9 ᠳ᠋ᠦ᠋ᠭᠡᠷ ᠰᠠᠷ᠎ᠠ ᠶᠢᠨ 28 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ | ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠬᠥᠬᠡᠬᠤᠲᠠ ᠳᠤ︶ ᠨᠡᠮᠡᠭᠳᠡᠪᠡ᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ᠃ ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ | ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ ᠲᠤᠬᠠᠢ ᠶᠢᠨ | ᠭᠠᠵᠠᠷ ᠤᠨ ᠲᠣᠳᠣᠯᠠᠭᠰᠠᠨ 24 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠪᠠ᠂ ᠡᠭᠦᠨ ᠳᠤ ᠬᠥᠯᠥᠨ ᠪᠣᠶᠢᠷ ᠬᠤᠲᠠ ᠳᠤ 2 ︵ᠴᠥᠮ ᠮᠠᠨᠵᠤᠤᠷ | ᠬᠤᠲᠠ ᠳᠤ︶᠂ ᠤᠯᠠᠭᠠᠨᠬᠠᠳᠠ ᠬᠤᠲᠠ ᠳᠤ 22 ︵ᠰᠦᠩᠱᠠᠨ ᠲᠣᠭᠤᠷᠢᠭ ᠲᠤ 10᠂ ᠣᠩᠨᠢᠭᠤᠳ ᠬᠤᠰᠢᠭᠤᠨ ᠳᠤ 12︶ ᠪᠣᠢ᠃ ᠲᠤᠬᠠᠢ ᠶᠢᠨ ᠭᠠᠵᠠᠷ ᠤᠨ | ᠡᠪᠡᠳᠴᠢᠨ ᠤ ᠢᠯᠡᠷᠡᠯ ᠦᠭᠡᠢ 22 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠲᠡᠳᠡᠭᠡᠷ ᠨᠢ ᠴᠥᠮ ᠤᠯᠠᠭᠠᠨᠬᠠᠳᠠ | ᠬᠤᠲᠠ ᠳᠤ ︵ᠰᠦᠩᠱᠠᠨ ᠲᠣᠭᠤᠷᠢᠭ ᠲᠤ 12᠂ ᠣᠩᠨᠢᠭᠤᠳ ᠬᠤᠰᠢᠭᠤᠨ ᠳᠤ 10︶ ᠪᠣᠢ᠃ | 9 ᠳ᠋ᠦ᠋ᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 72 ᠪᠠᠶᠢᠵᠤ᠂ ᠡᠭᠦᠨ ᠳᠤ ᠬᠥᠬᠡᠬᠤᠲᠠ ᠳᠤ 1᠂ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ︶᠂ | ᠤᠯᠠᠭᠠᠨᠬᠠᠳᠠ ᠬᠤᠲᠠ ᠳᠤ 70 ︵ᠰᠦᠩᠱᠠᠨ ᠲᠣᠭᠤᠷᠢᠭ ᠲᠤ 43᠂ ᠣᠩᠨᠢᠭᠤᠳ ᠬᠤᠰᠢᠭᠤᠨ ᠳᠤ 23᠂ ᠠᠷᠤ ᠬᠤᠷᠴᠢᠨ ᠬᠤᠰᠢᠭᠤᠨ ᠳᠤ 4︶ ᠪᠣᠢ᠃ | ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 82 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 78 ︵ᠬᠤᠩᠱᠠᠨ | ᠲᠣᠭᠤᠷᠢᠭ ᠲᠤ 1᠂ ᠰᠦᠩᠱᠠᠨ ᠲᠣᠭᠤᠷᠢᠭ ᠲᠤ 35᠂ ᠣᠩᠨᠢᠭᠤᠳ ᠬᠤᠰᠢᠭᠤᠨ ᠳᠤ 42︶᠂ ᠪᠠᠶᠠᠨᠨᠠᠭᠤᠷ ᠬᠤᠲᠠ ᠳᠤ 4 ︵ᠴᠥᠮ ᠯᠢᠨ ᠾᠧ ᠲᠣᠭᠤᠷᠢᠭ ᠲᠤ︶ | ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 14᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 | ᠪᠠᠶᠢᠵᠤ᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ | ᠴᠢᠩᠭ᠎ᠠ ᠰᠡᠷᠭᠡᠶᠢᠯᠠᠵᠦ ᠪᠠᠶᠢᠨ᠎ᠠ᠃ |