2 ᠰᠠᠷ᠎ᠠ ᠶᠢᠨ 10 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠢᠶᠣᠣ ᠢᠦᠢ ᠲᠠᠢ ᠳᠠᠬᠢ ᠲᠥᠷᠦ ᠶᠢᠨ ᠵᠣᠴᠢᠳ ᠤᠨ ᠪᠠᠭᠤᠳᠠᠯ ᠳᠤ | ᠺᠠᠮᠪᠤᠵᠠ ᠶᠢᠨ ᠲᠡᠷᠢᠭᠦᠨ ᠰᠠᠶᠢᠳ ᠬᠤᠩᠰᠧᠨ ᠲᠠᠢ ᠠᠭᠤᠯᠵᠠᠪᠠ᠃ | | | ᠰᠢ ᠶᠢᠨ ᠫᠢᠩ᠂ 3 ᠵᠢᠯ ᠤᠨ ᠡᠮᠦᠨ᠎ᠡ᠂ ᠲᠡᠷᠢᠭᠦᠨ ᠰᠠᠶᠢᠳ ᠠᠪᠤᠭᠠᠢ ᠰᠠᠯᠬᠢ ᠰᠢᠭᠤᠷᠭᠠᠨ ᠢ ᠰᠥᠷᠦᠨ ᠳᠤᠮᠳᠠᠳᠤ ᠤᠯᠤᠰ ᠲᠤ ᠠᠶᠢᠯᠴᠢᠯᠠᠵᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ ᠪᠠᠶᠢᠭ᠎ᠠ ᠳᠤᠮᠳᠠᠳᠤ ᠤᠯᠤᠰ ᠤᠨ ᠠᠷᠠᠳ ᠲᠦᠮᠡᠨ ᠲᠠᠢ ᠡᠷᠡᠰ ᠪᠠᠲᠤ ᠬᠠᠮᠲᠤ ᠵᠣᠭᠰᠣᠵᠠᠢ᠃ ᠡᠨᠡ ᠵᠢᠯ | ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠭᠢᠯᠡᠯᠲᠡ ᠶᠢᠨ ᠵᠢᠯ ᠪᠤᠯᠬᠤ ᠪᠥᠭᠡᠳ ᠳᠤᠮᠳᠠᠳᠤ ᠺᠠᠮᠪᠤᠵᠠ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠣᠯᠣᠨ᠎ᠠ᠃ ᠪᠢ ᠲᠠᠨ ᠲᠠᠢ ︽ᠭᠤᠷᠪᠠᠨ ᠵᠢᠯ ᠤᠨ | ᠪᠣᠯᠵᠤᠭ᠎ᠠ︾ ᠪᠠᠨ ᠪᠡᠶᠡᠯᠡᠭᠦᠯᠵᠦ᠂ ᠴᠠᠭᠠᠨ ᠰᠠᠷ᠎ᠠ ᠶᠢᠨ ᠲᠠᠰᠢᠷᠠᠮ ᠢᠶᠠᠷ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠰᠢᠨ᠎ᠡ ᠴᠠᠭ ᠦᠶ᠎ᠡ ᠶᠢ ᠬᠠᠮᠲᠤ ᠪᠠᠷ ᠡᠬᠢᠯᠡᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠺᠠᠮᠪᠤᠵᠠ ᠶᠢᠨ ᠠᠷᠠᠳ ᠲᠦᠮᠡᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ | ᠰᠣᠩᠭᠤᠬᠤ ᠶᠢ ᠡᠷᠡᠰ ᠲᠡᠮᠵᠢᠵᠥ᠂ ᠺᠠᠮᠪᠤᠵᠠ ᠶᠢᠨ ᠤᠯᠤᠰ ᠤᠨ ᠡᠷᠬᠡ ᠮᠡᠳᠡᠯ ᠪᠣᠯᠣᠨ ᠠᠮᠤᠷ ᠲᠦᠪᠰᠢᠨ ᠢᠶᠠᠨ ᠬᠠᠮᠠᠭᠠᠯᠠᠬᠤ ᠶᠢ ᠡᠷᠡᠰ ᠲᠡᠮᠵᠢᠵᠥ᠂ ᠺᠠᠮᠪᠤᠵᠠ ᠶᠢᠨ | ᠤᠯᠤᠰ ᠤᠨ ᠳᠣᠲᠣᠭᠠᠳᠤ ᠶᠢᠨ ᠴᠢᠬᠤᠯᠠ ᠶᠡᠭᠡ ᠤᠯᠤᠰ ᠲᠦᠷᠤ ᠶᠢᠨ ᠵᠥᠪᠯᠡᠭᠦ ᠵᠦᠢᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠣᠭᠲᠠᠭᠤᠨ ᠢᠶᠠᠷ | ᠠᠬᠢᠭᠤᠯᠬᠤ ᠶᠢ ᠡᠷᠡᠰ ᠲᠡᠮᠵᠢᠵᠥ᠂ ᠭᠠᠳᠠᠭᠠᠳᠤ ᠶᠢᠨ ᠬᠦᠴᠦᠨ ᠤ ᠺᠠᠮᠪᠤᠵᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠳᠤᠮᠳᠠᠳᠤ 365赢多少钱会被限额_国内有真正的365平台吗_365bet博彩官网 | ᠤᠯᠤᠰ ᠺᠠᠮᠪᠤᠵᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠭᠤᠣᠯᠳᠠᠯᠭ᠎ᠠ ᠲᠠᠢ ᠴᠢᠭᠯᠡᠯ ᠪᠤᠯᠭᠠᠵᠤ᠂ ᠢᠮᠠᠭᠲᠠ ᠪᠦᠭᠦ ᠲᠠᠯ᠎ᠠ ᠪᠣᠯᠣᠨ ᠪᠠᠶᠢᠯᠳᠤᠬᠤ | ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠺᠠᠮᠪᠤᠵᠠ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠲᠥᠯᠥᠪᠵᠢᠭᠦᠯᠦᠨ ᠠᠬᠢᠭᠤᠯᠵᠤ᠂ ᠳᠤᠷᠠᠲᠠᠶ᠎ᠠ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠴᠠ ᠳᠤ᠂ | ᠺᠠᠮᠪᠤᠵᠠ ᠯᠤᠭ᠎ᠠ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ ᠬᠠᠮᠲᠤᠷᠠᠯᠴᠠᠭ᠎ᠠ ᠶᠢ ᠬᠠᠮᠲᠤ ᠪᠠᠷ ᠰᠦᠪᠡᠭᠴᠢᠯᠡᠵᠦ᠂ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠴᠢᠨᠠᠷ | ᠰᠠᠶᠢᠲᠠᠢ᠂ ᠥᠨᠳᠥᠷ ᠲᠦᠪᠰᠢᠨ ᠪᠦᠬᠦᠢ᠂ ᠥᠨᠳᠥᠷ ᠪᠠᠷᠢᠮᠵᠢᠶ᠎ᠠ ᠲᠠᠢ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠭᠠᠷ ᠬᠤᠯᠪᠣᠨ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠬᠥᠭᠵᠢᠯᠲᠡ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠤᠯᠤᠰ ᠲᠦᠷᠦ᠂ ᠦᠢᠯᠡᠳᠪᠦᠷᠢᠯᠡᠯ ᠤᠨ ᠴᠢᠳᠠᠪᠤᠷᠢ᠂ ᠬᠥᠳᠡᠭᠡ ᠠᠵᠤ ᠠᠬᠤᠢ᠂ ᠡᠨᠧᠷᠭᠢ᠂ ᠠᠮᠤᠷ ᠲᠦᠪᠰᠢᠨ᠂ | ᠰᠣᠶᠣᠯ ᠢᠷᠭᠡᠨᠰᠢᠯ ᠵᠡᠷᠭᠡ ᠵᠢᠷᠭᠤᠭᠠᠨ ᠶᠡᠭᠡ ᠬᠦᠷᠢᠶᠡᠨ ᠠᠴᠠ ᠭᠠᠷᠳᠠᠵᠤ᠂ ᠳᠤᠮᠳᠠᠳᠤ ᠺᠠᠮᠪᠤᠵᠠ ᠶᠢᠨ ︽ᠠᠯᠮᠠᠰ ᠴᠢᠯᠠᠭᠤ ᠶᠢᠨ ᠵᠢᠷᠭᠤᠭᠠᠨ ᠲᠠᠯ᠎ᠠ︾ ᠶᠢᠨ | ᠬᠠᠮᠲᠤᠷᠠᠯᠴᠠᠭᠠᠨ ᠤ ᠪᠦᠲᠦᠴᠡ ᠶᠢ ᠬᠦᠴᠦᠯᠡᠨ ᠪᠠᠶᠢᠭᠤᠯᠵᠤ ᠪᠣᠯᠣᠨ᠎ᠠ᠃ ᠤᠯᠤᠰ ᠲᠦᠷᠦ ᠶᠢᠨ ᠲᠠᠯ᠎ᠠ ᠪᠠᠷ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ | ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠰᠡᠨ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠡᠯ᠎ᠡ ᠠᠷᠭ᠎ᠠ ᠵᠠᠮ ᠤᠨ ᠶᠠᠪᠤᠯᠴᠠᠭ᠎ᠠ ᠪᠠᠨ | ᠭᠦᠨᠵᠡᠭᠡᠶᠢᠷᠡᠭᠦᠯᠦᠶ᠎ᠡ᠃ ᠦᠢᠯᠡᠳᠪᠦᠷᠢᠯᠡᠯ ᠤᠨ ᠴᠢᠳᠠᠪᠤᠷᠢ ᠶᠢᠨ ᠲᠠᠯ᠎ᠠ ᠪᠠᠷ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠢ ᠭᠤᠣᠯᠳᠠᠯᠭ᠎ᠠ ᠲᠠᠢ | ᠪᠠᠶᠢᠭᠤᠯᠤᠶ᠎ᠠ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠠᠮᠪᠤᠵᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ | ᠬᠥᠭᠵᠢᠭᠦᠯᠬᠦ ᠶᠢ ᠵᠣᠷᠢᠭᠵᠢᠭᠤᠯᠵᠤ᠂ ᠰᠢᠬᠠᠨᠦ᠋ᠺᠧ ᠮᠤᠵᠢ ᠶᠢᠨ ᠤᠯᠠᠨ ᠴᠢᠳᠠᠮᠵᠢᠲᠤ ᠠᠵᠤ ᠠᠬᠤᠢ ᠶᠢᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠳᠤ | ᠬᠦᠴᠦᠨ ᠨᠡᠮᠡᠷᠢᠯᠡᠵᠦ᠂ ᠺᠠᠮᠪᠤᠵᠠ ᠶᠢᠨ ᠬᠢᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠪᠠᠨ ᠪᠦᠲᠦᠭᠡᠨ ᠪᠠᠶᠢᠭᠤᠯᠬᠤ ᠶᠢ ᠲᠡᠮᠵᠢᠨ᠎ᠠ᠃ ᠬᠥᠳᠡᠭᠡ ᠠᠵᠤ | ᠠᠬᠤᠢ ᠶᠢᠨ ᠲᠠᠯ᠎ᠠ ᠪᠠᠷ᠂ ︽ᠠᠮᠤ ᠵᠢᠭᠠᠰᠤᠨ ᠤ ᠦᠢᠯᠡᠰ ᠤᠨ ᠬᠤᠩᠭᠢᠯ︾ ᠢ ᠬᠦᠴᠦᠯᠡᠨ ᠪᠠᠶᠢᠭᠤᠯᠵᠤ᠂ ᠨᠠᠭᠤᠷ ᠳᠠᠭᠠᠤ ᠲᠠᠷᠢᠶᠠᠯᠠᠩ ᠤᠨ ᠬᠠᠮᠲᠤᠷᠠᠯᠴᠠᠭ᠎ᠠ | ᠥᠷᠨᠢᠭᠦᠯᠦᠨ᠎ᠡ᠃ ᠡᠨᠧᠷᠭᠢ ᠶᠢᠨ ᠲᠠᠯ᠎ᠠ ᠪᠠᠷ᠂ ᠪᠣᠬᠢᠷᠳᠤᠯ ᠦᠭᠡᠢ ᠬᠥᠭᠵᠢᠯᠲᠡ ᠶᠢ ᠬᠦᠴᠦᠯᠡᠨ ᠪᠠᠲᠤᠯᠠᠵᠤ᠂ ᠺᠠᠮᠪᠤᠵᠠ ᠶᠢᠨ ᠤᠰᠤᠨ ᠤ ᠬᠦᠴᠦ ᠪᠠᠷ ᠴᠠᠭᠢᠯᠭᠠᠨ | ᠭᠠᠷᠭᠠᠬᠤ᠂ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠲᠥᠷᠥᠯ ᠵᠦᠢᠯ ᠳᠠᠬᠢ ᠣᠷᠣᠭᠤᠯᠤᠯᠲᠠ ᠪᠠᠨ ᠨᠡᠮᠡᠭᠳᠡᠭᠦᠯᠦᠨ᠎ᠡ᠃ ᠠᠮᠤᠷ ᠲᠦᠪᠰᠢᠨ ᠤ ᠲᠠᠯ᠎ᠠ ᠪᠠᠷ᠂ ᠬᠢᠯᠢ | ᠰᠤᠨᠳᠠᠯᠠᠭᠰᠠᠨ ᠶᠠᠯᠠᠲᠤ ᠠᠵᠢᠯᠯᠠᠭ᠎ᠠ ᠳᠤ ᠬᠠᠮᠲᠤᠷᠠᠨ ᠴᠢᠩᠭ᠎ᠠ ᠴᠣᠬᠢᠯᠲᠠ ᠥᠭᠭᠦ ᠲᠤᠰᠬᠠᠢ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠳᠤᠮᠳᠠᠳᠤ ᠤᠯᠤᠰ ᠠᠴᠠ | ᠺᠠᠮᠪᠤᠵᠠ ᠳᠤ ᠦᠷᠭᠦᠯᠵᠢᠯᠡᠨ ᠮᠢᠨ᠎ᠠ ᠠᠷᠢᠯᠭᠠᠬᠤ ᠲᠤᠰᠠᠯᠠᠮᠵᠢ ᠬᠠᠩᠭᠠᠨ᠎ᠠ᠃ ᠰᠣᠶᠣᠯ ᠢᠷᠭᠡᠨᠰᠢᠯ ᠤᠨ ᠲᠠᠯ᠎ᠠ ᠪᠠᠷ᠂ ᠳᠤᠮᠳᠠᠳᠤ ᠤᠯᠤᠰ ᠡᠩ ᠲᠡᠷᠢᠭᠦᠨ ᠳᠤ ᠳᠤᠮᠳᠠᠳᠤ | ᠺᠠᠮᠪᠤᠵᠠ ᠶᠢᠨ ᠰᠢᠭᠤᠳ ᠬᠦᠷᠬᠦ ᠨᠢᠰᠬᠡᠯ ᠤᠨ ᠡᠭᠡᠯᠵᠢ ᠶᠢ ᠰᠡᠷᠭᠦᠭᠡᠨ ᠨᠡᠮᠡᠭᠳᠡᠭᠦᠯᠵᠦ᠂ ᠵᠢᠭᠤᠯᠴᠢᠯᠠᠯ ᠤᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ 365赢多少钱会被限额_国内有真正的365平台吗_365bet博彩官网 | ᠰᠣᠶᠣᠯ ᠤᠨ ᠥᠪ ᠢ ᠬᠠᠮᠠᠭᠠᠯᠠᠬᠤ ᠪᠠ ᠰᠡᠷᠭᠦᠭᠡᠬᠦ ᠠᠵᠢᠯ ᠢ ᠥᠷᠨᠢᠭᠦᠯᠵᠦ᠂ ᠺᠠᠮᠪᠤᠵᠠ ᠶᠢᠨ ᠬᠢᠨ ᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠦᠢᠯᠡᠰ ᠢᠶᠠᠨ | ᠬᠥᠭᠵᠢᠭᠦᠯᠬᠦ ᠶᠢ ᠲᠡᠮᠵᠢᠨ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠺᠠᠮᠪᠤᠵᠠ ᠶᠢᠨ ᠨᠥᠭᠦᠷᠰᠡᠭ ᠣᠨ ᠢᠶᠠᠷ ᠠᠵᠠ ᠲᠣᠭᠢᠶᠠᠯ ᠪᠤᠯᠭᠠᠵᠤ᠂ ᠣᠷᠣᠨ ᠨᠤᠲᠤᠭ ᠤᠨ ᠠᠵᠢᠯ | ᠲᠦᠷᠦᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ᠂ ᠵᠠᠯᠠᠭᠤᠴᠤᠳ ᠤᠨ ᠶᠠᠪᠤᠯᠴᠠᠭ᠎ᠠ ᠶᠢ ᠴᠢᠩᠭᠠᠳᠬᠠᠵᠤ᠂ | ᠳᠤᠮᠳᠠᠳᠤ ᠺᠠᠮᠪᠤᠵᠠ ᠶᠢᠨ ᠨᠥᠭᠦᠷᠰᠡᠭ ᠠᠵᠢᠯ ᠦᠢᠯᠡᠰ ᠢ ᠤᠯᠠᠮᠵᠢᠯᠠᠨ ᠪᠠᠳᠠᠷᠠᠭᠤᠯᠤᠶ᠎ᠠ ᠭᠡᠵᠦ ᠵᠢᠭᠠᠵᠤ ᠭᠠᠷᠭᠠᠪᠠ᠃ | ᠬᠤᠩᠰᠧᠨ᠂ ᠳᠤᠮᠳᠠᠳᠤ ᠤᠯᠤᠰ ᠤᠨ ᠴᠠᠭᠠᠨ ᠰᠠᠷ᠎ᠠ ᠶᠢᠨ ᠳᠠᠷᠠᠭ᠎ᠠ ᠭᠥᠯᠢᠶᠡᠨ ᠠᠪᠴᠤ ᠵᠣᠴᠢᠯᠠᠭᠰᠠᠨ ᠠᠩᠬᠠᠳᠠᠭᠴᠢ ᠭᠠᠳᠠᠭᠠᠳᠤ ᠤᠯᠤᠰ ᠤᠨ ᠤᠳᠤᠷᠢᠳᠬᠤ | ᠬᠥᠮᠥᠨ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ 3 ᠵᠢᠯ ᠤᠨ ᠡᠮᠦᠨᠡᠬᠢ ᠲᠡᠷᠡ ᠤᠳᠠᠭ᠎ᠠ ᠶᠢᠨ ᠠᠶᠢᠯᠴᠢᠯᠠᠯᠲᠠ ᠴᠤ ᠲᠡᠷᠡ᠂ ᠲᠤᠰ ᠤᠳᠠᠭ᠎ᠠ ᠶᠢᠨ | ᠠᠶᠢᠯᠴᠢᠯᠠᠯᠲᠠ ᠴᠤ ᠲᠡᠷᠡ᠂ ᠪᠢ ᠺᠠᠮᠪᠤᠵᠠ ᠶᠢᠨ ᠠᠷᠠᠳ ᠲᠦᠮᠡᠨ ᠤ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠲᠠᠢ ᠡᠷᠡᠰ ᠪᠠᠲᠤ ᠬᠠᠮᠲᠤ ᠵᠣᠭᠰᠣᠭᠰᠠᠨ | ᠲᠣᠳᠣᠷᠬᠠᠢ ᠮᠡᠳᠡᠭᠡ ᠵᠠᠩᠭᠢ ᠶᠢ ᠳᠠᠮᠵᠢᠭᠤᠯᠬᠤ ᠶᠢ ᠬᠦᠰᠡᠵᠦ ᠪᠠᠶᠢᠨ᠎ᠠ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠣᠯᠣᠭᠰᠠᠨ ᠠᠭᠤᠤ ᠶᠡᠭᠡ ᠬᠥᠭᠵᠢᠯᠲᠡ ᠶᠢᠨ | ᠠᠮᠵᠢᠯᠲᠠ ᠪᠦᠲᠦᠮᠵᠢ ᠶᠢ ᠪᠢᠰᠢᠷᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠢᠲᠡᠭᠡᠵᠦ | ᠪᠠᠶᠢᠨ᠎ᠠ᠃ ᠳᠤᠮᠳᠠᠳᠤ ᠤᠯᠤᠰ ᠺᠠᠮᠪᠤᠵᠠ ᠶᠢᠨ ᠠᠷᠠᠳ ᠲᠦᠮᠡᠨ ᠤ ᠥᠪᠡᠷ ᠤᠨ ᠤᠯᠤᠰ ᠤᠨ ᠪᠠᠶᠢᠳᠠᠯ ᠳᠠᠭᠠᠨ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠰᠣᠩᠭᠤᠬᠤ ᠶᠢ | ᠡᠷᠡᠰ ᠲᠡᠮᠵᠢᠵᠥ᠂ ᠺᠠᠮᠪᠤᠵᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷᠳᠡᠯ ᠲᠤᠯᠭᠠᠷᠠᠬᠤ ᠦᠶ᠎ᠡ ᠳᠤ ᠴᠠᠭ ᠲᠤᠬᠠᠢ | ᠳᠤᠨᠢ ᠡᠷᠬᠢᠮ ᠨᠠᠨᠳᠢᠨ ᠳᠡᠮᠵᠢᠯᠭᠡ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠤᠯᠤᠰ ᠤᠨ ᠡᠷᠬᠡ ᠮᠡᠲᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ | ᠬᠠᠮᠠᠭᠠᠯᠠᠬᠤ ᠶᠢ ᠡᠷᠡᠰ ᠲᠡᠮᠵᠢᠵᠦ᠂ ᠳᠤᠮᠳᠠᠳᠤ ᠤᠯᠤᠰ ᠤᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠡᠷᠡᠰ ᠲᠡᠮᠵᠢᠵᠦ᠂ ᠶᠠᠮᠠᠷᠪᠠ | ᠭᠠᠳᠠᠭᠠᠳᠤ ᠶᠢᠨ ᠬᠦᠴᠦᠨ ᠤ ᠰᠢᠶᠠᠩᠭᠠᠩ ᠲᠠᠢ ᠬᠤᠯᠪᠣᠭᠳᠠᠭᠰᠠᠨ᠂ ᠰᠢᠨᠵᠢᠶᠠᠩ ᠲᠠᠢ ᠬᠤᠯᠪᠣᠭᠳᠠᠭᠰᠠᠨ᠂ ᠲᠥᠪᠡᠳ ᠲᠠᠢ ᠬᠤᠯᠪᠣᠭᠳᠠᠭᠰᠠᠨ ᠵᠡᠷᠭᠡ ᠠᠰᠠᠭᠤᠳᠠᠯ ᠳᠡᠭᠡᠷ᠎ᠡ | ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠪᠢ ᠳᠤᠮᠳᠠᠳᠤ ᠤᠯᠤᠰ ᠤᠨ ︽ᠠᠯᠮᠠᠰ ᠴᠢᠯᠠᠭᠤ ᠶᠢᠨ ᠵᠢᠷᠭᠤᠭᠠᠨ | ᠲᠠᠯ᠎ᠠ︾ ᠶᠢᠨ ᠬᠠᠮᠲᠤᠷᠠᠯᠴᠠᠭᠠᠨ ᠤ ᠪᠦᠲᠦᠴᠡ ᠶᠢ ᠠᠬᠢᠭᠤᠯᠬᠤ ᠲᠤᠬᠠᠢ ᠪᠣᠳᠣᠯᠬᠢᠯᠠᠯ ᠢ ᠪᠦᠷᠢᠮᠦᠰᠦᠨ ᠵᠥᠪᠰᠢᠶᠡᠷᠡᠨ᠎ᠡ᠃ ᠺᠠᠮᠪᠤᠵᠠ ᠶᠢᠨ ᠬᠢᠨ ᠺᠠᠮᠪᠤᠵᠠ ᠳᠤᠮᠳᠠᠳᠤ ᠶᠢᠨ | ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠺᠠᠮᠪᠤᠵᠠ ᠳᠤᠮᠳᠠᠳᠤ ᠶᠢᠨ ᠨᠥᠬᠦᠷᠯᠡᠯ ᠢᠶᠠᠨ ᠴᠢᠨᠠᠭᠰᠢᠳᠠ ᠪᠠᠬᠢᠵᠢᠭᠦᠯᠵᠦ᠂ ᠨᠠᠮ ᠢ | ᠵᠠᠰᠠᠵᠤ ᠲᠦᠷᠦ ᠶᠢ ᠵᠠᠰᠠᠵᠤ ᠵᠠᠰᠠᠭ ᠢ ᠡᠷᠭᠢᠯᠡᠭᠰᠡᠨ ᠲᠤᠷᠰᠢᠯᠭ᠎ᠠ ᠶᠢᠨ ᠰᠣᠯᠢᠯᠴᠠᠭ᠎ᠠ ᠪᠣᠯᠣᠨ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠪᠣᠯᠣᠨ ︽ᠠᠮᠤ ᠵᠢᠭᠠᠰᠤᠨ ᠤ ᠦᠢᠯᠡᠰ ᠤᠨ ᠬᠤᠩᠭᠢᠯ︾ ᠢ ᠢᠳᠡᠪᠬᠢᠲᠡᠢ | ᠪᠠᠶᠢᠭᠤᠯᠵᠤ᠂ ᠺᠠᠮᠪᠤᠵᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠤᠯᠠᠨ ᠦᠷ᠎ᠡ | ᠪᠦᠲᠦᠭᠡᠯ ᠣᠯᠬᠤ ᠶᠢ ᠠᠬᠢᠭᠤᠯᠵᠤ᠂ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃ | ᠺᠠᠮᠪᠤᠵᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢ | ᠦᠷᠭᠦᠯᠵᠢᠯᠡᠨ ᠢᠳᠡᠪᠬᠢᠲᠡᠢ ᠠᠬᠢᠭᠤᠯᠤᠨ᠎ᠠ᠃ ᠳᠤᠮᠳᠠᠳᠤ ᠤᠯᠤᠰ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠨᠢ ᠳᠡᠯᠡᠬᠡᠢ ᠶᠢᠨ | ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠺᠠᠮᠪᠤᠵᠠ ᠶᠢᠨ ᠬᠢᠨ ᠢᠳᠡᠪᠬᠢᠲᠡᠢ | ᠳᠡᠮᠵᠢᠭᠦ ᠶᠢᠨ ᠬᠠᠮᠲᠤ ᠣᠷᠣᠯᠴᠠᠨ᠎ᠠ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠬᠥᠭᠵᠢᠯᠲᠡ ᠪᠣᠯ | ᠴᠥᠭᠡᠨ ᠲᠣᠭᠠᠨ ᠤ ᠤᠯᠤᠰ ᠤᠨ ᠡᠷᠬᠡ ᠠᠰᠢᠭ ᠪᠢᠰᠢ ᠶᠤᠮ᠂ ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠢ ᠡᠭᠦᠰᠬᠡᠵᠦ᠂ ᠠᠵᠤ ᠠᠬᠤᠢ ᠠᠷᠠᠯᠵᠢᠶ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠶᠢ ᠤᠯᠤᠰ ᠲᠥᠷᠥᠴᠢᠯᠡᠵᠦ᠂ ᠵᠡᠪᠰᠡᠭᠴᠢᠯᠡᠭᠦ᠂ ︽ᠬᠠᠷᠢᠴᠠᠭ᠎ᠠ ᠪᠠᠨ ᠲᠠᠰᠤᠯᠵᠤ ᠬᠡᠯᠬᠢᠶ᠎ᠡ ᠪᠠᠨ | ᠲᠠᠰᠤᠯᠬᠤ︾ ᠶᠢ ᠬᠦᠴᠦᠯᠡᠨ ᠠᠬᠢᠭᠤᠯᠬᠤ᠂ ᠪᠤᠰᠤᠳ ᠤᠯᠤᠰ ᠤᠨ ᠬᠥᠭᠵᠢᠯᠲᠡ ᠶᠢ ᠳᠠᠷᠤᠵᠤ ᠬᠤᠷᠢᠭᠯᠠᠬᠤ᠂ ᠭᠠᠵᠠᠷ ᠣᠷᠣᠨ ᠤ ᠤᠯᠤᠰ ᠤᠳ ᠢ ᠪᠦᠯᠦᠭᠯᠡᠨ | ᠠᠶᠢᠮᠠᠭᠯᠠᠬᠤ ᠶᠢ ᠱᠠᠭᠠᠷᠳᠠᠬᠤ ᠪᠣᠯ ᠬᠦᠴᠦᠷᠬᠡᠭᠯᠡᠯ ᠡᠵᠡᠷᠬᠡᠭᠯᠡᠯ ᠤᠨ ᠠᠵᠢᠯᠯᠠᠭ᠎ᠠ ᠪᠣᠯᠣᠨ᠎ᠠ᠂ ᠬᠥᠮᠥᠨ ᠤ ᠰᠡᠳᠬᠢᠯ ᠢ ᠣᠯᠵᠤ ᠴᠢᠳᠠᠬᠤ ᠦᠭᠡᠢ ᠶᠤᠮ᠃ ᠳᠤᠮᠳᠠᠳᠤ | ᠤᠯᠤᠰ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠠᠭᠤᠯᠵᠠᠯᠲᠠ ᠳᠠᠭᠤᠰᠤᠭᠰᠠᠨ ᠤ ᠳᠠᠷᠠᠭ᠎ᠠ᠂ ᠰᠢ ᠶᠢᠨ ᠫᠢᠩ ᠬᠤᠩᠰᠧᠨ ᠳᠤ ᠵᠣᠷᠢᠭᠤᠯᠤᠨ ᠳᠠᠶᠢᠯᠠᠯᠭ᠎ᠠ ᠬᠢᠪᠡ᠃ | ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |