1 ᠰᠠᠷ᠎ᠠ ᠶᠢᠨ 28 ᠤ ᠡᠳᠦᠷ ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠲᠦᠷᠦᠭᠦᠦ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠢ ᠠᠩᠭᠢ ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠪᠠ ᠃ | | | | | | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠂ ᠸᠠᠩ ᠯᠢ ᠰᠢᠶᠠ ᠲᠤᠭ᠎ᠠ ᠪᠦᠷᠢᠳᠬᠡᠯ ᠤᠨ ︽ ᠨᠢᠭᠡ ᠬᠠᠭᠤᠳᠠᠰᠤ ᠵᠢᠷᠤᠭ ᠤᠨ | ᠬᠦᠰᠦᠨᠦᠭᠲᠦ ︾ ᠵᠡᠷᠭᠡ ᠬᠠᠮᠢᠶ᠎ᠠ ᠪᠦᠬᠦᠢ ᠠᠵᠢᠯ ᠢ ᠨᠠᠷᠢᠨ ᠣᠶᠢᠯᠠᠭᠠᠵᠤ ᠂ ᠲᠤᠭ᠎ᠠ ᠪᠠᠷᠢᠮᠲᠠ ᠶᠢ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠤᠯᠭᠠᠵᠤ ᠂ | ᠰᠠᠯᠠᠭ᠎ᠠ ᠮᠥᠴᠢᠷ ᠤᠨ ᠬᠤᠭᠤᠷᠤᠨᠳᠤᠭᠢ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ ᠂ ᠲᠤᠭ᠎ᠠ ᠪᠠᠷᠢᠮᠲᠠ ᠶᠢ ᠬᠤᠯᠪᠤᠭᠠᠯᠠᠨ ᠬᠠᠮᠲᠤ ᠪᠠᠷ ᠡᠳ᠋ᠯᠡᠭᠦ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠢ ᠠᠩᠭᠢ ᠳᠤ ᠂ ᠲᠡᠷᠡ᠂ | ᠤᠯᠤᠰ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠰᠠᠶᠢᠲᠤᠷ ᠦᠢᠯᠡᠴᠢᠯᠡᠵᠦ ᠂ ᠣᠷᠣᠨ ᠨᠤᠲᠤᠭ ᠤᠨ ᠵᠠᠰᠠᠭ ᠤᠨ ᠣᠷᠳᠣᠨ ᠠᠵᠢᠯ ᠠᠮᠢᠳᠤᠷᠠᠯ ᠳᠤᠮᠳᠠᠬᠢ ᠪᠣᠳᠠᠲᠠᠢ ᠬᠦᠴᠢᠷᠳᠡᠯ ᠢ ᠨᠢ ᠢᠯᠡᠭᠦᠬᠡᠨ ᠬᠠᠪᠰᠤᠷᠤᠨ | ᠰᠢᠢᠳᠪᠦᠷᠢᠯᠡᠵᠦ ᠥᠭᠭᠦ ᠬᠡᠷᠡᠭᠲᠡᠢ ᠭᠡᠵᠦ ᠬᠡᠯᠡᠪᠡ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠂ ᠲᠡᠷᠡ ᠲᠥᠷᠥᠯ | ᠵᠦᠢᠯ ᠤᠨ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠪᠠ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ | ᠣᠶᠢᠯᠠᠭᠠᠵᠤ ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ ᠃ | ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠸᠠᠩ ᠯᠢ ᠰᠢᠶᠠ ᠂ ᠨᠢᠭᠡ ᠬᠤᠪᠢ ᠶᠢᠨ ᠪᠠᠶᠢᠷᠢᠯᠠᠭᠤᠯᠤᠯᠲᠠ ᠶᠢ ᠶᠢᠰᠦᠨ ᠬᠤᠪᠢ ᠪᠠᠷ | ᠨᠠᠶᠢᠳᠠᠪᠤᠷᠢᠵᠢᠭᠤᠯᠵᠤ ᠂ ᠪᠦᠭᠦ ᠵᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠳᠤ ᠡᠷᠬᠡᠪᠰᠢ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ ᠢᠶᠠᠨ | ᠪᠠᠲᠤᠯᠠᠵᠤ ᠂ ᠡᠬᠢᠯᠡᠮᠡᠭᠴᠡ ᠪᠠᠨ ᠬᠤᠷᠳᠤᠴᠠ ᠪᠠᠨ ᠲᠦᠷᠭᠡᠳᠬᠡᠵᠦ ᠂ ᠠᠵᠢᠯ ᠳᠠᠭᠠᠨ ᠭᠠᠷᠤᠮᠠᠭᠴᠠ ᠪᠠᠨ ᠬᠥᠳᠡᠯᠦᠯᠴᠡᠵᠦ ᠂ ᠪᠤᠰᠢᠭᠤᠯᠠᠵᠤ ᠂ ᠠᠬᠢᠴᠠ ᠪᠠᠨ ᠲᠦᠷᠭᠡᠳᠬᠡᠬᠦ | ᠬᠡᠷᠡᠭᠲᠡᠢ ᠃ ᠨᠢᠭᠡ ᠳᠤ ᠂ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠣᠨ ᠤ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠵᠤ ᠂ ᠰᠢᠨ᠎ᠡ ᠶᠢ | ᠡᠭᠦᠳᠭᠦ ᠴᠢᠨᠠᠷᠲᠠᠢ ᠠᠷᠭ᠎ᠠ ᠬᠡᠮᠵᠢᠶ᠎ᠡ ᠠᠪᠴᠤ ᠂ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠬᠤᠶᠠᠷ ᠲᠤ ᠂ ᠬᠠᠷᠠᠯᠲᠠ ᠪᠠᠨ | ᠰᠤᠯᠠᠷᠠᠭᠤᠯᠤᠯ ᠦᠭᠡᠢ ᠴᠢᠩᠭ᠎ᠠ ᠡᠵᠡᠮᠳᠡᠵᠦ ᠂ ︽ᠲᠣᠭᠲᠠᠭᠤᠨ ᠡᠭᠢᠯᠡᠯᠲᠡ ︾ ᠶᠢ ᠪᠡᠶᠡᠯᠡᠭᠦᠯᠬᠦ ᠪᠠᠷ ᠪᠠᠷᠠᠬᠤ ᠦᠭᠡᠢ ᠂ ᠡᠷᠬᠡᠪᠰᠢ ︽ ᠰᠠᠶᠢᠨ ᠡᠭᠢᠯᠡᠯᠲᠡ ︾ ᠶᠢ ᠪᠦᠭᠦ | ᠬᠦᠴᠦᠨ ᠢᠶᠠᠷ ᠢᠶᠠᠨ ᠪᠡᠶᠡᠯᠡᠭᠦᠯᠵᠦ ᠂ ᠡᠨᠡ ᠵᠢᠯ ᠮᠠᠯ ᠠᠵᠤ ᠠᠬᠤᠢ ᠲᠠᠷᠢᠶᠠᠯᠠᠩ ᠤᠨ ᠨᠡᠮᠡᠭᠳᠡᠯ ᠥᠷᠲᠡᠭ ᠢ 5% ᠠᠴᠠ ᠳᠡᠭᠡᠭᠰᠢ ᠨᠡᠮᠡᠭᠳᠡᠭᠦᠯᠵᠦ ᠂ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 8% ᠠᠴᠠ ᠳᠡᠭᠡᠭᠰᠢ ᠨᠡᠮᠡᠭᠳᠡᠭᠦᠯᠵᠦ ᠂ ᠦᠢᠯᠡᠴᠢᠯᠡᠭᠡᠨ ᠤ ᠦᠢᠯᠡᠰ ᠤᠨ ᠰᠢᠪᠲᠤᠯᠤᠯᠲᠠ ᠶᠢᠨ ᠴᠢᠨᠠᠷᠲᠠᠢ ᠨᠡᠮᠡᠭᠳᠡᠯ ᠢ | ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠃ ᠭᠤᠷᠪᠠ ᠳᠤ ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ ᠂ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠤᠨ ᠡᠭᠦᠷᠭᠡ ᠶᠢ ᠡᠳᠦᠷ ᠲᠤᠲᠤᠮ ᠤᠨ ᠵᠥᠪᠯᠡᠭᠦ ᠵᠦᠢᠯ ᠳᠡᠭᠡᠨ ᠣᠷᠣᠭᠤᠯᠵᠤ ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ ᠂ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ ᠃ ᠳᠥᠷᠪᠡ ᠳᠤ ᠂ ᠠᠵᠤ ᠠᠬᠤᠶᠢᠯᠠᠯ ᠢ ᠬᠠᠪᠰᠤᠷᠤᠨ ᠬᠦᠴᠢᠷ | ᠠᠰᠠᠭᠤᠳᠠᠯ ᠢ ᠨᠢ ᠰᠢᠢᠳᠪᠦᠷᠢᠯᠡᠨ ᠥᠭᠴᠦ ᠂ ᠪᠡᠯᠡ ᠮᠥᠩᠭᠦ ᠡᠷᠢᠨ ᠥᠭᠴᠦ ᠂ ᠲᠦᠭᠦᠬᠡᠢ ᠮᠠᠲ᠋ᠧᠷᠢᠶᠠᠯ ᠡᠷᠢᠨ ᠥᠭᠴᠦ ᠂ ᠠᠵᠢᠯᠴᠢᠨ ᠡᠷᠢᠨ ᠥᠭᠴᠦ ᠂ ᠵᠠᠬ᠎ᠠ | ᠳᠡᠯᠭᠡᠭᠦᠷ ᠡᠷᠢᠨ ᠥᠭᠴᠦ ᠂ ᠠᠵᠤ ᠠᠬᠤᠶᠢᠯᠠᠯ ᠤᠨ ᠬᠠᠮᠲᠤ ᠪᠠᠷ ︽ ᠬᠤᠷᠳᠤᠴᠠ ᠪᠠᠨ ᠲᠦᠷᠭᠡᠳᠬᠡᠬᠦ ︾ ᠶᠢ ᠲᠠᠶᠢᠴᠢᠯᠠᠨ ᠠᠬᠢᠭᠤᠯᠬᠤ ᠬᠡᠷᠡᠭᠲᠡᠢ ᠃ ᠲᠠᠪᠤ ᠳᠤ ᠂ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠦᠢᠯᠡᠴᠢᠯᠡᠭᠡᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ ᠂ ᠠᠶᠢᠮᠠᠭ ᠬᠤᠲᠠ ᠶᠢ ᠬᠠᠪᠰᠤᠷᠤᠨ ᠶᠠᠭᠠᠬᠢᠵᠤ | ᠬᠢᠬᠦ ᠂ ᠶᠠᠭᠠᠬᠢᠵᠤ ᠰᠠᠶᠢᠲᠤᠷ ᠬᠢᠬᠦ ᠂ ᠶᠠᠭᠠᠬᠢᠵᠤ ᠲᠦᠷᠭᠡᠨ ᠬᠢᠬᠦ ᠠᠰᠠᠭᠤᠳᠠᠯ ᠢ ᠰᠢᠢᠳᠪᠦᠷᠢᠯᠡᠵᠦ ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠲᠤᠰᠬᠠᠭᠰᠠᠨ | ᠠᠰᠠᠭᠤᠳᠠᠯ ᠢ ᠴᠢᠳᠠᠬᠤ ᠶᠢᠨ ᠳᠣᠲᠣᠷ᠎ᠠ ᠲᠦᠷᠭᠡᠨ ᠰᠢᠢᠳᠪᠦᠷᠢᠯᠡᠵᠦ ᠂ ︽ ᠬᠤᠨᠤᠭ ᠥᠩᠭᠡᠷᠡᠭᠡᠬᠦ ᠦᠭᠡᠢ ᠂ ᠭᠠᠷ ᠳᠠᠮᠵᠢᠬᠤ ᠦᠭᠡᠢ ᠂ ᠭᠠᠷᠠᠭ ᠠᠯᠤᠰᠯᠠᠬᠤ ᠦᠭᠡᠢ ︾ | ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠪᠠ ᠃ | |