内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2023/2/27
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ      ᠥᠪᠥᠷ ᠵᠠᠰᠠᠭ ᠠᠯᠪᠠᠨ ᠲᠠᠷᠬᠠᠭᠠᠭᠰᠠᠨ ﹇2022﹈ 39 ᠳ᠋ᠦ᠋ᠭᠡᠷ ᠲᠣᠭᠠᠲᠤ      ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ︽ᠠᠵᠤ ᠠᠬᠤᠢ ᠶᠢ ᠯᠠᠪᠳᠠᠭᠤᠨ ᠪᠠᠲᠤᠲᠠᠢ ᠲᠣᠭᠲᠠᠭᠤᠨ ᠪᠠᠶᠢᠯᠭᠠᠬᠤ ᠪᠦᠭᠦᠨ ᠢ ᠬᠠᠮᠤᠷᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2022﹈ 12 ᠳ᠋ᠤᠭᠠᠷ ᠲᠣᠭᠠᠲᠤ︶ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠳᠣᠣᠷᠠᠬᠢ ᠮᠡᠲᠦ ᠮᠡᠳᠡᠭᠳᠡᠪᠡ᠃      ᠨᠢᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠲᠦᠷᠭᠡᠳᠬᠡᠨ ᠬᠥᠭᠵᠢᠭᠦᠯᠬᠦ ᠬᠡᠷᠡᠭᠲᠡᠢ      ︵ᠨᠢᠭᠡ︶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠬᠥᠲᠥᠯᠥᠨ ᠵᠢᠯᠤᠭᠤᠳᠬᠤ ᠶᠢᠨ ᠰᠠᠭᠤᠷᠢ ᠮᠥᠩᠭᠦᠨ ᠤ ᠦᠢᠯᠡᠳᠦᠯ ᠢ ᠪᠠᠳᠠᠷᠠᠭᠤᠯᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠴᠢᠬᠤᠯᠠ ᠶᠡᠭᠡ ᠳᠠᠶᠢᠴᠢᠯᠠᠬᠤ ᠨᠥᠯᠥᠭᠡᠯᠡᠯ ᠲᠠᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠠᠵᠤ ᠠᠬᠤᠶᠢᠯᠠᠯ ᠳᠤ᠂ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠰᠠᠭᠤᠷᠢ ᠮᠥᠩᠭᠦ ᠪᠠᠶᠢᠭᠤᠯᠬᠤ ᠪᠤᠶᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠬᠤᠪᠢ ᠣᠷᠣᠭᠤᠯᠬᠤ᠂ ᠨᠡᠶᠢᠯᠡᠭᠦᠯᠦᠨ ᠬᠤᠳᠠᠯᠳᠤᠨ ᠠᠪᠬᠤ᠂ ᠳᠠᠬᠢᠨ ᠵᠣᠬᠢᠶᠠᠨ ᠪᠠᠶᠢᠭᠤᠯᠬᠤ ᠵᠡᠷᠭᠡ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠣᠷᠣᠨ ᠪᠦᠰᠡ ᠶᠢᠨ ᠲᠠᠰ ᠤᠨ᠂ ᠠᠵᠢᠯ ᠲᠥᠷᠥᠯ ᠤᠨ ᠲᠠᠰ ᠤᠨ᠂ ᠠᠵᠤ ᠠᠬᠤᠶᠢᠯᠠᠯ ᠤᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠳᠤ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠣᠭᠠᠨ ᠤ 20% ᠪᠠᠷ᠂ ᠲᠠᠩ ᠭᠠᠭᠴᠠ ᠲᠥᠷᠥᠯ ᠵᠦᠢᠯ ᠳᠤ ᠶᠡᠬᠡᠳᠡᠬᠦ ᠳᠤ ᠪᠠᠨ 500 ᠲᠦᠮᠡᠨ ᠲᠥᠭᠦᠷᠢᠭ᠂ 400 ᠲᠦᠮᠡᠨ ᠲᠥᠭᠦᠷᠢᠭ᠂ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠱᠠᠩᠨᠠᠨ ᠨᠥᠬᠦᠪᠦᠷᠢᠯᠡᠨ᠎ᠡ᠃ ᠰᠢᠨ᠎ᠡ ᠪᠠᠷ ᠪᠠᠶᠢᠭᠤᠯᠤᠭᠰᠠᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠬᠤ ᠲᠡᠮᠳᠡᠭ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ ᠬᠤᠯᠪᠣᠭᠠᠰᠤ ᠴᠡᠭ ᠪᠣᠯᠬᠤ ᠪᠥᠭᠡᠳ ᠤᠯᠤᠰ ᠤᠨ ᠳᠡᠭᠡᠳᠦ ᠲᠠᠰ ᠤᠨ ᠬᠤᠯᠪᠣᠭᠠᠰᠤ ᠴᠡᠭ ᠯᠦᠭᠡ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 500 ᠲᠦᠮᠡᠨ ᠲᠥᠭᠦᠷᠢᠭ ᠤᠨ ᠨᠢᠭᠡ ᠯᠡ ᠤᠳᠠᠭᠠᠨ ᠤ ᠴᠢᠨᠠᠷᠲᠠᠢ ᠨᠥᠬᠦᠪᠦᠷᠢ ᠥᠭᠭᠦᠨ᠎ᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠬᠤ ᠲᠡᠮᠳᠡᠭ ᠤᠨ ᠵᠠᠳᠠᠯᠤᠯᠲᠠ ᠶᠢᠨ ᠰᠢᠨ᠎ᠡ ᠶᠢ ᠡᠭᠦᠳᠴᠦ ᠬᠡᠷᠡᠭᠯᠡᠬᠦ ᠶᠢ ᠥᠷᠨᠢᠭᠦᠯᠦᠭᠰᠡᠨ ᠠᠵᠤ ᠠᠬᠤᠶᠢᠯᠠᠯ ᠳᠤ᠂ ᠬᠡᠷᠡᠭᠯᠡᠭᠡᠨ ᠤ ᠦᠷ᠎ᠡ ᠪᠦᠲᠦᠮᠵᠢ ᠶᠢ ᠨᠢ ᠦᠨᠳᠦᠰᠦᠯᠡᠨ ᠨᠥᠬᠦᠪᠦᠷᠢ ᠥᠭᠴᠦ᠂ ᠲᠠᠩ ᠭᠠᠭᠴᠠ ᠠᠵᠤ ᠠᠬᠤᠶᠢᠯᠠᠯ ᠳᠤ ᠶᠡᠬᠡᠳᠡᠬᠦ ᠳᠤ ᠪᠠᠨ 300 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠬᠤᠶᠠᠷ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ      ︵ᠭᠤᠷᠪᠠ︶ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠪᠥᠭᠡᠮᠨᠡᠷᠡᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ︵ᠨᠡᠭᠡᠭᠡᠯᠲᠡ ᠶᠢᠨ ᠲᠣᠭᠤᠷᠢᠭ ᠪᠠᠭᠲᠠᠨ᠎ᠠ︶ ᠶᠢ ᠵᠣᠷᠢᠭᠵᠢᠭᠤᠯᠵᠤ ᠪᠠᠶᠢᠭᠠᠳ ᠥᠪᠡᠷ ᠤᠨ ᠢᠶᠠᠨ ᠬᠥᠭᠵᠢᠯᠲᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢ ᠵᠦᠢ ᠵᠣᠬᠢᠰᠲᠠᠢ ᠲᠥᠯᠥᠪᠵᠢᠭᠦᠯᠬᠦ ᠪᠠ ᠪᠠᠶᠢᠷᠢᠰᠢᠭᠤᠯᠵᠤ᠂ ᠥᠭᠡᠷᠡᠴᠢᠯᠡᠵᠦ ᠵᠠᠰᠠᠬᠤ᠂ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠪᠠᠭᠤᠯᠢᠭ ᠡᠬᠢ ᠪᠠᠶᠠᠯᠢᠭ ᠢ ᠨᠡᠶᠢᠯᠡᠭᠦᠯᠵᠦ᠂ ᠨᠢᠭᠡ ᠪᠦᠯᠦᠭ ᠵᠣᠬᠢᠬᠤ ᠬᠡᠪᠴᠢᠶ᠎ᠡ ᠲᠠᠢ᠂ ᠠᠵᠤ ᠦᠢᠯᠡᠰ ᠨᠢ ᠪᠦᠷᠢᠨ ᠲᠥᠬᠦᠷ᠂ ᠴᠢᠳᠠᠮᠵᠢ ᠨᠢ ᠣᠯᠠᠨ᠂ ᠡᠵᠡᠩᠨᠡᠯᠲᠡ ᠶᠢᠨ ᠪᠠᠶᠢᠳᠠᠯ  ᠨᠢ ᠤᠯᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠪᠥᠭᠡᠮᠨᠡᠷᠡᠭᠰᠡᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠪᠥᠭᠡᠮᠨᠡᠷᠡᠭᠰᠡᠨ ᠬᠦᠷᠢᠶᠡᠯᠡᠩ ᠲᠣᠭᠤᠷᠢᠭ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠵᠥᠪᠰᠢᠶᠡᠷᠡᠭᠳᠡᠭᠰᠡᠨ ᠪᠠᠶᠢᠪᠠᠯ᠂ ᠵᠣᠬᠢᠬᠤ ᠱᠠᠩᠨᠠᠯ ᠬᠥᠬᠢᠭᠦᠯᠦᠯ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠠᠵᠤ ᠠᠬᠤᠶᠢᠯᠠᠯ ᠤᠨ ᠲᠣᠭᠠᠵᠢᠭᠤᠯᠤᠭᠰᠠᠨ ᠬᠥᠭᠵᠢᠯᠲᠡ ᠶᠢ ᠢᠳᠡᠪᠬᠢᠲᠡᠢ ᠬᠥᠲᠥᠯᠥᠨ ᠵᠢᠯᠤᠭᠤᠳᠬᠤ ᠬᠡᠷᠡᠭᠲᠡᠢ᠃ ᠲᠣᠭᠠᠵᠢᠭᠤᠯᠤᠭᠰᠠᠨ ᠬᠤᠳᠠᠯᠳᠤᠭᠠᠨ ᠤ ᠶᠠᠪᠤᠳᠠᠯ ᠢ ᠢᠳᠡᠪᠬᠢᠲᠡᠢ ᠬᠥᠭᠵᠢᠭᠦᠯᠵᠦ᠂ ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠲᠡᠷᠢᠭᠦᠨ ᠤ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ ᠰᠢᠨ᠎ᠡ ᠶᠢ ᠡᠭᠦᠳᠦᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠵᠦ ᠪᠠᠶᠢᠭᠠᠳ ᠲᠣᠭᠠᠵᠢᠭᠤᠯᠬᠤ᠂ ᠰᠦᠯᠵᠢᠶᠡᠵᠢᠭᠦᠯᠬᠦ᠂ ᠣᠶᠤᠨᠴᠢᠯᠠᠬᠤ ᠲᠡᠶᠢᠰᠢ ᠬᠥᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶      ᠭᠤᠷᠪᠠ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ

        365赢多少钱会被限额_国内有真正的365平台吗_365bet博彩官网

              ︵ᠲᠠᠪᠤ︶ ᠤᠯᠠᠮᠵᠢᠯᠠᠯᠲᠤ ᠠᠵᠤ ᠦᠢᠯᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠢ ᠭᠦᠨᠵᠡᠭᠡᠶᠢᠷᠡᠭᠦᠯᠦᠨ ᠪᠠᠶᠠᠯᠢᠭᠵᠢᠭᠤᠯᠬᠤ ᠬᠡᠷᠡᠭᠲᠡᠢ᠃ ᠶᠠᠪᠠᠭᠠᠨ ᠵᠡᠭᠡᠯᠢ ᠶᠢ ᠥᠭᠡᠷᠡᠴᠢᠯᠡᠨ ᠵᠠᠰᠠᠵᠤ ᠲᠠᠰ ᠳᠡᠪᠰᠢᠭᠦᠯᠬᠦ ᠶᠢ ᠨᠢ ᠲᠦᠷᠭᠡᠳᠬᠡᠵᠦ᠂ ︽ᠲᠦᠷᠦᠭᠦᠴᠢ ᠳᠡᠯᠭᠡᠭᠦᠷ ᠤᠨ ᠠᠵᠤ ᠠᠬᠤᠢ︾ ᠶᠢ ᠪᠣᠶᠢᠵᠢᠭᠤᠯᠤᠨ ᠬᠥᠭᠵᠢᠭᠦᠯᠵᠦ᠂ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠴᠦ ᠬᠡᠯᠪᠡᠷᠢ ᠪᠠᠨ ᠬᠤᠪᠢᠷᠠᠭᠤᠯᠬᠤ ᠶᠢ ᠨᠢ ᠲᠡᠮᠵᠢᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠬᠤᠳᠠᠯᠳᠤᠭᠠᠨ ᠤ ᠦᠢᠯᠡᠳᠦᠯᠴᠡᠨ ᠠᠭᠤᠰᠤᠯᠴᠠᠬᠤ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠬᠤᠨᠤᠭ ᠪᠠᠭᠤᠳᠠᠯ ᠤᠨ ᠠᠵᠢᠯ ᠲᠥᠷᠥᠯ ᠤᠨ ︽ᠲᠣᠭᠠᠵᠢᠭᠤᠯᠬᠤ᠂ ᠣᠶᠤᠨᠴᠢᠯᠠᠬᠤ᠂                ᠰᠦᠯᠵᠢᠶᠡᠵᠢᠭᠦᠯᠬᠦ︾ ᠪᠠᠷ ᠭᠤᠣᠯ ᠱᠤᠭᠤᠮ ᠪᠣᠯᠭᠠᠭᠰᠠᠨ ᠪᠠᠭᠤᠳᠠᠯ ᠤᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠬᠤ ᠶᠢ ᠬᠥᠲᠥᠯᠥᠨ ᠵᠢᠯᠤᠭᠤᠳᠴᠤ ᠲᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠪᠦᠬᠦ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠵᠢᠱᠢᠶ᠎ᠡ ᠦᠵᠡᠭᠦᠯᠬᠦ ᠰᠢᠶᠠᠨ ︵ᠬᠤᠰᠢᠭᠤ︶ ᠤ ᠴᠣᠯᠠ ᠣᠯᠣᠭᠰᠠᠨ ᠵᠢᠱᠢᠶ᠎ᠡ ᠦᠵᠡᠭᠦᠯᠬᠦ ᠭᠠᠵᠠᠷ ᠣᠷᠣᠨ ᠳᠤ ᠵᠣᠬᠢᠬᠤ ᠳᠡᠮᠵᠢᠯᠭᠡ ᠦᠵᠡᠭᠦᠯᠬᠦ ᠬᠡᠷᠡᠭᠲᠡᠢ᠃ ᠲᠥᠪ ᠤᠨ ᠦᠢᠯᠡᠴᠢᠯᠡᠭᠡᠨ ᠤ ᠦᠢᠯᠡᠰ ᠲᠠᠬᠢ ᠲᠤᠰᠬᠠᠢ ᠪᠡᠯᠡ ᠮᠥᠩᠭᠦᠨ ᠤ ᠲᠡᠳᠬᠦᠨ ᠳᠡᠮᠵᠢᠬᠦ ᠪᠠ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ ᠰᠢᠶᠠᠨ ᠤ ᠬᠡᠪᠴᠢᠶᠡᠨ ᠤ ᠣᠯᠠᠨ ᠨᠡᠶᠢᠲᠡ ᠶᠢᠨ ᠨᠠᠷᠠᠲᠤ ᠲᠡᠮᠳᠡᠭ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠶᠢᠨ ᠮᠡᠳᠡᠭᠡ ᠵᠠᠩᠭᠢᠴᠢᠯᠠᠯᠲᠠ᠂ ᠪᠠᠷᠢᠮᠵᠢᠶᠠᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠯᠤᠭ᠎ᠠ ᠵᠠᠯᠭᠠᠯᠳᠤᠭᠤᠯᠬᠤ ᠳᠤ ᠦᠢᠯᠡᠴᠢᠯᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ︽ᠡᠬᠢᠨ ᠤ ᠨᠢᠭᠡ ᠺᠢᠯᠣᠮᠧᠲᠷ︾ ᠪᠠ ︽ᠡᠴᠦᠰ ᠤᠨ ᠨᠢᠭᠡ ᠺᠢᠯᠣᠮᠧᠲᠷ︾ ᠤᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠭᠦᠢᠯᠭᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠡᠵᠡᠩᠨᠡᠯᠲᠡ ᠶᠢᠨ ᠦᠢᠯᠡᠴᠢᠯᠡᠭᠡᠨ ᠤ ᠲᠥᠬᠦᠷ ᠪᠡᠯᠡᠳᠬᠡᠮᠵᠢ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠲᠣᠣᠷ ᠴᠡᠭ ᠤᠨ ᠪᠠᠶᠢᠷᠢᠰᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠣᠯᠤᠭ᠎ᠠ︶ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠠᠭᠤᠰᠤᠯᠴᠠᠭᠤᠯᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠥᠪᠥᠷ ᠮᠣᠩᠭᠤᠯ ᠤᠨ ᠬᠡᠷᠡᠭᠯᠡᠭᠡ ᠶᠢᠨ ᠣᠨᠴᠠᠯᠢᠭ ᠢ ᠲᠣᠪᠤᠶᠢᠯᠭᠠᠨ᠂ ᠡᠯ᠎ᠡ ᠠᠶᠢᠮᠠᠭ ᠬᠤᠲᠠ ᠯᠤᠭ᠎ᠠ ᠬᠤᠯᠪᠣᠯᠳᠤᠨ ᠬᠥᠳᠡᠯᠦᠯᠴᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠤᠯᠪᠤᠭᠠᠯᠠᠨ᠂ ᠣᠯᠠᠨ ᠠᠵᠢᠯ ᠲᠥᠷᠥᠯ ᠢ ᠳᠠᠶᠢᠴᠢᠯᠠᠵᠤ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢᠨ ᠬᠠᠷᠢᠯᠴᠠᠨ ᠠᠭᠤᠰᠤᠯᠴᠠᠭᠰᠠᠨ ︽ᠥᠪᠥᠷ ᠮᠣᠩᠭᠤᠯ ᠤᠨ ᠪᠠᠷᠠᠭ᠎ᠠ ᠲᠠᠨ ᠤ ᠠᠮᠢᠳᠤᠷᠠᠯ ᠤᠨ ᠬᠠᠨᠢ︾ ᠭᠡᠬᠦ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠵᠢᠯ ᠢᠶᠠᠨ ᠤᠭᠲᠤᠵᠤ ᠪᠠᠷᠠᠭ᠎ᠠ ᠬᠤᠳᠠᠯᠳᠤᠨ ᠠᠪᠬᠤ ᠤᠯᠠᠷᠢᠯ᠂ ᠥᠪᠥᠷ ᠮᠣᠩᠭᠤᠯ ᠤᠨ ᠬᠡᠷᠡᠭᠯᠡᠭᠡ ᠶᠢ ᠠᠬᠢᠭᠤᠯᠬᠤ ᠰᠠᠷ᠎ᠠ᠂ ᠠᠯᠲᠠᠨ ᠨᠠᠮᠤᠷ ᠤᠨ ᠬᠤᠣᠰ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠡᠷᠡᠭᠯᠡᠭᠡ ᠶᠢᠨ ᠤᠯᠠᠷᠢᠯ᠂ ᠮᠥᠰᠥ ᠴᠠᠰᠤᠨ ᠤ ᠬᠡᠷᠡᠭᠯᠡᠭᠡ ᠶᠢᠨ ᠪᠠᠶᠠᠷ ᠤᠨ ᠡᠳᠦᠷ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠤᠨ ︽ᠰᠢᠭᠢᠳᠦᠨ ᠣᠷᠣᠬᠤ ᠮᠠᠶ᠋ᠢᠭ᠂ ᠪᠡᠶᠡᠴᠢᠯᠡᠨ ᠣᠶᠢᠯᠠᠭᠠᠬᠤ ᠮᠠᠶ᠋ᠢᠭ︾ ᠤᠨ ᠰᠦᠯᠵᠢᠶᠡᠨ ᠠᠴᠠ ᠭᠠᠳᠠᠭᠤᠷᠬᠢ ᠣᠶᠢᠷᠠᠳᠴᠤ ᠣᠶᠢᠯᠠᠭᠠᠬᠤ ᠲᠠᠯᠠᠪᠠᠢ ᠪᠠᠶᠢᠳᠠᠯ ᠪᠣᠢ ᠪᠣᠯᠭᠠᠬᠤ ᠶᠢ ᠳᠡᠮᠵᠢᠵᠦ᠂ ᠬᠡᠷᠡᠭᠯᠡᠭᠡ ᠶᠢᠨ ︽ᠨᠠᠭᠠᠯᠳᠤᠩᠭᠢ ᠴᠢᠨᠠᠷ︾ ᠢ ᠴᠢᠩᠭᠠᠷᠠᠭᠤᠯᠬᠤ ᠬᠡᠷᠡᠭᠲᠡᠢ᠃ ᠡᠵᠡᠩᠨᠡᠯᠲᠡ ᠶᠢᠨ ᠵᠠᠭᠪᠤᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠰᠦᠯᠵᠢᠶᠡᠨ ᠠᠴᠠ ᠭᠠᠳᠠᠭᠤᠷᠬᠢ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ᠂ ᠥᠪᠡᠰᠦᠪᠡᠨ ᠪᠠᠶᠢᠭᠤᠯᠤᠭᠰᠠᠨ ᠰᠦᠯᠵᠢᠶᠡᠨ ᠤ ᠲᠠᠪᠴᠠᠩ ᠢ ᠭᠦᠢᠴᠡᠳ ᠨᠡᠭᠡᠭᠡᠨ ᠬᠥᠭᠵᠢᠭᠦᠯᠵᠦ ᠠᠰᠢᠭᠯᠠᠨ᠂ ᠰᠦᠯᠵᠢᠶᠡᠨ ᠤ ᠪᠣᠷᠤᠯᠠᠭᠤᠯᠭ᠎ᠠ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ᠂ ᠨᠡᠶᠢᠭᠡᠮ ᠤᠨ ᠬᠠᠷᠢᠯᠴᠠᠭᠠᠨ ᠤ ᠡᠵᠡᠩᠨᠡᠨ ᠪᠣᠷᠤᠯᠠᠭᠤᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠰᠦᠯᠵᠢᠶᠡᠨ ᠳᠠᠬᠢ ᠬᠡᠷᠡᠭᠯᠡᠭᠡ ᠶᠢᠨ ᠬᠡᠪᠴᠢᠶ᠎ᠡ ᠶᠢ ᠥᠷᠭᠡᠳᠬᠡᠨ᠂ ᠰᠦᠯᠵᠢᠶᠡᠨ ᠳᠡᠭᠡᠷ᠎ᠡ ᠤᠷᠤᠰᠴᠠ ᠳᠠᠭᠠᠭᠤᠯᠬᠤ᠂ ᠰᠦᠯᠵᠢᠶᠡᠨ ᠠᠴᠠ ᠭᠠᠳᠠᠭᠤᠷ ᠬᠡᠷᠡᠭᠯᠡᠭᠡ ᠶᠢ ᠭᠦᠳᠦᠯᠬᠦ ᠣᠷᠴᠢᠯᠲᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠮᠠᠶ᠋ᠢᠭ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠶᠢᠮᠠᠭ ᠬᠤᠲᠠ ᠶᠢᠨ ᠲᠠᠰ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠨᠠᠷᠠᠲᠤ ᠲᠡᠮᠳᠡᠭ ᠢ 6 ᠠᠴᠠ ᠢᠯᠡᠭᠦᠦ ᠴᠣᠭᠴᠠᠯᠠᠨ᠂ 100 ᠢᠯᠡᠭᠦᠦ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠬᠠᠪᠰᠤᠷᠤᠨ ᠲᠡᠳᠬᠦᠵᠦ ᠪᠠᠶᠢᠭᠠᠳ ᠰᠦᠯᠵᠢᠶ᠎ᠡ ᠪᠠᠷ ᠪᠣᠷᠣᠯᠠᠭᠤᠯᠬᠤ ᠠᠷᠭ᠎ᠠ ᠵᠠᠮ ᠢ ᠨᠢ ᠨᠡᠭᠡᠭᠡᠨ ᠥᠭᠴᠦ᠂ ᠤᠭ ᠭᠠᠷᠤᠯᠲᠠ ᠶᠢᠨ ᠭᠠᠵᠠᠷ ᠤᠨ 100 ᠢᠯᠡᠭᠦᠦ ᠫᠦᠰᠡ ᠳᠡᠯᠭᠡᠭᠦᠷ ᠤᠨ ᠠᠵᠢᠯᠯᠠᠭᠠᠨ ᠢ ᠲᠤᠰᠠᠯᠠᠨ ᠳᠡᠮᠵᠢᠵᠦ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ 100 ᠢᠯᠡᠭᠦᠦ ᠣᠬᠤᠷ ᠸᠢᠳᠢᠤ᠋ ᠶᠢᠨ ᠲᠠᠩᠰᠠᠨ ᠨᠣᠮᠧᠷ ᠢ ᠨᠡᠭᠡᠭᠡᠬᠦ ᠶᠢ ᠳᠡᠮᠵᠢᠨ᠂ 1000 ᠭᠠᠷᠤᠢ ᠵᠦᠢᠯ ᠤᠨ ᠭᠠᠭᠴᠠ ᠲᠦᠷᠦᠯ ᠤᠨ ᠲᠠᠸᠠᠷ ᠢ ᠭᠤᠣᠯ ᠰᠡᠳᠦᠪᠲᠦ ᠬᠡᠷᠡᠭᠯᠡᠭᠡ ᠶᠢ ᠠᠬᠢᠭᠤᠯᠬᠤ ᠳᠤ ᠤᠷᠤᠯᠴᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶      ︵ᠨᠠᠢᠮᠠ︶ ︽ᠨᠡᠷᠡᠳᠦ ᠲᠡᠮᠳᠡᠭ ᠤᠨ ᠪᠠ ᠴᠢᠨᠠᠷᠵᠢᠭᠤᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠪᠠᠶᠠᠷ ᠤᠨ ᠡᠳᠦᠷ ᠤᠨ ᠠᠵᠢᠯᠯᠠᠭᠠᠨ︾ ᠢ ᠪᠠᠶᠢᠩᠭᠤᠵᠢᠭᠤᠯᠤᠨ ᠡᠷᠬᠢᠯᠡᠬᠦ ᠬᠡᠷᠡᠭᠲᠡᠢ᠃ ᠣᠨ ᠢᠶᠠᠷ ︽ᠨᠡᠷᠡᠳᠦ ᠲᠡᠮᠳᠡᠭ ᠤᠨ ᠪᠠ ᠴᠢᠨᠠᠷᠵᠢᠭᠤᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠪᠠᠶᠠᠷ ᠤᠨ ᠡᠳᠦᠷ ᠤᠨ ᠠᠵᠢᠯᠯᠠᠭᠠᠨ︾ ᠢ ᠡᠷᠭᠢᠯᠡᠵᠦ᠂ ᠡᠯᠧᠺᠲᠷᠣᠨ ᠬᠤᠳᠠᠯᠳᠤᠭᠠᠨ ᠤ ᠬᠡᠷᠡᠭᠯᠡᠭᠡ ᠶᠢᠨ ᠬᠠᠯᠠᠮᠰᠢᠯ ᠴᠡᠭ ᠢ ᠢᠳᠡᠪᠬᠢᠲᠡᠢ ᠪᠣᠶᠢᠵᠢᠭᠤᠯᠤᠨ᠂ ᠬᠡᠷᠡᠭᠯᠡᠭᠡ ᠶᠢᠨ ᠵᠢᠱᠢᠯᠲᠡ ᠶᠢ ᠬᠥᠲᠥᠯᠥᠨ ᠵᠢᠯᠤᠭᠤᠳᠴᠤ᠂ ᠰᠠᠶᠢᠨ ᠨᠠᠷᠠᠲᠤ ᠲᠡᠮᠳᠡᠭ᠂ ᠴᠢᠨᠠᠷᠵᠢᠭᠤᠨ ᠪᠠ ᠪᠣᠬᠢᠷᠳᠤᠯ ᠦᠭᠡᠢ ᠬᠡᠷᠡᠭᠯᠡᠭᠡ ᠶᠢᠨ ᠣᠨᠣᠯᠵᠢᠬᠤᠨ ᠢ ᠰᠠᠨᠠᠭᠠᠴᠢᠯᠠᠨ᠂ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠦᠯᠵᠢᠶ᠎ᠡ ᠪᠠᠷ ᠪᠣᠷᠣᠯᠠᠭᠤᠯᠬᠤ ᠵᠠᠮ ᠮᠥᠷ ᠢ ᠥᠷᠭᠡᠳᠬᠡᠬᠦ ᠬᠡᠷᠡᠭᠲᠡᠢ᠃ 30 – 50 ᠭᠤᠣᠯ ᠴᠣᠭᠴᠠᠲᠤ ᠠᠵᠤ ᠠᠬᠤᠶᠢᠯᠠᠯ ᠢ ᠪᠣᠶᠢᠵᠢᠭᠤᠯᠵᠤ ︽ᠵᠢᠩ ᠳ᠋ᠦᠩ ·ᠳᠤᠮᠳᠠᠳᠤ ᠤᠯᠤᠰ ᠤᠨ ᠣᠨᠴᠠ ᠭᠠᠷᠤᠯᠲᠠ ᠶᠢᠨ ᠥᠪᠥᠷ ᠮᠣᠩᠭᠤᠯ ᠤᠨ ᠣᠷᠳᠣᠨ︾ ︽ᠵᠢᠩ ᠳ᠋ᠦᠩ· ᠳᠤᠮᠳᠠᠳᠤ ᠤᠯᠤᠰ ᠤᠨ ᠣᠨᠴᠠ ᠭᠠᠷᠤᠯᠲᠠ ᠶᠢᠨ ᠬᠥᠬᠡᠬᠤᠲᠠ ᠣᠷᠳᠣᠨ︾᠂ ᠳᠤᠮᠳᠠᠳᠤ ᠤᠯᠤᠰ ᠤᠨ ᠪᠠᠩᠬᠢ ᠶᠢᠨ ᠬᠠᠮ ᠺᠠᠷᠲ ᠤᠨ ᠡᠭᠦᠯᠡᠨ ᠭᠢᠯᠠᠰᠬᠢᠯ ᠲᠤᠰᠢᠶᠠᠯᠲᠠ ᠶᠢᠨ ︽ᠥᠪᠥᠷ ᠮᠣᠩᠭᠤᠯ ᠤᠨ ᠦᠨᠦᠷ ᠠᠮᠲᠠᠲᠤ ᠣᠷᠳᠣᠨ︾ ᠵᠡᠷᠭᠡ ᠲᠠᠪᠴᠠᠩ ᠳᠤ ᠰᠦᠯᠵᠢᠶᠡᠨ ᠳᠠᠬᠢ ᠠᠵᠢᠯᠯᠠᠭ᠎ᠠ ᠶᠢᠨ ᠠᠷᠭ᠎ᠠ ᠵᠠᠮ ᠢ ᠨᠡᠭᠡᠭᠡᠵᠦ᠂ ᠥᠪᠥᠷ ᠮᠣᠩᠭᠤᠯ ᠤᠨ ᠣᠨᠴᠠᠯᠢᠭᠲᠤ ᠰᠠᠶᠢᠨ ᠨᠡᠷᠡᠳᠦ ᠲᠡᠮᠳᠡᠭ ᠪᠣᠯᠬᠤᠶᠢᠴᠠ ᠴᠢᠨᠠᠷᠵᠢᠭᠤᠨ ᠦᠢᠯᠡᠳᠬᠦᠨ ᠢᠶᠠᠨ ︽ᠭᠠᠳᠠᠭᠰᠢ ᠭᠠᠷᠭᠠᠬᠤ︾ ᠶᠢ ᠨᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶      ︵ᠶᠢᠰᠦ︶ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠮ ᠮᠥᠷ ᠢᠶᠠᠨ ᠨᠡᠭᠡᠭᠡᠨ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠲᠠᠢ ᠤᠶᠠᠯᠳᠤᠭᠤᠯᠤᠨ᠂ ᠣᠷᠣᠨ ᠪᠦᠰᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠯ᠎ᠠ ᠪᠠᠷ ᠬᠢ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠨᠡᠷᠡᠲᠦ ᠲᠡᠮᠳᠡᠭ ᠢ ᠬᠦᠴᠦᠯᠡᠨ ᠪᠣᠶᠢᠵᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠪᠠ ᠥᠷᠢᠰᠦᠯᠳᠦᠬᠦ ᠬᠦᠴᠦᠨ ᠢ ᠨᠢ ᠳᠡᠬᠡᠭᠰᠢᠯᠡᠬᠦᠯᠬᠦ ᠬᠡᠷᠡᠭᠲᠡᠢ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠨᠡᠪᠲᠡᠷᠡᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠲᠦᠷᠭᠡᠨ ᠬᠦᠷᠭᠡᠬᠦ ᠠᠵᠤ ᠠᠬᠤᠶᠢᠯᠠᠯ ᠳᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠢ ᠴᠢᠯᠦᠭᠡᠲᠡᠢ ᠲᠠᠯᠪᠢᠵᠤ᠂ ᠲᠠᠷᠢᠶᠠᠯᠠᠬᠤ ᠮᠠᠯᠵᠢᠬᠤ ᠣᠷᠣᠨ ᠤ ᠪᠡᠶᠡᠲᠦ ᠳᠡᠯᠭᠡᠭᠦᠷ᠂ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠴᠡᠭ ᠢ ᠲᠡᠮᠵᠢᠵᠦ ᠪᠠᠶᠢᠭᠠᠳ ᠰᠢᠤᠳᠠᠨ ᠤ ᠲᠦᠷᠭᠡᠨ ᠬᠦᠷᠭᠡᠯᠲᠡ ᠵᠡᠷᠭᠡ ᠣᠯᠠᠨ ᠡᠰᠢᠲᠦ ᠦᠢᠯᠡᠴᠢᠯᠡᠭᠡᠨ ᠤ ᠴᠢᠳᠠᠮᠵᠢ ᠶᠢ ᠠᠴᠢᠶᠠᠯᠠᠵᠤ᠂ ᠲᠠᠷᠢᠶᠠᠯᠠᠬᠤ ᠮᠠᠯᠵᠢᠬᠤ ᠣᠷᠣᠨ ᠤ ᠡᠯᠧᠺᠲᠷᠣᠨ ᠬᠤᠳᠠᠯᠳᠤᠭ᠎ᠠ ᠲᠦᠷᠭᠡᠨ ᠬᠦᠷᠭᠡᠯᠲᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠨᠳᠤᠭᠤᠯᠤᠭᠰᠠᠨ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠬᠠᠪᠰᠤᠷᠤᠨ ᠲᠡᠳᠬᠦᠵᠦ ᠪᠠᠶᠢᠭᠠᠳ ︽ᠨᠡᠶᠢᠲᠡ ᠳᠤ ᠬᠤᠣᠷᠳᠠᠭᠳᠠᠯ ᠦᠭᠡᠢ ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠲᠠᠷᠢᠶᠠᠯᠠᠩ ᠤᠨ ᠣᠷᠭᠠᠨᠢᠭ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ︾ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ᠡᠯᠧᠺᠲᠷᠣᠨ ᠬᠤᠳᠠᠯᠳᠤᠭᠠᠴᠢᠯᠠᠵᠤ ᠪᠣᠯᠬᠤᠶᠢᠴᠠ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠢᠮᠵᠢᠶᠠᠵᠢᠭᠰᠠᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠲᠡᠢ᠃ ᠥᠪᠥᠷ ᠮᠣᠩᠭᠤᠯ ᠤᠨ ᠣᠨᠴᠠᠯᠢᠭᠲᠤ ᠪᠦᠲᠦᠭᠡᠭᠳᠡᠬᠦᠨ ᠤ ᠳᠠᠪᠠᠭᠤᠯᠢᠭ ᠢ ᠤᠯᠠᠮ ᠨᠢᠭᠡ ᠠᠯᠬᠤᠮ ᠥᠷᠭᠡᠳᠬᠡᠵᠦ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠪᠠᠷ ᠭᠤᠣᠯ ᠪᠣᠯᠭᠠᠨ᠂ ᠰᠦᠯᠵᠢᠶᠡᠨ ᠠᠴᠠ ᠭᠠᠳᠠᠭᠤᠷᠬᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠣᠭᠤᠷᠢᠭ ᠢ ᠲᠡᠳᠬᠦᠨ ᠲᠡᠮᠵᠢᠵᠦ᠂ ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠣᠨᠴᠠᠯᠢᠭᠲᠤ ᠪᠦᠲᠦᠭᠡᠭᠳᠡᠬᠦᠨ ᠤ ᠣᠷᠳᠣᠨ ᠢ ᠨᠡᠭᠡᠭᠡᠵᠦ᠂ ᠥᠪᠥᠷ ᠮᠣᠩᠭᠤᠯ ᠤᠨ ᠦᠨᠦᠷ ᠠᠮᠲᠠᠲᠤ ᠤᠭ ᠭᠠᠷᠤᠯᠲᠠ ᠶᠢᠨ ᠭᠠᠵᠠᠷ ᠤᠨ ᠨᠡᠷᠡᠲᠦ ᠲᠡᠮᠳᠡᠭᠴᠢᠯᠡᠨ ᠭᠦᠭᠵᠢᠬᠦ ᠶᠢ ᠠᠬᠢᠭᠤᠯᠤᠨ᠂ ᠨᠢᠭᠡ ᠪᠦᠯᠦᠭ ᠭᠤᠣᠯ ᠤᠷᠤᠰᠬᠠᠯᠲᠤ ᠲᠠᠪᠴᠠᠩ ᠳᠤ ᠨᠡᠭᠡᠭᠡᠭᠰᠡᠨ ᠬᠥᠭᠵᠢᠶᠡᠨᠲᠦ ᠬᠡᠯᠪᠡᠷᠢ ᠶᠢᠨ ᠣᠨᠴᠠᠯᠢᠭᠲᠤ ᠣᠷᠳᠣᠨ ᠪᠠ ᠤᠭ ᠭᠠᠷᠤᠯᠲᠠ ᠶᠢᠨ ᠭᠠᠵᠠᠷ ᠤᠨ ᠫᠦᠰᠡ ᠳᠡᠯᠭᠡᠭᠦᠷ ᠢ ᠨᠡᠶᠢᠲᠡ 100 ᠢᠯᠡᠭᠦᠦ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶      ︵ᠠᠷᠪᠠ︶ ᠳᠠᠪᠠᠭᠤᠯᠢᠭ ᠠᠵᠤ ᠦᠢᠯᠡᠰ ᠪᠠ ᠦᠢᠯᠡᠳᠬᠦᠨ ᠢ ᠡᠯᠧᠺᠲᠷᠣᠨ ᠬᠤᠳᠠᠯᠳᠤᠭᠠᠴᠢᠯᠠᠬᠤ ᠪᠠᠷ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠳᠠᠪᠠᠭᠤᠯᠢᠭ ᠠᠵᠤ ᠦᠢᠯᠡᠰ᠂ ᠦᠢᠯᠡᠳᠬᠦᠨ ᠢ ᠡᠯᠧᠺᠲᠷᠣᠨ ᠬᠤᠳᠠᠯᠳᠤᠭᠠᠴᠢᠯᠠᠬᠤ ᠪᠠᠷ ᠥᠭᠡᠷᠡᠴᠢᠯᠡᠬᠦ ᠶᠢ ᠵᠣᠷᠢᠭᠵᠢᠭᠤᠯᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠭᠰᠠᠨ ᠪᠠᠶᠢᠪᠠᠯ᠂ ᠵᠢᠯ ᠪᠦᠷᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠱᠠᠩᠨᠠᠵᠤ᠂ ᠬᠠᠮᠤᠭ ᠤᠷᠳᠤ ᠳᠤ ᠪᠠᠨ 3 ᠵᠢᠯ ᠳᠠᠷᠠᠭᠠᠯᠠᠨ ᠳᠡᠮᠵᠢᠨ᠎ᠡ᠃ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠣᠷᠣᠨ ᠤ ᠳᠣᠲᠣᠷᠠᠬᠢ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠵᠤ ᠠᠯᠳᠠᠷᠰᠢᠭᠰᠠᠨ ᠢᠨᠲ᠋ᠧᠷ ᠰᠦᠯᠵᠢᠶ᠎ᠡ ᠶᠢᠨ ᠡᠬᠢ ᠪᠠᠶᠠᠯᠢᠭ ᠲᠠᠢ ᠵᠣᠯᠭᠠᠭᠤᠯᠵᠤ᠂ ᠬᠤᠯᠪᠤᠭᠠᠯᠠᠨ ᠡᠵᠡᠩᠨᠡᠵᠦ ᠪᠣᠷᠣᠯᠠᠭᠤᠯᠬᠤ ᠪᠠ ᠨᠠᠷᠠᠲᠤ ᠲᠡᠮᠳᠡᠭ ᠢ ᠳᠡᠯᠭᠡᠷᠡᠭᠦᠯᠬᠦ ᠵᠡᠷᠭᠡ ᠠᠵᠢᠯᠯᠠᠭ᠎ᠠ ᠥᠷᠨᠢᠭᠦᠯᠦᠨ᠂ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠭᠰᠠᠨ ᠪᠠᠶᠢᠪᠠᠯ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠲᠡᠳᠡᠨᠦᠰ ᠤᠨ ᠦᠢᠯᠡᠴᠢᠯᠡᠭᠡᠨ ᠬᠠᠩᠭᠠᠭᠰᠠᠨ ᠥᠪᠡᠷ ᠤᠨ ᠥᠷᠲᠡᠭ ᠤᠨ 20%᠂ ᠶᠡᠬᠡᠳᠦᠬᠦ ᠳᠤ ᠪᠠᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠨᠢᠭᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠨᠢ ᠵᠣᠷᠢᠭᠵᠢᠭᠤᠯᠬᠤ ᠬᠡᠷᠡᠭᠲᠡᠢ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠳᠡᠮᠵᠢᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠠᠯᠳᠠᠷᠰᠢᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠰᠬᠠᠢ ᠴᠤᠭᠯᠠᠭᠠᠨ ᠦᠵᠡᠰᠭᠦᠯᠡᠩ ᠳᠤ ᠣᠷᠤᠯᠴᠠᠬᠤ ᠶᠢ ᠵᠣᠷᠢᠭᠵᠢᠭᠤᠯᠤᠨ᠂ ᠠᠵᠤ ᠠᠬᠤᠶᠢᠯᠠᠯ ᠤᠨ ᠬᠢᠨ ᠤ ᠴᠤᠭᠯᠠᠭᠠᠨ ᠦᠵᠡᠰᠬᠦᠯᠡᠩ᠂ ᠨᠡᠶᠢᠭᠡᠮ ᠤᠨ ᠬᠠᠷᠢᠯᠴᠠᠭᠠᠨ ᠤ

        365赢多少钱会被限额_国内有真正的365平台吗_365bet博彩官网

        ᠵᠠᠭᠤᠴᠢᠯᠠᠭᠤᠷ᠂ ᠡᠷᠢᠯᠲᠡ ᠬᠥᠳᠡᠯᠭᠡᠭᠦᠷ ᠵᠡᠷᠭᠡ ᠵᠠᠮ ᠮᠥᠷ ᠢ ᠠᠰᠢᠭᠯᠠᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠨᠢ ᠲᠡᠮᠵᠢᠬᠦ ᠬᠡᠷᠡᠭᠲᠡᠢ᠃ ᠬᠥᠬᠡᠬᠤᠲᠠ᠂ ᠤᠯᠠᠭᠠᠨᠬᠠᠳᠠ᠂ ᠮᠠᠨᠵᠤᠤᠷ᠂ ᠣᠷᠳᠣᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠲᠣᠭᠤᠷᠢᠨ ᠳᠤ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠤᠯᠭᠠᠭᠤᠷᠢᠯᠠᠬᠤ ᠲᠣᠭᠲᠠᠯᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠭᠠᠳᠠᠭᠠᠳᠤ ᠳᠠᠬᠢ ᠰᠠᠩ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ 2000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ᠬᠥᠬᠡᠬᠤᠲᠠ᠂ ᠤᠯᠠᠭᠠᠨᠬᠠᠳᠠ᠂ ᠣᠷᠳᠣᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠬᠤ ᠳᠤ ᠨᠢ ᠳᠡᠮᠵᠢᠯᠭᠡ ᠦᠵᠡᠬᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃      ᠳᠥᠷᠪᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠯᠭᠠᠭᠤᠷᠢᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ      ︵ᠠᠷᠪᠠᠨ ᠬᠤᠶᠠᠷ︶ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠨᠡᠶᠢᠭᠡᠮ ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠠᠷᠠᠳ ᠲᠤ ᠳᠥᠭᠦᠮ ᠦᠵᠡᠭᠦᠯᠬᠦ ᠬᠥᠭᠵᠢᠯᠲᠡ ᠶᠢ ᠠᠬᠢᠭᠤᠯᠵᠤ᠂ ᠳᠥᠲᠡ ᠳᠡᠯᠭᠡᠭᠦᠷ᠂ ᠨᠡᠶᠢᠭᠡᠮ ᠲᠣᠭᠤᠷᠢᠭ ᠤᠨ ᠢᠳᠡᠰᠢᠨ ᠨᠣᠭᠤᠭᠠᠨ ᠤ ᠳᠡᠯᠭᠡᠭᠦᠷ᠂ ᠠᠷᠠᠳ ᠲᠤ ᠳᠥᠭᠦᠮ ᠦᠵᠡᠭᠦᠯᠬᠦ ᠥᠷᠯᠥᠭᠡ ︵ᠦᠳᠡᠰᠢ︶ ᠶᠢᠨ ᠵᠠᠬ᠎ᠠ ᠳᠡᠯᠭᠡᠭᠦᠷ ᠵᠡᠷᠭᠡ ᠨᠡᠶᠢᠭᠡᠮ ᠲᠣᠭᠤᠷᠢᠭ ᠤᠨ ᠬᠤᠳᠠᠯᠳᠤᠭᠠᠨ ᠤ ᠵᠠᠭᠪᠤᠷ ᠢ ᠶᠡᠭᠡ ᠪᠠᠷ ᠬᠥᠭᠵᠢᠭᠦᠯᠵᠦ᠂ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠳᠥᠭᠦᠮ ᠦᠵᠡᠭᠦᠯᠬᠦ᠂ ᠪᠠᠷᠢᠮᠵᠢᠶᠠᠵᠢᠭᠤᠯᠬᠤ᠂ ᠣᠶᠤᠨᠴᠢᠯᠠᠬᠤ᠂ ᠴᠢᠨᠠᠷᠵᠢᠭᠤᠯᠬᠤ ᠬᠢᠷᠢ ᠬᠡᠮᠵᠢᠶ᠎ᠡ ᠶᠢ ᠳᠡᠬᠡᠭᠰᠢᠯᠡᠬᠦᠯᠬᠦ ᠬᠡᠷᠡᠭᠲᠡᠢ᠃ ︽ᠰᠦᠯᠵᠢᠶ᠎ᠡ ᠪᠠᠷ ᠵᠠᠬᠢᠶᠠᠯᠠᠵᠤ ᠳᠡᠯᠭᠡᠭᠦᠷ ᠠᠴᠠ ᠠᠪᠬᠤ︾ ᠵᠡᠷᠭᠡ ᠦᠢᠯᠡᠴᠢᠯᠡᠭᠡᠨ ᠤ ᠴᠢᠳᠠᠮᠵᠢ ᠶᠢ ᠬᠠᠩᠭᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ᠂ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠬᠤ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠠᠮ ᠴᠣᠭᠴᠠ᠂ ᠬᠡᠲᠦ ᠳᠡᠯᠭᠡᠭᠦᠷ᠂ ᠨᠠᠷᠠᠲᠤ ᠲᠡᠮᠳᠡᠭ ᠤᠨ ᠬᠡᠯᠬᠢᠶ᠎ᠡ ᠳᠡᠯᠭᠡᠭᠦᠷ᠂ ᠢᠳᠡᠰᠢᠨ ᠨᠣᠭᠤᠭᠠᠨ ᠤ ᠵᠠᠬ᠎ᠠ ᠳᠡᠯᠭᠡᠭᠦᠷ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ ᠳᠤ᠂ ᠠᠵᠤ ᠠᠬᠤᠶᠢᠯᠠᠯ ︵ᠨᠢᠭᠡᠴᠢ︶ ᠤᠨ ᠪᠣᠳᠠᠲᠠᠢ ᠵᠠᠷᠤᠯᠭ᠎ᠠ ᠪᠠᠷ ᠵᠣᠬᠢᠬᠤ ᠳᠡᠮᠵᠢᠯᠭᠡ ᠦᠵᠡᠬᠦᠯᠬᠦ ᠬᠡᠷᠡᠭᠲᠡᠢ᠃ ᠲᠠᠪᠤᠨ ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠠᠮᠢᠳᠤᠷᠠᠯ ᠤᠨ ᠲᠣᠭᠤᠷᠢᠭ ᠪᠦᠷᠢ ᠳᠤ ᠨᠢ 200 ᠲᠦᠮᠡᠨ ᠲᠥᠭᠦᠷᠢᠭ ᠠᠴᠠ ᠳᠣᠣᠷ᠎ᠠ ᠪᠢᠰᠢ ᠪᠠᠷ ᠱᠠᠩᠨᠠᠨ ᠨᠥᠬᠦᠪᠦᠷᠢᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠭᠤᠷᠪᠠ︶ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠲᠡᠮᠵᠢᠬᠦ ᠬᠡᠷᠡᠭᠲᠡᠢ᠃ 1500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠲᠣᠬᠢᠷᠠᠭᠤᠯᠵᠤ᠂ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠭᠦ ᠬᠡᠷᠡᠭᠲᠡᠢ᠃ ᠥᠪᠥᠷ ᠮᠣᠩᠭᠤᠯ ᠳᠤ ᠡᠷᠦᠬᠡ ᠠᠮᠠ ᠪᠠᠨ ᠳᠠᠩᠰᠠᠯᠠᠭᠤᠯᠤᠭᠰᠠᠨ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠵᠢᠯ ᠤᠨ ᠲᠤᠰᠢᠶᠠᠬᠤ ᠭᠠᠶᠢᠯᠢ ᠳᠠᠬᠢ ᠥᠪᠡᠷᠲᠡᠭᠡᠨ ᠵᠠᠰᠠᠬᠤ ᠣᠷᠣᠨ ᠤ ᠬᠤᠪᠢᠳᠠᠯ ᠤᠨ ᠨᠡᠮᠡᠭᠳᠡᠭᠰᠡᠨ ᠬᠡᠰᠡᠭ ᠢᠶᠠᠷ ᠳᠠᠩᠰᠠᠯᠠᠭᠤᠯᠤᠭᠰᠠᠨ ᠪᠠᠶᠢᠭ᠎ᠠ ᠭᠠᠵᠠᠷ ᠤᠨ ᠠᠶᠢᠮᠠᠭ ᠬᠤᠲᠠ ᠳᠤ ᠱᠠᠩᠨᠠᠨ ᠨᠥᠬᠦᠪᠦᠷᠢᠯᠡᠵᠦ᠂ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠠᠴᠠ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠬᠦᠷᠢᠶ᠎ᠡ ᠴᠠᠷᠠᠭ᠎ᠠ ᠪᠠ ᠬᠡᠪᠴᠢᠶ᠎ᠡ ᠶᠢ ᠦᠨᠳᠦᠰᠦᠯᠡᠨ᠂ ᠠᠪᠬᠤ ᠪᠠᠷᠢᠮᠲᠠ ᠶᠢᠨ ᠲᠥᠷᠥᠯ ᠵᠦᠢᠯ᠂ ᠲᠤᠭ᠎ᠠ ᠬᠡᠮᠵᠢᠶ᠎ᠡ ᠪᠠᠨ ᠲᠣᠭᠲᠠᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠳᠥᠷᠪᠡ︶ ᠭᠠᠴᠠᠭ᠎ᠠ ᠲᠣᠰᠬᠤᠨ ᠳᠤ ᠲᠦᠷᠭᠡᠨ ᠬᠦᠷᠭᠡᠯᠲᠡ ᠲᠠᠢ ᠪᠣᠯᠬᠤ ᠶᠢ ᠲᠡᠮᠵᠢᠬᠦ ᠬᠡᠷᠡᠭᠲᠡᠢ᠃ ᠨᠡᠮᠡᠭᠦᠷᠢ ᠦᠵᠡᠭᠦᠯᠦᠭᠰᠡᠨ ᠤ ᠳᠠᠷᠠᠭᠠᠬᠢ ᠣᠷᠣᠨ ᠪᠦᠰᠡ ᠳᠠᠬᠢ ᠲᠤᠬᠠᠶᠢᠯᠠᠭᠰᠠᠨ ᠠᠵᠢᠯ ᠤᠨ ᠣᠯᠵᠤ ᠠᠯᠳᠠᠭᠰᠠᠨ ᠢ ᠶᠡᠷᠦᠩᠬᠡᠢ ᠳᠤ ᠨᠢ ᠲᠡᠩᠴᠡᠭᠦᠷᠢᠲᠡᠢ ᠪᠠᠶᠢᠯᠭᠠᠬᠤ ᠪᠠ ᠪᠡᠶ᠎ᠡ ᠪᠠᠨ ᠳᠠᠭᠠᠭᠠᠵᠤ ᠦᠷᠭᠦᠯᠵᠢᠯᠡᠨ ᠡᠵᠡᠩᠨᠡᠬᠦ ᠵᠡᠷᠭᠡ ᠵᠠᠷᠴᠢᠮ ᠢᠶᠠᠷ᠂ ᠲᠦᠷᠭᠡᠨ ᠬᠦᠷᠭᠡᠯᠲᠡ ᠶᠢᠨ ᠲᠣᠰᠬᠤᠨ ᠳᠤ ᠬᠦᠷᠭᠡᠭᠰᠡᠨ ᠤᠳᠠᠭ᠎ᠠ ᠪᠦᠷᠢ ᠶᠢᠨ ᠪᠠᠷᠠᠭᠠᠨ ᠤ ᠲᠤᠭ᠎ᠠ ᠬᠡᠮᠵᠢᠶ᠎ᠡ᠂ ᠭᠠᠭᠴᠠ ᠲᠦᠷᠦᠯ ᠤᠨ ᠲᠠᠸᠠᠷ ᠤᠨ ᠥᠪᠡᠷ ᠤᠨ ᠥᠷᠲᠡᠭ᠂ ᠬᠦᠷᠭᠡᠭᠰᠡᠨ ᠵᠠᠢ ᠪᠠ ᠬᠦᠷᠲᠡᠭᠡᠭᠰᠡᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠵᠡᠷᠭᠡ ᠪᠠᠷ ᠦᠨᠳᠦᠰᠦᠯᠡᠯ ᠪᠣᠯᠭᠠᠵᠤ᠂ ᠲᠦᠷᠭᠡᠨ ᠬᠦᠷᠭᠡᠯᠲᠡ ᠶᠢᠨ ᠲᠣᠰᠬᠤᠨ ᠳᠤ ᠬᠦᠷᠭᠡᠭᠰᠡᠨ ᠲᠤᠬᠠᠶᠢᠯᠠᠭᠰᠠᠨ ᠠᠵᠢᠯ ᠤᠨ ᠪᠣᠳᠠᠲᠠᠢ ᠦᠢᠯᠡᠴᠢᠯᠡᠭᠡ ᠳᠤ ᠨᠢ ᠤᠳᠠᠭ᠎ᠠ ᠪᠦᠷᠢ 0.3 ᠲᠥᠭᠦᠷᠢᠭ ᠠᠴᠠ ᠬᠡᠲᠦᠷᠡᠭᠦᠯᠬᠦ ᠦᠭᠡᠢ ᠪᠠᠷ᠂ ᠡᠯ᠎ᠡ ᠠᠶᠢᠮᠠᠭ ᠬᠤᠲᠠ ᠨᠢ ᠬᠤᠵᠢᠭᠤ ᠨᠡᠮᠡᠭᠦᠷᠢ ᠶᠢᠨ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ︵ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ︵ᠠᠷᠪᠠᠨ ᠲᠠᠪᠤ︶ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠪᠠᠷᠢᠮᠵᠢᠶᠠᠵᠢᠭᠤᠯᠬᠤ ᠬᠢᠷᠢ ᠲᠦᠪᠰᠢᠨ ᠢ ᠲᠡᠬᠡᠭᠰᠢᠯᠡᠬᠦᠯᠬᠦ ᠬᠡᠷᠡᠭᠲᠡᠢ᠃ ︽ᠤᠯᠤᠰ ᠤᠨ ᠪᠠᠷᠢᠮᠵᠢᠶᠠᠵᠢᠭᠤᠯᠤᠨ ᠬᠥᠭᠵᠢᠭᠦᠯᠬᠦ ᠬᠥᠲᠥᠯᠪᠦᠷᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠤᠳᠠᠯᠳᠤᠭᠠᠨ ᠤ ᠶᠠᠪᠤᠳᠠᠯ ᠤᠨ ᠭᠤᠣᠯᠳᠠᠯᠭ᠎ᠠ ᠪᠣᠯᠬᠤ ᠠᠵᠢᠯ ᠤᠨ ᠡᠭᠦᠷᠭᠡ ᠲᠠᠢ ᠤᠶᠠᠯᠳᠤᠭᠤᠯᠤᠨ᠂ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠪᠠᠷᠢᠮᠵᠢᠶᠠᠲᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠵᠡᠷᠭᠡ ᠭᠤᠣᠯᠳᠠᠯᠭ᠎ᠠ ᠪᠣᠯᠬᠤ ᠬᠦᠷᠢᠶᠡᠨ ᠤ ᠲᠣᠭᠤᠷᠢᠨ ᠳᠤ᠂ ᠲᠡᠷᠢᠭᠦᠨ ᠤ ᠪᠠ ᠬᠡᠷᠡᠭᠯᠡᠬᠦ ᠳᠤ ᠲᠣᠬᠢᠷᠠᠬᠤ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠤᠯᠤᠰ ᠤᠨ ᠲᠠᠰ ᠤᠨ ᠦᠢᠯᠡᠴᠢᠯᠡᠭᠡᠨ ᠤ ᠦᠢᠯᠡᠰ ︵ᠠᠷᠠᠯᠵᠢᠶ᠎ᠠ ᠬᠤᠳᠠᠯᠳᠤᠭ᠎ᠠ ᠶᠢᠨ ᠭᠦᠢᠯᠭᠡᠭᠡᠨ ᠤ ᠲᠤᠰᠬᠠᠢ ᠵᠦᠢᠯ︶ ᠤᠨ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠲᠤ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠨ᠂ ᠪᠠᠷᠢᠮᠵᠢᠶ᠎ᠠ ᠶᠢ ᠬᠡᠷᠡᠭᠵᠢᠭᠦᠯᠬᠦ ᠦᠷ᠎ᠡ ᠴᠢᠳᠠᠮᠵᠢ ᠪᠠᠨ ᠳᠡᠬᠡᠭᠰᠢᠯᠡᠬᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃      ︵ᠠᠷᠪᠠᠨ ᠵᠢᠷᠭᠤᠭ᠎ᠠ︶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢ ᠵᠣᠷᠢᠭᠵᠢᠭᠤᠯᠵᠤ ᠪᠠᠶᠢᠭᠠᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠰᠬᠠᠢ ᠮᠡᠷᠭᠡᠵᠢᠯ ᠪᠠ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠡᠷᠡᠭᠴᠡᠭᠡ ᠳᠤ ᠲᠣᠬᠢᠷᠠᠭᠰᠠᠨ ᠬᠠᠮ ᠬᠡᠯᠪᠡᠷᠢ ᠶᠢᠨ ᠤᠷ᠎ᠠ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠤ ᠬᠤᠷᠰᠢᠯᠴᠠᠨ ᠰᠤᠷᠭᠠᠭᠤᠯᠢ ᠡᠷᠬᠢᠯᠡᠬᠦ ᠪᠠ ᠴᠢᠳᠠᠪᠤᠷᠢᠲᠠᠨ ᠬᠥᠮᠥᠵᠢᠭᠦᠯᠬᠦ ᠠᠵᠢᠯ ᠥᠷᠨᠢᠭᠦᠯᠬᠦ ᠶᠢ ᠨᠢ ᠵᠣᠷᠢᠭᠵᠢᠭᠤᠯᠬᠤ ᠬᠡᠷᠡᠭᠲᠡᠢ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠪᠣᠯᠪᠠᠰᠤᠷᠠᠯ ᠢ ᠬᠠᠮᠲᠤᠷᠠᠨ ᠥᠷᠨᠢᠭᠦᠯᠬᠦ ᠶᠢ ᠨᠢ ᠵᠣᠷᠢᠭᠵᠢᠭᠤᠯᠬᠤ ᠬᠡᠷᠡᠭᠲᠡᠢ᠃ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ ᠬᠥᠮᠥᠵᠢᠭᠦᠯᠬᠦ ᠶᠢ ᠨᠢ ᠳᠡᠮᠵᠢᠵᠦ᠂ ᠨᠥᠬᠦᠴᠡᠯ ᠳᠤ ᠨᠡᠶᠢᠴᠡᠭᠰᠡᠨ ᠳᠤ ᠨᠢ ᠴᠢᠳᠠᠪᠤᠷᠢᠲᠠᠨ ᠤ ᠲᠠᠯ᠎ᠠ ᠪᠠᠷ ᠬᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠳᠣᠯᠤᠭ᠎ᠠ︶ ᠬᠠᠮᠲᠤ ᠳᠤ ᠪᠠᠨ ᠭᠥᠷᠳᠡᠬᠦ ᠡᠭᠦᠯᠡᠨ ᠬᠥᠮᠥᠷᠭᠡ ᠶᠢᠨ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠮᠡᠳᠡᠭᠡ ᠵᠠᠩᠭᠢᠴᠢᠯᠠᠯᠲᠠ᠂ ᠰᠦᠯᠵᠢᠶᠡᠵᠢᠯᠲᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠵᠤ᠂ ᠪᠣᠬᠢᠷᠳᠤᠯ ᠦᠭᠡᠢ ᠪᠠᠷᠠᠭᠠᠨ ᠤ ᠭᠦᠢᠯᠭᠡᠭᠡᠨ᠂ ᠪᠣᠬᠢᠷᠳᠤᠯ ᠦᠭᠡᠢ ᠲᠦᠷᠭᠡᠨ ᠬᠦᠷᠭᠡᠯᠲᠡ᠂ ᠪᠣᠬᠢᠷᠳᠤᠯ ᠦᠭᠡᠢ ᠪᠣᠭᠤᠳᠠᠯ ᠪᠠᠭᠯᠠᠭ᠎ᠠ ᠶᠢ ᠲᠦᠷᠭᠡᠳᠬᠡᠨ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠳᠤ ᠲᠤᠰᠬᠠᠶᠢᠵᠢᠭᠰᠠᠨ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠬᠠᠩᠭᠠᠬᠤ ᠬᠡᠷᠡᠭᠲᠡᠢ︔ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠤᠨ ᠭᠤᠷᠪᠠᠨ ᠵᠢᠯ ᠤᠨ ᠪᠣᠳᠠᠲᠠᠢ ᠣᠷᠣᠭᠤᠯᠤᠯᠲᠠ ᠶᠢᠨ ᠬᠢᠨ 30% ᠶᠢᠨ ᠶᠣᠰᠣᠭᠠᠷ᠂ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠥᠬᠦᠪᠦᠷᠢ ᠥᠭᠴᠦ᠂ ᠨᠥᠬᠦᠪᠦᠷᠢ ᠶᠢᠨ ᠪᠡᠯᠡ ᠮᠥᠩᠭᠦ ᠶᠢ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢ ᠡᠮᠬᠢᠯᠡᠨ ᠨᠡᠶᠢᠯᠡᠭᠦᠯᠬᠦ ᠪᠠ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠪᠥᠭᠡᠮᠨᠡᠷᠡᠭᠦᠯᠬᠦ᠂ ᠴᠢᠬᠤᠯᠠ ᠪᠦᠬᠦᠢ ᠡᠵᠡᠩᠨᠡᠯᠲᠡ ᠶᠢᠨ ᠣᠷᠴᠢᠨ ᠨᠥᠬᠦᠴᠡᠯ ᠪᠠ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠵᠢᠴᠢ ᠵᠣᠬᠢᠬᠤ ᠦᠢᠯᠡᠴᠢᠯᠡᠭᠡ ᠶᠢ ᠥᠭᠡᠷᠡᠴᠢᠯᠡᠨ ᠲᠡᠭᠦᠯᠳᠡᠷᠵᠢᠭᠦᠯᠬᠦ ᠶᠢ ᠪᠠᠭᠲᠠᠭᠠᠭᠰᠠᠨ ᠬᠠᠮᠲᠤ ᠳᠤ ᠪᠠᠨ ᠭᠥᠷᠳᠡᠬᠦ ᠡᠭᠦᠯᠡᠨ ᠬᠥᠮᠥᠷᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠦᠷᠭᠦᠯᠵᠢᠯᠡᠨ ᠬᠡᠷᠡᠭᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠲᠠᠪᠤ᠂ ᠵᠠᠰᠠᠭ ᠤᠨ ᠣᠷᠳᠣᠨ ᠤ ᠲᠡᠳᠬᠦᠨ ᠳᠡᠮᠵᠢᠬᠦ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠬᠤ ᠬᠡᠷᠡᠭᠲᠡᠢ      ︵ᠠᠷᠪᠠᠨ ᠨᠠᠢᠮᠠ︶ ᠪᠡᠯᠡ ᠮᠥᠩᠭᠦ ᠪᠠᠷ ᠲᠡᠳᠬᠦᠨ ᠲᠡᠮᠵᠢᠬᠦ ᠪᠠᠨ ᠰᠢᠯᠢᠳᠡᠭᠵᠢᠭᠦᠯᠬᠦ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ᠵᠢᠯ ᠪᠦᠷᠢ ᠪᠡᠯᠡ ᠮᠥᠩᠭᠦ ᠲᠣᠬᠢᠷᠠᠭᠤᠯᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠵᠤ᠂ ᠲᠡᠳᠬᠦᠨ ᠳᠡᠮᠵᠢᠭᠰᠡᠨ ᠪᠡᠯᠡ ᠮᠥᠩᠭᠦᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠪᠠᠨ ᠴᠢᠩᠭᠠᠳᠬᠠᠨ᠂ ᠪᠡᠯᠡ ᠮᠥᠩᠭᠦ ᠪᠠᠷ ᠲᠡᠳᠬᠦᠨ ᠳᠡᠮᠵᠢᠬᠦ ᠶᠢᠨ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠵᠦ᠂ ᠪᠡᠯᠡ ᠮᠥᠩᠭᠦ ᠪᠠᠷ ᠲᠡᠳᠬᠦᠨ ᠳᠡᠮᠵᠢᠬᠦ ᠶᠢᠨ ᠪᠦᠲᠦᠮᠵᠢᠲᠦ ᠴᠢᠨᠠᠷ ᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠪᠡᠯᠡ ᠮᠥᠩᠭᠦᠨ ᠤ ᠤᠷᠮᠠᠰᠢᠭᠤᠯᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠠᠷᠪᠠ ᠶᠢᠰᠦ︶ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠯᠭᠠᠭᠰᠠᠨ ᠪᠠᠶᠢᠪᠠᠯ᠂ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ᠃ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠳᠤ ᠬᠡᠷᠡᠭᠯᠡᠭᠰᠡᠨ ᠮᠥᠷᠲᠡᠭᠡᠨ ᠭᠠᠶᠢᠯᠢ ᠶᠢᠨ ᠬᠠᠤᠯᠢ ᠶᠢᠨ ᠲᠣᠭᠲᠠᠭᠠᠯ ᠳᠤ ᠨᠡᠶᠢᠴᠡᠭᠰᠡᠨ ᠰᠤᠳᠤᠯᠤᠨ ᠨᠡᠭᠡᠭᠡᠬᠦ ᠵᠠᠷᠤᠳᠠᠯ ᠳᠤ ᠨᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠨᠡᠮᠡᠨ ᠪᠣᠳᠣᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠬᠦᠷᠲᠡᠭᠡᠵᠦ ᠪᠣᠯᠣᠨ᠎ᠠ᠃ ᠤᠯᠤᠰ ᠤᠨ ᠴᠢᠳᠠᠪᠤᠷᠢᠲᠠᠨ ᠬᠥᠮᠥᠵᠢᠭᠦᠯᠬᠦ ᠶᠢ ᠳᠡᠮᠵᠢᠭᠦ ᠭᠠᠶᠢᠯᠢ ᠲᠠᠲᠠᠪᠤᠷᠢ ᠶᠢᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠲᠤᠬᠠᠢ ᠶᠢᠨ ᠵᠢᠯ ᠳᠤ ᠭᠠᠷᠭᠠᠨ ᠠᠪᠤᠭᠰᠠᠨ ᠤ ᠬᠠᠮᠲᠤ ᠪᠣᠳᠠᠲᠠᠢ ᠬᠡᠷᠡᠭᠯᠡᠭᠰᠡᠨ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠲᠤᠰᠢᠶᠠᠬᠤ ᠠᠴᠠ ᠨᠢ ᠡᠮᠦᠨ᠎ᠡ ᠰᠠᠭᠤᠯᠭᠠᠨ ᠠᠪᠬᠤ ᠬᠡᠷᠡᠭᠲᠡᠢ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶      ᠲᠣᠰ ᠠᠷᠭ᠎ᠠ ᠬᠡᠮᠵᠢᠶ᠎ᠡ ᠨᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ᠂ ᠬᠦᠴᠦᠨ ᠪᠦᠬᠦᠢ ᠬᠤᠭᠤᠴᠠᠭ᠎ᠠ ᠨᠢ 3 ᠵᠢᠯ ᠪᠣᠯᠣᠨ᠎ᠠ᠂ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠯ ᠨᠥᠬᠦᠪᠦᠷᠢ ᠶᠢᠨ ᠵᠦᠢᠯ ᠵᠤᠷᠪᠤᠰ ᠤᠨ ᠬᠡᠷᠡᠭᠵᠢᠭᠦᠯᠬᠦ ᠬᠡᠪᠴᠢᠶ᠎ᠡ ᠶᠢ ᠲᠤᠬᠠᠢ ᠶᠢᠨ ᠵᠢᠯ ᠤᠨ ᠳᠡᠮᠵᠢᠬᠦ ᠴᠢᠭᠯᠡᠯ ᠪᠠ ᠨᠡᠶᠢᠲᠡᠯᠡᠭᠰᠡᠨ ᠭᠤᠶᠤᠴᠢᠯᠠᠯ ᠤᠨ ᠵᠦᠭᠯᠡᠭᠦᠷ ᠢᠶᠠᠷ ᠪᠠᠷᠢᠮᠵᠢᠶ᠎ᠠ ᠪᠣᠯᠭᠠᠨ᠎ᠠ︔ ᠱᠠᠩᠨᠠᠵᠤ ᠨᠥᠬᠦᠪᠦᠷᠢᠯᠡᠬᠦ ᠳᠤ ᠬᠤᠯᠪᠣᠭᠳᠠᠭᠰᠠᠨ ᠬᠠᠷᠢᠴᠠᠯ ᠪᠠ ᠬᠢᠵᠠᠭᠠᠷ ᠲᠤᠭ᠎ᠠ ᠨᠢ ᠴᠥᠮ ᠳᠡᠭᠡᠷ᠎ᠡ ᠬᠢᠵᠠᠭᠠᠷ ᠪᠠᠶᠢᠵᠤ᠂ ᠱᠠᠩᠨᠠᠵᠤ ᠨᠥᠬᠦᠪᠦᠷᠢᠯᠡᠬᠦ ᠶᠢᠨ ᠪᠣᠳᠠᠲᠠᠢ ᠬᠠᠷᠢᠴᠠᠯ ᠪᠠ ᠵᠣᠭᠤᠰ ᠤᠨ ᠲᠤᠭ᠎ᠠ ᠨᠢ ᠣᠨ ᠤ ᠪᠡᠯᠡ ᠮᠥᠩᠭᠦᠨ ᠤ ᠲᠥᠰᠥᠪ ᠠᠴᠠ ᠲᠣᠭᠲᠠᠭᠠᠭᠳᠠᠵᠤ᠂ ᠬᠡᠷᠡᠭᠵᠢᠭᠦᠯᠬᠦ ᠶᠠᠪᠤᠴᠠ ᠳᠤ ᠢᠯᠡᠷᠡᠭᠦ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠵᠤ ᠲᠠᠶᠢᠯᠪᠤᠷᠢᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ ᠪᠣᠯᠣᠨ᠎ᠠ᠃                                                   2022 ᠣᠨ ᠤ 6 ᠳ᠋ᠤᠭᠠᠷ ᠰᠠᠷ᠎ᠠ ᠶᠢᠨ 6 ᠤ ᠡᠳᠦᠷ                                                   ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ