内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
        ᠨᠡᠶᠢᠲᠡᠯᠡᠭᠰᠡᠨ ᠴᠠᠭ᠄
        2022/9/2
                  ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                               ᠦᠪᠦᠷ ᠵᠠᠰᠠᠭ ᠠᠯᠪᠠᠨ ᠲᠠᠷᠬᠠᠭᠠᠭᠰᠠᠨ ﹇2022﹈ 38 ᠳ᠋ᠤᠭᠠᠷ ᠲᠣᠭᠠᠲᠤ                       ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠤᠯᠠᠮ ᠨᠢᠭᠡ ᠠᠯᠬᠤᠮ ᠳᠡᠮᠵᠢᠬᠦ ᠲᠤᠬᠠᠢ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠤᠯᠠᠮ ᠨᠢᠭᠡ ᠠᠯᠬᠤᠮ ᠳᠡᠮᠵᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 35 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ ᠨᠠᠶᠢᠳᠠᠪᠤᠷᠢᠵᠢᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠢᠯᠡᠴᠢᠯᠡᠬᠦ ᠪᠠ ᠲᠡᠭᠦᠨ ᠯᠦᠭᠡ ᠠᠭᠤᠰᠤᠯᠴᠠᠭᠤᠯᠤᠨ᠂ ᠰᠢᠨ᠎ᠡ ᠶᠢ ᠡᠭᠦᠳᠴᠦ ᠦᠢᠯᠡᠰ ᠪᠣᠰᠬᠠᠬᠤ ᠪᠠᠷ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠦᠴᠦᠯᠡᠴᠡ ᠶᠢᠨ ᠴᠡᠭ ᠪᠠ ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠦᠢᠯᠡᠰ ᠪᠣᠰᠬᠠᠬᠤ ᠶᠢ ᠬᠥᠲᠥᠯᠥᠨ ᠳᠠᠭᠠᠭᠤᠯᠬᠤ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠤᠶᠤᠲᠠᠳ ᠲᠤ ᠨᠠᠩ ᠭᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠬᠤ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠪᠠ ᠣᠶᠤᠨ ᠤ ᠳᠡᠮᠵᠢᠯᠭᠡ ᠬᠠᠩᠭᠠᠵᠤ ᠥᠭᠭᠦᠨ᠎ᠡ᠃      ᠬᠤᠶᠠᠷ᠂ ᠶᠡᠷᠦᠩᠬᠡᠶ ᠬᠠᠷᠠᠯᠲᠠ     2025 ᠣᠨ ᠪᠣᠯᠬᠤ ᠳᠤ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠨᠢᠭᠡ ᠪᠦᠯᠦᠭ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠣᠨᠴᠠᠯᠢᠭ ᠲᠠᠢ ᠨᠢᠭᠡ ᠪᠦᠯᠦᠭ ᠵᠢᠱᠢᠶ᠎ᠡ ᠦᠵᠡᠭᠦᠯᠬᠦ ᠬᠢᠴᠢᠶᠡᠯ ᠪᠠ ᠰᠢᠨ᠎ᠡ ᠶᠢ ᠡᠭᠦᠳᠴᠦ ᠦᠢᠯᠡᠰ ᠪᠣᠰᠬᠠᠬᠤ ᠪᠣᠯᠪᠠᠰᠤᠷᠠᠯ ᠤᠨ ᠠᠵᠢᠯᠯᠠᠭ᠎ᠠ ᠶᠢᠨ ᠨᠠᠷᠠᠲᠤ ᠲᠡᠮᠳᠡᠭ ᠢ ᠪᠣᠶ ᠪᠣᠯᠭᠠᠨ᠂ ᠰᠢᠨ᠎ᠡ ᠶᠢ ᠡᠭᠦᠳᠴᠦ ᠦᠢᠯᠡᠰ ᠪᠣᠰᠬᠠᠬᠤ ᠪᠠᠭᠰᠢ ᠶᠢᠨ ᠡᠩᠨᠡᠭᠡᠨ ᠤ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠣᠭᠲᠠᠯᠴᠠᠭ᠎ᠠ ᠶᠢ ᠨᠡᠩ ᠪᠦᠷᠢᠨᠰᠢᠭᠦᠯᠦᠨ᠂ ᠪᠦᠭᠦᠳᠡ ᠣᠯᠠᠨ ᠢᠶᠠᠷ ᠢᠶᠠᠨ ᠦᠢᠯᠡᠰ ᠪᠣᠰᠬᠠᠵᠤ᠂ ᠲᠦᠮᠡᠨ ᠠᠷᠠᠳ ᠢᠶᠠᠷ ᠢᠶᠠᠨ ᠰᠢᠨ᠎ᠡ ᠶᠢ ᠡᠭᠦᠳᠬᠦ ᠵᠢᠱᠢᠶ᠎ᠡ ᠥᠵᠡᠭᠦᠯᠦᠨ ᠳᠠᠭᠠᠭᠤᠯᠬᠤ ᠦᠢᠯᠡᠳᠦᠯ ᠨᠢ ᠡᠳᠦᠷ ᠢᠷᠡᠬᠦᠶ᠎ᠡ ᠮᠡᠳᠡᠭᠳᠡᠮ᠎ᠡ ᠪᠣᠯᠵᠤ᠂ ︽ᠬᠤᠲᠠ ᠪᠠ ᠰᠤᠷᠭᠠᠭᠤᠯᠢ ᠬᠠᠮᠲᠤ ᠣᠷᠣᠰᠢᠨ ᠳᠠᠪᠰᠢᠭᠰᠠᠨ︾ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠠᠮᠢ ᠠᠬᠤᠶ ᠶᠢ ᠦᠨᠳᠦᠰᠦᠨ ᠳᠤ ᠪᠠᠨ ᠪᠦᠷᠢᠯᠳᠦᠭᠦᠯᠦᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠳᠠᠪᠤᠷᠢ ᠶᠢ ᠮᠡᠳᠡᠭᠳᠡᠮ᠎ᠡ ᠴᠢᠩᠭᠠᠷᠠᠭᠤᠯᠤᠨ᠎ᠠ᠃      ᠭᠤᠷᠪᠠ᠂ ᠭᠤᠣᠯ ᠡᠭᠦᠷᠭᠡ      ︵ᠨᠢᠭᠡ︶ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      1᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠴᠢᠶᠡᠯᠯᠡᠬᠦ᠂ ᠪᠡᠶ᠎ᠡ ᠪᠠᠨ ᠳᠠᠭᠠᠭᠠᠵᠤ ᠰᠤᠷᠤᠯᠴᠠᠬᠤ᠂ ᠦᠢᠯᠡᠳᠦᠯᠭᠡ ᠲᠠᠢ ᠤᠶᠠᠯᠳᠤᠭᠤᠯᠬᠤ᠂ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ᠂ ᠰᠣᠶᠣᠯ ᠢᠶᠠᠷ ᠬᠥᠲᠥᠯᠦᠨ ᠳᠠᠭᠠᠭᠤᠯᠬᠤ ᠪᠠᠨ ᠨᠢᠭᠡ ᠴᠣᠭᠴᠠᠵᠢᠭᠤᠯᠤᠭᠰᠠᠨ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠢ ᠴᠢᠳᠠᠪᠤᠷᠢᠲᠠᠨ ᠬᠥᠮᠦᠵᠢᠭᠦᠯᠬᠦ ᠪᠥᠬᠦ ᠶᠠᠪᠤᠴᠠ ᠳᠤ ᠨᠡᠶᠢᠳᠡᠮ ᠲᠤᠭᠤᠰᠢᠯᠠᠭᠤᠯᠤᠨ᠎ᠠ᠃ ᠤᠶᠤᠲᠠᠳ ᠤᠨ ᠦᠢᠯᠡᠰ ᠪᠣᠰᠬᠠᠬᠤ ᠶᠢ ᠵᠢᠭᠠᠨ ᠵᠢᠯᠣᠭᠤᠳᠬᠤ ᠦᠢᠯᠡᠴᠢᠯᠡᠭᠡᠨ ᠤ ᠲᠤᠰᠬᠠᠶ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ︽ᠪᠠᠶᠢᠭᠤᠯᠤᠮᠵᠢ᠂ ᠠᠵᠢᠯᠲᠠᠨ᠂ ᠲᠠᠯᠠᠪᠤᠷ᠂ ᠵᠠᠷᠤᠳᠠᠯ︾ ᠳᠥᠷᠪᠡ ᠶᠢ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠨ᠎ᠠ᠃ ᠶᠡᠭᠡ ᠳᠡᠭᠡᠳᠦ ᠰᠤᠷᠭᠠᠭᠤᠯᠢ ᠶᠢ ᠵᠣᠷᠢᠭᠵᠢᠭᠤᠯᠵᠤ ᠪᠠᠶᠢᠭᠠᠳ ᠰᠢᠨ᠎ᠡ ᠶᠢ ᠡᠭᠦᠳᠴᠦ ᠦᠢᠯᠡᠰ ᠪᠣᠰᠬᠠᠬᠤ ᠨᠡᠶᠢᠭᠡᠮ ᠤᠨ ᠪᠦᠯᠬᠦᠮ ᠢ ᠪᠠᠶᠢᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠠᠵᠢᠯᠯᠠᠭ᠎ᠠ ᠥᠷᠨᠢᠭᠦᠯᠬᠦ ᠶᠢ ᠳᠠᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠪᠯᠡᠯ ᠤᠨ ᠬᠤᠷᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      2᠂ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠯ᠎ᠠ ᠪᠠᠷ ᠬᠢ ᠬᠢᠴᠢᠶᠡᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠨᠢ ᠡᠯ᠎ᠡ ᠲᠤᠰᠬᠠᠶ ᠮᠡᠷᠭᠡᠵᠢᠯ ᠳᠤ ᠬᠠᠨᠳᠤᠭᠤᠯᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠯ᠎ᠠ ᠪᠠᠷ ᠬᠢ ᠵᠠᠪᠠᠯ ᠰᠤᠷᠬᠤ ᠬᠢᠴᠢᠶᠡᠯ ᠪᠠ ᠰᠣᠩᠭᠤᠨ ᠰᠤᠷᠬᠤ ᠬᠢᠴᠢᠶᠡᠯ ᠢ ᠨᠡᠭᠡᠭᠡᠵᠦ ᠲᠣᠬᠢᠷᠠᠭᠤᠯᠤᠨ᠂ ︽ᠰᠢᠨ᠎ᠡ ᠶᠢ ᠡᠭᠦᠳᠴᠦ ᠦᠢᠯᠡᠰ ᠪᠣᠰᠬᠠᠬᠤ ᠣᠨᠣᠯ ᠤᠨ ᠰᠠᠭᠤᠷᠢ + ᠰᠢᠨ᠎ᠡ ᠶᠢ ᠡᠭᠦᠳᠴᠦ ᠦᠢᠯᠡᠰ ᠪᠣᠰᠬᠠᠬᠤ ᠣᠨᠣᠯ ᠤᠨ ᠲᠤᠰᠬᠠᠶ ᠮᠡᠷᠭᠡᠵᠢᠯ ᠤᠨ ᠬᠢᠴᠢᠶᠡᠯ + ᠲᠤᠰᠬᠠᠶ ᠮᠡᠷᠭᠡᠵᠢᠯ ᠬᠢᠭᠡᠳ ᠰᠢᠨ᠎ᠡ ᠡᠭᠦᠳᠦᠯᠲᠡ ᠶᠢ ᠠᠭᠤᠰᠣᠯᠴᠠᠭᠤᠯᠬᠤ ᠬᠢᠴᠢᠶᠡᠯ + ᠳᠠᠭᠤᠷᠢᠶᠠᠮᠠᠯ ᠳᠠᠳᠤᠯᠭ᠎ᠠ ᠪᠣᠯᠪᠠᠰᠤᠷᠠᠭᠤᠯᠤᠯ + ᠦᠢᠯᠡᠳᠦᠯᠭᠡ ᠶᠢᠨ ᠰᠤᠷᠤᠯᠴᠠᠯᠭ᠎ᠠ + ᠰᠦᠯᠵᠢᠶᠡᠨ ᠤ ᠰᠢᠨ᠎ᠡ ᠡᠭᠦᠳᠦᠯᠲᠡ ᠶᠢᠨ ᠳᠠᠳᠤᠯᠭ᠎ᠠ ᠪᠣᠯᠪᠠᠰᠤᠷᠠᠭᠤᠯᠤᠯ︾ ᠤᠨ ᠣᠯᠠᠨ ᠵᠠᠭᠪᠤᠷ ᠲᠠᠢ ᠪᠡᠶᠡᠲᠤᠴᠢᠯᠡᠭᠰᠡᠨ ᠬᠢᠴᠢᠶᠡᠯ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠯ᠎ᠠ ᠪᠠᠷ ᠬᠢ ᠦᠨᠳᠦᠷ ᠬᠢᠷᠢ ᠲᠦᠪᠰᠢᠨ ᠲᠠᠢ ᠵᠢᠭᠠᠬᠤ ᠮᠠᠲ᠋ᠧᠷᠢᠶᠠᠯ ᠢ ᠪᠡᠶ᠎ᠡ ᠪᠠᠨ ᠳᠠᠭᠠᠭᠠᠵᠤ ᠨᠠᠶᠢᠷᠠᠭᠤᠯᠤᠨ ᠪᠢᠴᠢᠬᠦ ᠶᠢ ᠨᠢ ᠵᠣᠷᠢᠭᠵᠢᠭᠤᠯᠵᠤ᠂ ᠨᠢᠭᠡ ᠪᠦᠯᠦᠭ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠯ᠎ᠠ ᠪᠠᠷ ᠬᠢ ᠵᠢᠭᠠᠬᠤ ᠮᠠᠲ᠋ᠧᠷᠢᠶᠠᠯ ᠢ ᠰᠢᠯᠢᠨ ᠰᠣᠩᠭᠤᠵᠤ ᠥᠪᠡᠷᠲᠡᠭᠡᠨ ᠵᠠᠰᠠᠬᠤ ᠣᠷᠣᠨ ᠤ ᠳᠡᠰ ᠤᠨ ᠲᠥᠯᠥᠪᠵᠢᠭᠦᠯᠦᠭᠰᠡᠨ ᠵᠢᠭᠠᠬᠤ ᠮᠠᠲ᠋ᠧᠷᠢᠶᠠᠯ ᠪᠣᠯᠭᠠᠨ᠎ᠠ᠃ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠲᠠᠯ᠎ᠠ ᠪᠠᠷ ᠬᠢ ᠨᠢᠭᠡ ᠪᠦᠯᠦᠭ ᠰᠦᠯᠵᠢᠶᠡᠨ ᠳᠠᠬᠢ ᠴᠢᠯᠦᠭᠡᠲᠡᠢ ᠵᠢᠭᠠᠬᠤ ᠬᠢᠴᠢᠶᠡᠯ ᠢ ᠨᠡᠭᠡᠭᠡᠨ ᠬᠥᠭᠵᠢᠭᠦᠯᠵᠦ᠂ ᠲᠤᠰᠬᠠᠶ ᠮᠡᠷᠭᠡᠵᠢᠯ ᠤᠨ ᠭᠦᠨᠴᠡ ᠪᠠ ᠦᠢᠯᠡᠳᠦᠯᠭᠡ ᠶᠢᠨ ᠣᠨᠴᠠᠯᠢᠭ ᠲᠠᠢ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠣᠨᠴᠠᠯᠢᠭ ᠲᠠᠢ ᠨᠢᠭᠡ ᠪᠦᠯᠦᠭ ᠬᠢᠴᠢᠶᠡᠯ ᠤᠳ ᠢ ᠪᠤᠢ ᠪᠣᠯᠭᠠᠨ᠎ᠠ᠃ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠨᠡᠶᠢᠲᠡᠯᠢᠭ ᠠᠵᠢᠯ ᠶᠠᠪᠤᠳᠠᠯ ᠤᠨ ᠵᠢᠱᠢᠶ᠎ᠡ ᠶᠢᠨ ᠬᠥᠮᠥᠷᠭᠡ ᠶᠢ ᠪᠠᠶᠢᠭᠤᠯᠵᠤ᠂ ᠣᠯᠠᠨ ᠡᠰᠢᠵᠢᠯ ᠲᠠᠢ ᠰᠤᠷᠤᠯᠴᠠᠬᠤ ᠵᠠᠭᠪᠤᠷ ᠢ ᠪᠠᠶᠢᠭᠤᠯᠤᠨ᠂ ᠤᠶᠤᠲᠠᠳ ᠤᠨ ᠪᠡᠶ᠎ᠡ ᠪᠠᠨ ᠳᠠᠭᠠᠭᠠᠨ ᠰᠤᠷᠤᠯᠴᠠᠬᠤ ᠳᠤ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠩᠭᠠᠵᠤ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︶      3᠂ ᠰᠢᠨ᠎ᠡ ᠶᠢ ᠡᠭᠦᠳᠴᠦ ᠦᠢᠯᠡᠰ ᠪᠣᠰᠬᠠᠬᠤ ᠳᠠᠳᠤᠯᠭ᠎ᠠ ᠪᠣᠯᠪᠠᠰᠤᠷᠠᠭᠤᠯᠤᠯ ᠤᠨ ᠦᠢᠯᠡᠳᠦᠯᠭᠡ ᠶᠢ ᠴᠢᠩᠭᠠᠷᠠᠭᠤᠯᠤᠨ᠎ᠠ᠃ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠰᠢᠨ᠎ᠡ ᠶᠢ ᠡᠭᠦᠳᠴᠦ ᠦᠢᠯᠡᠰ ᠪᠣᠰᠬᠠᠬᠤ ᠳᠠᠳᠤᠯᠭ᠎ᠠ ᠪᠣᠯᠪᠠᠰᠤᠷᠠᠭᠤᠯᠤᠯ ᠤᠨ ᠲᠣᠭᠲᠠᠯᠴᠠᠭ᠎ᠠ ᠶᠢ ᠪᠠᠶᠢᠭᠤᠯᠵᠤ᠂ ᠰᠤᠷᠭᠠᠭᠤᠯᠢ ᠪᠠ ᠰᠤᠷᠭᠠᠭᠤᠯᠢ᠂ ᠰᠤᠷᠭᠠᠭᠤᠯᠢ ᠪᠠ ᠠᠵᠤ ᠠᠬᠤᠶᠢᠯᠠᠯ᠂ ᠰᠤᠷᠭᠠᠭᠤᠯᠢ ᠪᠠ ᠣᠷᠣᠨ ᠨᠤᠲᠤᠭ᠂ ᠰᠤᠷᠭᠠᠭᠤᠯᠢ ᠪᠠ ᠬᠦᠷᠢᠶᠡᠯᠡᠩ ᠭᠠᠵᠠᠷ ᠬᠠᠮᠵᠢᠯᠴᠠᠭᠰᠠᠨ ᠰᠢᠨ᠎ᠡ ᠶᠢ ᠡᠭᠦᠳᠴᠦ ᠦᠢᠯᠡᠰ ᠪᠣᠰᠬᠠᠬᠤ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠥᠨ᠂ ᠬᠡᠷᠡᠭᠯᠡᠭᠡᠨ ᠤ ᠬᠡᠯᠪᠡᠷᠢ ᠪᠦᠬᠦᠢ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠵᠣᠷᠢᠭᠵᠢᠭᠤᠯᠬᠤ ᠪᠠ ᠳᠡᠮᠵᠢᠵᠦ ᠪᠠᠶᠢᠭᠠᠳ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠡᠯᠪᠡᠷᠢ ᠪᠦᠬᠦᠢ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠤᠨ᠎ᠠ᠃ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠣᠯᠴᠠᠭᠤᠯᠥᠠᠠᠰᠠᠨ ᠬᠡᠯᠪᠡᠷᠢ ᠪᠦᠬᠦᠢ ᠠᠵᠤ ᠠᠬᠤᠶᠢᠯᠠᠯ ᠤᠨ ᠭᠡᠷᠡᠴᠢᠯᠡᠭᠡ ᠶᠢᠨ ᠭᠠᠷᠴᠠᠭ ᠪᠠ ᠲᠤᠷᠰᠢᠯᠲᠠ ᠶᠢᠨ ᠴᠡᠭ ᠤᠨ ᠠᠵᠤ ᠠᠬᠤᠶᠢᠯᠠᠯ ᠢ ᠪᠣᠶᠢᠵᠢᠭᠤᠯᠬᠤ ᠲᠦᠷᠢᠮ ᠢ ᠪᠦᠷᠢᠨᠰᠢᠬᠦᠯᠵᠦ᠂ ᠨᠢᠭᠡ ᠪᠦᠯᠦᠭ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠣᠯᠴᠠᠭᠤᠯᠥᠠᠠᠰᠠᠨ ᠬᠡᠯᠪᠡᠷᠢ ᠪᠦᠬᠦᠢ ᠠᠵᠤ ᠠᠬᠤᠶᠢᠯᠠᠯ ᠢ ᠲᠦᠷᠭᠡᠳᠬᠡᠨ ᠪᠣᠶ ᠪᠣᠯᠭᠠᠨ᠂ ᠤᠯᠤᠰ ᠲᠤ ᠪᠦᠷᠢᠳᠬᠡᠨ ᠳᠠᠩᠰᠠᠯᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠨᠢᠭᠡ ᠪᠦᠯᠦᠭ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ ᠪᠠᠶᠢᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠳᠤ ᠲᠠᠯᠠᠪᠤᠷ ᠭᠠᠵᠠᠷ ᠪᠠ ᠬᠠᠪᠰᠤᠷᠤᠨ ᠲᠡᠳᠬᠦᠵᠦ ᠵᠢᠭᠠᠨ ᠵᠢᠯᠣᠭᠤᠳᠬᠤ ᠠᠵᠢᠯ ᠢ ᠬᠠᠩᠭᠠᠵᠤ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      4᠂ ᠰᠢᠨ᠎ᠡ ᠶᠢ ᠡᠭᠦᠳᠴᠦ ᠦᠢᠯᠡᠰ ᠪᠣᠰᠬᠠᠬᠤ ᠪᠠᠭᠰᠢ ᠨᠠᠷ ᠤᠨ ᠡᠩᠨᠡᠭᠡ ᠶᠢ ᠭᠦᠢᠴᠡᠳ ᠴᠢᠩᠭ᠎ᠠ ᠲᠣᠬᠢᠷᠠᠭᠤᠯᠤᠨ᠎ᠠ᠃ ᠰᠢᠨ᠎ᠡ ᠶᠢ ᠡᠭᠦᠳᠴᠦ ᠦᠢᠯᠡᠰ ᠪᠣᠰᠬᠠᠬᠤ ᠪᠣᠯᠪᠠᠰᠤᠷᠠᠭᠤᠯᠤᠯ ᠤᠨ ᠪᠠᠭᠰᠢ ᠨᠠᠷ ᠢ ᠬᠥᠮᠦᠵᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠰᠢᠨ᠎ᠡ ᠶᠢ ᠡᠭᠦᠳᠴᠦ ᠦᠢᠯᠡᠰ ᠪᠣᠰᠬᠠᠬᠤ ᠲᠤᠰᠬᠠᠶ ᠲᠤᠰᠢᠶᠠᠯ ᠤᠨ ᠵᠢᠯᠣᠭᠤᠳᠣᠭᠴᠢ ᠪᠠᠭᠰᠢ ᠨᠠᠷ ᠢ ᠬᠥᠮᠦᠵᠢᠭᠦᠯᠦᠨ᠎ᠡ᠃ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠭᠤᠯᠢ ᠶᠢᠨ ᠭᠠᠳᠠᠨᠠᠬᠢ ᠵᠢᠯᠣᠭᠤᠳᠣᠭᠴᠢ ᠪᠠᠭᠰᠢ ᠨᠠᠷ ᠤᠨ ᠲᠤᠰᠬᠠᠶ ᠴᠢᠳᠠᠪᠤᠷᠢᠲᠠᠨ ᠤ ᠲᠥᠯᠥᠪᠯᠡᠭᠡ ᠶᠢ ᠬᠡᠷᠡᠭᠵᠢᠭᠦᠯᠦᠨ᠂ ᠰᠤᠷᠭᠠᠭᠤᠯᠢ ᠳᠤ ᠰᠠᠭᠤᠭ᠎ᠠ ᠠᠵᠤ ᠠᠬᠤᠶᠢᠯᠠᠯᠲᠠᠨ ᠤ ᠵᠢᠯᠣᠭᠤᠳᠣᠭᠴᠢ ᠪᠠᠭᠰᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠢᠯ ᠲᠥᠷᠥᠯ ᠤᠨ ᠲᠤᠷᠰᠢᠯᠭ᠎ᠠ ᠪᠠ ᠠᠵᠢᠯ ᠲᠥᠷᠥᠯ ᠤᠨ ᠡᠬᠢ ᠪᠠᠶᠠᠯᠢᠭ ᠲᠠᠢ ᠠᠵᠤ ᠠᠬᠤᠶᠢᠯᠠᠯᠲᠠᠨ᠂ ᠪᠠᠯᠠ ᠣᠷᠣᠭᠤᠯᠤᠭᠴᠢ ᠵᠡᠷᠭᠡ ᠶᠢ ᠣᠷᠣᠭᠤᠯᠤᠨ ᠠᠪᠴᠢᠷᠠᠵᠤ ᠰᠤᠷᠭᠠᠭᠤᠯᠢ ᠳᠤ ᠲᠤᠰᠢᠶᠠᠯ ᠬᠠᠪᠰᠤᠷᠭᠠᠨ᠂ ᠲᠤᠰᠬᠠᠶ ᠲᠤᠰᠢᠶᠠᠯ ᠢᠶᠠᠷ ᠭᠤᠤᠯ ᠪᠣᠯᠭᠠᠬᠤ᠂ ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠬᠤ ᠠᠵᠢᠯ ᠢ ᠤᠶᠠᠯᠳᠤᠭᠤᠯᠤᠭᠰᠠᠨ ᠥᠨᠳᠥᠷ ᠬᠡᠪ ᠴᠢᠨᠠᠷ ᠪᠥᠬᠦᠶ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠵᠢᠯᠣᠭᠤᠳᠣᠭᠴᠢ ᠪᠠᠭᠰᠢ ᠨᠠᠷ ᠤᠨ ᠠᠵᠢᠯ ᠲᠥᠷᠥᠯ ᠤᠨ ᠠᠵᠤ ᠠᠬᠤᠶᠢᠯᠠᠯ ᠳᠤ ᠣᠴᠢᠵᠤ ᠲᠤᠰᠢᠶᠠᠯ ᠡᠭᠦᠷᠭᠡᠯᠡᠨ ᠳᠠᠪᠲᠠᠨ ᠪᠣᠯᠪᠠᠰᠤᠷᠠᠭᠤᠯᠬᠤ ᠶᠢ ᠨᠢ ᠪᠠᠲᠤᠯᠠᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠤᠰᠢᠶᠠᠯ ᠡᠭᠦᠷᠭᠡᠯᠡᠬᠦ ᠬᠤᠭᠤᠴᠠᠭ᠎ᠠ ᠶᠢ ᠨᠢ ᠣᠷᠣᠨ ᠲᠤᠭ᠎ᠠ ᠪᠠ ᠠᠵᠢᠯ ᠤᠨ ᠪᠠᠶᠢᠷᠢ ᠳᠤ ᠪᠠᠶᠢᠭᠰᠠᠨ ᠢᠶᠠᠷ ᠦᠵᠡᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      5᠂ ᠰᠢᠨ᠎ᠡ ᠶᠢ ᠡᠭᠦᠳᠴᠦ ᠦᠢᠯᠡᠰ ᠪᠣᠰᠬᠠᠬᠤ ᠪᠠᠭᠰᠢ ᠨᠠᠷ ᠢ ᠬᠥᠮᠦᠵᠢᠭᠦᠯᠬᠦ ᠪᠠᠨ ᠴᠢᠩᠭᠠᠳᠬᠠᠨ᠎ᠠ᠃ ᠰᠢᠨ᠎ᠡ ᠶᠢ ᠡᠭᠦᠳᠴᠦ ᠦᠢᠯᠡᠰ ᠪᠣᠰᠬᠠᠬᠤ ᠲᠤᠰᠬᠠᠶ ᠰᠡᠳᠦᠪ ᠢ ᠲᠣᠭᠲᠠᠭᠠᠨ ᠭᠠᠷᠭᠠᠵᠤ᠂ ᠪᠠᠭᠰᠢ ᠨᠠᠷ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠣᠨᠣᠯ ᠤᠨ ᠰᠤᠳᠤᠯᠤᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠪᠣᠯᠪᠠᠰᠤᠷᠠᠭᠤᠯᠤᠯ ᠤᠨ ᠯᠧᠺᠲ᠋ᠣᠷ ᠤᠨ ᠮᠥᠷᠦᠶᠢᠴᠡᠭᠡᠨ᠂ ᠰᠢᠯᠢᠳᠡᠭ ᠯᠧᠺᠲ᠋ᠣᠷ ᠤᠨ ᠵᠢᠱᠢᠶ᠎ᠡ ᠦᠵᠡᠭᠦᠯᠬᠦ ᠵᠢᠭᠠᠨ ᠰᠤᠷᠭᠠᠯᠲᠠ ᠵᠡᠷᠭᠡ ᠠᠵᠢᠯᠯᠠᠭ᠎ᠠ ᠶᠢ ᠡᠷᠬᠢᠯᠡᠨ ᠬᠢᠬᠦ ᠶᠢ ᠵᠣᠷᠢᠭᠵᠢᠭᠤᠯᠵᠤ᠂ ᠪᠠᠭᠰᠢ ᠨᠠᠷ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠢᠭᠡ ᠪᠦᠯᠦᠭ ᠰᠢᠨ᠎ᠡ ᠶᠢ ᠡᠭᠦᠳᠴᠦ ᠦᠢᠯᠡᠰ ᠪᠣᠰᠬᠠᠬᠤ ᠵᠢᠯᠣᠭᠤᠳᠣᠭᠴᠢ ᠪᠠᠭᠰᠢ ᠨᠠᠷ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠳᠡᠰ ᠱᠠᠲᠤ ᠬᠤᠪᠢᠶᠠᠵᠤ ᠪᠣᠯᠪᠠᠰᠤᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      6᠂ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠯ᠎ᠠ ᠪᠠᠷ ᠬᠢ ᠪᠣᠯᠪᠠᠰᠤᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠨᠢ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠯ᠎ᠠ ᠪᠠᠷ ᠬᠢ ᠪᠣᠯᠪᠠᠰᠤᠷᠠᠭᠤᠯᠤᠯ ᠢ ᠴᠢᠩᠭᠠᠳᠬᠠᠵᠤ᠂ ᠦᠢᠯᠡᠰ ᠪᠣᠰᠬᠠᠬᠤ ᠶᠠᠷᠢᠶᠠᠨ ᠤ ᠲᠠᠩᠬᠢᠮ ᠡᠷᠬᠢᠯᠡᠨ ᠬᠢᠬᠦ ᠪᠠᠷ ᠳᠠᠮᠵᠢᠭᠤᠯᠤᠨ᠂ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠲᠤᠷᠰᠢᠯᠭ᠎ᠠ ᠪᠠᠨ ᠬᠤᠪᠢᠶᠠᠯᠴᠠᠨ ᠭᠥᠷᠳᠡᠬᠦ᠂ ᠦᠢᠯᠡᠳᠦᠯᠭᠡ ᠪᠠᠷ ᠵᠢᠭᠠᠨ ᠵᠢᠯᠣᠭᠤᠳᠬᠤ ᠵᠡᠷᠭᠡ ᠠᠵᠢᠯ ᠢ ᠬᠢᠵᠦ᠂ ᠤᠶᠤᠲᠠᠳ ᠲᠤ ᠦᠢᠯᠡᠰ ᠪᠣᠰᠬᠠᠬᠤ ᠰᠡᠳᠬᠢᠮᠵᠢ ᠲᠠᠢ ᠪᠣᠯᠭᠠᠨ᠂ ᠤᠶᠤᠲᠠᠳ ᠢ ᠬᠠᠪᠰᠤᠷᠤᠨ ᠦᠢᠯᠡᠰ ᠪᠣᠰᠬᠠᠬᠤ ᠴᠤᠪᠤᠷᠠᠯ ᠢ ᠣᠶᠢᠯᠠᠭᠠᠨ ᠡᠵᠡᠮᠰᠢᠭᠦᠯᠬᠦ ᠪᠠ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠶᠢ ᠨᠢ ᠬᠥᠮᠦᠵᠢᠭᠦᠯᠵᠦ᠂ ᠤᠶᠤᠲᠠᠳ ᠤᠨ ᠦᠢᠯᠡᠰ ᠪᠣᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠣᠨᠣᠯ ᠤᠨ ᠵᠢᠭᠠᠨ ᠵᠢᠯᠣᠭᠤᠳᠣᠯᠭ᠎ᠠ ᠲᠠᠢ᠂ ᠲᠦᠷᠢᠮ ᠤᠨ ᠪᠠᠲᠤᠯᠠᠭ᠎ᠠ ᠲᠠᠢ᠂ ᠰᠢᠯᠭᠠᠨ ᠬᠢᠨᠠᠬᠤ ᠳᠤ ᠬᠢᠨᠠᠯᠲᠠ ᠲᠠᠯᠪᠢᠯᠲᠠ ᠲᠠᠢ᠂ ᠳ᠋ᠠᠶᠢᠲ᠋ᠠ ᠶᠢᠨ ᠬᠤᠷᠠᠮᠳᠤᠭᠤᠯᠭ᠎ᠠ ᠲᠠᠢ᠂ ᠬᠡᠷᠡᠭ ᠤᠨ ᠵᠢᠱᠢᠶ᠎ᠡ ᠪᠦᠷᠢᠯᠳᠦᠭᠦᠯᠵᠦ ᠪᠣᠯᠬᠤ ᠦᠢᠯᠡᠰ ᠪᠣᠰᠬᠠᠬᠤ ᠶᠢᠨ ᠬᠠᠪᠰᠤᠷᠤᠨ ᠵᠢᠯᠣᠭᠤᠳᠬᠤ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠪᠣᠯᠪᠠᠰᠤᠷᠠᠯ ᠤᠨ ᠠᠵᠢᠯᠯᠠᠭ᠎ᠠ ᠶᠢᠨ ᠨᠢᠭᠡ ᠪᠦᠯᠦᠭ ᠨᠠᠷᠠᠲᠤ ᠲᠡᠮᠳᠡᠭ ᠢ ᠪᠣᠶ ᠪᠣᠯᠭᠠᠨ᠎ᠠ᠃ ᠤᠶᠤᠲᠠᠳ ᠤᠨ ᠳᠠᠳᠤᠯᠭ᠎ᠠ ᠶᠢᠨ ︽ᠳᠠᠷᠪᠠᠭᠤᠯ ᠳᠡᠯᠭᠡᠬᠦ︾ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠤᠶᠤᠲᠠᠳ ᠢ ᠵᠣᠬᠢᠶᠠᠨ ᠪᠠᠶᠢᠭᠤᠯᠵᠤ ᠡᠯ᠎ᠡ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠳᠤ ᠣᠴᠢᠭᠤᠯᠵᠤ ᠵᠠᠰᠠᠭ ᠤᠨ ᠶᠠᠪᠤᠳᠠᠯ ᠤᠨ ᠳᠠᠳᠤᠯᠭ᠎ᠠ ᠬᠢᠯᠭᠡᠵᠦ᠂ ᠠᠵᠤ ᠠᠬᠤᠶᠢᠯᠠᠯ ᠤᠨ ᠳᠠᠳᠤᠯᠭ᠎ᠠ ᠪᠠ ᠣᠯᠠᠨ ᠲᠠᠰ ᠳᠠᠪᠬᠤᠷᠭ᠎ᠠ ᠶᠢᠨ ᠠᠵᠢᠯ ᠤᠨ ᠪᠠᠶᠢᠷᠢ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠪᠠᠶᠢᠩᠭᠤ ᠥᠷᠨᠢᠭᠦᠯᠦᠨ᠎ᠡ᠃︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠪᠯᠡᠯ ᠤᠨ ᠬᠤᠷᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      ︵ᠬᠤᠶᠠᠷ︶ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠲᠥᠷᠥ ᠶᠢᠨ ᠪᠣᠳᠣᠯᠭ᠎ᠠ ᠪᠠᠷ ᠲᠡᠳᠬᠦᠬᠦ ᠪᠠᠨ ᠴᠢᠩᠭᠠᠳᠬᠠᠨ᠎ᠠ᠃      7᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠨᠠᠶᠢᠳᠠᠪᠤᠷᠢᠵᠢᠭᠤᠯᠤᠨ᠎ᠠ᠃ ᠤᠶᠤᠲᠠᠳ ᠤᠨ ᠦᠢᠯᠡᠰ ᠪᠣᠰᠬᠠᠬᠤ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠠᠵᠢᠯ ᠣᠯᠭᠤᠬᠤ ᠨᠥᠬᠦᠪᠥᠷᠢ ᠶᠢᠨ ᠪᠠᠯᠠ ᠮᠥᠩᠭᠦ ᠪᠠ ᠠᠷᠭ᠎ᠠ ᠵᠠᠮ ᠢ ᠨᠢᠭᠡᠳᠦᠯᠲᠡᠶ ᠲᠥᠯᠥᠪᠯᠡᠨ᠂ ᠤᠶᠤᠲᠠᠳ ᠤᠨ ᠦᠢᠯᠡᠰ ᠪᠣᠰᠬᠠᠬᠤ ᠳᠤ ᠳᠡᠮᠵᠢᠯᠭᠡ ᠦᠵᠡᠭᠦᠯᠦᠨ᠎ᠡ᠃ ᠦᠢᠯᠡᠰ ᠪᠣᠰᠬᠠᠬᠤ ᠨᠢ ᠪᠦᠲᠦᠭᠰᠡᠨ ᠦᠭᠡᠢ ᠤᠶᠤᠲᠠᠳ ᠲᠤ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ᠂ ᠠᠵᠢᠯ ᠮᠡᠷᠭᠡᠵᠢᠯ ᠲᠠᠨᠢᠯᠴᠠᠭᠤᠯᠬᠤ᠂ ᠠᠵᠢᠯ ᠣᠯᠭᠤᠬᠤ ᠳᠤ ᠨᠢ ᠲᠤᠰᠠᠯᠠᠮᠵᠢ ᠦᠵᠡᠭᠦᠯᠬᠦ ᠵᠡᠷᠭᠡ ︽ᠨᠢᠭᠡ ᠳᠤ ᠨᠢᠭᠡ ᠶᠢ ᠲᠣᠬᠢᠷᠠᠭᠤᠯᠬᠤ︾ ᠥᠪᠡᠷᠮᠢᠴᠡ ᠣᠨᠴᠠᠯᠢᠭ ᠲᠠᠢ ᠦᠢᠯᠡᠴᠢᠯᠡᠬᠦ ᠪᠠ ᠬᠠᠪᠰᠤᠷᠤᠨ ᠲᠡᠳᠬᠦᠬᠦ ᠶᠢ ᠢᠳᠡᠪᠬᠢᠲᠡᠶ ᠥᠷᠨᠢᠭᠦᠯᠵᠦ᠂ ᠨᠥᠬᠦᠴᠡᠯ ᠳᠤ ᠨᠡᠶᠢᠴᠡᠭᠰᠡᠨ ᠪᠣᠯ ᠨᠡᠶᠢᠭᠡᠮ ᠤᠨ ᠲᠤᠰᠠᠯᠠᠮᠵᠢ ᠣᠯᠭᠤᠨ᠎ᠠ᠃ ᠦᠢᠯᠡᠰ ᠪᠣᠰᠬᠠᠬᠤ ᠬᠦᠰᠡᠯ ᠡᠷᠡᠮᠡᠯᠵᠡᠯ ᠲᠠᠢ ᠤᠶᠤᠲᠠᠳ ᠲᠤ ᠰᠦᠢᠳᠬᠡᠯ ᠬᠤᠷᠢᠶᠠᠬᠤ ᠦᠭᠡᠶ ᠪᠠᠷ ᠦᠢᠯᠡᠰ ᠪᠣᠰᠬᠠᠬᠤ ᠯᠠᠪᠯᠠᠭ᠎ᠠ᠂ ᠦᠢᠯᠡᠰ ᠪᠣᠰᠬᠠᠬᠤ ᠲᠥᠷᠥᠯ ᠵᠦᠢᠯ ᠲᠠᠨᠢᠯᠴᠠᠭᠤᠯᠬᠤ᠂ ᠦᠢᠯᠡᠰ ᠪᠣᠰᠬᠠᠬᠤ ᠪᠣᠯᠪᠠᠰᠤᠷᠠᠭᠤᠯᠤᠯ ᠬᠢᠬᠦ᠂ ᠮᠦᠷᠲᠡᠵᠦ ᠵᠢᠭᠠᠨ ᠵᠢᠯᠣᠭᠤᠳᠬᠤ ᠵᠡᠷᠭᠡ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠴᠢᠬᠤᠯᠠᠴᠢᠯᠠᠨ᠎ᠠ᠃ ᠦᠢᠯᠡᠰ ᠪᠣᠰᠬᠠᠬᠤ

        365赢多少钱会被限额_国内有真正的365平台吗_365bet博彩官网

        ᠪᠣᠯᠪᠠᠰᠤᠷᠠᠭᠤᠯᠤᠯ ᠳᠤ ᠣᠷᠣᠯᠴᠠᠭᠰᠠᠨ ᠪᠥᠭᠡᠳ ᠨᠥᠬᠦᠴᠡᠯ ᠳᠤ ᠨᠡᠶᠢᠴᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠪᠠᠷᠢᠮᠵᠢᠶ᠎ᠠ ᠶᠣᠰᠣᠭᠠᠷ ᠪᠣᠯᠪᠠᠰᠤᠷᠠᠭᠤᠯᠤᠯ ᠤᠨ ᠨᠡᠮᠡᠭᠦᠷᠢ ᠣᠯᠭᠤᠨ᠎ᠠ᠃ ᠲᠡᠭᠦᠰᠦᠭᠰᠡᠨ ᠤ ᠳᠠᠷᠠᠭ᠎ᠠ ᠦᠢᠯᠡᠰ ᠪᠣᠰᠬᠠᠵᠤ ᠪᠠᠶᠢᠭ᠎ᠠ ᠤᠶᠤᠲᠠᠳ ᠤᠨ ︽ᠲᠠᠪᠤᠨ ᠳᠠᠭᠠᠳᠬᠠᠯ ᠨᠢᠭᠡ ᠮᠥᠩᠭᠦ︾ ᠲᠤᠰᠢᠶᠠᠬᠤ ᠶᠢ ᠨᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      8᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠳᠬᠠᠨ᠎ᠠ᠃ ᠪᠠᠯᠠ ᠮᠥᠩᠭᠦ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠪᠠ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦᠨ ᠤ ᠬᠤᠪᠢᠶᠠᠷᠢᠯᠠᠯᠲᠠ ᠶᠢᠨ ᠴᠢᠬᠤᠯᠠ ᠡᠯᠧᠮᠧᠨ᠋ᠲ ᠪᠣᠯᠭᠠᠨ᠎ᠠ᠃ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠳᠤ ᠬᠠᠮᠢᠶ᠎ᠠ ᠪᠥᠬᠦᠶ ᠭᠠᠶᠢᠯᠢ ᠰᠦᠢᠳᠬᠡᠯ ᠢ ᠨᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠡᠭᠦᠰᠬᠦ ᠣᠨ ᠳᠤ ᠪᠠᠨ ᠬᠤᠪᠢ ᠶᠢᠨ ᠡᠵᠡᠩᠨᠡᠯᠲᠡ ᠬᠢᠵᠦ᠂ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ 3 ᠵᠢᠯ ᠤᠨ ᠳᠣᠲᠣᠷ᠎ᠠ ᠵᠣᠬᠢᠬᠤ ᠬᠢᠵᠠᠭᠠᠷ ᠲᠤᠭ᠎ᠠ ᠪᠠᠷ ᠲᠡᠳᠡᠨ ᠤ ᠲᠣᠰ ᠵᠢᠯ ᠤᠨ ᠪᠣᠳᠠᠲᠠᠶ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠨᠢ ᠲᠠᠰ ᠳᠠᠷᠠᠭᠠᠯᠠᠨ ᠰᠠᠭᠤᠯᠭᠠᠵᠤ ᠬᠠᠰᠤᠨ᠎ᠠ︔ ᠰᠠᠷ᠎ᠠ ᠶᠢᠨ ᠪᠣᠷᠣᠯᠠᠭᠤᠯᠤᠯᠲᠠ ᠶᠢᠨ ᠨᠣᠷᠮ᠎ᠠ ᠨᠢ 15 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠶᠢ ᠨᠢ ᠬᠡᠯᠲᠦᠷᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠣᠯᠵᠠᠪᠤᠷᠢ ᠶᠢᠨ ᠭᠠᠶᠢᠯᠢ ᠶᠢ ᠨᠢ ᠲᠣᠭᠲᠠᠭᠠᠯ ᠶᠣᠰᠣᠭᠠᠷ ᠬᠠᠰᠤᠵᠤ ᠬᠡᠯᠲᠦᠷᠢᠭᠦᠯᠦᠨ᠎ᠡ᠃ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ᠂ ᠠᠨᠴᠢᠯ ᠪᠡᠯᠡ ᠣᠷᠣᠭᠤᠯᠤᠭᠴᠢ ᠶᠢᠨ ᠪᠡᠯᠡ ᠣᠷᠣᠭᠤᠯᠤᠭᠰᠠᠨ ᠵᠠᠬ᠎ᠠ ᠳᠡᠯᠭᠡᠭᠦᠷ ᠲᠤ ᠭᠠᠷᠤᠭᠠᠳᠤᠶ ᠳᠤᠮᠳᠠ ᠵᠢᠵᠢᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ ᠡᠬᠢᠯᠡᠨ ᠰᠡᠳᠦᠵᠦ ᠪᠠᠶᠢᠭ᠎ᠠ ᠬᠤᠭᠤᠴᠠᠭ᠎ᠠ᠂ ᠠᠩᠬ᠎ᠠ ᠡᠭᠦᠳᠴᠦ ᠪᠠᠶᠢᠭ᠎ᠠ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠠᠵᠤ ᠠᠬᠤᠶᠢᠯᠠᠯ ᠳᠤ ᠪᠡᠯᠡ ᠣᠷᠣᠭᠤᠯᠤᠯᠲᠠ ᠶᠢᠨ ᠲᠤᠭ᠎ᠠ ᠠᠴᠠ ᠲᠣᠭᠲᠠᠭᠠᠯ ᠶᠣᠰᠣᠭᠠᠷ ᠣᠯᠵᠠᠪᠤᠷᠢ ᠶᠢᠨ ᠭᠠᠶᠢᠯᠢ ᠲᠤᠰᠢᠶᠠᠪᠠᠰᠤ ᠵᠣᠬᠢᠬᠤ ᠭᠠᠢᠯᠢ ᠶᠢᠨ ᠣᠯᠵᠠᠪᠤᠷᠢ ᠶᠢᠨ ᠲᠤᠭ᠎ᠠ ᠶᠢ ᠨᠢ ᠲᠤᠯᠭᠠᠨ ᠬᠠᠰᠤᠨ᠎ᠠ᠃ ᠨᠥᠬᠦᠴᠡᠯ ᠳᠤ ᠨᠡᠶᠢᠴᠡᠭᠰᠡᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠠ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠵᠢᠴᠢ ᠤᠯᠤᠰ ᠤᠨ ᠪᠦᠷᠢᠳᠬᠡᠵᠦ ᠳᠠᠩᠰᠠᠯᠠᠭᠰᠠᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠠᠴᠠ ᠲᠣᠭᠲᠠᠭᠠᠯ ᠶᠣᠰᠣᠭᠠᠷ ᠥᠷᠲᠡᠭ ᠨᠡᠮᠡᠭᠳᠡᠯ ᠤᠨ ᠭᠠᠶᠢᠯᠢ᠂ ᠬᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤᠨ ᠤ ᠭᠠᠵᠠᠷ ᠰᠢᠷᠣᠶ ᠬᠡᠷᠡᠭᠯᠡᠬᠦ ᠭᠠᠶᠢᠯᠢ ᠲᠠᠲᠠᠪᠤᠷᠢᠯᠠᠬᠤ ᠥᠬᠡᠶ᠃ ᠭᠠᠶᠢᠯᠢ ᠲᠤᠰᠢᠶᠠᠬᠤ ᠦᠢᠯᠡᠴᠢᠯᠡᠭᠡ ᠶᠢ ᠰᠠᠶᠢᠲᠤᠷ ᠬᠢᠵᠦ᠂ ᠵᠠᠯᠭᠠᠯᠳᠤᠭᠤᠯᠬᠤ ᠲᠣᠭᠲᠠᠴᠠ ᠶᠢ ᠪᠠᠶᠢᠭᠤᠯᠤᠨ᠂ ᠣᠨᠣᠴᠠᠲᠠᠢ ᠳᠡᠮᠵᠢᠬᠦ ᠪᠠᠨ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      9᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠳᠬᠠᠨ᠎ᠠ᠃ ᠵᠠᠬ᠎ᠠ ᠳᠡᠯᠭᠡᠭᠦᠷᠴᠢᠯᠡᠬᠦ᠂ ᠬᠤᠳᠠᠯᠳᠤᠭ᠎ᠠ ᠶᠢᠨ ᠦᠷᠭᠦᠯᠵᠢᠯᠡᠭᠦᠯᠬᠦ ᠵᠠᠷᠴᠢᠮ ᠶᠣᠰᠣᠭᠠᠷ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠬᠢᠭᠡᠳ ᠪᠡᠯᠡ ᠣᠷᠣᠭᠤᠯᠵᠤ ᠪᠡᠯᠡ ᠲᠣᠬᠢᠷᠠᠭᠤᠯᠬᠤ ᠶᠢ ᠨᠢ ᠵᠠᠯᠭᠠᠯᠳᠤᠭᠤᠯᠬᠤ ᠬᠤᠷᠠᠯ ᠢ ᠢᠳᠡᠪᠬᠢᠲᠡᠶ ᠡᠷᠬᠢᠯᠡᠵᠦ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠯ᠎ᠠ ᠳᠠᠬᠢ ᠪᠡᠯᠡ ᠲᠣᠬᠢᠷᠠᠭᠤᠯᠭ᠎ᠠ ᠶᠢᠨ ᠬᠦᠴᠢᠷᠲᠡᠢ ᠠᠰᠠᠭᠤᠳᠠᠯ ᠢ ᠨᠢ ᠰᠢᠢᠳᠪᠦᠷᠢᠯᠡᠨ᠎ᠡ᠃ ᠵᠢᠭᠡᠯᠡᠯᠭᠡ ᠠᠪᠬᠤ ᠶᠢᠨ ᠭᠤᠶᠤᠴᠢᠯᠠᠨ ᠮᠡᠳᠡᠭᠦᠯᠬᠦ ᠴᠤᠪᠤᠷᠠᠯ ᠢ ᠳᠥᠬᠦᠮᠴᠢᠯᠡᠨ᠂ ᠵᠢᠭᠡᠯᠡᠯᠭᠡ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠵᠢᠭᠡᠯᠡᠯᠭᠡ ᠠᠪᠬᠤ ᠶᠢᠨ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ ᠦᠢᠯᠡᠰ ᠪᠣᠰᠬᠠᠬᠤ ᠳᠤ ᠳᠠᠭᠠᠭᠠᠯᠲᠠ ᠲᠠᠢ ᠵᠢᠭᠡᠯᠡᠯᠭᠡ ᠥᠭᠬᠦ ᠲᠥᠷᠥ ᠶᠢᠨ ᠪᠣᠳᠣᠯᠭ᠎ᠠ ᠪᠠᠷ ᠪᠠᠲᠤᠯᠠᠬᠤ ᠲᠣᠭᠲᠠᠴᠠ ᠵᠢᠴᠢ ᠳᠠᠮ ᠬᠦᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠥᠭᠬᠦ ᠬᠤᠪᠢ ᠬᠥᠮᠦᠨ ᠤ ᠬᠠᠮᠤᠭ ᠤᠨ ᠦᠨᠳᠦᠷ ᠵᠢᠭᠡᠯᠡᠯᠭᠡ ᠶᠢᠨ ᠲᠤᠭ᠎ᠠ ᠶᠢ ᠨᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠣᠬᠢᠷᠠᠭᠤᠯᠵᠤ ᠥᠭᠭᠦᠭᠰᠡᠨ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠳᠤ᠂ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠶᠢ ᠨᠢ 300 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠬᠤᠪᠢ ᠬᠥᠮᠦᠨ ᠤ ᠦᠢᠯᠡᠰ ᠪᠣᠰᠬᠠᠬᠤ ᠳᠤ ᠰᠢᠨ᠎ᠡ ᠣᠯᠭᠤᠭᠰᠠᠨ 10 ᠲᠦᠮᠡᠨ ᠲᠥᠭᠦᠷᠢᠭ ᠠᠴᠠ ᠳᠣᠷᠣᠭᠰᠢᠬᠢ ᠳᠠᠭᠠᠭᠠᠯᠲᠠ ᠲᠠᠢ ᠵᠢᠭᠡᠯᠡᠯᠭᠡ᠂ ᠪᠥᠬᠦ ᠤᠯᠤᠰ ᠤᠨ ᠦᠢᠯᠡᠰ ᠪᠣᠰᠬᠠᠬᠤ ᠶᠢ ᠨᠡᠪᠴᠢᠭᠦᠯᠵᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠶᠤ ᠢᠲᠡᠭᠡᠮᠵᠢᠲᠦ ᠨᠡᠶᠢᠭᠡᠮ ᠲᠣᠭᠤᠷᠢᠭ ︵ᠬᠥᠳᠡᠭᠡ ᠲᠣᠰᠬᠤᠨ︶ ᠤᠨ ᠲᠠᠨᠢᠯᠴᠠᠭᠤᠯᠤᠭᠰᠠᠨ ᠦᠢᠯᠡᠰ ᠪᠣᠰᠬᠠᠬᠤ ᠲᠥᠷᠥᠯ ᠵᠦᠢᠯ᠂ ᠲᠣᠭᠤᠷᠢᠭ ᠪᠠᠶᠢᠭᠤᠯᠤᠭᠰᠠᠨ ᠬᠤᠲᠠ ᠶᠢᠨ ᠲᠠᠰ ᠠᠴᠠ ᠳᠡᠭᠡᠭᠰᠢᠬᠢ ᠢᠷᠠᠭᠤ ᠠᠯᠳᠠᠷ ᠤᠨ ᠴᠣᠯᠠ ᠭᠥᠷᠳᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠦᠢᠯᠡᠰ ᠪᠣᠰᠬᠠᠭᠴᠢᠳ ᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠦᠨᠡᠯᠡᠨ ᠵᠢᠱᠢᠵᠦ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ ᠭᠡᠳᠡᠷᠭᠦ ᠪᠠᠨ ᠳᠠᠭᠠᠭᠠᠯᠲᠠ ᠬᠢᠯᠭᠡᠬᠦ ᠱᠠᠭᠠᠷᠳᠠᠯᠭ᠎ᠠ ᠠᠴᠠ ᠭᠡᠯᠳᠦᠷᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      10᠂ ᠨᠡᠶᠢᠭᠡᠮ ᠤᠨ ᠬᠥᠷᠥᠩᠭᠡ ᠶᠢ ᠲᠡᠳᠡᠨ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷᠴᠢᠯᠡᠬᠦ ᠲᠣᠭᠲᠠᠴᠠ ᠪᠠᠷ ᠬᠤᠪᠢ ᠪᠠᠷ ᠢᠶᠠᠨ ᠰᠲ᠋ᠣᠺ ᠤᠨ ᠡᠷᠬᠡ ᠴᠤᠭᠯᠠᠭᠤᠯᠬᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ ᠶᠢ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠪᠡᠯᠡ ᠣᠷᠤᠭᠤᠯᠬᠤ ᠶᠢ ᠬᠥᠲᠥᠯᠥᠨ ᠵᠢᠯᠣᠭᠤᠳᠴᠤ᠂ ᠪᠡᠯᠡ ᠣᠷᠣᠭᠤᠯᠬᠤ ᠵᠢᠴᠢ ᠪᠤᠴᠠᠭᠠᠨ ᠭᠠᠷᠭᠠᠬᠤ ᠠᠷᠭ᠎ᠠ ᠵᠠᠮ ᠢ ᠰᠢᠯᠤᠭᠤᠳᠬᠠᠨ᠂ ︽ᠪᠡᠯᠡ ᠣᠷᠣᠭᠤᠯᠬᠤ — ᠪᠤᠴᠠᠭᠠᠨ ᠭᠠᠷᠭᠠᠬᠤ — ᠳᠠᠬᠢᠨᠲᠠ ᠪᠡᠯᠡ ᠣᠷᠣᠭᠤᠯᠬᠤ︾ ᠰᠠᠶᠢᠨ ᠣᠷᠴᠢᠯ ᠢ ᠪᠦᠷᠢᠯᠳᠦᠭᠦᠯᠦᠨ᠎ᠡ᠃ ᠲᠡᠮᠳᠡᠭᠲᠦ ᠶᠢᠨ ᠡᠵᠡᠩᠨᠡᠯᠲᠡ ᠶᠢᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢᠨ ᠪᠡᠯᠡ ᠣᠷᠣᠭᠤᠯᠵᠤ ᠲᠣᠬᠢᠷᠠᠭᠤᠯᠬᠤ ᠳᠤ ᠨᠢ ᠦᠢᠯᠡᠴᠢᠯᠡᠭᠡ ᠬᠠᠩᠭᠠᠵᠤ ᠥᠭᠭᠦᠨ᠎ᠡ᠃ ᠠᠨᠴᠢᠯ ᠪᠠᠯᠠ ᠣᠷᠣᠭᠤᠯᠤᠯᠲᠠ ᠶᠢ ᠲᠦᠷᠭᠡᠳᠬᠡᠨ ᠬᠥᠭᠵᠢᠭᠦᠯᠵᠦ᠂ ᠨᠢᠭᠡ ᠪᠦᠯᠦᠭ ᠠᠨᠴᠢᠯ ᠪᠠᠯᠠ ᠣᠷᠣᠭᠤᠯᠤᠭᠴᠢ ᠪᠠ ᠦᠢᠯᠡᠰ ᠪᠣᠰᠬᠠᠬᠤ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠶᠢ ᠪᠣᠶᠢᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠪᠴᠠᠩ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠪᠠ ᠨᠡᠶᠢᠭᠡᠮ ᠤᠨ ᠬᠥᠷᠥᠩᠭᠡ ᠶᠢ ᠬᠥᠲᠥᠯᠥᠨ ᠳᠠᠭᠠᠭᠤᠯᠵᠤ ᠤᠶᠤᠲᠠᠳ ᠤᠨ ᠦᠢᠯᠡᠰ ᠪᠣᠰᠬᠠᠬᠤ ᠲᠥᠷᠥᠯ ᠵᠦᠢᠯ ᠤᠨ ᠠᠩᠬᠠᠨ ᠤ ᠬᠤᠭᠤᠴᠠᠭᠠᠨ ᠤ ᠪᠠᠯᠠ ᠣᠷᠣᠭᠤᠯᠤᠯᠲᠠ ᠬᠢᠭᠡᠳ ᠤᠶᠤᠨ ᠤ ᠣᠷᠣᠭᠤᠯᠤᠯᠲᠠ ᠳᠤ ᠣᠷᠣᠯᠴᠠᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠥᠷᠥᠯ ᠵᠦᠢᠯ ᠤᠨ ᠡᠷᠡᠭᠦᠯ ᠢᠶᠠᠷ ᠬᠥᠭᠵᠢᠨ ᠪᠠᠳᠠᠷᠠᠬᠤ ᠳᠤ ᠬᠦᠴᠦᠨ ᠨᠡᠮᠡᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      ︵ᠭᠤᠷᠪᠠ︶ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃      11᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠦᠢᠯᠡᠳᠦᠯᠭᠡ ᠶᠢᠨ ᠲᠠᠪᠴᠠᠩ ᠢ ᠲᠡᠭᠦᠯᠳᠡᠷᠵᠢᠭᠦᠯᠦᠨ᠎ᠡ᠃ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠶᠢ ᠵᠣᠷᠢᠭᠵᠢᠭᠤᠯᠵᠤ ᠪᠠᠶᠢᠭᠠᠳ ᠰᠢᠨ᠎ᠡ ᠶᠢ ᠡᠭᠦᠳᠴᠦ ᠦᠢᠯᠡᠰ ᠪᠣᠰᠬᠠᠬᠤ ᠳᠡᠭᠡᠳᠦ ᠰᠤᠷᠭᠠᠭᠤᠯᠢ ᠪᠤᠶᠤ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠦᠢᠯᠡᠳᠦᠯᠭᠡ ᠶᠢᠨ ᠲᠥᠪ ᠪᠠᠶᠢᠭᠤᠯᠤᠨ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠳᠤ ᠦᠢᠯᠡᠳᠦᠯᠭᠡ ᠶᠢᠨ ᠲᠠᠪᠴᠠᠩ ᠬᠠᠩᠭᠠᠵᠤ ᠥᠭᠭᠦᠨ᠎ᠡ᠃ ᠰᠤᠷᠭᠠᠭᠤᠯᠢ ᠵᠠᠰᠠᠭ ᠠᠵᠤ ᠠᠬᠤᠶᠢᠯᠠᠯ ᠤᠨ ᠬᠠᠮᠵᠢᠯᠴᠠᠨ ᠬᠥᠮᠦᠨ ᠬᠥᠮᠦᠵᠢᠭᠦᠯᠬᠦ ᠲᠥᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠦᠢᠯᠡᠳᠦᠯᠭᠡ ᠶᠢᠨ ᠲᠠᠪᠴᠠᠩ ᠢᠶᠠᠨ ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠨᠢ ᠣᠨᠴᠠᠯᠢᠭ ᠲᠠᠢ ᠳᠠᠪᠠᠭᠤᠯᠢᠭ ᠬᠢᠴᠢᠶᠡᠯ ᠬᠥᠮᠥᠵᠢᠯ ᠤᠨ ᠲᠤᠰᠬᠠᠶ ᠮᠡᠷᠭᠡᠵᠢᠯ ᠪᠠ ᠲᠤᠷᠰᠢᠯᠲᠠ ᠶᠢᠨ ᠲᠠᠰᠤᠭ ᠲᠠᠢ ᠤᠶᠠᠯᠳᠤᠭᠤᠯᠤᠨ᠂ ᠬᠤᠯᠪᠣᠭᠳᠠᠯ ᠪᠥᠬᠦᠶ ᠠᠵᠢᠯ ᠲᠥᠷᠥᠯ ᠤᠨ ᠠᠵᠤ ᠠᠬᠤᠶᠢᠯᠠᠯ ᠲᠠᠢ ᠬᠤᠯᠪᠣᠭᠠᠯᠠᠵᠤ ᠪᠠᠶᠢᠭᠠᠳ ᠰᠤᠷᠭᠠᠭᠤᠯᠢ ᠶᠢᠨ ᠭᠠᠳᠠᠨᠠᠬᠢ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠨᠢᠭᠡ ᠪᠦᠯᠦᠭ ᠰᠠᠭᠤᠷᠢᠨ ᠭᠠᠵᠠᠷ ᠢ ᠪᠠᠶᠢᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃

        365赢多少钱会被限额_国内有真正的365平台吗_365bet博彩官网

        ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      12᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ︽ᠤᠮᠠᠷᠠᠲᠤ ᠬᠢᠯᠢ ᠶᠢᠨ ᠠᠵᠢᠯ ᠣᠯᠭᠤᠯᠲᠠ ᠶᠢᠨ ᠰᠦᠯᠵᠢᠶ᠎ᠡ︾ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠭᠦᠢᠴᠡᠳ ᠠᠰᠢᠭᠯᠠᠨ᠂ ᠠᠵᠢᠯ ᠣᠯᠭᠤᠬᠤ ᠬᠢᠭᠡᠳ ᠦᠢᠯᠡᠰ ᠪᠣᠰᠬᠠᠬᠤ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠦᠨ᠎ᠡ᠃ ᠨᠡᠷ᠎ᠡ ᠠᠯᠳᠠᠷ ᠲᠠᠢ ᠪᠠᠭᠰᠢ ᠨᠠᠷ ᠤᠨ ᠬᠢᠴᠢᠶᠡᠯ ᠤᠨ ᠲᠠᠩᠬᠢᠮ᠂ ᠰᠢᠨ᠎ᠡ ᠶᠢ ᠡᠭᠦᠳᠴᠦ ᠦᠢᠯᠡᠰ ᠪᠣᠰᠬᠠᠬᠤ ᠰᠣᠳᠣᠨ ᠬᠢᠴᠢᠶᠡᠯ᠂ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢ ᠵᠠᠯᠭᠠᠯᠳᠤᠭᠤᠯᠬᠤ᠂ ︽ᠢᠨᠲ᠋ᠧᠷ ᠰᠦᠯᠵᠢᠶ᠎ᠡ +︾ ᠦᠢᠯᠡᠴᠢᠯᠡᠭᠡ ᠵᠡᠷᠭᠡ ᠴᠢᠳᠠᠮᠵᠢ ᠶᠢᠨ ᠮᠣᠲᠦ᠋ᠯ ᠬᠡᠰᠡᠭ ᠢᠶᠠᠷ ᠳᠠᠮᠵᠢᠭᠤᠯᠤᠨ᠂ ᠰᠢᠨ᠎ᠡ ᠶᠢ ᠡᠭᠦᠳᠴᠦ ᠦᠢᠯᠡᠰ ᠪᠣᠰᠬᠠᠬᠤ ᠰᠦᠯᠵᠢᠶᠡᠨ ᠤ ᠦᠢᠯᠡᠳᠦᠯᠭᠡ ᠶᠢ ᠴᠢᠩᠭᠠᠷᠠᠭᠤᠯᠤᠨ᠎ᠠ᠃ ᠤᠯᠤᠰ᠂ ᠣᠷᠣᠨ ᠪᠦᠰᠡ᠂ ᠠᠵᠢᠯ ᠲᠥᠷᠥᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤ ᠨᠢ ᠴᠤᠭᠯᠠᠭᠤᠯᠵᠤ᠂ ᠤᠶᠤᠲᠠᠳ ᠲᠤ ᠠᠵᠢᠯ ᠲᠥᠷᠥᠯ ᠪᠠ ᠵᠠᠬ᠎ᠠ ᠳᠡᠯᠭᠡᠭᠦᠷ ᠤᠨ ᠬᠠᠨᠳᠤᠰᠢ ᠪᠠᠶᠢᠳᠠᠯ ᠵᠡᠷᠭᠡ ᠮᠡᠳᠡᠭᠡ ᠵᠠᠩᠭᠢ ᠶᠢ ᠤᠨᠤᠴᠠᠳᠠᠢ ᠲᠠᠨᠢᠯᠴᠠᠭᠤᠯᠤᠨ᠎ᠡ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠤᠰ ᠲᠤᠰ ᠬᠠᠷᠢᠭᠤᠴᠠᠨ᠎ᠠ︶      13᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠳᠤ ᠳᠥᠭᠦᠮ ᠦᠵᠡᠭᠦᠯᠵᠦ ᠳᠥᠲᠡ ᠦᠢᠯᠡᠴᠢᠯᠡᠨ᠎ᠡ᠃ ᠡᠬᠢ ᠪᠠᠶᠠᠯᠢᠭ ᠢ ᠨᠢ ᠴᠢᠯᠥᠭᠡᠲᠡᠶ ᠲᠠᠯᠪᠢᠵᠤ ᠬᠠᠮᠲᠤ ᠪᠠᠷ ᠭᠥᠷᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠤᠷᠰᠢᠯᠲᠠ ᠶᠢᠨ ᠲᠠᠰᠤᠭ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠡᠮᠵᠢᠭᠦᠷᠯᠢᠭ᠂ ᠪᠡᠯᠡᠳᠬᠡᠮᠵᠢ ᠲᠥᠬᠦᠭᠡᠷᠦᠮᠵᠢ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠡᠬᠢ ᠪᠠᠶᠠᠯᠢᠭ ᠢ ᠤᠶᠤᠲᠠᠳ ᠲᠤ ᠴᠢᠯᠥᠭᠡᠲᠡᠶ ᠲᠠᠯᠪᠢᠵᠤ ᠬᠠᠮᠲᠤ ᠪᠠᠷ ᠭᠥᠷᠳᠡᠬᠦ ᠡᠷᠴᠢᠮ ᠢ ᠨᠢ ᠴᠢᠩᠭᠠᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠤᠶᠤᠲᠠᠳ ᠤᠨ ᠦᠢᠯᠡᠰ ᠪᠣᠰᠬᠠᠬᠤ ᠬᠦᠷᠢᠶᠡᠯᠡᠩ᠂ ᠤᠶᠤᠲᠠᠳ ᠤᠨ ᠡᠭᠦᠳᠦᠨ ᠴᠣᠭᠴᠠᠯᠠᠭᠴᠢ ᠶᠢᠨ ᠣᠷᠣᠨ ᠵᠠᠶ ᠵᠡᠷᠭᠡ ᠦᠢᠯᠡᠳᠦᠯᠭᠡ ᠶᠢᠨ ᠲᠠᠪᠴᠠᠩ ᠳᠤ ᠪᠠᠯᠠ ᠮᠥᠩᠭᠦ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠳᠤ ᠲᠤᠰᠬᠠᠶᠢᠵᠢᠭᠰᠠᠨ ᠨᠡᠪᠴᠢᠭᠦᠯᠬᠦ ᠦᠢᠯᠡᠴᠢᠯᠡᠭᠡ ᠥᠷᠨᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ︽ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠤᠯ ᠡᠭᠦᠳᠦᠯᠲᠡ ᠤᠯᠠᠷᠢᠭᠤᠯᠤᠯᠲᠠ ᠬᠡᠷᠡᠭᠯᠡᠯᠲᠡ︾ ᠪᠠᠨ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠨᠢ ᠳᠠᠮᠵᠢᠵᠤ᠂ ᠪᠠᠭᠰᠢ ᠨᠠᠷ ᠪᠠ ᠰᠤᠷᠤᠭᠴᠢᠳ ᠬᠠᠮᠲᠤ ᠳᠤ ᠪᠠᠨ ᠡᠭᠦᠳᠬᠦ ᠬᠡᠯᠪᠡᠷᠢ ᠪᠠᠷ ᠳᠠᠮᠵᠢᠭᠤᠯᠤᠨ᠂ ᠤᠶᠤᠲᠠᠳ ᠤᠨ ᠦᠢᠯᠡᠰ ᠪᠣᠰᠬᠠᠬᠤ ᠶᠢ ᠳᠠᠶᠢᠴᠢᠯᠠᠨ᠎ᠠ᠃ ᠤᠯᠤᠰ ᠤᠨ ᠥᠮᠴᠢᠯᠡᠯᠲᠦ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠶᠡᠭᠡ ᠳᠡᠭᠡᠳᠦ ᠰᠤᠷᠭᠠᠭᠤᠯᠢ ᠪᠠ ᠤᠶᠤᠲᠠᠳ ᠲᠤ ᠮᠡᠷᠭᠡᠵᠢᠯ᠂ ᠬᠠᠮᠢᠶᠠᠷᠤᠯᠲᠠ᠂ ᠲᠠᠪᠴᠠᠩ᠂ ᠲᠣᠭᠠᠵᠢᠭᠤᠯᠤᠭᠰᠠᠨ ᠡᠵᠡᠩᠨᠡᠯᠲᠡ ᠪᠣᠷᠣᠯᠠᠭᠤᠯᠭ᠎ᠠ᠂ ᠡᠯᠧᠺᠲᠷᠣᠨ ᠬᠤᠳᠠᠯᠳᠤᠭ᠎ᠠ᠂ ᠰᠢᠨ᠎ᠡ ᠵᠠᠭᠤᠴᠢᠯᠠᠭᠤᠷ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠶᠢᠲᠡᠯᠡᠵᠤ᠂ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠶᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      ︵ᠳᠥᠷᠪᠡ︶ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃      14᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠡᠭᠦᠳᠡ ᠪᠣᠱᠤᠭ᠎ᠠ ᠶᠢ ᠳᠣᠷᠣᠭᠰᠢᠯᠠᠭᠤᠯᠤᠨ᠎ᠠ᠃ ᠤᠶᠤᠲᠠᠳ ᠤᠨ ᠠᠵᠤ ᠠᠬᠤᠶᠢᠯᠠᠯ ᠡᠷᠬᠢᠯᠡᠬᠦ ᠳᠤ ᠦᠢᠯᠡᠴᠢᠯᠡᠭᠡ ᠬᠠᠩᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠥᠪᠡᠰᠦᠪᠡᠨ ᠪᠠᠶᠢᠭᠤᠯᠬᠤ ᠪᠤᠶᠤ ᠭᠤᠷᠪᠠᠳᠠᠬᠢ ᠡᠲᠡᠭᠡᠳ ᠤᠨ ᠦᠢᠯᠡᠴᠢᠯᠡᠭᠡ ᠶᠢ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ᠂ ︽ᠲᠥᠷᠥ ᠶᠢᠨ ᠪᠣᠳᠣᠯᠭ᠎ᠠ ᠶᠢᠨ ᠯᠠᠪᠯᠠᠭ᠎ᠠ — ᠠᠵᠤ ᠠᠬᠤᠶᠢᠯᠠᠯ ᠤᠨ ᠳᠠᠩᠰᠠᠯᠠᠭᠤᠯᠬᠤ — ᠭᠠᠶᠢᠯᠢ ᠲᠤᠰᠢᠶᠠᠬᠤ ᠪᠠᠷ ᠮᠡᠳᠡᠭᠦᠯᠬᠦ — ᠬᠠᠤᠯᠢ ᠴᠠᠭᠠᠵᠠ ᠶᠢᠨ ᠯᠠᠪᠯᠠᠭ᠎ᠠ — ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ — ᠲᠤᠬᠠᠶᠢᠯᠠᠭᠰᠠᠨ ᠠᠵᠢᠯ ᠤᠨ ᠰᠢᠢᠳᠪᠦᠷᠢᠯᠡᠯᠲᠡ — ᠠᠰᠠᠭᠤᠯᠲᠠ ᠬᠠᠷᠢᠭᠤᠯᠲᠠ︾ ᠵᠡᠷᠭᠡ ᠨᠢᠭᠡ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡᠨ ᠢ ᠪᠡᠶᠡᠯᠡᠭᠦᠯᠵᠦ᠂ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠯᠡ ᠡᠳᠦᠷ ᠲᠤ ᠭᠦᠢᠴᠡᠳᠬᠡᠵᠦ ᠳᠠᠭᠤᠰᠬᠠᠬᠤ ᠶᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠂ ᠵᠠᠰᠠᠭ ᠤᠨ ᠣᠷᠳᠣᠨ᠂ ᠠᠵᠤ ᠠᠬᠤᠶᠢᠯᠠᠯ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠯᠡᠩ ᠲᠣᠭᠤᠷᠢᠭ᠂ ᠦᠢᠯᠡᠰ ᠪᠣᠰᠬᠠᠬᠤ ᠬᠦᠷᠢᠶᠡᠯᠡᠩ ᠵᠡᠷᠭᠡ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠯᠤᠭ᠎ᠠ ᠵᠠᠯᠭᠠᠯᠳᠤᠭᠤᠯᠬᠤ ᠶᠢ ᠠᠬᠢᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠪᠦᠯᠬᠦᠮ ᠨᠡᠶᠢᠲᠡ ᠶᠢᠨ ᠬᠦᠷᠢᠶᠡᠯᠡᠩ ᠲᠣᠭᠤᠷᠢᠭ ᠲᠤ ᠣᠷᠣᠵᠤ ᠠᠵᠢᠯᠯᠠᠬᠤ ᠨᠥᠬᠦᠴᠡᠯ ᠢ ᠪᠠᠭᠤᠷᠠᠭᠤᠯᠤᠨ᠂ ᠲᠦᠷᠢᠶᠡᠰᠦᠨ ᠤ ᠮᠥᠩᠭᠦ᠂ ᠤᠰᠤ ᠪᠠ ᠴᠠᠬᠢᠯᠭᠠᠨ᠂ ᠰᠦᠯᠵᠢᠶ᠎ᠡ᠂ ᠬᠠᠮᠢᠶᠠᠷᠤᠯᠲᠠ ᠵᠡᠷᠭᠡ ᠶᠢᠨ ᠵᠠᠷᠤᠳᠠᠯ ᠢ ᠨᠢ ᠬᠠᠰᠤᠵᠤ ᠭᠡᠯᠳᠦᠷᠢᠭᠦᠯᠬᠦ ᠪᠠᠷ ᠳᠠᠮᠵᠢᠭᠤᠯᠤᠨ᠂ ᠤᠶᠤᠲᠠᠳ ᠤᠨ ᠦᠢᠯᠡᠰ ᠪᠣᠰᠬᠠᠬᠤ ᠳᠠᠷᠤᠭᠠᠰᠤ ᠶᠢ ᠬᠥᠩᠭᠡᠷᠡᠭᠦᠯᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠨᠡᠭᠡᠭᠡᠵᠦ ᠬᠥᠭᠵᠢᠭᠦᠯᠦᠭᠰᠡᠨ ᠡᠯ᠎ᠡ ᠲᠥᠷᠥᠯ ᠤᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠪᠠ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠵᠡᠷᠭᠡ ᠦᠢᠯᠡᠰ ᠪᠣᠰᠬᠠᠬᠤ ᠠᠴᠢᠶᠠᠯᠠᠪᠤᠷᠢ ᠳᠤ 30% ᠣᠷᠴᠢᠮ ᠤᠨ ᠲᠠᠯᠠᠪᠤᠷ ᠭᠠᠵᠠᠷ ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠰᠦᠢᠳᠬᠡᠯ ᠬᠤᠷᠢᠶᠠᠬᠤ ᠦᠭᠡᠶ ᠪᠠᠷ ᠬᠠᠩᠭᠠᠨ ᠬᠡᠷᠡᠭᠯᠡᠭᠦᠯᠦᠨ᠎ᠡ᠃ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠨᠢ ᠰᠤᠷᠭᠠᠭᠤᠯᠢ ᠳᠤ ᠪᠠᠶᠢᠭ᠎ᠠ ᠤᠶᠤᠲᠠᠳ ᠪᠠ ᠲᠡᠭᠦᠰᠦᠭᠡᠳ 2 ᠵᠢᠯ ᠪᠣᠯᠣᠭᠠᠳᠤᠢ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠰᠢᠨ᠎ᠡ ᠶᠢ ᠡᠭᠦᠳᠴᠦ ᠦᠢᠯᠡᠰ ᠪᠣᠰᠬᠠᠬᠤ ᠣᠷᠣᠨ ᠵᠠᠶ ᠶᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠵᠤ ᠥᠭᠬᠦ ᠶᠢᠨ ᠬᠠᠮᠲᠤ᠂ ᠴᠢᠬᠤᠯᠠ ᠪᠦᠬᠦᠢ ᠬᠠᠪᠰᠤᠷᠤᠨ ᠵᠢᠯᠤᠭᠤᠳᠤᠯᠭ᠎ᠠ ᠪᠠ ᠳᠡᠮᠵᠢᠯᠭᠡ ᠦᠵᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠪᠠ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠢ ᠵᠣᠷᠢᠭᠵᠢᠭᠤᠯᠵᠤ ᠪᠠᠶᠢᠭᠠᠳ ᠲᠡᠭᠦᠰᠦᠭᠡᠳ 2 ᠵᠢᠯ ᠪᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠪᠠᠯᠠ ᠮᠥᠩᠭᠦ ᠪᠠᠷ ᠲᠤᠰᠠᠯᠠᠬᠤ ᠠᠵᠢᠯᠯᠠᠭ᠎ᠠ ᠶᠢ ᠥᠷᠨᠢᠭᠦᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠤᠲᠤᠭ ᠲᠤ ᠪᠠᠨ ᠪᠣᠴᠠᠬᠤ ᠪᠠ ᠬᠥᠳᠡᠭᠡ ᠪᠠᠭᠤᠵᠤ ᠠᠩᠬ᠎ᠠ ᠡᠭᠦᠳᠦᠯᠲᠡ ᠶᠢᠨ ᠬᠡᠯᠪᠡᠷᠢ ᠪᠦᠬᠦᠢ ᠵᠢᠵᠢᠭ ᠪᠢᠴᠢᠯ ᠲᠥᠷᠥᠯ ᠵᠦᠢᠯ ᠢ ᠥᠷᠨᠢᠭᠦᠯᠬᠦ ᠳᠤ ᠨᠢ ᠬᠠᠪᠰᠤᠷᠤᠯᠭ᠎ᠠ ᠦᠵᠡᠭᠦᠯᠦᠨ᠂ ᠠᠵᠢᠯ ᠲᠥᠷᠥᠯ ᠯᠦᠭᠡ ᠬᠤᠯᠪᠣᠭ᠎ᠠ ᠲᠠᠢ ᠦᠢᠯᠡᠰ ᠪᠣᠰᠬᠠᠬᠤ ᠲᠠᠯ᠎ᠠ ᠪᠠᠷ ᠬᠢ ᠵᠢᠯᠣᠭᠤᠳᠣᠭᠴᠢ ᠪᠠᠭᠰᠢ ᠶᠢ ᠲᠣᠬᠢᠷᠠᠭᠤᠯᠤᠨ ᠥᠭᠴᠦ᠂ ᠪᠣᠯᠪᠠᠰᠤᠷᠠᠭᠤᠯᠤᠯ ᠳᠤ ᠣᠷᠣᠯᠴᠠᠬᠤ ᠲᠣᠬᠢᠶᠠᠯ ᠪᠠ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ ᠥᠭᠬᠦ ᠶᠢᠨ ᠬᠠᠮᠲᠤ᠂ ᠵᠣᠬᠢᠶᠠᠨ ᠪᠠᠶᠢᠭᠤᠯᠵᠤ ᠣᠷᠣᠭᠤᠯᠤᠨ ᠠᠪᠬᠤ ᠪᠠ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      15᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠵᠡᠷᠭᠡ ᠤᠯᠤᠰ ᠤᠨ ᠲᠠᠰ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠵᠢᠱᠢᠶ᠎ᠡ ᠦᠵᠡᠭᠦᠯᠬᠦ 2 ᠰᠠᠭᠤᠷᠢᠨ ᠭᠠᠵᠠᠷ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠵᠢᠱᠢᠶ᠎ᠡ ᠦᠵᠡᠭᠦᠯᠬᠦ 20 ᠰᠠᠭᠤᠷᠢᠨ ᠭᠠᠵᠠᠷ ᠢᠶᠠᠷ ᠭᠤᠤᠯ ᠴᠣᠭᠴᠠ ᠪᠣᠯᠭᠠᠭᠰᠠᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠬᠤ ᠳᠤ ᠴᠢᠬᠤᠯᠠ ᠪᠥᠬᠦᠶ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠬᠠᠩᠭᠠᠵᠤ ᠥᠭᠭᠦᠨ᠎ᠡ᠃ ᠦᠢᠯᠡᠰ ᠪᠣᠰᠬᠠᠵᠤ ᠠᠵᠢᠯ ᠣᠯᠭᠤᠬᠤ ︽ᠰᠤᠷᠭᠠᠭᠤᠯᠢ ᠠᠵᠤ ᠠᠬᠤᠶᠢᠯᠠᠯ ᠪᠠᠩᠬᠢ︾ ᠶᠢᠨ ᠲᠤᠰᠬᠠᠶ ᠠᠵᠢᠯᠯᠠᠭᠠᠨ ᠢ ᠭᠦᠨᠵᠡᠭᠡᠶ ᠬᠡᠷᠡᠭᠵᠢᠭᠦᠯᠵᠦ᠂ ᠠᠵᠤ ᠠᠬᠤᠶᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠶᠡᠭᠡ ᠳᠡᠭᠡᠳᠦ ᠰᠤᠷᠭᠠᠭᠤᠯᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠨ ᠬᠤᠯᠪᠣᠨ ᠬᠤᠣᠰᠯᠠᠭᠤᠯᠵᠤ ᠬᠠᠮᠲᠤ ᠳᠤ ᠨᠢ ᠪᠠᠶᠢᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠵᠣᠷᠢᠭᠵᠢᠭᠤᠯᠬᠤ ᠪᠠ ᠳᠡᠮᠵᠢᠵᠦ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠵᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠤᠰᠬᠠᠶᠢᠵᠢᠭᠰᠠᠨ ᠮᠡᠷᠭᠡᠵᠢᠯ ᠤᠨ ᠰᠤᠳᠤᠯᠤᠨ ᠨᠡᠭᠡᠭᠡᠬᠦ ᠬᠢᠭᠡᠳ ᠵᠠᠪᠰᠠᠷ ᠤᠨ ᠲᠤᠷᠰᠢᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠪᠠ ᠨᠡᠪᠴᠢᠭᠦᠯᠦᠭᠦᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠦ᠂ ᠰᠢᠯᠢᠳᠡᠭ ᠢᠶᠠᠷ ᠦᠨᠡᠯᠡᠭᠳᠡᠭᠰᠡᠨ ᠰᠠᠭᠤᠷᠢᠨ ᠭᠠᠵᠠᠷ᠂ ᠲᠠᠪᠴᠠᠩ ᠵᠡᠷᠭᠡ ᠳᠤ ᠳᠠᠷᠠᠭᠠᠬᠢ ᠨᠥᠬᠦᠪᠥᠷᠢ ᠥᠭᠬᠦ ᠳᠡᠮᠵᠢᠯᠭᠡ ᠦᠵᠡᠭᠦᠯᠦᠨ᠂ ᠬᠡᠪ ᠳᠠᠭᠤᠷᠢᠶᠠᠯ ᠤᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠠᠶᠢᠴᠢᠯᠠᠨ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      16᠂ ︽ᠬᠤᠲᠠ ᠪᠠ ᠰᠤᠷᠭᠠᠭᠤᠯᠢ ᠬᠠᠮᠲᠤ ᠣᠷᠣᠰᠢᠨ ᠳᠠᠪᠰᠢᠭᠰᠠᠨ︾ ᠰᠢᠨ᠎ᠡ ᠶᠢ ᠡᠭᠦᠳᠴᠦ ᠦᠢᠯᠡᠰ ᠪᠣᠰᠬᠠᠬᠤ ᠠᠮᠢ ᠠᠬᠤᠶ ᠶᠢ ᠴᠣᠭᠴᠠᠯᠠᠨ᠎ᠠ᠃︽ᠦᠢᠯᠡᠰ ᠪᠣᠰᠬᠠᠬᠤ ᠥᠪᠥᠷ ᠮᠣᠩᠭᠤᠯ︾ ᠤᠨ ᠠᠵᠢᠯᠯᠠᠭᠠᠨ ᠢ ᠭᠦᠨᠵᠡᠭᠡᠶ ᠬᠡᠷᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠠᠶᠢᠭ᠎ᠠ ᠠᠶᠢᠮᠠᠭ ᠬᠤᠲᠠ ᠨᠢ ᠶᠡᠭᠡ ᠳᠡᠭᠡᠳᠦ ᠰᠤᠷᠭᠠᠭᠤᠯᠢ ᠶᠢᠨ ᠡᠷᠭᠢᠨ ᠲᠣᠭᠤᠷᠢᠨ ᠳᠠᠬᠢ ᠠᠵᠤ ᠦᠢᠯᠡᠰ ᠢ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠦᠨ ᠪᠠᠶᠢᠷᠢᠰᠢᠭᠤᠯᠵᠤ᠂ ᠤᠶᠤᠲᠠᠳ ᠤᠨ ᠰᠢᠨ᠎ᠡ ᠡᠭᠦᠳᠦᠯᠲᠡ ᠲᠠᠢ ᠦᠷ᠎ᠡ ᠪᠦᠲᠦᠭᠡᠯ ᠪᠠ ᠴᠢᠳᠠᠪᠤᠷᠢᠲᠠᠨ ᠵᠡᠷᠭᠡ ᠬᠦᠴᠦᠨ ᠵᠦᠢᠯ ᠢ ᠢᠳᠡᠪᠬᠢᠲᠡᠶ ᠳᠠᠭᠠᠭᠠᠨ ᠠᠪᠴᠤ ᠵᠠᠯᠭᠠᠭᠤᠯᠤᠨ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠦᠢᠯᠡᠰ ᠪᠣᠰᠬᠠᠭᠴᠢ ᠤᠶᠤᠲᠠᠳ ᠲᠡᠶᠢᠰᠢ ᠬᠡᠯᠪᠡᠶᠢᠯᠭᠡᠬᠦ ᠶᠢ ᠳᠡᠮᠵᠢᠵᠦ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠨᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠣᠲᠣ ᠶᠢᠨ ᠪᠠᠶᠢᠭ᠎ᠠ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠲᠤ ᠲᠦᠰᠢᠭᠯᠡᠨ ᠦᠢᠯᠡᠰ ᠪᠣᠰᠬᠠᠬᠤ ᠬᠦᠷᠢᠶᠡᠯᠡᠩ ᠪᠠ ᠦᠢᠯᠡᠰ ᠪᠣᠰᠬᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠶᠤᠲᠠᠳ ᠤᠨ ᠨᠤᠲᠤᠭ ᠲᠤ ᠪᠠᠨ ᠪᠤᠴᠠᠵᠤ ᠦᠢᠯᠡᠰ ᠪᠣᠰᠬᠠᠭᠰᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠦᠢᠯᠡᠰ ᠪᠣᠰᠬᠠᠬᠤ ᠬᠡᠯᠪᠡᠷᠢ ᠪᠦᠬᠦᠢ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ︽ᠭᠠᠵᠠᠷ ᠣᠷᠣᠨ ᠪᠠ ᠰᠤᠷᠭᠠᠭᠤᠯᠢ ᠬᠠᠮᠲᠤ ᠣᠷᠣᠰᠢᠨ ᠳᠠᠪᠰᠢᠭᠰᠠᠨ︾ ᠰᠢᠨ᠎ᠡ ᠶᠢ ᠡᠭᠦᠳᠴᠦ ᠦᠢᠯᠡᠰ ᠪᠣᠰᠬᠠᠬᠤ ᠠᠮᠢ ᠠᠬᠤᠶ ᠶᠢ ᠢᠳᠡᠪᠬᠢᠲᠡᠶ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      17᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠶᠢ ᠵᠣᠷᠢᠭᠵᠢᠭᠤᠯᠵᠤ ᠪᠠᠶᠢᠭᠠᠳ ᠢᠨᠲ᠋ᠧᠷ ᠰᠦᠯᠵᠢᠶᠡᠨ ᠤ ᠬᠥᠭᠵᠢᠯᠲᠡ ᠯᠦᠭᠡ ᠲᠣᠬᠢᠷᠠᠯᠴᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢ ᠡᠭᠦᠳᠬᠦ᠂ ᠬᠠᠮᠠᠭᠠᠯᠠᠬᠤ᠂ ᠬᠡᠷᠡᠭᠯᠡᠬᠦ ᠪᠠ ᠬᠠᠮᠢᠶᠠᠷᠬᠤ ᠪᠥᠬᠦ ᠬᠡᠯᠬᠢᠶᠡᠰᠦ ᠶᠢᠨ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠰᠢᠨ᠎ᠡ ᠶᠢ ᠡᠭᠦᠳᠴᠦ ᠦᠢᠯᠡᠰ ᠪᠣᠰᠬᠠᠬᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠪᠰᠤᠷᠤᠨ ᠵᠢᠯᠣᠭᠤᠳᠬᠤ ᠲᠣᠭᠲᠠᠴᠠ ᠶᠢ ᠪᠠᠶᠢᠭᠤᠯᠵᠤ᠂ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠤᠶᠤᠲᠠᠳ ᠲᠤ ᠬᠠᠨᠳᠤᠭᠤᠯᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠤᠶᠤᠲᠠᠳ ᠤᠨ ᠮᠡᠳᠡᠯᠭᠡ ᠶᠢᠨ ᠥᠮᠴᠢᠯᠡᠯ ᠤᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠷᠠᠭᠤᠯᠤᠨ᠎ᠠ᠃ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠦᠢᠯᠡᠰ ᠪᠣᠰᠬᠠᠬᠤ ᠬᠦᠷᠢᠶᠡᠯᠡᠩ ᠲᠣᠭᠤᠷᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠪᠤᠶᠤ ᠨᠡᠪᠴᠢᠭᠦᠯᠦᠭᠦᠷ ᠵᠡᠷᠭᠡ ᠰᠢᠨ᠎ᠡ ᠬᠡᠯᠪᠡᠷᠢ ᠶᠢᠨ ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠤᠨ᠂ ᠦᠢᠯᠡᠰ ᠪᠣᠰᠬᠠᠭᠰᠠᠨ ᠤᠶᠤᠲᠠᠳ ᠲᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠲᠠᠯ᠎ᠠ ᠶᠢᠨ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠬᠠᠩᠭᠠᠨ ᠥᠭᠴᠦ᠂ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠤᠶᠤᠲᠠᠳ ᠤᠨ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠲᠠᠪᠴᠠᠩ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠦᠨᠡᠯᠡᠨ ᠵᠢᠱᠢᠬᠦ᠂ ᠳᠠᠨᠵᠢᠯᠠᠬᠤ᠂ ᠰᠢᠯᠵᠢᠭᠦᠯᠦᠨ ᠤᠯᠠᠷᠢᠭᠤᠯᠬᠤ ᠠᠷᠭ᠎ᠠ ᠵᠠᠮ ᠢ ᠰᠢᠯᠤᠭᠤᠳᠬᠠᠨ᠂ ᠲᠣᠭᠲᠠᠭᠠᠯ ᠶᠣᠰᠣᠭᠠᠷ ᠰᠤᠷᠭᠠᠭᠤᠯᠢ ᠳᠤ ᠪᠠᠶᠢᠭ᠎ᠠ ᠤᠶᠤᠲᠠᠳ ᠲᠤ ᠶᠡᠭᠡᠳᠡᠬᠦ ᠳᠤ ᠪᠠᠨ ᠪᠥᠬᠦ ᠲᠣᠭᠠᠨ ᠤ ᠵᠠᠷᠤᠳᠠᠯ ᠤᠨ 85% ᠪᠠᠷ ᠲᠤᠰᠬᠠᠶ ᠠᠰᠢᠭ ᠭᠤᠶᠤᠴᠢᠯᠠᠬᠤ ᠵᠠᠷᠤᠳᠠᠯ᠂ ᠴᠣᠬᠤᠮ ᠴᠢᠨᠠᠷ ᠤᠨ ᠬᠢᠨᠠᠨ ᠪᠠᠶᠢᠴᠠᠭᠠᠬᠤ ᠵᠠᠷᠤᠳᠠᠯ᠂ ᠳᠠᠬᠢᠨᠲᠠ ᠬᠢᠨᠠᠬᠤ ᠵᠠᠷᠤᠳᠠᠯ ᠵᠢᠴᠢ 10 ᠵᠢᠯ ᠤᠨ ᠳᠣᠲᠣᠷᠠᠬᠢ ᠲᠤᠰᠬᠠᠶ ᠠᠰᠢᠭ ᠤᠨ ᠣᠨ ᠤ ᠵᠠᠷᠤᠳᠠᠯ ᠳᠤᠲᠠᠭᠤ ᠲᠤᠰᠢᠶᠠᠵᠤ ᠪᠣᠯᠤᠨ᠎ᠠ᠃︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ᠂ ᠬᠡᠪᠯᠡᠯ ᠤᠨ ᠡᠷᠬᠡ ᠶᠢᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      18᠂ ᠦᠷ᠎ᠡ ᠪᠦᠲᠦᠭᠡᠯ ᠤᠨ ᠤᠯᠠᠷᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠶᠢ ᠳᠡᠮᠵᠢᠵᠦ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠬᠤ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠤᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠶ ᠵᠠᠯᠭᠠᠯᠳᠤᠭᠤᠯᠵᠤ ᠬᠠᠮᠲᠤᠷᠠᠯᠴᠠᠬᠤ ᠶᠢ ᠠᠬᠢᠭᠤᠯᠵᠤ᠂ ᠲᠠᠪᠴᠠᠩ ᠢᠶᠠᠷ ᠨᠡᠶᠢᠲᠡᠯᠡᠬᠦ᠂ ᠵᠥᠪᠳᠡᠨ ᠬᠡᠯᠡᠯᠴᠡᠬᠦ ᠶᠢ ᠵᠣᠬᠢᠶᠠᠨ ᠪᠠᠶᠢᠭᠤᠯᠬᠤ᠂ ᠵᠠᠯᠭᠠᠯᠳᠤᠭᠤᠯᠬᠤ ᠬᠤᠷᠠᠯ ᠡᠷᠭᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠷ᠎ᠡ ᠪᠦᠲᠦᠭᠡᠯ ᠤᠨ ᠤᠯᠠᠷᠢᠭᠤᠯᠬᠤ ᠠᠷᠭ᠎ᠠ ᠵᠠᠮ ᠢ ᠥᠷᠭᠡᠳᠬᠡᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠨ ᠤᠯᠠᠷᠢᠭᠤᠯᠬᠤ ᠪᠠ ᠦᠢᠯᠡᠰ ᠪᠣᠰᠬᠠᠬᠤ ᠲᠥᠷᠥᠯ ᠵᠦᠢᠯ ᠢ ᠪᠣᠳᠠᠲᠠᠶᠢᠵᠢᠭᠤᠯᠬᠤ ᠳᠤ ᠬᠠᠪᠰᠤᠷᠤᠯᠭ᠎ᠠ ᠦᠵᠡᠭᠦᠯᠦᠨ᠎ᠡ᠃ ᠵᠠᠰᠠᠭ ᠤᠨ ᠣᠷᠳᠣᠨ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠢᠴᠢ ᠨᠡᠶᠢᠭᠡᠮ ᠤᠨ ᠡᠬᠢ ᠪᠠᠶᠠᠯᠢᠭ ᠢ ᠠᠰᠢᠭᠯᠠᠨ᠂ ᠰᠢᠨ᠎ᠡ ᠶᠢ ᠡᠭᠦᠳᠴᠦ ᠦᠢᠯᠡᠰ ᠪᠣᠰᠬᠠᠭᠠᠳ ᠱᠠᠩᠨᠠᠯ ᠬᠦᠷᠲᠡᠭᠰᠡᠨ ᠲᠥᠷᠥᠯ ᠵᠦᠢᠯ ᠢᠶᠠᠨ ᠨᠡᠶᠢᠲᠡᠯᠡᠬᠦ ᠲᠠᠪᠴᠠᠩ ᠢ ᠪᠠᠶᠢᠭᠤᠯᠵᠤ᠂ ᠳᠤᠮᠳᠠᠳᠤ ᠶᠢᠨ ᠣᠯᠠᠨ ᠤᠯᠤᠰ ᠤᠨ ︽ᠢᠨᠲ᠋ᠧᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠮᠥᠷᠦᠶᠢᠴᠡᠭᠡᠨ ᠢᠶᠠᠷ ᠴᠣᠯᠭᠤᠷᠠᠵᠤ ᠭᠠᠷᠤᠭᠰᠠᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠰᠢᠯᠢᠳᠡᠭ ᠲᠥᠷᠥᠯ ᠵᠦᠢᠯ ᠳᠤ ᠬᠤᠶᠢᠰᠢᠳᠠ ᠶᠢᠨ ᠮᠥᠷᠳᠡᠨ ᠳᠡᠮᠵᠢᠬᠦ ᠠᠵᠢᠯ ᠢ ᠴᠢᠩᠭᠠᠳᠬᠠᠨ᠂ ᠮᠥᠷᠦᠶᠢᠴᠡᠭᠡᠨ ᠤ ᠨᠢᠭᠡ ᠪᠦᠯᠦᠭ ᠰᠢᠯᠢᠳᠡᠭ ᠲᠥᠷᠥᠯ ᠵᠦᠢᠯ ᠢᠶᠠᠨ ᠤᠯᠠᠷᠢᠭᠤᠯᠤᠨ ᠪᠣᠳᠠᠲᠠᠶᠢᠵᠢᠭᠤᠯᠬᠤ ᠶᠢ ᠠᠬᠢᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠵᠢᠱᠢᠶ᠎ᠡ ᠦᠵᠡᠭᠦᠯᠬᠦ ᠨᠦᠯᠦᠭᠡᠯᠡᠯ ᠢ ᠪᠣᠶ ᠪᠣᠯᠭᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠥᠷᠥᠯ ᠵᠦᠢᠯ ᠳᠤ ᠬᠠᠮᠢᠶᠠᠷᠤᠯᠲᠠ ᠶᠢᠨ ᠯᠠᠪᠯᠠᠭ᠎ᠠ᠂ ᠮᠡᠷᠭᠡᠵᠢᠯ ᠤᠨ ᠵᠢᠭᠠᠨ ᠵᠢᠯᠣᠭᠤᠳᠣᠯᠭ᠎ᠠ᠂ ᠲᠠᠯᠠᠪᠤᠷ ᠭᠠᠵᠠᠷ ᠤᠨ ᠲᠥᠬᠦᠭᠡᠷᠦᠮᠵᠢ ᠵᠡᠷᠭᠡ ᠶᠢᠨ ᠳᠡᠮᠵᠢᠯᠭᠡ ᠬᠠᠩᠭᠠᠨ ᠥᠭᠴᠦ᠂ ᠤᠶᠤᠲᠠᠳ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠨ ᠳᠡᠯᠭᠡᠷᠡᠭᠦᠯᠦᠨ ᠬᠡᠷᠡᠭᠯᠡᠬᠦ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶      19᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠵᠤ ᠪᠠᠶᠢᠭ᠎ᠠ ᠶᠢ ᠨᠢ ᠤᠬᠠᠭᠤᠯᠵᠤ ᠬᠥᠲᠥᠯᠥᠨ ᠳᠠᠭᠠᠭᠤᠯᠬᠤ ᠪᠠᠨ ᠴᠢᠩᠭᠠᠳᠬᠠᠨ᠎ᠠ᠃ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠨᠢ ᠬᠠᠪᠰᠤᠷᠤᠨ ᠲᠡᠳᠬᠦᠬᠦ ᠪᠠ ᠠᠵᠤ ᠦᠢᠯᠡᠰ ᠢ ᠨᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠳ᠋ᠦᠩᠨᠡᠨ ᠳᠡᠯᠭᠡᠷᠡᠭᠦᠯᠵᠦ᠂ ᠤᠬᠠᠭᠤᠯᠬᠤ ᠬᠡᠯᠪᠡᠷᠢ ᠪᠠᠨ ᠪᠠᠶᠠᠯᠢᠭᠵᠢᠭᠤᠯᠤᠨ᠂ ᠡᠭᠦᠳᠦᠨ ᠴᠣᠭᠴᠠᠯᠠᠭᠴᠢ ᠶᠢᠨ ᠲᠠᠯ᠎ᠠ ᠪᠠᠷ ᠬᠢ ᠰᠣᠶᠣᠯ ᠢ ᠪᠣᠶᠢᠵᠢᠭᠤᠯᠬᠤ᠂ ᠵᠣᠷᠢᠭᠲᠠᠶ ᠲᠦᠷᠦᠭᠦᠯᠡᠨ ᠠᠵᠢᠯᠯᠠᠬᠤ ᠪᠠ ᠠᠯᠳᠠᠰᠢ ᠶᠢ ᠨᠢ ᠠᠭᠤᠴᠢᠯᠠᠨ ᠪᠠᠭᠲᠠᠭᠠᠬᠤ ᠣᠷᠴᠢᠨ ᠨᠥᠬᠦᠴᠡᠯ ᠢ ᠪᠤᠢ ᠪᠣᠯᠭᠠᠨ᠎ᠠ᠃ ᠪᠥᠬᠦ ᠣᠷᠣᠨ ᠤ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠠᠵᠢᠯᠯᠠᠭᠠᠨ ᠤ ᠭᠠᠷᠠᠭ᠂ ᠰᠤᠷᠭᠠᠭᠤᠯᠢ ᠶᠢᠨ ᠬᠦᠷᠢᠶᠡᠨ ᠳᠠᠬᠢ ᠤᠬᠠᠭᠤᠯᠤᠨ ᠲᠠᠶᠢᠯᠪᠤᠷᠢᠯᠠᠬᠤ᠂ ᠦᠷ᠎ᠡ ᠪᠦᠲᠦᠭᠡᠯ ᠢᠶᠠᠨ ᠬᠤᠪᠢᠶᠠᠯᠴᠠᠨ ᠬᠦᠷᠲᠡᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠰᠢᠨ᠎ᠡ ᠶᠢ ᠡᠭᠦᠳᠦᠭᠴᠢ ᠶᠢᠨ ᠣᠳᠣᠨ︾ ᠪᠠ ︽ᠦᠢᠯᠡᠰ ᠪᠣᠰᠬᠠᠭᠴᠢ ᠶᠢᠨ ᠣᠳᠣᠨ︾ ᠤ ᠣᠨ ᠤ ᠰᠢᠯᠭᠠᠷᠠᠭᠤᠯᠤᠨ ᠰᠣᠩᠭᠤᠬᠤ ᠠᠵᠢᠯ ᠢ ᠰᠠᠶᠢᠲᠤᠷ ᠬᠢᠵᠦ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠨᠡᠶᠢᠲᠡᠯᠢᠭ ᠵᠢᠱᠢᠶ᠎ᠡ ᠶᠢ ᠰᠣᠩᠭᠤᠵᠤ ᠪᠣᠶ ᠪᠣᠯᠭᠠᠨ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠲᠠᠶᠢᠴᠢᠯᠠᠭᠰᠠᠨ ᠭᠤᠤᠯ ᠰᠡᠳᠦᠪ ᠢᠶᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠵᠢᠱᠢᠶ᠎ᠡ ᠦᠵᠡᠭᠦᠯᠬᠦ ᠨᠥᠯᠥᠭᠡᠯᠡᠯ ᠢ ᠨᠢ ᠭᠦᠢᠴᠡᠳ ᠪᠠᠳᠠᠷᠠᠭᠤᠯᠤᠨ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠨᠢ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠣᠶ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠢᠩᠬᠢᠮ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠤᠰ ᠲᠤᠰ ᠬᠠᠷᠢᠭᠤᠴᠠᠨ᠎ᠠ︶      ︵ᠲᠠᠪᠤ︶ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠡᠯ᠎ᠡ ᠲᠥᠷᠥᠯ ᠤᠨ ᠮᠥᠷᠦᠶᠢᠴᠡᠭᠡᠨ ᠢ ᠰᠠᠶᠢᠲᠤᠷ ᠡᠷᠬᠢᠯᠡᠨ᠎ᠡ᠃      20᠂ ᠮᠥᠷᠦᠶᠢᠴᠡᠭᠡᠨ ᠤ ᠤᠷᠲᠤ ᠬᠤᠭᠤᠴᠠᠭᠠᠨ ᠤ ᠪᠦᠲᠦᠮᠵᠢᠲᠡᠶ ᠬᠥᠭᠵᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠤᠮᠳᠠᠳᠤ ᠶᠢᠨ ᠣᠯᠠᠨ ᠤᠯᠤᠰ ᠤᠨ︽ᠢᠨᠲ᠋ᠧᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠮᠥᠷᠦᠶᠢᠴᠡᠭᠡᠨ ᠢ ᠳᠠᠭᠠᠭᠠᠨ ᠡᠷᠬᠢᠯᠡᠬᠦ ᠪᠠᠷ ᠢᠳᠡᠪᠬᠢᠲᠡᠢ ᠴᠢᠷᠮᠠᠶᠢᠵᠤ᠂ ᠶᠡᠭᠡ ᠳᠡᠭᠡᠳᠦ ᠰᠤᠷᠭᠠᠭᠤᠯᠢ ᠪᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ︽ᠢᠨᠲ᠋ᠧᠷ ᠰᠦᠯᠵᠢᠶ᠎ᠡ +︾ ᠮᠥᠷᠦᠶᠢᠴᠡᠭᠡᠨ ᠤ ᠥᠪᠥᠷ ᠮᠣᠩᠭᠤᠯ ᠳᠠᠬᠢ ᠮᠥᠷᠦᠶᠢᠴᠡᠭᠡᠨ ᠢ ᠬᠠᠮᠲᠤᠷᠠᠨ ᠳᠠᠭᠠᠭᠠᠵᠤ ᠡᠷᠬᠢᠯᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠤᠤᠯ ᠮᠥᠷᠦᠶᠢᠴᠡᠭᠡᠨ ᠤ ᠵᠠᠮ ᠱᠤᠭᠤᠮ᠂ ᠬᠤᠪᠢᠰᠬᠠᠯᠲᠤ ᠵᠢᠭᠤᠯᠴᠢᠯᠠᠯ ᠤᠨ ᠮᠥᠷᠦᠶᠢᠴᠡᠭᠡᠨ ᠤ ᠵᠠᠮ ᠱᠤᠭᠤᠮ᠂ ᠠᠵᠤ ᠦᠢᠯᠡᠰ ᠤᠨ ᠰᠡᠳᠦᠪ ᠲᠠᠢ ᠮᠥᠷᠦᠶᠢᠴᠡᠭᠡᠨ ᠤ ᠵᠠᠮ ᠱᠤᠭᠤᠮ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠮᠥᠷᠦᠶᠢᠴᠡᠭᠡᠨ ᠤ ᠵᠠᠮ ᠱᠤᠭᠤᠮ᠂ ᠨᠠᠬᠢᠶ᠎ᠠ ᠮᠥᠷᠦᠶᠢᠴᠡᠭᠡᠨ ᠤ ᠵᠠᠮ ᠱᠤᠭᠤᠮ ᠵᠡᠷᠭᠡ ᠬᠤᠪᠢᠶᠠᠷᠢ ᠮᠥᠷᠦᠶᠢᠴᠡᠭᠡᠨ ᠤ ᠵᠠᠮ ᠱᠤᠭᠤᠮ ᠢ ᠵᠣᠬᠢᠶᠠᠨ ᠪᠠᠶᠢᠭᠤᠯᠬᠤ ᠠᠵᠢᠯ ᠢᠶᠠᠨ ᠰᠠᠶᠢᠲᠤᠷ ᠬᠢᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠤᠤᠯ ᠮᠥᠷᠦᠶᠢᠴᠡᠭᠡᠨ ᠤ ᠵᠠᠮ ᠱᠤᠭᠤᠮ ᠳᠠᠬᠢ ᠣᠯᠠᠨ ᠤᠯᠤᠰ ᠤᠨ ᠲᠥᠷᠥᠯ ᠵᠦᠢᠯ ᠢᠶᠠᠷ ᠭᠤᠶᠤᠴᠢᠯᠠᠨ ᠮᠡᠳᠡᠭᠦᠯᠬᠦ ᠪᠠ ᠮᠥᠷᠦᠶᠢᠴᠡᠭᠡᠨ ᠳᠤ ᠣᠷᠣᠯᠴᠠᠬᠤ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠤᠨ᠎ᠠ᠃ ᠡᠯ᠎ᠡ ᠭᠠᠵᠠᠷ ᠣᠷᠣᠨ ᠨᠢ ᠵᠣᠬᠢᠶᠠᠨ ᠪᠠᠶᠢᠭᠤᠯᠵᠤ ᠤᠳᠤᠷᠢᠳᠬᠤ ᠪᠠ ᠶᠡᠷᠦᠩᠬᠡᠶᠢᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠥᠬᠦᠷᠵᠢᠭᠦᠯᠦᠨ ᠳᠡᠮᠵᠢᠬᠦ ᠲᠥᠷᠥ ᠶᠢᠨ ᠪᠣᠳᠣᠯᠭ᠎ᠠ ᠪᠠ ᠨᠥᠬᠦᠴᠡᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠨᠡᠶᠢᠲᠡ ᠶᠢᠨ ᠠᠰᠠᠷᠠᠮᠵᠢ ᠶᠢᠨ ᠳᠡᠮᠵᠢᠯᠭᠡ ᠦᠵᠡᠭᠦᠯᠬᠦ ᠶᠢ ᠪᠠᠷᠢᠮᠲᠠᠯᠠᠵᠤ᠂ ᠠᠵᠢᠯ ᠲᠥᠷᠥᠯ ᠤᠨ ᠠᠵᠤ ᠠᠬᠤᠶᠢᠯᠠᠯ ᠢ ᠳᠡᠮᠵᠢᠵᠦ ᠪᠠᠶᠢᠭᠠᠳ ᠮᠥᠷᠦᠶᠢᠴᠡᠭᠡᠨ ᠡᠷᠭᠢᠯᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠮᠥᠷᠦᠶᠢᠴᠡᠭᠡᠨ ᠡᠷᠭᠢᠯᠡᠬᠦ ᠲᠠᠯ᠎ᠠ ᠶᠢᠨ ᠪᠠᠯᠠ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠨ᠎ᠡ᠃ ᠡᠯ᠎ᠡ ᠶᠡᠭᠡ ᠳᠡᠭᠡᠳᠦ ᠰᠤᠷᠭᠠᠭᠤᠯᠢ ᠨᠢ ︽ᠢᠨᠲ᠋ᠧᠷ ᠰᠦᠯᠵᠢᠶ᠎ᠡ +︾ ᠮᠥᠷᠦᠶᠢᠴᠡᠭᠡᠨ ᠤ ᠲᠥᠷᠥᠯ ᠵᠦᠢᠯ ᠢ ᠪᠣᠶᠢᠵᠢᠭᠤᠯᠬᠤ᠂ ᠨᠡᠪᠴᠢᠭᠦᠯᠬᠦ᠂ ᠮᠦᠷᠦᠶᠢᠴᠡᠬᠦ ᠶᠢ ᠳᠡᠮᠵᠢᠬᠦ ᠪᠠ ᠮᠦᠷᠦᠶᠢᠴᠡᠭᠰᠡᠨ ᠤ ᠳᠠᠷᠠᠭᠠᠬᠢ ᠤᠷᠮᠠᠰᠢᠭᠤᠯᠤᠨ ᠮᠥᠷᠳᠡᠬᠦ ᠵᠡᠷᠭᠡ ᠠᠵᠢᠯ ᠢ ᠰᠠᠶᠢᠲᠤᠷ ᠬᠢᠵᠦ᠂ ᠮᠥᠷᠦᠶᠢᠴᠡᠭᠡᠨ ᠤ ᠣᠷᠳᠣ ᠬᠤᠭᠤᠴᠠᠭᠠᠨ ᠤ ᠪᠦᠲᠦᠮᠵᠢᠲᠡᠶ ᠬᠥᠭᠵᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰᠬᠠᠷᠢᠭᠤᠴᠠᠨ᠎ᠠ︶      ᠳᠥᠷᠪᠡ᠂ ᠨᠠᠶᠢᠳᠠᠪᠤᠷᠢᠵᠢᠭᠤᠯᠬᠤ ᠲᠣᠭᠲᠠᠴᠠ ᠶᠢ ᠴᠢᠩᠭᠠᠷᠠᠭᠤᠯᠤᠨ᠎ᠠ      ︵ᠨᠢᠭᠡ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠠᠵᠢᠯ ᠬᠤᠪᠢᠶᠠᠷᠢᠯᠠᠬᠤ᠂ ᠨᠢᠭᠲᠠ ᠬᠠᠮᠵᠢᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠳᠡᠮᠵᠢᠬᠦ ᠳᠤ ᠰᠠᠶᠢᠨ ᠰᠠᠶᠢᠬᠠᠨ ᠨᠥᠬᠦᠴᠡᠯ ᠬᠠᠩᠭᠠᠵᠤ ᠥᠭᠭᠦᠨ᠎ᠡ᠃ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠶᠢ ᠡᠭᠦᠳᠴᠦ ᠦᠢᠯᠡᠰ ᠪᠣᠰᠬᠠᠬᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠰᠤᠳᠤᠯᠤᠯ ᠪᠠ ᠵᠣᠯᠭᠠᠯᠴᠠᠭ᠎ᠠ ᠶᠢ ᠴᠢᠩᠭᠠᠳᠬᠠᠵᠤ᠂ ᠬᠥᠭᠵᠢᠯᠲᠡ ᠶᠢᠨ ᠬᠠᠷᠠᠯᠲᠠ᠂ ᠬᠥᠭᠵᠢᠯᠲᠡ ᠶᠢᠨ ᠠᠯᠬᠤᠮ ᠳᠠᠷᠠᠭ᠎ᠠ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠰᠲᠠᠶ ᠲᠣᠭᠲᠠᠭᠠᠨ᠂ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠣᠳᠠᠲᠠᠶ ᠱᠠᠭᠠᠷᠳᠠᠯᠭ᠎ᠠ ᠶᠢᠨ ᠲᠠᠯ᠎ᠠ ᠪᠠᠷ ᠨᠢᠭᠡᠳᠦᠯᠲᠡᠶ ᠪᠠᠶᠢᠬᠤ ᠶᠢ ᠪᠠᠲᠤᠯᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠨᠢ ᠴᠢᠩᠭᠠᠷᠠᠭᠤᠯᠤᠨ᠎ᠠ᠃ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠲᠥᠬᠦᠷᠵᠢᠭᠦᠯᠦᠭᠰᠡᠨ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠠᠬᠢᠭᠤᠯᠬᠤ ᠪᠠ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠪᠦᠷᠢᠨᠰᠢᠬᠦᠯᠵᠦ᠂ ᠰᠢᠨ᠎ᠡ ᠪᠠᠶᠢᠳᠠᠯ ᠰᠢᠨ᠎ᠡ ᠡᠭᠦᠷᠭᠡ ᠳᠤ ᠥᠯᠥ ᠵᠣᠬᠢᠴᠠᠬᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠠᠭ ᠲᠤᠬᠠᠶ ᠳᠤ ᠨᠢ ᠢᠯᠭᠠᠷᠠᠭᠤᠯᠤᠨ᠎ᠠ᠃      ︵ᠬᠤᠶᠠᠷ︶ ᠬᠢᠨᠠᠨ ᠰᠢᠨᠵᠢᠵᠦ ᠦᠨᠡᠯᠡᠨ ᠵᠢᠱᠢᠬᠦ ᠪᠠ ᠰᠢᠯᠭᠠᠨ ᠬᠢᠨᠠᠵᠤ ᠦᠨᠡᠯᠡᠬᠦ ᠶᠢ ᠴᠢᠩᠭᠠᠷᠠᠭᠤᠯᠤᠨ᠎ᠠ᠃ ᠬᠢᠨᠠᠨ ᠰᠢᠨᠵᠢᠬᠦ᠂ ᠦᠨᠡᠯᠡᠨ ᠵᠢᠱᠢᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠥᠷᠨᠢᠭᠦᠯᠦᠭᠰᠡᠨ ᠪᠠᠶᠢᠳᠠᠯ ᠪᠠ ᠤᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠡᠯ᠎ᠡ ᠵᠦᠢᠯ ᠤᠨ ᠠᠵᠢᠯ ᠤᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠰᠢᠨᠵᠢᠵᠦ ᠦᠨᠡᠯᠡᠨ ᠵᠢᠱᠢᠬᠦ ᠪᠠᠨ ᠴᠢᠩᠭᠠᠳᠬᠠᠨ᠂ ᠡᠯ᠎ᠡ ᠵᠦᠢᠯ ᠤᠨ ᠠᠵᠢᠯ ᠤᠨ ᠵᠢᠷᠤᠮᠵᠢᠯ ᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠶᠠᠰᠤ ᠴᠢᠨᠠᠷ ᠢ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃                                                             2022 ᠣᠨ ᠤ 6 ᠳ᠋ᠤᠭᠠᠷ ᠰᠠᠷ᠎ᠠ ᠶᠢᠨ 2 ᠤᠨ ᠡᠳᠦᠷ                                                              ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    — — — — — — — — — — — — — — — — — — — — — —    ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂    ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃    ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃    — — — — — — — — — — — — — — — — — — — — — —                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                 2022 ᠣᠨ ᠤ 6 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ