内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠦᠨᠳᠦ ᠬᠡᠴᠡᠭᠦᠦ ᠣᠨᠴᠠᠭᠠᠢ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
        ᠨᠡᠶᠢᠲᠡᠯᠡᠭᠰᠡᠨ ᠴᠠᠭ᠄
        2023/2/7
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                             ᠥᠪᠥᠷ ᠵᠠᠰᠠᠭ ᠠᠯᠪᠠᠨ ᠲᠠᠷᠬᠠᠭᠠᠭᠰᠠᠨ 〔2022〕 41 ᠳ᠋ᠦ᠋ᠭᠡᠷ ᠲᠣᠭᠠᠲᠤ       ᠬᠦᠨᠳᠦ ᠬᠡᠴᠡᠭᠦᠦ ᠣᠨᠴᠠᠭᠠᠢ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ

        365赢多少钱会被限额_国内有真正的365平台吗_365bet博彩官网

              ᠳᠦᠷᠢᠮ ᠢ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ       ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠬᠦᠨᠳᠦ ᠬᠡᠴᠡᠭᠦᠦ ᠣᠨᠴᠠᠭᠠᠢ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ 〔 2021〕 42 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠪᠠ ᠬᠦᠨᠳᠦ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠪᠤᠴᠠᠭᠠᠳ ᠶᠠᠳᠠᠭᠤᠷᠠᠬᠤ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠱᠤᠭᠤᠮ ᠢ ᠪᠠᠬᠢᠵᠢᠭᠦᠯᠦᠨ᠂ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠪᠠᠲᠤᠯᠠᠬᠤ᠂ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠴᠢᠳᠠᠯ ᠤᠨ ᠢᠶᠠᠨ ᠬᠢᠷᠢ ᠪᠠᠷ ᠴᠢᠷᠮᠠᠶᠢᠨ ᠠᠵᠢᠯᠯᠠᠵᠤ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠦᠷᠭᠦᠯᠵᠢᠯᠡᠭᠦᠯᠬᠦ ᠶᠢ ᠠᠬᠢᠭᠤᠯᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ ᠤ ᠬᠦᠨᠳᠦ ᠬᠡᠴᠡᠭᠦᠦ ᠣᠨᠴᠠᠭᠠᠢ ᠡᠪᠡᠳᠴᠢᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠪᠤᠴᠠᠭᠠᠳ ᠶᠠᠳᠠᠭᠤᠷᠠᠬᠤ ᠶᠢ ᠰᠡᠷᠭᠡᠶᠢᠯᠡᠵᠦ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ︵ᠳᠣᠷᠣᠭᠰᠢ ᠭᠤᠷᠪᠠᠨ ᠳᠠᠪᠬᠤᠷ ᠳᠦᠷᠢᠮ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠵᠤ᠂ ᠬᠦᠴᠢᠷᠳᠡᠯᠲᠡᠢ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠦᠨᠡᠨ ᠮᠥᠨ ᠢᠶᠠᠷ ᠲᠣᠭᠲᠠᠭᠠᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠵᠤ᠂ ᠬᠦᠨᠳᠦ ᠬᠡᠴᠡᠭᠦᠦ ᠣᠨᠴᠠᠭᠠᠢ ᠡᠪᠡᠳᠴᠢᠨ ᠳᠤ ᠨᠡᠷᠪᠡᠭᠳᠡᠭᠰᠡᠨ ᠪᠣᠯᠪᠠᠴᠤ ᠦᠨᠳᠦᠰᠦᠨ ᠠᠮᠢᠳᠤᠷᠠᠯ ᠨᠢ ᠨᠥᠯᠥᠭᠡᠯᠡᠭᠳᠡᠬᠦ ᠦᠭᠡᠢ ᠪᠠᠶᠢᠬᠤ ᠶᠢᠨ ᠬᠠᠮᠲᠤ ᠬᠡᠲᠦ ᠶᠡᠭᠡ ᠪᠠᠲᠤᠯᠠᠬᠤ ᠠᠴᠠ ᠵᠠᠶᠢᠯᠠᠰᠬᠢᠬᠦ ᠬᠡᠷᠡᠭᠲᠡᠢ᠃ ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠬᠢᠭᠡᠳ ᠨᠢᠭᠦᠯᠡᠰᠦᠩᠭᠦᠢ ᠶᠢᠨ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠶᠢᠨ ᠬᠠᠮᠵᠢᠯᠴᠠᠨ ᠬᠥᠭᠵᠢᠬᠦ ᠪᠠ ᠪᠦᠲᠦᠮᠵᠢᠲᠡᠶ ᠵᠣᠯᠭᠠᠯᠳᠤᠬᠤ ᠶᠢ ᠠᠬᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠣᠯᠠᠨ ᠲᠠᠯ᠎ᠠ ᠶᠢᠨ ᠣᠷᠣᠯᠴᠠᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃      ᠬᠤᠶᠠᠷ᠂ ᠭᠤᠣᠯᠳᠠᠯᠭ᠎ᠠ ᠪᠣᠯᠬᠤ ᠠᠵᠢᠯ      ︵ᠨᠢᠭᠡ︶ ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠭᠦᠷᠲᠡᠬᠦ ᠪᠠᠨ ᠴᠢᠩᠭᠠᠳᠬᠠᠵᠤ᠂ ᠠᠪᠤᠷᠠᠨ ᠲᠤᠰᠠᠯᠠᠬᠤ ᠡᠲᠡᠭᠡᠳ ᠢ ᠴᠠᠭ ᠲᠤᠬᠠᠢ ᠳᠤ ᠨᠢ ᠲᠤᠶᠢᠯ ᠤᠨ ᠣᠨᠣᠴᠠᠲᠠᠢ ᠢᠯᠭᠠᠨ ᠲᠠᠨᠢᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠨᠢ ᠡᠮᠴᠢᠯᠡᠭᠡᠨ ᠤ ᠵᠠᠷᠤᠳᠠᠯ ᠤᠨ ᠳᠠᠷᠤᠭᠠᠰᠤ ᠨᠡᠯᠢᠶᠡᠳ ᠬᠦᠨᠳᠦ ᠪᠠᠶᠢᠭ᠎ᠠ ᠬᠦᠴᠢᠷᠳᠡᠯᠲᠡᠢ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠢ ᠭᠤᠤᠯᠴᠢ ᠪᠠᠷ ᠬᠠᠮᠤᠷᠴᠤ᠂ ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢ ᠦᠨᠳᠦᠰᠦᠯᠡᠨ ᠲᠥᠷᠥᠯ ᠬᠤᠪᠢᠶᠠᠨ ᠠᠪᠤᠷᠠᠨ ᠲᠤᠰᠠᠯᠠᠬᠤ ᠬᠡᠷᠡᠭᠲᠡᠢ᠃ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠳᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠪᠠ ᠲᠠᠷᠢᠶᠠᠯᠠᠬᠤ ᠮᠠᠯᠵᠢᠬᠤ ᠣᠷᠣᠨ ᠤ ᠬᠢᠯᠪᠠᠷᠬᠠᠨ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠶᠢᠨ ᠬᠢᠨᠠᠨ ᠰᠢᠨᠵᠢᠬᠦ ᠬᠡᠪᠴᠢᠶᠡᠨ ᠳᠤ ᠣᠷᠣᠭᠰᠠᠨ ᠬᠥᠮᠥᠨ ᠠᠮᠠ ᠳᠤ ᠲᠣᠭᠲᠠᠭᠠᠯ ᠶᠣᠰᠣᠭᠠᠷ ᠲᠤᠰᠠᠯᠠᠮᠵᠢ ᠣᠯᠭᠤᠬᠤ ᠬᠡᠷᠡᠭᠲᠡᠢ᠃ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠤᠶᠤ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠳᠤ ᠪᠠᠶᠢᠭ᠎ᠠ ᠭᠡᠷ ᠪᠦᠯᠢ ᠶᠢᠨ ᠨᠥᠬᠦᠴᠡᠯ ᠳᠤ ᠨᠡᠶᠢᠴᠡᠬᠦ ᠦᠭᠡᠢ ᠪᠣᠯᠪᠠᠴᠣ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠤᠨ ᠵᠠᠷᠤᠯᠭ᠎ᠠ ᠠᠴᠠ ᠪᠣᠯᠵᠤ ᠭᠡᠷ ᠪᠦᠯᠢ ᠶᠢᠨ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠢ ᠬᠦᠴᠢᠷᠳᠡᠯ ᠳᠤ ᠤᠴᠠᠷᠠᠭᠰᠠᠨ ᠬᠦᠨᠳᠦ ᠡᠪᠡᠳᠴᠢᠲᠡᠨ ︵ᠳᠣᠷᠣᠭᠰᠢ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠭᠡᠨ᠎ᠡ᠂ ᠡᠨᠡ ᠨᠢ ᠶᠡᠷᠦ ᠳᠤ ᠪᠠᠨ ᠲᠤᠬᠠᠢ ᠶᠢᠨ ᠭᠠᠵᠠᠷ ᠤᠨ ᠡᠷᠦᠬᠡ ᠠᠮᠠ ᠶᠢᠨ ᠳᠠᠩᠰᠠ ᠲᠠᠢ᠂ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠣᠷᠣᠯᠭ᠎ᠠ ᠨᠢ ᠳᠡᠭᠡᠷ᠎ᠡ ᠨᠢᠭᠡ ᠵᠢᠯ ᠤᠨ ᠲᠤᠬᠠᠢ ᠶᠢᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠠᠴᠠ ᠳᠣᠣᠷ᠎ᠠ᠂ ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠵᠠᠷᠤᠴᠠᠭᠤᠯᠤᠭᠰᠠᠨ ᠬᠤᠪᠢ ᠬᠥᠮᠥᠨ ᠤ ᠡᠭᠦᠷᠭᠡᠯᠡᠬᠦ ᠡᠮᠨᠡᠯᠬᠡ ᠶᠢᠨ ᠵᠠᠷᠤᠳᠠᠯ ᠢ ᠬᠠᠰᠤᠵᠤ ᠠᠪᠤᠭᠰᠠᠨ ᠤ ᠳᠠᠷᠠᠭ᠎ᠠ᠂ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠣᠷ᠎ᠠ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠬᠦᠨᠳᠦ ᠡᠪᠡᠳᠴᠢᠲᠡᠨ ᠢ ᠵᠢᠭᠠᠵᠤ ᠪᠣᠢ︶ ᠳᠤ᠂ ᠪᠣᠳᠠᠲᠤ ᠪᠠᠶᠢᠳᠠᠯ ᠢ ᠨᠢ ᠦᠨᠳᠦᠰᠦᠯᠡᠨ ᠵᠣᠬᠢᠬᠤ ᠬᠡᠮᠵᠢᠶᠡᠨ ᠤ ᠲᠤᠰᠠᠯᠠᠮᠵᠢ ᠦᠵᠡᠭᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠠᠭᠠᠢ ᠬᠦᠴᠢᠷᠳᠡᠯᠲᠡᠢ ᠬᠥᠮᠥᠰ ᠲᠤ ᠳᠡᠭᠡᠷ᠎ᠡ ᠳᠤᠷᠠᠳᠤᠭᠰᠠᠨ ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢᠶᠠᠷ ᠵᠣᠬᠢᠬᠤ ᠠᠪᠤᠷᠠᠨ ᠲᠤᠰᠠᠯᠠᠯᠲᠠ ᠣᠯᠭᠤᠬᠤ ᠬᠡᠷᠡᠭᠲᠡᠢ᠃      ︵ᠬᠤᠶᠠᠷ︶ ᠬᠦᠴᠢᠷᠳᠡᠯᠲᠡᠢ ᠣᠯᠠᠨ ᠲᠦᠮᠡᠨ ᠤ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠪᠠᠲᠤᠯᠠᠬᠤ ᠬᠡᠷᠡᠭᠲᠡᠢ᠃ ᠪᠥᠬᠦ ᠠᠷᠠᠳ ᠢ ᠬᠠᠮᠤᠷᠤᠭᠰᠠᠨ᠂ ᠬᠠᠤᠯᠢ ᠶᠣᠰᠣᠭᠠᠷ ᠣᠷᠤᠯᠴᠠᠬᠤ ᠡᠮᠴᠢᠯᠡᠭᠡᠨ ᠤ ᠦᠨᠳᠦᠰᠦᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠪᠠ ᠬᠠᠤᠯᠢ ᠶᠣᠰᠣᠭᠠᠷ ᠳᠠᠭᠠᠳᠬᠠᠯ ᠳᠤ ᠣᠷᠤᠯᠴᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠢᠯᠭᠠᠨ ᠬᠢᠨᠠᠬᠤ ᠶᠢ ᠴᠢᠩᠭᠠᠳᠬᠠᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ ᠵᠠᠰᠠᠭ ᠵᠠᠬᠢᠷᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠶᠢᠯᠢ ᠶᠢᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠪᠠ ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠳᠠᠭᠠᠳᠬᠠᠯ ᠳᠤ ᠣᠷᠤᠯᠴᠠᠬᠤ ᠬᠥᠮᠥᠰ ᠤᠨ ᠮᠡᠳᠡᠭᠡ ᠵᠠᠩᠭᠢ ᠶᠢ ᠬᠠᠷᠭᠤᠭᠤᠯᠬᠤ ᠪᠠᠨ ᠴᠢᠩᠭᠠᠳᠬᠠᠨ᠂ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠤᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠠᠤᠯᠢ ᠶᠣᠰᠣᠭᠠᠷ ᠣᠷᠣᠯᠴᠬᠠᠰᠠᠨ ᠪᠣᠯ᠂ ᠲᠣᠭᠲᠠᠭᠠᠯ ᠶᠣᠰᠣᠭᠠᠷ ᠭᠤᠷᠪᠠᠨ ᠳᠠᠪᠬᠤᠷ ᠳᠦᠷᠢᠮ ᠤᠨ ᠪᠠᠲᠤᠯᠠᠭ᠎ᠠ ᠶᠢᠨ ᠡᠷᠬᠡ ᠠᠰᠢᠭ ᠢ ᠭᠥᠷᠳᠡᠨ᠎ᠡ᠃ ᠬᠥᠮᠥᠨ ᠠᠮᠠ ᠶᠢᠨ ᠨᠡᠭᠦᠳᠡᠯ ᠪᠠ ᠳᠠᠭᠠᠳᠬᠠᠯ ᠳᠤ ᠣᠷᠤᠯᠴᠠᠬᠤ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠳᠤ ᠲᠣᠬᠢᠷᠠᠭᠤᠯᠤᠨ᠂ ᠠᠪᠤᠷᠠᠨ ᠲᠤᠰᠠᠯᠠᠬᠤ ᠡᠲᠡᠭᠡᠳ ᠤᠨ ᠳᠠᠭᠠᠳᠬᠠᠯ ᠳᠤ ᠣᠷᠤᠯᠴᠠᠬᠤ ᠪᠠᠷ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠠᠮᠢᠳᠤᠯᠢᠭ ᠢᠶᠠᠷ ᠲᠣᠬᠢᠷᠠᠭᠤᠯᠵᠤ᠂ ᠬᠤᠪᠢ ᠬᠥᠮᠥᠨ ᠤ ᠳᠠᠭᠠᠳᠬᠠᠯ ᠳᠤ ᠣᠷᠤᠯᠴᠠᠬᠤ ᠪᠠᠷ ᠰᠦᠢᠳᠬᠡᠯ ᠲᠤᠰᠢᠶᠠᠬᠤ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠵᠦ᠂ ᠴᠠᠭ ᠲᠤᠬᠠᠢ ᠳᠤ ᠨᠢ ᠳᠠᠭᠠᠳᠬᠠᠯ ᠳᠤ ᠣᠷᠤᠯᠴᠠᠬᠤ᠂ ᠳᠠᠭᠠᠳᠬᠠᠯ ᠳᠤ ᠣᠷᠤᠯᠴᠠᠬᠤ ᠴᠢᠬᠠᠤᠯᠠᠳᠠᠢ ᠶᠢ ᠨᠢ ᠴᠢᠳᠠᠬᠤ ᠶᠢᠨ ᠬᠢᠷᠢ ᠪᠠᠷ ᠳᠠᠭᠠᠳᠬᠠᠯ ᠳᠤ ᠤᠷᠤᠯᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠭᠤᠷᠪᠠ︶ ᠳᠠᠭᠠᠳᠬᠠᠯ ᠳᠤ ᠣᠷᠤᠯᠴᠠᠬᠤ ᠶᠢ ᠲᠥᠷᠥᠯ ᠬᠤᠪᠢᠶᠠᠨ ᠵᠣᠭᠤᠰ ᠢᠶᠠᠷ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠤᠯᠴᠠᠬᠤ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠪᠢ ᠬᠥᠮᠥᠨ ᠰᠦᠢᠳᠬᠡᠯ ᠲᠤᠰᠢᠶᠠᠬᠤ ᠳᠤ ᠦᠨᠡᠨ ᠬᠦ ᠬᠦᠴᠢᠷᠳᠡᠯᠲᠡᠢ ᠣᠯᠠᠨ ᠲᠦᠮᠡᠨ ᠢ ᠲᠥᠷᠥᠯ ᠬᠤᠪᠢᠶᠠᠨ ᠵᠣᠭᠤᠰ ᠢᠶᠠᠷ ᠲᠤᠰᠠᠯᠠᠨ᠎ᠠ᠃ ᠣᠨᠴᠠ ᠬᠦᠴᠢᠷᠳᠡᠯᠲᠡᠢ ᠬᠥᠮᠥᠰ ᠢ ᠪᠥᠬᠦ ᠲᠤᠭ᠎ᠠ ᠪᠠᠷ ᠨᠢ ᠲᠤᠰᠠᠯᠠᠵᠤ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠪᠤᠴᠠᠭᠠᠳ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠥᠨ ᠠᠮᠠ ᠶᠢ ᠲᠣᠭᠲᠠᠭᠰᠠᠨ ᠲᠤᠭ᠎ᠠ ᠪᠠᠷ ᠲᠤᠰᠠᠯᠠᠵᠤ᠂ ᠲᠣᠭᠲᠠᠭᠰᠠᠨ ᠲᠤᠭ᠎ᠠ ᠪᠠᠷ ᠲᠤᠰᠠᠯᠠᠬᠤ ᠪᠠᠷᠢᠮᠵᠢᠶ᠎ᠠ ᠨᠢ ᠲᠤᠰ ᠬᠤᠭᠤᠴᠠᠭᠠᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠶᠢᠨ 45% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠣᠳᠠᠲᠠᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢ ᠴᠤᠭᠯᠠᠭᠤᠯᠤᠨ ᠬᠡᠷᠡᠭᠯᠡᠬᠦ ᠪᠠ ᠬᠦᠴᠢᠷᠳᠡᠯᠲᠡᠢ ᠣᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤ ᠨᠢ ᠲᠣᠬᠢᠷᠠᠭᠤᠯᠤᠯᠲᠠ ᠬᠢᠨ᠎ᠡ᠃ ᠬᠦᠴᠢᠷᠳᠡᠯᠲᠡᠢ ᠣᠯᠠᠨ ᠲᠦᠮᠡᠨ ᠳᠤ ᠣᠯᠠᠨ ᠳᠠᠪᠬᠤᠷ ᠣᠨᠴᠠᠭᠠᠢ ᠪᠡᠶ᠎ᠡ ᠶᠢᠨ ᠬᠠᠷᠢᠶᠠᠯᠠᠯᠳᠣ ᠴᠢᠨᠠᠷ ᠲᠠᠢ ᠪᠣᠯ ︽ᠥᠨᠳᠥᠷ ᠪᠠᠷᠢᠮᠵᠢᠶ᠎ᠠ ᠪᠠᠷ  ᠨᠢ ᠭᠦᠢᠴᠡᠳᠬᠡᠬᠦ︾ ᠵᠠᠷᠴᠢᠮ ᠶᠣᠰᠣᠭᠠᠷ ᠳᠠᠭᠠᠳᠬᠠᠯ ᠳᠤ ᠣᠷᠣᠯᠴᠬᠠᠰᠠᠨ ᠲᠤᠰᠠᠯᠠᠮᠵᠢ ᠬᠦᠷᠲᠡᠭᠡᠨ᠎ᠡ᠂ ᠳᠠᠪᠬᠤᠷᠳᠠᠭᠤᠯᠤᠨ ᠲᠤᠰᠠᠯᠠᠵᠤ ᠪᠣᠯᠬᠤ ᠦᠭᠡᠢ᠃      ︵ᠳᠥᠷᠪᠡ︶ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠣᠯᠠᠨ ᠡᠰᠢᠲᠦ ᠪᠡᠯᠡ ᠴᠤᠭᠯᠠᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠ ᠨᠡᠶᠢᠭᠡᠮ ᠤᠨ ᠡᠯ᠎ᠡ ᠡᠲᠡᠭᠡᠳ ᠤᠨ ᠬᠠᠨᠳᠢᠪᠯᠡᠯ ᠵᠡᠷᠭᠡ ᠠᠷᠭ᠎ᠠ ᠮᠠᠶ᠋ᠢᠭ ᠢᠶᠠᠷ ᠴᠤᠭᠯᠠᠭᠤᠯᠵᠤ᠂ ᠢᠯᠡ ᠲᠣᠳᠣ᠂ ᠣᠯᠠᠨ ᠨᠡᠶᠢᠲᠡ ᠶᠢᠨ᠂ ᠲᠥᠪ ᠭᠤᠤᠯᠴᠢ᠂ ᠲᠤᠰᠬᠠᠢ ᠵᠣᠭᠤᠰ ᠢ ᠲᠤᠰᠬᠠᠶᠢᠯᠠᠨ ᠬᠡᠷᠡᠭᠯᠡᠬᠦ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠬᠠᠮᠢᠶᠠᠷᠴᠤ ᠬᠡᠷᠡᠭᠯᠡᠬᠦ ᠬᠡᠷᠡᠭᠲᠡᠢ᠃ ᠳᠦᠷᠢᠮ ᠪᠠ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠪᠠᠶᠢᠯᠭᠠᠬᠤ᠂ ᠰᠠᠭᠤᠷᠢ ᠮᠥᠩᠭᠦ ᠶᠢ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ᠂ ᠬᠠᠮᠢᠶᠠᠷᠤᠯᠲᠠ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠠᠷᠢᠮᠵᠢᠶ᠎ᠠ ᠶᠣᠰᠣᠭᠠᠷ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠠᠶᠢᠮᠠᠭ ᠬᠤᠲᠠ ᠶᠢᠨ ᠱᠠᠲᠤᠨ ᠳᠠᠬᠢ ᠨᠢᠭᠡᠳᠦᠯᠲᠡᠢ ᠲᠥᠯᠥᠪᠯᠡᠬᠦ ᠶᠢ ᠪᠥᠬᠦ ᠲᠠᠯ᠎ᠠ ᠪᠠᠷ ᠪᠣᠳᠠᠲᠠᠢ ᠨᠠᠷᠢᠯᠢᠭ ᠬᠢᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠣᠷᠣᠭᠤᠯᠤᠯᠲᠠ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ᠂ ᠣᠷᠣᠨ ᠨᠤᠲᠤᠭ ᠤᠨ ᠡᠳ᠋ ᠤᠨ ᠵᠠᠰᠠᠭ ᠤᠨ ᠡᠭᠦᠷᠭᠡᠯᠡᠬᠦ ᠴᠢᠳᠠᠪᠤᠷᠢ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠤᠰᠠᠯᠠᠮᠵᠢ ᠶᠢᠨ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠬᠦᠷᠦᠯᠴᠡᠬᠦ ᠦᠭᠡᠢ ᠬᠡᠰᠡᠭ ᠢ ᠨᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠳᠠᠭᠠᠭᠠᠨ ᠪᠠᠲᠤᠯᠠᠬᠤ ᠬᠡᠷᠡᠭᠲᠡᠢ᠃ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠨᠡᠶᠢᠭᠡᠮ ᠤᠨ ᠬᠦᠴᠦᠨ ᠢ ᠳᠠᠶᠢᠴᠢᠯᠠᠨ᠂ ᠨᠢᠭᠦᠯᠡᠰᠦᠩᠭᠦᠢ ᠦᠢᠯᠡᠰ ᠬᠢᠭᠡᠳ ᠨᠡᠶᠢᠭᠡᠮ ᠤᠨ ᠲᠤᠰᠠᠯᠠᠮᠵᠢ ᠵᠡᠷᠭᠡ ᠣᠯᠠᠨ ᠵᠠᠮ ᠮᠥᠷ ᠢᠶᠠᠷ ᠳᠠᠮᠵᠢᠭᠤᠯᠤᠨ ᠪᠡᠯᠡ ᠮᠥᠩᠭᠦ ᠴᠤᠭᠯᠠᠭᠤᠯᠤᠨ᠎ᠠ᠃      ︵ᠲᠠᠪᠤ︶ ᠭᠤᠷᠪᠠᠨ ᠳᠠᠪᠬᠤᠷ ᠳᠦᠷᠢᠮ ᠤᠨ ᠬᠠᠷᠢᠯᠴᠠᠨ ᠨᠥᠬᠦᠪᠦᠷᠢᠯᠡᠵᠦ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠤᠯᠠᠨ ᠲᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠬᠤ ᠬᠡᠷᠡᠭᠲᠡᠢ᠃ ᠤᠯᠤᠰ ᠠᠴᠠ ᠲᠣᠭᠲᠠᠭᠠᠭᠰᠠᠨ ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠳᠦᠷᠢᠮ ᠢ ᠴᠢᠩᠭ᠎ᠠ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠦᠨᠳᠦᠰᠦᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶ᠎ᠡ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠮᠴᠢᠯᠡᠭᠡᠨ ᠤ ᠦᠨᠳᠦᠰᠦᠨ ᠳᠠᠭᠠᠳᠬᠠᠯ ᠤᠨ ᠭᠤᠣᠯ ᠴᠣᠭᠴᠠ ᠶᠢᠨ ᠪᠠᠲᠤᠯᠠᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠡᠮᠨᠡᠯᠭᠡ ᠳᠤ ᠰᠠᠭᠤᠬᠤ ᠣᠯᠭᠤᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠠᠬᠢᠵᠢᠭᠦᠯᠦᠨ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠬᠦᠨᠳᠦ ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ ᠴᠢᠩᠭᠠᠷᠠᠭᠤᠯᠵᠤ᠂ ᠡᠬᠢᠯᠡᠵᠦ ᠲᠦᠯᠦᠬᠦ ᠪᠠᠷᠢᠮᠵᠢᠶ᠎ᠠ ᠪᠠᠨ ᠨᠢᠭᠡᠳᠦᠯᠲᠡᠢ ᠪᠠᠶᠢᠯᠭᠠᠨ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠥᠭᠬᠦ ᠬᠠᠷᠢᠴᠠᠯ ᠢ 60% ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ︔ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠪᠤᠴᠠᠭᠠᠳ ᠶᠠᠳᠠᠭᠤᠷᠠᠬᠤ ᠪᠠ ᠶᠠᠳᠠᠭᠤᠷᠠᠭᠰᠠᠨ ᠬᠥᠮᠥᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠬᠦ ᠶᠢᠨ ᠬᠠᠮᠲᠤ᠂ ᠳᠥᠯᠥᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠬᠦᠴᠦᠨ ᠦᠭᠡᠢ ᠪᠣᠯᠭᠠᠨ᠎ᠠ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠤᠨ ᠪᠠᠲᠤᠯᠠᠭ᠎ᠠ ᠶᠢᠨ ᠴᠢᠳᠠᠮᠵᠢ ᠶᠢ ᠪᠠᠲᠤᠳᠬᠠᠵᠤ᠂ ᠨᠢᠭᠡᠳᠦᠯᠲᠡᠢ ᠵᠢᠷᠤᠮᠵᠢᠭᠰᠠᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠠᠪᠤᠷᠠᠨ ᠲᠤᠰᠠᠯᠠᠯᠲᠠ ᠶᠢᠨ ᠬᠢᠷᠢ ᠲᠦᠪᠰᠢᠨ ᠪᠠ ᠣᠨ ᠤ ᠠᠪᠤᠷᠠᠨ ᠲᠤᠰᠠᠯᠠᠯᠲᠠ ᠶᠢᠨ ᠬᠢᠵᠠᠭᠠᠷ ᠲᠤᠭ᠎ᠠ ᠶᠢ ᠵᠦᠢ ᠵᠣᠬᠢᠰᠲᠠᠢ ᠲᠣᠭᠲᠠᠭᠠᠵᠤ᠂ ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠰᠠᠶᠢᠲᠤᠷ ᠬᠢᠬᠦ ᠬᠡᠷᠡᠭᠲᠡᠢ᠃ ᠲᠣᠭᠲᠠᠭᠠᠯ ᠶᠣᠰᠣᠭᠠᠷ ᠲᠠᠷᠢᠶᠠᠯᠠᠬᠤ ᠮᠠᠯᠵᠢᠬᠤ ᠣᠷᠣᠨ ᠤ ᠬᠢᠯᠪᠠᠷᠬᠠᠨ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠪᠠᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃      ︵ᠵᠢᠷᠭᠤᠭ᠎ᠠ︶ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠲᠣᠳᠣᠷᠬᠠᠶᠢᠯᠠᠬᠤ ᠬᠡᠷᠡᠭᠲᠡᠢ᠃ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠠᠪᠤᠷᠠᠨ ᠲᠤᠰᠠᠯᠠᠬᠤ ᠡᠲᠡᠭᠡᠳ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠠᠪᠤᠷᠠᠨ ᠲᠤᠰᠠᠯᠠᠬᠤ ᠵᠠᠷᠤᠳᠠᠯ ᠨᠢ ᠭᠤᠣᠯᠳᠠᠭᠤ ᠠᠪᠤᠷᠠᠨ ᠲᠤᠰᠠᠯᠠᠯᠲᠠ ᠶᠢ ᠭᠦᠷᠲᠡᠬᠦ ᠡᠲᠡᠭᠡᠳ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠡᠭᠦᠰᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ᠂ ᠤᠳᠠᠭᠠᠨ ᠴᠢᠨᠠᠷᠲᠠᠢ ᠡᠪᠡᠳᠴᠢᠨ ᠠᠴᠠ ᠪᠣᠯᠵᠤ ᠤᠷᠲᠤ ᠬᠤᠭᠤᠴᠠᠭ᠎ᠠ ᠪᠠᠷ ᠡᠮ ᠤᠤᠭᠤᠭᠰᠠᠨ ᠪᠤᠶᠤ ᠬᠦᠨᠳᠦ ᠬᠡᠴᠡᠭᠦᠦ ᠣᠨᠴᠠᠭᠠᠢ ᠡᠪᠡᠳᠴᠢᠨ ᠡᠮᠭᠡᠭ ᠲᠤ ᠨᠡᠷᠪᠡᠭᠳᠡᠵᠦ ᠤᠷᠲᠤ ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠢ ᠵᠠᠷᠤᠳᠠᠯ ᠢ ᠬᠠᠮᠤᠷᠤᠨ᠎ᠠ᠃ ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠦᠯᠦᠬᠦ ᠱᠤᠭᠤᠮ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠥᠨ ᠤ ᠥᠪᠡᠷ ᠢᠶᠠᠨ ᠥᠭᠬᠦ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠯᠲᠠ ᠳᠤ ᠣᠷᠣᠭᠤᠯᠬᠤ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢ ᠵᠠᠷᠤᠬᠤ ᠬᠡᠪᠴᠢᠶ᠎ᠡ ᠨᠢ ᠵᠠᠷᠴᠢᠮ ᠳᠡᠭᠡᠷ᠎ᠡ ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠡᠮᠴᠢᠯᠡᠭᠡᠨ ᠤ ᠦᠨᠳᠦᠰᠦᠨ ᠳᠠᠭᠠᠳᠬᠠᠯ ᠤᠨ ᠲᠦᠯᠦᠬᠦ ᠬᠡᠪᠴᠢᠶᠡᠨ ᠤ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠤᠯᠤᠰ ᠤᠨ ᠠᠰᠲᠠᠭᠠᠨ ᠲᠣᠳᠣᠷᠬᠠᠢ ᠲᠣᠭᠲᠠᠭᠠᠯ ᠪᠠᠶᠢᠬᠤ ᠠᠴᠠ ᠭᠠᠳᠠᠨ᠎ᠠ᠂ ᠡᠯ᠎ᠡ ᠭᠠᠵᠠᠷ ᠣᠷᠣᠨ ᠦᠪᠡᠰᠦᠪᠡᠨ ᠲᠣᠭᠲᠠᠭᠠᠬᠤ ᠪᠤᠶᠤ ᠦᠬᠡᠷᠡᠳᠡᠬᠦᠯᠬᠦ ᠠᠷᠭ᠎ᠠ ᠪᠠᠷ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠵᠠᠷᠤᠳᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠶᠡᠬᠡᠰᠬᠡᠵᠦ ᠪᠣᠯᠬᠤ ᠦᠭᠡᠢ᠃      ︵ᠳᠣᠯᠤᠭ᠎ᠠ︶ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠠᠪᠤᠷᠠᠨ ᠲᠤᠰᠠᠯᠠᠯᠲᠠ ᠭᠦᠷᠲᠡᠬᠦ ᠡᠲᠡᠭᠡᠳ ᠤᠨ ᠭᠡᠷ ᠪᠦᠯᠢ ᠶᠢᠨ ᠬᠦᠴᠢᠷᠳᠡᠯ ᠤᠨ ᠪᠠᠶᠢᠳᠠᠯ ᠢ ᠦᠨᠳᠦᠰᠦᠯᠡᠨ᠂ ᠣᠨ ᠤ ᠠᠪᠤᠷᠠᠨ ᠲᠤᠰᠠᠯᠠᠯᠲᠠ ᠶᠢᠨ ᠡᠬᠢᠯᠡᠵᠦ ᠥᠭᠬᠦ ᠪᠠᠷᠢᠮᠵᠢᠶ᠎ᠠ ︵ᠳᠣᠷᠣᠭᠰᠢ ᠡᠬᠢᠯᠡᠵᠦ ᠥᠭᠬᠦ ᠪᠠᠷᠢᠮᠵᠢᠶ᠎ᠠ ᠭᠡᠵᠦ ᠲᠣᠪᠴᠢᠯᠠᠨ᠎ᠠ︶ ᠶᠢ ᠲᠥᠷᠥᠯ ᠬᠤᠪᠢᠶᠠᠨ ᠲᠣᠭᠲᠠᠭᠠᠬᠤ ᠬᠡᠷᠡᠭᠲᠡᠢ᠃ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ ᠲᠤ ᠵᠠᠷᠴᠢᠮ ᠳᠡᠭᠡᠷ᠎ᠡ ᠪᠠᠨ ᠡᠬᠢᠯᠡᠵᠦ ᠥᠭᠬᠦ ᠪᠠᠷᠢᠮᠵᠢᠶ᠎ᠠ ᠶᠢ ᠬᠦᠴᠦᠨ ᠦᠭᠡᠢ ᠪᠣᠯᠭᠠᠵᠤ᠂ ᠲᠦᠷ ᠨᠥᠬᠦᠴᠡᠯ ᠪᠦᠷᠢᠯᠳᠦᠭᠦᠯᠦᠭᠡᠳᠦᠢ ᠭᠠᠵᠠᠷ ᠣᠷᠣᠨ ᠤ ᠡᠬᠢᠯᠡᠵᠦ ᠥᠭᠬᠦ ᠪᠠᠷᠢᠮᠵᠢᠶ᠎ᠠ ᠨᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 5% ᠠᠴᠠ ᠥᠨᠳᠥᠷ ᠪᠠᠶᠢᠵᠤ ᠪᠣᠯᠬᠤ ᠦᠭᠡᠢ ᠪᠥᠭᠡᠳ ᠡᠬᠢᠯᠡᠵᠦ ᠥᠭᠬᠦ ᠪᠠᠷᠢᠮᠵᠢᠶ᠎ᠠ ᠶᠢ ᠬᠦᠴᠦᠨ ᠦᠭᠡᠢ ᠪᠣᠯᠭᠠᠬᠤ ᠶᠢ ᠠᠯᠬᠤᠮ ᠠᠯᠬᠤᠮ ᠢᠶᠠᠷ ᠰᠦᠪᠡᠭᠴᠢᠯᠡᠬᠦ ᠬᠡᠷᠡᠭᠲᠡᠢ᠃ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠶᠢᠨ ᠭᠡᠷ ᠪᠦᠯᠢ ᠶᠢᠨ ᠪᠦᠷᠢᠯᠳᠦᠭᠦᠨ ᠤ ᠡᠬᠢᠯᠡᠵᠦ ᠥᠭᠬᠦ ᠪᠠᠷᠢᠮᠵᠢᠶ᠎ᠠ ᠶᠢ ᠠᠶᠢᠮᠠᠭ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 10% ᠣᠷᠴᠢᠮ ᠢᠶᠠᠷ ᠲᠣᠭᠲᠠᠭᠠᠵᠤ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠠᠶᠢᠮᠠᠭ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 25% ᠣᠷᠴᠢᠮ ᠢᠶᠠᠷ ᠲᠣᠭᠲᠠᠭᠠᠬᠤ ᠬᠡᠷᠡᠭᠲᠡᠢ᠃ ︽ᠤᠷᠢᠳ ᠢᠶᠠᠷ ᠳᠠᠭᠠᠳᠬᠠᠯ ᠢᠶᠠᠷ ᠲᠥᠯᠥᠵᠦ ᠳᠠᠷᠠᠭ᠎ᠠ  ᠨᠢ ᠠᠪᠤᠷᠠᠨ ᠲᠤᠰᠠᠯᠠᠯᠲᠠ ᠬᠢᠬᠦ︾ ᠵᠠᠷᠴᠢᠮ ᠶᠣᠰᠣᠭᠠᠷ᠂ ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠲᠥᠯᠥᠭᠰᠡᠨ ᠤ ᠳᠠᠷᠠᠭ᠎ᠠ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠥᠨ ᠤ ᠥᠪᠡᠰᠦᠪᠡᠨ ᠥᠭᠬᠦ ᠡᠮᠴᠢᠯᠡᠭᠡᠨ ᠤ ᠵᠠᠷᠤᠳᠠᠯ ᠨᠢ ᠮᠥᠨᠴᠦ ᠨᠡᠯᠢᠶᠡᠳ ᠬᠦᠨᠳᠦ ᠪᠠᠶᠢᠭ᠎ᠠ ᠠᠪᠤᠷᠠᠨ ᠲᠤᠰᠠᠯᠠᠬᠤ ᠡᠲᠡᠭᠡᠳ ᠲᠤ ᠲᠣᠭᠲᠠᠭᠠᠯ ᠶᠣᠰᠣᠭᠠᠷ ᠠᠪᠤᠷᠠᠨ ᠲᠤᠰᠠᠯᠠᠯᠲᠠ ᠬᠦᠷᠲᠡᠭᠡᠵᠦ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠪᠤᠴᠠᠭᠠᠳ ᠶᠠᠳᠠᠭᠤᠷᠠᠬᠤ ᠲᠦᠭᠰᠢᠭᠦᠷᠢ ᠶᠢ ᠬᠦᠴᠦ ᠪᠠᠨ ᠬᠠᠮᠲᠤᠳᠬᠠᠨ ᠰᠡᠷᠭᠡᠶᠢᠯᠡᠬᠦ ᠬᠡᠷᠡᠭᠲᠡᠢ᠃ ᠣᠨ ᠤ ᠠᠪᠤᠷᠠᠨ ᠲᠤᠰᠠᠯᠠᠯᠲᠠ ᠶᠢᠨ ᠬᠢᠵᠠᠭᠠᠷ ᠲᠣᠭᠠᠨ ᠤ ᠳᠣᠲᠣᠷ᠎ᠠ᠂ ᠣᠨᠴᠠ ᠬᠦᠴᠢᠷᠳᠡᠯᠲᠡᠢ ᠬᠥᠮᠥᠰ ᠲᠤ ᠪᠥᠬᠦ ᠲᠣᠭᠠᠨ ᠤ ᠠᠪᠤᠷᠠᠨ ᠲᠤᠰᠠᠯᠠᠯᠲᠠ ᠶᠢ ᠬᠡᠷᠡᠭᠵᠢᠭᠦᠯᠵᠦ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠢ ᠨᠢ 70% ᠠᠴᠠ ᠳᠣᠣᠷ᠎ᠠ ᠪᠠᠶᠢᠯᠭᠠᠬᠤ ᠦᠭᠡᠢ ᠬᠠᠷᠢᠴᠠᠯ ᠢᠶᠠᠷ ᠠᠪᠤᠷᠠᠨ ᠲᠤᠰᠠᠯᠠᠵᠤ᠂ ᠪᠤᠰᠤᠳ ᠠᠪᠤᠷᠠᠨ ᠲᠤᠰᠠᠯᠠᠬᠤ ᠡᠲᠡᠭᠡᠳ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠤᠨ ᠠᠪᠤᠷᠠᠨ ᠲᠤᠰᠠᠯᠠᠬᠤ ᠬᠠᠷᠢᠴᠠᠯ ᠢ ᠨᠢ 60% ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠃ ᠡᠯ᠎ᠡ ᠠᠶᠢᠮᠠᠭ ᠬᠤᠲᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠠᠷᠠᠳ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠲᠤᠯᠭᠠᠭᠤᠷᠢᠯᠠᠬᠤ ᠴᠢᠳᠠᠪᠤᠷᠢ ᠪᠠᠨ ᠦᠨᠳᠦᠰᠦᠯᠡᠨ᠂ ᠲᠤᠬᠠᠢ ᠶᠢᠨ ᠭᠠᠵᠠᠷ ᠤᠨ ᠡᠮᠴᠢᠯᠡᠭᠡᠨ ᠤ

        365赢多少钱会被限额_国内有真正的365平台吗_365bet博彩官网

        ᠠᠪᠤᠷᠠᠨ ᠲᠤᠰᠠᠯᠠᠯᠲᠠ ᠶᠢᠨ ᠬᠠᠷᠢᠴᠠᠯ ᠪᠠ ᠣᠨ ᠤ ᠠᠪᠤᠷᠠᠨ ᠲᠤᠰᠠᠯᠠᠯᠲᠠ ᠶᠢᠨ ᠬᠢᠵᠠᠭᠠᠷ ᠲᠤᠭ᠎ᠠ ᠶᠢ ᠵᠦᠢ ᠵᠣᠬᠢᠰᠲᠠᠢ ᠲᠣᠭᠲᠠᠭᠠᠵᠤ᠂ ᠨᠠᠷᠮᠠᠢ ᠠᠰᠠᠷᠠᠮᠵᠢ ᠶᠢᠨ ᠴᠢᠨᠠᠷᠲᠠᠢ ᠪᠣᠯᠬᠤ ᠠᠴᠠ ᠰᠡᠷᠭᠡᠶᠢᠯᠡᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠬᠢᠯᠪᠠᠷᠬᠠᠨ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ ᠶᠢ ᠠᠪᠤᠷᠠᠨ ᠲᠤᠰᠠᠯᠠᠬᠤ ᠲᠦᠪᠰᠢᠨ ᠢ ᠪᠣᠯ᠂ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠢ ᠵᠣᠯᠭᠠᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠦᠴᠢᠷᠳᠡᠯᠲᠡᠢ ᠣᠯᠠᠨ ᠲᠦᠮᠡᠨ ᠳᠤ ᠣᠯᠠᠨ ᠳᠠᠪᠬᠤᠷ ᠣᠨᠴᠠᠭᠠᠢ ᠪᠡᠶ᠎ᠡ ᠶᠢᠨ ᠬᠠᠷᠢᠶᠠᠯᠠᠯᠳᠤ ᠴᠢᠨᠠᠷ ᠲᠠᠢ ᠪᠣᠯ ︽ᠥᠨᠳᠥᠷ ᠪᠠᠷᠢᠮᠵᠢᠶ᠎ᠠ ᠪᠠᠷ ᠨᠢ ᠭᠦᠢᠴᠡᠳᠬᠡᠬᠦ︾ ᠵᠠᠷᠴᠢᠮ ᠶᠣᠰᠣᠭᠠᠷ ᠠᠪᠤᠷᠠᠨ ᠲᠤᠰᠠᠯᠠᠯᠲᠠ ᠶᠢ ᠬᠦᠷᠲᠡᠭᠡᠵᠦ᠂ ᠳᠠᠪᠬᠤᠷᠳᠠᠭᠤᠯᠤᠨ ᠠᠪᠤᠷᠠᠨ ᠲᠤᠰᠠᠯᠠᠵᠤ ᠪᠣᠯᠬᠤ ᠦᠭᠡᠢ᠃      ︵ᠨᠠᠢᠮᠠ︶ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠲᠡᠭᠦᠯᠳᠡᠷᠵᠢᠭᠦᠯᠬᠦ ᠬᠡᠷᠡᠭᠲᠡᠢ᠃ ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ ᠤᠵᠢᠭ ᠤᠨᠴᠠᠭᠠᠢ ᠡᠪᠡᠳᠴᠢᠨ ᠢ ᠠᠪᠤᠷᠠᠨ ᠲᠤᠰᠠᠯᠠᠬᠤ ᠪᠠᠲᠤᠯᠠᠭ᠎ᠠ ᠪᠠᠨ ᠴᠢᠩᠭᠠᠳᠬᠠᠵᠤ᠂ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠬᠤ ᠠᠪᠤᠷᠠᠨ ᠲᠤᠰᠠᠯᠠᠯᠲᠠ ᠳᠤ ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢ ᠬᠠᠮᠲᠤ ᠪᠠᠷ ᠬᠡᠷᠡᠭᠯᠡᠨ᠎ᠡ᠃ ᠵᠢᠷᠤᠮᠵᠢᠯ ᠲᠠᠢ ᠰᠢᠯᠵᠢᠭᠦᠯᠦᠨ ᠡᠮᠨᠡᠭᠦᠯᠦᠭᠰᠡᠨ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠲᠤ ᠭᠤᠷᠪᠠᠨ ᠳᠠᠪᠬᠤᠷ ᠳᠦᠷᠢᠮ ᠢᠶᠠᠷ ᠶᠡᠷᠦᠩᠬᠡᠶᠢᠯᠡᠭᠰᠡᠨ ᠪᠠᠲᠤᠯᠠᠭ᠎ᠠ ᠬᠠᠩᠭᠠᠭᠰᠠᠨ ᠤ ᠳᠠᠷᠠᠭ᠎ᠠ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠬᠤᠪᠢ ᠬᠥᠮᠥᠨ ᠤ ᠳᠠᠷᠤᠭᠠᠰᠤ ᠮᠥᠨ ᠯᠡ ᠨᠡᠯᠢᠶᠡᠳ ᠬᠦᠨᠳᠦ ᠪᠠᠶᠢᠭ᠎ᠠ ᠶᠢ ᠨᠢ ᠲᠤᠰᠠᠯᠠᠬᠤ ᠪᠠᠷ ᠬᠡᠯᠪᠡᠶᠢᠵᠦ᠂ ᠲᠤᠰᠠᠯᠠᠬᠤ ᠪᠠᠨ ᠬᠡᠯᠪᠡᠶᠢᠯᠭᠡᠬᠦ ᠳᠤ ᠥᠭᠬᠦ ᠵᠠᠭᠠᠭ ᠬᠢᠵᠠᠭᠠᠷ ᠢ ᠬᠦᠨᠳᠦ ᠡᠪᠡᠳᠴᠢᠨ ᠤ ᠳᠠᠭᠠᠳᠬᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠲᠣᠭᠲᠠᠭᠠᠵᠤ᠂ ᠪᠣᠳᠠᠲᠠᠢ ᠲᠤᠰᠠᠯᠠᠬᠤ ᠨᠥᠬᠦᠴᠡᠯ ᠪᠠ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠨᠢ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠪᠡᠯᠡ ᠴᠤᠭᠯᠠᠭᠤᠯᠤᠭᠰᠠᠨ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠳᠦ ᠪᠠᠲᠤᠯᠠᠬᠤ ᠠᠴᠠ ᠵᠠᠶᠢᠯᠠᠰᠬᠢᠬᠦ ᠬᠡᠷᠡᠭᠲᠡᠢ᠃      ︵ᠶᠢᠰᠦ︶ ᠡᠮᠴᠢᠯᠡᠭᠡᠨ ᠤ ᠶᠡᠭᠡ ᠲᠣᠭᠠᠨ ᠤ ᠵᠠᠷᠤᠳᠠᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ ᠪᠠᠨ ᠴᠢᠩᠭᠠᠷᠠᠭᠤᠯᠬᠤ ᠬᠡᠷᠡᠭᠲᠡᠢ᠃ ᠡᠮᠴᠢᠯᠡᠭᠡᠨ ᠢᠶᠠᠷ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠪᠡᠳᠴᠢᠨ ᠠᠴᠠ ᠪᠣᠯᠵᠤ ᠶᠠᠳᠠᠭᠤᠷᠠᠬᠤ ᠪᠠ ᠡᠪᠡᠳᠴᠢᠨ ᠠᠴᠠ ᠪᠣᠯᠵᠤ ᠪᠤᠴᠠᠭᠠᠳ ᠶᠠᠳᠠᠭᠤᠷᠠᠬᠤ ᠶᠢᠨ ᠳᠠᠪᠬᠤᠷ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠥᠷᠥᠯ ᠬᠤᠪᠢᠶᠠᠨ ᠪᠦᠷᠢᠨᠰᠢᠭᠦᠯᠵᠦ᠂ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠢ ᠳᠤ ᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠬᠤ ᠬᠡᠷᠡᠭᠲᠡᠢ᠃ ᠣᠨ ᠤ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠳᠡᠮᠵᠢᠨ ᠲᠥᠯᠥᠭᠰᠡᠨ ᠤ ᠳᠠᠷᠠᠭ᠎ᠠ᠂ ᠬᠤᠪᠢ ᠬᠥᠮᠥᠨ ᠤ ᠪᠦᠭᠦᠳᠡ ᠳᠠᠷᠤᠭᠠᠰᠤ ᠨᠢ ᠲᠤᠬᠠᠢ ᠶᠢᠨ ᠭᠠᠵᠠᠷ ᠤᠨ ᠳᠡᠭᠡᠷ᠎ᠡ ᠵᠢᠯ ᠤᠨ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠬᠡᠲᠦᠷᠡᠭᠰᠡᠨ ᠪᠠᠶᠢᠪᠠᠯ᠂ ᠡᠪᠡᠳᠴᠢᠨ ᠠᠴᠠ ᠪᠣᠯᠵᠤ ᠶᠠᠳᠠᠭᠤᠷᠠᠬᠤ ᠶᠢ ᠬᠢᠨᠠᠨ ᠰᠢᠨᠵᠢᠬᠦ ᠳᠤ ᠣᠷᠣᠭᠤᠯᠤᠨ᠎ᠠ︔ ᠬᠤᠪᠢ ᠬᠥᠮᠥᠨ ᠤ ᠪᠦᠭᠦᠳᠡ ᠳᠠᠷᠤᠭᠠᠰᠤ ᠨᠢ ᠲᠤᠬᠠᠢ ᠶᠢᠨ ᠭᠠᠵᠠᠷ ᠤᠨ ᠳᠡᠭᠡᠷ᠎ᠡ ᠵᠢᠯ ᠤᠨ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50% ᠠᠴᠠ ᠬᠡᠲᠦᠷᠡᠭᠰᠡᠨ ᠪᠠᠶᠢᠪᠠᠯ᠂ ᠡᠪᠡᠳᠴᠢᠨ ᠠᠴᠠ ᠪᠣᠯᠵᠤ ᠪᠤᠴᠠᠭᠠᠳ ᠶᠠᠳᠠᠭᠤᠷᠠᠬᠤ ᠶᠢ ᠬᠢᠨᠠᠨ ᠰᠢᠨᠵᠢᠬᠦ ᠳᠤ ᠣᠷᠣᠭᠤᠯᠤᠨ᠎ᠠ᠃ ᠡᠮᠴᠢᠯᠡᠭᠡᠨ ᠤ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠲᠥᠯᠥᠭᠰᠡᠨ ᠤ ᠳᠠᠷᠠᠭ᠎ᠠ ᠬᠤᠪᠢ ᠬᠥᠮᠥᠨ ᠤ ᠣᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠮᠥᠨ ᠯᠡ ᠨᠡᠯᠢᠶᠡᠳ ᠬᠦᠨᠳᠦ ᠪᠠᠶᠢᠭ᠎ᠠ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠶᠢᠨ ᠭᠡᠷ ᠪᠦᠯᠢ ᠶᠢᠨ ᠪᠦᠷᠢᠯᠳᠦᠭᠦᠨ ᠪᠠ ᠲᠠᠷᠢᠶᠠᠯᠠᠬᠤ ᠮᠠᠯᠵᠢᠬᠤ ᠣᠷᠣᠨ ᠤ ᠬᠢᠯᠪᠠᠷᠬᠠᠨ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ ᠶᠢ ᠭᠤᠣᠯᠳᠠᠯᠭ᠎ᠠ ᠲᠠᠢ ᠬᠢᠨᠠᠨ ᠰᠢᠨᠵᠢᠵᠦ᠂ ᠴᠠᠭ ᠲᠤᠬᠠᠢ ᠳᠤ ᠨᠢ ᠰᠡᠷᠡᠮᠵᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ ᠡᠮᠴᠢᠯᠡᠭᠡᠨ ᠤ ᠳᠠᠭᠠᠳᠬᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠠᠵᠢᠯ ᠢᠶᠠᠨ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠢ ᠪᠠᠷ ᠬᠢᠨᠠᠨ ᠰᠢᠨᠵᠢᠬᠦ᠂ ᠪᠠᠶᠢᠴᠠᠭᠠᠨ ᠬᠠᠷᠭᠤᠭᠤᠯᠵᠤ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠᠨ ᠴᠢᠩᠭᠠᠳᠬᠠᠬᠤ ᠬᠡᠷᠡᠭᠲᠡᠢ᠃      ︵ᠠᠷᠪᠠ︶ ᠭᠤᠶᠤᠴᠢᠯᠠᠯ ᠶᠣᠰᠣᠭᠠᠷ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠶᠤᠴᠢᠯᠠᠯ ᠢᠶᠠᠷ ᠠᠪᠤᠷᠠᠨ ᠲᠤᠰᠠᠯᠠᠬᠤ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠶᠢᠨ ᠭᠡᠷ ᠪᠦᠯᠢ ᠶᠢᠨ ᠪᠦᠷᠢᠯᠳᠦᠭᠦᠨ ᠪᠠ ᠲᠠᠷᠢᠶᠠᠯᠠᠬᠤ ᠮᠠᠯᠵᠢᠬᠤ ᠣᠷᠣᠨ ᠤ ᠬᠢᠯᠪᠠᠷᠬᠠᠨ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠤ ᠠᠪᠤᠷᠠᠨ ᠲᠤᠰᠠᠯᠠᠭᠤᠯᠬᠤ ᠪᠠᠷ ᠭᠤᠶᠤᠴᠢᠯᠠᠬᠤ ᠵᠠᠮ ᠮᠥᠷ ᠢ ᠰᠢᠯᠤᠭᠤᠳᠬᠠᠨ᠂ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠵᠦ᠂ ᠠᠪᠤᠷᠠᠨ ᠲᠤᠰᠠᠯᠠᠯᠲᠠ ᠶᠢᠨ ᠴᠠᠭ ᠬᠤᠭᠤᠴᠠᠭᠠᠲᠤ ᠴᠢᠨᠠᠷ ᠢ ᠳᠡᠬᠡᠭᠰᠢᠯᠡᠬᠦᠯᠬᠦ ᠬᠡᠷᠡᠭᠲᠡᠢ᠃ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ ᠢᠶᠠᠷ ᠨᠢᠭᠡᠨᠲᠡ ᠮᠠᠭᠠᠳᠯᠠᠨ ᠲᠣᠭᠲᠠᠭᠠᠭᠰᠠᠨ ᠪᠠᠶᠢᠪᠠᠯ᠂ ᠰᠢᠭᠤᠳ ᠡᠮᠴᠢᠯᠡᠭᠡᠨ ᠤ ᠠᠪᠤᠷᠠᠨ ᠲᠤᠰᠠᠯᠠᠯᠲᠠ ᠬᠦᠷᠲᠡᠭᠡᠵᠦ ᠪᠣᠯᠣᠨ᠎ᠠ᠃ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠠᠪᠤᠷᠠᠨ ᠲᠤᠰᠠᠯᠠᠬᠤ ᠳᠤ ᠣᠷᠤᠯᠴᠠᠭᠤᠯᠬᠤ ᠲᠣᠭᠲᠠᠴᠠ ᠪᠠᠨ ᠪᠦᠷᠢᠨᠰᠢᠭᠦᠯᠦᠨ᠂ ᠡᠮᠴᠢᠯᠡᠭᠡᠨ ᠤ ᠠᠪᠤᠷᠠᠨ ᠲᠤᠰᠠᠯᠠᠯᠲᠠ᠂ ᠲᠦᠷ ᠴᠠᠭ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠢ ᠶᠢᠨ ᠠᠪᠤᠷᠠᠨ ᠲᠤᠰᠠᠯᠠᠯᠲᠠ ᠵᠡᠷᠭᠡ ᠶᠡᠷᠦᠩᠬᠡᠶᠢᠯᠡᠭᠰᠡᠨ ᠴᠢᠨᠠᠷᠲᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠯ᠎ᠡ ᠭᠠᠵᠠᠷ ᠣᠷᠣᠨ ᠨᠢ ᠠᠪᠤᠷᠠᠨ ᠲᠤᠰᠠᠯᠠᠬᠤ ᠡᠲᠡᠭᠡᠳ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ᠂ ᠲᠠᠰ ᠳᠠᠪᠬᠤᠷᠭ᠎ᠠ ᠲᠥᠷᠥᠯ ᠵᠦᠢᠯ ᠬᠤᠪᠢᠶᠠᠨ ᠬᠠᠪᠰᠤᠷᠤᠨ ᠲᠡᠳᠬᠦᠬᠦ ᠶᠢ ᠲᠤᠶᠢᠯ ᠤᠨ ᠣᠨᠣᠴᠠᠲᠠᠢ ᠥᠷᠨᠢᠭᠦᠯᠬᠦ ᠬᠡᠷᠡᠭᠲᠡᠢ᠃ ᠶᠡᠷᠦᠩᠬᠡᠶᠢᠯᠡᠨ ᠠᠪᠤᠷᠠᠨ ᠲᠤᠰᠠᠯᠠᠬᠤ ᠬᠢᠷᠢ ᠲᠦᠪᠰᠢᠨ ᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ᠂ ᠬᠤᠪᠢ ᠬᠥᠮᠥᠨ ᠤ ᠪᠣᠳᠠᠲᠠᠢ ᠵᠠᠷᠤᠳᠠᠯ ᠡᠭᠦᠷᠭᠡᠯᠡᠵᠦ ᠪᠠᠶᠢᠭ᠎ᠠ ᠪᠠᠶᠢᠳᠠᠯ ᠢ ᠨᠢ ᠦᠨᠳᠦᠰᠦᠯᠡᠨ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠪᠴᠢᠶᠡᠨ ᠳᠤ ᠣᠷᠣᠭᠤᠯᠤᠭᠰᠠᠨ ᠬᠥᠮᠥᠰ ᠲᠤ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠯᠲᠠ ᠣᠯᠭᠤᠬᠤ ᠬᠡᠷᠡᠭᠲᠡᠢ᠃      ︵ᠠᠷᠪᠠᠨ ᠨᠢᠭᠡ︶ ᠨᠢᠭᠦᠯᠡᠰᠦᠩᠭᠦᠢ ᠶᠢᠨ ᠠᠪᠤᠷᠠᠨ ᠲᠤᠰᠠᠯᠠᠯᠲᠠ ᠶᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠦᠨᠳᠦ ᠡᠪᠡᠳᠴᠢᠨ ᠢ ᠠᠪᠤᠷᠠᠨ ᠲᠤᠰᠠᠯᠠᠬᠤ ᠲᠦᠷᠦᠯ ᠵᠦᠢᠯ ᠪᠠᠶᠢᠭᠤᠯᠬᠤ ᠪᠠᠷ ᠵᠣᠷᠢᠭᠵᠢᠭᠤᠯᠵᠤ᠂ ᠠᠪᠤᠷᠠᠨ ᠲᠤᠰᠠᠯᠠᠯᠲᠠ ᠳᠤ ᠨᠥᠬᠦᠪᠦᠷᠢᠯᠡᠬᠦ ᠦᠢᠯᠡᠳᠦᠯ ᠢ ᠨᠢ ᠪᠠᠳᠠᠷᠠᠭᠤᠯᠤᠨ᠎ᠠ᠃ ᠢᠨᠲ᠋ᠧᠷ ᠰᠦᠯᠵᠢᠶ᠎ᠡ ᠶᠢᠨ ᠢᠯᠡ ᠪᠠᠷ ᠬᠠᠨᠳᠢᠪ ᠴᠤᠭᠯᠠᠭᠤᠯᠬᠤ ᠮᠡᠳᠡᠭᠡ ᠵᠠᠩᠭᠢ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠡᠳᠡᠭᠡ ᠵᠠᠩᠭᠢ ᠨᠡᠶᠢᠲᠡᠯᠡᠬᠦ ᠶᠢ ᠵᠢᠷᠤᠮᠵᠢᠭᠤᠯᠤᠨ᠂ ᠢᠯᠡ ᠪᠣᠯᠭᠠᠬᠤ ᠡᠷᠴᠢᠮ ᠢᠶᠠᠨ ᠨᠡᠮᠡᠭᠳᠡᠭᠦᠯᠦᠨ᠂ ᠢᠯᠡ ᠪᠠᠷ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠦᠷᠢᠶ᠎ᠡ ᠴᠠᠷᠠᠭ᠎ᠠ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠳᠠᠮᠵᠢᠵᠤ᠂ ᠠᠪᠤᠷᠠᠨ ᠲᠤᠰᠠᠯᠠᠬᠤ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠬᠤᠪᠣᠷ ᠲᠣᠬᠢᠶᠠᠯᠳᠤᠬᠤ ᠡᠪᠡᠳᠴᠢᠨ ᠳᠤ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠢ ᠶᠢᠨ ᠬᠠᠪᠰᠤᠷᠤᠨ ᠲᠡᠳᠬᠦᠬᠦ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠦᠨ᠎ᠡ᠃ ᠨᠢᠭᠦᠯᠡᠰᠦᠩᠭᠦᠢ ᠶᠢᠨ ᠠᠵᠢᠯᠯᠠᠭ᠎ᠠ ᠳᠤ ᠣᠷᠤᠯᠴᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠵᠣᠬᠢᠴᠠᠩᠭᠤᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃      ︵ᠠᠷᠪᠠᠨ ᠬᠤᠶᠠᠷ︶ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ ᠵᠣᠷᠢᠭᠵᠢᠭᠤᠯᠬᠤ ᠬᠡᠷᠡᠭᠲᠡᠢ᠃ ᠠᠵᠢᠯᠲᠠᠨ ᠠᠵᠢᠯᠴᠢᠨ ᠤ ᠡᠮᠴᠢᠯᠡᠭᠡᠨ ᠤ ᠬᠠᠪᠰᠤᠷᠤᠯᠴᠠᠭ᠎ᠠ ᠥᠷᠨᠢᠭᠦᠯᠬᠦ ᠶᠢ ᠳᠡᠮᠵᠢᠨ᠂ ᠢᠨᠲ᠋ᠧᠷ ᠰᠦᠯᠵᠢᠶᠡᠨ ᠤ ᠲᠠᠪᠴᠠᠩ ᠤᠨ ᠬᠠᠪᠰᠤᠷᠤᠯᠴᠠᠭ᠎ᠠ ᠶᠢ ᠵᠢᠷᠤᠮᠵᠢᠭᠤᠯᠤᠨ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠡᠮᠴᠢᠯᠡᠭᠡᠨ ᠤ ᠬᠠᠪᠰᠤᠷᠤᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠳᠠᠬᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ ᠳᠡᠮᠵᠢᠵᠦ᠂ ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠡᠮ ᠤᠨ ᠵᠦᠢᠯ᠂ ᠰᠢᠨ᠎ᠡ ᠪᠠᠭᠠᠵᠢ ᠬᠡᠷᠡᠭᠰᠡᠯ ᠤᠨ ᠬᠡᠷᠡᠭᠯᠡᠯᠲᠡ ᠶᠢ ᠠᠯᠬᠤᠮ ᠠᠯᠬᠤᠮ ᠢᠶᠠᠷ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠦᠨᠳᠦᠰᠦᠨ ᠳᠠᠭᠠᠳᠬᠠᠯ ᠯᠤᠭ᠎ᠠ ᠬᠠᠷᠢᠯᠴᠠᠨ ᠵᠣᠯᠭᠠᠯᠳᠤᠭᠰᠠᠨ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠨᠡᠷᠡᠳᠬᠦᠨ ᠢ ᠨᠡᠭᠡᠭᠡᠨ ᠬᠥᠭᠵᠢᠭᠦᠯᠬᠦ ᠶᠢ ᠨᠢ ᠳᠡᠮᠵᠢᠵᠦ᠂ ᠡᠮᠴᠢᠯᠡᠭᠡᠨ ᠤ ᠦᠨᠳᠦᠰᠦᠨ ᠳᠠᠭᠠᠳᠬᠠᠯ ᠤᠨ ᠲᠦᠯᠦᠬᠦ ᠬᠡᠪᠴᠢᠶᠡᠨ ᠳᠤ ᠪᠠᠶᠢᠬᠤ ᠦᠭᠡᠢ ᠵᠠᠷᠤᠳᠠᠯ ᠢ ᠨᠠᠩ ᠰᠠᠶᠢᠨ ᠬᠠᠮᠤᠷᠤᠭᠤᠯᠬᠤ ᠬᠡᠷᠡᠭᠲᠡᠢ᠃      ︵ᠠᠷᠪᠠᠨ ᠭᠤᠷᠪᠠ︶ ᠨᠢᠭᠡ ᠴᠣᠭᠴᠠᠵᠢᠭᠤᠯᠤᠭᠰᠠᠨ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠢ ᠲᠦᠷᠭᠡᠳᠬᠡᠨ ᠠᠬᠢᠭᠤᠯᠬᠤ ᠬᠡᠷᠡᠭᠲᠡᠢ᠃ ᠪᠥᠬᠦ ᠣᠷᠣᠨ ᠤ ᠨᠢᠭᠡᠳᠦᠯᠲᠡᠢ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠳᠦᠷᠢᠮ ᠲᠣᠭᠲᠠᠭᠠᠯ ᠪᠠ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠵᠦ ᠬᠠᠷᠢᠯᠴᠠᠨ ᠮᠡᠳᠡᠷᠡᠬᠦ᠂ ᠵᠣᠭᠤᠰ ᠢᠶᠠᠷ ᠲᠤᠰᠠᠯᠠᠨ ᠳᠠᠭᠠᠳᠬᠠᠯ ᠳᠤ ᠣᠷᠣᠯᠴᠠᠭᠤᠯᠬᠤ᠂ ᠣᠯᠭᠤᠮᠵᠢ ᠣᠯᠭᠤᠬᠤ ᠵᠡᠷᠭᠡ ᠭᠠᠷᠲᠠᠨ ᠭᠦᠢᠴᠡᠳᠬᠡᠬᠦ ᠦᠢᠯᠡᠴᠢᠯᠡᠭᠡᠨ ᠢ ᠰᠠᠶᠢᠲᠤᠷ ᠬᠢᠬᠦ ᠬᠡᠷᠡᠭᠲᠡᠢ᠃ ᠪᠥᠬᠦ ᠤᠯᠤᠰ ᠤᠨ ᠨᠢᠭᠡᠳᠦᠯᠲᠡᠢ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠬᠠᠤᠯᠢ ᠲᠣᠭᠲᠠᠭᠠᠯ ᠶᠣᠰᠣᠭᠠᠷ ᠴᠢᠩᠭᠠᠳᠬᠠᠨ᠂ ᠡᠮᠴᠢᠯᠡᠭᠡᠨ ᠤ ᠦᠨᠳᠦᠰᠦᠨ ᠳᠠᠭᠠᠳᠬᠠᠯ ᠤᠨ ᠦᠢᠯᠡᠴᠢᠯᠡᠭᠡ ᠯᠦᠭᠡ ᠠᠭᠤᠰᠤᠯᠴᠠᠭᠤᠯᠬᠤ ᠶᠢ ᠴᠢᠩᠭᠠᠳᠬᠠᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠳ᠋ᠦᠩᠨᠡᠨ ᠪᠤᠳᠤᠬᠤ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠵᠥᠪᠯᠡᠯᠴᠡᠭᠡᠷ ᠤᠨ ᠬᠠᠮᠢᠶᠠᠷᠤᠯᠲᠠ ᠶᠢ ᠨᠢᠭᠡᠳᠬᠡᠨ᠂ ᠡᠮᠴᠢᠯᠡᠭᠡᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ ᠶᠢ ᠵᠥᠪᠯᠡᠯᠴᠡᠭᠡᠷ ᠤᠨ ᠬᠡᠪᠴᠢᠶᠡᠨ ᠳᠤ ᠣᠷᠣᠭᠤᠯᠵᠤ᠂ ᠵᠥᠪᠯᠡᠯᠴᠡᠭᠡᠷ ᠤᠨ ᠭᠦᠢᠴᠡᠳᠬᠡᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠵᠢᠷᠤᠮᠵᠢᠯ᠂ ᠦᠢᠯᠡᠴᠢᠯᠡᠭᠡᠨ ᠤ ᠶᠠᠰᠤ ᠴᠢᠨᠠᠷ᠂ ᠵᠠᠷᠤᠳᠠᠯ ᠢ ᠡᠵᠡᠮᠳᠡᠬᠦ ᠵᠡᠷᠭᠡ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠣᠳᠣᠷᠬᠠᠶᠢᠯᠠᠵᠤ᠂ ᠡᠳᠦᠷ ᠲᠤᠲᠤᠮ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠬᠠᠮᠢᠶᠠᠷᠤᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠡᠬᠡᠯᠡᠵᠦ ᠬᠤᠳᠠᠯ ᠢᠶᠠᠷ ᠳᠠᠭᠠᠳᠬᠠᠯ ᠠᠪᠬᠤ ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠨ᠂ ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠰᠡᠷᠡᠮᠵᠢᠯᠡᠭᠦᠯᠬᠦ᠂ ᠬᠡᠷᠡᠭ ᠤᠨ ᠳᠠᠷᠠᠭ᠎ᠠ ᠬᠢᠨᠠᠨ ᠬᠠᠮᠢᠶᠠᠷᠬᠤ ᠶᠢᠨ ᠨᠢᠭᠡ ᠴᠣᠭᠴᠠᠵᠢᠭᠤᠯᠤᠭᠰᠠᠨ ᠣᠶᠤᠨᠴᠢ ᠬᠢᠨᠠᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠢᠯᠡᠴᠢᠯᠡᠭᠡᠨ ᠢ ᠥᠷᠨᠢᠭᠦᠯᠵᠦ ᠪᠠᠶᠢᠭ᠎ᠠ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠭᠤᠣᠯᠳᠠᠯᠭ᠎ᠠ ᠲᠠᠢ ᠬᠢᠨᠠᠨ ᠡᠵᠡᠮᠳᠡᠬᠦ ᠶᠢ ᠬᠡᠷᠡᠭᠵᠢᠭᠦᠯᠦᠨ᠂ ᠰᠠᠭᠤᠷᠢ ᠮᠥᠩᠭᠦ ᠶᠢᠨ ᠠᠮᠤᠷ ᠲᠦᠪᠰᠢᠨ᠂ ᠥᠨᠳᠥᠷ ᠪᠦᠲᠦᠮᠵᠢᠲᠡᠶ᠂ ᠵᠦᠢ ᠵᠣᠬᠢᠰᠲᠠᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠲᠥᠪᠯᠡᠷᠡᠩᠭᠦᠢ︾ ᠦᠢᠯᠡᠴᠢᠯᠡᠭᠡ᠂ ︽ᠨᠢᠭᠡ ᠴᠣᠩᠬᠤᠪᠴᠢ︾ ᠪᠠᠷ ᠭᠦᠢᠴᠡᠳᠬᠡᠬᠦ ᠶᠢ ᠬᠡᠷᠡᠭᠵᠢᠭᠦᠯᠬᠦ ᠪᠠᠨ ᠠᠬᠢᠭᠤᠯᠵᠤ᠂ ᠳ᠋ᠦᠩᠨᠡᠨ ᠪᠤᠳᠤᠬᠤ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ︵ᠠᠷᠪᠠᠨ ᠳᠥᠷᠪᠡ︶ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠢ ᠬᠢᠨᠠᠨ ᠬᠠᠷᠭᠤᠭᠤᠯᠬᠤ ᠳᠡᠰ ᠳᠠᠷᠠᠭᠠᠯᠠᠯ ᠢᠶᠠᠨ ᠰᠢᠯᠢᠳᠡᠭᠵᠢᠭᠦᠯᠬᠦ ᠬᠡᠷᠡᠭᠲᠡᠢ᠃ ᠭᠦᠢᠴᠡᠳᠬᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠭᠤᠶᠤᠴᠢᠯᠠᠬᠤ᠂ ᠬᠢᠨᠠᠨ ᠬᠠᠷᠭᠤᠭᠤᠯᠬᠤ᠂ ᠠᠪᠤᠷᠠᠨ ᠲᠤᠰᠠᠯᠠᠭᠰᠠᠨ ᠮᠥᠩᠭᠦ ᠥᠭᠬᠦ ᠴᠤᠪᠤᠷᠠᠯ ᠢ ᠳᠥᠭᠦᠮᠴᠢᠯᠡᠨ᠂ ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ ᠤᠨ ᠬᠦᠷᠢᠶ᠎ᠡ ᠬᠡᠪᠴᠢᠶ᠎ᠡ ᠳᠤ ᠨᠡᠶᠢᠴᠡᠵᠦ ᠪᠠᠶᠢᠪᠠᠯ ︽ᠲᠥᠪᠯᠡᠷᠡᠩᠭᠦᠢ︾ ᠪᠠᠷ ᠳ᠋ᠦᠩᠨᠡᠨ ᠪᠤᠳᠤᠬᠤ ᠳᠤ ᠣᠷᠣᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠵᠣᠯᠭᠠᠭᠤᠯᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠦᠴᠢᠷᠳᠡᠯᠲᠡᠢ ᠣᠯᠠᠨ ᠲᠦᠮᠡᠨ ᠤ ᠨᠡᠶᠢᠭᠡᠮ ᠠᠴᠠ ᠠᠪᠤᠷᠠᠨ ᠲᠤᠰᠠᠯᠠᠬᠤ ᠶᠢ ᠭᠤᠶᠤᠴᠢᠯᠠᠭᠰᠠᠨ ᠢ ᠭᠥᠯᠢᠶᠡᠨ ᠠᠪᠴᠤ ᠰᠢᠢᠳᠪᠦᠷᠢᠯᠡᠬᠦ᠂ ᠬᠤᠪᠢᠳᠠᠨ ᠭᠦᠢᠴᠡᠳᠬᠡᠬᠦ ᠰᠢᠯᠵᠢᠭᠦᠯᠦᠨ ᠭᠦᠢᠴᠡᠳᠬᠡᠬᠦ ᠵᠢᠴᠢ ᠦᠷ᠎ᠡ ᠳ᠋ᠦᠩ ᠤᠨ ᠬᠠᠷᠢᠭᠤ ᠲᠤᠰᠬᠠᠯ ᠢ ᠰᠠᠶᠢᠲᠤᠷ ᠬᠢᠬᠦ ᠬᠡᠷᠡᠭᠲᠡᠢ᠃ ᠦᠨᠳᠦᠰᠦᠨ ᠱᠠᠲᠤᠨ ᠤ ᠺᠠᠳ᠋ᠷ ᠢ ᠳᠠᠶᠢᠴᠢᠯᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠠᠪᠤᠷᠠᠨ ᠲᠤᠰᠠᠯᠠᠬᠤ ᠭᠤᠶᠤᠴᠢᠯᠠᠯ ᠢ ᠨᠠᠶᠢᠳᠠᠵᠤ ᠣᠷᠣᠯᠠᠨ ᠭᠦᠢᠴᠡᠳᠬᠡᠭᠦᠯᠬᠦ ᠵᠡᠷᠭᠡ ᠶᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠢ ᠴᠠᠭ ᠲᠤᠬᠠᠢ ᠳᠤ ᠨᠢ ᠰᠠᠨᠠᠭᠠᠴᠢᠯᠠᠭ᠎ᠠ ᠠᠴᠠ ᠪᠠᠨ ᠬᠠᠪᠰᠤᠷᠬᠤ ᠬᠡᠷᠡᠭᠲᠡᠢ᠃      ︵ᠠᠷᠪᠠᠨ ᠲᠠᠪᠤ︶ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠢᠶᠠᠷ ᠠᠪᠤᠷᠠᠨ ᠲᠤᠰᠠᠯᠠᠬᠤ ᠡᠲᠡᠭᠡᠳ ᠤᠨ ᠡᠪᠡᠳᠴᠢᠨ ᠦᠵᠡᠭᠦᠯᠬᠦ ᠠᠵᠢᠯᠯᠠᠭ᠎ᠠ ᠶᠢ ᠬᠥᠲᠥᠯᠥᠨ ᠵᠢᠯᠤᠭᠤᠳᠬᠤ ᠪᠠᠨ ᠴᠢᠩᠭᠠᠳᠬᠠᠨ᠂ ᠦᠨᠳᠦᠰᠦᠨ ᠱᠠᠲᠤᠨ ᠳᠤ ᠤᠷᠢᠳ ᠢᠶᠠᠷ ᠡᠮᠨᠡᠭᠦᠯᠬᠦ ᠪᠠ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠤᠨ ᠬᠡᠷᠡᠭᠵᠢᠭᠦᠯᠵᠦ᠂ ᠵᠦᠢ ᠵᠣᠬᠢᠰᠲᠠᠢ ᠡᠮᠨᠡᠭᠦᠯᠬᠦ ᠶᠢ ᠠᠬᠢᠭᠤᠯᠬᠤ ᠬᠡᠷᠡᠭᠲᠡᠢ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠢᠯᠡᠴᠢᠯᠡᠭᠡᠨ ᠤ ᠠᠭᠤᠯᠭ᠎ᠠ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠡᠮᠴᠢᠯᠡᠭᠡᠨ ᠤ ᠦᠨᠳᠦᠰᠦᠨ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠵᠠᠷᠤᠳᠠᠯ ᠢ ᠳ᠋ᠦᠩᠨᠡᠨ ᠪᠤᠳᠤᠬᠤ ᠪᠠᠨ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠢ᠃ ᠣᠨᠣᠰᠢᠯᠠᠨ ᠡᠮᠨᠡᠬᠦ ᠲᠥᠰᠥᠯ ᠢᠶᠠᠨ ᠲᠣᠳᠣᠷᠬᠠᠶᠢᠯᠠᠬᠤ᠂ ᠭᠠᠷᠴᠠᠭ ᠠᠴᠠ ᠭᠠᠳᠠᠨᠠᠬᠢ ᠵᠠᠷᠤᠳᠠᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ᠂ ᠴᠢᠬᠤᠯᠠ ᠪᠦᠬᠦᠢ ᠡᠮᠴᠢᠯᠡᠭᠡᠨ ᠤ ᠦᠢᠯᠡᠴᠢᠯᠡᠭᠡ ᠬᠠᠩᠭᠠᠯᠭᠠᠵᠤ᠂ ᠵᠣᠬᠢᠰ ᠦᠭᠡᠢ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠥᠪᠡᠰᠦᠪᠡᠨ ᠲᠤᠰᠢᠶᠠᠬᠤ ᠵᠠᠷᠤᠳᠠᠯ ᠤᠨ ᠬᠠᠷᠢᠴᠠᠯ ᠢ ᠵᠣᠬᠢᠰᠲᠠᠢ ᠡᠵᠡᠮᠳᠡᠵᠦ᠂ ᠠᠪᠤᠷᠠᠨ ᠲᠤᠰᠠᠯᠠᠯᠲᠠ ᠬᠦᠷᠲᠡᠬᠦ ᠡᠲᠡᠭᠡᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠨᠢ ᠬᠦᠴᠦᠯᠡᠨ ᠬᠥᠩᠭᠡᠷᠡᠭᠦᠯᠵᠦ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠬᠠᠷᠢᠴᠠᠯ ᠢ 5% ᠠᠴᠠ ᠬᠡᠲᠦᠷᠡᠭᠦᠯᠵᠦ ᠪᠣᠯᠬᠤ ᠦᠭᠡᠢ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠵᠠᠷᠤᠳᠠᠯ ᠤᠨ ᠬᠠᠷᠢᠴᠠᠯ ᠢ 10% ᠠᠴᠠ ᠬᠡᠲᠦᠷᠡᠭᠦᠯᠵᠦ ᠪᠣᠯᠬᠤ ᠦᠭᠡᠢ᠃ ᠦᠨᠳᠦᠰᠦᠨ ᠱᠠᠲᠤᠨ ᠳᠤ ᠤᠷᠢᠳ ᠢᠶᠠᠷ ᠡᠮᠨᠡᠭᠦᠯᠦᠭᠡᠳ ᠰᠢᠯᠵᠢᠨ ᠡᠮᠨᠡᠬᠦᠯᠦᠭᠰᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ ᠬᠦᠴᠢᠷᠳᠡᠯᠲᠡᠢ ᠬᠥᠮᠥᠰ ᠬᠤᠲᠠ ᠶᠢᠨ ᠬᠡᠪᠴᠢᠶᠡᠨ ᠳᠠᠬᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠰᠠᠭᠤᠬᠤ ᠳᠤ᠂ ︽ᠤᠷᠢᠳ ᠢᠶᠠᠷ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾ ᠶᠢ ᠬᠡᠷᠡᠭᠵᠢᠭᠦᠯᠵᠦ᠂ ᠲᠡᠭᠦᠨ ᠤ ᠡᠮᠨᠡᠯᠭᠡ ᠳᠤ ᠰᠠᠭᠤᠬᠤ ᠪᠡᠷᠢᠴᠠᠭᠠᠨ ᠤ ᠮᠥᠩᠭᠦ ᠶᠢ ᠪᠦᠭᠦᠨ ᠢᠶᠠᠷ ᠨᠢ ᠬᠡᠯᠲᠦᠷᠢᠭᠦᠯᠬᠦ ᠬᠡᠷᠡᠭᠲᠡᠢ᠃ ᠣᠨᠳᠣᠣ ᠭᠠᠵᠠᠷ ᠲᠥᠪᠬᠢᠨᠡᠭᠦᠯᠬᠦ ᠪᠠ ᠣᠨᠳᠣᠣ ᠭᠠᠵᠠᠷ ᠰᠢᠯᠵᠢᠵᠦ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠢ ᠳᠠᠩᠰᠠᠯᠠᠨ ᠲᠡᠮᠳᠡᠭᠯᠡᠬᠦ᠂ ᠡᠮᠨᠡᠭᠦᠯᠦᠭᠰᠡᠨ ᠢ ᠳ᠋ᠦᠩᠨᠡᠨ ᠪᠣᠳᠣᠬᠤ ᠠᠵᠢᠯ ᠢ ᠰᠠᠶᠢᠲᠤᠷ ᠬᠢᠵᠦ᠂ ᠲᠣᠭᠲᠠᠭᠠᠯ ᠶᠣᠰᠣᠭᠠᠷ ᠰᠢᠯᠵᠢᠵᠦ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠲᠤ ᠡᠷᠦᠬᠡ ᠠᠮᠠ ᠶᠢᠨ ᠪᠠᠶᠢᠭ᠎ᠠ ᠭᠠᠵᠠᠷ ᠤᠨ ᠠᠪᠤᠷᠠᠨ ᠲᠤᠰᠠᠯᠠᠬᠤ ᠪᠠᠷᠢᠮᠵᠢᠶ᠎ᠠ ᠪᠠᠷ ᠬᠡᠷᠡᠭᠵᠢᠭᠦᠯᠬᠦ ᠬᠡᠷᠡᠭᠲᠡᠢ᠃ ᠲᠣᠭᠲᠠᠭᠠᠯ ᠶᠣᠰᠣᠭᠠᠷ ᠰᠢᠯᠵᠢᠭᠦᠯᠦᠨ ᠡᠮᠨᠡᠭᠦᠯᠦᠭᠰᠡᠨ ᠦᠭᠡᠢ ᠠᠪᠤᠷᠠᠨ ᠲᠤᠰᠠᠯᠠᠬᠤ ᠡᠲᠡᠭᠡᠳ ᠤᠨ ᠡᠮᠴᠢᠯᠡᠭᠡᠨ ᠤ ᠵᠠᠷᠤᠳᠠᠯ ᠢ ᠵᠠᠷᠴᠢᠮ ᠳᠡᠭᠡᠷ᠎ᠡ ᠪᠠᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠪᠴᠢᠶᠡᠨ ᠳᠤ ᠣᠷᠣᠭᠤᠯᠬᠤᠦᠭᠡᠢ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠶᠠᠨ ᠤ ᠤᠳᠤᠷᠢᠳᠤᠭᠰᠠᠨ᠂ ᠵᠠᠰᠠᠭ ᠤᠨ ᠣᠷᠳᠣᠨ ᠢᠶᠠᠷ ᠭᠤᠣᠯᠯᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠢᠨ ᠣᠷᠣᠯᠴᠠᠭᠰᠠᠨ ᠬᠦᠨᠳᠦ ᠬᠡᠴᠡᠭᠦᠦ ᠣᠨᠴᠠᠭᠠᠢ ᠡᠪᠡᠳᠴᠢᠨ ᠡᠮᠭᠡᠭ ᠤᠨ ᠪᠠᠲᠤᠯᠠᠭ᠎ᠠ ᠶᠢᠨ ᠠᠵᠢᠯ ᠤᠨ ᠲᠣᠭᠲᠠᠴᠠ ᠶᠢ ᠴᠢᠩᠭᠠᠷᠠᠭᠤᠯᠤᠨ᠎ᠠ᠃ ᠬᠦᠴᠢᠷᠳᠡᠯᠲᠡᠢ ᠣᠯᠠᠨ ᠲᠦᠮᠡᠨ ᠤ ᠬᠦᠨᠳᠦ ᠬᠡᠴᠡᠭᠦᠦ ᠣᠨᠴᠠᠭᠠᠢ ᠡᠪᠡᠳᠴᠢᠨ ᠤ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠠᠷᠠᠳ ᠤᠨ ᠠᠮᠢᠳᠤᠷᠠᠯ ᠢ ᠴᠢᠩᠭᠠᠳᠬᠠᠬᠤ ᠪᠠ ᠰᠠᠶᠢᠵᠢᠷᠠᠭᠤᠯᠬᠤ ᠶᠢᠨ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ 2022 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠲᠥᠰᠥᠯ ᠢᠶᠠᠨ ᠨᠡᠶᠢᠲᠡᠯᠡᠵᠦ᠂ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ᠂ ᠣᠯᠭᠤᠮᠵᠢ ᠶᠢ ᠨᠠᠶᠢᠳᠠᠪᠤᠷᠢᠵᠢᠭᠤᠯᠬᠤ᠂ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠳᠠᠩᠰᠠᠨ ᠤ ᠳᠦᠷᠢᠮ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠪᠠᠲᠤᠯᠠᠭ᠎ᠠ ᠶᠢᠨ ᠬᠡᠪᠴᠢᠶ᠎ᠡ ᠶᠢ ᠦᠨᠡᠨ ᠬᠦ ᠵᠢᠷᠤᠮᠵᠢᠭᠤᠯᠵᠤ᠂ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠳᠦᠷᠢᠮ ᠤᠨ ᠦᠷᠭᠦᠯᠵᠢᠯᠡᠨ ᠭᠦᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ 2024 ᠣᠨ ᠤ ᠰᠡᠭᠦᠯᠴᠢ ᠠᠴᠠ ᠡᠮᠦᠨ᠎ᠡ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠬᠦᠨᠳᠦ ᠬᠡᠴᠡᠭᠦᠦ ᠣᠨᠴᠠᠭᠠᠢ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃      ︵ᠠᠷᠪᠠᠨ ᠳᠣᠯᠤᠭ᠎ᠠ︶ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠣᠭᠲᠠᠴᠠ ᠶᠢ ᠪᠦᠷᠢᠨᠰᠢᠭᠦᠯᠦᠨ᠂ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠪᠠ ᠲᠥᠷᠥ ᠶᠢᠨ ᠪᠣᠳᠣᠯᠭ᠎ᠠ ᠵᠢᠴᠢ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠵᠠᠬ᠎ᠠ ᠶᠢᠨ ᠭᠡᠷ ᠪᠦᠯᠢ ᠶᠢᠨ ᠪᠦᠷᠢᠯᠳᠦᠭᠦᠨ ᠵᠡᠷᠭᠡ ᠠᠪᠤᠷᠠᠨ ᠲᠤᠰᠠᠯᠠᠭᠤᠯᠬᠤ ᠡᠲᠡᠭᠡᠳ ᠢ ᠮᠠᠭᠠᠳᠯᠠᠨ ᠲᠣᠭᠲᠠᠭᠠᠬᠤ ᠠᠵᠢᠯ ᠢᠶᠠᠨ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠯᠲᠠ ᠯᠤᠭ᠎ᠠ ᠵᠣᠯᠭᠠᠭᠤᠯᠬᠤ ᠶᠢ ᠴᠢᠩᠭᠠᠳᠬᠠᠨ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠮᠠᠭᠠᠳᠯᠠᠨ ᠲᠣᠭᠲᠠᠭᠠᠬᠤ ᠪᠠ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠰᠠᠶᠢᠲᠤᠷ ᠬᠢᠵᠦ᠂ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠭᠲᠠᠭᠠᠯ ᠶᠣᠰᠣᠭᠠᠷ ᠪᠡᠯᠡ ᠮᠥᠩᠭᠦ ᠶᠢᠨ ᠳᠡᠮᠵᠢᠯᠭᠡ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠣᠨᠣᠰᠢᠯᠠᠨ ᠡᠮᠨᠡᠬᠦ ᠵᠠᠮ ᠮᠥᠷ ᠢᠶᠠᠨ ᠵᠢᠷᠤᠮᠵᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠬᠡᠷᠡᠭᠲᠡᠢ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠡᠮᠴᠢᠯᠡᠭᠡᠨ ᠤ ᠦᠨᠳᠦᠰᠦᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠬᠤᠯᠪᠣᠭᠳᠠᠯ ᠪᠦᠬᠦᠢ ᠠᠵᠢᠯ ᠢᠶᠠᠨ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠵᠤ᠂ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠢ᠃ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ ᠳᠠᠭᠠᠳᠬᠠᠯ ᠢ ᠳᠠᠭᠠᠭᠠᠨ ᠡᠷᠬᠢᠯᠡᠬᠦ ᠳᠠᠬᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠬᠦᠴᠢᠷᠳᠡᠯᠲᠡᠢ ᠣᠯᠠᠨ ᠲᠦᠮᠡᠨ ᠲᠡᠶᠢᠰᠢ ᠳᠡᠮᠵᠢᠯᠭᠡ ᠦᠵᠡᠭᠦᠯᠵᠦ᠂ ᠲᠥᠯᠥᠪᠦᠷᠢᠯᠡᠬᠦ ᠭᠠᠷᠳᠠᠮ ᠢᠶᠠᠨ ᠳᠥᠭᠦᠮᠴᠢᠯᠡᠵᠦ᠂ ᠰᠠᠭᠠᠳ ᠦᠭᠡᠢ ᠨᠡᠪᠲᠡᠷᠡᠬᠦ ᠵᠠᠮ ᠭᠠᠷᠭᠠᠵᠤ᠂ ᠬᠦᠴᠢᠷᠳᠡᠯᠲᠡᠢ ᠣᠯᠠᠨ ᠲᠦᠮᠡᠨ ᠤ ᠣᠯᠭᠤᠮᠵᠢ ᠪᠠᠨ ᠴᠠᠭ ᠲᠤᠬᠠᠢ ᠳᠤ ᠨᠢ᠂ ᠳᠥᠭᠦᠮ ᠳᠥᠲᠡ ᠬᠦᠷᠲᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢ ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠷ ᠬᠢᠨᠠᠨ ᠰᠢᠨᠵᠢᠬᠦ ᠠᠵᠢᠯ ᠢᠶᠠᠨ ᠴᠢᠩᠭᠠᠳᠬᠠᠵᠤ᠂ ᠶᠠᠳᠠᠭᠤ ᠠᠴᠠ ᠲᠤᠶᠢᠯᠪᠤᠷᠢᠲᠠᠢ ᠠᠩᠭᠢᠵᠢᠷᠠᠭᠠᠳᠤᠢ ᠡᠷᠦᠬᠡ᠂ ᠳᠠᠬᠢᠭᠠᠳ ᠬᠢᠯᠪᠠᠷᠬᠠᠨ ᠶᠠᠳᠠᠭᠤᠷᠠᠬᠤ ᠡᠷᠦᠬᠡ ᠪᠠ ᠭᠡᠨᠡᠳᠲᠡ ᠶᠢᠨ ᠬᠡᠷᠡᠭ ᠠᠴᠠ ᠬᠦᠨᠳᠦ ᠨᠣᠴᠢᠲᠠᠢ ᠬᠦᠴᠢᠷᠳᠡᠯᠲᠡᠢ ᠡᠷᠦᠬᠡ ᠵᠡᠷᠭᠡ ᠭᠤᠣᠯᠳᠠᠯᠭ᠎ᠠ ᠪᠣᠯᠬᠤ ᠬᠥᠮᠥᠰ ᠲᠤ ᠬᠥᠳᠡᠯᠦᠩᠭᠦᠢ ᠪᠠᠷ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠮᠲᠤ ᠪᠠᠷ ᠭᠦᠷᠲᠡᠭᠦ ᠬᠡᠷᠡᠭᠲᠡᠢ᠃ ᠠᠵᠢᠯᠴᠢᠨ ᠤ ᠡᠪᠯᠡᠯ ᠨᠢ ᠬᠦᠴᠢᠷᠳᠡᠯᠲᠡᠢ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠲᠣᠭᠲᠠᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠬᠦᠨᠳᠦ ᠡᠪᠡᠳᠴᠢᠨ ᠳᠤ ᠨᠡᠷᠪᠡᠭᠳᠡᠭᠰᠡᠨ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠢᠶᠠᠨ ᠰᠠᠶᠢᠲᠤᠷ ᠬᠢᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠵᠤ ᠡᠷᠡᠭᠦᠯ ᠢᠶᠠᠷ ᠬᠥᠭᠵᠢᠬᠦ ᠠᠵᠢᠯ ᠢ ᠢᠳᠡᠪᠬᠢᠲᠡᠢ ᠳᠡᠮᠵᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠮᠵᠢᠯᠴᠠᠨ ᠬᠤᠯᠪᠣᠭᠳᠠᠯ ᠪᠦᠬᠦᠢ ᠬᠥᠮᠥᠰ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠠᠵᠢᠯ ᠢ ᠰᠠᠶᠢᠲᠤᠷ ᠬᠢᠬᠦ ᠬᠡᠷᠡᠭᠲᠡᠢ᠃      ︵ᠠᠷᠪᠠᠨ ᠨᠠᠢᠮᠠ︶ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠣᠷᠣᠭᠤᠯᠤᠯᠲᠠ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠥᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠥᠪ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠠᠶᠤᠯ ᠦᠭᠡᠢ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠢ᠃ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ᠂ ᠦᠨᠡᠯᠡᠬᠦ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃      ︵ᠠᠷᠪᠠ ᠶᠢᠰᠦ︶ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠵᠣᠬᠢᠴᠠᠩᠭᠤᠢ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ ᠬᠠᠮᠤᠷᠤᠭᠰᠠᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠭᠠᠷᠲᠠᠨ ᠭᠦᠢᠴᠡᠳᠬᠡᠬᠦ ᠦᠢᠯᠡᠴᠢᠯᠡᠭᠡ ᠳᠤ ᠣᠷᠣᠯᠴᠠᠭᠤᠯᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠬᠦᠴᠦᠯᠡᠨ ᠠᠬᠢᠭᠤᠯᠵᠤ᠂ ᠮᠡᠳᠡᠭᠡ ᠵᠠᠩᠭᠢᠴᠢᠯᠠᠯᠲᠠ ᠪᠠ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠭᠤᠣᠯᠳᠠᠯᠭ᠎ᠠ ᠲᠠᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠯ ᠢᠶᠠᠨ ᠴᠢᠩᠭᠠᠳᠬᠠᠨ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ᠂ ᠠᠵᠢᠯ ᠤᠨ ᠰᠤᠷᠲᠠᠯ ᠰᠠᠶᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠦᠨᠳᠦᠰᠦᠨ ᠱᠠᠲᠤᠨ ᠤ ᠭᠠᠷᠲᠠᠨ ᠭᠦᠢᠴᠡᠳᠬᠡᠬᠦ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃      ︵ᠬᠤᠷᠢ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠮᠡᠳᠡᠭᠡ ᠵᠠᠩᠭᠢ ᠶᠢ ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠡᠷᠬᠡ ᠰᠦᠷᠲᠦ ᠮᠡᠳᠡᠭᠡ ᠵᠠᠩᠭᠢ ᠶᠢ ᠣᠨᠣᠪᠴᠢᠲᠠᠢ ᠨᠡᠶᠢᠲᠡᠯᠡᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠬᠦ ᠬᠡᠷᠡᠭᠲᠡᠢ᠃ ᠣᠯᠠᠨ ᠬᠡᠯᠪᠡᠷᠢ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠲᠥᠷᠥ ᠶᠢᠨ ᠪᠣᠳᠣᠯᠭ᠎ᠠ ᠶᠢ ᠣᠶᠢᠯᠠᠭᠠᠭᠤᠯᠬᠤ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃                                2022 ᠣᠨ ᠤ 6 ᠳ᠋ᠤᠭᠠᠷ ᠰᠠᠷ᠎ᠠ ᠶᠢᠨ 11 ᠤ ᠡᠳᠦᠷ                                ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2022 ᠣᠨ ᠤ 6 ᠳ᠋ᠤᠭᠠᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ 
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ