ᠰᠢᠨ᠎ᠡ ᠵᠢᠯ ᠤᠨ ᠳᠠᠷᠠᠭ᠎ᠠ᠂ ᠥᠪᠥᠷ ᠮᠣᠩᠭᠤᠯ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠬᠥᠭᠵᠢᠶᠡᠨᠲᠡᠢ ᠶᠠᠪᠤᠭᠳᠠᠵᠤ᠂ | ᠬᠠᠮᠲᠤᠷᠠᠯᠴᠠᠭ᠎ᠠ ᠬᠢᠬᠦ ᠪᠠᠷ ᠵᠥᠪᠳᠡᠯᠴᠡᠬᠦ᠂ ᠬᠤᠳᠠᠯᠳᠤᠭᠠᠨ ᠤ ᠲᠣᠭᠢᠶᠠᠯ ᠡᠷᠢᠭᠰᠡᠨ ᠵᠣᠴᠢᠳ ᠬᠤᠶᠢᠨ᠎ᠠ ᠬᠤᠶᠢᠨ᠎ᠠ ᠠᠴᠠ ᠪᠠᠨ ᠢᠷᠡᠵᠡᠭᠡᠪᠡ᠃ 2 ᠰᠠᠷ᠎ᠠ ᠶᠢᠨ 21 ᠤ | ᠡᠳᠦᠷ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ | ᠬᠡᠷᠡᠭ ᠮᠡᠳᠡᠭᠴᠢᠳ ᠤᠨ ᠳᠠᠷᠤᠭ᠎ᠠ ᠸᠠᠩ ᠲᠦᠩ ᠵᠧᠦ ᠪᠦᠯᠭᠦᠮ ᠳᠠᠭᠠᠭᠤᠯᠤᠨ ᠮᠠᠨ ᠤ ᠣᠷᠣᠨ ᠳᠤ ᠭᠦᠨᠵᠡᠭᠡᠢ ᠵᠥᠪᠳᠡᠯᠴᠡᠭᠡ ᠬᠢᠵᠦ᠂ ᠬᠠᠮᠲᠤᠷᠠᠯᠴᠠᠭ᠎ᠠ ᠬᠢᠬᠦ ᠪᠠᠷ | ᠢᠷᠡᠪᠡ᠃ ᠰᠦᠨ ᠱᠤᠤ ᠴᠧᠩ᠂ ᠸᠠᠩ ᠯᠢ ᠰᠢᠶᠠ ᠭᠦᠭᠡᠬᠤᠲᠠ ᠳᠤ ᠸᠠᠩ ᠲᠦᠩ ᠵᠧᠦ ᠨᠠᠷ ᠲᠠᠢ ᠠᠭᠤᠯᠵᠠᠪᠠ᠃ | | | | | | | ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠣᠨᠴᠠ ᠲᠣᠮᠣ ᠭᠡᠯᠪᠡᠷᠢ ᠶᠢᠨ ᠲᠥᠪ ᠤᠨ ᠠᠵᠤ | ᠠᠬᠤᠶᠢᠯᠠᠯ ᠪᠣᠯᠣᠨ᠎ᠠ᠃ ᠲᠡᠯᠡᠶ ᠬᠠᠭᠤᠷᠠᠢ ᠠᠭᠠᠷ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠤ ᠲᠥᠯᠦᠪᠵᠢᠭᠦᠯᠭᠡ᠂ ᠵᠢᠷᠤᠭ ᠲᠥᠯᠥᠪᠯᠡᠭᠡ᠂ | ᠪᠦᠲᠦᠭᠡᠨ ᠪᠠᠶᠢᠭᠤᠯᠤᠯᠲᠠ᠂ ᠪᠡᠯᠡ ᠣᠷᠣᠭᠤᠯᠤᠯᠲᠠ᠂ ᠡᠵᠡᠩᠨᠡᠯᠲᠡ ᠵᠡᠷᠭᠡ ᠪᠦᠭᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ | ᠳᠠᠪᠠᠭᠤᠯᠢᠭ ᠢ ᠪᠦᠷᠢᠯᠳᠦᠭᠦᠯᠵᠡᠢ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠠᠴᠠ ᠨᠠᠭᠠᠰᠢ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ | ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠥᠪᠥᠷ ᠮᠣᠩᠭᠤᠯ ᠳᠤ ᠨᠡᠶᠢᠲᠡ ᠰᠢᠨ᠎ᠡ ᠪᠠᠷ ᠲᠣᠭᠲᠠᠭᠰᠠᠨ ᠭᠡᠷ᠎ᠡ ᠶᠢᠨ ᠵᠣᠭᠤᠰ ᠤᠨ ᠲᠤᠭ᠎ᠠ ᠪᠠᠷᠤᠭ 1200 ᠳ᠋ᠦᠩᠰᠢᠭᠤᠷ | ᠲᠥᠭᠦᠷᠢᠭ ᠲᠤ ᠬᠦᠷᠴᠦ᠂ ᠵᠠᠮ ᠬᠠᠷᠢᠯᠴᠠᠭᠠᠨ ᠤ ᠰᠠᠭᠤᠷᠢ ᠪᠦᠲᠦᠭᠡᠨ ᠪᠠᠶᠢᠭᠤᠯᠤᠯᠲᠠ᠂ ᠬᠤᠲᠠ ᠶᠢᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ᠂ ᠠᠮᠢ ᠠᠬᠤᠢ | ᠣᠷᠴᠢᠨ ᠲᠣᠭᠤᠷᠢᠨ ᠤ ᠵᠠᠰᠠᠯᠲᠠ ᠵᠡᠷᠭᠡ ᠣᠯᠠᠨ ᠬᠦᠷᠢᠶᠡᠨ ᠳᠤ ᠬᠤᠯᠪᠣᠭᠳᠠᠵᠠᠢ᠃ ᠣᠳᠣᠬᠠᠨ ᠳᠤ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠭᠡᠷ᠎ᠡ ᠶᠢᠨ ᠵᠣᠭᠤᠰ ᠤᠨ | ᠲᠤᠭ᠎ᠠ ᠪᠠᠷᠤᠭ 400 ᠳ᠋ᠦᠩᠰᠢᠭᠤᠷ ᠲᠥᠭᠦᠷᠢᠭ ᠲᠤ ᠬᠦᠷᠴᠡᠢ᠃ | ᠠᠭᠤᠯᠵᠠᠯᠲᠠ ᠶᠢᠨ ᠳᠤᠮᠳᠠ᠂ ᠰᠦᠨ ᠱᠤᠤ ᠴᠧᠩ᠂ ᠥᠪᠥᠷ ᠮᠣᠩᠭᠤᠯ ᠪᠣᠯ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ᠂ ᠬᠥᠭᠵᠢᠯᠲᠡ ᠪᠠᠷ ᠠᠨᠠᠢ | ᠭᠠᠵᠠᠷ ᠣᠷᠣᠨ ᠪᠣᠯᠣᠨ᠎ᠠ᠃ ᠭᠠᠵᠠᠷ ᠨᠤᠲᠤᠭ ᠥᠷᠭᠡᠨ ᠠᠭᠤᠳᠠᠮ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠬᠤᠳᠠ ᠶᠢᠨ ᠶᠠᠪᠤᠳᠠᠯ ᠵᠡᠷᠭᠡ ᠲᠠᠯ᠎ᠠ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠮᠠᠰᠢ ᠶᠡᠭᠡ ᠥᠷᠢᠲᠦᠵᠦ᠂ ᠬᠡᠷᠡᠭᠴᠡᠭᠡ ᠯᠤᠲᠤ ᠶᠡᠭᠡ ᠪᠠᠶᠢᠨ᠎ᠠ᠃ ᠤᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠵᠤ᠂ ᠳᠤᠮᠳᠠᠳᠤ | ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠲᠠᠢ ᠬᠠᠮᠲᠤᠷᠠᠯᠴᠠᠭ᠎ᠠ ᠬᠢᠵᠦ ᠪᠤᠯᠬᠤ ᠬᠦᠷᠢᠶ᠎ᠡ ᠮᠠᠰᠢ ᠥᠷᠭᠡᠨ ᠪᠠᠶᠢᠨ᠎ᠠ᠃ ᠲᠠ ᠨᠠᠷ ᠲᠤ | ᠪᠣᠳᠠᠲᠤ ᠬᠦᠴᠦᠨ ᠲᠠᠢ᠂ ᠪᠢᠳᠡᠨ ᠳᠤ ᠬᠡᠷᠡᠭᠴᠡᠭᠡ ᠱᠠᠭᠠᠷᠳᠠᠯᠭ᠎ᠠ ᠲᠠᠢ᠂ ᠬᠤᠶᠠᠷ ᠲᠠᠯ᠎ᠠ ᠪᠠᠷ ᠢᠶᠠᠨ ᠪᠠᠶᠢᠩᠭᠤᠵᠢᠭᠰᠠᠨ ᠵᠣᠯᠭᠠᠯᠴᠠᠭ᠎ᠠ ᠬᠢᠬᠦ ᠲᠣᠭᠲᠠᠴᠠ ᠶᠢ ᠪᠠᠶᠢᠭᠤᠯᠵᠤ᠂ | ᠪᠣᠳᠠᠲᠠᠢ ᠵᠣᠯᠭᠠᠭᠤᠯᠬᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠳᠠᠯᠳᠠ ᠬᠦᠴᠦᠨ ᠢ | ᠭᠦᠨᠵᠡᠭᠡᠢ ᠠᠭᠤᠳᠠᠯᠵᠤ᠂ ᠨᠡᠩ ᠤᠯᠠᠨ ᠦᠨᠡᠨ ᠪᠣᠳᠠᠲᠠᠢ ᠬᠠᠮᠲᠤᠷᠠᠯᠴᠠᠭᠠᠨ ᠤ ᠲᠦᠷᠦᠯ ᠵᠦᠢᠯ ᠪᠣᠯᠣᠨ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠶᠢ ᠬᠦᠰᠡᠵᠦ | ᠪᠠᠶᠢᠨ᠎ᠠ᠃ ᠡᠭᠦᠨ ᠤ ᠬᠠᠮᠲᠤ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠨ ᠥᠪᠥᠷ ᠮᠣᠩᠭᠤᠯ ᠤᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠢ ᠢᠯᠡᠭᠦᠬᠡᠨ ᠳᠠᠭᠠᠭᠤᠯᠤᠨ ᠬᠠᠮᠲᠤ ᠪᠠᠷ ᠠᠵᠢᠯᠯᠠᠵᠤ᠂ ᠪᠢᠳᠡᠨ ᠢ ᠬᠠᠪᠰᠤᠷᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠶᠢ ᠬᠦᠰᠡᠵᠦ ᠪᠠᠶᠢᠨ᠎ᠠ ᠭᠡᠵᠡᠢ᠃ | ᠸᠠᠩ ᠲᠦᠩ ᠵᠧᠦ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠲᠤᠷᠰᠢ | ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠳᠤ ᠦᠵᠡᠭᠦᠯᠦᠭᠰᠡᠨ ᠬᠠᠯᠠᠮᠵᠢᠯᠠᠯ ᠪᠠ ᠳᠡᠮᠵᠢᠯᠭᠡ ᠳᠤ ᠲᠠᠯᠠᠷᠬᠠᠵᠤ | ᠪᠠᠶᠢᠬᠤ ᠪᠠᠨ ᠢᠯᠡᠳᠬᠡᠭᠰᠡᠨ ᠪᠥᠭᠡᠳ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠦᠨᠳᠦᠰᠦᠨ ᠪᠠᠶᠢᠳᠠᠯ᠂ | ᠣᠶᠢᠷ᠎ᠠ ᠶᠢᠨ ᠬᠤᠭᠤᠴᠠᠭᠠᠨ ᠤ ᠬᠥᠭᠵᠢᠯᠲᠡ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢ ᠲᠥᠭᠦᠮ ᠲᠠᠨᠢᠯᠴᠠᠭᠤᠯᠪᠠ᠃ ᠲᠡᠷᠡ᠂ ᠳᠤᠮᠳᠠᠳᠤ | ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠳᠡᠮᠵᠢᠵᠦ᠂ ᠣᠷᠣᠨ ᠨᠤᠲᠤᠭ ᠤᠨ | ᠬᠥᠭᠵᠢᠯᠲᠡ ᠳᠤ ᠦᠢᠯᠡᠴᠢᠯᠡᠬᠦ ᠡᠭᠦᠳᠡᠨ ᠠᠴᠠ ᠢᠯᠡᠭᠦᠬᠡᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠬᠤᠪᠢᠶᠠᠷᠢ ᠺᠤᠮᠫᠠᠨᠢ ᠪᠠᠶᠢᠭᠤᠯᠬᠤ ᠶᠢ | ᠰᠦᠪᠡᠭᠴᠢᠯᠡᠬᠦ ᠵᠡᠷᠭᠡ ᠠᠷᠭ᠎ᠠ ᠪᠠᠷ ᠳᠠᠮᠵᠢᠭᠤᠯᠤᠨ ᠨᠠᠩ ᠣᠯᠠᠨ ᠠᠰᠢᠭ ᠣᠷᠣᠯᠭ᠎ᠠ ᠶᠢ ᠲᠤᠬᠠᠢ ᠶᠢᠨ ᠭᠠᠵᠠᠷ ᠲᠤ ᠬᠦᠷᠲᠡᠭᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ | 365赢多少钱会被限额_国内有真正的365平台吗_365bet博彩官网ᠬᠥᠭᠵᠢᠯᠲᠡ ᠶᠢ ᠨᠠᠩ ᠰᠠᠶᠢᠲᠤᠷ ᠳᠡᠮᠵᠢᠨ᠎ᠡ ᠭᠡᠵᠦ ᠬᠡᠯᠡᠪᠡ᠃ | ᠬᠤᠸᠠᠩ ᡁᠢ ᠴᠢᠶᠠᠩ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ |