᠵᠢᠯᠳᠡᠣᠨ ᠭᠠᠷᠭᠠᠭᠰᠠᠨ ᠰᠠᠨᠠᠯ ᠳᠤ ᠪᠠᠨ ᠬᠠᠷᠢᠭᠤᠴᠠᠬᠤ ᠬᠡᠷᠡᠭᠲᠡᠶ᠃ ᠲᠤᠰᠬᠠᠶ ᠮᠡᠷᠭᠡᠵᠢᠯᠲᠡᠨ ᠢᠶᠠᠨ ᠤᠯᠤᠰ ᠪᠠ ᠣᠷᠣᠨ ᠨᠤᠲᠤᠭ ᠤᠨ ᠪᠠᠶᠢᠭᠤᠯᠤᠭᠰᠠᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠶ ᠮᠡᠷᠭᠡᠵᠢᠯᠲᠡᠨ ᠤ ᠬᠥᠮᠥᠷᠭᠡ ᠪᠤᠶᠤ ᠲᠤᠰᠬᠠᠶ ᠮᠡᠷᠭᠡᠵᠢᠯᠲᠡᠨ ᠤ ᠺᠣᠮᠢᠰ ᠠᠴᠠ ᠰᠣᠩᠭᠤᠵᠤ ᠪᠣᠯᠤᠨ᠎ᠠ᠃      ᠳᠥᠷᠪᠡᠳᠦᠭᠡᠷ ᠪᠦᠯᠦᠭ  ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢᠨ ᠲᠥᠯᠥᠪᠦᠷᠢ ᠶᠢ ᠵᠦᠪᠳᠡᠯᠴᠡᠭᠦ      ᠬᠤᠷᠢᠨ ᠨᠢᠭᠡᠳᠦᠭᠡᠷ ᠵᠦᠢᠯ  ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ ᠪᠤᠶᠤ ᠬᠤᠬᠢᠷᠠᠯ ᠢ ᠳᠥᠯᠥᠭᠦᠯᠬᠦ ᠠᠵᠢᠯ ᠡᠬᠢᠯᠡᠭᠦᠯᠬᠦ ᠴᠢᠬᠤᠯᠠᠲᠠᠶ ᠪᠠᠶᠢᠪᠠᠯ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠪᠤᠶᠤ ᠲᠤᠰᠬᠠᠢ ᠮᠡᠷᠭᠡᠵᠢᠯᠲᠡᠨ ᠤ ᠰᠠᠨᠠᠯ ᠢᠶᠠᠷ ᠯᠠᠪᠯᠠᠯᠲᠠ ᠪᠣᠯᠭᠠᠵᠤ᠂ ︽ᠬᠡᠨ ᠡᠪᠳᠡᠵᠦ ᠬᠤᠬᠢᠷᠠᠭᠤᠯᠤᠭᠰᠠᠨ ᠪᠠᠶᠢᠪᠠᠯ ᠵᠠᠰᠠᠵᠤ ᠰᠡᠷᠭᠦᠭᠡᠬᠦ ᠬᠠᠷᠢᠭᠤᠴᠠᠯᠭ᠎ᠠ ᠶᠢ ᠲᠡᠷᠡ ᠡᠭᠦᠷᠭᠡᠯᠡᠬᠦ︾ ᠵᠠᠷᠴᠢᠮ ᠶᠣᠰᠣᠭᠠᠷ᠂ ᠵᠠᠰᠠᠵᠤ ᠰᠡᠷᠭᠦᠭᠡᠬᠦ ᠶᠢ ᠡᠬᠢᠯᠡᠭᠦᠯᠬᠦ ᠴᠠᠭ ᠪᠠ ᠬᠤᠭᠤᠴᠠᠭ᠎ᠠ ᠬᠢᠵᠠᠭᠠᠷ᠂ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠠᠷᠭ᠎ᠠ ᠬᠡᠯᠪᠡᠷᠢ ᠪᠠ ᠬᠤᠭᠤᠴᠠᠭ᠎ᠠ ᠬᠢᠵᠠᠭᠠᠷ ᠵᠡᠷᠭᠡ ᠪᠣᠳᠠᠲᠠᠢ ᠠᠰᠠᠭᠤᠳᠠᠯ ᠳᠤ ᠲᠥᠯᠥᠪᠦᠷᠢ ᠦᠭᠭᠦ ᠡᠭᠦᠷᠭᠡᠲᠦ ᠬᠥᠮᠦᠨ ᠲᠠᠢ ᠵᠥᠪᠳᠡᠯᠴᠡᠬᠦ ᠬᠤᠷᠠᠯ ᠬᠢᠭᠦ ᠬᠡᠷᠩᠳᠠᠢ᠃ ᠬᠡᠷᠡᠭ ᠤᠨ ᠪᠠᠶᠢᠳᠠᠯ ᠨᠢ ᠨᠡᠯᠢᠶᠡᠳ ᠪᠤᠳᠤᠯᠢᠶᠠᠨᠲᠠᠶ ᠪᠠᠶᠢᠪᠠᠯ᠂ ᠠᠩᠬ᠎ᠠ ᠤᠳᠠᠭ᠎ᠠ ᠵᠥᠪᠳᠡᠯᠴᠡᠬᠦ ᠠᠴᠠ ᠡᠮᠦᠨ᠎ᠡ ᠨᠡᠪᠲᠡᠷᠡᠯᠴᠡᠨ ᠦᠢᠯᠠᠭᠠᠯᠴᠠᠬᠤ ᠶᠢ ᠵᠣᠬᠢᠶᠠᠨ ᠪᠠᠶᠢᠭᠤᠯᠵᠤ ᠪᠣᠯᠤᠨ᠎ᠠ᠃      ᠬᠤᠷᠢᠨ ᠬᠤᠶᠠᠳᠤᠭᠠᠷ ᠵᠦᠢᠯ  ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠶᠢ ᠵᠦᠪᠳᠡᠯᠴᠡᠭᠦ ᠳᠤ ᠳᠣᠣᠷ᠎ᠠ ᠵᠢᠭᠰᠠᠭᠠᠭᠰᠠᠨ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄      ︵ᠨᠢᠭᠡ︶ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠣᠭᠰᠠᠨ ᠪᠠᠶᠢᠬᠤ︔      ︵ᠬᠤᠶᠠᠷ︶ ᠲᠥᠯᠥᠪᠦᠷᠢ ᠠᠪᠬᠤ ᠡᠷᠬᠡᠲᠦ ᠬᠥᠮᠦᠨ ᠠᠴᠠ ᠲᠥᠯᠥᠪᠦᠷᠢ ᠦᠭᠭᠦ ᠡᠭᠦᠷᠭᠡᠲᠦ ᠬᠥᠮᠦᠨ ᠳᠤ ᠵᠥᠪᠳᠡᠯᠴᠡᠬᠦ ᠶᠢ ᠮᠡᠳᠡᠭᠳᠡᠬᠦ ᠪᠢᠴᠢᠭ ᠶᠠᠪᠣᠭᠤᠯᠵᠣ᠂ ᠲᠥᠯᠥᠪᠦᠷᠢ ᠦᠭᠭᠦ ᠡᠭᠦᠷᠭᠡᠲᠦ ᠬᠥᠮᠦᠨ ᠨᠢ ᠵᠥᠪᠳᠡᠯᠴᠡᠬᠦ ᠶᠢ ᠵᠥᠪᠰᠢᠶᠡᠷᠡᠭᠰᠡᠨ ᠪᠠᠶᠢᠬᠤ︔      ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠲᠦᠯᠦᠭᠦᠯᠬᠦ ᠬᠡᠷᠡᠭ ᠤᠨ ᠪᠠᠶᠢᠴᠠᠭᠠᠯᠲᠠ ᠬᠢᠬᠦ ᠠᠵᠢᠯ ᠢ ᠪᠡᠶᠡᠯᠡᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠪᠣᠳᠠᠲᠤ ᠶᠠᠪᠤᠳᠠᠯ ᠨᠢ ᠲᠣᠳᠣᠷᠬᠠᠢ ᠪᠠᠶᠢᠬᠤ︔      ︵ᠲᠦᠷᠪᠡ︶ ᠬᠢᠨᠠᠨ ᠲᠣᠭᠲᠠᠭᠠᠵᠤ ᠦᠨᠡᠯᠡᠨ ᠵᠢᠱᠢᠬᠦ ᠪᠠᠶᠢᠭᠤᠯᠤᠮᠵᠢ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠭᠰᠠᠨ ᠰᠠᠨᠠᠯ᠂ ᠦᠨᠡᠯᠡᠨ ᠵᠢᠱᠢᠭᠰᠡᠨ ᠮᠡᠳᠡᠭᠦᠯᠦᠯᠲᠡ ᠪᠢᠴᠢᠵᠣ ᠦᠭᠭᠦᠭᠰᠡᠨ ᠪᠤᠶᠤ ᠬᠢᠨᠠᠨ ᠲᠣᠭᠲᠠᠭᠠᠵᠤ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠰᠠᠨᠠᠯ ᠢᠶᠠᠨ ᠲᠣᠷᠠᠳᠣᠭᠰᠠᠨ ᠪᠠᠶᠢᠬᠤ︔      ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠳᠤ ᠲᠣᠭᠲᠠᠭᠠᠭᠰᠠᠨ ᠪᠤᠰᠤᠳ ᠨᠥᠬᠦᠴᠡᠯ᠃      ᠬᠤᠷᠢᠨ ᠭᠤᠷᠪᠠᠳᠤᠭᠠᠷ ᠵᠦᠢᠯ  ᠲᠥᠯᠥᠪᠦᠷᠢ ᠦᠭᠭᠦ ᠡᠭᠦᠷᠭᠡᠲᠦ ᠬᠥᠮᠦᠨ ᠨᠢ ᠵᠥᠪᠳᠡᠯᠴᠡᠬᠦ ᠶᠢᠨ ᠮᠡᠳᠡᠭᠳᠡᠬᠦ ᠪᠢᠴᠢᠭ ᠢ ᠭᠠᠷᠳᠠᠵᠣ ᠣᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠲᠥᠯᠥᠪᠦᠷᠢ ᠦᠭᠭᠦ ᠡᠭᠦᠷᠭᠡᠲᠦ ᠬᠥᠮᠦᠨ ᠪᠣᠯᠬᠤ ᠪᠡᠶ᠎ᠡ ᠭᠠᠷᠣᠯ ᠢᠶᠠᠨ ᠮᠡᠳᠡᠷᠡᠬᠦ ᠡᠰᠡᠬᠦ᠂ ᠵᠥᠪᠳᠡᠯᠴᠡᠬᠦ ᠶᠢ ᠵᠥᠪᠰᠢᠶᠡᠷᠡᠬᠦ ᠡᠰᠡᠬᠦ ᠲᠠᠯ᠎ᠠ ᠪᠠᠷ ᠬᠢ ᠬᠠᠷᠢᠭᠤ ᠰᠠᠨᠠᠯ ᠢᠶᠠᠨ ᠳᠤᠷᠠᠳᠬᠤ ᠬᠡᠷᠡᠭᠲᠡᠶ᠂ ᠣᠴᠢᠷ ᠰᠢᠯᠳᠠᠭᠠᠨ ᠨᠢ ᠵᠦᠢ ᠵᠣᠬᠢᠰᠲᠠᠶ ᠬᠠᠤᠯᠢ ᠶᠣᠰᠣᠨ ᠳᠤ ᠨᠡᠶᠢᠴᠡᠭᠰᠡᠨ ᠪᠠᠶᠢᠪᠠᠯ ᠡᠭᠦᠨ ᠳᠤ ᠪᠠᠭᠲᠠᠭᠳᠠᠬᠤ ᠦᠭᠡᠢ᠃      ᠬᠤᠷᠢᠨ ᠳᠥᠷᠪᠡᠳᠦᠭᠡᠷ ᠵᠦᠢᠯ  ᠲᠥᠯᠥᠪᠦᠷᠢ ᠦᠭᠭᠦ ᠡᠭᠦᠷᠭᠡᠲᠦ ᠬᠥᠮᠦᠨ ᠨᠢ ᠬᠠᠤᠯᠢᠴᠢ ᠳᠤ ᠵᠦᠪᠳᠡᠯᠴᠡᠭᠦ ᠬᠠᠮᠢᠶ᠎ᠠ ᠪᠦᠬᠦᠢ ᠤᠴᠢᠷ ᠶᠠᠪᠤᠳᠠᠯ ᠢ ᠰᠢᠢᠣᠡᠪᠣᠷᠢᠯᠡᠭᠦᠯᠭᠦ ᠪᠠᠷ ᠨᠠᠶᠢᠳᠠᠵᠤ ᠪᠣᠯᠤᠨ᠎ᠠ᠃      ᠲᠥᠯᠥᠪᠦᠷᠢ ᠦᠭᠭᠦ ᠡᠭᠦᠷᠭᠡᠲᠦ ᠬᠥᠮᠦᠨ ᠨᠢ ᠬᠠᠤᠯᠢᠴᠢ ᠳᠤ ᠨᠠᠶᠢᠳᠠᠵᠤ ᠣᠷᠣᠯᠠᠨ ᠭᠦᠢᠴᠡᠳᠬᠡᠭᠦᠯᠦᠭᠰᠡᠨ ᠪᠠᠶᠢᠪᠠᠯ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠨᠠᠶᠢᠳᠠᠵᠤ ᠣᠷᠣᠯᠠᠨ ᠭᠦᠢᠴᠡᠳᠬᠡᠭᠦᠯᠦᠭᠰᠡᠨ ᠭᠡᠷᠡᠴᠢ ᠪᠠᠨ ᠲᠤᠰᠢᠶᠠᠬᠤ ᠬᠡᠷᠡᠭᠲᠡᠶ᠃      ᠬᠤᠷᠢᠨ ᠲᠠᠪᠤᠳᠤᠭᠠᠷ ᠵᠦᠢᠯ  ᠵᠥᠪᠳᠡᠯᠴᠡᠬᠦ ᠬᠤᠷᠠᠯ ᠢ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ᠃      ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠪᠠᠶᠢᠭᠤᠯᠤᠮᠵᠢ ᠪᠤᠶᠤ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ ᠬᠥᠮᠦᠨ ᠲᠣᠮᠢᠯᠠᠨ ᠵᠦᠪᠳᠡᠯᠴᠡᠭᠦ ᠬᠤᠷᠠᠯ ᠳᠤ ᠣᠷᠣᠯᠴᠠᠭᠤᠯᠬᠤ ᠪᠠᠷ ᠮᠡᠳᠡᠭᠳᠡᠬᠦ ᠬᠡᠷᠡᠭᠲᠡᠢ᠃      ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠳᠠᠯᠢ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢ ᠵᠥᠪᠳᠡᠯᠴᠡᠬᠦ ᠬᠤᠷᠡᠯ ᠳᠤ ᠣᠷᠣᠯᠴᠠᠭᠤᠯᠬᠤ ᠪᠠᠷ ᠵᠥᠪᠳᠡᠯᠴᠡᠨ ᠭᠤᠶᠤᠴᠢᠯᠠᠵᠤ᠂ ᠵᠥᠪᠳᠡᠯᠴᠡᠬᠦ ᠳᠤ ᠬᠠᠤᠯᠢ ᠴᠠᠭᠠᠵᠠ ᠶᠢᠨ ᠳᠡᠮᠵᠢᠯᠭᠡ ᠬᠠᠩᠭᠠᠯᠭᠠᠵᠤ ᠪᠣᠯᠣᠨ᠎ᠠ᠃      ᠵᠦᠪᠳᠡᠯᠴᠡᠭᠦ ᠬᠤᠷᠠᠯ ᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠤᠶᠤ ᠪᠠᠶᠢᠭᠤᠯᠤᠮᠵᠢ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ᠂ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ᠂ ᠬᠠᠤᠯᠢᠴᠢ ᠶᠢ ᠤᠷᠢᠨ ᠣᠷᠣᠯᠴᠠᠭᠤᠯᠵᠤ ᠪᠣᠯᠤᠨ᠎ᠠ᠃      ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢᠨ ᠲᠥᠯᠥᠪᠦᠷᠢ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠨᠢᠭᠡᠴᠢ ᠪᠤᠶᠤ ᠬᠤᠪᠢ ᠬᠥᠮᠦᠨ ᠨᠢ ᠵᠥᠪᠳᠡᠯᠴᠡᠬᠦ ᠬᠤᠷᠠᠯ ᠳᠤ ᠣᠷᠣᠯᠴᠠᠬᠤ ᠪᠠᠷ ᠭᠤᠶᠤᠴᠢᠯᠠᠵᠤ ᠪᠣᠯᠤᠨ᠎ᠠ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠳᠡ ᠶᠢᠨ ᠬᠠᠤᠯᠢ︾ ᠶᠢᠨ ᠲᠠᠪᠢᠨ ᠨᠠᠢᠮᠠᠳᠣᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠵᠥᠪᠳᠡᠯᠴᠡᠬᠦ ᠬᠤᠷᠡᠯ ᠳᠤ ᠬᠥᠮᠦᠨ ᠲᠣᠮᠢᠯᠠᠨ ᠰᠤᠯᠠ ᠣᠷᠣᠯᠴᠠᠭᠤᠯᠬᠤ ᠪᠠᠷ ᠭᠤᠶᠤᠴᠢᠯᠠᠵᠤ ᠪᠣᠯᠤᠨ᠎ᠠ᠃ ᠵᠥᠪᠳᠡᠯᠴᠡᠬᠦ ᠬᠤᠷᠡᠯ ᠳᠤ ᠤᠯᠠᠨ ᠨᠡᠶᠢᠲᠡ ᠶᠢᠨ ᠬᠦᠮᠣᠰ ᠢ ᠤᠷᠢᠨ ᠣᠷᠣᠯᠴᠠᠭᠤᠯᠵᠤ ᠪᠣᠯᠤᠨ᠎ᠠ᠃      ᠬᠤᠷᠢᠨ ᠵᠢᠷᠭᠤᠳᠤᠭᠠᠷ ᠵᠦᠢᠯ  ᠵᠥᠪᠳᠡᠯᠴᠡᠬᠦ ᠬᠤᠷᠠᠯ ᠢ ᠳᠣᠣᠷ᠎ᠠ ᠵᠢᠭᠰᠠᠭᠠᠭᠰᠠᠨ ᠳᠡᠰ ᠳᠠᠷᠠᠭᠠᠯᠠᠯ ᠢᠶᠠᠷ ᠶᠠᠪᠣᠭᠳᠠᠭᠤᠯᠬᠤ ᠬᠡᠷᠩᠳᠠᠢ᠄      ︵ᠨᠢᠭᠡ︶ ᠬᠤᠷᠠᠯ ᠳᠤ ᠣᠷᠣᠯᠴᠠᠭᠰᠠᠳ ᠤᠨ ᠪᠡᠶ᠎ᠡ ᠭᠠᠷᠣᠯ ᠪᠠ ᠬᠤᠷᠠᠯ ᠳᠤ ᠣᠷᠣᠯᠴᠠᠭᠰᠠᠨ ᠪᠠᠶᠢᠳᠠᠯ ᠢ ᠬᠠᠷᠭᠤᠭᠤᠯᠤᠨ᠎ᠠ︔      ︵ᠬᠤᠶᠠᠷ︶ ᠬᠤᠷᠠᠯ ᠡᠷᠬᠢᠯᠡᠭᠴᠢ ᠠᠴᠠ ᠬᠤᠷᠠᠯ ᠤᠨ ᠰᠠᠬᠢᠯᠭ᠎ᠠ ᠪᠠᠲᠤ ᠪᠠ ᠠᠩᠬᠠᠷᠬᠤ ᠵᠦᠢᠯᠡᠰ ᠢ ᠨᠡᠶᠢᠲᠡᠯᠡᠵᠦ᠂ ᠬᠤᠷᠠᠯ ᠳᠤ ᠣᠷᠣᠯᠴᠠᠭᠰᠠᠳ ᠤᠨ ᠡᠷᠬᠡ ᠪᠠ ᠬᠠᠷᠢᠭᠤᠴᠠᠯᠭ᠎ᠠ ᠶᠢ ᠮᠡᠳᠡᠭᠳᠡᠨ᠎ᠡ︔      ︵ᠭᠤᠷᠪᠠ︶ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢᠨ ᠲᠥᠯᠥᠪᠦᠷᠢ ᠶᠢᠨ ᠬᠡᠷᠡᠭ ᠢ ᠪᠠᠶᠢᠴᠠᠭᠠᠭᠰᠠᠨ ᠪᠠᠶᠢᠳᠠᠯ ᠤᠨ ᠲᠠᠯ᠎ᠠ ᠪᠠᠷ ᠲᠣᠭᠠᠴᠢᠯᠲᠠ ᠬᠢᠵᠦ᠂ ᠲᠥᠯᠥᠪᠦᠷᠢ ᠠᠪᠬᠤ ᠰᠠᠨᠠᠯ ᠢᠶᠠᠨ ᠢᠯᠡᠳᠬᠡᠬᠦ ᠶᠢᠨ ᠬᠠᠮᠲᠤ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠭᠠᠷᠭᠠᠨ ᠦᠵᠡᠭᠦᠯᠦᠨ᠎ᠡ︔      ︵ᠲᠦᠷᠪᠡ︶ ᠬᠢᠨᠠᠨ ᠲᠣᠭᠲᠠᠭᠠᠵᠤ ᠦᠨᠡᠯᠡᠨ ᠵᠢᠱᠢᠬᠦ ᠪᠠᠶᠢᠭᠤᠯᠤᠮᠵᠢ ᠨᠢ ᠬᠢᠨᠠᠨ ᠲᠣᠭᠲᠠᠭᠠᠵᠤ ᠦᠨᠡᠯᠡᠨ ᠵᠢᠱᠢᠭᠰᠡᠨ ᠪᠠᠶᠢᠳᠠᠯ ᠤᠨ ᠲᠠᠯ᠎ᠠ ᠪᠠᠷ ᠲᠣᠳᠣᠷᠬᠠᠶᠢᠯᠠᠯᠲᠠ ᠬᠢᠬᠦ ᠪᠤᠶᠤ ᠬᠢᠨᠠᠨ ᠲᠣᠭᠲᠠᠭᠠᠵᠤ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠲᠤᠰᠬᠠᠶ ᠮᠡᠷᠭᠡᠵᠢᠯᠲᠡᠨ ᠤ ᠰᠠᠨᠠᠯ ᠳᠤ ᠲᠣᠳᠣᠷᠬᠠᠶᠢᠯᠠᠯᠲᠠ ᠬᠢᠨ᠎ᠡ︔      ︵ᠲᠠᠪᠤ︶ ᠲᠥᠯᠥᠪᠦᠷᠢ ᠦᠭᠭᠦ ᠡᠭᠦᠷᠭᠡᠲᠦ ᠬᠥᠮᠦᠨ ᠨᠢ ᠲᠣᠭᠠᠴᠢᠯᠲᠠ ᠬᠢᠬᠦ ᠪᠥᠭᠡᠳ ᠰᠠᠨᠠᠯ ᠢᠶᠠᠨ ᠢᠯᠡᠳᠬᠡᠨ᠎ᠡ︔      ︵ᠵᠢᠷᠭᠤᠭ᠎ᠠ︶ ᠲᠥᠯᠥᠪᠦᠷᠢ ᠦᠭᠭᠦ ᠡᠭᠦᠷᠭᠡᠲᠦ ᠬᠥᠮᠦᠨ ᠨᠢ ᠬᠢᠨᠠᠨ ᠲᠣᠭᠲᠠᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠪᠤᠶᠤ ᠲᠤᠰᠬᠠᠶ ᠮᠡᠷᠭᠡᠵᠢᠯᠲᠡᠨ ᠤ ᠰᠠᠨᠠᠯ ᠳᠤ ᠮᠠᠳᠠᠭ ᠲᠠᠢ ᠪᠤᠶᠤ ᠣᠨᠳᠣᠣ ᠰᠠᠨᠠᠯ ᠲᠠᠢ ᠪᠠᠶᠢᠪᠠᠯ᠂ ᠬᠤᠷᠡᠯ ᠳᠤ ᠣᠷᠣᠯᠴᠠᠭᠰᠠᠨ ᠦᠨᠡᠯᠡᠨ ᠵᠢᠱᠢᠬᠦ ᠪᠠᠶᠢᠭᠤᠯᠤᠮᠵᠢ ᠪᠤᠶᠤ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠠᠴᠠ ᠬᠠᠷᠢᠭᠤᠯᠵᠣ ᠲᠣᠳᠣᠷᠬᠠᠶᠢᠯᠠᠯᠲᠠ ᠬᠢᠨ᠎ᠡ︔      ︵ᠲᠤᠯᠤᠭ᠎ᠠ︶ ᠬᠤᠷᠠᠯ ᠳᠤ ᠣᠷᠣᠯᠴᠠᠭᠰᠠᠣᠨ ᠰᠠᠨᠠᠯ ᠢᠶᠠᠨ ᠢᠯᠡᠣᠡᠭᠡᠨ᠎ᠡ︔      ︵ᠨᠠᠢᠮᠠ︶ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ᠂ ᠲᠥᠯᠥᠪᠦᠷᠢ ᠦᠭᠭᠦ ᠡᠭᠦᠷᠭᠡᠲᠦ ᠬᠥᠮᠦᠨ ᠨᠢ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠪᠠ ᠡᠯ᠎ᠡ ᠲᠠᠯ᠎ᠠ ᠶᠢᠨ ᠰᠠᠨᠠᠯ ᠵᠡᠷᠭᠡ ᠶᠢ ᠦᠨᠳᠦᠰᠦᠯᠡᠵᠦ᠂ ᠵᠠᠰᠠᠵᠣ ᠰᠡᠷᠭᠦᠭᠡᠬᠦ ᠠᠵᠢᠯ ᠢᠶᠠᠨ ᠡᠬᠢᠯᠡᠭᠦᠯᠬᠦ ᠴᠠᠭ ᠪᠠ ᠬᠤᠭᠤᠴᠠᠭ᠎ᠠ ᠬᠢᠵᠠᠭᠠᠷ᠂ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠠᠷᠭ᠎ᠠ ᠬᠡᠯᠪᠡᠷᠢ ᠪᠠ ᠬᠤᠭᠤᠴᠠᠭ᠎ᠠ ᠬᠢᠵᠠᠭᠠᠷ ᠵᠡᠷᠭᠡ ᠪᠣᠳᠠᠲᠠᠢ ᠠᠰᠠᠭᠤᠳᠠᠯ ᠤᠨ ᠲᠠᠯ᠎ᠠ ᠪᠠᠷ ᠡᠷᠬᠡ ᠲᠡᠭᠰᠢ ᠵᠥᠪᠳᠡᠯᠴᠡᠭᠡ ᠬᠢᠬᠦ ᠬᠡᠷᠡᠭᠲᠡᠢ︔      ︵ᠶᠢᠰᠦ︶ ᠵᠦᠪᠳᠡᠯᠴᠡᠭᠦ ᠬᠤᠷᠡᠯ ᠤᠨ ᠲᠡᠮᠳᠡᠭᠯᠡᠯ ᠢ ᠬᠤᠷᠡᠯ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠬᠠᠷᠭᠤᠭᠤᠯᠵᠤ ᠭᠠᠷ ᠤᠨ ᠦᠰᠦᠭ ᠵᠢᠷᠤᠭᠰᠠᠨ ᠤ ᠲᠠᠷᠠᠭ᠎ᠠ ᠲᠠᠩᠰᠠ ᠡᠪᠬᠡᠮᠡᠯ ᠳᠤ ᠣᠷᠣᠭᠤᠯᠤᠨ᠎ᠠ᠃ ᠬᠤᠷᠠᠯ ᠳᠤ ᠣᠷᠣᠯᠴᠠᠭᠰᠠᠳ ᠭᠠᠷ ᠤᠨ ᠥᠰᠥᠭ ᠵᠢᠷᠤᠬᠤ ᠶᠢ ᠲᠡᠪᠴᠢᠪᠡᠯ᠂ ᠬᠤᠷᠡᠯ ᠡᠷᠬᠢᠯᠡᠭᠴᠢ ᠠᠴᠠ ᠪᠠᠶᠢᠳᠠᠯ ᠢ ᠨᠢ ᠲᠣᠳᠣᠷᠬᠠᠶᠢᠯᠠᠵᠤ ᠪᠢᠴᠢᠭᠰᠡᠨ ᠤ ᠳᠠᠷᠠᠭ᠎ᠠ ᠲᠠᠩᠰᠠ ᠡᠪᠬᠡᠮᠡᠯ ᠳᠤ ᠣᠷᠣᠭᠤᠯᠤᠨ᠎ᠠ᠃      ᠬᠤᠷᠢᠨ ᠳᠣᠯᠣᠳᠤᠭᠠᠷ ᠵᠦᠢᠯ  ᠵᠥᠪᠳᠡᠯᠴᠡᠬᠦ ᠬᠤᠷᠡᠯ ᠳᠤ ᠵᠥᠷᠢᠯᠳᠦᠭᠡᠨ ᠲᠠᠢ ᠵᠦᠢᠯ ᠣᠷᠣᠰᠢᠵᠤ ᠪᠠᠶᠢᠪᠠᠯ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠲᠥᠯᠥᠪᠦᠷᠢ ᠦᠭᠭᠦ ᠡᠭᠦᠷᠭᠡᠲᠦ ᠬᠥᠮᠦᠨ ᠯᠦᠭᠡ ᠴᠠᠭ ᠢᠶᠠᠨ ᠶᠠᠷᠢᠯᠴᠠᠨ ᠲᠣᠭᠳᠠᠭᠠᠵᠣ ᠳᠠᠬᠢᠨᠲᠠ ᠵᠥᠪᠳᠡᠯᠴᠡᠭᠡ ᠬᠢᠵᠦ ᠪᠣᠯᠤᠨ᠎ᠠ᠂ ᠳᠠᠬᠢᠨᠲᠠ ᠵᠥᠪᠳᠡᠯᠴᠡᠬᠦ ᠴᠠᠭ ᠢ ᠵᠠᠷᠴᠢᠮ ᠳᠡᠭᠡᠷ᠎ᠡ ᠪᠠᠨ 10 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠵᠥᠪᠳᠡᠯᠴᠡᠬᠦ ᠤᠳᠠᠭ᠎ᠠ ᠶᠢ ᠵᠠᠷᠴᠢᠮ ᠳᠡᠭᠡᠷ᠎ᠡ ᠪᠠᠨ 3 ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ᠂ ᠵᠥᠪᠳᠡᠯᠴᠡᠬᠦ ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 90 ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠲᠥᠯᠥᠪᠦᠷᠢ ᠦᠭᠭᠦ ᠡᠭᠦᠷᠭᠡᠲᠦ ᠬᠥᠮᠦᠨ ᠳᠤ ᠵᠥᠪᠳᠡᠯᠴᠡᠬᠦ ᠮᠡᠳᠡᠭᠳᠡᠯ ᠤᠨ ᠪᠢᠴᠢᠭ ᠢ ᠬᠦᠷᠭᠡᠭᠰᠡᠨ ᠡᠳᠣᠷ ᠠᠴᠠ ᠡᠬᠢᠯᠡᠵᠣ ᠪᠣᠳᠣᠨ᠎ᠠ᠃

        365赢多少钱会被限额_国内有真正的365平台吗_365bet博彩官网

              ᠬᠤᠷᠢᠨ ᠨᠠᠢᠮᠠᠳᠣᠭᠠᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠨᠢ ᠲᠥᠯᠥᠪᠦᠷᠢ ᠦᠭᠭᠦ ᠡᠭᠦᠷᠭᠡᠲᠦ ᠬᠥᠮᠦᠨ ᠯᠦᠭᠡ ᠵᠦᠪᠳᠡᠯᠴᠡᠭᠡᠣᠨ ᠰᠠᠨᠠᠯ ᠨᠢᠭᠡᠳᠦᠭᠰᠡᠨ ᠪᠠᠶᠢᠪᠠᠯ᠂ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠵᠦᠪᠯᠡᠯᠴᠡᠭᠡᠷ︾ ᠢ ᠲᠣᠭᠲᠠᠭᠠᠬᠤ ᠶᠢᠨ ᠬᠠᠮᠲᠤ᠂ ᠬᠠᠷᠢᠶᠠᠯᠠᠯᠲᠠ ᠶᠢᠨ ᠡᠷᠬᠡ ᠲᠠᠢ ᠠᠷᠠᠳ ᠤᠨ ᠰᠢᠭᠦᠬᠦ ᠬᠤᠷᠢᠶ᠎ᠠ ᠳᠤ ᠬᠠᠤᠯᠢ ᠴᠠᠭᠠᠵᠠ ᠶᠢᠨ ᠨᠤᠲᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠤᠨ᠎ᠠ᠃      ᠬᠤᠷᠢ ᠶᠢᠰᠦᠳᠦᠭᠡᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠵᠦᠪᠯᠡᠯᠴᠡᠭᠡᠷ︾ ᠢ ᠬᠠᠤᠯᠢ ᠴᠠᠭᠠᠵᠠ ᠪᠠᠷ ᠨᠤᠲᠠᠯᠠᠭᠰᠠᠨ ᠤ ᠳᠠᠷᠠᠭᠠᠬᠢ 3 ᠠᠵᠢᠯᠯᠠᠬᠤ ᠡᠳᠦᠷ ᠤᠨ ᠳᠣᠲᠣᠷ᠎ᠠ ᠵᠦᠪᠯᠡᠯᠴᠡᠭᠡᠷ ᠤᠨ ᠠᠭᠤᠯᠭ᠎ᠠ ᠶᠢ ᠢᠯᠡ ᠨᠡᠶᠢᠲᠡᠯᠡᠬᠦ ᠬᠡᠷᠡᠭᠲᠡᠢ᠃      ᠭᠤᠴᠢᠳᠤᠭᠠᠷ ᠵᠦᠢᠯ  ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢ ᠵᠥᠪᠳᠡᠯᠴᠡᠭᠡᠳ ᠪᠦᠲᠦᠭᠰᠡᠨ ᠦᠭᠡᠢ ᠪᠠᠷ ᠦᠵᠡᠨ᠎ᠡ᠄      ︵ᠨᠢᠭᠡ︶ ᠲᠥᠯᠥᠪᠦᠷᠢ ᠦᠭᠭᠦ ᠡᠭᠦᠷᠭᠡᠲᠦ ᠬᠥᠮᠦᠨ ᠨᠢ ᠵᠦᠪᠳᠡᠯᠴᠡᠬᠦ ᠶᠢ ᠦᠯᠦ ᠵᠦᠪᠰᠢᠶᠡᠷᠡᠭᠦ ᠪᠠᠨ ᠪᠢᠴᠢᠭ ᠢᠶᠠᠷ ᠬᠠᠷᠢᠭᠤ ᠥᠭᠭᠦᠭᠰᠡᠨ︔      ︵ᠬᠤᠶᠠᠷ︶ ᠲᠥᠯᠥᠪᠦᠷᠢ ᠦᠭᠭᠦ ᠡᠭᠦᠷᠭᠡᠲᠦ ᠬᠥᠮᠦᠨ ᠨᠢ ᠲᠣᠭᠲᠠᠭᠰᠠᠨ ᠴᠠᠭ ᠤᠨ ᠳᠣᠲᠣᠷ᠎ᠠ ᠰᠠᠨᠠᠯ ᠢᠶᠠᠨ ᠪᠢᠴᠢᠭ ᠢᠶᠠᠷ ᠬᠠᠷᠢᠭᠤ ᠲᠤᠰᠬᠠᠭᠰᠠᠨ ᠦᠭᠡᠢ︔      ︵ᠭᠤᠷᠪᠠ︶ ᠲᠥᠯᠥᠪᠦᠷᠢ ᠦᠭᠭᠦ ᠡᠭᠦᠷᠭᠡᠲᠦ ᠬᠥᠮᠦᠨ ᠨᠢ ᠤᠴᠢᠷ ᠰᠢᠯᠲᠠᠭᠠᠨ ᠦᠭᠡᠢ ᠪᠠᠷ ᠵᠥᠪᠳᠡᠯᠴᠡᠬᠦ ᠬᠤᠷᠡᠯ ᠳᠤ ᠣᠷᠣᠯᠴᠠᠭᠰᠠᠨ ᠦᠭᠡᠢ ᠪᠤᠶᠤ ᠵᠥᠪᠳᠡᠯᠴᠡᠬᠦ ᠬᠤᠷᠡᠯ ᠠᠴᠠ ᠭᠠᠷᠴᠣ ᠶᠠᠪᠣᠭᠰᠠᠨ︔      ︵ᠲᠦᠷᠪᠡ︶ ᠨᠢᠭᠡ ᠤᠳᠠᠭ᠎ᠠ ᠵᠥᠪᠳᠡᠯᠴᠡᠭᠡᠳ ᠵᠦᠪᠯᠡᠯᠴᠡᠭᠡᠷ ᠲᠣᠭᠲᠠᠵᠤ ᠳᠡᠶᠢᠯᠦᠭᠰᠡᠨ ᠦᠭᠡᠢ᠂ ᠲᠥᠯᠥᠪᠦᠷᠢ ᠦᠭᠭᠦ ᠡᠭᠦᠷᠭᠡᠲᠦ ᠬᠥᠮᠦᠨ ᠳᠤ ᠮᠡᠳᠡᠭᠳᠡᠭᠦᠯᠦᠭᠡᠳ᠂ ᠳᠠᠬᠢᠨᠳᠡ ᠵᠥᠪᠳᠡᠯᠴᠡᠬᠦ ᠦᠭᠡᠢ ᠭᠡᠵᠦ ᠲᠣᠳᠣᠷᠬᠠᠶᠢᠯᠠᠭᠰᠠᠨ ᠪᠤᠶᠤ ᠬᠤᠭᠤᠴᠠᠭ᠎ᠠ ᠨᠢ ᠬᠡᠳᠣᠷᠡᠭᠡᠣᠨ ᠬᠠᠷᠢᠭᠤ ᠥᠭᠭᠦᠭᠰᠡᠨ ᠦᠭᠡᠢ︔      ︵ᠲᠠᠪᠤ︶ ᠭᠤᠷᠪᠠ ᠤᠳᠠᠭ᠎ᠠ ᠵᠥᠪᠳᠡᠯᠴᠡᠭᠡᠳ᠂ ᠬᠤᠶᠠᠷ ᠲᠠᠯ᠎ᠠ ᠪᠠᠷ ᠢᠶᠠᠨ ᠲᠥᠯᠥᠪᠦᠷᠢ ᠶᠢᠨ ᠵᠦᠪᠯᠡᠯᠴᠡᠭᠡᠷ ᠲᠣᠭᠳᠠᠵᠣ ᠳᠡᠶᠢᠯᠦᠭᠰᠡᠨ ᠦᠭᠡᠢ︔      ︵ᠵᠢᠷᠭᠤᠭ᠎ᠠ︶ ᠵᠥᠪᠳᠡᠯᠴᠡᠬᠦ ᠬᠤᠭᠤᠴᠠᠭ᠎ᠠ ᠬᠢᠵᠠᠭᠠᠷ ᠨᠢ ᠬᠡᠳᠣᠷᠡᠭᠰᠡᠨ ᠪᠠᠶᠢᠲᠠᠯ᠎ᠠ ᠲᠥᠯᠥᠪᠦᠷᠢ ᠶᠢᠨ ᠵᠦᠪᠯᠡᠯᠴᠡᠭᠡᠷ ᠲᠤ ᠰᠠᠨᠠᠯ ᠨᠢᠭᠡᠳᠣᠭ᠍ᠰᠡᠨ ᠦᠭᠡᠢ︔      ︵ᠲᠤᠯᠤᠭ᠎ᠠ︶ ᠵᠦᠪᠳᠡᠯᠴᠡᠭᠦ ᠪᠠᠨ ᠵᠣᠭᠰᠣᠭᠠᠭᠰᠠᠨ ᠪᠤᠰᠤᠳ ᠪᠠᠶᠢᠳᠠᠯ᠃      ᠭᠤᠴᠢᠨ ᠨᠢᠭᠡᠳᠦᠭᠡᠷ ᠵᠦᠢᠯ  ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠲᠤᠬᠠᠢ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ 10 ᠠᠵᠢᠯᠯᠠᠬᠤ ᠡᠳᠦᠷ ᠤᠨ ᠳᠣᠲᠣᠷ᠎ᠠ ᠬᠠᠷᠢᠶᠠᠯᠠᠯᠲᠠ ᠶᠢᠨ ᠡᠷᠬᠡ ᠲᠠᠢ ᠠᠷᠠᠳ ᠤᠨ ᠰᠢᠭᠦᠬᠦ ᠬᠤᠷᠢᠶ᠎ᠠ ᠳᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠵᠠᠭᠠᠯᠳᠤᠯᠭ᠎ᠠ ᠲᠣᠷᠠᠣᠡᠬᠤ ᠶᠢᠨ ᠬᠠᠮᠲᠤ᠂ ᠠᠳᠠᠯᠢ ᠱᠠᠲᠤᠨ ᠤ ᠪᠠᠶᠢᠴᠠᠭᠠᠬᠤ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠂ ᠪᠠᠶᠢᠴᠠᠭᠠᠬᠤ ᠪᠠᠶᠢᠭᠤᠯᠭ᠎ᠠ ᠨᠢ ᠵᠠᠭᠠᠯᠳᠤᠯᠭ᠎ᠠ ᠬᠢᠭᠦ ᠶᠢ ᠨᠢ ᠬᠠᠤᠯᠢ ᠶᠣᠰᠣᠭᠠᠷ ᠳᠡᠮᠵᠢᠵᠦ ᠪᠣᠯᠤᠨ᠎ᠠ᠃      ᠪᠠᠶᠢᠴᠠᠭᠠᠬᠤ ᠪᠠᠶᠢᠭᠤᠯᠭ᠎ᠠ ᠠᠴᠠ ᠳᠤᠷᠠᠳᠤᠭᠰᠠᠨ ᠣᠷᠴᠢᠨ ᠲᠣᠭᠤᠷᠢᠨ ᠤ ᠲᠠᠯ᠎ᠠ ᠪᠠᠷ ᠬᠢ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠳᠤ᠂ ᠠᠮᠢ ᠠᠬᠤᠶ ᠣᠷᠴᠢᠨ ᠲᠤᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠤᠢ ᠰᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠨᠢ ᠭᠡᠷᠡᠴᠢ ᠪᠠᠷᠢᠮᠲᠠ ᠶᠢᠨ ᠮᠠᠲ᠋ᠧᠷᠢᠶᠠᠯ ᠪᠠ ᠮᠡᠷᠭᠡᠵᠢᠯ ᠤᠨ ᠲᠠᠯ᠎ᠠ ᠶᠢᠨ ᠳᠡᠮᠵᠢᠯᠭᠡ ᠬᠠᠩᠭᠠᠬᠤ ᠬᠡᠷᠡᠭᠲᠡᠶ᠃      ᠭᠤᠴᠢᠨ ᠬᠤᠶᠠᠳᠤᠭᠠᠷ ᠵᠦᠢᠯ  ᠲᠥᠯᠥᠪᠦᠷᠢ ᠦᠭᠭᠦ ᠡᠭᠦᠷᠭᠡᠲᠦ ᠬᠥᠮᠦᠨ ᠨᠢ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠵᠦᠪᠳᠡᠯᠴᠡᠭᠡᠷ ᠲᠤ ᠢᠳᠡᠪᠬᠢᠲᠡᠶ ᠣᠷᠣᠯᠴᠠᠬᠤ ᠶᠢᠨ ᠬᠠᠮᠲᠤ᠂ ᠲᠥᠯᠥᠪᠦᠷᠢ ᠶᠢᠨ ᠵᠦᠪᠯᠡᠯᠴᠡᠭᠡᠷ ᠢ ᠴᠠᠭ ᠲᠤᠬᠠᠢ ᠳᠤ ᠨᠢ ᠭᠦᠢᠴᠡᠳᠬᠡᠵᠦ᠂ ᠡᠪᠳᠡᠵᠦ ᠬᠤᠬᠢᠷᠠᠭᠤᠯᠣᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠵᠣ ᠰᠡᠷᠭᠦᠭᠡᠭᠦ ᠠᠵᠢᠯᠯᠠᠭ᠎ᠠ ᠥᠷᠨᠢᠭᠦᠯᠦᠭᠰᠡᠨ ᠪᠠᠶᠢᠪᠠᠯ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠲᠡᠳᠡᠨ ᠤ ᠲᠥᠯᠥᠪᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠠᠩᠭᠠᠨ ᠥᠭᠴᠦ᠂ ᠵᠠᠰᠠᠭ ᠵᠠᠬᠢᠷᠭᠠᠨ ᠤ ᠰᠢᠢᠣᠡᠭᠡᠯ ᠥᠭᠬᠦ ᠲᠠᠰᠤᠯᠤᠯᠳᠠ ᠭᠠᠷᠭᠠᠬᠤ ᠳᠤ ᠪᠣᠳᠣᠯᠬᠢᠯᠠᠵᠣ ᠦᠵᠡᠭᠦ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ ᠲᠤᠰᠢᠶᠠᠵᠤ᠂ ᠲᠡᠳᠡᠨ ᠤ ᠬᠡᠷᠡᠭ ᠢ ᠰᠢᠢᠳᠪᠦᠷᠢᠯᠡᠬᠦ ᠳᠤ ᠯᠠᠪᠯᠠᠯᠲᠠ ᠪᠣᠯᠭᠠᠵᠤ ᠪᠣᠯᠤᠨ᠎ᠠ᠃      ᠲᠠᠪᠤᠳᠤᠭᠠᠷ ᠪᠦᠯᠦᠭ  ᠠᠮᠢ ᠠᠬᠤᠢ ᠶᠢᠨ ᠣᠷᠴᠢᠨ ᠲᠣᠭᠤᠷᠢᠨ ᠤ ᠡᠪᠳᠡᠭᠳᠡᠵᠦ ᠬᠤᠬᠢᠷᠠᠭᠰᠠᠨ ᠢ ᠵᠠᠰᠠᠵᠣ ᠰᠡᠷᠭᠦᠭᠡᠬᠦ ᠠᠵᠢᠯ ᠤᠨ ᠬᠢᠨᠠᠯᠲᠠ ᠬᠠᠮᠢᠶᠠᠷᠤᠯᠲᠠ      ᠭᠤᠴᠢᠨ ᠭᠤᠷᠪᠠᠳᠤᠭᠠᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠤ ᠡᠪᠳᠡᠭᠳᠡᠵᠦ ᠬᠤᠬᠢᠷᠠᠭᠰᠠᠨ ᠢ ᠵᠠᠰᠠᠵᠣ ᠰᠡᠷᠭᠦᠭᠡᠬᠦ ᠠᠵᠢᠯ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃      ᠵᠠᠰᠠᠵᠣ ᠰᠡᠷᠭᠦᠭᠡᠭᠦ ᠲᠥᠷᠥᠯ ᠵᠦᠢᠯ ᠤᠨ ᠭᠤᠤᠯ ᠴᠣᠭᠴᠠ ᠨᠢ ᠵᠠᠰᠠᠵᠣ ᠰᠡᠷᠭᠦᠭᠡᠭᠦ ᠲᠥᠰᠦᠯ ᠤᠨ ᠶᠣᠰᠣᠭᠠᠷ ᠠᠵᠢᠯ ᠢᠶᠠᠨ ᠬᠢᠵᠣ᠂ ᠠᠵᠢᠯ ᠬᠢᠭᠰᠡᠨ ᠪᠥᠬᠦ ᠶᠠᠪᠤᠴᠠ ᠶᠢᠨ ᠡᠬᠡ ᠲᠠᠩᠰᠠ ᠶᠢ ᠪᠠᠶᠢᠭᠤᠯᠤᠨ᠂ ᠵᠠᠰᠠᠵᠣ ᠰᠡᠷᠭᠦᠭᠡᠭᠦ ᠶᠠᠪᠤᠴᠠ᠂ ᠵᠠᠰᠠᠵᠣ ᠰᠡᠷᠭᠦᠭᠡᠭᠦ ᠪᠠᠯᠠ ᠮᠥᠩᠭᠦ ᠬᠡᠷᠡᠭᠯᠡᠭᠰᠡᠨ ᠪᠠᠶᠢᠳᠠᠯ᠂ ᠵᠠᠰᠠᠵᠣ ᠰᠡᠷᠭᠦᠭᠡᠭᠦ ᠶᠠᠪᠤᠴᠠ ᠳᠠᠬᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠡᠷᠭᠡ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠡᠮᠳᠡᠭᠯᠡᠬᠦ ᠶᠢᠨ ᠬᠠᠮᠲᠤ᠂ ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ᠃      ᠭᠤᠴᠢᠨ ᠳᠥᠷᠪᠡᠳᠦᠭᠡᠷ ᠵᠦᠢᠯ  ᠲᠥᠯᠥᠪᠦᠷᠢ ᠠᠪᠬᠤ ᠡᠷᠬᠡᠲᠦ ᠬᠥᠮᠦᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠵᠠᠰᠠᠵᠣ ᠰᠡᠷᠭᠦᠭᠡᠭᠦ ᠲᠦᠷᠣᠯ ᠵᠦᠢᠯ ᠤᠨ ᠭᠤᠣᠯ ᠴᠣᠭᠴᠠ ᠶᠢᠨ ᠦᠨᠡᠯᠡᠨ ᠵᠢᠱᠢᠭᠦᠯᠬᠦ ᠭᠤᠶᠤᠴᠢᠯᠠᠯ ᠢ ᠭᠠᠷᠳᠠᠵᠣ ᠠᠪᠣᠭᠰᠠᠨ ᠤ ᠲᠠᠷᠠᠭ᠎ᠠ᠂ ᠬᠢᠨᠠᠨ ᠲᠣᠭᠲᠠᠭᠠᠵᠤ ᠦᠨᠡᠯᠡᠨ ᠵᠢᠱᠢᠬᠦ ᠪᠠᠶᠢᠭᠤᠯᠤᠮᠵᠢ ᠵᠡᠷᠭᠡ ᠶᠢ ᠵᠣᠬᠢᠶᠠᠨ ᠪᠠᠶᠢᠭᠤᠯᠵᠤ ᠪᠠᠶᠢᠭᠠᠳ ᠡᠪᠳᠡᠭᠳᠡᠭᠰᠡᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠵᠣ ᠰᠡᠷᠭᠦᠭᠡᠭᠰᠡᠨ ᠦᠷ᠎ᠡ ᠪᠦᠲᠦᠮᠵᠢ ᠳᠤ ᠦᠨᠡᠯᠡᠨ ᠵᠢᠱᠢᠯᠲᠡ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠢ ᠴᠠᠭ ᠲᠤᠬᠠᠢ ᠳᠤ ᠨᠢ ᠪᠦᠲᠦᠮᠵᠢᠲᠡᠢ ᠵᠠᠰᠠᠵᠣ ᠰᠡᠷᠭᠦᠭᠡᠭᠦ ᠶᠢ ᠦᠨᠡᠨ ᠬᠦ ᠪᠠᠳᠣᠯᠠᠬᠤ ᠬᠡᠷᠩᠳᠠᠢ᠃      ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠥᠬᠡᠶ ᠪᠠᠶᠢᠪᠠᠯ᠂ ᠵᠠᠰᠠᠵᠣ ᠰᠡᠷᠭᠦᠭᠡᠭᠦ ᠲᠥᠷᠥᠯ ᠵᠦᠢᠯ ᠤᠨ ᠭᠤᠤᠯ ᠴᠣᠭᠴᠠ ᠨᠢ ᠵᠠᠰᠠᠵᠣ ᠰᠡᠷᠭᠦᠭᠡᠭᠦ ᠱᠠᠭᠠᠷᠳᠠᠯᠭ᠎ᠠ ᠶᠣᠰᠣᠭᠠᠷ ᠴᠡᠭᠴᠡᠯᠡᠯᠲᠡ ᠬᠢᠵᠦ᠂ ᠴᠠᠭ ᠲᠤᠬᠠᠶ ᠳᠤ ᠨᠢ ᠳᠠᠬᠢᠨ ᠪᠠᠶᠢᠴᠠᠭᠠᠯᠭᠠᠬᠤ ᠪᠠᠷ ᠭᠤᠶᠤᠴᠢᠯᠠᠬᠤ ᠬᠡᠷᠡᠭᠲᠡᠶ᠃      ᠭᠤᠴᠢᠨ ᠲᠠᠪᠤᠳᠤᠭᠠᠷ ᠵᠦᠢᠯ  ᠲᠦᠯᠦᠪᠦᠷᠢ ᠦᠭᠭᠦ ᠡᠭᠦᠷᠭᠡᠲᠦ ᠬᠥᠮᠦᠨ ᠨᠢ ᠬᠠᠤᠯᠢ ᠴᠠᠭᠠᠵᠠ ᠪᠠᠷ ᠨᠤᠲᠠᠯᠠᠭᠰᠠᠨ ᠲᠥᠯᠥᠪᠦᠷᠢ ᠶᠢᠨ ᠵᠦᠪᠯᠡᠯᠴᠡᠭᠡᠷ ᠢ ᠭᠦᠢᠴᠡᠳᠬᠡᠬᠦ ᠦᠭᠡᠢ ᠪᠤᠶᠤ ᠪᠦᠷᠢᠮᠣᠰᠣᠨ ᠭᠦᠢᠴᠡᠣᠡᠭᠡᠭᠰᠡᠨ ᠦᠭᠡᠢ ᠪᠠᠶᠢᠪᠠᠯ᠂ ᠲᠥᠯᠥᠪᠦᠷᠢ ᠠᠪᠬᠤ ᠡᠷᠬᠡᠲᠦ ᠬᠥᠮᠦᠨ ᠵᠢᠴᠢ ᠲᠡᠳᠡᠨ ᠤ ᠵᠢᠭᠠᠵᠣ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠬᠠᠷᠢᠶᠠᠯᠠᠯᠲᠠ ᠶᠢᠨ ᠡᠷᠬᠡ ᠲᠠᠢ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠨ ᠭᠦᠢᠴᠡᠳᠬᠡᠭᠦᠯᠬᠦ ᠪᠠᠷ ᠭᠤᠶᠤᠴᠢᠯᠠᠵᠤ ᠪᠣᠯᠤᠨ᠎ᠠ᠃ ᠲᠥᠯᠥᠪᠦᠷᠢ ᠦᠭᠭᠦ ᠡᠭᠦᠷᠭᠡᠲᠦ ᠬᠥᠮᠦᠨ ᠤ ᠡᠭᠦᠷᠭᠡ ᠪᠠᠨ ᠭᠦᠢᠴᠡᠳᠬᠡᠭᠰᠡᠨ ᠦᠭᠡᠢ ᠪᠤᠶᠤ ᠪᠦᠷᠢᠮᠦᠰᠦᠨ ᠭᠦᠢᠴᠡᠳᠬᠡᠭᠰᠡᠨ ᠦᠭᠡᠢ ᠪᠠᠶᠢᠳᠠᠯ ᠢ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠳᠤ ᠣᠷᠣᠭᠤᠯᠵᠤ᠂ ᠵᠣᠬᠢᠬᠤ ᠬᠤᠭᠤᠴᠠᠭ᠎ᠠ ᠬᠢᠵᠠᠭᠠᠷ ᠤᠨ ᠳᠣᠲᠣᠷ᠎ᠠ ᠵᠠᠬ᠎ᠠ ᠳᠡᠯᠭᠡᠭᠦᠷ ᠪᠠ ᠠᠵᠢᠯ ᠲᠦᠷᠦᠯ ᠳᠤ ᠣᠷᠣᠬᠤ ᠶᠢ ᠨᠢ ᠴᠠᠭᠠᠵᠠᠯᠠᠬᠤ᠂ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠬᠡᠷᠡᠭᠵᠢᠭᠦᠯᠬᠦ ᠬᠡᠷᠡᠭᠲᠡᠶ᠃      ᠵᠢᠷᠭᠤᠳᠤᠭᠠᠷ ᠪᠦᠯᠦᠭ  ᠳᠠᠭᠠᠯᠳᠣᠭᠤᠯᠣᠯ ᠲᠦᠷᠢᠮ      ᠭᠤᠴᠢᠨ ᠵᠢᠷᠭᠤᠳᠤᠭᠠᠷ ᠵᠦᠢᠯ  ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                              2022 ᠣᠨ ᠤ 1 ᠳ᠋ᠤᠭᠡᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ 
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ