ᠨᠢᠭᠡ ᠂ ︽ ᠬᠡᠷᠡᠭᠵᠢᠭᠦᠯᠬᠦ ᠰᠠᠨᠠᠯ ︾ ᠢ ᠲᠣᠭᠲᠠᠭᠠᠭᠰᠠᠨ ᠠᠬᠤᠢ ᠪᠠᠶᠢᠳᠠᠯ | ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ︶ ᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠣᠷᠣᠨ ᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ | ᠪᠠᠶᠢᠭᠤᠯᠤᠯ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ | ᠣᠷᠣᠯᠴᠠᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ | ᠣᠷᠤᠯᠴᠠᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 14 ᠳ᠋ᠦ᠋ᠭᠡᠷ | ᠲᠣᠭᠠᠲᠤ ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ | ᠬᠤᠶᠠᠷ ᠂ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠢ ᠨᠡᠶᠢᠲᠡ 4 ᠬᠡᠰᠡᠭ 24 ᠵᠦᠢᠯ ᠬᠤᠪᠢᠶᠠᠪᠠ᠃ | ︵ᠨᠢᠭᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠭᠤᠣᠯᠳᠠᠯᠭ᠎ᠠ ᠲᠠᠢ ᠬᠦᠷᠢᠶ᠎ᠡ ᠶᠢ ᠲᠣᠳᠣᠷᠬᠠᠶᠢᠯᠠᠪᠠ ᠃ | ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ︶ ᠢ ᠦᠨᠳᠦᠰᠦᠯᠡᠨ | ᠲᠣᠭᠲᠠᠭᠠᠭᠰᠠᠨ ᠭᠤᠣᠯᠳᠠᠯᠭ᠎ᠠ ᠲᠠᠢ ᠬᠦᠷᠢᠶ᠎ᠡ ᠂ ︽ᠪᠥᠬᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠤᠨ ᠶᠡᠷᠦᠩᠬᠡᠢ ᠲᠥᠯᠦᠪᠵᠢᠭᠦᠯᠭᠡ ︵2021 ︱ 2035 ᠣᠨ︶︾ ᠪᠠᠷ ᠥᠪᠡᠷᠲᠡᠭᠡᠨ ᠵᠠᠰᠠᠬᠤ ᠣᠷᠣᠨ ᠤ ︽ᠨᠢᠭᠡ ᠣᠷᠣᠨ ᠬᠤᠶᠠᠷ ᠪᠦᠰᠡ︾ | ᠲᠠᠢ ᠬᠤᠯᠪᠣᠭᠳᠠᠬᠤ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ | ᠵᠠᠢ ᠶᠢᠨ ᠲᠥᠯᠦᠪᠵᠢᠭᠦᠯᠭᠡ ᠳᠤ ᠲᠣᠭᠲᠠᠭᠠᠭᠰᠠᠨ ᠭᠤᠣᠯᠳᠠᠯᠭ᠎ᠠ ᠲᠠᠢ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠪᠦᠰᠡ ᠶᠢ ᠲᠣᠳᠣᠷᠬᠠᠶᠢᠯᠠᠵᠤ᠂ ᠣᠢ ᠰᠢᠭᠤᠢ | ᠨᠤᠲᠤᠭ ᠪᠡᠯᠴᠢᠭᠡᠷ ᠂ ᠡᠯᠡᠰᠦᠷᠬᠡᠭᠵᠢᠭᠰᠡᠨ ᠭᠠᠵᠠᠷ ᠰᠢᠷᠣᠢ ᠂ ᠭᠤᠣᠯ ᠮᠦᠷᠡᠨ ᠨᠠᠭᠤᠷ ᠴᠥᠭᠦᠷᠥᠮ ᠨᠣᠶᠢᠲᠠᠨ ᠭᠠᠵᠠᠷ ᠂ ᠠᠭᠤᠷᠬᠠᠢ ᠶᠢᠨ ᠣᠷᠣᠨ ᠂ ᠲᠠᠷᠢᠶᠠᠨ ᠭᠠᠵᠠᠷ ᠂ | ᠬᠤᠲᠠ ᠪᠠᠯᠭᠠᠰᠤ ᠂ ᠠᠮᠢ ᠠᠬᠤᠢ ᠶᠢᠨ ᠠᠵᠤ ᠦᠢᠯᠡᠰ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ 7 ᠭᠤᠣᠯᠳᠠᠯᠭ᠎ᠠ ᠲᠠᠢ ᠬᠦᠷᠢᠶ᠎ᠡ ᠶᠢ ᠲᠣᠭᠲᠠᠭᠠᠪᠠ ᠃ | ︵ᠬᠤᠶᠠᠷ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠪᠡ ᠃ | ︽ᠬᠡᠨ ᠰᠡᠷᠭᠦᠭᠡᠪᠡᠯ ᠬᠡᠨ ᠠᠰᠢᠭ ᠭᠥᠷᠳᠡᠬᠦ︾ ᠵᠠᠷᠴᠢᠮ ᠶᠣᠰᠣᠭᠠᠷ ᠂ ᠲᠥᠷᠥᠯ ᠵᠦᠢᠯ ᠢ ᠪᠠᠶᠢᠭᠤᠯᠬᠤ ᠂ ᠬᠡᠷᠡᠭᠵᠢᠭᠦᠯᠬᠦ ᠂ ᠰᠢᠯᠭᠠᠨ ᠬᠤᠷᠢᠶᠠᠵᠤ ᠠᠪᠬᠤ ᠂ | ᠬᠠᠮᠢᠶᠠᠷᠴᠤ ᠬᠠᠮᠠᠭᠠᠯᠠᠬᠤ ᠂ ᠡᠷᠬᠡ ᠠᠰᠢᠭ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠦᠬᠦ ᠶᠠᠪᠤᠴᠠ ᠳᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠠᠵᠢᠯ ᠳᠤ ᠣᠷᠤᠯᠴᠠᠬᠤ 8 ᠲᠠᠯ᠎ᠠ ᠶᠢᠨ ᠠᠵᠢᠯ ᠤᠨ ᠠᠷᠭ᠎ᠠ ᠬᠡᠮᠵᠢᠶ᠎ᠡ ᠂ ᠪᠣᠳᠠᠲᠠᠢ ᠠᠷᠭ᠎ᠠ ᠵᠠᠮ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠤᠷᠠᠳᠴᠤ ᠂ | ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠠᠭᠤᠯᠭ᠎ᠠ ᠂ ᠣᠷᠤᠯᠴᠠᠬᠤ ᠠᠷᠭ᠎ᠠ ᠬᠡᠯᠪᠡᠷᠢ ᠂ ᠣᠷᠤᠯᠴᠠᠬᠤ ᠶᠠᠪᠤᠴᠠ ᠶᠢ ᠵᠢᠭᠠᠨ | ᠲᠣᠳᠣᠷᠬᠠᠶᠢᠯᠠᠵᠤ᠂ ᠲᠣᠳᠣᠷᠬᠠᠢ ᠠᠷᠭ᠎ᠠ ᠵᠠᠮ ᠢ ᠲᠣᠭᠲᠠᠭᠠᠵᠤ ᠂ ᠬᠠᠮᠢᠶᠠᠷᠤᠯᠲᠠ ᠶᠢᠨ ᠵᠢᠷᠤᠮᠵᠢᠯ ᠢ ᠲᠣᠳᠣᠷᠬᠠᠶᠢᠯᠠᠨ᠂ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠰᠢᠨᠵᠢᠯᠡᠬᠦ ᠤᠬᠠᠭᠠᠨᠴᠢᠯᠠᠭᠰᠠᠨ ᠂ ᠳᠦᠷᠢᠮᠵᠢᠭᠰᠡᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠲᠠᠢ ᠪᠣᠯᠭᠠᠬᠤ ᠶᠢ | ᠪᠠᠲᠤᠯᠠᠵᠠᠢ ᠃ | ︵ᠭᠤᠷᠪᠠ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ ᠃ | ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠭᠠᠵᠠᠷ ᠰᠢᠷᠣᠢ ᠶᠢ ᠵᠦᠷᠢᠶᠡᠵᠢᠬᠦᠯᠦᠨ ᠬᠡᠷᠡᠭᠯᠡᠬᠦ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠴᠢᠯᠦᠭᠡᠲᠡᠢ ᠭᠦᠢᠯᠭᠡᠭᠡᠬᠦ᠂ ᠰᠢᠷᠣᠢ ᠴᠢᠯᠠᠭᠤᠨ ᠮᠠᠲ᠋ᠧᠷᠢᠶᠠᠯ ᠢ ᠵᠦᠢ | ᠵᠣᠬᠢᠰᠲᠠᠢ ᠠᠰᠢᠭᠯᠠᠬᠤ ᠂ ᠣᠶ ᠮᠣᠳᠣᠨ ᠤ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠬᠦ ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠦᠢᠯᠡᠳᠬᠦᠨ ᠤ | ᠥᠷᠲᠡᠭ ᠢ ᠪᠡᠶᠡᠯᠡᠭᠦᠯᠬᠦ ᠵᠠᠭᠪᠤᠷ ᠢ ᠬᠠᠶᠢᠨ ᠰᠦᠪᠡᠭᠴᠢᠯᠡᠬᠦ ᠂ ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠵᠡᠷᠭᠡ 6 | ᠲᠠᠯ᠎ᠠ ᠪᠠᠷ ᠨᠠᠷᠢᠯᠢᠭᠵᠢᠭᠤᠯᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠂ ᠨᠡᠶᠢᠭᠡᠮ ᠤᠨ ᠬᠥᠷᠥᠩᠭᠡ ᠶᠢᠨ ᠠᠮᠢ ᠠᠬᠤᠢ ᠢ ᠬᠠᠮᠠᠭᠠᠯᠠᠨ | ᠰᠡᠷᠭᠦᠭᠡᠬᠦ ᠳᠤ ᠣᠷᠤᠯᠴᠠᠬᠤ ᠶᠢ ᠳᠡᠮᠵᠢᠬᠦ ᠳᠤ ᠲᠥᠷᠥ ᠶᠢᠨ ᠪᠣᠳᠣᠯᠭ᠎ᠠ ᠶᠢᠨ ᠪᠣᠳᠠᠲᠠᠢ ᠵᠢᠯᠣᠭᠤᠳᠤᠯᠭ᠎ᠠ ᠬᠠᠩᠭᠠᠪᠠ ᠃ | ︵ᠳᠥᠷᠪᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠪᠠ ᠃365赢多少钱会被限额_国内有真正的365平台吗_365bet博彩官网 | ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠥᠷᠨᠢᠭᠦᠯᠬᠦ | ᠶᠠᠪᠤᠴᠠ ᠳᠠᠬᠢ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ ᠶᠢ ᠳᠤᠷᠠᠳᠴᠤ ᠂ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠂ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠶᠢ ᠴᠢᠩᠭᠠᠷᠠᠭᠤᠯᠬᠤ ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ ᠭᠡᠬᠦ 3 ᠲᠠᠯ᠎ᠠ ᠠᠴᠠ ᠪᠣᠳᠠᠲᠠᠢ ᠱᠠᠭᠠᠷᠳᠠᠯᠭ᠎ᠠ ᠳᠤᠷᠠᠳᠪᠠ ᠃ | ᠭᠤᠷᠪᠠ ᠂ ︽ ᠬᠡᠷᠡᠭᠵᠢᠭᠦᠯᠬᠦ ᠰᠠᠨᠠᠯ ︾ ᠤᠨ ᠣᠨᠴᠠᠯᠢᠭ ᠪᠦᠬᠦᠢ ᠭᠢᠯᠠᠰ ᠴᠡᠭ | ︽ᠬᠡᠷᠡᠭᠵᠢᠭᠦᠯᠬᠦ ᠰᠠᠨᠠᠯ︾ ᠳᠤ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠵᠠᠬ᠎ᠠ | ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ᠂ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ | ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠠᠰᠢᠭᠯᠠᠬᠤ ᠂ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠠᠰᠢᠭᠯᠠᠬᠤ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯ | ᠴᠣᠭᠴᠠ ᠶᠢᠨ ᠡᠷᠬᠡ ᠠᠰᠢᠭ ᠢ ᠪᠡᠶᠡᠯᠡᠭᠦᠯᠬᠦ ᠭᠤᠣᠯᠳᠠᠯᠭ᠎ᠠ ᠲᠠᠢ ᠠᠷᠭ᠎ᠠ ᠵᠠᠮ ᠳᠤ ᠪᠥᠬᠦ ᠴᠣᠪᠣᠷᠠᠯ ᠤᠨ ᠲᠥᠷᠥ ᠶᠢᠨ ᠪᠣᠳᠣᠯᠭ᠎ᠠ ᠶᠢᠨ ᠪᠣᠭᠤᠵᠢᠯᠠᠯ ᠬᠢᠵᠤ᠂ ᠡᠭᠦᠨ ᠤ | ᠬᠠᠮᠲᠤ 4 ᠯᠠᠪᠯᠠᠯᠲᠠ ᠶᠢᠨ ᠲᠣᠪᠴᠢ ᠶᠢ ᠳᠠᠭᠠᠯᠳᠤᠭᠤᠯᠤᠨ᠂ ᠰᠡᠷᠭᠦᠭᠡᠬᠦ ᠲᠥᠰᠥᠯ ᠲᠠᠢ ᠬᠠᠮᠲᠤ ᠴᠣᠬᠤᠯᠠᠪᠤᠷᠢᠯᠠᠨ ᠬᠡᠷᠡᠭᠵᠢᠭᠦᠯᠵᠦ ᠂ ᠳᠠᠭᠢᠵᠤ ᠲᠤᠰᠠᠭᠠᠷ ᠬᠢᠨᠠᠨ | ᠵᠥᠪᠰᠢᠶᠡᠷᠡᠬᠦ ᠦᠭᠡᠢ ᠪᠣᠯᠭᠠᠵᠤ᠂ ᠨᠡᠶᠢᠭᠡᠮ ᠤᠨ ᠬᠥᠷᠥᠩᠭᠡ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠭᠰᠠᠨ ᠰᠠᠭᠤᠷᠢᠨ ᠳᠡᠭᠡᠷ᠎ᠡ ᠂ ᠠᠵᠢᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠪᠠ᠃ | |