ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ 〔2022〕 57 ᠳ᠋ᠤᠭᠠᠷ ᠲᠣᠭᠠᠲᠤ | | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠠᠵᠢᠯ ᠦᠢᠯᠡᠰ ᠤᠨ ᠨᠢᠭᠡᠴᠢ ᠳᠤ᠄ | ︽ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ︵ᠲᠥᠪ ᠲᠠᠷᠬᠠᠭᠠᠭᠰᠠᠨ 〔2018〕 34 ᠳ᠋ᠦ᠋ᠭᠡᠷ ᠲᠣᠭᠠᠲᠤ ︶ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ ᠂ ᠬᠤᠲᠠ ᠬᠥᠳᠡᠭᠡ ᠶᠢᠨ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠲᠡᠩᠴᠡᠭᠦᠷᠢ ᠲᠠᠢ | ᠪᠣᠯᠭᠠᠬᠤ ᠶᠢ ᠠᠬᠢᠭᠤᠯᠬᠤ ᠶᠢᠨ ᠲᠤᠰᠠᠳᠠ ᠂ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ 〔 2015〕 67 ᠳ᠋ᠤᠭᠠᠷ | ᠲᠣᠭᠠᠲᠤ︶ ᠂ ︽ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ 〔2019〕 27 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ ᠃ | ᠨᠢᠭᠡ ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠦᠴᠦᠯᠡᠨ | ᠪᠠᠲᠤᠵᠢᠭᠤᠯᠵᠤ ᠂ ᠡᠷᠬᠡ ᠲᠡᠭᠰᠢ ᠪᠠᠶᠢᠬᠤ ᠶᠢ ᠠᠬᠢᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠡᠬᠢᠯᠡᠴᠡ ᠪᠠ ᠲᠤᠰᠤᠯᠲᠠ ᠪᠣᠯᠭᠠᠨ ᠂ ᠬᠤᠲᠠ ᠬᠥᠳᠡᠭᠡ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ ᠂ ᠬᠤᠲᠠ ᠬᠥᠳᠡᠭᠡ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ ᠂ ᠦᠨᠳᠦᠰᠦᠨ ᠣᠯᠠᠨ ᠨᠡᠶᠢᠲᠡ ᠶᠢᠨ | ᠰᠤᠷᠭᠠᠨ ᠬᠥᠮᠦᠵᠢᠯ ᠤᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠤᠨ᠎ᠠ ᠃ | ᠬᠤᠶᠠᠷ ᠂ ᠭᠤᠣᠯ ᠠᠭᠤᠯᠭ᠎ᠠ | ( ᠨᠢᠭᠡ ) ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠃ | ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ︵ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠂ ᠰᠦᠢᠳᠬᠡᠯ ᠬᠤᠷᠢᠶᠠᠬᠤ ᠦᠭᠡᠢ ᠪᠠᠷ ᠰᠤᠷᠬᠤ | ᠪᠢᠴᠢᠭ ᠬᠠᠩᠭᠠᠬᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢ ᠪᠠ ᠣᠨᠴᠠᠭᠠᠢ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠳᠤ ᠠᠮᠢᠳᠤᠷᠠᠯ ᠤᠨ ᠵᠠᠷᠤᠳᠠᠯ ᠨᠥᠬᠦᠪᠦᠷᠢᠯᠡᠬᠦ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠶᠢᠷᠢ ᠳᠤ ᠰᠠᠭᠤᠭ᠎ᠠ ᠰᠤᠷᠤᠭᠴᠢ ᠳᠤ ᠬᠤᠨᠤᠭ ᠤᠨ ᠵᠠᠷᠤᠳᠠᠯ ᠨᠥᠬᠦᠪᠦᠷᠢᠯᠡᠬᠦ ︶ ᠶᠢ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ ᠃ ᠰᠤᠷᠤᠯᠭ᠎ᠠ ᠶᠢᠨ ᠰᠤᠯᠠ ᠵᠠᠷᠤᠳᠠᠯ ᠢ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠥᠬᠦᠪᠦᠷᠢᠯᠡᠬᠦ ᠪᠠᠷ ᠳᠠᠮᠵᠢᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ︔ ᠤᠯᠤᠰ ᠠᠴᠠ ᠲᠣᠭᠲᠠᠭᠠᠭᠰᠠᠨ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ | ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ᠰᠤᠷᠤᠭᠴᠢ ᠶᠢᠨ ᠲᠣᠯᠢ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ | ᠲᠥᠪ ᠤᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠳᠤ ᠬᠡᠷᠡᠭᠯᠡᠬᠦ ᠰᠤᠷᠬᠤ ᠪᠢᠴᠢᠭ ᠢ | ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠦᠨᠳᠦᠰᠦᠲᠡᠨ ᠤ ᠬᠡᠯᠡ ᠪᠢᠴᠢᠭ ᠰᠤᠷᠴᠤ ᠪᠠᠶᠢᠭ᠎ᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ | ᠰᠤᠷᠤᠭᠴᠢᠳ ᠲᠤ ᠵᠢᠩᠬᠢᠨᠢ ᠬᠡᠪᠯᠡᠯ ᠤᠨ ︽ᠰᠤᠷᠤᠭᠴᠢ ᠶᠢᠨ ᠮᠣᠩᠭᠤᠯ ᠬᠡᠯᠡᠨ ᠤ ᠲᠣᠯᠢ︾ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ | ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔ ᠠᠶᠢᠮᠠᠭ ᠬᠤᠲᠠ ᠶᠢᠨ ᠲᠣᠭᠲᠠᠭᠠᠭᠰᠠᠨ ᠰᠤᠷᠬᠤ ᠪᠢᠴᠢᠭ ᠢ | ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ ᠃ 365赢多少钱会被限额_国内有真正的365平台吗_365bet博彩官网 | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠃ | ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢ ᠶᠢ ᠥᠪᠡᠷᠲᠡᠭᠡᠨ ᠵᠠᠰᠠᠬᠤ ᠣᠷᠣᠨ ᠠᠴᠠ ᠪᠠᠶᠢᠷᠢ ᠳᠤ ᠰᠠᠭᠤᠭ᠎ᠠ ᠰᠤᠷᠤᠭᠴᠢ ᠶᠢᠨ | 60 % ᠪᠠᠷ ᠲᠥᠰᠥᠭᠡᠯᠡᠨ ᠪᠣᠳᠣᠵᠤ ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠥᠯᠥ ᠰᠠᠭᠤᠭ᠎ᠠ ᠰᠤᠷᠤᠭᠴᠢ ᠶᠢ ᠥᠪᠡᠷᠲᠡᠭᠡᠨ ᠵᠠᠰᠠᠬᠤ | ᠣᠷᠣᠨ ᠠᠴᠠ ᠪᠠᠶᠢᠷᠢ ᠳᠤ ᠥᠯᠥ ᠰᠠᠭᠤᠭ᠎ᠠ ᠰᠤᠷᠤᠭᠴᠢ ᠶᠢᠨ 20 % ᠪᠠᠷ ᠲᠥᠰᠥᠭᠡᠯᠡᠨ ᠪᠣᠳᠣᠨ᠎ᠠ ᠂ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ | ᠦᠨᠳᠦᠰᠦᠯᠡᠨ ᠬᠤᠰᠢᠭᠤ ᠰᠢᠶᠠᠨ ( ᠬᠤᠲᠠ ᠂ ᠲᠣᠭᠤᠷᠢᠭ ) ᠂ ᠰᠤᠷᠭᠠᠭᠤᠯᠢ ᠬᠤᠪᠢᠶᠠᠵᠤ ᠪᠠᠶᠢᠭᠠᠳ ᠲᠥᠰᠥᠭᠡᠯᠡᠨ ᠪᠤᠳᠤᠬᠤ ᠬᠡᠷᠡᠭᠲᠡᠢ ᠃ ᠭᠡᠷ ᠪᠦᠯᠢ ᠶᠢᠨ ᠠᠵᠤ | ᠠᠬᠤᠢ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ | ᠪᠠᠨ ᠪᠠᠭ᠎ᠠ ᠰᠤᠷᠭᠠᠭᠤᠯᠢ ᠳᠤ ᠪᠣᠯ 1000 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 1250 ᠲᠥᠭᠦᠷᠢᠭ ᠢᠶᠠᠷ ᠬᠡᠷᠡᠭᠵᠢᠭᠦᠯᠵᠦ ᠂ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠥᠯᠥ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ | ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 500 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 625 | ᠲᠥᠭᠦᠷᠢᠭ ᠢᠶᠠᠷ ᠬᠡᠷᠡᠭᠵᠢᠭᠦᠯᠬᠦ ᠬᠡᠷᠡᠭᠲᠡᠢ ᠃ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 5᠄ 5 ᠶᠢᠨ ᠬᠠᠷᠢᠴᠠᠯ ᠢᠶᠠᠷ ᠬᠤᠪᠢᠳᠠᠨ ᠡᠭᠦᠷᠭᠡᠯᠡᠬᠦ ᠬᠡᠷᠡᠭᠲᠡᠢ ᠃ | ᠣᠷᠣᠨ ᠨᠤᠲᠤᠭ ᠤᠨ ᠬᠤᠪᠢᠳᠠᠨ ᠡᠭᠦᠷᠭᠡᠯᠡᠬᠦ 50 % ᠶᠢᠨ ᠬᠡᠰᠡᠭ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠤᠷᠤᠭᠴᠢ ᠶᠢᠨ | ᠬᠡᠷᠡᠭᠰᠡᠬᠦ ᠵᠠᠷᠤᠳᠠᠯ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠵᠦ ᠂ ᠪᠤᠰᠤᠳ ᠰᠤᠷᠤᠭᠴᠢᠳ ᠤᠨ | ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠬᠦ | ᠬᠡᠷᠡᠭᠲᠡᠢ ᠃ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ | ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 1350 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ | 1620 ᠲᠥᠭᠦᠷᠢᠭ ᠢᠶᠠᠷ ᠬᠡᠷᠡᠭᠵᠢᠭᠦᠯᠵᠦ ᠂ ᠬᠡᠷᠡᠭᠰᠡᠬᠦ ᠪᠡᠯᠡ ᠮᠥᠩᠭᠦᠨ ᠤ ᠲᠥᠪ ᠤᠨ ᠨᠥᠬᠦᠪᠦᠷᠢ ᠶᠢᠨ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ ᠃ ᠪᠠᠶᠢᠷᠢ ᠳᠤ ᠰᠠᠭᠤᠭ᠎ᠠ ᠰᠤᠷᠤᠭᠴᠢ ᠶᠢᠨ ᠬᠤᠨᠤᠭ ᠤᠨ ᠵᠠᠷᠤᠳᠠᠯ ᠤᠨ | ᠨᠥᠬᠦᠪᠦᠷᠢ ᠶᠢᠨ ᠪᠠᠷᠢᠮᠵᠢᠶ᠎ᠠ ᠨᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 100 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠪᠣᠯ 120 ᠲᠥᠭᠦᠷᠢᠭ ᠪᠠᠶᠢᠵᠤ ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ | ᠳᠠᠭᠠᠭᠠᠨ ᠡᠭᠦᠷᠭᠡᠯᠡᠬᠦ ᠬᠡᠷᠡᠭᠲᠡᠢ ᠃ | ( ᠬᠤᠶᠠᠷ ) ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠲᠥᠷᠥ ᠶᠢᠨ | ᠪᠣᠳᠣᠯᠭ᠎ᠠ ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ | ᠲᠣᠭᠲᠠᠭᠠᠭᠰᠠᠨ ᠲᠤᠭ᠎ᠠ ᠨᠢ᠄ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 650 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠪᠣᠯ 850 ᠲᠥᠭᠦᠷᠢᠭ ᠪᠣᠯᠣᠨ᠎ᠠ ᠃ ᠡᠭᠦᠨ ᠤ ᠰᠠᠭᠤᠷᠢᠨ ᠳᠡᠭᠡᠷ᠎ᠡ ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠳᠤ ᠪᠣᠯ ᠪᠠᠶᠢᠷᠢ ᠳᠤ ᠰᠠᠭᠤᠬᠤ | ᠰᠣᠷᠣᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 200 ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ ᠨᠢ | ᠨᠡᠮᠡᠭᠳᠡᠭᠦᠯᠬᠦ ᠬᠡᠷᠡᠭᠲᠡᠢ︔ ᠲᠠᠷᠢᠶᠠᠯᠠᠬᠤ ᠮᠠᠯᠵᠢᠬᠤ ᠣᠷᠣᠨ ᠤ 100 ᠬᠥᠮᠥᠨ ᠬᠦᠷᠬᠦ ᠦᠭᠡᠢ ᠬᠡᠪᠴᠢᠶ᠎ᠡ ᠪᠠᠷ ᠨᠡᠯᠢᠶᠡᠳ ᠪᠠᠭ᠎ᠠ ᠰᠤᠷᠭᠠᠭᠤᠯᠢ ᠶᠢᠨ ᠨᠡᠶᠢᠲᠡ ᠶᠢᠨ | ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ 100 ᠬᠥᠮᠥᠨ ᠢᠶᠠᠷ ᠬᠠᠷᠭᠤᠭᠤᠯᠤᠨ ᠲᠣᠭᠲᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ︔ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠨᠨᠴᠢ ᠪᠠ ᠠᠩᠭᠢ ᠳᠠᠭᠠᠵᠤ ᠰᠤᠷᠤᠯᠴᠠᠵᠤ ᠪᠠᠶᠢᠭ᠎ᠠ ᠵᠡᠮᠳᠡᠭ | ᠰᠤᠷᠤᠭᠴᠢ ᠨᠢᠭᠡᠪᠦᠷᠢ ᠳᠤ ᠵᠢᠯ ᠳᠤ ᠪᠠᠨ 6000 ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠣᠯᠭᠤᠬᠤ ᠬᠡᠷᠡᠭᠲᠡᠢ ᠃ | ᠥᠨᠳᠦᠷᠯᠢᠭ ᠬᠦᠢᠲᠡᠨ ᠣᠷᠣᠨ ( ᠬᠥᠯᠥᠨ ᠪᠤᠶᠢᠷ ᠬᠤᠲᠠ ᠂ ᠬᠢᠩᠭᠠᠨ ᠠᠶᠢᠮᠠᠭ ᠂ ᠰᠢᠯᠢ ᠶᠢᠨ ᠭᠤᠣᠯ ᠠᠶᠢᠮᠠᠭ ᠂ ᠮᠠᠨᠵᠤᠤᠷ ᠬᠤᠲᠠ ᠂ ᠡᠷᠢᠶᠡᠨ ᠬᠤᠲᠠ ) ᠪᠠ ᠪᠤᠰᠤᠳ | ᠭᠠᠵᠠᠷ ᠣᠷᠣᠨ ᠳᠤ ᠲᠤᠰ ᠲᠤᠰ ᠰᠤᠷᠤᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 235 ᠲᠥᠭᠦᠷᠢᠭ ᠪᠠ 215 ᠲᠥᠭᠦᠷᠢᠭ ᠢᠶᠠᠷ ᠳᠤᠯᠠᠭᠠᠯᠠᠭ᠎ᠠ ᠶᠢᠨ | ᠵᠠᠷᠤᠳᠠᠯ ᠤᠨ ᠨᠥᠬᠦᠪᠦᠷᠢ ᠣᠯᠭᠤᠬᠤ ᠬᠡᠷᠡᠭᠲᠡᠢ ᠃ ᠰᠤᠷᠤᠭᠴᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠣᠭᠲᠠᠭᠠᠭᠰᠠᠨ | ᠲᠤᠭ᠎ᠠ ᠪᠠ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠦᠷᠢ ᠳᠤ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ | ᠡᠭᠦᠷᠭᠡᠯᠡᠵᠦ ᠂ ᠥᠪᠡᠷᠲᠡᠭᠡᠨ ᠵᠠᠰᠠᠬᠤ ᠣᠷᠣᠨ 20 % ᠶᠢᠨ ᠬᠡᠰᠡᠭ ᠢ ᠨᠢ ᠬᠤᠪᠢᠳᠠᠨ ᠡᠭᠦᠷᠭᠡᠯᠡᠨ᠎ᠡ ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠰᠤᠷᠭᠠᠭᠤᠯᠢ ᠶᠢᠨ ᠬᠡᠷᠡᠭᠰᠡᠬᠦ ᠵᠠᠷᠤᠳᠠᠯ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ | ᠰᠤᠷᠭᠠᠭᠤᠯᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠶᠣᠰᠣᠭᠠᠷ | ᠬᠤᠪᠢᠳᠠᠨ ᠡᠭᠦᠷᠭᠡᠯᠡᠬᠦ ᠬᠡᠷᠡᠭᠲᠡᠢ ᠃ | ᠲᠠᠷᠢᠶᠠᠯᠠᠬᠤ ᠮᠠᠯᠵᠢᠬᠤ ᠣᠷᠣᠨ ᠂ ᠬᠢᠯᠢ ᠬᠢᠵᠠᠭᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠳᠣ ᠶᠢᠨ | ᠬᠡᠷᠡᠭᠵᠢᠭᠦᠯᠵᠦ ᠪᠠᠶᠢᠭ᠎ᠠ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠨᠢ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠠᠴᠠ ᠳᠡᠭᠡᠭᠦᠷ | ᠪᠠᠶᠢᠪᠠᠯ ᠂ ᠲᠦᠪᠰᠢᠨ ᠢ ᠨᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠂ ᠡᠯ᠎ᠡ ᠭᠠᠵᠠᠷ ᠣᠷᠣᠨ ᠪᠣᠳᠠᠲᠠᠢ ᠲᠠᠢ ᠪᠠᠨ ᠤᠶᠠᠯᠳᠤᠭᠤᠯᠤᠨ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠢ ᠃ | ( ᠭᠤᠷᠪᠠ ) ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠤᠷᠲᠤ ᠬᠤᠭᠤᠴᠠᠭᠠᠨ ᠤ | ᠪᠦᠲᠦᠮᠵᠢᠲᠠᠢ ᠲᠣᠭᠲᠠᠴᠠ ᠃ | ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠵᠢᠴᠢ ᠲᠡᠭᠦᠨ ᠤ ᠳᠠᠭᠠᠯᠲᠠ ᠪᠡᠯᠡᠳᠬᠡᠮᠵᠢ ᠪᠠᠨ ᠰᠡᠯᠪᠢᠨ | ᠵᠠᠰᠠᠵᠤ ᠥᠭᠡᠷᠡᠴᠢᠯᠡᠨ ᠰᠢᠨᠡᠳᠬᠡᠬᠦ ᠂ ᠭᠠᠵᠠᠷ ᠬᠥᠳᠡᠯᠦᠯᠲᠡ ᠶᠢ ᠳᠠᠭᠠᠭᠠᠯᠭᠠᠬᠤ ᠪᠠᠷ ᠪᠠᠬᠢᠵᠢᠭᠦᠯᠬᠦ ᠂ ᠰᠢᠨᠡᠳᠬᠡᠵᠦ ᠥᠷᠭᠡᠳᠬᠡᠨ ᠪᠠᠶᠢᠭᠤᠯᠬᠤ ᠶᠢ ᠲᠡᠮᠵᠢᠬᠦ ᠬᠡᠷᠡᠭᠲᠡᠢ ᠃ | ᠲᠠᠷᠢᠶᠠᠯᠠᠬᠤ ᠮᠠᠯᠵᠢᠬᠤ ᠣᠷᠣᠨ ᠤ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ | ᠥᠭᠡᠷᠡᠴᠢᠯᠡᠨ ᠰᠢᠨᠡᠳᠬᠡᠬᠦ ᠳᠤ ᠨᠥᠬᠦᠪᠦᠷᠢ ᠣᠯᠭᠤᠵᠤ ᠂ ᠨᠥᠬᠦᠪᠦᠷᠢ ᠶᠢᠨ ᠪᠠᠷᠢᠮᠵᠢᠶ᠎ᠠ ᠶᠢ ᠤᠯᠤᠰ ᠤᠨ ᠨᠢᠭᠡᠳᠦᠯᠲᠡᠢ ᠪᠠᠷᠢᠮᠵᠢᠶ᠎ᠠ ᠪᠠᠷ ᠬᠡᠷᠡᠭᠵᠢᠭᠦᠯᠦᠨ ᠂ ᠬᠡᠷᠡᠭᠰᠡᠬᠦ | ᠪᠡᠯᠡ ᠮᠥᠩᠭᠦ ᠶᠢ ᠲᠥᠪ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠬᠦ ᠬᠡᠷᠡᠭᠲᠡᠢ ᠃ | ᠡᠯ᠎ᠡ ᠠᠶᠢᠮᠠᠭ ᠬᠤᠲᠠ ᠨᠢ ᠬᠤᠲᠠ ᠶᠢᠨ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ ᠂ ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ ᠃ | ( ᠳᠥᠷᠪᠡ ) ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠲᠤᠭ᠎ᠠ ᠶᠣᠰᠣᠭᠠᠷ ᠭᠦᠢᠴᠡᠳ ᠣᠯᠭᠤᠬᠤ ᠶᠢ | ᠦᠨᠡᠨ ᠬᠦ ᠪᠠᠲᠤᠯᠠᠬᠤ ᠬᠡᠷᠡᠭᠲᠡᠢ ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠦᠷᠭᠦᠯᠵᠢᠯᠡᠨ ᠡᠩ ᠤᠨ ᠴᠢᠨᠠᠷᠲᠠᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠠᠶᠢᠮᠠᠭ ᠬᠤᠲᠠ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠳᠤ ᠳᠡᠮᠵᠢᠯᠭᠡ ᠦᠵᠡᠭᠦᠯᠬᠦ ᠬᠡᠷᠡᠭᠲᠡᠢ ᠃ ᠠᠶᠢᠮᠠᠭ | ᠬᠤᠲᠠ ᠶᠢᠨ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠ ᠲᠣᠰ ᠱᠠᠲᠤᠨ ᠤ ᠡᠳ᠋ ᠤᠨ ᠬᠦᠴᠦᠨ ᠢ ᠨᠢᠭᠡᠳᠦᠯᠲᠡᠢ | ᠲᠥᠯᠥᠪᠯᠡᠨ ᠬᠡᠷᠡᠭᠯᠡᠵᠦ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ | ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠠᠴᠠ ᠤᠤᠯ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠭᠠᠵᠠᠷ | ᠣᠷᠣᠨ ᠤ ᠬᠥᠳᠡᠭᠡ ᠲᠣᠰᠬᠤᠨ ᠤ ᠪᠠᠭᠰᠢ ᠳᠤ ᠦᠷᠭᠦᠯᠵᠢᠯᠡᠨ ᠠᠮᠢᠳᠤᠷᠠᠯ ᠤᠨ ᠨᠥᠬᠦᠪᠦᠷᠢ ᠣᠯᠭᠤᠵᠤ ᠂ ᠨᠥᠬᠦᠪᠦᠷᠢ ᠶᠢᠨ ᠪᠠᠷᠢᠮᠵᠢᠶ᠎ᠠ ᠨᠢ ᠰᠤᠮᠤ ᠰᠢᠶᠠᠩ ᠪᠠᠯᠭᠠᠰᠤᠨ ᠤ | ᠰᠤᠷᠭᠠᠭᠤᠯᠢ ᠶᠢᠨ ᠪᠠᠭᠰᠢ ᠪᠦᠷᠢ ᠳᠤ ᠰᠠᠷ᠎ᠠ ᠳᠤ ᠪᠠᠨ 300 ᠲᠥᠭᠦᠷᠢᠭ ᠂ ᠲᠣᠰᠬᠤᠨ ᠤ ᠪᠠᠭ᠎ᠠ ᠰᠤᠷᠭᠠᠭᠤᠯᠢ ᠵᠢᠴᠢ ᠵᠢᠭᠠᠨ ᠰᠤᠷᠭᠠᠯᠲᠠ ᠶᠢᠨ ᠴᠡᠭ ᠤᠨ ᠪᠠᠭᠰᠢ | ᠪᠦᠷᠢ ᠳᠤ ᠰᠠᠷ᠎ᠠ ᠳᠤ ᠪᠠᠨ 400 ᠲᠥᠭᠦᠷᠢᠭ ᠪᠠᠶᠢᠵᠤ ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ | ᠳᠠᠭᠠᠭᠠᠨ ᠡᠭᠦᠷᠭᠡᠯᠡᠬᠦ ᠬᠡᠷᠡᠭᠲᠡᠢ ᠃ | ᠬᠤᠶᠢᠰᠢᠳᠠ ᠶᠢᠨ ᠣᠨ ᠵᠢᠯ ᠤᠳ ᠳᠤ ᠂ ᠲᠥᠪ ᠤᠨ ᠲᠥᠷᠥ ᠶᠢᠨ ᠪᠣᠳᠣᠯᠭ᠎ᠠ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠤ | ᠢᠯᠡᠷᠡᠭᠰᠡᠨ ᠰᠢᠨ᠎ᠡ ᠪᠠᠶᠢᠳᠠᠯ ᠂ ᠰᠢᠨ᠎ᠡ ᠠᠰᠠᠭᠤᠳᠠᠯ ᠢ ᠦᠨᠳᠦᠰᠦᠯᠡᠨ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤ ᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ ᠃ | ᠭᠤᠷᠪᠠ ᠂ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ | ( ᠨᠢᠭᠡ ) ᠬᠡᠷᠡᠭᠵᠢᠭᠦᠯᠬᠦ ᠬᠡᠪᠴᠢᠶ᠎ᠡ᠄ ᠪᠦᠬᠦ ᠣᠷᠣᠨ ᠤ ᠪᠤᠶ ᠪᠦᠬᠦᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ( ᠠᠷᠠᠳ ᠠᠴᠠ ᠡᠷᠬᠢᠯᠡᠭᠰᠡᠨ | ᠰᠤᠷᠭᠠᠭᠤᠯᠢ ᠪᠠᠭᠲᠠᠨ᠎ᠠ ) ᠃ | ( ᠬᠤᠶᠠᠷ ) ᠬᠡᠷᠡᠭᠵᠢᠭᠦᠯᠬᠦ ᠴᠠᠭ ᠬᠤᠭᠤᠴᠠᠭ᠎ᠠ᠄ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ ᠃ | ᠳᠥᠷᠪᠡ ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ( ᠨᠢᠭᠡ ) ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ ᠃ ᠡᠯ᠎ᠡ ᠭᠠᠵᠠᠷ ᠣᠷᠣᠨ ᠨᠢ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ | ᠣᠷᠣᠭᠤᠯᠵᠤ ᠂ ᠦᠨᠡᠨ ᠬᠦ ᠬᠡᠷᠡᠭᠵᠢᠭᠦᠯᠦᠭᠦᠰᠢᠲᠡᠢ ᠲᠥᠰᠥᠯ ᠢ ᠲᠣᠭᠲᠠᠭᠠᠬᠤ ᠬᠡᠷᠡᠭᠲᠡᠢ ᠃ | ( ᠬᠤᠶᠠᠷ ) ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠷᠤᠳᠠᠯ ᠢ | ᠬᠤᠪᠢᠳᠠᠨ ᠡᠭᠦᠷᠭᠡᠯᠡᠬᠦ ᠬᠠᠷᠢᠭᠤᠴᠠᠯᠭ᠎ᠠ ᠶᠢᠨ ᠶᠣᠰᠣᠭᠠᠷ ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢ ᠲᠤᠭ᠎ᠠ ᠶᠣᠰᠣᠭᠠᠷ ᠨᠢ ᠭᠦᠢᠴᠡᠳ ᠨᠠᠶᠢᠳᠠᠪᠤᠷᠢᠵᠢᠭᠤᠯᠵᠤ ᠂ ᠪᠡᠯᠡ | ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠡᠯ᠎ᠡ ᠠᠶᠢᠮᠠᠭ ᠤᠨ | ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ( ᠬᠤᠲᠠ ᠂ ᠲᠣᠭᠤᠷᠢᠭ ) ᠤ ᠠᠷᠠᠳ ᠤᠨ ᠵᠠᠰᠠᠭ ᠤᠨ ᠣᠷᠳᠣᠨ ᠨᠢ ᠲᠤᠰ | ᠭᠠᠵᠠᠷ ᠣᠷᠣᠨ ᠤ ᠪᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠢ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠲᠥᠰᠥᠪ ᠤᠨ ᠬᠠᠮᠢᠶᠠᠷᠤᠯᠲᠠ ᠶᠢ ᠴᠢᠩᠭᠠᠳᠬᠠᠨ ᠂ ᠲᠥᠰᠥᠪ ᠢ ᠨᠠᠷᠢᠯᠢᠭᠵᠢᠭᠤᠯᠤᠨ ᠨᠠᠶᠢᠷᠠᠭᠤᠯᠤᠨ ᠵᠣᠬᠢᠶᠠᠵᠤ ᠂ ᠲᠥᠰᠥᠪ ᠤᠨ ᠬᠡᠷᠡᠭᠵᠢᠭᠦᠯᠦᠯᠲᠡ ᠶᠢ ᠴᠢᠩᠳᠠᠯᠠᠵᠤ ᠂ | ᠲᠥᠰᠥᠪ ᠤᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠢ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢ ᠵᠢᠷᠤᠮᠵᠢᠭᠤᠯᠤᠨ ᠂ ᠬᠠᠮᠢᠶᠠᠷᠤᠯᠲᠠ ᠶᠢᠨ ᠣᠨᠣᠯᠵᠢᠬᠤᠨ ᠳᠤ ᠰᠢᠨ᠎ᠡ ᠶᠢ ᠡᠭᠦᠳᠴᠦ ᠂ ᠠᠮᠵᠢᠯᠲᠠ ᠪᠦᠲᠦᠮᠵᠢ ᠶᠢᠨ ᠲᠥᠰᠥᠪ ᠢ ᠵᠠᠷᠤᠳᠠᠯ ᠤᠨ | ᠬᠡᠷᠡᠭᠯᠡᠯᠲᠡ ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ ᠂ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠃ | ( ᠭᠤᠷᠪᠠ ) ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠬᠠᠭᠤᠯᠬᠤ ᠠᠵᠢᠯ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ | ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢ ᠶᠢ ᠥᠷᠭᠡᠨ ᠢᠶᠠᠷ ᠠᠰᠢᠭᠯᠠᠨ ᠂ ᠣᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ ᠪᠠᠶᠢᠭᠠᠳ ᠨᠡᠶᠢᠭᠡᠮ ᠳᠤ ᠭᠦᠨᠵᠡᠭᠡᠢ | ᠤᠬᠠᠭᠤᠯᠤᠨ ᠂ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ ᠂ ᠬᠥᠮᠥᠰ ᠤᠨ | ᠰᠡᠳᠬᠢᠯ ᠳᠤ ᠬᠠᠳᠠᠩᠰᠢᠭᠤᠯᠤᠨ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ | ᠲᠤᠰ ᠮᠡᠳᠡᠭᠳᠡᠯ ᠢ 2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ ᠃ ᠤᠤᠯ ᠤᠨ ︽ᠬᠤᠲᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠥᠰᠥᠯ ᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ( | ᠥᠪᠥᠷ ᠵᠠᠰᠠᠭ ᠠᠯᠪᠠᠨ ᠲᠠᠷᠬᠠᠭᠠᠭᠰᠠᠨ 〔 2016 〕 32 ᠳ᠋ᠤᠭᠠᠷ ᠲᠣᠭᠠᠲᠤ ) ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | —— —— —— —— —— —— —— —— —— —— —— —— —— —— —— | ᠬᠠᠭᠤᠯᠤᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠳᠣᠷᠣ ᠶᠢᠨ ᠵᠥᠪᠯᠡᠯᠭᠡᠨ ᠤ ᠠᠯᠪᠠᠨ ᠲᠢᠩᠬᠢᠮ ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ ᠬᠤᠷᠢᠶ᠎ᠠ ᠃ | ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃365赢多少钱会被限额_国内有真正的365平台吗_365bet博彩官网 | —— —— —— —— —— —— —— —— —— —— —— —— —— —— —— | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ | | |