内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
        ᠨᠡᠶᠢᠲᠡᠯᠡᠭᠰᠡᠨ ᠴᠠᠭ᠄
        2023/1/29

                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

                    ᠥᠪᠥᠷ ᠵᠠᠰᠠᠭ ᠠᠯᠪᠠᠨ ᠲᠠᠷᠬᠠᠭᠠᠭᠰᠠᠨ ﹇2022﹈ 37 ᠳ᠋ᠤᠭᠠᠷ ᠲᠣᠭᠠᠲᠤ

                   

                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ

                    ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ

                    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ

         

        ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ 

        ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄

              ︽ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ

        ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ  ᠤ ᠠᠯᠪᠠᠨ ᠲᠢᠩᠬᠢᠮ ᠤᠨ ᠰᠠᠨᠠᠯ ᠤᠳ ︾ ︵ᠲᠥᠷᠥ ᠠᠯᠪᠠᠨ ᠲᠠᠷᠬᠠᠭᠠᠭᠰᠠᠨ ﹇ 2021 ﹈ 32 ᠳ᠋ᠤᠭᠠᠷ ᠲᠣᠭᠠᠲᠤ ︶

         ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ

        ᠵᠠᠷᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠤ ᠰᠤᠳᠤᠯᠤᠯ ᠤᠨ

        ᠵᠠᠷᠤᠳᠠᠯ ᠤᠨ ᠬᠡᠷᠡᠭᠯᠡᠯᠲᠡ ᠶᠢᠨ ᠡᠵᠡ ᠮᠡᠳᠡᠬᠦ ᠡᠷᠬᠡ ᠶᠢ ᠥᠷᠭᠡᠳᠬᠡᠵᠦ ᠂ ᠰᠢᠨᠵᠢᠯᠡᠬᠦ ᠤᠬᠠᠭᠠᠨ ᠤ ᠰᠤᠳᠤᠯᠤᠭᠴᠢᠳ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ

        ᠭᠦᠢᠴᠡᠳ ᠬᠥᠭᠵᠢᠭᠡᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠳᠣᠣᠷᠠᠬᠢ

        ᠰᠠᠨᠠᠯ ᠤᠳ ᠢ ᠳᠤᠷᠠᠳᠪᠠ ᠃

              ᠨᠢᠭᠡ ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ      

              ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠲᠥᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠪᠠ ᠲᠥᠷᠥᠯ ᠵᠦᠢᠯ ᠤᠨ ᠬᠠᠷᠢᠭᠤᠴᠠᠯᠭᠠᠲᠠᠳ 

        ︽ᠬᠡᠷᠡᠭᠯᠡᠬᠦ ᠬᠥᠮᠥᠨ ᠬᠠᠷᠢᠭᠤᠴᠠᠬᠤ ︾ ᠵᠠᠷᠴᠢᠮ ᠶᠣᠰᠣᠭᠠᠷ ᠥᠪᠡᠷᠲᠡᠭᠡᠨ ᠡᠵᠡ ᠮᠡᠳᠡᠨ ᠬᠠᠮᠢᠶᠠᠷᠴᠤ ᠬᠡᠷᠡᠭᠯᠡᠨ᠎ᠡ︔ ᠲᠥᠷᠦᠯ ᠵᠦᠢᠯ ᠢ ᠬᠠᠮᠢᠶᠠᠷᠬᠤ ᠰᠠᠯᠠᠭ᠎ᠠ ᠮᠥᠴᠢᠷ

         ᠨᠢ ︽ᠬᠡᠨ ᠲᠥᠷᠦᠯ ᠵᠦᠢᠯ ᠲᠣᠭᠲᠠᠭᠰᠠᠨ ᠪᠣᠯ ᠲᠡᠷᠡ ᠬᠢᠨᠠᠨ ᠬᠠᠮᠢᠶᠠᠷᠬᠤ ︾ ᠵᠠᠷᠴᠢᠮ ᠶᠣᠰᠣᠭᠠᠷ ᠵᠢᠭᠠᠨ ᠵᠢᠯᠤᠭᠤᠳᠬᠤ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ

        ᠡᠭᠦᠷᠭᠡᠯᠡᠨ᠎ᠡ ᠃

              ︵ᠨᠢᠭᠡ ︶ ᠲᠥᠷᠥᠯ ᠵᠦᠢᠯ ᠢ ᠬᠠᠷᠢᠭᠤᠴᠠᠬᠤ ᠨᠢᠭᠡᠴᠢ ᠶᠢᠨ ᠡᠭᠦᠷᠭᠡ ᠬᠠᠷᠢᠭᠤᠴᠠᠯᠭ᠎ᠠ ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠪᠣᠯ ᠰᠢᠨᠵᠢᠯᠡᠬᠦ

        ᠤᠬᠠᠭᠠᠨ ᠤ ᠰᠤᠳᠤᠯᠤᠯ ᠤᠨ ᠵᠠᠷᠤᠳᠠᠯ ᠢ ᠬᠠᠮᠢᠶᠠᠷᠬᠤ ᠬᠠᠷᠢᠭᠤᠴᠠᠯᠭ᠎ᠠ ᠲᠠᠢ ᠭᠤᠣᠯ ᠴᠣᠭᠴᠠ ᠮᠥᠨ ᠂ ᠲᠤᠰ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ

        ᠵᠠᠷᠤᠳᠠᠯ ᠢᠶᠠᠨ ︽ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ ᠂ ᠥᠪᠡᠷ ᠢ ᠪᠠᠨ ᠬᠢᠵᠠᠭᠠᠷᠯᠠᠬᠤ ᠂ ᠥᠪᠡᠷ ᠢ ᠪᠠᠨ ᠵᠢᠷᠤᠮᠵᠢᠭᠤᠯᠬᠤ ᠂ ᠲᠥᠷᠦᠯ ᠵᠦᠢᠯ ᠢ

        ᠭᠥᠯᠢᠶᠡᠨ ᠠᠪᠴᠤ ᠰᠠᠶᠢᠲᠤᠷ ᠬᠠᠮᠢᠶᠠᠷᠬᠤ ︾ ᠵᠠᠷᠴᠢᠮ ᠶᠣᠰᠣᠭᠠᠷ ᠥᠪᠡᠰᠦᠪᠡᠨ ᠬᠠᠮᠢᠶᠠᠷᠤᠨ ᠬᠡᠷᠡᠭᠯᠡᠨ᠎ᠡ ᠃ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ ᠄

              1. ᠬᠠᠮᠢᠶ᠎ᠠ ᠪᠦᠬᠦᠢ ᠠᠵᠢᠯ ᠤᠨ ᠲᠣᠭᠲᠠᠯᠴᠠᠭ᠎ᠠ ᠪᠠ ᠲᠥᠬᠦᠷ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ ᠃ ᠳᠤᠰ ᠨᠢᠭᠡᠴᠢ ᠶᠢᠨ ᠡᠳ᠋ ᠤᠨ ᠶᠠᠪᠤᠳᠠᠯ ᠂ 

        ᠬᠥᠷᠥᠩᠭᠡ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠂ ᠦᠷ᠎ᠡ ᠪᠦᠲᠦᠭᠡᠯ ᠢ ᠤᠯᠠᠷᠢᠭᠤᠯᠬᠤ ᠵᠢᠴᠢ ᠡᠳᠡᠭᠡᠷ

         ᠲᠠᠢ ᠬᠤᠯᠪᠣᠭᠳᠠᠬᠤ ᠰᠢᠨᠵᠢᠯᠡᠬᠦ ᠤᠬᠠᠭᠠᠨ ᠤ ᠰᠤᠳᠤᠯᠤᠯ ᠤᠨ ᠂ ᠠᠵᠢᠯᠲᠠᠨ ᠤ ᠶᠠᠪᠤᠳᠠᠯ ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠂ ᠰᠢᠨᠵᠢᠯᠡᠬᠦ

        ᠤᠬᠠᠭᠠᠨ ᠤ ᠰᠤᠳᠤᠯᠤᠯ ᠤᠨ ᠶᠣᠰᠣ ᠰᠤᠷᠲᠠᠬᠤᠨ ᠵᠡᠷᠭᠡ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠪᠠ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠮᠥᠷᠲᠡᠭᠡᠨ

        ᠲᠡᠭᠦᠯᠳᠡᠷᠵᠢᠭᠦᠯᠦᠨ᠎ᠡ ᠃

              2. ᠲᠤᠰ ᠨᠢᠭᠡᠴᠢ ᠶᠢᠨ ᠢᠶᠠᠨ ᠪᠣᠳᠠᠲᠤ ᠪᠠᠶᠢᠳᠠᠯ ᠳᠤ ᠲᠣᠬᠢᠷᠠᠭᠰᠠᠨ ᠳᠣᠲᠣᠭᠠᠳᠤ ᠡᠵᠡᠮᠰᠢᠯ ᠤᠨ ᠲᠣᠭᠲᠠᠯᠴᠠᠭ᠎ᠠ ᠶᠢ ᠪᠠᠶᠢᠭᠤᠯᠬᠤ ᠮᠥᠷᠲᠡᠭᠡᠨ

        ᠲᠡᠭᠦᠯᠳᠡᠷᠵᠢᠭᠦᠯᠦᠨ ᠂ ᠳᠣᠲᠣᠭᠠᠳᠤ ᠶᠢᠨ ᠴᠤᠪᠤᠷᠠᠯ ᠤᠨ ᠡᠵᠡᠮᠰᠢᠯ ᠢ ᠴᠢᠩᠭᠠᠳᠬᠠᠨ᠎ᠠ ᠃ ᠲᠤᠰ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ

        ᠲᠥᠰᠥᠪ ᠢ ᠲᠣᠬᠢᠷᠠᠭᠤᠯᠬᠤ ᠂ ᠳᠠᠮ ᠵᠠᠷᠤᠳᠠᠯ ᠢ ᠨᠢᠭᠡᠳᠦᠯᠲᠡᠢ ᠲᠥᠯᠥᠪᠯᠡᠬᠦ ᠂ ᠬᠦᠳᠡᠯᠮᠦᠷᠢ ᠦᠢᠯᠡᠴᠢᠯᠡᠭᠡᠨ ᠤ ᠵᠠᠷᠤᠳᠠᠯ ᠪᠠ ᠠᠵᠢᠯᠲᠠᠨ ᠤ ᠵᠠᠷᠤᠳᠠᠯ ᠤᠨ ᠵᠠᠷᠤᠯᠭ᠎ᠠ ᠶᠢᠨ

        ᠬᠠᠮᠢᠶᠠᠷᠤᠯᠲᠠ ᠂ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠶᠢᠨ ᠬᠤᠪᠢᠶᠠᠷᠢᠯᠠᠯᠲᠠ ᠂ ᠰᠤᠳᠤᠯᠭᠠᠨ ᠤ ᠰᠡᠳᠦᠪ ᠢᠶᠠᠨ ᠲᠡᠭᠦᠰᠬᠡᠬᠦ ᠡᠳ᠋ ᠤᠨ ᠶᠠᠪᠤᠳᠠᠯ ᠤᠨ ᠬᠢᠨᠠᠨ

        ᠪᠣᠳᠣᠯᠲᠠ ᠂ ᠦᠯᠡᠳᠡᠪᠦᠷᠢ ᠪᠡᠯᠡ ᠮᠥᠩᠭᠦᠨ ᠤ ᠬᠡᠷᠡᠭᠯᠡᠯᠲᠡ ᠂ ᠪᠠᠴᠢᠮ ᠬᠡᠷᠡᠭᠰᠡᠬᠦ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡᠳᠬᠡᠮᠵᠢ ᠬᠤᠷᠣᠭᠳᠠᠯ ᠮᠠᠲ᠋ᠧᠷᠢᠶᠠᠯ

        ᠬᠤᠳᠠᠯᠳᠤᠨ ᠠᠪᠬᠤ ᠵᠡᠷᠭᠡ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠪᠠ ᠬᠢᠨᠠᠨ ᠬᠠᠷᠭᠤᠭᠤᠯᠬᠤ ᠴᠤᠪᠤᠷᠠᠯ ᠢ ᠲᠣᠳᠣᠷᠬᠠᠶᠢᠯᠠᠨ᠎ᠠ ᠃

              3. ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠎ᠠ ᠃ ᠲᠤᠰ ᠨᠢᠭᠡᠴᠢ ᠶᠢᠨ ᠰᠢᠨᠵᠢᠯᠡᠬᠦ

        ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠪᠠᠨ ᠲᠡᠭᠦᠯᠳᠡᠷᠵᠢᠭᠦᠯᠵᠦ ᠂ ᠲᠤᠰᠬᠠᠢ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ ᠂ ᠥᠪᠡᠷᠲᠡᠭᠡᠨ

        ᠵᠠᠰᠠᠬᠤ ᠣᠷᠣᠨ ᠤ ᠲᠥᠷᠦᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠥᠷᠦᠯ ᠵᠦᠢᠯ ᠤᠨ ᠬᠡᠷᠡᠭᠵᠢᠭᠦᠯᠦᠯᠲᠡ ᠂ ᠪᠡᠯᠡ ᠮᠥᠩᠭᠦᠨ ᠤ ᠬᠡᠷᠡᠭᠯᠡᠯᠲᠡ ᠂ 

        ᠠᠵᠢᠯ ᠤᠨ ᠠᠮᠵᠢᠯᠲᠠ ᠪᠦᠲᠦᠮᠵᠢ ᠶᠢᠨ ᠥᠪᠡᠷ ᠤᠨ ᠦᠨᠡᠯᠡᠯᠲᠡ ᠵᠡᠷᠭᠡ ᠪᠠᠶᠢᠳᠠᠯ ᠤᠳ ᠢᠶᠠᠨ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ ᠃ ᠶᠠᠮᠠᠷ ᠨᠢᠭᠡᠨ ᠰᠢᠯᠲᠠᠭᠠᠨ

         ᠠᠴᠠ ᠪᠣᠯᠵᠤ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠲᠥᠷᠥᠯ ᠵᠦᠢᠯ ᠢ ᠡᠷᠬᠡᠪᠰᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠲᠥᠷᠥᠯ

        ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠡᠳ᠋ ᠤᠨ ᠵᠠᠰᠠᠭ ᠤᠨ ᠪᠡᠯᠡ ᠮᠥᠩᠭᠦ ᠶᠢ

         ᠨᠢ ᠪᠤᠴᠠᠭᠠᠬᠤ ᠬᠡᠷᠡᠭᠲᠡᠢ ᠃ ᠬᠡᠷᠡᠭᠴᠡᠭᠡ ᠪᠠᠨ ᠦᠨᠳᠦᠰᠦᠯᠡᠨ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠶᠢᠨ ᠠᠵᠢᠯ ᠤᠨ ᠪᠠᠶᠢᠷᠢ

        ᠲᠣᠬᠢᠷᠠᠭᠤᠯᠤᠨ ᠂ ᠬᠠᠮᠢᠶ᠎ᠠ ᠪᠦᠬᠦᠢ ᠲᠥᠬᠦᠷ ᠳᠦᠷᠢᠮ ᠢ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠲᠤ ᠲᠤᠰᠬᠠᠶᠢᠵᠢᠭᠰᠠᠨ

        ᠦᠢᠯᠡᠴᠢᠯᠡᠭᠡ ᠬᠠᠩᠭᠠᠨ᠎ᠠ ᠃

              4. ᠳᠣᠲᠣᠭᠠᠳᠤ ᠳᠤ ᠪᠠᠨ ᠢᠯᠡ ᠪᠣᠯᠭᠠᠬᠤ ᠳᠦᠷᠢᠮ ᠢ ᠬᠡᠷᠡᠭᠵᠢᠭᠦᠯᠦᠨ᠎ᠡ ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠂ ᠴᠢᠬᠤᠯᠠ ᠶᠡᠭᠡ ᠠᠵᠢᠯ ᠶᠠᠪᠤᠳᠠᠯ ᠂ 

        ᠴᠢᠬᠤᠯᠠ ᠳᠦᠷᠢᠮ ᠵᠡᠷᠭᠡ ᠶᠢ ᠢᠯᠡ ᠪᠣᠯᠭᠠᠬᠤ ᠶᠢ ᠢᠳᠡᠪᠬᠢᠲᠡᠢ ᠠᠬᠢᠭᠤᠯᠵᠤ ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡ ᠮᠥᠩᠭᠦ ᠶᠢᠨ ᠬᠡᠷᠡᠭᠯᠡᠯᠲᠡ ᠂ ᠦᠯᠡᠳᠡᠪᠦᠷᠢ

        ᠪᠡᠯᠡ ᠮᠥᠩᠭᠦ ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠵᠡᠷᠭᠡ ᠮᠡᠳᠡᠭᠡ ᠵᠠᠩᠭᠢ ᠨᠤᠭᠤᠳ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠨ ᠂ 

        ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ ᠃

              ︵ᠬᠤᠶᠠᠷ ︶ ᠲᠥᠷᠥᠯ ᠵᠦᠢᠯ ᠤᠨ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠃ ᠲᠥᠷᠥᠯ ᠵᠦᠢᠯ ᠤᠨ ᠬᠠᠷᠢᠭᠤᠴᠠᠯᠭᠠᠲᠠᠨ ᠪᠣᠯ ᠰᠢᠨᠵᠢᠯᠡᠬᠦ ᠤᠬᠠᠭᠠᠨ ᠤ

        ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠰᠢᠭᠤᠳ ᠬᠠᠷᠢᠭᠤᠴᠠᠯᠭᠠᠲᠠᠨ ᠪᠠᠶᠢᠵᠤ ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠪᠠ ᠲᠥᠷᠥᠯ ᠵᠦᠢᠯ ᠤᠨ

        ᠪᠡᠯᠡ ᠮᠥᠩᠭᠦᠨ ᠤ ᠬᠡᠷᠡᠭᠯᠡᠯᠲᠡ ᠶᠢᠨ ᠦᠨᠡᠨ ᠪᠣᠳᠠᠲᠤ ᠴᠢᠨᠠᠷ ᠂ ᠬᠠᠤᠯᠢ ᠶᠣᠰᠣᠴᠢ ᠴᠢᠨᠠᠷ ᠂ ᠲᠣᠭᠲᠠᠭᠠᠯ ᠳᠤ ᠨᠡᠶᠢᠴᠡᠬᠦ ᠴᠢᠨᠠᠷ ᠪᠠ ᠬᠤᠯᠪᠣᠭᠳᠠᠯᠲᠤ ᠴᠢᠨᠠᠷ ᠲᠤ ᠠᠵᠤ

        ᠠᠬᠤᠢ ᠬᠢᠭᠡᠳ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ ᠂ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ ᠄

              1. ᠲᠥᠷᠥᠯ ᠵᠦᠢᠯ ᠤᠨ ᠲᠥᠰᠥᠪ ᠪᠠ ᠠᠮᠵᠢᠯᠲᠠ ᠪᠦᠲᠦᠮᠵᠢ ᠶᠢᠨ ᠬᠠᠷᠠᠯᠲᠠ ᠶᠢ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ ᠂ ᠰᠢᠨᠵᠢᠯᠡᠬᠦ ᠤᠬᠠᠭᠠᠨ ᠤ

        ᠰᠤᠳᠤᠯᠤᠯ ᠤᠨ ᠵᠠᠷᠤᠳᠠᠯ ᠢ ᠬᠠᠤᠯᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠨ᠎ᠡ ᠃

              2. ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠣᠣᠷ ᠲᠡᠮᠳᠡᠭᠯᠡᠯ ᠢ ᠴᠢᠩᠭᠠᠳᠬᠠᠨ ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ

        ᠵᠢᠴᠢ ᠵᠠᠷᠤᠳᠠᠯ ᠢ ᠬᠡᠷᠡᠭᠯᠡᠭᠰᠡᠨ ᠬᠠᠮᠢᠶ᠎ᠠ ᠪᠦᠬᠦᠢ ᠠᠭᠤᠯᠭ᠎ᠠ ᠶᠢ ᠦᠨᠡᠨ ᠪᠣᠳᠠᠲᠠᠢ ᠪᠠᠷ ᠲᠡᠮᠳᠡᠭᠯᠡᠨ᠎ᠡ ᠃ ᠲᠥᠷᠥᠯ ᠵᠦᠢᠯ ᠤᠨ ᠲᠥᠰᠥᠪ ᠤᠨ ᠭᠦᠢᠴᠡᠳᠬᠡᠯ ᠢ ᠦᠨᠡᠨ

        ᠮᠥᠨ ᠢᠶᠠᠷ ᠨᠠᠶᠢᠷᠠᠭᠤᠯᠤᠨ ᠵᠣᠬᠢᠶᠠᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠂ ᠪᠠᠶᠢᠴᠠᠭᠠᠯᠲᠠ ᠂ ᠬᠢᠨᠠᠨ ᠪᠣᠳᠣᠯᠲᠠ ᠪᠠ ᠠᠵᠢᠯ ᠤᠨ ᠦᠷ᠎ᠡ

        ᠪᠦᠲᠦᠮᠵᠢ ᠶᠢᠨ ᠬᠠᠮᠢᠶᠠᠷᠤᠯᠲᠠ ᠶᠢ ᠤᠬᠠᠮᠰᠠᠷ  ᠠᠴᠠ ᠪᠠᠨ ᠬᠦᠯᠢᠶᠡᠨ᠎ᠡ ᠃

              3. ᠶᠠᠮᠠᠷ ᠨᠢᠭᠡᠨ ᠰᠢᠯᠲᠠᠭᠠᠨ  ᠠᠴᠠ ᠪᠣᠯᠵᠤ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠴᠢᠬᠤᠯᠠᠲᠠᠢ ᠲᠥᠷᠥᠯ ᠵᠦᠢᠯ ᠢ ᠡᠷᠬᠡᠪᠰᠢ ᠲᠥᠷᠥᠯ ᠵᠦᠢᠯ ᠢ

        ᠳᠠᠭᠠᠭᠠᠨ ᠬᠠᠷᠢᠭᠤᠴᠠᠬᠤ ᠨᠢᠭᠡᠴᠢ ᠵᠢᠴᠢ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠥᠷᠥᠯ ᠵᠦᠢᠯ ᠢᠶᠠᠨ ᠵᠣᠭᠰᠤᠭᠠᠬᠤ ᠪᠤᠶᠤ ᠬᠦᠴᠦᠨ ᠦᠭᠡᠢ

        ᠪᠣᠯᠭᠠᠬᠤ ᠭᠤᠶᠤᠴᠢᠯᠠᠯ ᠤᠨ ᠪᠢᠴᠢᠭ ᠳᠡᠪᠰᠢᠭᠦᠯᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ ᠃

              ︵ᠭᠤᠷᠪᠠ ︶ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠃ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ

        ᠮᠥᠴᠢᠷ ᠪᠣᠯ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠲᠥᠰᠥᠪ ᠢ ᠭᠦᠢᠴᠡᠳᠬᠡᠬᠦ ᠂ ᠲᠤᠰᠬᠠᠢ ᠵᠦᠢᠯ ᠤᠨ ᠪᠡᠯᠡ ᠮᠥᠩᠭᠦ ᠶᠢ ᠬᠤᠪᠢᠶᠠᠷᠢᠯᠠᠬᠤ ᠂ ᠲᠥᠷᠥᠯ

        ᠵᠦᠢᠯ ᠢ ᠬᠢᠨᠠᠨ ᠬᠠᠮᠢᠶᠠᠷᠬᠤ ᠪᠠ ᠠᠵᠢᠯ ᠤᠨ ᠠᠮᠵᠢᠯᠲᠠ ᠪᠦᠲᠦᠮᠵᠢ ᠶᠢ ᠬᠠᠮᠢᠶᠠᠷᠬᠤ ᠭᠤᠣᠯ ᠴᠣᠭᠴᠠ ᠮᠥᠨ ᠃ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ

        ᠮᠡᠲᠦ ᠄

              1. ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠳᠤ ᠨᠤᠲᠠᠯᠠᠯᠲᠠ ᠬᠢᠵᠦ ᠦᠨᠡᠯᠡᠨ ᠬᠢᠨᠠᠬᠤ ᠶᠢ ᠵᠣᠬᠢᠶᠠᠨ ᠪᠠᠶᠢᠭᠤᠯᠵᠤ ᠂ ᠪᠡᠯᠡ ᠮᠥᠩᠭᠦ  ᠶᠢ

        ᠬᠤᠪᠢᠶᠠᠷᠢᠯᠠᠬᠤ ᠲᠥᠰᠥᠯ ᠰᠤᠳᠤᠯᠤᠨ ᠳᠤᠷᠠᠳᠴᠤ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠰᠢᠨᠵᠢᠯᠡᠬᠦ

        ᠤᠬᠠᠭᠠᠨ ᠤ ᠰᠤᠳᠤᠯᠤᠯ ᠤᠨ ᠵᠠᠷᠤᠳᠠᠯ ᠢ ᠪᠠᠭᠤᠯᠭᠠᠵᠤ ᠥᠭᠭᠦᠨ᠎ᠡ ᠃

              2. ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢ ᠵᠢᠯᠣᠭᠤᠳᠤᠨ ᠲᠥᠷᠥᠯ ᠵᠦᠢᠯ ᠤᠨ ᠬᠠᠮᠢᠶᠠᠷᠤᠯᠲᠠ ᠂ ᠳᠣᠲᠣᠭᠠᠳᠤ ᠡᠵᠡᠮᠳᠡᠯ ᠤᠨ ᠳᠦᠷᠢᠮ ᠢ ᠨᠢ

        ᠲᠡᠭᠦᠯᠳᠡᠷᠵᠢᠭᠦᠯᠵᠦ ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠳᠤ ᠬᠢᠨᠠᠯᠲᠠ ᠲᠠᠯᠪᠢᠵᠤ ᠪᠠᠶᠢᠭᠠᠳ ᠬᠠᠮᠢᠶᠠᠷᠤᠯᠲᠠ ᠶᠢ ᠨᠢ ᠵᠢᠷᠤᠮᠵᠢᠭᠤᠯᠤᠨ ᠂ ᠰᠢᠨᠵᠢᠯᠡᠬᠦ

        ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃

              3. ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠠ ᠲᠦᠷᠦᠯ ᠵᠦᠢᠯ ᠢ ᠬᠡᠷᠡᠭᠵᠢᠭᠦᠯᠬᠦ ᠰᠡᠭᠦᠯᠴᠢ ᠶᠢᠨ ᠬᠤᠭᠤᠴᠠᠭᠠᠨ ᠳᠤ ᠠᠮᠵᠢᠯᠲᠠ

        ᠪᠦᠲᠦᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠲᠡᠭᠦᠯᠳᠡᠷᠵᠢᠭᠦᠯᠦᠨ᠎ᠡ ᠃

              4. ᠲᠥᠷᠥᠯ ᠵᠦᠢᠯ ᠳᠤ ᠬᠡᠷᠡᠭᠵᠢᠭᠦᠯᠬᠦ ᠴᠢᠬᠤᠯᠠ ᠶᠡᠭᠡ ᠠᠵᠢᠯ ᠶᠠᠪᠤᠳᠠᠯ ᠢ ᠬᠢᠨᠠᠨ ᠵᠥᠪᠰᠢᠶᠡᠷᠡᠨ᠎ᠡ ᠃ ᠶᠠᠮᠠᠷ ᠨᠢᠭᠡᠨ ᠰᠢᠯᠲᠠᠭᠠᠨ  ᠠᠴᠠ ᠪᠣᠯᠵᠤ ᠵᠣᠭᠰᠤᠭᠠᠬᠤ

        ᠪᠤᠶᠤ ᠬᠦᠴᠦᠨ ᠦᠭᠡᠢ ᠪᠣᠯᠭᠠᠬᠤ ᠴᠢᠬᠤᠯᠠᠲᠠᠢ ᠲᠥᠷᠥᠯ ᠵᠦᠢᠯ  ᠤᠨ ᠦᠯᠡᠳᠡᠪᠦᠷᠢ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ

        ᠮᠥᠴᠢᠷ ᠲᠠᠢ ᠬᠠᠮᠲᠤᠷᠠᠨ ᠬᠠᠷᠭᠤᠭᠤᠯᠤᠨ ᠲᠣᠭᠲᠠᠭᠠᠬᠤ ᠶᠢᠨ ᠬᠠᠮᠲᠤ ᠰᠢᠢᠳᠪᠦᠷᠢᠯᠡᠬᠦ ᠰᠠᠨᠠᠯ ᠳᠤᠷᠠᠳᠴᠤ ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠨ

        ᠦᠯᠡᠳᠡᠪᠦᠷᠢ ᠪᠡᠯᠡ ᠮᠥᠩᠭᠦ ᠶᠢ ᠨᠢ ᠲᠣᠭᠲᠠᠭᠠᠯ ᠶᠣᠰᠣᠭᠠᠷ ᠬᠤᠷᠢᠶᠠᠨ ᠠᠪᠤᠨ᠎ᠠ ᠃

              5. ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠪᠠ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ

        ᠨᠠᠶᠢᠳᠠᠪᠤᠷᠢᠵᠢᠭᠤᠯᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠪᠠ ᠶᠣᠰᠣ ᠰᠤᠷᠲᠠᠬᠤᠨ ᠤ

        ᠱᠠᠭᠠᠷᠳᠠᠯᠭ᠎ᠠ ᠶᠢ ᠬᠦᠨᠳᠦ ᠨᠣᠴᠢᠲᠠᠢ ᠵᠥᠷᠢᠴᠡᠭᠰᠡᠨ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠵᠢᠴᠢ ᠰᠢᠨᠵᠢᠯᠡᠬᠦ ᠤᠬᠠᠭᠠᠨ ᠤ ᠰᠤᠳᠤᠯᠤᠯ ᠤᠨ

        ᠠᠵᠢᠯᠲᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠬᠤᠯᠪᠣᠭᠠᠯᠠᠵᠤ ᠵᠠᠯᠬᠠᠭᠠᠨ ᠴᠡᠭᠡᠷᠯᠡᠭᠦᠯᠦᠨ᠎ᠡ ᠃

              ︵ᠳᠥᠷᠪᠡ ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠃ ᠥᠪᠡᠷᠲᠡᠭᠡᠨ ᠵᠠᠰᠠᠬᠤ ᠣᠷᠣᠨ ᠤ

        ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠲᠥᠰᠥᠪ ᠢ ᠨᠠᠶᠢᠷᠠᠭᠤᠯᠤᠨ ᠵᠣᠬᠢᠶᠠᠬᠤ ᠂ ᠵᠠᠷᠤᠯᠭ᠎ᠠ ᠶᠢᠨ

        ᠲᠥᠷᠥ ᠶᠢᠨ ᠪᠣᠳᠣᠯᠭ᠎ᠠ ᠶᠢ ᠬᠢᠨᠠᠨ ᠬᠠᠷᠭᠤᠭᠤᠯᠬᠤ ᠪᠠ ᠲᠥᠰᠥᠪ ᠤᠨ ᠠᠮᠵᠢᠯᠲᠠ ᠪᠦᠲᠦᠮᠵᠢ ᠶᠢ ᠬᠠᠮᠢᠶᠠᠷᠬᠤ ᠭᠤᠣᠯ ᠴᠣᠭᠴᠠ ᠪᠣᠯᠣᠨ᠎ᠠ ᠂ ᠪᠣᠳᠠᠲᠠᠢ ᠡᠭᠦᠷᠭᠡ

        ᠬᠠᠷᠢᠭᠤᠴᠠᠯᠭ᠎ᠠ ᠨᠢ ᠳᠣᠣᠷᠠᠬᠢ ᠮᠡᠲᠦ ᠄

              1. ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠣᠨ ᠤ ᠲᠥᠰᠥᠪ ᠢ ᠨᠠᠶᠢᠷᠠᠭᠤᠯᠤᠨ ᠵᠣᠬᠢᠶᠠᠵᠤ ᠂ ᠥᠪᠡᠷᠲᠡᠭᠡᠨ ᠵᠠᠰᠠᠬᠤ ᠣᠷᠣᠨ ᠤ ᠲᠥᠷᠥᠯ

        ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠤᠷᠠᠳᠤᠭᠰᠠᠨ ᠪᠡᠯᠡ ᠮᠥᠩᠭᠦ ᠬᠤᠪᠢᠶᠠᠷᠢᠯᠠᠬᠤ ᠰᠠᠨᠠᠯ ᠢ ᠬᠢᠨᠠᠨ ᠬᠠᠷᠭᠤᠭᠤᠯᠵᠤ ᠂ ᠰᠢᠨᠵᠢᠯᠡᠬᠦ ᠤᠬᠠᠭᠠᠨ ᠤ

        ᠰᠤᠳᠤᠯᠤᠯ ᠤᠨ ᠵᠠᠷᠤᠳᠠᠯ ᠢ ᠴᠠᠭ ᠲᠤᠬᠠᠢ ᠳᠤ ᠨᠢ ᠪᠠᠭᠤᠯᠭᠠᠨ᠎ᠠ ᠃

              2. ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠵᠦᠢᠯ ᠤᠨ ᠪᠡᠯᠡ

        ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠨᠤᠭᠤᠳ ᠢ ᠲᠣᠭᠲᠠᠭᠠᠨ᠎ᠠ ᠃

              3. ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠬᠡᠷᠡᠭᠯᠡᠭᠰᠡᠨ ᠠᠮᠵᠢᠯᠲᠠ ᠪᠦᠲᠦᠮᠵᠢ ᠶᠢᠨ

        ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ ᠃

              4. ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠪᠠᠷ

        ᠨᠤᠲᠠᠯᠠᠨ ᠲᠣᠭᠲᠠᠭᠠᠭᠰᠠᠨ ᠲᠥᠷᠥᠯ ᠵᠦᠢᠯ ᠤᠨ ᠦᠯᠡᠳᠡᠪᠦᠷᠢ ᠪᠡᠯᠡ ᠮᠥᠩᠭᠦ ᠶᠢ ᠴᠠᠭ ᠲᠤᠬᠠᠢ ᠳᠤ ᠨᠢ ᠬᠤᠷᠢᠶᠠᠨ ᠠᠪᠤᠨ᠎ᠠ ᠃

              ᠬᠤᠶᠠᠷ ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠢ ᠬᠠᠮᠢᠶᠠᠷᠬᠤ ᠡᠵᠡ ᠮᠡᠳᠡᠬᠦ ᠡᠷᠬᠡ ᠶᠢ ᠥᠷᠭᠡᠳᠬᠡᠨ᠎ᠡ

              ︵ ᠨᠢᠭᠡ ︶ ᠲᠥᠰᠥᠪ ᠢ ᠨᠠᠶᠢᠷᠠᠭᠤᠯᠤᠨ ᠵᠣᠬᠢᠶᠠᠬᠤ ᠠᠵᠢᠯ ᠢ ᠴᠣᠮᠬᠠᠳᠬᠠᠨ᠎ᠠ ᠃ ᠲᠥᠰᠥᠪ ᠢ ᠨᠠᠶᠢᠷᠠᠭᠤᠯᠤᠨ ᠵᠣᠬᠢᠶᠠᠬᠤ ᠵᠦᠢᠯ ᠢᠯᠭᠠᠯ ᠢ ᠤᠯᠠᠮ ᠨᠢᠭᠡ ᠠᠯᠬᠤᠮ

        ᠴᠣᠮᠬᠠᠳᠬᠠᠵᠤ ᠂ ᠰᠢᠭᠤᠳ ᠵᠠᠷᠤᠳᠠᠯ ᠤᠨ ᠲᠥᠰᠥᠪ ᠢ ᠲᠥᠬᠦᠭᠡᠷᠦᠮᠵᠢ ᠶᠢᠨ ᠵᠠᠷᠤᠳᠠᠯ ᠂ ᠲᠤᠬᠠᠶᠢᠯᠠᠭᠰᠠᠨ ᠠᠵᠢᠯ ᠤᠨ ᠵᠠᠷᠤᠳᠠᠯ ᠂ ᠬᠥᠳᠡᠯᠮᠦᠷᠢ ᠦᠢᠯᠡᠴᠢᠯᠡᠭᠡᠨ ᠤ

        ᠵᠠᠷᠤᠳᠠᠯ ᠭᠡᠬᠦ ᠭᠤᠷᠪᠠᠨ ᠶᠡᠭᠡ ᠲᠦᠷᠦᠯ ᠬᠤᠪᠢᠶᠠᠨ ᠨᠠᠶᠢᠷᠠᠭᠤᠯᠤᠨ ᠵᠣᠬᠢᠶᠠᠨ᠎ᠠ ᠃

              ᠲᠥᠬᠦᠭᠡᠷᠦᠮᠵᠢ ᠶᠢᠨ ᠵᠠᠷᠤᠳᠠᠯ ᠳᠤ ᠭᠤᠣᠯᠳᠠᠭᠤ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠲᠤᠰᠬᠠᠢ ᠬᠡᠮᠵᠢᠭᠦᠷᠯᠢᠭ ᠲᠥᠬᠦᠭᠡᠷᠦᠮᠵᠢ ᠶᠢ ᠬᠤᠳᠠᠯᠳᠤᠨ

        ᠠᠪᠬᠤ ᠪᠤᠶᠤ ᠲᠤᠷᠰᠢᠨ ᠦᠢᠯᠡᠳᠬᠦ ᠂ ᠤᠳᠤ ᠶᠢᠨ ᠪᠠᠶᠢᠭ᠎ᠠ ᠬᠡᠮᠵᠢᠭᠦᠷᠯᠢᠭ ᠲᠥᠬᠦᠭᠡᠷᠦᠮᠵᠢ ᠪᠠᠨ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠵᠢᠴᠢ ᠪᠤᠰᠤᠳ

        ᠨᠢᠭᠡᠴᠢ ᠠᠴᠠ ᠬᠡᠮᠵᠢᠭᠦᠷᠯᠢᠭ ᠲᠥᠬᠦᠭᠡᠷᠦᠮᠵᠢ ᠲᠦᠷᠢᠶᠡᠰᠦᠯᠡᠬᠦ ᠵᠠᠷᠤᠳᠠᠯ  ᠢ ᠪᠠᠭᠲᠠᠭᠠᠨ᠎ᠠ ᠃ ᠪᠣᠳᠣᠯᠭ᠎ᠠ ᠶᠢᠨ ᠲᠦᠷᠦᠯ ᠤᠨ ᠬᠡᠮᠵᠢᠭᠦᠷᠯᠢᠭ ᠲᠥᠬᠦᠭᠡᠷᠦᠮᠵᠢ ᠪᠠ ᠵᠥᠭᠡᠯᠡᠨ

        ᠲᠣᠨᠤᠭ ᠤᠨ ᠪᠠᠭᠠᠵᠢ ᠶᠢ ᠲᠥᠬᠦᠭᠡᠷᠦᠮᠵᠢ ᠶᠢᠨ ᠵᠠᠷᠤᠳᠠᠯ ᠤᠨ ᠵᠦᠢᠯ ᠢᠯᠭᠠᠯ ᠳᠤ ᠵᠢᠭᠰᠠᠭᠠᠵᠤ ᠪᠣᠯᠣᠨ᠎ᠠ ᠃

              ᠲᠤᠬᠠᠶᠢᠯᠠᠭᠰᠠᠨ ᠠᠵᠢᠯ ᠤᠨ ᠵᠠᠷᠤᠳᠠᠯ ᠳᠤ ᠭᠤᠣᠯᠳᠠᠭᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠡᠯ᠎ᠡ ᠵᠦᠢᠯ ᠤᠨ ᠬᠤᠷᠣᠭᠳᠠᠯ ᠮᠠᠲ᠋ᠧᠷᠢᠶᠠᠯ ᠂ 

        ᠬᠠᠪᠰᠤᠷᠤᠯᠲᠠ ᠮᠠᠲ᠋ᠧᠷᠢᠶᠠᠯ ᠮᠡᠲᠦ ᠶᠢᠨ ᠳᠣᠣᠷ᠎ᠠ ᠥᠷᠲᠡᠭᠲᠦ ᠬᠤᠷᠣᠭᠳᠠᠯ ᠶᠡᠬᠡᠲᠡᠢ ᠡᠳ᠋ ᠢ ᠬᠤᠳᠠᠯᠳᠤᠨ ᠠᠪᠬᠤ ᠂ ᠵᠥᠭᠡᠭᠡᠪᠦᠷᠢᠯᠡᠬᠦ ᠂ ᠠᠴᠢᠶᠠᠯᠠᠬᠤ ᠪᠠᠭᠤᠯᠭᠠᠬᠤ ᠂ 

        ᠲᠢᠭᠯᠢᠬᠦ ᠵᠡᠷᠭᠡ ᠵᠠᠷᠤᠳᠠᠯ ᠂ ᠬᠡᠮᠵᠢᠨ ᠲᠤᠷᠰᠢᠵᠤ ᠰᠢᠨᠵᠢᠯᠡᠨ ᠰᠢᠯᠭᠠᠬᠤ ᠪᠠ ᠡᠳ᠋ᠰᠢᠭᠦᠯᠵᠦ ᠪᠣᠯᠪᠠᠰᠤᠷᠠᠭᠤᠯᠬᠤ ᠵᠠᠷᠤᠳᠠᠯ ᠂ ᠲᠦᠯᠡᠰᠢ ᠰᠢᠲᠠᠭᠠᠯᠭ᠎ᠠ ᠶᠢᠨ ᠬᠥᠳᠡᠯᠭᠡᠭᠦ

        ᠬᠦᠴᠦᠨ ᠂ ᠬᠡᠪᠯᠡᠯ/ᠰᠤᠷᠪᠤᠯᠵᠢ ᠪᠢᠴᠢᠭ/ᠮᠡᠳᠡᠭᠡ ᠵᠠᠩᠭᠢ ᠶᠢᠨ ᠳᠠᠮᠵᠢᠭᠤᠯᠭ᠎ᠠ/ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠶᠠᠪᠤᠳᠠᠯ ᠂ 

        ᠬᠤᠷᠠᠯ/ᠠᠯᠪᠠᠨ ᠠᠵᠢᠯ ᠢᠶᠠᠷ ᠭᠠᠳᠠᠭᠰᠢ ᠭᠠᠷᠬᠤ/ᠣᠯᠠᠨ ᠤᠯᠤᠰ ᠤᠨ ᠬᠤᠭᠤᠷᠤᠨᠳᠤᠬᠢ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠶᠢᠨ ᠵᠠᠷᠤᠳᠠᠯ ᠵᠢᠴᠢ ᠬᠤᠯᠪᠣᠭᠳᠠᠯ ᠪᠦᠬᠦᠢ

        ᠪᠤᠰᠤᠳ ᠵᠠᠷᠤᠯᠭ᠎ᠠ ᠨᠤᠭᠤᠳ ᠢ ᠪᠠᠭᠲᠠᠭᠠᠨ᠎ᠠ ᠃

              ᠬᠥᠳᠡᠯᠮᠦᠷᠢ ᠦᠢᠯᠡᠴᠢᠯᠡᠭᠡᠨ ᠤ ᠵᠠᠷᠤᠳᠠᠯ ᠳᠤ ᠭᠤᠣᠯᠳᠠᠭᠤ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ ᠲᠦᠷᠦᠯ ᠵᠦᠢᠯ ᠳᠤ ᠣᠷᠣᠯᠴᠠᠭᠰᠠᠨ ᠰᠤᠳᠤᠯᠬᠤ

        ᠰᠤᠷᠤᠭᠴᠢ ᠂ ᠫᠤᠰᠲ ᠳ᠋ᠣᠺᠲ᠋ᠣᠷ ᠂ ᠵᠣᠴᠢᠨ ᠡᠷᠳᠡᠮᠲᠡᠨ ᠪᠠ ᠤᠷᠢᠨ ᠬᠡᠷᠡᠭᠯᠡᠬᠦ ᠰᠤᠳᠤᠯᠤᠭᠴᠢ ᠂ ᠰᠢᠨᠵᠢᠯᠡᠬᠦ ᠤᠬᠠᠭᠠᠨ ᠤ ᠰᠤᠳᠤᠯᠤᠯ ᠳᠤ ᠲᠤᠰᠠᠯᠠᠬᠤ ᠠᠵᠢᠯᠲᠠᠨ ᠵᠡᠷᠭᠡ

        ᠬᠥᠮᠥᠰ ᠲᠤ ᠥᠭᠬᠦ ᠬᠥᠳᠡᠯᠮᠦᠷᠢ ᠦᠢᠯᠡᠴᠢᠯᠡᠭᠡᠨ ᠤ ᠴᠢᠨᠠᠷᠲᠠᠢ ᠵᠠᠷᠤᠳᠠᠯ ᠵᠢᠴᠢ ᠲᠦᠷ ᠴᠠᠭ ᠤᠷᠢᠭᠰᠠᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠳᠤ ᠥᠭᠬᠦ ᠵᠠᠷᠤᠳᠠᠯ

        ᠵᠡᠷᠭᠡ ᠶᠢ ᠪᠠᠭᠲᠠᠭᠠᠨ᠎ᠠ ᠃

              50 ᠲᠦᠮᠡᠨ ᠲᠥᠭᠦᠷᠢᠭ ᠠᠴᠠ ᠳᠡᠭᠡᠭᠰᠢᠬᠢ ᠲᠥᠬᠦᠭᠡᠷᠦᠮᠵᠢ ᠶᠢᠨ ᠵᠠᠷᠤᠳᠠᠯ ᠠᠴᠠ ᠪᠤᠰᠤᠳ ᠰᠢᠭᠤᠳ ᠵᠠᠷᠤᠳᠠᠯ ᠨᠢ ᠵᠥᠪᠬᠡᠨ ᠦᠨᠳᠦᠰᠦᠨ ᠲᠥᠰᠥᠭᠡᠯᠡᠨ

        ᠪᠤᠳᠤᠭᠰᠠᠨ ᠲᠣᠳᠣᠷᠬᠠᠶᠢᠯᠠᠯᠲᠠ ᠬᠠᠩᠭᠠᠪᠠᠯ ᠪᠣᠯᠴᠢᠬᠠᠨ᠎ᠠ ᠂ ᠨᠠᠷᠢᠨ ᠳᠠᠩᠰᠠ ᠬᠠᠩᠭᠠᠬᠤ ᠴᠢᠬᠤᠯᠠ ᠦᠭᠡᠢ ᠃ ᠲᠥᠷᠥᠯ ᠵᠦᠢᠯ ᠢ ᠬᠢᠨᠠᠨ ᠲᠣᠭᠲᠠᠭᠠᠬᠤ ᠪᠠ ᠲᠥᠰᠥᠪ ᠢ

        ᠬᠢᠨᠠᠨ ᠲᠣᠭᠲᠠᠭᠠᠬᠤ ᠶᠢ ᠨᠡᠶᠢᠯᠡᠭᠦᠯᠵᠦ ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠷᠥᠯ ᠵᠦᠢᠯ ᠪᠠ ᠲᠥᠰᠥᠪ ᠢ ᠵᠡᠷᠭᠡ ᠪᠠᠷ ᠬᠢᠨᠠᠨ ᠲᠣᠭᠲᠠᠭᠠᠨ᠎ᠠ ᠃

         ᠲᠥᠷᠥᠯ ᠵᠦᠢᠯ ᠤᠨ ᠲᠥᠰᠥᠪ ᠢ ᠬᠢᠨᠠᠨ ᠲᠣᠭᠲᠠᠭᠠᠬᠤ ᠠᠵᠢᠯ ᠤᠨ ᠭᠤᠣᠯᠳᠠᠯᠭ᠎ᠠ ᠨᠢ ᠲᠥᠷᠥᠯ ᠵᠦᠢᠯ ᠤᠨ ᠲᠥᠰᠥᠪ ᠤᠨ ᠬᠠᠷᠠᠯᠲᠠ ᠶᠢᠨ ᠬᠤᠯᠪᠣᠭᠳᠠᠯᠲᠤ ᠴᠢᠨᠠᠷ ᠂ 

        ᠲᠥᠷᠥ ᠶᠢᠨ ᠪᠣᠳᠣᠯᠭ᠎ᠠ ᠶᠢᠨ ᠬᠠᠷᠢᠯᠴᠠᠨ ᠨᠡᠶᠢᠴᠡᠬᠦ ᠴᠢᠨᠠᠷ ᠂ ᠠᠵᠤ ᠠᠬᠤᠢ ᠶᠢᠨ ᠵᠦᠢ ᠶᠣᠰᠣᠴᠢ ᠴᠢᠨᠠᠷ ᠪᠣᠯᠣᠨ᠎ᠠ ᠂ ᠲᠥᠰᠥᠪ ᠢ ᠨᠠᠶᠢᠷᠠᠭᠤᠯᠤᠨ ᠵᠣᠬᠢᠶᠠᠭᠰᠠᠨ

        ᠨᠠᠷᠢᠯᠢᠭ ᠤᠨ ᠬᠡᠮᠵᠢᠶ᠎ᠡ ᠶᠢ ᠲᠥᠰᠥᠪ ᠢ ᠬᠢᠨᠠᠨ ᠲᠣᠭᠲᠠᠭᠠᠬᠤ ᠬᠦᠴᠦᠨ ᠵᠦᠢᠯ ᠪᠣᠯᠭᠠᠵᠤ ᠪᠣᠯᠬᠤ ᠦᠭᠡᠢ ᠃ ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ

        ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶

              ︵ᠬᠤᠶᠠᠷ︶ ᠲᠥᠰᠥᠪ ᠤᠨ ᠲᠣᠬᠢᠷᠠᠭᠤᠯᠤᠯᠲᠠ ᠶᠢᠨ ᠡᠷᠬᠡ ᠶᠢ ᠳᠣᠣᠷ᠎ᠠ ᠱᠠᠲᠤᠨ ᠳᠤ ᠣᠯᠭᠤᠨ᠎ᠠ ᠃ ᠲᠥᠰᠥᠪ ᠢ ᠲᠣᠬᠢᠷᠠᠭᠤᠯᠬᠤ ᠡᠷᠬᠡ ᠮᠡᠳᠡᠯ ᠤᠨ

        ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ ᠂ ᠲᠥᠬᠦᠭᠡᠷᠦᠮᠵᠢ ᠶᠢᠨ ᠵᠠᠷᠤᠳᠠᠯ ᠤᠨ ᠲᠥᠰᠥᠪ ᠢ ᠲᠣᠬᠢᠷᠠᠭᠤᠯᠬᠤ ᠪᠦᠬᠦ ᠡᠷᠬᠡ ᠶᠢ ᠲᠥᠷᠥᠯ ᠵᠦᠢᠯ ᠢ ᠳᠠᠭᠠᠭᠠᠨ

        ᠬᠠᠷᠢᠭᠤᠴᠠᠬᠤ ᠨᠢᠭᠡᠴᠢ ᠳᠤ ᠣᠯᠭᠤᠵᠤ ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠥᠰᠥᠪ ᠤᠨ ᠲᠣᠬᠢᠷᠠᠭᠤᠯᠤᠯᠲᠠ ᠶᠢᠨ ᠨᠡᠮᠡᠭᠳᠡᠯ ᠢ ᠬᠢᠨᠠᠨ

        ᠵᠥᠪᠰᠢᠶᠡᠷᠡᠬᠦ ᠠᠵᠢᠯ ᠢ ᠲᠠᠬᠢᠵᠤ ᠬᠠᠷᠢᠭᠤᠴᠠᠬᠤ ᠦᠭᠡᠢ ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠣᠲᠣ ᠶᠢᠨ ᠪᠠᠶᠢᠭ᠎ᠠ ᠲᠥᠬᠦᠭᠡᠷᠦᠮᠵᠢ ᠶᠢᠨ

        ᠲᠣᠬᠢᠷᠠᠭᠤᠯᠤᠯᠲᠠ ᠶᠢᠨ ᠪᠠᠶᠢᠳᠠᠯ ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠣᠳᠠᠲᠠᠢ ᠬᠡᠷᠡᠭᠴᠡᠭᠡ ᠵᠡᠷᠭᠡ ᠶᠢ ᠨᠢᠭᠡᠳᠦᠯᠲᠡᠢ ᠲᠥᠯᠥᠪᠯᠡᠨ

        ᠪᠣᠳᠣᠯᠬᠢᠯᠠᠭᠠᠳ ᠲᠣᠬᠢᠷᠠᠭᠤᠯᠬᠤ ᠭᠠᠷᠳᠠᠮ ᠢᠶᠠᠨ ᠴᠠᠭ ᠲᠤᠬᠠᠢ ᠳᠤ ᠨᠢ ᠭᠦᠢᠴᠡᠳᠬᠡᠬᠦ ᠬᠡᠷᠡᠭᠲᠡᠢ ᠃ ᠲᠦᠷᠦᠯ ᠵᠦᠢᠯ ᠢ ᠬᠠᠷᠢᠭᠤᠴᠠᠬᠤ ᠨᠢᠭᠡᠴᠢ ᠨᠢ ᠲᠥᠬᠦᠭᠡᠷᠦᠮᠵᠢ ᠶᠢᠨ

        ᠵᠠᠷᠤᠳᠠᠯ ᠠᠴᠠ ᠪᠤᠰᠤᠳ ᠰᠢᠭᠤᠳ ᠵᠠᠷᠤᠳᠠᠯ ᠢ ᠲᠣᠬᠢᠷᠠᠭᠤᠯᠬᠤ ᠪᠦᠬᠦ ᠡᠷᠬᠡ ᠶᠢ ᠲᠦᠷᠦᠯ ᠵᠦᠢᠯ ᠤᠨ ᠬᠠᠷᠢᠭᠤᠴᠠᠯᠭᠠᠲᠠᠨ ᠳᠤ ᠣᠯᠭᠤᠵᠤ ᠂ ᠲᠦᠷᠦᠯ ᠵᠦᠢᠯ ᠤᠨ

        ᠬᠠᠷᠢᠭᠤᠴᠠᠯᠭᠠᠲᠠᠨ ᠨᠢ ᠰᠤᠳᠤᠯᠭᠠᠨ ᠤ ᠠᠵᠢᠯᠯᠠᠭ᠎ᠠ ᠶᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠲᠣᠬᠢᠷᠠᠭᠤᠯᠤᠨ᠎ᠠ ᠃ ᠲᠥᠷᠥᠯ ᠵᠦᠢᠯ ᠤᠨ ᠳᠠᠮ

        ᠵᠠᠷᠤᠳᠠᠯ ᠤᠨ ᠲᠥᠰᠥᠪ ᠤᠨ ᠶᠡᠷᠦᠩᠬᠡᠢ ᠲᠤᠭ᠎ᠠ ᠶᠢ ᠵᠠᠷᠴᠢᠮ ᠳᠡᠭᠡᠷ᠎ᠡ ᠪᠠᠨ ᠨᠡᠮᠡᠨ ᠲᠣᠬᠢᠷᠠᠭᠤᠯᠵᠤ ᠪᠣᠯᠬᠤ ᠦᠭᠡᠢ ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ

        ᠨᠢᠭᠡᠴᠢ ᠬᠢᠭᠡᠳ ᠲᠥᠷᠥᠯ ᠵᠦᠢᠯ ᠤᠨ ᠬᠠᠷᠢᠭᠤᠴᠠᠯᠭᠠᠲᠠᠨ ᠨᠢ ᠵᠥᠪᠳᠡᠯᠴᠡᠭᠡᠳ ᠰᠠᠨᠠᠯ ᠨᠢᠭᠡᠳᠦᠭᠰᠡᠨ ᠤ ᠳᠠᠷᠠᠭ᠎ᠠ ᠂ ᠳᠠᠮ ᠵᠠᠷᠤᠳᠠᠯ ᠢ ᠲᠣᠬᠢᠷᠠᠭᠤᠯᠤᠨ ᠬᠠᠰᠤᠭᠠᠳ

        ᠰᠢᠭᠤᠳ ᠵᠠᠷᠤᠳᠠᠯ ᠢᠶᠠᠷ ᠬᠡᠷᠡᠭᠯᠡᠵᠦ ᠪᠣᠯᠣᠨ᠎ᠠ ᠃ ︵ᠲᠥᠷᠦᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ

        ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠭᠤᠷᠪᠠ ︶ ᠵᠠᠷᠤᠳᠠᠯ ᠤᠨ ᠳᠠᠭᠠᠭᠠᠴᠢᠯᠠᠯᠲᠠ ᠶᠢᠨ ᠳᠦᠷᠢᠮ ᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠎ᠡ ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ

        ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ︽ᠰᠣᠳᠣᠨ ᠵᠠᠯᠠᠭᠤᠴᠤᠳ ︾  ᠤᠨ ᠲᠥᠷᠥᠯ ᠤᠨ ᠲᠥᠷᠥᠯ ᠵᠦᠢᠯ ᠤᠳ ᠲᠤ ᠵᠠᠷᠤᠳᠠᠯ ᠤᠨ ᠳᠠᠭᠠᠭᠠᠴᠢᠯᠠᠯᠲᠠ ᠶᠢᠨ

        ᠳᠦᠷᠢᠮ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠂ ᠳᠠᠭᠠᠭᠠᠴᠢᠯᠠᠯᠲᠠ ᠶᠢᠨ ᠳᠦᠷᠢᠮ ᠤᠨ ᠬᠡᠪᠴᠢᠶ᠎ᠡ ᠶᠢ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ

        ᠪᠣᠶ ᠪᠦᠬᠦᠢ ᠲᠥᠷᠥᠯ ᠵᠦᠢᠯ ᠂ ᠴᠢᠳᠠᠪᠤᠷᠢᠲᠠᠨ ᠤ ᠲᠥᠷᠥᠯ ᠤᠨ ᠲᠥᠷᠥᠯ ᠵᠦᠢᠯ ᠪᠠ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠳᠤ ᠬᠦᠷᠲᠡᠯ᠎ᠡ

        ᠥᠷᠭᠡᠳᠬᠡᠵᠦ ᠂ ᠲᠥᠷᠥᠯ ᠵᠦᠢᠯ ᠤᠨ ᠲᠥᠰᠥᠪ ᠢ ᠳᠠᠭᠢᠵᠤ ᠨᠠᠶᠢᠷᠠᠭᠤᠯᠤᠨ ᠵᠣᠬᠢᠶᠠᠬᠤ ᠦᠭᠡᠢ ᠃ ᠲᠥᠷᠥᠯ ᠵᠦᠢᠯ ᠤᠨ ᠬᠠᠷᠢᠭᠤᠴᠠᠯᠭᠠᠲᠠᠨ ᠰᠢᠨᠵᠢᠯᠡᠬᠦ ᠤᠬᠠᠭᠠᠨ ᠤ

        ᠰᠤᠳᠤᠯᠤᠯ ᠤᠨ ᠶᠣᠰᠣ ᠰᠤᠷᠲᠠᠬᠤᠨ ᠡᠰᠢ ᠮᠣᠷᠠᠯ ᠪᠠ ᠠᠵᠢᠯ ᠠᠮᠢᠳᠤᠷᠠᠯ ᠰᠤᠳᠤᠯᠭᠠᠨ ᠤ ᠣᠪᠣᠷ ᠪᠠᠶᠢᠳᠠᠯ ᠦᠨᠡᠨᠴᠢ ᠢᠲᠡᠭᠡᠮᠵᠢᠲᠡᠢ ᠪᠠᠶᠢᠬᠤ ᠱᠠᠭᠠᠷᠳᠠᠯᠭ᠎ᠠ ᠶᠢ

        365赢多少钱会被限额_国内有真正的365平台吗_365bet博彩官网

        ᠵᠢᠷᠤᠮᠯᠠᠨ ᠰᠠᠬᠢᠵᠤ ᠂ ᠪᠦᠬᠦ ᠵᠠᠷᠤᠳᠠᠯ ᠢ ᠲᠣᠰ ᠲᠥᠷᠥᠯ ᠵᠦᠢᠯ ᠤᠨ ᠰᠤᠳᠤᠯᠤᠯ ᠤᠨ ᠠᠵᠢᠯ ᠤᠨ ᠬᠠᠮᠢᠶ᠎ᠠ ᠪᠦᠬᠦᠢ ᠵᠠᠷᠤᠯᠭ᠎ᠠ ᠳᠤ ᠬᠡᠷᠡᠭᠯᠡᠬᠦ ᠪᠠᠷ ᠠᠮᠠᠯᠠᠭᠰᠠᠨ ᠰᠠᠭᠤᠷᠢᠨ

        ᠳᠡᠭᠡᠷ᠎ᠡ ᠂ ᠲᠥᠷᠥᠯ ᠵᠦᠢᠯ ᠤᠨ ᠵᠠᠷᠤᠳᠠᠯ ᠤᠨ ᠬᠡᠷᠡᠭᠯᠡᠯᠲᠡ ᠶᠢ ᠥᠪᠡᠷᠲᠡᠭᠡᠨ ᠡᠵᠡ ᠮᠡᠳᠡᠨ ᠲᠣᠭᠲᠠᠭᠠᠵᠤ ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ

        ᠵᠠᠷᠤᠳᠠᠯ ᠤᠨ ᠳᠠᠭᠠᠭᠠᠴᠢᠯᠠᠯᠲᠠ ᠶᠢᠨ ᠳᠦᠷᠢᠮ ᠤᠨ ᠬᠠᠮᠢᠶ᠎ᠠ ᠪᠦᠬᠦᠢ ᠳᠣᠲᠣᠭᠠᠳᠤ ᠬᠠᠮᠢᠶᠠᠷᠤᠯᠲᠠ ᠶᠢᠨ ᠲᠣᠭᠲᠠᠭᠠᠯ ᠢ ᠲᠣᠭᠲᠠᠭᠠᠨ᠎ᠠ ᠃ ︵ᠲᠥᠷᠥᠯ ᠵᠦᠢᠯ ᠤᠨ

        ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ 

        ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠶᠢᠮᠠᠭ ᠬᠤᠲᠠ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ᠭᠤᠷᠪᠠ ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠢ ᠰᠠᠯᠭᠠᠨ ᠥᠭᠬᠦ ᠲᠣᠭᠲᠠᠴᠠ ᠶᠢ ᠰᠠᠶᠢᠵᠢᠷᠠᠭᠤᠯᠤᠨ᠎ᠠ

              ︵ᠨᠢᠭᠡ︶ ᠵᠠᠷᠤᠳᠠᠯ ᠰᠠᠯᠭᠠᠨ ᠥᠭᠬᠦ ᠠᠬᠢᠴᠠ ᠶᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠥᠷᠥᠯ ᠵᠦᠢᠯ ᠤᠨ

        ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠲᠥᠰᠥᠪ ᠲᠤ ᠴᠣᠬᠤᠯᠲᠠ ᠥᠭᠬᠦ  ᠠᠴᠠ ᠡᠮᠦᠨ᠎ᠡ ᠰᠢᠨᠵᠢᠯᠡᠬᠦ ᠤᠬᠠᠭᠠᠨ ᠤ ᠰᠤᠳᠤᠯᠤᠯ ᠤᠨ

        ᠵᠠᠷᠤᠳᠠᠯ ᠢ ᠤᠷᠢᠳᠴᠢᠯᠠᠨ ᠰᠠᠯᠭᠠᠨ ᠥᠭᠴᠦ ᠪᠣᠯᠣᠨ᠎ᠠ ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠢᠭᠡᠳ ᠲᠥᠷᠥᠯ ᠵᠦᠢᠯ ᠤᠨ

        ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠰᠠᠯᠭᠠᠨ ᠥᠭᠬᠦ

        ᠠᠬᠢᠴᠠ ᠪᠠᠨ ᠦᠨᠡᠨ ᠬᠦ ᠲᠦᠷᠭᠡᠳᠬᠡᠵᠦ᠂ ᠣᠨᠴᠠᠭᠠᠢ ᠪᠠᠶᠢᠳᠠᠯ ᠦᠭᠡᠢ ᠪᠣᠯ ᠂ ᠵᠠᠷᠴᠢᠮ ᠳᠡᠭᠡᠷ᠎ᠡ ᠪᠠᠨ ᠪᠡᠯᠡ ᠮᠥᠩᠭᠦ ᠶᠢ ᠪᠠᠭᠤᠯᠭᠠᠬᠤ ᠪᠢᠴᠢᠭ ᠮᠠᠲ᠋ᠧᠷᠢᠶᠠᠯ ᠢ

        ᠳᠠᠷᠤᠮᠠᠯᠯᠠᠨ ᠶᠠᠪᠤᠭᠤᠯᠤᠭᠰᠠᠨ ᠤ ᠳᠠᠷᠠᠭᠠᠬᠢ 30 ᠡᠳᠦᠷ ᠤᠨ ᠳᠣᠲᠣᠷ᠎ᠠ ᠭᠦᠢᠴᠡᠳᠬᠡᠯ ᠲᠤᠭ᠎ᠠ ᠪᠠᠨ ᠲᠣᠰ ᠱᠠᠲᠤᠨ ᠤ ᠲᠥᠷᠥᠯ ᠵᠦᠢᠯ ᠢ ᠳᠠᠭᠠᠭᠠᠨ ᠬᠠᠷᠢᠭᠤᠴᠠᠬᠤ

        ᠨᠢᠭᠡᠴᠢ ᠳᠤ ᠪᠠᠭᠤᠯᠭᠠᠵᠤ ᠥᠭᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠳᠣᠷᠣᠭᠰᠢ ᠰᠢᠯᠵᠢᠭᠦᠯᠦᠨ ᠥᠭᠬᠦ ᠳᠤ ᠪᠠᠨ ᠲᠤᠰᠠᠭᠠᠷ

        ᠰᠢᠯᠵᠢᠭᠦᠯᠦᠨ ᠥᠭᠬᠦ᠂ ᠲᠤᠰᠠᠭᠠᠷ ᠢᠯᠭᠠᠷᠠᠭᠤᠯᠤᠨ ᠪᠤᠳᠤᠬᠤ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ

        ᠲᠤᠰᠬᠠᠢ ᠲᠠᠩᠰᠠᠨ ᠡᠷᠦᠬᠡ ᠪᠠᠷ ᠬᠠᠮᠢᠶᠠᠷᠬᠤ᠂ ᠪᠢᠲᠡᠭᠦᠮᠵᠢᠯᠡᠨ ᠠᠵᠢᠯᠯᠠᠭᠤᠯᠬᠤ ᠶᠢ ᠪᠡᠶᠡᠯᠡᠭᠦᠯᠦᠨ᠎ᠡ᠃ ᠲᠥᠷᠥᠯ ᠵᠦᠢᠯ ᠢ  ᠲᠦᠷᠦᠭᠦᠯᠡᠨ ᠬᠢᠬᠦ ᠨᠢᠭᠡᠴᠢ ᠨᠢ ᠲᠥᠷᠥᠯ

        ᠵᠦᠢᠯ ᠤᠨ ᠬᠠᠷᠢᠭᠤᠴᠠᠯᠭᠠᠲᠠᠨ ᠤ ᠰᠠᠨᠠᠯ ᠢ ᠦᠨᠳᠦᠰᠦᠯᠡᠨ᠂ ᠲᠥᠷᠥᠯ ᠵᠦᠢᠯ ᠳᠤ ᠣᠷᠣᠯᠴᠠᠭᠰᠠᠨ ᠨᠢᠭᠡᠴᠢ ᠳᠤ ᠵᠠᠷᠤᠳᠠᠯ ᠢ ᠨᠢ ᠴᠠᠭ ᠲᠤᠬᠠᠢ ᠳᠤ ᠨᠢ ᠰᠢᠯᠵᠢᠭᠦᠯᠦᠨ

        ᠥᠭᠬᠦ ᠶᠢᠨ ᠬᠠᠮᠲᠤ᠂ ᠳᠣᠲᠣᠭᠠᠳᠤ ᠡᠵᠡᠮᠳᠡᠯ ᠤᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ

        ᠤᠷᠢᠲᠠᠯ ᠳᠤ᠂ ᠨᠢᠭᠡᠴᠢ ᠶᠢᠨ ᠰᠤᠳᠤᠯᠤᠯ ᠤᠨ ᠵᠠᠷᠤᠳᠠᠯ ᠤᠨ ᠳᠣᠲᠣᠭᠠᠳᠤ ᠳᠤ ᠪᠠᠨ ᠰᠢᠯᠵᠢᠭᠦᠯᠦᠨ ᠥᠭᠬᠦ ᠴᠤᠪᠤᠷᠠᠯ ᠢ ᠴᠣᠮᠬᠠᠳᠬᠠᠬᠤ ᠬᠡᠷᠡᠭᠲᠡᠢ᠃ ᠲᠥᠷᠥᠯ ᠵᠦᠢᠯ ᠢ

        ᠬᠠᠷᠢᠭᠤᠴᠠᠬᠤ ᠨᠢᠭᠡᠴᠢ ᠶᠢᠨ ᠬᠢᠨ ᠤ ︽ᠢᠯᠭᠠᠬᠤ ᠲᠡᠮᠳᠡᠭ ᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ︾ ᠶᠢᠨ ᠪᠡᠯᠡ

        ᠮᠥᠩᠭᠦ ᠶᠢ ᠨᠢ ᠨᠢᠭᠡᠴᠢ ᠶᠢᠨ ᠪᠣᠳᠠᠲᠠᠢ ᠪᠠᠶᠢᠭ᠎ᠠ ᠪᠡᠯᠡ ᠮᠥᠩᠭᠦᠨ ᠤ ᠲᠠᠩᠰᠠᠨ ᠡᠷᠦᠬᠡ ᠳᠤ ᠰᠢᠯᠵᠢᠭᠦᠯᠦᠨ ᠥᠭᠬᠦ ᠶᠢ ᠵᠥᠪᠰᠢᠶᠡᠷᠡᠨ᠎ᠡ᠃ ︵ᠥᠪᠡᠷᠲᠡᠭᠡᠨ ᠵᠠᠰᠠᠬᠤ

        ᠣᠷᠣᠨ ᠤ ᠡᠳ᠋ ᠤᠨ ᠵᠠᠰᠠᠭ ᠤᠨ ᠲᠢᠩᠬᠢᠮ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ

        ᠬᠠᠷᠢᠭᠤᠴᠠᠨ ᠨᠠᠶᠢᠳᠠᠪᠤᠷᠢᠵᠢᠭᠤᠯᠤᠨ᠎ᠠ︶

              ︵ᠬᠤᠶᠠᠷ︶ ᠦᠯᠡᠳᠡᠪᠦᠷᠢ ᠪᠡᠯᠡ ᠮᠥᠩᠭᠦᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠲᠥᠷᠥᠯ ᠵᠦᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠦᠭᠰᠡᠨ

        ᠮᠥᠷᠲᠡᠭᠡᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠬᠢᠷᠢ ᠲᠡᠩᠴᠡᠭᠰᠡᠨ ᠤ ᠳᠠᠷᠠᠭ᠎ᠠ᠂ ᠦᠯᠡᠳᠡᠪᠦᠷᠢ ᠪᠡᠯᠡ ᠮᠥᠩᠭᠦ ᠶᠢ ᠲᠥᠷᠥᠯ

        ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠳᠤ ᠦᠯᠡᠳᠡᠭᠡᠨ ᠥᠭᠴᠦ ᠬᠡᠷᠡᠭᠯᠡᠭᠦᠯᠦᠨ᠎ᠡ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠦᠯᠡᠳᠡᠪᠦᠷᠢ ᠪᠡᠯᠡ

        ᠮᠥᠩᠭᠦ ᠪᠠᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠰᠢᠭᠤᠳ ᠵᠠᠷᠤᠯᠭ᠎ᠠ ᠳᠤ ᠬᠡᠷᠡᠭᠯᠡᠬᠦ ᠪᠠᠷ ᠨᠢᠭᠡᠳᠦᠯᠲᠡᠢ  ᠲᠥᠯᠥᠪᠯᠡᠨ ᠲᠣᠬᠢᠷᠠᠭᠤᠯᠵᠤ᠂

        ᠤᠤᠯ ᠤᠨ ᠲᠥᠷᠥᠯ ᠵᠦᠢᠯ ᠤᠨ ᠰᠤᠳᠤᠯᠤᠯ ᠤᠨ ᠪᠦᠯᠬᠦᠮ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠣᠳᠣᠯᠬᠢᠯᠠᠵᠤ᠂ ᠦᠯᠡᠳᠡᠪᠦᠷᠢ ᠪᠡᠯᠡ ᠮᠥᠩᠭᠦ ᠶᠢᠨ

        ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠦᠯᠡᠳᠡᠪᠦᠷᠢ ᠪᠡᠯᠡ ᠮᠥᠩᠭᠦ ᠶᠢ ᠴᠢᠯᠦᠭᠡᠲᠡᠢ ᠭᠦᠢᠯᠭᠡᠭᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ

        ᠠᠬᠢᠴᠠ ᠶᠢ ᠲᠦᠷᠭᠡᠳᠬᠡᠨ᠎ᠡ᠃ ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ

        ᠨᠠᠶᠢᠳᠠᠪᠤᠷᠢᠵᠢᠭᠤᠯᠤᠨ᠎ᠠ︶

              ᠳᠥᠷᠪᠡ ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ

              ︵ᠨᠢᠭᠡ︶ ᠳᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠦᠨ᠎ᠡ ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠰᠢᠭᠤᠳ ᠵᠠᠷᠤᠳᠠᠯ  ᠠᠴᠠ

        ᠲᠥᠬᠦᠭᠡᠷᠦᠮᠵᠢ ᠬᠤᠳᠠᠯᠳᠤᠨ ᠠᠪᠤᠭᠰᠠᠨ ᠵᠠᠷᠤᠳᠠᠯ ᠢ ᠰᠠᠭᠤᠯᠭᠠᠨ ᠠᠪᠤᠭᠰᠠᠨ ᠤ ᠳᠠᠷᠠᠭᠠᠬᠢ ᠬᠡᠰᠡᠭ ᠤᠨ ᠵᠣᠬᠢᠬᠤ ᠬᠠᠷᠢᠴᠠᠯ ᠢᠶᠠᠷ ᠳᠠᠮ ᠵᠠᠷᠤᠳᠠᠯ ᠢ ᠬᠠᠷᠭᠤᠭᠤᠯᠤᠨ

        ᠲᠣᠭᠲᠠᠭᠠᠬᠤ ᠪᠥᠭᠡᠳ ᠨᠢᠭᠡᠳᠦᠯᠲᠡᠢ ᠲᠥᠯᠥᠪᠯᠡᠵᠦ ᠲᠣᠬᠢᠷᠠᠭᠤᠯᠤᠨ ᠬᠡᠷᠡᠭᠯᠡᠨ᠎ᠡ ᠂ ᠡᠭᠦᠨ ᠳᠤ ᠂ 500 ᠲᠦᠮᠡᠨ ᠲᠥᠭᠦᠷᠢᠭ ᠠᠴᠠ ᠳᠣᠷᠣᠭᠰᠢᠬᠢ ︵500 ᠲᠦᠮᠡᠨ

        ᠲᠥᠭᠦᠷᠢᠭ ᠢ ᠪᠠᠭᠲᠠᠭᠠᠨ᠎ᠠ︶ ᠬᠡᠰᠡᠭ ᠤᠨ ᠳᠠᠮ ᠵᠠᠷᠤᠳᠠᠯ ᠢ ᠬᠠᠮᠤᠭ ᠤᠨ ᠶᠡᠭᠡ ᠳᠤ ᠪᠠᠨ 30% ᠳᠤ ᠬᠦᠷᠲᠡᠯ᠎ᠡ ᠳᠡᠭᠡᠭᠰᠢᠯᠡᠭᠦᠯᠵᠦ ᠂ 500 ᠲᠦᠮᠡᠨ ᠲᠥᠭᠦᠷᠢᠭ ᠠᠴᠠ

        1000 ᠲᠦᠮᠡᠨ ᠲᠥᠭᠦᠷᠢᠭ ︵1000 ᠲᠦᠮᠡᠨ ᠲᠥᠭᠦᠷᠢᠭ ᠢ ᠪᠠᠭᠲᠠᠭᠠᠨ᠎ᠠ︶  ᠤᠨ ᠬᠡᠰᠡᠭ ᠤᠨ ᠳᠠᠮ ᠵᠠᠷᠤᠳᠠᠯ ᠢ ᠬᠠᠮᠤᠭ ᠤᠨ ᠶᠡᠭᠡ ᠳᠤ ᠪᠠᠨ 25% ᠬᠦᠷᠲᠡᠯ᠎ᠡ

        ᠳᠡᠭᠡᠭᠰᠢᠯᠡᠭᠦᠯᠵᠦ ᠂ 1000 ᠲᠦᠮᠡᠨ ᠲᠥᠭᠦᠷᠢᠭ ᠠᠴᠠ ᠳᠡᠭᠡᠭᠰᠢᠬᠢ ᠬᠡᠰᠡᠭ ᠤᠨ ᠳᠠᠮ ᠵᠠᠷᠤᠳᠠᠯ ᠢ ᠬᠠᠮᠤᠭ ᠤᠨ ᠶᠡᠭᠡ ᠳᠤ ᠪᠠᠨ 20% ᠬᠦᠷᠲᠡᠯ᠎ᠡ ᠳᠡᠭᠡᠭᠰᠢᠯᠡᠭᠦᠯᠵᠦ

        ᠪᠣᠯᠤᠨ᠎ᠠ ︔ ᠲᠣᠭᠠᠨ ᠤ ᠤᠬᠠᠭᠠᠨ ᠵᠡᠷᠭᠡ ᠴᠤᠯ ᠤᠨᠤᠯ ᠤᠨ ᠰᠠᠭᠤᠷᠢ ᠰᠤᠳᠤᠯᠤᠯ ᠤᠨ ᠲᠥᠷᠦᠯ ᠵᠦᠢᠯ ᠤᠨ ᠲᠠᠮ ᠵᠠᠷᠤᠳᠠᠯ ᠤᠨ ᠬᠠᠷᠢᠴᠠᠯ ᠢ ᠤᠯᠠᠮ ᠨᠢᠭᠡ ᠠᠯᠬᠤᠮ

        ᠳᠡᠭᠡᠭᠰᠢᠯᠡᠭᠦᠯᠦᠨ᠎ᠡ ᠂ ᠭᠡᠬᠦ ᠳᠤ ᠪᠠᠨ 60% ᠠᠴᠠ ᠬᠡᠲᠦᠷᠡᠭᠦᠯᠬᠦ ᠦᠭᠡᠢ ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠳᠠᠮ ᠵᠠᠷᠤᠳᠠᠯ ᠢ ᠪᠦᠬᠦᠨ ᠢ

        ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠳᠤ ᠬᠡᠷᠡᠭᠯᠡᠵᠦ ᠪᠣᠯᠬᠤ ᠪᠥᠭᠡᠳ ᠰᠢᠨ᠎ᠡ ᠶᠢ ᠡᠭᠦᠳᠦᠭᠰᠡᠨ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠨᠡᠶᠢᠲᠡ

        ᠪᠠ ᠬᠤᠪᠢ ᠬᠥᠮᠥᠨ ᠲᠡᠶᠢᠰᠢ ᠬᠡᠯᠪᠡᠶᠢᠯᠭᠡᠨ᠎ᠡ ᠃ ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ

        ᠬᠠᠷᠢᠭᠤᠴᠠᠨ ᠨᠠᠶᠢᠳᠠᠪᠤᠷᠢᠵᠢᠭᠤᠯᠤᠨ᠎ᠠ︶

              ︵ᠬᠤᠶᠠᠷ︶ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠵᠠᠷᠤᠬᠤ ᠬᠡᠪᠴᠢᠶ᠎ᠡ ᠶᠢ ᠥᠷᠭᠡᠳᠬᠡᠨ᠎ᠡ ᠃ ᠲᠥᠷᠥᠯ ᠵᠦᠢᠯ ᠳᠤ ᠤᠷᠢᠨ ᠬᠡᠷᠡᠭᠯᠡᠭᠰᠡᠨ ᠬᠥᠮᠥᠰ ᠤᠨ

        ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠ ᠮᠡᠷᠭᠡᠵᠢᠯ ᠤᠨ

        ᠦᠢᠯᠡᠴᠢᠯᠡᠭᠡᠨ ᠤ ᠦᠢᠯᠡᠰ ᠡᠷᠬᠢᠯᠡᠭᠰᠡᠳ ᠤᠨ ᠳᠤᠮᠳᠠᠴᠢ ᠴᠠᠯᠢᠩ ᠤᠨ ᠬᠢᠷᠢ ᠲᠦᠪᠰᠢᠨ ᠢᠶᠠᠷ ᠯᠠᠪᠯᠠᠯᠲᠠ ᠪᠣᠯᠭᠠᠵᠤ ᠂ ᠲᠡᠳᠡᠨᠦᠰ ᠤᠨ ᠲᠥᠷᠥᠯ ᠵᠦᠢᠯ ᠤᠨ

        ᠰᠤᠳᠤᠯᠤᠯ ᠳᠤ ᠡᠭᠦᠷᠭᠡᠯᠡᠭᠰᠡᠨ ᠡᠭᠦᠷᠭᠡ ᠶᠢ ᠨᠢ ᠦᠨᠳᠦᠰᠦᠯᠡᠨ ᠲᠣᠭᠲᠠᠭᠠᠵᠤ ᠂ ᠪᠠᠶᠢᠭᠤᠯᠭ᠎ᠠ ᠨᠢᠭᠡᠴᠢ ᠶᠢᠨ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠂ 

        ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠦᠢᠯ ᠳᠤ ᠣᠷᠣᠭᠤᠯᠤᠨ᠎ᠠ ᠃ 

        ︵ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶

              ︵ᠭᠤᠷᠪᠠ︶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ ᠃ ᠥᠪᠡᠷᠲᠡᠭᠡᠨ ᠵᠠᠰᠠᠬᠤ

        ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ

        ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠬᠥᠭᠵᠢᠯᠲᠡ ᠶᠢᠨ ᠱᠠᠲᠤ ᠦᠶ᠎ᠡ ᠂ ᠲᠥᠷᠥᠯ

        ᠬᠡᠯᠪᠡᠷᠢ ᠶᠢᠨ ᠪᠠᠶᠢᠷᠢ ᠲᠣᠭᠲᠠᠭᠠᠯᠲᠠ ᠂ ᠡᠭᠦᠷᠭᠡᠯᠡᠬᠦ ᠡᠭᠦᠷᠭᠡ ᠂ ᠴᠢᠳᠠᠪᠤᠷᠢᠲᠠᠳ ᠤᠨ ᠪᠦᠲᠦᠴᠡ ᠂ ᠪᠠᠶᠢᠭ᠎ᠠ ᠭᠠᠵᠠᠷ ᠣᠷᠣᠨ ᠂ ᠣᠲᠣ ᠶᠢᠨ ᠠᠵᠢᠯ ᠤᠨ ᠠᠮᠵᠢᠯᠲᠠ

        ᠪᠦᠲᠦᠮᠵᠢ ᠶᠢᠨ ᠴᠠᠯᠢᠩ ᠤᠨ ᠬᠢᠷᠢ ᠲᠦᠪᠰᠢᠨ ᠂ ᠡᠳ᠋ ᠤᠨ ᠶᠠᠪᠤᠳᠠᠯ ᠤᠨ ᠪᠠᠶᠢᠳᠠᠯ ᠢᠯᠠᠩᠭᠤᠶ᠎ᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ

        ᠵᠦᠢᠯ ᠤᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠳᠤ ᠬᠡᠷᠡᠭᠯᠡᠵᠦ ᠪᠣᠯᠬᠤ ᠳᠠᠮ ᠵᠠᠷᠤᠳᠠᠯ ᠵᠡᠷᠭᠡ ᠪᠣᠳᠠᠲᠤ ᠪᠠᠶᠢᠳᠠᠯ ᠤᠳ ᠲᠠᠢ ᠤᠶᠠᠯᠳᠤᠭᠤᠯᠤᠨ ᠂ ᠠᠮᠵᠢᠯᠲᠠ

        ᠪᠦᠲᠦᠮᠵᠢ ᠶᠢᠨ ᠴᠠᠯᠢᠩ ᠤᠨ ᠬᠢᠷᠢ ᠲᠦᠪᠰᠢᠨ ᠪᠠ ᠶᠡᠷᠦᠩᠬᠡᠢ ᠬᠡᠮᠵᠢᠶ᠎ᠡ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ ᠃ ᠠᠵᠢᠯ ᠤᠨ ᠠᠮᠵᠢᠯᠲᠠ ᠪᠦᠲᠦᠮᠵᠢ ᠶᠢᠨ

        ᠴᠠᠯᠢᠩ ᠢ ᠬᠤᠪᠢᠶᠠᠷᠢᠯᠠᠬᠤ ᠳᠤ ᠪᠠᠨ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠡᠭᠦᠷᠭᠡ ᠶᠢ ᠨᠡᠯᠢᠶᠡᠳ ᠣᠯᠠᠨ ᠡᠭᠦᠷᠭᠡᠯᠡᠭᠰᠡᠨ ᠂ 

        ᠦᠷ᠎ᠡ ᠪᠦᠲᠦᠮᠵᠢ ᠪᠠᠷ ᠲᠣᠪᠣᠶᠢᠮ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠲᠡᠶᠢᠰᠢ ᠬᠡᠯᠪᠡᠶᠢᠯᠭᠡᠬᠦ ᠬᠡᠷᠡᠭᠲᠡᠢ ᠃ ᠤᠯᠤᠰ ᠪᠠ ᠥᠪᠡᠷᠲᠡᠭᠡᠨ ᠵᠠᠰᠠᠬᠤ

        ᠣᠷᠣᠨ ᠤ ᠵᠠᠩᠭᠢᠯᠠᠭ᠎ᠠ ᠶᠢᠨ ᠬᠦᠷᠢᠶᠡᠨ ᠳᠠᠬᠢ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠬᠢᠬᠦ ᠡᠭᠦᠷᠭᠡ ᠶᠢ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠤ

        ᠰᠤᠳᠤᠯᠤᠯ ᠤᠨ ᠠᠵᠢᠯᠲᠠᠨ ᠤ ᠣᠨ ᠤ ᠴᠠᠯᠢᠩ ᠤᠨ ᠳᠦᠷᠢᠮ ᠤᠨ ᠲᠤᠷᠰᠢᠯᠭ᠎ᠠ ᠪᠠᠷ ᠲᠣᠯᠢ ᠪᠣᠯᠭᠠᠨ ᠂ ᠪᠠᠴᠢᠮ ᠬᠡᠷᠡᠭᠰᠡᠭᠳᠡᠵᠦ ᠪᠠᠶᠢᠭ᠎ᠠ ᠂ ᠠᠵᠢᠯ ᠲᠥᠷᠥᠯ ᠳᠤ ᠪᠠᠨ

        ᠮᠡᠳᠡᠷᠡᠭᠳᠡᠭᠰᠡᠨ ᠂ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠲᠤᠶᠢᠯ ᠤᠨ ᠴᠥᠭᠡᠨ ᠲᠣᠭᠠᠨ ᠤ ᠳᠡᠭᠡᠳᠦ ᠲᠠᠰ ᠤᠨ ᠴᠢᠳᠠᠪᠤᠷᠢᠲᠠᠳ ᠲᠤ ᠣᠨ ᠤ ᠴᠠᠯᠢᠩ ᠤᠨ

        ᠳᠦᠷᠢᠮ ᠬᠡᠷᠡᠭᠵᠢᠭᠦᠯᠬᠦ ᠶᠢ ᠰᠦᠪᠡᠭᠴᠢᠯᠡᠨ᠎ᠡ ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ

        ᠲᠢᠩᠬᠢᠮ ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ

        ᠵᠥᠪᠯᠡᠯ ᠂ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠳᠥᠷᠪᠡ ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠱᠠᠩᠨᠠᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ

        ᠨᠠᠶᠢᠳᠠᠪᠤᠷᠢᠵᠢᠭᠤᠯᠤᠨ᠎ᠠ ᠃ ᠡᠯ᠎ᠡ ᠨᠢᠭᠡᠴᠢ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ

        ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠬᠠᠤᠯᠢ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

        ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠳᠦᠷᠢᠮ ︾ ᠵᠡᠷᠭᠡ ᠬᠠᠮᠢᠶ᠎ᠠ ᠪᠦᠬᠦᠢ ᠲᠣᠭᠲᠠᠭᠠᠯ ᠤᠳ ᠢ ᠬᠢᠨᠠᠮᠠᠭᠠᠢ ᠨᠠᠶᠢᠳᠠᠪᠤᠷᠢᠵᠢᠭᠤᠯᠵᠤ ᠂ 

        ᠵᠥᠪᠳᠡᠯᠴᠡᠭᠡᠷ ᠢᠶᠠᠷ ᠦᠨ᠎ᠡ ᠲᠣᠭᠲᠠᠭᠠᠬᠤ ᠂ ᠮᠡᠷᠭᠡᠵᠢᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠫᠠᠶᠢᠰᠠ ᠡᠯᠭᠦᠨ ᠠᠷᠠᠯᠵᠢᠶᠠᠯᠠᠬᠤ ᠂ ᠦᠨ᠎ᠡ ᠬᠠᠶᠠᠯᠴᠠᠨ ᠬᠤᠳᠠᠯᠳᠤᠬᠤ

        ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣ ᠪᠠᠶᠢᠭ᠎ᠠ ᠦᠷ᠎ᠡ ᠪᠦᠲᠦᠭᠡᠯ ᠢᠶᠠᠨ ᠤᠯᠠᠷᠢᠭᠤᠯᠬᠤ ᠬᠡᠷᠡᠭᠲᠡᠢ ᠃

         ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠂ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠭᠠᠷᠭᠠᠭᠴᠢ ᠪᠠ

        ᠤᠯᠠᠷᠢᠭᠤᠯᠤᠯᠲᠠ ᠳᠤ ᠴᠢᠬᠤᠯᠠ ᠬᠤᠪᠢ ᠨᠡᠮᠡᠷᠢᠯᠡᠭᠰᠡᠨ ᠬᠥᠮᠥᠰ ᠲᠤ ᠤᠯᠠᠷᠢᠭᠤᠯᠤᠯᠲᠠ ᠠᠴᠠ ᠣᠯᠣᠭᠰᠠᠨ ᠠᠰᠢᠭ ᠣᠷᠣᠯᠭ᠎ᠠ  ᠶᠢ ᠱᠠᠩᠨᠠᠯ ᠬᠥᠬᠢᠭᠦᠯᠦᠯ ᠪᠠ ᠬᠠᠷᠠᠮᠵᠢ

        ᠪᠣᠯᠭᠠᠨ ᠣᠯᠭᠤᠵᠤ ᠂ ᠦᠯᠡᠳᠡᠭᠰᠡᠨ ᠬᠡᠰᠡᠭ ᠢ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠭᠡᠳ ᠦᠷ᠎ᠡ ᠪᠦᠲᠦᠭᠡᠯ ᠢ ᠤᠯᠠᠷᠢᠭᠤᠯᠬᠤ

        ᠵᠡᠷᠭᠡ ᠬᠠᠮᠢᠶ᠎ᠠ ᠪᠦᠬᠦᠢ ᠠᠵᠢᠯ ᠳᠤ ᠬᠡᠷᠡᠭᠯᠡᠭᠦᠯᠬᠦ ᠪᠠᠷ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠳᠤ ᠦᠯᠡᠳᠡᠭᠡᠨ ᠥᠭᠭᠦᠨ᠎ᠡ ᠂ ᠰᠢᠨᠵᠢᠯᠡᠬᠦ ᠤᠬᠠᠭᠠᠨ ᠲᠧᠭᠨᠢᠭ

        ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠭᠰᠠᠨ ᠠᠰᠢᠭ ᠣᠷᠣᠯᠭ᠎ᠠ ᠶᠢ ᠬᠤᠪᠢᠶᠠᠷᠢᠯᠠᠬᠤ ᠪᠣᠳᠠᠲᠠᠢ ᠠᠷᠭ᠎ᠠ ᠮᠠᠶ᠋ᠢᠭ ᠪᠠ ᠬᠠᠷᠢᠴᠠᠯ ᠢ ᠲᠣᠰ ᠨᠢᠭᠡᠴᠢ ᠶᠢᠨ ᠰᠢᠨᠵᠢᠯᠡᠬᠦ

        ᠤᠬᠠᠭᠠᠨ ᠤ ᠰᠤᠳᠤᠯᠤᠯ ᠤᠨ ᠠᠵᠢᠯᠲᠠᠳ ᠤᠨ ᠰᠠᠨᠠᠯ ᠢ ᠭᠦᠢᠴᠡᠳ ᠰᠣᠨᠣᠰᠤᠭᠰᠠᠨ ᠰᠠᠭᠤᠷᠢᠨ ᠳᠡᠭᠡᠷ᠎ᠡ ᠬᠡᠯᠡᠯᠴᠡᠨ ᠲᠣᠬᠢᠷᠠᠨ᠎ᠠ ᠃ ᠡᠭᠦᠷᠭᠡ ᠲᠤᠰᠢᠶᠠᠯ ᠤᠨ ᠰᠢᠨᠵᠢᠯᠡᠬᠦ

        ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠭᠰᠠᠨ ᠪᠡᠯᠡᠨ ᠮᠥᠩᠭᠦᠨ ᠤ ᠱᠠᠩᠨᠠᠯ ᠢ ᠪᠠᠶᠢᠭ᠎ᠠ ᠨᠢᠭᠡᠴᠢ ᠶᠢᠨ ᠠᠵᠢᠯ ᠤᠨ ᠠᠮᠵᠢᠯᠲᠠ

        ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶᠡᠨ ᠳᠤ ᠪᠤᠳᠤᠵᠤ ᠣᠷᠣᠭᠤᠯᠤᠨ᠎ᠠ ᠂ ᠭᠡᠪᠡᠴᠦ ᠨᠢᠭᠡᠨᠲᠡ ᠬᠠᠷᠭᠤᠭᠤᠯᠤᠨ ᠲᠣᠭᠲᠠᠭᠠᠭᠰᠠᠨ ᠠᠵᠢᠯ ᠤᠨ ᠠᠮᠵᠢᠯᠲᠠ

        ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶᠡᠨ ᠳᠤ ᠬᠢᠵᠠᠭᠠᠷᠯᠠᠭᠳᠠᠬᠤ ᠦᠭᠡᠢ ᠂ ᠳᠠᠷᠠᠭ᠎ᠠ ᠵᠢᠯ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ

        ᠬᠡᠮᠵᠢᠶ᠎ᠡ ᠶᠢ ᠲᠣᠭᠲᠠᠭᠠᠬᠤ ᠰᠠᠭᠤᠷᠢ ᠲᠤᠭ᠎ᠠ ᠪᠣᠯᠭᠠᠵᠤ ᠪᠣᠯᠬᠤ ᠦᠭᠡᠢ ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂

         ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ

        ᠮᠥᠴᠢᠷ ᠤᠳ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ᠲᠠᠪᠤ ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠠᠵᠢᠯ ᠶᠠᠪᠤᠳᠠᠯ ᠤᠨ ᠴᠢᠨᠠᠷᠲᠠᠢ ᠳᠠᠷᠤᠭᠠᠰᠤ ᠶᠢ ᠬᠥᠩᠭᠡᠷᠡᠭᠦᠯᠦᠨ᠎ᠡ

              ︵ᠨᠢᠭᠡ ︶ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ᠃ 

        ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠬᠡᠷᠡᠭᠴᠡᠭᠡ ᠪᠠᠨ ᠦᠨᠳᠦᠰᠦᠯᠡᠨ ᠂ ᠰᠢᠨᠵᠢᠯᠡᠬᠦ

        ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠶᠢᠨ ᠳᠣᠲᠣᠭᠠᠳᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ ᠂ ᠣᠯᠠᠨ ᠵᠦᠢᠯ ᠤᠨ ᠬᠡᠯᠪᠡᠷᠢ ᠪᠠᠷ

        ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠤᠷᠢᠨ ᠬᠡᠷᠡᠭᠯᠡᠬᠦ ᠶᠢ ᠡᠵᠡ ᠮᠡᠳᠡᠨ ᠰᠣᠩᠭᠤᠵᠤ ᠂ ᠲᠥᠷᠥᠯ ᠵᠦᠢᠯ ᠨᠢᠭᠡ ᠪᠦᠷᠢ ᠳᠤ

        ᠬᠠᠷᠢᠴᠠᠩᠭᠤᠢ ᠲᠣᠭᠲᠠᠪᠤᠷᠢᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠲᠠᠢ ᠪᠠᠶᠢᠬᠤ ᠶᠢ ᠦᠨᠡᠨ ᠬᠦ ᠪᠠᠲᠤᠯᠠᠵᠤ ᠂ ᠰᠢᠨᠵᠢᠯᠡᠬᠦ

        ᠤᠬᠠᠭᠠᠨ ᠤ ᠰᠤᠳᠤᠯᠤᠯ ᠤᠨ ᠠᠵᠢᠯᠲᠠᠳ ᠲᠤ ᠲᠥᠰᠥᠪ ᠨᠠᠶᠢᠷᠠᠭᠤᠯᠤᠨ ᠵᠣᠬᠢᠶᠠᠬᠤ ᠂ ᠵᠠᠷᠤᠳᠠᠯ ᠤᠨ ᠲᠠᠩᠰᠠ ᠲᠠᠶᠢᠯᠬᠤ ᠵᠡᠷᠭᠡ ᠲᠠᠯ᠎ᠠ ᠪᠠᠷ ᠲᠤᠰᠬᠠᠶᠢᠵᠢᠭᠰᠠᠨ

        ᠦᠢᠯᠡᠴᠢᠯᠡᠭᠡ ᠬᠠᠩᠭᠠᠨ᠎ᠠ ᠃ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠤᠷᠢᠨ ᠬᠡᠷᠡᠭᠯᠡᠬᠦ ᠳᠤ ᠬᠡᠷᠡᠭᠰᠡᠬᠦ ᠬᠥᠮᠥᠨ ᠤ ᠬᠦᠴᠦᠨ ᠤ

        ᠥᠪᠡᠷ ᠤᠨ ᠥᠷᠲᠡᠭ ᠤᠨ ᠵᠠᠷᠤᠳᠠᠯ ︵ᠨᠡᠶᠢᠭᠡᠮ ᠤᠨ ᠳᠠᠭᠠᠳᠬᠠᠯ ᠤᠨ ᠨᠥᠬᠦᠪᠦᠷᠢ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠭᠲᠠᠨ᠎ᠠ ︶

         ᠢ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ

        ᠵᠠᠷᠤᠳᠠᠯ ᠠᠴᠠ ᠭᠠᠷᠭᠠᠬᠤ ᠵᠡᠷᠭᠡ ᠠᠷᠭ᠎ᠠ ᠪᠠᠷ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ ᠪᠣᠯᠣᠨ᠎ᠠ ᠃ ︵ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ

        ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠬᠤᠶᠠᠷ ︶ ᠡᠳ᠋ ᠤᠨ ᠶᠠᠪᠤᠳᠠᠯ ᠤᠨ ᠲᠠᠩᠰᠠ ᠲᠠᠶᠢᠯᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠠᠶᠢᠵᠢᠷᠠᠭᠤᠯᠤᠨ᠎ᠠ ᠃ ᠲᠥᠷᠥᠯ ᠵᠦᠢᠯ ᠢ ᠳᠠᠭᠠᠭᠠᠨ

        ᠬᠠᠷᠢᠭᠤᠴᠠᠬᠤ ᠨᠢᠭᠡᠴᠢ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠪᠣᠳᠠᠲᠤ ᠬᠡᠷᠡᠭᠴᠡᠭᠡ ᠳᠤ ᠨᠡᠶᠢᠴᠡᠭᠰᠡᠨ ᠳᠣᠲᠣᠭᠠᠳᠤ ᠶᠢᠨ ᠲᠠᠩᠰᠠ ᠲᠠᠶᠢᠯᠬᠤ ᠲᠣᠭᠲᠠᠭᠠᠯ ᠢ

        ᠲᠣᠭᠲᠠᠭᠠᠨ᠎ᠠ ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠪᠣᠳᠠᠲᠤ ᠬᠡᠷᠡᠭᠴᠡᠭᠡᠨ ᠠᠴᠠ ᠪᠣᠯᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠢ

        ᠮᠡᠷᠭᠡᠵᠢᠯᠲᠡᠳ ᠂ ᠡᠷᠳᠡᠮᠲᠡᠳ ᠪᠠ ᠬᠤᠯᠪᠣᠭᠳᠠᠯ ᠪᠦᠬᠦᠢ ᠬᠥᠮᠥᠰ ᠢ ᠭᠤᠣᠯᠯᠠᠨ ᠡᠷᠭᠢᠯᠡᠭᠰᠡᠨ ᠬᠤᠷᠠᠯ ᠵᠡᠷᠭᠡ ᠳᠤ ᠪᠠᠨ ᠤᠷᠢᠨ ᠣᠷᠣᠯᠴᠠᠭᠤᠯᠬᠤ ᠳᠤ ᠭᠠᠷᠤᠭᠰᠠᠨ ᠵᠠᠪᠠᠯ

        ᠬᠠᠷᠢᠭᠤᠴᠠᠬᠤ ᠴᠢᠬᠤᠯᠠᠲᠠᠢ ᠬᠤᠲᠠ ᠬᠤᠭᠤᠷᠣᠨᠳᠣᠬᠢ ᠪᠠ ᠤᠯᠤᠰ ᠬᠤᠭᠤᠷᠣᠨᠳᠣᠬᠢ ᠵᠠᠮ ᠬᠠᠷᠢᠯᠴᠠᠭᠠᠨ ᠤ ᠵᠠᠷᠤᠳᠠᠯ ᠢ ᠬᠤᠷᠠᠯ ᠤᠨ ᠵᠠᠷᠤᠳᠠᠯ ᠵᠡᠷᠭᠡ ᠠᠴᠠ ᠭᠠᠷᠭᠠᠵᠤ

        ᠪᠣᠯᠣᠨ᠎ᠠ ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠬᠢᠨ ᠤᠯᠤᠰ ᠤᠨ ᠳᠣᠲᠣᠭᠠᠳᠤ ᠶᠢᠨ ᠵᠠᠮ ᠤᠨ ᠵᠠᠷᠤᠳᠠᠯ ᠤᠨ ᠳᠣᠲᠣᠷᠠᠬᠢ ᠬᠤᠭᠤᠯᠠᠨ ᠤ

        ᠨᠥᠬᠦᠪᠦᠷᠢ ᠂ ᠬᠤᠲᠠ ᠶᠢᠨ ᠳᠣᠲᠣᠷᠠᠬᠢ ᠵᠠᠮ ᠬᠠᠷᠢᠯᠴᠠᠭᠠᠨ ᠤ ᠵᠠᠷᠤᠳᠠᠯ ᠪᠠ ᠪᠠᠷᠢᠮᠲᠠ ᠣᠯᠬᠤ ᠳᠤ ᠬᠦᠴᠢᠷᠲᠡᠢ ᠬᠤᠨᠤᠭ ᠤᠨ ᠵᠠᠷᠤᠳᠠᠯ ᠳᠤ ᠳᠠᠭᠠᠭᠠᠴᠢᠯᠠᠯᠲᠠ ᠶᠢᠨ

        ᠳᠦᠷᠢᠮ ᠬᠡᠷᠡᠭᠵᠢᠭᠦᠯᠬᠦ ᠶᠢ ᠵᠥᠪᠰᠢᠶᠡᠷᠡᠨ᠎ᠡ ᠃ ︵ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠭᠤᠷᠪᠠ ︶ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠴᠠᠭᠠᠰᠤ ᠬᠡᠷᠡᠭᠯᠡᠬᠦ ᠦᠭᠡᠢ ᠪᠠᠷ ᠲᠠᠩᠰᠠ ᠲᠠᠶᠢᠯᠬᠤ ᠲᠤᠷᠰᠢᠯᠲᠠ ᠶᠢᠨ ᠴᠡᠭ ᠢ

        ᠬᠡᠷᠡᠭᠵᠢᠭᠦᠯᠦᠨ᠎ᠡ ᠃ ᠡᠯᠧᠺᠲᠷᠣᠨ ᠫᠢᠶᠣᠣ ᠪᠠᠷᠢᠮᠲᠠ ᠶᠢ ᠭᠥᠯᠢᠶᠡᠨ ᠠᠪᠬᠤ ᠂ ᠲᠠᠩᠰᠠᠨ ᠳᠤ ᠣᠷᠣᠭᠤᠯᠬᠤ ᠂ ᠲᠠᠩᠰᠠ ᠡᠪᠬᠡᠮᠡᠯ ᠳᠤ ᠣᠷᠣᠭᠤᠯᠤᠨ ᠰᠢᠢᠳᠪᠦᠷᠢᠯᠡᠬᠦ

        ᠠᠵᠢᠯ ᠤᠨ ᠬᠡᠮᠵᠢᠶ᠎ᠡ ᠪᠠᠷ ᠨᠡᠯᠢᠶᠡᠳ ᠶᠡᠭᠡ ᠪᠠᠶᠢᠳᠠᠭ ᠬᠡᠰᠡᠭ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ

        ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠂ ᠠᠵᠤ ᠠᠬᠤᠶᠢᠯᠠᠯ ᠢ ᠰᠣᠩᠭᠤᠨ ᠂ ᠲᠠᠩᠰᠠᠨ ᠳᠤ ᠣᠷᠣᠭᠤᠯᠤᠭᠰᠠᠨ ᠡᠯᠧᠺᠲᠷᠣᠨ ᠭᠡᠷᠡᠴᠢ ᠪᠠᠷᠢᠮᠲᠠ ᠶᠢ ᠨᠢᠭᠲᠠᠯᠠᠨ

        ᠪᠣᠳᠣᠬᠤ ᠲᠤᠭ᠎ᠠ ᠪᠠᠷᠢᠮᠲᠠ ᠶᠢᠨ ᠪᠠᠷᠢᠮᠵᠢᠶ᠎ᠠ ᠶᠢ ᠳᠡᠯᠭᠡᠷᠡᠭᠦᠯᠬᠦ ᠬᠡᠪᠴᠢᠶᠡᠨ ᠳᠤ ᠣᠷᠣᠭᠤᠯᠵᠤ ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠲᠠᠩᠰᠠ

        ᠲᠠᠶᠢᠯᠬᠤ ᠶᠢ ᠲᠣᠭᠠᠵᠢᠭᠤᠯᠬᠤ ᠂ ᠴᠠᠭᠠᠰᠤ ᠬᠡᠷᠡᠭᠯᠡᠬᠦ ᠦᠭᠡᠢ ᠪᠣᠯᠭᠠᠬᠤ ᠶᠢ ᠠᠬᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ 

        ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ

        ᠮᠥᠴᠢᠷ ᠵᠡᠷᠭᠡ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠳᠥᠷᠪᠡ ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠰᠢᠯᠭᠠᠨ ᠬᠤᠷᠢᠶᠠᠵᠤ ᠠᠪᠬᠤ ᠰᠤᠳᠤᠯᠭᠠᠨ ᠤ ᠰᠡᠳᠦᠪ ᠢ ᠲᠡᠭᠦᠰᠬᠡᠬᠦ ᠡᠳ᠋ ᠤᠨ

        ᠶᠠᠪᠤᠳᠠᠯ ᠤᠨ ᠬᠠᠮᠢᠶᠠᠷᠤᠯᠲᠠ ᠶᠢ ᠬᠢᠯᠪᠠᠷᠴᠢᠯᠠᠨ᠎ᠠ ᠃ ᠡᠳ᠋ ᠤᠨ ᠶᠠᠪᠤᠳᠠᠯ ᠪᠠ ᠮᠡᠷᠭᠡᠵᠢᠯ ᠤᠨ ᠰᠢᠯᠭᠠᠨ ᠬᠤᠷᠢᠶᠠᠨ ᠠᠪᠤᠯᠲᠠ ᠶᠢ ᠨᠡᠶᠢᠯᠡᠭᠦᠯᠵᠦ ᠂ ᠠᠮᠵᠢᠯᠲᠠ

        ᠪᠦᠲᠦᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭᠠᠨ ᠤ ᠡᠴᠦᠰ ᠲᠤ ᠨᠢᠭᠡ ᠯᠠ ᠤᠳᠠᠭ᠎ᠠ ᠶᠢᠨ ᠴᠢᠨᠠᠷᠲᠠᠢ ᠬᠢᠨ᠎ᠡ ᠃ 

        ᠲᠦᠷᠦᠯ ᠵᠦᠢᠯ ᠢ ᠰᠢᠯᠭᠠᠨ ᠬᠤᠷᠢᠶᠠᠵᠤ ᠠᠪᠬᠤ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠢ ᠲᠡᠭᠦᠰᠬᠡᠬᠦ ᠠᠵᠢᠯᠯᠠᠭᠠᠨ ᠤ ᠵᠦᠭᠯᠡᠭᠦᠷ ᠢ ᠲᠡᠭᠦᠯᠳᠡᠷᠵᠢᠭᠦᠯᠵᠦ ᠂

         ᠲᠥᠰᠥᠪ ᠤᠨ ᠲᠣᠬᠢᠷᠠᠭᠤᠯᠤᠯᠲᠠ ᠂ ᠲᠥᠬᠦᠭᠡᠷᠦᠮᠵᠢ ᠶᠢᠨ ᠬᠠᠮᠢᠶᠠᠷᠤᠯᠲᠠ ᠂ ᠠᠵᠢᠯᠲᠠᠨ ᠤ ᠵᠠᠷᠤᠳᠠᠯ ᠵᠡᠷᠭᠡ ᠡᠳ᠋ ᠤᠨ ᠶᠠᠪᠤᠳᠠᠯ ᠂ ᠨᠢᠭᠲᠠᠯᠠᠨ ᠪᠤᠳᠤᠬᠤ ᠂ ᠬᠢᠨᠠᠨ

        ᠪᠤᠳᠤᠬᠤ ᠲᠠᠯ᠎ᠠ ᠶᠢᠨ ᠪᠣᠳᠠᠲᠠᠢ ᠱᠠᠭᠠᠷᠳᠠᠯᠭ᠎ᠠ ᠨᠤᠭᠤᠳ ᠢ ᠨᠠᠷᠢᠯᠢᠭᠵᠢᠭᠤᠯᠤᠨ ᠲᠣᠳᠣᠷᠬᠠᠶᠢᠯᠠᠵᠤ ᠂ ᠬᠤᠯᠪᠣᠭᠳᠠᠯ ᠪᠦᠬᠦᠢ ᠪᠠᠶᠢᠭᠤᠯᠤᠮᠵᠢ ᠪᠠ ᠠᠵᠢᠯᠲᠠᠨ ᠲᠥᠷᠥᠯ

        ᠵᠦᠢᠯ ᠢ ᠰᠢᠯᠭᠠᠨ ᠬᠤᠷᠢᠶᠠᠵᠤ ᠠᠪᠬᠤ ᠪᠠ ᠪᠠᠶᠢᠴᠠᠭᠠᠬᠤ ᠳᠤ ᠪᠠᠨ ᠲᠥᠷᠥ ᠶᠢᠨ ᠪᠣᠳᠣᠯᠭ᠎ᠠ ᠶᠢ ᠠᠳᠡᠭᠦᠦ ᠣᠶᠢᠯᠠᠭᠠᠨ ᠪᠤᠷᠤᠭᠤ ᠬᠡᠷᠡᠭᠵᠢᠭᠦᠯᠬᠦ ᠠᠴᠠ ᠵᠠᠶᠢᠯᠠᠰᠬᠢᠨ᠎ᠡ ᠃ 

        ᠰᠢᠨ᠎ᠡ ᠶᠢ ᠡᠭᠦᠳᠬᠦ ᠴᠢᠳᠠᠪᠤᠷᠢ ᠪᠠ ᠳᠠᠯᠳᠠ ᠬᠦᠴᠦᠨ ᠢᠶᠠᠷ ᠲᠣᠪᠣᠶᠢᠮ᠎ᠠ ᠂ ᠰᠢᠨ᠎ᠡ ᠶᠢ ᠡᠭᠦᠳᠦᠭᠰᠡᠨ ᠠᠵᠢᠯ ᠤᠨ ᠠᠮᠵᠢᠯᠲᠠ ᠪᠦᠲᠦᠮᠵᠢ ᠢᠯᠡᠳᠲᠡ ᠂ ᠰᠢᠨᠵᠢᠯᠡᠬᠦ

        ᠤᠬᠠᠭᠠᠨ ᠤ ᠰᠤᠳᠤᠯᠤᠯ ᠳᠤ ᠪᠠᠨ ᠦᠨᠡᠨᠴᠢ ᠢᠲᠡᠭᠡᠮᠵᠢᠲᠡᠢ ᠬᠡᠰᠡᠭ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠂ 

        ᠠᠵᠤ ᠠᠬᠤᠶᠢᠯᠠᠯ ᠢ ᠰᠣᠩᠭᠤᠨ ᠲᠤᠷᠰᠢᠯᠲᠠ ᠶᠢᠨ ᠨᠢᠭᠡᠴᠢ ᠪᠣᠯᠭᠠᠵᠤ ᠂ ᠲᠡᠳᠡᠨᠦᠰ ᠤᠨ ᠭᠠᠷᠭᠠᠭᠰᠠᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ

        ᠵᠠᠷᠤᠳᠠᠯ ᠤᠨ ᠲᠥᠰᠥᠪ ᠤᠨ ᠭᠦᠢᠴᠡᠳᠬᠡᠯ ᠮᠡᠳᠡᠭᠦᠯᠬᠦ ᠬᠦᠰᠦᠨᠦᠭᠲᠦ ᠪᠠᠷ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠲᠡᠭᠦᠰᠬᠡᠬᠦ ᠦᠨᠳᠦᠰᠦᠯᠡᠯ ᠪᠣᠯᠭᠠᠵᠤ ᠂ 

        ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠰᠡᠳᠦᠪ ᠲᠡᠭᠦᠰᠬᠡᠬᠦ ᠡᠳ᠋ ᠤᠨ ᠶᠠᠪᠤᠳᠠᠯ ᠤᠨ ᠬᠢᠨᠠᠨ ᠪᠣᠳᠣᠯᠲᠠ ᠶᠢ ᠬᠦᠴᠦᠨ ᠦᠭᠡᠢ ᠪᠣᠯᠭᠠᠨ᠎ᠠ ᠃ 

        ᠲᠤᠷᠰᠢᠯᠲᠠ ᠶᠢᠨ ᠴᠡᠭ ᠪᠣᠯᠬᠤ ᠨᠢᠭᠡᠴᠢ ᠨᠦᠭᠦᠳ ᠨᠢ ᠵᠠᠷᠤᠳᠠᠯ ᠤᠨ ᠲᠥᠰᠥᠪ ᠤᠨ ᠭᠦᠢᠴᠡᠳᠬᠡᠯ ᠮᠡᠳᠡᠭᠦᠯᠬᠦ ᠬᠦᠰᠦᠨᠦᠭᠲᠦ ᠶᠢᠨ ᠦᠨᠡᠨ ᠪᠣᠳᠠᠲᠤ ᠴᠢᠨᠠᠷ ᠂ ᠪᠦᠷᠢᠨ

        ᠪᠦᠲᠦᠨ ᠴᠢᠨᠠᠷ ᠂ ᠣᠨᠣᠪᠴᠢᠲᠤ ᠴᠢᠨᠠᠷ ᠲᠤ ᠬᠠᠷᠢᠭᠤᠴᠠᠵᠤ ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠤᠭᠤᠴᠢᠨ ᠪᠠᠶᠢᠴᠠᠭᠠᠬᠤ ᠠᠵᠢᠯ ᠢ

        ᠲᠣᠬᠢᠷᠠᠮᠵᠢᠲᠠᠢ ᠴᠠᠭ ᠲᠤ ᠨᠢ ᠵᠣᠬᠢᠶᠠᠨ ᠪᠠᠶᠢᠭᠤᠯᠤᠨ᠎ᠠ ᠃ ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠲᠠᠪᠤ ︶ ᠰᠢᠨᠵᠢᠯᠡᠬᠦ ᠤᠬᠠᠭᠠᠨ ᠤ ᠰᠤᠳᠤᠯᠤᠯ ᠤᠨ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠢ ᠬᠢᠯᠪᠠᠷᠴᠢᠯᠠᠨ᠎ᠠ ᠃ ᠶᠡᠭᠡ ᠳᠡᠭᠡᠳᠦ

        ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠳᠤ

        ᠰᠢᠨ᠎ᠡ ᠶᠢ ᠡᠭᠦᠳᠦᠨ᠎ᠡ ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ

        ᠭᠠᠵᠠᠷ ᠤᠳ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠤᠨ ᠲᠣᠭᠲᠠᠴᠠ  ᠶᠢ ᠪᠠᠶᠢᠭᠤᠯᠤᠨ ᠲᠡᠭᠦᠯᠳᠡᠷᠵᠢᠭᠦᠯᠵᠦ ᠂ ︽ᠬᠤᠳᠠᠯᠳᠤᠨ

        ᠠᠪᠬᠤ ᠬᠥᠮᠥᠨ ᠬᠠᠷᠢᠭᠤᠴᠠᠬᠤ ︾ ᠵᠠᠷᠴᠢᠮ ᠶᠣᠰᠣᠭᠠᠷ ᠂ ᠬᠤᠳᠠᠯᠳᠤᠨ ᠠᠪᠤᠭᠴᠢ ᠬᠤᠳᠠᠯᠳᠤᠨ ᠠᠪᠬᠤ ᠱᠠᠭᠠᠷᠳᠠᠯᠭ᠎ᠠ ᠪᠠ ᠬᠤᠳᠠᠯᠳᠤᠨ ᠠᠪᠤᠭᠰᠠᠨ ᠦᠷ᠎ᠡ ᠳ᠋ᠦᠩ ᠳᠤ

        ᠬᠠᠷᠢᠭᠤᠴᠠᠬᠤ ᠲᠣᠭᠲᠠᠴᠠ ᠶᠢ ᠨᠠᠶᠢᠳᠠᠪᠤᠷᠢᠵᠢᠭᠤᠯᠤᠨ ᠂ ᠳᠣᠲᠣᠭᠠᠳᠤ ᠶᠢᠨ ᠬᠢᠨᠠᠨ ᠵᠥᠪᠰᠢᠶᠡᠷᠡᠬᠦ ᠴᠤᠪᠤᠷᠠᠯ ᠢ ᠴᠣᠮᠬᠠᠳᠬᠠᠵᠤ ᠂ ︽ᠥᠪᠥᠷ ᠮᠣᠩᠭᠤᠯ ᠤᠨ ᠥᠪᠡᠷᠲᠡᠭᠡᠨ

        ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︾  ᠠᠴᠠ ᠵᠢᠭᠠᠨ ᠲᠣᠭᠲᠠᠭᠠᠭᠰᠠᠨ ᠵᠠᠭᠤᠴᠢᠯᠠᠭᠤᠷ ᠪᠠ ᠲᠤᠰᠬᠠᠢ ᠰᠦᠯᠵᠢᠶᠡᠨ ᠤ

        ᠳᠠᠪᠠᠭᠤᠯᠢᠭ ᠢ ᠭᠦᠢᠴᠡᠳ ᠠᠰᠢᠭᠯᠠᠨ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ ᠬᠤᠳᠠᠯᠳᠤᠨ ᠠᠪᠬᠤ ᠮᠡᠳᠡᠭᠡ

        ᠵᠠᠩᠭᠢ ᠶᠢ ᠢᠯᠡ ᠨᠡᠶᠢᠲᠡᠯᠡᠬᠦ ᠠᠷᠭ᠎ᠠ ᠵᠠᠮ ᠬᠠᠩᠭᠠᠨ᠎ᠠ︔ ᠨᠢᠭᠡᠨᠲᠡ ᠪᠠᠶᠢᠭᠤᠯᠤᠭᠳᠠᠭᠰᠠᠨ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠲᠠᠪᠴᠠᠩ ᠤᠨ ᠳᠠᠪᠠᠭᠤᠯᠢᠭ ᠢ

        ᠠᠰᠢᠭᠯᠠᠨ ᠪᠠᠭ᠎ᠠ ᠬᠡᠮᠵᠢᠶᠡᠨ ᠤ ᠵᠢᠵᠢᠭ ᠰᠠᠵᠢᠭ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠪᠠ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠲᠥᠬᠦᠮ

        ᠦᠵᠡᠭᠦᠯᠬᠦ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ ᠃ ᠰᠢᠨᠵᠢᠯᠡᠬᠦ ᠤᠬᠠᠭᠠᠨ ᠤ ᠰᠤᠳᠤᠯᠤᠯ ᠳᠤ ᠪᠠᠴᠢᠮ ᠬᠡᠷᠡᠭᠰᠡᠬᠦ ᠲᠥᠬᠦᠭᠡᠷᠦᠮᠵᠢ ᠪᠠ ᠬᠤᠷᠣᠭᠳᠠᠯ

        ᠮᠠᠲ᠋ᠧᠷᠢᠶᠠᠯ ᠳᠤ ︽ᠣᠨᠴᠠᠭᠠᠶ ᠬᠡᠷᠡᠭ ᠢ ᠣᠨᠴᠠᠭᠠᠶ ᠰᠢᠢᠳᠪᠦᠷᠢᠯᠡᠬᠦ ᠂ ᠪᠠᠴᠢᠮ ᠬᠡᠷᠡᠭ ᠢ ᠪᠠᠴᠢᠮ ᠰᠢᠢᠳᠪᠦᠷᠢᠯᠡᠬᠦ ︾ ᠬᠤᠳᠠᠯᠳᠤᠨ ᠠᠪᠬᠤ ᠲᠣᠭᠲᠠᠴᠠ ᠶᠢ ᠬᠡᠷᠡᠭᠵᠢᠭᠦᠯᠵᠦ ᠂

         ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠬᠤ ᠠᠯᠬᠤᠮ ᠳᠠᠷᠠᠭᠠᠯᠠᠯ ᠢᠶᠠᠷ ᠶᠠᠪᠤᠭᠤᠯᠬᠤ ᠦᠭᠡᠢ ᠪᠠᠶᠢᠵᠤ ᠪᠣᠯᠣᠨ᠎ᠠ ᠃ ᠢᠯᠡ ᠪᠠᠷ ᠳᠠᠭᠠᠭᠠᠴᠢᠯᠠᠯᠲᠠ

        ᠵᠠᠷᠯᠠᠬᠤ ᠲᠤᠭ᠎ᠠ ᠬᠡᠮᠵᠢᠶᠡᠨ ᠤ ᠪᠠᠷᠢᠮᠵᠢᠶ᠎ᠠ ᠳᠤ ᠬᠦᠷᠦᠭᠰᠡᠨ ᠪᠣᠯᠪᠠᠴᠤ ᠳᠠᠭᠠᠭᠠᠴᠢᠯᠠᠯᠲᠠ ᠵᠠᠷᠯᠠᠬᠤ ᠪᠤᠰᠤ ᠠᠷᠭ᠎ᠠ ᠮᠠᠶ᠋ᠢᠭ ᠢ ᠬᠡᠷᠡᠭᠯᠡᠭᠰᠡᠨ ᠳᠤ ᠨᠢ ᠲᠥᠷᠥᠯ ᠵᠦᠢᠯ ᠢ

        ᠳᠠᠭᠠᠭᠠᠨ ᠬᠠᠷᠢᠭᠤᠴᠠᠬᠤ ᠨᠢᠭᠡᠴᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠭᠤᠶᠤᠴᠢᠯᠠᠯ ᠭᠠᠷᠭᠠᠨ ᠂ ᠡᠳ᠋ ᠤᠨ ᠵᠠᠰᠠᠭ ᠤᠨ ᠰᠠᠯᠠᠭ᠎ᠠ ᠮᠥᠴᠢᠷ

         ᠨᠢ ᠲᠣᠭᠲᠠᠭᠰᠠᠨ ᠴᠠᠭ ᠲᠤ ᠭᠦᠢᠴᠡᠳᠬᠡᠵᠦ ᠳᠠᠭᠤᠰᠬᠠᠬᠤ ᠳᠦᠷᠢᠮ ᠢ ᠬᠡᠷᠡᠭᠵᠢᠭᠦᠯᠦᠨ᠎ᠡ ᠂ ᠵᠠᠷᠴᠢᠮ ᠳᠡᠭᠡᠷ᠎ᠡ ᠪᠠᠨ ᠭᠤᠶᠤᠴᠢᠯᠠᠯ ᠢ ᠣᠯᠣᠭᠰᠠᠨ ᠤ ᠳᠠᠷᠠᠭ᠎ᠠ 5

        ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠢ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠬᠤᠳᠠᠯᠳᠤᠨ

        ᠠᠪᠬᠤ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠂ ᠵᠠᠰᠠᠭ ᠤᠨ

        ᠣᠷᠳᠣᠨ ᠤ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠠᠵᠢᠯ ᠢ ᠰᠤᠳᠤᠯᠤᠨ ᠠᠬᠢᠭᠤᠯᠵᠤ ᠂ ᠪᠤᠰᠤᠳ ᠵᠦᠢᠯ ᠵᠤᠷᠪᠤᠰ ᠤᠳ ᠢ ᠤᠯᠠᠮ ᠨᠢᠭᠡ ᠠᠯᠬᠤᠮ

        ᠲᠣᠳᠣᠷᠬᠠᠢ ᠲᠣᠭᠲᠠᠭᠠᠬᠤ ᠬᠡᠷᠡᠭᠲᠡᠢ ᠃ ︵ᠲᠥᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠲᠥᠷᠥᠯ ᠵᠦᠢᠯ ᠢ

        ᠳᠠᠭᠠᠭᠠᠨ ᠬᠠᠷᠢᠭᠤᠴᠠᠬᠤ ᠨᠢᠭᠡᠴᠢ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ

        ᠨᠠᠶᠢᠳᠠᠪᠤᠷᠢᠵᠢᠭᠤᠯᠤᠨ᠎ᠠ ︶

              ︵ᠵᠢᠷᠭᠤᠭ᠎ᠠ ︶ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠠᠯᠪᠠᠨ ᠠᠵᠢᠯ ᠢᠶᠠᠷ ᠭᠠᠳᠠᠭᠠᠳᠤ ᠳᠤ ︵ᠬᠢᠯᠢ ᠠᠴᠠ ︶ ᠭᠠᠷᠬᠤ ᠬᠠᠮᠢᠶᠠᠷᠤᠯᠲᠠ ᠶᠢᠨ

        ᠠᠷᠭ᠎ᠠ ᠮᠠᠶ᠋ᠢᠭ ᠢ ᠰᠠᠶᠢᠵᠢᠷᠠᠭᠤᠯᠤᠨ᠎ᠠ ᠃ ᠣᠯᠠᠨ ᠤᠯᠤᠰ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠥᠷᠨᠢᠭᠦᠯᠬᠦ ᠠᠯᠪᠠᠨ ᠤ ᠠᠵᠢᠯ ᠢᠶᠠᠷ ᠭᠠᠳᠠᠭᠠᠳᠤ ᠳᠤ ︵ᠬᠢᠯᠢ ᠠᠴᠠ ︶

        ᠭᠠᠷᠬᠤ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠬᠠᠮᠢᠶᠠᠷᠤᠯᠲᠠ ᠶᠢ ᠵᠠᠰᠠᠭ ᠵᠠᠬᠢᠷᠭᠠᠨ ᠤ ᠠᠵᠢᠯᠲᠠᠳ ᠤᠨ ᠠᠴᠠ ᠢᠯᠭᠠᠭ᠎ᠠ ᠲᠠᠢ ᠪᠠᠶᠢᠯᠭᠠᠵᠤ ᠂ 

        ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠦᠭᠡᠳᠦᠢ ᠪᠠᠶᠢᠳᠠᠯ ᠪᠠ ᠰᠢᠨᠵᠢᠯᠡᠬᠦ ᠤᠬᠠᠭᠠᠨ ᠤ ᠰᠤᠳᠤᠯᠤᠯ ᠤᠨ

        ᠵᠠᠷᠤᠳᠠᠯ  ᠠᠴᠠ ᠵᠠᠷᠤᠳᠠᠯ ᠭᠠᠷᠭᠠᠭᠰᠠᠨ ᠣᠯᠠᠨ ᠤᠯᠤᠰ ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢ ᠲᠤᠬᠠᠶᠢᠯᠠᠭᠰᠠᠨ ᠠᠵᠢᠯ ᠢᠶᠠᠷ ᠲᠤᠰᠠᠭᠠᠷ ᠬᠠᠮᠢᠶᠠᠷᠴᠤ ᠂ 

        ᠬᠡᠷᠡᠭᠴᠡᠭᠡ ᠪᠠᠨ ᠦᠨᠳᠦᠰᠦᠯᠡᠨ ᠠᠵᠢᠯ ᠥᠷᠨᠢᠭᠦᠯᠦᠨ᠎ᠡ ᠃ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠠᠴᠠ ᠭᠠᠷᠭᠠᠭᠰᠠᠨ ᠤᠯᠠᠨ ᠤᠯᠤᠰ ᠤᠨ ᠬᠠᠮᠲᠤᠷᠠᠯᠴᠠᠭ᠎ᠠ

        ᠪᠠ ᠰᠣᠯᠢᠯᠴᠠᠭᠠᠨ ᠤ ᠵᠠᠷᠤᠳᠠᠯ ᠢ ︽ᠭᠤᠷᠪᠠᠨ ᠵᠦᠢᠯ ᠤᠨ ᠠᠯᠪᠠᠨ ᠤ ᠵᠠᠷᠤᠳᠠᠯ ︾  ᠤᠨ ᠪᠦᠷᠢᠳᠬᠡᠯ ᠤᠨ ᠬᠡᠪᠴᠢᠶᠡᠨ ᠳᠤ ᠣᠷᠣᠭᠤᠯᠬᠤ ᠦᠭᠡᠢ ᠂ ᠥᠰᠦᠯᠲᠡ ᠦᠭᠡᠢ

        ᠪᠠᠶᠢᠯᠭᠠᠬᠤ ᠱᠠᠭᠠᠷᠳᠠᠯᠭ᠎ᠠ ᠳᠤ ᠬᠢᠵᠠᠭᠠᠷᠯᠠᠭᠳᠠᠬᠤ ᠦᠭᠡᠢ ᠃ ︵ᠲᠥᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂

         ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ᠵᠢᠷᠭᠤᠭ᠎ᠠ ᠂ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠵᠠᠰᠠᠭ ᠤᠨ ᠵᠠᠷᠤᠳᠠᠯ ᠳᠠᠬᠢ ᠣᠷᠣᠭᠤᠯᠤᠯᠲᠠ ᠶᠢ ᠳᠡᠮᠵᠢᠬᠦ ᠠᠷᠭ᠎ᠠ ᠮᠠᠶ᠋ᠢᠭ ᠲᠤ ᠰᠢᠨ᠎ᠡ ᠶᠢ

        ᠡᠭᠦᠳᠦᠨ᠎ᠡ

              ︵ᠨᠢᠭᠡ ︶ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠵᠠᠰᠠᠭ ᠤᠨ ᠵᠠᠷᠤᠳᠠᠯ ᠳᠠᠬᠢ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠎ᠡ ᠃ ᠡᠳ᠋ ᠤᠨ

        ᠵᠠᠰᠠᠭ ᠤᠨ ᠵᠠᠷᠤᠳᠠᠯ ᠤᠨ ᠬᠥᠰᠢᠭᠦᠷᠭᠡ ᠶᠢᠨ ᠨᠥᠯᠥᠭᠡᠯᠡᠯ ᠪᠠ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ ᠂ ᠠᠵᠤ ᠠᠬᠤᠶᠢᠯᠠᠯ ᠣᠷᠤᠯᠴᠠᠬᠤ ᠶᠢ ᠬᠥᠲᠥᠯᠥᠨ

        ᠵᠢᠯᠤᠭᠤᠳᠴᠤ ᠂ ᠮᠥᠩᠭᠦᠨ ᠭᠦᠢᠯᠭᠡᠭᠡᠨ ᠤ ᠪᠡᠯᠡ ᠮᠥᠩᠭᠦᠨ ᠤ ᠦᠢᠯᠡᠳᠦᠯ ᠢ ᠪᠠᠳᠠᠷᠠᠭᠤᠯᠤᠨ ᠂ ᠠᠷᠠᠳ ᠤᠨ ᠳᠤᠮᠳᠠᠬᠢ ᠬᠥᠷᠥᠩᠭᠡ ᠶᠢ ᠲᠠᠲᠠᠨ ᠰᠢᠨᠵᠢᠯᠡᠬᠦ ᠤᠬᠠᠭᠠᠨ

        ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

        ᠰᠢᠨ᠎ᠡ ᠶᠢ ᠡᠭᠦᠳᠬᠦ ᠲᠥᠷᠥᠯ ᠤᠨ ᠰᠠᠭᠤᠷᠢ ᠮᠥᠩᠭᠦ ᠶᠢ ᠰᠠᠶᠢᠲᠤᠷ ᠠᠰᠢᠭᠯᠠᠨ ᠂ ᠡᠯ᠎ᠡ ᠲᠥᠷᠥᠯ ᠤᠨ ᠨᠡᠶᠢᠭᠡᠮ ᠤᠨ ᠬᠥᠷᠥᠩᠭᠡ ᠶᠢ ᠳᠠᠶᠢᠴᠢᠯᠠᠨ ᠰᠢᠨᠵᠢᠯᠡᠬᠦ ᠤᠬᠠᠭᠠᠨ

        ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ ᠪᠡᠯᠡ ᠣᠷᠣᠭᠤᠯᠵᠤ ᠂ ᠨᠡᠶᠢᠭᠡᠮ ᠤᠨ ᠬᠦᠴᠦᠨ ᠪᠠ ᠣᠷᠣᠨ ᠨᠤᠲᠤᠭ ᠤᠨ ᠵᠠᠰᠠᠭ ᠤᠨ ᠣᠷᠳᠣᠨ ᠢ ᠲᠠᠲᠠᠵᠤ ᠪᠠᠶᠢᠭᠠᠳ

        ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠲᠡᠳᠬᠦᠬᠦ ᠡᠷᠴᠢᠮ ᠢ ᠴᠢᠩᠭᠠᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ

        ᠪᠦᠲᠦᠭᠡᠯ ᠤᠨ ᠤᠯᠠᠷᠢᠭᠤᠯᠤᠯᠲᠠ ᠪᠠ ᠬᠡᠷᠡᠭᠯᠡᠭᠡ ᠶᠢ ᠲᠦᠷᠭᠡᠳᠬᠡᠨ᠎ᠡ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠠ

        ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ ᠂ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ ᠂ ᠲᠤᠰᠬᠠᠢ ᠠᠰᠢᠭ ᠤᠨ ᠡᠷᠬᠡ ᠂ ᠬᠤᠷᠢᠶᠠᠪᠠᠰᠤ

        ᠵᠣᠬᠢᠬᠤ ᠲᠠᠩᠰᠠᠨ ᠵᠣᠭᠤᠰ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠢᠳᠡᠪᠬᠢᠲᠡᠢ ᠥᠷᠨᠢᠭᠦᠯᠵᠦ ᠂ ᠰᠢᠨᠵᠢᠯᠡᠬᠦ ᠤᠬᠠᠭᠠᠨ ᠲᠧᠭᠨᠢᠭ

        ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ ᠃ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠤ ᠰᠠᠭᠤᠷᠢ ᠰᠤᠳᠤᠯᠤᠯ  ᠳᠤ

        ᠣᠷᠣᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠪᠠ ᠠᠷᠠᠳ ᠤᠨ ᠠᠮᠢᠳᠤᠷᠠᠯ ᠤᠨ

        ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠂ ᠪᠥᠬᠦ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠳᠠᠪᠠᠭᠤᠯᠢᠭ ᠬᠦᠴᠦᠨ ᠢ ᠲᠠᠲᠠᠵᠤ

        ᠪᠠᠶᠢᠭᠠᠳ ᠨᠢᠭᠡ ᠪᠦᠯᠦᠭ ︽ᠠᠮᠢᠨ ᠭᠤᠣᠯ ︾ ᠮᠡᠷᠭᠡᠵᠢᠯ ᠢ ᠲᠥᠪᠯᠡᠷᠡᠭᠦᠯᠦᠨ ᠡᠵᠡᠮᠰᠢᠵᠦ ᠂ ᠰᠠᠭᠤᠷᠢ ᠰᠤᠳᠤᠯᠤᠯ ᠬᠢᠭᠡᠳ ᠬᠡᠷᠡᠭᠴᠡᠭᠡ ᠱᠠᠭᠠᠷᠳᠠᠯᠭ᠎ᠠ ᠶᠢᠨ

        ᠤᠳᠤᠷᠢᠳᠤᠮᠵᠢ ᠶᠢᠨ ᠰᠠᠶᠢᠨ ᠨᠥᠯᠦᠭᠡᠯᠡᠯᠴᠢᠯ ᠢ ᠠᠬᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠰᠢᠨᠵᠢᠯᠡᠬᠦ ᠤᠬᠠᠭᠠᠨ ᠲᠧᠭᠨᠢᠭ

        ᠮᠡᠷᠭᠡᠵᠢᠯ ᠤᠨ ᠲᠢᠩᠬᠢᠮ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠲᠣᠪᠴᠢᠶ᠎ᠠ ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ

        ᠲᠥᠪ ᠰᠠᠯᠪᠤᠷᠢ ᠪᠠᠩᠬᠢ ᠂ ᠥᠪᠡᠷᠲᠡᠭᠡᠨ ᠵᠠᠰᠠᠬᠤ ᠣᠷᠣᠨ ᠤ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ

        ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠬᠤᠶᠠᠷ ︶ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ︽ᠲᠥᠰᠥᠪ + ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ ︾  ᠶᠢᠨ

        ᠬᠠᠮᠢᠶᠠᠷᠤᠯᠲᠠ ᠶᠢᠨ ᠵᠠᠭᠪᠤᠷ ᠬᠡᠷᠡᠭᠵᠢᠭᠦᠯᠬᠦ ᠶᠢ ᠳᠡᠮᠵᠢᠨ᠎ᠡ ᠃ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ

        ᠲᠣᠭᠲᠠᠴᠠ ᠬᠡᠷᠡᠭᠯᠡᠬᠦ ᠶᠢ ᠵᠣᠷᠢᠭᠵᠢᠭᠤᠯᠵᠤ ᠂ ᠬᠡᠷᠡᠭ ᠡᠷᠬᠢᠯᠡᠭᠴᠢᠳ ᠤᠨ ᠵᠥᠪᠯᠡᠯ ︵ᠬᠡᠷᠡᠭ ᠮᠡᠳᠡᠭᠴᠢᠳ ᠤᠨ ᠵᠥᠪᠯᠡᠯ ︶  ᠤᠨ ᠤᠳᠤᠷᠢᠳᠤᠯᠭ᠎ᠠ ᠳᠣᠣᠷᠠᠬᠢ ᠬᠦᠷᠢᠶᠡᠯᠡᠩ 

        ︵ᠭᠠᠵᠠᠷ ︶  ᠤᠨ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ ᠃ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠵᠠᠰᠠᠭ ᠤᠨ ᠵᠠᠷᠤᠳᠠᠯ ᠤᠨ

        ᠳᠡᠮᠵᠢᠯᠭᠡ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ ᠂ ᠪᠡᠯᠡ ᠮᠥᠩᠭᠦᠨ ᠤ ᠲᠠᠯ᠎ᠠ ᠳᠤ ᠲᠣᠭᠲᠠᠪᠤᠷᠢᠲᠠᠢ ᠳᠡᠮᠵᠢᠯᠭᠡ ᠦᠵᠡᠭᠦᠯᠵᠦ ᠂ ᠠᠯᠳᠠᠭᠳᠠᠯ ᠲᠠᠢ

        ᠵᠦᠢᠯᠡᠰ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ ᠂ ᠡᠵᠡ ᠮᠡᠳᠡᠨ ᠵᠠᠷᠤᠳᠠᠯ ᠬᠡᠷᠡᠭᠯᠡᠬᠦ ᠲᠠᠯ᠎ᠠ ᠪᠠᠷ ᠨᠡᠩ ᠶᠡᠭᠡ ᠡᠷᠬᠡ ᠣᠯᠭᠤᠨ᠎ᠠ ᠃ 

        ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠢᠨᠵᠢᠯᠡᠬᠦ ᠤᠬᠠᠭᠠᠨ ᠤ ᠰᠤᠳᠤᠯᠤᠯ ᠤᠨ ᠣᠷᠣᠭᠤᠯᠤᠯᠲᠠ ᠂ ᠰᠢᠨ᠎ᠡ ᠶᠢ ᠡᠭᠦᠳᠬᠦ

        ᠦᠢᠯᠡᠳᠪᠦᠷᠢᠯᠡᠯ ᠤᠨ ᠶᠠᠰᠤ ᠴᠢᠨᠠᠷ ᠂ ᠦᠷ᠎ᠡ ᠪᠦᠲᠦᠭᠡᠯ ᠤᠨ ᠤᠯᠠᠷᠢᠭᠤᠯᠤᠯᠲᠠ ᠂ ᠠᠩᠬᠠᠨ ᠤ ᠡᠭᠦᠳᠦᠯᠲᠡ ᠶᠢᠨ ᠥᠷᠲᠡᠭ ᠂ ᠪᠣᠳᠠᠲᠠᠢ ᠬᠤᠪᠢ ᠨᠡᠮᠡᠷᠢ ᠂ ᠴᠢᠳᠠᠪᠤᠷᠢᠲᠠᠨ ᠢ

        ᠲᠥᠪᠯᠡᠷᠡᠭᠦᠯᠬᠦ ᠪᠠ ᠬᠥᠮᠥᠵᠢᠭᠦᠯᠬᠦ ᠵᠡᠷᠭᠡ ᠲᠠᠯ᠎ᠠ ᠪᠠᠷ ᠭᠤᠣᠯᠯᠠᠭᠤᠯᠵᠤ ᠦᠨᠡᠯᠡᠨ ᠵᠢᠱᠢᠨ᠎ᠡ ᠃ ᠣᠨᠴᠠᠭᠠᠶ ᠲᠣᠭᠲᠠᠭᠠᠯ ᠲᠠᠢ  ᠠᠴᠠ ᠭᠠᠳᠠᠨ᠎ᠠ ᠂ ᠡᠳ᠋ ᠤᠨ ᠵᠠᠰᠠᠭ ᠤᠨ

        ᠪᠡᠯᠡ ᠮᠥᠩᠭᠦᠨ ᠤ ᠳᠡᠮᠵᠢᠯᠭᠡ ᠪᠠᠷ ᠪᠣᠶ ᠪᠣᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠵᠢᠴᠢ ᠮᠡᠳᠡᠯᠭᠡ ᠶᠢᠨ ᠪᠦᠲᠦᠭᠡᠭᠳᠡᠬᠦᠨ ᠤ

        ᠥᠮᠴᠢᠯᠡᠬᠦ ᠡᠷᠬᠡ ᠶᠢ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠠᠴᠠ ᠬᠠᠤᠯᠢ ᠶᠣᠰᠣᠭᠠᠷ ᠣᠯᠬᠤ ᠂ ᠡᠵᠡ ᠮᠡᠳᠡᠨ ᠬᠤᠪᠢᠷᠠᠭᠤᠯᠬᠤ ᠪᠠ ᠳᠡᠯᠭᠡᠷᠡᠭᠦᠯᠦᠨ

        ᠬᠡᠷᠡᠭᠯᠡᠬᠦ ᠶᠢ ᠲᠣᠭᠲᠠᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ

        365赢多少钱会被限额_国内有真正的365平台吗_365bet博彩官网

        ᠬᠠᠷᠢᠭᠤᠴᠠᠨ ᠵᠢᠯᠣᠭᠤᠳᠤᠨ᠎ᠠ ︶

              ᠲᠤᠯᠤᠭ᠎ᠠ ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠬᠠᠯᠠᠨ

        ᠰᠠᠶᠢᠵᠢᠷᠠᠭᠤᠯᠤᠨ᠎ᠠ

              ︵ᠨᠢᠭᠡ ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ ᠃ 

        ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠤᠨ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ

        ᠴᠢᠩᠭᠠᠳᠬᠠᠵᠤ ᠂ ᠶᠠᠪᠤᠴᠠ ᠶᠢ ᠴᠢᠬᠤᠯᠠᠴᠢᠯᠠᠵᠤ ᠪᠠᠶᠢᠭᠰᠠᠨ  ᠠᠴᠠ ᠦᠷ᠎ᠡ ᠳ᠋ᠦᠩ ᠢ ᠴᠢᠬᠤᠯᠠᠴᠢᠯᠠᠬᠤ ᠲᠡᠶᠢᠰᠢ ᠬᠤᠪᠢᠷᠠᠭᠤᠯᠵᠤ ᠂ ᠲᠥᠷᠥᠯ ᠬᠤᠪᠢᠶᠠᠨ ᠠᠵᠢᠯ ᠤᠨ

        ᠠᠮᠵᠢᠯᠲᠠ ᠪᠦᠲᠦᠮᠵᠢ ᠦᠨᠡᠯᠡᠬᠦ ᠶᠢ ᠴᠢᠩᠭᠠᠳᠬᠠᠵᠤ ᠂ ᠰᠠᠭᠤᠷᠢ ᠰᠤᠳᠤᠯᠤᠯ ᠂ ᠮᠡᠷᠭᠡᠵᠢᠯ ᠤᠨ ᠰᠤᠳᠤᠯᠤᠨ ᠨᠡᠭᠡᠭᠡᠯᠲᠡ ᠂ ᠦᠷ᠎ᠡ ᠪᠦᠲᠦᠭᠡᠯ ᠤᠨ ᠤᠯᠠᠷᠢᠭᠤᠯᠤᠯᠲᠠ ᠵᠡᠷᠭᠡ

        ᠠᠳᠠᠯᠢ ᠪᠤᠰᠤ ᠲᠥᠷᠥᠯ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠦᠢᠯ ᠢᠯᠭᠠᠯ ᠳᠤ ᠵᠥᠷᠢᠶᠡᠴᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢᠨ

        ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ︔ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ

        ᠬᠡᠷᠡᠭᠯᠡᠯᠲᠡ ᠶᠢ ᠴᠢᠩᠭᠠᠷᠠᠭᠤᠯᠵᠤ ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠂ ᠦᠷᠭᠦᠯᠵᠢᠯᠡᠨ

        ᠳᠡᠮᠵᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ ᠃ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠦᠭᠦᠳ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠨ

        ᠦᠨᠡᠨ ᠬᠦ ᠴᠢᠩᠭᠠᠳᠬᠠᠵᠤ ᠂ ᠰᠢᠨᠵᠢᠯᠡᠬᠦ ᠤᠬᠠᠭᠠᠨ ᠤ ᠰᠤᠳᠤᠯᠤᠯ ᠤᠨ ᠡᠬᠢ ᠪᠠᠶᠠᠯᠢᠭ ᠢ ᠬᠥᠲᠥᠯᠥᠨ ᠵᠢᠯᠤᠭᠤᠳᠴᠤ ᠪᠠᠶᠢᠭᠠᠳ ᠰᠢᠯᠢᠳᠡᠭ ᠴᠢᠳᠠᠪᠤᠷᠢᠲᠠᠨ ᠪᠠ ᠪᠦᠯᠬᠦᠮ

        ᠨᠡᠶᠢᠲᠡ ᠲᠡᠶᠢᠰᠢ ᠬᠡᠯᠪᠡᠶᠢᠯᠭᠡᠵᠦ ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ ᠃ ︵ᠲᠥᠷᠥᠯ

        ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠬᠤᠶᠠᠷ ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ ᠃ ᠬᠢᠨᠠᠨ

        ᠪᠤᠳᠤᠬᠤ ᠂ ᠡᠳ᠋ ᠤᠨ ᠵᠠᠰᠠᠭ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠰ ᠪᠦᠷᠢ ᠡᠭᠦᠷᠭᠡ

        ᠲᠤᠰᠢᠶᠠᠯ ᠢᠶᠠᠨ ᠭᠦᠢᠴᠡᠳᠬᠡᠵᠦ ᠂ ᠬᠢᠨᠠᠨ ᠪᠣᠳᠣᠯᠲᠠ ᠳᠤ ᠬᠢᠨᠠᠯᠲᠠ ᠲᠠᠯᠪᠢᠬᠤ ᠂ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠬᠢᠭᠡᠳ ᠡᠳᠦᠷ ᠲᠤᠲᠤᠮ ᠤᠨ ᠬᠢᠨᠠᠯᠲᠠ

        ᠲᠠᠯᠪᠢᠬᠤ ᠶᠢᠨ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠨ ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠵᠤ ᠂ ᠰᠠᠬᠢᠯᠭ᠎ᠠ ᠪᠠᠲᠤ ᠳᠦᠷᠢᠮ

        ᠲᠣᠭᠲᠠᠭᠠᠯ  ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ ᠃ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ

        ᠴᠢᠩᠭᠠᠳᠬᠠᠵᠤ ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠪᠠ ᠪᠠᠶᠢᠴᠠᠭᠠᠯᠲᠠ

        ᠬᠢᠬᠦ ᠶᠢ ᠬᠡᠷᠡᠭᠵᠢᠭᠦᠯᠦᠨ ᠂ ᠬᠢᠨᠠᠯᠲᠠ ᠲᠠᠯᠪᠢᠵᠤ ᠪᠠᠶᠢᠴᠠᠭᠠᠭᠰᠠᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠵᠤ ᠬᠠᠮᠲᠤ ᠪᠠᠷ ᠭᠥᠷᠳᠡᠬᠦ ᠪᠠ ᠦᠷ᠎ᠡ ᠳ᠋ᠦᠩ ᠢ

        ᠬᠠᠷᠢᠯᠴᠠᠨ ᠮᠡᠳᠡᠷᠡᠬᠦ ᠶᠢ ᠠᠬᠢᠭᠤᠯᠤᠨ᠎ᠠ ᠃ ᠶᠠᠪᠤᠴᠠ ᠶᠢᠨ ᠪᠠᠶᠢᠴᠠᠭᠠᠯᠲᠠ ᠶᠢ ᠴᠥᠭᠡᠳᠬᠡᠵᠦ ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠶᠢ

        ᠭᠦᠢᠴᠡᠳ ᠠᠰᠢᠭᠯᠠᠨ ᠂ ᠬᠢᠨᠠᠯᠲᠠ ᠲᠠᠯᠪᠢᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ

        ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢ ᠴᠢᠩᠭᠠᠷᠠᠭᠤᠯᠵᠤ ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠵᠠᠷᠤᠳᠠᠯ ᠤᠨ ᠬᠡᠷᠡᠭᠯᠡᠯᠲᠡ ᠶᠢ

        ᠬᠥᠳᠡᠯᠦᠩᠭᠦᠢ ᠪᠠᠷ ᠬᠢᠨᠠᠨ ᠬᠠᠮᠢᠶᠠᠷᠬᠤ ᠶᠢᠨ ᠬᠠᠮᠲᠤ ᠴᠠᠭ ᠲᠤᠬᠠᠢ ᠳᠤ ᠨᠢ ᠰᠡᠷᠡᠮᠵᠢᠯᠡᠭᠦᠯᠦᠨ ᠰᠠᠨᠠᠭᠤᠯᠵᠤ ᠂ ᠵᠠᠷᠤᠳᠠᠯ ᠢ ᠵᠦᠢ ᠵᠣᠬᠢᠰᠲᠠᠢ ᠵᠢᠷᠤᠮᠵᠢᠭᠤᠯᠤᠨ ᠬᠡᠷᠡᠭᠯᠡᠬᠦ ᠶᠢ

        ᠦᠨᠡᠨ ᠬᠦ ᠪᠠᠲᠤᠯᠠᠬᠤ ᠬᠡᠷᠡᠭᠲᠡᠢ︔ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠰᠢᠨᠵᠢᠯᠡᠬᠦ

        ᠤᠬᠠᠭᠠᠨ ᠤ ᠰᠤᠳᠤᠯᠤᠯ ᠤᠨ ᠵᠠᠷᠤᠳᠠᠯ ᠢ ᠬᠠᠮᠢᠶᠠᠷᠴᠤ ᠬᠡᠷᠡᠭᠯᠡᠬᠦ ᠶᠠᠪᠤᠴᠠ ᠳᠤ ᠢᠯᠡᠷᠡᠭᠰᠡᠨ ᠢᠲᠡᠭᠡᠮᠵᠢ ᠠᠯᠳᠠᠭᠰᠠᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠤᠨ

        ᠬᠠᠮᠢᠶᠠᠷᠤᠯᠲᠠ ᠳᠤ ᠣᠷᠣᠭᠤᠯᠵᠤ ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠪᠠ ᠵᠠᠯᠬᠠᠭᠠᠨ ᠴᠡᠭᠡᠷᠯᠡᠭᠦᠯᠦᠨ᠎ᠡ ᠃ 

        ᠬᠠᠮᠢᠶ᠎ᠠ ᠪᠦᠬᠦᠢ ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ ᠶᠢ ᠰᠦᠪᠡᠭᠴᠢᠯᠡᠨ ᠲᠣᠭᠲᠠᠭᠠᠵᠤ ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠦᠯ ᠵᠦᠢᠯ ᠤᠨ

        ᠵᠠᠷᠤᠳᠠᠯ ᠤᠨ ᠬᠡᠷᠡᠭᠯᠡᠯᠲᠡ ᠶᠢᠨ ᠴᠠᠭᠠᠵᠠᠯᠠᠬᠤ ᠴᠢᠨᠠᠷᠲᠠᠢ ᠠᠵᠢᠯᠯᠠᠭ᠎ᠠ ᠶᠢ ᠲᠣᠳᠣᠷᠬᠠᠶᠢᠯᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠴᠠᠭᠠᠵᠠ

        ᠬᠠᠤᠯᠢ ᠲᠣᠭᠲᠠᠭᠠᠯ ᠪᠠ ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ ᠶᠢ ᠦᠨᠳᠦᠰᠦᠯᠡᠨ ᠪᠠᠶᠢᠴᠠᠭᠠᠬᠤ ᠂ ᠬᠢᠨᠠᠨ ᠲᠣᠭᠲᠠᠭᠠᠬᠤ ᠂ ᠰᠢᠯᠭᠠᠨ ᠬᠤᠷᠢᠶᠠᠵᠤ ᠠᠪᠬᠤ ᠂ 

        ᠬᠢᠨᠠᠨ ᠪᠤᠳᠤᠬᠤ ᠠᠵᠢᠯ ᠬᠢᠵᠦ ᠂ ᠲᠤᠰᠢᠶᠠᠯ ᠢᠶᠠᠨ ᠭᠦᠢᠴᠡᠳᠬᠡᠬᠦ ᠳᠤ ᠣᠰᠣᠯ ᠪᠤᠷᠤᠭᠤ ᠦᠭᠡᠢ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠠᠴᠠ

        ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠲᠦᠷᠢᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠲᠥᠷᠥᠯ

        ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ

        ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ᠨᠠᠢᠮᠠ ᠂ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ

              ︵ᠨᠢᠭᠡ ︶ ᠬᠠᠮᠢᠶ᠎ᠠ ᠪᠦᠬᠦᠢ ᠲᠣᠭᠲᠠᠭᠠᠯ ᠢ ᠴᠠᠭ ᠲᠤᠬᠠᠢ ᠳᠤ ᠨᠢ ᠢᠯᠭᠠᠷᠠᠭᠤᠯᠤᠨ ᠵᠠᠰᠠᠪᠤᠷᠢ ᠣᠷᠣᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ

        ᠪᠦᠬᠦᠢ ᠰᠠᠯᠠᠭ᠎ᠠ ᠮᠥᠴᠢᠷ ᠤᠳ ᠲᠤᠰ ᠰᠠᠨᠠᠯ ᠤᠨ ᠵᠣᠷᠢᠭ ᠰᠠᠨᠠᠭ᠎ᠠ ᠶᠣᠰᠣᠭᠠᠷ ᠂ ᠲᠤᠰ ᠰᠠᠯᠠᠭ᠎ᠠ ᠮᠥᠴᠢᠷ ᠤᠨ ᠢᠶᠠᠨ ᠭᠤᠣᠯᠴᠢᠯᠠᠨ ᠬᠠᠮᠢᠶᠠᠷᠴᠤ ᠪᠦᠬᠦᠢ ᠥᠪᠡᠷᠲᠡᠭᠡᠨ

        ᠵᠠᠰᠠᠬᠤ ᠣᠷᠣᠨ ᠤ ᠳᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠴᠠᠭ ᠲᠤᠬᠠᠢ ᠳᠤ ᠨᠢ

        ᠡᠮᠬᠢᠯᠡᠨ ᠲᠢᠭᠯᠡᠬᠦ ᠶᠢᠨ ᠬᠠᠮᠲᠤ ᠵᠠᠰᠠᠪᠤᠷᠢ ᠣᠷᠣᠭᠤᠯᠬᠤ ᠬᠡᠷᠡᠭᠲᠡᠢ ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠦᠭᠦᠳ ᠰᠢᠨᠵᠢᠯᠡᠬᠦ ᠤᠬᠠᠭᠠᠨ ᠤ

        ᠰᠤᠳᠤᠯᠤᠯ ᠤᠨ ᠲᠥᠷᠥᠯ ᠵᠦᠢᠯ ᠢ ᠬᠡᠷᠡᠭᠵᠢᠭᠦᠯᠬᠦ ᠪᠠ ᠵᠠᠷᠤᠳᠠᠯ ᠢ ᠬᠠᠮᠢᠶᠠᠷᠴᠤ ᠬᠡᠷᠡᠭᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ 

        ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠬᠢᠭᠡᠳ ᠲᠡᠭᠦᠯᠳᠡᠷᠵᠢᠭᠦᠯᠦᠯᠲᠡ ᠶᠢ ᠴᠢᠩᠭᠠᠳᠬᠠᠨ ᠂ ᠰᠢᠨᠵᠢᠯᠡᠬᠦ ᠤᠬᠠᠭᠠᠨ ᠤ ᠰᠤᠳᠤᠯᠤᠯ ᠤᠨ

        ᠵᠠᠷᠤᠳᠠᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃

              ︵ᠬᠤᠶᠠᠷ ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠪᠣᠯᠪᠠᠰᠤᠷᠠᠯ ᠬᠢᠬᠦ ᠡᠷᠴᠢᠮ ᠢ ᠴᠢᠩᠭᠠᠷᠠᠭᠤᠯᠤᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ

        ᠨᠢᠭᠡᠴᠢ ᠨᠦᠭᠦᠳ ᠰᠦᠯᠵᠢᠶᠡᠨ ᠥᠷᠲᠡᠭᠡ ᠂ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠠᠷᠭ᠎ᠠ ᠵᠠᠮ ᠵᠢᠴᠢ ᠲᠤᠰᠬᠠᠢ ᠪᠤᠯᠤᠩ ᠨᠡᠭᠡᠭᠡᠬᠦ ᠵᠡᠷᠭᠡ ᠣᠯᠠᠨ ᠵᠦᠢᠯ ᠤᠨ

        ᠠᠷᠭ᠎ᠠ ᠮᠠᠶ᠋ᠢᠭ ᠢᠶᠠᠷ ᠳᠠᠮᠵᠢᠭᠤᠯᠤᠨ ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ

        ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ ᠂ ᠨᠡᠶᠢᠭᠡᠮ ᠳᠤ ᠣᠶᠢᠯᠠᠭᠠᠭᠤᠯᠬᠤ ᠬᠡᠮᠵᠢᠶ᠎ᠡ ᠶᠢ

        ᠳᠡᠭᠡᠭᠰᠢᠯᠡᠭᠦᠯᠬᠦ ᠬᠡᠷᠡᠭᠲᠡᠢ ᠃ ᠡᠭᠦᠨ ᠤ ᠬᠠᠮᠲᠤ ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠂ ᠡᠳ᠋ ᠤᠨ ᠶᠠᠪᠤᠳᠠᠯ ᠤᠨ ᠠᠵᠢᠯᠲᠠᠳ ᠂ ᠰᠢᠨᠵᠢᠯᠡᠬᠦ ᠤᠬᠠᠭᠠᠨ ᠤ

        ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠨᠠᠷ ᠂ ᠬᠢᠨᠠᠨ ᠪᠤᠳᠤᠬᠤ ᠠᠵᠢᠯᠲᠠᠳ ᠵᠡᠷᠭᠡ ᠬᠥᠮᠥᠰ ᠲᠤ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠬᠦ

        ᠡᠷᠴᠢᠮ ᠢ ᠴᠢᠩᠭᠠᠷᠠᠭᠤᠯᠵᠤ ᠂ ᠭᠠᠷᠲᠠᠨ ᠭᠦᠢᠴᠡᠳᠬᠡᠵᠦ ᠦᠢᠯᠡᠴᠢᠯᠡᠵᠦ ᠴᠢᠳᠠᠪᠤᠷᠢ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ︵ᠥᠪᠡᠷᠲᠡᠭᠡᠨ

        ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ

        ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠭᠤᠷᠪᠠ ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠵᠢᠯᠤᠭᠤᠳᠬᠤ ᠶᠢ ᠴᠢᠩᠭᠠᠳᠬᠠᠨ᠎ᠠ ᠃ ᠬᠤᠯᠪᠣᠭᠳᠠᠯ ᠪᠦᠬᠦᠢ ᠰᠠᠯᠠᠭ᠎ᠠ

        ᠮᠥᠴᠢᠷ ᠤᠨ ᠬᠢᠨ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠦᠷᠭᠡᠳᠬᠡᠵᠦ ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ ᠂ ᠮᠦᠷᠳᠡᠨ ᠳᠠᠭᠠᠵᠤ ᠵᠢᠭᠠᠨ

        ᠵᠢᠯᠤᠭᠤᠳᠬᠤ ᠪᠠᠨ ᠴᠢᠩᠭᠠᠳᠬᠠᠵᠤ ᠂ ᠲᠦᠷᠦᠯ ᠵᠦᠢᠯ ᠢ ᠬᠠᠷᠢᠭᠤᠴᠠᠬᠤ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢᠨ

        ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠬᠦ ᠶᠢ ᠲᠣᠬᠢᠷᠠᠮᠵᠢᠲᠠᠢ ᠴᠠᠭ ᠲᠤ ᠵᠣᠬᠢᠶᠠᠨ ᠪᠠᠶᠢᠭᠤᠯᠤᠨ ᠥᠷᠨᠢᠭᠦᠯᠵᠦ ᠂ 

        ᠬᠤᠯᠪᠣᠭᠳᠠᠯ ᠪᠦᠬᠦᠢ ᠠᠰᠠᠭᠤᠳᠠᠯ ᠤᠳ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠵᠦ ᠂ ᠥᠭᠡᠷᠡᠴᠢᠯᠡᠯᠲᠡ ᠶᠢ

        ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠃ ᠬᠤᠯᠪᠣᠭᠳᠠᠯ ᠪᠦᠬᠦᠢ ᠲᠤᠷᠰᠢᠯᠲᠠ ᠶᠢᠨ ᠳᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ

        ᠲᠣᠬᠢᠷᠠᠮᠵᠢᠲᠠᠢ ᠴᠠᠭ ᠲᠤ ᠳ᠋ᠦᠩᠨᠡᠨ ᠦᠨᠡᠯᠡᠵᠦ ᠂ ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ ᠃

        ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠤᠯᠪᠣᠭᠳᠠᠯ ᠪᠦᠬᠦᠢ ᠰᠠᠯᠠᠭ᠎ᠠ

        ᠮᠥᠴᠢᠷ ᠤᠳ ᠲᠠᠢ ᠬᠠᠮᠲᠤᠷᠠᠵᠤ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ︵ᠳᠥᠷᠪᠡ ︶ ᠰᠢᠨ᠎ᠡ ᠬᠠᠭᠤᠴᠢᠨ ᠲᠦᠷᠦ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠬᠤ ᠬᠡᠷᠡᠭᠲᠡᠢ ᠃ ᠲᠤᠰ ᠰᠠᠨᠠᠯ ᠢ ᠳᠠᠷᠤᠮᠠᠯᠯᠠᠨ ᠲᠠᠷᠬᠠᠭᠠᠬᠤ ᠦᠶ᠎ᠡ ᠳᠤ ᠂ 

        ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢᠭᠡᠨᠲᠡ ᠳᠠᠭᠤᠰᠴᠤ ᠂ ᠰᠤᠳᠤᠯᠤᠯ ᠤᠨ ᠰᠡᠳᠦᠪ ᠢ ᠰᠢᠯᠭᠠᠨ ᠬᠤᠷᠢᠶᠠᠵᠤ

        ᠠᠪᠬᠤ ᠭᠤᠭᠴᠣᠭᠠᠨ ᠳᠤ ᠣᠷᠣᠭᠰᠠᠨ ᠲᠥᠷᠥᠯ ᠵᠦᠢᠯ ᠤᠨ ᠬᠠᠮᠢᠶ᠎ᠠ ᠪᠦᠬᠦᠢ ᠵᠠᠷᠤᠳᠠᠯ ᠤᠨ ᠬᠠᠮᠢᠶᠠᠷᠤᠯᠲᠠ ᠪᠠ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ

        ᠨᠠᠮ ᠤᠨ ᠬᠤᠷᠢᠶᠠᠨ ᠤ ᠠᠯᠪᠠᠨ ᠲᠢᠩᠬᠢᠮ ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠡᠳ᠋ ᠤᠨ

        ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠦᠯ ᠵᠦᠢᠯ ᠤᠨ ᠵᠠᠷᠤᠳᠠᠯ ᠤᠨ ᠬᠠᠮᠢᠶᠠᠷᠤᠯᠲᠠ ᠵᠡᠷᠭᠡ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ

        ᠲᠡᠭᠦᠯᠳᠡᠷᠵᠢᠭᠦᠯᠬᠦ ᠲᠤᠬᠠᠢ ᠰᠠᠨᠠᠯ ︾  ᠤᠨ ᠶᠣᠰᠣᠭᠠᠷ ᠵᠢᠴᠢ 2018 ᠣᠨ ᠳᠤ ᠵᠠᠰᠠᠪᠤᠷᠢ ᠣᠷᠣᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ

        ᠲᠧᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠶᠢᠨ ᠡᠯ᠎ᠡ ᠲᠥᠷᠥᠯ ᠤᠨ ᠬᠠᠮᠢᠶᠠᠷᠤᠯᠲᠠ ᠶᠢᠨ ᠠᠷᠭ᠎ᠠ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ

        ᠲᠧᠭᠨᠢᠭ ᠮᠡᠷᠭᠡᠵᠢᠯ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ

        ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ ︾ ︵ᠥᠪᠥᠷ ᠰᠢᠨᠵᠢᠯᠡᠬᠦ

        ᠬᠥᠭᠵᠢᠭᠦᠯᠦᠯᠲᠡ ᠪᠡᠯᠡ ᠥᠰᠥᠭ ﹇2021﹈ 1 ᠳ᠋ᠦ᠋ᠭᠡᠷ ᠲᠣᠭᠠᠲᠤ ︶ ᠵᠡᠷᠭᠡ ᠤᠤᠯ ᠤᠨ ᠲᠥᠷᠥ ᠶᠢᠨ ᠪᠣᠳᠣᠯᠭ᠎ᠠ ᠳᠤ ᠵᠣᠬᠢᠴᠠᠭᠤᠯᠤᠨ ᠬᠡᠷᠡᠭᠵᠢᠭᠦᠯᠵᠦ ᠂ ᠳᠠᠭᠢᠵᠤ

        ᠲᠣᠬᠢᠷᠠᠭᠤᠯᠤᠯᠲᠠ ᠬᠢᠬᠦ ᠦᠭᠡᠢ︔ ᠣᠳᠤ ᠶᠠᠭ ᠬᠡᠷᠡᠭᠵᠢᠭᠦᠯᠬᠦ ᠬᠤᠭᠤᠴᠠᠭᠠᠨ ᠳᠤ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠪᠣᠯ ᠳᠠᠭᠠᠭᠠᠨ

        ᠬᠠᠷᠢᠭᠤᠴᠠᠬᠤ ᠨᠢᠭᠡᠴᠢ ᠨᠢ ᠲᠣᠰ ᠨᠢᠭᠡᠴᠢ ᠶᠢᠨ ᠢᠶᠠᠨ ᠪᠣᠳᠠᠲᠤ ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ ᠂ ᠰᠢᠨᠵᠢᠯᠡᠬᠦ ᠤᠬᠠᠭᠠᠨ ᠤ ᠰᠤᠳᠤᠯᠤᠯ ᠤᠨ

        ᠠᠵᠢᠯᠲᠠᠳ ᠲᠠᠢ ᠭᠦᠢᠴᠡᠳ ᠵᠥᠪᠳᠡᠯᠴᠡᠭᠰᠡᠨ ᠤ ᠳᠠᠷᠠᠭ᠎ᠠ ᠂ ᠤᠤᠯ ᠤᠨ ᠲᠥᠷᠥ ᠶᠢᠨ ᠪᠣᠳᠣᠯᠭ᠎ᠠ ᠪᠤᠶᠤ ᠰᠢᠨ᠎ᠡ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠵᠢᠭᠦᠯᠵᠦ

        ᠪᠣᠯᠣᠨ᠎ᠠ ᠂ ᠰᠣᠩᠭᠤᠨ ᠲᠣᠭᠲᠠᠭᠠᠭᠰᠠᠨ ᠤ ᠳᠠᠷᠠᠭ᠎ᠠ ᠳᠤᠷ᠎ᠠ ᠪᠠᠷ ᠢᠶᠠᠨ ᠰᠣᠯᠢᠵᠤ ᠪᠣᠯᠬᠤ ᠦᠭᠡᠢ ᠃ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ

        ᠵᠥᠪᠰᠢᠶᠡᠷᠡᠭᠦᠯᠬᠦ ᠴᠢᠬᠤᠯᠠᠲᠠᠢ ᠵᠦᠢᠯᠡᠰ ᠢ ᠬᠠᠮᠢᠶ᠎ᠠ ᠪᠦᠬᠦᠢ ᠠᠯᠬᠤᠮ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ ᠬᠡᠷᠡᠭᠵᠢᠭᠦᠯᠦᠨ᠎ᠡ︔ ᠰᠢᠨ᠎ᠡ ᠪᠠᠷ ᠲᠣᠭᠲᠠᠭᠠᠭᠰᠠᠨ

        ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠰᠢᠨ᠎ᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ ︵ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠂

         ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠬᠤᠯᠪᠣᠭᠳᠠᠯ ᠪᠦᠬᠦᠢ ᠰᠠᠯᠠᠭ᠎ᠠ

        ᠮᠥᠴᠢᠷ ᠤᠳ ᠲᠠᠢ ᠬᠠᠮᠲᠤᠷᠠᠵᠤ ᠬᠠᠷᠢᠭᠤᠴᠠᠨ ᠨᠠᠶᠢᠳᠠᠪᠤᠷᠢᠵᠢᠭᠤᠯᠤᠨ᠎ᠠ ︶

              ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠰᠤᠳᠤᠯᠤᠯ ᠤᠨ ᠲᠥᠷᠥᠯ ᠵᠦᠢᠯ ᠢ

        ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠢᠮ᠎ᠡ ᠶᠣᠰᠣ ᠪᠠ ᠣᠨᠴᠠᠯᠢᠭ ᠲᠠᠢ ᠤᠶᠠᠯᠳᠤᠭᠤᠯᠤᠨ ᠂ ᠲᠣᠰ

        ᠰᠠᠨᠠᠯ ᠢᠶᠠᠷ ᠯᠠᠪᠯᠠᠯᠲᠠ ᠪᠣᠯᠭᠠᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠰᠤᠳᠤᠯᠤᠯ ᠤᠨ ᠲᠥᠷᠥᠯ

        ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠦᠷᠭᠡᠬᠡᠨ ᠲᠣᠭᠲᠠᠭᠠᠬᠤ ᠬᠡᠷᠡᠭᠲᠡᠢ ᠃

              ᠡᠯ᠎ᠡ ᠠᠶᠢᠮᠠᠭ ᠬᠤᠲᠠ ᠨᠢ ᠲᠣᠰ ᠰᠠᠨᠠᠯ ᠤᠨ ᠵᠣᠷᠢᠭ ᠰᠠᠨᠠᠭ᠎ᠠ ᠪᠠᠷ ᠯᠠᠪᠯᠠᠯᠲᠠ ᠪᠣᠯᠭᠠᠵᠤ ᠂ ᠪᠣᠳᠠᠲᠠᠢ ᠲᠠᠢ ᠪᠠᠨ ᠤᠶᠠᠯᠳᠤᠭᠤᠯᠤᠨ ᠂ ᠲᠣᠰ ᠭᠠᠵᠠᠷ ᠣᠷᠣᠨ ᠤ

        ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠢ ᠃

                                            2022 ᠣᠨ ᠤ 5 ᠳ᠋ᠤᠭᠠᠷ ᠰᠠᠷ᠎ᠠ ᠶᠢᠨ 31 ᠤ ᠡᠳᠦᠷ

                                            ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

         

        ᠬᠠᠭᠤᠯᠤᠨ ᠢᠯᠡᠭᠡᠬᠦ ᠨᠢ ᠄ 

              ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ

        ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃

              ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠲᠥᠷᠦ ᠶᠢᠨ ᠵᠥᠪᠯᠡᠯᠭᠡᠨ ᠤ ᠠᠯᠪᠠᠨ ᠲᠢᠩᠬᠢᠮ ᠂ 

        ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠠᠷᠠᠳ ᠤᠨ

        ᠪᠠᠶᠢᠴᠠᠭᠠᠬᠤ ᠬᠤᠷᠢᠶ᠎ᠠ

              ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃

         

                                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                            2022 ᠣᠨ ᠤ 6 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ

         

        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ