ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | ᠥᠪᠥᠷ ᠵᠠᠰᠠᠭ ᠠᠯᠪᠠᠨ ᠲᠠᠷᠬᠠᠭᠠᠭᠰᠠᠨ 〔2022〕 56 ᠳ᠋ᠤᠭᠠᠷ ᠲᠣᠭᠠᠲᠤ | | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ | ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠠᠵᠢᠯ ᠦᠢᠯᠡᠰ ᠤᠨ ᠨᠢᠭᠡᠴᠢ ᠳᠤ᠄ | ︽ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ︵ ᠲᠥᠪ ᠲᠠᠷᠬᠠᠭᠠᠭᠰᠠᠨ〔2018〕 34 ᠳ᠋ᠦ᠋ᠭᠡᠷ ᠲᠣᠭᠠᠲᠤ ︶ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠨᠨᠴᠢ ᠶᠢ ᠮᠥᠩᠭᠦ ᠪᠠᠷ | ᠲᠤᠰᠠᠯᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ ᠂ ︽ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠲᠥᠪ ᠤᠨ | ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ | ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ 〔2019〕 | 27 ᠳ᠋ᠤᠭᠠᠷ ᠲᠣᠭᠠᠲᠤ︶ ᠂ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠲᠤ ᠣᠷᠣᠭᠤᠯᠤᠭᠰᠠᠨ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢᠣᠨ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠰᠤᠷᠭᠠᠨ | ᠬᠥᠮᠦᠵᠢᠯ ᠤᠨ ᠶᠠᠮᠤᠨ ᠤ ᠰᠠᠨᠠᠯ︾ ︵ᠡᠳ᠋ ᠤᠨ ᠵᠠᠰᠠᠭ ᠰᠤᠷᠭᠠᠨ ᠬᠥᠮᠦᠵᠢᠯ 〔2016〕 292 ᠳ᠋ᠤᠭᠠᠷ ᠲᠣᠭᠠᠲᠤ ︶ ᠂ ︽ ︿ ᠰᠤᠷᠤᠨᠨᠴᠢ ᠶᠢ ᠮᠥᠩᠭᠦ ᠪᠠᠷ | ᠲᠤᠰᠠᠯᠠᠬᠤ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ | ᠶᠠᠮᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠮᠤᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠠᠮᠤᠨ ᠤ ᠮᠡᠳᠡᠭᠳᠡᠯ︾ ︵ ᠡᠳ᠋ ᠤᠨ ᠵᠠᠰᠠᠭ ᠰᠤᠷᠭᠠᠨ | ᠬᠥᠮᠦᠵᠢᠯ 〔2021〕 310 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠳ ᠤᠨ ᠱᠠᠭᠠᠷᠳᠠᠯᠭ᠎ᠠ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ | ᠰᠣᠷᠣᠭᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠶᠢᠨ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ | ᠮᠡᠳᠡᠭᠳᠡᠶ᠎ᠡ ᠃ | ᠨᠢᠭᠡ ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ | ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠲᠥᠪ ᠬᠤᠷᠢᠶ᠎ᠠ ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠬᠦᠴᠦᠯᠡᠨ ᠪᠠᠲᠤ ᠴᠣᠭᠴᠠᠯᠠᠵᠤ ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠂ ᠰᠤᠷᠭᠠᠨ ᠬᠥᠮᠦᠵᠢᠯ ᠤᠨ | ᠪᠦᠲᠦᠴᠡ ᠶᠢ ᠰᠢᠯᠢᠳᠡᠭᠵᠢᠭᠦᠯᠬᠦ ᠂ ᠬᠥᠳᠡᠯᠮᠦᠷᠢᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠡᠭᠦᠰᠴᠡ ᠪᠠ ᠲᠤᠰᠤᠯᠲᠠ ᠪᠣᠯᠭᠠᠵᠤ ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠨᠨᠴᠢ ᠶᠢ ᠮᠥᠩᠭᠦ ᠪᠠᠷ ᠲᠤᠰᠠᠯᠠᠬᠤ ᠲᠦᠷᠦ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ ᠂ | ᠬᠤᠳᠠ ᠬᠥᠳᠡᠭᠡ ᠶᠢᠨ ᠵᠣᠩᠬᠢᠯᠠᠬᠤ ᠲᠣᠭᠠᠨ ᠤ ᠰᠢᠨ᠎ᠡ ᠪᠠᠷ ᠨᠡᠮᠡᠭᠳᠡᠭᠰᠡᠨ ᠬᠥᠳᠡᠯᠮᠦᠷᠢ ᠬᠦᠴᠦᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠤᠷᠭᠠᠨ ᠬᠥᠮᠦᠵᠢᠯ ᠬᠥᠷᠳᠡᠬᠦ ᠶᠢ ᠪᠡᠶᠡᠯᠡᠭᠦᠯᠵᠦ ᠂ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ ᠪᠣᠯᠬᠤ ᠶᠢ ᠤᠯᠠᠮ | ᠨᠢᠭᠡ ᠠᠯᠬᠤᠮ ᠠᠬᠢᠭᠤᠯᠤᠨ᠎ᠠ ᠃ | ᠬᠤᠶᠠᠷ ᠂ ᠭᠤᠣᠯ ᠠᠭᠤᠯᠭ᠎ᠠ | ︵ᠨᠢᠭᠡ︶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠃ | 1.ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠶᠢᠨ ᠬᠠᠮᠲᠤ ᠰᠦᠢᠳᠬᠡᠯ | ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ ᠃ | ᠪᠥᠬᠦ ᠣᠷᠣᠨ ᠤ ᠰᠤᠷᠭᠠᠭᠤᠯᠢ ᠶᠢᠨ ᠬᠠᠷᠢᠶ᠎ᠠ ᠪᠠᠨ ᠵᠢᠩᠬᠢᠨᠢ ᠪᠠᠷ ᠳᠠᠩᠰᠠᠯᠠᠭᠤᠯᠤᠭᠰᠠᠨ ᠪᠤᠢ ᠪᠦᠬᠦᠢ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢ ᠠᠴᠠ ᠰᠤᠷᠤᠯᠭ᠎ᠠ ᠶᠢᠨ ᠰᠤᠯᠠ ᠵᠠᠷᠤᠳᠠᠯ ᠬᠤᠷᠢᠶᠠᠬᠤ ᠦᠭᠡᠢ ᠮᠥᠷᠲᠡᠭᠡᠨ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ | ᠬᠠᠩᠭᠠᠨ᠎ᠠ ᠃ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠪᠣᠯᠣᠨ᠎ᠠ ᠃ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ | ᠰᠣᠷᠣᠭᠴᠢ ᠳᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠲᠡᠳᠬᠦᠮᠵᠢ ᠦᠵᠡᠭᠦᠯᠵᠦ ᠂ ᠬᠤᠷᠢᠶᠠᠬᠤ ᠰᠤᠷᠤᠯᠭ᠎ᠠ ᠶᠢᠨ ᠰᠤᠯᠠ ᠵᠠᠷᠤᠳᠠᠯ ᠨᠢ | ᠲᠡᠳᠬᠦᠮᠵᠢ ᠶᠢᠨ ᠪᠠᠷᠢᠮᠵᠢᠶ᠎ᠠ ᠠᠴᠠ ᠳᠡᠭᠡᠭᠦᠷ ᠪᠠᠶᠢᠪᠠᠯ ᠂ ᠰᠤᠷᠭᠠᠭᠤᠯᠢ ᠨᠢ ᠲᠣᠭᠲᠠᠭᠠᠯ ᠶᠣᠰᠣᠭᠠᠷ ᠰᠤᠷᠤᠭᠴᠢᠳ ᠠᠴᠠ ᠵᠥᠷᠢᠶᠡᠲᠦ ᠲᠣᠭᠠᠨ ᠤ ᠬᠡᠰᠡᠭ ᠢ ᠨᠢ | ᠦᠷᠭᠦᠯᠵᠢᠯᠡᠨ ᠬᠤᠷᠢᠶᠠᠵᠤ ᠪᠣᠯᠣᠨ᠎ᠠ ᠃ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠳᠤ ᠬᠡᠷᠡᠭᠰᠡᠬᠦ ᠵᠠᠷᠤᠳᠠᠯ ᠳᠤ ᠂ ᠤᠯᠤᠰ ᠠᠴᠠ ᠲᠣᠭᠲᠠᠭᠠᠭᠰᠠᠨ ᠬᠡᠰᠡᠭ ᠲᠤ | ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠦᠨ ᠂ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ ᠂ ᠣᠷᠣᠨ ᠨᠤᠲᠤᠭ ᠤᠨ | ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ | ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ | ᠶᠣᠰᠣᠭᠠᠷ ᠬᠤᠪᠢᠳᠠᠨ ᠡᠭᠦᠷᠭᠡᠯᠡᠨ᠎ᠡ ᠃ | ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠪᠠᠷᠢᠮᠵᠢᠶ᠎ᠠ ᠪᠣᠯ ᠥᠨᠳᠥᠷ ᠳᠤᠮᠳᠠᠳᠤ ᠶᠢᠨ ᠨᠢᠭᠡᠳᠦᠭᠡᠷ ᠣᠨ ᠂ ᠥᠨᠳᠥᠷ ᠳᠤᠮᠳᠠᠳᠤ ᠶᠢᠨ | ᠬᠤᠶᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 550 ᠲᠥᠭᠦᠷᠢᠭ ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ | 100 ᠲᠥᠭᠦᠷᠢᠭ ᠪᠣᠯᠣᠨ᠎ᠠ ᠃ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠳᠤ ᠬᠡᠷᠡᠭᠰᠡᠬᠦ ᠵᠠᠷᠤᠳᠠᠯ ᠳᠠᠬᠢ᠂ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠂ ᠤᠤᠯ ᠨᠢ ᠮᠣᠩᠭᠤᠯ ᠬᠡᠯᠡ ᠪᠠᠷ ᠬᠢᠴᠢᠶᠡᠯᠯᠡᠵᠦ ᠪᠠᠶᠢᠭᠰᠠᠨ ᠪᠠ ᠰᠣᠯᠣᠩᠭᠤᠰ ᠬᠡᠯᠡ ᠪᠠᠷ ᠬᠢᠴᠢᠶᠡᠯᠯᠡᠵᠦ ᠪᠠᠶᠢᠭᠰᠠᠨ | ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ | ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠶᠣᠰᠣᠭᠠᠷ | ᠬᠤᠪᠢᠳᠠᠨ ᠡᠭᠦᠷᠭᠡᠯᠡᠨ᠎ᠡ ᠃ | 2.ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦ ᠃ | ᠪᠥᠬᠦ ᠣᠷᠣᠨ ᠤ ᠰᠤᠷᠭᠠᠭᠤᠯᠢ ᠶᠢᠨ ᠬᠠᠷᠢᠶ᠎ᠠ ᠪᠠᠨ ᠵᠢᠩᠬᠢᠨᠢ ᠪᠠᠷ ᠳᠠᠩᠰᠠᠯᠠᠭᠤᠯᠤᠭᠰᠠᠨ ᠪᠤᠢ ᠪᠦᠬᠦᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠪᠠᠶᠢᠭ᠎ᠠ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠨᠨᠴᠢ ᠳᠤ ᠬᠠᠨᠳᠤᠭᠤᠯᠵᠤ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ ᠳᠦᠷᠢᠮ | ᠪᠠᠶᠢᠭᠤᠯᠵᠤ ᠂ ᠮᠥᠩᠭᠦ ᠪᠠᠷ ᠲᠤᠰᠠᠯᠠᠬᠤ ᠶᠢᠨ ᠳᠤᠮᠳᠠᠴᠢ ᠪᠠᠷᠢᠮᠵᠢᠶ᠎ᠠ ᠨᠢ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠂ ᠪᠣᠳᠠᠲᠠᠢ ᠪᠠᠷᠢᠮᠵᠢᠶ᠎ᠠ ᠶᠢ ᠡᠯ᠎ᠡ | ᠭᠠᠵᠠᠷ ᠣᠷᠣᠨ ᠨᠢ ᠪᠣᠳᠠᠲᠠᠢ ᠲᠠᠢ ᠪᠠᠨ ᠤᠶᠠᠯᠳᠤᠭᠤᠯᠵᠤ 1000 ᠲᠥᠭᠦᠷᠢᠭ — 3000 ᠲᠥᠭᠦᠷᠢᠭ ᠤᠨ ᠬᠡᠪᠴᠢᠶᠡᠨ ᠳᠤ ᠲᠣᠭᠲᠠᠭᠠᠵᠤ ᠂ 2 — 3 ᠲᠠᠰ | ᠬᠤᠪᠢᠶᠠᠵᠤ ᠪᠣᠯᠣᠨ᠎ᠠ ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢ ᠥᠪᠡᠷᠲᠡᠭᠡᠨ ᠵᠠᠰᠠᠬᠤ ᠣᠷᠣᠨ ᠰᠤᠷᠭᠠᠭᠤᠯᠢ ᠳᠤ ᠪᠠᠶᠢᠭ᠎ᠠ ᠰᠤᠷᠤᠨᠨᠴᠢ ᠶᠢᠨ | 30% ᠪᠠᠷ ᠲᠥᠰᠥᠭᠡᠯᠡᠨ ᠪᠤᠳᠤᠵᠤ ᠂ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠰᠢᠭᠤ ᠰᠢᠶᠠᠨ ︵ᠬᠤᠲᠠ ᠂ ᠲᠣᠭᠤᠷᠢᠭ︶ ᠢᠶᠠᠷ ᠂ | ᠰᠤᠷᠭᠠᠭᠤᠯᠢ ᠪᠠᠷ ᠲᠥᠰᠥᠭᠡᠯᠡᠨ ᠪᠣᠳᠣᠨ᠎ᠡ ᠃ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ ᠂ ᠣᠷᠣᠨ | ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ 365赢多少钱会被限额_国内有真正的365平台吗_365bet博彩官网 | ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠤᠷᠭᠠᠭᠤᠯᠢ ᠶᠢᠨ ᠰᠣᠷᠣᠭᠴᠢᠣᠨ ᠤᠨ ᠬᠡᠷᠡᠭᠰᠡᠬᠦ | ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠃ | ︵ᠬᠤᠶᠠᠷ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠃ | 1.ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠨᠨᠴᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠶᠢᠨ ᠬᠠᠮᠲᠤ ᠰᠦᠢᠳᠬᠡᠯ | ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ ᠃ | ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ ᠂ ᠳᠣᠷᠣᠭᠰᠢ ᠠᠳᠠᠯᠢ ︶ | ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠰᠤᠷᠭᠠᠭᠤᠯᠢ ᠳᠤ ᠪᠠᠶᠢᠭ᠎ᠠ | ᠰᠣᠷᠣᠭᠴᠢ ᠠᠴᠠ ᠰᠤᠷᠤᠯᠭ᠎ᠠ ᠶᠢᠨ ᠰᠦᠢᠳᠬᠡᠯ ᠬᠤᠷᠢᠶᠠᠬᠤ ᠦᠭᠡᠢ ᠮᠥᠷᠲᠡᠭᠡᠨ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ ᠃ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠪᠣᠯᠣᠨ᠎ᠠ ᠃ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯᠣᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ | ᠡᠷᠭᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ | ᠨᠥᠬᠦᠴᠡᠯ ᠳᠤ ᠨᠡᠶᠢᠴᠡᠭᠰᠡᠨ ᠰᠣᠷᠣᠭᠴᠢᠣᠨ ᠲᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠲᠡᠳᠬᠦᠮᠵᠢ ᠦᠵᠡᠭᠦᠯᠵᠦ ᠂ ᠰᠤᠷᠤᠯᠭ᠎ᠠ ᠶᠢᠨ ᠰᠦᠢᠳᠬᠡᠯ | ᠨᠢ ᠲᠡᠳᠬᠦᠮᠵᠢ ᠶᠢᠨ ᠪᠠᠷᠢᠮᠵᠢᠶ᠎ᠠ ᠠᠴᠠ ᠳᠡᠭᠡᠭᠦᠷ ᠪᠠᠶᠢᠪᠠᠯ ᠂ ᠰᠤᠷᠭᠠᠭᠤᠯᠢ ᠨᠢ ᠲᠣᠭᠲᠠᠭᠠᠯ ᠶᠣᠰᠣᠭᠠᠷ ᠰᠤᠷᠤᠨᠨᠴᠢ ᠠᠴᠠ ᠵᠥᠷᠢᠶᠡᠲᠦ ᠲᠣᠭᠠᠨ ᠤ ᠬᠡᠰᠡᠭ ᠢ ᠨᠢ | ᠦᠷᠭᠦᠯᠵᠢᠯᠡᠨ ᠬᠤᠷᠢᠶᠠᠵᠤ ᠪᠣᠯᠣᠨ᠎ᠠ ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠨᠴᠠᠭᠠᠢ ᠲᠥᠷᠥᠯ ᠤᠨ ᠲᠤᠰᠬᠠᠢ ᠮᠡᠷᠭᠡᠵᠢᠯ ᠤᠨ | ᠰᠣᠷᠣᠭᠴᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠥᠯᠥ ᠬᠤᠷᠢᠶᠠᠬᠤ ᠪᠠᠷᠢᠮᠵᠢᠶ᠎ᠠ ᠠᠴᠠ ᠳᠡᠭᠡᠭᠦᠷ | ᠭᠠᠷᠤᠭᠰᠠᠨ ᠬᠡᠰᠡᠭ ᠢ ᠨᠢ ᠬᠤᠪᠢ ᠬᠥᠮᠥᠨ ᠦᠪᠡᠰᠦᠪᠡᠨ ᠡᠭᠦᠷᠭᠡᠯᠡᠬᠦ ᠬᠡᠷᠡᠭᠲᠡᠢ ᠃ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠳᠤ ᠬᠡᠷᠡᠭᠰᠡᠬᠦ ᠵᠠᠷᠤᠳᠠᠯ ᠳᠤ ᠂ | ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ ᠂ ᠲᠥᠪ ᠬᠢᠭᠡᠳ ᠣᠷᠣᠨ ᠨᠤᠲᠤᠭ 8᠄ 2 ᠤᠨ ᠬᠠᠷᠢᠴᠠᠯ ᠢᠶᠠᠷ | ᠬᠤᠪᠢᠳᠠᠨ ᠡᠭᠦᠷᠭᠡᠯᠡᠵᠦ ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠤᠷᠭᠠᠭᠤᠯᠢ ᠶᠢᠨ ᠰᠣᠷᠣᠭᠴᠢᠣᠨ ᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠃ | ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠪᠠᠷᠢᠮᠵᠢᠶ᠎ᠠ ᠪᠣᠯ ᠨᠢᠭᠡ ᠬᠤᠶᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 550 | ᠲᠥᠭᠦᠷᠢᠭ ᠂ ᠭᠤᠷᠪᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 100 ᠲᠥᠭᠦᠷᠢᠭ ᠪᠣᠯᠣᠨ᠎ᠠ ᠃ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ | ᠬᠠᠩᠭᠠᠬᠤ ᠳᠤ ᠬᠡᠷᠡᠭᠰᠡᠬᠦ ᠵᠠᠷᠤᠳᠠᠯ ᠳᠤ ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠤᠷᠤᠨᠨᠴᠢ ᠶᠢᠨ ᠬᠡᠷᠡᠭᠰᠡᠬᠦ ᠵᠠᠷᠤᠳᠠᠯ ᠢ ᠴᠥᠮ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠃ | 2.ᠤᠯᠤᠰ ᠤᠨ ᠰᠤᠷᠤᠯᠭ᠎ᠠ ᠶᠢᠨ ᠬᠦᠬᠢᠭᠦᠯᠬᠦ ᠮᠥᠩᠭᠦ ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠠᠬᠢ ᠰᠣᠷᠣᠭᠴᠢ ᠶᠢᠨ ᠰᠤᠷᠤᠯᠭ᠎ᠠ ᠶᠢᠨ ᠬᠢᠷᠢ | ᠪᠦᠲᠦᠮᠵᠢ ᠂ ᠮᠡᠷᠭᠡᠵᠢᠯ ᠴᠢᠳᠠᠪᠤᠷᠢ ᠶᠢᠨ ᠢᠯᠡᠷᠡᠯ ᠵᠡᠷᠭᠡ ᠲᠠᠯ᠎ᠠ ᠳᠤ ᠣᠨᠴᠠ ᠰᠢᠯᠢᠳᠡᠭ ᠪᠠᠶᠢᠭ᠎ᠠ ᠰᠤᠷᠤᠨᠨᠴᠢ ᠶᠢ ᠱᠠᠩᠨᠠᠨ ᠬᠥᠬᠢᠭᠦᠯᠵᠦ ᠂ ᠱᠠᠩᠨᠠᠨ ᠬᠥᠬᠢᠭᠦᠯᠬᠦ ᠪᠠᠷᠢᠮᠵᠢᠶ᠎ᠠ | ᠪᠣᠯ ᠰᠣᠷᠣᠭᠴᠢ ᠪᠣᠯᠭᠠᠨ ᠳᠤ ᠵᠢᠯ ᠪᠦᠷᠢ 6000 ᠲᠥᠭᠦᠷᠢᠭ ᠂ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠨ᠎ᠡ ᠃ | 3.ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦ ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ | ᠰᠤᠷᠭᠠᠭᠤᠯᠢ ᠶᠢᠨ ᠬᠠᠷᠢᠶ᠎ᠠ ᠲᠠᠢ ᠨᠢᠭᠡ ᠬᠤᠶᠠᠳᠤᠭᠠᠷ ᠣᠨ ᠤ ᠪᠣᠶ ᠪᠦᠬᠦᠢ ᠲᠠᠷᠢᠶᠠᠯᠠᠬᠤ ᠮᠠᠯᠵᠢᠬᠤ ᠣᠷᠣᠨ ︵ᠰᠢᠶᠠᠨ ᠪᠠᠯᠭᠠᠰᠤ ᠪᠠᠭᠲᠠᠨ᠎ᠠ︶ ᠤ ᠰᠤᠷᠭᠠᠭᠤᠯᠢ ᠳᠤ | ᠪᠠᠶᠢᠭ᠎ᠠ ᠰᠣᠷᠣᠭᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠳᠤ ᠦᠯᠦ ᠬᠤᠯᠪᠣᠭᠳᠠᠬᠤ ᠲᠤᠰᠬᠠᠢ | ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠨᠨᠴᠢ ᠳᠤ ᠬᠠᠨᠳᠤᠭᠤᠯᠵᠤ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ ᠳᠦᠷᠢᠮ ᠢ | ᠪᠠᠶᠢᠭᠤᠯᠵᠤ ᠂ ᠮᠥᠩᠭᠦ ᠪᠠᠷ ᠲᠤᠰᠠᠯᠠᠬᠤ ᠪᠠᠷᠢᠮᠵᠢᠶ᠎ᠠ ᠪᠣᠯ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ | ᠰᠤᠷᠭᠠᠭᠤᠯᠢ ᠶᠢᠨ ᠬᠠᠷᠢᠶ᠎ᠠ ᠲᠠᠢ ᠂ ᠨᠢᠭᠡ ᠬᠤᠶᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠪᠠ ᠲᠠᠷᠢᠶᠠᠯᠠᠩ ᠳᠤ ᠦᠯᠦ ᠬᠤᠯᠪᠣᠭᠳᠠᠬᠤ | ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠵᠢᠴᠢ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠢ ᠶᠢᠨ ᠠᠭᠤᠯᠠᠷᠬᠠᠭ | ᠣᠷᠣᠨ ︵ ᠷᠠᠰᠢᠶᠠᠨ ᠬᠤᠲᠠ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠂ ᠵᠠᠯᠠᠶᠢᠳ ᠬᠤᠰᠢᠭᠤ ᠂ | ᠲᠦᠴᠢᠦᠸᠠᠨ ᠰᠢᠶᠠᠨ︶ ᠂ ᠶᠠᠨ ᠱᠠᠨ ︱ ᠲᠠᠢ ᠬᠠᠩ ᠱᠠᠨ ᠠᠭᠤᠯᠠᠷᠬᠠᠭ ᠣᠷᠣᠨ ︵ᠬᠤᠸᠠᠳᠧ ᠰᠢᠶᠠᠨ ᠂ ᠱᠠᠩᠳᠤ ᠰᠢᠶᠠᠨ ᠂ ᠰᠢᠩᠾᠧ ᠰᠢᠶᠠᠨ︶ ᠤ ᠲᠠᠷᠢᠶᠠᠯᠠᠬᠤ | ᠮᠠᠯᠵᠢᠬᠤ ᠣᠷᠣᠨ ︵ᠰᠢᠶᠠᠨ ᠤ ᠬᠤᠲᠠ ᠶᠢ ᠪᠠᠭᠲᠠᠭᠠᠬᠤ ᠦᠭᠡᠢ︶ ᠤ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠂ ᠪᠤᠰᠤᠳ ᠰᠣᠷᠣᠭᠴᠢ ᠳᠤ ᠬᠥᠮᠥᠨ | ᠪᠣᠯᠭᠠᠨ ᠳᠤ ᠵᠢᠯ ᠪᠦᠷᠢ 1500 ᠲᠥᠭᠦᠷᠢᠭ ᠪᠣᠯᠣᠨ᠎ᠠ ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ | ᠲᠡᠳᠬᠦᠪᠦᠷᠢ ᠮᠥᠩᠭᠦᠨ ᠤ ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ ᠂ ᠬᠡᠷᠡᠭᠰᠡᠬᠦ ᠵᠠᠷᠤᠳᠠᠯ ᠢ ᠲᠥᠪ ᠪᠠ | ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ | ᠵᠠᠰᠠᠬᠤ ᠣᠷᠣᠨ ᠤ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ 365赢多少钱会被限额_国内有真正的365平台吗_365bet博彩官网 | ᠲᠥᠷᠥ ᠶᠢᠨ ᠪᠣᠳᠣᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠤᠷᠭᠠᠭᠤᠯᠢ ᠶᠢᠨ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠃ | 4.ᠪᠠᠶᠢᠷᠢ ᠳᠤ ᠰᠠᠭᠤᠭ᠎ᠠ ᠰᠤᠷᠤᠨᠨᠴᠢ ᠳᠤ ᠬᠤᠨᠤᠭ ᠤᠨ ᠵᠠᠷᠤᠳᠠᠯ ᠤᠨ ᠲᠡᠳᠬᠦᠮᠵᠢ ᠦᠭᠭᠦ ᠃ | ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ | ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠣᠨ ᠤ ᠪᠠᠶᠢᠷᠢ ᠳᠤ ᠰᠠᠭᠤᠭ᠎ᠠ ᠰᠣᠷᠣᠭᠴᠢ︵ᠠᠵᠢᠯᠯᠠᠵᠤ | ᠰᠤᠷᠤᠯᠴᠠᠬᠤ ᠶᠢᠨ ᠰᠣᠯᠪᠢᠴᠠᠬᠤ ᠶᠢ ᠬᠡᠷᠡᠭᠵᠢᠭᠦᠯᠦᠭᠰᠡᠨ ᠰᠣᠷᠣᠭᠴᠢ ᠪᠠᠭᠲᠠᠬᠤ ᠦᠭᠡᠢ︶ ᠳᠤ ᠬᠤᠨᠤᠭ ᠤᠨ ᠵᠠᠷᠤᠳᠠᠯ ᠤᠨ ᠲᠡᠳᠬᠦᠮᠵᠢ ᠥᠭᠴᠦ ᠂ ᠲᠡᠳᠬᠦᠮᠵᠢ ᠶᠢᠨ | ᠪᠠᠷᠢᠮᠵᠢᠶ᠎ᠠ ᠪᠣᠯ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠠᠬᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ | ᠪᠣᠯᠭᠠᠨ ᠳᠤ ᠵᠢᠯ ᠪᠦᠷᠢ 800 ᠲᠥᠭᠦᠷᠢᠭ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠣᠯᠭᠠᠨ ᠳᠤ ᠵᠢᠯ ᠪᠦᠷᠢ 500 ᠲᠥᠭᠦᠷᠢᠭ | ᠪᠣᠯᠣᠨ᠎ᠠ ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠰᠣᠷᠣᠭᠴᠢ ᠳᠤ ᠣᠯᠭᠤᠬᠤ ᠬᠤᠨᠤᠭ ᠤᠨ ᠵᠠᠷᠤᠳᠠᠯ ᠤᠨ | ᠲᠡᠳᠬᠦᠮᠵᠢ ᠶᠢᠨ ᠪᠡᠯᠡ ᠮᠥᠩᠭᠦ ᠶᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠨ᠎ᠡ ᠃ | ᠭᠤᠷᠪᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠂ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠃ ᠡᠯ᠎ᠡ | ᠱᠠᠲᠤᠨ ᠤ ᠡᠳ᠋ ᠤᠨ ᠵᠠᠰᠠᠭ ᠂ ᠰᠤᠷᠭᠠᠨ ᠬᠥᠮᠦᠵᠢᠯ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠢᠭᠲᠠ | ᠬᠠᠮᠵᠢᠯᠴᠠᠨ ᠂ ᠲᠥᠷᠥ ᠶᠢᠨ ᠪᠣᠳᠣᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ | ︵ᠬᠤᠶᠠᠷ︶ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠵᠤ ᠂ ᠰᠠᠭᠤᠷᠢ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠃ ᠠᠯᠪᠠᠨ ᠠᠴᠠ ᠡᠷᠭᠢᠯᠡᠭᠰᠡᠨ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠦᠭᠰᠡᠨ ᠠᠴᠠ ᠪᠣᠯᠵᠤ ᠪᠤᠰᠤᠳ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ ᠭᠠᠷᠭᠠᠵᠤ ᠪᠣᠯᠬᠤ ᠦᠭᠡᠢ ᠃ ᠡᠯ᠎ᠡ ᠭᠠᠵᠠᠷ ᠣᠷᠣᠨ ᠨᠢ | ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ︾ ᠵᠢᠴᠢ ᠬᠡᠷᠡᠭᠵᠢᠭᠦᠯᠬᠦ | ᠳᠦᠷᠢᠮ ᠤᠨ ᠱᠠᠭᠠᠷᠳᠠᠯᠭ᠎ᠠ ᠶᠣᠰᠣᠭᠠᠷ ᠂ ᠠᠷᠠᠳ ᠠᠴᠠ ᠡᠷᠭᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠬᠤᠷᠢᠶᠠᠬᠤ ᠡᠯ᠎ᠡ ᠵᠦᠢᠯ ᠤᠨ | ᠰᠦᠢᠳᠬᠡᠯ ᠳᠠᠬᠢ ᠬᠠᠮᠢᠶᠠᠷᠤᠯᠲᠠ ᠪᠠᠨ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ | ᠬᠠᠷᠢᠶ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ ᠂ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ ᠵᠠᠩᠭᠢ ᠪᠠ ᠮᠥᠩᠭᠦ ᠪᠠᠷ ᠲᠤᠰᠠᠯᠠᠬᠤ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ︽ ᠰᠤᠷᠭᠠᠭᠤᠯᠢ ᠶᠢᠨ ᠳᠠᠪᠬᠤᠷ ᠬᠠᠷᠢᠶ᠎ᠠ︾ ᠲᠠᠢ ᠪᠠᠶᠢᠬᠤ ᠦᠵᠡᠭᠳᠡᠯ ᠢ | ᠡᠷᠡᠰ ᠬᠤᠷᠢᠭᠯᠠᠵᠤ ᠂ ᠰᠣᠷᠣᠭᠴᠢᠣᠨ ᠤᠨ ᠦᠨᠳᠦᠰᠦᠨ ᠮᠡᠳᠡᠭᠡ ᠵᠠᠩᠭᠢ ᠶᠢᠨ ᠪᠦᠷᠢᠨ ᠪᠦᠲᠦᠨ ᠪᠠ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠢ ᠃ ᠠᠷᠠᠳ ᠤᠨ | ᠶᠠᠪᠤᠳᠠᠯ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠵᠡᠮᠳᠡᠭᠴᠦᠳ ᠤᠨ ᠬᠤᠯᠪᠣᠭᠠᠲᠤ ᠬᠤᠷᠠᠯ ᠂ ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠯᠦᠭᠡ | ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠯᠭᠠᠭᠤᠯᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ ᠃ | ︵ᠭᠤᠷᠪᠠ︶ ᠵᠠᠷᠤᠳᠠᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠲᠡᠢ ᠃ ᠡᠯ᠎ᠡ | ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠥᠪ ᠂ ᠥᠪᠡᠷᠲᠡᠭᠡᠨ ᠵᠠᠰᠠᠬᠤ ᠣᠷᠣᠨ ᠤ ᠲᠡᠳᠬᠦᠮᠵᠢ ᠶᠢᠨ ᠪᠡᠯᠡ ᠮᠥᠩᠭᠦ ᠪᠠ ᠣᠷᠣᠨ | ᠨᠤᠲᠤᠭ ᠤᠨ ᠳᠠᠭᠠᠭᠠᠨ ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ ᠂ ᠴᠠᠭ ᠲᠤᠬᠠᠢ ᠳᠤ ᠨᠢ ᠲᠤᠭ᠎ᠠ ᠶᠣᠰᠣᠭᠠᠷ | ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠪᠡᠯᠡ | ᠮᠥᠩᠭᠦᠨ ᠤ ᠲᠥᠰᠥᠪ ᠤᠨ ᠬᠠᠮᠢᠶᠠᠷᠤᠯᠲᠠ ᠪᠠᠨ ᠴᠢᠩᠭᠠᠳᠬᠠᠵᠤ ᠂ ᠲᠥᠰᠥᠪ ᠢ ᠨᠠᠷᠢᠯᠢᠬᠵᠢᠭᠤᠨ ᠨᠠᠶᠢᠷᠠᠭᠤᠯᠤᠨ ᠵᠣᠬᠢᠶᠠᠵᠤ ᠂ ᠲᠥᠰᠥᠪ ᠤᠨ ᠬᠡᠷᠡᠭᠵᠢᠭᠦᠯᠦᠯᠲᠡ ᠶᠢ | ᠴᠢᠩᠳᠠᠯᠠᠵᠤ ᠂ ᠲᠥᠰᠥᠪ ᠲᠤ ᠬᠢᠨᠠᠯᠲᠠ ᠲᠠᠯᠪᠢᠬᠤ ᠪᠠᠨ ᠴᠢᠩᠭᠠᠷᠠᠭᠤᠯᠬᠤ ᠬᠡᠷᠡᠭᠲᠡᠢ ᠃ ᠰᠤᠷᠭᠠᠭᠤᠯᠢ ᠶᠢᠨ ᠡᠳ᠋ ᠤᠨ ᠶᠠᠪᠤᠳᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ | ᠵᠡᠷᠭᠡ ᠰᠠᠭᠤᠷᠢᠯᠠᠬᠤ ᠴᠢᠨᠠᠷᠲᠠᠢ ᠠᠵᠢᠯ ᠢᠶᠠᠨ ᠴᠢᠩᠭᠠᠳᠬᠠᠵᠤ ᠂ ᠨᠢᠭᠲᠠᠯᠠᠨ ᠪᠤᠳᠤᠵᠦ ᠲᠣᠭᠠᠴᠠᠭ᠎ᠠ ᠬᠢᠬᠦ ᠪᠠᠨ ᠵᠢᠷᠤᠮᠵᠢᠭᠤᠯᠤᠨ ᠂ ᠲᠣᠭᠲᠠᠭᠠᠭᠰᠠᠨ ᠬᠡᠪᠴᠢᠶ᠎ᠡ ᠪᠠ | ᠪᠠᠷᠢᠮᠵᠢᠶ᠎ᠠ ᠶᠢ ᠴᠢᠩᠭ᠎ᠠ ᠵᠢᠷᠤᠮᠯᠠᠨ ᠵᠠᠷᠤᠯᠭ᠎ᠠ ᠵᠠᠷᠤᠴᠠᠭᠤᠯᠵᠤ ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠣᠷᠣᠭᠴᠢ ᠶᠢ ᠮᠥᠩᠭᠦ ᠪᠠᠷ ᠲᠤᠰᠠᠯᠠᠬᠤ | ᠡᠯ᠎ᠡ ᠵᠦᠢᠯ ᠤᠨ ᠪᠡᠯᠡ ᠮᠥᠩᠭᠦᠨ ᠤ ᠬᠡᠷᠡᠭᠯᠡᠯᠲᠡ ᠶᠢᠨ ᠠᠮᠤᠷ ᠲᠦᠪᠰᠢᠨ ᠂ ᠵᠢᠷᠤᠮᠵᠢᠯ ᠲᠠᠢ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ | ︵ᠳᠥᠷᠪᠡ︶ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠬᠤ ᠬᠡᠷᠡᠭᠲᠡᠢ ᠃ ᠡᠯ᠎ᠡ ᠭᠠᠵᠠᠷ | ᠣᠷᠣᠨ ᠨᠢ ᠬᠢᠨᠠᠯᠲᠠ ᠲᠠᠯᠪᠢᠵᠤ ᠪᠠᠶᠢᠴᠠᠭᠠᠬᠤ ᠪᠠ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢᠶᠠᠨ ᠴᠢᠩᠭᠠᠳᠬᠠᠵᠤ ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠣᠭᠲᠠᠭᠠᠯ ᠶᠣᠰᠣᠭᠠᠷ ᠨᠡᠶᠢᠲᠡᠯᠡᠬᠦ ᠶᠢᠨ ᠬᠠᠮᠲᠤ ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ ᠃ ᠰᠣᠷᠣᠭᠴᠢ ᠶᠢᠨ | ᠲᠤᠭ᠎ᠠ ᠶᠢ ᠬᠤᠳᠠᠯ ᠢᠶᠠᠷ ᠮᠡᠳᠡᠭᠦᠯᠭᠦ ᠂ ᠲᠡᠳᠬᠦᠮᠵᠢ ᠶᠢᠨ ᠪᠡᠯᠡ ᠮᠥᠩᠭᠦ ᠶᠢ ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠶᠢ ︽ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠥᠰᠥᠪ ᠤᠨ ᠬᠠᠤᠯᠢ ︾ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ ︾ ︽ ᠡᠳ᠋ ᠤᠨ ᠵᠠᠰᠠᠭ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠢᠶᠠᠷ ᠴᠢᠩᠭ᠎ᠠ ᠰᠢᠢᠳᠪᠦᠷᠢᠯᠡᠬᠦ ᠶᠢᠨ ᠬᠠᠮᠲᠤ ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ ᠃ ᠡᠯ᠎ᠡ ᠱᠠᠲᠤᠨ ᠤ ᠬᠢᠨᠠᠨ ᠪᠤᠳᠤᠬᠤ ᠰᠠᠯᠠᠭ᠎ᠠ ᠮᠥᠴᠢᠷ ᠨᠢ ᠲᠡᠳᠬᠦᠮᠵᠢ ᠶᠢᠨ ᠪᠡᠯᠡ ᠮᠥᠩᠭᠦ ᠶᠢ ᠲᠤᠰᠬᠠᠢ ᠵᠦᠢᠯ ᠢᠶᠠᠷ ᠬᠢᠨᠠᠨ ᠪᠤᠳᠤᠬᠤ ᠪᠠ ᠣᠨ ᠤ ᠬᠢᠨᠠᠨ | ᠪᠤᠳᠤᠬᠤ ᠠᠵᠢᠯ ᠢᠶᠠᠨ ᠬᠢᠨᠠᠮᠠᠭᠠᠢ ᠰᠠᠶᠢᠲᠤᠷ ᠬᠢᠵᠦ ᠂ ᠪᠡᠯᠡ ᠮᠥᠩᠭᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ ᠃ | ︵ᠲᠠᠪᠤ︶ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ ᠂ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ ᠃ ᠡᠯ᠎ᠡ ᠭᠠᠵᠠᠷ | ᠣᠷᠣᠨ ᠂ ᠡᠯ᠎ᠡ ᠰᠤᠷᠭᠠᠭᠤᠯᠢ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ | ᠬᠥᠮᠦᠵᠢᠯ ᠤᠨ ᠰᠤᠷᠤᠨᠨᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠡᠯ᠎ᠡ | ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠥᠷᠭᠡᠨ ᠢᠶᠠᠷ ᠠᠰᠢᠭᠯᠠᠨ ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠨᠡᠶᠢᠭᠡᠮ ᠳᠤ ᠭᠦᠨᠵᠡᠭᠡᠢ ᠤᠬᠠᠭᠤᠯᠵᠤ ᠂ ᠨᠠᠮ ᠪᠠ | ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠥᠮᠥᠨ ᠪᠦᠬᠦᠨ ᠳᠤ ᠮᠡᠳᠡᠭᠦᠯᠵᠦ ᠂ ᠬᠥᠮᠥᠰ ᠤᠨ ᠰᠡᠳᠬᠢᠯ ᠳᠤ ᠬᠠᠳᠠᠩᠰᠢᠭᠤᠯᠤᠨ ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ | ᠲᠣᠰ ᠮᠡᠳᠡᠭᠳᠡᠯ ᠢ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ ᠃ ᠤᠤᠯ ᠳᠤ ᠪᠠᠨ | ᠬᠡᠷᠡᠭᠵᠢᠭᠦᠯᠵᠦ ᠪᠠᠶᠢᠭᠰᠠᠨ ︽ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠣᠯᠣᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠳᠠᠬᠢ ᠮᠣᠩᠭᠤᠯ ᠬᠡᠯᠡ ︵ ᠰᠣᠯᠣᠩᠭᠤᠰ ᠬᠡᠯᠡ ︶ ᠪᠠᠷ ᠬᠢᠴᠢᠶᠡᠯᠯᠡᠵᠦ ᠪᠠᠶᠢᠭ᠎ᠠ ᠰᠤᠷᠤᠨᠨᠴᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ | ᠰᠤᠷᠤᠭᠴᠢᠳ ᠲᠤ ︿ ᠬᠤᠶᠠᠷ ᠢ ᠬᠡᠯᠲᠦᠷᠢᠭᠦᠯᠬᠦ ﹀ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠤᠯᠠᠮᠵᠢᠯᠠᠨ ᠶᠠᠪᠤᠭᠤᠯᠬᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ 〔2011〕 23 ᠳ᠋ᠤᠭᠠᠷ | ᠲᠣᠭᠠᠲᠤ︶ ᠂ ︽ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ︿ ᠬᠤᠶᠠᠷ ᠢ ᠬᠡᠯᠲᠦᠷᠢᠭᠦᠯᠬᠦ ﹀ ᠲᠥᠷᠥ ᠶᠢᠨ ᠪᠣᠳᠣᠯᠭ᠎ᠠ ᠶᠢᠨ | ᠬᠤᠯᠪᠣᠭᠳᠠᠯ ᠪᠦᠬᠦᠢ ᠵᠦᠢᠯᠡᠰ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔2012〕 147 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ | ᠦᠭᠡᠢ ᠪᠣᠯᠭᠠᠨ᠎ᠠ ᠃ | | 2022 ᠣᠨ ᠤ 8 ᠳ᠋ᠤᠭᠠᠷ ᠰᠠᠷ᠎ᠠ ᠶᠢᠨ 1 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠠᠭᠤᠯᠤᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠲᠢᠩᠬᠢᠮ ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ | ᠬᠤᠷᠢᠶ᠎ᠠ ᠃ | ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ | |