ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠡᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇ 2022 ﹈ 72 ᠳ᠋ᠤᠭᠠᠷ ᠲᠣᠭᠠᠲᠤ | | | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ | ᠬᠡᠮᠵᠢᠶᠡᠨ ᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ | ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄ | ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ︾ ︵ᠲᠦᠷᠦ ᠠᠯᠪᠠᠨ ᠲᠠᠷᠬᠠᠭᠠᠭᠰᠠᠨ | ﹇ 2019 ﹈ 50 ᠳ᠋ᠤᠭᠠᠷ ᠲᠣᠭᠠᠲᠤ ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠣᠷᠣᠨ ᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ︵ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠷ ᠪᠠᠶᠢᠭᠤᠯᠬᠤ ᠂ | ᠥᠭᠡᠷᠡᠴᠢᠯᠡᠨ ᠪᠠᠶᠢᠭᠤᠯᠵᠤ ᠰᠠᠶᠢᠵᠢᠷᠠᠭᠤᠯᠬᠤ ᠪᠠ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢ ᠪᠠᠭᠲᠠᠭᠠᠨ᠎ᠠ ︶ | ᠶᠢ ᠲᠦᠷᠭᠡᠨ ᠠᠬᠢᠭᠤᠯᠵᠤ ᠂ ᠠᠮᠤ ᠪᠤᠳᠠᠭᠠᠨ ᠤ ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠬᠦ ᠪᠠ ᠳᠡᠭᠡᠭᠰᠢᠯᠡᠭᠦᠯᠵᠦ ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠣᠣᠷᠠᠬᠢ 365赢多少钱会被限额_国内有真正的365平台吗_365bet博彩官网 | ᠮᠡᠲᠦ ᠮᠡᠳᠡᠭᠳᠡᠶ᠎ᠡ ᠃ | ᠨᠢᠭᠡ ᠂ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ | ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ ᠵᠠᠰᠠᠭ ᠤᠨ ᠰᠢᠯᠵᠢᠭᠦᠯᠦᠨ ᠲᠥᠯᠦᠬᠦ ᠬᠤᠶᠠᠷ ᠠᠷᠭ᠎ᠠ ᠵᠠᠮ ᠤᠨ ᠪᠡᠯᠡ ᠣᠷᠣᠭᠤᠯᠤᠯᠲᠠ ᠶᠢ ᠨᠢᠭᠡᠳᠦᠯᠲᠡᠢ | ᠲᠥᠯᠥᠪᠯᠡᠵᠦ ᠡᠮᠬᠢᠯᠡᠨ ᠨᠡᠶᠢᠯᠡᠭᠦᠯᠬᠦ ᠬᠡᠷᠡᠭᠲᠡᠢ ᠃ ᠣᠷᠣᠨ ᠨᠤᠲᠤᠭ ᠤᠨ ᠡᠳ᠋ ᠤᠨ ᠵᠠᠰᠠᠭ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠣᠷᠣᠭᠤᠯᠬᠤ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠬᠠᠷᠢᠭᠤᠴᠠᠵᠤ ᠂ ᠠᠶᠢᠮᠠᠭ ᠬᠤᠲᠠ ᠂ ᠬᠤᠰᠢᠭᠤ | ᠰᠢᠶᠠᠨ ︵ᠬᠤᠲᠠ ᠂ ᠲᠣᠭᠤᠷᠢᠭ ︶ ᠲᠠᠬᠢᠵᠤ ᠲᠦᠬᠦᠷᠵᠢᠭᠦᠯᠬᠦ ᠦᠭᠡᠢ ᠃ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠮᠦ ᠪᠦᠷᠢ ᠶᠢᠨ ᠲᠡᠭᠰᠢᠳᠬᠡᠭᠰᠡᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠨᠢ ᠤᠰᠤᠨ ᠲᠠᠷᠢᠶ᠎ᠠ ᠶᠢ 1700 | ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠬᠠᠭᠤᠷᠠᠢ ᠲᠠᠷᠢᠶ᠎ᠠ ᠶᠢ 1200 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ 2023 | ᠣᠨ ᠠᠴᠠ ᠡᠬᠢᠯᠡᠨ ᠤᠯᠤᠰ ᠤᠨ ᠱᠠᠭᠠᠷᠳᠠᠯᠭ᠎ᠠ ᠶᠣᠰᠣᠭᠠᠷ ᠬᠥᠳᠡᠯᠦᠩᠭᠦᠢ ᠲᠣᠬᠢᠷᠠᠭᠤᠯᠤᠯᠲᠠ ᠬᠢᠵᠦ ᠂ ᠪᠠᠲᠤᠯᠠᠭ᠎ᠠ ᠶᠢᠨ ᠡᠷᠴᠢᠮ ᠢᠶᠠᠨ ᠴᠢᠩᠭᠠᠳᠬᠠᠬᠤ ᠬᠡᠷᠡᠭᠲᠡᠢ ᠃ | ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ︶ | ᠬᠤᠶᠠᠷ ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ ᠬᠡᠷᠡᠭᠲᠡᠢ ᠃ ᠵᠠᠷᠴᠢᠮ ᠳᠡᠭᠡᠷ᠎ᠡ ᠪᠠᠨ ᠪᠠᠷᠢᠯᠭ᠎ᠠ ᠪᠠᠷᠢᠬᠤ ᠨᠢᠭᠡᠴᠢ ᠶᠢᠨ | ᠳᠠᠭᠠᠭᠠᠴᠢᠯᠠᠯᠲᠠ ᠬᠦᠯᠢᠶᠡᠬᠦ ᠳᠠᠭᠠᠭᠠᠴᠢᠯᠠᠯᠲᠠ ᠶᠢᠨ ᠬᠡᠰᠡᠭ ᠤᠨ ᠲᠠᠯᠠᠪᠠᠢ ᠶᠢ 5000 ᠮᠦ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠬᠠᠮᠲᠤᠷᠠᠭᠰᠠᠨ ᠴᠣᠭᠴᠠ | ᠳᠠᠭᠠᠭᠠᠴᠢᠯᠠᠯᠲᠠ ᠬᠦᠯᠢᠶᠡᠬᠦ ᠶᠢ ᠵᠥᠪᠰᠢᠶᠡᠷᠡᠬᠦ ᠦᠭᠡᠢ ᠃ ᠪᠦᠬᠦ ᠶᠠᠪᠤᠴᠠ ᠳᠤ ᠡᠯᠧᠺᠲᠷᠣᠨ ᠢᠶᠠᠷ ᠳᠠᠭᠠᠭᠠᠴᠢᠯᠠᠯᠲᠠ ᠵᠠᠷᠯᠠᠵᠤ ᠂ ᠳᠠᠭᠠᠭᠠᠴᠢᠯᠠᠯᠲᠠ ᠬᠦᠯᠢᠶᠡᠬᠦ ᠪᠠ | ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠬᠡᠷᠡᠭᠵᠢᠭᠦᠯᠬᠦ ᠬᠡᠷᠡᠭᠲᠡᠢ ᠃ ᠪᠠᠷᠢᠯᠭ᠎ᠠ ᠪᠠᠷᠢᠬᠤ ᠭᠡᠷ᠎ᠡ ᠶᠢ ᠢᠯᠡ ᠪᠠᠷ ᠨᠡᠶᠢᠲᠡᠯᠡᠨ ᠂ ︽ᠦᠨᠡᠨ ᠬᠤᠳᠠᠯ | ᠭᠡᠷ᠎ᠡ︾ ︽ᠬᠢᠮᠳᠠ ᠪᠠᠷ ᠣᠯᠵᠤ ᠥᠨᠳᠥᠷ ᠦᠨ᠎ᠡ ᠪᠠᠷ ᠳ᠋ᠦᠩᠨᠡᠨ ᠪᠣᠳᠤᠬᠤ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠨᠤᠭᠤᠳ ᠢ ᠡᠷᠡᠰ ᠴᠢᠩᠭ᠎ᠠ | ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠲᠦᠷᠢᠶᠡᠰᠦᠯᠡᠭᠦᠯᠦᠨ ᠵᠢᠭᠡᠯᠡᠭᠦᠯᠬᠦ ᠂ ᠲᠦᠰᠢᠭᠯᠡᠬᠦ ᠂ ᠰᠢᠯᠵᠢᠭᠦᠯᠦᠨ ᠳᠠᠭᠠᠭᠠᠴᠢᠯᠠᠭᠤᠯᠬᠤ ᠂ ᠠᠵᠢᠯ ᠤᠨ ᠪᠦᠲᠦᠮᠵᠢ ᠪᠠᠨ | ᠬᠤᠳᠠᠯ ᠢᠶᠠᠷ ᠮᠡᠳᠡᠭᠦᠯᠬᠦ ᠵᠡᠷᠭᠡ ᠬᠡᠯᠪᠡᠷᠢ ᠮᠠᠶ᠋ᠢᠭ ᠢᠶᠠᠷ ᠬᠤᠳᠠᠯ ᠬᠠᠭᠤᠷᠮᠠᠭ ᠵᠣᠬᠢᠶᠠᠭᠰᠠᠨ ᠢ ᠪᠠᠶᠢᠴᠠᠭᠠᠨ ᠢᠯᠡᠷᠡᠭᠦᠯᠦᠮᠡᠭᠴᠡ ᠳᠠᠭᠠᠭᠠᠴᠢᠯᠠᠯᠲᠠ ᠬᠦᠯᠢᠶᠡᠬᠦ | ︵ᠳᠠᠭᠠᠭᠠᠴᠢᠯᠠᠯᠲᠠ ᠣᠯᠬᠤ︶ ᠬᠢᠷᠢ ᠬᠡᠮ ᠢ ᠨᠢ ᠬᠦᠴᠦᠨ ᠦᠭᠡᠢ ᠪᠣᠯᠭᠠᠵᠤ ᠂ 3 ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠣᠷᠤᠯᠴᠠᠬᠤ ᠶᠢ ᠨᠢ ᠴᠠᠭᠠᠵᠠᠯᠠᠨ᠎ᠠ ᠃ ︵ᠬᠠᠷᠢᠭᠤᠴᠠᠬᠤ | ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ ︶ | ᠭᠤᠷᠪᠠ ᠂ ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠬᠦ ᠬᠡᠷᠡᠭᠲᠡᠢ ᠃ ᠨᠥᠬᠦᠴᠡᠯ ᠳᠤ ᠨᠡᠶᠢᠴᠡᠭᠰᠡᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠴᠥᠮ ᠠᠯᠬᠤᠮ ᠠᠯᠬᠤᠮ ᠢᠶᠠᠷ ᠲᠥᠷᠥᠯ ᠵᠦᠢᠯ ᠤᠨ ᠨᠥᠭᠡᠴᠡ ᠬᠥᠮᠥᠷᠭᠡ ᠳᠤ ᠳᠠᠩᠰᠠᠯᠠᠨ ᠣᠷᠣᠭᠤᠯᠵᠤ ᠂ ᠲᠤᠬᠠᠢ ᠶᠢᠨ ᠵᠢᠯ ᠤᠨ ᠪᠦᠲᠦᠭᠡᠨ ᠪᠠᠶᠢᠭᠤᠯᠬᠤ ᠡᠭᠦᠷᠭᠡ ᠶᠢ | ᠡᠮᠦᠨᠡᠬᠢ ᠵᠢᠯ ᠤᠨ 9 ᠳ᠋ᠦ᠋ᠭᠡᠷ ᠰᠠᠷ᠎ᠠ ᠳᠤ ᠳᠠᠩᠰᠠᠯᠠᠨ ᠣᠷᠣᠭᠤᠯᠵᠤ ᠳᠠᠭᠤᠰᠬᠠᠬᠤ ᠬᠡᠷᠡᠭᠲᠡᠢ ᠂ 2022 ᠣᠨ ᠠᠴᠠ ᠬᠤᠶᠢᠰᠢ ᠨᠥᠭᠡᠴᠡ ᠬᠥᠮᠥᠷᠭᠡ ᠶᠢᠨ | ᠬᠠᠮᠢᠶᠠᠷᠤᠯᠲᠠ ᠳᠤ ᠣᠷᠣᠭᠤᠯᠤᠭᠠᠳᠤᠢ ᠲᠥᠷᠦᠯ ᠵᠦᠢᠯ ᠢ ᠣᠨ ᠤ ᠪᠦᠲᠦᠭᠡᠨ ᠪᠠᠶᠢᠭᠤᠯᠬᠤ ᠡᠭᠦᠷᠭᠡ ᠳᠤ ᠵᠢᠭᠰᠠᠭᠠᠬᠤ ᠦᠭᠡᠢ ᠃ ᠬᠤᠰᠢᠭᠤ ᠰᠢᠶᠠᠨ ︵ᠬᠤᠲᠠ ᠂ | ᠲᠣᠭᠤᠷᠢᠭ ︶ ᠤ ᠵᠢᠷᠤᠭᠯᠠᠨ ᠲᠥᠯᠥᠪᠯᠡᠵᠦ ᠳᠠᠭᠠᠭᠠᠴᠢᠯᠠᠯᠲᠠ ᠵᠠᠷᠯᠠᠬᠤ ᠂ ᠠᠩᠬ᠎ᠠ ᠠᠯᠬᠤᠮ ᠵᠢᠷᠤᠭᠯᠠᠨ ᠲᠥᠯᠥᠪᠯᠡᠬᠦ ᠂ ᠨᠤᠲᠠᠯᠠᠯᠲᠠ ᠬᠢᠵᠦ ᠬᠢᠨᠠᠨ ᠵᠥᠪᠰᠢᠶᠡᠷᠡᠬᠦ ᠵᠡᠷᠭᠡ | ᠡᠮᠦᠨᠡᠬᠢ ᠬᠤᠭᠤᠴᠠᠭᠠᠨ ᠤ ᠠᠵᠢᠯ ᠤᠳ ᠢᠶᠠᠨ ᠤᠷᠢᠳᠴᠢᠯᠠᠨ ᠥᠷᠨᠢᠭᠦᠯᠬᠦ ᠶᠢ ᠠᠬᠢᠭᠤᠯᠵᠤ ᠂ ᠲᠤᠬᠠᠢ ᠶᠢᠨ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠠᠵᠢᠯ ᠡᠬᠢᠯᠡᠭᠦᠯᠬᠦ ᠨᠥᠬᠦᠴᠡᠯ ᠢᠶᠠᠨ ᠪᠦᠷᠢᠳᠦᠭᠦᠯᠬᠦ ᠶᠢ ᠪᠠᠲᠤᠯᠠᠵᠤ ᠂ ︽ᠵᠣᠭᠤᠰ ᠨᠢ ᠲᠥᠷᠥᠯ ᠵᠦᠢᠯ ᠢᠶᠠᠨ ᠬᠦᠯᠢᠶᠡᠬᠦ ︾ ᠠᠴᠠ ᠵᠠᠶᠢᠯᠠᠰᠬᠢᠬᠤ ᠬᠡᠷᠡᠭᠲᠡᠢ ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠳᠤᠮᠳᠠ ᠣᠶᠢᠲᠤ ᠭᠠᠵᠠᠷ ᠡᠪᠡᠰᠦ ᠪᠡᠯᠴᠢᠭᠡᠷ ᠢ ᠡᠵᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠂ ᠬᠠᠶᠢᠷ | ᠴᠢᠯᠠᠭᠤᠨ ᠮᠠᠲ᠋ᠧᠷᠢᠶᠠᠯ ᠢ ᠠᠪᠴᠤ ᠬᠡᠷᠡᠭᠯᠡᠬᠦ ᠵᠥᠪᠰᠢᠶᠡᠷᠡᠯ ᠂ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠵᠡᠷᠭᠡ ᠳᠤ ᠰᠠᠭᠠᠳ ᠦᠭᠡᠢ ᠨᠡᠪᠲᠡᠷᠡᠬᠦ ᠵᠠᠮ ᠤᠨ | ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠢ ᠃ ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠤᠰᠤᠨ ᠠᠰᠢᠭᠯᠠᠯᠲᠠ ᠶᠢᠨ ᠲᠢᠩᠬᠢᠮ ᠂ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ︶ | ᠳᠥᠷᠪᠡ ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠪᠡᠯᠡ ᠮᠥᠩᠭᠦᠨ ᠳᠤ ᠲᠤᠰᠬᠠᠢ ᠲᠠᠩᠰᠠ ᠡᠷᠦᠬᠡ ᠶᠢᠨ ᠬᠠᠮᠢᠶᠠᠷᠤᠯᠲᠠ ᠬᠡᠷᠡᠭᠵᠢᠭᠦᠯᠵᠦ ᠂ ᠪᠠᠷᠢᠯᠭ᠎ᠠ ᠶᠢᠨ ᠠᠬᠢᠴᠠ ᠪᠠᠷ ᠪᠡᠯᠡ ᠮᠥᠩᠭᠦᠨ ᠲᠣᠭᠠᠴᠠᠭ᠎ᠠ ᠬᠢᠵᠦ ᠂ | ᠪᠠᠷᠢᠯᠭ᠎ᠠ ᠶᠢᠨ ᠠᠬᠢᠴᠠ ᠪᠠᠷ ᠲᠣᠭᠠᠴᠠᠭ᠎ᠠ ᠬᠢᠬᠦ ᠵᠣᠭᠤᠰᠤᠨ ᠤ ᠬᠠᠷᠢᠴᠠᠯ ᠢ ᠨᠢᠭᠡᠨᠲᠡ ᠳᠠᠭᠤᠰᠤᠭᠰᠠᠨ ᠪᠠᠷᠢᠯᠭ᠎ᠠ ᠶᠢᠨ ᠦᠨ᠎ᠡ ᠮᠥᠩᠭᠦᠨ ᠤ 80% ᠠᠴᠠ ᠳᠣᠣᠷ᠎ᠠ | ᠪᠠᠶᠢᠯᠭᠠᠵᠤ ᠪᠣᠯᠬᠤ ᠦᠭᠡᠢ ᠂ ᠪᠤᠰᠤᠳ ᠲᠣᠭᠠᠴᠠᠬᠤ ᠶᠣᠰᠣᠲᠠᠢ ᠪᠠᠷᠢᠯᠭ᠎ᠠ ᠶᠢᠨ ᠵᠣᠭᠤᠰ ᠢ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠭᠠᠳ ᠬᠢᠷᠢ | ᠲᠡᠩᠴᠡᠭᠰᠡᠨ ᠤ ᠳᠠᠷᠠᠭᠠᠬᠢ 30 ᠡᠳᠦᠷ ᠤᠨ ᠳᠣᠲᠣᠷ᠎ᠠ ᠲᠣᠭᠠᠴᠠᠭ᠎ᠠ ᠬᠢᠬᠦ ᠬᠡᠷᠡᠭᠲᠡᠢ ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠵᠤ ᠬᠠᠰᠤᠬᠤ ᠪᠠ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠶᠢ ᠴᠥᠮ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ ᠃ ᠪᠠᠷᠢᠯᠭ᠎ᠠ ᠶᠢᠨ ᠠᠬᠢᠴᠠ ᠨᠢ ᠤᠳᠠᠭᠠᠨ ᠂ ᠡᠭᠦᠷᠭᠡ ᠪᠠᠨ ᠦᠯᠦ ᠪᠡᠶᠡᠯᠡᠭᠦᠯᠦᠭᠰᠡᠨ ᠂ ᠲᠤᠰᠬᠠᠢ ᠵᠦᠢᠯ ᠤᠨ ᠪᠡᠯᠡ ᠮᠥᠩᠭᠦ ᠶᠢ | ᠰᠢᠬᠠᠨ ᠡᠵᠡᠯᠡᠵᠦ ᠰᠢᠯᠵᠢᠭᠦᠯᠦᠨ ᠬᠡᠷᠡᠭᠯᠡᠭᠰᠡᠨ ᠂ ᠪᠠᠷᠢᠯᠭ᠎ᠠ ᠶᠢᠨ ᠵᠣᠭᠤᠰ ᠢ ᠬᠤᠭᠤᠴᠠᠭ᠎ᠠ ᠬᠡᠲᠦᠷᠡᠭᠡᠳ ᠲᠣᠭᠠᠴᠠᠭ᠎ᠠ ᠬᠢᠭᠡᠳᠦᠢ ᠬᠤᠰᠢᠭᠤ ᠰᠢᠶᠠᠨ ︵ᠬᠤᠲᠠ ᠂ | ᠲᠣᠭᠤᠷᠢᠭ ︶ ᠤ ᠲᠤᠬᠠᠢ ᠶᠢᠨ ᠵᠢᠯ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠨᠢ ᠪᠤᠴᠠᠭᠠᠨ ᠠᠪᠴᠤ ᠂ ᠳᠠᠷᠠᠭ᠎ᠠ ᠵᠢᠯ ᠤᠨ ᠲᠥᠷᠥᠯ ᠵᠦᠢᠯ ᠤᠨ ᠪᠡᠯᠡ | ᠮᠥᠩᠭᠦ ᠶᠢ ᠨᠢ ᠲᠣᠬᠢᠷᠠᠭᠤᠯᠤᠨ ᠪᠠᠭᠠᠰᠬᠠᠬᠤ ᠪᠥᠭᠡᠳ ᠪᠠᠶᠢᠳᠠᠯ ᠢ ᠦᠨᠳᠦᠰᠦᠯᠡᠨ ᠬᠤᠯᠪᠣᠭᠳᠠᠯ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ | ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︶ | ᠲᠠᠪᠤ ᠂ ᠭᠠᠵᠠᠷ ᠰᠢᠷᠣᠢ ᠶᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠬᠤ ᠬᠡᠷᠡᠭᠲᠡᠢ ᠃ ︽ᠭᠤᠷᠪᠠ ᠶᠢ ᠡᠪᠳᠡᠨ ᠂ ᠲᠠᠪᠤ ᠶᠢ ᠨᠢᠭᠡᠳᠬᠡᠵᠦ ᠂ ᠨᠢᠭᠡ ᠶᠢ ᠲᠠᠬᠢᠨ | ᠬᠤᠪᠢᠶᠠᠷᠢᠯᠠᠬᠤ ︾ ᠴᠡᠭᠴᠡᠯᠡᠨ ᠵᠠᠰᠠᠬᠤ ᠵᠠᠭᠪᠤᠷ ᠢ ᠶᠠᠪᠤᠭᠳᠠᠭᠤᠯᠵᠤ ᠂ ᠲᠠᠷᠢᠶᠠᠯᠠᠬᠤ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ ᠬᠢᠵᠠᠭᠠᠷ ᠢ ᠡᠪᠳᠡᠨ ᠂ ᠡᠮᠬᠢ ᠵᠠᠮᠪᠠᠷᠠᠭ᠎ᠠ | ᠦᠭᠡᠢ ᠲᠠᠷᠢᠶᠠᠨ ᠭᠠᠵᠠᠷ ᠤᠨ ᠵᠠᠭᠠᠭ ᠬᠢᠵᠠᠭᠠᠷ ᠢ ᠡᠪᠳᠡᠵᠦ ᠡᠮᠬᠢ ᠳᠢᠭᠯᠢᠮ ᠦᠭᠡᠢ ᠭᠤᠤ ᠰᠤᠪᠠᠭ ᠤᠨ ᠵᠠᠮ ᠱᠤᠭᠤᠮ ᠤᠨ ᠪᠠᠶᠢᠷᠢᠰᠢᠭᠤᠯᠤᠯᠲᠠ ᠶᠢ ᠡᠪᠳᠡᠬᠦ ᠬᠡᠷᠡᠭᠲᠡᠢ ︔ | ᠰᠢᠨ᠎ᠡ ᠲᠥᠯᠦᠪᠵᠢᠭᠦᠯᠭᠡ ᠶᠢᠨ ᠶᠣᠰᠣᠭᠠᠷ ᠂ ᠭᠤᠤ ᠰᠤᠪᠠᠭ ᠢ ᠨᠢᠭᠡᠳᠦᠯᠲᠡᠢ ᠮᠠᠯᠲᠠᠵᠤ ᠂ ᠵᠠᠮ ᠢ ᠨᠢᠭᠡᠳᠦᠯᠲᠡᠢ ᠵᠠᠰᠠᠵᠤ ᠂ ᠮᠣᠳᠣ ᠲᠠᠷᠢᠵᠤ ᠣᠶᠢᠵᠢᠭᠤᠯᠬᠤ ᠶᠢ | ᠨᠢᠭᠡᠳᠦᠯᠲᠡᠢ ᠬᠢᠵᠦ ᠂ ᠭᠠᠵᠠᠷ ᠬᠥᠷᠥᠰᠥ ᠶᠢ ᠨᠢᠭᠡᠳᠦᠯᠲᠡᠢ ᠲᠡᠭᠰᠢᠯᠡᠵᠦ ᠂ ᠭᠠᠵᠠᠷ ᠬᠡᠰᠡᠭ ᠢ ᠨᠢᠭᠡᠳᠦᠯᠲᠡᠢ ᠬᠤᠪᠢᠶᠠᠷᠢᠯᠠᠬᠤ ᠬᠡᠷᠡᠭᠲᠡᠢ ︔ ᠴᠡᠭᠴᠡᠯᠡᠨ ᠵᠠᠰᠠᠵᠤ | ᠳᠠᠭᠤᠰᠤᠭᠰᠠᠨ ᠤ ᠳᠠᠷᠠᠭ᠎ᠠ ᠲᠠᠬᠢᠨ ᠬᠤᠪᠢᠶᠠᠷᠢᠯᠠᠨ ᠡᠵᠡᠩᠨᠡᠭᠦᠯᠵᠦ ᠂ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠶᠢ ᠬᠠᠮᠤᠭ ᠤᠨ ᠶᠡᠭᠡ ᠬᠡᠪᠴᠢᠶ᠎ᠡ ᠪᠠᠷ ᠨᠡᠮᠡᠭᠳᠡᠭᠦᠯᠬᠦ | ᠬᠡᠷᠡᠭᠲᠡᠢ ᠃ ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ︶ | ᠵᠢᠷᠭᠤᠭ᠎ᠠ ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ ᠃ ︽ᠬᠤᠶᠠᠷ ᠢ ᠲᠠᠰᠢᠷᠠᠮ ᠢᠶᠠᠷ ᠰᠤᠭᠤᠴᠢᠨ ᠂ ᠨᠢᠭᠡ ᠶᠢ ᠢᠯᠡ ᠪᠣᠯᠭᠠᠬᠤ︾ | ᠲᠥᠷᠥᠯ ᠵᠦᠢᠯ ᠤᠨ ᠰᠤᠭᠤᠴᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠂ ᠠᠰᠠᠭᠤᠳᠠᠯ ᠢᠯᠡᠷᠡᠭᠦᠯᠪᠡᠯ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ | ᠰᠢᠰᠲ᠋ᠧᠮ ᠳᠤ ᠲᠡᠮᠳᠡᠭᠯᠡᠨ ᠣᠷᠣᠭᠤᠯᠵᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ | ᠠᠵᠤ ᠠᠬᠤᠶᠢᠯᠠᠯ ᠤᠳ ᠤᠨ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ ᠂ ᠢᠲᠡᠭᠡᠯ ᠠᠯᠳᠠᠭᠰᠠᠳ ᠪᠠ ᠢᠲᠡᠭᠡᠮᠵᠢᠲᠡᠢ ᠳᠠᠩᠰᠠ ᠶᠢ ᠪᠠᠶᠢᠭᠤᠯᠤᠨ ᠂ ᠢᠲᠡᠭᠡᠯ | ᠠᠯᠳᠠᠭᠰᠠᠳ ᠢ ᠲᠣᠷᠭᠤᠨ ᠰᠢᠢᠳᠬᠡᠬᠦ ᠪᠠᠨ ᠴᠢᠩᠭᠠᠳᠬᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠬᠤᠶᠠᠷ ᠱᠠᠲᠤᠨ ᠤ ᠲᠠᠷᠢᠶᠠᠯᠠᠩ ᠤᠨ | ᠪᠡᠯᠡ ᠣᠷᠣᠭᠤᠯᠤᠯᠲᠠ ᠂ ᠨᠡᠭᠡᠭᠡᠨ ᠬᠥᠭᠵᠢᠭᠦᠯᠦᠯᠲᠡ ᠂ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠦᠪᠡᠭᠴᠢᠯᠡᠨ ᠪᠠᠶᠢᠭᠤᠯᠵᠤ ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ ᠂ ᠮᠡᠷᠭᠡᠵᠢᠯ ᠤᠨ ᠲᠤᠯᠭᠠᠭᠤᠷᠢᠯᠠᠬᠤ | ᠦᠢᠯᠡᠴᠢᠯᠡᠭᠡᠨ ᠢ ᠰᠠᠶᠢᠲᠤᠷ ᠬᠢᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠠᠴᠠ ᠬᠢᠨᠠᠯᠲᠠ ᠲᠠᠯᠪᠢᠬᠤ ᠬᠠᠯᠠᠮᠰᠢᠯ ᠤᠲᠠᠰᠤ ᠲᠣᠬᠢᠷᠠᠭᠤᠯᠤᠨ ᠂ ᠬᠤᠰᠢᠭᠤ ᠰᠢᠶᠠᠨ | ︵ᠬᠤᠲᠠ ᠂ ᠲᠣᠭᠤᠷᠢᠭ︶ ᠠᠴᠠ ᠬᠢᠨᠠᠯᠲᠠ ᠲᠠᠯᠪᠢᠭᠴᠢ ᠲᠠᠷᠢᠶᠠᠴᠢᠨ ᠮᠠᠯᠴᠢᠨ ᠤ ᠨᠡᠶᠢᠲᠡ ᠶᠢᠨ ᠠᠰᠢᠭᠲᠤ ᠠᠵᠢᠯ ᠤᠨ ᠪᠠᠶᠢᠷᠢ ᠲᠣᠬᠢᠷᠠᠭᠤᠯᠵᠤ ᠂ ᠵᠠᠭᠤᠴᠢᠯᠠᠭᠤᠷ ᠤᠨ | ᠬᠢᠨᠠᠯᠲᠠ ᠲᠠᠯᠪᠢᠬᠤ ᠶᠢ ᠴᠢᠩᠭᠠᠷᠠᠭᠤᠯᠵᠤ ᠂ ᠠᠰᠠᠭᠤᠳᠠᠯ ᠢ ᠳᠠᠷᠤᠶᠢᠬᠠᠨ ᠢᠯᠡᠷᠡᠭᠦᠯᠵᠦ ᠂ ᠲᠦᠷᠭᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠃ | ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠨᠠᠮ ᠤᠨ ᠬᠤᠷᠢᠶᠠᠨ ᠤ ᠪᠠᠶᠢᠭᠤᠯᠤᠮᠵᠢ | ᠣᠷᠣᠨ ᠲᠣᠭᠠᠨ ᠤ ᠵᠥᠪᠯᠡᠯ ᠤᠨ ᠠᠯᠪᠠᠨ ᠭᠡᠷ ︶ | ᠳᠣᠯᠤᠭ᠎ᠠ ᠂ ᠰᠢᠯᠭᠠᠨ ᠬᠤᠷᠢᠶᠠᠵᠤ ᠬᠥᠮᠥᠷᠭᠡᠯᠡᠬᠦ ᠶᠢ ᠵᠢᠷᠤᠮᠵᠢᠭᠤᠯᠬᠤ ᠬᠡᠷᠡᠭᠲᠡᠢ ᠃ ᠠᠶᠢᠮᠠᠭ ᠬᠤᠲᠠ ᠶᠢᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ | ᠬᠤᠷᠢᠶᠠᠭᠰᠠᠨ ᠲᠥᠷᠥᠯ ᠵᠦᠢᠯ ᠤᠨ ᠬᠠᠷᠢᠴᠠᠯ ᠢ 100% ᠬᠦᠷᠦᠭᠦᠯᠵᠦ ᠂ ᠥᠪᠡᠷᠲᠡᠭᠡᠨ ᠵᠠᠰᠠᠬᠤ ᠣᠷᠣᠨ ᠠᠴᠠ ᠰᠤᠭᠤᠴᠢᠨ ᠪᠠᠶᠢᠴᠠᠭᠠᠭᠰᠠᠨ ᠬᠠᠷᠢᠴᠠᠯ ᠢ | 10% ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠃ ᠪᠦᠲᠦᠭᠡᠨ ᠪᠠᠶᠢᠭᠤᠯᠤᠭᠰᠠᠨ ᠶᠠᠰᠤ ᠴᠢᠨᠠᠷ ᠨᠢ ᠪᠠᠷᠢᠮᠵᠢᠶᠠᠨ ᠳᠤ ᠡᠰᠡ ᠬᠦᠷᠦᠭᠰᠡᠨ ᠪᠣᠯ ᠂ ᠬᠤᠰᠢᠭᠤ ᠰᠢᠶᠠᠨ | ︵ᠬᠤᠲᠠ ᠂ ᠲᠣᠭᠤᠷᠢᠭ ︶ ᠠᠴᠠ ᠥᠪᠡᠰᠦᠪᠡᠨ ᠪᠡᠯᠡ ᠭᠠᠷᠭᠠᠨ ᠲᠤᠰ ᠪᠦᠲᠦᠭᠡᠨ ᠪᠠᠶᠢᠭᠤᠯᠬᠤ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ | ᠪᠠᠷᠢᠭᠤᠯᠬᠤ ᠪᠠᠨ ᠪᠡᠶᠡᠯᠡᠭᠦᠯᠵᠦ ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠨᠢ | ᠪᠤᠴᠠᠭᠠᠨ ᠠᠪᠬᠤ ᠬᠡᠷᠡᠭᠲᠡᠢ ᠃ ᠲᠥᠷᠥᠯ ᠵᠦᠢᠯ ᠲᠣᠭᠲᠠᠭᠠᠬᠤ ᠂ ᠪᠠᠷᠢᠯᠭ᠎ᠠ ᠪᠠᠷᠢᠵᠤ ᠳᠠᠭᠤᠰᠬᠠᠬᠤ ᠂ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠬᠤ ᠭᠤᠷᠪᠠᠨ | ᠱᠠᠲᠤ ᠦᠶ᠎ᠡ ᠳᠤ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ | ᠮᠥᠴᠢᠷ ᠠᠴᠠ ᠪᠥᠬᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠢᠨᠠᠨ ᠰᠢᠯᠭᠠᠵᠤ ᠬᠢᠨᠠᠨ ᠬᠠᠮᠢᠶᠠᠷᠬᠤ ᠲᠠᠪᠴᠠᠩ ᠢᠶᠠᠷ | ᠳᠠᠮᠵᠢᠭᠤᠯᠤᠨ ᠴᠠᠭ ᠲᠤᠬᠠᠢ ᠳᠤ ᠨᠢ ᠮᠡᠳᠡᠭᠡ ᠵᠠᠩᠭᠢ ᠶᠢ ᠨᠢ ᠲᠡᠮᠳᠡᠭᠯᠡᠨ ᠣᠷᠣᠭᠤᠯᠬᠤ ᠶᠢᠨ ᠬᠠᠮᠲᠤ ᠵᠢᠷᠤᠭ ᠢ ᠨᠢ ᠬᠥᠮᠥᠷᠭᠡ ᠳᠤ ᠣᠷᠣᠭᠤᠯᠬᠤ ᠬᠡᠷᠡᠭᠲᠡᠢ ᠃ | ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ | ᠵᠠᠰᠠᠭ ᠤᠨ ᠲᠢᠩᠬᠢᠮ︶ | ᠨᠠᠢᠮᠠ ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ ᠃ ᠪᠠᠷᠢᠯᠭ᠎ᠠ ᠶᠢ ᠬᠠᠮᠢᠶᠠᠷᠤᠨ ᠬᠠᠮᠠᠭᠠᠯᠠᠬᠤ ᠣᠯᠠᠨ ᠡᠰᠢᠲᠦ | ᠲᠣᠭᠲᠠᠴᠠ ᠶᠢ ᠪᠦᠷᠢᠨᠰᠢᠭᠦᠯᠵᠦ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ ᠂ | ᠭᠠᠴᠠᠭ᠎ᠠ ᠲᠤᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠨᠢ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠪᠠᠶᠢᠵᠤ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠳᠠᠮᠵᠢᠨ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠤᠯᠤᠰ ᠤᠨ ᠥᠮᠴᠢᠯᠡᠯ ᠠᠴᠠ ᠪᠤᠰᠤᠳ ᠢ ᠨᠢ ᠴᠥᠮ ᠭᠠᠴᠠᠭ᠎ᠠ ᠲᠣᠰᠬᠤᠨ ᠤ | ᠬᠠᠮᠲᠤ ᠶᠢᠨ ᠡᠵᠡᠩᠨᠡᠯᠲᠡ ᠬᠠᠮᠢᠶᠠᠷᠤᠯᠲᠠ ᠳᠤ ᠬᠤᠷᠢᠶᠠᠨ ᠣᠷᠣᠭᠤᠯᠵᠤ ᠂ ᠣᠯᠣᠭᠰᠠᠨ ᠠᠰᠢᠭ ᠣᠷᠣᠯᠭ᠎ᠠ ᠶᠢ ᠨᠢ ᠳᠠᠷᠠᠭᠠᠴᠢ ᠶᠢᠨ ᠬᠠᠮᠢᠶᠠᠷᠤᠯᠲᠠ ᠬᠠᠮᠠᠭᠠᠯᠠᠯᠲᠠ ᠳᠤ | ᠬᠡᠷᠡᠭᠯᠡᠬᠦ ᠬᠡᠷᠡᠭᠲᠡᠢ ︔ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠪᠠ ᠰᠢᠨ᠎ᠡ ᠪᠠᠷ ᠨᠡᠮᠡᠭᠳᠡᠭᠰᠡᠨ ᠠᠮᠤ ᠪᠤᠳᠠᠭᠠᠨ ᠤ ᠤᠨᠠᠯᠲᠠ ᠶᠢᠨ ᠭᠦᠢᠴᠡᠳᠬᠡᠯ ᠲᠤᠭ᠎ᠠ ᠶᠢ | ᠬᠠᠷᠭᠤᠭᠤᠯᠤᠨ ᠲᠣᠭᠲᠠᠭᠠᠬᠤ ᠠᠵᠢᠯ ᠢ ᠴᠠᠭ ᠲᠤᠬᠠᠢ ᠳᠤ ᠨᠢ ᠰᠠᠶᠢᠲᠤᠷ ᠬᠢᠵᠦ ᠂ ᠨᠥᠬᠦᠪᠦᠷᠢᠯᠡᠬᠦ ᠲᠠᠷᠢᠶᠠᠨ ᠭᠠᠵᠠᠷ ᠤᠨ ᠭᠦᠢᠴᠡᠳᠬᠡᠯ ᠲᠣᠭᠠᠨ ᠤ ᠬᠥᠮᠥᠷᠭᠡ ᠳᠤ | ᠬᠠᠮᠤᠷᠤᠨ ᠣᠷᠣᠭᠤᠯᠤᠭᠠᠳ ᠬᠡᠷᠡᠭᠯᠡᠭᠰᠡᠨ ᠭᠠᠵᠠᠷ ᠢᠶᠠᠷ ᠨᠥᠬᠦᠪᠦᠷᠢᠯᠡᠨ ᠲᠡᠩᠴᠡᠭᠦᠷᠢᠰᠢᠭᠦᠯᠬᠦ ᠳᠤ ᠬᠡᠷᠡᠭᠯᠡᠵᠦ ᠂ ᠣᠯᠣᠭᠰᠠᠨ ᠠᠰᠢᠭ ᠣᠷᠣᠯᠭ᠎ᠠ ᠶᠢ ᠨᠢ ᠶᠠᠭᠤᠨ ᠤ | ᠤᠷᠢᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠬᠢᠨ ᠣᠷᠣᠭᠤᠯᠤᠯᠲᠠ ᠪᠠ ᠵᠢᠭᠡᠯᠡᠯᠭᠡ ᠶᠢᠨ ᠲᠡᠮᠳᠡᠭᠲᠦ ᠶᠢ ᠲᠥᠯᠥᠬᠦ ᠳᠤ | ᠬᠡᠷᠡᠭᠯᠡᠬᠦ ᠬᠡᠷᠡᠭᠲᠡᠢ ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠶᠢ ᠰᠦᠪᠡᠭᠴᠢᠯᠡᠨ ᠬᠡᠷᠡᠭᠯᠡᠵᠦ ᠂ ᠭᠤᠷᠪᠠᠳᠠᠭᠴᠢ ᠡᠲᠡᠭᠡᠳ ᠤᠨ | ᠪᠠᠶᠢᠭᠤᠯᠤᠮᠵᠢ ᠪᠠᠷ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠬᠢᠯᠭᠡᠬᠦ ᠬᠡᠷᠡᠭᠲᠡᠢ ᠃ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠠᠭᠠᠳᠬᠠᠯ ᠤᠨ | ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠬᠡᠷᠡᠭᠲᠡᠢ ᠃ ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠥᠪᠥᠷ ᠮᠣᠩᠭᠤᠯ ᠤᠨ ᠪᠠᠩᠬᠢ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶ | ᠶᠢᠰᠦ ᠂ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ ᠃ ᠤᠷᠢᠳ ᠢᠶᠠᠷ ᠰᠢᠯᠵᠢᠭᠦᠯᠦᠨ ᠡᠷᠭᠢᠯᠳᠦᠭᠦᠯᠵᠦ ᠳᠠᠷᠠᠭ᠎ᠠ ᠨᠢ ᠲᠥᠷᠥᠯ ᠵᠦᠢᠯ | ᠲᠣᠭᠲᠠᠭᠠᠬᠤ ᠪᠠ ᠤᠷᠢᠳ ᠢᠶᠠᠷ ᠲᠡᠭᠰᠢᠯᠡᠨ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ ᠂ ᠪᠦᠬᠦ ᠲᠤᠰᠬᠤᠨ ᠪᠦᠬᠦ ᠳᠤᠭᠤᠶᠢᠯᠠᠩ ᠪᠦᠬᠦᠯᠢ ᠬᠡᠰᠡᠭ ᠤᠨ | ᠲᠠᠷᠢᠶᠠᠯᠠᠬᠤ ᠭᠠᠵᠠᠷ ᠢ ᠪᠦᠬᠦᠯᠢ ᠪᠠᠷ ᠨᠢ ᠰᠢᠯᠵᠢᠭᠦᠯᠦᠨ ᠡᠷᠭᠢᠯᠳᠦᠭᠦᠯᠬᠦ ᠶᠢ ᠠᠬᠢᠭᠤᠯᠬᠤ ᠬᠡᠷᠡᠭᠲᠡᠢ ᠃ ᠲᠠᠷᠢᠶᠠᠴᠢᠳ ᠮᠠᠯᠴᠢᠳ ᠤᠨ ᠬᠤᠷᠰᠢᠨ ᠡᠵᠡᠩᠨᠡᠬᠦ ᠶᠢ | ᠬᠥᠭᠵᠢᠭᠦᠯᠬᠦ ᠶᠢ ᠵᠣᠷᠢᠭᠵᠢᠭᠤᠯᠵᠤ ᠂ ᠪᠦᠬᠦᠯᠢ ᠪᠠᠶᠢᠭᠤᠯᠤᠮᠵᠢᠲᠤ ᠳᠦᠷᠢᠮ ᠤᠨ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠶᠢ ᠳᠡᠯᠭᠡᠷᠡᠭᠦᠯᠬᠦ ᠬᠡᠷᠡᠭᠲᠡᠢ ᠃ ᠤᠷᠢᠳ ᠢᠶᠠᠷ | ᠪᠠᠶᠢᠭᠤᠯᠤᠨ ᠳᠠᠷᠠᠭ᠎ᠠ ᠨᠢ ᠨᠥᠬᠦᠵᠦ ᠪᠠᠶᠢᠭᠤᠯᠬᠤ ᠵᠠᠭᠪᠤᠷ ᠢ ᠵᠣᠷᠢᠭᠵᠢᠭᠤᠯᠬᠤ ᠬᠡᠷᠡᠭᠲᠡᠢ ᠃ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠵᠤ ᠂ ᠰᠤᠮᠤ ᠰᠢᠶᠠᠩ | ᠪᠠᠯᠭᠠᠰᠤ ᠪᠠᠷ ᠨᠢᠭᠡᠴᠢ ᠪᠣᠯᠭᠠᠨ ᠂ ᠪᠦᠬᠦ ᠬᠤᠰᠢᠭᠤ ᠰᠢᠶᠠᠨ ︵ᠬᠤᠲᠠ ᠂ ᠲᠣᠭᠤᠷᠢᠭ ︶ ᠢᠶᠠᠷ ᠠᠬᠢᠭᠤᠯᠬᠤ ᠶᠢ ᠨᠢ ᠡᠩ ᠲᠡᠷᠢᠭᠦᠨ ᠳᠤ ᠳᠡᠮᠵᠢᠵᠦ ᠂ ᠪᠦᠬᠦ | ᠬᠡᠪᠴᠢᠶᠡᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠂ ᠨᠢᠭᠡ ᠨᠢᠭᠡ ᠤᠴᠢᠷ ᠢᠶᠠᠷ ᠵᠥᠪᠯᠡᠬᠦ ᠠᠷᠭ᠎ᠠ ᠪᠠᠷ ᠬᠥᠬᠢᠭᠦᠯᠬᠦ ᠬᠡᠷᠡᠭᠲᠡᠢ ᠃ | ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ | ᠵᠠᠰᠠᠭ ᠤᠨ ᠲᠢᠩᠬᠢᠮ︶ | ᠠᠷᠪᠠ ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠡᠷᠦᠩᠬᠡᠢ ᠳᠤ ᠨᠢ 365赢多少钱会被限额_国内有真正的365平台吗_365bet博彩官网 | ᠬᠠᠷᠢᠭᠤᠴᠠᠵᠤ ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠭᠤᠳ ᠬᠠᠷᠢᠭᠤᠴᠠᠬᠤ ᠶᠢ ᠪᠠᠷᠢᠮᠲᠠᠯᠠᠬᠤ ᠬᠡᠷᠡᠭᠲᠡᠢ ︔ ᠬᠤᠰᠢᠭᠤ ᠰᠢᠶᠠᠨ ︵ᠬᠤᠲᠠ ᠂ ᠲᠣᠭᠤᠷᠢᠭ ︶ ᠤ | ᠠᠷᠠᠳ ᠤᠨ ᠵᠠᠰᠠᠭ ᠤᠨ ᠣᠷᠳᠣᠨ ᠨᠢ ᠲᠥᠷᠦᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ ︔ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠠᠵᠢᠯ ᠲᠥᠷᠥᠯ ᠢ ᠬᠠᠮᠢᠶᠠᠷᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ︔ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠨᠢ ᠲᠥᠷᠦᠯ ᠵᠦᠢᠯ ᠢ ᠬᠢᠨᠠᠨ ᠬᠠᠮᠢᠶᠠᠷᠬᠤ ᠰᠢᠭᠤᠳ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠲᠦᠮᠡᠨ ᠢ ᠢᠳᠡᠪᠬᠢᠲᠡᠢ | ᠵᠣᠬᠢᠶᠠᠨ ᠪᠠᠶᠢᠭᠤᠯᠵᠤ ᠣᠷᠣᠯᠴᠠᠭᠤᠯᠬᠤ ᠂ ᠵᠥᠷᠢᠴᠡᠯ ᠮᠥᠷᠭᠦᠯᠳᠦᠭᠡᠨ ᠢ ᠵᠣᠬᠢᠴᠠᠭᠤᠯᠤᠨ ᠰᠢᠢᠳᠪᠦᠷᠢᠯᠡᠬᠦ ᠂ ᠪᠠᠶᠢᠴᠠᠭᠠᠵᠤ ᠰᠢᠯᠭᠠᠨ ᠬᠤᠷᠢᠶᠠᠬᠤ ᠳᠤ ᠣᠷᠣᠯᠴᠠᠭᠤᠯᠬᠤ | ᠬᠡᠷᠡᠭᠲᠡᠢ ᠃ ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶ | ᠠᠷᠪᠠᠨ ᠨᠢᠭᠡ ᠂ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠢ ᠦᠨᠡᠯᠡᠨ ᠬᠦᠬᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠡᠮᠦᠨᠡᠬᠢ ᠬᠤᠭᠤᠴᠠᠭᠠᠨ ᠤ ᠠᠵᠢᠯ ᠂ ᠪᠦᠲᠦᠭᠡᠨ ᠪᠠᠶᠢᠭᠤᠯᠤᠭᠰᠠᠨ | ᠲᠠᠯᠠᠪᠠᠢ ᠬᠢᠭᠡᠳ ᠶᠠᠰᠤ ᠴᠢᠨᠠᠷ ᠂ ᠪᠡᠯᠡ ᠮᠥᠩᠭᠦᠨ ᠤ ᠣᠷᠣᠭᠤᠯᠤᠯᠲᠠ ᠪᠠ ᠵᠠᠷᠤᠯᠭ᠎ᠠ ᠂ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠬᠤ ᠪᠠ ᠵᠢᠷᠤᠭ ᠢ | ᠬᠥᠮᠥᠷᠭᠡ ᠳᠤ ᠣᠷᠣᠭᠤᠯᠬᠤ ᠂ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠪᠠ ᠳᠦᠷᠢᠮ ᠤᠨ ᠪᠦᠲᠦᠭᠡᠨ ᠪᠠᠶᠢᠭᠤᠯᠤᠯᠲᠠ ᠵᠡᠷᠭᠡ ᠶᠢ ᠶᠡᠷᠦᠩᠬᠡᠶᠢᠯᠡᠨ | ᠦᠨᠡᠯᠡᠵᠦ ᠂ ᠬᠥᠬᠢᠭᠦᠯᠬᠦ ᠬᠡᠪᠴᠢᠶᠡᠨ ᠳᠤ ᠣᠷᠣᠭᠰᠠᠨ ᠭᠠᠵᠠᠷ ᠣᠷᠣᠨ ᠪᠣᠯ ᠢᠷᠡᠬᠦ ᠵᠢᠯ ᠳᠤ ᠨᠢ ᠲᠥᠷᠥᠯ ᠵᠦᠢᠯ ᠤᠨ ᠪᠡᠯᠡ ᠮᠥᠩᠭᠦ ᠬᠤᠪᠢᠶᠠᠷᠢᠯᠠᠬᠤ ᠳᠤ ᠪᠠᠨ ᠢᠯᠡᠭᠦᠦ | ᠪᠣᠳᠣᠯᠬᠢᠯᠠᠬᠤ ᠬᠡᠷᠡᠭᠲᠡᠢ ᠃ ᠡᠭᠦᠨ ᠤ ᠬᠠᠮᠲᠤ ᠂ ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ 1000 ᠲᠦᠮᠡᠨ ᠲᠥᠭᠦᠷᠢᠭ ᠲᠣᠬᠢᠷᠠᠭᠤᠯᠵᠤ ᠲᠤᠬᠠᠢ ᠶᠢᠨ ᠵᠢᠯ ᠤᠨ | ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ︵ᠬᠤᠲᠠ ᠂ ᠲᠣᠭᠤᠷᠢᠭ ︶ ᠢ ᠬᠥᠬᠢᠭᠦᠯᠦᠨ ᠂ 1000 | ᠲᠦᠮᠡᠨ ᠲᠥᠭᠦᠷᠢᠭ ᠲᠣᠬᠢᠷᠠᠭᠤᠯᠤᠨ ᠪᠦᠲᠦᠭᠡᠨ ᠪᠠᠶᠢᠭᠤᠯᠤᠭᠰᠠᠨ ᠲᠥᠷᠥᠯ ᠵᠦᠢᠯ ᠢ ᠬᠠᠮᠢᠶᠠᠷᠤᠨ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ | ᠲᠣᠰᠬᠤᠨ ᠤ ᠬᠠᠮᠲᠤ ᠨᠡᠶᠢᠲᠡ ᠶᠢ ᠬᠥᠬᠢᠭᠦᠯᠬᠦ ᠬᠡᠷᠡᠭᠲᠡᠢ ᠃ ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ︶ | 2022 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ | ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠲᠥᠷᠦ ᠶᠢᠨ ᠵᠥᠪᠯᠡᠯᠭᠡᠨ ᠤ ᠠᠯᠪᠠᠨ ᠲᠢᠩᠬᠢᠮ ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ | ᠬᠤᠷᠢᠶ᠎ᠠ ᠃ | ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 9 ᠳ᠋ᠦ᠋ᠭᠡᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ | |