ᠵᠠᠰᠠᠭ ᠤᠨ ᠣᠷᠳᠣᠨ ᠤ ᠠᠵᠢᠯ ᠤᠨ ᠢᠯᠡᠳᠬᠡᠯ | | ︱2022 ᠣᠨ ᠤ1 ᠳ᠋ᠦ᠋ᠭᠡᠷ ᠰᠠᠷ᠎ᠠ ᠶᠢᠨ 21 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠡᠭᠡᠷ᠎ᠡ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | ᠲᠥᠯᠥᠭᠡᠯᠡᠭᠴᠢᠳ ᠠ᠋ ᠄ | ᠣᠳᠣ ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ ᠂ ᠬᠢᠨᠠᠨ | ᠵᠥᠪᠯᠡᠬᠦ ᠪᠣᠯᠪᠠᠤ ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠵᠦ ᠡᠬᠢᠯᠡᠭᠰᠡᠨ ᠵᠢᠯ ᠤᠨ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠂ ᠮᠥᠨ ᠴᠦ ᠥᠪᠥᠷ | ᠮᠣᠩᠭᠤᠯ ᠤᠨ ᠬᠥᠭᠵᠢᠯᠲᠡ ᠶᠢᠨ ᠶᠠᠪᠤᠴᠠ ᠳᠠᠬᠢ ᠶᠡᠷᠦ ᠪᠤᠰᠤ ᠶᠢᠨ ᠨᠢᠭᠡ ᠵᠢᠯ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠪᠠᠲᠤ ᠲᠦᠰᠢᠭᠯᠡᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ | ᠠᠬᠢᠭᠤᠯᠵᠤ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠣᠢ ᠶᠢ ᠪᠠᠶᠠᠷᠯᠠᠨ ᠪᠡᠯᠭᠡᠯᠡᠪᠡ ᠃ | ᠨᠢᠭᠡ ᠵᠢᠯ ᠤᠨ ᠲᠤᠷᠰᠢ ᠂ ᠪᠢᠳᠡ ᠡᠯ᠎ᠡ ᠵᠦᠢᠯ ᠤᠨ ᠬᠦᠴᠢᠷ ᠪᠠ ᠥᠷᠢᠰᠦᠯᠳᠦᠭᠡᠨ ᠲᠤᠯᠭᠠᠷᠠᠭᠰᠠᠨ ᠴᠦ ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ | ᠤᠷᠤᠭᠰᠢᠯᠠᠨ ᠂ ᠬᠦᠨᠳᠦ ᠡᠭᠦᠷᠭᠡ ᠶᠢ ᠡᠭᠦᠷᠭᠡᠯᠡᠵᠦ ᠬᠦᠴᠦᠯᠡᠨ ᠴᠢᠷᠮᠠᠶᠢᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠪᠠᠷ ᠬᠡᠳᠦᠨ | ᠵᠦᠢᠯ ᠤᠨ ᠴᠢᠬᠤᠯᠠ ᠮᠥᠷᠲᠡᠭᠡᠨ ᠬᠦᠴᠢᠷ ᠠᠵᠢᠯ ᠶᠠᠪᠤᠳᠠᠯ ᠢ ᠭᠤᠣᠯᠳᠠᠯᠭ᠎ᠠ ᠲᠠᠢ ᠠᠳᠬᠤᠪᠠ ᠃ ᠲᠥᠯᠦᠪᠵᠢᠭᠦᠯᠭᠡ ᠶᠢᠨ ᠲᠣᠭᠲᠠᠯᠴᠠᠭ᠎ᠠ ᠶᠢ ᠨᠠᠷᠢᠨ ᠨᠢᠮᠪᠠᠢ | ᠨᠠᠶᠢᠷᠠᠭᠤᠯᠤᠨ ᠵᠣᠬᠢᠶᠠᠪᠠ ᠂ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶᠠᠨ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠨᠢᠭᠲᠠ ᠤᠶᠠᠯᠳᠤᠨ ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠣᠰᠣᠭᠠᠷ ᠵᠢᠷᠤᠭ | ᠲᠥᠰᠥᠪ ᠢᠶᠠᠨ ᠲᠤᠭᠤᠰᠢᠲᠠᠢ ᠵᠢᠷᠤᠭᠯᠠᠨ ᠵᠣᠬᠢᠶᠠᠬᠤ ᠶᠢ ᠪᠠᠷᠢᠮᠲᠠᠯᠠᠨ ᠂ ᠲᠥᠯᠦᠪᠵᠢᠭᠦᠯᠭᠡ ᠶᠢ ᠬᠡᠷᠡᠭᠵᠢᠭᠦᠯᠵᠦ ᠡᠬᠢᠯᠡᠭᠰᠡᠨ ᠵᠢᠯ ᠳᠤ ᠡᠯ᠎ᠡ ᠲᠥᠷᠥᠯ ᠤᠨ ᠶᠡᠷᠦᠩᠬᠡᠢ | ᠲᠥᠯᠦᠪᠵᠢᠭᠦᠯᠭᠡ ᠪᠠ ᠲᠤᠰᠬᠠᠢ ᠲᠥᠯᠦᠪᠵᠢᠭᠦᠯᠭᠡ ᠶᠢ ᠦᠨᠳᠦᠰᠦᠨ ᠳᠤ ᠪᠠᠨ ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠪᠥᠭᠡᠳ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠬᠥᠭᠵᠢᠯᠲᠡ ᠶᠢᠨ ᠬᠡᠷᠡᠭᠵᠢᠭᠦᠯᠦᠨ ᠨᠠᠶᠢᠳᠠᠪᠤᠷᠢᠵᠢᠭᠤᠯᠬᠤ ᠲᠥᠰᠥᠯ ᠢ ᠨᠠᠶᠢᠷᠠᠭᠤᠯᠤᠨ ᠵᠣᠬᠢᠶᠠᠪᠠ ᠃ ᠳᠠᠯᠳᠠ ᠬᠦᠴᠦᠨ ᠢᠶᠠᠨ ᠪᠥᠬᠦ | ᠲᠠᠯ᠎ᠠ ᠪᠠᠷ ᠠᠭᠤᠳᠠᠯᠵᠤ ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ ᠪᠠᠲᠤᠯᠠᠪᠠ ᠂ ᠶᠡᠭᠡ ᠲᠠᠯ᠎ᠠ ᠶᠢ ᠪᠠᠲᠤᠯᠠᠬᠤ ᠪᠠ ᠠᠷᠠᠳ ᠤᠨ ᠠᠮᠢᠳᠤᠷᠠᠯ ᠢ ᠪᠠᠲᠤᠯᠠᠬᠤ ᠶᠢ ᠪᠠᠷᠢᠮᠲᠠᠯᠠᠨ ᠂ | ᠤᠷᠢᠳ ᠬᠤᠵᠢᠳ 50 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠦᠢᠯᠡᠳᠪᠦᠷᠢᠯᠡᠯ ᠢᠶᠠᠨ ᠨᠡᠮᠡᠭᠳᠡᠭᠦᠯᠵᠦ ᠬᠠᠩᠭᠠᠯᠭ᠎ᠠ ᠶᠢ ᠪᠠᠲᠤᠯᠠᠨ ᠂ ᠤᠯᠤᠰ ᠠᠴᠠ | ᠲᠤᠰᠢᠶᠠᠵᠤ ᠳᠠᠭᠠᠯᠭᠠᠭᠰᠠᠨ 18 ᠮᠤᠵᠢ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ ᠂ ᠲᠠᠷᠢᠶᠠᠴᠢᠨ ᠮᠠᠯᠴᠢᠨ | ᠡᠷᠦᠬᠡ ᠳᠤ ᠡᠩ ᠤᠨ ᠦᠨ᠎ᠡ ᠪᠠᠷ ᠨᠡᠭᠦᠷᠡᠰᠦ ᠬᠠᠩᠭᠠᠵᠤ ᠥᠭᠪᠡ ᠂ ᠨᠡᠭᠦᠷᠡᠰᠦᠨ ᠤ ᠡᠳᠦᠷ ᠤᠨ ᠭᠠᠷᠤᠯᠲᠠ ᠵᠠᠯᠭᠠᠭ᠎ᠠ ᠪᠠᠷ ᠰᠢᠨ᠎ᠡ ᠲᠦᠪᠰᠢᠨ ᠳᠤ ᠬᠦᠷᠴᠦ ᠂ ᠭᠠᠳᠠᠭᠰᠢ | ᠴᠠᠬᠢᠯᠭᠠᠨ ᠳᠠᠮᠵᠢᠭᠤᠯᠤᠭᠰᠠᠨ ᠬᠡᠮᠵᠢᠶ᠎ᠡ ᠪᠥᠬᠦ ᠤᠯᠤᠰ ᠲᠤ ᠲᠦᠷᠦᠭᠦᠯᠡᠭᠡᠳ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠶᠡᠭᠡ ᠲᠠᠯ᠎ᠠ ᠳᠤ ᠥᠪᠥᠷ | ᠮᠣᠩᠭᠤᠯ ᠤᠨ ᠢᠶᠠᠨ ᠬᠤᠪᠢ ᠨᠡᠮᠡᠷᠢ ᠶᠢ ᠦᠵᠡᠭᠦᠯᠪᠡ ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ | ᠰᠢᠢᠳᠪᠦᠷᠢᠯᠡᠪᠡ ᠂ ᠠᠷᠠᠳ ᠲᠦᠮᠡᠨ ᠢ ᠳᠡᠭᠡᠳᠦᠯᠡᠬᠦ ᠪᠠ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ ᠂ ᠠᠷᠭ᠎ᠠ ᠪᠥᠬᠦᠨ ᠢ ᠰᠦᠪᠡᠭᠴᠢᠯᠡᠨ ᠪᠠᠶᠢᠵᠤ ᠬᠢᠯᠢ ᠬᠢᠵᠠᠭᠠᠷ | ᠣᠷᠣᠨ ᠤ ᠬᠤᠲᠠ ᠪᠠᠯᠭᠠᠰᠤᠨ ᠳᠠᠬᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠨ ᠰᠢᠨᠵᠢᠬᠦ ᠂ ᠡᠮᠴᠢᠯᠡᠵᠦ ᠠᠪᠤᠷᠠᠨ ᠵᠠᠰᠠᠬᠤ ᠂ ᠲᠤᠰᠠᠭᠠᠷᠯᠠᠵᠤ ᠲᠥᠪᠬᠢᠨᠡᠭᠦᠯᠬᠦ ᠂ | ᠡᠳ᠋ ᠪᠠᠷᠠᠭ᠎ᠠ ᠶᠢ ᠪᠠᠲᠤᠯᠠᠬᠤ ᠵᠡᠷᠭᠡ ᠡᠯ᠎ᠡ ᠲᠠᠯ᠎ᠠ ᠪᠠᠷ ᠬᠢ ᠲᠥᠰᠥᠭᠡᠯᠡᠬᠦᠶ᠎ᠡ ᠪᠡᠷᠬᠡ ᠪᠠᠶᠢᠭᠰᠠᠨ ᠬᠦᠴᠢᠷᠳᠡᠯ ᠢ ᠢᠯᠡᠨ ᠳᠠᠪᠠᠪᠠ ᠂ ᠢᠯᠠᠩᠭᠤᠶ᠎ᠠ ᠬᠦᠴᠢᠷ ᠪᠡᠷᠬᠡᠰᠢᠶᠡᠯ ᠢ | ᠲᠤᠭᠤᠯᠵᠤ ᠪᠠᠶᠢᠭᠠᠳ ᠲᠦᠮᠡ ᠭᠠᠷᠤᠢ ᠵᠢᠭᠤᠯᠴᠢᠯᠠᠭᠰᠠᠳ ᠢ ᠮᠤᠵᠢ ᠠᠯᠤᠰᠯᠠᠵᠤ ᠬᠠᠮᠠᠭᠠᠯᠠᠨ ᠬᠦᠷᠭᠡᠬᠦ ᠂ ᠨᠢᠭᠲᠠ ᠣᠶᠢᠷᠠᠲᠤᠭᠰᠠᠨ ᠲᠦᠮᠡ ᠭᠠᠷᠤᠢ ᠬᠥᠮᠥᠨ ᠢ ᠭᠠᠵᠠᠷ | ᠣᠷᠣᠨ ᠬᠤᠪᠢᠶᠠᠵᠤ ᠲᠤᠰᠠᠭᠠᠷᠯᠠᠬᠤ ᠂ ᠬᠡᠳᠦᠨ ᠵᠠᠭᠤᠨ ᠡᠪᠡᠳᠴᠢᠲᠡᠨ ᠢ ᠮᠢᠩᠭᠠᠨ ᠭᠠᠵᠠᠷ ᠤᠨ ᠬᠤᠯᠠ ᠰᠢᠯᠵᠢᠭᠦᠯᠦᠨ ᠬᠦᠷᠭᠡᠬᠦ ᠠᠵᠢᠯ ᠢᠶᠠᠨ ᠠᠮᠵᠢᠯᠲᠠ ᠲᠠᠢ ᠵᠣᠬᠢᠶᠠᠨ | ᠪᠠᠶᠢᠭᠤᠯᠵᠤ ᠂ ᠡᠷᠢᠶᠡᠨ ᠬᠤᠲᠠ ᠂ ᠡᠵᠡᠨ᠎ᠡ ᠂ ᠮᠠᠨᠵᠤᠤᠷ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠪᠦᠲᠦᠮᠵᠢᠲᠡᠢ ᠳᠥᠪᠬᠢᠨᠡᠭᠦᠯᠦᠨ ᠰᠢᠢᠳᠪᠦᠷᠢᠯᠡᠭᠡᠳ ᠠᠷᠠᠳ | ᠣᠯᠠᠨ ᠤ ᠠᠮᠤᠭᠤᠯᠠᠩ ᠪᠠ ᠨᠡᠶᠢᠭᠡᠮ ᠤᠨ ᠡᠮᠬᠢ ᠳᠢᠭᠯᠢᠮ ᠲᠣᠭᠲᠠᠭᠤᠨ ᠪᠠᠶᠢᠬᠤ ᠶᠢ ᠬᠦᠴᠦᠲᠡᠢ ᠬᠠᠮᠠᠭᠠᠯᠠᠨ ᠪᠠᠲᠤᠯᠠᠪᠠ ᠃ ᠬᠦᠨᠳᠦ ᠶᠡᠭᠡ ᠲᠦᠭᠰᠢᠭᠦᠷᠢ ᠶᠢ ᠡᠷᠡᠰ | ᠰᠢᠭᠤᠷᠬᠠᠢ ᠪᠥᠭᠡᠳ ᠯᠠᠪᠳᠠᠭᠤᠨ ᠪᠠᠲᠤᠲᠠᠢ ᠪᠠᠷ ᠰᠡᠷᠭᠡᠶᠢᠯᠡᠵᠦ ᠠᠷᠢᠯᠭᠠᠪᠠ ᠂ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠬᠤ ᠣᠨ ᠤ | ᠡᠭᠦᠷᠭᠡ ᠪᠠᠨ ᠳᠠᠪᠠᠭᠤᠯᠤᠨ ᠪᠡᠶᠡᠯᠡᠭᠦᠯᠵᠦ ᠂ ᠪᠣᠣ ᠱᠠᠩ ᠪᠠᠩᠬᠢ ᠶᠢᠨ ᠲᠦᠭᠰᠢᠭᠦᠷᠢ ᠪᠠ ᠥᠪᠥᠷ ᠮᠣᠩᠭᠤᠯ ᠤᠨ ᠡᠨᠧᠷᠬᠢ ᠶᠢᠨ ᠪᠦᠲᠦᠭᠡᠨ ᠪᠠᠶᠢᠭᠤᠯᠤᠯᠲᠠ ᠶᠢᠨ ᠰᠲ᠋ᠣᠺ ᠢ | ᠰᠢᠶᠠᠩᠭᠠᠩ ᠤᠨ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠠᠴᠠ ᠪᠤᠴᠠᠭᠠᠨ ᠭᠠᠷᠭᠠᠬᠤ ᠶᠢ ᠯᠠᠪᠳᠠᠭᠤᠨ ᠢᠶᠠᠷ ᠰᠢᠢᠳᠪᠦᠷᠢᠯᠡᠨ ᠂ ᠬᠤᠲᠠ ᠶᠢᠨ ᠬᠤᠳᠠᠯᠳᠤᠭᠠᠨ ᠤ | ᠪᠠᠩᠬᠢ ᠳᠤ ᠥᠭᠡᠷᠡᠴᠢᠯᠡᠯᠲᠡ ᠬᠢᠵᠦ ᠲᠦᠭᠰᠢᠭᠦᠷᠢ ᠶᠢ ᠨᠢ ᠠᠷᠢᠯᠭᠠᠬᠤ ᠶᠢ ᠯᠠᠪᠳᠠᠭᠤᠨ ᠢᠶᠠᠷ ᠠᠬᠢᠭᠤᠯᠤᠨ ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ | ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠲᠠᠯ᠎ᠠ ᠶᠢᠨ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠡᠵᠡᠮᠳᠡᠵᠦ ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠣᠭᠲᠠᠭᠠᠯ ᠪᠠ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠵᠤ ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠲᠣᠭᠲᠠᠭᠠᠯ ᠪᠠ | ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠨ ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠲᠣᠭᠲᠠᠭᠤᠨ ᠪᠥᠭᠡᠳ | ᠤᠷᠲᠤ ᠤᠳᠠᠭᠠᠨ ᠬᠥᠭᠵᠢᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠪᠠ ᠃ ᠠᠷᠭ᠎ᠠ ᠪᠣᠳᠣᠯᠭ᠎ᠠ ᠶᠢ ᠣᠨᠣᠴᠠᠲᠠᠢ ᠬᠡᠷᠡᠭᠵᠢᠭᠦᠯᠵᠦ ᠡᠨᠧᠷᠬᠢ ᠠᠷᠪᠢᠯᠠᠵᠤ ᠬᠤᠷᠣᠭᠳᠠᠯ ᠢ | ᠪᠠᠭᠤᠷᠠᠭᠤᠯᠬᠤ ᠪᠠᠨ ᠴᠢᠩᠭᠠᠷᠠᠭᠤᠯᠪᠠ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠨ ᠂ ᠠᠵᠤ ᠠᠬᠤᠢ ᠶᠢᠨ | ᠪᠠᠭᠤᠷᠠᠯᠲᠠ ᠶᠢᠨ ᠳᠠᠷᠤᠯᠲᠠ ᠶᠢ ᠳᠠᠭᠠᠭᠠᠨ ᠲᠤᠯᠵᠤ ᠂ ᠲᠣᠭᠲᠠᠭᠠᠯ ᠠᠴᠠ ᠵᠥᠷᠢᠴᠡᠭᠰᠡᠨ ︽ᠬᠤᠶᠠᠷ ᠶᠡᠬᠡᠲᠡᠢ︾ ᠪᠠᠶᠢᠬᠤ ᠲᠥᠷᠥᠯ ᠵᠦᠢᠯ ᠢ ᠴᠡᠭᠴᠡᠯᠡᠨ ᠦᠭᠡᠶᠢᠰᠬᠡᠵᠦ ᠂ | ᠡᠨᠧᠷᠬᠢ ᠶᠢᠨ ᠬᠤᠷᠣᠭᠳᠠᠯ ᠳᠤ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠦᠨ ᠂ ᠤᠯᠤᠰ ᠠᠴᠠ ᠪᠠᠭᠤᠯᠭᠠᠭᠰᠠᠨ ᠡᠭᠦᠷᠭᠡ ᠶᠢ ᠪᠡᠶᠡᠯᠡᠭᠦᠯᠦᠭᠰᠡᠨ ᠪᠥᠭᠡᠳ ᠡᠬᠢ | ᠪᠠᠶᠠᠯᠢᠭ ᠤᠨ ᠣᠷᠴᠢᠨ ᠲᠣᠭᠤᠷᠢᠨ ᠤ ᠬᠦᠯᠢᠶᠡᠰᠦᠯᠡᠬᠦ ᠴᠢᠨᠠᠷᠲᠠᠢ ᠭᠦᠢᠴᠡᠳᠬᠡᠯ ᠲᠣᠭᠠᠨ ᠳᠤ ᠡᠵᠡᠮᠰᠢᠯ ᠠᠯᠳᠠᠭᠳᠠᠬᠤ ᠪᠠᠶᠢᠳᠠᠯ ᠢ ᠬᠤᠪᠢᠷᠠᠭᠤᠯᠪᠠ ᠃ ᠬᠦᠴᠢᠷ ᠵᠦᠢᠯ ᠢ | ᠲᠤᠯᠤᠨ ᠬᠠᠷᠢᠭᠤᠴᠠᠵᠤ ᠦᠨᠡᠨ ᠪᠣᠳᠠᠲᠠᠢ ᠪᠠᠷ ᠠᠵᠢᠯᠯᠠᠵᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠪᠡ ᠂ ᠪᠦᠬᠦᠯᠢ ᠴᠣᠭᠴᠠ ᠶᠢᠨ | ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠪᠠᠷ ᠬᠥᠲᠥᠯᠥᠭᠦᠷ ᠪᠣᠯᠭᠠᠬᠤ ᠶᠢ ᠪᠠᠷᠢᠮᠲᠠᠯᠠᠵᠤ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ 3.0 ᠲᠥᠰᠥᠯ ᠢ ᠲᠣᠭᠲᠠᠭᠠᠨ ᠂ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ 2.0 ᠪᠠᠶᠢᠭᠤᠯᠤᠯᠲᠠ ᠶᠢ ᠬᠡᠷᠡᠭᠵᠢᠭᠦᠯᠵᠦ ᠂ ︽ᠮᠥᠩᠬᠡ | ᠰᠤᠪᠠᠭ ᠂ ᠳᠥᠷᠪᠡ ᠶᠢ ᠭᠦᠢᠴᠡᠳᠬᠡᠬᠦ︾ ᠦᠢᠯᠡᠴᠢᠯᠡᠭᠡ ᠶᠢ ᠥᠷᠨᠢᠭᠦᠯᠦᠨ ᠂ ᠠᠵᠤ ᠠᠬᠤᠶᠢᠯᠠᠯ ᠪᠠ ᠣᠯᠠᠨ ᠲᠦᠮᠡᠨ ᠳᠤ ᠣᠷᠴᠢᠨ ᠨᠥᠬᠦᠴᠡᠯ ᠬᠤᠪᠢᠷᠠᠵᠤ ᠪᠠᠶᠢᠬᠤ ᠪᠠ | ᠦᠢᠯᠡᠴᠢᠯᠡᠭᠡ ᠰᠢᠯᠢᠳᠡᠭᠵᠢᠵᠦ ᠪᠠᠶᠢᠬᠤ ᠶᠢ ᠮᠡᠳᠡᠷᠡᠭᠦᠯᠪᠡ ᠃ ᠴᠥᠬᠦᠷᠡᠰᠢ ᠦᠭᠡᠢ ᠴᠢᠷᠮᠠᠶᠢᠭᠰᠠᠨ ᠢᠶᠠᠷ ᠪᠥᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠰᠠᠶᠢᠨ ᠰᠠᠶᠢᠬᠠᠨ ᠬᠠᠨᠳᠤᠰᠢ ᠢᠯᠡᠷᠡᠵᠦ ᠂ ᠪᠥᠬᠦ ᠵᠢᠯ ᠤᠨ ᠭᠤᠣᠯ ᠪᠣᠯᠬᠤ ᠬᠥᠭᠵᠢᠯᠲᠡ ᠶᠢᠨ ᠬᠠᠷᠠᠯᠲᠠ ᠡᠭᠦᠷᠭᠡ ᠨᠡᠯᠢᠶᠡᠳ ᠰᠠᠶᠢᠨ ᠪᠡᠶᠡᠯᠡᠭᠳᠡᠪᠡ ᠃ | ᠨᠢᠭᠡ ᠳᠤ ᠠᠵᠤ ᠠᠬᠤᠢ ᠲᠣᠭᠲᠠᠭᠤᠨ ᠪᠥᠭᠡᠳ ᠡᠷᠡᠭᠦᠯ ᠠᠵᠢᠯᠯᠠᠭᠠᠨ ᠢᠶᠠᠨ ᠪᠠᠲᠤᠯᠠᠪᠠ ᠃ ᠪᠦᠲᠦᠮᠵᠢᠲᠡᠢ ᠪᠡᠯᠡ ᠣᠷᠤᠭᠤᠯᠤᠯᠲᠠ ᠶᠢ ᠬᠦᠴᠦᠯᠡᠨ ᠥᠷᠭᠡᠳᠬᠡᠵᠦ ᠂ | 3074 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠦᠨ ᠂ 4658 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠠᠵᠤ ᠦᠢᠯᠡᠳᠪᠦᠷᠢ ᠶᠢᠨ ᠪᠡᠯᠡ | ᠣᠷᠤᠭᠤᠯᠤᠯᠲᠠ ᠪᠠ ᠠᠷᠠᠳ ᠤᠨ ᠳᠤᠮᠳᠠᠬᠢ ᠪᠡᠯᠡ ᠣᠷᠤᠭᠤᠯᠤᠯᠲᠠ ᠲᠤᠰ ᠲᠤᠰ 21.1% ᠪᠠ 14.4% ᠨᠡᠮᠡᠭᠳᠡᠪᠡ ᠃ ᠣᠯᠠᠨ ᠵᠦᠢᠯ ᠤᠨ ᠠᠷᠭ᠎ᠠ ᠠᠪᠴᠢᠯ ᠢ | ᠬᠡᠷᠡᠭᠯᠡᠵᠦ ᠪᠠᠶᠢᠭᠠᠳ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠲᠠᠶᠢᠯᠵᠤ ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠨᠢ 59 | ᠳ᠋ᠦᠩᠰᠢᠭᠤᠷ ᠲᠥᠭᠦᠷᠢᠭ ᠪᠠᠭᠤᠷᠠᠭᠤᠯᠤᠨ ᠂ ᠠᠵᠤ ᠠᠬᠤᠶᠢᠯᠠᠯ ᠳᠤ ᠭᠦᠢᠯᠭᠡᠭᠡᠨ ᠤ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ | ᠬᠦᠴᠢᠷᠳᠡᠯ ᠢ ᠨᠢ ᠲᠠᠶᠢᠯᠬᠤ ᠬᠥᠭᠵᠢᠯᠲᠡ ᠶᠢᠨ ᠰᠠᠭᠤᠷᠢ ᠮᠥᠩᠭᠦ ᠶᠢ ᠰᠢᠨ᠎ᠡ ᠪᠠᠷ 38.4 ᠳ᠋ᠦᠩᠰᠢᠭᠤᠷ ᠲᠥᠭᠦᠷᠢᠭ ᠲᠠᠯᠪᠢᠵᠤ ᠥᠭᠪᠡ ᠂ ᠰᠢᠨ᠎ᠡ ᠪᠠᠷ 250 | ᠳ᠋ᠦᠩᠰᠢᠭᠤᠷ ᠭᠠᠷᠤᠢ ᠲᠥᠭᠦᠷᠢᠭ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠤᠨ ᠂ ᠰᠢᠨ᠎ᠡ ᠪᠠᠶᠢᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ 38. | 6 ᠲᠦᠮᠡ ᠪᠣᠯᠵᠤ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 3000 ᠳ᠋ᠦᠩᠰᠢᠭᠤᠷ ᠲᠥᠭᠦᠷᠢᠭ ᠢ ᠳᠠᠪᠠᠭᠠᠳ | ᠲᠡᠦᠬᠡ ᠶᠢᠨ ᠰᠢᠨ᠎ᠡ ᠲᠦᠪᠰᠢᠨ ᠢ ᠡᠭᠦᠳᠪᠡ ᠃ ᠪᠡᠯᠡ ᠮᠥᠩᠭᠦ ᠶᠢ ᠰᠢᠭᠤᠳ ᠪᠠᠭᠤᠯᠭᠠᠬᠤ ᠲᠣᠭᠲᠠᠴᠠ ᠶᠢ ᠨᠠᠶᠢᠳᠠᠪᠤᠷᠢᠵᠢᠭᠤᠯᠤᠨ ᠂ ᠵᠠᠷᠤᠯᠭ᠎ᠠ ᠳᠤ ᠰᠢᠭᠤᠳ | ᠪᠠᠭᠤᠯᠭᠠᠭᠰᠠᠨ ᠪᠡᠯᠡ ᠮᠥᠩᠭᠦ 758 ᠳ᠋ᠦᠩᠰᠢᠭᠤᠷ ᠲᠥᠭᠦᠷᠢᠭ ᠲᠤ ᠬᠦᠷᠴᠦ ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ | ᠦᠨᠳᠦᠰᠦᠨ ᠠᠮᠢᠳᠤᠷᠠᠯ ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠪᠠ ᠃ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2 | ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ 6.3% ᠨᠡᠮᠡᠭᠳᠡᠵᠦ ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ 9.8% ᠨᠡᠮᠡᠭᠳᠡᠨ ᠂ ᠨᠡᠶᠢᠭᠡᠮ ᠤᠨ | ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 6.3% ᠨᠡᠮᠡᠭᠳᠡᠵᠦ ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 14.6% | ᠨᠡᠮᠡᠭᠳᠡᠨ ᠂ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠰᠡᠷᠭᠦᠨ ᠥᠷᠨᠢᠵᠦ ᠂ ᠲᠣᠭᠲᠠᠭᠤᠨ ᠤ ᠳᠠᠭᠠᠤ ᠳᠤ ᠰᠠᠶᠢᠨ ᠬᠠᠨᠳᠤᠰᠢ ᠲᠠᠢ ᠪᠣᠯᠪᠠ ᠃ | ᠬᠤᠶᠠᠷ ᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠢᠳᠡᠪᠬᠢ ᠠᠬᠢᠯᠲᠠ ᠲᠠᠢ ᠪᠣᠯᠪᠠ ᠃ ᠰᠦ ᠰᠠᠭᠠᠯᠢ ᠶᠢᠨ ᠦᠢᠯᠡᠰ ᠪᠠ ᠦᠷ᠎ᠡ | ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠵᠦ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 460 ᠲᠦᠮᠡᠨ ᠮᠦ ᠰᠢᠨ᠎ᠡ ᠪᠠᠷ | ᠨᠡᠮᠡᠭᠳᠡᠨ ᠂ ᠠᠮᠤ ᠪᠤᠳᠠᠭᠠᠨ ᠤ ᠦᠢᠯᠡᠳᠪᠦᠷᠢᠯᠡᠯ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠵᠤ ᠂ ᠮᠠᠯ ᠠᠵᠤ ᠠᠬᠤᠢ ᠶᠢᠨ ᠦᠢᠯᠡᠳᠪᠦᠷᠢᠯᠡᠯ ︽ | ᠠᠷᠪᠠᠨ ᠳᠣᠯᠣᠭᠠᠨ ᠵᠢᠯ ᠳᠠᠷᠠᠭᠠᠯᠠᠵᠤ ᠲᠣᠭᠲᠠᠭᠤᠨ ᠥᠰᠦᠯᠲᠡ︾ ᠲᠠᠢ ᠪᠣᠯᠪᠠ ᠃ ᠰᠢᠨ᠎ᠡ ᠡᠨᠧᠷᠬᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠢ ᠬᠡᠷᠡᠭᠵᠢᠭᠦᠯᠦᠨ ᠂ | ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠬᠢᠭᠡᠳ ᠭᠡᠷᠡᠯ ᠴᠡᠨᠡᠭ ᠤᠨ ᠲᠥᠷᠥᠯ ᠵᠦᠢᠯ ᠤᠨ ᠵᠥᠪᠰᠢᠶᠡᠷᠡᠯ ᠣᠯᠣᠭᠰᠠᠨ ᠬᠡᠪᠴᠢᠶ᠎ᠡ 4000 ᠲᠦᠮᠡᠨ ᠺᠢᠯᠣᠸᠠᠲ ᠢ | ᠳᠠᠪᠠᠭᠰᠠᠨ ᠪᠥᠭᠡᠳ ᠳᠠᠬᠢᠨ ᠡᠭᠦᠰᠴᠦ ᠪᠣᠯᠬᠤ ᠡᠨᠧᠷᠬᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 27.5% ᠨᠡᠮᠡᠭᠳᠡᠪᠡ ᠃ ᠠᠵᠤ ᠦᠢᠯᠡᠰ ᠤᠨ ᠬᠠᠭᠤᠴᠢᠨ ᠢ ᠨᠢ | ᠥᠭᠡᠷᠡᠴᠢᠯᠡᠵᠦ ᠰᠢᠨ᠎ᠡ ᠪᠠᠷ ᠪᠣᠢ ᠪᠣᠯᠭᠠᠬᠤ ᠶᠢ ᠲᠦᠷᠭᠡᠳᠬᠡᠨ ᠂ ᠶᠤᠸᠠᠨᠵᠢᠩ ᠵᠡᠷᠭᠡ 15 ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠂ | ᠦᠢᠯᠡᠳᠬᠦ ᠦᠢᠯᠡᠰ ᠪᠠ ᠳᠡᠭᠡᠳᠦ ᠰᠢᠨ᠎ᠡ ᠮᠡᠷᠭᠡᠵᠢᠯ ᠤᠨ ᠦᠢᠯᠡᠰ ᠲᠤᠰ ᠲᠤᠰ 11.3% ᠪᠠ 22.4% ᠨᠡᠮᠡᠭᠳᠡᠪᠡ ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠰᠢᠯᠢᠳᠡᠭᠵᠢᠭᠦᠯᠵᠦ ᠡᠮᠬᠢᠯᠡᠨ ᠨᠡᠶᠢᠯᠡᠭᠦᠯᠬᠦ ᠪᠠᠨ ᠪᠡᠶᠡᠯᠡᠭᠦᠯᠵᠦ ᠂ ᠪᠠᠶᠢᠭᠤᠯᠤᠮᠵᠢ ᠶᠢᠨ ᠲᠤᠭ᠎ᠠ ᠶᠢ ᠬᠠᠭᠠᠰ ᠢᠶᠠᠷ ᠪᠠᠭᠠᠰᠬᠠᠨ ᠂ ᠲᠥᠯᠦᠪᠵᠢᠭᠦᠯᠭᠡ ᠶᠢᠨ | ᠲᠠᠯᠠᠪᠠᠢ ᠶᠢ 30% ᠬᠠᠰᠤᠵᠤ ᠂ ᠦᠢᠯᠡᠳᠬᠦᠨ ᠤ ᠥᠷᠲᠡᠭ ᠨᠢ ᠮᠢᠩᠭᠠᠨ ᠳ᠋ᠦᠩᠰᠢᠭᠤᠷ ᠢ ᠳᠠᠪᠠᠭᠰᠠᠨ ᠬᠦᠷᠢᠶᠡᠯᠡᠩ ᠲᠣᠭᠤᠷᠢᠭ 3 ᠪᠣᠯᠪᠠ ᠃ ᠦᠢᠯᠡᠴᠢᠯᠡᠭᠡᠨ ᠤ | ᠦᠢᠯᠡᠰ ᠤᠨ ᠲᠣᠭᠲᠠᠭᠤᠨ ᠪᠣᠯᠵᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠶᠢ ᠠᠬᠢᠭᠤᠯᠤᠨ ᠂ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠰᠥᠨᠢ ᠶᠢᠨ | ᠬᠡᠷᠡᠭᠯᠡᠭᠡ ᠶᠢᠨ ᠲᠥᠪᠯᠡᠷᠡᠯ ᠤᠨ ᠲᠣᠭᠤᠷᠢᠭ ᠢ 3 ᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠪᠣᠯᠬᠤ ᠲᠣᠰᠬᠤᠨ ᠪᠠᠯᠭᠠᠰᠤ ᠶᠢ 9 | ᠰᠢᠨ᠎ᠡ ᠪᠠᠷ ᠡᠭᠦᠳᠦᠨ ᠪᠠᠶᠢᠭᠤᠯᠵᠤ ᠂ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠲᠤᠷᠰᠢᠯᠲᠠ ᠶᠢᠨ ᠴᠡᠭ ᠤᠨ ᠬᠤᠲᠠ ᠳᠤ ᠪᠤᠭᠤᠲᠤ ᠬᠤᠲᠠ | ᠰᠣᠩᠭᠤᠭᠳᠠᠨ ᠣᠷᠣᠪᠠ ᠃ ᠪᠥᠬᠦ ᠣᠷᠣᠨ ᠤ ᠬᠠᠳᠠᠭᠠᠯᠠᠮᠵᠢ ᠪᠠ ᠵᠢᠭᠡᠯᠡᠯᠭᠡ ᠶᠢᠨ ᠵᠣᠭᠤᠰᠤᠨ ᠤ ᠨᠡᠮᠡᠭᠳᠡᠯ ᠤᠨ ᠬᠤᠷᠳᠤᠴᠠ ᠨᠡᠮᠡᠭᠳᠡᠯ ᠤᠨ ᠬᠡᠮᠵᠢᠶ᠎ᠡ ᠴᠥᠮ 4 ᠵᠢᠯ ᠳᠠᠬᠢ | ᠰᠢᠨ᠎ᠡ ᠲᠦᠪᠰᠢᠨ ᠢ ᠡᠭᠦᠳᠴᠦ ᠂ ᠪᠠᠩᠬᠢ ᠶᠢᠨ ᠦᠢᠯᠡᠰ ᠤᠨ ᠨᠠᠶᠢᠳᠠᠪᠤᠷᠢ ᠮᠠᠭᠤᠲᠠᠢ ᠵᠢᠭᠡᠯᠡᠯᠭᠡ ᠶᠢᠨ ᠵᠣᠭᠤᠰᠤᠨ ᠤ ᠨᠣᠷᠮ᠎ᠠ ᠪᠠᠭᠤᠷᠠᠭᠠᠳ 6 ᠵᠢᠯ ᠳᠠᠬᠢ ᠬᠠᠮᠤᠭ ᠤᠨ | ᠳᠣᠣᠷ᠎ᠠ ᠲᠦᠪᠰᠢᠨ ᠳᠤ ᠬᠦᠷᠪᠡ ︔ 4 ᠠᠵᠤ ᠠᠬᠤᠶᠢᠯᠠᠯ ᠠᠮᠵᠢᠯᠲᠠ ᠲᠠᠢ ᠪᠠᠷ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠂ ᠮᠠᠨ ᠤ ᠣᠷᠣᠨ ᠤ ᠠᠵᠤ ᠠᠬᠤᠶᠢᠯᠠᠯ 9 | ᠵᠢᠯ A ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠦᠭᠡᠢ ᠲᠡᠮᠳᠡᠭᠯᠡᠯ ᠢ ᠡᠴᠦᠰᠯᠡᠭᠦᠯᠪᠡ ᠃ | ᠭᠤᠷᠪᠠ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ ᠢ ᠪᠥᠬᠦ ᠲᠠᠯ᠎ᠠ ᠪᠠᠷ | ᠭᠦᠨᠵᠡᠭᠡᠶᠢᠷᠡᠭᠦᠯᠪᠡ ᠃ ᠰᠤᠳᠤᠯᠤᠨ ᠨᠡᠭᠡᠭᠡᠬᠦ ᠳᠤ ᠪᠡᠯᠡ ᠣᠷᠣᠭᠤᠯᠤᠨ ᠰᠢᠪᠲᠤᠯᠤᠯᠲᠠ ᠬᠢᠬᠦ ᠠᠵᠢᠯᠯᠠᠭᠠᠨ ᠢ ᠬᠡᠷᠡᠭᠵᠢᠭᠦᠯᠦᠨ ᠂ ᠡᠳ᠋ ᠤᠨ ᠵᠠᠰᠠᠭ ᠤᠨ ᠲᠥᠬᠦᠷᠵᠢᠭᠦᠯᠦᠨ | ᠳᠡᠮᠵᠢᠬᠦ 12 ᠠᠷᠭ᠎ᠠ ᠬᠡᠮᠵᠢᠶ᠎ᠡ ᠶᠢ ᠲᠣᠭᠲᠠᠭᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠢ ᠡᠳ᠋ ᠤᠨ ᠵᠠᠰᠠᠭ ᠤᠨ ᠵᠠᠷᠤᠯᠭ᠎ᠠ ᠶᠢ ᠠᠳᠠᠯᠢ | ᠪᠠᠷᠢᠮᠵᠢᠶ᠎ᠠ ᠪᠠᠷ 20.7% ᠨᠡᠮᠡᠭᠳᠡᠭᠦᠯᠪᠡ ᠃ ᠤᠷᠤᠭᠰᠢ ᠳᠠᠪᠰᠢᠨ ᠰᠢᠯᠢᠳᠡᠭᠵᠢᠬᠦ ᠶᠢ ᠠᠬᠢᠭᠤᠯᠵᠤ ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠦᠨ ᠂ ᠪᠥᠬᠦ | ᠤᠯᠤᠰ ᠤᠨ ᠨᠡᠷᠡᠰ ᠤᠨ ᠵᠢᠭᠰᠠᠭᠠᠯᠲᠠ ᠳᠤ ᠬᠦᠬᠡᠬᠤᠲᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠷᠢ ᠨᠢ ᠤᠷᠤᠭᠰᠢ ᠪᠠᠨ 10 ᠳᠠᠪᠰᠢᠵᠤ ᠂ ᠪᠥᠬᠦ | ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠲᠤᠰ | ᠲᠤᠰ 1220 ᠪᠠ 828 ᠪᠣᠯᠪᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ 47 ᠲᠤᠰᠬᠠᠢ ᠵᠦᠢᠯ ᠢ ᠵᠣᠬᠢᠶᠠᠨ ᠪᠠᠶᠢᠭᠤᠯᠵᠤ ᠂ ᠮᠡᠷᠭᠡᠵᠢᠯ ᠤᠨ | ᠰᠢᠪᠲᠤᠯᠤᠯᠲᠠ ᠶᠢᠨ ᠲᠥᠯᠥᠪᠯᠡᠭᠡ ᠶᠢᠨ 445 ᠵᠦᠢᠯ ᠢ ᠬᠡᠷᠡᠭᠵᠢᠭᠦᠯᠦᠨ ᠂ ᠠᠩᠬᠠᠨ ᠤ ᠪᠦᠯᠦᠭ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠲᠥᠷᠥᠯ | ᠵᠦᠢᠯ ᠤᠨ 12 ᠵᠦᠢᠯ ᠢ ᠨᠢ ᠴᠢᠷᠮᠠᠶᠢᠨ ᠪᠦᠲᠦᠭᠡᠵᠦ ᠂ ᠠᠯᠤᠰ ᠰᠡᠷᠡᠯ ᠤᠨ ᠳᠠᠭᠠᠭᠤᠯᠢ ᠣᠳᠣᠨ ︽ᠥᠪᠥᠷ ᠮᠣᠩᠭᠤᠯ ᠤᠨ ᠨᠢᠭᠡᠳᠦᠭᠡᠷ ᠨᠣᠮᠧᠷᠲᠤ︾ ᠶᠢ ᠠᠮᠵᠢᠯᠲᠠ | ᠲᠠᠢ ᠬᠠᠷᠪᠤᠪᠠ ᠃ ᠲᠠᠪᠴᠠᠩ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠵᠤ ᠂ ᠬᠤᠪᠣᠷ ᠰᠢᠷᠣᠢ ᠪᠠ 5G ᠠᠵᠤ ᠦᠢᠯᠡᠰ ᠤᠨ ᠰᠢᠨ᠎ᠡ ᠡᠭᠦᠳᠦᠯᠲᠡ ᠶᠢᠨ ᠬᠤᠯᠪᠣᠭ᠎ᠠ ᠶᠢ ᠪᠠᠶᠢᠭᠤᠯᠤᠨ ᠂ | ᠤᠯᠤᠰ ᠤᠨ ᠣᠷᠣᠨ ᠪᠦᠰᠡ ᠶᠢᠨ ᠰᠢᠨ᠎ᠡ ᠡᠭᠦᠳᠦᠯᠲᠡ ᠶᠢᠨ ᠬᠥᠭᠵᠢᠯᠲᠡ ᠶᠢᠨ ᠬᠤᠯᠪᠣᠭᠠᠲᠤ ᠰᠠᠭᠤᠷᠢ ᠮᠥᠩᠭᠦ ᠪᠠ ᠬᠠᠲᠤᠨ ᠭᠤᠣᠯ ᠤᠨ ᠰᠠᠪᠠ ᠭᠠᠵᠠᠷ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠯᠪᠣᠭ᠎ᠠ ᠳᠤ ᠣᠷᠣᠯᠴᠠᠵᠤ ᠂ ᠤᠯᠤᠰ ᠤᠨ ᠳᠣᠲᠣᠭᠠᠳᠤ ᠶᠢᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ | ᠭᠠᠵᠠᠷ ᠯᠤᠭ᠎ᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ 24 ᠪᠠᠶᠢᠭᠤᠯᠤᠮᠵᠢ ᠶᠢ ᠬᠠᠮᠲᠤ ᠪᠠᠷ ᠪᠠᠶᠢᠭᠤᠯᠤᠨ ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ | ᠰᠢᠨ᠎ᠡ ᠡᠭᠦᠳᠦᠯᠲᠡ ᠶᠢᠨ ᠲᠥᠪ ᠪᠠ ᠰᠦ ᠴᠠᠭᠠᠨ ᠢᠳᠡᠭᠡᠨ ᠤ ᠠᠵᠤ ᠦᠢᠯᠡᠰ ᠤᠨ ᠬᠡᠮᠵᠢᠵᠦ ᠰᠢᠯᠭᠠᠨ ᠲᠤᠷᠰᠢᠬᠤ ᠲᠥᠪ ᠢ ᠪᠠᠶᠢᠭᠤᠯᠬᠤ ᠠᠵᠢᠯ ᠠᠮᠵᠢᠯᠲᠠ ᠲᠠᠢ ᠪᠠᠷ | ᠵᠥᠪᠰᠢᠶᠡᠷᠡᠭᠳᠡᠪᠡ ᠃ | ᠳᠥᠷᠪᠡ ᠳᠤ ᠠᠮᠢ ᠠᠬᠤᠢ ᠶᠢᠨ ᠰᠢᠰᠲ᠋ᠧᠮ ᠤᠨ ᠴᠢᠨᠠᠷ ᠴᠢᠨᠰᠠᠭ᠎ᠠ ᠪᠠ ᠲᠣᠭᠲᠠᠭᠤᠨ ᠴᠢᠨᠠᠷ ᠦᠷᠭᠦᠯᠵᠢᠯᠡᠨ ᠳᠡᠭᠡᠭᠰᠢᠯᠡᠪᠡ ᠃ ᠥᠪᠡᠷᠲᠡᠭᠡᠨ ᠵᠠᠰᠠᠬᠤ ᠣᠷᠣᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ ᠂ ᠪᠥᠬᠦ ᠪᠦᠰᠡ ᠳᠤ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠶᠢ ᠲᠣᠳᠣᠷᠬᠠᠢ ᠲᠣᠭᠲᠠᠭᠠᠵᠤ ᠂ ︽ᠭᠤᠷᠪᠠᠨ ᠲᠥᠷᠥᠯ ᠤᠨ ᠣᠷᠣᠨ ᠵᠠᠢ ᠶᠢᠨ ᠲᠣᠭᠤᠷᠢᠭ ᠪᠠ ᠭᠤᠷᠪᠠᠨ ᠵᠤᠷᠪᠤᠰ | ᠬᠢᠵᠠᠭᠠᠷᠯᠠᠬᠤ ᠱᠤᠭᠤᠮ︾ ᠢ ᠵᠣᠬᠢᠰᠲᠠᠢ ᠲᠣᠭᠲᠠᠭᠠᠨ ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠵᠢᠴᠢ ︽ᠪᠤᠴᠠᠵᠤ | ᠪᠠᠶᠢᠴᠠᠭᠠᠨ ᠦᠵᠡᠬᠦ︾ ᠳᠤ ᠴᠡᠭᠴᠡᠯᠡᠨ ᠰᠠᠶᠢᠵᠢᠷᠠᠭᠤᠯᠬᠤ ᠪᠠᠷ ᠲᠤᠰᠬᠠᠭᠰᠠᠨ ᠡᠭᠦᠷᠭᠡ ᠪᠠᠨ ᠪᠡᠶᠡᠯᠡᠭᠦᠯᠵᠦ ᠂ ᠬᠠᠲᠤᠨ ᠭᠤᠣᠯ ᠂ ᠬᠥᠯᠥᠨ ᠨᠠᠭᠤᠷ ᠳᠠᠭ᠎ᠠ ᠶᠢᠨ ᠨᠠᠭᠤᠷ | ᠤᠯᠠᠭᠠᠨᠰᠤᠬᠠᠢ ᠨᠠᠭᠤᠷ ᠂ ᠴᠠᠭᠠᠨᠨᠠᠭᠤᠷ ᠵᠡᠷᠭᠡ ᠭᠤᠣᠯᠳᠠᠯᠭ᠎ᠠ ᠪᠣᠯᠬᠤ ᠨᠠᠭᠤᠷ ᠭᠤᠣᠯ ᠤᠨ ᠰᠠᠪᠠ ᠭᠠᠵᠠᠷ ᠢ ᠵᠠᠰᠠᠬᠤ ᠠᠵᠢᠯ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ | ᠣᠯᠪᠠ ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠨ ᠬᠢᠵᠦ ᠂ ᠠᠭᠠᠷ ᠮᠠᠨᠳᠠᠯ ᠂ ᠤᠰᠤ ᠂ ᠭᠠᠵᠠᠷ ᠬᠥᠷᠥᠰᠥᠨ ᠤ | ᠣᠷᠴᠢᠨ ᠲᠣᠭᠤᠷᠢᠨ ᠤ ᠴᠢᠨᠠᠷ ᠦᠷᠭᠦᠯᠵᠢᠯᠡᠨ ᠰᠠᠶᠢᠵᠢᠷᠠᠪᠠ ᠃ ︽2021 ᠣᠨ ᠤ ᠳᠤᠮᠳᠠᠳᠤ ᠤᠯᠤᠰ ᠤᠨ ᠠᠮᠢ ᠠᠬᠤᠢ ᠶᠢᠨ ᠬᠠᠮᠤᠭ ᠤᠨ ᠥᠷᠢᠰᠦᠯᠳᠦᠬᠦ ᠬᠦᠴᠦᠨ | ᠪᠦᠬᠦᠢ ᠬᠤᠲᠠ︾ ᠳᠤ ᠬᠥᠬᠡᠬᠤᠲᠠ ᠰᠣᠩᠭᠤᠭᠳᠠᠨ ᠣᠷᠣᠵᠤ ᠂ ᠬᠢᠩᠭᠠᠨ ᠠᠶᠢᠮᠠᠭ ᠪᠥᠬᠦ ᠣᠷᠣᠨ ᠤ ᠲᠤᠰᠬᠠᠢ ᠣᠷᠣᠨ ᠬᠤᠲᠠ ᠶᠢᠨ ᠳᠡᠰ ᠤᠨ ᠠᠩᠬᠠᠨ ᠤ ︽ᠬᠥᠬᠡ | ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠶᠢᠨ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠠᠮᠵᠢᠯᠲᠠ ᠲᠠᠢ ᠡᠭᠦᠳᠦᠨ | ᠪᠠᠶᠢᠭᠤᠯᠪᠠ ᠃ ᠬᠠᠮᠠᠭᠠᠯᠠᠵᠤ ᠥᠩᠵᠢᠭᠦᠯᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ ᠂ 594 ᠲᠦᠮᠡᠨ ᠮᠦ ᠣᠢ ᠣᠶᠢᠵᠢᠭᠤᠯᠵᠤ ᠂ 1667 ᠲᠦᠮᠡᠨ ᠮᠦ | ᠡᠪᠡᠰᠦ ᠲᠠᠷᠢᠵᠤ ᠂ 530 ᠲᠦᠮᠡᠨ ᠮᠦ ᠡᠯᠡᠰᠦ ᠶᠢ ᠬᠠᠰᠢᠭᠰᠠᠨ ᠪᠠ ᠵᠠᠰᠠᠵᠤ ᠂ ᠪᠣᠬᠢᠷᠳᠤᠯ ᠦᠭᠡᠢ ᠠᠭᠤᠷᠬᠠᠢ ᠶᠢ 133 ᠰᠢᠨ᠎ᠡ ᠪᠠᠷ ᠪᠠᠶᠢᠭᠤᠯᠤᠨ ᠂ ᠠᠮᠢ ᠠᠬᠤᠢ ᠶᠢᠨ | ᠦᠢᠯᠡᠴᠢᠯᠡᠭᠡᠨ ᠤ ᠴᠢᠳᠠᠮᠵᠢ ᠦᠷᠭᠦᠯᠵᠢᠯᠡᠨ ᠳᠡᠭᠡᠭᠰᠢᠯᠡᠪᠡ ᠃ | ᠲᠠᠪᠤ ᠳᠤ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ ᠃ ᠶᠠᠳᠠᠭᠤ ᠠᠴᠠ ᠠᠩᠭᠢᠵᠢᠷᠠᠭᠤᠯᠤᠭᠰᠠᠨ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ ᠥᠷᠭᠡᠳᠬᠡᠨ ᠂ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ ᠂ | ᠠᠵᠢᠭᠯᠠᠯᠲᠠ ᠳᠤ ᠪᠠᠶᠢᠭᠰᠠᠨ 4.7 ᠲᠦᠮᠡᠨ ᠬᠥᠮᠥᠨ ᠤ ᠪᠤᠴᠠᠭᠠᠳ ᠶᠠᠳᠠᠭᠤᠷᠠᠬᠤ ᠪᠠ ᠶᠠᠳᠠᠭᠤ ᠪᠠᠶᠢᠳᠠᠯ ᠳᠤ ᠣᠷᠣᠬᠤ ᠲᠦᠭᠰᠢᠭᠦᠷᠢ ᠶᠢ ᠦᠭᠡᠶᠢᠰᠬᠡᠵᠦ ᠂ ᠲᠠᠷᠢᠶᠠᠯᠠᠬᠤ | ᠮᠠᠯᠵᠢᠬᠤ ᠣᠷᠣᠨ ᠳᠤ 4704 ᠺᠢᠯᠣᠮᠧᠲᠷ ᠵᠠᠰᠠᠮᠠᠯ ᠵᠠᠮ ᠳᠡᠪᠢᠰᠦᠨ ᠂ ᠨᠤᠷᠠᠬᠤ ᠠᠶᠤᠯᠲᠠᠢ ᠪᠠᠶᠢᠭᠰᠠᠨ 6814 ᠡᠷᠦᠬᠡ ᠶᠢᠨ ᠭᠡᠷ ᠪᠠᠶᠢᠰᠢᠩ ᠢ ᠵᠠᠰᠠᠨ | ᠰᠠᠶᠢᠵᠢᠷᠠᠭᠤᠯᠵᠤ ᠂ ᠭᠡᠮ ᠠᠰᠠᠭᠤᠳᠠᠯ ᠲᠠᠢ 15.1 ᠲᠦᠮᠡᠨ ᠵᠣᠷᠯᠣᠩ ᠢ ᠴᠡᠭᠴᠡᠯᠡᠨ ᠰᠠᠶᠢᠵᠢᠷᠠᠭᠤᠯᠪᠠ ᠃ ᠪᠡᠭᠡᠵᠢᠩ ᠪᠠ ᠥᠪᠥᠷ ᠮᠣᠩᠭᠤᠯ ᠤᠨ ᠬᠠᠮᠵᠢᠯᠴᠠᠨ | ᠠᠵᠢᠯᠯᠠᠬᠤ ᠶᠢ ᠭᠦᠨᠵᠡᠭᠡᠶᠢᠷᠡᠭᠦᠯᠦᠨ ᠂ 97 ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠂ ᠲᠤᠰᠠᠯᠠᠨ ᠬᠠᠪᠰᠤᠷᠬᠤ ᠪᠡᠯᠡ ᠮᠥᠩᠭᠦ ᠶᠢ 19.4 ᠳ᠋ᠦᠩᠰᠢᠭᠤᠷ | ᠲᠥᠭᠦᠷᠢᠭ ᠣᠷᠣᠭᠤᠯᠤᠨ ᠂ ᠬᠠᠪᠰᠤᠷᠴᠤ ᠲᠡᠳᠬᠦᠬᠦ ᠬᠡᠷᠡᠭᠯᠡᠭᠡ 100 ᠳ᠋ᠦᠩᠰᠢᠭᠤᠷ ᠲᠥᠭᠦᠷᠢᠭ ᠢ ᠳᠠᠪᠠᠪᠠ ᠃ ᠠᠭᠠᠷ ᠤᠨ ᠠᠶᠠᠯᠠᠯ ᠤᠨ ᠭᠤᠣᠯ ᠱᠤᠭᠤᠮ ᠢ ᠰᠠᠯᠪᠤᠷᠢ | ᠱᠤᠭᠤᠮ ᠯᠤᠭ᠎ᠠ ᠨᠡᠪᠲᠡᠷᠡᠭᠦᠯᠬᠦ ᠂ ᠰᠠᠯᠪᠤᠷᠢ ᠱᠤᠭᠤᠮ ᠢ ᠰᠠᠯᠪᠤᠷᠢ ᠱᠤᠭᠤᠮ ᠯᠤᠭ᠎ᠠ ᠨᠡᠪᠲᠡᠷᠡᠭᠦᠯᠬᠦ ᠶᠢ ᠲᠦᠷᠭᠡᠳᠬᠡᠨ ᠠᠬᠢᠭᠤᠯᠵᠤ ᠂ ᠬᠥᠬᠡᠬᠤᠲᠠ ᠠᠴᠠ ᠵᠧᠩᠵᠧᠦ ᠂ | ᠵᠢᠨᠠᠨ ᠂ ᠰᠢ ᠠᠨ ᠳᠤ ᠰᠢᠭᠤᠳ ᠬᠦᠷᠬᠦ ᠬᠦᠳᠡᠯᠭᠡᠭᠦᠷᠲᠦ ᠴᠤᠪᠤᠭ᠎ᠠ ᠲᠡᠷᠭᠡ ᠶᠢ ᠵᠠᠯᠭᠠᠯᠳᠤᠭ᠎ᠠ ᠪᠠᠷ ᠨᠡᠪᠲᠡᠷᠡᠭᠦᠯᠦᠨ ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 161 ᠵᠦᠢᠯᠡᠰ ᠲᠤ ︽ᠳᠥᠷᠪᠡᠨ ᠬᠤᠲᠠ ᠶᠢᠨ ᠬᠤᠭᠤᠷᠣᠨᠳᠤ ᠵᠥᠷᠢᠶ᠎ᠡ ᠦᠭᠡᠢ ᠪᠠᠷ ᠨᠡᠶᠢᠳᠡᠮ ᠭᠦᠢᠴᠡᠳᠬᠡᠬᠦ ︾ ᠶᠢ | ᠪᠡᠶᠡᠯᠡᠭᠦᠯᠪᠡ ᠃ | ᠵᠢᠷᠭᠤᠭ᠎ᠠ ᠳᠤ ᠥᠭᠡᠷᠡᠴᠢᠯᠡᠯᠲᠡ ᠨᠡᠭᠡᠭᠡᠯᠲᠡ ᠢᠯᠡᠳᠲᠡ ᠦᠷ᠎ᠡ ᠪᠦᠲᠦᠮᠵᠢ ᠲᠠᠢ ᠪᠣᠯᠪᠠ ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢ ᠭᠦᠨᠵᠡᠭᠡᠶᠢᠷᠡᠭᠦᠯᠦᠨ ᠂ | ᠠᠵᠤ ᠠᠬᠤᠶᠢᠯᠠᠯ ᠡᠷᠬᠢᠯᠡᠨ ᠨᠡᠭᠡᠭᠡᠬᠦ ᠠᠵᠢᠯ ᠢ ︽ᠨᠢᠭᠡ ᠯᠠ ᠡᠳᠦᠷ ᠲᠤ ᠭᠦᠢᠴᠡᠳᠬᠡᠨ ᠳᠠᠭᠤᠰᠬᠠᠵᠤ︾ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 67.8% | ᠵᠦᠢᠯᠡᠰ ᠤᠨ ᠪᠥᠬᠦ ᠶᠠᠪᠤᠴᠠ ᠶᠢ ᠨᠢ ᠰᠦᠯᠵᠢᠶ᠎ᠡ ᠪᠠᠷ ᠭᠦᠢᠴᠡᠳᠬᠡᠬᠦ ᠶᠢ ᠳᠡᠮᠵᠢᠨ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠣᠯᠠᠨᠲᠠ | ᠦᠢᠯᠡᠴᠢᠯᠡᠬᠦ ᠵᠦᠢᠯᠡᠰ ᠲᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ ᠂ ᠺᠣᠮᠫᠠᠨᠢ ᠶᠢᠨ ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠤ ᠪᠠᠨ | ᠳᠠᠭᠤᠰᠬᠠᠨ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠤᠭᠤᠯᠤᠯᠲᠠ ᠶᠢᠨ ᠪᠦᠯᠦᠭᠯᠡᠯ ᠢ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠳᠠᠬᠢᠨᠲᠠ ᠵᠣᠬᠢᠶᠠᠨ | ᠪᠠᠶᠢᠭᠤᠯᠵᠤ ᠂ ᠥᠪᠥᠷ ᠮᠣᠩᠭᠤᠯ ᠤᠨ ᠡᠨᠧᠷᠬᠢ ᠶᠢᠨ ᠪᠡᠯᠡ ᠣᠷᠤᠭᠤᠯᠤᠯᠲᠠ ᠪᠠ ᠡᠨᠧᠷᠬᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠢ ᠡᠮᠬᠢᠯᠡᠨ ᠨᠡᠶᠢᠯᠡᠭᠦᠯᠪᠡ ᠃ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠠᠨ ᠬᠦᠷᠢᠶ᠎ᠡ ᠴᠠᠷᠠᠭ᠎ᠠ ᠪᠠᠷ ᠨᠢ ᠢᠯᠭᠠᠨ | ᠠᠬᠢᠭᠤᠯᠵᠤ ᠂ ᠨᠣᠭᠤᠭᠠᠨ ᠮᠥᠩᠭᠦᠨ ᠭᠦᠢᠯᠭᠡᠭᠡᠨ ᠤ ᠲᠤᠰᠬᠠᠢ ᠡᠵᠡᠩᠨᠡᠯᠲᠡ ᠶᠢᠨ ᠪᠠᠶᠢᠭᠤᠯᠤᠮᠵᠢ ᠶᠢ ᠪᠠᠶᠢᠭᠤᠯᠤᠨ ᠂ ᠨᠣᠭᠤᠭᠠᠨ ᠵᠢᠭᠡᠯᠡᠯᠭᠡ ᠶᠢᠨ ᠵᠣᠭᠤᠰ 18.4% | ᠨᠡᠮᠡᠭᠳᠡᠪᠡ ᠃ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠵᠡᠷᠭᠡ ᠲᠤᠷᠰᠢᠯᠲᠠ ᠶᠢᠨ ᠴᠡᠭ ᠢ ᠯᠠᠪᠳᠠᠭᠤᠨ ᠪᠠᠲᠤᠲᠠᠢ ᠠᠬᠢᠭᠤᠯᠵᠤ ᠂ ᠲᠠᠷᠢᠶᠠᠯᠠᠬᠤ | ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠤ ᠪᠠᠨ ᠪᠡᠶᠡᠯᠡᠭᠦᠯᠪᠡ ᠃ ᠭᠠᠳᠠᠭᠠᠳᠤ ᠳᠤ ᠨᠡᠭᠡᠭᠡᠯᠲᠡ | ᠬᠢᠬᠦ ᠨᠢᠭᠡ ᠪᠦᠯᠦᠭ ᠭᠤᠣᠯᠳᠠᠯᠭ᠎ᠠ ᠪᠣᠯᠬᠤ ᠢᠨᠵᠧᠨᠧᠷᠢᠩ ᠤᠨ ᠲᠥᠷᠥᠯ ᠵᠦᠢᠯ ᠢ ᠰᠡᠳᠦᠨ ᠲᠥᠯᠥᠪᠯᠡᠵᠦ ᠬᠡᠷᠡᠭᠵᠢᠭᠦᠯᠦᠨ ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ | ᠭᠠᠯᠲᠤ ᠲᠡᠷᠭᠡ ᠶᠢ 304 ᠴᠤᠪᠤᠭ᠎ᠠ ᠶᠠᠪᠤᠭᠤᠯᠵᠤ ᠂ ᠬᠢᠯᠢ ᠪᠠᠷ ᠭᠠᠷᠴᠤ ᠣᠷᠣᠭᠰᠠᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ 6162 ᠴᠤᠪᠤᠭ᠎ᠠ | ᠪᠠᠶᠢᠵᠤ ᠂ 13.3% ᠨᠡᠮᠡᠭᠳᠡᠪᠡ ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 1235.6 ᠳ᠋ᠦᠩᠰᠢᠭᠤᠷ ᠲᠥᠭᠦᠷᠢᠭ ᠪᠣᠯᠵᠤ ᠂ | 17.2% ᠨᠡᠮᠡᠭᠳᠡᠪᠡ ᠃ ᠪᠥᠬᠦ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠶᠢᠨ ᠳᠡᠭᠡᠳᠦ ᠳᠡᠰ ᠤᠨ | ᠲᠦᠷᠦᠭᠦᠴᠦᠳ ᠤᠨ ᠬᠤᠷᠠᠯ ᠬᠢᠭᠡᠳ ᠪᠥᠬᠦ ᠤᠯᠤᠰ ᠤᠨ ᠠᠷᠠᠳ ᠠᠴᠠ ᠡᠵᠡᠩᠨᠡᠭᠰᠡᠨ ᠰᠢᠯᠢᠳᠡᠭ ᠬᠦᠴᠦᠷᠬᠡᠭ ᠠᠵᠤ ᠠᠬᠤᠶᠢᠯᠠᠯ ᠤᠨ ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠬᠠᠪᠰᠤᠷᠤᠨ ᠠᠬᠢᠭᠤᠯᠬᠤ ᠶᠡᠭᠡ ᠬᠤᠷᠠᠯ ᠢ ᠡᠷᠬᠢᠯᠡᠨ ᠂ ᠤᠯᠤᠰ ᠤᠨ ᠳᠣᠲᠣᠭᠠᠳᠤ ᠳᠠᠬᠢ ᠭᠤᠣᠯᠳᠠᠯᠭ᠎ᠠ ᠪᠣᠯᠬᠤ ᠭᠠᠵᠠᠷ ᠣᠷᠣᠨ ᠯᠤᠭ᠎ᠠ ᠶᠢᠨ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ ᠂ ᠤᠯᠤᠰ ᠤᠨ ᠳᠣᠲᠣᠭᠠᠳᠤ ᠠᠴᠠ ᠣᠷᠣᠭᠤᠯᠵᠤ ᠠᠪᠴᠢᠷᠠᠭᠰᠠᠨ ᠪᠡᠯᠡ ᠮᠥᠩᠭᠦ 2112 ᠳ᠋ᠦᠩᠰᠢᠭᠤᠷ ᠲᠥᠭᠦᠷᠢᠭ | ᠪᠠᠶᠢᠵᠤ ᠂ 15.3% ᠨᠡᠮᠡᠭᠳᠡᠪᠡ ᠃ | ᠳᠣᠯᠤᠭ᠎ᠠ ᠳᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠪᠠᠬᠢᠵᠢᠨ ᠬᠥᠭᠵᠢᠪᠡ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠡᠷᠡᠰ ᠪᠠᠲᠤᠳᠬᠠᠨ ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠦᠴᠦᠲᠡᠢ ᠳᠡᠯᠭᠡᠷᠡᠭᠦᠯᠦᠨ ᠲᠦᠭᠡᠮᠡᠯᠵᠢᠭᠦᠯᠵᠦ ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠳᠡᠯᠭᠡᠷᠡᠭᠦᠯᠦᠨ ᠲᠦᠭᠡᠮᠡᠯᠵᠢᠭᠦᠯᠪᠡᠰᠦ ᠵᠣᠬᠢᠬᠤ ᠪᠦᠬᠦᠨ ᠢ ᠵᠠᠪᠠᠯ ᠳᠡᠯᠭᠡᠷᠡᠭᠦᠯᠦᠨ ᠲᠦᠭᠡᠮᠡᠯᠵᠢᠭᠦᠯᠵᠦ︾ ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠠᠰᠠᠷᠠᠨ ᠬᠥᠮᠥᠵᠢᠭᠦᠯᠬᠦ ᠬᠥᠮᠦᠵᠢᠯ ᠢ ᠬᠡᠦᠬᠡᠳ ᠤᠨ ᠴᠡᠴᠡᠷᠯᠢᠭ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ ᠂ | ᠬᠤᠲᠠ ᠶᠢᠨ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ ᠶᠢᠨ ᠦᠨᠡᠯᠡᠨ ᠵᠢᠱᠢᠬᠦ ᠠᠵᠢᠯ ᠢ ᠶᠡᠷᠦᠩᠬᠡᠢ ᠳᠤ ᠨᠢ ᠪᠡᠶᠡᠯᠡᠭᠦᠯᠪᠡ ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ ᠂ ᠬᠢᠩᠭᠠᠨ ᠠᠶᠢᠮᠠᠭ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠳᠠᠬᠢᠨᠲᠠ ᠠᠮᠵᠢᠯᠲᠠ ᠲᠠᠢ ᠪᠠᠷ ᠡᠭᠦᠳᠦᠨ ᠪᠠᠶᠢᠭᠤᠯᠪᠠ ᠃ ᠨᠡᠩ ᠢᠯᠠᠩᠭᠤᠶ᠎ᠠ | ᠮᠠᠷᠲᠠᠭᠳᠠᠰᠢ ᠦᠭᠡᠢ ᠪᠣᠯᠤᠭᠰᠠᠨ ᠶᠠᠪᠤᠳᠠᠯ ᠪᠣᠯ ᠂ ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠪᠠ ᠴᠠᠰᠤ ᠵᠤᠳ ᠪᠣᠯᠤᠭᠰᠠᠨ ᠦᠶ᠎ᠡ ᠳᠤ ᠂ ᠦᠨᠳᠦᠰᠦᠲᠡᠨ | ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠨ ᠂ ᠡᠯ᠎ᠡ ᠱᠠᠲᠤ ᠡᠯ᠎ᠡ ᠭᠠᠵᠠᠷ ᠤᠨ ᠬᠢᠨ ᠲᠦᠷᠭᠡᠨ ᠢᠶᠠᠷ ᠬᠦᠴᠦᠯᠡᠨ ᠲᠤᠰᠠᠯᠠᠵᠤ ᠂ ᠵᠢᠷᠭᠠᠯ ᠵᠣᠪᠠᠯ ᠢᠶᠠᠨ | ᠬᠠᠮᠲᠤᠳᠬᠠᠬᠤ ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ ᠂ ᠦᠬᠦᠵᠦ ᠰᠡᠬᠡᠬᠦ ᠪᠠᠨ ᠬᠠᠮᠲᠤᠳᠬᠠᠬᠤ ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠣᠨᠣᠯᠵᠢᠬᠤᠨ ᠢ ᠳᠠᠶᠢᠯᠤᠨ ᠲᠣᠳᠣᠷᠠᠭᠤᠯᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠦᠷᠯᠢᠭ ᠰᠠᠶᠢᠬᠠᠨ ᠬᠠᠭᠤᠳᠠᠰᠤ ᠶᠢ | ᠵᠢᠷᠤᠭᠯᠠᠨ ᠪᠢᠴᠢᠵᠦ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠬᠠᠮᠠᠭᠠᠯᠠᠪᠠ ᠃ | ᠨᠠᠢᠮᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ ᠃ ᠠᠵᠢᠯ ᠣᠯᠭᠤᠵᠤ ᠣᠷᠤᠯᠭ᠎ᠠ ᠨᠡᠮᠡᠭᠳᠡᠭᠦᠯᠬᠦ | ᠠᠷᠭ᠎ᠠ ᠬᠡᠮᠵᠢᠶ᠎ᠡ ᠶᠢ ᠴᠢᠩᠭᠠᠷᠠᠭᠤᠯᠵᠤ ᠂ ᠬᠤᠲᠠ ᠪᠠᠯᠭᠠᠰᠤᠨ ᠤ ᠠᠵᠢᠯ ᠣᠯᠣᠭᠰᠠᠳ 22.4 ᠲᠦᠮᠡ ᠰᠢᠨ᠎ᠡ ᠪᠠᠷ ᠨᠡᠮᠡᠭᠳᠡᠵᠦ ᠂ ᠣᠨ ᠤ ᠲᠥᠯᠥᠪᠯᠡᠭᠡ ᠶᠢ 112% | ᠪᠡᠶᠡᠯᠡᠭᠦᠯᠦᠨ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠤᠰ ᠲᠤᠰ 7.3% ᠪᠠ 10.7% ᠨᠡᠮᠡᠭᠳᠡᠪᠡ ᠃ ᠲᠦᠭᠡᠮᠡᠯ ᠬᠠᠷᠠᠭᠠᠯᠵᠠᠯ ᠤᠨ ᠴᠢᠨᠠᠷᠲᠠᠢ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ | ᠪᠦᠲᠦᠮᠵᠢᠲᠡᠢ ᠨᠠᠶᠢᠳᠠᠪᠤᠷᠢᠵᠢᠭᠤᠯᠤᠨ ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠦᠨᠳᠦᠰᠦᠨ ᠳᠤ ᠪᠠᠨ ᠲᠡᠩᠴᠡᠭᠦᠷᠢᠰᠢᠭᠦᠯᠬᠦ | ᠮᠠᠭᠠᠳᠯᠠᠯᠲᠠ ᠶᠢ ᠪᠦᠬᠦ ᠬᠦᠷᠢᠶ᠎ᠡ ᠴᠠᠷᠠᠭᠠᠨ ᠳᠤ ᠪᠠᠲᠤᠯᠠᠪᠠ ᠃ ᠬᠦᠨᠳᠦ ᠶᠡᠭᠡ ᠬᠢᠵᠢᠭ ᠤᠨ ᠪᠠᠶᠢᠳᠠᠯ ᠳᠤ ᠠᠪᠤᠷᠠᠨ ᠵᠠᠰᠠᠬᠤ ᠰᠠᠭᠤᠷᠢᠨ ᠭᠠᠵᠠᠷ ᠂ ᠬᠤᠲᠠ ᠰᠢᠶᠠᠨ ᠤ | ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠶᠢᠨ ᠪᠠᠶᠢᠭᠤᠯᠤᠯᠲᠠ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠢᠨᠵᠧᠨᠧᠷᠢᠩ ᠢ | ᠠᠬᠢᠭᠤᠯᠵᠤ ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠦ ᠴᠢᠳᠠᠪᠤᠷᠢ ᠪᠦᠬᠦᠯᠢ ᠴᠣᠭᠴᠠ ᠪᠠᠷ ᠢᠶᠠᠨ ᠳᠡᠭᠡᠭᠰᠢᠯᠡᠪᠡ ᠃ | ᠤᠯᠠᠭᠠᠨᠮᠥ᠋ᠴᠢᠷ ᠤᠨ ᠥᠭᠡᠷᠡᠴᠢᠯᠡᠯᠲᠡ ᠰᠢᠨ᠎ᠡ ᠡᠭᠦᠳᠦᠯᠲᠡ ᠶᠢ ᠳᠡᠮᠵᠢᠵᠦ ᠂ ᠯᠢᠶᠤᠤ ᠤᠯᠤᠰ ᠤᠨ ᠦᠶ᠎ᠡ ᠶᠢᠨ ᠦ᠋ ᠠᠨ ᠵᠧᠦ ᠶᠢᠨ ᠰᠤᠪᠤᠷᠭ᠎ᠠ ᠶᠢ ᠬᠠᠮᠠᠭᠠᠯᠠᠵᠤ ᠰᠡᠯᠪᠢᠨ | ᠵᠠᠰᠠᠬᠤ ᠠᠵᠢᠯ ᠢᠶᠠᠨ ᠪᠡᠶᠡᠯᠡᠭᠦᠯᠵᠦ ᠂ ᠬᠢᠯᠢ ᠬᠢᠵᠠᠭᠠᠷ ᠪᠤᠶᠢᠲᠠ ᠪᠥᠭᠯᠡᠭᠦᠦ ᠭᠠᠵᠠᠷ ᠤᠨ 12.12 ᠲᠦᠮᠡᠨ ᠮᠠᠯᠵᠢᠬᠤ ᠡᠷᠦᠬᠡ ᠳᠤ ᠣᠶᠤᠨᠯᠢᠭ ᠷᠠᠳᠢᠣ᠋ ᠲᠧᠯᠸᠢᠰ ᠤᠨ | ᠰᠦᠯᠵᠢᠶ᠎ᠡ ᠶᠢ ᠨᠠᠪᠲᠠᠷᠡᠭᠦᠯᠵᠦ ᠂ ᠪᠦᠬᠦ ᠤᠯᠤᠰ ᠤᠨ ᠬᠤᠯᠪᠣᠭᠠᠲᠤ ᠣᠷᠤᠯᠳᠤᠭᠠᠨ ᠳᠤ ᠥᠪᠥᠷ ᠮᠣᠩᠭᠤᠯ ᠤᠨ ᠬᠥᠳᠡᠭᠡ ᠲᠤᠰᠬᠤᠨ ᠤ ᠢᠲᠡᠭᠡᠮᠵᠢ ᠶᠢᠨ ᠬᠤᠷᠰᠢᠶᠠᠨ ᠤ | ᠡᠮᠡᠭᠲᠡᠢ ᠶᠢᠨ ᠰᠠᠭᠰᠤᠨ ᠪᠥᠮᠪᠦᠭᠡ ᠶᠢᠨ ᠠᠩᠭᠢ ᠮᠠᠩᠯᠠᠶᠢᠯᠠᠪᠠ ᠂ ᠣᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠬᠥᠳᠡᠯᠭᠡᠭᠡᠨ ᠥᠷᠨᠢᠵᠦ ᠡᠬᠢᠯᠡᠪᠡ ᠃ ᠨᠡᠶᠢᠭᠡᠮ ᠤᠨ | ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ ᠂ ᠨᠠᠰᠤᠵᠢᠯ ᠤᠨ ᠮᠥᠩᠭᠦ ᠂ ᠡᠮᠴᠢᠯᠡᠭᠡᠨ ᠤ ᠳᠠᠭᠠᠳᠬᠠᠯ ᠤᠨ | ᠨᠥᠬᠦᠪᠦᠷᠢ ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠤᠯᠠᠮ | ᠨᠢᠭᠡ ᠠᠯᠬᠤᠮ ᠳᠡᠭᠡᠭᠰᠢᠯᠡᠵᠦ ᠂ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠯᠠᠪᠳᠠᠭᠤᠨ ᠪᠠᠲᠤᠲᠠᠢ ᠠᠬᠢᠪᠠ ᠃ ᠬᠠᠭᠤᠴᠢᠨ | ᠰᠠᠭᠤᠭᠠᠯᠢ ᠲᠣᠭᠤᠷᠢᠭ ᠲᠠᠬᠢ 23.8 ᠲᠦᠮᠡᠨ ᠡᠷᠦᠬᠡ ᠶᠢ ᠥᠭᠡᠷᠡᠴᠢᠯᠡᠨ ᠰᠢᠨᠡᠳᠬᠡᠵᠦ ᠂ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 2.59 | ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ ᠂ ᠨᠡᠶᠢᠲᠡ 2947 2947ᠲᠣᠷᠤᠯ ᠵᠦᠢᠯ ᠂ 139.7 ᠲᠦᠮᠡᠨ ᠢᠵᠢ ᠭᠡᠷ ᠪᠠᠶᠢᠰᠢᠩ ᠭᠠᠵᠠᠷ | ᠬᠥᠷᠥᠩᠭᠡ ᠶᠢᠨ ᠥᠩᠭᠡᠷᠡᠭᠰᠡᠨ ᠤ ᠦᠯᠡᠳᠡᠭᠳᠡᠵᠦ ᠪᠠᠶᠢᠭᠰᠠᠨ ᠠᠰᠠᠭᠤᠳᠠᠯ ᠢ ᠰᠢᠢᠳᠪᠦᠷᠢᠯᠡᠪᠡ ᠃ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠴᠦ ᠂ | ᠬᠦᠬᠡᠬᠤᠲᠠ ︽2021 ᠣᠨ ᠤ ᠳᠤᠮᠳᠠᠳᠤ ᠤᠯᠤᠰ ᠤᠨ ᠳᠠᠭᠠᠭᠤᠯᠤᠭᠴᠢ ᠣᠶᠤᠨᠯᠢᠭ ᠬᠤᠲᠠ︾ ᠪᠠᠷ ᠰᠣᠩᠭᠤᠭᠳᠠᠨ ᠂ ᠣᠷᠳᠣᠰ ᠠᠮᠤᠭᠤᠯᠠᠩᠲᠤ ᠳᠤᠮᠳᠠᠳᠤ | ᠤᠯᠤᠰ ᠤᠨ ᠪᠠᠶᠢᠭᠤᠯᠤᠯᠲᠠ ᠶᠢᠨ ︽ᠴᠠᠩ ᠠᠨ ᠬᠤᠨᠳᠠᠭᠠᠲᠤ︾ ᠶᠢᠨ ᠢᠷᠠᠭᠤ ᠠᠯᠳᠠᠷ ᠢ ᠬᠦᠷᠲᠡᠵᠦ ᠂ ᠪᠥᠬᠦ ᠣᠷᠣᠨ ᠤ ᠭᠤᠷᠪᠠᠨ ᠱᠠᠲᠤᠨ ᠤ ᠨᠡᠶᠢᠭᠡᠮ ᠤᠨ ᠠᠵᠢᠯ ᠤᠨ | ᠲᠠᠪᠴᠠᠩ ᠂ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠲᠥᠪ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠪᠠᠷ ᠠᠬᠢᠭᠤᠯᠵᠤ ᠂ ᠳᠠᠬᠢᠨ ᠳᠠᠪᠲᠠᠨ ᠵᠠᠬᠢᠳᠠᠯ | ᠰᠤᠷᠪᠤᠯᠵᠢᠯᠠᠯ ᠬᠢᠬᠦ ᠶᠢ ᠵᠠᠰᠠᠭᠰᠠᠨ ᠪᠠ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠭᠰᠠᠨ ᠲᠤᠰᠬᠠᠢ ᠠᠵᠢᠯ ᠤᠨ ᠦᠷ᠎ᠡ ᠪᠦᠲᠦᠮᠵᠢ ᠢᠯᠡᠷᠬᠡᠢ ᠪᠣᠯᠪᠠ ᠃ | ᠪᠠᠶᠢᠭᠠᠯᠢ ᠶᠢᠨ ᠭᠠᠢ ᠭᠠᠮᠰᠢᠭ ᠢ ᠪᠦᠲᠦᠮᠵᠢᠲᠡᠢ ᠠᠷᠭᠠᠴᠠᠭᠠᠵᠤ ᠂ ᠠᠮᠤᠷ ᠲᠦᠪᠰᠢᠨ ᠤ ᠲᠠᠯ᠎ᠠ ᠪᠠᠷ ᠬᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠪᠦᠬᠦ ᠲᠠᠯ᠎ᠠ ᠪᠠᠷ ᠥᠷᠨᠢᠭᠦᠯᠦᠨ ᠂ ᠠᠶᠤᠯ ᠦᠭᠡᠢ ᠦᠢᠯᠡᠳᠪᠦᠷᠢᠯᠡᠯ ᠤᠨ ᠡᠡ᠊ᠨᠳᠡᠯ ᠬᠡᠷᠡᠭ ᠭᠠᠷᠤᠭᠰᠠᠨ ᠲᠤᠭ᠎ᠠ ᠪᠠ ᠡᠡ᠊ᠨᠳᠡᠭᠰᠡᠨ ᠬᠥᠮᠥᠨ ᠤ ᠲᠤᠭ᠎ᠠ ᠴᠥᠮ | ᠪᠠᠭᠠᠰᠴᠤ ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠠᠯ᠎ᠠ ᠳᠤ ᠬᠦᠨᠳᠦ ᠶᠡᠭᠡ ᠬᠡᠷᠡᠭ ᠡᠭᠦᠰᠦᠭᠰᠡᠨ ᠦᠭᠡᠢ ᠪᠠᠶᠢᠵᠤ ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠪᠠᠶᠢᠬᠤ ᠶᠢ ᠪᠠᠲᠤᠯᠠᠪᠠ ᠃ | ᠨᠢᠭᠡ ᠵᠢᠯ ᠤᠨ ᠲᠤᠷᠰᠢ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠂ ᠬᠤᠶᠠᠷ ᠢ ᠬᠦᠷᠢᠶᠡᠯᠡᠬᠦ ᠪᠠ ᠠᠰᠠᠷᠠᠨ ᠬᠠᠷᠠᠭᠠᠯᠵᠠᠬᠤ ᠂ ᠴᠡᠷᠢᠭ ᠤᠨ | ᠠᠯᠪᠠ ᠠᠴᠠ ᠬᠠᠯᠠᠭᠳᠠᠭᠰᠠᠳ ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠳᠤ ᠴᠥᠮ ᠰᠢᠨ᠎ᠡ ᠠᠮᠵᠢᠯᠲᠠ ᠣᠯᠵᠤ ᠂ ᠭᠠᠳᠠᠭᠠᠳᠤ ᠶᠠᠪᠤᠳᠠᠯ ᠪᠠ | ᠬᠠᠷᠢᠶᠠᠲᠤ ᠶᠢᠨ ᠶᠠᠪᠤᠳᠠᠯ ᠂ ᠲᠤᠭ᠎ᠠ ᠪᠦᠷᠢᠳᠬᠡᠯ ᠪᠠᠶᠢᠴᠠᠭᠠᠯᠲᠠ ᠂ ᠰᠣᠨᠢᠨ ᠮᠡᠳᠡᠭᠡ ᠷᠠᠳᠢᠣ᠋ ᠲᠧᠯᠸᠢᠰ ᠂ ᠨᠡᠶᠢᠭᠡᠮ ᠤᠨ ᠰᠢᠨᠵᠢᠯᠡᠬᠦ ᠤᠬᠠᠭᠠᠨ ᠂ ᠳᠠᠩᠰᠠ ᠡᠪᠬᠡᠮᠡᠯ ᠪᠠ | ᠨᠢᠭᠤᠴᠠ ᠶᠢ ᠬᠠᠮᠠᠭᠠᠯᠠᠬᠤ ᠂ ᠵᠥᠪᠳᠡᠭᠴᠢ ᠪᠠ ᠲᠡᠦᠬᠡ ᠰᠣᠶᠣᠯ ᠂ ᠭᠠᠵᠠᠷ ᠬᠥᠳᠡᠯᠦᠯᠲᠡ ᠪᠠ ᠴᠠᠭ ᠠᠭᠤᠷ ᠂ ᠭᠠᠵᠠᠷ ᠰᠢᠨᠵᠢᠯᠡᠭᠡᠨ ᠤ ᠬᠡᠮᠵᠢᠨ ᠵᠢᠷᠤᠭᠯᠠᠯ ᠵᠡᠷᠭᠡ ᠠᠵᠢᠯ | ᠦᠢᠯᠡᠰ ᠲᠤ ᠴᠥᠮ ᠰᠢᠨ᠎ᠡ ᠦᠷ᠎ᠡ ᠪᠦᠲᠦᠮᠵᠢ ᠲᠠᠢ ᠪᠣᠯᠵᠤ ᠂ ᠠᠵᠢᠯᠴᠢᠨ ᠤ ᠡᠪᠯᠡᠯ ᠂ ᠡᠪ ᠬᠠᠮᠲᠤ ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠤᠨ ᠬᠤᠯᠪᠣᠭᠠᠲᠤ | ᠬᠤᠷᠠᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠂ ᠵᠡᠮᠳᠡᠭᠴᠦᠳ ᠤᠨ ᠬᠤᠯᠪᠣᠭᠠᠲᠤ ᠬᠤᠷᠠᠯ ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠂ ᠨᠠᠰᠤᠲᠠᠶᠢᠴᠤᠳ ᠤᠨ ᠠᠵᠢᠯ ᠤᠨ ᠵᠥᠪᠯᠡᠯ ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠵᠣᠬᠢᠶᠠᠨ | ᠪᠠᠶᠢᠭᠤᠯᠤᠯᠲᠠ ᠴᠥᠮ ᠰᠢᠨ᠎ᠡ ᠳᠦᠷᠰᠦ ᠪᠠᠶᠢᠳᠠᠯ ᠢᠯᠡᠷᠡᠪᠡ ᠃ | ᠨᠢᠭᠡ ᠵᠢᠯ ᠤᠨ ᠲᠤᠷᠰᠢ ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠪᠠᠷ ᠴᠢᠩᠭᠠᠷᠠᠪᠠ ᠃ ᠪᠢᠳᠡ ᠤᠯᠤᠰ ᠲᠥᠷᠥ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ︽ᠪᠢ ᠣᠯᠠᠨ | ᠲᠦᠮᠡᠨ ᠳᠤ ᠪᠣᠳᠠᠲᠠᠢ ᠶᠠᠪᠤᠳᠠᠯ ᠬᠢᠬᠦ ︾ ᠨᠠᠷᠢᠨ ᠳᠠᠩᠰᠠᠨ ᠤ ᠵᠦᠢᠯᠡᠰ ᠢ ᠪᠥᠬᠦ ᠲᠠᠯ᠎ᠠ ᠪᠠᠷ ᠪᠡᠶᠡᠯᠡᠭᠦᠯᠦᠨ ᠂ ᠲᠥᠪ ᠤᠨ ᠲᠣᠭᠤᠷᠢᠨ ᠪᠠᠶᠢᠴᠠᠭᠠᠯᠲᠠ ᠪᠠ ᠬᠢᠨᠠᠨ | ᠪᠣᠳᠣᠯᠲᠠ ᠪᠠᠷ ᠲᠤᠰᠬᠠᠭᠰᠠᠨ ᠴᠡᠭᠴᠡᠯᠡᠵᠦ ᠰᠠᠶᠢᠵᠢᠷᠠᠭᠤᠯᠬᠤ ᠠᠵᠢᠯ ᠢ ᠬᠢᠨᠠᠮᠠᠭᠠᠢ ᠰᠠᠶᠢᠲᠤᠷ ᠠᠳᠬᠤᠵᠤ ᠂ ᠮᠥᠩᠭᠦᠨ ᠭᠦᠢᠯᠭᠡᠭᠡᠨ ᠤ ᠬᠦᠷᠢᠶ᠎ᠡ ᠪᠠ ᠤᠯᠤᠰ ᠤᠨ | ᠥᠮᠴᠢᠯᠡᠯᠲᠦ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠂ ᠨᠡᠭᠡᠭᠡᠯᠲᠡ ᠶᠢᠨ ᠲᠣᠭᠤᠷᠢᠭ ᠤᠨ ᠰᠢᠰᠲ᠋ᠧᠮ ᠳᠠᠬᠢ ᠬᠡᠷᠡᠭ ᠢᠶᠠᠷ ᠴᠡᠭᠴᠡᠯᠡᠯᠲᠡ | ᠰᠠᠶᠢᠵᠢᠷᠠᠭᠤᠯᠤᠯᠲᠠ ᠶᠢ ᠠᠬᠢᠭᠤᠯᠬᠤ ᠠᠵᠢᠯ ᠢᠶᠠᠨ ᠭᠦᠨᠵᠡᠭᠡᠶᠢᠷᠡᠭᠦᠯᠦᠨ ᠠᠬᠢᠭᠤᠯᠵᠤ ᠂ ᠵᠠᠰᠠᠭ ᠤᠨ ᠣᠷᠳᠣᠨ ᠤ ᠠᠵᠢᠯ ᠤᠨ ᠦᠷ᠎ᠡ ᠠᠰᠢᠭ ᠂ ᠨᠠᠶᠢᠳᠠᠪᠤᠷᠢᠵᠢᠭᠤᠯᠤᠭᠰᠠᠨ | ᠦᠷ᠎ᠡ ᠪᠦᠲᠦᠮᠵᠢ ᠂ ᠵᠠᠰᠠᠯᠲᠠ ᠬᠢᠭᠰᠡᠨ ᠦᠷ᠎ᠡ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠪᠡ ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ ᠂ ᠡᠯ᠎ᠡ | ᠲᠠᠯ᠎ᠠ ᠶᠢᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠰᠢᠶᠡᠷᠡᠭᠦᠯᠦᠭᠰᠡᠨ ᠬᠠᠤᠯᠢ ᠲᠣᠭᠲᠠᠭᠠᠯ ᠤᠨ ᠲᠠᠯ᠎ᠠ ᠶᠢᠨ ᠰᠠᠨᠠᠯ ᠵᠥᠪᠯᠡᠯᠭᠡ 36 ᠪᠠᠶᠢᠵᠤ ᠂ ᠵᠠᠰᠠᠭ ᠤᠨ | ᠣᠷᠳᠣᠨ ᠤ 29 ᠲᠣᠭᠲᠠᠭᠠᠯ ᠳᠦᠷᠢᠮ ᠢ ᠲᠣᠭᠲᠠᠭᠠᠵᠤ ᠂ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ 585 ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ 583 ᠰᠠᠨᠠᠯ ᠳᠤᠷᠠᠳᠤᠯᠭ᠎ᠠ ᠶᠢ ᠴᠥᠮ ᠭᠦᠢᠴᠡᠳᠬᠡᠵᠦ ᠳᠠᠭᠤᠰᠬᠠᠪᠠ ᠃ | ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠨ ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠶᠢᠨ ᠪᠤᠰᠤ ᠂ ᠵᠠᠪᠠᠯ ᠬᠡᠷᠡᠭᠰᠡᠬᠦ ᠪᠤᠰᠤ ᠴᠢᠨᠠᠷᠲᠠᠢ | ᠵᠠᠷᠤᠯᠭ᠎ᠠ ᠶᠢᠨ ᠲᠥᠰᠥᠪ ᠢ 55.5 ᠳ᠋ᠦᠩᠰᠢᠭᠤᠷ ᠲᠥᠭᠦᠷᠢᠭ ᠬᠠᠰᠤᠨ ᠪᠠᠭᠠᠰᠬᠠᠵᠤ ᠂ ᠶᠡᠷᠦᠩᠬᠡᠢ ᠳᠤ ᠨᠢ ᠬᠠᠰᠤᠵᠤ ᠪᠠᠭᠠᠰᠬᠠᠭᠰᠠᠨ ᠨᠤᠷᠮ᠎ᠠ 34.4% ᠪᠣᠯᠪᠠ ᠃ | ᠲᠥᠯᠥᠭᠡᠯᠡᠭᠴᠢᠳ ᠠ᠋ ᠂ ᠥᠩᠭᠡᠷᠡᠭᠰᠡᠨ ᠨᠢᠭᠡ ᠵᠢᠯ ᠳᠤ ᠂ ᠬᠦᠴᠢᠷᠳᠡᠯ ᠣᠯᠠᠨ ᠥᠷᠢᠰᠦᠯᠳᠦᠭᠡᠨ ᠶᠡᠭᠡ ᠪᠠᠶᠢᠳᠠᠯ ᠳᠣᠣᠷ᠎ᠠ ᠂ ᠮᠠᠨ ᠤ ᠣᠷᠣᠨ ᠤ ᠡᠯ᠎ᠡ ᠵᠦᠢᠯ ᠤᠨ | ᠠᠵᠢᠯ ᠦᠢᠯᠡᠰ ᠬᠥᠭᠵᠢᠨ ᠳᠠᠪᠰᠢᠵᠤ ᠴᠢᠳᠠᠭᠰᠠᠨ ᠶᠠᠪᠤᠳᠠᠯ ᠪᠣᠯ ᠦᠨᠳᠦᠰᠦᠨ ᠳᠤ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠣᠢ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ ᠳᠠᠭᠠᠭᠤᠯᠤᠭᠰᠠᠨ ᠪᠠ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠳᠤ ᠴᠢᠭᠯᠡᠯ | ᠲᠣᠭᠲᠠᠭᠠᠵᠤ ᠵᠠᠮ ᠵᠢᠭᠠᠵᠤ ᠤᠳᠤᠷᠢᠳᠤᠭᠰᠠᠨ ᠳᠤ ᠪᠣᠢ ᠃ ᠮᠠᠨ ᠤ ᠣᠷᠣᠨ ᠤ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠪᠦᠲᠦᠮᠵᠢ ᠪᠣᠯ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠷᠮᠠᠶᠢᠨ | ᠲᠡᠮᠡᠴᠡᠭᠰᠡᠨ ᠤ ᠦᠷ᠎ᠡ ᠳ᠋ᠦᠩ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ | ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠢ ᠬᠢᠨᠠᠯᠲᠠ ᠲᠠᠯᠪᠢᠵᠤ ᠶᠡᠭᠡ ᠪᠠᠷ ᠳᠡᠮᠵᠢᠭᠰᠡᠨ ᠤ ᠦᠷ᠎ᠡ ᠳ᠋ᠦᠩ ᠪᠣᠯᠣᠨ᠎ᠠ ᠃ ᠡ᠊ᠨᠳᠡ ᠂ ᠪᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠂ ᠪᠦᠬᠦ ᠣᠷᠣᠨ ᠤ ᠦᠨᠳᠦᠰᠦᠲᠡᠨ ᠨᠦᠭᠦᠳ ᠤᠨ 2400 ᠲᠦᠮᠡ ᠭᠠᠷᠤᠢ | ᠠᠷᠠᠳ ᠲᠦᠮᠡᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠡᠯ᠎ᠡ | ᠠᠷᠠᠳᠴᠢᠯᠠᠭᠰᠠᠨ ᠨᠠᠮ ᠪᠦᠯᠦᠭ ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠂ ᠠᠷᠠᠳ ᠤᠨ ᠪᠦᠯᠬᠦᠮ ᠂ ᠨᠡᠶᠢᠭᠡᠮ ᠤᠨ ᠡᠯ᠎ᠡ ᠡᠲᠡᠭᠡᠳ ᠤᠨ ᠬᠢᠨ ᠂ | ᠲᠥᠪ ᠤᠨ ᠡᠯ᠎ᠡ ᠰᠠᠯᠠᠭ᠎ᠠ ᠮᠥᠴᠢᠷ ᠂ ᠠᠬ᠎ᠠ ᠳᠡᠭᠦᠦ ᠮᠤᠵᠢ ᠣᠷᠣᠨ ᠬᠤᠲᠠ ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠢᠯᠦᠭᠡᠯᠡᠬᠦ ᠴᠡᠷᠢᠭ ᠪᠠ ᠵᠡᠪᠰᠡᠭᠲᠦ | ᠴᠠᠭᠳᠠᠭᠠᠨ ᠤ ᠴᠡᠷᠢᠭ ᠠᠩᠭᠢ ᠂ ᠥᠪᠥᠷ ᠮᠣᠩᠭᠤᠯ ᠢ ᠬᠠᠯᠠᠮᠵᠢᠯᠠᠨ ᠳᠡᠮᠵᠢᠭᠰᠡᠨ ᠪᠦᠬᠦ ᠨᠠᠶᠢᠵᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ ︕ | ᠬᠤᠶᠠᠷ ᠂ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ | ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠬᠤ ᠪᠠᠷ ᠪᠠᠶᠢᠨ᠎ᠠ ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠶᠠᠭ ᠭᠦᠨᠵᠡᠭᠡᠢ ᠥᠷᠨᠢᠵᠦ ᠪᠠᠶᠢᠨ᠎ᠠ ᠂ | ᠡᠳᠡᠭᠡᠷ ᠨᠢ ᠥᠪᠥᠷ ᠮᠣᠩᠭᠤᠯ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠴᠠ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠃ | ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠪᠠᠶᠢᠭᠤᠯᠬᠤ ᠠᠭᠤᠤ ᠶᠡᠭᠡ ᠵᠣᠷᠢᠭ | ᠰᠠᠨᠠᠭ᠎ᠠ ᠶᠢ ᠪᠠᠳᠠᠷᠠᠭᠤᠯᠵᠤ ᠂ ᠲᠣᠭᠲᠠᠭᠤᠨ ᠤ ᠳᠠᠭᠠᠤ ᠤᠷᠤᠭᠰᠢᠯᠠᠬᠤ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠪᠦᠷᠢᠨ ᠭᠦᠢᠴᠡᠳ ᠂ ᠵᠥᠪ ᠣᠨᠣᠪᠴᠢᠲᠠᠢ ᠂ ᠪᠦᠬᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ | ᠠᠭᠤᠰᠤᠯᠴᠠᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ | ᠪᠠᠷᠢᠮᠲᠠᠯᠠᠵᠤ ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠥᠬᠦᠷᠡᠰᠢ ᠦᠭᠡᠢ ᠪᠠᠲᠤᠳᠬᠠᠨ ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ ᠂ | ︽ᠬᠤᠶᠠᠷ ᠬᠠᠯᠬᠠᠪᠴᠢ︾ ᠂ ︽ᠬᠤᠶᠠᠷ ᠰᠠᠭᠤᠷᠢᠨ ᠭᠠᠵᠠᠷ︾ ᠂ ︽ᠨᠢᠭᠡ ᠬᠥᠭᠦᠷᠭᠡᠨ ᠪᠠᠬᠢᠯᠡᠯᠲᠡ︾ ᠶᠢ ᠲᠦᠷᠭᠡᠳᠬᠡᠨ ᠪᠠᠶᠢᠭᠤᠯᠵᠤ ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ | ᠰᠠᠶᠢᠵᠢᠷᠠᠭᠤᠯᠵᠤ ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠬᠡᠪᠴᠢᠶᠡᠨ ᠳᠤ ᠪᠠᠶᠢᠯᠭᠠᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠨ ᠂ ᠰᠢᠯᠢᠳᠡᠭ | ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠶ᠎ᠠ ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 6% ᠣᠷᠴᠢᠮ ᠨᠡᠮᠡᠭᠳᠡᠭᠦᠯᠦᠨ᠎ᠡ ︔ ᠬᠤᠲᠠ ᠪᠠᠯᠭᠠᠰᠤᠨ ᠤ ᠠᠵᠢᠯ ᠣᠯᠣᠭᠰᠠᠳ ᠢ 20 ᠭᠠᠷᠤᠢ ᠲᠦᠮᠡ ᠰᠢᠨ᠎ᠡ ᠪᠠᠷ ᠨᠡᠮᠡᠭᠳᠡᠭᠦᠯᠵᠦ ᠂ ᠬᠤᠲᠠ | ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 6% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ | ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ | ᠦᠨᠳᠦᠰᠦᠨ ᠳᠤ ᠪᠠᠨ ᠠᠳᠠᠯᠢ ᠪᠠᠶᠢᠯᠭᠠᠨ᠎ᠠ ︔ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ ᠂ ᠤᠯᠤᠰ ᠠᠴᠠ | ᠪᠠᠭᠤᠯᠭᠠᠭᠰᠠᠨ ᠡᠨᠧᠷᠬᠢ ᠠᠷᠪᠢᠯᠠᠵᠤ ᠪᠣᠬᠢᠷᠳᠤᠯ ᠢ ᠭᠠᠳᠠᠭᠰᠢᠯᠠᠭᠤᠯᠬᠤ ᠪᠠᠨ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ ᠃ ᠠᠵᠤ ᠠᠬᠤᠢ ᠶᠢᠨ ᠨᠡᠮᠡᠭᠳᠡᠯ ᠤᠨ | ᠬᠠᠷᠠᠯᠲᠠ ᠶᠢ 6% ᠣᠷᠴᠢᠮ ᠪᠠᠶᠢᠯᠭᠠᠬᠤ ᠪᠠᠷ ᠲᠣᠭᠲᠠᠭᠠᠭᠰᠠᠨ ᠶᠠᠪᠤᠳᠠᠯ ᠪᠣᠯ ᠲᠣᠭᠲᠠᠭᠤᠨ ᠢ ᠲᠡᠷᠢᠭᠦᠨ ᠳᠤ ᠲᠠᠯᠪᠢᠵᠤ ᠂ ᠲᠣᠭᠲᠠᠭᠤᠨ ᠤ ᠳᠠᠭᠠᠤ ᠤᠷᠤᠭᠰᠢᠯᠠᠬᠤ | ᠱᠠᠭᠠᠷᠳᠠᠯᠭ᠎ᠠ ᠶᠢ ᠲᠤᠭᠤᠰᠢᠯᠠᠭᠤᠯᠤᠨ ᠂ ᠬᠥᠳᠡᠯᠭᠡᠭᠦ ᠬᠦᠴᠦᠨ ᠤ ᠲᠤᠯᠭᠠᠭᠤᠷᠢᠯᠠᠯ ᠂ ᠳᠠᠷᠤᠯᠲᠠ ᠬᠦᠯᠢᠶᠡᠬᠦ ᠳᠠᠭᠠᠭᠠᠴᠠ ᠪᠠ ᠪᠤᠰᠤᠳ ᠵᠢᠱᠢᠭᠰᠡᠨ ᠬᠠᠷᠠᠯᠲᠠ ᠲᠠᠢ 365赢多少钱会被限额_国内有真正的365平台吗_365bet博彩官网 | ᠬᠠᠷᠢᠯᠴᠠᠨ ᠵᠣᠬᠢᠴᠠᠭᠤᠯᠵᠤ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠲᠠᠢ ᠵᠣᠯᠭᠠᠭᠤᠯᠬᠤ ᠪᠠᠷ ᠪᠣᠳᠣᠯᠬᠢᠯᠠᠪᠠ ᠂ ᠡᠨᠡ ᠨᠢ | ᠠᠵᠢᠯ ᠣᠯᠭᠤᠯᠲᠠ ᠶᠢ ᠪᠠᠲᠤᠯᠠᠬᠤ ᠂ ᠲᠦᠭᠰᠢᠭᠦᠷᠢ ᠶᠢ ᠰᠡᠷᠭᠡᠶᠢᠯᠡᠬᠦ ᠂ ᠵᠢᠱᠢᠯᠲᠡ ᠶᠢ ᠲᠣᠭᠲᠠᠪᠤᠷᠢᠵᠢᠭᠤᠯᠬᠤ ᠳᠤ ᠠᠰᠢᠭᠲᠠᠢ ᠂ ᠪᠦᠲᠦᠴᠡ ᠶᠢ ᠲᠣᠬᠢᠷᠠᠭᠤᠯᠬᠤ ᠂ | ᠴᠢᠳᠠᠮᠵᠢ ᠶᠢ ᠬᠤᠪᠢᠷᠠᠭᠤᠯᠬᠤ ᠂ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠪᠥᠭᠡᠳ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢ ᠠᠳᠬᠤᠬᠤ ᠢᠳᠡᠪᠬᠢᠵᠢᠯ ᠪᠠ | ᠰᠠᠨᠠᠭᠠᠴᠢᠯᠠᠭᠠᠲᠤ ᠴᠢᠨᠠᠷ ᠢ ᠨᠢ ᠳᠠᠶᠢᠴᠢᠯᠠᠨ ᠳᠡᠭᠡᠭᠰᠢᠯᠡᠭᠦᠯᠬᠦ ᠳᠤ ᠠᠰᠢᠭᠲᠠᠢ ᠶᠤᠮ ᠃ | ᠶᠡᠷᠦᠩᠬᠡᠶᠢᠯᠡᠨ ᠵᠠᠳᠠᠯᠪᠠᠯ ᠂ ᠡᠳᠡᠭᠡᠷ ᠬᠠᠷᠠᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠲᠤᠯᠭᠠᠭᠤᠷᠢᠯᠠᠬᠤ ᠨᠥᠬᠦᠴᠡᠯ ᠲᠠᠢ ᠪᠠᠶᠢᠬᠤ ᠮᠥᠷᠲᠡᠭᠡᠨ ᠬᠦᠴᠢᠷᠳᠡᠯ | ᠥᠷᠢᠰᠦᠯᠳᠦᠭᠡᠨ ᠪᠠᠰᠠ ᠲᠤᠯᠭᠠᠷᠠᠵᠤ ᠪᠠᠶᠢᠨ᠎ᠠ ᠃ ᠪᠦᠬᠦ ᠤᠯᠤᠰ ᠤᠨ ᠪᠠᠶᠢᠳᠠᠯ ᠠᠴᠠ ᠦᠵᠡᠪᠡᠯ ᠂ ᠮᠠᠨ ᠤ ᠤᠯᠤᠰ ᠤᠨ ᠠᠵᠤ ᠠᠬᠤᠢ ᠤᠶᠠᠨ ᠬᠠᠳᠠᠨ ᠴᠢᠨᠠᠷ ᠢᠶᠠᠷ | ᠴᠢᠩᠭ᠎ᠠ ᠂ ᠤᠷᠲᠤ ᠬᠤᠭᠤᠴᠠᠭ᠎ᠠ ᠪᠠᠷ ᠰᠠᠶᠢᠵᠢᠷᠠᠵᠤ ᠪᠠᠶᠢᠭ᠎ᠠ ᠦᠨᠳᠦᠰᠦᠨ ᠪᠠᠶᠢᠳᠠᠯ ᠳᠤ ᠬᠤᠪᠢᠷᠠᠯᠲᠠ ᠦᠭᠡᠢ ᠂ ᠭᠡᠪᠡᠴᠦ ᠲᠤᠰ ᠡᠷᠢᠨ ᠵᠠᠭᠤᠨ ᠳᠠᠬᠢ ᠬᠢᠵᠢᠭ ᠤᠨ | ᠪᠠᠶᠢᠳᠠᠯ ᠤᠨ ᠳᠠᠭᠠᠷᠢᠯᠲᠠ ᠳᠣᠣᠷ᠎ᠠ ᠵᠠᠭᠤᠨ ᠣᠨ ᠤ ᠶᠡᠷᠦ ᠪᠤᠰᠤ ᠶᠢᠨ ᠪᠠᠶᠢᠳᠠᠯ ᠲᠦᠷᠭᠡᠨ ᠢᠶᠠᠷ ᠤᠯᠠᠷᠢᠨ ᠬᠤᠪᠢᠰᠴᠤ ᠪᠠᠶᠢᠨ᠎ᠠ ᠂ ᠭᠠᠳᠠᠷ ᠣᠷᠴᠢᠨ ᠨᠡᠩ ᠨᠠᠷᠢᠨ | ᠪᠤᠳᠤᠯᠢᠶᠠᠨ ᠲᠠᠢ ᠨᠡᠩ ᠬᠦᠨᠳᠦ ᠨᠣᠴᠢᠲᠠᠢ ᠪᠠ ᠲᠣᠭᠲᠠᠪᠤᠷᠢ ᠦᠭᠡᠢ ᠪᠣᠯᠵᠤ ᠪᠣᠢ ᠂ ᠠᠵᠤ ᠠᠬᠤᠢ ᠶᠢᠨ ᠬᠥᠭᠵᠢᠯᠲᠡ ᠳᠤ ᠬᠡᠷᠡᠭᠴᠡᠭᠡ ᠱᠠᠭᠠᠷᠳᠠᠯᠭ᠎ᠠ ᠪᠠᠭᠠᠰᠬᠤ ᠂ | ᠬᠠᠩᠭᠠᠯᠭ᠎ᠠ ᠶᠢᠨ ᠲᠠᠯ᠎ᠠ ᠳᠠᠭᠠᠷᠢᠭᠳᠠᠬᠤ ᠂ ᠵᠢᠱᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ ᠲᠤᠯᠭᠠᠷᠠᠵᠤ ᠪᠠᠶᠢᠨ᠎ᠠ ᠃ ᠮᠠᠨ ᠤ ᠣᠷᠣᠨ ᠤ ᠪᠠᠶᠢᠳᠠᠯ ᠠᠴᠠ ᠦᠵᠡᠪᠡᠯ ᠂ | ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠰᠦᠪᠡᠭᠴᠢᠯᠡᠬᠦ ᠠᠰᠠᠭᠤᠳᠠᠯ ᠢᠶᠠᠨ ᠲᠠᠰᠤᠷᠠᠯᠲᠠ ᠦᠭᠡᠢ | ᠰᠢᠢᠳᠪᠦᠷᠢᠯᠡᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠳᠤᠯ ᠦᠭᠡᠢ ᠪᠣᠯᠭᠠᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠᠶᠢᠳᠠᠯ | ᠦᠷᠭᠦᠯᠵᠢᠯᠡᠨ ᠰᠠᠶᠢᠵᠢᠷᠠᠵᠤ ᠪᠠᠶᠢᠭ᠎ᠠ ᠪᠣᠯᠪᠠᠴᠤ ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠪᠤᠰᠤ ᠠᠰᠠᠭᠤᠳᠠᠯ ᠮᠥᠨ ᠬᠦ ᠲᠣᠪᠣᠶᠢᠮ᠎ᠠ ᠪᠠᠶᠢᠭᠰᠠᠭᠠᠷ ᠂ ᠴᠢᠨᠠᠷ | ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠷᠢᠰᠢᠭᠤᠯᠤᠯ ᠤᠨ ᠵᠥᠷᠢᠴᠡᠯ ᠂ ᠪᠦᠲᠦᠴᠡ ᠶᠢᠨ ᠠᠰᠠᠭᠤᠳᠠᠯ ᠪᠠ ᠪᠠᠶᠢᠭᠤᠯᠤᠯ ᠤᠨ ᠲᠠᠯ᠎ᠠ ᠶᠢᠨ ᠬᠠᠷᠰᠢ ᠰᠠᠭᠠᠳ | ᠮᠥᠨ ᠬᠦ ᠲᠣᠪᠣᠶᠢᠮ᠎ᠠ ᠪᠠᠶᠢᠭᠰᠠᠭᠠᠷ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ ᠰᠠᠭᠤᠷᠢ ᠪᠡᠯᠡᠳᠬᠡᠮᠵᠢ ᠂ ᠠᠵᠤ ᠦᠢᠯᠡᠰ ᠤᠨ ᠪᠦᠲᠦᠭᠡᠨ | ᠪᠠᠶᠢᠭᠤᠯᠤᠯᠲᠠ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠂ ᠣᠯᠠᠨ ᠨᠡᠶᠢᠲᠡ ᠶᠢᠨ ᠦᠢᠯᠡᠴᠢᠯᠡᠭᠡ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠳᠤᠲᠠᠭᠤᠳᠠᠯ ᠮᠥᠨ ᠬᠦ ᠲᠣᠪᠣᠶᠢᠮ᠎ᠠ ᠪᠠᠶᠢᠨ᠎ᠠ ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠬᠦᠨᠳᠦᠷᠡᠵᠦ ᠂ ᠲᠦᠷᠦᠯ ᠵᠦᠢᠯ ᠤᠨ ᠨᠥᠭᠡᠴᠡ | ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠣᠯᠭᠠᠭᠤᠯᠬᠤ ᠴᠢᠨᠠᠷ ᠴᠢᠩᠭ᠎ᠠ ᠪᠤᠰᠤ ᠂ ᠲᠦᠷᠦᠯ ᠵᠦᠢᠯ ᠤᠨ ᠪᠦᠲᠦᠴᠡ ᠬᠢᠭᠡᠳ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠢᠵᠢᠯᠢᠰᠢᠬᠦ ᠴᠢᠨᠠᠷ ᠥᠨᠳᠥᠷ ᠪᠤᠰᠤ ᠪᠠᠶᠢᠵᠤ ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠲᠦᠷᠦᠯ ᠵᠦᠢᠯ ᠤᠨ | ᠬᠡᠪᠴᠢᠶᠡᠵᠢᠯ ᠤᠨ ᠲᠤᠯᠭᠠᠭᠤᠷᠢᠯᠠᠬᠤ ᠬᠦᠴᠦᠨ ᠬᠦᠷᠦᠯᠴᠡᠬᠦ ᠦᠭᠡᠢ ᠪᠠᠶᠢᠨ᠎ᠠ ᠃ ᠣᠷᠣᠨ ᠨᠤᠲᠤᠭ ᠤᠨ ᠬᠡᠷᠡᠭᠯᠡᠵᠦ ᠪᠣᠯᠬᠤᠶᠢᠴᠠ ᠡᠳ᠋ ᠤᠨ ᠬᠦᠴᠦᠨ ᠶᠡᠷᠦᠩᠬᠡᠢ ᠳᠤ ᠪᠠᠨ | ᠭᠦᠢᠴᠡᠳ ᠪᠤᠰᠤ ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢᠰᠢᠯ ᠲᠠᠲᠠᠭᠤ ᠪᠠᠶᠢᠳᠠᠯ ᠲᠠᠢ ᠂ ᠢᠯᠠᠩᠭᠤᠶ᠎ᠠ ᠦᠨᠳᠦᠰᠦᠨ ᠱᠠᠲᠤᠨ ᠤ ᠵᠠᠰᠠᠭ ᠤᠨ | ᠣᠷᠳᠣᠨ ᠥᠷᠢ ᠥᠭᠴᠡᠭᠡ ᠶᠢ ᠠᠷᠢᠯᠭᠠᠬᠤ ᠂ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠲᠠᠶᠢᠯᠬᠤ ᠪᠠ ᠠᠷᠠᠳ ᠤᠨ ᠠᠮᠢᠳᠤᠷᠠᠯ ᠢ ᠪᠠᠲᠤᠯᠠᠬᠤ ᠂ ᠴᠠᠯᠢᠩ ᠢ 365赢多少钱会被限额_国内有真正的365平台吗_365bet博彩官网 | ᠪᠠᠲᠤᠯᠠᠬᠤ ᠂ ᠠᠵᠢᠯᠯᠠᠵᠤ ᠡᠷᠭᠢᠯᠳᠦᠭᠦᠯᠬᠦ ᠶᠢ ᠪᠠᠲᠤᠯᠠᠬᠤ ᠲᠠᠯ᠎ᠠ ᠳᠤ ᠨᠡᠯᠢᠶᠡᠳ ᠶᠡᠭᠡ ᠬᠦᠴᠢᠷ ᠲᠤᠯᠭᠠᠷᠠᠵᠤ ᠪᠣᠢ ᠃ ᠡᠯ᠎ᠡ ᠲᠦᠷᠦᠯ ᠤᠨ ᠲᠦᠭᠰᠢᠭᠦᠷᠢ ᠪᠠ | ᠥᠷᠢᠰᠦᠯᠳᠦᠭᠡᠨ ᠢᠯᠡᠷᠬᠡᠢ ᠣᠯᠠᠰᠢᠷᠠᠵᠤ ᠂ ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠬᠤᠷᠠᠮᠳᠤᠨ ᠳᠠᠪᠬᠤᠴᠠᠵᠤ ᠂ ᠠᠮᠢ ᠠᠬᠤᠢ ᠣᠷᠴᠢᠨ | ᠲᠣᠭᠤᠷᠢᠨ ᠤ ᠲᠣᠪᠣᠶᠢᠮ᠎ᠠ ᠠᠰᠠᠭᠤᠳᠠᠯ ᠤᠨ ᠦᠯᠡᠳᠡᠭᠳᠡᠯ ᠨᠡᠯᠢᠶᠡᠳ ᠶᠡᠭᠡ ᠪᠠᠶᠢᠨ᠎ᠠ ᠂ ᠬᠡᠪᠴᠢᠶᠡᠵᠢᠯ ᠤᠨ ᠴᠢᠨᠠᠷᠲᠠᠢ ᠪᠠᠷ ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ | ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠨ ᠪᠠᠲᠤᠳᠬᠠᠬᠤ ᠴᠢᠬᠤᠯᠠᠲᠠᠢ ᠂ ᠢᠯᠠᠩᠭᠤᠶ᠎ᠠ ᠬᠢᠵᠢᠭ ᠤᠨ ᠪᠠᠶᠢᠳᠠᠯ ᠭᠡᠨᠡᠳᠲᠡ ᠡᠭᠦᠰᠬᠦ ᠲᠦᠭᠰᠢᠭᠦᠷᠢ ᠢᠮᠠᠭᠲᠠ | ᠣᠷᠣᠰᠢᠵᠤ ᠪᠠᠶᠢᠬᠤ ᠪᠣᠯᠬᠤᠷ ᠂ ᠠᠵᠢᠯ ᠢᠶᠠᠨ ᠥᠴᠥᠬᠡᠨ ᠰᠤᠯᠠᠷᠠᠭᠤᠯᠵᠤ ᠂ ᠥᠴᠥᠬᠡᠨ ᠠᠯᠳᠠᠰᠢ ᠭᠠᠷᠭᠠᠪᠠᠯ ᠲᠥᠰᠥᠭᠡᠯᠡᠬᠦᠶ᠎ᠡ ᠪᠡᠷᠬᠡ ᠨᠥᠯᠥᠭᠡ ᠭᠠᠷᠴᠤ ᠮᠡᠳᠡᠬᠦ | ᠪᠣᠯᠣᠮᠵᠢ ᠲᠠᠢ ᠮᠥᠷᠲᠡᠭᠡᠨ ᠳᠠᠭᠠᠭᠠᠬᠤᠶᠠ ᠪᠡᠷᠬᠡ ᠦᠨ᠎ᠡ ᠲᠥᠯᠥᠪᠦᠷᠢ ᠭᠠᠷᠭᠠᠬᠤ ᠪᠣᠯᠣᠨ᠎ᠠ ᠃ | ᠶᠡᠷᠦᠩᠬᠡᠶᠢᠯᠡᠭᠡᠳ ᠬᠡᠯᠡᠪᠡᠯ ᠂ ᠲᠥᠰᠥᠭᠡᠯᠡᠯ ᠤᠨ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠬᠦ ᠳᠤ ᠪᠠᠨ ᠥᠨᠳᠥᠷ ᠪᠠᠷᠢᠮᠵᠢᠶᠠᠨ ᠳᠤ ᠬᠦᠷᠭᠡᠬᠦ ᠪᠠᠷ ᠴᠢᠷᠮᠠᠶᠢᠨ ᠂ | ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠬᠦ ᠳᠤ ᠪᠠᠨ ᠳᠠᠷᠤᠯᠲᠠ ᠶᠢ ᠳᠠᠭᠠᠭᠠᠵᠤ ᠬᠦᠨᠳᠦ ᠶᠢ ᠡᠭᠦᠷᠭᠡᠯᠡᠬᠦ ᠬᠡᠷᠡᠭᠲᠡᠢ ᠃ ᠪᠢᠳᠡ ᠬᠤᠷᠢᠭ᠎ᠠ | ᠱᠤᠭᠤᠮ ᠤᠨ ᠰᠡᠳᠬᠢᠬᠦᠢ ᠶᠢ ᠪᠣᠢ ᠪᠣᠯᠭᠠᠨ ᠂ ᠰᠢᠰᠲ᠋ᠧᠮ ᠤᠨ ᠦᠵᠡᠯᠲᠡ ᠪᠠᠨ ᠴᠢᠩᠭᠠᠷᠠᠭᠤᠯᠤᠨ ᠂ ᠨᠢᠭᠡᠳᠦᠯᠲᠡᠢ ᠲᠥᠯᠥᠪᠯᠡᠬᠦ ᠠᠷᠭ᠎ᠠ ᠶᠢ ᠰᠠᠶᠢᠲᠤᠷ ᠬᠡᠷᠡᠭᠯᠡᠵᠦ ᠂ ᠪᠦᠷᠢᠨ | ᠭᠦᠢᠴᠡᠳ ᠪᠡᠯᠡᠳᠬᠡᠯ ᠬᠢᠵᠦ ᠂ ᠪᠦᠬᠦ ᠬᠦᠴᠦ ᠪᠠᠷ ᠢᠶᠠᠨ ᠴᠢᠷᠮᠠᠶᠢᠨ ᠠᠵᠢᠯᠯᠠᠵᠤ ᠂ ᠨᠡᠩ ᠰᠠᠶᠢᠨ ᠦᠷ᠎ᠡ ᠳ᠋ᠦᠩ ᠢ ᠲᠡᠮᠡᠴᠡᠨ ᠣᠯᠬᠤ ᠬᠡᠷᠡᠭᠲᠡᠢ ᠃ ᠡᠷᠬᠡᠪᠰᠢ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠦᠷᠢᠨ ᠭᠦᠢᠴᠡᠳ ᠂ ᠵᠥᠪ ᠣᠨᠣᠪᠴᠢᠳᠠᠢ ᠂ ᠪᠦᠭᠦ ᠲᠠᠯ᠎ᠠ ᠪᠠᠷ ᠲᠤᠭᠤᠰᠢᠯᠠᠭᠤᠯᠤᠨ᠎ᠠ ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ ᠂ ᠰᠠᠶᠢᠨ ᠢ ᠨᠢ ᠪᠠᠳᠠᠷᠠᠭᠤᠯᠤᠨ ᠰᠢᠭᠠᠷᠤ ᠪᠠᠨ ᠲᠡᠪᠴᠢᠭᠦ ᠪᠠ ᠰᠢᠯᠢᠳᠡᠭ ᠢ ᠬᠥᠮᠥᠵᠢᠭᠦᠯᠦᠨ ᠦᠷ᠎ᠡ | ᠠᠰᠢᠭ ᠢᠶᠠᠨ ᠨᠡᠮᠡᠭᠳᠡᠭᠦᠯᠬᠦ ᠶᠢ ᠪᠠᠷᠢᠮᠲᠠᠯᠠᠨ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠪᠦᠳᠣᠮᠵᠢᠳᠠᠢ ᠵᠠᠮ ᠮᠥᠷ ᠢ ᠣᠨᠣᠪᠴᠢᠳᠠᠢ | ᠡᠷᠢᠵᠦ ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠦᠴᠦᠯᠡᠨ ᠬᠤᠪᠢᠷᠠᠭᠤᠯᠵᠤ ᠂ ᠪᠣᠬᠢᠷᠳᠤᠯ ᠦᠭᠡᠢ ᠪᠥᠭᠡᠳ ᠣᠨᠴᠠᠯᠢᠭ ᠲᠠᠢ ᠳᠠᠪᠠᠭᠤᠯᠢᠭ ᠣᠳᠣ | ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠴᠣᠭᠴᠠᠯᠠᠵᠤ ᠂ ᠪᠦᠭᠦ ᠬᠦᠴᠦᠨ ᠢᠶᠠᠷ ᠢᠶᠠᠨ ᠪᠦᠲᠦᠴᠡ ᠳᠤ ᠲᠣᠬᠢᠷᠠᠭᠤᠯᠤᠯᠲᠠ ᠬᠢᠵᠦ ᠂ | ᠴᠢᠳᠠᠮᠵᠢ ᠪᠠᠨ ᠬᠤᠪᠢᠷᠠᠭᠤᠯᠤᠨ ᠂ ᠶᠠᠰᠤ ᠴᠢᠨᠠᠷ ᠢᠶᠠᠨ ᠳᠡᠭᠡᠭᠰᠢᠯᠡᠭᠦᠯᠣᠨ᠎ᠡ ᠃ ᠡᠷᠬᠡᠪᠰᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ ᠂ ᠲᠣᠭᠲᠠᠭᠤᠨ ᠤ ᠳᠠᠭᠠᠤ | ᠤᠷᠤᠭᠰᠢᠯᠠᠬᠤ ᠶᠢ ᠪᠠᠷᠢᠮᠲᠠᠯᠠᠨ᠎ᠠ ᠂ ᠠᠵᠤ ᠠᠬᠤᠢ ᠶᠢ ᠲᠣᠭᠲᠠᠪᠤᠷᠢᠵᠢᠭᠤᠯᠬᠤ ᠂ ᠪᠣᠭᠤᠮᠲᠠ ᠰᠢᠪᠲᠤᠯᠬᠤ ᠳᠤ ᠠᠰᠢᠭᠲᠠᠢ ᠪᠠᠶᠢᠬᠤ ᠲᠦᠷᠣ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠢᠳᠡᠪᠬᠢᠲᠡᠢ ᠳᠤᠷᠠᠳᠤᠨ ᠭᠠᠷᠭᠠᠵᠤ ᠂ ᠠᠵᠤ ᠠᠬᠤᠢ ᠶᠢᠨ ᠦᠨᠳᠦᠰᠦᠨ ᠰᠠᠭᠤᠷᠢ ᠶᠢ ᠡᠷᠡᠰ ᠲᠣᠭᠲᠠᠪᠤᠷᠢᠵᠢᠭᠤᠯᠵᠤ ᠂ ᠨᠡᠶᠢᠭᠡᠮ ᠤᠨ ᠦᠨᠳᠦᠰᠦᠨ ᠲᠠᠯ᠎ᠠ ᠶᠢ | ᠲᠣᠭᠲᠠᠭᠤᠨ ᠪᠠᠶᠢᠯᠭᠠᠵᠤ ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ ᠂ ᠦᠷ᠎ᠡ ᠪᠦᠲᠦᠮᠵᠢ ᠶᠢᠨ ᠬᠤᠪᠢᠰᠤᠯᠲᠠ ᠂ ᠬᠥᠳᠡᠯᠭᠡᠭᠦ ᠬᠦᠴᠦᠨ ᠤ | ᠬᠤᠪᠢᠰᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠠᠵᠤ ᠠᠬᠤᠢ ᠶᠢᠨ ᠬᠡᠮᠵᠢᠶᠡᠨ ᠤ ᠵᠦᠢ ᠵᠣᠬᠢᠰᠲᠠᠢ ᠪᠠᠷ ᠨᠡᠮᠡᠭᠳᠡᠬᠦ ᠪᠠ ᠴᠢᠨᠠᠷ ᠤᠨ ᠲᠣᠭᠲᠠᠭᠤᠨ ᠢᠶᠠᠷ | ᠳᠡᠭᠡᠭᠰᠢᠯᠡᠬᠦ ᠶᠢ ᠪᠡᠶᠡᠯᠡᠭᠦᠯᠬᠦ ᠪᠠᠨ ᠦᠨᠡᠨ ᠬᠦ ᠪᠠᠲᠤᠯᠠᠨ᠎ᠠ ᠃ ᠡᠷᠬᠡᠪᠰᠢ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠡᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ | ᠰᠠᠬᠢᠨ᠎ᠠ ᠂ ᠲᠦᠭᠰᠢᠭᠦᠷᠢ ᠶᠢ ᠠᠷᠢᠯᠭᠠᠨ ᠲᠦᠭᠰᠢᠭᠦᠷᠢ ᠶᠢᠨ ᠬᠤᠪᠢᠷᠠᠬᠤ ᠠᠴᠠ ᠰᠡᠷᠭᠡᠶᠢᠯᠡᠬᠦ ᠶᠢ ᠠᠯᠢᠪᠠ ᠠᠵᠢᠯ ᠤᠨ ᠤᠷᠢᠳᠡᠬᠢ ᠨᠥᠬᠦᠴᠡᠯ ᠪᠣᠯᠭᠠᠵᠣ ᠂ ᠡᠯ᠎ᠡ ᠲᠠᠯ᠎ᠠ ᠶᠢᠨ | ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢ ᠪᠠᠲᠤᠯᠠᠬᠤ ᠬᠠᠷᠢᠭᠤᠴᠠᠯᠭ᠎ᠠ ᠶᠢ ᠨᠢ ᠴᠢᠩᠭ᠎ᠠ ᠪᠣᠳᠠᠲᠠᠶᠢᠵᠢᠭᠤᠯᠵᠤ ᠂ ᠡᠯ᠎ᠡ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢ | ᠰᠡᠷᠡᠮᠵᠢᠯᠡᠭᠦᠯᠵᠣ ᠬᠢᠨᠠᠨ ᠰᠢᠨᠵᠢᠭᠦ ᠪᠠ ᠰᠡᠷᠭᠡᠶᠢᠯᠡᠵᠦ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠬᠡᠷᠡᠭᠵᠢᠭᠦᠯᠵᠦ ᠂ ᠡᠷᠲᠡ ᠠᠴᠠ ᠨᠢ ᠠᠩᠬᠠᠷᠤᠨ | ᠵᠢᠵᠢᠭ ᠪᠠᠶᠢᠬᠤ ᠳᠤ ᠨᠢ ᠠᠳᠬᠤᠵᠤ ᠴᠤᠬᠤᠶᠢᠵᠤ ᠭᠠᠷᠪᠠᠯ ᠰᠢᠢᠳᠪᠦᠷᠢᠯᠡᠨ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠨ᠎ᠠ ᠃ ᠡᠷᠬᠡᠪᠰᠢ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠬᠦᠴᠢᠷ ᠪᠡᠷᠬᠡᠰᠢᠶᠡᠯ ᠢ ᠢᠯᠡᠨ ᠳᠠᠪᠠᠨ᠎ᠠ ᠂ ᠣᠷᠣᠨ ᠳᠠᠶᠠᠭᠠᠷ ᠢᠶᠠᠨ ᠬᠠᠮᠲᠤ ᠪᠠᠷ ᠬᠥᠭᠵᠢᠯᠲᠡ ᠶᠢ ᠠᠳᠬᠤᠵᠤ | ᠣᠳᠣᠬᠠᠨ ᠤ ᠬᠦᠴᠢᠷ ᠵᠣᠪᠠᠭᠤᠷᠢ ᠶᠢ ᠲᠤᠭᠤᠯᠵᠤ ᠂ ᠡᠳ᠋ ᠤᠨ ᠬᠦᠴᠦᠨ ᠢᠶᠠᠨ ᠦᠨᠳᠦᠰᠦᠨ ᠱᠠᠲᠤᠨ ᠳᠤ ᠪᠠᠭᠤᠯᠭᠠᠬᠤ ᠂ ᠲᠦᠷᠣ ᠶᠢᠨ ᠪᠣᠳᠣᠯᠭ᠎ᠠ ᠪᠠᠨ ᠦᠨᠳᠦᠰᠦᠨ | ᠱᠠᠲᠤ ᠲᠡᠶᠢᠰᠢ ᠬᠡᠯᠪᠡᠶᠢᠯᠭᠡᠬᠦ ᠶᠢ ᠠᠬᠢᠭᠤᠯᠵᠤ ᠂ ᠨᠡᠩ ᠣᠯᠡᠨ ᠡᠬᠢ ᠪᠠᠶᠠᠯᠢᠭ ᠬᠦᠴᠦᠨ ᠴᠢᠳᠠᠯ ᠢ ᠲᠠᠶᠢᠴᠢᠯᠠᠵᠣ ᠪᠠᠶᠢᠭᠠᠳ ᠦᠨᠳᠦᠰᠦᠨ ᠱᠠᠲᠤᠨ ᠤ ᠬᠦᠴᠢᠷ | ᠠᠰᠠᠭᠤᠳᠠᠯ ᠢ ᠰᠢᠢᠳᠪᠦᠷᠢᠯᠡᠬᠦ ᠂ ᠬᠦᠴᠢᠷᠳᠡᠯᠲᠡᠢ ᠴᠠᠭ ᠢ ᠲᠣᠭᠤᠯᠬᠤ ᠳᠤ ᠨᠢ ᠬᠠᠪᠰᠤᠷᠴᠤ ᠂ ᠲᠠᠯ᠎ᠠ ᠲᠠᠯ᠎ᠠ ᠶᠢᠨ ᠡᠷᠴᠢ ᠵᠣᠷᠢᠭ ᠢ ᠭᠦᠢᠴᠡᠳ ᠳᠠᠶᠢᠴᠢᠯᠠᠵᠣ | ᠥᠭᠡᠷᠡᠴᠢᠯᠡᠯᠲᠡ ᠪᠠ ᠬᠥᠭᠵᠢᠯᠲᠡ ᠶᠢ ᠠᠬᠢᠭᠤᠯᠤᠨ᠎ᠠ ᠃ | ᠭᠤᠷᠪᠠ ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ | ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠪᠠ ᠬᠠᠲᠠᠭᠤ ᠪᠡᠷᠬᠡ ᠡᠭᠦᠷᠭᠡ ᠶᠢᠨ ᠡᠮᠦᠨ᠎ᠡ ᠂ ᠪᠢᠳᠠ ᠢᠲᠡᠭᠡᠯ ᠵᠣᠷᠢᠭ ᠢᠶᠠᠨ ᠪᠠᠲᠤᠳᠬᠠᠵᠤ ᠂ | ᠰᠠᠨᠠᠭᠠᠴᠢᠯᠠᠭ᠎ᠠ ᠠᠴᠠ ᠪᠠᠨ ᠵᠢᠳᠬᠦᠨ ᠴᠢᠷᠮᠠᠶᠢᠵᠤ ᠠᠵᠢᠯ ᠢᠶᠠᠨ ᠰᠠᠶᠢᠲᠤᠷ ᠬᠢᠨ᠎ᠡ ᠃ | ︵ᠨᠢᠭᠡ︶ ᠪᠡᠯᠡ ᠣᠷᠣᠭᠤᠯᠤᠯᠳᠡ ᠶᠢ ᠥᠷᠭᠡᠳᠬᠡᠨ ᠬᠡᠷᠡᠭᠯᠡᠭᠡ ᠶᠢ ᠠᠬᠢᠭᠤᠯᠵᠤ ᠲᠦᠭᠰᠢᠭᠦᠷᠢ ᠶᠢ ᠰᠡᠷᠭᠡᠶᠢᠯᠡᠬᠦ ᠪᠠᠷ ᠬᠦᠴᠦᠯᠡᠨ ᠴᠢᠷᠮᠠᠶᠢᠵᠤ ᠂ ᠠᠵᠤ ᠠᠬᠤᠢ ᠶᠢᠨ | ᠲᠣᠭᠲᠠᠭᠤᠨ ᠪᠥᠭᠡᠳ ᠡᠷᠡᠭᠦᠯ ᠢᠶᠠᠷ ᠭᠦᠭᠵᠢᠭᠦ ᠶᠢ ᠪᠠᠲᠤᠯᠠᠨ᠎ᠠ ᠃ ᠪᠡᠯᠡ ᠣᠷᠣᠭᠤᠯᠣᠯᠳᠡ ᠶᠢᠨ ᠵᠠᠩᠭᠢᠯᠠᠭ᠎ᠠ ᠶᠢᠨ ᠦᠢᠯᠡᠳᠦᠯ ᠪᠠ ᠬᠡᠷᠡᠭᠯᠡᠭᠡ ᠶᠢᠨ ᠰᠠᠭᠤᠷᠢᠯᠠᠬᠤ | ᠦᠢᠯᠡᠳᠦᠯ ᠢ ᠭᠦᠢᠴᠡᠳ ᠪᠠᠳᠠᠷᠠᠭᠤᠯᠤᠨ ᠂ ᠬᠦᠨᠳᠦ ᠶᠡᠭᠡ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ ᠂ ᠲᠣᠭᠲᠠᠭᠤᠨ ᠢ ᠪᠠᠲᠤᠯᠠᠵᠤ ᠤᠷᠤᠭᠰᠢᠯᠠᠬᠤ ᠶᠢ | ᠠᠬᠢᠭᠤᠯᠬᠤ ᠬᠠᠲᠠᠭᠤ ᠰᠢᠷᠦᠭᠦᠨ ᠳᠠᠶᠢᠯᠠᠯᠳᠤᠭᠠᠨ ᠢ ᠰᠠᠶᠢᠲᠤᠷ ᠬᠢᠨ᠎ᠡ ᠃ | ᠪᠦᠳᠣᠮᠵᠢᠳᠠᠢ ᠪᠡᠯᠡ ᠣᠷᠣᠭᠤᠯᠣᠯᠳᠡ ᠶᠢ ᠢᠳᠡᠪᠬᠢᠲᠡᠢ ᠥᠷᠭᠡᠳᠬᠡᠨ᠎ᠡ ᠃ ᠤᠯᠤᠰ ᠤᠨ ᠲᠥᠰᠥᠪ ᠲᠠᠬᠢ ᠪᠡᠯᠡ ᠣᠷᠣᠭᠤᠯᠣᠯᠳᠡ ᠶᠢ ᠵᠣᠬᠢᠬᠤ ᠬᠡᠮᠵᠢᠶ᠎ᠡ ᠪᠠᠷ | ᠨᠡᠮᠡᠭᠳᠡᠭᠦᠯᠬᠦ ᠂ ᠪᠣᠳᠠᠲᠤ ᠴᠣᠭᠴᠠ ᠶᠢᠨ ᠠᠵᠤ ᠠᠬᠤᠢ ᠶᠢᠨ ᠪᠡᠯᠡ ᠲᠣᠬᠢᠷᠠᠭᠤᠯᠬᠤ ᠶᠢ ᠬᠦᠴᠦᠲᠡᠢ ᠳᠡᠮᠵᠢᠭᠦ ᠵᠡᠷᠭᠡ ᠲᠦᠷᠣ ᠶᠢᠨ ᠪᠣᠳᠣᠯᠭ᠎ᠠ ᠶᠢ ᠭᠦᠢᠴᠡᠳ ᠰᠠᠶᠢᠨ | ᠠᠰᠢᠭᠯᠠᠵᠤ ᠂ ᠲᠥᠯᠦᠪᠵᠢᠭᠦᠯᠭᠡ ᠶᠢᠨ ᠴᠢᠬᠤᠯᠠ ᠶᠡᠭᠡ ᠲᠦᠷᠣᠯ ᠵᠦᠢᠯ ᠪᠠ ᠣᠨ ᠤ ᠭᠤᠣᠯᠳᠠᠯᠭ᠎ᠠ ᠪᠣᠯᠬᠤ ᠲᠦᠷᠣᠯ ᠵᠦᠢᠯ ᠢ ᠴᠢᠩᠭ᠎ᠠ ᠠᠩᠬᠠᠷᠴᠤ ᠂ ᠶᠡᠷᠦ ᠪᠤᠰᠤ ᠶᠢᠨ | ᠠᠷᠭ᠎ᠠ ᠬᠡᠮᠵᠢᠶ᠎ᠡ ᠶᠢ ᠠᠪᠴᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ ᠂ ᠡᠬᠢᠨ ᠤ ᠬᠤᠭᠤᠴᠠᠭᠠᠨ ᠳᠠᠬᠢ ᠠᠵᠢᠯ ᠢ ᠰᠠᠶᠢᠲᠤᠷ ᠬᠢᠵᠦ ᠂ 5200 | ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠬᠢᠬᠦ ᠬᠠᠷᠠᠯᠲᠠ ᠶᠢ ᠪᠦᠬᠦ ᠬᠦᠴᠦ ᠪᠠᠷ ᠢᠶᠠᠨ ᠪᠡᠶᠡᠯᠡᠭᠦᠯᠦᠨ᠎ᠡ ᠃ ᠲᠦᠷᠣᠯ ᠵᠦᠢᠯ ᠤᠨ | ᠬᠥᠮᠥᠷᠭᠡ ᠳᠤ ᠲᠣᠬᠢᠷᠠᠭᠤᠯᠤᠯᠲᠠ ᠬᠢᠵᠦ ᠳᠡᠰ ᠳᠠᠪᠰᠢᠭᠦᠯᠭᠦ ᠶᠢ ᠲᠦᠷᠭᠡᠳᠬᠡᠨ ᠂ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠂ ᠬᠠᠩᠭᠠᠯᠭ᠎ᠠ ᠶᠢᠨ ᠬᠡᠯᠬᠢᠶ᠎ᠡ ᠂ | ᠰᠢᠨ᠎ᠡ ᠶᠢ ᠡᠭᠦᠣᠡᠭᠦ ᠬᠡᠯᠬᠢᠶᠡᠨ ᠤ ᠲᠣᠭᠤᠷᠢᠨ ᠳᠤ ᠲᠦᠷᠣᠯ ᠵᠦᠢᠯ ᠢ ᠠᠬᠢᠭᠤᠯᠬᠤ ᠪᠠᠨ ᠰᠡᠳᠬᠢᠨ ᠰᠦᠪᠡᠭᠴᠢᠯᠡᠵᠦ ᠂ ᠠᠵᠤ ᠦᠢᠯᠡᠳᠪᠦᠷᠢ ᠶᠢᠨ ᠮᠡᠷᠭᠡᠵᠢᠯ ᠢᠶᠠᠨ | ᠥᠭᠡᠷᠡᠴᠢᠯᠡᠨ ᠰᠢᠨᠡᠴᠢᠯᠡᠬᠦ ᠂ ᠲᠡᠷᠢᠭᠦᠨ ᠤ ᠦᠢᠯᠡᠣᠡᠭᠦ ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠪᠠ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢᠶᠠᠨ | ᠤᠯᠠᠷᠢᠭᠤᠯᠬᠤ ᠳᠤ ᠪᠡᠯᠡ ᠣᠷᠣᠭᠤᠯᠣᠯᠳᠡ ᠪᠠᠨ ᠶᠡᠭᠡ ᠪᠠᠷ ᠨᠡᠮᠡᠭᠳᠡᠭᠦᠯᠬᠦ ᠶᠢ ᠠᠬᠢᠭᠤᠯᠤᠨ᠎ᠠ ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠳᠠᠯᠠᠨ ᠂ | ᠭᠠᠳᠠᠭᠰᠢ ᠭᠠᠷᠭᠠᠬᠤ ᠶᠢ ᠪᠠᠶᠢᠩᠭᠤᠵᠢᠭᠤᠯᠵᠤ ᠂ ᠲᠠᠲᠠᠵᠤ ᠣᠷᠣᠭᠤᠯᠤᠨ ᠠᠪᠴᠢᠷᠠᠬᠤ ᠶᠢ ᠣᠨᠣᠴᠠᠲᠠᠢ ᠪᠣᠯᠭᠠᠨ ᠂ ᠨᠡᠶᠢᠭᠡᠮ ᠤᠨ ᠬᠥᠷᠥᠩᠭᠡ ᠶᠢᠨ ᠪᠡᠯᠡ | ᠣᠷᠣᠭᠤᠯᠣᠯᠳᠡ ᠶᠢ ᠠᠬᠢᠭᠤᠯᠬᠤ ᠪᠠ ᠣᠷᠣᠨ ᠤ ᠭᠠᠳᠠᠨᠠᠬᠢ ᠪᠡᠯᠡ ᠣᠷᠣᠭᠤᠯᠣᠯᠳᠡ ᠶᠢ ᠣᠷᠣᠭᠤᠯᠵᠤ ᠠᠪᠴᠢᠷᠠᠬᠤ ᠪᠠᠨ ᠶᠡᠭᠡ ᠪᠠᠷ ᠨᠡᠮᠡᠭᠳᠡᠭᠦᠯᠦᠨ᠎ᠡ ᠃ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ ᠃ ᠤᠯᠤᠰ ᠤᠨ ᠰᠠᠭᠤᠷᠢ ᠪᠡᠯᠡᠳᠬᠡᠮᠵᠢ ᠶᠢᠨ ᠪᠡᠯᠡ | ᠣᠷᠣᠭᠤᠯᠣᠯᠳᠡ ᠪᠠᠨ ᠵᠣᠬᠢᠬᠤ ᠬᠡᠮᠵᠢᠶ᠎ᠡ ᠪᠠᠷ ᠤᠷᠢᠳᠴᠢᠯᠠᠨ ᠥᠷᠨᠢᠭᠦᠯᠬᠦ ᠠᠵᠠ ᠲᠣᠬᠢᠶᠠᠯ ᠢ ᠠᠳᠬᠤᠵᠤ ᠂ ᠪᠦᠭᠦ ᠤᠯᠤᠰ ᠲᠤ ᠬᠤᠯᠪᠣᠵᠤ ᠨᠡᠪᠲᠡᠷᠡᠭᠰᠡᠨ ᠂ ᠪᠦᠬᠦ | ᠣᠷᠣᠨ ᠳᠤ ᠬᠠᠷᠢᠯᠴᠠᠨ ᠨᠡᠪᠲᠡᠷᠡᠯᠴᠡᠭᠰᠡᠨ ᠣᠳᠣ ᠦᠶ᠎ᠡ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠲᠣᠭᠲᠠᠯᠴᠠᠭ᠎ᠠ ᠶᠢ ᠱᠠᠯᠠᠪᠳᠠᠨ ᠪᠠᠶᠢᠭᠤᠯᠤᠨ᠎ᠠ ᠃ | ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠂ ᠵᠢᠨᠢᠩ ᠳ᠋ᠠᠲ᠋ᠦ᠋ᠩ ᠶᠣᠸᠠᠨᠫᠢᠩ ᠤᠨ ᠳᠡᠭᠡᠳᠦ ᠬᠤᠷᠳᠤ ᠶᠢᠨ ᠲᠡᠮᠦᠷ ᠵᠠᠮ ᠢ ᠪᠦᠲᠦᠭᠡᠨ ᠪᠠᠶᠢᠭᠤᠯᠬᠤ | ᠪᠠ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠥᠭᠡᠷᠡᠴᠢᠯᠡᠬᠦ ᠶᠢ ᠲᠦᠷᠭᠡᠳᠬᠡᠵᠦ ᠂ ᠣᠷᠳᠣᠰ ᠲᠡᠮᠡᠭᠡᠲᠦ ᠶᠠᠨ ᠠᠨ ᠤ ᠳᠡᠭᠡᠳᠦ | ᠬᠤᠷᠳᠤ ᠶᠢᠨ ᠲᠡᠮᠦᠷ ᠵᠠᠮ ᠵᠡᠷᠭᠡ ᠲᠦᠷᠣᠯ ᠵᠦᠢᠯ ᠢ ᠡᠷᠲᠡᠬᠡᠨ ᠪᠣᠳᠠᠲᠠᠶᠢᠵᠢᠭᠤᠯᠬᠤ ᠠᠵᠢᠯ ᠢᠶᠠᠨ ᠡᠬᠢᠯᠡᠭᠦᠯᠭᠦ ᠪᠠᠷ ᠴᠢᠷᠮᠠᠶᠢᠨ᠎ᠠ ᠃ S43 ᠨᠢᠰᠬᠡᠯ ᠤᠨ ᠪᠠᠭᠤᠳᠠᠯ ᠤᠨ | ᠳᠡᠭᠡᠳᠦ ᠬᠤᠷᠳᠤ ᠶᠢᠨ ᠵᠠᠮ ᠵᠡᠷᠭᠡ ᠲᠦᠷᠣᠯ ᠵᠦᠢᠯ ᠢ ᠠᠵᠢᠯ ᠡᠬᠢᠯᠡᠭᠦᠯᠦᠨ ᠪᠠᠶᠢᠭᠤᠯᠬᠤ ᠶᠢ ᠠᠬᠢᠭᠤᠯᠵᠤ ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 | ᠭᠠᠷᠤᠢ ᠺᠢᠯᠣᠮᠧᠲᠷ ᠰᠢᠨ᠎ᠡ ᠪᠠᠷ ᠥᠭᠡᠷᠡᠴᠢᠯᠡᠨ ᠰᠢᠨᠡᠳᠬᠡᠵᠦ ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠵᠠᠰᠠᠮᠠᠯ ᠵᠠᠮ ᠪᠠ ᠴᠢᠮᠡᠭᠡ ᠬᠤᠯᠪᠣᠭᠠᠨ ᠤ ᠲᠣᠣᠷ | ᠰᠦᠯᠵᠢᠶ᠎ᠡ ᠂ ᠮᠠᠯᠵᠢᠬᠤ ᠣᠷᠣᠨ ᠤ ᠮᠡᠳᠡᠭᠡ ᠬᠤᠯᠪᠣᠭᠠᠨ ᠤ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠭᠦᠭᠡᠬᠤᠳᠠ ᠰᠢᠨ᠎ᠡ | ᠨᠢᠰᠬᠡᠯ ᠤᠨ ᠪᠠᠭᠤᠳᠠᠯ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠰᠠᠶᠢᠲᠤᠷ ᠠᠳᠬᠤᠵᠤ ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ 3 ᠪᠠᠶᠢᠭᠤᠯᠵᠤ ᠂ ᠨᠡᠶᠢᠳᠡᠮ | ᠬᠡᠷᠡᠭᠯᠡᠬᠦ ᠠᠭᠠᠷ ᠤᠨ ᠠᠶᠠᠯᠠᠯ ᠤᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ ᠂ ᠪᠦᠭᠦ ᠣᠷᠣᠨ ᠤ ᠠᠭᠠᠷ ᠤᠨ ᠠᠶᠠᠯᠠᠯ ᠤᠨ ᠭᠤᠣᠯ ᠱᠤᠭᠤᠮ ᠢ ᠰᠠᠯᠪᠤᠷᠢ ᠱᠤᠭᠤᠮ | ᠯᠤᠭ᠎ᠠ ᠨᠡᠪᠲᠡᠷᠡᠭᠦᠯᠬᠦ ᠂ ᠪᠦᠭᠦ ᠰᠦᠯᠵᠢᠶ᠎ᠡ ᠪᠠᠷ ᠬᠤᠯᠪᠣᠬᠤ ᠶᠢ ᠠᠬᠢᠭᠤᠯᠤᠨ᠎ᠠ ᠃ ᠥᠪᠥᠷ ᠮᠣᠩᠭᠤᠯ ᠤᠨ ᠬᠡᠰᠡᠭ ᠲᠠᠬᠢ ᠬᠠᠲᠤᠨ ᠭᠤᠣᠯ ᠤᠨ ᠦᠶᠡᠷ ᠢ ᠰᠡᠷᠭᠡᠶᠢᠯᠡᠬᠦ | ᠭᠤᠷᠪᠠᠳᠤᠭᠠᠷ ᠬᠤᠭᠤᠴᠠᠭ᠎ᠠ ᠂ ᠴᠤᠤᠯ ᠭᠤᠣᠯ ᠤᠨ ᠤᠰᠤ ᠶᠢ ᠵᠠᠯᠠᠵᠤ ᠯᠢᠶᠣᠣ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ ᠂ ᠠᠶᠤᠯ ᠭᠡᠮ ᠲᠠᠢ ᠤᠰᠣᠨ | ᠴᠦᠭᠦᠷᠣᠮ ᠤᠨ ᠠᠶᠤᠯ ᠢ ᠠᠷᠢᠯᠭᠠᠨ ᠪᠠᠬᠢᠵᠢᠭᠦᠯᠬᠦ ᠵᠡᠷᠭᠡ ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ ᠂ ᠤᠰᠤ ᠵᠠᠯᠠᠵᠤ ᠲᠠᠲᠠᠬᠤ ᠭᠤᠣᠯᠯᠠᠭᠴᠢ ᠢᠨᠵᠧᠨᠧᠷᠢᠩ ᠪᠠ | ᠲᠠᠷᠢᠶᠠᠨ ᠭᠠᠵᠠᠷ ᠤᠨ ᠣᠰᠣᠨ ᠠᠰᠢᠭᠯᠠᠯᠲᠠ ᠶᠢᠨ ᠲᠦᠷᠣᠯ ᠵᠦᠢᠯ ᠢ ᠢᠳᠡᠪᠬᠢᠲᠡᠢ ᠰᠡᠳᠬᠢᠨ ᠲᠥᠯᠥᠪᠵᠢᠭᠦᠯᠦᠨ᠎ᠡ ᠃ ᠬᠤᠳᠡ ᠶᠢᠨ ᠰᠢᠨᠡᠴᠢᠯᠡᠯᠲᠡ ᠶᠢᠨ ᠠᠵᠢᠯᠯᠠᠭᠠᠨ ᠢ | ᠭᠦᠨᠵᠡᠭᠡᠢ ᠠᠬᠢᠭᠤᠯᠤᠨ ᠂ ᠬᠠᠭᠤᠴᠢᠨ ᠬᠤᠭᠤᠯᠠᠢ ᠭᠤᠤᠷᠰᠤ ᠣᠨᠴᠠᠭᠠᠶᠢᠯᠠᠨ ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠶᠢᠨ ᠥᠭᠡᠷᠡᠴᠢᠯᠡᠨ ᠰᠢᠨᠡᠳᠬᠡᠬᠦ ᠶᠢ | ᠴᠢᠩᠳᠠᠯᠠᠵᠤ ᠂ ᠬᠤᠳᠡ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠂ ᠬᠤᠳᠡ ᠶᠢᠨ ᠠᠮᠤᠷ ᠲᠦᠪᠰᠢᠨ ᠪᠠ ᠰᠠᠭᠤᠷᠢᠰᠢᠬᠤ ᠳᠤ | ᠲᠣᠬᠢᠷᠠᠬᠤ ᠴᠢᠨᠠᠷ ᠢ ᠳᠡᠭᠡᠭᠰᠢᠯᠡᠭᠦᠯᠦᠨ᠎ᠡ ᠃ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭ ᠤᠨ ᠲᠦᠷᠣᠯ ᠵᠦᠢᠯ ᠢ ᠪᠡᠯᠡᠳᠬᠡᠨ ᠠᠬᠢᠭᠤᠯᠬᠤ ᠲᠣᠭᠲᠠᠴᠠ ᠶᠢ ᠪᠠᠶᠢᠭᠤᠯᠵᠤ ᠂ | ᠠᠶᠢᠮᠠᠭ ᠬᠤᠳᠡ ᠂ ᠬᠤᠰᠢᠭᠤ ᠰᠢᠶᠠᠨ ᠤ ᠵᠢᠭᠡᠯᠡᠯᠭᠡ ᠶᠢᠨ ᠲᠡᠮᠳᠡᠭ ᠤᠨ ᠲᠦᠷᠣᠯ ᠵᠦᠢᠯ ᠳᠤ ᠵᠢᠭᠠᠨ ᠵᠢᠯᠤᠭᠤᠳᠴᠤ ᠵᠣᠬᠢᠴᠠᠭᠤᠯᠬᠤ ᠪᠠᠨ ᠴᠢᠩᠭᠠᠳᠬᠠᠨ ᠂ ᠨᠢᠭᠡ | ᠪᠦᠯᠦᠭ ᠢ ᠨᠢ ᠠᠵᠢᠯ ᠡᠬᠢᠯᠡᠭᠦᠯᠵᠦ ᠪᠦᠲᠦᠭᠡᠨ ᠪᠠᠶᠢᠭᠤᠯᠪᠠᠯ ᠲᠡᠷᠡ ᠨᠢᠭᠡ ᠪᠦᠯᠦᠭ ᠢ ᠨᠢ ᠨᠥᠭᠡᠴᠡᠯᠡᠬᠦ ᠶᠢ ᠪᠡᠶᠡᠯᠡᠭᠦᠯᠵᠦ ᠂ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ | ᠲᠦᠷᠭᠡᠬᠡᠨ ᠪᠣᠢ ᠪᠣᠯᠭᠠᠨ᠎ᠠ ᠃ | ᠬᠡᠷᠡᠭᠯᠡᠭᠡ ᠶᠢᠨ ᠪᠠᠭᠲᠠᠭᠠᠮᠵᠢ ᠪᠠᠨ ᠥᠷᠭᠡᠳᠬᠡᠨ ᠳᠡᠰ ᠳᠡᠪᠰᠢᠭᠦᠯᠭᠦ ᠶᠢ ᠦᠷᠭᠦᠯᠵᠢᠯᠡᠨ ᠠᠬᠢᠭᠤᠯᠤᠨ᠎ᠠ ᠃ ᠡᠯ᠎ᠡ ᠱᠠᠲᠤᠨ ᠤ ᠵᠠᠰᠠᠭ ᠤᠨ ᠣᠷᠳᠣᠨ ᠠᠷᠭ᠎ᠠ | ᠪᠦᠬᠦᠨ ᠢ ᠰᠦᠪᠡᠭᠴᠢᠯᠡᠵᠦ ᠪᠠᠶᠢᠭᠠᠳ ᠥᠷᠭᠡᠨ ᠤᠯᠠᠨ ᠠᠷᠠᠳ ᠲᠦᠮᠡᠨ ᠤ ︽ᠵᠣᠭᠤᠰ ᠮᠥᠩᠭᠦᠨ ᠤ ᠴᠦᠩᠬᠦ︾ ᠶᠢ ᠨᠢ ᠳᠦᠭᠦᠷᠭᠡᠵᠦ ᠂ ᠤᠯᠠᠨ ᠲᠦᠮᠡᠨ ᠤ ᠭᠠᠷ | ᠦᠵᠦᠭᠦᠷ ᠵᠠᠷᠤᠬᠤ ᠵᠣᠭᠤᠰ ᠢ ᠨᠢ ᠠᠷᠪᠢᠳᠬᠠᠪᠠᠯ ᠬᠡᠷᠡᠭᠯᠡᠭᠡ ᠰᠠᠶ᠋ᠢ ᠨᠡᠮᠡᠭᠳᠡᠨ ᠂ ᠬᠡᠷᠡᠭᠯᠡᠭᠡ ᠶᠢᠨ ᠪᠦᠲᠦᠴᠡ ᠰᠠᠶ᠋ᠢ ᠰᠠᠶᠢᠵᠢᠷᠠᠵᠤ ᠂ ᠬᠡᠷᠡᠭᠯᠡᠭᠡ ᠶᠢᠨ ᠴᠢᠨᠠᠷ ᠴᠢᠨᠰᠠᠭ᠎ᠠ | ᠳᠡᠭᠡᠭᠰᠢᠯᠡᠵᠦ ᠴᠢᠳᠠᠨ᠎ᠠ ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠣᠭᠡ ᠂ ᠬᠠᠮᠢᠶ᠎ᠠ ᠪᠦᠬᠦᠢ | ᠦᠢᠯᠡᠴᠢᠯᠡᠭᠡᠨ ᠤ ᠦᠢᠯᠡᠰ ᠲᠤ ᠳᠡᠮᠵᠢᠯᠭᠡ ᠦᠵᠡᠭᠦᠯᠭᠦ ᠲᠦᠷᠣ ᠶᠢᠨ ᠪᠣᠳᠣᠯᠭ᠎ᠠ ᠶᠢ ᠦᠷᠭᠦᠯᠵᠢᠯᠡᠭᠦᠯᠬᠦ ᠪᠠ ᠲᠡᠭᠦᠯᠳᠡᠷᠵᠢᠭᠦᠯᠵᠦ ᠂ ᠬᠡᠷᠡᠭᠯᠡᠭᠡ ᠶᠢᠨ ᠨᠡᠮᠡᠭᠳᠡᠯ ᠢ | ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠦᠢᠯᠡᠴᠢᠯᠡᠭᠡ ᠡᠵᠡᠩᠨᠡᠯᠲᠡ ᠶᠢᠨ ᠠᠵᠢᠯᠯᠠᠬᠤ | ᠳᠦᠷᠢᠮᠯᠡᠯ ᠢ ᠠᠵᠢᠯ ᠲᠦᠷᠣᠯ ᠬᠤᠪᠢᠶᠠᠵᠤ ᠪᠠᠶᠢᠭᠠᠳ ᠲᠡᠭᠦᠯᠳᠡᠷᠵᠢᠭᠦᠯᠵᠦ ᠂ ᠰᠢᠭᠤᠳ ᠣᠷᠣᠯᠴᠠᠬᠤᠢ ᠬᠡᠷᠡᠭᠯᠡᠭᠡ ᠶᠢ ᠲᠦᠷᠭᠡᠪᠴᠢᠯᠡᠨ ᠰᠡᠷᠭᠦᠭᠡᠬᠦ ᠶᠢ ᠠᠬᠢᠭᠤᠯᠵᠤ ᠂ | ᠠᠮᠠᠷᠠᠯᠲᠠ ᠶᠢᠨ ᠡᠳᠦᠷ ᠤᠨ ᠬᠡᠷᠡᠭᠯᠡᠭᠡ ᠂ ᠵᠡᠭᠡᠯᠢ ᠲᠣᠭᠤᠷᠢᠭ ᠤᠨ ᠵᠠᠬ᠎ᠠ ᠳᠡᠯᠭᠡᠭᠦᠷ ᠂ ᠳᠡᠯᠭᠡᠭᠦᠷ ᠬᠤᠳᠠᠯᠳᠤᠭᠠᠨ ᠤ ᠫᠦᠰᠡ ᠂ ᠰᠥᠨᠢ ᠶᠢᠨ ᠠᠵᠤ ᠠᠬᠤᠢ ᠵᠡᠷᠭᠡ ᠶᠢᠨ | ᠪᠦᠭᠦ ᠲᠠᠯ᠎ᠠ ᠪᠠᠷ ᠬᠥᠭᠵᠢᠭᠡᠨ ᠲᠠᠢ ᠪᠣᠯᠬᠤ ᠶᠢ ᠠᠬᠢᠭᠤᠯᠤᠨ᠎ᠠ ᠃ ᠪᠦᠭᠦ ᠤᠯᠤᠰ ᠤᠨ ᠵᠠᠬ᠎ᠠ ᠳᠡᠯᠭᠡᠭᠦᠷ ᠲᠤ ᠰᠠᠭᠤᠷᠢᠯᠠᠨ ᠵᠢᠭᠤᠯᠴᠢᠯᠠᠯ ᠤᠨ ᠬᠡᠷᠡᠭᠯᠡᠭᠡ ᠂ ᠪᠣᠬᠢᠷᠳᠤᠯ | ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠡᠷᠡᠭᠯᠡᠭᠡ ᠶᠢ ᠥᠷᠭᠡᠳᠬᠡᠨ ᠂ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ | ᠬᠡᠷᠡᠭᠯᠡᠬᠦ ᠪᠠᠨ ᠠᠬᠢᠭᠤᠯᠵᠤ ᠂ ᠭᠡᠷ ᠤᠨ ᠪᠣᠬᠢᠷᠳᠤᠯ ᠦᠭᠡᠢ ᠣᠶᠤᠨᠴᠢ ᠴᠠᠬᠢᠯᠭᠠᠨ ᠬᠡᠷᠡᠭᠰᠡᠯ ᠢᠶᠠᠨ ᠬᠥᠳᠡᠭᠡ ᠪᠠᠭᠤᠯᠭᠠᠬᠤ ᠶᠢ ᠵᠣᠷᠢᠭᠵᠢᠭᠤᠯᠤᠨ᠎ᠠ ᠃ ᠰᠢᠨ᠎ᠡ ᠬᠡᠯᠪᠡᠷᠢ ᠶᠢᠨ | ᠬᠤᠳᠠᠯᠳᠤᠭᠠᠨ ᠤ ᠲᠣᠭᠤᠷᠢᠭ ᠂ ᠰᠢᠶᠠᠨ ᠤ ᠬᠤᠳᠡ ᠶᠢᠨ ᠶᠡᠷᠦᠩᠬᠡᠶᠢᠯᠡᠭᠰᠡᠨ ᠬᠤᠳᠠᠯᠳᠤᠭᠠᠨ ᠤ ᠴᠣᠭᠴᠠ ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ ᠲᠥᠬᠦᠷᠵᠢᠭᠰᠡᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠬᠡᠷᠡᠭᠯᠡᠭᠡ ᠶᠢᠨ ᠰᠦᠯᠵᠢᠶᠡᠨ ᠳᠤ ᠪᠠ ᠰᠦᠯᠵᠢᠶᠡᠨ ᠤ ᠭᠠᠳᠠᠨ᠎ᠠ ᠠᠭᠤᠰᠤᠯᠴᠠᠨ ᠭᠦᠭᠵᠢᠭᠦ ᠶᠢ | ᠠᠬᠢᠭᠤᠯᠵᠤ ᠂ ᠡᠷᠬᠡ ᠳᠤ ᠬᠠᠯᠳᠠᠵᠤ ᠬᠤᠳᠠᠯ ᠬᠠᠭᠤᠷᠮᠠᠭ ᠢᠶᠠᠷ ᠵᠣᠬᠢᠶᠠᠬᠤ ᠳᠤ ᠴᠣᠬᠢᠯᠲᠠ ᠥᠭᠴᠦ ᠂ ᠬᠡᠷᠡᠭᠯᠡᠭᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ | ᠪᠣᠯᠭᠠᠨ᠎ᠠ ᠃ | ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠣᠨᠣᠴᠠᠲᠠᠢ ᠰᠡᠷᠭᠡᠶᠢᠯᠡᠵᠦ ᠠᠷᠢᠯᠭᠠᠨ᠎ᠠ ᠃ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠥᠷᠢ | ᠥᠭᠴᠡᠭᠡᠨ ᠤ ᠳᠠᠷᠤᠭᠠᠰᠤ ᠬᠦᠨᠳᠦ ᠪᠠ ᠲᠡᠭᠦᠨ ᠢ ᠠᠷᠢᠯᠭᠠᠬᠤ ᠳᠤ ᠬᠦᠴᠢᠷ ᠪᠠᠶᠢᠭ᠎ᠠ ᠠᠰᠠᠭᠤᠳᠠᠯ ᠳᠤ ᠴᠢᠭᠯᠡᠭᠦᠯᠦᠨ ᠂ ᠣᠷᠣᠨ ᠨᠤᠲᠤᠭ ᠤᠨ ᠬᠠᠷᠢᠭᠤᠴᠠᠯᠭ᠎ᠠ ᠪᠠ | ᠣᠨ ᠤ ᠡᠭᠦᠷᠭᠡ ᠶᠢ ᠪᠣᠳᠠᠲᠠᠶᠢᠵᠢᠭᠤᠯᠬᠤ ᠶᠢᠨ ᠬᠠᠮᠲᠤ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠢᠭᠡ ᠪᠦᠯᠦᠭ ᠢ ᠨᠢ ᠴᠡᠪᠡᠷᠯᠡᠨ ᠂ ᠨᠢᠭᠡ ᠪᠦᠯᠦᠭ ᠢ | ᠨᠢ ᠰᠣᠯᠢᠵᠤ ᠂ ᠨᠢᠭᠡ ᠪᠦᠯᠦᠭ ᠲᠤ ᠨᠢ ᠳᠠᠮ ᠬᠦᠦ ᠥᠭᠴᠦ ᠂ ᠨᠢᠭᠡ ᠪᠦᠯᠦᠭ ᠢ ᠨᠢ ᠬᠤᠪᠢᠶᠠᠷᠢᠯᠠᠨ ᠰᠢᠯᠵᠢᠭᠦᠯᠬᠦ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠦᠨᠳᠦᠰᠦᠨ | ᠱᠠᠲᠤᠨ ᠤ ᠬᠢ ᠶᠢ ᠪᠦᠭᠦ ᠬᠦᠴᠦ ᠪᠠᠷ ᠢᠶᠠᠨ ᠬᠠᠪᠰᠣᠷᠣᠨ ᠪᠠᠶᠢᠵᠤ ᠥᠷᠢ ᠥᠭᠴᠡᠭᠡ ᠶᠢ ᠨᠢ ᠠᠷᠢᠯᠭᠠᠨ᠎ᠠ ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ | ᠴᠢᠩᠳᠠᠯᠠᠵᠤ ᠂ ᠲᠥᠰᠥᠪ ᠤᠨ ᠠᠮᠵᠢᠯᠲᠠ ᠪᠦᠳᠣᠮᠵᠢ ᠶᠢᠨ ᠬᠠᠮᠢᠶᠠᠷᠤᠯᠲᠠ ᠶᠢ ᠴᠢᠩᠳᠠᠯᠠᠨ ᠂ ᠳᠠᠯᠳᠡ ᠴᠢᠨᠠᠷᠲᠠᠢ ᠥᠷᠢ ᠥᠭᠴᠡᠭᠡ ᠶᠢᠨ ᠰᠢᠨ᠎ᠡ ᠪᠠᠷ ᠨᠡᠮᠡᠭᠳᠡᠬᠦ ᠶᠢ ᠡᠷᠡᠰ | ᠬᠤᠷᠢᠭᠯᠠᠵᠤ ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠂ ᠭᠠᠶᠢᠯᠢ ᠶᠢ ᠳᠠᠷᠤᠵᠤ ᠭᠠᠶᠢᠯᠢ ᠲᠤᠰᠢᠶᠠᠬᠤ ᠠᠴᠠ ᠵᠠᠶᠢᠯᠠᠬᠤ ᠂ | ᠡᠳ᠋ ᠤᠨ ᠶᠠᠪᠤᠳᠠᠯ ᠢ ᠬᠠᠭᠤᠷᠮᠠᠭ ᠢᠶᠠᠷ ᠵᠣᠬᠢᠶᠠᠬᠤ ᠵᠡᠷᠭᠡ ᠦᠢᠯᠨ ᠠᠵᠢᠯᠯᠠᠭ᠎ᠠ ᠶᠢ ᠡᠷᠡᠰ ᠬᠤᠷᠢᠭᠯᠠᠨ᠎ᠠ ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ ᠂ ᠮᠥᠩᠭᠦᠨ ᠭᠦᠢᠯᠭᠡᠭᠡᠨ ᠤ ᠬᠠᠮᠵᠢᠯᠴᠠᠨ ᠬᠢᠨᠠᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ ᠂ ᠠᠵᠤ ᠠᠬᠤᠶᠢᠯᠠᠯ ᠤᠨ | ᠥᠪᠡᠷ ᠢᠶᠠᠨ ᠲᠡᠩᠬᠡᠷᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠢ ᠴᠢᠩᠳᠠᠯᠠᠵᠤ ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ ᠂ ᠢᠲᠡᠭᠡᠮᠵᠢ ᠶᠢᠨ ᠲᠦᠷᠣᠯ ᠤᠨ ᠵᠢᠭᠡᠯᠡᠯᠭᠡ ᠶᠢᠨ ᠲᠡᠮᠳᠡᠭ ᠤᠨ ᠭᠡᠷ᠎ᠡ ᠠᠴᠠ ᠵᠥᠷᠢᠴᠡᠬᠦ | ᠲᠦᠭᠰᠢᠭᠦᠷᠢ ᠶᠢ ᠰᠡᠷᠭᠡᠶᠢᠯᠡᠵᠦ ᠠᠷᠢᠯᠭᠠᠨ᠎ᠠ ᠃ ᠬᠤᠳᠡ ᠶᠢᠨ ᠪᠠᠶᠢᠳᠠᠯ ᠳᠤ ᠨᠢ ᠲᠣᠬᠢᠷᠠᠭᠤᠯᠤᠨ ᠪᠣᠳᠣᠯᠭ᠎ᠠ ᠬᠡᠷᠡᠭᠵᠢᠭᠦᠯᠵᠦ ᠪᠠᠶᠢᠭᠠᠳ ᠭᠡᠷ ᠪᠠᠶᠢᠰᠢᠩ ᠭᠠᠵᠠᠷ | ᠬᠥᠷᠥᠩᠭᠡ ᠶᠢᠨ ᠲᠣᠬᠢᠷᠠᠭᠤᠯᠭ᠎ᠠ ᠡᠵᠡᠮᠳᠡᠯ ᠢ ᠰᠠᠶᠢᠲᠤᠷ ᠬᠢᠵᠦ ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠡᠷ᠎ᠡ ᠭᠦᠢᠴᠡᠳᠬᠡᠬᠦ ᠶᠢᠨ | ᠲᠦᠭᠰᠢᠭᠦᠷᠢ ᠶᠢ ᠯᠠᠪᠳᠠᠭᠤᠨ ᠪᠠᠲᠤᠲᠠᠢ ᠰᠢᠢᠳᠪᠦᠷᠢᠯᠡᠨ᠎ᠡ ᠃ | ︵ᠬᠤᠶᠠᠷ︶ ᠠᠵᠤ ᠦᠢᠯᠡᠰ ᠢ ᠲᠣᠭᠲᠠᠭᠤᠨ ᠪᠠᠶᠢᠯᠭᠠᠵᠤ ᠬᠡᠯᠬᠢᠶᠡᠰᠦ ᠶᠢ ᠴᠢᠩᠭᠠᠷᠠᠭᠤᠯᠤᠨ ᠬᠥᠳᠡᠯᠭᠡᠭᠦ ᠴᠢᠳᠠᠮᠵᠢ ᠶᠢ ᠪᠣᠢ ᠪᠣᠯᠭᠠᠬᠤ ᠪᠠᠷ ᠬᠦᠴᠦᠯᠡᠨ | ᠴᠢᠷᠮᠠᠶᠢᠵᠤ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠦᠨᠳᠦᠰᠦᠨ ᠰᠠᠭᠤᠷᠢ ᠶᠢ ᠪᠠᠬᠢᠵᠢᠭᠦᠯᠦᠨ᠎ᠡ ᠃ ᠤᠯᠤᠰ ᠤᠨ ᠡᠨᠧᠷᠬᠢ ᠶᠢᠨ ᠠᠮᠤᠷ ᠲᠦᠪᠰᠢᠨ ᠂ ᠠᠮᠤ | ᠪᠤᠳᠠᠭᠠᠨ ᠤ ᠠᠮᠤᠷ ᠲᠦᠪᠰᠢᠨ ᠂ ᠠᠵᠤ ᠦᠢᠯᠡᠰ ᠤᠨ ᠠᠮᠤᠷ ᠲᠦᠪᠰᠢᠨ ᠂ ᠠᠮᠢ ᠠᠬᠤᠢ ᠶᠢᠨ ᠠᠮᠤᠷ ᠲᠦᠪᠰᠢᠨ ᠢ ᠨᠡᠩ ᠰᠠᠶᠢᠨ ᠪᠠᠲᠤᠯᠠᠬᠤ ᠶᠢᠨ ᠲᠣᠭᠤᠷᠢᠨ ᠳᠤ ᠂ | ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ | ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠂ ᠰᠢᠨ᠎ᠡ ᠡᠨᠧᠷᠬᠢ ᠂ ᠰᠢᠨ᠎ᠡ ᠮᠠᠲ᠋ᠧᠷᠢᠶᠠᠯ ᠂ ᠰᠢᠨ᠎ᠡ | ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠂ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠂ ᠠᠮᠢᠳᠤ ᠪᠣᠳᠠᠰ ᠤᠨ ᠡᠮ ᠡᠮᠨᠡᠯᠭᠡ ᠂ ᠲᠣᠭᠠᠵᠢᠯᠲᠤ ᠠᠵᠤ | ᠠᠬᠤᠢ ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠦᠨ ᠪᠠᠶᠢᠭᠤᠯᠵᠤ ᠂ ᠭᠤᠣᠯᠳᠠᠯᠭ᠎ᠠ ᠪᠣᠯᠬᠤ 12 ᠠᠵᠤ | ᠦᠢᠯᠡᠰ ᠤᠨ ᠬᠡᠯᠬᠢᠶ᠎ᠡ ᠶᠢ ᠤᠷᠢᠳ ᠢᠶᠠᠷ ᠪᠠᠶᠢᠭᠤᠯᠤᠨ ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠵᠤ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠳᠠᠶᠢᠴᠢᠯᠠᠨ᠎ᠠ ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠢ ᠪᠥᠭᠡᠳ ᠥᠨᠳᠥᠷ | ᠪᠦᠲᠦᠮᠵᠢᠲᠠᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠠᠬᠢᠭᠤᠯᠤᠨ᠎ᠠ ᠃ ᠪᠦᠲᠦᠭᠡᠭᠳᠡᠬᠦᠨ ᠤ ᠵᠦᠢᠯ ᠢ ᠰᠢᠯᠢᠳᠡᠭᠵᠢᠭᠦᠯᠬᠦ ᠂ ᠶᠠᠰᠤ ᠴᠢᠨᠠᠷ ᠢ ᠨᠢ | ᠳᠡᠭᠡᠭᠰᠢᠯᠡᠭᠦᠯᠬᠦ ᠂ ᠨᠡᠷᠡᠲᠦ ᠲᠡᠮᠳᠡᠭ ᠢ ᠪᠣᠢ ᠪᠣᠯᠭᠠᠬᠤ ᠶᠢ ᠨᠡᠩ ᠴᠢᠬᠤᠯᠠᠴᠢᠯᠠᠨ ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠤᠨᠠᠯᠲᠠ ᠭᠠᠷᠤᠯᠲᠠ ᠶᠢᠨ ᠲᠣᠮᠣ ᠣᠷᠣᠨ | ᠪᠠᠶᠢᠭᠰᠠᠨ ᠠᠴᠠ ᠪᠠᠨ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠲᠡᠶᠢᠰᠢ ᠳᠠᠪᠰᠢᠬᠤ ᠶᠢ ᠠᠬᠢᠭᠤᠯᠤᠨ᠎ᠠ ᠃ ᠦᠷ᠎ᠡ | ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠂ | ᠰᠠᠶᠢᠨ ᠡᠭᠦᠯᠳᠡᠷᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠂ ᠰᠢᠯᠢᠳᠡᠭ ᠳᠠᠪᠠᠭᠤᠯᠢᠭ ᠣᠨᠴᠠᠯᠢᠭ ᠲᠠᠢ ᠦᠷ᠎ᠡ ᠡᠭᠦᠯᠳᠡᠷ ᠢ ᠪᠣᠶᠢᠵᠢᠭᠤᠯᠬᠤ ᠭᠤᠷᠪᠠᠨ ᠲᠣᠮᠣ | ᠢᠨᠵᠧᠨᠧᠷᠢᠩ ᠢ ᠲᠥᠪᠯᠡᠷᠡᠭᠦᠯᠦᠨ ᠠᠬᠢᠭᠤᠯᠤᠨ᠎ᠠ ᠃ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ ᠂ ᠰᠢᠯᠢᠳᠡᠭ | ᠰᠠᠶᠢᠨ ᠦᠷ᠎ᠡ ᠶᠢᠨ ᠢᠷᠡᠯᠲᠡ ᠂ ᠲᠡᠵᠢᠭᠡᠯ ᠡᠪᠡᠰᠦ ᠂ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠤᠨ ᠂ ᠢᠯᠢ ᠶᠢᠨ ᠣᠳᠣ ᠦᠶ᠎ᠡ ᠶᠢᠨ ᠣᠶᠤᠨᠯᠢᠭ | ᠡᠷᠡᠭᠦᠯ ᠮᠡᠨᠳᠦ ᠶᠢᠨ ᠵᠢᠯᠠᠭ᠎ᠠ ᠂ ᠮᠧᠩ ᠨᠢᠦ ᠳᠤᠮᠳᠠᠲᠤ ᠤᠯᠤᠰ ᠤᠨ ᠰᠦ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠴᠢᠬᠤᠯᠠ ᠶᠡᠭᠡ ᠲᠥᠷᠥᠯ ᠵᠦᠢᠯ ᠢ ᠰᠠᠶᠢᠲᠤᠷ | ᠪᠠᠶᠢᠭᠤᠯᠤᠨ ᠂ ︽ᠨᠢᠭᠡ ᠰᠢᠷᠬᠡᠭ ᠡᠪᠡᠰᠦ ᠶᠢ ᠰᠠᠶᠢᠨ ᠲᠠᠷᠢᠬᠤ ᠠᠴᠠ ᠨᠢᠭᠡ ᠴᠣᠮᠣ ᠴᠢᠨᠠᠷ ᠰᠠᠶᠢᠲᠠᠢ ᠰᠦ ᠤᠤᠭᠤᠬᠤ ᠬᠦᠷᠲᠡᠯᠡᠬᠢ︾ ᠪᠦᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠬᠦ ᠳᠤ ᠰᠠᠭᠤᠷᠢ ᠶᠢ ᠰᠠᠶᠢᠨ ᠲᠠᠯᠪᠢᠨ᠎ᠠ ᠃ ᠲᠠᠷᠢᠶᠠᠯᠠᠩ ᠮᠠᠯ ᠠᠵᠤ ᠠᠬᠤᠢ ᠶᠢᠨ ᠡᠷᠴᠢᠮᠵᠢᠬᠦ ᠂ ᠬᠡᠪᠴᠢᠶᠡᠵᠢᠬᠦ ᠂ ᠳᠡᠭᠡᠳᠦ | ᠳᠡᠰᠴᠢᠯᠡᠬᠦ ᠬᠥᠭᠵᠢᠯᠲᠡ ᠶᠢ ᠲᠦᠷᠭᠡᠳᠬᠡᠨ ᠠᠬᠢᠭᠤᠯᠵᠤ ᠂ ᠰᠦ ᠰᠠᠭᠠᠯᠢ ᠶᠢᠨ ᠦᠢᠯᠡᠰ ᠡᠷᠳᠡᠨᠢ ᠰᠢᠰᠢ ᠶᠢᠨ ᠮᠢᠩᠭᠠᠨ ᠳ᠋ᠦᠩᠰᠢᠭᠤᠷ ᠳᠡᠰ ᠤᠨ ᠬᠤᠶᠠᠷ ᠠᠵᠤ ᠦᠢᠯᠡᠰ | ᠪᠠ ᠠᠯᠠᠰᠢᠨ ᠦᠬᠡᠷ ᠂ ᠠᠯᠠᠰᠢᠨ ᠬᠤᠨᠢ ᠂ ᠢᠮᠠᠭᠠᠨ ᠨᠣᠣᠯᠣᠭᠤᠷ᠂ ᠲᠥᠮᠥᠰᠥ ᠵᠡᠷᠭᠡ ᠵᠠᠭᠤᠨ ᠳ᠋ᠦᠩᠰᠢᠭᠤᠷ ᠳᠡᠰ ᠤᠨ ᠠᠵᠤ ᠦᠢᠯᠡᠰ ᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ︽ | ᠥᠪᠥᠷ ᠮᠣᠩᠭᠤᠯ︾ ᠨᠡᠷᠡᠮᠵᠢᠲᠦ ᠨᠡᠷᠡᠲᠦ ᠲᠡᠮᠳᠡᠭ ᠤᠨ ᠮᠠᠭᠠᠳᠯᠠᠯᠲᠠ ᠪᠠᠷ ᠬᠥᠲᠥᠯᠥᠭᠦᠷ ᠪᠣᠯᠭᠠᠵᠤ ᠨᠢᠭᠡ ᠪᠦᠯᠦᠭ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠡᠷᠡᠲᠦ ᠲᠡᠮᠳᠡᠭ ᠪᠠ ᠪᠦᠲᠦᠭᠡᠭᠳᠡᠬᠦᠨ ᠤ ᠨᠡᠷᠡᠲᠦ ᠲᠡᠮᠳᠡᠭ ᠢ ᠠᠯᠳᠠᠷᠰᠢᠯᠠᠭᠤᠯᠤᠨ ᠳᠠᠭᠤᠷᠢᠰᠬᠠᠨ᠎ᠠ ᠃ ᠠᠮᠤ ᠪᠤᠳᠠᠭ᠎ᠠ ᠶᠢᠨ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠨ ᠂ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠠᠢ ᠪᠠᠷ | ᠤᠨᠠᠯᠲᠠ ᠪᠠᠨ ᠨᠡᠮᠡᠭᠳᠡᠭᠦᠯᠦᠭᠰᠡᠨ ᠵᠢᠱᠢᠶ᠎ᠡ ᠦᠵᠡᠭᠦᠯᠬᠦ ᠠᠵᠢᠯᠯᠠᠭᠠᠨ ᠢ ᠬᠡᠷᠡᠭᠵᠢᠭᠦᠯᠵᠦ ᠂ ᠠᠮᠤ ᠪᠤᠳᠠᠭᠠᠨ ᠤ ᠲᠠᠷᠢᠬᠤ ᠲᠠᠯᠠᠪᠠᠢ ᠪᠠ ᠤᠨᠠᠯᠲᠠ ᠶᠢ ᠲᠣᠭᠲᠠᠪᠤᠷᠢᠵᠢᠭᠤᠯᠤᠨ ᠂ | ᠰᠢᠷ᠎ᠠ ᠪᠤᠷᠴᠠᠭ ᠢ 500 ᠲᠦᠮᠡᠨ ᠮᠦ ᠲᠠᠯᠠᠪᠠᠢ ᠥᠷᠭᠡᠳᠬᠡᠨ ᠲᠠᠷᠢᠬᠤ ᠡᠭᠦᠷᠭᠡ ᠪᠠᠨ ᠪᠡᠶᠡᠯᠡᠭᠦᠯᠵᠦ ᠂ 400 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠂ 1350 ᠲᠦᠮᠡᠨ ᠮᠦ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠬᠤ ᠴᠢᠨᠠᠷᠲᠠᠢ ᠪᠠᠷ ᠲᠠᠷᠢᠶᠠᠯᠠᠬᠤ ᠡᠭᠦᠷᠭᠡ ᠶᠢ ᠰᠠᠶᠢᠲᠤᠷ | ᠠᠳᠬᠤᠨ ᠂ ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ ᠠᠰᠢᠭᠯᠠᠬᠤ ᠪᠠᠨ ᠴᠢᠩᠭᠠᠳᠬᠠᠵᠤ ᠂ ᠨᠡᠩ ᠣᠯᠠᠨ ᠲᠠᠷᠢᠶᠠᠨ ᠭᠠᠵᠠᠷ ᠢ ᠰᠠᠶᠢᠨ ᠲᠠᠷᠢᠶ᠎ᠠ | ᠪᠣᠯᠭᠠᠨ᠎ᠠ ᠃ ︽ᠬᠤᠯᠢᠰᠢᠨ ᠢᠳᠡᠭᠡ︾ ᠶᠢ ᠲᠡᠭᠦᠯᠳᠡᠷᠵᠢᠭᠦᠯᠦᠨ ᠂ ᠭᠤᠣᠯᠳᠠᠯᠭ᠎ᠠ ᠪᠣᠯᠬᠤ ᠬᠤᠲᠠ ᠶᠢᠨ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ ᠂ ᠦᠢᠯᠡᠳᠪᠦᠷᠢᠯᠡᠵᠦ ᠬᠠᠩᠭᠠᠬᠤ ᠲᠠᠯ᠎ᠠ ᠶᠢᠨ ᠥᠪᠡᠰᠦᠪᠡᠨ ᠬᠠᠩᠭᠠᠬᠤ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ ᠃ | ᠡᠨᠧᠷᠬᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢᠶᠠᠨ ᠰᠢᠯᠢᠳᠡᠭᠵᠢᠭᠦᠯᠵᠦ ᠳᠡᠰ ᠳᠡᠪᠰᠢᠭᠦᠯᠬᠦ ᠶᠢ ᠬᠦᠴᠦᠲᠡᠢ ᠠᠬᠢᠭᠤᠯᠤᠨ᠎ᠠ ᠃ | ᠡᠨᠡ ᠬᠦ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠵᠦ ᠂ ︽ᠬᠤᠶᠠᠷ ᠢ ᠤᠷᠢᠳ ᠢᠶᠠᠷ ᠴᠣᠭᠴᠠᠯᠠᠬᠤ︾ ᠂ ︽ᠬᠤᠶᠠᠷ ᠢ ᠳᠠᠪᠠᠭᠤᠯᠬᠤ︾ | ᠶᠢᠨ ᠬᠠᠷᠠᠯᠲᠠ ᠳᠤ ᠴᠢᠭᠯᠡᠭᠦᠯᠦᠨ ᠂ ᠥᠪᠥᠷ ᠮᠣᠩᠭᠤᠯ ᠤᠨ ᠵᠡᠭᠦᠨ ᠬᠡᠰᠡᠭ ᠂ ᠥᠪᠥᠷ ᠮᠣᠩᠭᠤᠯ ᠤᠨ ᠪᠠᠷᠠᠭᠤᠨ ᠬᠡᠰᠡᠭ ᠲᠠᠬᠢ ᠮᠢᠩᠭᠠᠨ ᠲᠦᠮᠡᠨ ᠺᠢᠯᠣᠸᠠᠲ ᠳᠡᠰ ᠤᠨ | ᠰᠢᠨ᠎ᠡ ᠡᠨᠧᠷᠬᠢ ᠶᠢᠨ ᠰᠠᠭᠤᠷᠢᠨ ᠭᠠᠵᠠᠷ ᠪᠠ ᠤᠰᠤ ᠲᠠᠲᠠᠵᠤ ᠡᠨᠧᠷᠬᠢ ᠬᠠᠳᠠᠭᠠᠯᠠᠬᠤ ᠴᠠᠬᠢᠯᠭᠠᠨ ᠥᠷᠲᠡᠭᠡ ᠂ ᠰᠢᠨ᠎ᠡ ᠬᠡᠯᠪᠡᠷᠢ ᠶᠢᠨ ᠡᠨᠧᠷᠬᠢ ᠨᠥᠭᠡᠴᠡᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠡᠯᠡᠰᠦ ᠮᠠᠩᠬ᠎ᠠ ᠭᠤᠪᠢ ᠴᠦᠯ ᠤᠨ ᠪᠦᠰᠡ ᠳᠠᠬᠢ ᠶᠡᠭᠡ ᠬᠡᠪᠴᠢᠶ᠎ᠡ ᠪᠠᠷ ᠰᠢᠨ᠎ᠡ ᠡᠨᠧᠷᠬᠢ ᠶᠢ ᠨᠡᠭᠡᠭᠡᠨ | ᠠᠰᠢᠭᠯᠠᠬᠤ ᠲᠥᠯᠦᠪᠵᠢᠭᠦᠯᠭᠡ ᠶᠢᠨ ᠪᠠᠶᠢᠷᠢᠰᠢᠭᠤᠯᠤᠯ ᠢ ᠲᠦᠷᠭᠡᠳᠬᠡᠨ ᠂ ᠴᠠᠬᠢᠯᠭᠠᠨ ᠰᠤᠷᠪᠤᠯᠵᠢ ᠪᠠ ᠲᠣᠣᠷ ᠳᠠᠭᠠᠭᠠᠴᠠ ᠨᠥᠭᠡᠴᠡ ᠂ ᠰᠠᠯᠬᠢ ᠭᠡᠷᠡᠯ ᠴᠡᠨᠡᠭ ᠢᠯᠴᠢ | ᠨᠥᠭᠡᠴᠡ ᠡᠨᠧᠷᠬᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠢ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠲᠦᠷᠭᠡᠳᠬᠡᠵᠦ ᠂ ᠰᠠᠯᠬᠢ ᠭᠡᠷᠡᠯ ᠤᠰᠦᠳᠦ᠋ᠷᠦᠭᠴᠢ | ᠨᠥᠭᠡᠴᠡ ᠡᠨᠧᠷᠬᠢ ᠶᠢᠨ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠵᠤ ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠠᠮᠤᠷ ᠲᠦᠪᠰᠢᠨ ᠂ ᠤᠶᠠᠨ ᠬᠠᠲᠠᠨ ᠂ | ᠥᠨᠳᠥᠷ ᠪᠦᠲᠦᠮᠵᠢᠲᠦ ᠰᠢᠰᠲ᠋ᠧᠮ ᠢ ᠪᠠᠶᠢᠭᠤᠯᠤᠨ ᠂ ᠰᠢᠨ᠎ᠡ ᠡᠨᠧᠷᠬᠢ ᠶᠢᠨ ᠲᠣᠣᠷ ᠲᠤ ᠨᠡᠶᠢᠯᠡᠭᠦᠯᠬᠦ ᠬᠡᠪᠴᠢᠶ᠎ᠡ ᠶᠢ 2000 ᠲᠦᠮᠡᠨ ᠺᠢᠯᠣᠸᠠᠲ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠵᠦ ᠂ ᠳᠠᠬᠢᠨ ᠡᠭᠦᠰᠴᠦ ᠪᠣᠯᠬᠤ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠢ 40% ᠠᠴᠠ ᠢᠯᠡᠭᠦᠦ ᠪᠣᠯᠭᠠᠨ | ᠳᠡᠭᠡᠭᠰᠢᠯᠡᠭᠦᠯᠦᠨ᠎ᠡ ᠃ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠢᠳᠡᠪᠬᠢᠲᠡᠢ ᠪᠡᠯᠡᠳᠬᠡᠨ | ᠪᠠᠶᠢᠭᠤᠯᠵᠤ ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠬᠦᠴᠦᠲᠡᠢ | ᠬᠥᠭᠵᠢᠭᠦᠯᠦᠨ ᠂ ᠮᠢᠩᠭᠠᠨ ᠳ᠋ᠦᠩᠰᠢᠭᠤᠷ ᠳᠡᠰ ᠤᠨ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠯᠦᠭᠵᠢᠯ ᠪᠠ | ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠂ ᠡᠨᠧᠷᠬᠢ ᠬᠠᠳᠠᠭᠠᠯᠠᠬᠤ ᠲᠥᠬᠦᠭᠡᠷᠦᠮᠵᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠲᠥᠪᠯᠡᠷᠡᠭᠦᠯᠦᠨ | ᠪᠠᠶᠢᠭᠤᠯᠤᠨ᠎ᠠ ᠃ ᠡᠨᠧᠷᠬᠢ ᠶᠢᠨ ᠥᠭᠡᠷᠡᠴᠢᠯᠡᠯᠲᠡ ᠶᠢ ᠬᠠᠮᠵᠢᠯᠴᠠᠵᠤ ᠬᠤᠯᠪᠤᠭᠠᠯᠠᠨ ᠭᠦᠨᠵᠡᠭᠡᠶᠢᠷᠡᠭᠦᠯᠵᠦ ᠂ ᠴᠡᠪᠡᠷ ᠡᠨᠧᠷᠬᠢ ᠶᠢ ᠪᠠᠭᠲᠠᠭᠠᠨ ᠰᠢᠩᠭᠡᠭᠡᠬᠦ ᠤᠷᠲᠤ | ᠬᠤᠭᠤᠴᠠᠭᠠᠨ ᠤ ᠪᠦᠲᠦᠮᠵᠢᠲᠠᠢ ᠲᠣᠭᠲᠠᠴᠠ ᠶᠢ ᠪᠠᠶᠢᠭᠤᠯᠤᠨ ᠂ ᠰᠢᠨ᠎ᠡ ᠡᠨᠧᠷᠬᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠵᠦ ᠂ | ᠡᠨᠧᠷᠬᠢ ᠶᠢᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ ᠃ ᠴᠡᠪᠡᠷ ᠡᠨᠧᠷᠬᠢ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ | ᠭᠠᠷᠤᠯᠲᠠ ᠶᠢ ᠬᠠᠶᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ ᠂ ᠪᠠᠴᠢᠮ ᠪᠠᠶᠢᠳᠠᠯ ᠢ ᠠᠷᠭᠠᠴᠠᠭᠠᠬᠤ ᠲᠠᠯ᠎ᠠ ᠳᠠᠬᠢ ᠨᠡᠭᠦᠷᠡᠰᠦᠨ ᠤ ᠦᠢᠯᠡᠳᠪᠦᠷᠢᠯᠡᠬᠦ ᠴᠢᠳᠠᠮᠵᠢ ᠶᠢᠨ | ᠨᠥᠭᠡᠴᠡ ᠶᠢ ᠨᠡᠮᠡᠭᠳᠡᠭᠦᠯᠵᠦ ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠭᠦᠷᠭᠡᠭᠦ ᠵᠠᠮ ᠬᠤᠭᠤᠯᠠᠢ ᠪᠠ ᠲᠥᠬᠦᠷᠵᠢᠭᠰᠡᠨ ᠴᠠᠬᠢᠯᠭᠠᠨ ᠰᠣᠷᠪᠣᠯᠵᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠥᠪᠥᠷ ᠮᠣᠩᠭᠤᠯ ᠤᠨ ᠪᠠᠷᠠᠭᠤᠨ ᠳᠠᠬᠢ ᠴᠠᠬᠢᠯᠭᠠᠨ ᠬᠦᠴᠦᠨ ᠤ ᠲᠣᠣᠷ ᠤᠨ ᠵᠡᠭᠦᠨ ᠬᠡᠰᠡᠭ ᠤᠨ | ᠲᠡᠭᠦᠰᠬᠡᠯ ᠦᠵᠦᠭᠦᠷ ᠤᠨ ᠴᠠᠬᠢᠯᠭᠠᠨ ᠬᠦᠴᠦᠨ ᠤ ᠲᠣᠣᠷᠯᠢᠭ ᠪᠠ ᠴᠠᠬᠢᠯᠭᠠᠨ ᠰᠤᠷᠪᠤᠯᠵᠢ ᠶᠢᠨ ᠲᠤᠯᠭᠠᠭᠤᠷᠢᠯᠠᠬᠤ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ ᠂ | ᠴᠠᠬᠢᠯᠭᠠᠨ ᠬᠦᠴᠦᠨ ᠤ ᠭᠦᠢᠴᠡᠳ ᠬᠠᠩᠭᠠᠬᠤ ᠶᠢ ᠠᠬᠢᠭᠤᠯᠤᠨ ᠂ ᠨᠡᠭᠦᠷᠡᠰᠦ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠢᠶᠠᠨ ᠰᠠᠶᠢᠲᠤᠷ ᠬᠢᠨ᠎ᠡ ᠃ | ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ ᠂ ᠳᠡᠭᠡᠳᠦ ᠳᠡᠰ ᠤᠨ ᠮᠠᠲ᠋ᠧᠷᠢᠶᠠᠯ ᠪᠠ ᠦᠵᠦᠭᠦᠷ ᠤᠨ ᠦᠢᠯᠡᠳᠬᠦᠨ ᠳᠤ ᠭᠤᠣᠯᠳᠠᠯᠭ᠎ᠠ ᠲᠠᠢ | ᠰᠢᠪᠲᠤᠯᠤᠯᠲᠠ ᠬᠢᠵᠦ ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠪᠠ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ ᠃ | ᠦᠢᠯᠡᠳᠬᠦ ᠦᠢᠯᠡᠰ ᠤᠨ ᠳᠡᠭᠡᠳᠦ ᠳᠡᠰᠵᠢᠬᠦ ᠂ ᠣᠶᠤᠨᠴᠢᠯᠠᠬᠤ ᠪᠠ ᠪᠣᠬᠢᠷᠳᠤᠯ ᠦᠭᠡᠢ ᠪᠠᠷ ᠬᠥᠭᠵᠢᠬᠦ ᠶᠢ ᠬᠦᠴᠦᠯᠡᠨ ᠠᠬᠢᠭᠤᠯᠤᠨ᠎ᠠ ᠃ ᠦᠢᠯᠡᠣᠡᠭᠦ ᠦᠢᠯᠡᠰ ᠂ | ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠣ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ ᠂ | ᠬᠡᠯᠬᠢᠶ᠎ᠡ ᠶᠢ ᠨᠢ ᠤᠷᠲᠤᠳᠬᠠᠨ ᠬᠡᠯᠬᠢᠶ᠎ᠡ ᠶᠢ ᠨᠢ ᠨᠥᠬᠦᠪᠦᠷᠢᠯᠡᠬᠦ ᠬᠡᠯᠬᠢᠶ᠎ᠡ ᠶᠢ ᠨᠢ ᠴᠢᠩᠭᠠᠷᠠᠭᠤᠯᠬᠤ ᠠᠵᠢᠯᠯᠠᠭᠠᠨ ᠢ ᠬᠡᠷᠡᠭᠵᠢᠭᠦᠯᠵᠦ ᠂ ᠠᠵᠤ ᠦᠢᠯᠡᠰ ᠤᠨ ᠰᠠᠭᠤᠷᠢ ᠶᠢ | ᠳᠠᠬᠢᠨᠲᠠ ᠪᠠᠶᠢᠭᠤᠯᠬᠤ ᠨᠢᠭᠡ ᠪᠦᠯᠦᠭ ᠢᠨᠵᠧᠨᠧᠷᠢᠩ ᠤᠨ ᠲᠦᠷᠣᠯ ᠵᠦᠢᠯ ᠢ ᠡᠬᠢᠯᠡᠭᠦᠯᠵᠦ ᠂ ᠨᠢᠭᠡ ᠪᠦᠯᠦᠭ ᠲᠤᠰᠬᠠᠢ ᠨᠠᠷᠢᠯᠢᠭ ᠣᠨᠴᠠ ᠰᠢᠨ᠎ᠡ ︽ᠬᠡᠪᠴᠢᠶ᠎ᠡ ᠨᠢ | ᠵᠢᠵᠢᠭ ᠪᠣᠯᠪᠠᠴᠤ ᠬᠥᠭᠵᠢᠯᠲᠡ ᠰᠠᠶᠢᠲᠠᠢ ᠠᠪᠤᠷᠭᠤ︾ ᠠᠵᠤ ᠠᠬᠤᠶᠢᠯᠠᠯ ᠢ ᠪᠣᠢ ᠪᠣᠯᠭᠠᠨ ᠂ ᠨᠢᠭᠡ ᠪᠦᠯᠦᠭ ᠮᠢᠩᠭᠠᠨ ᠳ᠋ᠦᠩᠰᠢᠭᠤᠷ ᠳᠡᠰ ᠤᠨ ᠳᠠᠪᠠᠭᠤᠯᠢᠭ | ᠣᠨᠴᠠᠯᠢᠭ ᠲᠠᠢ ᠠᠵᠤ ᠦᠢᠯᠡᠰ ᠢ ᠪᠣᠢ ᠪᠣᠯᠭᠠᠨ᠎ᠠ ᠃ ᠴᠡᠷᠢᠭ ᠤᠨ ᠠᠵᠤ ᠦᠢᠯᠡᠳᠪᠦᠷᠢ ᠶᠢᠨ ᠳᠠᠪᠠᠭᠤᠯᠢᠭ ᠢ ᠪᠠᠳᠠᠷᠠᠭᠤᠯᠤᠨ ᠂ ᠪᠤᠭᠤᠲᠤ ᠶᠢᠨ ᠴᠡᠷᠢᠭ ᠪᠠ ᠠᠷᠠᠳ ᠤᠨ | ᠬᠡᠷᠡᠭᠴᠡᠭᠡ ᠶᠢ ᠠᠭᠤᠰᠤᠯᠴᠠᠭᠤᠯᠤᠭᠰᠠᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ ᠃ ᠡᠨᠧᠷᠬᠢ ᠂ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ | ᠴᠠᠷᠠᠭᠠᠨ ᠳᠤ ᠠᠵᠤ ᠠᠬᠤᠶᠢᠯᠠᠯ ᠤᠨ ᠳᠡᠰ ᠤᠨ ᠂ ᠠᠵᠢᠯ ᠲᠦᠷᠦᠯ ᠤᠨ ᠳᠡᠰ ᠤᠨ ᠂ ᠣᠷᠣᠨ ᠪᠦᠰᠡ ᠶᠢᠨ ᠳᠡᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠲᠠᠪᠴᠠᠩ ᠢ 10 ᠪᠠᠶᠢᠭᠤᠯᠵᠤ ᠂ ᠣᠶᠤᠨᠴᠢᠯᠠᠭᠰᠠᠨ ᠦᠢᠯᠡᠳᠪᠦᠷᠢ ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠮᠬᠢᠯᠡᠵᠦ ᠨᠡᠶᠢᠯᠡᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠂ ᠣᠷᠣᠨ ᠪᠦᠰᠡ ᠶᠢᠨ | ᠦᠨᠡᠯᠡᠨ ᠵᠢᠱᠢᠬᠦ ᠶᠢ ᠪᠡᠶᠡᠯᠡᠭᠦᠯᠵᠦ ᠂ ᠬᠦᠷᠢᠶᠡᠯᠡᠩ ᠲᠣᠭᠤᠷᠢᠭ ᠪᠦᠬᠦᠨ ᠢ ᠣᠶᠤᠨᠯᠢᠭ ᠬᠦᠷᠢᠶᠡᠯᠡᠩ ᠲᠣᠭᠤᠷᠢᠭ ᠪᠣᠯᠭᠠᠨ᠎ᠠ ᠃ ᠦᠯᠡᠭᠦᠳᠡᠭᠰᠡᠨ ᠪᠠ ᠳᠣᠣᠷ᠎ᠠ ᠦᠷ᠎ᠡ | ᠠᠰᠢᠭ ᠲᠠᠢ ᠦᠢᠯᠡᠳᠪᠦᠷᠢᠯᠡᠬᠦ ᠴᠢᠳᠠᠮᠵᠢ ᠶᠢ ᠨᠢ ᠪᠤᠴᠠᠭᠠᠨ ᠭᠠᠷᠭᠠᠬᠤ ᠶᠢ ᠲᠦᠷᠭᠡᠳᠬᠡᠨ ᠂ ᠡᠨᠧᠷᠬᠢ ᠠᠷᠪᠢᠯᠠᠬᠤ ᠤᠰᠤ ᠠᠷᠪᠢᠯᠠᠬᠤ ᠪᠠ ᠪᠣᠬᠢᠷᠳᠤᠯ ᠡᠳ᠋ ᠢ ᠬᠡᠳᠦ | ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠡᠮᠬᠢ ᠵᠢᠷᠤᠮ ᠲᠠᠢ ᠠᠬᠢᠭᠤᠯᠵᠤ ᠂ ᠬᠦᠷᠢᠶᠡᠯᠡᠩ ᠲᠣᠭᠤᠷᠢᠭ ᠲᠠᠬᠢ ᠥᠪᠡᠷ ᠤᠨ ᠪᠡᠯᠡᠳᠬᠡᠯ ᠴᠠᠬᠢᠯᠭᠠᠨ ᠤ | ᠦᠢᠯᠡᠳᠪᠦᠷᠢ ᠂ ᠡᠨᠧᠷᠬᠢ ᠶᠢᠨ ᠬᠤᠷᠣᠭᠳᠠᠯ ᠶᠡᠬᠡᠲᠡᠢ ᠠᠵᠤ ᠠᠬᠤᠶᠢᠯᠠᠯ ᠳᠤ ᠬᠡᠷᠡᠭᠰᠡᠬᠦ ᠴᠠᠬᠢᠯᠭᠠᠨ ᠢ ᠨᠢ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ | ᠬᠡᠷᠡᠭᠵᠢᠭᠦᠯᠦᠨ ᠂ ᠪᠣᠬᠢᠷᠳᠤᠯ ᠦᠭᠡᠢ ᠦᠢᠯᠡᠳᠬᠦ ᠶᠢ ᠬᠥᠭᠵᠢᠭᠦᠯᠵᠦ ᠂ ᠨᠢᠭᠡ ᠪᠦᠯᠦᠭ ᠨᠡᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠂ | ᠨᠡᠭᠦᠷᠡᠰᠦᠲᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠤᠨ᠎ᠠ ᠃ | ᠲᠣᠭᠠᠵᠢᠯᠲᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ ᠃ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ | ᠪᠦᠷᠢᠨᠰᠢᠭᠦᠯᠦᠨ ᠂ ᠭᠦᠬᠡᠬᠤᠳᠠ ᠂ ᠪᠤᠭᠤᠲᠤ ᠶᠢᠨ ︽ᠮᠢᠩᠭᠠᠨ ᠰᠠᠶ᠎ᠠ ᠰᠦᠯᠵᠢᠶᠡᠨ ᠤ ᠬᠤᠳᠡ︾ ᠪᠠ ᠨᠡᠭᠦᠷᠡᠰᠦ ᠂ ᠬᠤᠪᠣᠷ ᠰᠢᠷᠣᠢ ᠂ ᠬᠢᠮᠢ ᠶᠢᠨ ᠠᠵᠤ ᠦᠢᠯᠡᠳᠪᠦᠷᠢ | ᠵᠡᠷᠭᠡ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠡᠮᠳᠡᠭ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ ᠵᠠᠩᠭᠢᠶᠠᠰᠤ ᠶᠢ ᠪᠠᠶᠢᠭᠤᠯᠵᠤ ᠂ ᠪᠦᠭᠦ ᠤᠯᠤᠰ ᠤᠨ | ᠨᠢᠭᠡ ᠴᠣᠭᠴᠠᠵᠢᠭᠰᠠᠨ ᠰᠢᠢᠳᠪᠦᠷᠢᠯᠡᠬᠦ ᠬᠤᠷᠳᠤᠴᠠ ᠶᠢᠨ ᠲᠣᠣᠷ ᠰᠦᠯᠵᠢᠶᠡᠨ ᠤ ᠤᠯᠤᠰ ᠤᠨ ᠬᠦᠢᠰᠦ ᠪᠣᠯᠬᠤ ᠵᠠᠩᠭᠢᠶᠠᠰᠤ ᠶᠢ ᠪᠠᠶᠢᠭᠤᠯᠵᠤ ᠂ 5G ᠰᠠᠭᠤᠷᠢ | ᠦᠷᠲᠡᠭᠡ ᠶᠢ 1 ᠲᠦᠮᠡ ᠰᠢᠨ᠎ᠡ ᠪᠠᠷ ᠪᠠᠶᠢᠭᠤᠯᠤᠨ᠎ᠠ ᠃ ᠠᠵᠤ ᠦᠢᠯᠡᠰ ᠤᠨ ᠲᠣᠭᠠᠵᠢᠭᠤᠯᠤᠯᠲᠠ ᠶᠢ ᠠᠬᠢᠭᠤᠯᠤᠨ ᠂ ᠲᠣᠭᠠᠵᠢᠭᠤᠯᠤᠭᠰᠠᠨ ᠬᠡᠯᠪᠡᠷᠢ ᠪᠠᠷ ᠬᠤᠪᠢᠷᠠᠭᠤᠯᠬᠤ | ᠠᠵᠢᠯ ᠤᠨ ᠵᠠᠮ ᠱᠤᠭᠤᠮ ᠢ ᠠᠵᠢᠯ ᠲᠦᠷᠣᠯ ᠬᠤᠪᠢᠶᠠᠨ ᠲᠣᠭᠲᠠᠭᠠᠵᠤ ᠂ ᠤᠯᠠᠮᠵᠢᠯᠠᠯᠲᠤ ᠠᠵᠤ ᠦᠢᠯᠡᠰ ᠢ ᠪᠦᠭᠦ ᠲᠠᠯ᠎ᠠ ᠪᠠᠷ ᠂ ᠪᠦᠭᠦ ᠬᠡᠯᠬᠢᠶᠡᠨ ᠳᠤ ᠲᠣᠭᠠᠵᠢᠭᠤᠯᠵᠤ | ᠥᠭᠡᠷᠡᠴᠢᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠠᠵᠢᠯᠯᠠᠬᠤ ᠳᠠᠷᠠᠭᠠᠯᠠᠯ ᠤᠨ | ᠲᠣᠭᠠᠵᠢᠭᠤᠯᠤᠨ ᠡᠵᠡᠮᠳᠡᠬᠦ ᠨᠣᠷᠮ᠎ᠠ ᠪᠠ ᠲᠣᠭᠠᠵᠢᠭᠤᠯᠤᠭᠰᠠᠨ ᠰᠤᠳᠤᠯᠵᠤ ᠨᠡᠭᠡᠭᠡᠨ ᠵᠢᠷᠤᠵᠤ ᠲᠥᠯᠥᠪᠯᠡᠬᠦ ᠪᠠᠭᠠᠵᠢ ᠶᠢ ᠲᠦᠭᠡᠮᠡᠯᠵᠢᠭᠦᠯᠬᠦ ᠨᠣᠷᠮ᠎ᠠ ᠪᠠᠨ ᠳᠡᠭᠡᠭᠰᠢᠯᠡᠭᠦᠯᠦᠨ ᠂ | 5G+ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠤᠨ ᠂ 5G+ ᠣᠶᠤᠨᠯᠢᠭ ᠠᠭᠤᠷᠬᠠᠢ ᠶᠢ ᠪᠦᠲᠦᠭᠡᠨ | ᠪᠠᠶᠢᠭᠤᠯᠵᠤ ᠂ ᠰᠤᠷᠭᠠᠨ ᠬᠥᠮᠦᠵᠢᠯ ᠂ ᠡᠮᠴᠢᠯᠡᠭᠡ ᠂ ᠵᠠᠮ ᠬᠠᠷᠢᠯᠴᠠᠭ᠎ᠠ ᠵᠡᠷᠭᠡ ᠶᠢᠨ 5G ᠳᠠᠯᠠᠪᠡᠢ ᠦᠵᠡᠭᠳᠡᠯ ᠤᠨ ᠵᠢᠱᠢᠶ᠎ᠡ ᠦᠵᠡᠭᠦᠯᠬᠦ ᠶᠢ ᠠᠬᠢᠭᠤᠯᠤᠨ ᠂ ᠨᠢᠭᠡ | ᠪᠦᠯᠦᠭ ᠲᠡᠷᠭᠡᠨ ᠵᠣᠭᠰᠣᠭᠠᠯ ᠤᠨ ᠣᠶᠤᠨᠴᠢ ᠦᠷᠲᠡᠭᠡ ᠂ ᠴᠠᠬᠢᠯᠭᠠᠨ ᠴᠡᠨᠡᠭᠯᠡᠬᠦ ᠱᠣᠩ ᠢ ᠪᠦᠲᠦᠭᠡᠨ ᠪᠠᠶᠢᠭᠤᠯᠤᠨ᠎ᠠ ᠃ ᠲᠣᠭᠠᠵᠢᠯᠳᠣ ᠠᠵᠤ ᠦᠢᠯᠡᠰᠵᠢᠯᠲᠡ ᠶᠢ | ᠠᠬᠢᠭᠤᠯᠵᠤ ᠂ ᠬᠦᠭᠡᠬᠤᠳᠠ ᠪᠤᠭᠤᠲᠤ ᠣᠷᠳᠣᠰ ᠤᠯᠠᠭᠠᠨᠴᠠᠪ ᠂ ᠤᠯᠠᠭᠠᠨᠬᠠᠳᠠ ᠪᠠᠷ ᠭᠤᠣᠯᠳᠠᠯᠭ᠎ᠠ ᠪᠣᠯᠭᠠᠭᠰᠠᠨ ᠥᠪᠡᠷᠮᠢᠴᠡ ᠣᠨᠴᠠᠯᠢᠭ ᠲᠠᠢ ᠲᠣᠭᠠᠵᠢᠯᠳᠣ ᠠᠵᠤ | ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠤᠨ ᠂ ᠡᠭᠦᠯᠡᠨ ᠪᠣᠳᠣᠯᠲᠠ ᠂ ᠬᠡᠰᠡᠭ ᠤᠳ ᠤᠨ ᠬᠡᠯᠬᠢᠶ᠎ᠡ ᠂ ᠵᠣᠬᠢᠶᠠᠮᠠᠯ ᠣᠶᠣᠨ ᠂ ᠵᠥᠭᠡᠯᠡᠨ ᠬᠡᠷᠡᠭᠰᠡᠯ ᠢ ᠨᠡᠭᠡᠭᠡᠨ | ᠠᠰᠢᠭᠯᠠᠬᠤ ᠵᠡᠷᠭᠡ ᠲᠣᠭᠠᠵᠢᠯᠳᠣ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ ᠃ | ᠦᠢᠯᠡᠴᠢᠯᠡᠭᠡᠨ ᠤ ᠦᠢᠯᠡᠰ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠬᠦᠴᠦᠯᠡᠨ ᠠᠬᠢᠭᠤᠯᠤᠨ᠎ᠠ ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠂ ᠬᠤᠳᠠᠯᠳᠤᠭᠠᠨ ᠤ ᠶᠠᠪᠤᠳᠠᠯ ᠤᠨ ᠴᠤᠭᠯᠠᠭᠠᠨ ᠦᠵᠡᠭᠦᠯᠭᠡ ᠵᠡᠷᠭᠡ | ᠰᠢᠨ᠎ᠡ ᠪᠠᠷ ᠪᠣᠢ ᠪᠣᠯᠤᠭᠰᠠᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ ᠂ ᠪᠤᠭᠤᠲᠤ ᠶᠢᠨ ᠪᠣᠯᠣᠳ ᠲᠡᠮᠦᠷ ᠂ ᠢᠯᠢ ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ | ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠬᠢᠭᠡᠳ ᠲᠡᠷᠢᠭᠦᠨ ᠤ ᠦᠢᠯᠡᠳᠬᠦ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠴᠡᠭ ᠢ | ᠰᠠᠶᠢᠲᠤᠷ ᠠᠳᠬᠤᠨ᠎ᠠ ᠃ ᠪᠠᠷᠠᠭᠠᠨ ᠤ ᠭᠦᠢᠯᠭᠡᠭᠡᠨ ᠤ ᠦᠢᠯᠡᠰ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠤᠨ ᠂ ᠬᠦᠬᠡᠬᠤᠲᠠ ᠂ ᠤᠯᠠᠭᠠᠨᠴᠠᠪ ︱ ᠡᠷᠢᠶᠡᠨ | ᠬᠤᠲᠠ ᠂ ᠮᠠᠨᠵᠤᠤᠷ ᠲᠠᠬᠢ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠ ᠪᠠᠶᠠᠨᠨᠠᠭᠤᠷ ᠲᠠᠬᠢ ᠤᠯᠤᠰ ᠤᠨ ᠭᠤᠣᠯᠯᠠᠬᠤ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠲᠠᠷᠢᠶᠠᠯᠠᠬᠤ ᠮᠠᠯᠵᠢᠬᠤ ᠣᠷᠣᠨ ᠤ ᠭᠤᠪᠢᠭᠤᠯᠵᠤ ᠢᠯᠡᠭᠡᠬᠦ ᠪᠠᠷᠠᠭᠠᠨ ᠤ | ᠭᠦᠢᠯᠭᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ ᠂ ᠲᠣᠰᠬᠤᠨ ᠪᠣᠯᠭᠠᠨ ᠳᠤ ᠲᠦᠷᠭᠡᠨ ᠬᠦᠷᠭᠡᠯᠲᠡ ᠨᠡᠪᠲᠡᠷᠡᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ ᠃ ᠮᠥᠩᠭᠦᠨ | ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠪᠦᠲᠦᠮᠵᠢᠲᠠᠢ ᠳᠡᠮᠵᠢᠬᠦ ᠶᠢ ᠠᠬᠢᠭᠤᠯᠵᠤ ᠂ ᠨᠣᠭᠤᠭᠠᠨ ᠮᠥᠩᠭᠦᠨ ᠭᠦᠢᠯᠭᠡᠭᠡ ᠂ ᠨᠡᠶᠢᠳᠡᠮ | ᠬᠠᠷᠠᠭᠠᠯᠵᠠᠯᠲᠤ ᠮᠥᠩᠭᠦᠨ ᠭᠦᠢᠯᠭᠡᠭᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠵᠦ ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠳᠦᠭᠦᠮ ᠦᠵᠡᠭᠦᠯᠬᠦ ᠬᠡᠮᠵᠢᠶ᠎ᠡ ᠪᠠᠨ ᠳᠡᠭᠡᠭᠰᠢᠯᠡᠭᠦᠯᠦᠨ ᠂ ᠪᠡᠯᠡ ᠲᠣᠬᠢᠷᠠᠭᠤᠯᠬᠤ ᠲᠠᠯ᠎ᠠ ᠶᠢᠨ | ᠥᠪᠡᠷ ᠤᠨ ᠦᠷᠲᠡᠭ ᠢ ᠨᠢ ᠪᠠᠭᠤᠷᠠᠭᠤᠯᠤᠨ᠎ᠠ ᠃ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ | ᠭᠤᠣᠯᠳᠠᠯᠭ᠎ᠠ ᠪᠣᠯᠬᠤ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠠᠵᠢᠯᠯᠠᠭᠠᠨ ᠪᠠ ᠰᠣᠶᠣᠯ ᠵᠢᠭᠤᠯᠴᠢᠯᠠᠯ ᠤᠨ ᠲᠣᠭᠠᠵᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠦᠨ ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠪᠦᠯᠦᠭᠯᠡᠯ ᠢ ᠵᠣᠬᠢᠶᠠᠨ ᠪᠠᠶᠢᠭᠤᠯᠵᠤ ᠂ | ᠬᠠᠳᠣᠨ ᠭᠤᠣᠯ ᠤᠨ ᠲᠣᠬᠤᠢ ᠂ ᠷᠠᠰᠢᠶᠠᠨ ᠂ ᠡᠵᠡᠨ᠎ᠡ ᠵᠡᠷᠭᠡ ᠳᠠᠪᠠᠭᠤᠯᠢᠭ ᠣᠷᠣᠨ ᠬᠡᠰᠡᠭ ᠤᠳ ᠢ ᠤᠷᠢᠳ ᠢᠶᠠᠷ ᠬᠥᠭᠵᠢᠭᠦᠯᠬᠦ ᠶᠢ ᠳᠡᠮᠵᠢᠵᠣ ᠂ ᠨᠢᠭᠡ ᠪᠦᠯᠦᠭ ᠡᠬᠢ | ᠪᠠᠶᠠᠯᠢᠭ ᠢᠶᠠᠨ ᠭᠦᠨᠵᠡᠭᠡᠢ ᠡᠮᠬᠢᠯᠡᠵᠦ ᠨᠡᠶᠢᠯᠡᠭᠦᠯᠦᠭᠰᠡᠨ ᠪᠠ ᠰᠣᠶᠣᠯ ᠵᠢᠭᠤᠯᠴᠢᠯᠠᠯ ᠢᠶᠠᠨ ᠭᠦᠨᠵᠡᠭᠡᠢ ᠠᠭᠤᠰᠤᠯᠴᠠᠭᠤᠯᠤᠭᠰᠠᠨ ᠰᠢᠨ᠎ᠡ ᠦᠯᠢᠭᠡᠷ ᠳᠠᠭᠤᠷᠢᠶᠠᠯ ᠢ ᠪᠣᠢ | ᠪᠣᠯᠭᠠᠨ ᠂ ᠪᠦᠬᠦ ᠣᠷᠣᠨ ᠤ ᠵᠢᠭᠤᠯᠴᠢᠯᠠᠯ ᠢ ᠵᠡᠭᠦᠨ ᠠᠴᠠ ᠪᠠᠷᠠᠭᠤᠨᠰᠢ ᠪᠠᠨ ᠪᠦᠷ ᠬᠥᠭᠵᠢᠶᠡᠨᠲᠡᠢ ᠪᠣᠯᠭᠠᠵᠣ ᠂ ᠵᠢᠯ ᠤᠨ ᠳᠦᠷᠪᠡᠨ ᠤᠯᠠᠷᠢᠯ ᠳᠤ ᠴᠥᠮ ᠥᠷᠨᠢᠩᠭᠦᠢ | ᠪᠣᠯᠭᠠᠨ᠎ᠠ ᠃ | ︵ᠭᠤᠷᠪᠠ︶ ᠠᠮᠢ ᠠᠬᠤᠢ ᠣᠷᠴᠢᠨ ᠲᠣᠭᠤᠷᠢᠨ ᠢᠶᠠᠨ ᠬᠠᠮᠠᠭᠠᠯᠠᠵᠤ ᠵᠠᠰᠠᠬᠤ ᠶᠢ ᠬᠦᠴᠦᠯᠡᠨ ᠰᠠᠶᠢᠲᠤᠷ ᠠᠳᠬᠤᠵᠤ ᠂ ᠮᠠᠨ ᠤ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠲᠤ ᠴᠣᠭᠴᠠᠯᠠᠨ᠎ᠠ ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ ᠂ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ ᠂ ᠥᠪᠥᠷ | ᠮᠣᠩᠭᠤᠯ ᠤᠨ ᠨᠣᠮᠢᠨ ᠨᠣᠭᠤᠭᠠᠨ ᠂ ᠴᠡᠩᠬᠡᠷ ᠬᠥᠬᠡ ᠂ ᠠᠷᠢᠭᠤᠨ ᠴᠡᠪᠡᠷ ᠢ ᠬᠠᠮᠠᠭᠠᠯᠠᠵᠤ ᠰᠠᠬᠢᠨ᠎ᠠ ᠃ | ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ ᠃ ᠠᠶᠢᠮᠠᠭ ᠬᠤᠲᠠ ᠂ ᠬᠤᠰᠢᠭᠤ ᠰᠢᠶᠠᠨ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠪᠡᠶᠡᠯᠡᠭᠦᠯᠵᠦ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠬᠡᠷᠡᠭᠴᠡᠭᠡᠨ ᠳᠤ ᠬᠠᠮᠢᠶᠠᠷᠤᠨ ᠵᠠᠬᠢᠷᠬᠤ ᠶᠢ ᠴᠢᠩᠭᠠᠷᠠᠭᠤᠯᠤᠨ ᠂ ︽ᠭᠤᠷᠪᠠᠨ ᠱᠤᠭᠤᠮ ᠨᠢᠭᠡ ᠳᠠᠩᠰᠠ︾ ᠶᠢᠨ ᠣᠷᠣᠨ ᠪᠦᠰᠡ ᠬᠤᠪᠢᠶᠠᠵᠤ ᠬᠠᠮᠢᠶᠠᠷᠤᠨ ᠡᠵᠡᠮᠳᠡᠬᠦ ᠶᠢ | ᠬᠡᠷᠡᠭᠵᠢᠭᠦᠯᠵᠦ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠨ᠎ᠠ ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ | ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠂ ᠲᠠᠯ᠎ᠠ ᠨᠤᠲᠤᠭ ᠪᠠ ᠤᠢ ᠰᠢᠭᠤᠢ ᠶᠢ ᠬᠠᠮᠠᠭᠠᠯᠠᠬᠤ ᠪᠠᠨ ᠲᠡᠷᠢᠭᠦᠨ ᠴᠢᠬᠤᠯᠠ ᠡᠭᠦᠷᠭᠡ ᠪᠣᠯᠭᠠᠨ ᠂ ᠮᠠᠯ ᠪᠠ ᠪᠡᠯᠴᠢᠭᠡᠷ ᠢ | ᠲᠡᠩᠴᠡᠭᠦᠷᠢᠰᠢᠭᠦᠯᠬᠦ ᠳᠦᠷᠢᠮ ᠢ ᠨᠠᠶᠢᠳᠠᠪᠤᠷᠢᠵᠢᠭᠤᠯᠵᠤ ᠂ ᠤᠢ ᠰᠢᠭᠤᠢ ᠡᠪᠡᠰᠦ ᠪᠡᠯᠴᠢᠭᠡᠷ ᠤᠨ ᠭᠡᠮ ᠬᠥᠨᠥᠭᠡᠯ ᠢ ᠰᠡᠷᠭᠡᠶᠢᠯᠡᠨ ᠡᠵᠡᠮᠳᠡᠬᠦ ᠪᠠᠨ ᠴᠢᠩᠭᠠᠷᠠᠭᠤᠯᠵᠤ ᠂ | ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠪᠠᠨ ᠭᠦᠨᠵᠡᠭᠡᠶᠢᠷᠡᠭᠦᠯᠦᠨ ᠂ ᠠᠮᠢ ᠠᠬᠤᠢ | ᠣᠷᠴᠢᠨ ᠲᠣᠭᠤᠷᠢᠨ ᠤ ᠬᠡᠪᠡᠷᠡᠭ ᠣᠷᠣᠨ ᠬᠡᠰᠡᠭ ᠲᠤ ᠠᠩᠬᠠᠷᠤᠯ ᠢᠶᠠᠨ ᠴᠢᠭᠯᠡᠭᠦᠯᠦᠭᠰᠡᠨ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ ᠂ | ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠪᠠ ᠡᠯᠡᠰᠦ ᠶᠢ ᠰᠡᠷᠭᠡᠶᠢᠯᠡᠨ ᠵᠠᠰᠠᠬᠤ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠠᠬᠢᠭᠤᠯᠤᠨ᠎ᠠ ᠃ ᠬᠠᠲᠤᠨ | ᠭᠤᠣᠯ ᠢ ᠶᠡᠭᠡ ᠪᠠᠷ ᠬᠠᠮᠠᠭᠠᠯᠠᠵᠤ ᠶᠡᠭᠡ ᠪᠠᠷ ᠵᠠᠰᠠᠬᠤ ᠪᠠᠨ ᠲᠦᠷᠦᠭᠦᠯᠡᠨ ᠬᠢᠬᠦ ᠶᠢ ᠪᠠᠷᠢᠮᠲᠠᠯᠠᠨ ᠂ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠂ | ᠤᠰᠤ ᠶᠢ ᠲᠤᠩ ᠰᠠᠶᠢᠨ ᠠᠷᠪᠢᠯᠠᠬᠤ ᠪᠠ ᠡᠵᠡᠮᠳᠡᠬᠦ ᠂ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠂ ᠠᠷᠪᠠᠨ | ᠲᠣᠮᠣ ᠬᠥᠨᠳᠡᠢ ᠶᠢ ᠶᠡᠷᠦᠩᠬᠡᠶᠢᠯᠡᠨ ᠵᠠᠰᠠᠬᠤ ᠪᠠ ᠰᠠᠶᠢᠷᠭᠠᠯ ᠭᠠᠵᠠᠷ ᠲᠠᠬᠢ ᠰᠠᠭᠤᠭᠠᠯᠢ ᠠᠷᠠᠳ ᠢ ᠨᠡᠭᠦᠯᠭᠡᠨ ᠰᠢᠯᠵᠢᠭᠦᠯᠬᠦ ᠪᠠᠨ ᠲᠦᠷᠭᠡᠳᠬᠡᠨ ᠠᠬᠢᠭᠤᠯᠵᠤ ᠂ ᠬᠥᠯᠥᠨ | ᠨᠠᠭᠤᠷ ᠂ ᠤᠯᠠᠭᠠᠨᠰᠤᠬᠠᠢ ᠨᠠᠭᠤᠷ ᠂ ᠲᠠᠭ᠎ᠠ ᠶᠢᠨ ᠨᠠᠭᠤᠷ ᠂ ᠴᠠᠭᠠᠨᠨᠠᠭᠤᠷ ᠂ ᠪᠠᠷᠠᠭᠤᠨ ᠯᠢᠶᠣᠣ ᠾᠧ ᠭᠤᠣᠯ ᠵᠡᠷᠭᠡ ᠭᠤᠣᠯᠳᠠᠯᠭ᠎ᠠ ᠪᠤᠯᠬᠤ ᠨᠠᠭᠤᠷ ᠭᠤᠣᠯ ᠨᠤᠭᠤ | ᠭᠠᠵᠠᠷ ᠢ ᠶᠡᠷᠦᠩᠬᠡᠶᠢᠯᠡᠨ ᠵᠠᠰᠠᠬᠤ ᠶᠢ ᠲᠣᠪᠣᠶᠢᠮ᠎ᠠ ᠰᠠᠶᠢᠲᠤᠷ ᠠᠳᠬᠤᠵᠤ ᠂ ᠪᠠᠷᠢᠯᠭ᠎ᠠ ᠶᠢᠨ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠲᠥᠯᠥᠪᠵᠢᠭᠦᠯᠦᠨ᠎ᠡ ᠃ ᠤᠢ ᠰᠢᠭᠤᠢ ᠶᠢᠨ ᠳᠠᠷᠤᠭ᠎ᠠ ᠶᠢᠨ ᠳᠦᠷᠢᠮ ᠂ ᠭᠤᠣᠯ ᠮᠥᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠢ ᠴᠢᠩᠭᠠᠷᠠᠭᠤᠯᠵᠤ ᠂ ᠨᠤᠲᠤᠭ | ᠪᠡᠯᠴᠢᠭᠡᠷ ᠂ ᠭᠤᠣᠯ ᠮᠥᠷᠡᠨ ᠨᠠᠭᠤᠷ ᠴᠦᠬᠦᠷᠦᠮ ᠵᠡᠷᠭᠡ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠲᠣᠭᠠᠵᠢᠭᠤᠯᠵᠤ ᠬᠢᠨᠠᠨ ᠬᠠᠮᠢᠶᠠᠷᠬᠤ ᠂ | ᠲᠣᠣᠷᠯᠢᠬᠵᠢᠭᠤᠯᠵᠤ ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠂ ᠬᠠᠤᠯᠢᠵᠢᠭᠤᠯᠵᠤ ᠵᠢᠷᠤᠮᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ᠎ᠠ ᠃ ᠠᠭᠤᠷᠬᠠᠢ ᠶᠢᠨ ᠠᠮᠢ ᠠᠬᠤᠢ ᠶᠢ | ᠰᠡᠷᠭᠦᠭᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ ᠂ ᠪᠣᠬᠢᠷᠳᠤᠯ ᠦᠭᠡᠢ ᠠᠭᠤᠷᠬᠠᠢ ᠶᠢ 100 ᠭᠠᠷᠤᠢ ᠰᠢᠨ᠎ᠡ ᠪᠠᠷ ᠪᠠᠶᠢᠭᠤᠯᠤᠨ᠎ᠠ ᠃ ᠤᠯᠤᠰ ᠤᠨ ᠠᠮᠢ ᠠᠬᠤᠢ ᠶᠢᠨ | ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠪᠠᠨ ᠲᠦᠷᠭᠡᠳᠬᠡᠨ ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ | ᠴᠢᠩᠭᠠᠳᠬᠠᠵᠤ ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢ ᠢᠳᠡᠪᠬᠢᠲᠡᠢ ᠪᠠᠶᠢᠭᠤᠯᠤᠨ ᠂ ᠡᠯ᠎ᠡ ᠭᠠᠵᠠᠷ ᠤᠨ ᠠᠮᠢ ᠠᠬᠤᠢ ᠶᠢᠨ ᠪᠣᠯᠪᠠᠰᠤᠨ ᠤ | ᠵᠢᠱᠢᠶ᠎ᠡ ᠦᠵᠡᠭᠦᠯᠬᠦ ᠪᠠᠷ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ | ᠣᠷᠣᠰᠢᠬᠤ ᠰᠠᠶᠢᠨ ᠰᠠᠶᠢᠬᠠᠨ ᠨᠤᠲᠤᠭ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ ᠃ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨ ᠭᠦᠨᠵᠡᠭᠡᠢ ᠰᠠᠶᠢᠲᠤᠷ ᠬᠢᠨ᠎ᠡ ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ | ᠠᠵᠢᠯ ᠢ ᠬᠦᠴᠦᠲᠡᠢ ᠠᠬᠢᠭᠤᠯᠤᠨ ᠂ ᠦᠬᠠᠢ ᠵᠢᠴᠢ ᠲᠡᠭᠦᠨ ᠤ ᠡᠷᠭᠢᠨ ᠲᠣᠭᠤᠷᠢᠨ ᠳᠠᠬᠢ ᠭᠠᠵᠠᠷ ᠣᠷᠣᠨ ᠵᠡᠷᠭᠡ ᠭᠤᠣᠯᠳᠠᠯᠭ᠎ᠠ ᠪᠣᠯᠬᠤ ᠣᠷᠣᠨ ᠪᠦᠰᠡᠨ ᠤ ᠠᠭᠠᠷ | ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠠᠮᠠᠭᠠᠯᠠᠨ ᠵᠠᠰᠠᠬᠤ ᠠᠵᠢᠯ ᠢ ᠭᠦᠨᠵᠡᠭᠡᠶᠢᠷᠡᠭᠦᠯᠵᠦ ᠂ ᠪᠣᠯᠣᠳ ᠲᠡᠮᠦᠷ ᠂ ᠥᠩᠭᠡᠲᠦ ᠲᠡᠮᠦᠷᠯᠢᠭ ᠂ ᠬᠢᠮᠢ ᠶᠢᠨ | ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠪᠣᠬᠢᠷᠳᠤᠯ ᠢ ᠭᠦᠨᠵᠡᠭᠡᠢ ᠵᠠᠰᠠᠬᠤ ᠪᠠᠨ ᠠᠬᠢᠭᠤᠯᠤᠨ ᠂ ᠪᠣᠬᠢᠷᠳᠤᠯ ᠡᠭᠦᠰᠬᠡᠬᠦ ᠤᠯᠠᠨ ᠪᠣᠳᠠᠰ ᠢ | ᠬᠠᠮᠵᠢᠯᠴᠠᠵᠤ ᠪᠠᠶᠢᠭᠠᠳ ᠬᠠᠮᠢᠶᠠᠷᠤᠨ ᠡᠷᠬᠡᠰᠢᠶᠡᠬᠦ ᠪᠠᠨ ᠴᠢᠩᠭᠠᠷᠠᠭᠤᠯᠵᠤ ᠂ ᠴᠡᠪᠡᠷ ᠳᠤᠯᠠᠭᠠᠯᠠᠭ᠎ᠠ ᠶᠢ ᠲᠦᠷᠭᠡᠳᠬᠡᠨ ᠠᠬᠢᠭᠤᠯᠵᠤ ᠂ ᠬᠦᠨᠳᠦ ᠪᠣᠬᠢᠷᠳᠤᠯ ᠲᠠᠢ ᠴᠠᠭ | ᠠᠭᠠᠷ ᠢ ᠦᠨᠳᠦᠰᠦᠨ ᠳᠤ ᠪᠠᠨ ᠠᠷᠢᠯᠭᠠᠨ᠎ᠠ ᠃ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠᠨ ᠬᠦᠴᠦᠲᠡᠢ ᠠᠬᠢᠭᠤᠯᠵᠤ ᠂ ᠭᠤᠣᠯ ᠤᠷᠤᠭᠤ ᠪᠣᠬᠢᠷᠳᠤᠯ | ᠭᠠᠳᠠᠭᠰᠢᠯᠠᠭᠤᠯᠬᠤ ᠠᠮᠠᠰᠠᠷ ᠪᠠ ᠪᠠᠷᠢᠮᠵᠢᠶ᠎ᠠ ᠳᠤ ᠦᠯᠦ ᠬᠦᠷᠬᠦ ᠣᠭᠲᠣᠯᠣᠭᠠᠰᠤ ᠶᠢᠨ ᠤᠰᠤᠨ ᠴᠣᠭᠴᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ ᠂ ᠪᠤᠵᠠᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠣᠨᠣᠴᠠᠲᠠᠢ ᠳᠡᠭᠡᠭᠰᠢᠯᠡᠭᠦᠯᠬᠦ ᠪᠠᠨ ᠲᠦᠷᠭᠡᠳᠬᠡᠨ ᠠᠬᠢᠭᠤᠯᠵᠤ ᠂ ᠰᠢᠶᠠᠨ ᠤ ᠱᠠᠲᠤᠨ ᠤ ᠬᠤᠲᠠ ᠶᠢᠨ ᠪᠠᠶᠢᠭᠤᠯᠤᠭᠰᠠᠨ | ᠲᠣᠭᠤᠷᠢᠭ ᠲᠠᠬᠢ ᠪᠣᠬᠢᠷ ᠦᠮᠡᠬᠡᠢ ᠤᠰᠤᠨ ᠴᠣᠭᠴᠠ ᠶᠢ ᠨᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ ᠃ ᠬᠥᠷᠥᠰᠥ ᠰᠢᠷᠣᠢ ᠶᠢᠨ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠬᠦᠴᠦᠲᠡᠢ ᠠᠬᠢᠭᠤᠯᠤᠨ ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠦᠨᠳᠦ ᠲᠡᠮᠦᠷᠯᠢᠭ ᠤᠨ ᠪᠣᠬᠢᠷᠳᠤᠯ ᠢ ᠡᠬᠢ | ᠢᠷᠡᠯᠲᠡ ᠠᠴᠠ ᠨᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ ᠂ ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠨᠢ ᠪᠠᠭᠠᠰᠬᠠᠨ ᠤᠨᠠᠯᠲᠠ | ᠬᠤᠷᠢᠶᠠᠯᠲᠠ ᠶᠢ ᠨᠢ ᠨᠡᠮᠡᠭᠳᠡᠭᠦᠯᠬᠦ ᠪᠠ ᠲᠠᠷᠢᠶᠠᠨ ᠤ ᠰᠦᠯᠢᠶᠥᠦ ᠪᠦᠷᠬᠦᠪᠴᠢ ᠶᠢ ᠪᠤᠴᠠᠭᠠᠨ ᠬᠤᠷᠢᠶᠠᠬᠤ ᠡᠷᠴᠢᠮ ᠢᠶᠠᠨ ᠴᠢᠩᠭᠠᠷᠠᠭᠤᠯᠤᠨ ᠂ ᠬᠤᠭ ᠨᠣᠪᠰᠢ ᠶᠢ ᠲᠦᠷᠦᠯ | ᠬᠤᠪᠢᠶᠠᠬᠤ ᠪᠠ ᠡᠬᠢ ᠪᠠᠶᠠᠯᠢᠭᠵᠢᠭᠤᠯᠬᠤ ᠶᠢ ᠠᠬᠢᠭᠤᠯᠵᠤ ᠂ ᠣᠷᠳᠣᠰ ᠂ ᠪᠤᠭᠤᠲᠤ ᠶᠢᠨ ᠶᠡᠭᠡ ᠬᠡᠮᠵᠢᠶᠡᠨ ᠤ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠭᠰᠠᠨ ᠠᠵᠢᠯ ᠤᠨ ᠵᠢᠱᠢᠶ᠎ᠡ ᠦᠵᠡᠭᠦᠯᠬᠦ ᠶᠢ ᠨᠢ ᠳᠡᠮᠵᠢᠨ᠎ᠡ ᠃ | ᠠᠷᠪᠢᠯᠠᠨ ᠡᠷᠴᠢᠮᠵᠢᠭᠦᠯᠵᠦ ᠤᠷᠴᠢᠯᠳᠤᠭᠤᠯᠤᠨ ᠬᠥᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ ᠃ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ | ᠤᠷᠭᠢᠯ ᠬᠡᠮᠵᠢᠭᠳᠡᠯ ᠠᠴᠠ ᠪᠠᠭᠤᠷᠠᠭᠤᠯᠬᠤ ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ | ᠪᠠᠶᠢᠭᠤᠯᠵᠤ ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠭᠯᠠᠬᠤ ᠶᠢ ᠴᠢᠩᠭᠠᠳᠬᠠᠵᠤ ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠡᠨᠧᠷᠬᠢ | ᠠᠷᠪᠢᠯᠠᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠡᠷᠴᠢᠮ ᠢ ᠨᠢ ᠴᠢᠩᠭᠠᠷᠠᠭᠤᠯᠤᠨ ᠂ ᠭᠦᠢᠯᠭᠡᠭᠡᠨ ᠰᠠᠶᠢᠲᠠᠢ ᠪᠠᠷᠠᠭᠠᠨ ᠤ ᠲᠡᠭᠡᠭᠡᠪᠦᠷᠢ ᠶᠢᠨ | ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾ ᠂ ︽ᠰᠤᠯᠠ ᠠᠴᠠ ᠴᠢᠩᠭᠡᠯᠢᠭ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾ ᠶᠢ ᠲᠦᠷᠭᠡᠳᠬᠡᠵᠦ ᠂ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠪᠠᠨ ᠦᠷᠭᠦᠯᠵᠢᠯᠡᠨ ᠲᠡᠭᠡᠭᠰᠢᠯᠡᠬᠦᠯᠦᠨ᠎ᠡ ᠃ ᠡᠨᠧᠷᠭᠢ ᠬᠤᠷᠣᠭᠳᠠᠭᠤᠯᠬᠤ ᠬᠦᠴᠦᠯᠡᠴᠡ ᠶᠢ ᠴᠢᠩᠭ᠎ᠠ ᠡᠵᠡᠮᠳᠡᠬᠦ ᠂ | ᠶᠡᠷᠦᠩᠬᠡᠢ ᠬᠡᠮᠵᠢᠶ᠎ᠡ ᠶᠢ ᠨᠢ ᠤᠶᠠᠨ ᠬᠠᠷᠢᠮᠠᠬᠠᠢ ᠪᠠᠷ ᠬᠠᠮᠢᠶᠠᠷᠬᠤ ᠶᠢ ᠬᠡᠷᠡᠭᠵᠢᠭᠦᠯᠵᠦ ᠂ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠂ | ᠡᠨᠧᠷᠭᠢ ᠬᠤᠷᠣᠭᠳᠠᠯ ᠤᠨ ᠬᠦᠴᠦᠯᠡᠴᠡ ᠶᠢᠨ ᠪᠠᠷᠢᠮᠵᠢᠶᠠᠯᠠᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠵᠤ ᠂ ︽ᠬᠤᠶᠠᠷ ᠶᠡᠬᠡᠲᠡᠢ︾ ᠲᠦᠷᠦᠯ ᠵᠦᠢᠯ ᠢ ᠳᠣᠣᠷ᠎ᠠ | ᠲᠦᠪᠰᠢᠨ ᠲᠠᠢ ᠪᠠᠷ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠳᠤ ᠴᠥᠮ ︽ᠬᠤᠶᠠᠷ ᠲᠡᠷᠢᠭᠦᠨ ᠤ︾ | ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠵᠦ ᠂ ᠰᠢᠨ᠎ᠡ ᠪᠠᠷ ᠪᠤᠢ ᠪᠣᠯᠤᠭᠰᠠᠨ ᠡᠨᠧᠷᠭᠢ ᠬᠡᠷᠡᠭᠯᠡᠬᠦ ᠣᠷᠣᠨ ᠵᠠᠢ ᠶᠢ ᠪᠣᠬᠢᠷᠳᠤᠯ ᠦᠭᠡᠢ ᠪᠥᠭᠡᠳ ᠣᠨᠴᠠᠯᠢᠭ ᠲᠠᠢ | ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠳᠤ ᠤᠷᠢᠳ ᠢᠶᠠᠷ ᠬᠡᠷᠡᠭᠯᠡᠨ᠎ᠡ ᠃ ᠤᠰᠤᠨ ᠤ ᠡᠬᠢ ᠰᠤᠷᠪᠤᠯᠵᠢ ᠶᠢᠨ ᠬᠠᠲᠠᠭᠤ ᠬᠢᠵᠠᠭᠠᠷᠯᠠᠯ ᠤᠨ ᠳᠦᠷᠢᠮ ᠢ ᠪᠠᠶᠢᠭᠤᠯᠤᠨ | ᠪᠦᠷᠢᠨᠰᠢᠭᠦᠯᠵᠦ ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠪᠠ ︽ᠤᠰᠤᠨ ᠤ ᠬᠡᠮᠵᠢᠶ᠎ᠡ ᠪᠠᠷ ᠪᠣᠳᠣᠯᠭ᠎ᠠ ᠬᠡᠷᠡᠭᠵᠢᠭᠦᠯᠬᠦ︾ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠴᠤ ᠬᠡᠷᠡᠭᠯᠡᠬᠦ ᠶᠢ ᠴᠢᠩᠭ᠎ᠠ ᠠᠳᠬᠤᠵᠤ ᠵᠠᠰᠠᠨ ᠂ ᠲᠠᠷᠢᠶᠠᠯᠠᠩ ᠤᠨ ᠤᠰᠤ ᠠᠷᠪᠢᠯᠠᠨ ᠦᠷ᠎ᠡ | ᠪᠦᠳᠣᠮᠵᠢ ᠪᠠᠨ ᠳᠡᠭᠡᠭᠰᠢᠯᠡᠭᠦᠯᠬᠦ ᠂ ᠠᠵᠤ ᠦᠢᠯᠡᠳᠪᠦᠷᠢ ᠶᠢᠨ ᠤᠰᠤ ᠠᠷᠪᠢᠯᠠᠨ ᠪᠣᠬᠢᠷᠳᠤᠯ ᠡᠳ᠋ ᠭᠠᠳᠠᠭᠰᠢᠯᠠᠭᠤᠯᠬᠤ ᠪᠠᠨ ᠪᠠᠭᠠᠰᠬᠠᠬᠤ ᠂ ᠬᠤᠲᠠ ᠪᠠᠯᠭᠠᠰᠤᠨ ᠤ ᠤᠰᠤ | ᠠᠷᠪᠢᠯᠠᠨ ᠤᠰᠤ ᠰᠦᠢᠳᠬᠡᠬᠦ ᠶᠢ ᠪᠠᠭᠠᠰᠬᠠᠬᠤ ᠪᠠᠨ ᠪᠦᠬᠦ ᠲᠠᠯ᠎ᠠ ᠪᠠᠷ ᠴᠢᠩᠭᠠᠷᠠᠭᠤᠯᠤᠨ᠎ᠠ ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ᠨᠡᠮᠡᠵᠦ | ᠬᠠᠳᠠᠭᠠᠯᠠᠬᠤ ᠶᠢ ᠬᠤᠯᠪᠣᠭᠳᠠᠭᠤᠯᠬᠤ︾ ᠪᠠᠨ ᠴᠢᠩᠭᠠᠳᠬᠠᠵᠤ ᠂ ᠵᠥᠪᠰᠢᠶᠡᠷᠡᠭᠰᠡᠨ ᠪᠠᠶᠢᠲᠠᠯ᠎ᠠ ᠬᠠᠩᠭᠠᠵᠤ ᠥᠭᠭᠦᠭᠡᠳᠦᠢ ᠪᠠ ᠰᠤᠯᠠ ᠪᠠᠶᠢᠭ᠎ᠠ ᠭᠠᠵᠠᠷ ᠰᠢᠷᠣᠢ ᠶᠢ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ ᠂ ᠠᠰᠢᠭᠯᠠᠮᠵᠢ ᠪᠠᠷ ᠪᠠᠷᠤᠭᠲᠠᠢ ᠭᠠᠵᠠᠷ ᠢ ᠳᠠᠬᠢᠨᠲᠠ ᠨᠡᠭᠡᠭᠡᠨ ᠬᠥᠭᠵᠢᠭᠦᠯᠬᠦ ᠪᠠ ᠦᠢᠯᠡᠳᠪᠦᠷᠢ ᠠᠭᠤᠷᠬᠠᠢ ᠶᠢᠨ | ᠬᠠᠶᠠᠭᠳᠠᠮᠠᠯ ᠭᠠᠵᠠᠷ ᠢ ᠳᠠᠬᠢᠨᠲᠠ ᠬᠠᠭᠠᠯᠪᠤᠷᠢᠯᠠᠵᠤ ᠠᠰᠢᠭᠯᠠᠬᠤ ᠪᠠᠨ ᠠᠬᠢᠭᠤᠯᠤᠨ᠎ᠠ ᠃ ᠠᠵᠢᠯᠴᠢ ᠠᠷᠪᠢᠴᠢ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠢᠶᠠᠨ | ᠪᠠᠳᠠᠷᠠᠭᠤᠯᠵᠤ ᠂ ᠳᠦᠭᠦᠮ ᠲᠣᠬᠢᠲᠠᠢ ᠂ ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ ᠂ | ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠬᠠᠮᠲᠤ ᠪᠠᠷ ᠪᠦᠲᠦᠭᠡᠨ ᠪᠠᠶᠢᠭᠤᠯᠤᠨ᠎ᠠ ᠃ | ︵ᠳᠥᠷᠪᠡ︶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠡᠭᠦᠳᠦᠯᠲᠡ ᠶᠢ ᠠᠬᠢᠭᠤᠯᠵᠤ ᠨᠡᠭᠡᠭᠡᠯᠲᠡ ᠬᠢᠬᠦ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠣᠲᠣᠭᠠᠳᠤ ᠳᠠᠬᠢ ᠬᠥᠳᠡᠯᠭᠡᠭᠦ ᠬᠦᠴᠦᠨ ᠢ ᠬᠥᠭᠵᠢᠭᠡᠨ᠎ᠡ ᠃ | ᠬᠥᠭᠵᠢᠭᠦᠯᠬᠦ ᠳᠤ ᠬᠦᠴᠢᠷ ᠪᠠ ᠬᠤᠪᠢᠷᠠᠭᠤᠯᠬᠤ ᠳᠤ ᠪᠡᠷᠬᠡ ᠲᠠᠢ ᠪᠤᠯᠬᠤ ᠳᠤᠲᠤᠮ ᠢᠶᠠᠨ ᠥᠭᠡᠷᠡᠴᠢᠯᠡᠯᠲᠡ ᠬᠢᠵᠦ ᠪᠠᠶᠢᠭᠠᠳ ᠠᠮᠢᠵᠢᠷᠠᠯ ᠤᠨ ᠬᠦᠴᠦᠨ ᠣᠯᠬᠤ ᠂ | ᠰᠢᠨ᠎ᠡ ᠶᠢ ᠡᠭᠦᠳᠴᠦ ᠪᠠᠶᠢᠭᠠᠳ ᠬᠥᠳᠡᠯᠭᠡᠭᠦ ᠬᠦᠴᠦᠨ ᠣᠯᠬᠤ ᠂ ᠨᠡᠭᠡᠭᠡᠯᠲᠡ ᠬᠢᠵᠦ ᠪᠠᠶᠢᠭᠠᠳ ᠠᠰᠢᠭ ᠣᠯᠬᠤ ᠶᠢ ᠪᠠᠷᠢᠮᠲᠠᠯᠠᠨ᠎ᠠ ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠶᠡᠭᠡ ᠪᠠᠷ ᠬᠦᠴᠦᠯᠡᠵᠦ ᠰᠢᠯᠢᠳᠡᠭᠵᠢᠭᠦᠯᠦᠨ᠎ᠡ ᠃ ᠲᠡᠷᠢᠭᠦᠨ ᠤ ᠬᠢ ᠲᠠᠢ ᠬᠠᠷᠢᠴᠠᠭᠤᠯᠵᠤ ᠂ | ᠲᠡᠷᠢᠭᠦᠨ ᠤ ᠬᠢ ᠠᠴᠠ ᠰᠤᠷᠤᠯᠴᠠᠵᠤ ᠪᠠᠶᠢᠭᠠᠳ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠰᠢᠯᠢᠳᠡᠭᠵᠢᠭᠦᠯᠵᠦ ᠳᠡᠰ ᠳᠡᠪᠰᠢᠭᠰᠡᠨ ᠪᠠᠷᠯᠠᠯ ᠢ ᠪᠦᠬᠦ | ᠬᠦᠴᠦ ᠪᠠᠷ ᠢᠶᠠᠨ ᠴᠣᠭᠴᠠᠯᠠᠨ᠎ᠠ ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ ᠂ ᠬᠦᠬᠡᠬᠤᠲᠠ ᠪᠤᠭᠤᠲᠤ | ᠣᠷᠳᠣᠰ ᠤᠯᠠᠭᠠᠨᠴᠠᠪ ᠲᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠬᠡ ᠶᠢᠨ ᠵᠦᠢᠯᠡᠰ ᠢ ᠪᠦᠬᠦ ᠲᠠᠯ᠎ᠠ ᠪᠠᠷ ᠳᠣᠷᠣᠭᠰᠢ ᠲᠠᠯᠪᠢᠬᠤ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠦᠨ᠎ᠡ ᠃ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠰᠢᠯᠢᠳᠡᠭᠵᠢᠭᠦᠯᠦᠨ ᠂ ︽ᠨᠢᠭᠡ ᠯᠠ ᠰᠦᠯᠵᠢᠶ᠎ᠡ ᠪᠠᠷ ᠨᠢᠭᠡᠳᠦᠯᠲᠡᠢ | ᠬᠠᠮᠢᠶᠠᠷᠬᠤ︾ ᠶᠢ ᠡᠬᠢᠯᠡᠭᠦᠯᠵᠦ ᠂ ︽ᠮᠥᠩᠬᠡ ᠰᠤᠪᠠᠭ•ᠳᠥᠷᠪᠡ ᠶᠢ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶᠢᠷᠡᠭᠦᠯᠦᠨ ᠂ ᠰᠤᠷᠭᠠᠨ ᠬᠥᠮᠦᠵᠢᠯ ᠂ ᠨᠡᠶᠢᠭᠡᠮ ᠤᠨ | ᠪᠠᠲᠤᠯᠠᠭ᠎ᠠ ᠂ ᠡᠮᠴᠢᠯᠡᠭᠡ ᠪᠠ ᠠᠵᠤ ᠠᠬᠤᠶᠢᠯᠠᠯ ᠨᠡᠭᠡᠭᠡᠨ ᠡᠷᠬᠢᠯᠡᠬᠦ ᠂ ᠡᠵᠡᠩᠨᠡᠯᠲᠡ ᠶᠢᠨ ᠵᠥᠪᠰᠢᠶᠡᠷᠡᠯ ᠵᠡᠷᠭᠡ ᠣᠯᠠᠨᠲᠠ ᠳᠠᠪᠲᠠᠨ ᠭᠦᠢᠴᠡᠳᠬᠡᠬᠦ ᠵᠦᠢᠯᠡᠰ ᠢ ︽ᠨᠢᠭᠡ ᠯᠠ | ᠤᠳᠠᠭ᠎ᠠ ᠳᠤ ᠭᠦᠢᠴᠡᠳᠬᠡᠬᠦ︾ ᠂ ︽ᠭᠠᠷ ᠤᠲᠠᠰᠤ ᠪᠠᠷ ᠭᠦᠢᠴᠡᠳᠬᠡᠬᠦ︾ ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠣᠯᠬᠤ 12345 ᠶᠢᠨ ︽ᠨᠢᠭᠡ ᠤᠲᠠᠰᠤ ᠪᠠᠷ ᠨᠡᠶᠢᠳᠡᠮ ᠨᠡᠪᠲᠡᠷᠡᠬᠦ︾ ᠶᠢ ᠠᠬᠢᠭᠤᠯᠵᠤ ᠂ ᠣᠯᠠᠨ ᠲᠦᠮᠡᠨ ᠤ | ᠲᠤᠰᠬᠠᠭᠰᠠᠨ ᠠᠵᠢᠯ ᠶᠠᠪᠤᠳᠠᠯ ᠳᠤ ᠳᠠᠭᠠᠵᠦ ᠰᠢᠮᠳᠠᠭᠤᠯᠬᠤ ᠪᠠ ᠲᠡᠭᠦᠨ ᠢ ᠨᠢ ᠭᠦᠢᠴᠡᠳᠬᠡᠬᠦ ᠬᠥᠮᠥᠨ ᠲᠠᠢ ᠪᠣᠯᠭᠠᠨ᠎ᠠ ᠃ ︽ᠬᠤᠶᠠᠷ ᠢ ᠣᠭᠲᠤ ᠭᠤᠶᠢᠪᠢᠰᠢ ᠦᠭᠡᠢ | ᠪᠠᠶᠢᠯᠭᠠᠬᠤ︾ ᠶᠢ ᠪᠠᠷᠢᠮᠲᠠᠯᠠᠨ ᠂ ᠲᠥᠪ ᠭᠤᠤᠯᠴᠢ ᠪᠠᠷ ᠥᠷᠢᠰᠦᠯᠳᠦᠬᠦ ᠳᠤ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠵᠦᠢᠯᠡᠰ ᠢ ᠴᠢᠩᠭ᠎ᠠ ᠡᠵᠡᠮᠳᠡᠨ ᠂ ᠤᠯᠤᠰ ᠤᠨ ᠭᠠᠶᠢᠯᠢ ᠬᠥᠩᠭᠡᠷᠡᠭᠦᠯᠵᠦ ᠰᠦᠢᠳᠬᠡᠯ ᠪᠠᠭᠤᠷᠠᠭᠤᠯᠬᠤ ᠰᠢᠨ᠎ᠡ ᠲᠦᠷᠦ ᠶᠢᠨ | ᠪᠣᠳᠣᠯᠭ᠎ᠠ ᠶᠢ ᠴᠥᠮ ᠬᠡᠷᠡᠭᠵᠢᠭᠦᠯᠦᠨ ᠪᠣᠳᠠᠲᠠᠶᠢᠵᠢᠭᠤᠯᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ | ᠪᠠᠶᠢᠭ᠎ᠠ ᠮᠠᠷᠭᠤᠭᠠᠨ ᠦᠭᠡᠢ ᠳᠠᠩᠰᠠᠨ ᠳᠠᠬᠢ ᠵᠣᠭᠤᠰ ᠢ ᠨᠢ ᠪᠦᠬᠦᠨ ᠢ ᠲᠥᠯᠥᠵᠦ ᠳᠠᠭᠤᠰᠬᠠᠨ᠎ᠠ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠠᠯᠢ ᠨᠢ ᠴᠦ ᠭᠡᠰᠡᠨ ᠂ ᠬᠦᠴᠢᠷᠳᠡᠯ ᠲᠠᠢ ᠪᠣᠯᠬᠤ ᠲᠣᠳᠣᠮ ᠂ ᠵᠠᠰᠠᠭ ᠤᠨ ᠣᠷᠳᠣᠨ ᠤᠯᠠᠮ ᠢᠯᠡᠭᠦᠦ ᠬᠠᠪᠰᠤᠷᠴᠤ ᠬᠦᠴᠦᠨ | ᠣᠯᠭᠤᠨ ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠨᠢ ᠳᠣᠲᠣᠨᠣ ᠪᠤᠯᠪᠠᠴᠦ ᠳᠦᠷᠢᠮ ᠵᠥᠷᠢᠴᠡᠬᠦ ᠦᠭᠡᠢ ᠂ ᠴᠢᠬᠡᠴᠢ ᠪᠤᠯᠪᠠᠴᠦ ᠬᠤᠯᠠ ᠵᠠᠶᠢᠳᠠᠬᠤ ᠦᠭᠡᠢ | ᠪᠠᠶᠢᠵᠤ ᠂ ᠢᠲᠡᠭᠡᠯ ᠲᠡᠭᠦᠯᠳᠡᠷ ᠢᠶᠠᠷ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠨᠢ ᠳᠡᠮᠵᠢᠨ᠎ᠡ ᠃ | ᠭᠤᠣᠯᠳᠠᠯᠭ᠎ᠠ ᠪᠣᠯᠬᠤ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ ᠪᠡᠶᠡᠯᠡᠭᠦᠯᠬᠦ ᠪᠠ ᠠᠬᠢᠭᠤᠯᠵᠤ ᠂ ᠠᠯᠳᠠᠭᠳᠠᠯ ᠲᠠᠢ ᠭᠤᠣᠯᠳᠠᠯᠭ᠎ᠠ ᠪᠣᠯᠬᠤ ᠠᠵᠤ ᠠᠬᠤᠶᠢᠯᠠᠯ ᠳᠤ ᠲᠤᠰᠬᠠᠢ | ᠴᠡᠭᠴᠡᠯᠡᠨ ᠵᠠᠰᠠᠬᠤ ᠶᠢ ᠪᠡᠶᠡᠯᠡᠭᠦᠯᠦᠨ ᠂ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠪᠠᠷ ᠳᠠᠬᠢᠨᠲᠠ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠵᠦ ᠨᠡᠶᠢᠯᠡᠭᠦᠯᠬᠦ ᠶᠢ ᠨᠡᠩ ᠬᠦᠴᠦᠲᠡᠢ ᠠᠬᠢᠭᠤᠯᠵᠤ ᠂ ᠠᠵᠢᠯ | ᠲᠦᠷᠦᠯ ᠤᠨ ᠲᠡᠷᠢᠭᠦᠨ ᠤ ᠬᠠᠮᠢᠶᠠᠷᠤᠯᠲᠠ ᠯᠤᠭ᠎ᠠ ᠪᠠᠷᠢᠮᠵᠢᠶᠠᠯᠠᠵᠤ ᠳᠡᠭᠡᠭᠰᠢᠯᠡᠭᠦᠯᠬᠦ ᠲᠤᠰᠬᠠᠢ ᠠᠵᠢᠯᠯᠠᠭᠠᠨ ᠢ ᠥᠷᠨᠢᠭᠦᠯᠦᠨ ᠂ ᠤᠯᠤᠰ ᠤᠨ ᠥᠮᠴᠢᠯᠡᠯᠲᠦ ᠬᠥᠷᠥᠩᠭᠡ ᠪᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠭᠤᠶᠢᠪᠢᠰᠢ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠪᠦᠬᠦ ᠣᠷᠣᠨ ᠤ ᠨᠢᠭᠡᠳᠦᠯᠲᠡᠢ ᠲᠥᠯᠥᠪᠯᠡᠬᠦ ᠴᠢᠳᠠᠪᠤᠷᠢ ᠶᠢ ᠴᠢᠩᠭᠠᠷᠠᠭᠤᠯᠤᠨ ᠂ ᠡᠳ᠋ ᠤᠨ ᠵᠠᠰᠠᠭ ᠤᠨ ᠪᠡᠯᠡ ᠮᠥᠩᠭᠦᠨ ᠤ | ᠲᠠᠯ᠎ᠠ ᠪᠠᠷ ᠬᠢ ᠬᠥᠲᠥᠯᠥᠨ ᠳᠠᠭᠠᠭᠤᠯᠬᠤ ᠂ ᠲᠣᠬᠢᠷᠠᠭᠤᠯᠤᠨ ᠡᠵᠡᠮᠳᠡᠬᠦ ᠂ ᠳᠠᠶᠢᠴᠢᠯᠠᠨ ᠬᠥᠭᠵᠢᠭᠡᠬᠦ ᠦᠢᠯᠡᠳᠦᠯ ᠢ ᠪᠠᠳᠠᠷᠠᠭᠤᠯᠵᠤ ᠂ ᠦᠨᠳᠦᠰᠦᠨ ᠱᠠᠲᠤᠨ ᠳᠠᠬᠢ | ᠨᠢᠭᠡᠳᠦᠯᠲᠡᠢ ᠲᠥᠯᠥᠪᠯᠡᠵᠦ ᠵᠢᠭᠠᠨ ᠵᠢᠯᠤᠭᠤᠳᠬᠤ ᠶᠢ ᠴᠢᠩᠭᠠᠳᠬᠠᠨ ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠭᠤᠣᠯᠳᠠᠯᠭ᠎ᠠ ᠪᠣᠯᠬᠤ ᠲᠦᠷᠦᠯ | ᠵᠦᠢᠯ ᠳᠠᠬᠢ ᠪᠠᠲᠤᠯᠠᠭ᠎ᠠ ᠶᠢ ᠴᠢᠩᠭᠠᠳᠬᠠᠨ᠎ᠠ ᠃ ᠬᠤᠲᠠ ᠶᠢᠨ ᠬᠤᠳᠠᠯᠳᠤᠭᠠᠨ ᠤ ᠪᠠᠩᠬᠢ ᠂ ᠬᠥᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ︽ᠲᠢᠶᠠᠨ ᠵᠢᠶᠦ᠋ᠨ ᠦᠢᠯᠡᠴᠢᠯᠡᠭᠡ︾ ᠶᠢᠨ ᠲᠥᠯᠥᠪᠯᠡᠭᠡ ᠶᠢ | ᠦᠷᠬᠦᠯᠵᠢᠯᠡᠨ ᠠᠬᠢᠭᠤᠯᠵᠤ ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠪᠠ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠭ᠎ᠠ ᠪᠠᠨ ᠥᠷᠭᠡᠳᠬᠡᠬᠦ ᠂ | ᠢᠲᠡᠭᠡᠮᠵᠢᠲᠦ ᠪᠡᠯᠡ ᠲᠣᠬᠢᠷᠠᠭᠤᠯᠭ᠎ᠠ ᠥᠷᠨᠢᠭᠦᠯᠬᠦ ᠶᠢ ᠳᠠᠮᠵᠢᠵᠦ ᠂ ᠢᠲᠡᠭᠡᠮᠵᠢᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠨ ᠂ ᠪᠡᠯᠡ ᠲᠣᠬᠢᠷᠠᠭᠤᠯᠬᠤ | ᠪᠦᠲᠦᠴᠡ ᠳᠤ ᠨᠢ ᠲᠣᠬᠢᠷᠠᠭᠤᠯᠤᠯᠲᠠ ᠬᠢᠨ᠎ᠡ ᠃ ᠴᠠᠬᠢᠯᠭᠠᠨ ᠤ ᠦᠨ᠎ᠡ ᠪᠠᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠠᠷᠠᠯᠵᠢᠶᠠᠯᠠᠬᠤ | ᠴᠠᠬᠢᠯᠭᠠᠨ ᠤ ᠦᠨ᠎ᠡ ᠶᠢᠨ ᠬᠥᠪᠥᠮᠡᠯ ᠲᠣᠭᠲᠠᠴᠠ ᠶᠢ ᠨᠠᠶᠢᠳᠠᠪᠤᠷᠢᠵᠢᠭᠤᠯᠤᠨ᠎ᠠ ᠃ ᠭᠠᠵᠠᠷ ᠰᠢᠷᠣᠢ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠨ | ᠲᠣᠬᠢᠷᠠᠭᠤᠯᠬᠤ︾ ᠶᠢ ᠯᠠᠪᠳᠠᠭᠤᠨ ᠢᠶᠠᠷ ᠬᠡᠷᠡᠭᠵᠢᠭᠦᠯᠵᠦ ᠂ ᠠᠮᠢᠲᠠᠨ ᠤ ᠬᠢᠵᠢᠭ ᠭᠡᠮ ᠢ ᠰᠡᠷᠭᠡᠶᠢᠯᠡᠨ ᠳᠠᠷᠤᠬᠤ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠰᠢᠰᠲ᠋ᠧᠮ ᠲᠠᠢ ᠠᠬᠢᠭᠤᠯᠤᠨ᠎ᠠ ᠃ | ᠰᠢᠨ᠎ᠡ ᠶᠢ ᠡᠭᠦᠣᠡᠭᠦ ᠮᠠᠶ᠋ᠢᠭ ᠤᠨ ᠥᠪᠥᠷ ᠮᠣᠩᠭᠤᠯ ᠢᠶᠠᠨ ᠲᠦᠷᠭᠡᠳᠬᠡᠨ ᠪᠦᠲᠦᠭᠡᠨ ᠪᠠᠶᠢᠭᠤᠯᠤᠨ᠎ᠠ ᠃ ᠣᠷᠣᠨ ᠳᠠᠶᠠᠭᠠᠷ ᠲᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠶᠠᠰᠤ ᠴᠢᠨᠠᠷ ᠢ ᠳᠡᠭᠡᠭᠰᠢᠯᠡᠭᠦᠯᠬᠦ ᠂ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠬᠥᠭᠵᠢᠭᠦᠯᠬᠦ ᠬᠠᠮᠲᠤ ᠶᠢᠨ ᠲᠠᠨᠢᠯᠲᠠ ᠶᠢ ᠪᠦᠷᠢᠯᠳᠦᠭᠦᠯᠦᠨ᠎ᠡ ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ ᠢᠶᠠᠷ ᠨᠢᠭᠡᠳᠦᠯᠲᠡᠢ ᠤᠳᠤᠷᠢᠳᠤᠮᠵᠢ ᠪᠣᠯᠭᠠᠵᠣ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠢᠨ᠎ᠡ ᠶᠢ ᠡᠭᠦᠣᠡᠭᠦ ᠴᠢᠳᠠᠪᠤᠷᠢ ᠪᠠᠨ ᠳᠡᠭᠡᠭᠰᠢᠯᠡᠭᠦᠯᠭᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠂ | ᠰᠢᠨ᠎ᠡ ᠡᠭᠦᠳᠦᠯᠲᠡ ᠪᠠᠷ ᠬᠥᠭᠵᠢᠯᠲᠡ ᠪᠠᠨ ᠳᠠᠶᠢᠴᠢᠯᠠᠬᠤ ᠰᠢᠨ᠎ᠡ ᠳᠠᠪᠠᠭᠤᠯᠢᠭ ᠢ ᠪᠣᠢ ᠪᠣᠯᠭᠠᠨ᠎ᠠ ᠃ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠳᠠᠬᠢ ᠪᠡᠯᠡ | ᠤᠷᠤᠭᠤᠯᠤᠯᠲᠠ ᠪᠠᠨ ᠵᠠᠶᠢᠯᠠᠰᠢ ᠦᠭᠡᠢ ᠨᠡᠮᠡᠭᠳᠡᠭᠦᠯᠬᠦ ᠲᠣᠭᠲᠠᠴᠠ ᠪᠠ ᠨᠡᠶᠢᠭᠡᠮ ᠤᠨ ᠣᠯᠠᠨ ᠵᠠᠮ ᠮᠥᠷ ᠢᠶᠠᠷ ᠪᠡᠯᠡ ᠣᠷᠣᠭᠤᠯᠵᠤ ᠤᠷᠮᠠᠰᠢᠭᠤᠯᠬᠤ ᠲᠣᠭᠲᠠᠴᠠ ᠶᠢ | ᠨᠠᠶᠢᠳᠠᠪᠤᠷᠢᠵᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠡᠳ᠋ ᠤᠨ ᠵᠠᠰᠠᠭ ᠤᠨ ᠵᠠᠷᠤᠯᠭ᠎ᠠ ᠶᠢ 36.9% ᠨᠡᠮᠡᠭᠳᠡᠭᠦᠯᠵᠦ ᠂ ᠠᠵᠤ ᠠᠬᠤᠶᠢᠯᠠᠯ ᠂ | ᠮᠥᠩᠭᠦᠨ ᠭᠦᠢᠯᠭᠡᠭᠡᠨ ᠤ ᠬᠥᠷᠥᠩᠭᠡ ᠪᠠ ᠠᠷᠠᠳ ᠤᠨ ᠳᠤᠮᠳᠠᠬᠢ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠤᠯ ᠳᠤ ᠣᠷᠣᠭᠤᠯᠣᠯᠳᠡ ᠬᠢᠬᠦ ᠶᠢ ᠨᠢ ᠨᠡᠮᠡᠭᠳᠡᠭᠦᠯᠵᠦ ᠂ ᠰᠤᠳᠤᠯᠤᠨ ᠨᠡᠭᠡᠭᠡᠬᠦ ᠠᠵᠢᠯᠯᠠᠭ᠎ᠠ ᠲᠠᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠤᠭ᠎ᠠ ᠶᠢᠨ ᠬᠤᠶᠠᠷ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠦᠨ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 200 ᠰᠢᠨ᠎ᠡ ᠪᠠᠷ ᠨᠡᠮᠡᠭᠳᠡᠭᠦᠯᠵᠦ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ ᠢ 1000 ᠠᠴᠠ ᠳᠠᠪᠠᠭᠤᠯᠤᠨ᠎ᠠ ᠃ ᠠᠵᠤ ᠦᠢᠯᠡᠰ ᠤᠨ ᠬᠡᠯᠬᠢᠶ᠎ᠡ ᠲᠠᠢ | ᠨᠢᠭᠲᠠ ᠤᠶᠠᠯᠳᠤᠭᠤᠯᠵᠤ ᠪᠠᠶᠢᠭᠠᠳ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ ᠂ ᠰᠢᠨ᠎ᠡ ᠡᠨᠧᠷᠬᠢ ᠂ ᠰᠢᠨ᠎ᠡ ᠮᠠᠲ᠋ᠧᠷᠢᠶᠠᠯ ᠂ ᠰᠦ ᠶᠢᠨ ᠦᠢᠯᠡᠰ ᠂ ᠨᠡᠭᠦᠷᠡᠰᠦ ᠶᠢ | ᠴᠡᠪᠡᠷᠰᠢᠭᠦᠯᠦᠨ ᠥᠨᠳᠥᠷ ᠪᠦᠳᠣᠮᠵᠢᠳᠠᠢ ᠪᠠᠷ ᠠᠰᠢᠭᠯᠠᠬᠤ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠤ ᠠᠩᠬᠠᠷᠤᠯ ᠢᠶᠠᠨ ᠴᠢᠭᠯᠡᠭᠦᠯᠦᠨ ᠨᠢᠭᠡ ᠪᠦᠯᠦᠭ ᠵᠠᠩᠭᠢᠯᠠᠭ᠎ᠠ ᠶᠢᠨ | ᠮᠡᠷᠭᠡᠵᠢᠯ ᠤᠨ ᠰᠢᠪᠲᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ ᠂ ᠦᠷ᠎ᠡ ᠡᠭᠦᠯᠳᠡᠷ ᠤᠨ ᠦᠢᠯᠡᠰ ᠂ ︽ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ | ᠤᠷᠭᠢᠯ ᠬᠡᠮᠵᠢᠭᠳᠡᠯ ᠠᠴᠠ ᠪᠠᠭᠤᠷᠠᠭᠤᠯᠬᠤ ᠪᠠ ᠨᠡᠭᠦᠷᠡᠰᠦᠲᠦ᠋ᠷᠦᠭᠴᠢ ᠶᠢ ᠰᠠᠭᠠᠷᠮᠠᠭᠵᠢᠭᠤᠯᠬᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ | ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠡᠬᠢᠯᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ | ᠤᠯᠠᠷᠢᠭᠤᠯᠵᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ ᠃ ᠰᠦ ᠶᠢᠨ ᠦᠢᠯᠡᠰ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠠᠮᠢᠳᠠᠨ ᠤ ᠸᠠᠺᠼᠢᠨ ᠵᠡᠷᠭᠡ | ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠢ ᠳᠡᠮᠵᠢᠵᠦ ᠪᠠᠶᠢᠭᠠᠳ ᠮᠡᠷᠭᠡᠵᠢᠯ ᠤᠨ ᠰᠢᠪᠲᠤᠯᠤᠯᠲᠠ ᠥᠷᠨᠢᠭᠦᠯᠦᠨ ᠂ ᠬᠦᠬᠡᠬᠤᠲᠠ ᠪᠤᠭᠤᠲᠤ ᠣᠷᠳᠣᠰ ᠲᠠᠬᠢ | ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠂ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠂ ᠤᠯᠤᠰ ᠤᠨ ᠡᠪᠡᠰᠦᠨ ᠤ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠲᠥᠪ ᠤᠨ ᠡᠭᠦᠳᠦᠨ ᠪᠠᠶᠢᠭᠤᠯᠵᠤ ᠰᠢᠪᠲᠤᠯᠤᠯᠲᠠ ᠬᠢᠬᠦ ᠠᠵᠢᠯ ᠥᠷᠨᠢᠭᠦᠯᠬᠦ ᠶᠢ ᠳᠡᠮᠵᠢᠵᠤ ᠂ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠵᠡᠷᠭᠡ ᠳᠡᠰ ᠢ ᠨᠢ | ᠳᠡᠪᠰᠢᠭᠦᠯᠭᠦ ᠶᠢ ᠳᠡᠮᠵᠢᠵᠣ ᠂ ᠰᠢᠨ᠎ᠡ ᠣᠨᠣᠯᠵᠢᠬᠤᠨ ᠢᠶᠠᠷ ᠤᠳᠤ ᠦᠶ᠎ᠡ ᠶᠢᠨ ᠰᠢᠨ᠎ᠡ ᠮᠠᠶ᠋ᠢᠭ ᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠤᠯ ᠤᠨ ᠬᠦᠷᠢᠶᠡᠯᠡᠩ ᠢ ᠪᠠᠶᠢᠭᠤᠯᠤᠨ᠎ᠠ ᠃ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠳᠦᠷᠢᠮ ᠢ ᠬᠦᠴᠦᠲᠡᠢ ᠬᠡᠷᠡᠭᠵᠢᠭᠦᠯᠵᠦ ᠂ ᠰᠢᠨᠵᠢᠯᠡᠬᠦ | ᠤᠬᠠᠭᠠᠨ ᠤ ᠰᠤᠳᠤᠯᠤᠯ ᠤᠨ ᠵᠠᠷᠤᠳᠠᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠶᠡᠭᠡ ᠳᠡᠭᠡᠳᠦ ᠰᠤᠷᠭᠠᠭᠤᠯᠢ | ᠬᠦᠷᠢᠶᠡᠯᠡᠩ ᠭᠠᠵᠠᠷ ᠤᠨ ᠡᠵᠡᠨ ᠮᠡᠳᠡᠬᠦ ᠡᠷᠬᠡ ᠶᠢ ᠥᠷᠭᠡᠳᠬᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ ᠂ | ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ ᠃ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠤ | ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠪᠦᠯᠬᠦᠮ ᠨᠡᠶᠢᠲᠡ ᠶᠢ ᠶᠡᠭᠡ ᠪᠠᠷ | ᠬᠥᠲᠥᠯᠥᠨ ᠳᠠᠭᠠᠭᠤᠯᠵᠤ ᠬᠥᠮᠥᠵᠢᠭᠦᠯᠦᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠵᠠᠯᠠᠭᠤ ᠴᠢᠳᠠᠪᠤᠷᠢᠲᠠᠨ ᠢ ᠬᠥᠮᠥᠵᠢᠭᠦᠯᠵᠦ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ ᠶᠢᠨ ᠳᠦᠷᠢᠮ ᠢ ᠭᠦᠨᠵᠡᠭᠡᠢ ᠬᠡᠷᠡᠭᠵᠢᠭᠦᠯᠦᠨ᠎ᠡ ᠃ | ᠨᠡᠭᠡᠭᠡᠯᠲᠡ ᠬᠢᠬᠦ ᠶᠢ ᠥᠷᠭᠡᠳᠬᠡᠬᠦ ᠠᠷᠭ᠎ᠠ ᠬᠡᠮᠵᠢᠶ᠎ᠡ ᠶᠢ ᠪᠦᠲᠦᠮᠵᠢᠲᠠᠢ ᠨᠠᠶᠢᠳᠠᠪᠤᠷᠢᠵᠢᠭᠤᠯᠤᠨ᠎ᠠ ᠃ ︽ᠲᠠᠯᠪᠢᠬᠤ︾ ᠪᠠ ︽ᠰᠡᠷᠭᠡᠶᠢᠯᠡᠬᠦ︾ ᠶᠢ ᠨᠢᠭᠡᠳᠦᠯᠲᠡᠢ | ᠲᠥᠯᠥᠪᠯᠡᠵᠦ ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠪᠣᠳᠠᠲᠠᠢ ᠠᠳᠬᠤᠨ ᠂ ᠨᠦᠭᠦᠭᠡ ᠲᠠᠯ᠎ᠠ ᠪᠠᠷ ᠬᠢᠯᠢ ᠶᠢᠨ ᠪᠣᠭᠤᠮᠲᠠ ᠶᠢᠨ ᠰᠠᠭᠠᠳ | ᠦᠭᠡᠢ ᠨᠡᠪᠲᠡᠷᠡᠬᠦ ᠶᠢ ᠰᠠᠶᠢᠲᠤᠷ ᠠᠳᠬᠤᠨ᠎ᠠ ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠳᠤ ᠢᠳᠡᠪᠬᠢᠲᠡᠢ ᠠᠭᠤᠰᠤᠯᠴᠠᠨ ᠂ ᠤᠷᠤᠰ ᠮᠣᠩᠭᠤᠯ | ᠯᠤᠭ᠎ᠠ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠬᠢᠯᠢ ᠶᠢᠨ ᠪᠣᠭᠤᠮᠲᠠ ᠶᠢᠨ ᠬᠦᠢᠰᠦ ᠪᠣᠯᠬᠤ ᠴᠢᠳᠠᠮᠵᠢ ᠪᠠᠨ ᠥᠷᠭᠡᠳᠬᠡᠨ ᠥᠭᠡᠷᠡᠴᠢᠯᠡᠬᠦ ᠂ | ᠬᠤᠯᠪᠤᠭᠠᠯᠠᠨ ᠲᠡᠭᠡᠭᠡᠪᠦᠷᠢᠯᠡᠬᠦ ᠵᠠᠮ ᠤᠨ ᠴᠢᠳᠠᠪᠤᠷᠢ ᠶᠢ ᠨᠡᠮᠡᠭᠳᠡᠭᠦᠯᠦᠨ ᠴᠢᠩᠭᠠᠳᠬᠠᠬᠤ ᠂ ᠲᠥᠪᠯᠡᠷᠡᠭᠦᠯᠵᠦ ᠬᠤᠪᠢᠶᠠᠷᠢᠯᠠᠨ ᠲᠡᠭᠡᠭᠡᠪᠦᠷᠢᠯᠡᠬᠦ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠦᠷᠢᠯᠡᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ ᠂ ᠮᠠᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠴᠣᠭᠴᠠᠯᠠᠬᠤ ᠳᠤ ᠰᠠᠭᠤᠷᠢ ᠶᠢ ᠨᠢ ᠪᠠᠬᠢᠵᠢᠭᠦᠯᠦᠨ᠎ᠡ ᠃ ᠮᠠᠨᠵᠤᠤᠷ ᠂ ᠡᠷᠢᠶᠡᠨ ᠬᠤᠳᠠ ᠳᠠᠬᠢ ᠤᠯᠤᠰ ᠤᠨ | ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠤᠨ ᠴᠢᠳᠠᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠥᠷᠭᠡᠨ | ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ ᠃ ᠭᠠᠳᠠᠭᠰᠢᠯ ᠮᠠᠶ᠋ᠢᠭ ᠤᠨ ᠠᠵᠤ ᠦᠢᠯᠡᠰ ᠢ ᠢᠳᠡᠪᠬᠢᠲᠡᠢ ᠪᠤᠵᠠᠭᠠᠶᠢᠷᠠᠭᠤᠯᠤᠨ ᠂ | ᠳᠤᠮᠲᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠣᠷᠣᠯᠴᠠᠴᠠ ᠶᠢ ᠳᠡᠭᠡᠭᠰᠢᠯᠡᠭᠦᠯᠵᠦ ᠂ ᠭᠠᠳᠠᠭᠠᠳᠤ ᠪᠡᠯᠡ ᠶᠢ ᠲᠠᠳᠡᠨ ᠠᠪᠴᠢᠷᠠᠬᠤ ᠪᠠ ᠭᠠᠳᠠᠭᠠᠳᠤ | ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ ᠃ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠪᠠ | ᠬᠠᠳᠣᠨ ᠭᠤᠣᠯ ᠳᠠᠭᠠᠤ ᠶᠢᠨ ᠮᠤᠵᠢ ᠂ ᠬᠥᠷᠰᠢ ᠵᠡᠷᠭᠡᠯᠡᠳᠡᠭᠡ ᠮᠤᠵᠢ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠵᠦ ᠬᠠᠮᠲᠤᠷᠠᠨ ᠠᠵᠢᠯᠯᠠᠬᠤ ᠪᠠᠨ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ ᠂ ᠢᠯᠠᠩᠭᠤᠶ᠎ᠠ ᠡᠨᠧᠷᠬᠢ ᠂ ᠠᠮᠢ ᠠᠬᠤᠢ ᠂ ᠵᠢᠭᠤᠯᠴᠢᠯᠠᠯ ᠂ ᠠᠷᠠᠯᠵᠢᠶ᠎ᠠ ᠬᠤᠳᠠᠯᠳᠤᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠤᠷᠭᠠᠨ | ᠬᠥᠮᠦᠵᠢᠯ ᠂ ᠡᠮᠴᠢᠯᠡᠭᠡ ᠂ ᠴᠢᠳᠠᠪᠤᠷᠢᠲᠠᠨ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠤ ᠰᠢᠪᠲᠤᠯᠤᠯᠲᠠ ᠭᠠᠷᠭᠠᠬᠤ ᠪᠠᠷ ᠰᠦᠪᠡᠭᠴᠢᠯᠡᠨ ᠂ ᠨᠢᠭᠡ ᠶᠢ ᠨᠢᠭᠡ ᠳᠤ | ᠴᠢᠭᠯᠡᠬᠦᠯᠬᠦ ᠪᠠ ᠨᠢᠭᠡ ᠶᠢ ᠣᠯᠠᠨ ᠳᠤ ᠴᠢᠭᠯᠡᠭᠦᠯᠦᠭᠰᠡᠨ ᠬᠠᠮᠲᠤᠷᠠᠵᠤ ᠠᠵᠢᠯᠯᠠᠬᠤ ᠵᠦᠢᠯᠡᠰ ᠢ ᠣᠨᠣᠴᠠᠲᠠᠢ ᠰᠡᠳᠦᠨ ᠲᠥᠯᠥᠪᠯᠡᠵᠦ ᠂ ᠳᠡᠭᠡᠳᠦ ᠦᠵᠦᠭᠦᠷ ᠤᠨ ᠠᠵᠤ | ᠦᠢᠯᠡᠰ ᠲᠠᠢ ᠵᠣᠯᠭᠠᠭᠤᠯᠬᠤ ᠂ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠂ ᠲᠡᠷᠢᠭᠦᠨ ᠤ ᠬᠦᠴᠦᠨ ᠵᠦᠢᠯ ᠢ ᠰᠢᠩᠭᠡᠬᠡᠨ ᠠᠪᠬᠤ ᠂ | ᠬᠡᠷᠡᠭᠯᠡᠭᠡ ᠶᠢᠨ ᠵᠠᠬ᠎ᠠ ᠳᠡᠯᠭᠡᠭᠦᠷ ᠢ ᠥᠷᠭᠡᠳᠬᠡᠬᠦ ᠠᠵᠢᠯ ᠢᠶᠠᠨ ᠨᠡᠩ ᠰᠠᠶᠢᠨ ᠪᠣᠯᠭᠠᠨ᠎ᠠ ᠃ | ︵ᠲᠠᠪᠤ︶ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ ᠂ ᠪᠦᠬᠦ ᠣᠷᠣᠨ ᠤ ᠡᠯ᠎ᠡ ᠭᠠᠵᠠᠷ ᠤᠨ | ᠥᠷᠢᠰᠦᠯᠳᠦᠨ ᠬᠥᠭᠵᠢᠭᠰᠡᠨ ᠬᠥᠭᠵᠢᠶᠡᠩᠭᠦᠢ ᠪᠠᠶᠢᠳᠠᠯ ᠢ ᠪᠤᠢ ᠪᠣᠯᠭᠠᠨ᠎ᠠ ᠃ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠵᠡᠭᠦᠨ | ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠰᠢᠨ᠎ᠡ ᠨᠢᠭᠡ ᠡᠭᠡᠯᠵᠢ ᠶᠢᠨ ᠪᠠᠶᠢᠯᠳᠤᠬᠤ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ ᠂ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ ᠂ ᠲᠥᠪᠯᠡᠷᠡᠭᠦᠯᠵᠦ | ᠪᠥᠭᠡᠮᠨᠡᠷᠡᠭᠦᠯᠵᠦ ᠡᠷᠴᠢᠮᠵᠢᠭᠦᠯᠵᠦ ᠬᠥᠭᠵᠢᠭᠦᠯᠬᠦ ᠶᠢ ᠬᠦᠴᠦᠯᠡᠨ ᠠᠬᠢᠭᠤᠯᠵᠤ ᠂ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠭᠰᠡᠨ ᠰᠢᠨ᠎ᠡ | ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ ᠃ | ᠬᠥᠳᠡᠭᠡ ᠲᠤᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ ᠃ ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ ᠪᠠᠷ ᠤᠷᠢᠳᠠᠯ | ᠪᠤᠯᠭᠠᠵᠤ ᠂ ᠬᠢᠨᠠᠨ ᠰᠢᠨᠵᠢᠬᠦ ᠬᠠᠪᠰᠤᠷᠤᠨ ᠳᠡᠳᠭᠦᠬᠦ ᠲᠣᠭᠲᠠᠴᠠ ᠪᠠᠨ ᠲᠡᠭᠦᠯᠳᠡᠷᠵᠢᠭᠦᠯᠦᠨ ᠂ ᠭᠤᠣᠯᠳᠠᠯᠭ᠎ᠠ ᠲᠠᠢ ᠬᠠᠪᠰᠤᠷᠤᠨ ᠳᠡᠳᠭᠦᠭᠦ ᠬᠤᠰᠢᠭᠤ ᠰᠢᠶᠠᠨ ᠲᠡᠶᠢᠰᠢ | ᠬᠡᠯᠪᠡᠶᠢᠯᠭᠡᠨ ᠳᠡᠮᠵᠢᠬᠦ ᠪᠠ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭ᠎ᠠ ᠦᠷᠬᠦᠯᠵᠢᠯᠡᠨ ᠳᠡᠳᠭᠦᠭᠦ ᠶᠢ ᠰᠠᠶᠢᠲᠤᠷ ᠠᠳᠬᠤᠵᠤ ᠂ ᠬᠡᠪᠴᠢᠶᠡᠵᠢᠯ ᠤᠨ ᠴᠢᠨᠠᠷᠲᠠᠢ | ᠪᠤᠴᠠᠭᠠᠳ ᠶᠠᠳᠠᠭᠤᠷᠠᠬᠤ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠠᠮᠢᠳᠤᠷᠠᠯ ᠢ ᠰᠢᠨ᠎ᠡ | ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ ᠃ ᠣᠨᠴᠠᠯᠢᠭ ᠲᠠᠢ ᠲᠠᠷᠢᠵᠤ ᠤᠷᠭᠤᠭᠤᠯᠤᠨ ᠲᠡᠵᠢᠭᠡᠵᠦ ᠦᠷᠡᠵᠢᠭᠦᠯᠬᠦ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠂ ᠬᠥᠳᠡᠭᠡ ᠲᠤᠰᠬᠤᠨ ᠤ ᠵᠢᠭᠤᠯᠴᠢᠯᠠᠯ ᠵᠡᠷᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠭᠵᠢᠭᠦᠯᠵᠦ ᠂ ᠠᠵᠤ ᠦᠢᠯᠡᠰ ᠤᠨ ᠬᠡᠪᠴᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ ᠂ ᠠᠵᠢᠯ ᠣᠯᠭᠤᠨ ᠦᠢᠯᠡᠰ | ᠪᠣᠰᠬᠠᠬᠤ ᠪᠠᠭᠲᠠᠭᠠᠮᠵᠢ ᠶᠢ ᠥᠷᠭᠡᠳᠬᠡᠵᠦ ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭ᠎ᠠ ᠶᠢ ᠨᠢᠭᠲᠠᠷᠠᠭᠤᠯᠤᠨ ᠂ ᠲᠠᠷᠢᠶᠠᠴᠢᠨ | ᠮᠠᠯᠴᠢᠳ ᠤᠨ ᠵᠣᠬᠢᠶᠠᠨ ᠪᠠᠶᠢᠭᠤᠯᠤᠯᠲᠠ ᠪᠣᠯᠬᠤ ᠪᠠ ᠬᠤᠷᠰᠢᠶᠠᠵᠢᠯ ᠤᠨ ᠵᠢᠷᠤᠮᠵᠢᠯ ᠲᠠᠢ ᠪᠣᠯᠬᠤ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠨᠤᠲᠤᠭ ᠤᠨ ᠴᠢᠳᠠᠪᠤᠷᠢᠲᠠᠨ ᠂ | ᠰᠢᠯᠢᠳᠡᠭ ᠣᠶᠤᠲᠠᠳ ᠤᠨ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠶᠢ ᠳᠡᠮᠵᠢᠵᠤ ᠂ ︽ᠴᠢᠳᠠᠯᠲᠠᠨ ᠤ ᠠᠵᠤ ᠠᠬᠤᠢ︾ ᠶᠢ ᠬᠥᠭᠵᠢᠭᠦᠯᠵᠦ ᠂ ᠪᠡᠭᠡᠵᠢᠩ ᠪᠠ | ᠥᠪᠥᠷ ᠮᠣᠩᠭᠤᠯ ᠤᠨ ᠬᠠᠮᠵᠢᠯᠴᠠᠭ᠎ᠠ ᠂ ᠴᠡᠭ ᠲᠣᠭᠲᠠᠭᠠᠵᠤ ᠬᠠᠪᠰᠤᠷᠤᠨ ᠳᠡᠳᠭᠦᠭᠦ ᠪᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠤᠰᠬᠤᠨ ᠢ ᠬᠥᠭᠵᠢᠭᠦᠯᠦᠨ | ᠮᠠᠨᠳᠤᠭᠤᠯᠬᠤ︾ ᠠᠵᠢᠯᠯᠠᠭᠠᠨ ᠢ ᠭᠦᠨᠵᠡᠭᠡᠶᠢᠷᠡᠭᠦᠯᠦᠨ᠎ᠡ ᠃ ᠬᠥᠳᠡᠭᠡ ᠲᠤᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠨ ᠪᠦᠬᠦ ᠲᠠᠯ᠎ᠠ ᠪᠠᠷ ᠪᠡᠶᠡᠯᠡᠭᠦᠯᠵᠦ ᠂ | ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠦᠨ ᠂ ᠠᠰᠠᠭᠤᠳᠠᠯ ᠲᠠᠢ ᠵᠣᠷᠯᠣᠩ ᠢ ᠴᠡᠭᠴᠡᠯᠡᠨ | ᠰᠠᠶᠢᠵᠢᠷᠠᠭᠤᠯᠵᠤ ᠂ ᠠᠷᠢᠭᠤᠨ ᠴᠡᠪᠡᠷ ᠵᠣᠷᠯᠣᠩ ᠢ ᠰᠢᠨ᠎ᠡ ᠪᠠᠷ 11 ᠲᠦᠮᠡ ᠪᠠᠶᠢᠭᠤᠯᠤᠨ ᠂ ᠠᠮᠢᠳᠤᠷᠠᠯ ᠤᠨ ᠬᠤᠭ ᠨᠣᠪᠰᠢ ᠪᠣᠬᠢᠷ ᠤᠰᠤᠨ ᠤ ᠵᠠᠰᠠᠯᠲᠠ ᠶᠢ ᠲᠣᠭᠤᠷᠢᠭ | ᠪᠠ ᠲᠥᠷᠥᠯ ᠬᠤᠪᠢᠶᠠᠵᠤ ᠠᠬᠢᠭᠤᠯᠤᠨ᠎ᠠ ᠃ ᠬᠢᠯᠢ ᠬᠢᠵᠠᠭᠠᠷ ᠤᠨ ᠭᠠᠵᠠᠷ ᠣᠷᠣᠨ ᠳᠠᠬᠢ ᠰᠤᠮᠤ ᠰᠢᠶᠠᠩ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ | ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠢ ᠥᠷᠨᠢᠭᠦᠯᠦᠨ᠎ᠡ ᠃ | ᠵᠡᠭᠦᠨ ᠳᠤᠮᠳᠠ ᠪᠠᠷᠠᠭᠤᠨ ᠣᠷᠣᠨ ᠤ ᠵᠦᠷᠢᠶᠡᠵᠢᠭᠰᠡᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ ᠃ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠶᠣᠰᠣᠭᠠᠷ ᠂ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ ᠂ ᠡᠯ᠎ᠡ ᠭᠠᠵᠠᠷ ᠢ | ᠬᠥᠲᠥᠯᠥᠨ ᠵᠢᠯᠤᠭᠤᠳᠴᠤ ᠪᠠᠶᠢᠭᠠᠳ ᠳᠠᠪᠠᠭᠤᠯᠢᠭ ᠪᠠ ᠣᠨᠴᠠᠯᠢᠭ ᠲᠤ ᠪᠠᠨ ᠰᠠᠭᠤᠷᠢᠯᠠᠨ ᠂ ᠠᠵᠢᠯ ᠬᠤᠪᠢᠶᠠᠨ ᠬᠠᠮᠵᠢᠯᠴᠠᠬᠤ ᠪᠠᠨ ᠴᠢᠩᠭᠠᠳᠬᠠᠵᠤ ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠨ᠎ᠠ ᠃ ᠵᠡᠭᠦᠨ ᠬᠡᠰᠡᠭ ᠤᠨ ᠭᠠᠵᠠᠷ ᠣᠷᠣᠨ ᠤ ᠪᠣᠬᠢᠷᠳᠤᠯ ᠦᠭᠡᠢ ᠠᠮᠢ | ᠠᠬᠤᠢ ᠶᠢᠨ ᠳᠠᠪᠠᠭᠤᠯᠢᠭ ᠢᠶᠠᠨ ᠲᠣᠳᠣᠷᠠᠭᠤᠯᠬᠤ ᠪᠠ ᠪᠠᠳᠠᠷᠠᠭᠤᠯᠵᠤ ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠂ ᠠᠮᠢ ᠠᠬᠤᠢ ᠶᠢᠨ ᠵᠢᠭᠤᠯᠴᠢᠯᠠᠯ ᠤᠨ | ᠦᠢᠯᠡᠰ ᠢᠶᠠᠷ ᠲᠤᠯᠭᠠᠭᠤᠷᠢ ᠪᠣᠯᠭᠠᠵᠤ ᠪᠣᠬᠢᠷᠳᠤᠯ ᠦᠭᠡᠢ ᠠᠵᠤ ᠦᠢᠯᠡᠰ ᠤᠨ ᠲᠣᠭᠲᠠᠯᠴᠠᠭ᠎ᠠ ᠶᠢ ᠴᠣᠭᠴᠠᠯᠠᠨ ᠪᠠᠶᠢᠭᠤᠯᠬᠤ ᠶᠢ ᠨᠢ ᠠᠬᠢᠭᠤᠯᠤᠨ᠎ᠠ ᠃ ᠤᠯᠠᠭᠠᠨᠬᠠᠳᠠ ᠂ | ᠲᠦᠩᠯᠢᠶᠣᠣ ᠶᠢᠨ ᠳᠠᠭᠠᠭᠠᠨ ᠠᠪᠴᠤ ᠵᠠᠯᠭᠠᠭᠤᠯᠬᠤ ᠠᠵᠤ ᠦᠢᠯᠡᠰ ᠤᠨ ᠰᠢᠯᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠢ ᠬᠠᠮᠲᠤ ᠪᠠᠷ ᠪᠠᠶᠢᠭᠤᠯᠬᠤ ᠶᠢ ᠨᠢ | ᠳᠡᠮᠵᠢᠵᠦ ᠂ ᠬᠥᠯᠥᠨ ᠪᠤᠶᠢᠷ ᠂ ᠰᠢᠯᠢ ᠶᠢᠨ ᠭᠤᠣᠯ ᠤᠨ ᠲᠡᠨᠢᠭᠡᠷ ᠲᠠᠯ᠎ᠠ ᠨᠤᠲᠤᠭ ᠭᠡᠮᠡᠬᠦ ᠨᠡᠷᠡᠲᠦ ᠲᠡᠮᠳᠡᠭ ᠢ ᠪᠣᠢ ᠪᠣᠯᠭᠠᠬᠤ ᠶᠢ ᠨᠢ ᠳᠡᠮᠵᠢᠵᠦ ᠂ ᠬᠢᠩᠭᠠᠨ ᠠᠶᠢᠮᠠᠭ ᠤᠨ | ᠷᠠᠰᠢᠶᠠᠨ ᠤ ᠤᠯᠤᠰ ᠤᠨ ᠳᠡᠰ ᠤᠨ ᠰᠡᠯᠡᠭᠦᠴᠡᠯ ᠵᠤᠭᠠᠴᠠᠯ ᠤᠨ ᠠᠮᠠᠷᠠᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠨᠢ ᠳᠡᠮᠵᠢᠨ᠎ᠡ ᠃ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠬᠢᠴᠠ ᠶᠢ ᠲᠦᠷᠭᠡᠳᠬᠡᠵᠦ ᠂ ᠵᠠᠬ᠎ᠠ ᠳᠡᠯᠭᠡᠭᠦᠷ ᠤᠨ ᠳᠦᠷᠢᠮ ᠤᠨ ᠲᠣᠭᠲᠠᠯᠴᠠᠭ᠎ᠠ ᠶᠢᠨ ︽ᠭᠤᠷᠪᠠᠨ | ᠬᠠᠮᠲᠤ ᠭᠤᠷᠪᠠᠨ ᠬᠠᠷᠢᠯᠴᠠᠨ︾ ᠢᠨᠵᠧᠨᠧᠷᠢᠩ ᠢ ᠬᠡᠷᠡᠭᠵᠢᠭᠦᠯᠦᠨ ᠂ ᠠᠶᠠᠨᠴᠢᠨ ᠤ ᠵᠥᠭᠡᠭᠡᠪᠦᠷᠢ ᠶᠢᠨ 1 ᠴᠠᠭ ᠤᠨ ᠳᠣᠲᠣᠷ᠎ᠠ ᠲᠦᠷᠭᠡᠨ ᠬᠦᠷᠬᠦ ᠲᠣᠭᠤᠷᠢᠭ ᠢ ᠪᠣᠢ | ᠪᠣᠯᠭᠠᠵᠤ ᠂ ᠣᠶᠤᠨᠯᠢᠭ ᠬᠤᠲᠠ ᠶᠢ ᠨᠢᠭᠡ ᠴᠣᠭᠴᠠ ᠪᠠᠷ ᠪᠠᠶᠢᠭᠤᠯᠤᠨ ᠂ ᠬᠦᠴᠦᠲᠡᠢ ᠪᠥᠭᠡᠳ ᠬᠦᠭᠵᠢᠶᠡᠩᠭᠦᠢ ᠨᠡᠮᠡᠭᠳᠡᠯ ᠤᠨ ᠳᠠᠶᠢᠴᠢᠯᠠᠬᠤ ᠲᠤᠶᠢᠯ ᠢ ᠲᠦᠷᠭᠡᠳᠬᠡᠨ ᠪᠣᠢ | ᠪᠣᠯᠭᠠᠨ᠎ᠠ ᠃ ᠬᠦᠬᠡᠬᠤᠲᠠ ᠶᠢ ᠳᠡᠮᠵᠢᠵᠦ ᠣᠷᠣᠨ ᠤ ᠲᠥᠪ ᠢᠶᠠᠨ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ ᠂ ᠴᠢᠨᠠᠷ ᠰᠠᠶᠢᠲᠠᠢ ᠬᠥᠭᠵᠢᠯᠲᠡ ᠶᠢ ᠬᠠᠮᠤᠭ ᠤᠨ | ᠲᠡᠷᠢᠭᠦᠨ ᠳᠤ ᠪᠡᠶᠡᠯᠡᠭᠦᠯᠦᠨ᠎ᠡ ᠂ ᠪᠤᠭᠤᠲᠤ ᠶᠢ ᠳᠡᠮᠵᠢᠵᠦ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠠ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ | ᠰᠠᠭᠤᠷᠢᠨ ᠭᠠᠵᠠᠷ ᠢ ᠪᠠᠶᠢᠭᠤᠯᠤᠨ᠎ᠠ ᠂ ᠣᠷᠳᠣᠰ ᠢ ᠳᠡᠮᠵᠢᠵᠦ ᠣᠳᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ ᠂ | ᠤᠯᠠᠭᠠᠨᠴᠠᠪ ᠢ ᠳᠡᠮᠵᠢᠵᠦ ᠪᠠᠷᠠᠭᠠᠨ ᠤ ᠭᠦᠢᠯᠭᠡᠭᠡᠨ ᠤ ᠬᠦᠢᠰᠦ ᠪᠠ ᠬᠢᠯᠢ ᠶᠢᠨ ᠪᠣᠭᠤᠮᠲᠠ ᠶᠢᠨ ᠪᠦᠰᠡ ᠲᠣᠭᠤᠷᠢᠭ ᠢ ᠪᠣᠢ ᠪᠣᠯᠭᠠᠨ᠎ᠠ ᠃ ᠪᠠᠷᠠᠭᠤᠨ ᠬᠡᠰᠡᠭ ᠤᠨ ᠭᠠᠵᠠᠷ | ᠣᠷᠣᠨ ᠤ ᠠᠮᠢ ᠠᠬᠤᠢ ᠣᠷᠴᠢᠨ ᠲᠣᠭᠤᠷᠢᠨ ᠤ ᠳᠤᠲᠠᠭᠤᠳᠠᠯ ᠢᠶᠠᠨ ᠨᠥᠬᠦᠪᠦᠷᠢᠯᠡᠬᠦ ᠶᠢ ᠠᠬᠢᠭᠤᠯᠵᠤ ᠂ ᠠᠭᠤᠷᠬᠠᠢ ᠮᠠᠯᠲᠠᠬᠤ ᠂ ᠬᠡᠦᠷᠰᠢᠭᠦᠯᠬᠦ ᠵᠡᠷᠭᠡ ᠠᠵᠤ ᠦᠢᠯᠡᠰ ᠢ | ᠨᠡᠶᠢᠯᠡᠭᠦᠯᠦᠨ ᠰᠢᠯᠢᠳᠡᠭᠵᠢᠭᠦᠯᠵᠦ ᠂ ᠡᠷᠭᠢᠯᠲᠡᠲᠦ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ ᠃ ᠪᠠᠶᠠᠨᠨᠠᠭᠤᠷ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ | ᠣᠳᠣᠬᠢᠴᠢᠯᠠᠵᠤ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠶᠢ ᠳᠡᠮᠵᠢᠨ᠎ᠡ ᠂ ᠦᠬᠠᠢ ᠶᠢᠨ ᠡᠬᠢ ᠪᠠᠶᠠᠯᠢᠭ ᠰᠢᠪᠬᠠᠷᠤᠭᠰᠠᠨ ᠬᠤᠲᠠ ᠶᠢᠨ | ᠬᠡᠯᠪᠡᠷᠢ ᠪᠠᠨ ᠲᠦᠷᠭᠡᠳᠬᠡᠨ ᠬᠤᠪᠢᠷᠠᠭᠤᠯᠬᠤ ᠶᠢ ᠳᠡᠮᠵᠢᠨ᠎ᠡ ᠂ ᠠᠯᠠᠱᠠ ᠶᠢᠨ ᠳᠠᠬᠢᠨ ᠡᠭᠦᠰᠴᠦ ᠪᠣᠯᠬᠤ ᠡᠨᠧᠷᠬᠢ ᠶᠢᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠨ᠎ᠡ ᠃ | ︵ᠵᠢᠷᠭᠤᠭ᠎ᠠ︶ ᠰᠠᠭᠤᠷᠢ ᠪᠠᠲᠤᠯᠠᠭ᠎ᠠ ᠶᠢ ᠰᠠᠬᠢᠵᠤ ᠦᠨᠳᠦᠰᠦᠨ ᠵᠦᠢᠯ ᠢ ᠪᠠᠲᠤᠯᠠᠨ ᠳᠤᠲᠠᠭᠤᠳᠠᠯ ᠢᠶᠠᠨ ᠨᠥᠬᠦᠪᠦᠷᠢᠯᠡᠬᠦ ᠪᠠᠷ ᠬᠦᠴᠦᠯᠡᠨ ᠴᠢᠷᠮᠠᠶᠢᠵᠤ ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ ᠃ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ ᠂ ᠴᠢᠳᠠᠯ ᠤᠨ ᠢᠶᠠᠨ ᠬᠢᠷᠢ ᠪᠠᠷ ᠴᠢᠷᠮᠠᠶᠢᠨ ᠠᠵᠢᠯᠯᠠᠵᠤ ᠂ ᠭᠤᠣᠯᠳᠠᠭᠤ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ | ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠣᠨᠣᠴᠠᠲᠠᠢ ᠬᠠᠩᠭᠠᠵᠤ ᠂ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠲᠡᠶᠢᠰᠢ ᠯᠠᠪᠳᠠᠭᠤᠨ ᠪᠠᠲᠤᠲᠠᠢ | ᠤᠷᠤᠭᠰᠢᠯᠠᠨ᠎ᠠ ᠃ | ᠠᠵᠢᠯ ᠣᠯᠭᠤᠯᠲᠠ ᠶᠢ ᠦᠨᠡᠨ ᠬᠦ ᠲᠣᠭᠲᠠᠭᠤᠨ ᠢᠶᠠᠷ ᠥᠷᠭᠡᠳᠬᠡᠨ᠎ᠡ ᠃ ᠴᠢᠨᠠᠷ ᠰᠠᠶᠢᠲᠠᠢ ᠬᠥᠭᠵᠢᠯᠲᠡ ᠶᠢᠨ ᠶᠠᠪᠤᠴᠠ ᠳᠤ ᠪᠠᠨ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠷᠠᠭᠤᠯᠤᠨ ᠂ ᠠᠵᠤ ᠠᠬᠤᠶᠢᠯᠠᠯ ᠢ ᠲᠣᠭᠲᠠᠭᠤᠨ ᠪᠠᠶᠢᠯᠭᠠᠬᠤ ᠪᠠᠷ ᠠᠵᠢᠯ ᠣᠯᠭᠤᠯᠲᠠ ᠶᠢ ᠲᠣᠭᠲᠠᠭᠤᠨ ᠪᠣᠯᠭᠠᠵᠤ ᠂ | ᠠᠵᠤ ᠠᠬᠤᠶᠢᠯᠠᠯ ᠢ ᠪᠠᠲᠤᠯᠠᠬᠤ ᠪᠠᠷ ᠠᠵᠢᠯ ᠣᠯᠭᠤᠯᠲᠠ ᠶᠢ ᠪᠠᠲᠤᠯᠠᠵᠤ ᠂ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢᠶᠠᠷ ᠴᠢᠩᠭ᠎ᠠ ᠪᠠᠶᠢᠭ᠎ᠠ ᠳᠤᠮᠳᠠ ᠵᠢᠵᠢᠭ | ᠪᠢᠴᠢᠯ ᠠᠵᠤ ᠠᠬᠤᠶᠢᠯᠠᠯ ᠂ ᠠᠵᠢᠯ ᠣᠯᠭᠤᠯᠲᠠ ᠶᠢ ᠳᠠᠶᠢᠴᠢᠯᠠᠬᠤ ᠬᠡᠪᠴᠢᠶ᠎ᠡ ᠪᠠᠷ ᠥᠷᠭᠡᠨ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠬᠦᠴᠦᠲᠡᠢ ᠲᠡᠳᠬᠦᠵᠦ ᠂ ᠠᠵᠢᠯ ᠣᠯᠭᠤᠯᠲᠠ ᠶᠢᠨ ᠲᠠᠯ᠎ᠠ ᠳᠠᠬᠢ ᠠᠵᠤ ᠠᠬᠤᠢ ᠶᠢᠨ ᠨᠡᠮᠡᠭᠳᠡᠯ ᠤᠨ ᠳᠠᠶᠢᠴᠢᠯᠠᠬᠤ ᠬᠦᠴᠦᠨ ᠢ ᠨᠢ ᠳᠡᠭᠡᠭᠰᠢᠯᠡᠭᠦᠯᠦᠨ᠎ᠡ ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠂ ᠴᠡᠷᠢᠭ ᠤᠨ ᠠᠯᠪᠠ ᠠᠴᠠ ᠬᠠᠯᠠᠭᠳᠠᠭᠰᠠᠳ ᠂ ᠠᠵᠢᠯ ᠠᠯᠳᠠᠭᠰᠠᠳ ᠵᠡᠷᠭᠡ ᠭᠤᠣᠯᠳᠠᠯᠭ᠎ᠠ ᠪᠣᠯᠬᠤ ᠬᠥᠮᠥᠰ ᠤᠨ ᠠᠵᠢᠯ ᠣᠯᠭᠤᠯᠲᠠ ᠶᠢ | ᠲᠥᠷᠥᠯ ᠬᠤᠪᠢᠶᠠᠨ ᠪᠠᠲᠤᠯᠠᠵᠤ ᠂ ᠠᠵᠢᠯ ᠣᠯᠬᠤ ᠳᠤ ᠬᠦᠴᠢᠷᠳᠡᠯᠲᠡᠢ ᠪᠠᠶᠢᠭ᠎ᠠ ᠬᠥᠮᠥᠰ ᠢ ᠬᠠᠪᠰᠤᠷᠤᠨ ᠲᠡᠳᠬᠦᠵᠦ ᠪᠠᠶᠢᠭᠠᠳ ᠠᠵᠢᠯ ᠣᠯᠭᠤᠵᠤ ᠂ ᠲᠠᠷᠢᠶᠠᠯᠠᠬᠤ | ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠨᠠᠭᠠᠲᠤ ᠵᠠᠬ᠎ᠠ ᠳᠤ ᠪᠠᠨ 240 ᠲᠦᠮᠡ ᠰᠢᠯᠵᠢᠭᠦᠯᠦᠨ᠎ᠡ ᠃ ᠠᠮᠢᠳᠤᠯᠢᠭ ᠢᠶᠠᠷ ᠠᠵᠢᠯ ᠣᠯᠭᠤᠬᠤ ᠳᠤ ᠬᠥᠳᠡᠯᠮᠦᠷᠢ | ᠬᠦᠴᠦᠨ ᠤ ᠬᠡᠷᠡᠭᠯᠡᠯᠲᠡ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ ᠂ ᠲᠦᠷᠭᠡᠨ ᠢᠯᠡᠭᠡᠭᠴᠢ ᠵᠠᠯᠠᠭᠤ ᠂ ᠵᠠᠬᠢᠶᠠᠯᠠᠭ᠎ᠠ ᠶᠢᠨ | ᠬᠤᠭᠤᠯᠠ ᠬᠦᠷᠭᠡᠭᠴᠢ ᠵᠡᠷᠭᠡ ᠬᠥᠮᠥᠰ ᠤᠨ ᠡᠷᠬᠡ ᠠᠰᠢᠭ ᠢ ᠪᠠᠲᠤᠯᠠᠨ᠎ᠠ ᠃ ︽ᠦᠢᠯᠡᠰ ᠪᠣᠰᠬᠠᠬᠤ ᠥᠪᠥᠷ ᠮᠣᠩᠭᠤᠯ︾ ᠤᠨ ᠠᠵᠢᠯᠯᠠᠭᠠᠨ ᠢ ᠭᠦᠨᠵᠡᠭᠡᠶᠢᠷᠡᠭᠦᠯᠦᠨ ᠂ | ᠡᠯ᠎ᠡ ᠭᠠᠵᠠᠷ ᠢ ᠳᠡᠮᠵᠢᠵᠦ ᠪᠠᠶᠢᠭᠠᠳ ᠭᠤᠣᠯᠳᠠᠯᠭ᠎ᠠ ᠪᠣᠯᠬᠤ ᠬᠥᠮᠥᠰ ᠤᠨ ᠠᠵᠢᠯ ᠣᠯᠭᠤᠯᠲᠠ ᠶᠢᠨ ᠰᠠᠭᠤᠷᠢᠨ ᠭᠠᠵᠠᠷ ᠪᠠ ᠦᠢᠯᠡᠰ ᠪᠣᠰᠬᠠᠬᠤ ᠬᠦᠷᠢᠶᠡᠯᠡᠩ | ᠲᠣᠭᠤᠷᠢᠭ ᠢ ᠡᠭᠦᠳᠦᠨ ᠪᠠᠶᠢᠭᠤᠯᠵᠤ ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠨᠢᠭᠡᠳᠦᠯᠲᠡᠢ | ᠲᠥᠯᠥᠪᠯᠡᠵᠦ ᠠᠬᠢᠭᠤᠯᠤᠨ᠎ᠠ ᠃ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠥᠷᠭᠡᠨ ᠬᠡᠪᠴᠢᠶᠡᠨ ᠤ ᠪᠣᠯᠪᠠᠰᠤᠷᠠᠯ ᠢ ᠥᠷᠨᠢᠭᠦᠯᠦᠨ ᠂ ᠣᠶᠤᠨᠯᠢᠭ ᠢᠶᠠᠷ ᠠᠵᠢᠯ ᠣᠯᠭᠤᠬᠤ | ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ ᠂ ᠬᠠᠩᠭᠠᠯᠭ᠎ᠠ ᠪᠠ ᠬᠡᠷᠡᠭᠴᠡᠭᠡ ᠶᠢ ᠵᠣᠯᠭᠠᠯᠳᠤᠭᠤᠯᠬᠤ ᠪᠠᠨ ᠪᠦᠲᠦᠮᠵᠢᠲᠡᠢ ᠵᠣᠬᠢᠶᠠᠨ ᠪᠠᠶᠢᠭᠤᠯᠵᠤ ᠂ ᠨᠡᠩ | ᠤᠯᠠᠨ ᠬᠥᠳᠡᠯᠮᠦᠷᠢᠯᠡᠭᠴᠢ ᠶᠢᠨ ᠠᠵᠢᠯ ᠣᠯᠵᠤ ᠦᠢᠯᠡᠰ ᠪᠣᠰᠬᠠᠬᠤ ᠶᠢ ᠨᠢ ᠬᠠᠪᠰᠤᠷᠤᠨ ᠳᠡᠮᠵᠢᠨ᠎ᠡ ᠃ | ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠎ᠡ ᠃ ᠶᠣᠰᠣ ᠰᠤᠷᠲᠠᠬᠤᠨ ᠢ ᠪᠣᠢ ᠪᠣᠯᠭᠠᠵᠤ ᠬᠥᠮᠥᠨ ᠢ ᠬᠥᠮᠥᠵᠢᠭᠦᠯᠬᠦ ᠶᠢ | ᠪᠠᠷᠢᠮᠲᠠᠯᠠᠨ ᠂ ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠨᠢᠭᠡ ᠴᠣᠭᠴᠠᠵᠢᠭᠰᠠᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ ᠃ ︽ᠬᠡᠦᠬᠡᠳ ᠤᠨ ᠴᠡᠴᠡᠷᠯᠢᠭ ᠲᠤ ᠣᠷᠣᠬᠤ ᠳᠤ ᠬᠦᠴᠢᠷᠲᠡᠢ︾ ᠪᠠᠶᠢᠭ᠎ᠠ ᠠᠰᠠᠭᠤᠳᠠᠯ ᠢ ᠣᠯᠠᠨ ᠠᠷᠭ᠎ᠠ | ᠵᠠᠮ ᠢᠶᠠᠷ ᠰᠢᠢᠳᠪᠦᠷᠢᠯᠡᠵᠦ ᠂ ᠠᠯᠪᠠᠨ ᠵᠢᠷᠤᠮ ᠤᠨ ᠰᠤᠷᠭᠠᠨ ᠬᠥᠮᠦᠵᠢᠯ ᠵᠢᠴᠢ ᠰᠤᠷᠬᠤ ᠨᠠᠰᠦᠨ ᠠᠴᠠ ᠡᠮᠦᠨᠡᠬᠢ ᠰᠤᠷᠭᠠᠨ ᠬᠥᠮᠦᠵᠢᠯ ᠤᠨ ᠠᠯᠪᠠᠨ ᠵᠠᠷᠤᠳᠠᠯ ᠤᠨ | ᠣᠷᠤᠭᠤᠯᠤᠯᠲᠠ ᠪᠠ ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠶᠢᠨ ᠰᠤᠷᠤᠭᠴᠢᠳ ᠤᠨ ᠪᠠᠶᠢᠷᠢ ᠣᠷᠣ ᠶᠢᠨ ᠬᠠᠩᠭᠠᠯᠭ᠎ᠠ ᠶᠢ ᠨᠡᠮᠡᠭᠳᠡᠭᠦᠯᠦᠨ ᠂ ︽ᠬᠤᠶᠠᠷ ᠢ | ᠬᠥᠩᠭᠡᠷᠡᠭᠦᠯᠬᠦ︾ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠵᠢᠷᠤᠮᠵᠢᠭᠤᠯᠤᠨ ᠂ | ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠦᠭᠵᠢᠬᠦ ᠶᠢ ᠠᠬᠢᠭᠤᠯᠵᠤ ᠂ ᠬᠡᠦᠬᠡᠳ ᠪᠦᠬᠦᠨ ᠢ ᠣᠶᠢᠷ᠎ᠠ | ᠬᠠᠪᠢ ᠶᠢᠨ ᠰᠤᠷᠭᠠᠭᠤᠯᠢ ᠳᠤ ᠪᠠᠨ ᠰᠠᠶᠢᠲᠤᠷ ᠰᠤᠷᠤᠯᠴᠠᠭᠤᠯᠬᠤ ᠪᠠᠷ ᠴᠢᠷᠮᠠᠶᠢᠨ᠎ᠠ ᠃ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠡᠬᠢᠯᠡᠭᠦᠯᠵᠦ ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ ᠶᠠᠩᠵᠤ ᠬᠡᠯᠪᠡᠷᠢ ᠲᠠᠢ ᠥᠪᠡᠷᠮᠢᠴᠡ | ᠣᠨᠴᠠᠯᠢᠭ ᠲᠠᠢ ᠬᠥᠭᠵᠢᠬᠦ ᠶᠢ ᠠᠬᠢᠭᠤᠯᠤᠨ᠎ᠠ ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠶᠠᠷ ᠥᠨᠳᠥᠷ ᠲᠦᠪᠰᠢᠨ︾ ᠂ ︽ᠬᠤᠶᠠᠷ ᠴᠢᠨᠠᠷ ᠰᠠᠶᠢᠲᠠᠢ︾ | ᠲᠥᠯᠥᠪᠯᠡᠭᠡ ᠶᠢ ᠬᠡᠷᠡᠭᠵᠢᠭᠦᠯᠵᠦ ᠂ ᠶᠠᠮᠤᠨ ᠪᠠ ᠥᠪᠡᠷᠲᠡᠭᠡᠨ ᠵᠠᠰᠠᠬᠤ ᠣᠷᠣᠨ ︽ᠤᠷ᠎ᠠ ᠮᠡᠷᠭᠡᠰᠢᠯᠲᠦ ᠥᠪᠥᠷ ᠮᠣᠩᠭᠤᠯ︾ ᠢ ᠬᠠᠮᠲᠤ ᠪᠠᠷ ᠪᠠᠶᠢᠭᠤᠯᠬᠤ ᠶᠢ ᠨᠢ | ᠠᠬᠢᠭᠤᠯᠵᠤ ᠂ ᠭᠤᠣᠯᠳᠠᠯᠭ᠎ᠠ ᠪᠣᠯᠬᠤ ᠠᠵᠤ ᠦᠢᠯᠡᠰ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠵᠠᠯᠭᠠᠯᠳᠤᠭᠤᠯᠵᠤ ᠪᠠᠶᠢᠭᠠᠳ ᠦᠢᠯᠡᠳᠪᠦᠷᠢᠯᠡᠯ ᠪᠠ ᠵᠢᠭᠠᠨ | ᠰᠤᠷᠭᠠᠯᠲᠠ ᠶᠢᠨ ᠠᠭᠤᠰᠤᠯᠴᠠᠬᠤ ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠨ ᠠᠵᠢᠯᠯᠠᠬᠤ ᠶᠢ ᠭᠦᠨᠵᠡᠭᠡᠶᠢᠷᠡᠭᠦᠯᠦᠨ᠎ᠡ ᠃ ᠶᠡᠭᠡ ᠳᠡᠭᠡᠳᠦ ᠰᠤᠷᠭᠠᠭᠤᠯᠢ ᠶᠢᠨ | ᠲᠣᠬᠢᠷᠠᠭᠤᠯᠤᠯᠲᠠ ᠪᠠ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠂ ᠶᠠᠮᠤᠨ ᠪᠠ ᠥᠪᠡᠷᠲᠡᠭᠡᠨ ᠵᠠᠰᠠᠬᠤ ᠣᠷᠣᠨ ᠤ ︽ᠬᠤᠣᠰ ᠲᠡᠷᠢᠭᠦᠨ ᠳᠡᠰ︾ | ᠤᠨ ᠶᠡᠭᠡ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠬᠤ ᠡᠷᠴᠢᠮ ᠢ ᠴᠢᠩᠭᠠᠷᠠᠭᠤᠯᠤᠨ ᠂ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠰᠤᠷᠭᠠᠨ | ᠬᠥᠮᠦᠵᠢᠯ ᠤᠨ ᠨᠡᠩ ᠰᠠᠶᠢᠨ ᠵᠣᠬᠢᠴᠠᠬᠤ ᠶᠢ ᠠᠬᠢᠭᠤᠯᠤᠨ᠎ᠠ ᠃ | ᠠᠷᠠᠳ ᠲᠦᠮᠡᠨ ᠤ ᠡᠷᠡᠭᠦᠯ ᠮᠡᠨᠳᠦ ᠶᠢ ᠦᠨᠡᠨ ᠬᠦ ᠪᠠᠲᠤᠯᠠᠨ᠎ᠠ ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢᠨ ᠥᠭᠡᠷᠡᠴᠢᠯᠡᠯᠲᠡ ᠶᠢ | ᠠᠬᠢᠭᠤᠯᠵᠤ ᠂ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠬᠢᠨᠠᠨ ᠰᠢᠨᠵᠢᠵᠦ ᠰᠡᠷᠡᠮᠵᠢᠯᠡᠭᠦᠯᠬᠦ ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠪᠠ | ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶᠠᠨ ᠤ ᠡᠮᠨᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠪᠠᠨ ᠠᠬᠢᠭᠤᠯᠬᠤ ᠠᠵᠢᠯᠯᠠᠭᠠᠨ ᠢ | ᠬᠡᠷᠡᠭᠵᠢᠭᠦᠯᠵᠦ ᠂ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ | ᠪᠠᠶᠢᠭᠤᠯᠤᠯᠲᠠ ᠶᠢ ᠠᠬᠢᠭᠤᠯᠤᠨ ᠂ ᠡᠮᠨᠡᠯᠭᠡ ᠶᠢᠨ ᠠᠵᠢᠯᠲᠠᠳ ᠢ ᠬᠠᠮᠠᠭᠠᠯᠠᠵᠤ ᠬᠠᠯᠠᠮᠵᠢᠯᠠᠵᠤ ᠬᠠᠶᠢᠷᠠᠯᠠᠬᠤ ᠤᠷᠲᠤ ᠬᠤᠷᠭᠤᠴᠠᠭᠠᠨ ᠤ ᠪᠦᠲᠦᠮᠵᠢᠲᠡᠢ ᠲᠣᠭᠲᠠᠴᠠ ᠶᠢ | ᠨᠠᠶᠢᠳᠠᠪᠤᠷᠢᠵᠢᠭᠤᠯᠤᠨ᠎ᠠ ᠃ ᠪᠡᠭᠡᠵᠢᠩ ᠪᠠ ᠥᠪᠥᠷ ᠮᠣᠩᠭᠤᠯ ᠂ ᠱᠠᠩᠬᠠᠢ ᠪᠠ ᠥᠪᠥᠷ ᠮᠣᠩᠭᠤᠯ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ | ᠴᠢᠩᠭᠠᠳᠬᠠᠨ ᠂ ᠬᠢᠲᠠᠳ ᠡᠮ ︵ᠮᠣᠩᠭᠤᠯ ᠡᠮ︶ ᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ ᠃ ᠦᠷᠭᠦᠯᠵᠢ | ᠲᠣᠬᠢᠶᠠᠯᠳᠤᠬᠤ ᠡᠪᠡᠳᠴᠢᠨ ᠢ ᠡᠮᠨᠡᠬᠦ ᠡᠮ ᠤᠨ ᠵᠦᠢᠯ ᠪᠠ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠩᠭᠦᠢ ᠪᠠᠷ ᠬᠡᠮᠵᠢᠶ᠎ᠡ ᠲᠠᠢ ᠬᠤᠳᠠᠯᠳᠤᠨ ᠠᠪᠬᠤ | ᠡᠷᠴᠢᠮ ᠢᠶᠠᠨ ᠴᠢᠩᠭᠠᠷᠠᠭᠤᠯᠤᠨ ᠂ ᠡᠮᠡᠭᠲᠡᠶᠢᠴᠦᠳ ᠤᠨ ︽ᠬᠤᠶᠠᠷ ᠵᠦᠢᠯ ᠤᠨ ᠦᠮᠡᠨ︾ ᠡᠪᠡᠳᠴᠢᠨ ᠢ ᠨᠢ ᠰᠢᠭᠰᠢᠨ ᠪᠠᠶᠢᠴᠠᠭᠠᠬᠤ ᠳᠤ ᠬᠠᠮᠤᠷᠬᠤ ᠬᠡᠪᠴᠢᠶ᠎ᠡ ᠶᠢ ᠨᠢ | ᠥᠷᠭᠡᠳᠬᠡᠵᠦ ᠂ ᠭᠤᠣᠯᠳᠠᠯᠭ᠎ᠠ ᠪᠤᠯᠬᠤ ᠬᠥᠮᠥᠰ ᠤᠨ ᠭᠡᠷ ᠪᠦᠯᠢ ᠶᠢᠨ ᠡᠮᠴᠢ ᠯᠦᠭᠡ ᠶᠢᠨ ᠭᠡᠷ᠎ᠡ ᠲᠣᠭᠲᠠᠬᠤ ᠨᠤᠷᠮ᠎ᠠ ᠶᠢ ᠳᠡᠭᠡᠭᠰᠢᠯᠡᠭᠦᠯᠦᠨ ᠂ ᠡᠮᠴᠢᠯᠡᠭᠡᠨ ᠤ | ᠳᠠᠭᠠᠳᠬᠠᠯ ᠤᠨ ᠲᠥᠯᠥᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠣᠯᠠᠨ ᠲᠦᠮᠡᠨ ᠤ ᠡᠪᠡᠳᠴᠢᠨ ᠢᠶᠠᠨ ᠡᠮᠨᠡᠭᠦᠯᠬᠦ ᠳᠠᠷᠤᠭᠠᠰᠤ ᠶᠢ ᠴᠢᠷᠮᠠᠶᠢᠨ | ᠬᠥᠩᠭᠡᠷᠡᠭᠦᠯᠦᠨ᠎ᠡ ᠃ | ᠨᠡᠶᠢᠭᠡᠮ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠨ᠎ᠠ ᠃ ᠪᠦᠬᠦ ᠠᠷᠠᠳ ᠤᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠂ | ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠭᠰᠠᠳ ᠢ 40 ᠲᠦᠮᠡᠨ ᠬᠥᠮᠥᠨ ᠨᠡᠮᠡᠭᠳᠡᠭᠦᠯᠵᠦ ᠂ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 86% ᠠᠴᠠ | ᠳᠡᠭᠡᠭᠰᠢ ᠪᠣᠯᠭᠠᠨ ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠪᠦᠬᠦ ᠤᠯᠤᠰ ᠲᠤ ᠨᠢᠭᠡᠳᠦᠯᠲᠡᠢ ᠲᠥᠯᠥᠪᠯᠡᠬᠦ | ᠳᠦᠷᠢᠮ ᠢ ᠨᠠᠶᠢᠳᠠᠪᠤᠷᠢᠵᠢᠭᠤᠯᠤᠨ ᠂ ᠣᠷᠣᠨ ᠨᠤᠲᠤᠭ ᠤᠨ ᠵᠠᠰᠠᠭ ᠤᠨ ᠣᠷᠳᠣᠨ ᠤ ᠨᠥᠬᠦᠪᠦᠷᠢᠯᠡᠬᠦ ᠰᠠᠭᠤᠷᠢ ᠮᠥᠩᠭᠦᠨ ᠤ ᠣᠷᠤᠭᠤᠯᠤᠯᠲᠠ ᠶᠢᠨ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ ᠃ ᠡᠮᠴᠢᠯᠡᠭᠡᠨ ᠤ ᠦᠨᠳᠦᠰᠦᠨ ᠳᠠᠭᠠᠳᠬᠠᠯ ᠂ ᠠᠵᠢᠯ ᠠᠯᠳᠠᠭᠰᠠᠳ ᠤᠨ ᠳᠠᠭᠠᠳᠬᠠᠯ ᠢ ᠥᠪᠡᠷᠲᠡᠭᠡᠨ | ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠵᠤ ᠂ ᠮᠤᠵᠢ ᠠᠯᠤᠰᠯᠠᠨ ᠣᠨᠳᠣᠣ ᠭᠠᠵᠠᠷ ᠡᠮᠨᠡᠭᠦᠯᠪᠡᠯ ᠰᠢᠭᠤᠳ ᠳ᠋ᠦᠩᠨᠡᠨ ᠪᠣᠳᠣᠬᠤ ᠶᠢ | ᠰᠢᠯᠢᠳᠡᠭᠵᠢᠭᠦᠯᠦᠨ᠎ᠡ ᠃ ᠣᠯᠠᠨ ᠲᠦᠮᠡᠨ ᠤ ᠣᠷᠣᠨ ᠰᠠᠭᠤᠴᠠ ᠶᠢᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ ᠂ ᠬᠤᠲᠠ ᠪᠠᠯᠭᠠᠰᠤᠨ ᠤ ᠬᠠᠭᠤᠴᠢᠨ | ᠰᠠᠭᠤᠭᠠᠯᠢ ᠲᠣᠭᠤᠷᠢᠭ ᠲᠠᠬᠢ 21.37 ᠲᠦᠮᠡᠨ ᠡᠷᠦᠬᠡ ᠶᠢ ᠥᠭᠡᠷᠡᠴᠢᠯᠡᠨ ᠰᠢᠨᠡᠳᠬᠡᠬᠦ ᠪᠠ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠲᠠᠬᠢ 1 | ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠡᠷᠡᠭᠵᠢᠭᠦᠯᠦᠨ ᠂ 1.2 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ ᠪᠠᠶᠢᠭᠤᠯᠤᠨ᠎ᠠ ᠃ ︽ᠨᠠᠰᠤᠲᠠᠶᠢᠴᠤᠳ ᠪᠠ ᠨᠢᠯᠬᠠᠰ︾ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠭᠡᠷ ᠲᠤ ᠨᠢ ᠠᠰᠠᠷᠠᠬᠤ ᠶᠢ | ᠬᠡᠷᠡᠭᠵᠢᠭᠦᠯᠵᠦ ᠪᠦᠬᠦᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠤᠨ ᠂ ᠰᠢᠶᠠᠨ ᠂ | ᠰᠢᠶᠠᠩ ᠂ ᠳᠤᠰᠬᠤᠨ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠵᠤ ᠂ ᠲᠥᠷᠥᠵᠦ ᠬᠥᠩᠭᠡᠵᠢᠬᠦ ᠲᠠᠯ᠎ᠠ ᠶᠢᠨ ᠰᠢᠨ᠎ᠡ ᠲᠦᠷᠦ ᠶᠢᠨ | ᠪᠣᠳᠣᠯᠭ᠎ᠠ ᠶᠢᠨ ᠪᠣᠳᠠᠲᠠᠶᠢᠵᠢᠵᠤ ᠦᠷ᠎ᠡ ᠪᠦᠲᠦᠮᠵᠢ ᠣᠯᠬᠤ ᠶᠢ ᠠᠬᠢᠭᠤᠯᠵᠤ ᠂ ᠤᠯᠠᠨ ᠲᠠᠯ᠎ᠠ ᠶᠢᠨ ᠬᠢᠨ ᠤ ᠬᠦᠴᠦᠨ ᠢ ᠳᠠᠶᠢᠴᠢᠯᠠᠵᠤ ᠪᠠᠶᠢᠭᠠᠳ ᠨᠠᠰᠤᠵᠢᠯ ᠂ ᠬᠡᠦᠬᠡᠳ | ᠰᠠᠭᠠᠲᠠᠭᠤᠯᠵᠤ ᠠᠰᠠᠷᠠᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ ᠃ ᠡᠮᠡᠭᠲᠡᠶᠢᠴᠦᠳ ᠬᠡᠦᠬᠡᠳ ᠤᠨ ︽ᠬᠤᠶᠠᠷ ᠬᠥᠲᠥᠯᠪᠦᠷᠢ︾ ᠶᠢᠨ ᠬᠠᠷᠠᠯᠲᠠ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠨᠠᠰᠤᠨ ᠳᠤ ᠥᠯᠥ ᠬᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠎ᠠ ᠃ ᠨᠡᠶᠢᠭᠡᠮ ᠤᠨ ᠠᠪᠤᠷᠠᠨ ᠳᠤᠰᠯᠠᠬᠤ | ᠲᠣᠭᠲᠠᠯᠴᠠᠭ᠎ᠠ ᠶᠢ ᠲᠡᠭᠦᠯᠳᠡᠷᠵᠢᠭᠦᠯᠵᠦ ᠂ ᠨᠠᠭᠠᠲᠤ ᠵᠠᠬ᠎ᠠ ᠶᠢᠨ ᠪᠠᠲᠤᠯᠠᠭ᠎ᠠ ᠂ ᠣᠨᠴᠠ ᠬᠦᠴᠢᠷᠳᠡᠯᠲᠡᠢ ᠬᠥᠮᠥᠰ ᠂ ᠵᠡᠮᠳᠡᠭᠴᠦᠳ ᠂ ᠥᠨᠥᠴᠢᠨ ᠬᠡᠦᠬᠡᠳ ᠵᠡᠷᠭᠡ ᠶᠢ | ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ ᠃ ᠣᠷᠣᠰᠢᠭᠤᠯᠭ᠎ᠠ ᠶᠢᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ | ᠣᠷᠣᠰᠢᠭᠤᠯᠭ᠎ᠠ ᠶᠢᠨ ᠠᠵᠢᠯ ᠤᠨ ᠬᠦᠷᠢᠶᠡᠨ ᠳᠠᠬᠢ ᠦᠢᠯᠡᠴᠢᠯᠡᠭᠡᠨ ᠤ ᠳᠤᠲᠠᠭᠤᠳᠠᠯ ᠢ ᠭᠦᠢᠴᠡᠳ ᠨᠥᠬᠦᠪᠦᠷᠢᠯᠡᠨ᠎ᠡ ᠃ | ᠤᠯᠠᠨ ᠨᠡᠶᠢᠳᠠ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠠ ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ | ᠪᠣᠢ ᠪᠣᠯᠭᠠᠨ ᠦᠢᠯᠡᠳᠦᠯᠭᠡᠵᠢᠭᠦᠯᠵᠦ ᠂ ᠪᠣᠯᠪᠠᠰᠤᠨ ᠢ ᠴᠣᠭᠴᠠᠯᠠᠨ ᠪᠠᠶᠢᠭᠤᠯᠬᠤ ᠪᠠᠨ ᠭᠦᠨᠵᠡᠭᠡᠶᠢᠷᠡᠭᠦᠯᠦᠨ ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ | ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭᠠᠨ︾ ᠢ ᠭᠦᠨᠵᠡᠭᠡᠢ ᠬᠡᠷᠡᠭᠵᠢᠭᠦᠯᠦᠨ᠎ᠡ ᠃ ᠭᠤᠣᠯᠳᠠᠯᠭ᠎ᠠ ᠪᠣᠯᠬᠤ ᠲᠡᠦᠬᠡ ᠶᠢᠨ ᠳᠤᠷᠠᠰᠬᠠᠯᠲᠤ ᠵᠦᠢᠯ ᠪᠠ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠠᠰᠢᠭᠯᠠᠬᠤ ᠪᠠᠨ ᠴᠢᠩᠭᠠᠳᠬᠠᠵᠤ ᠂ ᠤᠷᠳᠤ ᠴᠠᠭᠠᠨ ᠬᠡᠷᠡᠮ ᠂ ᠬᠠᠳᠤᠨ ᠭᠤᠣᠯ ᠤᠨ ᠤᠯᠤᠰ ᠤᠨ ᠰᠣᠶᠣᠯ ᠤᠨ | ᠴᠡᠴᠡᠷᠯᠢᠭ ᠪᠠ ᠯᠢᠶᠤᠤ ᠤᠯᠤᠰ ᠤᠨ ᠳᠡᠭᠡᠳᠦ ᠨᠡᠶᠢᠰᠯᠡᠯ ᠬᠡᠮᠡᠬᠦ ᠤᠯᠤᠰ ᠤᠨ ᠬᠠᠭᠤᠴᠢᠨ ᠤ ᠰᠤᠳᠤᠯᠤᠯ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ ᠃ ᠣᠶᠤᠨᠯᠢᠭ ᠷᠠᠳᠢᠣ᠋ ᠲᠧᠯᠸᠢᠰ ᠤᠨ ᠢᠨᠵᠧᠨᠧᠷᠢᠩ ᠢ ᠭᠦᠨᠵᠡᠭᠡᠢ ᠥᠷᠭᠡᠳᠬᠡᠨ ᠂ ᠤᠯᠠᠭᠠᠨᠮᠥ᠋ᠴᠢᠷ ᠂ ᠰᠣᠨᠢᠨ ᠮᠡᠳᠡᠭᠡ ᠷᠠᠳᠢᠣ᠋ ᠲᠧᠯᠸᠢᠰ ᠂ ᠤᠳᠬ᠎ᠠ | ᠤᠷᠠᠯᠢᠭ ᠤᠨ ᠵᠣᠬᠢᠶᠠᠨ ᠪᠦᠲᠦᠭᠡᠬᠦ ᠠᠵᠢᠯ ᠦᠢᠯᠡᠰ ᠤᠨ ᠲᠥᠪ ᠶᠣᠰᠣ ᠶᠢ ᠪᠠᠷᠢᠮᠲᠠᠯᠠᠭᠰᠠᠨ ᠰᠢᠨ᠎ᠡ ᠡᠭᠦᠳᠦᠯᠲᠡ ᠲᠠᠢ ᠬᠥᠭᠵᠢᠯᠲᠡ ᠶᠢ ᠳᠡᠮᠵᠢᠵᠤ ᠂ ᠳᠤᠮᠳᠠᠳᠤ | ᠤᠯᠤᠰ ᠤᠨ ᠦᠯᠢᠭᠡᠷ ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠨ᠎ᠠ ᠃ ᠤᠯᠠᠨ ᠨᠡᠶᠢᠳᠠ ᠶᠢᠨ ᠰᠣᠶᠣᠯ ᠤᠨ ᠪᠡᠯᠡᠳᠬᠡᠮᠵᠢ ᠶᠢᠨ ᠲᠣᠣᠷ ᠰᠦᠯᠵᠢᠶ᠎ᠡ ᠶᠢ | ᠲᠡᠭᠦᠯᠳᠡᠷᠵᠢᠭᠦᠯᠵᠦ ᠂ ᠤᠯᠠᠨ ᠲᠦᠮᠡᠨ ᠤ ᠳᠡᠷᠭᠡᠳᠡᠬᠢ ᠤᠶᠤᠨ ᠤ ᠰᠣᠶᠣᠯ ᠤᠨ ᠭᠡᠷ ᠣᠷᠣᠨ ᠢ ᠪᠠᠶᠢᠭᠤᠯᠤᠨ᠎ᠠ ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ | ᠮᠥᠰᠥ ᠴᠠᠰᠤᠨ ᠤ ᠬᠥᠳᠡᠯᠭᠡᠭᠡᠨ ᠢ ᠥᠷᠨᠢᠭᠦᠯᠵᠦ ᠂ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠣᠷᠣᠨ ᠤ ᠲᠠᠮᠢᠷ ᠤᠨ ᠴᠤᠭᠯᠠᠭᠠᠨ ᠂ ᠵᠢᠷᠭᠤᠳᠤᠭᠠᠷ ᠬᠤᠭᠤᠴᠠᠭᠠᠨ ᠤ | ᠪᠦᠬᠦ ᠣᠷᠣᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ ᠃ | ︵ᠳᠤᠯᠤᠭ᠎ᠠ︶ ᠪᠦᠯᠬᠦᠮᠳᠡᠯ ᠲᠠᠢ ᠡᠶ᠎ᠡ ᠵᠣᠬᠢᠴᠠᠩᠭᠤᠢ ᠠᠮᠤᠷ ᠲᠣᠭᠲᠠᠭᠤᠨ ᠪᠠᠶᠢᠳᠠᠯ ᠢ ᠬᠦᠴᠦᠯᠡᠨ ᠪᠠᠬᠢᠵᠢᠭᠦᠯᠵᠦ ᠬᠥᠭᠵᠢᠭᠦᠯᠦᠨ ᠂ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ ᠃ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠡᠭᠡ ᠲᠠᠯ᠎ᠠ ᠳᠠᠬᠢ | ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠡᠭᠦᠷᠭᠡ ᠬᠠᠷᠢᠭᠤᠴᠠᠯᠭ᠎ᠠ ᠪᠠᠨ ᠪᠠᠲᠤ ᠡᠵᠡᠮᠰᠢᠨ ᠂ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ | ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠥᠨᠢ ᠡᠭᠦᠷᠢᠳᠡ ᠪᠠᠳᠠᠷᠠᠨ ᠳᠡᠯᠭᠡᠷᠡᠭᠦᠯᠵᠦ ᠂ ᠡᠬᠡ | ᠤᠯᠤᠰ ᠤᠨ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠥᠨᠢ ᠡᠭᠦᠷᠢᠳᠡ ᠪᠠᠬᠢᠵᠢᠭᠦᠯᠦᠨ ᠪᠠᠲᠤᠳᠬᠠᠨ᠎ᠠ ᠃ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠵᠦ ᠬᠥᠭᠵᠢᠭᠦᠯᠦᠨ᠎ᠡ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠵᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠲᠣᠭᠤᠷᠢᠨ ᠳᠤ ᠨᠢᠭᠲᠠ ᠤᠶᠠᠯᠳᠤᠭᠤᠯᠤᠨ ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠯᠠᠪᠳᠠᠭᠤᠨ ᠪᠠᠲᠤᠲᠠᠢ ᠬᠡᠷᠡᠭᠵᠢᠭᠦᠯᠦᠨ ᠬᠡᠷᠡᠭᠯᠡᠵᠦ ᠂ ᠦᠨᠳᠦᠰᠦᠲᠡᠨ ᠨᠦᠭᠦᠳ ᠤᠨ ᠬᠠᠮᠲᠤ ᠪᠠᠷ ᠬᠦᠷᠲᠡᠬᠦ ᠨᠡᠩ ᠣᠯᠠᠨ ᠳᠤᠮᠳᠠᠳᠤ ᠶᠢᠨ ᠰᠣᠶᠣᠯ ᠤᠨ | ᠲᠡᠮᠳᠡᠭ ᠪᠠ ᠳᠤᠮᠳᠠᠳᠤ ᠶᠢᠨ ᠰᠣᠶᠣᠯ ᠤᠨ ᠳᠦᠷᠢ ᠲᠥᠷᠬᠦ ᠶᠢ ᠤᠯᠠᠮᠵᠢᠯᠠᠨ ᠳᠡᠯᠭᠡᠷᠡᠭᠦᠯᠵᠦ ᠂ ︽ᠭᠤᠷᠪᠠᠨ ᠰᠠᠯᠵᠤ ᠪᠣᠯᠣᠰᠢ ᠦᠭᠡᠢ︾ ᠂ ︽ᠲᠠᠪᠤᠨ ᠮᠡᠳᠡᠷᠡᠬᠦᠢ︾ ᠶᠢᠨ | ᠦᠵᠡᠯ ᠰᠠᠨᠠᠭ᠎ᠠ ᠪᠠ ︽ᠳᠥᠷᠪᠡ ᠶᠢ ᠬᠠᠮᠲᠤᠳᠬᠠᠬᠤ︾ ᠣᠨᠣᠯᠵᠢᠬᠤᠨ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠬᠠᠳᠠᠩᠰᠢᠭᠤᠯᠤᠨ᠎ᠠ ᠃ | ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢᠶᠠᠨ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ ᠂ ᠰᠢᠬᠢᠳᠭᠡᠯᠳᠤ | ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠵᠤ ᠂ ᠦᠨᠳᠦᠰᠦᠲᠡᠨ ᠨᠦᠭᠦᠳ ᠠᠨᠠᠷ ᠤᠨ ᠦᠷ᠎ᠡ ᠮᠡᠲᠦ ᠨᠢᠭᠲᠠᠷᠠᠨ ᠪᠦᠯᠬᠦᠮᠳᠡᠬᠦ ᠶᠢ ᠠᠬᠢᠭᠤᠯᠤᠨ ᠂ | ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠬᠠᠮᠲᠤ ᠪᠠᠷ ᠬᠠᠮᠠᠭᠠᠯᠠᠨ᠎ᠠ ᠃ ᠪᠦᠬᠦ ᠤᠯᠤᠰ ᠤᠨ ᠱᠠᠰᠢᠨ ᠰᠤᠷᠲᠠᠬᠤᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ | ᠤᠯᠤᠰᠴᠢᠯᠠᠬᠤ ᠴᠢᠭᠯᠡᠯ ᠢ ᠪᠠᠷᠢᠮᠲᠠᠯᠠᠨ ᠂ ᠱᠠᠰᠢᠨ ᠰᠤᠷᠲᠠᠬᠤᠨ ᠤ ᠬᠠᠤᠯᠢ ᠪᠤᠰᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ ᠂ ᠱᠠᠰᠢᠨ ᠰᠤᠷᠲᠠᠬᠤᠨ ᠤ ᠶᠠᠪᠤᠳᠠᠯ ᠢ | ᠬᠠᠤᠯᠢ ᠶᠣᠰᠣᠭᠠᠷ ᠬᠠᠮᠢᠶᠠᠷᠤᠨ ᠂ ᠱᠠᠰᠢᠨ ᠰᠤᠷᠲᠠᠬᠤᠨ ᠤ ᠡᠶ᠎ᠡ ᠵᠣᠬᠢᠴᠠᠯ ᠢ ᠳᠠᠰᠤᠷᠠᠯᠳᠠ ᠦᠭᠡᠢ ᠠᠬᠢᠭᠤᠯᠤᠨ᠎ᠠ ᠃ | ᠬᠢᠵᠢᠭ ᠤᠨ ᠪᠠᠶᠢᠳᠠᠯ ᠢ ᠪᠦᠬᠦ ᠬᠡᠯᠬᠢᠶᠡᠰᠦ ᠪᠠᠷ ᠨᠠᠷᠢᠯᠢᠭᠵᠢᠭᠤᠯᠤᠨ ᠰᠡᠷᠭᠡᠶᠢᠯᠡᠵᠦ ᠡᠵᠡᠮᠳᠡᠬᠦ ᠶᠢ ᠰᠢᠨᠵᠢᠯᠡᠬᠦ ᠤᠬᠠᠭᠠᠨᠴᠢ ᠪᠠᠷ ᠬᠦᠴᠦᠲᠡᠢ ᠰᠠᠶᠢᠲᠤᠷ ᠠᠳᠬᠤᠨ᠎ᠠ ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠠᠯᠢᠪᠠ ᠠᠵᠢᠯᠯᠠᠭ᠎ᠠ ᠳᠤ ᠨᠠᠶᠢᠳᠠᠪᠤᠷᠢᠵᠢᠭᠤᠯᠤᠨ ᠂ ᠬᠠᠮᠤᠭ ᠴᠢᠩᠭ᠎ᠠ | ᠬᠠᠷᠢᠭᠤᠴᠠᠯᠭᠠᠲᠤ ᠰᠡᠳᠬᠢᠯᠭᠡ ᠪᠠ ᠬᠡᠷᠡᠭᠵᠢᠭᠦᠯᠬᠦ ᠡᠷᠴᠢᠮ ᠢᠶᠠᠷ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ ᠂ ᠳᠣᠲᠣᠭᠠᠳᠤ ᠳᠤ ᠪᠠᠨ ᠳᠠᠬᠢᠨ | ᠳᠡᠯᠭᠡᠷᠡᠬᠦ ᠶᠢ ᠨᠢ ᠰᠡᠷᠭᠡᠶᠢᠯᠡᠬᠦ ᠶᠢ ᠰᠠᠶᠢᠲᠤᠷ ᠠᠳᠬᠤᠵᠤ ᠂ ᠬᠢᠵᠢᠭ ᠤᠨ ᠪᠠᠶᠢᠳᠠᠯ ᠭᠡᠨᠡᠳᠲᠡ ᠡᠭᠦᠰᠴᠦ ᠠᠮᠤᠷ ᠲᠣᠭᠲᠠᠭᠤᠨ ᠤ ᠶᠡᠭᠡ ᠲᠠᠯ᠎ᠠ ᠳᠤ ᠳᠠᠭᠠᠷᠢᠯᠲᠠ ᠪᠣᠯᠬᠤ ᠶᠢ | ᠡᠷᠡᠰ ᠰᠡᠷᠭᠡᠶᠢᠯᠡᠨ᠎ᠡ ᠃ ᠬᠢᠯᠢ ᠶᠢᠨ ᠪᠣᠭᠤᠮᠲᠠ ᠶᠢᠨ ᠲᠦᠭᠰᠢᠭᠦᠷᠢ ᠶᠢᠨ ᠳᠠᠯᠳᠠ ᠭᠡᠮ ᠢ ᠲᠤᠰᠬᠠᠢ ᠪᠠᠭ ᠵᠢᠭᠰᠠᠭᠠᠨ ᠪᠠᠶᠢᠴᠠᠭᠠᠬᠤ ᠂ ᠲᠤᠰᠬᠠᠢ ᠰᠣᠷᠢᠯᠲᠠ ᠬᠢᠬᠦ᠂ ᠲᠤᠰᠬᠠᠢ | ᠮᠡᠷᠭᠡᠵᠢᠯ ᠢᠶᠠᠷ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ ᠂ ᠬᠢᠯᠢ ᠶᠢᠨ ᠪᠣᠭᠤᠮᠲᠠ ᠶᠢᠨ ᠬᠤᠳᠠ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠬᠢ | ᠪᠠᠶᠠᠯᠢᠭ ᠤᠨ ᠪᠠᠶᠢᠷᠢᠰᠢᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ ᠂ ᠬᠥᠮᠥᠨ ᠂ ᠪᠣᠳᠠᠰ ᠂ | ᠣᠷᠴᠢᠨ ᠲᠣᠭᠤᠷᠢᠨ ᠳᠤ ᠪᠢᠲᠡᠭᠦᠦ ᠴᠥᠷᠬᠡᠯᠡᠨ ᠬᠠᠮᠢᠶᠠᠷᠬᠤ ᠶᠢ ᠴᠢᠩᠭᠠᠷᠠᠭᠤᠯᠤᠨ᠎ᠠ ᠃ ᠪᠠᠶᠢᠩᠭᠤᠵᠢᠭᠤᠯᠤᠨ ᠰᠡᠷᠭᠡᠶᠢᠯᠡᠵᠦ ᠡᠵᠡᠮᠳᠡᠬᠦ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ ᠂ ᠤᠯᠠᠨ ᠴᠡᠭ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠵᠦ ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ | ᠬᠥᠳᠡᠯᠦᠩᠭᠦᠢ ᠪᠠᠷ ᠲᠡᠭᠦᠯᠳᠡᠷᠵᠢᠭᠦᠯᠦᠨ ᠂ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠬᠢᠵᠢᠭ ᠤᠨ ᠪᠠᠶᠢᠳᠠᠯ | ᠡᠭᠦᠰᠬᠦ ᠳᠤ ᠬᠦᠷᠪᠡᠯ ᠦᠳᠲᠡᠷ ᠲᠦᠷᠭᠡᠨ ᠬᠦᠴᠦᠲᠡᠢ ᠳᠥᠪᠬᠢᠨᠡᠭᠦᠯᠦᠨ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠮᠥᠷᠲᠡᠭᠡᠨ ᠦᠷᠡᠭᠳᠡᠯ ᠰᠦᠢᠳᠦᠯ ᠪᠠ ᠮᠠᠭᠤ | ᠨᠥᠯᠥᠭᠡ ᠶᠢ ᠪᠠᠭᠠᠰᠬᠠᠬᠤ ᠪᠠᠷ ᠬᠦᠴᠦᠯᠡᠨ ᠴᠢᠷᠮᠠᠶᠢᠨ᠎ᠠ ᠃ | ᠠᠮᠤᠭᠤᠯᠠᠩᠲᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠨ ᠂ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠪᠥᠬᠦ ᠠᠷᠭ᠎ᠠ ᠬᠡᠮᠵᠢᠶ᠎ᠡ ᠪᠠᠨ ᠤᠷᠢᠳ ᠢᠶᠠᠷ ᠪᠡᠯᠡᠳᠬᠡᠨ ᠂ ᠨᠠᠶᠢᠳᠠᠪᠤᠷᠢᠵᠢᠭᠤᠯᠵᠤ | ᠪᠣᠳᠠᠲᠠᠶᠢᠵᠢᠭᠤᠯᠤᠨ᠎ᠠ ᠃ ︽ᠹᠧᠩ ᠴᠢᠶᠤᠤ ᠶᠢᠨ ᠲᠤᠷᠰᠢᠯᠭ᠎ᠠ︾ ᠶᠢ ᠥᠪᠥᠷ ᠮᠣᠩᠭᠤᠯ ᠳᠤ ᠦᠢᠯᠡᠳᠦᠯᠭᠡᠵᠢᠭᠦᠯᠬᠦ ᠶᠢ ᠭᠦᠨᠵᠡᠭᠡᠶᠢᠷᠡᠭᠦᠯᠦᠨ ᠂ ᠬᠤᠳᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ ᠂ ᠨᠡᠶᠢᠭᠡᠮ ᠤᠨ ᠠᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠵᠦ ᠂ ᠵᠠᠬᠢᠳᠠᠯ ᠰᠤᠷᠪᠤᠯᠵᠢᠯᠠᠯ ᠤᠨ | ᠳᠠᠷᠤᠭᠳᠠᠮᠠᠯ ᠬᠡᠷᠡᠭ ᠢ ᠪᠦᠲᠦᠮᠵᠢᠳᠠᠢ ᠠᠷᠢᠯᠭᠠᠨ᠎ᠠ ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ ᠂ ᠠᠮᠢᠳᠤ | ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ ᠃ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ | ᠴᠢᠩᠭᠠᠷᠠᠭᠤᠯᠤᠨ ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠳᠤ ᠦᠨᠳᠦᠰᠦ ᠠᠴᠠ ᠨᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠥᠷᠨᠢᠭᠦᠯᠵᠦ ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠦᠨ᠎ᠡ ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠨᠥᠭᠡᠴᠡ ᠂ | ᠣᠷᠣᠨ ᠪᠦᠰᠡ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠴᠢᠩᠭᠠᠳᠬᠠᠨ ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠴᠢᠳᠠᠪᠤᠷᠢ ᠪᠠᠨ | ᠳᠡᠭᠡᠭᠰᠢᠯᠡᠭᠦᠯᠦᠨ᠎ᠠ ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠂ ᠴᠡᠷᠢᠭ ᠪᠠ ᠠᠷᠠᠳ ᠤᠨ ᠬᠡᠷᠡᠭᠴᠡᠭᠡᠨ ᠤ ᠠᠭᠤᠰᠤᠯᠴᠠᠯ ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠰᠠᠶᠢᠲᠤᠷ ᠬᠢᠵᠦ ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠣᠭᠲᠠᠯᠴᠠᠭ᠎ᠠ ᠪᠠ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ ᠂ ᠴᠡᠷᠢᠭ ᠪᠠ ᠵᠠᠰᠠᠭ ᠂ ᠴᠡᠷᠢᠭ ᠪᠠ ᠠᠷᠠᠳ | ᠪᠦᠯᠬᠦᠮᠳᠡᠨ ᠨᠢᠭᠡᠳᠴᠦ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠰᠠᠬᠢᠨ ᠬᠠᠮᠠᠭᠠᠯᠠᠨ᠎ᠠ ᠃ | ᠳᠥᠷᠪᠡ ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠠ | ᠰᠢᠨ᠎ᠡ ᠴᠠᠭ ᠦᠶ᠎ᠡ ᠶᠢᠨ ᠵᠠᠰᠠᠭ ᠤᠨ ᠣᠷᠳᠣᠨ ᠤ ᠠᠵᠢᠯ ᠳᠤ ᠵᠠᠪᠠᠯ ᠰᠢᠨ᠎ᠡ ᠪᠠᠷᠢᠮᠵᠢᠶ᠎ᠠ ᠰᠢᠨ᠎ᠡ ᠴᠢᠨᠠᠷ ᠴᠢᠨᠰᠠᠭ᠎ᠠ ᠂ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ | ᠳᠦᠷᠰᠦ ᠪᠠᠶᠢᠳᠠᠯ ᠲᠠᠢ ᠪᠠᠶᠢᠯᠭᠠᠵᠤ ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠵᠠᠪᠠᠯ ᠰᠢᠨ᠎ᠡ ᠴᠢᠩᠭᠠᠷᠠᠯᠲᠠ ᠰᠢᠨ᠎ᠡ ᠳᠠᠪᠰᠢᠯᠳᠠ ᠲᠠᠢ ᠪᠣᠯᠭᠠᠨ᠎ᠠ ᠃ | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠩᠭᠤᠵᠢᠬᠤ ᠪᠠ | ᠤᠷᠲᠦ ᠬᠤᠭᠤᠴᠠᠭᠠᠨ ᠤ ᠪᠦᠲᠦᠮᠵᠢᠲᠠᠢ ᠪᠠᠶᠢᠬᠤ ᠶᠢ ᠠᠬᠢᠭᠤᠯᠵᠤ ᠂ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠭᠦᠨᠵᠡᠭᠡᠶᠢᠷᠡᠭᠦᠯᠵᠦ ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ | ᠳᠡᠭᠡᠭᠰᠢᠯᠡᠭᠦᠯᠦᠨ ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠪᠠᠲᠤ ᠴᠢᠩᠭ᠎ᠠ ᠪᠠᠷ ᠪᠡᠶᠡᠯᠡᠭᠦᠯᠦᠨ ᠂ ᠦᠵᠡᠯ ᠰᠠᠨᠠᠭ᠎ᠠ | ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠯᠭᠠᠨ᠎ᠠ ᠃ | ᠨᠢᠭᠡ ᠯᠠ ᠰᠡᠳᠬᠢᠯ ᠢᠶᠠᠷ ᠨᠠᠶᠢᠳᠠᠪᠤᠷᠢᠵᠢᠭᠤᠯᠬᠤ ᠶᠢ ᠠᠳᠬᠤᠨ᠎ᠠ ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ | ᠲᠣᠭᠤᠷᠢᠨ ᠳᠤ ᠨᠢᠭᠲᠠ ᠤᠶᠠᠯᠳᠤᠭᠤᠯᠤᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢᠨ ᠶᠣᠰᠣᠭᠠᠷ ᠂ ᠲᠡᠷᠡ ᠶᠣᠰᠣᠭᠠᠷ | ᠨᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠬᠢᠭᠤᠯᠤᠨ᠎ᠠ ᠃ ᠠᠵᠢᠯ ᠤᠨ ᠪᠠᠶᠢᠷᠢ ᠪᠣᠯ ᠬᠠᠷᠢᠭᠤᠴᠠᠯᠭ᠎ᠠ ᠂ | ᠲᠤᠰᠢᠶᠠᠯ ᠤᠨ ᠪᠠᠶᠢᠷᠢ ᠪᠣᠯ ᠬᠠᠷᠢᠭᠤᠴᠠᠯᠭ᠎ᠠ ᠪᠤᠯᠬᠤ ᠶᠢ ᠪᠠᠷᠢᠮᠲᠠᠯᠠᠵᠤ ᠂ ᠨᠠᠶᠢᠳᠠᠪᠤᠷᠢᠵᠢᠭᠤᠯᠬᠤ ᠦᠭᠡᠢ ᠪᠠ ᠪᠣᠳᠠᠲᠠᠢ ᠨᠠᠶᠢᠳᠠᠪᠤᠷᠢᠵᠢᠭᠤᠯᠬᠤ ᠦᠭᠡᠢ ᠪᠠᠶᠢᠬᠤ | ᠦᠵᠡᠭᠳᠡᠯ ᠢ ᠡᠷᠡᠰ ᠲᠡᠪᠴᠢᠨ᠎ᠡ ᠃ ᠠᠵᠢᠯ ᠤᠨ ᠠᠷᠭ᠎ᠠ ᠪᠠᠷᠢᠯ ᠢᠶᠠᠨ ᠨᠡᠩ ᠴᠢᠩᠭ᠎ᠠ ᠂ ᠨᠡᠩ ᠨᠠᠷᠢᠯᠢᠭ ᠂ ᠨᠡᠩ ᠪᠣᠳᠠᠲᠠᠢ ᠪᠣᠯᠭᠠᠨ ᠂ ᠨᠢᠭᠡᠳᠦᠭᠡᠷ ᠹᠷᠤᠨᠲ ᠤᠨ ᠠᠵᠢᠯ ᠢ | ᠪᠠᠶᠢᠩᠭᠤᠵᠢᠭᠤᠯᠬᠤ ᠪᠠ ᠪᠢᠲᠡᠭᠦᠦ ᠴᠥᠷᠬᠡᠯᠡᠨ ᠨᠠᠶᠢᠳᠠᠪᠤᠷᠢᠵᠢᠭᠤᠯᠬᠤ ᠶᠢ ᠤᠷᠲᠤ ᠬᠤᠭᠤᠴᠠᠭᠠᠨ ᠳᠤ ᠪᠦᠲᠦᠮᠵᠢᠲᠡᠢ ᠪᠠᠶᠢᠯᠭᠠᠵᠤ ᠂ ᠦᠨᠳᠦᠰᠦᠨ ᠱᠠᠲᠤᠨ ᠤ | ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ ᠂ ᠬᠠᠷᠢᠭᠤᠴᠠᠯᠭ᠎ᠠ ᠡᠭᠦᠷᠭᠡᠯᠡᠬᠦ ᠦᠭᠡᠢ ᠂ ᠵᠢᠳᠬᠦᠯ ᠴᠢᠷᠮᠠᠶᠢᠯᠭ᠎ᠠ ᠭᠠᠷᠭᠠᠬᠤ ᠦᠭᠡᠢ ᠂ ᠠᠯᠭᠤᠷᠯᠠᠨ ᠠᠵᠢᠯᠯᠠᠬᠤ ᠂ | ᠥᠩᠭᠡᠪᠴᠢ ᠠᠵᠢᠯ ᠬᠢᠬᠦ᠂ ᠠᠵᠢᠯ ᠢᠶᠠᠨ ᠰᠣᠬᠤᠷ ᠪᠠᠯᠠᠢ ᠪᠠᠷ ᠳᠡᠯᠭᠡᠨ ᠦᠷᠦᠬᠦ ᠶᠢ ᠡᠷᠡᠰ ᠡᠰᠡᠷᠭᠦᠴᠡᠵᠦ ᠂ ᠲᠣᠭᠲᠠᠭᠰᠠᠨ ᠠᠵᠢᠯ ᠶᠠᠪᠤᠳᠠᠯ ᠢ ᠴᠢᠩᠭ᠎ᠠ ᠠᠳᠬᠤᠨ | ᠱᠠᠯᠠᠪᠳᠠᠨ ᠭᠦᠢᠴᠡᠳᠬᠡᠵᠦ ᠂ ᠦᠷ᠎ᠡ ᠪᠦᠲᠦᠮᠵᠢ ᠭᠠᠷᠭᠠᠵᠤ ᠂ ᠦᠷ᠎ᠡ ᠳ᠋ᠦᠩ ᠲᠠᠢ ᠪᠣᠯᠭᠠᠬᠤ ᠬᠡᠷᠡᠭᠲᠡᠢ ᠃ | ᠰᠡᠳᠬᠢᠯ ᠲᠠᠯᠪᠢᠵᠤ ᠪᠣᠳᠠᠲᠠᠢ ᠶᠠᠪᠤᠳᠠᠯ ᠢ ᠬᠢᠴᠢᠶᠡᠩᠭᠦᠢ ᠭᠦᠢᠴᠡᠳᠬᠡᠨ᠎ᠡ ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠬᠢᠨᠠᠮᠠᠭᠠᠢ ᠦᠢᠯᠡᠳᠦᠯᠭᠡᠵᠢᠭᠦᠯᠵᠦ ᠂ ᠤᠯᠠᠨ ᠲᠦᠮᠡᠨ ᠤ ᠠᠷᠰᠠᠷ ᠤᠴᠢᠷ ᠶᠠᠪᠤᠳᠠᠯ ᠢ ᠲᠣᠮᠣ ᠠᠵᠢᠯ ᠶᠠᠪᠤᠳᠠᠯ ᠢᠶᠠᠷ ᠦᠵᠡᠵᠦ ᠂ ᠤᠯᠠᠨ ᠲᠦᠮᠡᠨ ᠤ ᠶᠠᠭᠠᠷᠠᠯᠲᠠᠢ ᠤᠴᠢᠷ | ᠬᠦᠴᠢᠷᠲᠡᠢ ᠶᠠᠪᠤᠳᠠᠯ ᠢ ᠴᠢᠬᠤᠯᠠ ᠠᠵᠢᠯ ᠶᠠᠪᠤᠳᠠᠯ ᠪᠣᠯᠭᠠᠵᠤ ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ ︾ ᠶᠢ ᠦᠷᠭᠦᠯᠵᠢᠯᠡᠨ ᠠᠬᠢᠭᠤᠯᠤᠨ᠎ᠠ ᠃ ᠰᠢᠨ᠎ᠡ | ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠡᠯ᠎ᠡ ᠱᠠᠲᠤᠨ ᠤ ᠵᠠᠰᠠᠭ ᠤᠨ ᠣᠷᠳᠣᠨ ᠤᠳᠤᠷᠢᠳᠬᠤ ᠺᠠᠳ᠋ᠷ ᠤᠨ ᠰᠤᠷᠪᠤᠯᠵᠢᠯᠠᠯ | ᠭᠥᠯᠢᠶᠡᠨ ᠠᠪᠬᠤ ᠲᠣᠭᠲᠠᠴᠠ ᠶᠢ ᠪᠠᠶᠢᠭᠤᠯᠤᠨ ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ ᠂ ᠣᠯᠠᠨ ᠲᠦᠮᠡᠨ ᠤ ᠠᠰᠠᠭᠤᠳᠠᠯ ᠢ ᠦᠨᠡᠨ | ᠪᠣᠳᠠᠲᠠᠢ ᠪᠠᠷ ᠰᠢᠢᠳᠪᠦᠷᠢᠯᠡᠨ ᠂ ᠠᠵᠤ ᠠᠬᠤᠶᠢᠯᠠᠯ ᠳᠤ ᠦᠨᠡᠨ ᠰᠡᠳᠬᠢᠯ ᠢᠶᠠᠷ ᠢᠶᠠᠨ ᠦᠢᠯᠡᠴᠢᠯᠡᠨ᠎ᠡ ᠃ ︽ᠠᠯᠪᠠᠨ ᠤ ᠭᠤᠷᠪᠠᠨ︾ ᠵᠠᠷᠤᠳᠠᠯ ᠢ ᠴᠢᠩᠭ᠎ᠠ ᠬᠢᠵᠠᠭᠠᠷᠯᠠᠨ ᠂ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠶᠢᠨ ᠪᠤᠰᠤ ᠪᠠ ᠵᠠᠪᠠᠯ ᠬᠡᠷᠡᠭᠰᠡᠬᠦ ᠪᠤᠰᠤ ᠴᠢᠨᠠᠷᠲᠠᠢ ᠵᠠᠷᠤᠯᠭ᠎ᠠ ᠶᠢᠨ ᠲᠥᠰᠥᠪ ᠢ ᠳᠠᠬᠢᠨᠲᠠ 29.5 | ᠳ᠋ᠦᠩᠰᠢᠭᠤᠷ ᠲᠥᠭᠦᠷᠢᠭ ᠬᠠᠰᠤᠨ᠎ᠠ ᠂ ᠡᠯ᠎ᠡ ᠱᠠᠲᠤ ᠡᠯ᠎ᠡ ᠭᠠᠵᠠᠷ ᠤᠨ ᠵᠠᠷᠤᠯᠭ᠎ᠠ ᠪᠠᠨ ᠠᠷᠪᠢᠯᠠᠵᠤ ᠠᠷᠪᠢᠴᠢ ᠭᠠᠮᠲᠠᠢ ᠪᠠᠶᠢᠬᠤ ᠶᠢ ᠳᠠᠶᠢᠴᠢᠯᠠᠵᠦ ᠂ ᠪᠦᠷᠢᠯᠭᠡᠨ | ᠰᠦᠢᠳᠬᠡᠬᠦ ᠪᠠ ᠵᠠᠷᠤᠯᠭ᠎ᠠ ᠶᠡᠬᠡᠲᠡᠢ ᠪᠠᠶᠢᠬᠤ ᠶᠢ ᠡᠷᠡᠰ ᠡᠰᠡᠷᠭᠦᠴᠡᠨ ᠂ ᠵᠠᠷᠤᠳᠠᠯ ᠮᠥᠩᠭᠦ ᠪᠦᠭᠦᠨ ᠢ ᠠᠷᠪᠢᠲᠠᠢ ᠭᠠᠮᠲᠠᠢ ᠬᠡᠷᠡᠭᠯᠡᠵᠦ ᠂ ᠠᠵᠢᠯ ᠶᠠᠪᠤᠳᠠᠯ ᠪᠦᠭᠦᠨ ᠢ ᠪᠦᠷᠢᠨ | ᠰᠠᠶᠢᠨ ᠭᠦᠢᠴᠡᠳᠬᠡᠨ᠎ᠡ ᠃ | ᠠᠷᠢᠭᠤᠨ ᠴᠢᠬᠡᠴᠢ ᠪᠠᠷ ᠠᠵᠢᠯᠯᠠᠵᠤ ᠦᠢᠯᠡᠰ ᠪᠦᠲᠦᠭᠡᠨ᠎ᠡ ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ ᠂ ᠡᠯ᠎ᠡ ᠵᠦᠢᠯ ᠤᠨ ᠰᠠᠬᠢᠯᠭ᠎ᠠ ᠪᠠᠲᠤ ᠪᠠ ᠶᠣᠰᠣ | ᠳᠦᠷᠢᠮ ᠢ ᠴᠢᠩᠭ᠎ᠠ ᠵᠢᠷᠤᠮᠯᠠᠨ ᠰᠠᠬᠢᠵᠤ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠣᠯᠭᠢᠴᠢᠯᠠᠬᠤ ᠂ ᠠᠷᠠᠯᠵᠢᠶᠠᠴᠢᠯᠠᠬᠤ ᠶᠢ ᠰᠡᠷᠭᠡᠶᠢᠯᠡᠨ | ᠬᠤᠷᠢᠭᠯᠠᠵᠤ ᠂ ︽ᠲᠦᠷᠪᠡᠨ ᠰᠤᠷᠲᠠᠯ︾ ᠤᠨ ᠠᠰᠠᠭᠤᠳᠠᠯ ᠢᠯᠠᠩᠭᠤᠶ᠎ᠠ ᠬᠡᠯᠪᠡᠷᠢ ᠶᠢᠨ ᠦᠵᠡᠯ ᠂ ᠨᠣᠶᠠᠨᠴᠢ ᠰᠤᠷᠲᠠᠯ ᠤᠨ ᠠᠰᠠᠭᠤᠳᠠᠯ ᠤᠳ ᠴᠣᠬᠤᠶᠢᠮᠠᠭᠴᠠ ᠳᠠᠷᠤᠵᠤ ᠂ | ᠢᠯᠵᠠᠷᠠᠯ ᠤᠨ ᠦᠵᠡᠭᠳᠡᠯ ᠳᠤ ᠥᠴᠥᠬᠡᠨ ᠴᠦ ᠢᠯᠳᠠᠷ ᠬᠠᠶᠠᠬᠤ ᠦᠭᠡᠢ ᠪᠠᠶᠢᠵᠤ ᠂ ᠴᠢᠩᠭ᠎ᠠ ᠪᠠᠶᠢᠯᠭᠠᠬᠤ ᠭᠤᠣᠯ ᠦᠨᠳᠦᠰᠦᠨ ᠰᠠᠨᠠᠭ᠎ᠠ ᠶᠢ ᠵᠠᠰᠠᠭ ᠤᠨ ᠣᠷᠳᠣᠨ ᠤ | ᠰᠢᠰᠲ᠋ᠧᠮ ᠳᠤ ᠲᠤᠶᠢᠯᠪᠤᠷᠢᠲᠠᠢ ᠲᠤᠭᠤᠰᠢᠯᠠᠭᠤᠯᠤᠨ ᠂ ᠰᠤᠷᠲᠠᠯ ᠴᠢᠬᠡᠴᠢ ᠣᠪᠣᠷ ᠲᠥᠪ ᠂ ᠠᠵᠢᠯ ᠬᠢᠵᠦ ᠦᠢᠯᠡᠰ ᠪᠦᠲᠦᠭᠡᠬᠦ ᠤᠯᠤᠰ ᠲᠦᠷᠦ ᠶᠢᠨ ᠠᠮᠢ ᠠᠬᠤᠢ ᠶᠢ | ᠴᠢᠷᠮᠠᠶᠢᠨ ᠪᠣᠢ ᠪᠣᠯᠭᠠᠨ᠎ᠠ ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠳᠦᠷᠢᠮ ᠢᠶᠠᠷ ᠡᠷᠬᠡ ᠶᠢ ᠬᠠᠮᠢᠶᠠᠷᠬᠤ ᠂ ᠠᠵᠢᠯ | ᠶᠠᠪᠤᠳᠠᠯ ᠢ ᠬᠠᠮᠢᠶᠠᠷᠬᠤ ᠂ ᠠᠵᠢᠯᠲᠠᠨ ᠢᠶᠠᠨ ᠬᠠᠮᠢᠶᠠᠷᠬᠤ ᠶᠢ ᠪᠠᠷᠢᠮᠲᠠᠯᠠᠵᠤ ᠂ ᠢᠲᠡᠭᠡᠮᠵᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ ᠂ | ᠬᠡᠯᠡᠪᠡᠰᠦ ᠢᠲᠡᠭᠡᠮᠵᠢᠲᠡᠢ ᠬᠢᠪᠡᠰᠦ ᠪᠦᠲᠦᠮᠵᠢᠲᠡᠢ ᠪᠠᠶᠢᠵᠤ ᠂ ︽ᠰᠢᠨ᠎ᠡ ᠲᠤᠰᠢᠶᠠᠯᠲᠠᠨ ᠨᠢ ᠬᠠᠭᠤᠴᠢᠨ ᠳᠠᠩᠰᠠ ᠶᠢ ᠬᠠᠮᠢᠶᠠᠷᠬᠤ ᠦᠭᠡᠢ︾ ᠪᠠᠶᠢᠵᠤ ᠣᠭᠲᠤ ᠪᠤᠯᠬᠤ | ᠦᠭᠡᠢ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠬᠤ ᠂ ᠬᠢᠨᠠᠨ | ᠪᠠᠶᠢᠴᠠᠭᠠᠬᠤ ᠲᠠᠯ᠎ᠠ ᠶᠢᠨ ᠬᠢᠨᠠᠯᠲᠠ ᠲᠠᠯᠪᠢᠬᠤ ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠂ ᠨᠡᠶᠢᠭᠡᠮ ᠤᠨ ᠬᠢᠨᠠᠯᠲᠠ | ᠲᠠᠯᠪᠢᠬᠤ ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ ᠂ ᠬᠢᠨᠠᠨ ᠪᠣᠳᠣᠯᠲᠠ ᠪᠠᠷ ᠬᠢᠨᠠᠯᠲᠠ ᠲᠠᠯᠪᠢᠬᠤ ᠶᠢ ᠴᠢᠩᠭᠠᠷᠠᠭᠤᠯᠤᠨ ᠂ | ᠬᠢᠨᠠᠯᠲᠠ ᠲᠠᠯᠪᠢᠯᠲᠠ ᠶᠢᠨ ᠳᠣᠣᠷ᠎ᠠ ᠠᠵᠢᠯ ᠥᠷᠨᠢᠭᠦᠯᠬᠦ ᠳᠠᠳᠬᠠᠯ ᠲᠠᠢ ᠪᠣᠯᠵᠤ ᠂ ᠬᠢᠨᠠᠯᠲᠠ ᠲᠠᠯᠪᠢᠯᠲᠠ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠴᠢᠳᠠᠮᠠᠭᠠᠢ | ᠭᠦᠢᠴᠡᠳᠬᠡᠨ᠎ᠡ ᠃ | ᠲᠥᠯᠥᠭᠡᠯᠡᠭᠴᠢᠳ ᠠ᠋ ︕ ᠰᠢᠨ᠎ᠡ ᠴᠠᠭ ᠦᠶ᠎ᠡ ᠪᠢᠳᠠᠨ ᠳᠤ ᠥᠩᠭᠡ ᠬᠡᠷᠡᠯᠳᠦ ᠬᠠᠷᠢᠭᠤᠴᠠᠯᠭ᠎ᠠ ᠡᠭᠦᠷᠭᠡᠯᠡᠯ ᠣᠯᠭᠤᠵᠤ ᠂ ᠰᠢᠨ᠎ᠡ ᠠᠶᠠᠨ ᠵᠠᠮ ᠪᠢᠳᠠᠨ ᠢ | ᠡᠷᠡᠮᠡᠬᠡᠶᠢᠯᠡᠨ ᠤᠷᠤᠭᠰᠢᠯᠠᠭᠤᠯᠬᠤ ᠪᠠᠷ ᠤᠷᠢᠶᠠᠯᠠᠵᠤ ᠪᠠᠶᠢᠨ᠎ᠠ ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠯᠬᠦᠮᠳᠡᠯ ᠳᠠᠭᠠᠭᠤᠯᠭ᠎ᠠ ᠳᠣᠣᠷ᠎ᠠ ᠂ ᠪᠦᠬᠦ | ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠂ ᠡᠨᠡᠷᠢᠯ ᠳᠤ ᠲᠠᠯᠠᠷᠬᠠᠵᠤ ᠡᠷᠡᠯᠬᠡᠭᠯᠡᠨ | ᠤᠷᠤᠭᠰᠢᠯᠠᠵᠤ ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠂ ᠪᠦᠯᠬᠦᠮᠳᠡᠨ ᠲᠡᠮᠡᠴᠡᠵᠦ ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠂ ᠠᠭᠤᠤ ᠶᠡᠭᠡ | ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ︕ | |