内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2022/9/15
        ᠦᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ      ᠥᠪᠣᠷ ᠵᠠᠰᠠᠭ ᠠᠯᠪᠠᠨ ᠲᠠᠷᠬᠠᠭᠠᠭᠰᠠᠨ ﹇2022﹈ 46 ᠳ᠋ᠤᠭᠠᠷ ᠲᠤᠭᠠᠲᠦ           ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠶᠢᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                               2022 ᠤᠨ ᠤ 7 ᠳ᠋ᠤᠭᠠᠷ ᠰᠠᠷ᠎ᠠ ᠶᠢᠨ 11 ᠤ ᠡᠳᠦᠷ                                                                      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠶᠢᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ  ᠶᠡᠷᠦᠩᠬᠡᠢ ᠲᠦᠷᠢᠮ      ᠨᠢᠭᠡᠳᠦᠭᠡᠷ ᠵᠦᠢᠯ  ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ︵ᠳᠣᠷᠣᠭᠰᠢ ᠬᠠᠯᠠᠮᠰᠢᠯ ᠤᠲᠠᠰᠤ 12345 ᠭᠡᠵᠦ ᠲᠣᠪᠴᠢᠯᠠᠨ᠎ᠠ︶ ᠶᠢ ᠨᠠᠩ ᠲᠦᠷᠭᠡᠨ ᠵᠠᠯᠭᠠᠭᠤᠯᠤᠨ᠂ ᠨᠠᠩ ᠣᠨᠣᠪᠴᠢᠲᠠᠶ ᠬᠤᠪᠢᠶᠠᠵᠤ᠂ ᠨᠠᠩ ᠪᠣᠳᠠᠲᠠᠶ ᠭᠦᠢᠴᠡᠳᠭᠡᠵᠦ᠂ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ᠂ ᠵᠢᠷᠤᠮᠵᠢᠯ ᠲᠠᠢ᠂ ᠣᠶᠣᠨᠯᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠵᠣᠴᠢᠳ ᠤᠨ ᠶᠡᠷᠦᠩᠬᠡᠶ ᠦᠢᠯᠡᠴᠢᠯᠡᠭᠡ︾ ᠶᠢ ᠪᠣᠶ ᠪᠣᠯᠭᠠᠵᠤ᠂ ᠬᠠᠯᠠᠮᠰᠢᠯ ᠤᠲᠠᠰᠤ 12345 ᠶᠢ ︽ᠨᠢᠭᠡ ᠯᠡ ᠤᠲᠠᠰᠤ ᠪᠠᠷ ᠨᠡᠪᠲᠡᠷᠡᠭᠦᠯᠬᠦ︾ ᠶᠢ ᠪᠡᠶᠡᠯᠡᠭᠦᠯᠦᠨ᠂ ᠣᠯᠠᠨ ᠲᠦᠮᠡᠨ ᠤ ᠲᠤᠰᠬᠠᠭᠰᠠᠨ ᠶᠠᠪᠤᠳᠠᠯ ᠢ ᠠᠩᠬᠠᠷᠬᠤ ᠬᠥᠮᠦᠨ ᠲᠠᠢ᠂ ᠭᠦᠢᠴᠡᠳᠬᠡᠬᠦ ᠬᠥᠮᠦᠨ ᠲᠠᠢ ᠪᠤᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠬᠠᠯᠠᠮᠰᠢᠯ ᠤᠲᠠᠰᠤ 12345 ᠪᠣᠯ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠪᠠᠴᠢᠮ ᠪᠤᠰᠤ ᠶᠡᠷᠦᠩᠬᠡᠶᠢᠯᠡᠭᠰᠡᠨ ᠴᠢᠨᠠᠷᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠤᠨ᠎ᠠ᠂ ᠨᠢᠭᠡ ᠨᠣᠮᠧᠷ ᠲᠤ ᠲᠦᠰᠢᠭᠯᠡᠨ ︽7 × 24 ᠴᠠᠭ︾ ᠤᠨ ᠪᠦᠬᠦᠯᠢ ᠡᠳᠦᠷ ᠢᠶᠠᠷ ᠰᠦᠯᠵᠢᠶᠡᠨ ᠳᠠᠬᠢ ᠭᠠᠷ ᠵᠠᠯᠭᠠᠯᠲᠠ ᠶᠢᠨ ᠦᠢᠯᠡᠴᠢᠯᠡᠭᠡ ᠬᠠᠩᠭᠠᠵᠤ᠂ ᠪᠥᠬᠦ ᠣᠷᠣᠨ ᠤ ᠬᠠᠯᠠᠮᠰᠢᠯ ᠤᠲᠠᠰᠤ 12345 ᠶᠢᠨ ᠭᠦᠨᠵᠡᠭᠡᠶ ᠠᠭᠤᠰᠤᠯᠴᠠᠭᠤᠯᠤᠨ ᠬᠥᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃      ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠶᠢᠨ ᠠᠵᠢᠯ ᠤᠨ ᠤᠳᠤᠷᠢᠳᠬᠤ ᠳᠤᠭᠤᠶᠢᠯᠠᠩ ᠨᠢ ᠪᠥᠬᠦ ᠣᠷᠣᠨ ᠤ ᠬᠠᠯᠠᠮᠰᠢᠯ ᠤᠲᠠᠰᠤ 12345 ᠶᠢᠨ ᠠᠵᠢᠯ ᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠵᠤ᠂ ᠬᠠᠯᠠᠮᠰᠢᠯ ᠤᠲᠠᠰᠤ 12345 ᠶᠢᠨ ᠴᠢᠬᠤᠯᠠ ᠶᠡᠭᠡ ᠵᠦᠢᠯᠡᠰ ᠢ ᠰᠤᠳᠤᠯᠤᠨ ᠬᠢᠨᠠᠨ ᠵᠥᠪᠯᠡᠵᠦ᠂ ᠳᠠᠭᠠᠭᠠᠨ ᠭᠦᠢᠴᠡᠳᠬᠡᠬᠦ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠨᠢ ᠵᠤᠬᠢᠴᠠᠭᠤᠯᠤᠨ ᠰᠢᠮᠳᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠲᠣᠬᠢᠷᠠᠭᠤᠯᠤᠨ᠎ᠠ᠃      ᠬᠤᠶᠠᠳᠤᠭᠠᠷ ᠪᠦᠯᠦᠭ  ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ      ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠤᠳᠤᠷᠢᠳᠤᠯᠭ᠎ᠠ ᠳᠣᠤᠷ᠎ᠠ᠂ ᠪᠥᠬᠦ ᠣᠷᠣᠨ ᠤ ᠬᠠᠯᠠᠮᠰᠢᠯ ᠤᠲᠠᠰᠤ 12345 ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠠᠬᠢᠭᠤᠯᠬᠤ ᠶᠢ ᠬᠠᠷᠢᠭᠤᠴᠠᠨ᠎ᠠ᠃ ᠡᠯ᠎ᠡ ᠭᠠᠵᠠᠷ ᠣᠷᠣᠨ ᠬᠠᠯᠠᠮᠰᠢᠯ ᠤᠲᠠᠰᠤ 12345 ᠶᠢ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠤᠨ ᠪᠠᠶᠢᠭᠤᠯᠤᠮᠵᠢ ᠪᠠᠨ ᠲᠣᠳᠣᠷᠬᠠᠶᠢᠯᠠᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠪᠤᠰᠤᠳ ᠬᠠᠮᠢᠶ᠎ᠠ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠣᠯ ᠬᠠᠯᠠᠮᠰᠢᠯ ᠤᠲᠠᠰᠤ 12345 ᠶᠢᠨ ᠳᠠᠭᠠᠭᠠᠨ ᠭᠦᠢᠴᠡᠳᠬᠡᠬᠦ ᠨᠢᠭᠡᠴᠢ ᠪᠣᠯᠤᠨ᠎ᠠ᠃      ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠶᠢᠨ ᠭᠤᠤᠯ ᠡᠭᠦᠷᠭᠡ ᠬᠠᠷᠢᠭᠤᠴᠠᠯᠭ᠎ᠠ᠄      ︵ᠨᠢᠭᠡ︶ ᠬᠠᠯᠠᠮᠰᠢᠯ ᠤᠲᠠᠰᠤ 12345 ᠶᠢᠨ ᠠᠵᠢᠯᠯᠠᠭᠠᠨ ᠤ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠵᠤ᠂ ᠬᠠᠯᠠᠮᠰᠢᠯ ᠤᠲᠠᠰᠤ 12345 ᠶᠢᠨ ᠠᠵᠢᠯ ᠤᠨ ᠲᠣᠭᠲᠠᠴᠠ ᠶᠢ ᠪᠠᠶᠢᠭᠤᠯᠤᠨ᠎ᠠ︔      ︵ᠬᠤᠶᠠᠷ︶ ᠪᠥᠬᠦ ᠣᠷᠣᠨ ᠤ ᠬᠠᠯᠠᠮᠰᠢᠯ ᠤᠲᠠᠰᠤ 12345 ᠶᠢ ᠰᠢᠯᠢᠳᠡᠭᠵᠢᠭᠦᠯᠦᠨ ᠨᠡᠶᠢᠯᠡᠭᠦᠯᠬᠦ᠂ ᠠᠵᠢᠯᠯᠠᠭᠠᠨ ᠤ ᠬᠠᠮᠢᠶᠠᠷᠤᠯᠲᠠ᠂ ᠳ᠋ᠠᠶᠢᠲ᠋ᠠ ᠶᠢᠨ ᠵᠠᠳᠠᠯᠤᠯᠲᠠ ᠪᠠ ᠮᠡᠳᠡᠯᠭᠡ ᠶᠢᠨ ᠬᠥᠮᠥᠷᠭᠡ ᠶᠢ ᠲᠡᠭᠦᠯᠳᠡᠷᠵᠢᠭᠦᠯᠬᠦ ᠵᠡᠷᠭᠡ ᠠᠵᠢᠯ ᠢ ᠠᠬᠢᠭᠤᠯᠤᠨ᠎ᠠ︔      ︵ᠭᠤᠷᠪᠠ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠯᠠᠮᠰᠢᠯ ᠤᠲᠠᠰᠤ 12345 ᠶᠢᠨ ᠠᠵᠢᠯ ᠳᠤ ᠬᠢᠨᠠᠯᠲᠠ ᠬᠠᠮᠢᠶᠠᠷᠤᠯᠲᠠ ᠪᠠ ᠦᠨᠡᠯᠡᠯᠲᠡ ᠬᠢᠨ᠎ᠠ︔      ︵ᠳᠥᠷᠪᠡ︶ ᠬᠠᠯᠠᠮᠰᠢᠯ ᠤᠲᠠᠰᠤ 12345 ᠶᠢᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠰᠣᠯᠢᠯᠴᠠᠭ᠎ᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ᠎ᠠ︔      ︵ᠲᠠᠪᠤ︶ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠲᠠᠯ᠎ᠠ ᠶᠢᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠵᠠᠭᠠᠯᠳᠤᠯᠭ᠎ᠠ ᠶᠢ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠯᠲᠠ ᠬᠢᠨ᠎ᠡ︔      ︵ᠵᠢᠷᠭᠤᠭ᠎ᠠ︶ ᠳᠡᠭᠡᠳᠦ ᠱᠠᠲᠤᠨ ᠠᠴᠠ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃      ᠵᠢᠷᠭᠤᠳᠤᠭᠠᠷ ᠵᠦᠢᠯ  ᠡᠯ᠎ᠡ ᠭᠠᠵᠠᠷ ᠣᠷᠣᠨ ᠤ ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠶᠢᠨ ᠭᠤᠤᠯ ᠡᠭᠦᠷᠭᠡ ᠬᠠᠷᠢᠭᠤᠴᠠᠯᠭ᠎ᠠ᠄      ︵ᠨᠢᠭᠡ︶ ᠥᠪᠡᠷᠲᠡᠭᠡᠨ ᠵᠠᠰᠠᠬᠤ ᠣᠷᠣᠨ ᠤ ᠬᠠᠯᠠᠮᠰᠢᠯ ᠤᠲᠠᠰᠤ 12345 ᠶᠢ ᠭᠦᠨᠵᠡᠭᠡᠶ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠳᠠᠭᠠᠭᠠᠨ ᠠᠪᠴᠤ ᠵᠠᠯᠭᠠᠭᠤᠯᠤᠨ᠎ᠠ︔

        365赢多少钱会被限额_国内有真正的365平台吗_365bet博彩官网

              ︵ᠬᠤᠶᠠᠷ︶ ᠲᠣᠰ ᠭᠠᠵᠠᠷ ᠣᠷᠣᠨ ᠤ ᠬᠠᠯᠠᠮᠰᠢᠯ ᠤᠲᠠᠰᠤ 12345 ᠶᠢ ᠡᠮᠬᠢᠯᠡᠨ ᠨᠡᠶᠢᠯᠡᠭᠦᠯᠬᠦ᠂ ᠪᠥᠲᠥᠭᠡᠨ ᠪᠠᠶᠢᠭᠤᠯᠬᠤ ᠪᠠ ᠰᠢᠯᠭᠠᠨ ᠬᠢᠨᠠᠵᠤ ᠦᠨᠡᠯᠡᠬᠦ ᠠᠵᠢᠯ︔      ︵ᠭᠤᠷᠪᠠ︶ ᠲᠣᠰ ᠭᠠᠵᠠᠷ ᠣᠷᠣᠨ ᠤ ᠬᠠᠯᠠᠮᠰᠢᠯ ᠤᠲᠠᠰᠤ 12345 ᠶᠢᠨ ᠠᠵᠢᠯᠯᠠᠭᠤᠯᠵᠤ ᠬᠠᠮᠢᠶᠠᠷᠬᠤ᠂ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠪᠠ ᠰᠢᠮᠳᠠᠭᠤᠯᠤᠨ ᠭᠦᠢᠴᠡᠳᠭᠡᠵᠦ ᠬᠠᠷᠢᠭᠤ ᠰᠤᠷᠪᠤᠯᠵᠢᠯᠠᠯ ᠬᠢᠬᠦ ᠵᠡᠷᠭᠡ ᠠᠵᠢᠯ︔      ︵ᠳᠥᠷᠪᠡ︶ ᠲᠣᠰ ᠭᠠᠵᠠᠷ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠲᠠᠯ᠎ᠠ ᠶᠢᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠵᠠᠭᠠᠯᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠳᠤ ᠬᠢᠨᠠᠯᠲᠠ ᠲᠠᠯᠪᠢᠯᠲᠠ ᠬᠢᠨ᠎ᠡ︔      ︵ᠲᠠᠪᠤ︶ ᠲᠣᠰ ᠭᠠᠵᠠᠷ ᠣᠷᠣᠨ ᠤ ᠬᠠᠯᠠᠮᠰᠢᠯ ᠤᠲᠠᠰᠤᠨ ᠤ ᠡᠩᠨᠡᠭᠡ ᠶᠢᠨ ᠪᠠᠶᠢᠭᠤᠯᠤᠯᠲᠠ ᠵᠢᠴᠢ ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ︔      ︵ᠵᠢᠷᠭᠤᠭ᠎ᠠ︶ ᠲᠣᠰ ᠭᠠᠵᠠᠷ ᠣᠷᠣᠨ ᠤ ᠬᠠᠯᠠᠮᠰᠢᠯ ᠤᠲᠠᠰᠤ 12345 ᠶᠢᠨ ᠳᠠᠭᠠᠭᠠᠨ ᠭᠦᠢᠴᠡᠳᠬᠡᠬᠦ ᠨᠢᠭᠡᠴᠢ ᠶᠢ ᠵᠣᠬᠢᠴᠠᠭᠤᠯᠤᠨ ᠰᠢᠮᠳᠠᠭᠤᠯᠵᠤ ᠪᠠᠶᠢᠭᠠᠳ ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠤᠰᠢᠶᠠᠭᠰᠠᠨ ᠯᠠᠪᠯᠠᠭ᠎ᠠ᠂ ᠵᠠᠭᠠᠯᠳᠤᠯᠭ᠎ᠠ᠂ ᠰᠠᠨᠠᠭᠤᠯᠭ᠎ᠠ ᠵᠡᠷᠭᠡ ᠦᠭᠡ ᠥᠯᠡᠳᠡᠭᠡᠨ ᠭᠦᠢᠴᠡᠳᠬᠡᠬᠦ ᠠᠵᠢᠯ ᠢ ᠰᠠᠶᠢᠲᠤᠷ ᠬᠢᠨ᠎ᠡ︔      ︵ᠲᠤᠯᠤᠭ᠎ᠠ︶ ᠳᠡᠭᠡᠳᠦ ᠱᠠᠲᠤᠨ ᠠᠴᠠ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃      ᠳᠣᠯᠣᠳᠤᠭᠠᠷ ᠵᠦᠢᠯ  ᠬᠠᠯᠠᠮᠰᠢᠯ ᠤᠲᠠᠰᠤ 12345 ᠶᠢᠨ ᠳᠠᠭᠠᠭᠠᠨ ᠭᠦᠢᠴᠡᠳᠬᠡᠬᠦ ᠨᠢᠭᠡᠴᠢ ᠶᠢᠨ ᠭᠤᠤᠯ ᠡᠭᠦᠷᠭᠡ ᠬᠠᠷᠢᠭᠤᠴᠠᠯᠭ᠎ᠠ᠄      ︵ᠨᠢᠭᠡ︶ ᠬᠠᠯᠠᠮᠰᠢᠯ ᠤᠲᠠᠰᠤᠨ ᠤ ᠵᠦᠢᠯᠡᠰ ᠢ ᠭᠦᠢᠴᠡᠳᠬᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠶᠢᠨ ᠰᠢᠯᠵᠢᠭᠦᠯᠦᠨ ᠭᠦᠢᠴᠡᠳᠬᠡᠯᠭᠡᠬᠦ ᠬᠠᠯᠠᠮᠰᠢᠯ ᠤᠲᠠᠰᠤᠨ ᠤ ᠵᠦᠢᠯᠡᠰ ᠢ ᠴᠠᠭ ᠲᠤᠬᠠᠶ ᠳᠤ ᠨᠢ ᠭᠦᠢᠴᠡᠳᠬᠡᠵᠦ᠂ ᠬᠠᠷᠢᠭᠤᠯᠲᠠ ᠥᠭᠴᠦ᠂ ᠬᠠᠷᠢᠭᠤ ᠲᠤᠰᠬᠠᠨ᠎ᠠ︔      ︵ᠬᠤᠶᠠᠷ︶ ᠲᠣᠰ ᠨᠢᠭᠡᠴᠢ ᠳᠤ ᠬᠤᠯᠪᠤᠭᠳᠠᠭᠰᠠᠨ ᠬᠠᠯᠠᠮᠰᠢᠯ ᠤᠲᠠᠰᠤ 12345 ᠶᠢᠨ ᠵᠦᠢᠯᠡᠰ ᠲᠤ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠬᠢᠵᠦ᠂ ᠲᠤᠰᠬᠠᠯᠲᠠ ᠪᠠᠷ ᠬᠠᠷᠢᠴᠠᠩᠭᠤᠶ ᠲᠥᠪᠯᠡᠷᠡᠭᠰᠡᠨ ᠵᠦᠢᠯᠡᠰ ᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ︔      ︵ᠭᠤᠷᠪᠠ︶ ᠬᠠᠯᠠᠮᠰᠢᠯ ᠤᠲᠠᠰᠤᠨ ᠤ ᠮᠡᠳᠡᠯᠭᠡ ᠶᠢᠨ ᠬᠥᠮᠥᠷᠭᠡ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠳᠠᠮᠵᠢᠭᠤᠯᠬᠤ᠂ ᠰᠢᠨᠡᠳᠬᠡᠬᠦ ᠪᠠ ᠬᠠᠮᠠᠭᠠᠯᠠᠵᠤ᠂ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ᠂ ᠪᠦᠲᠦᠮᠵᠢᠲᠡᠶ ᠪᠠᠶᠢᠬᠤ ᠶᠢ ᠪᠠᠲᠦᠯᠠᠨ᠎ᠠ︔      ︵ᠳᠥᠷᠪᠡ︶ ᠬᠠᠯᠠᠮᠰᠢᠯ ᠤᠲᠠᠰᠤ 12345 ᠯᠤᠭ᠎ᠠ ᠬᠤᠯᠪᠣᠭ᠎ᠠ ᠠᠪᠬᠤ ᠲᠣᠭᠲᠠᠴᠠ ᠶᠢ ᠪᠠᠶᠢᠭᠤᠯᠤᠨ᠎ᠠ᠃      ᠭᠤᠷᠪᠠᠳᠤᠭᠠᠷ ᠪᠦᠯᠦᠭ  ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ      ᠨᠠᠢᠮᠠᠳᠤᠭᠠᠷ ᠵᠦᠢᠯ  ᠬᠠᠯᠠᠮᠰᠢᠯ ᠤᠲᠠᠰᠤ 12345 ᠶᠢᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠠᠵᠤ ᠠᠬᠤᠶᠢᠯᠠᠯ ᠪᠠ ᠣᠯᠠᠨ ᠲᠦᠮᠡᠨ ᠤ ᠡᠯ᠎ᠡ ᠲᠥᠷᠥᠯ ᠤᠨ ᠪᠠᠴᠢᠮ ᠪᠣᠰᠤ ᠬᠦᠰᠡᠯ ᠱᠠᠭᠠᠷᠳᠠᠯᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭᠠᠨ ᠳᠠᠬᠢ ᠠᠰᠠᠭᠤᠵᠤ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠵᠠᠭᠠᠯᠳᠤᠯᠭ᠎ᠠ ᠬᠢᠬᠦ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠵᠡᠷᠭᠡ ᠶᠢ ᠪᠠᠭᠲᠠᠭᠠᠨ᠎ᠠ᠃      ᠶᠢᠰᠦᠳᠦᠭᠡᠷ ᠵᠦᠢᠯ  ᠬᠠᠯᠠᠮᠰᠢᠯ ᠤᠲᠠᠰᠤ 12345 ᠶᠢᠨ ᠥᠯᠥ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠳᠡᠰ ᠳᠠᠷᠠᠭᠠᠯᠠᠯ ᠢᠶᠠᠷ ᠰᠢᠢᠳᠪᠦᠷᠢᠯᠡᠭᠰᠡᠨ ᠵᠦᠢᠯᠡᠰ ᠪᠠ ᠨᠢᠭᠡᠨᠲᠡ ᠵᠠᠬᠢᠳᠠᠯ ᠰᠤᠷᠪᠤᠯᠵᠢᠯᠠᠯ ᠤᠨ ᠶᠠᠪᠤᠴᠠ ᠳᠤ ᠤᠷᠤᠭᠰᠠᠨ ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠪᠠ ᠨᠡᠶᠢᠲᠡ ᠶᠢᠨ ᠲᠢᠭᠯᠢᠮ ᠰᠠᠶᠢᠨ ᠵᠠᠩᠰᠢᠯ ᠢ ᠵᠥᠷᠢᠴᠡᠭᠰᠡᠨ ᠵᠦᠢᠯᠡᠰ᠃      ᠠᠷᠪᠠᠳᠤᠭᠠᠷ ᠵᠦᠢᠯ  ᠤᠰᠤ᠂ ᠴᠠᠬᠢᠯᠭᠠᠨ᠂ ᠪᠠᠶᠢᠭᠠᠯᠢ ᠶᠢᠨ ᠰᠢᠲᠠᠮᠠᠬᠠᠢ ᠬᠡᠶ᠂ ᠳᠤᠯᠠᠭᠠᠯᠠᠭ᠎ᠠ᠂ ᠪᠠᠶᠢᠭᠠᠯᠢ ᠶᠢᠨ ᠭᠠᠮᠰᠢᠭ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠬᠤᠯᠪᠣᠭᠳᠠᠭᠰᠠᠨ ᠲᠤᠰᠠᠯᠠᠮᠵᠢ ᠬᠦᠰᠡᠬᠦ᠂ ᠢᠯᠡᠴᠢᠯᠡᠨ ᠮᠡᠳᠡᠭᠦᠯᠬᠦ ᠲᠥᠷᠥᠯ ᠤᠨ ᠬᠦᠰᠡᠯ ᠱᠠᠭᠠᠷᠳᠠᠯᠭ᠎ᠠ ᠶᠢ ᠬᠠᠯᠠᠮᠰᠢᠯ ᠤᠲᠠᠰᠤ 12345 ᠶᠢᠨ ᠭᠡᠨᠡᠳᠲᠡ ᠶᠢᠨ ᠬᠡᠷᠡᠭ ᠤᠨ ᠠᠵᠢᠯ ᠤᠨ ᠡᠭᠦᠷᠭᠡ ᠶᠢᠨ ᠬᠠᠭᠤᠳᠠᠰᠤ ᠪᠠᠷ ᠰᠢᠢᠳᠪᠦᠷᠢᠯᠡᠵᠦ᠂ ᠬᠠᠮᠤᠭ ᠤᠨ ᠲᠡᠷᠢᠭᠦᠨ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ᠃ ᠬᠠᠯᠠᠮᠰᠢᠯ ᠤᠲᠠᠰᠤ 12345 ᠶᠢ 110᠂ 119᠂ 120᠂ 122 ᠵᠡᠷᠭᠡ ᠪᠠᠴᠢᠮ ᠬᠠᠯᠠᠮᠰᠢᠯ ᠤᠲᠠᠰᠤ ᠪᠠ ᠤᠰᠤ᠂ ᠴᠠᠬᠢᠯᠭᠠᠨ᠂ ᠰᠢᠲᠠᠮᠠᠬᠠᠢ ᠬᠡᠶ ᠵᠡᠷᠭᠡ ᠣᠯᠠᠨ ᠨᠡᠶᠢᠲᠡ ᠶᠢᠨ ᠠᠵᠢᠯ ᠦᠢᠯᠡᠰ ᠤᠨ ᠦᠢᠯᠡᠴᠢᠯᠡᠭᠡᠨ ᠤ ᠬᠠᠯᠠᠮᠰᠢᠯ ᠤᠲᠠᠰᠤ ᠯᠤᠭ᠎ᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃      ᠳᠥᠷᠪᠡᠳᠦᠭᠡᠷ ᠪᠦᠯᠦᠭ  ᠭᠦᠢᠴᠡᠳᠭᠡᠬᠦ ᠴᠤᠪᠤᠷᠠᠯ      ᠠᠷᠪᠠᠨ ᠨᠢᠭᠡᠳᠦᠭᠡᠷ ᠵᠦᠢᠯ  ᠬᠠᠤᠯᠢ ᠲᠣᠭᠲᠠᠭᠠᠯ ᠶᠣᠰᠣᠭᠠᠷ ᠡᠯ᠎ᠡ ᠭᠦᠢᠴᠡᠳᠬᠡᠬᠦ ᠭᠤᠭᠴᠤᠭ᠎ᠠ ᠶᠢᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠢᠲᠡᠭᠦᠦ ᠴᠦᠷᠬᠡᠯᠡᠨ ᠭᠦᠢᠴᠡᠳᠬᠡᠬᠦ ᠶᠢ ᠪᠡᠶᠡᠯᠡᠭᠦᠯᠦᠨ᠎ᠡ᠃      ︵ᠨᠢᠭᠡ︶ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠄ ᠡᠯ᠎ᠡ ᠭᠠᠵᠠᠷ ᠣᠷᠣᠨ ᠤ ᠬᠠᠯᠠᠮᠰᠢᠯ ᠤᠲᠠᠰᠤ 12345 ᠠᠴᠠ ᠤᠳᠠᠰᠤ᠂ ᠫᠣᠷᠲ᠋ᠧᠯ ᠰᠦᠯᠵᠢᠶ᠎ᠡ᠂ ᠰᠢᠯᠵᠢᠮᠡᠯ ᠬᠡᠷᠡᠭᠯᠡᠭᠴᠢ ᠶᠢᠨ ᠦᠵᠦᠭᠦᠷ᠂ ᠵᠢᠵᠢᠭ ᠫᠷᠤᠭ᠍ᠷᠠᠮ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠬᠠᠩᠭᠠᠨ᠎ᠠ᠃      ︵ᠬᠤᠶᠠᠷ︶ ᠲᠥᠷᠥᠯ ᠬᠤᠪᠢᠶᠠᠨ ᠰᠢᠢᠳᠪᠦᠷᠢᠯᠡᠬᠦ᠄ ᠬᠦᠰᠡᠯ ᠱᠠᠭᠠᠷᠳᠠᠯᠭ᠎ᠠ ᠶᠢᠨ ᠰᠢᠨᠵᠢ ᠴᠢᠨᠠᠷ᠂ ᠠᠭᠤᠯᠭ᠎ᠠ᠂ ᠬᠤᠯᠪᠣᠭᠳᠠᠬᠤ ᠬᠦᠷᠢᠶ᠎ᠡ ᠴᠠᠷᠠᠭ᠎ᠠ᠂ ᠰᠠᠯᠠᠭ᠎ᠠ ᠮᠥᠴᠢᠷ ᠵᠡᠷᠭᠡ ᠶᠢ ᠦᠨᠳᠦᠰᠦᠯᠡᠨ᠂ ᠰᠢᠭᠤᠳ ᠲᠠᠶᠢᠯᠪᠤᠷᠢᠯᠠᠨ ᠬᠠᠷᠢᠭᠤᠯᠬᠤ᠂ ᠭᠤᠷᠪᠠᠨ ᠲᠠᠯ᠎ᠠ ᠪᠠᠷ ᠢᠶᠠᠨ ᠤᠲᠠᠰᠤ ᠪᠠᠷ ᠶᠠᠷᠢᠯᠴᠠᠬᠤ᠂ ᠠᠵᠢᠯ ᠤᠨ ᠡᠭᠦᠷᠭᠡ ᠶᠢᠨ ᠬᠠᠭᠤᠳᠠᠰᠤ ᠲᠣᠮᠢᠯᠠᠨ ᠥᠭᠬᠦ᠂ ᠲᠤᠰᠬᠠᠶ ᠰᠠᠭᠤᠳᠠᠯ ᠤᠨ ᠴᠣᠩᠬᠤ ᠪᠠᠷ ᠬᠤᠯᠪᠣᠭᠠᠯᠠᠨ ᠬᠥᠳᠡᠯᠦᠯᠴᠡᠬᠦ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠨ᠎ᠡ᠃ ᠬᠦᠰᠡᠯ ᠱᠠᠭᠠᠷᠳᠠᠯᠭ᠎ᠠ ᠶᠢᠨ ᠵᠦᠢᠯᠡᠰ ᠨᠢ ᠤᠯᠠᠨ ᠬᠠᠷᠢᠭᠤᠴᠠᠯᠭᠠᠲᠤ ᠰᠠᠯᠠᠭ᠎ᠠ ᠮᠥᠴᠢᠷ ᠲᠤ ᠬᠤᠯᠪᠣᠭᠳᠠᠭᠰᠠᠨ ᠪᠠᠶᠢᠪᠠᠯ᠂ ᠭᠤᠣᠯᠴᠢᠯᠠᠨ ᠡᠷᠬᠢᠯᠡᠬᠦ ᠨᠢᠭᠡᠴᠢ ᠪᠠ ᠬᠠᠮᠵᠢᠨ ᠭᠦᠢᠴᠡᠳᠬᠡᠬᠦ ᠨᠢᠭᠡᠴᠢ ᠶᠢ ᠵᠢᠭᠠᠨ ᠲᠣᠭᠲᠠᠭᠠᠵᠤ ᠬᠠᠮᠲᠤ ᠪᠠᠷ ᠰᠢᠢᠳᠪᠦᠷᠢᠯᠡᠭᠦᠯᠬᠦ ᠬᠡᠷᠡᠭᠲᠡᠶ︔ ᠭᠠᠵᠠᠷ ᠣᠷᠣᠨ ᠠᠯᠤᠰᠯᠠᠭᠰᠠᠨ᠂ ᠲᠠᠰ ᠱᠠᠲᠦ ᠠᠯᠤᠰᠯᠠᠭᠰᠠᠨ ᠬᠦᠰᠡᠯ ᠱᠠᠭᠠᠷᠳᠠᠯᠭ᠎ᠠ ᠳᠤ ᠬᠤᠯᠪᠣᠭᠳᠠᠭᠰᠠᠨ ᠢ ᠥᠪᠡᠷᠲᠡᠭᠡᠨ ᠵᠠᠰᠠᠬᠤ ᠣᠷᠣᠨ ᠤ ᠬᠠᠯᠠᠮᠰᠢᠯ ᠤᠲᠠᠰᠤ 12345 ᠪᠠᠷ ᠵᠣᠬᠢᠴᠠᠭᠤᠯᠵᠤ ᠰᠢᠮᠳᠠᠭᠤᠯᠤᠨ ᠰᠢᠢᠳᠪᠦᠷᠢᠯᠡᠨ᠎ᠡ᠃      ︵ᠭᠤᠷᠪᠠ︶ ᠴᠠᠭ ᠬᠢᠵᠠᠭᠠᠷᠯᠠᠨ ᠭᠦᠢᠴᠡᠳᠭᠡᠬᠦ᠄ ᠳᠠᠭᠠᠭᠠᠨ ᠭᠦᠢᠴᠡᠳᠬᠡᠬᠦ ᠨᠢᠭᠡᠴᠢ ᠨᠢ ᠬᠦᠰᠡᠯ ᠱᠠᠭᠠᠷᠳᠠᠯᠭ᠎ᠠ ᠶᠢᠨ ᠠᠵᠢᠯ ᠤᠨ ᠡᠭᠦᠷᠭᠡ ᠶᠢᠨ ᠬᠠᠭᠤᠳᠠᠰᠤ ᠶᠢ ᠬᠦᠯᠢᠶᠡᠨ ᠠᠪᠤᠭᠠᠳ ᠲᠣᠭᠲᠠᠭᠰᠠᠨ ᠴᠠᠭ ᠲᠤ ᠲᠤᠰᠬᠠᠯ ᠦᠭᠴᠦ᠂ ᠦᠢᠯᠡᠴᠢᠯᠡᠬᠦ ᠡᠲᠡᠭᠡᠳ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠬᠦᠰᠡᠯ ᠱᠠᠭᠠᠷᠳᠠᠯᠭ᠎ᠠ ᠪᠠᠨ ᠨᠡᠪᠲᠡᠷᠡᠯᠴᠡᠵᠦ᠂ ᠴᠠᠭ ᠬᠢᠵᠠᠭᠠᠷᠯᠠᠨ ᠬᠠᠷᠢᠭᠤᠯᠲᠠ ᠥᠭᠭᠦᠨ᠎ᠡ᠃      ︵ᠳᠥᠷᠪᠡ︶ ᠦᠭᠭᠦᠭᠰᠡᠨ ᠬᠠᠷᠢᠭᠤᠯᠲᠠ ᠶᠢ ᠮᠠᠭᠠᠳᠯᠠᠨ ᠲᠣᠭᠲᠠᠭᠠᠬᠤ᠄ ᠬᠠᠯᠠᠮᠰᠢᠯ ᠤᠲᠠᠰᠤ 12345 ᠪᠠᠷ ᠳᠠᠭᠠᠭᠠᠨ ᠭᠦᠢᠴᠡᠳᠬᠡᠬᠦ ᠨᠢᠭᠡᠴᠢ ᠶᠢᠨ ᠬᠠᠷᠢᠭᠤ ᠥᠭᠭᠦᠭᠰᠡᠨ ᠰᠠᠨᠠᠯ ᠳᠤ ᠵᠢᠷᠤᠮᠵᠢᠯ ᠤᠨ ᠴᠢᠨᠠᠷᠲᠠᠶ ᠬᠢᠨᠠᠨ ᠬᠠᠷᠭᠤᠭᠤᠯᠤᠯᠲᠠ ᠬᠢᠵᠦ᠂ ᠵᠢᠷᠤᠮᠵᠢᠯ ᠥᠬᠡᠶ᠂ ᠪᠣᠳᠠᠲᠠᠶ ᠪᠤᠰᠤ᠂ ᠪᠦᠷᠢᠨ ᠪᠤᠰᠤ ᠪᠠᠶᠢᠪᠠᠯ᠂ ᠳᠠᠭᠠᠭᠠᠨ ᠭᠦᠢᠴᠡᠳᠬᠡᠭᠰᠡᠨ ᠨᠢᠭᠡᠴᠢ ᠨᠢ ᠭᠦᠢᠴᠡᠳᠬᠡᠬᠦ ᠴᠠᠭ ᠤᠨ ᠬᠢᠵᠠᠭᠠᠷ ᠤᠨ ᠳᠣᠲᠣᠷ᠎ᠠ ᠪᠦᠷᠢᠨ ᠭᠦᠢᠴᠡᠳ ᠨᠥᠬᠦᠪᠥᠷᠢᠯᠡᠬᠦ ᠬᠡᠷᠡᠭᠲᠡᠶ᠃ ᠳᠠᠭᠠᠭᠠᠨ ᠭᠦᠢᠴᠡᠳᠬᠡᠬᠦ ᠨᠢᠭᠡᠴᠢ ᠨᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠥᠯᠥ ᠪᠠᠭᠲᠠᠬᠤ ᠦᠢᠯᠡᠴᠢᠯᠡᠭᠡᠨ ᠤ ᠠᠵᠢᠯ ᠤᠨ ᠡᠭᠦᠷᠭᠡ ᠶᠢᠨ ᠬᠠᠭᠤᠳᠠᠰᠤ ᠶᠢ ᠴᠠᠭ ᠲᠤᠬᠠᠶ ᠳᠤ ᠨᠢ ᠪᠤᠴᠠᠭᠠᠬᠤ ᠪᠠᠷ ᠭᠤᠶᠤᠴᠢᠯᠠᠬᠤ ᠶᠢᠨ ᠬᠠᠮᠲᠤ᠂ ᠦᠨᠳᠦᠰᠦᠯᠡᠯ ᠪᠠ ᠰᠢᠢᠳᠪᠦᠷᠢᠯᠡᠬᠦ ᠰᠠᠨᠠᠭᠤᠯᠭ᠎ᠠ ᠪᠠᠨ ᠲᠣᠳᠣᠷᠬᠠᠶᠢᠯᠠᠬᠤ ᠬᠡᠷᠡᠭᠲᠡᠶ︔ ᠪᠤᠰᠤᠳᠴᠢ ᠰᠢᠯᠲᠠᠭᠠᠨ ᠠᠴᠠ ᠪᠤᠯᠵᠤ ᠴᠠᠭ ᠲᠤ ᠪᠠᠨ ᠰᠢᠢᠳᠪᠦᠷᠢᠯᠡᠵᠦ ᠳᠡᠶᠢᠯᠬᠦ ᠦᠭᠡᠢ ᠬᠦᠰᠡᠯ ᠱᠠᠭᠠᠷᠳᠠᠯᠭ᠎ᠠ ᠤᠨ ᠠᠵᠢᠯ ᠤᠨ ᠡᠭᠦᠷᠭᠡ ᠶᠢᠨ ᠬᠠᠭᠤᠳᠠᠰᠤ ᠶᠢ ᠴᠠᠭ ᠬᠢᠵᠠᠭᠠᠷ ᠨᠢ ᠳᠦᠭᠦᠷᠬᠦ ᠠᠴᠠ ᠡᠮᠦᠨ᠎ᠡ ᠴᠠᠭ ᠬᠤᠶᠢᠰᠢᠯᠠᠭᠤᠯᠬᠤ ᠪᠠᠷ ᠭᠤᠶᠤᠴᠢᠯᠠᠯ ᠭᠠᠷᠭᠠᠨ᠎ᠠ᠃      ︵ᠲᠠᠪᠤ︶ ᠰᠢᠢᠳᠪᠦᠷᠢᠯᠡᠵᠦ ᠳᠠᠭᠤᠰᠤᠭᠰᠠᠨ ᠤ ᠳᠠᠷᠠᠭᠠᠬᠢ ᠬᠠᠷᠢᠭᠤ ᠰᠤᠷᠪᠤᠯᠵᠢᠯᠠᠯ᠄ ᠬᠠᠯᠠᠮᠰᠢᠯ ᠤᠲᠠᠰᠤ 12345 ᠨᠢ ᠳᠠᠭᠠᠭᠠᠨ ᠭᠦᠢᠴᠡᠳᠬᠡᠬᠦ ᠨᠢᠭᠡᠴᠢ ᠶᠢᠨ ᠬᠦᠰᠡᠯ ᠱᠠᠭᠠᠷᠳᠠᠯᠭ᠎ᠠ ᠶᠢᠨ ᠠᠵᠢᠯ ᠤᠨ ᠡᠭᠦᠷᠭᠡ ᠶᠢᠨ ᠬᠠᠭᠤᠳᠠᠰᠤ ᠶᠢ ᠭᠦᠢᠴᠡᠳᠬᠡᠭᠰᠡᠨ ᠤ ᠳᠠᠷᠠᠭ᠎ᠠ ᠬᠠᠷᠢᠭᠤ ᠰᠤᠷᠪᠤᠯᠵᠢᠯᠠᠯ ᠬᠢᠵᠦ᠂ ᠦᠢᠯᠡᠴᠢᠯᠡᠬᠦ ᠡᠲᠡᠭᠡᠳ ᠤᠨ ᠰᠢᠢᠳᠪᠦᠷᠢᠯᠡᠭᠰᠡᠨ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠬᠤᠷᠢᠶᠠᠵᠤ᠂ ᠠᠩᠬ᠎ᠠ ᠤᠳᠠᠭ᠎ᠠ ᠬᠥᠮᠦᠨ ᠤ ᠬᠦᠴᠦ ᠪᠠᠷ ᠬᠠᠷᠢᠭᠤ ᠰᠤᠷᠪᠤᠯᠵᠢᠯᠠᠬᠤ ᠳᠤ ᠬᠠᠨᠤᠮᠵᠢ ᠥᠬᠡᠶ ᠪᠠᠶᠢᠭ᠎ᠠ ᠬᠦᠰᠡᠯ ᠱᠠᠭᠠᠷᠳᠠᠯᠭ᠎ᠠ ᠶᠢᠨ ᠠᠵᠢᠯ ᠤᠨ ᠡᠭᠦᠷᠭᠡ ᠶᠢᠨ ᠬᠠᠭᠤᠳᠠᠰᠤ ᠶᠢ ᠳᠠᠭᠠᠭᠠᠨ ᠭᠦᠢᠴᠡᠳᠬᠡᠬᠦ ᠨᠢᠭᠡᠴᠢ ᠠᠴᠠ ᠬᠢᠨᠠᠨ ᠬᠠᠷᠭᠤᠭᠤᠯᠵᠤ ᠴᠡᠭᠴᠡᠯᠡᠨ ᠰᠠᠶᠢᠵᠢᠷᠠᠭᠤᠯᠤᠨ᠎ᠠ᠃      ᠠᠷᠪᠠᠨ ᠬᠤᠶᠠᠳᠤᠭᠠᠷ ᠵᠦᠢᠯ  ᠬᠠᠯᠠᠮᠰᠢᠯ ᠤᠲᠠᠰᠤ 12345 ᠳᠤ ᠪᠥᠬᠦ ᠣᠷᠣᠨ ᠤ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠮᠡᠳᠡᠯᠭᠡ ᠶᠢᠨ ᠬᠥᠮᠥᠷᠭᠡ ᠶᠢ ᠪᠠᠶᠢᠭᠤᠯᠵᠤ᠂ ᠬᠠᠯᠠᠮᠰᠢᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠨ᠎ᠡ᠃ ᠡᠯ᠎ᠡ ᠳᠠᠭᠠᠭᠠᠨ ᠭᠦᠢᠴᠡᠳᠬᠡᠬᠦ ᠨᠢᠭᠡᠴᠢ ᠨᠢ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠬᠠᠯᠠᠮᠰᠢᠯ ᠬᠡᠷᠡᠭ ᠵᠡᠷᠭᠡ ᠶᠢ ᠦᠨᠳᠦᠰᠦᠯᠡᠨ ᠮᠡᠳᠡᠯᠭᠡ ᠶᠢᠨ ᠬᠥᠮᠥᠷᠭᠡ ᠶᠢ ᠴᠠᠭ ᠲᠤᠬᠠᠶ ᠳᠤ ᠨᠢ ᠬᠠᠮᠠᠭᠠᠯᠠᠨ᠎ᠠ᠃      ᠲᠠᠪᠤᠳᠤᠭᠠᠷ ᠪᠦᠯᠦᠭ  ᠳ᠋ᠠᠶᠢᠲ᠋ᠠ ᠶᠢᠨ ᠵᠠᠳᠠᠯᠤᠯᠲᠠ      ᠠᠷᠪᠠᠨ ᠭᠤᠷᠪᠠᠳᠤᠭᠠᠷ ᠵᠦᠢᠯ  ᠬᠠᠯᠠᠮᠰᠢᠯ ᠤᠲᠠᠰᠤ ᠶᠢᠨ ᠳ᠋ᠠᠶᠢᠲ᠋ᠠ ᠶᠢᠨ ᠵᠠᠳᠠᠯᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠨ ᠵᠠᠳᠠᠯᠤᠨ᠎ᠠ᠃      ᠠᠷᠪᠠᠨ ᠳᠥᠷᠪᠡᠳᠦᠭᠡᠷ ᠵᠦᠢᠯ  ᠡᠯ᠎ᠡ ᠭᠠᠵᠠᠷ ᠣᠷᠣᠨ ᠨᠢ ᠬᠠᠯᠠᠮᠰᠢᠯ ᠤᠲᠠᠰᠤᠨ ᠤ ᠳ᠋ᠠᠶᠢᠲ᠋ᠠ ᠶᠢᠨ ᠡᠬᠢ ᠪᠠᠶᠠᠯᠢᠭ ᠤᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠠᠪᠴᠠᠩ ᠳᠤ ᠪᠥᠬᠦ ᠬᠡᠮᠵᠢᠶᠡᠨ ᠤ ᠬᠠᠯᠠᠮᠰᠢᠯ ᠤᠲᠠᠰᠤᠨ ᠤ ᠳ᠋ᠠᠶᠢᠲ᠋ᠠ ᠶᠢ ᠴᠠᠭ ᠲᠤᠬᠠᠶ ᠳᠤ ᠨᠢ ᠬᠤᠷᠠᠮᠳᠤᠭᠤᠯᠤᠨ ᠴᠤᠭᠯᠠᠭᠤᠯᠵᠤ᠂ ᠬᠠᠯᠠᠮᠰᠢᠯ ᠤᠲᠠᠰᠤᠨ ᠤ ᠳ᠋ᠠᠶᠢᠲ᠋ᠠ ᠶᠢ ᠪᠥᠬᠦ ᠣᠷᠣᠨ ᠳᠤ ᠬᠠᠮᠲᠤ ᠪᠠᠷ ᠬᠦᠷᠲᠡᠬᠡᠵᠣ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃      ᠠᠷᠪᠠᠨ ᠲᠠᠪᠤᠳᠤᠭᠠᠷ ᠵᠦᠢᠯ  ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ᠂ ᠳᠠᠭᠠᠭᠠᠨ ᠭᠦᠢᠴᠡᠳᠬᠡᠬᠦ ᠨᠢᠭᠡᠴᠢ ᠪᠠ ᠪᠤᠰᠤᠳ ᠬᠠᠯᠠᠮᠰᠢᠯ ᠤᠲᠠᠰᠤ ᠶᠢᠨ ᠵᠦᠢᠯᠡᠰ ᠢ ᠭᠦᠢᠴᠡᠳᠬᠡᠬᠦ ᠳᠤ ᠣᠷᠣᠯᠴᠠᠬᠤ ᠨᠢᠭᠡᠴᠢ ᠵᠢᠴᠢ ᠲᠡᠭᠦᠨ ᠤ ᠠᠵᠢᠯᠲᠠᠨ ᠨᠢᠭᠤᠴᠠ ᠶᠢ ᠬᠠᠮᠠᠭᠠᠯᠠᠬᠤ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠬᠡᠷᠡᠭᠲᠡᠶ᠂ ᠵᠠᠭᠠᠯᠳᠤᠯᠭ᠎ᠠ᠂ ᠰᠠᠨᠠᠭᠤᠯᠭ᠎ᠠ ᠶᠢᠨ ᠠᠭᠤᠯᠭ᠎ᠠ ᠪᠠ ᠤᠲᠠᠰᠤ ᠢᠷᠡᠭᠦᠯᠦᠭᠰᠡᠨ ᠬᠥᠮᠦᠨ ᠤ ᠮᠡᠳᠡᠭᠡ ᠵᠠᠩᠭᠢ ᠵᠢᠴᠢ ᠬᠤᠯᠪᠣᠭᠳᠠᠯ ᠪᠥᠬᠦᠶ ᠪᠠᠶᠢᠳᠠᠯ ᠢ ᠵᠠᠳᠠᠷᠠᠭᠤᠯᠵᠤ ᠪᠣᠯᠬᠤ ᠥᠬᠡᠶ᠃      ᠠᠷᠪᠠᠨ ᠵᠢᠷᠭᠤᠳᠤᠭᠠᠷ ᠵᠦᠢᠯ  ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠨᠢ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠬᠢᠮᠡᠯ ᠣᠶᠣᠨ ᠵᠡᠷᠭᠡ ᠮᠡᠷᠭᠡᠵᠢᠯ ᠢ ᠭᠦᠢᠴᠡᠳ ᠠᠰᠢᠭᠯᠠᠨ᠂ ᠬᠠᠯᠠᠮᠰᠢᠯ ᠤᠲᠠᠰᠤ 12345 ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠠᠭ ᠲᠤ ᠨᠢ ᠳᠣᠭᠢᠷᠠᠭᠤᠯᠤᠨ ᠰᠢᠰᠲ᠋ᠧᠮ ᠢ ᠥᠭᠡᠷᠡᠴᠢᠯᠡᠨ ᠲᠠᠰ ᠳᠡᠪᠰᠢᠭᠦᠯᠵᠦ᠂ ᠰᠢᠰᠲ᠋ᠧᠮ ᠤᠨ ᠤᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠠᠷᠪᠠᠨ ᠳᠣᠯᠣᠳᠤᠭᠠᠷ ᠵᠦᠢᠯ  ᠬᠠᠯᠠᠮᠰᠢᠯ ᠤᠲᠠᠰᠤ 12345 ᠶᠢᠨ ᠰᠢᠰᠲ᠋ᠧᠮ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠪᠠ ᠠᠨᠠᠢ ᠶᠢ ᠦᠨᠡᠯᠡᠬᠦ︾ ᠰᠢᠰᠲ᠋ᠧᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠠᠭᠠᠯᠳᠤᠯᠭ᠎ᠠ ᠰᠠᠨᠠᠭᠤᠯᠭ᠎ᠠ ᠶᠢᠨ ᠰᠢᠰᠲ᠋ᠧᠮ ᠵᠢᠴᠢ ᠪᠤᠰᠤᠳ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠡᠶᠢᠭᠡᠮ ᠤᠨ ᠦᠢᠯᠡᠴᠢᠯᠡᠭᠡᠨ ᠤ ᠰᠢᠰᠲ᠋ᠧᠮ ᠯᠦᠭᠡ ᠪᠥᠬᠦ ᠲᠠᠯ᠎ᠠ ᠪᠠᠷ ᠵᠠᠯᠭᠠᠯᠳᠤᠭᠤᠯᠬᠤ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ

        365赢多少钱会被限额_国内有真正的365平台吗_365bet博彩官网

        ᠬᠠᠮᠵᠢᠯᠴᠠᠬᠤ᠂ ᠡᠬᠢ ᠪᠠᠶᠠᠯᠢᠭ ᠢ ᠬᠠᠮᠲᠤ ᠪᠠᠷ ᠭᠥᠷᠳᠡᠬᠦ ᠶᠢ ᠪᠡᠶᠡᠯᠡᠭᠦᠯᠦᠨ᠎ᠡ᠃      ᠵᠢᠷᠭᠤᠳᠤᠭᠠᠷ ᠪᠦᠯᠦᠭ  ᠰᠢᠯᠭᠠᠨ ᠬᠢᠨᠠᠵᠤ ᠦᠨᠡᠯᠡᠬᠦ      ᠠᠷᠪᠠᠨ ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠶᠢᠨ ᠠᠵᠢᠯ ᠤᠨ ᠤᠳᠤᠷᠢᠳᠬᠤ ᠳᠤᠭᠤᠶᠢᠯᠠᠩ ᠨᠢ ᠪᠥᠬᠦ ᠣᠷᠣᠨ ᠤ ᠬᠠᠯᠠᠮᠰᠢᠯ ᠤᠲᠠᠰᠤ 12345 ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠵᠢᠯ ᠢ ᠬᠠᠷᠢᠭᠤᠴᠠᠵᠤ᠂ ︽ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ︾ ᠵᠡᠷᠭᠡ ᠪᠠᠷ ᠭᠤᠤᠯ ᠭᠦᠢᠴᠡᠳᠬᠡᠯ ᠲᠤᠭ᠎ᠠ ᠪᠣᠯᠭᠠᠭᠰᠠᠨ ᠰᠢᠯᠭᠠᠨ ᠬᠢᠨᠠᠬᠤ ᠲᠣᠭᠲᠠᠯᠴᠠᠭ᠎ᠠ ᠶᠢ ᠪᠠᠶᠢᠭᠤᠯᠤᠨ᠂ ᠰᠢᠯᠭᠠᠨ ᠬᠢᠨᠠᠬᠤ ᠳᠤ ᠰᠠᠷ᠎ᠠ ᠶᠢᠨ ᠰᠢᠯᠭᠠᠨ ᠦᠨᠡᠯᠡᠯᠲᠡ ᠪᠠ ᠣᠨ ᠤ ᠰᠢᠯᠭᠠᠨ ᠦᠨᠡᠯᠡᠯᠲᠡ ᠶᠢ ᠪᠠᠭᠲᠠᠭᠠᠵᠤ᠂ ᠰᠠᠭᠤᠷᠢ ᠰᠢᠯᠭᠠᠨ ᠬᠢᠨᠠᠯᠲᠠ ᠪᠠ ᠬᠤᠪᠢ ᠨᠡᠮᠡᠵᠤ ᠬᠠᠰᠤᠬᠤ ᠰᠢᠯᠭᠠᠨ ᠬᠢᠨᠠᠯᠲᠠ ᠪᠠᠷ ᠪᠦᠷᠢᠯᠳᠦᠨ᠎ᠡ᠃      ᠠᠷᠪᠠ ᠶᠢᠰᠦᠳᠦᠭᠡᠷ ᠵᠦᠢᠯ  ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠨᠢ ᠬᠠᠯᠠᠮᠰᠢᠯ ᠤᠲᠠᠰᠤ ᠶᠢᠨ ᠠᠵᠢᠯᠯᠠᠭᠠᠨ ᠤ ᠦᠨᠡᠯᠡᠨ ᠵᠢᠱᠢᠭᠰᠡᠨ ᠦᠷ᠎ᠡ ᠳ᠋ᠦᠩ ᠢ ᠰᠠᠷ᠎ᠠ ᠪᠦᠷᠢ ᠨᠡᠪᠲᠡᠷᠡᠭᠦᠯᠦᠨ ᠮᠡᠳᠡᠭᠡᠯᠡᠵᠣ᠂ ᠡᠯ᠎ᠡ ᠳᠠᠭᠠᠭᠠᠨ ᠭᠦᠢᠴᠡᠳᠬᠡᠬᠦ ᠨᠢᠭᠡᠴᠢ ᠶᠢᠨ ᠭᠦᠢᠴᠡᠳᠭᠡᠭᠰᠡᠨ ᠬᠠᠷᠢᠭᠤᠯᠲᠠ ᠶᠢᠨ ᠪᠠᠶᠢᠳᠠᠯ ᠳᠤ ᠬᠢᠭᠰᠡᠨ ᠳ᠋ᠠᠶᠢᠲ᠋ᠠ ᠶᠢᠨ ᠲᠤᠭ᠎ᠠ ᠪᠦᠷᠢᠳᠬᠡᠯ ᠪᠠ ᠵᠠᠳᠠᠯᠤᠯᠲᠠ ᠶᠢ ᠲᠤᠰᠬᠠᠵᠤ᠂ ᠦᠨᠡᠯᠡᠨ ᠵᠢᠱᠢᠭᠰᠡᠨ ᠦᠷ᠎ᠡ ᠳ᠋ᠦᠩ᠂ ᠨᠡᠶᠢᠲᠡᠯᠢᠭ ᠬᠡᠷᠡᠭ ᠤᠨ ᠵᠢᠱᠢᠶ᠎ᠡ᠂ ᠨᠡᠶᠢᠭᠡᠮ ᠤᠨ ᠬᠦᠴᠢᠷᠲᠡᠢ ᠠᠰᠠᠭᠤᠳᠠᠯ ᠵᠢᠴᠢ ᠦᠢᠯᠡᠴᠢᠯᠡᠬᠦ ᠡᠲᠡᠭᠡᠳ ᠤᠨ ᠵᠠᠰᠠᠭ ᠤᠨ ᠣᠷᠳᠣᠨ ᠤ ᠠᠵᠢᠯ ᠳᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠡᠶᠢᠲᠡᠯᠡᠨ᠎ᠡ᠃      ᠬᠤᠷᠢᠳᠤᠭᠠᠷ ᠵᠦᠢᠯ  ᠬᠠᠯᠠᠮᠰᠢᠯ ᠤᠲᠠᠰᠤ 12345 ᠳᠤ ᠬᠠᠯᠠᠮᠰᠢᠯ ᠤᠲᠠᠰᠤᠨ ᠤ ᠠᠵᠢᠯᠯᠠᠭᠠᠨ ᠤ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ ᠤ ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠨᠢ ᠲᠠᠪᠴᠠᠩ ᠢᠶᠠᠷ ᠮᠡᠳᠡᠭᠦᠯᠦᠨ ᠬᠦᠷᠭᠡᠬᠦ᠂ ᠰᠢᠰᠲ᠋ᠧᠮ ᠲᠠᠢ ᠪᠠᠷ ᠴᠤᠭᠯᠠᠭᠤᠯᠬᠤ᠂ ᠮᠠᠲ᠋ᠧᠷᠢᠶᠠᠯ ᠢ ᠰᠢᠯᠭᠠᠨ ᠪᠠᠲᠤᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠦᠰᠡᠯ ᠱᠠᠭᠠᠷᠳᠠᠯᠭ᠎ᠠ ᠶᠢ ᠭᠦᠢᠴᠡᠳᠬᠡᠭᠰᠡᠨ ᠦᠷ᠎ᠡ ᠪᠦᠲᠦᠮᠵᠢ ᠳᠤ ᠦᠨᠡᠯᠡᠯᠲᠡ ᠬᠢᠵᠦ᠂ ᠦᠨᠡᠯᠡᠭᠰᠡᠨ ᠦᠷ᠎ᠡ ᠳ᠋ᠦᠩ ᠢ ᠨᠡᠪᠲᠡᠷᠡᠭᠦᠯᠦᠨ ᠮᠡᠳᠠᠭᠡᠯᠡᠨ᠎ᠡ᠃      ᠬᠤᠷᠢᠨ ᠨᠢᠭᠡᠳᠦᠭᠡᠷ ᠵᠦᠢᠯ  ᠬᠠᠯᠠᠮᠰᠢᠯ ᠤᠲᠠᠰᠤ 12345 ᠨᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠪᠠ ᠠᠷᠠᠳᠴᠢᠯᠠᠭᠰᠠᠨ ᠨᠠᠮ ᠪᠦᠯᠦᠭ ᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠡᠶᠢᠭᠡᠮ ᠤᠨ ᠤᠯᠠᠨ ᠨᠡᠶᠢᠲᠡ ᠪᠠ ᠵᠠᠭᠤᠴᠢᠯᠠᠭᠤᠷ ᠤᠨ ᠤᠯᠠᠨ ᠨᠡᠶᠢᠲᠡ ᠪᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠯᠲᠠ ᠲᠠᠯᠪᠢᠵᠤ ᠬᠠᠷᠢᠭᠤ ᠥᠭᠬᠦ ᠲᠣᠭᠲᠠᠴᠠ ᠶᠢ ᠪᠠᠶᠢᠭᠤᠯᠤᠨ᠎ᠠ᠃      ᠳᠣᠯᠣᠳᠤᠭᠠᠷ ᠪᠦᠯᠦᠭ  ᠰᠢᠮᠳᠠᠭᠤᠯᠤᠨ ᠭᠦᠢᠴᠡᠳᠭᠡᠵᠦ ᠨᠡᠪᠲᠡᠷᠡᠭᠦᠯᠦᠨ ᠮᠡᠳᠡᠭᠡᠯᠡᠬᠦ      ᠬᠤᠷᠢᠨ ᠬᠤᠶᠠᠳᠤᠭᠠᠷ ᠵᠦᠢᠯ  ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ᠂ ᠲᠠᠰ ᠳᠠᠷᠠᠭᠠᠯᠠᠯ ᠨᠢ ᠵᠢᠷᠤᠮᠵᠢᠭᠰᠠᠨ᠂ ᠨᠠᠶᠢᠳᠠᠪᠤᠷᠢᠵᠢᠭᠤᠯᠤᠯᠲᠠ ᠨᠢ ᠪᠦᠲᠦᠮᠵᠢᠲᠡᠶ᠂ ᠬᠠᠷᠢᠭᠤᠴᠠᠯᠭ᠎ᠠ ᠨᠡᠬᠡᠮᠵᠢᠯᠡᠬᠦ ᠨᠢ ᠦᠨᠳᠦᠰᠦ ᠪᠠᠷᠢᠮᠲᠠ ᠲᠠᠢ᠂ ᠨᠡᠪᠲᠡᠷᠡᠭᠦᠯᠦᠨ ᠮᠡᠳᠡᠭᠡᠯᠡᠬᠦ ᠨᠢ ᠦᠨᠳᠦᠰᠦ ᠪᠠᠷᠢᠮᠲᠠ ᠲᠠᠢ ᠰᠢᠮᠳᠠᠭᠤᠯᠤᠨ ᠭᠦᠢᠴᠡᠳᠭᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠦᠰᠡᠯ ᠱᠠᠭᠠᠷᠳᠠᠯᠭ᠎ᠠ ᠶᠢᠨ ᠠᠵᠢᠯ ᠤᠨ ᠡᠭᠦᠷᠭᠡ ᠶᠢᠨ ᠬᠠᠭᠤᠳᠠᠰᠤ ᠶᠢ ᠮᠥᠷᠳᠡᠬᠦ᠂ ᠱᠠᠭᠠᠷᠳᠠᠨ ᠬᠢᠯᠭᠡᠬᠦ ᠪᠠ ᠰᠢᠮᠳᠠᠭᠤᠯᠤᠨ ᠭᠦᠢᠴᠡᠳᠭᠡᠬᠦ ᠶᠢ ᠴᠢᠩᠭᠠᠳᠬᠠᠨ᠎ᠠ᠃      ᠬᠤᠷᠢᠨ ᠭᠤᠷᠪᠠᠳᠤᠭᠠᠷ ᠵᠦᠢᠯ  ᠬᠠᠯᠠᠮᠰᠢᠯ ᠤᠲᠠᠰᠤ 12345 ᠨᠢ ᠡᠯ᠎ᠡ ᠲᠦᠷᠦᠯ ᠤᠨ ᠬᠦᠰᠡᠯ ᠱᠠᠭᠠᠷᠳᠠᠯᠭ᠎ᠠ ᠶᠢ ᠭᠦᠢᠴᠡᠳᠭᠡᠬᠦ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠬᠠᠮᠲᠤᠷᠠᠭᠰᠠᠨ ᠬᠤᠷᠠᠯ᠂ ᠲᠤᠰᠬᠠᠶ ᠰᠡᠳᠦᠪ ᠢᠶᠠᠷ ᠵᠣᠬᠢᠴᠠᠭᠤᠯᠬᠤ᠂ ᠵᠠᠰᠠᠭ ᠤᠨ ᠰᠤᠷᠲᠠᠯ ᠤᠨ ᠬᠠᠯᠠᠮᠰᠢᠯ ᠤᠲᠠᠰᠤ᠂ ᠵᠠᠭᠤᠴᠢᠯᠠᠭᠤᠷ ᠤᠨ ᠬᠢᠨᠠᠯᠲᠠ ᠲᠠᠯᠪᠢᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠠᠷᠭ᠎ᠠ ᠮᠠᠶ᠋ᠢᠭ ᠢᠶᠠᠷ ᠰᠢᠮᠳᠠᠭᠤᠯᠤᠨ ᠭᠦᠢᠴᠡᠳᠭᠡᠯᠭᠡᠨ᠎ᠡ᠃      ᠬᠤᠷᠢᠨ ᠳᠥᠷᠪᠡᠳᠦᠭᠡᠷ ᠵᠦᠢᠯ  ᠬᠦᠰᠡᠯ ᠱᠠᠭᠠᠷᠳᠠᠯᠭ᠎ᠠ ᠶᠢ ᠭᠦᠢᠴᠡᠳᠭᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠣᠷᠣᠰᠢᠵᠤ ᠪᠠᠶᠢᠪᠠᠯ᠂ ᠬᠠᠷᠢᠭᠤᠴᠠᠯᠭᠠᠲᠤ ᠨᠢᠭᠡᠴᠢ ᠶᠢ ᠰᠠᠷ᠎ᠠ ᠶᠢᠨ ᠰᠢᠯᠭᠠᠨ ᠦᠨᠡᠯᠡᠯᠲᠡ ᠳᠤ ᠨᠡᠪᠲᠡᠷᠡᠭᠦᠯᠦᠨ ᠮᠡᠳᠡᠭᠡᠯᠡᠨ᠎ᠡ᠄      ︵ᠨᠢᠭᠡ︶ ᠬᠦᠰᠡᠯ ᠱᠠᠭᠠᠷᠳᠠᠯᠭ᠎ᠠ ᠶᠢ ᠭᠦᠢᠴᠡᠳᠭᠡᠬᠦ ᠶᠠᠪᠤᠴᠠ ᠳᠤ ᠰᠢᠯᠲᠠᠭᠯᠠᠨ ᠲᠦᠯᠬᠢᠯᠴᠡᠭᠰᠡᠨ᠂ ᠬᠠᠰᠢ ᠶᠠᠰᠢ ᠪᠠᠷ ᠤᠳᠠᠭᠠᠰᠢᠷᠠᠭᠤᠯᠤᠭᠰᠠᠨ᠂ ᠦᠯᠦ ᠬᠠᠷᠢᠭᠤᠴᠠᠨ ᠠᠵᠢᠯᠯᠠᠭᠰᠠᠨ᠂ ᠤᠳᠠᠭᠠᠰᠢᠷᠠᠭᠤᠯᠤᠨ ᠠᠵᠢᠯᠯᠠᠭᠰᠠᠨ᠂ ᠳᠤᠷ᠎ᠠ ᠪᠠᠷ ᠬᠠᠷᠢᠭᠤᠴᠠᠨ ᠠᠵᠢᠯᠯᠠᠭᠰᠠᠨ︔      ︵ᠬᠤᠶᠠᠷ︶ ᠬᠦᠰᠡᠯ ᠱᠠᠭᠠᠷᠳᠠᠯᠭ᠎ᠠ ᠶᠢ ᠭᠦᠢᠴᠡᠳᠭᠡᠬᠦ ᠶᠠᠪᠤᠴᠠ ᠳᠤ ᠵᠣᠷᠢᠭᠤᠳᠠ ᠪᠤᠶᠤ ᠡ᠊ᠨᠳᠡᠯ ᠠᠴᠠ ᠪᠤᠯᠵᠤ᠂ ᠵᠤᠬᠢᠰ ᠦᠭᠡᠢ ᠰᠢᠢᠳᠪᠦᠷᠢᠯᠡᠵᠦ᠂ ᠵᠥᠷᠢᠴᠡᠯ ᠮᠥᠷᠭᠦᠯᠳᠦᠭᠡᠨ ᠢ ᠬᠤᠷᠴᠠᠳᠬᠠᠭᠰᠠᠨ︔      ︵ᠭᠤᠷᠪᠠ︶ ᠲᠦᠷᠦᠭᠦᠯᠡᠨ ᠬᠢᠬᠦ ᠨᠢᠭᠡᠴᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠥᠭᠡᠢ᠂ ᠬᠠᠷᠢᠭᠤᠴᠠᠯᠭ᠎ᠠ ᠪᠠᠨ ᠵᠠᠶᠢᠯᠠᠭᠤᠯᠤᠭᠠᠳ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠬᠦ ᠥᠭᠡᠢ᠂ ᠦᠢᠯᠡᠴᠢᠯᠡᠭᠡᠨ ᠤ ᠠᠵᠢᠯ ᠤᠨ ᠡᠭᠦᠷᠭᠡ ᠶᠢᠨ ᠬᠠᠭᠤᠳᠠᠰᠤ ᠶᠢ ᠲᠠᠬᠢᠨ ᠳᠠᠪᠲᠠᠨ ᠪᠤᠴᠠᠭᠠᠵᠤ᠂ ᠮᠠᠭᠤ ᠨᠥᠯᠥᠭᠡ ᠲᠠᠢ ᠪᠣᠯᠣᠭᠰᠠᠨ ᠪᠤᠶᠤ ᠬᠦᠨᠳᠦ ᠨᠣᠴᠢᠲᠠᠶ ᠤᠷᠰᠢᠭ ᠲᠠᠲᠠᠭᠰᠠᠨ︔      ︵ᠲᠥᠷᠪᠡ︶ ᠬᠠᠮᠵᠢᠯᠴᠠᠨ ᠭᠦᠢᠴᠡᠳᠬᠡᠬᠦ ᠨᠢᠭᠡᠴᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠥᠭᠡᠢ᠂ ᠲᠦᠷᠦᠭᠦᠯᠡᠨ ᠬᠢᠬᠦ ᠨᠢᠭᠡᠴᠢ ᠶᠢᠨ ᠵᠣᠬᠢᠴᠠᠭᠤᠯᠭ᠎ᠠ ᠶᠢ ᠬᠥᠯᠢᠶᠡᠨ ᠠᠪᠬᠤ ᠥᠭᠡᠢ᠂ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠥᠭᠡᠢ᠂ ᠠᠵᠢᠯ ᠤᠨ ᠲᠠᠯ᠎ᠠ ᠪᠠᠷ ᠬᠠᠮᠵᠢᠯᠴᠠᠬᠤ ᠥᠭᠡᠢ ᠠᠴᠠ ᠪᠣᠯᠣᠭᠠᠳ ᠬᠤᠭᠤᠴᠠᠭ᠎ᠠ ᠬᠡᠲᠦᠷᠡᠲᠡᠯ᠎ᠡ ᠨᠠᠶᠢᠳᠠᠪᠤᠷᠢᠵᠢᠭᠤᠯᠤᠭᠰᠠᠨ ᠥᠭᠡᠢ︔      ︵ᠲᠠᠪᠤ︶ ᠲᠣᠭᠲᠠᠭᠠᠭᠰᠠᠨ ᠳᠡᠰ ᠳᠠᠷᠠᠭᠠᠯᠠᠯ ᠢᠶᠠᠷ ᠬᠦᠰᠡᠯ ᠱᠠᠭᠠᠷᠳᠠᠯᠭ᠎ᠠ ᠶᠢ ᠭᠦᠢᠴᠡᠳᠬᠡᠭᠰᠡᠨ ᠦᠭᠡᠢ ᠪᠤᠶᠤ ᠬᠠᠷᠢᠭᠤ ᠥᠭᠭᠦᠭᠰᠡᠨ ᠮᠡᠳᠡᠭᠡ ᠵᠠᠩᠭᠢ ᠨᠢ ᠦᠨᠡᠨ ᠪᠣᠳᠠᠲᠠᠶ ᠪᠢᠰᠢ ᠠᠴᠠ ᠪᠤᠯᠵᠤ ᠮᠠᠭᠤ ᠨᠥᠯᠥᠭᠡ ᠲᠠᠢ ᠪᠣᠯᠭᠠᠭᠰᠠᠨ ᠪᠤᠶᠤ ᠬᠦᠨᠳᠦ ᠨᠣᠴᠢᠲᠠᠶ ᠤᠷᠰᠢᠭ ᠲᠠᠲᠠᠭᠰᠠᠨ︔      ︵ᠵᠢᠷᠭᠤᠭ᠎ᠠ︶ ᠪᠤᠰᠤᠳ ᠨᠡᠪᠲᠡᠷᠡᠭᠦᠯᠦᠨ ᠮᠡᠳᠡᠭᠡᠯᠡᠪᠡᠰᠦ ᠵᠣᠬᠢᠬᠤ ᠪᠠᠶᠢᠳᠠᠯ᠃      ᠬᠤᠷᠢᠨ ᠲᠠᠪᠤᠳᠤᠭᠠᠷ ᠵᠦᠢᠯ  ᠬᠦᠰᠡᠯ ᠱᠠᠭᠠᠷᠳᠠᠯᠭ᠎ᠠ ᠶᠢ ᠭᠦᠢᠴᠡᠳᠭᠡᠬᠦ ᠪᠠ ᠨᠠᠶᠢᠳᠠᠪᠤᠷᠢᠵᠢᠭᠤᠯᠬᠤ ᠶᠠᠪᠤᠴᠠ ᠳᠤ᠂ ᠭᠤᠤᠯᠳᠠᠯᠭ᠎ᠠ ᠲᠠᠢ ᠠᠵᠢᠯ ᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠥᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠵᠡᠷᠭᠡ ᠠᠴᠠ ᠪᠣᠯᠵᠣ ᠵᠣᠬᠢᠬᠤ ᠬᠡᠮᠵᠢᠶᠡᠨ ᠤ ᠠᠯᠳᠠᠭ᠎ᠠ ᠪᠤᠷᠤᠭᠤ ᠭᠠᠷᠭᠠᠭᠰᠠᠨ ᠪᠣᠯᠪᠠᠴᠤ ᠬᠠᠮᠢᠶ᠎ᠠ ᠪᠥᠬᠦᠶ ᠴᠠᠭᠠᠵᠠᠯᠠᠬᠤ ᠴᠢᠨᠠᠷᠲᠠᠶ ᠲᠣᠭᠲᠠᠭᠠᠯ ᠢ ᠵᠥᠷᠢᠴᠡᠭᠰᠡᠨ ᠥᠬᠡᠶ᠂ ᠬᠤᠪᠢ ᠬᠥᠮᠦᠨ ᠪᠤᠶᠤ ᠨᠢᠭᠡᠴᠢ ᠳᠤ ᠵᠦᠶ ᠪᠤᠰᠤ ᠠᠰᠢᠭ ᠲᠤᠰᠠ ᠣᠯᠭᠤᠭᠰᠠᠨ ᠥᠬᠡᠶ᠂ ᠪᠡᠶᠡᠴᠢ ᠲᠠᠯ᠎ᠠ ᠪᠠᠷ ᠨᠡᠶᠢᠲᠡ ᠶᠢᠨ ᠲᠥᠯᠥᠭᠡ ᠠᠷᠠᠳ ᠤᠨ ᠲᠥᠯᠥᠭᠡ᠂ ᠪᠤᠰᠤᠳᠴᠢ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠯᠳᠠᠭ᠎ᠠ ᠪᠤᠷᠤᠭᠤ ᠭᠠᠷᠭᠠᠭᠰᠠᠨ ᠤ ᠳᠠᠷᠠᠭ᠎ᠠ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠤᠭᠰᠠᠨ ᠪᠠᠶᠢᠪᠠᠯ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠵᠠᠯᠠᠷᠠᠭᠤᠯᠬᠤ ᠬᠠᠮᠢᠶ᠎ᠠ ᠪᠥᠬᠦᠶ ᠲᠣᠭᠲᠠᠴᠠ ᠶᠢ ᠦᠨᠳᠦᠰᠦᠯᠡᠨ ᠰᠢᠢᠳᠪᠦᠷᠢᠯᠡᠨ᠎ᠡ᠃      ᠬᠤᠷᠢᠨ ᠵᠢᠷᠭᠤᠳᠤᠭᠠᠷ ᠵᠦᠢᠯ  ᠡᠯ᠎ᠡ ᠱᠠᠲᠤᠨ ᠤ ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠨᠢ ᠤᠬᠠᠭᠤᠯᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠯᠠᠮᠰᠢᠯ ᠤᠲᠠᠰᠤ 12345 ᠶᠢ ᠬᠠᠤᠯᠢ ᠲᠣᠭᠲᠠᠭᠠᠯ ᠶᠣᠰᠣᠭᠠᠷ ᠬᠡᠷᠡᠭᠯᠡᠭᠦᠯᠬᠦ ᠬᠡᠷᠡᠭᠲᠡᠶ᠃ ᠵᠦᠶ ᠶᠣᠰᠣᠨ ᠤ ᠤᠴᠢᠷ ᠰᠢᠯᠲᠠᠭᠠᠨ ᠥᠬᠡᠶ ᠪᠠᠷ ᠳᠠᠬᠢᠨ ᠳᠠᠪᠲᠠᠨ ᠤᠲᠠᠰᠤᠳᠠᠬᠤ᠂ ᠬᠠᠯᠠᠮᠰᠢᠯ ᠤᠲᠠᠰᠤᠨ ᠤ ᠡᠬᠢ ᠪᠠᠶᠠᠯᠢᠭ ᠢ ᠣᠷᠳᠣ ᠬᠤᠭᠤᠴᠠᠭ᠎ᠠ ᠪᠠᠷ ᠡᠵᠡᠯᠡᠨ ᠬᠡᠷᠡᠭᠯᠡᠬᠦ᠂ ᠪᠣᠳᠠᠲᠤ ᠬᠡᠷᠡᠭ ᠢ ᠭᠠᠵᠢᠭᠤᠳᠠᠭᠤᠯᠤᠨ ᠬᠤᠳᠠᠯ ᠢᠶᠠᠷ ᠵᠣᠬᠢᠶᠠᠬᠤ᠂ ᠪᠤᠰᠤᠳ ᠢ ᠭᠦᠳᠬᠡᠬᠦ᠂ ᠭᠦᠳᠬᠡᠨ ᠵᠠᠭᠠᠯᠳᠤᠬᠤ ᠪᠠ ᠬᠤᠤᠷᠯᠠᠬᠤ᠂ ᠬᠠᠯᠠᠮᠰᠢᠯ ᠤᠲᠠᠰᠤᠨ ᠤ ᠠᠵᠢᠯᠲᠠᠨ ᠢ ᠦᠢᠮᠡᠭᠦᠯᠬᠦ᠂ ᠳᠣᠷᠣᠮᠵᠢᠯᠠᠬᠤ᠂ ᠰᠦᠷᠳᠡᠭᠦᠯᠬᠦ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠶ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃      ᠨᠠᠢᠮᠠᠳᠤᠭᠠᠷ ᠪᠦᠯᠦᠭ  ᠳᠠᠭᠠᠯᠳᠤᠭᠤᠯᠤᠯ ᠲᠦᠷᠢᠮ      ᠬᠤᠷᠢᠨ ᠳᠣᠯᠣᠳᠤᠭᠠᠷ ᠵᠦᠢᠯ  ᠡᠯ᠎ᠡ ᠭᠠᠵᠠᠷ ᠣᠷᠣᠨ ᠲᠤᠰ ᠠᠷᠭ᠎ᠠ ᠶᠢ ᠦᠨᠳᠦᠰᠦᠯᠡᠨ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ ᠪᠣᠯᠤᠨ᠎ᠠ᠃      ᠬᠤᠷᠢᠨ ᠨᠠᠢᠮᠠᠳᠤᠭᠠᠷ ᠵᠦᠢᠯ  ᠲᠣᠰ ᠠᠷᠭ᠎ᠠ ᠶᠢ ᠬᠡᠷᠡᠭᠵᠢᠭᠦᠯᠬᠦ ᠳᠤᠮᠳᠠᠬᠢ ᠪᠣᠳᠠᠲᠠᠶ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠬᠤᠷᠢ ᠶᠢᠰᠦᠳᠦᠭᠡᠷ ᠵᠦᠢᠯ  ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                               2022 ᠤᠨ ᠤ 7 ᠳ᠋ᠤᠭᠠᠷ ᠰᠠᠷ᠎ᠠ ᠶᠢᠨ 12 ᠤ ᠡᠳᠦᠷ ᠳᠠᠷᠤᠮᠠᠯᠯᠠᠨ ᠲᠠᠷᠬᠠᠭᠠᠪᠠ
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ