ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ〔 2022 〕 17 ᠳ᠋ᠤᠭᠠᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ︾ ᠶᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ | ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠠᠷᠭ᠎ᠠ ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ ᠃ | 2022 ᠣᠨ ᠤ 2 ᠳ᠋ᠤᠭᠠᠷ ᠰᠠᠷ᠎ᠠ ᠶᠢᠨ 24 ᠤ ᠡᠳᠦᠷ | ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ ︾ ︵ ᠲᠥᠷᠥ ᠲᠠᠷᠬᠠᠭᠠᠭᠰᠠᠨ 〔 2020 〕 7 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ︵ᠳᠣᠷᠣᠭᠰᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠭᠡᠵᠦ ᠲᠣᠪᠴᠢᠯᠠᠨ᠎ᠠ ︶ ᠢ ᠪᠠᠶᠢᠭᠤᠯᠬᠤ ᠪᠠ ᠬᠠᠮᠢᠶᠠᠷᠬᠤ ᠶᠢ ᠤᠯᠠᠮ ᠨᠢᠭᠡ | ᠠᠯᠬᠤᠮ ᠵᠢᠷᠤᠮᠵᠢᠭᠤᠯᠵᠤ ᠂ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ ᠂ ︽ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︾ ︽ᠤᠯᠤᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ︾ | ᠪᠠᠷ ᠯᠠᠪᠯᠠᠯᠲᠠ ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠲᠣᠰ ᠠᠷᠭ᠎ᠠ ᠶᠢ ᠲᠣᠭᠲᠠᠭᠠᠪᠠ ᠃ | ᠬᠤᠶᠠᠳᠤᠭᠠᠷ ᠵᠦᠢᠯ ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ | ᠮᠠᠭᠠᠳᠯᠠᠨ ᠲᠣᠭᠲᠠᠭᠠᠬᠤ ᠂ ᠦᠨᠡᠯᠡᠬᠦ ᠂ ᠬᠠᠮᠢᠶᠠᠷᠬᠤ ᠳᠤ ᠬᠡᠷᠡᠭᠯᠡᠭᠳᠡᠨ᠎ᠡ ᠃ | ᠭᠤᠷᠪᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ ︾ ᠠᠵᠢᠯᠯᠠᠭ᠎ᠠ ᠪᠠᠷ ᠳᠠᠭᠠᠭᠤᠯᠤᠭᠴᠢ ᠪᠣᠯᠭᠠᠵᠦ ᠂ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠨ ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠠᠬᠤᠢ ᠶᠢ | ᠢᠳᠡᠪᠬᠢᠲᠡᠢ ᠪᠣᠶ ᠪᠣᠯᠭᠠᠵᠤ ᠂ ᠣᠲᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ | ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠪᠠ ᠴᠢᠨᠠᠷ ᠰᠠᠶᠢᠲᠠᠢ | ᠬᠥᠭᠵᠢᠯᠲᠡ ᠶᠢᠨ ᠤᠷᠢᠳᠠᠴᠢ ᠣᠷᠣᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠃ | ᠬᠤᠶᠠᠳᠤᠭᠠᠷ ᠪᠦᠯᠦᠭ ᠮᠠᠭᠠᠳᠯᠠᠨ ᠲᠣᠭᠲᠠᠭᠠᠬᠤ | ᠳᠥᠷᠪᠡᠳᠦᠭᠡᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠳᠤ ᠳᠣᠣᠷᠠᠬᠢ ᠨᠥᠬᠦᠴᠡᠯ ᠳᠤ ᠨᠡᠶᠢᠴᠡᠭᠦ ᠬᠡᠷᠡᠭᠲᠡᠢ᠄ | ︵ ᠨᠢᠭᠡ︶ ᠰᠠᠭᠤᠷᠢ ᠨᠥᠬᠦᠴᠡᠯ ᠨᠢ ᠪᠦᠷᠢᠨ ᠲᠡᠭᠦᠯᠳᠡᠷ ᠪᠠᠶᠢᠬᠤ ᠬᠡᠷᠡᠭᠲᠡᠢ ᠃ | 1. ᠠᠶᠢᠮᠠᠭ ᠬᠤᠲᠠ ᠶᠢᠨ ᠬᠡᠪᠴᠢᠶᠡᠨ ᠳᠠᠬᠢ ᠰᠢᠨ᠎ᠡ ᠶᠢ ᠡᠭᠦᠳᠬᠦ ᠡᠬᠢ ᠪᠠᠶᠠᠯᠢᠭ ᠂ ᠠᠵᠤ ᠦᠢᠯᠡᠰ ᠤᠨ ᠬᠥᠭᠵᠢᠯᠲᠡ ᠪᠠᠷ ᠬᠠᠮᠤᠭ ᠤᠨ ᠰᠠᠶᠢᠨ ᠪᠣᠯᠬᠤ | ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠠᠷᠢᠶᠠᠯᠠᠭᠳᠠᠭᠰᠠᠨ ᠪᠠᠶᠢᠬᠤ︔ | 2. ᠪᠠᠶᠢᠭ᠎ᠠ ᠠᠶᠢᠮᠠᠭ ᠬᠤᠲᠠ ᠶᠢᠨ ᠢᠶᠠᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ︔ | 3. ᠭᠠᠵᠠᠷ ᠰᠢᠷᠣᠢ ᠶᠢ ᠠᠷᠪᠢᠲᠠᠢ ᠪᠥᠭᠡᠳ ᠡᠷᠴᠢᠮᠯᠢᠭ ᠠᠰᠢᠭᠯᠠᠬᠤ ᠵᠡᠷᠭᠡ ᠶᠢᠨ ᠲᠤᠬᠠᠢ ᠤᠯᠤᠰ ᠤᠨ ᠱᠠᠭᠠᠷᠳᠠᠯᠭ᠎ᠠ ᠳᠤ ᠨᠡᠶᠢᠴᠡᠵᠦ ᠂ ᠭᠠᠵᠠᠷ ᠬᠡᠷᠡᠭᠯᠡᠬᠦ | ᠪᠠᠶᠢᠷᠢᠰᠢᠭᠤᠯᠤᠯ ᠨᠢ ᠲᠥᠪᠯᠡᠷᠡᠩᠭᠦᠢ ᠂ ᠬᠡᠪᠴᠢᠶ᠎ᠡ ᠪᠠ ᠭᠠᠵᠠᠷ ᠰᠢᠷᠣᠢ ᠠᠰᠢᠭᠯᠠᠬᠤ ᠪᠦᠲᠦᠴᠡ ᠨᠢ ᠵᠦᠢ ᠵᠣᠬᠢᠰᠲᠠᠢ ᠂ ᠳᠥᠷᠪᠡᠨ ᠵᠠᠬ᠎ᠠ ᠶᠢᠨ ᠬᠡᠪᠴᠢᠶ᠎ᠡ ᠨᠢ ᠲᠣᠳᠣᠷᠬᠠᠢ ᠂ | ᠬᠥᠭᠵᠢᠯᠲᠡ ᠶᠢᠨ ᠣᠷᠣᠨ ᠵᠠᠢ ᠨᠢ ᠬᠠᠩᠭᠠᠯᠲᠠ ᠲᠠᠢ ᠂ ᠰᠠᠭᠤᠷᠢ ᠪᠡᠯᠡᠳᠬᠡᠮᠵᠢ ᠶᠢᠨ ᠲᠦᠬᠦᠷᠵᠢᠭᠦᠯᠦᠯᠲᠡ ᠨᠢ ᠲᠡᠭᠦᠯᠳᠡᠷ ᠂ ᠠᠵᠤ ᠦᠢᠯᠡᠰ ᠪᠠ ᠬᠤᠲᠠ ᠶᠢ | ᠠᠭᠤᠰᠤᠯᠴᠠᠭᠤᠯᠬᠤ ᠲᠥᠯᠦᠪᠵᠢᠭᠦᠯᠭᠡ ᠨᠢ ᠰᠢᠨᠵᠢᠯᠡᠬᠦ ᠤᠬᠠᠭᠠᠨᠴᠢ ᠪᠠᠶᠢᠵᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠭᠡᠢ ᠪᠠᠶᠢᠬᠤ︔ | 4. ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠶᠤᠯ ᠦᠭᠡᠢ ᠦᠢᠯᠡᠳᠪᠦᠷᠢᠯᠡᠯ ᠵᠡᠷᠭᠡ ᠶᠢᠨ ᠱᠠᠭᠠᠷᠳᠠᠯᠭ᠎ᠠ ᠳᠤ ᠨᠡᠶᠢᠴᠡᠵᠦ ᠂ ᠣᠶᠢᠷ᠎ᠠ ᠶᠢᠨ | ᠭᠤᠷᠪᠠᠨ ᠵᠢᠯ ᠳᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠂ ᠦᠢᠯᠡᠳᠪᠦᠷᠢᠯᠡᠯ ᠤᠨ ᠠᠮᠤᠷ ᠲᠦᠪᠰᠢᠨ ᠤ ᠲᠠᠯ᠎ᠠ ᠪᠠᠷ ᠬᠦᠨᠳᠦ ᠣᠨᠴᠠ ᠶᠡᠭᠡ ᠠᠳᠡᠯ ᠭᠠᠷᠤᠭᠰᠠᠨ | ᠦᠭᠡᠢ ᠪᠠᠶᠢᠬᠤ ᠃ | ︵ ᠬᠤᠶᠠᠷ︶ ᠠᠵᠤ ᠦᠢᠯᠡᠰ ᠤᠨ ᠳᠠᠪᠠᠭᠤᠯᠢᠭ ᠢᠶᠠᠷ ᠲᠣᠪᠣᠶᠢᠮ᠎ᠠ ᠪᠠᠶᠢᠬᠤ ᠬᠡᠷᠡᠭᠲᠡᠢ ᠃ | 1. ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ | ᠲᠦᠪᠰᠢᠨ ᠠᠴᠠ ᠳᠡᠭᠡᠭᠦᠷ ᠪᠠᠶᠢᠬᠤ︔ | 2. ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠳᠠᠬᠢ ᠭᠤᠣᠯᠯᠠᠬᠤ ᠠᠵᠤ ᠦᠢᠯᠡᠰ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠶᠢᠨ | ᠡᠵᠡᠯᠡᠬᠦ ᠬᠠᠷᠢᠴᠠᠯ ᠨᠢ 70 % ᠠᠴᠠ ᠳᠣᠣᠷ᠎ᠠ ᠪᠢᠰᠢ ︔ | 3. ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ ᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠨᠢ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠶᠢᠨ 30 % ᠠᠴᠠ ᠳᠡᠭᠡᠭᠰᠢᠬᠢ ᠶᠢ | ᠡᠵᠡᠯᠡᠭᠰᠡᠨ ᠪᠥᠭᠡᠳ ᠵᠢᠯ ᠳᠠᠷᠠᠭᠠᠯᠠᠨ ᠨᠡᠮᠡᠭᠳᠡᠭᠰᠡᠨ ᠪᠠᠶᠢᠬᠤ ᠃ | ︵ ᠭᠤᠷᠪᠠ︶ ᠰᠢᠨ᠎ᠡ ᠶᠢ ᠡᠭᠦᠳᠬᠦ ᠲᠣᠭᠲᠠᠯᠴᠠᠭ᠎ᠠ ᠨᠢ ᠲᠡᠭᠦᠯᠳᠡᠷᠵᠢᠭᠰᠡᠨ ᠪᠠᠶᠢᠬᠤ ᠬᠡᠷᠡᠭᠲᠡᠢ ᠃ | 1.ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠨᠢ ᠪᠠᠶᠢᠭ᠎ᠠ ᠠᠶᠢᠮᠠᠭ ᠬᠤᠲᠠ ᠶᠢᠨ ᠨᠡᠮᠡᠭᠳᠡᠯ ᠤᠨ ᠬᠢᠷᠢ ᠲᠦᠪᠰᠢᠨ ᠠᠴᠠ | ᠳᠡᠭᠡᠭᠦᠷ ᠪᠠᠶᠢᠬᠤ ︔ | 2. ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ | ᠲᠤᠭ᠎ᠠ ᠬᠡᠮᠵᠢᠶ᠎ᠡ ᠨᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠶᠡᠷᠦᠩᠬᠡᠢ ᠲᠣᠭᠠᠨ ᠤ 30 % ᠠᠴᠠ ᠳᠡᠭᠡᠭᠰᠢᠬᠢ ᠶᠢ ᠡᠵᠡᠯᠡᠭᠰᠡᠨ ᠪᠠᠶᠢᠬᠤ︔ | 3. ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠴᠢ ᠲᠡᠭᠦᠨ ᠠᠴᠠ ᠳᠡᠭᠡᠭᠰᠢᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ | ᠪᠤᠶᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠨᠢ 20 ᠠᠴᠠ ᠢᠯᠡᠭᠦᠦ ᠪᠣᠯᠵᠤ ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠲᠠᠢ ᠂ ᠤᠯᠤᠰ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ | ᠲᠥᠷᠥᠯ ᠵᠦᠢᠯ ᠢ ᠳᠠᠭᠠᠭᠠᠨ ᠡᠭᠦᠷᠭᠡᠯᠡᠬᠦ ᠴᠢᠳᠠᠪᠤᠷᠢ ᠲᠠᠢ ᠪᠠᠶᠢᠬᠤ ︔ | 4. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ | ᠣᠷᠣᠨ ᠵᠠᠢ ᠵᠡᠷᠭᠡ ᠰᠢᠨ᠎ᠡ ᠶᠢ ᠡᠭᠦᠳᠦᠨ ᠦᠢᠯᠡᠰ ᠴᠣᠭᠴᠠᠯᠠᠵᠤ ᠨᠡᠪᠴᠢᠭᠦᠯᠬᠦ ᠠᠴᠢᠶᠠᠯᠠᠪᠤᠷᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠳᠤ ᠦᠢᠯᠡᠴᠢᠯᠡᠬᠦ ᠪᠡᠯᠡ ᠣᠷᠣᠭᠤᠯᠵᠤ ᠲᠣᠬᠢᠷᠠᠭᠤᠯᠬᠤ ᠪᠠᠶᠢᠭᠤᠯᠤᠮᠵᠢ ᠪᠠᠶᠢᠭᠤᠯᠤᠭᠰᠠᠨ ᠪᠠᠶᠢᠬᠤ︔ | 5. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ ᠂ ᠲᠦᠮᠡᠨ | ᠬᠥᠮᠥᠨ ᠪᠦᠷᠢ ᠶᠢᠨ ᠪᠦᠲᠦᠮᠵᠢᠲᠡᠶ ᠡᠭᠦᠳᠦᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ ᠨᠢ ᠪᠠᠶᠢᠭ᠎ᠠ ᠠᠶᠢᠮᠠᠭ ᠬᠤᠲᠠ ᠶᠢᠨ ᠳᠤᠮᠳᠠᠴᠢ ᠬᠡᠮᠵᠢᠭᠳᠡᠯ ᠠᠴᠠ | ᠥᠨᠳᠥᠷ ᠪᠠᠶᠢᠬᠤ ︔ | 6. ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠂ ᠶᠡᠭᠡ ᠳᠡᠭᠡᠳᠦ ᠰᠤᠷᠭᠠᠭᠤᠯᠢ ᠯᠤᠭ᠎ᠠ ᠤᠷᠳᠤ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ ᠂ ᠭᠠᠳᠠᠨᠠᠬᠢ ᠯᠤᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠪᠠ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠤᠯ ᠤᠨ ᠬᠠᠮᠲᠤᠷᠠᠯᠴᠠᠭ᠎ᠠ ᠬᠥᠭᠵᠢᠶᠡᠨᠲᠡᠢ ᠪᠠᠶᠢᠬᠤ ᠃ | ︵ ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠬᠦᠴᠦᠨ ᠲᠡᠭᠦᠯᠳᠡᠷ ᠪᠠᠶᠢᠬᠤ ᠬᠡᠷᠡᠭᠲᠡᠢ ᠃ | 1. ᠪᠠᠶᠢᠭ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠤᠨ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠤᠭᠰᠠᠨ ᠪᠠᠶᠢᠬᠤ ᠬᠡᠷᠡᠭᠲᠡᠢ ᠃ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠵᠠᠰᠠᠭ ᠤᠨ ᠣᠷᠳᠣᠨ ᠲᠦᠷᠦᠭᠦᠯᠡᠨ ᠬᠠᠷᠢᠭᠤᠴᠠᠵᠤ ᠂ | ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠭᠰᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ | ᠪᠦᠷᠢᠯᠳᠦᠭᠦᠯᠵᠦ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠡᠭᠦᠳᠦᠯᠲᠡ ᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠡᠶᠢᠲᠡᠯᠡᠵᠦ ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠰᠢᠨ᠎ᠡ ᠶᠢ ᠡᠭᠦᠳᠬᠦ ᠡᠬᠢ ᠪᠠᠶᠠᠯᠢᠭ ᠢ ᠪᠥᠭᠡᠮᠨᠡᠷᠡᠭᠦᠯᠦᠨ ᠂ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠢ ᠤᠷᠢᠳ ᠢᠶᠠᠷ ᠪᠠᠶᠢᠷᠢᠰᠢᠭᠤᠯᠵᠤ ᠬᠥᠭᠵᠢᠭᠦᠯᠦᠭᠰᠡᠨ ᠪᠠᠶᠢᠬᠤ︔ | 2. ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠪᠦᠷᠢᠨ ᠲᠥᠬᠦᠷ ᠂ ᠲᠣᠬᠢᠷᠠᠭᠤᠯᠤᠯᠲᠠ ᠨᠢ ᠰᠢᠨᠵᠢᠯᠡᠬᠦ ᠤᠬᠠᠭᠠᠨᠴᠢ ᠂ | ᠴᠣᠮᠬᠠᠳᠬᠠᠭᠰᠠᠨ ᠪᠠ ᠥᠨᠳᠥᠷ ᠪᠦᠲᠦᠮᠵᠢᠲᠡᠶ ᠂ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠨᠢ ᠲᠣᠳᠣᠷᠬᠠᠢ ᠂ ᠥᠨᠳᠥᠷ ᠬᠡᠪ ᠪᠣᠯᠪᠠᠰᠤᠷᠠᠯ ᠲᠠᠢ ᠂ ᠲᠤᠰᠬᠠᠶᠢᠵᠢᠭᠰᠠᠨ | ᠬᠠᠮᠢᠶᠠᠷᠤᠯᠲᠠ ᠶᠢᠨ ᠡᠩᠨᠡᠭᠡ ᠲᠠᠢ ᠪᠠᠶᠢᠬᠤ ᠃ ᠬᠠᠮᠢᠶᠠᠷᠤᠯᠲᠠ ᠶᠢᠨ ᠳᠦᠷᠢᠮ ᠨᠢ ᠪᠦᠷᠢᠨ ᠲᠥᠬᠦᠷ ᠂ ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ | ᠪᠣᠳᠠᠲᠠᠶᠢᠵᠢᠭᠰᠠᠨ ᠂ ᠬᠠᠮᠢᠶᠠᠷᠤᠯᠲᠠ ᠶᠢᠨ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠵᠤ ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠪᠠ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠭᠤᠣᠯ ᠴᠣᠭᠴᠠ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ ᠴᠢᠳᠠᠭᠰᠠᠨ ᠪᠠᠶᠢᠬᠤ︔ | 3. ︽ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︾ ︵ ᠥᠪᠥᠷ ᠵᠠᠰᠠᠭ ᠲᠠᠷᠬᠠᠭᠠᠭᠰᠠᠨ 〔 2021 〕 | 13 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠂ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠵᠣᠬᠢᠬᠤ ᠬᠠᠮᠢᠶᠠᠷᠤᠯᠲᠠ ᠶᠢᠨ | ᠡᠷᠬᠡ ᠮᠡᠳᠡᠯ ᠢᠶᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠲᠠᠯᠪᠢᠨ ᠥᠭᠴᠦ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠡᠶ᠎ᠡ ᠪᠠᠨ ᠳᠠᠭᠠᠭᠠᠭᠰᠠᠨ | ᠬᠠᠮᠢᠶᠠᠷᠤᠯᠲᠠ ᠶᠢᠨ ᠲᠣᠭᠲᠠᠴᠠ ᠪᠠᠶᠢᠭᠤᠯᠬᠤ ᠶᠢ ᠠᠬᠢᠭᠤᠯᠤᠨ ᠂ ᠰᠢᠨ᠎ᠡ ᠶᠢ ᠡᠭᠦᠳᠬᠦ ᠪᠠ ᠡᠵᠡᠩᠨᠡᠨ ᠬᠤᠳᠠᠯᠳᠤᠭᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ | ᠪᠣᠯᠭᠠᠵᠤ ᠂ ︽ᠲᠠᠯᠪᠢᠬᠤ ᠬᠠᠮᠢᠶᠠᠷᠬᠤ ᠦᠢᠯᠡᠴᠢᠯᠡᠬᠦ ︾ ᠠᠵᠢᠯ ᠢ ᠪᠣᠳᠠᠲᠠᠶᠢᠵᠢᠭᠤᠯᠤᠭᠰᠠᠨ ᠪᠠᠶᠢᠬᠤ ᠃ | ᠲᠠᠪᠤᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | ︵ ᠨᠢᠭᠡ︶ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ | ᠪᠠᠶᠢᠭᠤᠯᠬᠤ ᠪᠠᠷ ᠭᠤᠶᠤᠴᠢᠯᠠᠭᠰᠠᠨ ᠪᠢᠴᠢᠭ ᠮᠠᠲ᠋ᠧᠷᠢᠶᠠᠯ ᠃ | ︵ ᠬᠤᠶᠠᠷ︶ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠦᠨᠳᠦᠰᠦᠨ ᠪᠠᠶᠢᠳᠠᠯ ᠂ ᠡᠭᠦᠨ ᠳᠤ ᠦᠨᠳᠦᠰᠦᠨ ᠨᠥᠬᠦᠴᠡᠯ ᠂ ᠠᠵᠤ ᠦᠢᠯᠡᠰ ᠤᠨ ᠳᠠᠪᠠᠭᠤᠯᠢᠭ ᠂ | ᠰᠢᠨ᠎ᠡ ᠶᠢ ᠡᠭᠦᠳᠬᠦ ᠲᠣᠭᠲᠠᠯᠴᠠᠭ᠎ᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ ᠃ | ︵ ᠭᠤᠷᠪᠠ︶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ︵ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠᠭᠲᠠᠨ᠎ᠠ︶᠂ ᠡᠭᠦᠨ ᠳᠤ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠂ ᠶᠡᠷᠦᠩᠬᠡᠢ | ᠰᠡᠳᠬᠢᠴᠡ ᠪᠠ ᠬᠠᠷᠠᠯᠲᠠ ᠶᠢᠨ ᠪᠠᠶᠢᠷᠢ ᠲᠣᠭᠲᠠᠭᠠᠯᠲᠠ ᠂ ᠭᠤᠣᠯᠳᠠᠯᠭ᠎ᠠ ᠲᠠᠢ ᠡᠭᠦᠷᠭᠡ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ ᠃ | ︵ ᠳᠥᠷᠪᠡ︶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠳᠤ ᠬᠥᠭᠵᠢᠯᠲᠡ ᠶᠢᠨ ᠪᠠᠶᠢᠷᠢ | ᠲᠣᠭᠲᠠᠭᠠᠯᠲᠠ ᠂ ᠭᠤᠣᠯ ᠬᠠᠷᠠᠯᠲᠠ ᠂ ᠪᠦᠲᠦᠭᠡᠨ ᠪᠠᠶᠢᠭᠤᠯᠤᠯᠲᠠ ᠶᠢᠨ ᠰᠡᠳᠬᠢᠮᠵᠢ ᠂ ᠪᠣᠳᠠᠲᠠᠢ ᠠᠷᠭ᠎ᠠ ᠬᠡᠮᠵᠢᠶ᠎ᠡ ᠂ ᠬᠠᠮᠢᠶᠠᠷᠤᠯᠲᠠ ᠶᠢᠨ ᠪᠠᠶᠢᠭᠤᠯᠤᠯ ᠂ ᠠᠵᠢᠯᠯᠠᠭᠠᠨ ᠤ | ᠲᠣᠭᠲᠠᠴᠠ ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠵᠡᠷᠭᠡ ᠪᠠᠭᠲᠠᠨ᠎ᠠ ᠃ | ︵ ᠲᠠᠪᠤ︶ ᠪᠤᠰᠤᠳ ᠬᠠᠮᠢᠶ᠎ᠠ ᠪᠦᠬᠦᠢ ᠳᠠᠭᠠᠯᠳᠤᠭᠤᠯᠤᠯ᠄ | 1. ᠬᠦᠷᠢᠶᠡᠯᠡᠩ ᠲᠣᠭᠤᠷᠢᠭ ᠪᠠᠶᠢᠭᠤᠯᠬᠤ ᠲᠠᠯ᠎ᠠ ᠶᠢᠨ ᠬᠤᠯᠪᠣᠭᠳᠠᠯ ᠪᠦᠬᠦᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ︔ | 2. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ ᠂ ᠭᠠᠵᠠᠷ | ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠥᠯᠦᠪᠵᠢᠭᠦᠯᠭᠡ ᠪᠠ ᠬᠤᠲᠠ ᠶᠢᠨ ᠶᠡᠷᠦᠩᠬᠡᠢ ᠲᠥᠯᠦᠪᠵᠢᠭᠦᠯᠭᠡ︶᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠥᠯᠦᠪᠵᠢᠭᠦᠯᠭᠡ ᠳᠤ ᠨᠡᠶᠢᠴᠡᠭᠰᠡᠨ ᠭᠡᠷᠡᠴᠢ ᠮᠠᠲ᠋ᠧᠷᠢᠶᠠᠯ ᠢ ᠭᠠᠷᠭᠠᠵᠤ ᠦᠵᠡᠭᠦᠯᠭᠦ︔ | 3. ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶᠡᠨ ᠤ ᠪᠢᠴᠢᠭ ᠮᠠᠲ᠋ᠧᠷᠢᠶᠠᠯ ︔ | 4. ᠪᠠᠶᠢᠭᠤᠯᠬᠤ ᠪᠠᠷ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠂ ᠰᠢᠨ᠎ᠡ ᠶᠢ ᠡᠭᠦᠳᠬᠦ ᠲᠠᠪᠴᠠᠩ ᠂ ᠰᠤᠳᠤᠯᠤᠨ ᠨᠡᠭᠡᠭᠡᠬᠦ ᠪᠠᠶᠢᠭᠤᠯᠤᠮᠵᠢ ᠂ ᠰᠢᠨ᠎ᠡ ᠶᠢ | ᠡᠭᠦᠳᠬᠦ ᠨᠡᠪᠴᠢᠭᠦᠯᠦᠭᠡ ᠶᠢᠨ ᠠᠴᠢᠶᠠᠯᠠᠪᠤᠷᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢᠨ ᠲᠣᠳᠣᠷᠬᠠᠢ ᠬᠠᠭᠤᠳᠠᠰᠤ ︔ | 5. ᠬᠦᠷᠢᠶᠡᠯᠡᠩ ᠲᠣᠭᠤᠷᠢᠭ ᠤᠨ ᠣᠶᠢᠷ᠎ᠠ ᠶᠢᠨ ᠭᠤᠷᠪᠠᠨ ᠵᠢᠯ ᠳᠠᠬᠢ ᠭᠤᠣᠯ ᠪᠣᠯᠬᠤ ᠠᠵᠤ ᠠᠬᠤᠢ ᠶᠢᠨ ᠬᠥᠭᠵᠢᠯᠲᠡ ᠪᠠ ᠰᠢᠨ᠎ᠡ ᠶᠢ ᠡᠭᠦᠳᠦᠭᠰᠡᠨ | ᠭᠦᠢᠴᠡᠳᠬᠡᠯ ᠲᠤᠭ᠎ᠠ ︔ | - 6. ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠃
| - ᠵᠢᠷᠭᠤᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠮᠠᠭᠠᠳᠯᠠᠨ ᠲᠣᠭᠲᠠᠭᠠᠬᠤ ᠳᠡᠰ ᠳᠠᠷᠠᠭᠠᠯᠠᠯ᠄
| - ︵ᠨᠢᠭᠡ︶ ᠪᠠᠶᠢᠭ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ
| - ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠂ ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠵᠤ ᠂ ᠲᠥᠷᠥ ᠶᠢᠨ ᠪᠣᠳᠣᠯᠭ᠎ᠠ ᠶᠢᠨ
| - ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠨᠡᠯᠢᠶᠡᠳ ᠪᠦᠷᠢᠨ ᠲᠡᠭᠦᠯᠳᠡᠷ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠳᠤ
| - ᠨᠡᠶᠢᠴᠡᠭᠰᠡᠨ ᠰᠠᠭᠤᠷᠢᠨ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠳᠤ ᠪᠦᠲᠦᠭᠡᠨ ᠪᠠᠶᠢᠭᠤᠯᠬᠤ ᠰᠠᠨᠠᠮᠵᠢ ᠪᠠᠨ
| | - ︵ ᠬᠤᠶᠠᠷ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ
| - ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠠᠮᠢ ᠠᠬᠤᠢ
| - ᠣᠷᠴᠢᠨ ᠲᠣᠭᠤᠷᠢᠨ ᠤ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠂
| - ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠪᠠᠶᠢᠭᠠᠳ ᠪᠦᠲᠦᠭᠡᠨ ᠪᠠᠶᠢᠭᠤᠯᠬᠤ ᠰᠠᠨᠠᠮᠵᠢ ᠳᠤᠷᠠᠳᠤᠭᠰᠠᠨ ᠬᠦᠷᠢᠶᠡᠯᠡᠩ ᠲᠣᠭᠤᠷᠢᠭ ᠲᠤ ᠬᠦᠷᠴᠦ
| - ᠰᠢᠨᠵᠢᠯᠡᠨ ᠪᠠᠶᠢᠴᠠᠭᠠᠯᠲᠠ ᠪᠠ ᠨᠤᠲᠠᠯᠠᠯᠲᠠ ᠬᠢᠵᠦ ᠂ ᠪᠦᠲᠦᠭᠡᠨ ᠪᠠᠶᠢᠭᠤᠯᠬᠤ ᠰᠠᠨᠠᠭᠤᠯᠭ᠎ᠠ ᠳᠤᠷᠠᠳᠤᠨ᠎ᠠ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ
| - ᠵᠠᠰᠠᠭ ᠤᠨ ᠣᠷᠳᠣᠨ ᠨᠢ ᠰᠢᠨᠵᠢᠯᠡᠨ ᠪᠠᠶᠢᠴᠠᠭᠠᠵᠤ ᠨᠤᠲᠠᠯᠠᠯᠲᠠ ᠬᠢᠭᠰᠡᠨ ᠰᠠᠨᠠᠯ ᠤᠨ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ
| - ᠪᠠ ᠬᠡᠷᠡᠭᠵᠢᠭᠦᠯᠬᠦ ᠲᠥᠰᠥᠯ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ
| - ᠮᠡᠷᠭᠡᠵᠢᠯ ᠤᠨ ᠲᠢᠩᠬᠢᠮ ᠳᠤ ᠮᠡᠳᠡᠭᠦᠯᠦᠨ᠎ᠡ ᠃
| - ︵ ᠭᠤᠷᠪᠠ︶ ᠪᠠᠶᠢᠭᠤᠯᠬᠤ ᠪᠠᠷ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢᠨ ᠲᠥᠯᠦᠪᠵᠢᠭᠦᠯᠭᠡ ᠂ ᠬᠡᠷᠡᠭᠵᠢᠭᠦᠯᠬᠦ ᠲᠥᠰᠥᠯ ᠢ
| - ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠂ ᠠᠶᠢᠮᠠᠭ ᠤᠨ ᠵᠠᠬᠢᠷᠭ᠎ᠠ ᠂
| - ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠠᠢ ᠬᠠᠮᠲᠤᠷᠠᠨ
| - ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠪᠦᠲᠦᠭᠡᠨ ᠪᠠᠶᠢᠭᠤᠯᠬᠤ ᠭᠤᠶᠤᠴᠢᠯᠠᠯ ᠳᠤᠷᠠᠳᠴᠤ ᠂ ᠥᠪᠡᠷᠲᠡᠭᠡᠨ ᠵᠠᠰᠠᠬᠤ ᠣᠷᠣᠨ ᠤ
| - ᠠᠷᠠᠳ ᠤᠨ ᠵᠠᠰᠠᠭ ᠤᠨ ᠣᠷᠳᠣᠨ ᠬᠢᠨᠠᠨ ᠬᠠᠷᠭᠤᠭᠤᠯᠵᠤ ᠪᠠᠲᠤᠯᠠᠬᠤ ᠶᠢᠨ ᠬᠠᠮᠲᠤ ᠴᠣᠬᠤᠯᠠᠪᠤᠷᠢᠯᠠᠨ᠎ᠠ ᠃
| - ᠭᠤᠷᠪᠠᠳᠤᠭᠠᠷ ᠪᠦᠯᠦᠭ ᠦᠨᠡᠯᠡᠯᠲᠡ ᠬᠢᠬᠦ
| - ᠳᠣᠯᠣᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠡᠷᠦᠩᠬᠡᠢ ᠬᠥᠭᠵᠢᠯᠲᠡ ᠶᠢᠨ ᠪᠠᠶᠢᠳᠠᠯ ᠤᠨ ᠣᠨ ᠤ ᠶᠡᠷᠦᠩᠬᠡᠶᠢᠯᠡᠭᠰᠡᠨ ᠦᠨᠡᠯᠡᠯᠲᠡ ᠶᠢᠨ
| - ᠳᠦᠷᠢᠮ ᠪᠠ ᠰᠢᠯᠢᠳᠡᠭ ᠢ ᠠᠬᠢᠭᠤᠯᠤᠨ ᠪᠣᠶᠢᠵᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ ᠃
| - ᠨᠠᠢᠮᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠦᠨᠡᠯᠡᠬᠦ ᠠᠵᠢᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠬᠠᠮᠲᠤ ᠪᠠᠷ
| - ᠬᠠᠷᠢᠭᠤᠴᠠᠵᠤ ᠂ ᠲᠣᠰ ᠲᠣᠰ ᠲᠤ ᠪᠠᠨ ᠬᠡᠷᠡᠭᠵᠢᠭᠦᠯᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠦᠨᠡᠯᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ
| - ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠢᠶᠠᠷ ᠲᠦᠷᠦᠭᠦᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ
| - ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ
| - ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠲᠤᠷᠠᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠳᠡᠭᠡᠳᠦ ᠰᠢᠨ᠎ᠡ ᠮᠡᠷᠭᠡᠵᠢᠯ ᠤᠨ
| - ᠲᠣᠭᠤᠷᠢᠭ ᠲᠤ ᠦᠨᠡᠯᠡᠯᠲᠡ ᠬᠢᠯᠬᠡᠬᠦ ᠬᠡᠷᠡᠭᠲᠡᠢ ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠦᠨᠡᠯᠡᠬᠦ ᠠᠵᠢᠯ ᠳᠠᠬᠢ ᠠᠶᠢᠮᠠᠭ ᠬᠤᠲᠠ ᠶᠢᠨ ᠭᠤᠣᠯ ᠴᠣᠭᠴᠠ ᠶᠢᠨ
| - ᠦᠢᠯᠡᠳᠦᠯ ᠢ ᠭᠦᠢᠴᠡᠳ ᠪᠠᠳᠠᠷᠠᠭᠤᠯᠵᠤ ᠂ ᠠᠶᠢᠮᠠᠭ ᠬᠤᠲᠠ ᠠᠴᠠ ᠲᠣᠭᠲᠠᠮᠠᠯ ᠬᠤᠭᠤᠴᠠᠭ᠎ᠠ ᠲᠠᠢ ᠪᠠᠷ ᠲᠣᠰ ᠵᠠᠰᠠᠭ ᠵᠠᠬᠢᠷᠭᠠᠨ ᠤ ᠣᠷᠣᠨ ᠳᠠᠬᠢ ᠳᠡᠭᠡᠳᠦ ᠰᠢᠨ᠎ᠡ
| - ᠮᠡᠷᠭᠡᠵᠢᠯ ᠤᠨ ᠲᠣᠭᠤᠷᠢᠭ ᠲᠤ ᠦᠨᠡᠯᠡᠯᠲᠡ ᠬᠢᠬᠦ ᠬᠡᠷᠡᠭᠲᠡᠢ ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠶᠢ ᠡᠭᠦᠳᠬᠦ ᠵᠢᠭᠠᠯᠲᠠ ᠲᠣᠭᠠᠨ ᠤ ᠣᠨ ᠤ
| - ᠨᠡᠮᠡᠭᠳᠡᠯ ᠤᠨ ᠪᠠᠶᠢᠳᠠᠯ ᠪᠠ ᠪᠠᠶᠢᠭ᠎ᠠ ᠠᠶᠢᠮᠠᠭ ᠬᠤᠲᠠ ᠶᠢᠨ ᠢᠶᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠣᠷᠣᠰᠢᠵᠤ ᠪᠠᠶᠢᠭ᠎ᠠ ᠣᠷᠣᠨ
| - ᠪᠠᠶᠢᠷᠢ ᠶᠢᠨ ᠬᠤᠪᠢᠷᠠᠯᠲᠠ ᠶᠢᠨ ᠲᠤᠬᠠᠢ ᠦᠨᠡᠯᠡᠯᠲᠡ ᠶᠢ ᠴᠢᠬᠤᠯᠠᠴᠢᠯᠠᠵᠤ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠲᠤᠬᠠᠢ ᠶᠢᠨ ᠭᠠᠵᠠᠷ ᠤᠨ ᠬᠦᠷᠢᠶᠡᠯᠡᠩ
| - ᠲᠣᠭᠤᠷᠢᠭ ᠤᠨ ᠢᠶᠠᠨ ᠡᠮᠦᠨᠡᠭᠦᠷ ᠨᠢ ᠵᠢᠭᠰᠠᠵᠤ ᠂ ᠥᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠢ ᠃
| - ᠶᠢᠰᠦᠳᠦᠭᠡᠷ ᠵᠦᠢᠯ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠳᠤ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠂ ᠪᠦᠲᠦᠴᠡ ᠶᠢ ᠰᠢᠯᠢᠳᠡᠭᠵᠢᠭᠦᠯᠬᠦ
| - ᠴᠢᠳᠠᠪᠤᠷᠢ ᠬᠢᠭᠡᠳ ᠪᠣᠬᠢᠷᠳᠤᠯ ᠦᠭᠡᠢ ᠪᠠᠷ ᠬᠥᠭᠵᠢᠭᠦᠯᠬᠦ ᠬᠢᠷᠢ ᠲᠦᠪᠰᠢᠨ ᠂ ᠨᠡᠭᠡᠭᠡᠯᠲᠡ ᠬᠢᠵᠦ ᠬᠠᠮᠲᠤᠷᠠᠯᠴᠠᠨ ᠰᠢᠨ᠎ᠡ ᠶᠢ ᠡᠭᠦᠳᠬᠦ ᠴᠢᠳᠠᠪᠤᠷᠢ ᠂ ᠰᠢᠨᠵᠢᠯᠡᠬᠦ ᠤᠬᠠᠭᠠᠨ
| - ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠬᠡᠮᠡᠬᠦ ᠳᠥᠷᠪᠡᠨ ᠲᠠᠯ᠎ᠠ ᠪᠠᠭᠲᠠᠨ᠎ᠠ ᠂ ᠦᠨᠡᠯᠡᠬᠦ ᠭᠦᠢᠴᠡᠳᠬᠡᠯ ᠲᠣᠭᠠᠨ ᠤ ᠶᠡᠷᠦᠩᠬᠡᠢ ᠡᠵᠡᠯᠡᠬᠦ ᠬᠤᠪᠢᠳᠠᠯ ᠨᠢ
| - 100 ᠂ ᠵᠣᠬᠢᠴᠠᠯᠳᠤᠬᠤ ᠶᠡᠷᠦᠩᠬᠡᠢ ᠬᠤᠪᠢ ᠨᠢ 100 ᠬᠤᠪᠢ ᠪᠣᠯᠣᠨ᠎ᠠ ᠃
| - ᠠᠷᠪᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠭᠦᠢᠴᠡᠳᠬᠡᠯ ᠲᠣᠭᠠᠨ ᠤ ᠲᠤᠭ᠎ᠠ ᠪᠠᠷᠢᠮᠲᠠ ᠳᠠᠬᠢ ᠡᠳᠦᠷ ᠲᠤᠲᠤᠮ ᠤᠨ ᠲᠤᠭ᠎ᠠ
| - ᠪᠦᠷᠢᠳᠬᠡᠯ ᠤᠨ ᠠᠵᠢᠯ ᠢ ᠰᠠᠶᠢᠲᠤᠷ ᠬᠢᠵᠦ ᠂ ᠪᠦᠷᠢᠳᠬᠡᠬᠦ ᠣᠷᠣᠨ ᠪᠦᠰᠡ ᠶᠢᠨ ᠬᠡᠪᠴᠢᠶ᠎ᠡ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠣᠳᠠᠲᠠᠢ ᠬᠠᠷᠢᠶ᠎ᠠ
| | - ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠭᠦᠢᠴᠡᠳᠬᠡᠯ ᠲᠣᠭᠠᠨ ᠤ ᠲᠤᠭ᠎ᠠ ᠪᠠᠷᠢᠮᠲᠠ ᠶᠢ ᠴᠤᠭᠯᠠᠭᠤᠯᠬᠤ ᠂
| - ᠬᠤᠷᠢᠶᠠᠩᠭᠤᠶᠢᠯᠠᠬᠤ ᠂ ᠲᠥᠰᠥᠭᠡᠯᠡᠨ ᠪᠣᠳᠣᠬᠤ ᠶᠢ ᠬᠠᠷᠢᠭᠤᠴᠠᠵᠤ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ
| - ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠨ ᠦᠨᠡᠯᠡᠨ ᠵᠢᠱᠢᠯᠲᠡ ᠬᠢᠯᠭᠡᠬᠦ ᠶᠢ ᠬᠠᠷᠢᠭᠤᠴᠠᠬᠤ ᠬᠡᠷᠡᠭᠲᠡᠢ ᠃ ᠡᠯ᠎ᠡ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠂
| - ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ
| - ᠲᠣᠪᠴᠢᠶ᠎ᠠ ᠳᠤ ᠭᠦᠢᠴᠡᠳᠬᠡᠯ ᠲᠣᠭᠠᠨ ᠤ ᠲᠤᠭ᠎ᠠ ᠪᠠᠷᠢᠮᠲᠠ ᠶᠢ ᠬᠠᠩᠭᠠᠬᠤ ᠶᠢᠨ ᠬᠠᠮᠲᠤ ᠂ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠲᠡᠢ ᠃
| - ᠠᠷᠪᠠᠨ ᠨᠢᠭᠡᠳᠦᠭᠡᠷ ᠵᠦᠢᠯ ᠦᠨᠡᠯᠡᠭᠰᠡᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ
| - ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠲᠤᠷᠠᠨ ᠬᠢᠨᠠᠨ ᠬᠠᠷᠭᠤᠭᠤᠯᠬᠤ ᠶᠢᠨ ᠬᠠᠮᠲᠤ ᠨᠡᠶᠢᠲᠡᠯᠡᠬᠦ ᠬᠡᠷᠡᠭᠲᠡᠢ ᠃
| - ᠳᠥᠷᠪᠡᠳᠦᠭᠡᠷ ᠪᠦᠯᠦᠭ ᠬᠠᠮᠢᠶᠠᠷᠤᠯᠲᠠ
| - ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠳᠡᠭᠡᠳᠦ ᠰᠢᠨ᠎ᠡ ᠮᠡᠷᠭᠡᠵᠢᠯ ᠤᠨ
| - ᠲᠣᠭᠤᠷᠢᠭ ᠤᠨ ᠰᠢᠰᠲ᠋ᠧᠮᠵᠢᠭᠦᠯᠦᠨ ᠬᠠᠮᠢᠶᠠᠷᠬᠤ ᠪᠠ ᠵᠣᠬᠢᠴᠠᠭᠤᠯᠤᠨ ᠵᠢᠯᠤᠭᠤᠳᠬᠤ ᠶᠢ ᠬᠠᠷᠢᠭᠤᠴᠠᠵᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ
| - ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠠᠮᠢ ᠠᠬᠤᠢ
365赢多少钱会被限额_国内有真正的365平台吗_365bet博彩官网
| - ᠣᠷᠴᠢᠨ ᠲᠣᠭᠤᠷᠢᠨ ᠤ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ
| - ᠮᠥᠴᠢᠷ ᠤᠳ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠵᠢᠯᠣᠭᠤᠳᠤᠯᠭ᠎ᠠ ᠬᠢᠬᠦ ᠪᠠ ᠳᠡᠮᠵᠢᠯᠭᠡ
| | - ᠠᠷᠪᠠᠨ ᠭᠤᠷᠪᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠭ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ
| - ᠣᠷᠳᠣᠨ ᠪᠣᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠭᠤᠣᠯ ᠴᠣᠭᠴᠠ ᠪᠣᠯᠣᠨ᠎ᠠ ᠂ ᠳᠡᠭᠡᠳᠦ ᠰᠢᠨ᠎ᠡ
| - ᠮᠡᠷᠭᠡᠵᠢᠯ ᠤᠨ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠂ ᠪᠦᠲᠦᠭᠡᠨ ᠪᠠᠶᠢᠭᠤᠯᠤᠯᠲᠠ ᠂ ᠬᠠᠮᠢᠶᠠᠷᠤᠯᠲᠠ ᠵᠡᠷᠭᠡ ᠠᠵᠢᠯ ᠢ ᠪᠣᠳᠠᠲᠠᠢ ᠬᠠᠷᠢᠭᠤᠴᠠᠵᠤ ᠂ ᠳᠡᠭᠡᠳᠦ ᠰᠢᠨ᠎ᠡ
| - ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢ ᠠᠬᠢᠭᠤᠯᠬᠤ ᠪᠣᠳᠠᠲᠠᠢ ᠬᠡᠷᠡᠭᠵᠢᠭᠦᠯᠬᠦ ᠲᠥᠰᠥᠯ ᠪᠠ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ ᠂ ᠳᠡᠭᠡᠳᠦ
| - ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠃
| - ᠥᠪᠡᠷᠲᠡᠭᠡᠨ ᠵᠠᠰᠠᠬᠤ ᠣᠷᠣᠨ ᠨᠢ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠨᠢᠭᠡ ᠲᠣᠭᠤᠷᠢᠭ ᠣᠯᠠᠨ ᠬᠦᠷᠢᠶᠡᠯᠡᠩ︾
| - ᠵᠡᠷᠭᠡ ᠵᠠᠭᠪᠤᠷ ᠢᠶᠠᠷ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠷᠢᠶ᠎ᠠ ᠬᠡᠪᠴᠢᠶ᠎ᠡ ᠪᠠ ᠬᠥᠭᠵᠢᠯᠲᠡ ᠶᠢᠨ ᠣᠷᠣᠨ
| - ᠵᠠᠢ ᠶᠢ ᠥᠷᠭᠡᠳᠬᠡᠵᠦ ᠂ ᠬᠤᠯᠪᠤᠭᠠᠯᠠᠨ ᠬᠥᠳᠡᠯᠦᠯᠴᠡᠵᠦ ᠬᠥᠭᠵᠢᠬᠦ ᠲᠣᠭᠲᠠᠴᠠ ᠶᠢ ᠪᠠᠶᠢᠭᠤᠯᠬᠤ ᠳᠤ ᠳᠡᠮᠵᠢᠯᠭᠡ ᠦᠵᠡᠬᠦᠯᠬᠦ ᠬᠡᠷᠡᠭᠲᠡᠢ ᠃ ᠠᠶᠢᠮᠠᠭ ᠤᠨ ᠵᠠᠬᠢᠷᠭ᠎ᠠ ᠂
| - ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠬᠢ ᠤᠷᠢᠳ ᠢᠶᠠᠷ
| - ᠬᠡᠷᠡᠭᠵᠢᠭᠦᠯᠵᠦ ᠤᠷᠢᠳ ᠢᠶᠠᠷ ᠲᠤᠷᠰᠢᠬᠤ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠬᠤ ᠬᠡᠷᠡᠭᠲᠡᠢ ᠃
| - ᠠᠷᠪᠠᠨ ᠳᠥᠷᠪᠡᠳᠦᠭᠡᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠯ ᠪᠦᠷᠢ ᠶᠢᠨ ᠰᠡᠭᠦᠯᠴᠢ ᠠᠴᠠ
| - ᠡᠮᠦᠨ᠎ᠡ ᠱᠠᠭᠠᠷᠳᠠᠯᠭ᠎ᠠ ᠶᠣᠰᠣᠭᠠᠷ ᠣᠨ ᠤ ᠠᠵᠢᠯ ᠤᠨ ᠮᠡᠳᠡᠭᠦᠯᠦᠯᠲᠡ ᠪᠠᠨ ᠨᠠᠶᠢᠷᠠᠭᠤᠯᠤᠨ ᠵᠣᠬᠢᠶᠠᠵᠤ ᠂ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠲᠧᠭᠨᠢᠭ
| - ᠮᠡᠷᠭᠡᠵᠢᠯ ᠤᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠨ ᠤ ᠲᠤᠭ᠎ᠠ ᠪᠦᠷᠢᠳᠬᠡᠯ ᠤᠨ
| - ᠴᠢᠬᠤᠯᠠ ᠲᠤᠭ᠎ᠠ ᠪᠠᠷᠢᠮᠲᠠ ᠲᠠᠢ ᠬᠠᠮᠲᠤ ᠳᠤ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠲᠤᠭ᠎ᠠ ᠪᠦᠷᠢᠳᠬᠡᠯ ᠤᠨ
| - ᠲᠣᠪᠴᠢᠶ᠎ᠠ ᠳᠤ ᠮᠡᠳᠡᠭᠦᠯᠬᠦ ᠬᠡᠷᠡᠭᠲᠡᠢ ᠃ ᠣᠨ ᠤ ᠠᠵᠢᠯ ᠤᠨ ᠮᠡᠳᠡᠭᠦᠯᠦᠯᠲᠡ ᠳᠤ ᠶᠡᠷᠦᠩᠬᠡᠢ ᠠᠬᠢᠴᠠ ᠂ ᠴᠢᠬᠤᠯᠠ ᠶᠡᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠂
| - ᠠᠵᠢᠯᠯᠠᠭᠠᠨ ᠤ ᠠᠮᠵᠢᠯᠲᠠ ᠪᠦᠲᠦᠮᠵᠢ ᠂ ᠲᠤᠷᠰᠢᠯᠭ᠎ᠠ ᠬᠢᠭᠡᠳ ᠠᠰᠠᠭᠤᠳᠠᠯ ᠵᠢᠴᠢ ᠢᠷᠡᠬᠦ ᠵᠢᠯ ᠤᠨ ᠭᠤᠣᠯᠳᠠᠯᠭ᠎ᠠ ᠪᠣᠯᠬᠤ ᠠᠵᠢᠯ ᠵᠡᠷᠭᠡ ᠪᠠᠭᠲᠠᠨ᠎ᠠ ᠃
| - ᠠᠷᠪᠠᠨ ᠲᠠᠪᠤᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠳᠡᠭᠡᠳᠦ ᠰᠢᠨ᠎ᠡ
| - ᠮᠡᠷᠭᠡᠵᠢᠯ ᠤᠨ ᠲᠣᠭᠤᠷᠢᠭ ᠤᠨ ᠦᠨᠡᠯᠡᠯᠲᠡ ᠶᠢᠨ ᠦᠷ᠎ᠡ ᠳ᠋ᠦᠩ ᠶᠣᠰᠣᠭᠠᠷ ᠂ ᠨᠡᠷᠡᠰ ᠤᠨ ᠵᠢᠭᠰᠠᠭᠠᠯᠲᠠ ᠳᠤ ᠡᠮᠦᠨᠡᠭᠦᠷ ᠵᠢᠭᠰᠠᠭᠠᠭᠳᠠᠭᠰᠠᠨ ᠂ ᠰᠢᠨ᠎ᠡ ᠶᠢ ᠡᠭᠦᠳᠬᠦ
| - ᠴᠢᠳᠠᠪᠤᠷᠢ ᠴᠢᠩᠭ᠎ᠠ ᠂ ᠬᠥᠭᠵᠢᠯᠲᠡ ᠶᠢᠨ ᠶᠠᠰᠤ ᠴᠢᠨᠠᠷ ᠥᠨᠳᠥᠷ ᠂ ᠠᠵᠤ ᠦᠢᠯᠡᠰ ᠤᠨ ᠣᠨᠴᠠᠯᠢᠭ ᠢᠯᠡᠷᠬᠡᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠤᠯᠤᠰ ᠤᠨ
| - ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠭᠠᠨ ᠲᠠᠰ ᠲᠡᠪᠰᠢᠬᠦᠯᠬᠦ ᠬᠡᠷᠡᠭᠲᠡᠢ ᠃ ᠦᠨᠡᠯᠡᠭᠰᠡᠨ ᠦᠷ᠎ᠡ ᠳ᠋ᠦᠩ ᠨᠢ ᠪᠥᠬᠦ ᠣᠷᠣᠨ ᠤ ᠨᠡᠷᠡᠰ ᠤᠨ
| - ᠵᠢᠭᠰᠠᠭᠠᠯᠲᠠ ᠳᠤ ᠬᠤᠶᠢᠭᠤᠷ ᠵᠢᠭᠰᠠᠭᠠᠭᠳᠠᠭᠰᠠᠨ ᠪᠥᠭᠡᠳ ᠬᠤᠪᠢ ᠨᠢ ᠨᠡᠯᠢᠶᠡᠳ ᠳᠣᠣᠷ᠎ᠠ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠵᠠᠷᠯᠢᠭᠳᠠᠵᠤ
| - ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠦᠨᠡᠯᠡᠭᠰᠡᠨ ᠦᠷ᠎ᠡ ᠳ᠋ᠦᠩ ᠨᠢ ᠵᠠᠯᠭᠠᠭ᠎ᠠ ᠪᠠᠷ ᠬᠤᠶᠠᠷ ᠤᠳᠠᠭ᠎ᠠ ᠪᠥᠬᠦ ᠣᠷᠣᠨ ᠤ
| - ᠬᠠᠮᠤᠭ ᠤᠨ ᠰᠡᠭᠦᠯ ᠳᠤ ᠵᠢᠭᠰᠠᠭᠠᠭᠳᠠᠭᠰᠠᠨ ᠪᠥᠭᠡᠳ ᠬᠤᠪᠢ ᠪᠠᠷ ᠨᠡᠯᠢᠶᠡᠳ ᠳᠣᠣᠷ᠎ᠠ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠪᠣᠯ ᠬᠤᠯᠪᠣᠭᠳᠠᠯ ᠪᠦᠬᠦᠢ
| - ᠲᠠᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠲᠡᠭᠦᠨ ᠤ ᠳᠡᠭᠡᠳᠦ ᠰᠢᠨ᠎ᠡ ᠮᠡᠷᠭᠡᠵᠢᠯ ᠤᠨ
| - ᠲᠣᠭᠤᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠪᠠᠷ ᠮᠡᠳᠡᠭᠦᠯᠬᠦ ᠬᠡᠷᠡᠭᠲᠡᠢ ᠃
| - ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ
| - ᠠᠷᠪᠠᠨ ᠵᠢᠷᠭᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ ᠃ ᠤᠤᠯ ᠤᠨ ︽ ᠳᠡᠭᠡᠳᠦ ᠰᠢᠨ᠎ᠡ
| - ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ
| - ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠥᠰᠥᠭ ﹇2003﹈ 114
| - ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃
| | ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ | ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ | ᠲᠣᠭᠠᠨ ᠤ ᠲᠠᠶᠢᠯᠪᠤᠷᠢ | | ᠳᠠᠭᠠᠯᠳᠤᠭᠤᠯᠤᠯ 1 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ | | | | | | | | | ᠳᠠᠭᠠᠯᠳᠤᠭᠤᠯᠤᠯ 2 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ 365赢多少钱会被限额_国内有真正的365平台吗_365bet博彩官网 | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠠᠶᠢᠯᠪᠤᠷᠢ | | | 1.1 ᠡᠵᠡᠩᠨᠡᠯᠲᠡ ᠶᠢᠨ ᠣᠷᠣᠯᠭ᠎ᠠ ᠳᠠᠬᠢ ᠰᠤᠳᠤᠯᠤᠨ ᠨᠡᠭᠡᠭᠡᠬᠦ ᠵᠠᠷᠤᠳᠠᠯ ᠤᠨ ᠳᠣᠲᠣᠭᠠᠳᠤ ᠵᠠᠷᠤᠯᠭ᠎ᠠ ᠶᠢᠨ ᠡᠵᠡᠯᠡᠬᠦ ᠬᠠᠷᠢᠴᠠᠯ | ᠪᠤᠳᠤᠬᠤ ᠲᠣᠮᠢᠶ᠎ᠠ᠄ ᠠᠵᠤ ᠠᠬᠤᠶᠢᠯᠠᠯ ᠤᠨ R& D ᠵᠠᠷᠤᠳᠠᠯ ᠤᠨ ᠳᠣᠲᠣᠭᠠᠳᠤ ᠵᠠᠷᠤᠯᠭ᠎ᠠ ᠶᠢᠨ ᠲᠣᠭᠠᠴᠠᠭ᠎ᠠ ᠬᠢᠭᠰᠡᠨ ᠥᠷᠲᠡᠭ / ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠳᠤ ᠣᠷᠣᠭᠤᠯᠤᠯᠲᠠ ᠬᠢᠬᠦ ᠬᠦᠴᠦᠯᠡᠴᠡ ᠶᠢ ᠬᠡᠮᠵᠢᠬᠦ ᠨᠡᠶᠢᠳᠡᠮ ᠬᠡᠷᠡᠭᠯᠡᠬᠦ | ᠭᠦᠢᠴᠡᠳᠬᠡᠯ ᠲᠤᠭ᠎ᠠ ᠂ ᠡᠨᠡ ᠨᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ | ᠴᠢᠬᠤᠯᠠᠴᠢᠯᠠᠵᠤ ᠪᠠᠶᠢᠭ᠎ᠠ ᠬᠡᠮᠵᠢᠶ᠎ᠡ ᠵᠢᠴᠢ ᠣᠷᠣᠭᠤᠯᠤᠯᠲᠠ ᠶᠢᠨ ᠴᠢᠳᠠᠪᠤᠷᠢ ᠶᠢ ᠲᠤᠰᠬᠠᠵᠤ ᠪᠠᠶᠢᠭ᠎ᠠ ᠶᠤᠮ ᠃ | 1.2 ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ | ᠡᠵᠡᠯᠡᠬᠦ ᠬᠠᠷᠢᠴᠠᠯ | ᠪᠣᠳᠣᠬᠤ ᠲᠣᠮᠢᠶ᠎ᠠ᠄ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ / ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ | × 100 % | ᠭᠦᠢᠴᠡᠳᠬᠡᠯ ᠲᠣᠭᠠᠨ ᠤ ᠲᠠᠶᠢᠯᠪᠤᠷᠢ᠄ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠭᠡᠳᠡᠭ ᠨᠢ ᠲᠤᠬᠠᠢ ᠶᠢᠨ ᠵᠢᠯ ᠤᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢ | ᠳᠡᠮᠵᠢᠬᠦ ᠳᠤ ᠬᠡᠷᠡᠭᠯᠡᠭᠰᠡᠨ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ ᠶᠢ ᠵᠢᠭᠠᠵᠤ ᠪᠤᠢ﹔ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠭᠡᠳᠡᠭ | ᠨᠢ ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠯᠠᠨ ᠨᠡᠶᠢᠲᠡ ᠶᠢᠨ ᠦᠢᠯᠡᠳᠬᠦᠨ ᠪᠠ ᠦᠢᠯᠡᠴᠢᠯᠡᠭᠡ ᠬᠠᠩᠭᠠᠵᠤ ᠂ ᠨᠡᠶᠢᠭᠡᠮ ᠤᠨ | ᠬᠠᠮᠲᠤ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠬᠢᠭᠰᠡᠨ ᠡᠳ᠋ ᠤᠨ ᠵᠠᠰᠠᠭ ᠤᠨ ᠪᠡᠯᠡ ᠮᠥᠩᠭᠦᠨ ᠤ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ〔 | ᠲᠤᠰᠠᠭᠠᠷ ᠨᠢᠭᠡ ᠱᠠᠲᠤᠨ ᠤ ᠡᠳ᠋ ᠤᠨ ᠵᠠᠰᠠᠭ ᠲᠤ ᠥᠯᠥ ᠬᠠᠷᠢᠶᠠᠯᠠᠭᠳᠠᠬᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠲᠡᠭᠦᠨ ᠤ ᠪᠠᠶᠢᠭ᠎ᠠ ᠬᠤᠰᠢᠭᠤ ᠰᠢᠶᠠᠨ ︵ | ᠬᠤᠲᠠ ᠂ ᠲᠣᠭᠤᠷᠢᠭ︶ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ ᠪᠠ ᠡᠩ ᠤᠨ | ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ 〕 ᠶᠢ ᠵᠢᠭᠠᠵᠤ ᠪᠣᠶ ᠃ ᠡᠨᠡ ᠨᠢ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠬᠤᠯᠠᠴᠢᠯᠠᠵᠤ ᠪᠠᠶᠢᠭ᠎ᠠ ᠬᠡᠮᠵᠢᠶ᠎ᠡ | ᠪᠠ ᠣᠷᠣᠭᠤᠯᠤᠯᠲᠠ ᠶᠢᠨ ᠡᠷᠴᠢᠮ ᠢ ᠲᠤᠰᠬᠠᠵᠤ ᠪᠠᠶᠢᠭ᠎ᠠ ᠶᠤᠮ ᠃ | 1.3 ᠨᠡᠪᠴᠢᠭᠦᠯᠬᠦ ᠲᠠᠯᠠᠪᠠᠶ ᠬᠢᠭᠡᠳ ᠮᠢᠩᠭᠠᠨ ᠲᠡᠭᠰᠢ ᠳᠥᠷᠪᠡᠯᠵᠢᠨ ᠮᠧᠲᠷ ᠪᠦᠷᠢ ᠶᠢᠨ ᠨᠡᠪᠴᠢᠭᠦᠯᠬᠦ ᠲᠠᠯᠠᠪᠠᠶ ᠳᠠᠬᠢ ᠨᠡᠪᠴᠢᠭᠦᠯᠬᠦ ᠠᠵᠤ ᠠᠬᠤᠶᠢᠯᠠᠯ ᠤᠨ | ᠲᠤᠭ᠎ᠠ | ᠪᠣᠳᠣᠬᠤ ᠲᠣᠮᠢᠶ᠎ᠠ᠄ ᠨᠡᠪᠴᠢᠭᠦᠯᠵᠦ ᠪᠠᠶᠢᠭ᠎ᠠ ᠠᠵᠤ ᠠᠬᠤᠶᠢᠯᠠᠯ ᠤᠨ ᠲᠤᠭ᠎ᠠ / ︵ ᠨᠡᠪᠴᠢᠭᠦᠯᠬᠦ ᠲᠠᠯᠠᠪᠠᠶ / 1000︶ | ᠭᠦᠢᠴᠡᠳᠬᠡᠯ ᠲᠣᠭᠠᠨ ᠤ ᠲᠠᠶᠢᠯᠪᠤᠷᠢ᠄ ᠨᠡᠪᠴᠢᠭᠦᠯᠬᠦ ᠲᠠᠯᠠᠪᠠᠶ ᠭᠡᠳᠡᠭ ᠨᠢ ᠮᠠᠭᠠᠳᠯᠠᠨ ᠲᠣᠭᠲᠠᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ | ᠠᠬᠤᠶᠢᠯᠠᠯ ᠤᠨ ᠨᠡᠪᠴᠢᠭᠦᠯᠦᠭᠦᠷ ᠤᠨ ᠪᠠᠷᠢᠯᠭ᠎ᠠ ᠶᠢᠨ ᠲᠠᠯᠠᠪᠠᠶ ᠶᠢ ᠵᠢᠭᠠᠵᠤ ᠪᠤᠢ ᠃ ᠨᠡᠪᠴᠢᠭᠦᠯᠵᠦ ᠪᠠᠶᠢᠭ᠎ᠠ ᠠᠵᠤ ᠠᠬᠤᠶᠢᠯᠠᠯ ᠤᠨ ᠲᠤᠭ᠎ᠠ ᠭᠡᠳᠡᠭ ᠨᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠳᠣᠲᠣᠭᠠᠳᠤ ᠳᠤ ᠨᠢ ᠡᠵᠡᠩᠨᠡᠬᠦ ᠶᠢᠨ ᠬᠠᠮᠲᠤ ᠲᠣᠰ ᠨᠡᠪᠴᠢᠭᠦᠯᠦᠭᠦᠷ ᠤᠨ ᠬᠠᠩᠭᠠᠭᠰᠠᠨ | ᠨᠡᠪᠴᠢᠭᠦᠯᠬᠦ ᠦᠢᠯᠡᠴᠢᠯᠡᠭᠡ ᠶᠢ ᠭᠥᠯᠢᠶᠡᠨ ᠠᠪᠬᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠵᠢᠭᠠᠵᠤ ᠪᠣᠶ ᠃ ᠡᠨᠡ ᠨᠢ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠲᠠᠯ᠎ᠠ ᠪᠠᠷ ᠬᠢ ᠨᠡᠪᠴᠢᠭᠦᠯᠬᠦ ᠴᠢᠳᠠᠪᠤᠷᠢ ᠵᠢᠴᠢ ᠨᠡᠪᠴᠢᠭᠦᠯᠬᠦ ᠬᠦᠴᠦᠯᠡᠴᠡ ᠶᠢ ᠲᠤᠰᠬᠠᠵᠤ ᠪᠠᠶᠢᠭ᠎ᠠ ᠶᠤᠮ ᠃ | 1.4 ᠠᠵᠢᠯ ᠡᠷᠬᠢᠯᠡᠭᠰᠡᠳ ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠲᠠᠨ ᠤ ᠪᠣᠳᠠᠲᠠᠢ ᠠᠵᠢᠯᠯᠠᠭᠰᠠᠨ ᠴᠠᠭ ᠢᠶᠠᠷ ᠨᠤᠭᠤᠯᠤᠨ ᠪᠤᠳᠤᠨᠨᠰᠠᠨ ᠠᠵᠢᠯ ᠤᠨ | ᠬᠡᠮᠵᠢᠶᠡᠨ ᠤ ᠡᠵᠡᠯᠡᠬᠦ ᠬᠠᠷᠢᠴᠠᠯ | ᠪᠤᠳᠤᠬᠤ ᠲᠣᠮᠢᠶ᠎ᠠ᠄ ᠠᠵᠤ ᠠᠬᠤᠶᠢᠯᠠᠯ ᠤᠨ R & D ᠠᠵᠢᠯᠲᠠᠨ ᠤ ᠪᠣᠳᠠᠲᠠᠢ ᠠᠵᠢᠯᠯᠠᠭᠰᠠᠨ ᠴᠠᠭ ᠢᠶᠠᠷ ᠨᠤᠭᠤᠯᠤᠨ ᠪᠤᠳᠤᠭᠰᠠᠨ ᠠᠵᠢᠯ ᠤᠨ ᠬᠡᠮᠵᠢᠶ᠎ᠡ ᠪᠠᠷ | ᠲᠣᠭᠠᠴᠠᠭᠠᠯᠠᠭᠰᠠᠨ ᠬᠡᠮᠵᠢᠭᠳᠡᠯ / ᠠᠵᠢᠯ ᠡᠷᠬᠢᠯᠡᠭᠰᠡᠳ ᠤᠨ ᠬᠤᠭᠤᠴᠠᠭᠠᠨ ᠡᠴᠦᠰ ᠤᠨ ᠲᠤᠭ᠎ᠠ ᠃ | ᠭᠦᠢᠴᠡᠳᠬᠡᠯ ᠲᠣᠭᠠᠨ ᠤ ᠲᠠᠶᠢᠯᠪᠤᠷᠢ᠄ ᠡᠨᠡ ᠨᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠲᠠᠨ ᠤ ᠪᠣᠳᠠᠲᠠᠢ | ᠣᠷᠣᠭᠤᠯᠤᠯᠲᠠ ᠶᠢᠨ ᠡᠷᠴᠢᠮ ᠢ ᠬᠡᠮᠵᠢᠶᠡᠯᠡᠵᠦ ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠮᠥᠨ ᠤ ᠬᠦᠴᠦᠨ ᠤ ᠣᠷᠣᠭᠤᠯᠤᠯᠲᠠ ᠪᠠᠨ | ᠴᠢᠩᠭᠠᠳᠬᠠᠬᠤ ᠶᠢ ᠵᠣᠷᠢᠭᠵᠢᠭᠤᠯᠬᠤ ᠳᠤ ᠪᠤᠢ ᠃ | 1.5 ᠵᠠᠭᠤᠨ ᠡᠷᠦᠬᠡ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠪᠦᠷᠢ ᠳᠤ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨ᠎ᠡ ᠶᠢ ᠡᠭᠦᠳᠬᠦ | ᠲᠠᠪᠴᠠᠩ ᠲᠠᠢ ᠪᠠᠶᠢᠬᠤ ᠲᠤᠭ᠎ᠠ ᠬᠡᠮᠵᠢᠶ᠎ᠡ | ᠪᠤᠳᠤᠬᠤ ᠲᠣᠮᠢᠶ᠎ᠠ᠄ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠶᠡᠷᠦᠩᠬᠡᠢ ᠲᠤᠭ᠎ᠠ / ︵ ᠬᠦᠷᠢᠶᠡᠯᠡᠩ | ᠲᠣᠭᠤᠷᠢᠭ ᠲᠠᠬᠢ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠤᠨ ᠲᠤᠭ᠎ᠠ /100︶ | ᠭᠦᠢᠴᠡᠳᠬᠡᠯ ᠲᠣᠭᠠᠨ ᠤ ᠲᠠᠶᠢᠯᠪᠤᠷᠢ᠄ ᠰᠢᠨ᠎ᠡ ᠶᠢ ᠡᠭᠦᠳᠬᠦ ᠲᠠᠪᠴᠠᠩ ᠤᠨ ᠲᠤᠭ᠎ᠠ ᠬᠡᠮᠵᠢᠶ᠎ᠡ ᠭᠡᠳᠡᠭ ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠂ ᠬᠠᠮᠲᠤᠷᠠᠭᠰᠠᠨ ᠲᠤᠷᠰᠢᠯᠲᠠ ᠶᠢᠨ ᠲᠠᠰᠤᠭ ᠂ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠂ ᠢᠨᠵᠧᠨᠧᠷᠢᠩ ︵ ᠮᠡᠷᠭᠡᠵᠢᠯ︶ ᠤᠨ ᠰᠤᠳᠤᠯᠭᠠᠨ ᠤ ᠲᠥᠪ ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠂ | ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠂ ᠬᠠᠮᠵᠢᠯᠴᠠᠨ ᠰᠢᠨ᠎ᠡ ᠶᠢ ᠡᠭᠦᠳᠬᠦ ᠲᠥᠪ ᠂ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠂ | ᠦᠶᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡᠨ ᠤ ᠲᠥᠪ ᠂ | ᠶᠠᠰᠤ ᠴᠢᠨᠠᠷ ᠢ ᠪᠠᠶᠢᠴᠠᠭᠠᠬᠤ ᠲᠥᠪ ᠂ ᠮᠡᠷᠭᠡᠵᠢᠯ ᠤᠨ ᠪᠠᠷᠢᠮᠵᠢᠶᠠᠨ ᠤ ᠰᠢᠨ᠎ᠡ ᠶᠢ ᠡᠭᠦᠳᠬᠦ ᠰᠠᠭᠤᠷᠢᠨ ᠭᠠᠵᠠᠷ ᠵᠡᠷᠭᠡ ᠶᠢᠨ ᠲᠤᠭ᠎ᠠ ᠬᠡᠮᠵᠢᠶ᠎ᠡ ᠶᠢ ᠵᠢᠭᠠᠵᠤ ᠪᠣᠶ ᠃ ᠲᠣᠰ | ᠭᠦᠢᠴᠡᠳᠬᠡᠯ ᠲᠤᠭ᠎ᠠ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠢ ᠲᠤᠰᠬᠠᠵᠤ ᠪᠠᠶᠢᠭ᠎ᠠ ᠶᠤᠮ ᠃ | 1.6 ᠲᠦᠮᠡᠨ ᠠᠵᠢᠯ ᠡᠷᠬᠢᠯᠡᠭᠰᠡᠳ ᠪᠦᠷᠢ ᠶᠢᠨ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ | ᠪᠣᠳᠣᠬᠤ ᠲᠣᠮᠢᠶ᠎ᠠ᠄ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ / ︵ ᠠᠵᠤ ᠠᠬᠤᠶᠢᠯᠠᠯ ᠤᠨ ᠠᠵᠢᠯ ᠡᠷᠬᠢᠯᠡᠭᠰᠡᠳ ᠤᠨ ᠲᠤᠭ᠎ᠠ / | 10000︶ | ᠭᠦᠢᠴᠡᠳᠬᠡᠯ ᠲᠣᠭᠠᠨ ᠤ ᠲᠠᠶᠢᠯᠪᠤᠷᠢ ᠄ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ ᠭᠡᠳᠡᠭ ᠨᠢ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠬᠡᠪᠴᠢᠶᠡᠨ ᠳᠤ ᠪᠠᠶᠢᠭ᠎ᠠ ᠬᠦᠴᠦᠨ ᠪᠦᠬᠦᠢ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠤᠨ ᠲᠤᠭ᠎ᠠ ᠬᠡᠮᠵᠢᠶ᠎ᠡ ᠶᠢ ᠵᠢᠭᠠᠵᠤ ᠪᠤᠢ ᠃ ᠡᠨᠡ ᠨᠢ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ ᠴᠢᠳᠠᠪᠤᠷᠢ ᠶᠢ ᠲᠤᠰᠬᠠᠵᠤ ᠪᠠᠶᠢᠭ᠎ᠠ | ᠶᠤᠮ ᠃ | 1.7 ᠬᠥᠮᠥᠨ ᠳᠤᠮᠳᠠᠴᠢ ᠶᠢᠨ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ | ᠪᠤᠳᠤᠬᠤ ᠲᠣᠮᠢᠶ᠎ᠠ᠄ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ / ᠠᠵᠢᠯ ᠡᠷᠬᠢᠯᠡᠭᠰᠡᠳ ᠤᠨ ᠬᠤᠭᠤᠴᠠᠭᠠᠨ ᠡᠴᠦᠰ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠮᠡᠷᠭᠡᠵᠢᠯ ᠤᠨ ᠠᠷᠠᠯᠵᠢᠶᠠᠨ ᠤ ᠬᠥᠭᠵᠢᠶᠡᠨᠲᠦ ᠪᠠᠶᠢᠳᠠᠯ ᠢ ᠬᠡᠮᠵᠢᠶᠡᠯᠡᠵᠦ ᠂ ᠡᠨᠡ ᠨᠢ | ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠦᠢᠯᠡᠴᠢᠯᠡᠭᠡᠨ ᠤ ᠦᠢᠯᠡᠰ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠭᠰᠠᠨ ᠬᠥᠭᠵᠢᠯᠲᠡ ᠶᠢᠨ ᠪᠠᠶᠢᠳᠠᠯ ᠢ ᠬᠠᠷᠠᠭᠤᠯᠵᠤ ᠪᠠᠶᠢᠭ᠎ᠠ ᠶᠤᠮ ᠃ | 2.1 ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠴᠡᠪᠡᠷ ᠨᠡᠮᠡᠭᠳᠡᠯ ᠤᠨ ᠲᠤᠭ᠎ᠠ | ᠪᠤᠳᠤᠬᠤ ᠲᠣᠮᠢᠶ᠎ᠠ᠄ ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ - ᠳᠡᠭᠡᠷ᠎ᠡ ᠵᠢᠯ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠤᠳ ᠢ ᠬᠥᠲᠥᠯᠥᠨ ᠵᠢᠯᠤᠭᠤᠳᠴᠤ ᠪᠠᠶᠢᠭᠠᠳ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ | ᠮᠡᠳᠡᠬᠦᠯᠦᠬᠦᠯᠵᠦ ᠂ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠤᠭᠰᠠᠨ ᠪᠠᠶᠢᠳᠠᠯ ᠢ | ᠬᠡᠮᠵᠢᠵᠦ ᠂ ᠠᠵᠤ ᠦᠢᠯᠡᠰ ᠤᠨ ᠥᠷᠲᠡᠭ ᠤᠨ ᠬᠡᠮᠵᠢᠶᠡᠨ ᠤ ᠳᠡᠭᠡᠭᠰᠢᠯᠡᠯᠲᠡ ᠶᠢ ᠠᠬᠢᠭᠤᠯᠬᠤ ᠳᠤ ᠪᠤᠢ ᠃ | 2.2 ᠲᠤᠬᠠᠢ ᠶᠢᠨ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠴᠡᠪᠡᠷ ᠨᠡᠮᠡᠭᠳᠡᠯ ᠤᠨ ᠲᠤᠭ᠎ᠠ | ᠪᠤᠳᠤᠬᠤ ᠲᠣᠮᠢᠶ᠎ᠠ᠄ ᠲᠤᠬᠠᠢ ᠶᠢᠨ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ - | ᠳᠡᠭᠡᠷ᠎ᠡ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠢᠶᠠᠷ ᠬᠥᠮᠥᠷᠭᠡᠯᠡᠨ ᠳᠠᠩᠰᠠᠯᠠᠭᠤᠯᠵᠤ ᠂ ᠡᠨᠡ ᠨᠢ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠤᠨ ᠲᠠᠯ᠎ᠠ ᠪᠠᠷ ᠬᠢ ᠰᠢᠨ᠎ᠡ ᠬᠦᠴᠦᠨ ᠢ ᠪᠣᠶᠢᠵᠢᠭᠤᠯᠤᠭᠰᠠᠨ ᠪᠠᠶᠢᠳᠠᠯ ᠢ ᠲᠤᠰᠬᠠᠵᠤ ᠪᠠᠶᠢᠭ᠎ᠠ ᠶᠤᠮ ᠃ | 2.3 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠤᠪᠢ ᠶᠢᠨ ᠵᠢᠩ ᠵᠢᠴᠢ ᠵᠢᠯ ᠤᠨ ᠨᠡᠮᠡᠭᠳᠡᠯ ᠤᠨ ᠬᠡᠮᠵᠢᠶ᠎ᠡ | ᠪᠤᠳᠤᠬᠤ ᠲᠣᠮᠢᠶ᠎ᠠ᠄ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠬᠦ ᠣᠷᠣᠯᠭ᠎ᠠ / ᠨᠢᠭᠡᠳᠦᠯᠲᠡᠢ | ᠲᠥᠯᠥᠪᠯᠡᠭᠡ ᠳᠤ ᠣᠷᠣᠭᠤᠯᠤᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠬᠦ ᠣᠷᠣᠯᠭ᠎ᠠ × 100 % ×ᠵᠢᠴᠢ ᠲᠣᠰ ᠵᠢᠯ ᠤᠨ | ᠬᠤᠪᠢ ᠶᠢᠨ ᠵᠢᠩ - ᠳᠡᠭᠡᠷ᠎ᠡ ᠵᠢᠯ ᠤᠨ ᠬᠤᠪᠢ ᠶᠢᠨ ᠵᠢᠩ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠮᠡᠷᠭᠡᠵᠢᠯ ᠤᠨ ᠦᠶᠯᠡᠳᠬᠦ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠭᠡᠳᠡᠭ ᠨᠢ | ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠳᠠᠬᠢ R & D ᠣᠷᠣᠭᠤᠯᠤᠯᠲᠠ ᠶᠢᠨ ᠡᠷᠴᠢᠮ ᠢᠶᠠᠷ ᠬᠠᠷᠢᠴᠠᠩᠭᠤᠢ ᠥᠨᠳᠥᠷ ᠦᠶᠯᠡᠳᠬᠦ ᠦᠢᠯᠡᠰ ᠤᠨ | ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠬᠡᠮᠵᠢᠭᠳᠡᠯ ᠢ ᠵᠢᠭᠠᠵᠤ ᠪᠤᠢ ᠃ ᠡᠨᠡ ᠨᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ | ᠲᠦᠪᠰᠢᠨ ᠢ ᠲᠤᠰᠬᠠᠵᠤ ᠪᠠᠶᠢᠭ᠎ᠠ ᠶᠤᠮ ᠃ | 2.4 ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠵᠢᠴᠢ | ᠵᠢᠯ ᠤᠨ ᠨᠡᠮᠡᠭᠳᠡᠯ ᠤᠨ ᠬᠡᠮᠵᠢᠶ᠎ᠡ | ᠪᠤᠳᠤᠬᠤ ᠲᠣᠮᠢᠶ᠎ᠠ᠄ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠭᠦ ᠣᠷᠣᠯᠭ᠎ᠠ / ᠠᠯᠢᠪᠠ ᠨᠢᠭᠡᠳᠦᠯᠲᠡᠢ | ᠲᠥᠯᠥᠪᠯᠡᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠵᠢᠴᠢ ᠲᠣᠰ ᠵᠢᠯ ᠤᠨ ᠡᠵᠡᠯᠡᠬᠦ ᠬᠠᠷᠢᠴᠠᠯ ᠬᠡᠮᠵᠢᠭᠳᠡᠯ - ᠳᠡᠭᠡᠷ᠎ᠡ ᠵᠢᠯ ᠤᠨ | ᠡᠵᠡᠯᠡᠬᠦ ᠬᠠᠷᠢᠴᠠᠯ ᠬᠡᠮᠵᠢᠭᠳᠡᠯ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠪᠠᠶᠢᠳᠠᠯ ᠢ ᠲᠤᠰᠬᠠᠬᠤ ᠶᠢᠨ | ᠬᠠᠮᠲᠤ ᠂ ᠮᠡᠳᠡᠯᠭᠡ ᠬᠤᠷᠠᠭᠰᠠᠨ ᠬᠡᠯᠪᠡᠷᠢ ᠶᠢᠨ ᠦᠢᠯᠡᠴᠢᠯᠡᠭᠡᠨ ᠤ ᠦᠢᠯᠡᠰ ᠬᠥᠭᠵᠢᠭᠦᠯᠬᠦ ᠶᠢ ᠴᠢᠬᠤᠯᠠᠴᠢᠯᠠᠨ ᠵᠣᠷᠢᠭᠵᠢᠭᠤᠯᠬᠤ ᠳᠤ ᠪᠤᠢ ᠃ | 2.5 ᠲᠦᠭᠰᠢᠭᠦᠷᠢᠲᠦ ᠪᠡᠯᠡ ᠣᠷᠣᠭᠤᠯᠤᠯᠲᠠ ᠣᠯᠣᠭᠰᠠᠨ ᠠᠵᠤ ᠠᠬᠤᠶᠢᠯᠠᠯ ᠤᠨ ᠲᠤᠭ᠎ᠠ | ᠪᠤᠳᠤᠬᠤ ᠲᠣᠮᠢᠶ᠎ᠠ᠄ ᠲᠤᠬᠠᠢ ᠶᠢᠨ ᠵᠢᠯ ᠤᠨ ᠬᠦᠷᠢᠶᠡᠯᠡᠩ ᠲᠣᠭᠤᠷᠢᠭ ᠲᠠᠬᠢ ᠲᠦᠭᠰᠢᠭᠦᠷᠢᠲᠦ ᠪᠡᠯᠡ ᠣᠷᠣᠭᠤᠯᠤᠯᠲᠠ ᠣᠯᠣᠭᠰᠠᠨ ᠠᠵᠤ ᠠᠬᠤᠶᠢᠯᠠᠯ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠮᠥᠩᠭᠦᠨ ᠭᠦᠢᠯᠭᠡᠭᠡ ᠪᠠ ᠲᠦᠭᠰᠢᠭᠦᠷᠢᠳᠦ | ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠲᠤᠰᠬᠠᠵᠤ ᠂ ︽ᠡᠬᠢᠯᠡᠬᠦ ᠳᠤ ᠮᠡᠷᠭᠡᠵᠢᠯ ᠂ ᠪᠦᠳᠦᠬᠦ ᠳᠤ ᠬᠥᠷᠥᠩᠭᠡ︾ ᠭᠡᠳᠡᠭ ᠢ ᠬᠠᠷᠠᠭᠤᠯᠤᠨ ᠂ ᠰᠢᠨ᠎ᠡ | ᠠᠵᠤ ᠦᠢᠯᠡᠰ ᠤᠨ ᠪᠦᠷᠢᠯᠳᠦᠬᠦ ᠶᠢ ᠠᠬᠢᠭᠤᠯᠵᠤ ᠂ ᠰᠲ᠋ᠣᠺ ᠤᠨ ᠵᠠᠬ᠎ᠠ ᠳᠤ ᠭᠠᠷᠤᠭᠠᠳᠤᠢ ᠠᠩᠬ᠎ᠠ ᠡᠭᠦᠳᠦᠭᠰᠡᠨ ᠠᠵᠤ ᠠᠬᠤᠶᠢᠯᠠᠯ ᠢᠯᠡᠷᠡᠬᠦ ᠨᠢᠭᠤᠭᠳᠠᠮᠠᠯ ᠬᠦᠴᠦᠨ ᠢ | ᠳᠡᠭᠡᠭᠰᠢᠯᠡᠬᠦᠯᠬᠦ ᠳᠤ ᠪᠤᠢ ᠃ | 2.6 ᠨᠢᠭᠡᠴᠢ ᠭᠠᠵᠠᠷ ᠰᠢᠷᠣᠢ ᠶᠢᠨ ᠭᠠᠷᠭᠠᠯᠲᠠ ᠶᠢᠨ ᠬᠦᠴᠦᠯᠡᠴᠡ ᠵᠢᠴᠢ ᠦᠯᠡᠳᠡᠭᠡᠯ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠬᠦ ᠬᠠᠷᠢᠴᠠᠯ | ᠪᠤᠳᠤᠬᠤ ᠲᠣᠮᠢᠶ᠎ᠠ᠄ ᠨᠢᠭᠡᠴᠢ ᠭᠠᠵᠠᠷ ᠰᠢᠷᠣᠢ ᠶᠢᠨ ᠭᠠᠷᠭᠠᠯᠲᠠ ᠶᠢᠨ ᠬᠦᠴᠦᠯᠡᠴᠡ = ᠠᠵᠤ ᠦᠢᠯᠡᠳᠪᠦᠷᠢ ᠶᠢᠨ ᠶᠡᠷᠦᠩᠬᠡᠢ ᠥᠷᠲᠡᠭ / ᠬᠦᠷᠢᠶᠡᠯᠡᠩ | ᠲᠣᠭᠤᠷᠢᠭ ᠤᠨ ᠪᠣᠳᠠᠲᠠᠢ ᠨᠡᠭᠡᠭᠡᠨ ᠠᠰᠢᠭᠯᠠᠭᠰᠠᠨ ᠲᠠᠯᠠᠪᠠᠶ﹔ ᠦᠯᠡᠳᠡᠭᠡᠯ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠬᠦ ᠬᠠᠷᠢᠴᠠᠯ = ᠴᠢᠯᠦᠭᠡᠲᠡᠢ ᠭᠦᠢᠯᠭᠡᠭᠡᠬᠦ | ᠦᠯᠡᠳᠡᠭᠡᠯ ᠭᠠᠵᠠᠷ ᠰᠢᠷᠣᠢ ᠶᠢᠨ ᠲᠠᠯᠠᠪᠠᠶ / ᠦᠯᠡᠳᠡᠭᠡᠯ ᠭᠠᠵᠠᠷ ᠰᠢᠷᠣᠢ ᠶᠢᠨ ᠶᠡᠷᠦᠩᠬᠡᠢ ᠲᠠᠯᠠᠪᠠᠶ | ᠭᠦᠢᠴᠡᠳᠬᠡᠯ ᠲᠣᠭᠠᠨ ᠤ ᠲᠠᠶᠢᠯᠪᠤᠷᠢ᠄ ᠡᠨᠡ ᠬᠦ ᠭᠦᠢᠴᠡᠳᠬᠡᠯ ᠲᠤᠭ᠎ᠠ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠠᠬᠤᠢ ᠶᠢᠨ | ᠬᠥᠭᠵᠢᠯᠲᠡ ᠶᠢᠨ ᠶᠠᠰᠤ ᠴᠢᠨᠠᠷ ᠢ ᠲᠤᠰᠬᠠᠵᠤ ᠪᠠᠶᠢᠭ᠎ᠠ ᠶᠤᠮ ᠃ | 2.7 ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠨᠡᠮᠡᠭᠳᠡᠯ ᠤᠨ ᠨᠣᠷᠮ᠎ᠠ | ᠪᠤᠳᠤᠬᠤ ᠲᠣᠮᠢᠶ᠎ᠠ᠄ ︵ ᠲᠤᠰ ᠵᠢᠯ ᠤᠨ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ - ᠳᠡᠭᠡᠷ᠎ᠡ | ᠵᠢᠯ ᠤᠨ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ︶ / ᠳᠡᠭᠡᠷ᠎ᠡ ᠵᠢᠯ ᠤᠨ ᠬᠦᠷᠢᠶᠡᠯᠡᠩ ᠲᠣᠭᠤᠷᠢᠭ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ | ᠭᠦᠢᠴᠡᠳᠬᠡᠯ ᠲᠤᠭ᠎ᠠ ᠶᠢᠨ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠶᠡᠷᠦᠩᠬᠡᠢ ᠬᠡᠮᠵᠢᠶᠡᠨ ᠤ | ᠬᠤᠪᠢᠷᠠᠯᠲᠠ ᠶᠢᠨ ᠬᠠᠨᠳᠤᠰᠢ ᠶᠢ ᠬᠡᠮᠵᠢᠶᠡᠯᠡᠬᠦ ᠮᠥᠷᠲᠡᠭᠡᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠡᠷᠴᠢᠮ ᠢ ᠴᠦ ᠲᠤᠰᠬᠠᠵᠤ ᠪᠠᠶᠢᠭ᠎ᠠ ᠶᠤᠮ ᠃ | 2.8 ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠂ ᠬᠥᠭᠵᠢᠯᠲᠡ ᠶᠢ ᠬᠠᠮᠲᠤ ᠳᠤ ᠪᠠᠨ ᠭᠥᠷᠳᠡᠬᠦ ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠂ | ᠪᠣᠬᠢᠷᠳᠤᠯ ᠦᠭᠡᠢ ᠬᠥᠭᠵᠢᠭᠦᠯᠬᠦ ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠬᠤ ᠶᠢ ᠠᠬᠢᠭᠤᠯᠬᠤ | ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ ᠂ ᠲᠤᠰᠬᠠᠢ ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ ᠃ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ᠂ ᠪᠣᠬᠢᠷᠳᠤᠯ ᠦᠭᠡᠢ | ᠬᠥᠭᠵᠢᠭᠦᠯᠬᠦ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠰᠢᠨ ᠰᠠᠭᠤᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠬᠤᠲᠠ ᠪᠦᠲᠦᠭᠡᠨ ᠪᠠᠶᠢᠭᠤᠯᠬᠤ ᠶᠢ ᠨᠢ ᠬᠡᠮᠵᠢᠶᠡᠯᠡᠵᠦ᠂ ᠬᠥᠮᠥᠨ ᠢᠶᠠᠷ ᠦᠨᠳᠦᠰᠦ ᠪᠣᠯᠭᠠᠭᠰᠠᠨ᠂ ᠬᠥᠭᠵᠢᠯᠲᠡ ᠶᠢ | ᠬᠠᠮᠲᠤ ᠳᠤ ᠪᠠᠨ ᠬᠦᠷᠲᠡᠬᠦ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠬᠦᠴᠦᠯᠡᠨ ᠪᠠᠶᠢᠭᠤᠯᠬᠤ ᠳᠤ ᠪᠤᠢ᠃ | 3.1 ᠡᠵᠡᠩᠨᠡᠯᠲᠡ ᠶᠢᠨ ᠣᠷᠣᠯᠭ᠎ᠠ ᠳᠠᠬᠢ ᠠᠵᠤ ᠠᠬᠤᠶᠢᠯᠠᠯ ᠤᠨ ᠣᠷᠣᠨ ᠤ ᠳᠣᠲᠣᠷ᠎ᠠ ᠭᠠᠳᠠᠨᠠᠬᠢ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠤᠯ ᠤᠨ ᠲᠠᠯ᠎ᠠ | ᠳᠤ ᠬᠠᠮᠲᠤᠷᠠᠯᠴᠠᠬᠤ ᠵᠠᠷᠤᠳᠠᠯ ᠤᠨ ᠵᠠᠷᠤᠯᠭ᠎ᠠ ᠶᠢᠨ ᠶᠡᠷᠦᠩᠬᠡᠢ ᠲᠣᠭᠠᠨ ᠤ ᠡᠵᠡᠯᠡᠬᠦ ᠬᠠᠷᠢᠴᠠᠯ | ᠪᠤᠳᠤᠬᠤ ᠲᠣᠮᠢᠶ᠎ᠠ᠄ ᠠᠵᠤ ᠠᠬᠤᠶᠢᠯᠠᠯ ᠤᠨ ᠲᠤᠬᠠᠢ ᠶᠢᠨ ᠵᠢᠯ ︵ᠬᠢᠯᠢ ᠶᠢᠨ ᠳᠣᠲᠣᠷᠠᠬᠢ ᠰᠤᠳᠤᠯᠭᠠᠨ ᠤ ᠬᠦᠷᠢᠶᠡᠯᠡᠩ ᠭᠠᠵᠠᠷ ᠲᠤ ᠨᠠᠶᠢᠳᠠᠵᠤ ᠰᠤᠳᠤᠯᠤᠨ | ᠨᠡᠭᠡᠭᠡᠬᠦ ᠵᠠᠷᠤᠳᠠᠯ ᠤᠨ ᠵᠠᠷᠤᠯᠭ᠎ᠠ + ᠬᠢᠯᠢ ᠶᠢᠨ ᠳᠣᠲᠣᠷᠠᠬᠢ ᠳᠡᠭᠡᠳᠦ ᠵᠡᠷᠭᠡ ᠶᠢᠨ ᠰᠤᠷᠭᠠᠭᠤᠯᠢ ᠳᠤ ᠨᠠᠶᠢᠳᠠᠵᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ + | ᠬᠢᠯᠢ ᠶᠢᠨ ᠳᠣᠲᠣᠷᠠᠬᠢ ᠪᠤᠰᠤᠳ ᠠᠵᠤ ᠠᠬᠤᠶᠢᠯᠠᠯ ᠳᠤ ᠨᠠᠶᠢᠳᠠᠵᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ + ᠬᠢᠯᠢ ᠶᠢᠨ ᠭᠠᠳᠠᠨᠠᠬᠢ ᠳᠤ ᠨᠠᠶᠢᠳᠠᠵᠤ | ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠵᠠᠷᠤᠳᠠᠯ ᠤᠨ ᠵᠠᠷᠤᠯᠭ᠎ᠠ + ᠬᠢᠯᠢ ᠶᠢᠨ ᠭᠠᠳᠠᠨᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠵᠠᠷᠤᠳᠠᠯ ᠤᠨ ᠵᠠᠷᠤᠯᠭ᠎ᠠ + | ᠬᠢᠯᠢ ᠶᠢᠨ ᠭᠠᠳᠠᠨᠠᠬᠢ ᠮᠡᠷᠭᠡᠵᠢᠯ ᠢ ᠣᠷᠣᠭᠤᠯᠤᠨ ᠠᠪᠴᠢᠷᠠᠭᠠᠳ ᠰᠢᠩᠭᠡᠬᠡᠨ ᠡᠵᠡᠮᠰᠢᠬᠦ ᠵᠠᠷᠤᠳᠠᠯ ᠤᠨ ᠵᠠᠷᠤᠯᠭ᠎ᠠ︶ / ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠳᠤ ᠨᠠᠶᠢᠳᠠᠵᠤ ᠰᠤᠳᠤᠯᠤᠨ ᠨᠡᠭᠡᠭᠡᠬᠦ᠂ | ᠮᠡᠷᠭᠡᠵᠢᠯ ᠢ ᠣᠷᠣᠭᠤᠯᠤᠨ ᠠᠪᠴᠢᠷᠠᠬᠤ᠂ ᠰᠢᠩᠭᠡᠬᠡᠨ ᠡᠵᠡᠮᠰᠢᠵᠦ ᠳᠠᠬᠢᠨ ᠰᠢᠨ᠎ᠡ ᠶᠢ ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠠᠶᠢᠭᠠᠳ ᠨᠡᠭᠡᠭᠡᠯᠲᠡᠲᠤ ᠮᠠᠶ᠋ᠢᠭ ᠤᠨ ᠰᠢᠨ᠎ᠡ ᠡᠭᠦᠳᠦᠯᠲᠡ ᠬᠢᠭᠰᠡᠨ ᠪᠠᠶᠢᠳᠠᠯ ᠢ | ᠬᠡᠮᠵᠢᠶᠡᠯᠡᠵᠦ ᠪᠠᠶᠢᠬᠤ ᠮᠥᠷᠲᠡᠭᠡᠨ ᠠᠵᠤ ᠠᠬᠤᠶᠢᠯᠠᠯ ᠤᠨ ᠭᠠᠳᠠᠷ ᠲᠠᠯ᠎ᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠴᠤ ᠲᠤᠰᠬᠠᠵᠤ ᠪᠠᠶᠢᠭ᠎ᠠ ᠶᠤᠮ᠃ | 3.2 ᠣᠷᠣᠭᠤᠯᠤᠨ ᠠᠪᠴᠢᠷᠠᠬᠤ ᠪᠤᠶᠤ ᠬᠠᠮᠲᠤᠷᠠᠨ ᠪᠦᠲᠦᠭᠡᠨ ᠪᠠᠶᠢᠭᠤᠯᠤᠭᠰᠠᠨ ᠰᠢᠨ᠎ᠡ ᠶᠢ ᠡᠭᠦᠳᠬᠦ ᠲᠠᠪᠴᠠᠩ ᠤᠨ ᠲᠤᠭ᠎ᠠ ᠬᠡᠮᠵᠢᠶ᠎ᠡ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠷᠣᠭᠤᠯᠤᠨ ᠠᠪᠴᠢᠷᠠᠭᠰᠠᠨ ᠪᠤᠶᠤ ᠬᠠᠮᠲᠤᠷᠠᠨ ᠪᠠᠶᠢᠭᠤᠯᠤᠭᠰᠠᠨ | ᠰᠤᠳᠤᠯᠤᠨ ᠨᠡᠭᠡᠭᠡᠬᠦ ᠂ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠪᠠᠷ ᠭᠤᠣᠯ ᠴᠢᠳᠠᠮᠵᠢ ᠪᠣᠯᠭᠠᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ | ᠪᠠᠶᠢᠭᠤᠯᠤᠮᠵᠢ ᠶᠢ ᠵᠢᠭᠠᠵᠤ ᠪᠤᠢ ᠃ | 3.3 ᠣᠷᠣᠭᠤᠯᠤᠨ ᠠᠪᠴᠢᠷᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠵᠤ ᠣᠷᠣᠭᠤᠯᠤᠨ ᠠᠪᠴᠢᠷᠠᠭᠰᠠᠨ ᠪᠤᠰᠤᠳ ᠮᠤᠵᠢ ︵ ᠣᠷᠣᠨ ᠂ ᠬᠤᠲᠠ︶ ᠳᠤ ᠨᠢᠭᠡᠨᠲᠡ ᠮᠠᠭᠠᠳᠯᠠᠨ ᠲᠣᠭᠲᠠᠭᠠᠭᠰᠠ ᠤ ᠬᠠᠮᠲᠤ | ᠬᠦᠴᠦᠨ ᠲᠠᠢ ᠬᠤᠭᠤᠴᠠᠭᠠᠨ ᠳᠤ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ ᠵᠢᠭᠠᠵᠤ ᠪᠤᠢ ᠃ | 3.4 ᠣᠷᠣᠭᠤᠯᠤᠨ ᠠᠪᠴᠢᠷᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠪᠤᠰᠤᠳ ᠮᠤᠵᠢ ︵ ᠣᠷᠣᠨ ᠂ ᠬᠤᠲᠠ︶ ᠳᠤ ᠨᠢᠭᠡᠨᠲᠡ ᠮᠠᠭᠠᠳᠯᠠᠨ ᠲᠣᠭᠲᠠᠭᠠᠭᠰᠠᠨ ᠤ ᠬᠠᠮᠲᠤ ᠬᠥᠮᠥᠷᠭᠡᠯᠡᠨ ᠳᠠᠩᠰᠠᠯᠠᠭᠤᠯᠤᠭᠰᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ ᠵᠢᠭᠠᠵᠤ ᠪᠤᠢ ᠃ | 3.5 ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠶᠡᠷᠦᠩᠬᠡᠢ ᠲᠣᠭᠠᠨ ᠤ ᠡᠵᠡᠯᠡᠬᠦ | ᠬᠠᠷᠢᠴᠠᠯ | ᠪᠤᠳᠤᠬᠤ ᠲᠣᠮᠢᠶ᠎ᠠ᠄ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠬᠡᠮᠵᠢᠶᠡᠨ ᠤ ᠨᠡᠶᠢᠲᠡ ᠲᠤᠭ᠎ᠠ / ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠪᠠᠷ ᠢᠶᠠᠨ | ᠣᠯᠠᠨ ᠤᠯᠤᠰ ᠤᠨ ᠥᠷᠢᠰᠦᠯᠳᠦᠭᠡᠨ ᠳᠤ ᠣᠷᠤᠯᠴᠠᠬᠤ ᠴᠢᠳᠠᠪᠤᠷᠢ ᠶᠢ ᠬᠡᠮᠵᠢᠶᠡᠯᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ | ᠭᠠᠷᠭᠠᠯᠲᠠ ᠶᠢᠨ ᠬᠡᠮᠵᠢᠶ᠎ᠡ ᠨᠢ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠠᠴᠠ ᠨᠡᠩ ᠢᠯᠡᠭᠦᠦ ᠨᠤᠲᠤᠭ ᠣᠰᠣᠨ ᠤ | ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠣᠯᠠᠨ ᠤᠯᠤᠰ ᠤᠨ ᠬᠤᠭᠤᠷᠣᠨᠳᠤᠬᠢ ᠥᠷᠢᠰᠦᠯᠳᠦᠬᠦ ᠬᠦᠴᠦᠨ ᠢ ᠲᠤᠰᠬᠠᠵᠤ ᠴᠢᠳᠠᠨ᠎ᠠ᠃ | 3.6 ᠣᠷᠣᠨ ᠤ ᠭᠠᠳᠠᠨᠠᠬᠢ ᠮᠡᠷᠭᠡᠵᠢᠯ ᠢ ᠰᠢᠩᠭᠡᠬᠡᠨ ᠠᠪᠬᠤ ᠭᠡᠷ᠎ᠡ ᠶᠢᠨ ᠠᠷᠠᠯᠵᠢᠶᠠᠨ ᠤ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠣᠷᠣᠨ ᠤ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠤᠨ ᠠᠪᠴᠢᠷᠠᠵᠤ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠤᠯᠠᠷᠢᠭᠤᠯᠤᠭᠰᠠᠨ ᠠᠷᠠᠯᠵᠢᠶᠠᠨ ᠤ ᠲᠤᠭ᠎ᠠ ᠶᠢ ᠵᠢᠭᠠᠵᠤ ᠪᠣᠶ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠬᠦᠴᠦᠨ ᠴᠢᠳᠠᠪᠤᠷᠢ ᠶᠢ | ᠲᠤᠰᠬᠠᠵᠤ ᠪᠠᠶᠢᠭ᠎ᠠ ᠶᠤᠮ᠃ | 4.1 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠶᠢ ᠪᠦᠲᠦᠮᠵᠢᠲᠠᠢ ᠥᠷᠨᠢᠭᠦᠯᠦᠭᠰᠡᠨ ᠪᠠᠶᠢᠭᠤᠯᠤᠮᠵᠢ ᠶᠢᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠭᠡᠳᠡᠭ ᠨᠢ ᠳᠣᠣᠷᠠᠬᠢ ᠦᠢᠯᠡᠴᠢᠯᠡᠭᠡ ᠶᠢ | ᠡᠷᠭᠢᠯᠡᠬᠦ ᠪᠠᠶᠢᠭᠤᠯᠤᠮᠵᠢ ᠶᠢ ᠵᠢᠭᠠᠵᠤ ᠪᠣᠢ᠂ ᠡᠭᠦᠨ ᠳᠤ᠄ 1. ᠰᠢᠨᠵᠢᠯᠡᠬᠦ ᠤᠬᠠᠭᠠᠨ ᠤ ᠰᠤᠳᠤᠯᠤᠯ ᠤᠨ ᠨᠡᠭᠡᠭᠡᠨ ᠬᠥᠭᠵᠢᠭᠦᠯᠦᠯᠲᠡ ᠪᠠ ᠦᠢᠯᠡᠴᠢᠯᠡᠭᠡ︔ 2. | ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ︔ 3. ᠦᠢᠯᠡᠰ ᠴᠣᠭᠴᠠᠯᠠᠬᠤ ᠶᠢᠨ ᠨᠡᠪᠴᠢᠭᠦᠯᠬᠦ ᠦᠢᠯᠡᠴᠢᠯᠡᠭᠡᠨ︔ 4. ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ | ᠡᠷᠬᠡ ᠶᠢᠨ ᠦᠢᠯᠡᠴᠢᠯᠡᠭᠡᠨ︔ 5. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠯᠠᠪᠯᠠᠭ᠎ᠠ ᠶᠢᠨ ᠦᠢᠯᠡᠴᠢᠯᠡᠭᠡᠨ︔ 6. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠮᠥᠩᠭᠦᠨ ᠭᠦᠢᠯᠭᠡᠭᠡᠨ ᠤ ᠦᠢᠯᠡᠴᠢᠯᠡᠭᠡᠨ︔ 7. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠭᠡᠨ︔ | 8. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠨᠡᠶᠢᠭᠡᠮᠴᠢᠯᠡᠭᠰᠡᠨ ᠦᠢᠯᠡᠴᠢᠯᠡᠭᠡᠨ︔ 9. ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠢᠯᠡᠴᠢᠯᠡᠭᠡᠨ ᠵᠡᠷᠭᠡ ᠪᠠᠭᠲᠠᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2014﹈ 49 ᠳ᠋ᠦ᠋ᠭᠡᠷ ᠲᠣᠭᠠᠲᠤ︶ ᠪᠠ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 142 ᠳ᠋ᠤᠭᠠᠷ ᠲᠣᠭᠠᠲᠤ︶ ᠢᠶᠠᠷ ᠪᠣᠳᠠᠲᠠᠢ ᠯᠠᠪᠯᠠᠯᠲᠠ ᠪᠣᠯᠭᠠᠨ᠎ᠠ᠃ | 4.2 ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠡᠷᠬᠡ ᠪᠠᠨ ᠲᠠᠯᠪᠢᠨ | ᠥᠭᠴᠦ ᠬᠦᠴᠦᠨ ᠴᠢᠳᠠᠮᠵᠢ ᠶᠢ ᠡᠷᠴᠢᠮᠯᠡᠭᠰᠡᠨ ᠪᠠᠶᠢᠳᠠᠯ | ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ᠂ ᠲᠤᠰᠬᠠᠢ ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ᠃ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠠᠴᠠ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠤ ᠵᠣᠬᠢᠴᠠᠩᠭᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠠᠬᠢᠭᠤᠯᠬᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠡᠳ᠋ ᠤᠨ ᠵᠠᠰᠠᠭ ᠮᠥᠩᠭᠦᠨ ᠭᠦᠢᠯᠭᠡᠭᠡ | ᠵᠡᠷᠭᠡ ᠠᠶᠢᠮᠠᠭ ᠬᠤᠲᠠ ᠶᠢᠨ ᠱᠠᠲᠤᠨ ᠤ ᠠᠵᠤ ᠠᠬᠤᠢ ᠶᠢᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠣᠯᠭᠤᠭᠰᠠᠨ ᠢ ᠬᠡᠮᠵᠢᠶᠡᠯᠡᠵᠦ᠂ ᠬᠦᠷᠢᠶᠡᠯᠡᠩ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠨᠢᠭᠤᠭᠳᠠᠮᠠᠯ ᠬᠦᠴᠦᠨ ᠢ ᠭᠦᠨ ᠲᠠᠰ ᠳᠠᠪᠬᠤᠷᠭ᠎ᠠ ᠠᠴᠠ ᠬᠥᠭᠵᠢᠭᠡᠬᠦ ᠳᠤ ᠪᠤᠢ᠃ | 4.3 ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠪᠠᠶᠢᠳᠠᠯ | ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ᠂ ᠲᠤᠰᠬᠠᠢ ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ᠃ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠦᠷᠦᠭᠦᠯᠡᠨ ᠥᠭᠡᠷᠡᠴᠢᠯᠡᠯᠲᠡ ᠬᠢᠵᠦ | ᠰᠦᠪᠡᠭᠴᠢᠯᠡᠨ ᠂ ᠶᠡᠷᠦᠩᠬᠡᠶᠢᠯᠡᠭᠰᠡᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠢ | ᠬᠡᠮᠵᠢᠶᠡᠯᠡᠨ᠎ᠡ ᠃ | 4.4 ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠵᠡᠮᠳᠡᠵᠦ ᠪᠣᠯᠬᠤ ᠡᠳ᠋ ᠤᠨ ᠬᠦᠴᠦᠨ ᠤ ᠪᠠᠶᠢᠳᠠᠯ | ᠪᠤᠳᠤᠬᠤ ᠲᠣᠮᠢᠶ᠎ᠠ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠤᠬᠠᠢ ᠶᠢᠨ ᠵᠢᠯ ᠤᠨ ᠡᠵᠡᠮᠳᠡᠵᠦ ᠪᠣᠯᠬᠤ ᠡᠳ᠋ ᠤᠨ | ᠬᠦᠴᠦᠨ ︵ᠲᠤᠰᠠᠭᠠᠷ ᠨᠢᠭᠡ ᠱᠠᠲᠤᠨ ᠤ ᠡᠳ᠋ ᠤᠨ ᠵᠠᠰᠠᠭ ᠦᠭᠡᠢ ᠳᠡᠭᠡᠳᠦ ᠰᠢᠨ᠎ᠡ ᠲᠣᠭᠤᠷᠢᠭ ᠨᠢ ︽ᠬᠠᠮᠢᠶᠠᠷᠤᠯᠲᠠ ᠶᠢᠨ ᠵᠥᠪᠯᠡᠯ ᠤᠨ ᠬᠠᠮᠢᠶᠠᠷᠴᠤ ᠪᠠᠶᠢᠭ᠎ᠠ | ᠪᠥᠭᠡᠳ ᠵᠠᠷᠤᠴᠠᠭᠤᠯᠤᠭᠰᠠᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ︾ ᠪᠠᠷ ᠣᠷᠣᠯᠠᠭᠤᠯᠤᠨ᠎ᠠ︶ | ᠭᠦᠢᠴᠡᠳᠬᠡᠯ ᠲᠣᠭᠠᠨ ᠤ ᠲᠠᠶᠢᠯᠪᠤᠷᠢ᠄ ᠭᠤᠣᠯ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠪᠦᠬᠦᠯᠢ ᠴᠣᠭᠴᠠ ᠶᠢᠨ ᠡᠳ᠋ ᠤᠨ ᠵᠠᠰᠠᠭ ᠤᠨ | ᠪᠣᠳᠠᠲᠤ ᠬᠦᠴᠦᠨ ᠢ ᠬᠡᠮᠵᠢᠶᠡᠯᠡᠵᠦ ᠂ ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠡᠬᠢ ᠪᠠᠶᠠᠯᠢᠭ ᠢ ᠶᠡᠷᠦᠩᠬᠡᠶᠢᠯᠡᠨ ᠨᠢᠭᠡᠳᠦᠯᠲᠡᠢ ᠲᠥᠯᠥᠪᠵᠢᠭᠦᠯᠦᠭᠰᠡᠨ ᠡᠳ᠋ ᠤᠨ | ᠵᠠᠰᠠᠭ ᠤᠨ ᠨᠥᠭᠡᠴᠡ ᠶᠢᠨ ᠪᠠᠶᠢᠳᠠᠯ ᠢ ᠢᠯᠡᠷᠡᠭᠦᠯᠵᠦ ᠂ ᠪᠠᠰᠠᠴᠤ ᠬᠦᠷᠢᠶᠡᠯᠡᠩ ᠲᠣᠭᠤᠷᠢᠭ ᠤᠨ ᠦᠷᠭᠦᠯᠵᠢᠯᠡᠨ ᠬᠥᠭᠵᠢᠭᠦᠯᠬᠦ ᠶᠢ ᠪᠥᠬᠦ ᠲᠠᠯ᠎ᠠ ᠪᠠᠷ ᠵᠣᠬᠢᠴᠠᠭᠤᠯᠤᠭᠰᠠᠨ | ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠪᠣᠳᠠᠲᠤ ᠬᠦᠴᠦᠨ ᠢ ᠲᠤᠰᠬᠠᠵᠤ ᠪᠠᠶᠢᠭ᠎ᠠ ᠶᠤᠮ ᠃ | 4.5 ᠬᠦᠷᠢᠶᠡᠯᠡᠩ ᠲᠣᠭᠤᠷᠢᠭ ᠤᠨ ᠲᠥᠷᠥ ᠶᠢᠨ ᠪᠣᠳᠣᠯᠭ᠎ᠠ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠠᠵᠢᠯ ᠢ ᠥᠷᠨᠢᠭᠦᠯᠦᠭᠰᠡᠨ ᠪᠠᠶᠢᠳᠠᠯ | ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ ᠂ ᠲᠤᠰᠬᠠᠢ ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ ᠃ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ | ᠴᠢᠬᠤᠯᠠᠴᠢᠯᠠᠵᠤ ᠂ ᠨᠠᠮ ᠤᠨ ᠰᠠᠬᠢᠯᠭ᠎ᠠ ᠪᠠᠲᠤ ᠵᠠᠰᠠᠭ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠡᠩ ᠲᠡᠷᠢᠭᠦᠨ ᠳᠤ ᠥᠭᠡᠷᠡᠴᠢᠯᠡᠯᠲᠡ ᠬᠢᠵᠦ ᠰᠦᠪᠡᠭᠴᠢᠯᠡᠨ ᠂ | ᠶᠡᠷᠦᠩᠬᠡᠶᠢᠯᠡᠭᠰᠡᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠦᠢᠯᠡᠴᠢᠯᠡᠭᠡᠨ ᠤ ᠬᠦᠴᠦᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠢ ᠬᠡᠮᠵᠢᠶᠡᠯᠡᠨ᠎ᠡ ᠃ | | —— —— —— —— —— —— —— —— —— —— | ᠬᠠᠭᠤᠯᠤᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ | ᠵᠡᠪᠰᠡᠭᠲᠦ ᠴᠠᠭᠳᠠᠭᠠᠨ ᠤ ᠥᠪᠥᠷ ᠮᠣᠩᠭᠤᠯ ᠤᠨ ᠶᠡᠷᠦᠩᠬᠡᠢ ᠠᠩᠭᠢ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ | ᠬᠤᠷᠢᠶ᠎ᠠ ᠃ | ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃ | —— —— —— —— —— —— —— —— —— —— | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 3 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ | —— —— —— —— —— —— —— —— —— —— | | | | | | | | | |