内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2022/9/29
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ      ᠥᠪᠦᠷ ᠵᠠᠰᠠᠭ ᠠᠯᠪᠠᠨ ᠲᠠᠷᠬᠠᠭᠠᠭᠰᠠᠨ ﹇2022﹈ 8 ᠳ᠋ᠤᠭᠠᠷ ᠲᠣᠭᠠᠲᠤ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                               2022 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ                                                  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ  ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠤᠨ᠂ ᠨᠢᠭᠡᠳᠦᠯᠲᠡᠶ ᠨᠡᠭᠡᠭᠡᠯᠲᠡ ᠲᠠᠢ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠦᠢᠯᠡᠴᠢᠯᠡᠭᠡᠨ ᠨᠢ ᠥᠨᠳᠥᠷ ᠪᠦᠲᠦᠮᠵᠢᠲᠡᠶ᠂ ᠬᠢᠨᠠᠯᠲᠠ ᠬᠠᠮᠢᠶᠠᠷᠤᠯᠲᠠ ᠨᠢ ᠡᠷᠴᠢᠮᠲᠡᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠪᠠᠶᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠠᠷᠠᠯᠵᠢᠶᠠᠨ ᠤ ᠲᠣᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ᠂ ᠠᠵᠢᠯᠯᠠᠭᠠᠨ᠂ ᠦᠢᠯᠡᠴᠢᠯᠡᠭᠡ ᠪᠠ ᠬᠠᠮᠢᠶᠠᠷᠤᠯᠲᠠ ᠳᠤ ᠬᠡᠷᠡᠭᠯᠡᠭᠳᠡᠨ᠎ᠡ᠃      ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠭᠡᠳᠡᠭ ᠨᠢ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠨᠡᠶᠢᠲᠡ ᠶᠢᠨ ᠥᠮᠴᠢᠯᠡᠯ ᠤᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠭᠠᠵᠤ ᠪᠣᠶ᠃      ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠭᠡᠳᠡᠭ ᠨᠢ ᠨᠢᠭᠡᠳᠦᠯᠲᠡᠶ ᠲᠦᠷᠢᠮ ᠪᠠ ᠪᠠᠷᠢᠮᠵᠢᠶ᠎ᠠ ᠶᠢ ᠬᠡᠷᠡᠭᠵᠢᠭᠦᠯᠵᠦ᠂ ᠨᠡᠬᠡᠬᠡᠯᠲᠡ ᠲᠠᠢ ᠪᠦᠬᠡᠳ ᠬᠠᠮᠲᠤ ᠳᠤ ᠪᠠᠨ ᠭᠥᠷᠳᠡᠬᠦ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠪᠠ ᠵᠢᠷᠤᠮᠵᠢᠭᠰᠠᠨ ᠢᠯᠡ ᠲᠣᠳᠣ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠤᠨᠨᠴᠠ᠂ ᠨᠡᠶᠢᠭᠡᠮ ᠨᠡᠶᠢᠲᠡ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ᠲᠣᠭᠲᠠᠯᠴᠠᠭ᠎ᠠ ᠶᠢ ᠵᠢᠭᠠᠵᠤ ᠪᠣᠶ᠃      ᠭᠤᠷᠪᠠᠳᠤᠭᠠᠷ ᠵᠦᠢᠯ  ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠨᠢ ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ᠂ ᠨᠢᠭᠡᠳᠦᠯᠲᠡᠶ ᠵᠢᠷᠤᠮᠵᠢᠭᠤᠯᠬᠤ᠂ ᠢᠯᠡ ᠲᠣᠳᠣ ᠪᠠᠶᠢᠯᠭᠠᠬᠤ᠂ ᠭᠤᠤᠯᠴᠢ ᠪᠠᠷ ᠦᠷᠢᠰᠦᠯᠳᠦᠬᠦ᠂ ᠦᠢᠯᠡᠴᠢᠯᠡᠭᠡ ᠪᠠᠨ ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠢ ᠵᠢᠷᠤᠮᠯᠠᠬᠤ ᠬᠡᠷᠡᠭᠲᠡᠶ᠃      ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠲᠣᠭᠠᠵᠢᠭᠤᠯᠤᠭᠰᠠᠨ ᠬᠥᠳᠡᠯᠭᠡᠭᠦᠷ᠂ ᠤᠶᠤᠨᠲᠤ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠨᠢᠭᠡᠳᠦᠯᠲᠡᠶ ᠲᠠᠪᠴᠠᠩ ᠤᠨ ᠠᠵᠢᠯᠯᠠᠭᠠᠨ᠂ ᠨᠢᠭᠡᠳᠦᠯᠲᠡᠶ ᠡᠬᠢ ᠪᠠᠶᠠᠯᠢᠭ ᠢ ᠬᠠᠮᠲᠤ ᠳᠤ ᠪᠠᠨ ᠭᠥᠷᠳᠡᠬᠦ᠂ ᠨᠢᠭᠡᠳᠦᠯᠲᠡᠶ ᠮᠡᠳᠡᠭᠡ ᠵᠠᠩᠭᠢ ᠶᠢ ᠢᠯᠡ ᠪᠣᠯᠭᠠᠬᠤ᠂ ᠨᠢᠭᠡᠳᠦᠯᠲᠡᠶ ᠠᠷᠠᠯᠵᠢᠶᠠᠨ ᠤ ᠲᠦᠷᠢᠮ᠂ ᠨᠢᠭᠡᠳᠦᠯᠲᠡᠶ ᠦᠢᠯᠡᠴᠢᠯᠡᠭᠡᠨ ᠤ ᠳᠦᠷᠢᠮᠵᠢᠯ ᠢᠶᠠᠷ ᠠᠵᠢᠯᠯᠠᠬᠤ ᠵᠠᠷᠴᠢᠮ ᠢ ᠵᠢᠷᠤᠮᠯᠠᠬᠤ ᠬᠡᠷᠡᠭᠲᠡᠶ᠃      ᠬᠤᠶᠠᠳᠤᠭᠠᠷ ᠪᠦᠯᠦᠭ  ᠵᠣᠬᠢᠶᠠᠨ ᠪᠠᠶᠢᠭᠤᠯᠵᠤ ᠬᠠᠮᠢᠶᠠᠷᠬᠤ      ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠦᠷᠢᠯᠳᠦᠬᠦᠨ ᠨᠢᠭᠡᠴᠢ ᠨᠢ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠪᠠ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠪᠠᠷ ᠪᠦᠷᠢᠯᠳᠦᠨ᠎ᠡ᠃      ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠶᠡᠷᠦᠩᠬᠡᠶ ᠬᠤᠷᠠᠯᠳᠤᠭᠤᠯᠤᠭᠴᠢ ᠶᠢ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠡᠭᠦᠷᠭᠡᠯᠡᠵᠦ᠂ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠲᠣᠬᠢᠷᠠᠭᠤᠯᠤᠨ᠎ᠠ᠃ ᠡᠯ᠎ᠡ ᠠᠶᠢᠮᠠᠭ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠶᠡᠷᠦᠩᠬᠡᠶ ᠬᠤᠷᠠᠯᠳᠤᠭᠤᠯᠤᠭᠴᠢ ᠶᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠡᠭᠦᠷᠭᠡᠯᠡᠵᠦ᠂ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠡᠭᠦᠷᠭᠡᠯᠡᠨ᠎ᠡ᠃      ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠦᠢᠯᠡᠴᠢᠯᠡᠭᠡ᠂ ᠬᠢᠨᠠᠯᠲᠠ ᠲᠠᠯᠪᠢᠯᠲᠠ ᠶᠢᠨ ᠠᠵᠢᠯ ᠤᠨ ᠴᠢᠬᠤᠯᠠ ᠶᠡᠭᠡ ᠠᠰᠠᠭᠤᠳᠠᠯ ᠪᠠ ᠴᠢᠬᠤᠯᠠ ᠵᠦᠢᠯᠡᠰ ᠢ ᠵᠢᠯᠣᠭᠤᠳᠤᠨ ᠵᠣᠬᠢᠴᠠᠭᠤᠯᠵᠤ ᠰᠢᠢᠳᠪᠦᠷᠢᠯᠡᠬᠦ ᠶᠢ ᠬᠠᠷᠢᠭᠤᠴᠠᠵᠤ᠂ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠴᠢᠬᠤᠯᠠ ᠶᠡᠭᠡ ᠲᠥᠷᠥ ᠶᠢᠨ ᠪᠤᠳᠣᠯᠭ᠎ᠠ ᠠᠷᠭ᠎ᠠ ᠬᠡᠮᠵᠢᠶ᠎ᠡ ᠶᠢ ᠰᠣᠳᠣᠯᠣᠨ᠂ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠳᠦᠷ ᠲᠤᠲᠤᠮ ᠤᠨ ᠠᠵᠢᠯ ᠢ ᠬᠠᠮᠲᠤᠷᠠᠭᠰᠠᠨ ᠬᠤᠷᠠᠯ ᠤᠨ ᠠᠯᠪᠠᠨ ᠭᠡᠷ ᠡᠭᠦᠷᠭᠡᠯᠡᠨ᠎ᠡ᠃      ᠲᠠᠪᠤᠳᠤᠭᠠᠷ ᠵᠦᠢᠯ  ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠵᠢᠯᠣᠭᠤᠳᠬᠤ ᠪᠠ ᠵᠣᠬᠢᠴᠠᠭᠤᠯᠵᠤ᠂ ᠡᠯ᠎ᠡ ᠱᠠᠲᠤᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠡᠨᠧᠷᠭᠢ᠂ ᠣᠶ ᠰᠢᠭᠤᠶ ᠪᠠ ᠨᠤᠲᠤᠭ ᠪᠡᠯᠴᠢᠭᠡᠷ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠠᠵᠢᠯ ᠲᠥᠷᠥᠯ ᠤᠨ ᠠᠷᠠᠯᠵᠢᠶᠠᠨ ᠤ ᠠᠵᠢᠯᠯᠠᠭ᠎ᠠ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠠᠷᠠᠯᠵᠢᠶᠠᠨ ᠤ ᠪᠡᠶᠡᠴᠢ ᠴᠣᠭᠴᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠭᠦᠢᠴᠡᠳᠬᠡᠯᠭᠡᠬᠦ ᠪᠠᠷ ᠲᠤᠰᠢᠶ᠋ᠬᠠᠰᠠᠨ ᠡᠯ᠎ᠡ ᠵᠦᠢᠯ ᠤᠨ ᠠᠵᠢᠯ ᠢ ᠪᠡᠶᠡᠯᠡᠭᠦᠯᠬᠦ ᠬᠡᠷᠡᠭᠲᠡᠶ᠃      ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠣᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠲᠥᠷᠥᠯ ᠵᠦᠢᠯ ᠢ ᠲᠠᠪᠴᠠᠩ ᠳᠤ ᠣᠷᠣᠭᠤᠯᠤᠨ ᠠᠷᠠᠯᠵᠢᠶᠠᠯᠠᠬᠤ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠨᠢᠭᠡᠳᠦᠯᠲᠡᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠡᠯᠧᠺᠲᠷᠣᠨ ᠰᠢᠰᠲ᠋ᠧᠮ ᠢ ᠪᠠᠶᠢᠭᠤᠯᠬᠤ ᠳᠤ ᠣᠷᠣᠯᠴᠠᠨ᠂ ᠲᠣᠰ ᠠᠵᠢᠯ ᠲᠥᠷᠥᠯ ᠤᠨ ᠠᠷᠠᠯᠵᠢᠶᠠᠨ ᠤ ᠲᠦᠷᠢᠮ ᠪᠠ ᠬᠢᠨᠠᠯᠲᠠ ᠲᠠᠯᠪᠢᠬᠤ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ᠃      ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠲᠦᠷ ᠣᠷᠣᠭᠤᠯᠤᠭᠠᠳᠤᠶ ᠡᠯ᠎ᠡ ᠠᠷᠠᠯᠵᠢᠶᠠᠨ ᠤ ᠲᠥᠷᠥᠯ ᠵᠦᠢᠯ ᠢ ᠲᠠᠪᠴᠠᠩ ᠳᠤ ᠣᠷᠣᠭᠤᠯᠤᠭᠰᠠᠨ ᠤ ᠳᠠᠷᠠᠭ᠎ᠠ ᠣᠳᠣᠬᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠯᠲᠠ ᠲᠠᠯᠪᠢᠨ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠡᠭᠦᠨ ᠳᠤ ᠬᠠᠷᠢᠶᠠᠯᠬᠠᠳᠠᠬᠤ ᠦᠭᠡᠶ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠪᠦᠬᠦᠢ ᠰᠠᠯᠠᠭ᠎ᠠ ᠮᠥᠴᠢᠷ ᠤᠨ ᠢᠶᠠᠨ ᠬᠤᠯᠪᠣᠭᠳᠠᠯ ᠪᠦᠬᠦᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠬᠢᠨᠠᠯᠲᠠ ᠲᠠᠯᠪᠢᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠲᠡᠷᠡ ᠲᠣᠨᠨᠳᠠᠭᠠᠯ ᠢᠶᠠᠷ ᠬᠡᠷᠡᠭᠵᠢᠬᠦᠯᠦᠨ᠎ᠡ᠃      ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠪᠣᠯ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ᠎ᠠ᠃ ᠭᠤᠣᠯᠳᠠᠭᠤ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠬᠦᠷ ᠳᠦᠷᠢᠮ ᠵᠢᠷᠤᠮᠯᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ︔ ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠠᠵᠢᠯ ᠢ ᠵᠣᠬᠢᠴᠠᠭᠤᠯᠤᠨ ᠠᠬᠢᠭᠤᠯᠤᠨ᠎ᠠ︔ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠵᠤ ᠪᠠᠶᠢᠭᠠᠳ ᠬᠠᠤᠯᠢ ᠶᠣᠰᠣᠭᠠᠷ ᠡᠯ᠎ᠡ ᠲᠥᠷᠥᠯ ᠤᠨ ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠤᠨ ᠬᠠᠮᠢᠶᠠᠷᠤᠨ᠎ᠠ︔ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠯᠠᠪᠤᠷ ᠭᠠᠵᠠᠷ ᠢ ᠬᠠᠮᠢᠶᠠᠷᠤᠨ᠎ᠠ᠃ ᠪᠥᠬᠦ ᠣᠷᠣᠨ ᠤ ᠨᠢᠭᠡᠳᠦᠯᠲᠡᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ ᠪᠠ ᠠᠵᠢᠯᠯᠠᠭᠤᠯᠵᠤ ᠪᠠᠲᠤᠯᠠᠬᠤ ᠠᠵᠢᠯ ᠢ ᠡᠭᠦᠷᠭᠡᠯᠡᠨ᠎ᠡ︔ ᠨᠢᠭᠡᠳᠦᠯᠲᠡᠶ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ᠂ ᠨᠢᠬᠡᠳᠦᠯᠳᠡᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠳᠤ ᠬᠠᠮᠢᠶᠠᠷᠤᠯᠲᠠ ᠬᠠᠮᠠᠭᠠᠯᠠᠯᠲᠠ ᠬᠢᠵᠦ᠂ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠢᠯᠡ ᠪᠣᠯᠭᠠᠬᠤ᠂ ᠲᠤᠭ᠎ᠠ ᠪᠠᠷᠢᠮᠲᠠ ᠶᠢ ᠡᠮᠬᠢᠯᠡᠨ ᠴᠤᠭᠯᠠᠭᠤᠯᠬᠤ ᠪᠠ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ︔ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠠᠨ ᠳᠤ ᠵᠢᠯᠣᠭᠤᠳᠣᠯᠭ᠎ᠠ ᠦᠵᠡᠬᠦᠯᠬᠦ ᠪᠠ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠢᠨ᠎ᠠ︔ ᠪᠥᠬᠦ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠭᠰᠠᠨ ᠪᠠᠶᠢᠳᠠᠯ ᠳᠤ ᠦᠨᠡᠯᠡᠯᠲᠡ ᠬᠢᠬᠦ ᠶᠢ ᠵᠣᠬᠢᠶᠠᠨ ᠪᠠᠶᠢᠭᠤᠯᠤᠨ᠎ᠠ︔ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠳᠤ ᠮᠡᠷᠭᠡᠵᠢᠯ ᠤᠨ ᠵᠢᠯᠣᠭᠤᠳᠣᠯᠭ᠎ᠠ ᠦᠵᠡᠬᠦᠯᠬᠦ ᠪᠠ ᠦᠢᠯᠡᠴᠢᠯᠡᠭᠡ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠭᠦᠢᠴᠡᠳᠬᠡᠯᠬᠡᠬᠦ ᠪᠠᠷ ᠲᠤᠰᠢᠶ᠋ᠬᠠᠰᠠᠨ ᠪᠤᠰᠤᠳ ᠠᠵᠢᠯ ᠢ ᠳᠠᠭᠠᠭᠠᠨ ᠡᠭᠦᠷᠭᠡᠯᠡᠨ᠎ᠡ᠃      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠶᠢ ᠵᠢᠭᠠᠨ ᠲᠣᠭᠲᠠᠭᠠᠵᠤ᠂ ᠳᠤᠤᠷᠠᠬᠢ ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠄ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠭᠦᠷ ᠲᠦᠷᠢᠮ ᠵᠢᠷᠤᠮᠯᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠬᠡᠷᠡᠭᠲᠡᠶ︔ ᠲᠤᠰ ᠵᠠᠰᠠᠭ ᠵᠠᠬᠢᠷᠭᠠᠨ ᠤ ᠣᠷᠣᠨ ᠳᠠᠬᠢ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠠᠵᠢᠯ ᠢ ᠵᠣᠬᠢᠴᠠᠭᠤᠯᠤᠨ ᠠᠬᠢᠭᠤᠯᠬᠤ ᠬᠡᠷᠡᠭᠲᠡᠶ︔ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠵᠤ ᠪᠠᠶᠢᠭᠠᠳ ᠬᠠᠤᠯᠢ ᠶᠣᠰᠣᠭᠠᠷ ᠡᠯ᠎ᠡ ᠲᠥᠷᠥᠯ ᠤᠨ ᠠᠷᠠᠯᠵᠢᠶᠠᠨ ᠤ ᠠᠵᠢᠯᠯᠠᠭ᠎ᠠ ᠳᠤ ᠵᠢᠷᠤᠮᠵᠢᠭᠰᠠᠨ ᠬᠠᠮᠢᠶᠠᠷᠤᠯᠲᠠ ᠬᠢᠬᠦ ᠬᠡᠷᠡᠭᠲᠡᠢ︔ ᠲᠤᠰ ᠭᠠᠵᠠᠷ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠬᠠᠮᠢᠶᠠᠷᠤᠯᠲᠠ ᠪᠠ ᠠᠵᠢᠯᠯᠠᠭᠤᠯᠵᠤ ᠪᠠᠲᠤᠯᠠᠬᠤ ᠠᠵᠢᠯ ᠢ ᠳᠠᠭᠠᠭᠠᠨ ᠡᠭᠦᠷᠭᠡᠯᠡᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠨᠢᠭᠡᠳᠦᠯᠲᠡᠶ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ᠂ ᠨᠢᠬᠡᠳᠦᠯᠳᠡᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠳᠤ ᠬᠠᠮᠢᠶᠠᠷᠤᠯᠲᠠ ᠬᠠᠮᠠᠭᠠᠯᠠᠯᠲᠠ ᠬᠢᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠢᠯᠡ ᠪᠣᠯᠭᠠᠬᠤ᠂ ᠲᠤᠭ᠎ᠠ ᠪᠠᠷᠢᠮᠲᠠ ᠶᠢ ᠡᠮᠬᠢᠯᠡᠨ ᠴᠤᠭᠯᠠᠭᠤᠯᠬᠤ ᠪᠠ ᠪᠦᠷᠢᠳᠬᠡᠨ ᠵᠠᠳᠠᠯᠬᠤ ᠠᠵᠢᠯ ᠢ ᠳᠠᠭᠠᠭᠠᠨ ᠡᠭᠦᠷᠭᠡᠯᠡᠬᠦ ᠬᠡᠷᠡᠭᠲᠡᠶ︔ ᠲᠣᠰ ᠭᠠᠵᠠᠷ ᠣᠷᠣᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠠᠨ ᠳᠤ ᠵᠢᠯᠣᠭᠤᠳᠣᠯᠭ᠎ᠠ ᠦᠵᠡᠬᠦᠯᠬᠦ ᠪᠠ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠢᠬᠦ ᠶᠢᠨ ᠬᠠᠮᠲᠤ᠂ ᠲᠡᠳᠡᠨ ᠤ ᠬᠠᠩᠭᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠳᠠᠯ ᠳᠤ ᠦᠨᠡᠯᠡᠯᠲᠡ ᠬᠢᠬᠦ ᠶᠢ ᠵᠤᠬᠢᠶᠠᠨ ᠪᠠᠶᠢᠭᠤᠯᠬᠤ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠠᠴᠠ ᠭᠦᠢᠴᠡᠳᠬᠡᠯᠬᠡᠬᠦ ᠪᠠᠷ ᠲᠤᠰᠢᠶ᠋ᠬᠠᠰᠠᠨ ᠪᠤᠰᠤᠳ ᠠᠵᠢᠯ ᠢ ᠳᠠᠭᠠᠭᠠᠨ ᠡᠭᠦᠷᠬᠡᠯᠡᠬᠦ ᠬᠡᠷᠡᠭᠳᠡᠢ᠃      ᠳᠣᠯᠣᠳᠤᠭᠠᠷ ᠵᠦᠢᠯ  ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠲᠠᠪᠴᠠᠩ ᠤᠨ ᠬᠠᠮᠢᠶᠠᠷᠤᠯᠲᠠ ᠦᠢᠯᠡᠴᠢᠯᠡᠭᠡᠨ ᠤ ᠲᠦᠷᠢᠮ ᠪᠠ ᠴᠤᠪᠤᠷᠠᠯ ᠢ ᠪᠠᠶᠢᠭᠤᠯᠤᠨ ᠪᠦᠷᠢᠨᠰᠢᠬᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢ ᠠᠬᠢᠭᠤᠯᠤᠨ᠂ ᠲᠣᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠠᠵᠢᠯᠯᠠᠭᠤᠯᠬᠤ ᠪᠠ ᠬᠠᠮᠠᠭᠠᠯᠠᠬᠤ ᠠᠵᠢᠯ ᠢ ᠬᠠᠷᠢᠭᠤᠴᠠᠬᠤ ᠬᠡᠷᠡᠭᠲᠡᠶ᠃ ᠮᠡᠳᠡᠭᠡ ᠵᠠᠩᠭᠢ᠂ ᠲᠤᠰᠬᠠᠶ ᠮᠡᠷᠭᠡᠵᠢᠯᠲᠡᠨ ᠪᠠ ᠲᠠᠯᠠᠪᠤᠷ ᠭᠠᠵᠠᠷ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠭᠥᠷᠳᠡᠬᠦ ᠳᠠᠪᠠᠭᠤᠯᠢᠭ ᠢ ᠪᠠᠳᠠᠷᠠᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠯᠠᠪᠯᠠᠭ᠎ᠠ᠂ ᠲᠠᠯᠠᠪᠤᠷ ᠭᠠᠵᠠᠷ ᠤᠨ ᠬᠠᠮᠢᠶᠠᠷᠤᠯᠲᠠ᠂ ᠮᠡᠳᠡᠭᠡ ᠵᠠᠩᠭᠢ ᠶᠢᠨ ᠨᠡᠶᠢᠲᠡᠯᠡᠯ᠂ ᠲᠤᠰᠬᠠᠶ ᠮᠡᠷᠭᠡᠵᠢᠯᠲᠡᠨ ᠰᠤᠭᠤᠴᠢᠨ ᠠᠪᠬᠤ᠂ ᠠᠷᠠᠯᠵᠢᠶᠠᠨ ᠤ ᠭᠡᠷᠡᠴᠢᠯᠡᠯ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠠᠨ᠋ᠥ ᠶᠢ ᠵᠣᠬᠢᠶᠠᠨ ᠪᠠᠶᠢᠭᠤᠯᠬᠤ ᠬᠡᠷᠡᠭᠲᠡᠶ᠃ ᠠᠷᠠᠯᠵᠢᠶᠠᠨ ᠤ ᠲᠤᠭ᠎ᠠ ᠪᠠᠷᠢᠮᠲᠠ ᠳᠤ ᠡᠮᠬᠢᠯᠡᠨ ᠬᠤᠷᠢᠶᠠᠩᠭᠤᠶᠢᠯᠠᠵᠤ ᠵᠠᠳᠠᠯᠤᠯᠲᠠ ᠬᠢᠬᠦ ᠪᠠ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠬᠡᠷᠡᠭᠲᠡᠶ᠃ ᠮᠡᠳᠡᠭᠡ ᠵᠠᠩᠬᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠲᠤᠯᠭᠠᠭᠤᠷᠢᠯᠠᠯ ᠪᠠ ᠰᠢᠢᠳᠪᠦᠷᠢᠲᠦ ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃      ᠭᠤᠷᠪᠠᠳᠤᠭᠠᠷ ᠪᠦᠯᠦᠭ  ᠭᠠᠷᠴᠠᠭ ᠤᠨ ᠬᠠᠮᠢᠶᠠᠷᠤᠯᠲᠠ      ᠨᠠᠢᠮᠠᠳᠤᠭᠠᠷ ᠵᠦᠢᠯ  ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠪᠦᠬᠦ ᠣᠷᠣᠨ ᠤ ᠨᠢᠭᠡᠳᠦᠯᠲᠡᠶ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ ᠵᠠᠷᠴᠢᠮ ᠶᠣᠰᠣᠭᠠᠷ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠣᠬᠢᠷᠠᠭᠤᠯᠬᠤ ᠳᠤ ᠲᠣᠬᠢᠷᠠᠬᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠶ᠃      ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠷᠠᠯᠵᠢᠶᠠᠨ ᠤ ᠭᠠᠷᠴᠠᠭ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠨᠡᠶᠢᠲᠡᠯᠡᠨ ᠬᠡᠷᠡᠭᠵᠢᠭᠦᠯᠦᠨ᠎ᠡ᠃ ᠭᠠᠷᠴᠠᠭ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠠᠰᠠᠪᠤᠷᠢ ᠣᠷᠣᠭᠤᠯᠬᠤ ᠬᠡᠷᠡᠭᠳᠡᠢ᠃      ᠠᠷᠪᠠᠳᠤᠭᠠᠷ ᠵᠦᠢᠯ  ᠳᠣᠣᠷᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠬᠤ ᠬᠡᠷᠡᠭᠲᠡᠶ᠃      ︵ᠨᠢᠭᠡ︶ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ᠂ ᠵᠠᠮ ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ᠂ ᠤᠰᠤᠨ ᠠᠰᠢᠭᠯᠠᠯᠲᠠ᠂ ᠣᠶ ᠰᠢᠭᠤᠶ᠂ ᠡᠨᠧᠷᠭᠢ᠂ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠦ ᠬᠦᠯᠢᠶᠡᠬᠦ ᠪᠠ ᠮᠠᠰᠢᠨ ᠴᠠᠬᠢᠯᠭᠠᠨ ᠤ ᠦᠢᠯᠡᠳᠬᠦᠨ ᠤ ᠣᠯᠠᠨ ᠤᠯᠤᠰ ᠤᠨ ᠳᠠᠭᠠᠭᠠᠴᠢᠯᠠᠯᠲᠠ ᠵᠠᠷᠯᠠᠬᠤ︔      ︵ᠬᠤᠶᠠᠷ︶ ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡ ᠵᠡᠷᠭᠡ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ︔      ︵ᠭᠤᠷᠪᠠ︶ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ᠂ ᠠᠭᠤᠷᠬᠠᠶ ᠶᠢᠨ ᠠᠵᠢᠯ ᠲᠦᠷᠦᠯ ᠤᠨ ᠡᠷᠬᠡ᠂ ᠨᠦᠭᠦᠪᠦᠷᠢ ᠲᠠᠷᠢᠶᠠᠨ ᠭᠠᠵᠠᠷ ᠤᠨ ᠭᠦᠢᠴᠡᠳᠬᠡᠯ ᠲᠤᠭ᠎ᠠ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠰᠠᠭᠤᠷᠢ ᠮᠦᠩᠭᠦᠨ ᠤ ᠲᠥᠷᠥᠯ ᠵᠦᠢᠯ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠦᠯᠡᠳᠡᠪᠦᠷᠢ ᠭᠦᠢᠴᠡᠳᠬᠡᠯ ᠲᠤᠭ᠎ᠠ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠲᠥᠷᠥᠯ ᠤᠨ ᠠᠷᠠᠯᠵᠢᠶ᠎ᠠ︔      ︵ᠳᠥᠷᠪᠡ︶ ᠣᠷᠣᠨ ᠪᠦᠰᠡ ᠶᠢᠨ ᠤᠰᠤᠨ ᠤ ᠡᠷᠬᠡ ᠶᠢᠨ ᠠᠷᠠᠯᠵᠢᠶ᠎ᠠ᠂ ᠤᠰᠤ ᠲᠠᠲᠠᠬᠤ ᠡᠷᠬᠡ ᠶᠢᠨ ᠠᠷᠠᠯᠵᠢᠶ᠎ᠠ᠂ ᠣᠷᠣᠨ ᠪᠦᠰᠡ ᠶᠢᠨ ᠤᠰᠤᠨ ᠤ ᠡᠷᠬᠡ ᠶᠢ ᠲᠥᠯᠥᠪᠦᠷᠢ ᠲᠠᠢ ᠲᠣᠬᠢᠷᠠᠭᠤᠯᠬᠤ ᠵᠡᠷᠭᠡ ᠤᠰᠤᠨ ᠤ ᠡᠷᠬᠡ ᠶᠢᠨ ᠠᠷᠠᠯᠵᠢᠶ᠎ᠠ︔      ︵ᠲᠠᠪᠤ︶ ᠤᠯᠤᠰ ᠤᠨ ᠥᠮᠴᠢᠯᠡᠯᠲᠦ ᠣᠶᠢᠲᠤ ᠭᠠᠵᠠᠷ ᠤᠨ ᠬᠡᠷᠡᠭᠯᠡᠬᠦ ᠡᠷᠬᠡ᠂ ᠲᠦᠷᠢᠶᠡᠰᠦᠯᠡᠬᠦ ᠡᠷᠬᠡ ᠪᠠ ᠣᠶ ᠮᠣᠳᠣ ᠶᠢᠨ ᠥᠮᠴᠢᠯᠡᠬᠦ ᠡᠷᠬᠡ ᠶᠢ ᠬᠢᠮᠳᠠ ᠪᠠᠷ ᠬᠤᠳᠠᠯᠳᠤᠬᠤ᠂ ᠬᠠᠮᠲᠤ ᠨᠡᠶᠢᠲᠡ ᠶᠢᠨ ᠨᠢᠭᠡᠳᠦᠯᠲᠡᠶ ᠡᠵᠡᠩᠨᠡᠨ ᠬᠠᠮᠢᠶᠠᠷᠴᠤ ᠪᠠᠶᠢᠭ᠎ᠠ ᠣᠶᠢᠲᠤ ᠭᠠᠵᠠᠷ ᠤᠨ ᠡᠵᠡᠩᠨᠡᠬᠦ ᠡᠷᠬᠡ ᠪᠠ ᠣᠶ ᠮᠣᠳᠣ ᠶᠢᠨ ᠥᠮᠴᠢᠯᠡᠬᠦ ᠡᠷᠬᠡ ᠶᠢ ᠲᠦᠯᠦᠪᠦᠷᠢᠲᠡᠢ ᠰᠢᠯᠵᠢᠭᠦᠯᠬᠦ ᠵᠡᠷᠭᠡ ᠣᠶ ᠰᠢᠭᠤᠶ ᠶᠢᠨ ᠡᠷᠬᠡ ᠶᠢᠨ ᠠᠷᠠᠯᠵᠢᠶ᠎ᠠ︔      ︵ᠵᠢᠷᠭᠤᠭ᠎ᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ᠂ ᠡᠳ᠋ ᠬᠥᠷᠥᠩᠭᠡ ︵ᠬᠤᠪᠢᠴᠠᠭ᠎ᠠ︶ ᠶᠢᠨ ᠡᠷᠬᠡ᠂ ᠪᠤᠰᠤᠳ ᠡᠷᠬᠡ ᠠᠰᠢᠭ ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠦᠮᠴᠢᠯᠡᠯ ᠤᠨ ᠡᠷᠬᠡ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠥᠮᠴᠢᠯᠡᠬᠦ ᠡᠷᠬᠡ ᠪᠠ ᠡᠳ᠋ ᠬᠥᠷᠥᠩᠭᠡ ᠂ ᠪᠡᠶᠡᠲᠦ ᠪᠤᠰᠤ ᠡᠳ᠋ ᠬᠥᠷᠥᠩᠭᠡ ᠪᠠ ᠵᠠᠷᠭᠤ ᠳᠤ ᠬᠤᠯᠪᠣᠭᠳᠠᠭᠰᠠᠨ ᠡᠳ᠋ ᠬᠥᠷᠥᠩᠭᠡ ᠵᠡᠷᠭᠡ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠲᠥᠷᠥᠯ ᠤᠨ ᠠᠷᠠᠯᠵᠢᠶ᠎ᠠ︔      ︵ᠳᠣᠯᠤᠭ᠎ᠠ︶ ᠪᠣᠬᠢᠷᠲᠤᠯ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ ᠵᠡᠷᠭᠡ ᠣᠷᠴᠢᠨ ᠲᠣᠭᠤᠷᠢᠨ ᠤ ᠡᠷᠬᠡ ᠶᠢᠨ ᠲᠥᠷᠥᠯ ᠤᠨ ᠠᠷᠠᠯᠵᠢᠶ᠎ᠠ︔      ︵ᠨᠠᠢᠮᠠ︶ ᠳ᠋ᠠᠶᠢᠲ᠋ᠠ ᠶᠢᠨ ᠡᠬᠢ ᠪᠠᠶᠠᠯᠢᠭ ᠤᠨ ᠲᠥᠷᠥᠯ ᠤᠨ ᠠᠷᠠᠯᠵᠢᠶ᠎ᠠ︔      ︵ᠶᠢᠰᠦ︶ ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠤᠭᠤᠯᠪᠠᠰᠤ ᠵᠣᠬᠢᠬᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠤᠰᠤᠳ ᠲᠥᠷᠥᠯ ᠵᠦᠢᠯ᠃      ᠠᠷᠪᠠᠨ ᠨᠢᠭᠡᠳᠦᠭᠡᠷ ᠵᠦᠢᠯ  ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ ᠠᠷᠠᠯᠵᠢᠶᠠᠯᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠵᠢᠭᠰᠠᠭᠠᠨ ᠦᠯᠦ ᠤᠷᠤᠭᠤᠯᠤᠨᠨᠰᠠᠨ ᠲᠥᠷᠥᠯ ᠵᠦᠢᠯ ᠢ ᠲᠠᠪᠴᠠᠩ ᠳᠤ ᠣᠷᠤᠭᠤᠯᠤᠨ ᠠᠷᠠᠯᠵᠢᠶᠠᠯᠠᠬᠤ ᠶᠢ ᠵᠣᠷᠢᠭᠵᠢᠭᠤᠯᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ  ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠲᠠᠪᠴᠠᠩ ᠤᠨ ᠭᠠᠷᠴᠠᠭ ᠲᠤ ᠤᠷᠤᠭᠤᠯᠤᠨ ᠬᠠᠮᠢᠶᠠᠷᠬᠤ ᠬᠡᠷᠡᠭᠲᠡᠶ᠃ ᠲᠠᠪᠴᠠᠩ ᠤᠨ ᠭᠠᠷᠴᠠᠭ ᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠬᠦ ᠬᠡᠷᠡᠭᠳᠡᠢ᠃ ᠭᠠᠷᠴᠠᠭ ᠲᠤ ᠬᠥᠳᠡᠯᠦᠩᠭᠦᠶ ᠬᠠᠮᠢᠶᠠᠷᠤᠯᠲᠠ ᠶᠢ ᠭᠡᠷᠡᠭᠵᠢᠬᠦᠯᠬᠦ ᠬᠡᠷᠡᠭᠳᠡᠢ᠃      ᠠᠷᠪᠠᠨ ᠭᠤᠷᠪᠠᠳᠤᠭᠠᠷ ᠵᠦᠢᠯ  ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠮᠡᠳᠡᠭᠡ ᠵᠠᠩᠭᠢ ᠳᠤ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠬᠦᠯᠬᠦ ᠬᠡᠷᠡᠭᠳᠡᠢ᠃ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠲᠤ ᠢᠯᠡ ᠪᠣᠯᠭᠠᠬᠤ ᠵᠦᠢᠯᠡᠰ᠂ ᠢᠯᠡ ᠪᠣᠯᠭᠠᠬᠤ ᠠᠭᠤᠯᠭ᠎ᠠ᠂ ᠢᠯᠡ ᠪᠣᠯᠭᠠᠬᠤ ᠦᠨᠳᠦᠰᠦᠯᠡᠯ᠂ ᠢᠯᠡ ᠪᠣᠯᠭᠠᠬᠤ ᠴᠠᠭ ᠬᠤᠭᠤᠴᠠᠭ᠎ᠠ᠂ ᠢᠯᠡ ᠪᠣᠯᠭᠠᠬᠤ ᠪᠡᠶᠡᠴᠢ ᠴᠣᠭᠴᠠ᠂ ᠢᠯᠡ ᠪᠣᠯᠭᠠᠬᠤ ᠠᠷᠭ᠎ᠠ ᠵᠠᠮ ᠪᠠ ᠠᠴᠢᠶᠠᠯᠠᠪᠤᠷᠢ᠂ ᠢᠯᠡ ᠪᠣᠯᠭᠠᠬᠤ ᠡᠲᠡᠭᠡᠳ ᠪᠠ ᠢᠯᠡ ᠪᠣᠯᠭᠠᠬᠤ ᠠᠷᠭ᠎ᠠ ᠬᠡᠯᠪᠡᠷᠢ ᠵᠡᠷᠭᠡ ᠪᠠᠭᠲᠠᠨ᠎ᠠ᠃      ᠳᠥᠷᠪᠡᠳᠦᠭᠡᠷ ᠪᠦᠯᠦᠭ  ᠠᠷᠠᠯᠵᠢᠶᠠᠨ ᠤ ᠠᠵᠢᠯᠯᠠᠭᠠᠨ      ᠠᠷᠪᠠᠨ ᠳᠥᠷᠪᠡᠳᠦᠭᠡᠷ ᠵᠦᠢᠯ  ᠡᠯ᠎ᠡ ᠱᠠᠲᠤᠨ ᠤ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠪᠥᠬᠦ ᠴᠤᠪᠤᠷᠠᠯ ᠢ ᠡᠯᠧᠺᠲᠷᠣᠨᠴᠢᠯᠠᠬᠤ ᠳᠤ ᠵᠠᠪᠠᠯ ᠬᠡᠷᠡᠭᠰᠡᠬᠦ ᠭᠠᠵᠠᠷ ᠲᠠᠯᠠᠪᠤᠷ ᠪᠠ ᠪᠡᠯᠡᠳᠬᠡᠮᠵᠢ ᠲᠥᠬᠦᠭᠡᠷᠦᠮᠵᠢ ᠪᠠᠶᠢᠬᠤ ᠨᠦᠬᠦᠴᠡᠯ ᠢ ᠪᠦᠷᠢᠯᠳᠦᠭᠦᠯᠵᠦ᠂ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ ᠤ ᠭᠦᠯᠢᠶᠡᠨ ᠰᠠᠭᠠᠲᠠᠬᠤ ᠣᠷᠣᠨ ᠪᠠ ᠳᠠᠭᠠᠭᠠᠴᠢᠯᠠᠯᠲᠠ ᠦᠨᠡᠯᠡᠨ ᠬᠢᠨᠠᠬᠤ ᠣᠷᠣᠨ ᠢ ᠪᠤᠰᠤᠳ ᠣᠷᠣᠨ ᠠᠴᠠ ᠲᠣᠰᠠᠭᠠᠷᠯᠠᠨ ᠲᠣᠬᠢᠷᠠᠭᠤᠯᠬᠤ ᠬᠡᠷᠡᠭᠲᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠤᠭᠰᠠᠨ ᠲᠥᠷᠥᠯ ᠵᠦᠢᠯ ᠳᠤ ᠪᠥᠬᠦ ᠴᠤᠪᠤᠷᠠᠯ ᠤᠨ ᠡᠯᠧᠺᠲᠷᠣᠨᠴᠢᠯᠠᠭᠰᠠᠨ ᠠᠷᠠᠯᠵᠢᠶ᠎ᠠ ᠶᠢ ᠬᠡᠷᠡᠭᠵᠢᠭᠦᠯᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ  ᠲᠥᠷᠥᠯ ᠵᠦᠢᠯ ᠢ ᠡᠭᠦᠰᠭᠡᠨ ᠪᠠᠶᠢᠭᠤᠯᠬᠤ ᠲᠠᠯ᠎ᠠ ᠶᠢᠨ ᠬᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠲᠥᠷᠥᠯ ᠵᠦᠢᠯ ᠢ ᠳᠡᠩᠰᠡᠯᠡᠨ ᠲᠡᠮᠳᠡᠭᠯᠡᠵᠦ᠂ ᠲᠠᠯᠠᠪᠤᠷ ᠭᠠᠵᠠᠷ ᠢ ᠤᠷᠢᠳᠴᠢᠯᠠᠨ ᠪᠣᠯᠵᠣᠵᠤ᠂ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠷᠥᠯ ᠬᠤᠪᠢᠶᠠᠨ ᠬᠠᠮᠢᠶᠠᠷᠬᠤ ᠬᠡᠷᠡᠭᠲᠡᠶ᠃ ᠲᠥᠷᠥᠯ ᠵᠦᠢᠯ ᠢ ᠠᠷᠠᠯᠵᠢᠶᠠᠯᠠᠬᠤ ᠨᠥᠬᠦᠴᠡᠯ ᠨᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠲᠥᠷᠥᠯ ᠵᠦᠢᠯ ᠢ ᠡᠭᠦᠰᠭᠡᠨ ᠪᠠᠶᠢᠭᠤᠯᠤᠭᠰᠠᠨ ᠲᠠᠯ᠎ᠠ ᠶᠢᠨ ᠬᠢᠨ ᠲᠡᠭᠦᠨ ᠤ ᠠᠭᠤᠯᠭ᠎ᠠ ᠶᠢᠨ ᠢᠶᠠᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶ᠎ᠡ ︵http᠄ //gg-zyjy.zx1oil.com/︶ ᠪᠣᠯ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠨᠡᠶᠢᠲᠡᠯᠡᠬᠦ ᠭᠤᠣᠯ ᠵᠠᠭᠤᠴᠢ ᠪᠣᠯᠤᠨ᠎ᠠ᠃      ᠲᠥᠷᠥᠯ ᠵᠦᠢᠯ ᠢ ᠡᠭᠦᠰᠭᠡᠨ ᠪᠠᠶᠢᠭᠤᠯᠬᠤ ᠲᠠᠯ᠎ᠠ ᠶᠢᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠢ ᠦᠨᠳᠦᠰᠦᠯᠡᠨ᠂ ᠡᠯ᠎ᠡ ᠵᠠᠭᠤᠴᠢ ᠳᠤ ᠨᠡᠶᠢᠲᠡᠯᠡᠭᠰᠡᠨ ᠠᠷᠠᠯᠵᠢᠶᠠᠨ ᠤ ᠠᠯᠪᠠᠨ ᠵᠠᠷ᠂ ᠠᠷᠠᠯᠵᠢᠶᠠᠨ ᠤ ᠪᠢᠴᠢᠭ ᠮᠠᠲ᠋ᠧᠷᠢᠶᠠᠯ᠂ ᠮᠡᠳᠡᠭᠡ ᠵᠠᠩᠭᠢ ᠶᠢ ᠬᠤᠪᠢᠷᠠᠭᠠᠬᠤ ᠪᠤᠶᠤ ᠲᠣᠳᠣᠷᠬᠠᠶᠢᠯᠠᠵᠤ ᠥᠭᠬᠦ᠂ ᠪᠤᠰᠤᠳ ᠠᠯᠪᠠᠨ ᠵᠠᠷ ᠪᠠ ᠦᠷ᠎ᠡ ᠳ᠋ᠦᠩ ᠢ ᠢᠯᠡ ᠨᠡᠶᠢᠲᠡᠯᠡᠬᠦ ᠵᠡᠷᠭᠡ ᠠᠷᠠᠯᠵᠢᠶᠠᠨ ᠤ ᠮᠡᠳᠡᠭᠡ ᠵᠠᠩᠭᠢ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶ᠎ᠡ ᠪᠠᠷ ᠨᠡᠶᠢᠲᠡᠯᠡᠭᠰᠡᠨ ᠮᠡᠳᠡᠭᠡ ᠵᠠᠩᠭᠢ ᠯᠤᠭ᠎ᠠ ᠨᠢᠭᠡᠳᠦᠯᠲᠡᠶ ᠪᠠᠶᠢᠯᠭᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ  ᠲᠥᠷᠥᠯ ᠵᠦᠢᠯ ᠤᠨ ᠳᠠᠭᠠᠬᠤ ᠲᠠᠯ᠎ᠠ ᠶᠢᠨ ᠬᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠳᠠᠭᠠᠬᠤ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ᠃ ᠳᠠᠭᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠨᠢᠭᠤᠴᠠᠯᠠᠬᠤ᠂ ᠲᠤᠰᠢᠶᠠᠬᠤ᠂ ᠳᠠᠮᠵᠢᠭᠤᠯᠬᠤ᠂ ᠭᠥᠯᠢᠶᠡᠨ ᠠᠪᠴᠤ ᠨᠤᠲᠠᠯᠠᠨ ᠵᠥᠪᠰᠢᠶᠡᠷᠡᠬᠦ ᠵᠡᠷᠭᠡ ᠠᠵᠢᠯᠯᠠᠭ᠎ᠠ ᠶᠢ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠶᠢᠨ ᠲᠣᠭᠲᠠᠭᠠᠯ ᠳᠤ ᠨᠡᠶᠢᠴᠡᠭᠦᠯᠬᠦ ᠶᠢᠨ ᠬᠠᠮᠲᠤ᠂ ᠲᠥᠷᠥᠯ ᠵᠦᠢᠯ ᠤᠨ ᠡᠭᠦᠰᠭᠡᠨ ᠪᠠᠶᠢᠭᠤᠯᠬᠤ ᠲᠠᠯ᠎ᠠ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠲᠥᠷᠥᠯ ᠵᠦᠢᠯ ᠤᠨ ᠳᠠᠭᠠᠬᠤ ᠲᠠᠯ᠎ᠠ ᠶᠢᠨ ᠬᠢᠨ ᠲᠡᠭᠦᠨ ᠤ ᠳᠠᠭᠠᠬᠤ ᠪᠢᠴᠢᠭ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ  ᠲᠥᠷᠥᠯ ᠵᠦᠢᠯ ᠤᠨ ᠡᠭᠦᠰᠭᠡᠨ ᠪᠠᠶᠢᠭᠤᠯᠬᠤ ᠲᠠᠯ᠎ᠠ ᠶᠢᠨ ᠬᠢᠨ ᠪᠠᠲᠤᠯᠠᠭ᠎ᠠ ᠶᠢᠨ ᠮᠥᠩᠭᠦ ᠲᠤᠰᠢᠶᠠᠯᠭᠠᠬᠤ ᠪᠠᠷ ᠱᠠᠭᠠᠷᠳᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠪᠠᠲᠤᠯᠠᠭ᠎ᠠ ᠶᠢᠨ ᠮᠦᠩᠭᠦᠨ ᠤ ᠵᠣᠭᠤᠰ ᠤᠨ ᠲᠤᠭ᠎ᠠ ᠶᠢ ᠲᠣᠭᠲᠠᠭᠠᠬᠤ ᠬᠡᠷᠡᠭᠲᠡᠶ᠃ ᠵᠣᠭᠤᠰᠣᠨ ᠤ ᠬᠡᠯᠪᠡᠷᠢ ᠪᠠᠷ ᠪᠠᠲᠤᠯᠠᠭ᠎ᠠ ᠶᠢᠨ ᠮᠥᠩᠭᠦ ᠲᠤᠰᠢᠶᠠᠬᠤ ᠳᠤ ᠲᠥᠷᠥᠯ ᠵᠦᠢᠯ ᠤᠨ ᠳᠠᠭᠠᠬᠤ ᠲᠠᠯ᠎ᠠ ᠶᠢᠨ ᠦᠨᠳᠦᠰᠦᠨ ᠳᠠᠩᠰᠠᠨ ᠡᠷᠦᠬᠡ ᠠᠴᠠ ᠰᠢᠯᠵᠢᠭᠦᠯᠦᠨ ᠭᠠᠷᠭᠠᠬᠤ ᠶᠢ ᠰᠣᠩᠭᠤᠬᠤ ᠬᠡᠷᠡᠭᠲᠡᠶ᠃ ᠡᠯᠧᠺᠲᠷᠣᠨ ᠪᠠᠲᠤᠯᠠᠭ᠎ᠠ ᠶᠢᠨ ᠵᠠᠬᠢᠳᠠᠯ ᠤᠨ ᠠᠷᠭ᠎ᠠ ᠮᠠᠶ᠋ᠢᠭ ᠢᠶᠠᠷ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠵᠣᠷᠢᠭᠵᠢᠭᠤᠯᠤᠨ᠎ᠠ᠃      ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠪᠠᠲᠤᠯᠠᠭ᠎ᠠ ᠶᠢᠨ ᠮᠥᠩᠭᠦ ᠶᠢ ᠣᠷᠣᠯᠠᠨ ᠬᠤᠷᠢᠶᠠᠵᠤ ᠣᠷᠣᠯᠠᠨ ᠬᠠᠮᠢᠶᠠᠷᠬᠤ ᠦᠢᠯᠡᠴᠢᠯᠡᠭᠡ ᠬᠠᠩᠭᠠᠵᠤ ᠪᠣᠯᠤᠨ᠎ᠠ᠃      ᠠᠷᠪᠠ ᠶᠢᠰᠦᠳᠦᠭᠡᠷ ᠵᠦᠢᠯ  ᠠᠷᠠᠯᠵᠢᠶᠠᠨ ᠤ ᠲᠥᠷᠥᠯ ᠵᠦᠢᠯ ᠨᠢ ᠳᠠᠭᠠᠭᠠᠴᠢᠯᠠᠯᠲᠠ ᠦᠨᠡᠯᠡᠨ ᠬᠢᠨᠠᠬᠤ ᠴᠢᠬᠤᠯᠠᠲᠠᠶ ᠪᠠᠶᠢᠪᠠᠯ᠂ ᠲᠥᠷᠥᠯ ᠵᠦᠢᠯ ᠢ ᠡᠭᠦᠰᠭᠡᠨ ᠪᠠᠶᠢᠭᠤᠯᠤᠭᠰᠠᠨ ᠲᠠᠯ᠎ᠠ ᠶᠢᠨ ᠬᠢᠨ ᠪᠦᠬᠦ ᠣᠷᠣᠨ ᠤ ᠨᠢᠭᠡᠳᠦᠯᠲᠡᠶ ᠶᠡᠷᠦᠩᠬᠡᠶᠢᠯᠡᠭᠰᠡᠨ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠱᠠᠭᠠᠷᠳᠠᠭᠳᠠᠬᠤ ᠲᠤᠰᠬᠠᠶ ᠮᠡᠷᠭᠡᠵᠢᠯᠲᠡᠨ ᠢ ᠲᠠᠰᠢᠷᠠᠮ ᠢᠶᠠᠷ ᠰᠤᠭᠤᠴᠢᠨ ᠭᠠᠷᠭᠠᠬᠤ ᠬᠡᠷᠡᠭᠳᠡᠢ᠃      ᠲᠤᠰᠬᠠᠶ ᠮᠡᠷᠭᠡᠵᠢᠯᠲᠡᠨ ᠢ ᠰᠤᠭᠤᠴᠢᠨ ᠭᠠᠷᠭᠠᠬᠤ ᠳᠤ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃      ᠬᠤᠷᠢᠳᠤᠭᠠᠷ ᠵᠦᠢᠯ  ᠲᠥᠷᠥᠯ ᠵᠦᠢᠯ ᠤᠨ ᠳᠠᠭᠠᠭᠠᠴᠢᠯᠠᠯᠲᠠ ᠨᠡᠶᠢᠲᠡᠯᠡᠬᠦ ᠳᠤ ᠡᠩ ᠤᠨ ᠪᠠᠶᠢᠳᠠᠯ ᠳᠤ ᠨᠢᠭᠤᠷᠳᠠᠨ ᠵᠣᠯᠭᠠᠬᠤ ᠥᠬᠡᠶ ᠪᠠᠷ ᠡᠯᠧᠺᠲᠷᠣᠨ ᠳᠠᠭᠠᠭᠠᠴᠢᠯᠠᠯᠲᠠ ᠨᠡᠶᠢᠲᠡᠯᠡᠬᠦ ᠠᠷᠭ᠎ᠠ ᠮᠠᠶ᠋ᠢᠭ ᠢ ᠠᠪᠴᠤ᠂ ᠠᠷᠠᠯᠵᠢᠶᠠᠨ ᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ᠂ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠰᠦᠯᠵᠢᠶ᠎ᠡ ᠪᠠᠷ ᠶᠠᠪᠤᠭᠳᠠᠭᠤᠯᠤᠨ᠎ᠠ᠂ ᠡᠭᠦᠨ ᠳᠤ ᠤᠯᠤᠰ ᠤᠨ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠳᠤ ᠬᠤᠯᠪᠣᠭᠳᠠᠭᠰᠠᠨ ᠣᠨᠴᠠᠭᠠᠢ ᠱᠠᠭᠠᠷᠳᠠᠯᠭ᠎ᠠ ᠲᠠᠢ ᠲᠥᠷᠥᠯ ᠵᠦᠢᠯ ᠪᠠᠭᠲᠠᠬᠤ ᠥᠬᠡᠶ᠃      ᠬᠤᠷᠢᠨ ᠨᠢᠭᠡᠳᠦᠭᠡᠷ ᠵᠦᠢᠯ  ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠨᠢ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠭᠠᠭᠠᠴᠢᠯᠠᠯᠲᠠ ᠦᠨᠡᠯᠡᠨ ᠬᠢᠨᠠᠵᠦ᠂ ᠬᠠᠤᠯᠢ ᠲᠣᠭᠲᠠᠭᠠᠯ ᠶᠣᠰᠣᠭᠠᠷ ᠳᠣᠰᠠᠭᠠᠷ ᠰᠠᠨᠠᠯ ᠳᠤᠷᠠᠳᠬᠤ ᠬᠡᠷᠡᠭᠲᠡᠶ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠭᠡᠳ ᠲᠤᠰᠬᠠᠶ ᠮᠡᠷᠭᠡᠵᠢᠯᠲᠡᠨ ᠤ ᠲᠣᠰᠠᠭᠠᠷ ᠢᠶᠠᠨ ᠳᠠᠭᠠᠭᠠᠴᠢᠯᠠᠯᠲᠠ ᠦᠨᠡᠯᠡᠨ ᠬᠢᠨᠠᠬᠤ ᠶᠢ ᠬᠠᠷᠰᠢᠯᠠᠨ ᠵᠢᠯᠤᠭᠤᠳᠴᠤ ᠪᠣᠯᠬᠤ ᠥᠬᠡᠶ᠃      ᠳᠠᠭᠠᠭᠠᠴᠢᠯᠠᠯᠲᠠ ᠦᠨᠡᠯᠡᠨ ᠬᠢᠨᠠᠬᠤ ᠺᠣᠮᠢᠰ ᠨᠢ ᠲᠥᠷᠥᠯ ᠵᠦᠢᠯ ᠡᠭᠦᠰᠭᠡᠨ ᠪᠠᠶᠢᠭᠤᠯᠬᠤ ᠲᠠᠯ᠎ᠠ ᠳᠤ ᠳᠠᠭᠠᠭᠠᠴᠢᠯᠠᠯᠲᠠ ᠦᠨᠡᠯᠡᠨ ᠬᠢᠨ᠋ᠬᠠᠰᠠᠨ ᠮᠡᠳᠡᠭᠦᠯᠦᠯᠲᠡ ᠲᠤᠰᠢᠶᠠᠵᠤ᠂ ᠳᠠᠭᠠᠭᠠᠴᠢᠯᠠᠯᠲᠠ ᠤᠨᠤᠬᠤ ︵ᠠᠷᠠᠯᠵᠢᠶ᠎ᠠ ᠪᠦᠲᠦᠬᠦ︶ ᠪᠠᠷ ᠵᠢᠱᠢᠭᠳᠡᠭᠰᠡᠳ ᠤᠨ ᠨᠡᠷᠡᠰ ᠢ ᠲᠠᠨᠢᠯᠴᠠᠭᠤᠯᠬᠤ ᠪᠤᠶᠤ ᠳᠠᠭᠠᠭᠠᠴᠢᠯᠠᠯᠲᠠ ᠤᠨᠤᠨᠨᠰᠠᠨ ︵ᠠᠷᠠᠯᠵᠢᠶ᠎ᠠ ᠪᠦᠲᠦᠭᠰᠡᠨ︶ ᠬᠥᠮᠦᠨ ᠢ ᠲᠣᠭᠲᠠᠭᠠᠬᠤ ᠬᠡᠷᠡᠭᠲᠡᠶ᠃      ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠪᠥᠬᠦ ᠣᠷᠣᠨ ᠤ ᠨᠢᠭᠡᠳᠦᠯᠲᠡᠶ ᠶᠡᠷᠦᠩᠬᠡᠶᠢᠯᠡᠭᠰᠡᠨ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠳᠤ ᠲᠦᠰᠢᠭᠯᠡᠨ᠂ ᠤᠨᠳᠤᠤ ᠭᠠᠵᠠᠷ ᠲᠤ ᠠᠯᠤᠰ ᠠᠴᠠ ᠳᠠᠭᠠᠭᠠᠴᠢᠯᠠᠯᠲᠠ ᠦᠨᠡᠯᠡᠨ ᠬᠢᠨᠠᠬᠤ ᠶᠢ ᠪᠠᠶᠢᠩᠭᠤᠵᠢᠭᠤᠯᠵᠤ᠂ ᠰᠢᠯᠢᠳᠡᠭ ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠢ ᠬᠠᠮᠲᠤ ᠳᠤ ᠪᠠᠨ ᠭᠥᠷᠳᠡᠵᠦ᠂ ᠳᠠᠭᠠᠭᠠᠴᠢᠯᠠᠯᠲᠠ ᠦᠨᠡᠯᠡᠨ ᠬᠢᠨᠠᠬᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃      ᠬᠤᠷᠢᠨ ᠬᠤᠶᠠᠳᠤᠭᠠᠷ ᠵᠦᠢᠯ  ᠲᠥᠷᠥᠯ ᠵᠦᠢᠯ ᠢ ᠡᠭᠦᠰᠭᠡᠨ ᠪᠠᠶᠢᠭᠤᠯᠬᠤ ᠲᠠᠯ᠎ᠠ ᠶᠢᠨ ᠬᠢᠨ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭᠠᠨ ᠳᠤ ᠠᠷᠠᠯᠵᠢᠶᠠᠨ ᠤ ᠦᠷ᠎ᠡ ᠳ᠋ᠦᠩ ᠳᠤ ᠨᠤᠲᠠᠯᠠᠯᠲᠠ ᠬᠢᠬᠦ ᠶᠢᠨ ᠬᠠᠮᠲᠤ᠂ ᠨᠡᠶᠢᠲᠡ ᠳᠤ ᠵᠠᠷᠯᠠᠬᠤ ᠪᠤᠶᠤ ᠮᠡᠳᠡᠭᠡ ᠵᠠᠩᠭᠢ ᠨᠡᠶᠢᠲᠡᠯᠡᠬᠦ ᠬᠡᠷᠡᠭᠲᠡᠶ᠃      ᠬᠤᠷᠢᠨ ᠭᠤᠷᠪᠠᠳᠤᠭᠠᠷ ᠵᠦᠢᠯ  ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭᠠᠨ ᠳᠤ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠭᠡᠷ᠎ᠡ ᠲᠣᠭᠲᠠᠬᠤ ᠪᠤᠶᠤ ᠲᠣᠭᠲᠠᠭᠰᠠᠨ ᠭᠡᠷ᠎ᠡ ᠪᠠᠨ ᠳᠠᠪᠴᠠᠩ ᠳᠤ ᠳᠠᠮᠵᠢᠭᠤᠯᠬᠤ ᠬᠡᠷᠡᠭᠲᠡᠶ᠂ ᠭᠡᠷ᠎ᠡ ᠶᠢᠨ ᠪᠣᠳᠠᠳᠤ ᠠᠭᠤᠯᠭ᠎ᠠ ᠠᠴᠠ ᠲᠡᠷᠰᠯᠡᠭᠰᠡᠨ ᠪᠤᠰᠤᠳ ᠵᠥᠪᠯᠡᠯᠴᠡᠭᠡᠷ ᠢ ᠳᠠᠯᠳᠠᠭᠤᠷ ᠲᠣᠭᠲᠠᠵᠤ ᠪᠣᠯᠬᠤ ᠥᠬᠡᠶ᠃      ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠡᠷ᠎ᠡ ᠶᠢ ᠳᠠᠩᠰᠠᠨ ᠳᠤ ᠲᠡᠮᠳᠡᠭᠯᠡᠬᠦ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ ᠲᠡᠷᠡ ᠲᠣᠭᠲᠠᠭᠠᠯ ᠢᠶᠠᠷ ᠬᠡᠷᠡᠭᠵᠢᠬᠦᠯᠦᠨ᠎ᠡ᠃      ᠬᠤᠷᠢᠨ ᠳᠥᠷᠪᠡᠳᠦᠭᠡᠷ ᠵᠦᠢᠯ  ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠲᠥᠷᠥᠯ ᠵᠦᠢᠯ ᠤᠨ ᠠᠷᠠᠯᠵᠢᠶᠠᠨ ᠤ ᠪᠥᠬᠦ ᠶᠠᠪᠤᠴᠠ ᠶᠢ ᠴᠠᠭ ᠲᠤᠬᠠᠶ ᠳᠤ ᠨᠢ ᠭᠡᠷᠡᠴᠢᠯᠡᠵᠦ᠂ ᠬᠡᠷᠡᠴᠢᠯᠡᠬᠦ ᠲᠡᠮᠳᠡᠭᠯᠡᠯ ᠢ ᠲᠠᠭᠯᠠᠬᠤ ᠬᠡᠷᠡᠭᠲᠡᠶ᠃      ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠶᠢᠨ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠰᠢᠩᠬᠡᠬᠡᠨ ᠲᠡᠮᠳᠡᠭᠯᠡᠵᠦ᠂ ᠬᠤᠷᠢᠭᠯᠠᠨ ᠵᠣᠭᠰᠣᠭᠠᠬᠤ ᠪᠠ ᠵᠠᠰᠠᠨ ᠵᠠᠯᠠᠷᠠᠭᠤᠯᠬᠤ ᠬᠡᠷᠡᠭᠲᠡᠶ︔ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤ ᠨᠢ ᠬᠡᠯᠡᠵᠦ ᠰᠠᠨᠠᠭᠤᠯᠤᠨ᠂ ᠰᠢᠩᠬᠡᠬᠡᠨ ᠲᠡᠮᠳᠡᠭᠯᠡᠵᠦ᠂ ᠭᠡᠷᠡᠴᠢ ᠪᠠᠷᠢᠮᠲᠠ ᠪᠠᠨ ᠬᠠᠳᠠᠭᠠᠯᠠᠬᠤ ᠶᠢᠨ ᠬᠠᠮᠲᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠳᠡᠬᠦ ᠬᠡᠷᠡᠭᠲᠡᠶ᠃      ᠬᠤᠷᠢᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠪᠥᠬᠦ ᠣᠷᠣᠨ ᠤ ᠨᠢᠭᠡᠳᠦᠯᠲᠡᠶ ᠡᠯᠧᠺᠲᠷᠣᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠠᠷᠠᠯᠵᠢᠶᠠᠨ ᠤ ᠪᠥᠬᠦ ᠶᠠᠪᠤᠴᠠ ᠳᠤ ᠪᠣᠶ ᠪᠣᠯᠤᠭᠰᠠᠨ ᠡᠯᠧᠺᠲᠷᠣᠨ ᠪᠢᠴᠢᠭ ᠮᠠᠲ᠋ᠧᠷᠢᠶᠠᠯ ᠂ ᠤᠭ ᠲᠤᠭ᠎ᠠ ᠪᠠᠷᠢᠮᠲᠠ᠂ ᠲᠠᠭᠤ ᠳᠦᠷᠰᠦ ᠰᠢᠩᠭᠡᠭᠡᠯᠲᠡ ᠶᠢ ᠲᠥᠷᠥᠯ ᠬᠤᠪᠢᠶᠠᠨ ᠡᠮᠬᠢᠯᠡᠵᠦ ᠳᠠᠩᠰᠠᠨ ᠳᠤ ᠣᠷᠤᠭᠤᠯᠤᠨ ᠬᠠᠳᠠᠭᠠᠯᠠᠬᠤ ᠬᠡᠷᠡᠭᠲᠡᠶ᠂ ᠬᠠᠳᠠᠭᠠᠯᠠᠬᠤ ᠬᠤᠭᠤᠴᠠᠭ᠎ᠠ ᠨᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃      ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠢᠨᠠᠨ ᠪᠤᠳᠤᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠵᠢᠴᠢ ᠬᠠᠤᠯᠢ ᠴᠠᠭᠠᠵᠠ ᠂ ᠬᠥᠨᠳᠡᠯᠡᠨ ᠠᠴᠠ ᠲᠠᠰᠤᠯᠬᠤ ᠪᠠᠶᠢᠭᠤᠯᠭ᠎ᠠ ᠶᠢᠨ ᠬᠢᠨ ᠤ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠢ ᠬᠠᠤᠯᠢ ᠶᠣᠰᠣᠭᠠᠷ ᠰᠢᠯᠵᠢᠭᠦᠯᠦᠨ ᠠᠪᠠᠴᠢᠬᠤ ᠳᠤ ᠬᠠᠮᠵᠢᠯᠴᠠᠬᠤ ᠬᠡᠷᠡᠭᠲᠡᠶ᠃      ᠬᠤᠷᠢᠨ ᠵᠢᠷᠭᠤᠳᠤᠭᠠᠷ ᠵᠦᠢᠯ  ᠲᠥᠷᠥᠯ ᠵᠦᠢᠯ ᠤᠨ ᠳᠠᠭᠠᠬᠤ ᠲᠠᠯ᠎ᠠ ᠵᠢᠴᠢ ᠪᠤᠰᠤᠳ ᠠᠰᠢᠭ ᠬᠤᠤᠷ ᠤᠨ ᠬᠠᠷᠢᠴᠠᠭ᠎ᠠ ᠲᠠᠢ ᠭᠦᠮᠦᠰ ᠠᠷᠠᠯᠵᠢᠶᠠᠨ ᠤ ᠪᠢᠴᠢᠭ ᠮᠠᠲ᠋ᠧᠷᠢᠶᠠᠯ᠂ ᠠᠷᠠᠯᠵᠢᠶᠠᠯᠠᠬᠤ ᠶᠠᠪᠤᠴᠠ᠂ ᠠᠷᠠᠯᠵᠢᠶᠠᠨ ᠤ ᠦᠷ᠎ᠡ ᠳ᠋ᠦᠩ ᠨᠢ ᠲᠡᠳᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠲᠥᠷᠥᠯ ᠵᠦᠢᠯ ᠤᠨ ᠡᠭᠦᠰᠭᠡᠨ ᠪᠠᠶᠢᠭᠤᠯᠬᠤ ᠲᠠᠯ᠎ᠠ᠂ ᠣᠷᠣᠯᠠᠨ ᠭᠦᠢᠴᠡᠳᠬᠡᠬᠦ ᠪᠠᠶᠢᠭᠤᠯᠤᠮᠵᠢ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠤᠨᠳᠤᠤ ᠰᠠᠨᠠᠯ ᠭᠠᠷᠭᠠᠬᠤ᠂ ᠰᠡᠵᠢᠭᠯᠡᠯ ᠲᠤᠷᠠᠳᠬᠤ ᠪᠤᠶᠤ ᠵᠠᠭᠠᠯᠳᠤᠯᠭ᠎ᠠ ᠬᠢᠵᠦ ᠪᠣᠯᠤᠨ᠎ᠠ᠃ ᠲᠥᠷᠥᠯ ᠵᠦᠢᠯ ᠤᠨ ᠡᠭᠦᠰᠭᠡᠨ ᠪᠠᠶᠢᠭᠤᠯᠬᠤ ᠲᠠᠯ᠎ᠠ ᠪᠤᠶᠤ ᠲᠡᠭᠦᠨ ᠤ ᠡᠷᠬᠡ ᠣᠯᠭᠤᠵᠤ ᠨᠠᠶᠢᠳᠠᠭᠰᠠᠨ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠤᠨᠳᠤᠤ ᠰᠠᠨᠠᠯ᠂ ᠰᠡᠵᠢᠭᠯᠡᠯ ᠳᠤ ᠬᠠᠤᠯᠢ ᠶᠣᠰᠣᠭᠠᠷ ᠬᠠᠷᠢᠭᠤᠯᠲᠠ ᠥᠭᠴᠦ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠭᠠᠯᠳᠤᠭᠰᠠᠨ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠳᠡᠢ᠃      ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠨᠳᠤᠤ ᠰᠠᠨᠠᠯ᠂ ᠰᠡᠵᠢᠭᠯᠡᠯ᠂ ᠵᠠᠭᠠᠯᠳᠤᠯᠭ᠎ᠠ ᠶᠢ ᠰᠦᠯᠵᠢᠶ᠎ᠡ ᠪᠠᠷ ᠭᠦᠢᠴᠡᠳᠬᠡᠬᠦ ᠵᠠᠮ ᠮᠥᠷ ᠢ ᠰᠢᠯᠤᠭᠤᠳᠬᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠨ᠂ ᠲᠤᠭ᠎ᠠ ᠪᠠᠷᠢᠮᠳᠠ ᠶᠢ ᠢᠵᠢᠯ ᠠᠯᠬᠤᠮ ᠢᠶᠠᠷ ᠬᠠᠮᠲᠤ ᠳᠤ ᠪᠠᠨ ᠭᠥᠷᠳᠡᠬᠦ ᠶᠢ ᠪᠡᠶᠡᠯᠡᠭᠦᠯᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠭᠦᠯᠢᠶᠡᠬᠦ ᠬᠡᠷᠡᠭᠳᠡᠢ᠃      ᠲᠠᠪᠤᠳᠤᠭᠠᠷ ᠪᠦᠯᠦᠭ  ᠠᠷᠠᠯᠵᠢᠶᠠᠨ ᠤ ᠪᠠᠲᠤᠯᠠᠭ᠎ᠠ

        365赢多少钱会被限额_国内有真正的365平台吗_365bet博彩官网

              ᠬᠤᠷᠢᠨ ᠳᠣᠯᠣᠳᠤᠭᠠᠷ ᠵᠦᠢᠯ  ᠪᠥᠬᠦ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠳ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠲᠣᠭᠲᠠᠯᠴᠠᠭ᠎ᠠ ᠶᠢ ᠪᠦᠷᠢᠯᠳᠦᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ 5G᠂ ᠵᠣᠬᠢᠶᠠᠮᠠᠯ ᠣᠶᠤᠨ᠂ ᠲᠣᠮᠣ ᠳ᠋ᠠᠶᠢᠲ᠋ᠠ᠂ ᠬᠡᠰᠡᠭ ᠤᠳ ᠤᠨ ᠬᠡᠯᠬᠢᠶ᠎ᠡ᠂ ᠡᠭᠦᠯᠡᠨ ᠪᠤᠳᠤᠯᠲᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠰᠢᠨ᠎ᠡ ᠡᠭᠦᠳᠦᠯᠲᠡ ᠲᠠᠢ ᠪᠠᠷ ᠬᠡᠷᠡᠭᠯᠡᠵᠦ᠂ ᠡᠯᠧᠺᠲᠷᠣᠨᠴᠢᠯᠠᠭᠰᠠᠨ ᠠᠷᠠᠯᠵᠢᠶ᠎ᠠ ᠪᠠ ᠲᠣᠭᠠᠵᠢᠭᠤᠯᠤᠭᠰᠠᠨ ᠬᠤᠪᠢᠷᠠᠭᠠᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠠᠮᠢᠶ᠎ᠠ ᠪᠥᠬᠦᠶ ᠬᠦᠷᠢᠶ᠎ᠡ ᠴᠠᠷᠠᠭᠠᠨ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡ ᠬᠠᠩᠭᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠪᠦᠬᠦ ᠣᠷᠣᠨ ᠤ ᠨᠢᠭᠡᠳᠦᠯᠲᠡᠶ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠰᠠᠭᠤᠷᠢ ᠲᠠᠪᠴᠠᠩ ᠪᠠᠶᠢᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ︽ᠪᠦᠬᠦ ᠣᠷᠣᠨ ᠤ ᠨᠢᠬᠡᠳᠪᠦᠷᠢ ᠰᠦᠯᠵᠢᠶ᠎ᠡ︾ ᠫᠤᠷᠲ᠋ᠧᠯ ᠰᠦᠯᠵᠢᠶ᠎ᠡ ᠪᠠ ᠶᠡᠷᠦᠩᠬᠡᠶᠢᠯᠡᠭᠰᠡᠨ ᠦᠢᠯᠡᠴᠢᠯᠡᠭᠡ᠂ ᠶᠡᠷᠦᠩᠬᠡᠶᠢᠯᠡᠭᠰᠡᠨ ᠠᠷᠠᠯᠵᠢᠶ᠎ᠠ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠵᠡᠷᠭᠡ ᠴᠢᠳᠠᠮᠵᠢ ᠶᠢ ᠳᠠᠭᠠᠭᠠᠨ ᠡᠭᠦᠷᠭᠡᠯᠡᠵᠦ᠂ ᠪᠦᠬᠦ ᠣᠷᠣᠨ ᠤ ᠡᠯ᠎ᠡ ᠭᠠᠵᠠᠷ ᠣᠷᠣᠨ᠂ ᠡᠯ᠎ᠡ ᠠᠵᠢᠯ ᠲᠦᠷᠦᠯ ᠤᠨ ᠲᠠᠪᠴᠠᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠬᠠᠷᠢᠭᠤᠴᠠᠵᠤ᠂ ᠠᠷᠠᠯᠵᠢᠶᠠᠨ ᠤ ᠳᠦᠷᠢᠮ᠂ ᠴᠤᠪᠤᠷᠠᠯ᠂ ᠦᠷ᠎ᠡ ᠳ᠋ᠦᠩ᠂ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠵᠡᠷᠭᠡ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠶ᠃      ᠠᠷᠠᠯᠵᠢᠶᠠᠨ ᠤ ᠲᠠᠪᠴᠠᠩ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ᠂ ᠡᠯᠧᠺᠲᠷᠣᠨ ᠠᠷᠠᠯᠵᠢᠶᠠᠨ ᠤ ᠰᠢᠰᠲ᠋ᠧᠮ ᠪᠠ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠪᠠᠭᠳᠠᠵᠦ᠂ ︽ᠨᠢᠭᠡ ᠲᠠᠪᠴᠠᠩ ᠭᠤᠷᠪᠠᠨ ᠰᠢᠰᠲ᠋ᠧᠮ︾ ᠤᠨ ᠪᠦᠷᠢᠯᠳᠦᠴᠡ ᠳᠤ ᠪᠥᠬᠦ ᠶᠠᠪᠤᠴᠠ ᠶᠢᠨ ᠵᠢᠷᠤᠮᠵᠢᠭᠰᠠᠨ ᠦᠢᠯᠡᠴᠢᠯᠡᠭᠡ᠂ ᠪᠥᠬᠦ ᠴᠤᠪᠤᠷᠠᠯ ᠤᠨ ᠡᠯᠧᠺᠲᠷᠣᠨᠴᠢᠯᠠᠭᠰᠠᠨ ᠠᠷᠠᠯᠵᠢᠶ᠎ᠠ᠂ ᠪᠥᠬᠦ ᠲᠠᠯ᠎ᠠ ᠶᠢᠨ ᠤᠶᠤᠨᠴᠢᠯᠬᠠᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃      ᠬᠤᠷᠢ ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠢᠰᠲ᠋ᠧᠮ ᠢ ᠨᠡᠭᠡᠭᠡᠨ ᠠᠰᠢᠭᠯᠠᠬᠤ ᠳᠤ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠰᠢᠨ᠎ᠡ ᠶᠢ ᠡᠭᠦᠳᠬᠦ ᠲᠥᠷᠥᠯ ᠵᠦᠢᠯ ᠤᠨ ᠮᠡᠷᠭᠡᠵᠢᠯ ᠤᠨ ᠳᠠᠷᠠᠭᠠᠯᠠᠯ ᠤᠨ ᠳᠣᠭᠢᠷᠠᠬᠤ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ ᠭᠤᠷᠪᠠᠳᠠᠬᠢ ᠡᠲᠡᠭᠡᠳ ᠤᠨ ᠠᠷᠠᠯᠵᠢᠶᠡᠨ ᠤ ᠰᠢᠰᠲ᠋ᠧᠮ ᠳᠤ ᠳ᠋ᠠᠶᠢᠲ᠋ᠠ ᠶᠢᠨ ᠵᠠᠯᠭᠠᠰᠤ ᠶᠢ ᠨᠡᠭᠡᠭᠡᠵᠦ᠂ ᠵᠠᠯᠭᠠᠰᠤ ᠶᠢᠨ ᠱᠠᠭᠠᠷᠳᠠᠯᠭ᠎ᠠ ᠶᠢ ᠨᠡᠶᠢᠲᠡᠯᠡᠬᠦ ᠬᠡᠷᠡᠭᠲᠡᠶ᠃ ᠤᠯᠤᠰ ᠤᠨ ᠭᠡᠷᠡᠴᠢᠯᠡᠵᠦ ᠪᠠᠶᠢᠴᠠᠭᠠᠨ ᠰᠢᠨᠵᠢᠬᠦ ᠪᠠᠶᠢᠭᠤᠯᠤᠮᠵᠢ ᠪᠠᠷ ᠳᠠᠮᠵᠢᠨ ᠬᠡᠷᠡᠴᠢᠯᠡᠭᠳᠡᠭᠰᠡᠨ ᠭᠤᠷᠪᠠᠳᠠᠬᠢ ᠡᠲᠡᠭᠡᠳ ᠤᠨ ᠠᠷᠠᠯᠵᠢᠶ᠎ᠠ ᠶᠢᠨ ᠰᠢᠰᠲ᠋ᠧᠮ ᠨᠢ ᠦᠪᠡᠷ ᠳᠤᠷ᠎ᠠ ᠠᠴᠠ ᠪᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠳᠤ ᠤᠷᠤᠵᠦ ᠪᠣᠯᠤᠨ᠎ᠠ᠃ ᠭᠤᠷᠪᠠᠳᠠᠬᠢ ᠡᠲᠡᠭᠡᠳ ᠤᠨ ᠠᠷᠠᠯᠵᠢᠶᠠᠨ ᠤ ᠰᠢᠰᠲ᠋ᠧᠮ ᠵᠢᠴᠢ ᠲᠡᠭᠦᠨ ᠤ ᠠᠵᠢᠯᠯᠠᠭᠤᠯᠵᠤ ᠡᠵᠡᠩᠨᠡᠬᠦ ᠪᠠᠶᠢᠭᠤᠯᠤᠮᠵᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠪᠠ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ᠃      ᠭᠤᠴᠢᠳᠤᠭᠠᠷ ᠵᠦᠢᠯ  ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶ᠎ᠡ ᠪᠠᠷ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠳᠤ ᠳᠤ ᠪᠠᠨ ᠭᠦᠷᠲᠡᠬᠦ ᠲᠠᠪᠴᠠᠩ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠲᠠᠪᠴᠠᠩ ᠵᠡᠷᠭᠡ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠤᠨᠨᠴᠠ ᠶᠢᠨ ᠮᠡᠳᠡᠭᠡ ᠵᠠᠩᠭᠢ᠂ ᠠᠷᠠᠯᠵᠢᠶᠠᠨ ᠤ ᠮᠡᠳᠡᠭᠡ ᠵᠠᠩᠭᠢ᠂ ᠢᠲᠡᠭᠡᠮᠵᠢ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠡᠷᠭᠡ ᠮᠡᠳᠡᠭᠡ ᠵᠠᠩᠭᠢ ᠶᠢ ᠪᠥᠬᠦ ᠣᠷᠣᠨ ᠳᠤ ᠵᠡᠷᠭᠡ ᠪᠠᠷ ᠬᠠᠮᠲᠤ ᠳᠤ ᠨᠢ ᠬᠦᠷᠲᠡᠭᠡᠬᠦ᠂ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠬᠦ ᠬᠡᠷᠡᠭᠲᠡᠶ᠃      ᠭᠤᠴᠢᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠠᠷᠠᠯᠵᠢᠶᠡᠨ ᠤ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠨᠢᠭᠡᠳᠦᠯᠲᠡᠶ ᠦᠵᠦᠭᠦᠷ ᠢ ᠭᠠᠷᠭᠠᠵᠦ᠂ ᠡᠯ᠎ᠡ ᠠᠶᠢᠮᠠᠭ ᠬᠤᠲᠠ ᠶᠢᠨ ᠡᠯᠧᠺᠲᠷᠣᠨ ᠠᠷᠠᠯᠵᠢᠶᠡᠨ ᠤ ᠰᠢᠰᠲ᠋ᠧᠮ ᠯᠦᠭᠡ ᠪᠠᠷᠢᠮᠵᠢᠶ᠎ᠠ ᠨᠢᠭᠡᠳᠦᠯᠲᠡᠶ ᠲᠤᠭ᠎ᠠ ᠪᠠᠷᠢᠮᠲᠠ ᠵᠠᠯᠭᠠᠭᠤᠯᠬᠤ ᠶᠢ ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠲᠣᠰ ᠵᠠᠰᠠᠭ ᠵᠠᠬᠢᠷᠭᠠᠨ ᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠭ᠎ᠠ ᠪᠠᠷᠢᠮᠲᠠ ᠶᠢ ᠴᠤᠭᠯᠠᠭᠤᠯᠤᠨ ᠨᠡᠶᠢᠯᠡᠭᠦᠯᠬᠦ᠂ ᠡᠮᠬᠢᠯᠡᠨ ᠵᠠᠳᠠᠯᠬᠤ ᠪᠠ ᠳᠡᠭᠡᠭᠰᠢ ᠮᠡᠳᠡᠭᠦᠯᠬᠦ ᠵᠡᠷᠭᠡ ᠠᠵᠢᠯ ᠢ ᠬᠠᠷᠢᠭᠤᠴᠠᠵᠤ᠂ ᠬᠤᠷᠸ᠎ᠠ ᠠᠵᠤ ᠠᠬᠤᠶ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠯᠵᠢᠶᠡᠨ ᠤ ᠵᠠᠬ᠎ᠠ ᠳᠡᠯᠭᠡᠭᠦᠷ ᠢ ᠵᠢᠷᠤᠮᠵᠢᠭᠤᠯᠬᠤ ᠳᠤ ᠯᠠᠪᠯᠠᠯᠲᠠ ᠪᠠ ᠳᠡᠮᠵᠢᠯᠭᠡ ᠬᠠᠩᠭᠠᠬᠤ ᠬᠡᠷᠡᠭᠲᠡᠶ᠃      ᠭᠤᠴᠢᠨ ᠬᠤᠶᠠᠳᠤᠭᠠᠷ ᠵᠦᠢᠯ  ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠣᠯᠠᠨ ᠲᠥᠷᠥᠯ ᠬᠡᠯᠪᠡᠷᠢ᠂ ᠣᠯᠠᠨ ᠵᠠᠭᠤᠴᠢᠲᠤ ᠲᠣᠭᠠᠵᠢᠭᠤᠯᠤᠭᠰᠠᠨ ᠦᠨᠡᠮᠯᠡᠯ ︵CA︶ ᠤᠳ ᠤᠨ ᠬᠠᠷᠢᠯᠴᠠᠨ ᠪᠠᠭᠳᠠᠭᠠᠯᠴᠠᠵᠦ ᠬᠠᠷᠢᠯᠴᠠᠨ ᠵᠤᠬᠢᠴᠠᠬᠤ ᠳᠤ ᠲᠡᠮᠵᠢᠯᠬᠡ ᠦᠵᠡᠬᠦᠯᠬᠦ ᠬᠡᠷᠡᠭᠲᠡᠶ᠃      ᠭᠤᠴᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠤᠯᠤᠰ ᠤᠨ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠢ ᠲᠤᠰᠬᠠᠶ ᠮᠡᠷᠭᠡᠵᠢᠯ ᠢᠶᠠᠷ ᠨᠢ ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ᠂ ᠪᠥᠬᠦ ᠣᠷᠣᠨ ᠤ ᠨᠢᠭᠡᠳᠦᠯᠲᠡᠶ ᠶᠡᠷᠦᠩᠬᠡᠶᠢᠯᠡᠭᠰᠡᠨ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠡᠮᠬᠢᠯᠡᠨ ᠨᠡᠶᠢᠯᠡᠭᠦᠯᠵᠦ ᠪᠠᠶᠢᠭᠤᠯᠤᠨ᠂ ᠨᠡᠶᠢᠭᠡᠮ ᠳᠤ ᠬᠠᠨᠳᠤᠭᠤᠯᠤᠨ ᠲᠤᠰᠬᠠᠶ ᠮᠡᠷᠭᠡᠵᠢᠯᠲᠡᠨ ᠢ ᠢᠯᠡ ᠪᠠᠷ ᠡᠯᠰᠡᠵᠤ᠂ ᠪᠥᠬᠦ ᠣᠷᠣᠨ ᠤ ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠢ ᠬᠠᠮᠳᠤ ᠳᠤ ᠪᠠᠨ ᠭᠦᠷᠲᠡᠬᠦ ᠪᠠ ᠨᠢᠭᠡᠳᠦᠯᠲᠡᠶ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃      ᠭᠤᠴᠢᠨ ᠳᠥᠷᠪᠡᠳᠦᠭᠡᠷ ᠵᠦᠢᠯ  ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠪᠠ ᠤᠯᠤᠰ ᠤᠨ ᠪᠠᠷᠢᠮᠵᠢᠶᠠᠨ ᠤ ᠠᠯᠪᠠᠳᠠᠯᠭ᠎ᠠ ᠶᠢᠨ ᠴᠢᠨᠠᠷᠲᠠᠶ ᠱᠠᠭᠠᠷᠳᠠᠯᠭ᠎ᠠ ᠶᠣᠰᠣᠭᠠᠷ᠂ ᠮᠡᠷᠭᠡᠵᠢᠯ ᠤᠨ ᠪᠠ ᠪᠤᠰᠤᠳ ᠴᠢᠬᠤᠯᠠ ᠪᠥᠬᠦᠶ ᠠᠷᠭ᠎ᠠ ᠬᠡᠮᠵᠢᠶ᠎ᠡ ᠠᠪᠴᠤ ᠪᠠᠶᠢᠭᠠᠳ ᠲᠠᠪᠴᠠᠩ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠂ ᠠᠮᠤᠷ ᠲᠦᠪᠰᠢᠨ ᠤ ᠬᠡᠷᠡᠭ ᠢ ᠪᠦᠲᠦᠮᠵᠢᠲᠡᠶ ᠠᠷᠭᠠᠴᠠᠭᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ᠂ ᠲᠠᠪᠴᠠᠩ ᠤᠨ ᠲᠤᠭ᠎ᠠ ᠪᠠᠷᠢᠮᠳᠠ ᠶᠢᠨ ᠪᠦᠷᠢᠨ ᠪᠦᠲᠦᠨ ᠴᠢᠨᠠᠷ᠂ ᠨᠢᠭᠤᠴᠠ ᠶᠢ ᠬᠠᠮᠠᠭᠠᠯᠠᠬᠤ ᠴᠢᠨᠠᠷ ᠪᠠ ᠬᠡᠷᠡᠭᠯᠡᠵᠦ ᠪᠣᠯᠬᠤᠶᠢᠴᠠ ᠴᠢᠨᠠᠷ ᠢ ᠬᠠᠮᠠᠭᠠᠯᠠᠬᠤ ᠬᠡᠷᠡᠭᠲᠡᠶ᠃      ᠭᠤᠴᠢᠨ ᠲᠠᠪᠤᠳᠤᠭᠠᠷ ᠵᠦᠢᠯ  ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠪᠠᠶᠢᠭᠤᠯᠤᠨ ᠪᠦᠷᠢᠨᠰᠢᠬᠦᠯᠵᠦ᠂ ᠬᠠᠷᠢᠭᠤᠴᠠᠯᠭ᠎ᠠ ᠶᠢᠨ ᠪᠡᠶᠡᠴᠢ ᠴᠤᠨᠨᠴᠠ᠂ ᠰᠢᠢᠳᠪᠦᠷᠢᠯᠡᠬᠦ ᠠᠷᠭ᠎ᠠ ᠬᠡᠮᠵᠢᠶ᠎ᠡ᠂ ᠵᠣᠬᠢᠶᠠᠨ ᠪᠠᠶᠢᠭᠤᠯᠤᠯᠲᠠ ᠶᠢᠨ ᠪᠠᠳᠤᠯᠠᠭ᠎ᠠ ᠶᠢ ᠲᠣᠳᠣᠷᠬᠠᠶᠢᠯᠠᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠶᠢᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠭᠤᠴᠢᠨ ᠵᠢᠷᠭᠤᠳᠤᠭᠠᠷ ᠵᠦᠢᠯ  ᠡᠯ᠎ᠡ ᠱᠠᠲᠤᠨ ᠤ ᠪᠠᠶᠢᠭᠤᠯᠤᠮᠵᠢ ᠣᠷᠣᠨ ᠲᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠡᠷᠡᠭᠰᠡᠬᠦ ᠬᠠᠮᠢᠶ᠎ᠠ ᠪᠦᠬᠦᠢ ᠠᠵᠢᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃      ᠵᠢᠷᠭᠤᠳᠤᠭᠠᠷ ᠪᠦᠯᠦᠭ  ᠠᠷᠠᠯᠵᠢᠶᠠᠨ ᠤ ᠬᠢᠨᠠᠯᠲᠠ ᠬᠠᠮᠢᠶᠠᠷᠤᠯᠲᠠ      ᠭᠤᠴᠢᠨ ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠷᠢᠯᠴᠠᠨ ᠵᠣᠬᠢᠴᠠᠭᠤᠯᠬᠤ᠂ ᠨᠢᠭᠲᠠ ᠬᠠᠮᠵᠢᠯᠴᠠᠬᠤ ᠱᠠᠭᠠᠷᠳᠠᠯᠭ᠎ᠠ ᠶᠣᠰᠣᠭᠠᠷ᠂ ᠬᠢᠨᠠᠯᠲᠠ ᠬᠠᠮᠢᠶᠠᠷᠤᠯᠲᠠ ᠶᠢᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠪᠣᠶ ᠪᠣᠯᠭᠠᠬᠤ ᠶᠢᠨ ᠬᠠᠮᠲᠤ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ᠬᠢᠨᠠᠯᠲᠠ ᠬᠠᠮᠢᠶᠠᠷᠤᠯᠲᠠ ᠶᠢᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤᠨ ᠳᠤ ᠬᠢᠨᠠᠯᠲᠠ ᠲᠠᠯᠪᠢᠬᠤ ᠵᠦᠢᠯᠡᠰ᠂ ᠬᠢᠨᠠᠯᠲᠠ ᠲᠠᠯᠪᠢᠬᠤ ᠦᠨᠳᠦᠰᠦᠯᠡᠯ᠂ ᠵᠣᠯᠭᠠᠭᠤᠯᠤᠨ ᠬᠠᠮᠵᠢᠯᠴᠠᠬᠤ ᠵᠦᠢᠯᠡᠰ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤᠨ ᠳᠤ ᠦᠢᠯᠡᠴᠢᠯᠡᠭᠡᠨ ᠤ ᠵᠦᠢᠯᠡᠰ ᠂ ᠦᠢᠯᠡᠴᠢᠯᠡᠭᠡᠨ ᠤ ᠴᠠᠭ ᠬᠤᠭᠤᠴᠠᠭ᠎ᠠ᠂ ᠦᠢᠯᠡᠴᠢᠯᠡᠬᠦ ᠡᠲᠡᠭᠡᠳ ᠪᠠ ᠵᠣᠯᠭᠠᠭᠤᠯᠵᠤ ᠬᠠᠮᠵᠢᠯᠴᠠᠬᠤ ᠵᠦᠢᠯᠡᠰ ᠵᠡᠷᠭᠡ ᠶᠢ ᠲᠣᠳᠣᠷᠬᠠᠶᠢᠯᠠᠬᠤ ᠬᠡᠷᠡᠭᠳᠡᠢ᠃ ᠡᠯ᠎ᠡ ᠰᠠᠯᠠᠭ᠎ᠠ ᠮᠥᠴᠢᠷ᠂ ᠨᠢᠭᠡᠴᠢ ᠨᠢ ᠨᠠᠷᠢᠨ ᠬᠠᠭᠤᠳᠠᠰᠤ ᠪᠠᠷ ᠡᠷᠬᠡ ᠪᠠᠨ ᠬᠡᠷᠡᠭᠵᠢᠭᠦᠯᠬᠦ᠂ ᠦᠢᠯᠡᠴᠢᠯᠡᠭᠡ ᠬᠠᠩᠭᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ᠂ ᠠᠷᠠᠯᠵᠢᠶᠠᠯᠠᠬᠤ ᠶᠢ ᠭᠡᠷᠡᠴᠢᠯᠡᠬᠦ᠂ ᠡᠯᠧᠺᠲᠷᠣᠨ ᠢᠶᠠᠷ ᠬᠢᠨᠠᠨ ᠬᠠᠮᠢᠶᠠᠷᠬᠤ ᠶᠢᠨ ᠣᠯᠠᠨ ᠪᠦᠲᠦᠮᠵᠢᠲᠦ ᠨᠡᠶᠢᠯᠡᠯ ᠬᠦᠴᠦᠨ ᠲᠠᠢ ᠬᠢᠨᠠᠯᠲᠠ ᠬᠠᠮᠢᠶᠠᠷᠤᠯᠲᠠ ᠶᠢᠨ ᠬᠠᠷᠠᠯᠲᠠ ᠶᠢ ᠪᠡᠶᠡᠯᠡᠭᠦᠯᠬᠦ ᠬᠡᠷᠡᠭᠲᠡᠶ᠃      ᠭᠤᠴᠢᠨ ᠨᠠᠢᠮᠠᠳᠤᠭᠠᠷ ᠵᠦᠢᠯ  ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠣᠰᠣᠭᠠᠷ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠠᠪᠤᠴᠠ ᠪᠠ ᠭᠡᠷ᠎ᠡ ᠭᠦᠢᠴᠡᠳᠬᠡᠬᠦ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠵᠠᠭᠪᠤᠷ ᠢ ᠬᠡᠷᠡᠭᠯᠡᠨ ᠠᠷᠠᠯᠵᠢᠶᠠᠨ ᠤ ᠲᠥᠷᠥᠯ ᠵᠦᠢᠯ ᠳᠤ ᠰᠤᠭᠤᠴᠢᠨ ᠪᠠᠶᠢᠴᠠᠭᠠᠯᠲᠠ ᠬᠢᠵᠦ᠂ ᠠᠰᠠᠭᠤᠳᠠᠯ ᠢᠯᠡᠷᠡᠬᠦᠯᠪᠡᠯ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃      ᠭᠤᠴᠢ ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠠᠵᠢᠯ ᠲᠥᠷᠥᠯ ᠤᠨ ᠬᠢᠨᠠᠯᠲᠠ ᠲᠠᠯᠪᠢᠯᠲᠠ ᠪᠠ ᠲᠠᠯᠠᠪᠤᠷ ᠤᠨ ᠲᠤᠳᠤᠭᠠᠳᠤᠬᠢ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠬᠠᠮᠵᠢᠯᠴᠠᠨ ᠬᠢᠨᠠᠨ ᠬᠠᠮᠢᠶᠠᠷᠬᠤ ᠵᠠᠭᠪᠤᠷ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠲᠤᠬᠠᠶ ᠶᠢᠨ ᠲᠠᠯᠠᠪᠤᠷ ᠲᠤ ᠰᠢᠩᠬᠡᠬᠡᠨ ᠲᠡᠮᠳᠡᠭᠯᠡᠬᠦ᠂ ᠵᠣᠬᠢᠶᠠᠨ ᠪᠠᠶᠢᠭᠤᠯᠵᠤ ᠬᠡᠷᠡᠴᠢᠯᠡᠬᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠦᠯᠦᠯᠲᠡ᠂ ᠪᠠᠶᠢᠴᠠᠭᠠᠵᠤ ᠬᠠᠮᠵᠢᠯᠴᠠᠬᠤ ᠵᠡᠷᠭᠡ ᠲᠠᠯᠠᠪᠤᠷ ᠤᠨ ᠲᠤᠳᠤᠭᠠᠳᠤᠬᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠮᠡᠳᠡᠭᠦᠯᠦᠭᠰᠡᠨ ᠵᠦᠢᠯᠡᠰ ᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠶ᠃      ᠳᠥᠴᠢᠳᠦᠭᠡᠷ ᠵᠦᠢᠯ  ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠠᠵᠢᠯ ᠲᠥᠷᠥᠯ ᠤᠨ ᠢᠶᠠᠨ ᠲᠤᠰᠬᠠᠶ ᠮᠡᠷᠭᠡᠵᠢᠯᠲᠡᠨ ᠢ ᠬᠥᠮᠥᠷᠭᠡ ᠳᠤ ᠣᠷᠣᠭᠤᠯᠬᠤ᠂ ᠪᠤᠯᠪᠠᠰᠤᠷᠠᠯ ᠭᠦᠷᠳᠡᠬᠡᠬᠦ᠂ ᠬᠢᠨᠠᠨ ᠰᠢᠯᠭᠠᠵᠤ ᠦᠨᠡᠯᠡᠬᠦ᠂ ᠪᠤᠴᠠᠭᠠᠵᠤ ᠭᠠᠷᠭᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠬᠤ ᠬᠡᠷᠡᠭᠲᠡᠶ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠰᠢᠩᠬᠡᠬᠡᠨ ᠲᠡᠮᠳᠡᠭᠯᠡᠵᠦ ᠦᠨᠡᠯᠡᠯᠲᠡ ᠬᠢᠬᠦ ᠶᠢᠨ ᠬᠠᠮᠲᠤ᠂ ᠰᠢᠩᠬᠡᠬᠡᠨ ᠲᠡᠮᠳᠡᠭᠯᠡᠵᠦ ᠦᠨᠡᠯᠡᠯᠲᠡ ᠬᠢᠭᠰᠡᠨ ᠦᠷ᠎ᠡ ᠳ᠋ᠦᠩ ᠢᠶᠠᠨ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠬᠤ ᠬᠡᠷᠡᠭᠲᠡᠶ᠃      ᠳᠥᠴᠢᠨ ᠨᠢᠭᠡᠳᠦᠭᠡᠷ ᠵᠦᠢᠯ  ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠭᠤᠴᠢ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠣᠷᠣᠯᠠᠨ ᠭᠦᠢᠴᠡᠳᠭᠡᠬᠦ ᠠᠵᠢᠯᠯᠠᠭ᠎ᠠ ᠶᠢ ᠵᠢᠷᠤᠮᠵᠢᠭᠤᠯᠤᠨ᠂ ᠲᠣᠰ ᠠᠵᠢᠯ ᠲᠥᠷᠥᠯ ᠤᠨ ᠲᠥᠷᠥᠯ ᠵᠦᠢᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠡᠷᠭᠢᠯᠡᠬᠦ ᠳᠤ ᠬᠢᠨᠠᠯᠲᠠ ᠲᠠᠯᠪᠢᠬᠤ ᠬᠡᠷᠡᠭᠲᠡᠶ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠲᠠᠯᠠᠪᠤᠷ ᠲᠤ ᠣᠷᠣᠵᠤ ᠦᠢᠯᠡᠴᠢᠯᠡᠵᠦ ᠪᠠᠶᠢᠭ᠎ᠠ ᠪᠠᠶᠢᠳᠠᠯ ᠳᠤ ᠵᠣᠬᠢᠶᠠᠨ ᠪᠠᠶᠢᠭᠤᠯᠤᠨ ᠪᠠᠶᠢᠵᠤ ᠦᠨᠡᠯᠡᠯᠲᠡ ᠬᠢᠬᠦ ᠶᠢᠨ ᠬᠠᠮᠲᠤ᠂ ᠰᠢᠩᠬᠡᠬᠡᠨ ᠲᠡᠮᠳᠡᠭᠯᠡᠵᠦ ᠦᠨᠡᠯᠡᠯᠲᠡ ᠬᠢᠭᠰᠡᠨ ᠦᠷ᠎ᠡ ᠳ᠋ᠦᠩ ᠢᠶᠠᠨ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠬᠤ ᠬᠡᠷᠡᠭᠲᠡᠶ᠃      ᠳᠥᠴᠢᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠪ ᠨᠢ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ ᠨᠢᠭᠡᠳᠦᠯᠲᠡᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠱᠠᠲᠤ ᠬᠤᠪᠢᠶᠠᠨ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠶᠣᠰᠣᠭᠠᠷ ᠠᠷᠠᠯᠵᠢᠶᠡᠨ ᠤ ᠪᠥᠬᠦ ᠶᠠᠪᠤᠴᠠ ᠶᠢ ᠰᠦᠯᠵᠢᠶ᠎ᠡ ᠪᠠᠷ ᠬᠥᠳᠡᠯᠦᠩᠭᠦᠶ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠶ᠃ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠠᠷᠠᠯᠵᠢᠶᠠᠨ ᠤ ᠪᠡᠶᠡᠴᠢ ᠴᠤᠨᠨᠴᠠ᠂ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠰᠢᠩᠬᠡᠬᠡᠨ ᠲᠡᠮᠳᠡᠭᠯᠡᠵᠦ᠂ ᠮᠡᠳᠡᠭᠡ ᠵᠠᠩᠭᠢ ᠶᠢᠨ ᠰᠢᠰᠲ᠋ᠧᠮ ᠤᠨ ᠡᠵᠡᠮᠳᠡᠯ᠂ ᠲᠣᠮᠣ ᠳ᠋ᠠᠶᠢᠲ᠋ᠠ ᠶᠢᠨ ᠵᠠᠳᠠᠯᠤᠯᠲᠠ᠂ ᠰᠡᠷᠡᠮᠵᠢᠯᠡᠭᠦᠯᠵᠦ ᠰᠤᠳᠤᠯᠤᠨ ᠮᠠᠭᠠᠳᠯᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠪᠦᠷᠢᠨ ᠪᠦᠲᠦᠨ ᠮᠡᠳᠡᠭᠡ ᠵᠠᠩᠭᠢ ᠶᠢᠨ ᠬᠡᠯᠬᠢᠶ᠎ᠡ ᠶᠢ ᠪᠦᠷᠢᠯᠳᠦᠭᠦᠯᠦᠨ᠂ ᠠᠷᠠᠯᠵᠢᠶᠠᠨ ᠤ ᠤᠶᠤᠨᠲᠤ ᠬᠢᠨᠠᠯᠲᠠ ᠬᠠᠮᠢᠶᠠᠷᠤᠯᠲᠠ ᠶᠢᠨ ᠠᠬᠤᠶ ᠪᠠᠶᠢᠳᠠᠯ ᠢ ᠪᠠᠶᠢᠭᠤᠯᠬᠤ ᠬᠡᠷᠡᠭᠳᠡᠢ᠃      ᠳᠥᠴᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠪ ᠲᠠᠢ ᠬᠠᠮᠲᠤᠷᠠᠨ᠂ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠤᠨᠨᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠰᠣᠯᠢᠯᠴᠠᠨ ᠨᠡᠪᠳᠡᠷᠡᠯᠴᠡᠵᠦ ᠬᠠᠮᠲᠤ ᠳᠤ ᠪᠠᠨ ᠭᠥᠷᠳᠡᠬᠦ᠂ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠤᠨᠨᠴᠠ ᠶᠢᠨ ᠢᠲᠡᠭᠡᠮᠵᠢ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠠᠷᠠᠯᠵᠢᠶᠡᠨ ᠤ ᠶᠠᠪᠤᠴᠠ ᠳᠠᠬᠢ ᠢᠲᠡᠭᠡᠮᠵᠢ ᠵᠢᠷᠤᠮᠯᠠᠭᠰᠠᠳ ᠪᠠ ᠢᠲᠡᠭᠡᠮᠵᠢ ᠠᠯᠳᠠᠭᠰᠠᠳ ᠤᠨ ᠨᠡᠷᠡᠰ ᠢ ᠢᠯᠡ ᠨᠡᠶᠢᠲᠡᠯᠡᠬᠦ ᠬᠡᠷᠡᠭᠲᠡᠶ᠃ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠢᠲᠡᠭᠡᠮᠵᠢ ᠲᠠᠢ ᠪᠡᠶᠡᠴᠢ ᠴᠣᠭᠴᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠣᠷᠣᠯᠴᠠᠬᠤ ᠶᠢ ᠱᠠᠩᠨᠠᠨ ᠬᠥᠬᠢᠭᠦᠯᠵᠦ᠂ ᠢᠲᠡᠭᠡᠮᠵᠢ ᠠᠯᠳᠠᠭᠰᠠᠨ ᠪᠡᠶᠡᠴᠢ ᠴᠣᠭᠴᠠ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠣᠷᠣᠯᠴᠠᠬᠤ ᠶᠢ ᠬᠢᠵᠠᠭᠠᠷᠯᠠᠬᠤ ᠪᠤᠶᠤ ᠴᠠᠭᠠᠵᠠᠯᠠᠬᠤ ᠵᠡᠷᠭᠡ ᠠᠷᠭ᠎ᠠ ᠬᠡᠯᠪᠡᠷᠢ ᠪᠠᠷ ᠵᠠᠯᠬᠠᠭᠠᠨ ᠴᠡᠭᠡᠷᠯᠡᠭᠦᠯᠬᠦ ᠬᠡᠷᠡᠭᠲᠡᠶ᠃      ᠳᠥᠴᠢᠨ ᠳᠥᠷᠪᠡᠳᠦᠭᠡᠷ ᠵᠦᠢᠯ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠨᠡᠶᠢᠭᠡᠮ ᠨᠡᠶᠢᠲᠡ᠂ ᠰᠣᠨᠢᠨ ᠮᠡᠳᠡᠭᠡᠨ ᠤ ᠵᠠᠭᠤᠴᠢᠯᠠᠭᠤᠷ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠠᠴᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠬᠤ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠢᠨᠠᠯᠲᠠ ᠲᠠᠯᠪᠢᠭᠰᠠᠨ ᠰᠠᠨᠠᠯ ᠢᠶᠠᠨ ᠬᠠᠷᠢᠭᠤ ᠲᠤᠰᠬᠠᠬᠤ ᠬᠡᠷᠡᠭᠲᠡᠶ᠃      ᠳᠥᠴᠢᠨ ᠲᠠᠪᠤᠳᠤᠭᠠᠷ ᠵᠦᠢᠯ  ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠦᠷᠢᠯᠳᠦᠬᠦᠨ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠡᠷᠬᠢᠯᠡᠬᠦ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ᠂ ᠠᠵᠢᠯ ᠨᠢᠭᠡᠲᠡᠨ ᠤ ᠳᠦᠷᠢᠮ ᠲᠣᠭᠲᠠᠭᠠᠯ᠂ ᠠᠵᠢᠯ ᠤᠨ ᠮᠣᠷᠠᠯ ᠢ ᠵᠢᠷᠤᠮᠯᠠᠭᠤᠯᠤᠨ᠂ ᠡᠷᠬᠡ ᠲᠡᠭᠰᠢ ᠪᠠᠷ ᠥᠷᠢᠰᠥᠯᠳᠦᠬᠦ ᠪᠠ ᠦᠨᠡᠨᠴᠢ ᠢᠲᠡᠭᠡᠮᠵᠢᠲᠡᠶ ᠡᠵᠡᠩᠨᠡᠬᠦ ᠶᠢ ᠠᠬᠢᠭᠤᠯᠤᠨ᠎ᠠ᠃      ᠳᠥᠴᠢᠨ ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠡᠶᠡᠴᠢ ᠴᠤᠨᠨᠴᠠ᠂ ᠭᠤᠷᠪᠠᠳᠠᠬᠢ ᠡᠲᠡᠭᠡᠳ ᠣᠷᠣᠯᠴᠠᠭᠰᠠᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠥᠪᠯᠡᠨ ᠲᠣᠭᠲᠠᠭᠠᠬᠤ ᠲᠣᠭᠲᠠᠴᠠ ᠶᠢ ᠪᠠᠶᠢᠭᠤᠯᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭᠠᠨ ᠳᠠᠬᠢ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠭᠰᠠᠨ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠬᠢᠭᠰᠡᠨ ᠪᠠ ᠵᠠᠬ᠎ᠠ ᠳᠡᠯᠭᠡᠭᠦᠷ ᠢ ᠵᠢᠷᠤᠮᠵᠢᠭᠤᠯᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠵᠡᠷᠭᠡ ᠠᠵᠢᠯ ᠤᠨ ᠪᠠᠶᠢᠳᠠᠯ ᠳᠤ ᠦᠨᠡᠯᠡᠯᠲᠡ ᠬᠢᠬᠦ ᠶᠢᠨ ᠬᠠᠮᠲᠤ᠂ ᠦᠨᠡᠯᠡᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ ᠬᠡᠷᠡᠭᠲᠡᠢ᠃      ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠲᠠᠪᠴᠠᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠳᠤ ᠦᠨᠡᠯᠡᠯᠲᠡ ᠬᠢᠬᠦ ᠲᠣᠭᠲᠠᠴᠠ ᠶᠢ ᠪᠠᠶᠢᠭᠤᠯᠵᠤ᠂ ᠥᠪᠡᠷ ᠢᠶᠠᠨ ᠦᠨᠡᠯᠡᠬᠦ ᠪᠠ ᠦᠷᠦᠬᠡᠯ ᠢᠶᠠᠷ ᠦᠨᠡᠯᠡᠬᠦᠯᠬᠦ ᠶᠢ ᠬᠠᠷᠢᠯᠴᠠᠨ ᠤᠶᠠᠯᠳᠤᠭᠤᠯᠤᠭᠰᠠᠨ ᠠᠷᠭ᠎ᠠ ᠮᠠᠶ᠋ᠢᠭ ᠢ ᠬᠡᠷᠡᠭᠯᠡᠨ ᠲᠠᠪᠴᠠᠩ ᠤᠨ ᠦᠢᠯᠡᠴᠢᠯᠡᠭᠡᠨ ᠤ ᠶᠠᠰᠤ ᠴᠢᠨᠠᠷ ᠢ ᠶᠡᠷᠦᠩᠬᠡᠶᠢᠯᠡᠨ ᠦᠨᠡᠯᠡᠬᠦ ᠪᠠ ᠦᠢᠯᠡᠴᠢᠯᠡᠭᠡᠨ ᠤ ᠬᠠᠨᠤᠮᠵᠢ ᠶᠢᠨ ᠬᠡᠮᠵᠢᠶᠡᠨ ᠤ ᠪᠠᠶᠢᠴᠠᠭᠠᠯᠲᠠ ᠶᠢ ᠥᠷᠨᠢᠭᠦᠯᠵᠦ᠂ ᠦᠨᠡᠯᠡᠭᠰᠡᠨ ᠦᠷ᠎ᠡ ᠳ᠋ᠦᠩ ᠢ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃      ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠷᠥᠯ ᠵᠦᠢᠯ ᠢ ᠦᠨᠡᠯᠡᠬᠦ ᠲᠣᠭᠲᠠᠴᠠ ᠪᠠ ᠲᠥᠷᠥᠯ ᠵᠦᠢᠯ ᠤᠨ ᠡᠭᠦᠰᠭᠡᠨ ᠪᠠᠶᠢᠭᠤᠯᠬᠤ ᠲᠠᠯ᠎ᠠ᠂ ᠲᠥᠷᠥᠯ ᠵᠦᠢᠯ ᠤᠨ ᠳᠠᠭᠠᠬᠤ ᠲᠠᠯ᠎ᠠ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠷᠥᠯ ᠵᠦᠢᠯ ᠤᠨ ᠣᠯᠠᠨ ᠲᠠᠯ᠎ᠠ ᠶᠢᠨ ᠬᠢᠨ ᠬᠠᠷᠢᠯᠴᠠᠨ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃      ᠳᠣᠯᠣᠳᠤᠭᠠᠷ ᠪᠦᠯᠦᠭ  ᠬᠠᠤᠯᠢ ᠴᠠᠭᠠᠵᠠ ᠶᠢᠨ ᠬᠠᠷᠢᠭᠤᠴᠠᠯᠭ᠎ᠠ      ᠳᠥᠴᠢᠨ ᠳᠣᠯᠣᠳᠤᠭᠠᠷ ᠵᠦᠢᠯ  ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠨᠢ ᠳᠤᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠶ᠄      ︵ᠨᠢᠭᠡ︶ ᠠᠷᠠᠯᠵᠢᠶᠠᠨ ᠤ ᠠᠵᠢᠯᠯᠠᠭ᠎ᠠ ᠳᠤ ᠬᠠᠤᠯᠢ ᠲᠣᠭᠲᠠᠭᠠᠯ ᠢ ᠦᠯᠦ ᠵᠢᠷᠤᠮᠯᠠᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠬᠢᠨᠠᠯᠲᠠ ᠬᠢᠬᠡᠳ ᠬᠠᠮᠢᠶᠠᠷᠤᠯᠲᠠ ᠬᠢᠭᠰᠡᠨ︔      ︵ᠬᠤᠶᠠᠷ︶ ᠲᠣᠰ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠬᠠᠮᠢᠶᠠᠷᠤᠯᠲᠠ ᠬᠢᠬᠦ ᠶᠢ ᠣᠮᠲᠣᠭᠠᠶᠢᠯᠠᠭᠰᠠᠨ ᠪᠠ ᠠᠯᠮᠠᠶᠢᠲᠤᠭᠰᠠᠨ ᠪᠠᠶᠢᠳᠠᠯ ᠣᠷᠣᠰᠢᠵᠤ ᠪᠠᠶᠢᠬᠤ︔      ︵ᠭᠤᠷᠪᠠ︶ ᠲᠣᠰ ᠠᠵᠢᠯ ᠲᠥᠷᠥᠯ ᠤᠨ ᠢᠶᠠᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠵᠦ ᠠᠷᠠᠯᠵᠢᠶᠠᠯᠠᠭᠰᠠᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠭᠰᠡᠨ ᠥᠬᠡᠶ ᠪᠤᠶᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤ ᠨᠢ ᠬᠠᠷᠢᠭᠤ ᠲᠤᠰᠬᠠᠭᠰᠠᠨ ᠥᠬᠡᠶ ᠪᠠᠶᠢᠬᠤ︔      ︵ᠳᠥᠷᠪᠡ︶ ᠲᠤᠰᠢᠶᠠᠯ ᠤᠨ ᠲᠥᠬᠦᠮ ᠢᠶᠠᠨ ᠠᠰᠢᠭᠯᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠠᠴᠠ ᠪᠤᠰᠤᠳ ᠬᠥᠮᠦᠨ ᠳᠤ ᠠᠰᠢᠭ ᠲᠤᠰᠠ ᠣᠯᠭᠤᠬᠤ︔      ︵ᠲᠠᠪᠤ︶ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠳᠥᠴᠢᠨ ᠨᠠᠢᠮᠠᠳᠤᠭᠠᠷ ᠵᠦᠢᠯ  ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠵᠢᠴᠢ ᠲᠡᠭᠦᠨ ᠤ ᠠᠵᠢᠯᠲᠠᠳ ᠨᠢ ᠳᠤᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠥᠬᠡᠶ᠄      ︵ᠨᠢᠭᠡ︶ ᠶᠠᠮᠠᠷᠪᠠ ᠬᠢᠨᠠᠨ ᠵᠥᠪᠰᠢᠶᠡᠷᠡᠬᠦ᠂ ᠪᠦᠷᠢᠳᠬᠡᠨ ᠳᠠᠩᠰᠠᠯᠠᠬᠤ᠂ ᠬᠢᠨᠠᠯᠲᠠ ᠲᠠᠯᠪᠢᠬᠤ᠂ ᠰᠢᠢᠳᠬᠡᠨ ᠲᠣᠷᠭᠠᠬᠤ ᠵᠡᠷᠭᠡ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠬᠡᠷᠡᠭᠵᠢᠭᠦᠯᠬᠦ︔      ︵ᠬᠤᠶᠠᠷ︶ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠵᠤ ᠬᠤᠳᠠᠯᠳᠤᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ᠂ ᠪᠠᠷᠢᠯᠭ᠎ᠠ ᠶᠢᠨ ᠵᠠᠷᠤᠳᠠᠯ ᠵᠡᠷᠭᠡ ᠵᠠᠭᠤᠴᠢ ᠦᠢᠯᠡᠴᠢᠯᠡᠭᠡᠨ ᠢ ᠬᠠᠤᠯᠢ ᠠᠴᠠ ᠵᠥᠷᠢᠴᠡᠨ ᠡᠷᠬᠢᠯᠡᠬᠦ ᠪᠤᠶᠤ ᠠᠯᠪᠠᠳᠠᠯᠭ᠎ᠠ ᠪᠠᠷ ᠲᠣᠭᠲᠠᠭᠠᠬᠤ︔      ︵ᠭᠤᠷᠪᠠ︶ ᠵᠦᠶ ᠵᠣᠬᠢᠰ ᠥᠬᠡᠶ ᠨᠥᠬᠦᠴᠡᠯ ᠢᠶᠠᠷ ᠠᠷᠠᠯᠵᠢᠶᠠᠨ ᠤ ᠪᠡᠶᠡᠴᠢ ᠴᠣᠭᠴᠠ ᠶᠢ ᠭᠠᠳᠠᠭᠤᠷᠴᠢᠯᠠᠵᠤ᠂ ᠬᠢᠵᠠᠭᠠᠷᠯᠠᠬᠤ︔      ︵ᠳᠥᠷᠪᠡ︶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠶᠣᠰᠣᠭᠠᠷ ᠪᠠᠶᠢᠭᠤᠯᠤᠨ ᠡᠵᠡᠩᠨᠡᠵᠦ ᠪᠠᠶᠢᠭ᠎ᠠ ᠡᠯᠧᠺᠲᠷᠣᠨ ᠠᠷᠠᠯᠵᠢᠶᠠᠨ ᠤ ᠰᠢᠰᠲ᠋ᠧᠮ ᠢ ᠭᠠᠳᠠᠭᠤᠷᠴᠢᠯᠠᠬᠤ ᠪᠠ ᠬᠢᠵᠠᠭᠠᠷᠯᠠᠬᠤ︔      ︵ᠲᠠᠪᠤ︶ ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠶᠢ ᠲᠣᠭᠲᠠᠭᠠᠯ ᠠᠴᠠ ᠵᠥᠷᠢᠴᠡᠨ ᠪᠠᠷᠢᠴᠠᠭᠠᠨ ᠳᠤ ᠥᠯᠡᠳᠡᠭᠡᠬᠦ᠂ ᠰᠢᠯᠵᠢᠭᠦᠯᠦᠨ ᠬᠡᠷᠡᠭᠯᠡᠬᠦ᠂ ᠬᠤᠷᠢᠶᠠᠮᠵᠢᠯᠠᠬᠤ ᠪᠠ ᠪᠤᠴᠠᠭᠠᠬᠤ ᠡᠰᠡᠭᠦᠯ᠎ᠡ ᠠᠷᠠᠯᠵᠢᠶᠠᠨ ᠤ ᠪᠠᠲᠤᠯᠠᠭ᠎ᠠ ᠶᠢᠨ ᠮᠦᠩᠬᠦᠨ ᠤ ᠬᠡᠯᠪᠡᠷᠢ ᠶᠢᠨ ᠰᠤᠩᠭᠤᠯᠲᠠ ᠳᠤ ᠨᠢ ᠭᠠᠷ ᠲᠦᠷᠦᠭᠦ︔      ︵ᠵᠢᠷᠭᠤᠭ᠎ᠠ︶ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔      ︵ᠳᠣᠯᠤᠭ᠎ᠠ︶ ᠠᠵᠢᠯ ᠤᠨ ᠲᠥᠬᠦᠮ ᠢᠶᠠᠨ ᠠᠰᠢᠭᠯᠠᠨ ᠠᠷᠠᠯᠵᠢᠶᠠᠨ ᠤ ᠲᠥᠷᠥᠯ ᠵᠦᠢᠯ ᠠᠴᠠ ᠠᠰᠢᠭ ᠲᠤᠰᠠ ᠤᠯᠬᠤ︔      ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠳᠥᠴᠢ ᠶᠢᠰᠦᠳᠦᠭᠡᠷ ᠵᠦᠢᠯ  ᠲᠥᠷᠥᠯ ᠵᠦᠢᠯ ᠢ ᠡᠭᠦᠰᠭᠡᠨ ᠪᠠᠶᠢᠭᠤᠯᠬᠤ ᠲᠠᠯ᠎ᠠ ᠨᠢ ᠳᠤᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠥᠬᠡᠶ᠄      ︵ᠨᠢᠭᠡ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠲᠠᠬᠢ ᠲᠥᠷᠥᠯ ᠵᠦᠢᠯ ᠤᠨ ᠪᠦᠬᠦᠯᠢ ᠴᠤᠨᠨᠴᠠ ᠶᠢ ᠨᠢ ᠬᠡᠰᠡᠭᠯᠡᠨ ᠰᠠᠯᠭᠠᠬᠤ ᠪᠤᠶᠤ ᠪᠤᠰᠤᠳ ᠠᠷᠭ᠎ᠠ ᠮᠠᠶ᠋ᠢᠭ ᠢ ᠠᠪᠴᠤ ᠪᠠᠶᠢᠭᠠᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠤᠷᠤᠭᠤᠯᠵᠦ ᠠᠷᠠᠯᠵᠢᠶᠠᠯᠠᠬᠤ ᠠᠴᠠ ᠵᠠᠶᠢᠯᠠᠰᠬᠢᠬᠤ︔      ︵ᠬᠤᠶᠠᠷ︶ ᠵᠦᠢ ᠵᠣᠬᠢᠰ ᠦᠭᠡᠶ ᠨᠥᠬᠦᠴᠡᠯ ᠢᠶᠠᠷ ᠳᠠᠯᠳᠠᠯᠬᠠᠳᠠᠮᠠᠯ ᠲᠥᠷᠥᠯ ᠵᠦᠢᠯ ᠤᠨ ᠳᠠᠭᠠᠬᠤ ᠲᠠᠯ᠎ᠠ ᠶᠢ ᠭᠠᠳᠠᠭᠤᠷᠴᠢᠯᠠᠬᠤ ᠪᠠ ᠠᠯᠬᠠᠴᠢᠯᠠᠬᠤ︔      ︵ᠭᠤᠷᠪᠠ︶ ᠲᠥᠷᠥᠯ ᠵᠦᠢᠯ ᠤᠨ ᠠᠷᠠᠯᠵᠢᠶ᠎ᠠ ᠶᠢ ᠲᠣᠭᠲᠠᠭᠠᠯ ᠠᠴᠠ ᠵᠦᠷᠢᠴᠡᠵᠦ ᠲᠣᠷᠭᠤᠨ ᠵᠣᠭᠰᠣᠭᠠᠬᠤ ᠪᠠ ᠳᠠᠭᠤᠰᠬᠠᠬᠤ︔      ︵ᠲᠦᠷᠪᠡ︶ ᠵᠦᠢ ᠶᠣᠰᠣᠨ ᠤ ᠰᠢᠯᠲᠠᠭᠠᠨ ᠦᠭᠡᠢ ᠪᠠᠷ ᠠᠷᠠᠯᠵᠢᠶᠠᠨ ᠤ ᠭᠡᠷ᠎ᠡ ᠲᠣᠭᠲᠠᠭᠠᠬᠤ ᠶᠢ ᠲᠡᠪᠴᠢᠬᠦ ᠪᠤᠶᠤ ᠨᠡᠮᠡᠯᠲᠡ ᠨᠥᠬᠦᠴᠡᠯ ᠲᠣᠷᠠᠳᠬᠤ︔      ︵ᠲᠠᠪᠤ︶ ᠲᠥᠷᠥᠯ ᠵᠦᠢᠯ ᠤᠨ ᠳᠠᠭᠠᠬᠤ ᠲᠠᠯ᠎ᠠ ᠪᠤᠶᠤ ᠳᠠᠭᠠᠭᠠᠴᠢᠯᠠᠯᠲᠠ ᠦᠨᠡᠯᠡᠨ ᠬᠢᠨᠠᠬᠤ ᠺᠣᠮᠢᠰ ᠤᠨ ᠪᠦᠷᠢᠯᠳᠦᠬᠦᠨ ᠯᠦᠭᠡ ᠰᠥᠯᠪᠡᠭᠡᠯᠳᠦᠨ ᠠᠷᠠᠯᠵᠢᠶᠠᠯᠠᠬᠤ︔      ︵ᠵᠢᠷᠭᠤᠭ᠎ᠠ︶ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔      ︵ᠳᠣᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠲᠠᠪᠢᠳᠤᠭᠠᠷ ᠵᠦᠢᠯ  ᠲᠥᠷᠥᠯ ᠵᠦᠢᠯ ᠤᠨ ᠳᠠᠭᠠᠬᠤ ᠲᠠᠯ᠎ᠠ ᠨᠢ ᠳᠤᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠥᠬᠡᠶ᠄      ︵ᠨᠢᠭᠡ︶ ᠪᠤᠰᠤᠳ ᠬᠥᠮᠦᠨ᠂ ᠪᠤᠰᠤᠳ ᠨᠢᠭᠡᠴᠢ ᠶᠢᠨ ᠨᠡᠷ᠎ᠡ ᠪᠠᠷ ᠳᠠᠭᠠᠭᠠᠴᠢᠯᠠᠯᠲᠠ ᠤᠨᠤᠬᠤ᠂ ᠠᠷᠠᠯᠵᠢᠬᠤ︔      ︵ᠬᠤᠶᠠᠷ︶ ᠳᠠᠭᠠᠭᠠᠴᠢᠯᠠᠯᠲᠠ ᠬᠤᠮᠣᠷᠭᠠᠯᠠᠬᠤ᠂ ᠳᠠᠭᠠᠭᠠᠴᠢᠯᠠᠯᠲᠠ ᠳᠤ ᠬᠤᠣᠪᠢᠯᠳᠤᠬᠤ᠂ ᠬᠡᠭᠡᠯᠢ ᠲᠦᠯᠬᠢᠬᠦ ᠪᠤᠶᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠤᠨᠤᠬᠤ᠂ ᠠᠷᠠᠯᠵᠢᠬᠤ︔      ︵ᠭᠤᠷᠪᠠ︶ ᠪᠣᠳᠠᠲᠤ ᠶᠠᠪᠤᠳᠠᠯ ᠢ ᠬᠤᠳᠠᠯ ᠢᠶᠠᠷ ᠵᠤᠬᠢᠶᠠᠬᠤ᠂ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠵᠤ᠂ ᠵᠦᠢ ᠪᠤᠰᠤ ᠠᠷᠭ᠎ᠠ ᠪᠠᠷᠢᠯ ᠢᠶᠠᠷ ᠭᠡᠷᠡᠴᠢᠯᠡᠬᠦ ᠮᠠᠲ᠋ᠧᠷᠢᠶᠠᠯ ᠢ ᠣᠯᠵᠤ᠂ ᠰᠡᠵᠢᠭᠯᠡᠬᠦ᠂ ᠣᠨᠳᠣᠣ ᠰᠠᠨᠠᠯ ᠭᠠᠷᠭᠠᠬᠤ ᠪᠠ ᠵᠠᠭᠠᠯᠳᠤᠯᠭ᠎ᠠ ᠬᠢᠬᠦ︔      ︵ᠳᠥᠷᠪᠡ︶ ᠠᠷᠠᠯᠵᠢᠶᠠᠨ ᠤ ᠲᠥᠷᠥᠯ ᠵᠦᠢᠯ ᠤᠨ ᠳᠠᠭᠠᠭᠠᠴᠢᠯᠠᠯᠲᠠ ᠤᠨᠤᠬᠤ ᠬᠢᠷᠢ ᠬᠡᠮ ᠢ ᠳᠤᠷ᠎ᠠ ᠪᠠᠷ ᠢᠶᠠᠨ ᠳᠠᠶ᠋ᠬᠠᠳᠠᠬᠤ᠂ ᠠᠷᠠᠯᠵᠢᠶᠠᠨ ᠤ ᠭᠡᠷ᠎ᠡ ᠲᠣᠭᠲᠠᠬᠤ ᠦᠭᠡᠶ᠂ ᠭᠡᠷ᠎ᠡ ᠭᠦᠢᠴᠡᠳᠬᠡᠬᠦ ᠪᠠᠲᠤᠯᠠᠭ᠎ᠠ ᠶᠢᠨ ᠮᠥᠩᠭᠦ ᠵᠡᠷᠭᠡ ᠳᠠᠭᠠᠭᠠᠯᠲᠠ ᠲᠤᠰᠢᠶᠠᠬᠤ ᠦᠭᠡᠢ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠮᠡᠷᠭᠡᠵᠢᠯ ᠤᠨ ᠪᠠᠷᠢᠮᠵᠢᠶ᠎ᠠ ᠶᠢ ᠪᠠᠭᠤᠷᠠᠭᠤᠯᠬᠤ᠂ ᠮᠠᠭᠤ ᠪᠠᠷ ᠰᠠᠶᠢᠨ ᠢ ᠣᠷᠤᠯᠠᠭᠤᠯᠬᠤ ᠵᠡᠷᠭᠡ ᠭᠡᠷ᠎ᠡ ᠶᠣᠰᠣᠭᠠᠷ ᠭᠦᠢᠴᠡᠳᠬᠡᠭᠰᠡᠨ ᠦᠭᠡᠶ ᠦᠢᠯᠡ ᠠᠵᠢᠯᠯᠠᠭ᠎ᠠ︔      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠲᠠᠪᠢᠨ ᠨᠢᠭᠡᠳᠦᠭᠡᠷ ᠵᠦᠢᠯ  ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠠᠵᠢᠯᠲᠠᠳ ᠨᠢ ᠳᠣᠣᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄      ︵ᠨᠢᠭᠡ︶ ᠠᠷᠠᠯᠵᠢᠶᠠᠨ ᠤ ᠪᠡᠶᠡᠴᠢ ᠴᠤᠨᠨᠴᠠ ᠲᠠᠢ ᠰᠥᠯᠪᠡᠭᠡᠯᠳᠦᠵᠦ ᠪᠠᠶᠢᠭᠠᠳ ᠤᠯᠤᠰ ᠭᠦᠷᠦᠨ ᠤ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ︔      ︵ᠬᠤᠶᠠᠷ︶ ᠠᠷᠠᠯᠵᠢᠶᠠᠨ ᠤ ᠪᠢᠴᠢᠭ ᠮᠠᠲ᠋ᠧᠷᠢᠶᠠᠯ ᠢ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠵᠢᠯ ᠲᠥᠷᠥᠯ ᠤᠨ ᠪᠠᠷᠢᠮᠵᠢᠶ᠎ᠠ ᠪᠠ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠬᠤ ᠥᠬᠡᠶ︔      ︵ᠭᠤᠷᠪᠠ︶ ᠲᠣᠭᠲᠠᠭᠰᠠᠨ ᠵᠠᠭᠤᠴᠢᠯᠠᠭᠤᠷ ᠲᠤ ᠠᠷᠠᠯᠵᠢᠶᠠᠨ ᠤ ᠮᠡᠳᠡᠭᠡ ᠵᠠᠩᠭᠢ ᠶᠢ ᠨᠡᠶᠢᠲᠡᠯᠡᠭᠰᠡᠨ ᠥᠬᠡᠶ ᠪᠤᠶᠤ ᠠᠳᠠᠯᠢ ᠪᠤᠰᠤ ᠵᠠᠭᠤᠴᠢᠯᠠᠭᠤᠷ ᠲᠤ ᠨᠡᠶᠢᠲᠡᠯᠡᠭᠰᠡᠨ ᠮᠡᠳᠡᠭᠡ ᠵᠠᠩᠭᠢ ᠶᠢᠨ ᠠᠭᠤᠯᠭ᠎ᠠ ᠨᠢ ᠨᠢᠭᠡᠳᠦᠯ ᠥᠬᠡᠶ ᠪᠠᠶᠢᠬᠤ︔      ︵ᠳᠥᠷᠪᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠡᠷᠡᠭᠵᠢᠭᠦᠯᠦᠭᠰᠡᠨ ᠬᠢᠨᠠᠯᠲᠠ ᠪᠠᠶᠢᠴᠠᠭᠠᠯᠲᠠ ᠳᠤ ᠬᠤᠳᠠᠯ ᠬᠠᠭᠤᠷᠮᠠᠭ ᠪᠠᠶᠢᠳᠠᠯ ᠬᠠᠩᠭᠠᠭᠰᠠᠨ︔      ︵ᠲᠠᠪᠤ︶ ᠬᠠᠳᠠᠭᠠᠯᠠᠬᠤ ᠴᠢᠬᠤᠯᠠᠲᠠᠢ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠢᠭᠤᠨ ᠳᠠᠯᠳᠠᠯᠠᠬᠤ᠂ ᠤᠰᠠᠳᠬᠠᠬᠤ ᠪᠤᠶᠤ ᠠᠷᠠᠯᠵᠢᠶᠠᠨ ᠤ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ᠂ ᠥᠭᠡᠷᠡᠲᠦᠭᠦᠯᠦᠨ ᠵᠣᠬᠢᠶᠠᠬᠤ︔      ︵ᠵᠢᠷᠭᠤᠭ᠎ᠠ︶ ᠠᠷᠠᠯᠵᠢᠶᠠᠨ ᠤ ᠦᠢᠯᠡᠴᠢᠯᠡᠭᠡᠨ ᠤ ᠶᠠᠪᠤᠴᠠ ᠳᠤ ᠬᠦᠨᠳᠦ ᠶᠡᠭᠡ ᠠᠯᠳᠠᠰᠢ ᠪᠤᠷᠤᠭᠤ ᠭᠠᠷᠭᠠᠭᠰᠠᠨ︔      ︵ᠳᠣᠯᠤᠭ᠎ᠠ︶ ᠬᠠᠩᠭᠠᠭᠰᠠᠨ ᠡᠯᠧᠺᠲᠷᠣᠨ ᠠᠷᠠᠯᠵᠢᠶᠠᠨ ᠤ ᠪᠢᠴᠢᠭ ᠮᠠᠲ᠋ᠧᠷᠢᠶᠠᠯ ᠵᠢᠴᠢ ᠳᠠᠭᠠᠯᠳᠤᠭᠤᠯᠤᠯ ᠠᠴᠠ ᠨᠢ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ︔      ︵ᠨᠠᠢᠮᠠ︶ ᠨᠠᠶᠢᠳᠠᠯᠭ᠎ᠠ ᠶᠢᠨ ᠭᠡᠷ᠎ᠡ ᠳᠤ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠬᠠᠮᠢᠶ᠎ᠠ ᠪᠦᠬᠦᠢ ᠠᠵᠢᠯ ᠢ ᠳᠠᠭᠠᠭᠠᠨ ᠡᠭᠦᠷᠭᠡᠯᠡᠨ᠎ᠡ ᠭᠡᠵᠦ ᠪᠤᠯᠵᠤᠨᠨᠰᠠᠨ ᠪᠠᠶᠢᠳᠠᠯ᠎ᠠ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠲᠤᠰ ᠠᠷᠭ᠎ᠠ ᠳᠤ ᠲᠣᠭᠲᠠᠭᠠᠭᠰᠠᠨ ᠲᠥᠷᠥᠯ ᠵᠦᠢᠯ ᠤᠨ ᠡᠭᠦᠰᠭᠡᠨ ᠪᠠᠶᠢᠭᠤᠯᠬᠤ ᠲᠠᠯ᠎ᠠ ᠶᠢᠨ ᠴᠠᠭᠠᠵᠠᠯᠠᠬᠤ ᠦᠢᠯᠡ ᠠᠵᠢᠯᠯᠠᠭ᠎ᠠ ᠲᠠᠢ ᠪᠠᠶᠢᠳᠠᠯ ᠪᠠᠶᠢᠬᠤ︔      ︵ᠶᠢᠰᠦ︶ ᠵᠠᠭᠤᠴᠢ ᠦᠢᠯᠡᠴᠢᠯᠡᠭᠡᠨ ᠤ ᠠᠵᠢᠯᠲᠠᠳ ᠨᠢ ᠵᠡᠷᠭᠡ ᠪᠠᠷ ᠣᠯᠠᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯᠯᠠᠵᠦ ᠪᠠᠶᠢᠭ᠎ᠠ ᠪᠤᠶᠤ ᠤᠯᠠᠨ ᠲᠥᠷᠥᠯ ᠵᠦᠢᠯ ᠤᠨ ᠦᠢᠯᠡᠴᠢᠯᠡᠭᠡᠨ ᠳᠤ ᠣᠷᠣᠯᠴᠠᠭᠰᠠᠨ︔      ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠲᠠᠪᠢᠨ ᠬᠤᠶᠠᠳᠤᠭᠠᠷ ᠵᠦᠢᠯ  ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠳ ᠳᠤᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠥᠬᠡᠶ       ︵ᠨᠢᠭᠡ︶ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠳᠤ ᠮᠡᠬᠡᠯᠡᠨ ᠣᠷᠣᠭᠰᠠᠨ ᠪᠠᠶᠢᠬᠤ︔      ︵ᠬᠤᠶᠠᠷ︶ ᠱᠠᠭᠠᠷᠳᠠᠯᠭ᠎ᠠ ᠶᠣᠰᠣᠭᠠᠷ ᠪᠤᠯᠪᠠᠰᠤᠷᠠᠯ ᠳᠤ ᠣᠷᠣᠯᠴᠠᠭᠰᠠᠨ ᠦᠭᠡᠶ ᠪᠤᠶᠤ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠶ ᠪᠠᠶᠢᠬᠤ︔      ︵ᠭᠤᠷᠪᠠ︶ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠢᠶᠠᠨ ᠠᠪᠴᠤ ᠳᠠᠭᠠᠭᠠᠴᠢᠯᠠᠯᠲᠠ ᠦᠨᠡᠯᠡᠬᠦ ᠣᠷᠣᠨ ᠬᠡᠪᠴᠢᠶᠡᠨ ᠳᠤ ᠣᠷᠣᠭᠰᠠᠨ ᠪᠠᠶᠢᠬᠤ︔      ︵ᠳᠥᠷᠪᠡ︶ ᠵᠥᠪᠰᠢᠶᠡᠷᠡᠯ ᠦᠭᠡᠢ ᠪᠠᠷ ᠳᠠᠭᠠᠭᠠᠴᠢᠯᠠᠯᠲᠠ ᠦᠨᠡᠯᠡᠬᠦ ᠣᠷᠣᠨ ᠬᠡᠪᠴᠢᠶᠡᠨ ᠠᠴᠠ ᠭᠠᠷᠴᠤ ᠶᠠᠪᠤᠬᠤ ᠪᠤᠶᠤ ᠪᠤᠰᠤᠳ ᠳᠠᠭᠠᠭᠠᠴᠢᠯᠠᠯᠲᠠ ᠦᠨᠡᠯᠡᠬᠦ ᠦᠷᠦᠭᠡ ᠳᠤ ᠣᠷᠣᠭᠰᠠᠨ ᠪᠠᠶᠢᠬᠤ︔      ︵ᠲᠠᠪᠤ︶ ᠵᠦᠢ ᠶᠣᠰᠣᠨ ᠤ ᠰᠢᠯᠲᠠᠭᠠᠨ ᠦᠭᠡᠶ ᠪᠠᠷ ᠳᠠᠭᠠᠭᠠᠴᠢᠯᠠᠯᠲᠠ ᠦᠨᠡᠯᠡᠬᠦ ᠠᠵᠢᠯᠯᠠᠭ᠎ᠠ ᠶᠢᠨ ᠳᠤᠮᠳᠠ ᠠᠴᠠ ᠨᠢ ᠭᠠᠷᠤᠭᠰᠠᠨ ᠪᠠᠶᠢᠬᠤ︔      ︵ᠵᠢᠷᠭᠤᠭ᠎ᠠ︶ ᠳᠠᠭᠠᠭᠠᠴᠢᠯᠠᠯᠲᠠ ᠦᠨᠡᠯᠡᠨ ᠬᠢᠨ᠋ᠬᠠᠰᠠᠨ ᠳ᠋ᠦᠩᠨᠡᠯᠲᠡ ᠶᠢ ᠳᠠᠬᠢᠨ ᠬᠢᠨᠠᠭᠤᠯᠬᠤ ᠪᠠᠷ ᠱᠠᠭᠠᠷᠳᠠᠭᠰᠠᠨ ᠳᠤ᠂ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠳ ᠳᠠᠬᠢᠨ ᠬᠢᠨᠠᠬᠤ ᠳᠤ ᠬᠠᠮᠵᠢᠯᠴᠠᠬᠤ ᠦᠭᠡᠶ ᠪᠤᠶᠤ ᠳᠠᠬᠢᠨ ᠬᠢᠨᠠᠭᠠᠳ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠳ ᠲᠤ ᠴᠢᠬᠤᠯᠠ ᠶᠡᠭᠡ ᠠᠯᠳᠠᠰᠢ ᠪᠤᠷᠤᠭᠤ ᠲᠠᠢ ᠠᠴᠠ ᠪᠣᠯᠵᠤ ᠳᠠᠭᠠᠭᠠᠴᠢᠯᠠᠯᠲᠠ ᠦᠨᠡᠯᠡᠬᠦ ᠦᠷ᠎ᠡ ᠳ᠋ᠦᠩ ᠢ ᠨᠥᠯᠥᠭᠡᠯᠡᠭᠰᠡᠨ ᠭᠡᠳᠡᠭ ᠢ ᠭᠡᠷᠡᠴᠢᠯᠡᠭᠰᠡᠨ ᠪᠠᠶᠢᠬᠤ︔      ︵ᠳᠣᠯᠤᠭ᠎ᠠ︶ ᠪᠠᠷᠢᠮᠵᠢᠶ᠎ᠠ ᠠᠴᠠ ᠬᠡᠳᠦᠷᠡᠬᠦᠯᠦᠨ ᠳᠠᠭᠠᠭᠠᠴᠢᠯᠠᠯᠲᠠ ᠦᠨᠡᠯᠡᠨ ᠬᠢᠨ᠋ᠬᠠᠰᠠᠨ ᠬᠥᠳᠡᠯᠮᠦᠷᠢ ᠦᠢᠯᠡᠴᠢᠯᠡᠭᠡᠨ ᠤ ᠰᠦᠢᠳᠬᠡᠯ ᠨᠡᠬᠡᠨ ᠠᠪᠤᠭᠰᠠᠨ ᠪᠠᠶᠢᠬᠤ       ︵ᠨᠠᠢᠮᠠ︶ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠪᠤᠰᠤᠳ ᠪᠡᠶᠡᠴᠢ ᠴᠣᠭᠴᠠ ᠠᠴᠠ ᠥᠷᠢᠰᠥᠯᠳᠦᠨ ᠣᠯᠤᠭᠴᠢ ᠶᠢᠨ ᠰᠠᠨᠠᠮᠵᠢ ᠶᠢ ᠬᠤᠷᠢᠶᠠᠭᠰᠠᠨ ᠪᠠᠶᠢᠬᠤ︔      ︵ᠶᠢᠰᠦ︶ ᠶᠠᠮᠠᠷᠪᠠ ᠨᠢᠭᠡᠴᠢ ᠪᠤᠶᠤ ᠬᠤᠪᠢ ᠬᠥᠮᠦᠨ ᠤ ᠬᠠᠨᠳᠤᠯᠭᠠᠳᠤ ᠴᠢᠨᠠᠷᠲᠠᠶ ᠰᠠᠨᠠᠯ ᠢ ᠬᠦᠯᠢᠶᠡᠨ ᠠᠪᠤᠭᠰᠠᠨ ᠪᠠᠶᠢᠬᠤ︔      ︵ᠠᠷᠪᠠ︶ ᠳᠠᠭᠠᠭᠠᠴᠢᠯᠠᠯᠲᠠ ᠬᠦᠯᠢᠶᠡᠭᠴᠢ ᠶᠢ ᠰᠡᠮᠡᠭᠡᠷ ᠲᠣᠬᠢᠶᠠᠯᠠᠬᠤ ᠪᠤᠶᠤ ᠥᠳᠥᠭᠡᠵᠦ ᠪᠠᠶᠢᠭᠠᠳ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠯ ᠭᠠᠷᠭᠠᠯᠭᠠᠵᠤ᠂ ᠳᠠᠭᠠᠭᠠᠴᠢᠯᠠᠯᠲᠠ ᠦᠨᠡᠯᠡᠨ ᠬᠢᠨᠠᠬᠤ ᠲᠥᠪ ᠭᠤᠣᠯᠴᠢ ᠴᠢᠨᠠᠷ ᠢ ᠨᠥᠯᠦᠭᠡᠯᠡᠭᠰᠡᠨ ᠪᠠᠶᠢᠬᠤ︔      ︵ᠠᠷᠪᠠᠨ ᠨᠢᠭᠡ︶ ᠳᠠᠭᠠᠭᠠᠴᠢᠯᠠᠯᠲᠠ ᠦᠨᠡᠯᠡᠨ ᠬᠢᠨ᠋ᠬᠠᠰᠠᠨ ᠮᠡᠳᠡᠭᠦᠯᠦᠯᠲᠡ ᠳᠡᠭᠡᠷ᠎ᠡ ᠭᠠᠷ ᠤᠨ ᠦᠰᠦᠭ ᠵᠢᠷᠤᠬᠤ ᠶᠢ ᠲᠡᠪᠴᠢᠬᠦ ᠮᠥᠷᠲᠡᠭᠡᠨ ᠤᠨᠳᠤᠤ ᠰᠠᠨᠠᠯ ᠪᠠ ᠤᠴᠢᠷ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠵᠤ ᠥᠭᠬᠦ ᠦᠭᠡᠢ ᠪᠠᠶᠢᠬᠤ︔      ︵ᠠᠷᠪᠠᠨ ᠬᠤᠶᠠᠷ︶ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠳᠠᠢ ᠮᠡᠳᠡᠭᠡ ᠵᠠᠩᠭᠢ ᠶᠢ ᠵᠠᠳᠠᠷᠠᠭᠤᠯᠤᠭᠰᠠᠨ ᠪᠠᠶᠢᠬᠤ︔      ︵ᠠᠷᠪᠠᠨ ᠭᠤᠷᠪᠠ︶ ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠪᠠᠨ ᠵᠠᠶᠢᠯᠠᠬᠤ ᠴᠢᠬᠤᠯᠠᠳᠠᠢ ᠪᠠᠶᠢᠲᠠᠯ᠎ᠠ ᠥᠯᠥ ᠵᠠᠶᠢᠯᠠᠭᠰᠠᠨ ᠪᠠᠶᠢᠬᠤ︔      ︵ᠠᠷᠪᠠᠨ ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠲᠠᠪᠢᠨ ᠭᠤᠷᠪᠠᠳᠤᠭᠠᠷ ᠵᠦᠢᠯ  ᠡᠯᠧᠺᠲᠷᠣᠨ ᠰᠢᠰᠲ᠋ᠧᠮ ᠢ ᠨᠡᠬᠡᠬᠡᠨ ᠠᠰᠢᠨᠨᠯᠠᠵᠦ ᠠᠵᠢᠯᠯᠠᠭᠤᠯᠵᠤ ᠪᠠᠲᠤᠯᠠᠬᠤ ᠪᠠᠶᠢᠭᠤᠯᠤᠮᠵᠢ ᠨᠢ ᠳᠤᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠥᠬᠡᠶ᠄      ︵ᠨᠢᠭᠡ︶ ᠡᠯᠧᠺᠲᠷᠣᠨ ᠰᠢᠰᠲ᠋ᠧᠮ ᠳᠤ ᠭᠠᠷᠤᠭᠰᠠᠨ ᠰᠠᠭᠠᠲᠠᠯ ᠢ ᠴᠠᠭ ᠲᠤᠬᠠᠶ ᠳᠤ ᠨᠢ ᠰᠢᠢᠳᠪᠦᠷᠢᠯᠡᠭᠰᠡᠨ ᠦᠭᠡᠶ ᠠᠴᠠ ᠪᠣᠯᠵᠤ ᠠᠷᠠᠯᠵᠢᠶᠠᠨ ᠤ ᠠᠵᠢᠯᠯᠠᠭ᠎ᠠ ᠶᠢᠨ ᠤᠷᠤᠭᠰᠢᠲᠠᠶ ᠥᠷᠨᠢᠬᠦ ᠶᠢ ᠨᠥᠯᠥᠭᠡᠯᠡᠭᠰᠡᠨ︔      ︵ᠬᠤᠶᠠᠷ︶ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠳᠠᠢ ᠮᠡᠳᠡᠭᠡ ᠵᠠᠩᠭᠢ ᠶᠢ ᠵᠠᠳᠠᠷᠠᠭᠤᠯᠤᠭᠰᠠᠨ︔      ︵ᠭᠤᠷᠪᠠ︶ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠠᠪᠤᠭᠰᠠᠨ ᠥᠬᠡᠶ ᠠᠴᠠ ᠪᠣᠯᠵᠣ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠭᠡᠭᠡᠭᠳᠡᠭᠦᠯᠦᠭᠰᠡᠨ᠂ ᠵᠠᠳᠠᠷᠠᠭᠤᠯᠤᠭᠰᠠᠨ᠂ ᠰᠦᠢᠳᠬᠡᠭᠰᠡᠨ ᠪᠠ ᠥᠭᠡᠷᠡᠲᠦᠭᠦᠯᠦᠭᠰᠡᠨ︔      ︵ᠳᠥᠷᠪᠡ︶ ᠠᠷᠠᠯᠵᠢᠶᠠᠨ ᠤ ᠪᠡᠶᠡᠴᠢ ᠴᠤᠨᠨᠴᠠ ᠯᠤᠭ᠎ᠠ ᠰᠥᠯᠪᠡᠭᠡᠯᠳᠦᠵᠦ ᠪᠠᠶᠢᠭᠠᠳ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠳᠠᠭᠠᠭᠠᠴᠢᠯᠠᠯᠲᠠ ᠬᠤᠮᠤᠷᠭᠠᠯᠠᠵᠤ ᠬᠤᠣᠪᠢᠯᠳᠤᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠲᠥᠬᠦᠮ ᠦᠵᠡᠭᠦᠯᠦᠭᠰᠡᠨ︔

        365赢多少钱会被限额_国内有真正的365平台吗_365bet博彩官网

              ︵ᠲᠠᠪᠤ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠵᠥᠪᠰᠢᠶᠡᠷᠡᠯ ᠥᠬᠡᠶ ᠪᠠᠷ ᠡᠯᠧᠺᠲᠷᠣᠨ ᠰᠢᠰᠲ᠋ᠧᠮ ᠪᠤᠶᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠳᠤ ᠳᠤᠷ᠎ᠠ ᠪᠠᠷ ᠢᠶᠠᠨ ᠵᠠᠰᠠᠪᠤᠷᠢ ᠣᠷᠤᠭᠤᠯᠤᠭᠰᠠᠨ︔      ︵ᠵᠢᠷᠭᠤᠭ᠎ᠠ︶ ᠵᠦᠶ ᠶᠣᠰᠣᠨ ᠤ ᠰᠢᠯᠲᠠᠭᠠᠨ ᠥᠬᠡᠶ ᠪᠠᠷ ᠳ᠋ᠠᠶᠢᠲ᠋ᠠ ᠶᠢᠨ ᠵᠠᠯᠭᠠᠰᠤ ᠵᠢᠴᠢ ᠱᠠᠭᠠᠷᠳᠠᠯᠭ᠎ᠠ ᠪᠠᠨ ᠴᠢᠯᠦᠭᠡᠲᠡᠢ ᠪᠣᠯᠭᠠᠬᠤ ᠶᠢ ᠲᠡᠪᠴᠢᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠭᠡᠷᠡᠴᠢᠯᠡᠭᠰᠡᠨ ᠭᠤᠷᠪᠠᠳᠠᠬᠢ ᠡᠲᠡᠭᠡᠳ ᠤᠨ ᠰᠢᠰᠲ᠋ᠧᠮ ᠯᠦᠭᠡ ᠵᠠᠯᠭᠠᠭᠤᠯᠬᠤ ᠶᠢ ᠬᠢᠵᠠᠭᠠᠷᠯᠠᠬᠤ ᠪᠠ ᠭᠠᠳᠠᠭᠤᠷᠴᠢᠯᠠᠵᠤ᠂ ᠮᠠᠭᠤ ᠰᠠᠨᠠᠭ᠎ᠠ ᠭᠠᠷᠭᠠᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠬᠠᠤᠯᠢ ᠶᠣᠰᠣᠭᠠᠷ ᠬᠠᠩᠭᠠᠭᠰᠠᠨ ᠰᠦᠯᠵᠢᠶᠡᠨ ᠤ ᠦᠢᠯᠡᠳᠬᠦᠨ ᠪᠤᠶᠤ ᠦᠢᠯᠡᠴᠢᠯᠡᠭᠡ ᠶᠢ ᠦᠯᠦ ᠪᠠᠭᠳᠠᠭᠠᠯᠴᠠᠭᠤᠯᠤᠨᠨᠰᠠᠨ︔      ︵ᠳᠣᠯᠤᠭ᠎ᠠ︶ ᠲᠣᠭᠲᠠᠭᠠᠯ ᠪᠤᠶᠤ ᠪᠠᠷᠢᠮᠵᠢᠶ᠎ᠠ ᠱᠠᠭᠠᠷᠳᠠᠯᠭ᠎ᠠ ᠶᠢ ᠵᠢᠷᠤᠮᠯᠠᠬᠤ ᠦᠭᠡᠢ᠂ ᠡᠯᠧᠺᠲᠷᠣᠨ ᠰᠢᠰᠲ᠋ᠧᠮ ᠤᠨ ᠲᠠᠰ ᠳᠡᠪᠰᠢᠭᠦᠯᠬᠦ ᠵᠠᠷᠤᠳᠠᠯ᠂ ᠵᠠᠯᠭᠠᠭᠤᠯᠬᠤ ᠵᠠᠷᠤᠳᠠᠯ᠂ ᠦᠢᠯᠡᠴᠢᠯᠡᠭᠡᠨ ᠤ ᠵᠠᠷᠤᠳᠠᠯ ᠵᠡᠷᠭᠡ ᠵᠠᠷᠤᠳᠠᠯ ᠢ ᠥᠪᠡᠰᠦᠪᠡᠨ ᠲᠣᠭᠲᠠᠭᠠᠵᠤ᠂ ᠬᠤᠷᠢᠶᠠᠨ ᠠᠪᠤᠭᠰᠠᠨ ᠪᠤᠶᠤ ᠡᠯᠧᠺᠲᠷᠣᠨ ᠰᠢᠰᠲ᠋ᠧᠮ ᠢ ᠠᠰᠢᠭᠯᠠᠵᠤ ᠬᠤᠯᠪᠤᠨᠨᠳᠠᠭᠤᠯᠬᠤ᠂ ᠬᠡᠯᠪᠡᠷᠢ ᠶᠢ ᠨᠢ ᠦᠭᠡᠷᠡᠲᠦᠭᠦᠯᠬᠦ᠂ ᠳᠠᠭᠠᠯᠳᠤᠭᠤᠯᠬᠤ᠂ ᠳᠠᠪᠬᠤᠷᠳᠠᠭᠤᠯᠤᠨ ᠰᠦᠢᠳᠬᠡᠯ ᠬᠤᠷᠢᠶᠠᠭᠰᠠᠨ︔      ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠲᠠᠪᠢᠨ ᠳᠥᠷᠪᠡᠳᠦᠭᠡᠷ ᠵᠦᠢᠯ  ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠲᠠᠢ ᠪᠠᠶᠢᠭᠤᠯᠤᠮᠵᠢ ᠵᠢᠴᠢ ᠲᠡᠭᠦᠨ ᠤ ᠠᠵᠢᠯᠲᠠᠨ᠂ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠵᠢᠴᠢ ᠲᠡᠭᠦᠨ ᠤ ᠠᠵᠢᠯᠲᠠᠨ ᠨᠢ ᠲᠣᠰ ᠠᠷᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠠᠴᠠ ᠵᠥᠷᠢᠴᠡᠭᠰᠡᠨ ᠪᠤᠶᠤ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ᠂ ᠡᠭᠦᠨ ᠳᠤ ᠳᠥᠴᠢᠨ ᠳᠣᠯᠣᠳᠤᠭᠠᠷ ᠵᠦᠢᠯ᠂ ᠳᠥᠴᠢᠨ ᠨᠠᠢᠮᠠᠳᠤᠭᠠᠷ ᠵᠦᠢᠯ ᠳᠠᠬᠢ ᠦᠢᠯᠡ ᠠᠵᠢᠯᠯᠠᠭ᠎ᠠ ᠲᠠᠢ ᠪᠠᠶᠢᠪᠠᠯ᠂ ᠬᠠᠮᠢᠶᠠᠷᠤᠯᠲᠠ ᠶᠢᠨ ᠡᠷᠬᠡ ᠮᠡᠳᠡᠯ ᠤᠨ ᠢᠶᠠᠨ ᠶᠣᠰᠣᠭᠠᠷ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ᠂ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠬᠦ ᠬᠡᠷᠡᠭᠲᠡᠶ︔ ᠰᠠᠬᠢᠯᠭ᠎ᠠ ᠪᠠᠲᠤ ᠶᠢ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠬᠦᠷᠭᠡᠵᠦ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ︔ ᠬᠠᠤᠯᠢ ᠶᠢ ᠵᠥᠷᠢᠴᠡᠵᠦ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠬᠦᠯᠬᠦ ᠬᠡᠷᠡᠭᠳᠡᠢ᠃      ᠲᠠᠪᠢᠨ ᠲᠠᠪᠤᠳᠤᠭᠠᠷ ᠵᠦᠢᠯ  ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠡᠶᠡᠴᠢ ᠴᠤᠨᠨᠴᠠ᠂ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ᠂ ᠰᠢᠰᠲ᠋ᠧᠮ ᠢ ᠨᠡᠭᠡᠭᠡᠨ ᠠᠰᠢᠨᠨᠯᠠᠵᠦ ᠠᠵᠢᠯᠯᠠᠭᠤᠯᠵᠤ ᠪᠠᠲᠤᠯᠠᠬᠤ ᠪᠠᠶᠢᠭᠤᠯᠤᠮᠵᠢ ᠨᠢ ᠲᠤᠰ ᠠᠷᠭ᠎ᠠ ᠶᠢᠨ ᠬᠤᠯᠪᠣᠭᠳᠠᠯ ᠪᠥᠬᠦᠢ ᠲᠣᠭᠲᠠᠭᠠᠯ ᠠᠴᠠ ᠵᠥᠷᠢᠴᠡᠪᠡᠯ᠂ ᠵᠠᠰᠠᠭ ᠵᠠᠬᠢᠷᠭᠠᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃ ᠰᠠᠬᠢᠯᠭ᠎ᠠ ᠪᠠᠲᠤ ᠶᠢ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠬᠦᠷᠭᠡᠵᠦ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ ᠬᠠᠤᠯᠢ ᠶᠢ ᠵᠥᠷᠢᠴᠡᠵᠦ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠬᠦᠯᠬᠦ ᠬᠡᠷᠡᠭᠳᠡᠢ᠃      ᠨᠠᠢᠮᠠᠳᠤᠭᠠᠷ ᠪᠦᠯᠦᠭ  ᠳᠠᠭᠠᠯᠳᠤᠭᠤᠯᠤᠯ ᠲᠦᠷᠢᠮ      ᠲᠠᠪᠢᠨ ᠵᠢᠷᠭᠤᠳᠤᠭᠠᠷ ᠵᠦᠢᠯ  ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠤᠶᠤ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠵᠢᠭᠡᠯᠡᠯᠭᠡ᠂ ᠲᠤᠰᠠᠯᠠᠮᠵᠢ ᠶᠢᠨ ᠪᠡᠯᠡ ᠮᠥᠩᠭᠦ ᠶᠢ ᠬᠡᠷᠡᠭᠯᠡᠭᠰᠡᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠳᠤ ᠵᠢᠭᠡᠯᠡᠯᠭᠡ ᠲᠠᠯᠪᠢᠭᠰᠠᠨ ᠲᠠᠯ᠎ᠠ᠂ ᠪᠡᠯᠡ ᠮᠥᠩᠭᠦ ᠬᠠᠩᠭᠠᠭᠰᠠᠨ ᠲᠠᠯ᠎ᠠ ᠶᠢᠨ ᠬᠢᠨ ᠳᠤᠮᠳᠠᠳᠤ ᠤᠯᠤᠰ ᠤᠨ ᠲᠠᠯ᠎ᠠ ᠲᠠᠢ ᠲᠣᠭᠲᠠᠭᠰᠠᠨ ᠵᠦᠪᠯᠡᠯᠴᠡᠭᠡᠷ ᠲᠤ ᠠᠷᠠᠯᠵᠢᠶᠠᠨ ᠤ ᠪᠣᠳᠠᠲᠠᠢ ᠨᠥᠬᠦᠴᠡᠯ ᠤᠨ ᠲᠤᠬᠠᠢ ᠠᠳᠠᠯᠢ ᠪᠤᠰᠤ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠲᠣᠬᠢᠷᠠᠭᠤᠯᠤᠨ ᠬᠡᠷᠡᠭᠯᠡᠵᠦ ᠪᠣᠯᠤᠨ᠎ᠠ᠂ ᠭᠡᠪᠡᠴᠦ ᠤᠯᠤᠰ ᠣᠷᠣᠨ ᠤ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ᠃      ᠲᠠᠪᠢᠨ ᠳᠣᠯᠣᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠲᠥᠷᠥᠯ ᠵᠦᠢᠯ ᠤᠨ ᠡᠭᠦᠰᠭᠡᠨ ᠪᠠᠶᠢᠭᠤᠯᠬᠤ ᠲᠠᠯ᠎ᠠ ᠳᠤ ᠳᠠᠭᠠᠭᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠬᠤᠳᠠᠯᠳᠤᠨ ᠥᠭᠭᠦᠭᠴᠢ᠂ ᠲᠦᠯᠦᠪᠦᠷᠢᠲᠡᠢ ᠰᠢᠯᠵᠢᠭᠦᠯᠦᠭᠴᠢ᠂ ᠨᠠᠶᠢᠳᠠᠭᠴᠢ ᠵᠡᠷᠭᠡ ᠪᠠᠭᠲᠠᠨ᠎ᠠ︔ ᠲᠥᠷᠥᠯ ᠵᠦᠢᠯ ᠤᠨ ᠳᠠᠭᠠᠬᠤ ᠲᠠᠯ᠎ᠠ ᠳᠤ ᠳᠠᠭᠠᠭᠠᠴᠢᠯᠠᠯᠲᠠ ᠬᠦᠯᠢᠶᠡᠭᠴᠢ᠂ ᠬᠠᠩᠭᠠᠯᠭ᠎ᠠ ᠶᠢᠨ ᠬᠤᠳᠠᠯᠳᠤᠭᠠᠴᠢᠨ᠂ ᠥᠷᠢᠰᠥᠯᠳᠦᠨ ᠬᠤᠳᠠᠯᠳᠤᠨ ᠠᠪᠤᠭᠴᠢ ᠵᠡᠷᠭᠡ ᠪᠠᠭᠲᠠᠨ᠎ᠠ︔ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠭᠡᠬᠦ ᠪᠠᠶᠢᠭᠤᠯᠤᠮᠵᠢ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠭᠡᠬᠦ ᠪᠠᠶᠢᠭᠤᠯᠤᠮᠵᠢ᠂ ᠦᠨ᠎ᠡ ᠬᠠᠶᠠᠵᠤ ᠬᠤᠳᠠᠯᠳᠤᠬᠤ ᠪᠠᠶᠢᠭᠤᠯᠤᠮᠵᠢ᠂ ᠥᠮᠴᠢᠯᠡᠬᠦ ᠡᠷᠬᠡ ᠶᠢᠨ ᠠᠷᠠᠯᠵᠢᠶᠠᠨ ᠤ ᠪᠠᠶᠢᠭᠤᠯᠤᠮᠵᠢ ᠵᠡᠷᠭᠡ ᠪᠠᠭᠲᠠᠨ᠎ᠠ︔ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠳᠤ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠭᠰᠠᠨ ᠬᠢᠷᠢ ᠬᠡᠮ ᠢ ᠤᠷᠢᠳᠴᠢᠯᠠᠨ ᠬᠢᠨᠠᠬᠤ ᠺᠣᠮᠢᠰ᠂ ᠳᠠᠭᠠᠭᠠᠴᠢᠯᠠᠯᠲᠠ ᠦᠨᠡᠯᠡᠨ ᠬᠢᠨᠠᠬᠤ ᠺᠣᠮᠢᠰ᠂ ᠥᠷᠢᠰᠥᠯᠳᠦᠭᠡᠨ ᠤ ᠴᠢᠨᠠᠷᠲᠠᠶ ᠬᠡᠯᠡᠯᠴᠡᠭᠡ ᠬᠢᠬᠦ ᠳᠤᠭᠤᠶᠢᠯᠠᠩ᠂ ᠥᠷᠢᠰᠥᠯᠳᠦᠭᠡᠨ ᠤ ᠴᠢᠨᠠᠷᠲᠠᠶ ᠵᠥᠪᠳᠡᠯᠴᠡᠬᠦ ᠳᠤᠭᠤᠶᠢᠯᠠᠩ᠂ ᠦᠨ᠎ᠡ ᠯᠠᠪᠯᠠᠬᠤ ᠳᠤᠭᠤᠶᠢᠯᠠᠩ ᠵᠡᠷᠭᠡ ᠶᠢᠨ ᠪᠦᠷᠢᠯᠳᠦᠬᠦᠨ ᠪᠠᠭᠲᠠᠨ᠎ᠠ᠃      ᠲᠠᠪᠢᠨ ᠨᠠᠢᠮᠠᠳᠤᠭᠠᠷ ᠵᠦᠢᠯ  ᠡᠭᠦᠨ ᠠᠴᠠ ᠡᠮᠦᠨᠡᠬᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠢᠴᠢᠭ ᠮᠠᠲ᠋ᠧᠷᠢᠶᠠᠯ ᠤᠨ ᠲᠣᠭᠲᠠᠭᠠᠯ ᠨᠢ ᠲᠤᠰ ᠠᠷᠭ᠎ᠠ ᠯᠤᠭ᠎ᠠ ᠨᠢᠭᠡᠳᠦᠯ ᠦᠭᠡᠶ ᠪᠣᠯ ᠲᠤᠰ ᠠᠷᠭ᠎ᠠ ᠪᠠᠷ ᠪᠠᠷᠢᠮᠵᠢᠶ᠎ᠠ ᠪᠣᠯᠭᠠᠬᠤ ᠬᠡᠷᠡᠭᠲᠡᠶ᠃      ᠲᠠᠪᠢ ᠶᠢᠰᠦᠳᠦᠭᠡᠷ ᠵᠦᠢᠯ  ᠲᠣᠰ ᠠᠷᠭ᠎ᠠ ᠶᠢ 2022 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2022 ᠣᠨ ᠤ 1 ᠳ᠋ᠦ᠋ᠭᠡᠷ ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ 
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ