ᠡᠨᠡ ᠵᠢᠯ ᠠᠴᠠ ᠨᠠᠭᠠᠰᠢ᠂ ᠪᠥᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ | ᠨᠢ ᠰᠢᠢᠳᠪᠦᠷᠢᠯᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ | ᠠᠵᠢᠯᠯᠠᠭᠠᠨ ᠲᠣᠭᠲᠠᠭᠤᠨ ᠪᠠᠶᠢᠵᠤ᠂ ᠠᠰᠢᠭ ᠬᠤᠨᠵᠢᠪᠤᠷᠢ ᠨᠢ ᠠᠯᠬᠤᠮ ᠠᠯᠬᠤᠮ ᠢᠶᠠᠷ ᠨᠡᠮᠡᠭᠳᠡᠨ᠂ ᠠᠵᠤ ᠠᠬᠤᠶᠢᠯᠠᠯ ᠤᠨ ᠦᠷ᠎ᠡ ᠠᠰᠢᠭ ᠲᠠᠰᠤᠷᠠᠯᠲᠠ ᠦᠭᠡᠢ | ᠰᠡᠷᠭᠦᠵᠦ ᠪᠠᠶᠢᠨ᠎ᠠ᠃ 2022 ᠣᠨ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 19.3 | ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠤᠷᠢ ᠣᠯᠵᠤ᠂ ᠲᠦᠷᠦᠭᠦᠸ ᠵᠢᠯ ᠤᠨ ᠬᠢ ᠠᠴᠠ 24.8% ᠪᠠᠷ ᠨᠡᠮᠡᠭᠳᠡᠨ᠂ ᠪᠥᠬᠦ ᠣᠷᠣᠨ ᠤ ᠳᠤᠮᠳᠠᠴᠢ ᠬᠢᠷᠢ | ᠲᠦᠪᠰᠢᠨ ᠠᠴᠠ 6.5 ᠵᠠᠭᠤᠨ ᠤ ᠴᠡᠭ ᠥᠨᠳᠥᠷ ᠪᠣᠯᠵᠠᠢ᠃ | ᠲᠥᠷᠥᠯ ᠵᠦᠢᠯ ᠬᠤᠪᠢᠶᠠᠵᠤ ᠦᠵᠡᠪᠡᠯ᠂ ᠠᠰᠢᠭ ᠬᠤᠨᠵᠢᠪᠤᠷᠢ ᠶᠢᠨ ︽ᠬᠤᠶᠠᠷ ᠨᠢ ᠨᠡᠮᠡᠭᠳᠡᠵᠦ ᠨᠢᠭᠡ ᠨᠢ ᠪᠠᠭᠤᠷᠠᠪᠠ︾᠃ 2022 ᠣᠨ ᠳᠤ᠂ ᠠᠭᠤᠷᠬᠠᠢ | ᠮᠠᠯᠲᠠᠬᠤ ᠦᠢᠯᠡᠰ ᠤᠨ ᠣᠯᠣᠭᠰᠠᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠨᠢ 3.1 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ | 1.8 ᠳᠠᠬᠢᠨ ᠢᠶᠠᠷ ᠨᠡᠮᠡᠭᠳᠡᠪᠡ︔ ᠦᠢᠯᠡᠳᠬᠡᠯ ᠤᠨ ᠦᠢᠯᠡᠰ ᠤᠨ ᠣᠯᠣᠭᠰᠠᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠨᠢ 8.5 ᠳ᠋ᠦᠩᠰᠢᠭᠤᠷ ᠲᠥᠭᠦᠷᠢᠭ ᠲᠤ | ᠬᠦᠷᠴᠦ᠂ 23.9% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠣᠯᠣᠭᠰᠠᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠨᠢ 7.8 ᠳ᠋ᠦᠩᠰᠢᠭᠤᠷ ᠲᠥᠭᠦᠷᠢᠭ ᠲᠤ ᠬᠦᠷᠴᠦ᠂ 1.4 ᠳᠠᠬᠢᠨ ᠢᠶᠠᠷ ᠨᠡᠮᠡᠭᠳᠡᠪᠡ᠃ | ᠠᠵᠢᠯ ᠲᠥᠷᠥᠯ ᠬᠤᠪᠢᠶᠠᠵᠤ ᠦᠵᠡᠪᠡᠯ᠂ ᠭᠤᠣᠯᠳᠠᠯᠭ᠎ᠠ ᠲᠠᠢ ᠠᠵᠢᠯ ᠲᠥᠷᠥᠯ ᠤᠨ ᠬᠤᠪᠢ ᠨᠡᠮᠡᠷᠢ ᠨᠢ ᠲᠣᠪᠣᠶᠢᠮ᠎ᠠ ᠪᠠᠶᠢᠨ᠎ᠠ᠃ 2022 ᠣᠨ ᠳᠤ᠂ | ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠣᠯᠣᠭᠰᠠᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠨᠢ | 7.8 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 1.4 ᠳᠠᠬᠢᠨ ᠢᠶᠠᠷ ᠨᠡᠮᠡᠭᠳᠡᠨ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠳᠠᠶᠢᠴᠢᠯᠠᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠶᠢ 29.3 ᠵᠠᠭᠤᠨ ᠤ ᠴᠡᠭ ᠨᠡᠮᠡᠭᠳᠡᠭᠦᠯᠪᠡ︔ ᠨᠡᠭᠦᠷᠡᠰᠦ | ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠣᠯᠣᠭᠰᠠᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠨᠢ 3.3 ᠳ᠋ᠦᠩᠰᠢᠭᠤᠷ ᠲᠥᠭᠦᠷᠢᠭ ᠲᠤ ᠬᠦᠷᠴᠦ᠂ 5.1 | ᠳᠠᠬᠢᠨ ᠢᠶᠠᠷ ᠨᠡᠮᠡᠭᠳᠡᠨ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠳᠠᠶᠢᠴᠢᠯᠠᠨ ᠠᠰᠢᠭ ᠬᠤᠨᠵᠢᠪᠤᠷᠢ ᠶᠢᠨ | ᠶᠡᠷᠦᠩᠬᠡᠢ ᠲᠤᠭ᠎ᠠ ᠶᠢ 18.0 ᠵᠠᠭᠤᠨ ᠤ ᠴᠡᠭ ᠨᠡᠮᠡᠭᠳᠡᠭᠦᠯᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠤ ᠦᠢᠯᠡᠳᠬᠡᠯ ᠤᠨ ᠦᠢᠯᠡᠰ ᠤᠨ | ᠣᠯᠣᠭᠰᠠᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠨᠢ 1.9 ᠳ᠋ᠦᠩᠰᠢᠭᠤᠷ ᠲᠥᠭᠦᠷᠢᠭ ᠲᠤ ᠬᠦᠷᠴᠦ᠂ 51.7% ᠪᠠᠷ ᠨᠡᠮᠡᠭᠳᠡᠨ᠂ ᠪᠥᠬᠦ ᠠᠶᠢᠮᠠᠭ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠳᠠᠶᠢᠴᠢᠯᠠᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠶᠢ 4.2 ᠵᠠᠭᠤᠨ ᠤ ᠴᠡᠭ | ᠨᠡᠮᠡᠭᠳᠡᠭᠦᠯᠪᠡ᠃ ᠭᠤᠷᠪᠠᠨ ᠠᠵᠢᠯ ᠲᠥᠷᠥᠯ ᠤᠨ ᠣᠯᠣᠭᠰᠠᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ | ᠦᠢᠯᠡᠳᠪᠦᠷᠢ ᠶᠢᠨ ᠠᠰᠢᠭ ᠬᠤᠨᠵᠢᠪᠤᠷᠢ ᠶᠢᠨ ᠶᠡᠷᠦᠩᠬᠡᠢ ᠲᠣᠭᠠᠨ ᠤ 67.4% ᠶᠢ ᠡᠵᠡᠯᠡᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 207.9% ᠳᠤ | ᠬᠦᠷᠴᠦ᠂ ᠠᠰᠢᠭ ᠬᠤᠨᠵᠢᠪᠤᠷᠢ ᠶᠢᠨ ᠨᠡᠮᠡᠭᠳᠡᠯ ᠤᠨ ᠭᠤᠣᠯ ᠲᠤᠯᠭᠠᠭᠤᠷᠢᠯᠠᠯ ᠪᠣᠯᠤᠭᠰᠠᠨ ᠪᠠᠶᠢᠨ᠎ᠠ᠃ |