9 ᠳ᠋ᠦ᠋ᠭᠡᠷ ᠰᠠᠷ᠎ᠠ ᠶᠢᠨ 13 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ | ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠨᠡᠮᠡᠭᠳᠡᠪᠡ᠂ ᠴᠥᠮ ᠤᠯᠠᠭᠠᠨᠬᠠᠳᠠ ᠬᠤᠲᠠ ᠳᠤ ︵ᠰᠦᠩᠱᠠᠨ ᠲᠣᠭᠤᠷᠢᠭ ᠲᠤ 6᠂ ᠡᠭᠦᠨ ᠳᠤ | 5 ᠵᠢᠱᠢᠶ᠎ᠡ ᠶᠢ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠠᠶᠢᠴᠠᠭᠠᠨ ᠭᠠᠷᠭᠠᠪᠠ︔ ᠠᠷᠤ ᠬᠤᠷᠴᠢᠨ ᠬᠤᠰᠢᠭᠤᠨ ᠳᠤ 1᠂ | ᠰᠠᠨᠠᠭᠠᠴᠢᠯᠠᠭ᠎ᠠ ᠠᠴᠠ ᠪᠠᠨ ᠡᠮᠴᠢᠯᠡᠭᠦᠯᠬᠦ ᠬᠦᠮᠦᠰ ᠤᠨ ᠳᠣᠲᠣᠷ᠎ᠠ ᠠᠴᠠ ᠢᠯᠡᠷᠡᠭᠦᠯᠵᠡᠢ︶ ᠪᠤᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 11 ᠨᠡᠮᠡᠭᠳᠡᠵᠦ᠂ ᠡᠭᠦᠨ ᠳᠤ ᠤᠯᠠᠭᠠᠨᠬᠠᠳᠠ ᠬᠤᠲᠠ ᠳᠤ 3 ︵ᠰᠦᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 2᠂ ᠴᠥᠮ | ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶᠂ ᠪᠠᠶᠠᠨᠨᠠᠭᠤᠷ ᠬᠤᠲᠠ ᠳᠤ 3 ︵ᠴᠥᠮ ᠯᠢᠨ ᠾᠧ ᠲᠣᠭᠤᠷᠢᠭ ᠲᠤ᠂ ᠲᠤᠰᠠᠭᠠᠷᠯᠠᠬᠤ ᠴᠡᠭ ᠠᠴᠠ | ᠪᠠᠶᠢᠴᠠᠭᠠᠨ ᠭᠠᠷᠭᠠᠪᠠ︶᠂ ᠠᠯᠠᠱᠠ ᠠᠶᠢᠮᠠᠭ ᠲᠤ 5 ︵ᠴᠥᠮ ᠴᠡᠭᠡ ᠪᠣᠭᠤᠮᠲᠠ ᠳᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ︶ ᠪᠤᠢ᠃ ᠲᠤᠬᠠᠢ ᠶᠢᠨ | ᠭᠠᠵᠠᠷ ᠤᠨ ᠲᠣᠳᠣᠯᠠᠭᠰᠠᠨ 4 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ | ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠦᠭᠰᠡᠨ ᠬᠦᠮᠦᠨ ᠲᠠᠢ ᠨᠢᠭᠲᠠ ᠣᠶᠢᠷᠠᠲᠤᠭᠴᠢ︶᠂ ᠬᠦᠯᠦᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ | ᠰᠢᠯᠢ ᠶᠢᠨ ᠭᠤᠣᠯ ᠠᠶᠢᠮᠠᠭ ᠲᠤ 2 ︵ᠰᠢᠯᠢ ᠶᠢᠨ ᠬᠤᠲᠠ ᠳᠤ 1᠂ ᠡᠷᠢᠶᠡᠨ ᠬᠤᠲᠠ ᠳᠤ 1︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 6 | ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠤᠢ᠃ | 9 ᠳ᠋ᠦ᠋ᠭᠡᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 312 ᠪᠠᠶᠢᠵᠤ᠂ ᠡᠭᠦᠨ ᠳᠤ ᠬᠥᠬᠡᠬᠤᠲᠠ ᠳᠤ 3 ︵ᠴᠦᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ | ᠪᠠᠶᠢᠴᠠᠭᠠᠨ ᠢᠯᠡᠷᠡᠭᠦᠯᠪᠡ︶᠂ ᠬᠦᠯᠦᠨ ᠪᠤᠶᠢᠷ ᠬᠤᠲᠠ ᠳᠤ 2 ︵ᠴᠦᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 275 ︵ᠬᠤᠩᠱᠠᠨ ᠲᠣᠭᠤᠷᠢᠭ ᠲᠤ | 6᠂ ᠰᠦᠩᠱᠠᠨ ᠲᠣᠭᠤᠷᠢᠭ ᠲᠤ 110᠂ ᠣᠩᠨᠢᠭᠤᠳ ᠬᠤᠰᠢᠭᠤᠨ ᠳᠤ 158᠂ ᠠᠷᠤ ᠬᠤᠷᠴᠢᠨ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 32 | ︵ᠰᠢᠯᠢ ᠶᠢᠨ ᠬᠤᠲᠠ ᠳᠤ 25᠂ ᠡᠷᠢᠶᠡᠨ ᠬᠤᠲᠠ ᠳᠤ 7︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 389 ᠪᠠᠶᠢᠵᠤ᠂ | ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠦᠭᠰᠡᠨ ᠬᠦᠮᠦᠨ ᠲᠠᠢ ᠨᠢᠭᠲᠠ ᠣᠶᠢᠷᠠᠲᠤᠭᠴᠢ︶᠂ | ᠤᠯᠠᠭᠠᠨᠬᠠᠳᠠ ᠬᠤᠲᠠ ᠳᠤ 308 ︵ᠬᠤᠩᠱᠠᠨ ᠲᠣᠭᠤᠷᠢᠭ ᠲᠤ 9᠂ ᠰᠦᠩᠱᠠᠨ ᠲᠣᠭᠤᠷᠢᠭ ᠲᠤ 96᠂ ᠣᠩᠨᠢᠭᠤᠳ ᠬᠤᠰᠢᠭᠤᠨ ᠳᠤ 203︶᠂ ᠰᠢᠯᠢ ᠶᠢᠨ | ᠭᠤᠣᠯ ᠠᠶᠢᠮᠠᠭ ᠲᠤ 47 ︵ᠰᠢᠯᠢ ᠶᠢᠨ ᠬᠤᠲᠠ ᠳᠤ 33᠂ ᠡᠷᠢᠶᠡᠨ ᠬᠤᠲᠠ ᠳᠤ 14︶᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ︶᠂ | ᠠᠯᠠᠱᠠ ᠠᠶᠢᠮᠠᠭ ᠲᠤ 28 ︵ᠴᠥᠮ ᠴᠡᠭᠡ ᠪᠣᠭᠤᠮᠲᠠ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠪᠠᠶᠢᠵᠤ᠂ ᠴᠦᠮ ᠬᠥᠬᠡᠬᠤᠲᠠ ᠳᠤ ᠪᠤᠢ᠃ ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |