内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
        ᠨᠡᠶᠢᠲᠡᠯᠡᠭᠰᠡᠨ ᠴᠠᠭ᠄
        2023/2/9
                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ                ᠥᠪᠥᠷ ᠵᠠᠰᠠᠭ ᠲᠠᠷᠬᠠᠭᠠᠭᠰᠠᠨ 〔2022〕 21 ᠳ᠋ᠦ᠋ᠭᠡᠷ ᠲᠣᠭᠠᠲᠤ

        365赢多少钱会被限额_国内有真正的365平台吗_365bet博彩官网

              ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃      2022 ᠣᠨ ᠤ 7 ᠳ᠋ᠤᠭᠠᠷ ᠰᠠᠷ᠎ᠠ ᠶᠢᠨ 14 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ      ︽ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠲᠠᠢ ᠪᠣᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠨᠢᠭᠡ᠂ ᠬᠠᠷᠠᠯᠲᠠ ᠡᠭᠦᠷᠭᠡ      ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ᠂ ᠦᠯᠡᠳᠡᠭᠡᠯ ᠡᠬᠢ ᠪᠠᠶᠠᠯᠢᠭ ᠢ ᠴᠢᠯᠦᠭᠡᠲᠡᠢ ᠭᠦᠢᠯᠭᠡᠭᠡᠬᠦ᠂ ᠭᠠᠵᠠᠷ ᠤᠨ ᠦᠨ᠎ᠡ ᠶᠢᠨ ᠲᠣᠬᠢᠷᠠᠭᠤᠯᠭ᠎ᠠ ᠡᠵᠡᠮᠰᠢᠯ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠣᠷᠣᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠥᠷᠲᠡᠭ ᠪᠠ ᠦᠨ᠎ᠡ ᠬᠠᠩᠰᠢ ᠶᠢᠨ ᠳᠡᠭᠡᠭᠰᠢᠯᠡᠯᠲᠡ ᠶᠢ ᠠᠬᠢᠭᠤᠯᠵᠤ᠂ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠨᠢ ᠤᠯᠠᠮ ᠨᠢᠭᠡ ᠠᠯᠬᠤᠮ ᠲᠣᠳᠣᠷᠬᠠᠢ ᠪᠣᠯᠭᠠᠨ᠂ ᠡᠬᠢ ᠪᠠᠶᠠᠯᠢᠭ ᠤᠨ ᠬᠦᠴᠦᠨ ᠵᠦᠢᠯ ᠤᠨ ᠢᠳᠡᠪᠬᠢ ᠴᠢᠨᠠᠷ ᠢ ᠦᠷᠭᠦᠯᠵᠢᠯᠡᠨ ᠴᠢᠩᠭᠠᠷᠠᠭᠤᠯᠵᠤ᠂ ᠮᠤᠵᠢ ᠣᠷᠣᠨ ᠠᠯᠤᠰᠯᠠᠨ ᠠᠷᠠᠯᠵᠢᠶᠠᠯᠠᠬᠤ ᠠᠷᠭ᠎ᠠ ᠵᠠᠮ ᠢ ᠪᠥᠬᠦ ᠲᠠᠯ᠎ᠠ ᠪᠠᠷ ᠨᠠᠪᠲᠠᠷᠡᠭᠦᠯᠵᠦ᠂ ᠣᠯᠠᠨ ᠡᠰᠢᠵᠢᠭᠰᠡᠨ ᠠᠷᠠᠯᠵᠢᠶᠠᠨ ᠤ ᠵᠠᠭᠪᠤᠷ ᠢ ᠪᠣᠶ ᠪᠣᠯᠭᠠᠬᠤ ᠶᠢᠨ ᠬᠠᠮᠲᠤ ᠪᠦᠲᠦᠮᠵᠢᠲᠡᠶ ᠬᠡᠷᠡᠭᠵᠢᠭᠦᠯᠦᠨ᠂ ᠣᠷᠣᠨ ᠨᠤᠲᠤᠭ ᠤᠨ ᠡᠳ᠋ ᠤᠨ ᠬᠦᠴᠦᠨ ᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠪᠠᠨ ᠢᠯᠡᠳᠲᠡ ᠳᠡᠭᠡᠭᠰᠢᠯᠡᠭᠦᠯᠵᠦ᠂ ᠦᠯᠡᠳᠡᠭᠡᠯ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠴᠢᠯᠦᠭᠡᠲᠡᠢ ᠭᠦᠢᠯᠭᠡᠭᠡᠨ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠨᠢ ᠤᠯᠠᠮ ᠨᠢᠭᠡ ᠠᠯᠬᠤᠮ ᠨᠡᠮᠡᠭᠳᠡᠭᠦᠯᠬᠦ ᠶᠢ           ᠪᠠᠲᠤᠯᠠᠨ᠎ᠠ᠃      ᠬᠤᠶᠠᠷ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠪᠠᠶᠢᠴᠠᠭᠠᠯᠲᠠ ᠬᠢᠵᠦ ᠪᠠᠶᠢᠳᠠᠯ ᠢ ᠨᠢ ᠣᠶᠢᠯᠠᠭᠠᠬᠤ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ᠃      1. ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠪᠠᠶᠢᠴᠠᠭᠠᠯᠲᠠ ᠵᠡᠷᠭᠡ ᠠᠵᠢᠯ ᠲᠠᠢ ᠤᠶᠠᠯᠳᠤᠭᠤᠯᠤᠨ᠂ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠳᠠᠯᠳᠠ ᠬᠦᠴᠦᠨ ᠪᠠ ᠠᠰᠢᠭᠯᠠᠭᠠᠳᠤᠢ ᠭᠠᠵᠠᠷ ᠰᠢᠷᠣᠢ ᠵᠡᠷᠭᠡ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ︔ ᠠᠶᠢᠯ ᠲᠣᠰᠬᠤᠨ ᠤ ᠲᠥᠷᠥᠯ ᠠᠩᠭᠢᠯᠠᠯ ᠵᠢᠴᠢ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠭᠰᠡᠨ ᠦᠷ᠎ᠡ ᠠᠰᠢᠭ ᠢᠶᠠᠷ ᠪᠠᠷᠤᠭᠲᠠᠢ ᠭᠠᠵᠠᠷ ᠰᠢᠷᠣᠢ᠂ ᠰᠤᠯᠠ ᠲᠠᠯᠪᠢᠭᠳᠠᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠵᠡᠷᠭᠡ ᠪᠠᠶᠢᠳᠠᠯ ᠢ ᠲᠣᠳᠣᠷᠬᠠᠢ ᠣᠶᠢᠯᠠᠭᠠᠨ᠎ᠠ᠃ ᠭᠠᠵᠠᠷ ᠰᠢᠷᠣᠢ ᠶᠢ ᠬᠢᠨᠠᠨ ᠵᠥᠪᠰᠢᠶᠡᠷᠡᠬᠦ ᠵᠢᠴᠢ ᠨᠡᠭᠡᠭᠡᠯᠲᠡ ᠶᠢᠨ ᠲᠣᠭᠤᠷᠢᠭ ᠢ ᠠᠷᠪᠢᠲᠠᠢ ᠡᠷᠴᠢᠮᠯᠢᠭ ᠠᠰᠢᠭᠯᠠᠭᠰᠠᠨ ᠡᠰᠡᠬᠦ ᠶᠢ ᠦᠨᠡᠯᠡᠬᠦ ᠠᠵᠢᠯ ᠲᠠᠢ ᠤᠶᠠᠯᠳᠤᠭᠤᠯᠤᠨ᠂ ᠬᠤᠲᠠ ᠪᠠᠯᠭᠠᠰᠤ ᠶᠢᠨ ᠵᠥᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠬᠠᠩᠭᠠᠭᠰᠠᠨ ᠪᠠᠶᠢᠲᠠᠯ᠎ᠠ ᠦᠯᠦ ᠬᠡᠷᠡᠭᠯᠡᠭᠰᠡᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠵᠢᠴᠢ ᠨᠡᠭᠡᠭᠡᠯᠲᠡ ᠶᠢᠨ ᠲᠣᠭᠤᠷᠢᠭ ᠤᠨ ᠦᠷ᠎ᠡ ᠪᠦᠲᠦᠮᠵᠢ ᠪᠠᠷ ᠪᠠᠷᠤᠭᠲᠠᠢ ᠬᠡᠷᠡᠭᠯᠡᠵᠦ ᠪᠠᠶᠢᠭ᠎ᠠ ᠭᠠᠵᠠᠷ ᠰᠢᠷᠣᠢ ᠵᠡᠷᠭᠡ ᠶᠢᠨ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ᠃ ᠥᠩᠭᠡᠷᠡᠭᠰᠡᠨ ᠤ ᠦᠯᠡᠳᠡᠭᠳᠡᠵᠦ ᠪᠠᠶᠢᠭᠰᠠᠨ ᠠᠭᠤᠷᠬᠠᠢ ᠶᠢ ᠬᠠᠷᠭᠤᠭᠤᠯᠤᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠠᠭᠤᠷᠬᠠᠢ ᠳᠤ ᠬᠡᠷᠡᠭᠯᠡᠭᠰᠡᠨ ᠭᠠᠵᠠᠷ ᠰᠢᠷᠣᠢ ᠬᠢᠭᠡᠳ ᠳᠠᠬᠢᠨ ᠬᠠᠭᠠᠯᠪᠤᠷᠢᠯᠠᠭᠰᠠᠨ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ᠂ ᠡᠯ᠎ᠡ ᠱᠠᠲᠤᠨ ᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ      2. ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠱᠠᠨᠳᠦ᠋ᠩ᠂ ᠾᠧᠨᠠᠨ᠂ ᠾᠧᠪᠧᠢ ᠵᠡᠷᠭᠡ ᠮᠤᠵᠢ ︵ᠣᠷᠣᠨ᠂ ᠬᠤᠲᠠ︶ ᠶᠢᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠳᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ︵ᠬᠤᠶᠠᠷ︶ ᠬᠠᠮᠢᠶ᠎ᠠ ᠪᠦᠬᠦᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠡᠷᠡᠭᠴᠡᠭᠡ ᠶᠢᠨ ᠵᠠᠬᠢᠷᠤᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃      1. ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠠᠰᠢᠭᠯᠠᠬᠤ ᠬᠤᠷᠢᠭ᠎ᠠ ᠱᠤᠭᠤᠮ ᠢ ᠲᠣᠳᠣᠷᠬᠠᠶᠢᠯᠠᠨ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ ᠵᠠᠢ ᠶᠢ ᠣᠨᠢᠰᠤᠯᠠᠨ ᠲᠣᠭᠲᠠᠭᠠᠵᠤ᠂ ᠬᠤᠲᠠ ᠪᠠᠯᠭᠠᠰᠤᠨ ᠤ ᠡᠮᠬᠢ ᠵᠢᠷᠤᠮ ᠦᠭᠡᠢ ᠥᠷᠭᠡᠵᠢᠬᠦ ᠶᠢ ᠬᠢᠵᠠᠭᠠᠷᠯᠠᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠠᠷᠢᠨ ᠲᠥᠯᠦᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠠᠵᠢᠯ ᠢ ᠦᠷᠭᠦᠯᠵᠢᠯᠡᠨ ᠠᠬᠢᠭᠤᠯᠵᠤ᠂ ᠦᠯᠡᠳᠡᠭᠡᠯ ᠢ ᠴᠢᠯᠦᠭᠡᠲᠡᠢ ᠭᠦᠢᠯᠭᠡᠭᠡᠨ᠂ ᠨᠡᠮᠡᠭᠳᠡᠯ ᠢ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ ᠢᠶᠠᠷ ᠬᠢᠨᠠᠯᠲᠠ ᠲᠠᠯᠪᠢᠯᠲᠠ ᠶᠢ ᠬᠡᠷᠡᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠢ ᠵᠡᠷᠭᠡ ᠪᠠᠷ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ᠂ ︽ᠭᠤᠷᠪᠠᠨ ᠣᠷᠣᠨ ᠵᠠᠢ ᠭᠤᠷᠪᠠᠨ ᠬᠢᠵᠠᠭᠠᠷ ᠱᠤᠭᠤᠮ︾ ᠵᠢᠴᠢ ᠣᠷᠣᠨ ᠵᠠᠢ ᠶᠢᠨ ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠬᠤ ᠡᠯ᠎ᠡ ᠲᠥᠷᠥᠯ ᠤᠨ ᠲᠤᠰᠬᠠᠢ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠦᠭᠰᠡᠨ ᠤ ᠳᠠᠷᠠᠭ᠎ᠠ ᠵᠢᠷᠤᠭ ᠢᠶᠠᠷ ᠬᠥᠮᠥᠷᠭᠡ ᠳᠤ ᠣᠷᠣᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ ᠵᠠᠬᠢᠷᠤᠯᠲᠠ ᠬᠠᠮᠢᠶᠠᠷᠤᠯᠲᠠ ᠶᠢ ᠨᠢᠭᠡᠳᠬᠡᠬᠦ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠳᠤ ᠦᠨᠳᠦᠰᠦᠯᠡᠯ ᠪᠠ ᠲᠤᠯᠭᠠᠭᠤᠷᠢᠯᠠᠯ ᠬᠠᠩᠭᠠᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ      ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ      2. ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠭᠰᠡᠨ ᠢ ᠲᠤᠰᠬᠠᠶᠢᠯᠠᠨ ᠢᠯᠭᠠᠷᠠᠭᠤᠯᠵᠤ ᠴᠡᠭᠴᠡᠯᠡᠨ ᠵᠠᠰᠠᠬᠤ ᠶᠢᠨ ︽ᠪᠤᠴᠠᠵᠤ ᠪᠠᠶᠢᠴᠠᠭᠠᠨ ᠦᠵᠡᠬᠦ︾ ᠵᠢᠴᠢ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠰᠢᠢᠳᠪᠦᠷᠢᠯᠡᠬᠦ ᠪᠠ ᠲᠥᠪᠯᠡᠷᠡᠭᠦᠯᠦᠨ ᠰᠢᠢᠳᠪᠦᠷᠢᠯᠡᠬᠦ ᠰᠢᠪᠲᠤᠯᠤᠯᠲᠠ ᠶᠢᠨ ᠠᠵᠢᠯᠯᠠᠭᠠᠨ ᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠣᠷᠣᠨ ᠤ ᠣᠶᠢᠷ᠎ᠠ ᠶᠢᠨ 5 ᠵᠢᠯ ᠳᠤ ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠭᠰᠡᠨ ᠪᠠ ᠵᠤᠷᠰᠢᠯ ᠶᠣᠰᠣᠭᠠᠷ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠡᠷᠴᠢᠮᠲᠡᠢ ᠶᠠᠪᠤᠭᠳᠠᠭᠤᠯᠤᠭᠰᠠᠨ ᠦᠭᠡᠢ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠬᠡᠪᠴᠢᠶᠡᠨ ᠳᠤ ᠪᠥᠬᠦ ᠲᠠᠯ᠎ᠠ ᠪᠠᠷ ᠣᠷᠣᠭᠤᠯᠵᠤ᠂ ᠠᠰᠠᠭᠤᠳᠠᠯ ᠤᠨ ᠡᠬᠡ ᠲᠠᠩᠰᠠ ᠶᠢ ᠨᠥᠬᠦᠪᠦᠷᠢᠯᠡᠵᠦ ᠪᠦᠷᠢᠨ ᠭᠦᠢᠴᠡᠳ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ ᠴᠢᠩᠭᠠᠳᠬᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠵᠤ᠂ ︽ᠣᠭᠲᠣ ᠠᠭᠤᠴᠢᠯᠠᠬᠤ ᠦᠭᠡᠢ︾ ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠵᠦ ᠭᠠᠵᠠᠷ ᠰᠢᠷᠣᠢ ᠬᠡᠷᠡᠭᠯᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠭᠰᠡᠨ ᠦᠯᠡᠳᠡᠭᠡᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃      ᠬᠠᠷᠢᠭᠤᠴᠠᠯᠭᠠᠲᠤ ᠨᠢᠭᠡᠴᠢ᠄ ᠪᠥᠬᠦ ᠣᠷᠣᠨ ᠤ ᠬᠠᠤᠯᠢ ᠠᠴᠠ ᠵᠥᠷᠢᠴᠡᠵᠦ ᠭᠠᠵᠠᠷ ᠰᠢᠷᠣᠢ ᠬᠡᠷᠡᠭᠯᠡᠭᠰᠡᠨ ᠢ ᠲᠤᠰᠬᠠᠶᠢᠯᠠᠨ ᠢᠯᠭᠠᠷᠠᠭᠤᠯᠵᠤ ᠴᠡᠭᠴᠡᠯᠡᠨ ᠵᠠᠰᠠᠬᠤ ᠶᠢᠨ ︽ᠪᠤᠴᠠᠵᠤ ᠪᠠᠶᠢᠴᠠᠭᠠᠨ ᠦᠵᠡᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ      ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ      ︵ᠭᠤᠷᠪᠠ︶ ᠲᠤᠯᠭᠠᠭᠤᠷᠢᠯᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠳᠦᠬᠦᠷᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃      1. ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠨᠥᠭᠡᠴᠡᠯᠡᠬᠦ ᠲᠥᠪ ᠢ ᠵᠣᠬᠢᠶᠠᠨ ᠪᠠᠶᠢᠭᠤᠯᠵᠤ᠂ ᠪᠥᠬᠦ ᠣᠷᠣᠨ ᠤ ᠭᠠᠵᠠᠷ ᠰᠢᠷᠣᠢ ᠨᠥᠭᠡᠴᠡᠯᠡᠬᠦ ᠠᠵᠢᠯ ᠢ ᠵᠢᠯᠤᠭᠤᠳᠴᠤ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢᠨ ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠦᠯᠡᠳᠡᠯ ᠭᠦᠢᠴᠡᠳᠬᠡᠬᠦ ᠲᠤᠭ᠎ᠠ ᠶᠢ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠪᠠ ᠮᠤᠵᠢ ᠠᠯᠤᠰᠯᠠᠨ ᠠᠷᠠᠯᠵᠢᠶᠠᠯᠠᠬᠤ ᠠᠵᠢᠯ ᠢ ᠡᠭᠦᠷᠭᠡᠯᠡᠨ᠎ᠡ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      2. ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠲᠥᠯᠥᠪᠯᠡᠵᠦ ᠪᠠᠶᠢᠭ᠎ᠠ ᠭᠠᠵᠠᠷ ᠤᠨ ᠬᠡᠪᠴᠢᠶ᠎ᠡ ᠶᠢᠨ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠨ ᠬᠠᠮᠢᠶᠠᠷᠬᠤ ᠠᠷᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ᠂ ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠶᠢ ᠭᠦᠨᠵᠡᠭᠡᠶᠢᠷᠡᠭᠦᠯᠵᠦ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠴᠢᠩᠭᠠᠳᠬᠠᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠲᠠᠷᠢᠶᠠᠨ ᠭᠠᠵᠠᠷ ᠢ ᠬᠠᠮᠠᠭᠠᠯᠠᠨ ᠠᠰᠢᠭᠯᠠᠬᠤ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠰᠠᠨᠠᠯ ᠵᠡᠷᠭᠡ ᠲᠥᠬᠦᠷ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ᠂ ᠮᠤᠵᠢ ᠣᠷᠣᠨ ᠠᠯᠤᠰᠯᠠᠨ ᠲᠠᠷᠢᠶᠠᠨ ᠭᠠᠵᠠᠷ ᠨᠥᠬᠦᠪᠦᠷᠢᠯᠡᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠵᠤ᠂ ︽1+1+N︾ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠭᠤᠰᠬᠠᠨ᠎ᠠ      ︵ᠳᠥᠷᠪᠡ︶ ᠲᠥᠷᠥᠯ ᠬᠤᠪᠢᠶᠠᠨ ᠣᠨᠣᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠢ ᠠᠬᠢᠭᠤᠯᠤᠨ᠎ᠠ᠃      1. ᠬᠥᠳᠡᠭᠡ ᠲᠣᠰᠬᠤᠨ ᠤ ᠭᠠᠵᠠᠷ ᠰᠢᠷᠣᠢ ᠶᠢ ᠴᠡᠭᠴᠡᠯᠡᠨ ᠵᠠᠰᠠᠬᠤ  ᠪᠠᠨ ᠴᠢᠩᠭᠠᠳᠬᠠᠨ᠎ᠠ᠃ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠪᠠ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ 100 ᠲᠦᠮᠡᠨ ᠮᠦ ᠶᠢᠨ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠪᠠ 5 ᠲᠦᠮᠡᠨ ᠮᠦ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠠᠶᠢᠮᠠᠭ ᠬᠤᠲᠠ ᠳᠤ ᠣᠨ ᠢᠶᠠᠷ ᠬᠤᠪᠢᠶᠠᠷᠢᠯᠠᠬᠤ ᠶᠢᠨ ᠬᠠᠮᠲᠤ ᠱᠠᠯᠠᠪᠳᠠᠨ ᠡᠬᠢᠯᠡᠭᠦᠯᠵᠦ ᠪᠦᠲᠦᠭᠡᠨ ᠪᠠᠶᠢᠭᠤᠯᠬᠤ ᠶᠢ ᠰᠢᠮᠳᠠᠭᠤᠯᠤᠨ᠎ᠠ᠃ ᠡᠭᠦᠨ ᠳᠤ᠂ 2022 ᠣᠨ ᠳᠤ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠭᠦᠢᠴᠡᠳᠬᠡᠯ ᠲᠤᠭ᠎ᠠ ᠶᠢ 25 ᠲᠦᠮᠡᠨ ᠮᠦ ᠰᠢᠨ᠎ᠡ ᠪᠠᠷ ᠨᠡᠮᠡᠭᠳᠡᠭᠦᠯᠬᠦ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ 1.29 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠢᠳᠡᠪᠬᠢᠲᠡᠢ ᠪᠠᠷ ᠵᠢᠭᠠᠪᠤᠷᠢ ᠠᠪᠴᠤ ᠬᠠᠷᠢᠭᠤ ᠮᠡᠳᠡᠭᠦᠯᠦᠨ᠂

        365赢多少钱会被限额_国内有真正的365平台吗_365bet博彩官网

        ᠬᠤᠯᠪᠣᠭᠳᠠᠯ ᠪᠦᠬᠦᠢ ᠮᠤᠵᠢ ︵ᠣᠷᠣᠨ᠂ ᠬᠤᠳᠠ︶ ᠯᠤᠭ᠎ᠠ ᠨᠡᠪᠲᠡᠷᠡᠯᠴᠡᠵᠦ ᠵᠠᠯᠭᠠᠯᠳᠤᠭᠤᠯᠬᠤ ᠪᠠᠨ ᠴᠢᠩᠭᠠᠳᠬᠠᠵᠤ᠂ ᠮᠤᠵᠢ ᠠᠯᠤᠰᠯᠠᠨ ᠠᠷᠠᠯᠵᠢᠶᠠᠯᠠᠬᠤ ᠵᠠᠮ ᠮᠥᠷ ᠢ ᠨᠡᠪᠲᠡᠷᠡᠭᠦᠯᠦᠨ᠎ᠡ᠃ ᠣᠯᠠᠨ ᠡᠰᠢᠲᠦ ᠬᠠᠮ ᠭᠠᠵᠠᠷ ᠬᠡᠷᠡᠭᠯᠡᠬᠦ ᠵᠠᠭᠪᠤᠷ ᠢ ᠲᠦᠷᠭᠡᠳᠬᠡᠨ ᠪᠠᠶᠢᠭᠤᠯᠵᠤ᠂ ᠬᠡᠰᠡᠭᠯᠡᠯ ᠬᠡᠯᠪᠡᠷᠢ ᠲᠠᠢ ᠭᠠᠵᠠᠷ ᠰᠢᠷᠣᠢ ᠬᠠᠩᠭᠠᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠵᠦ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠬᠤ ᠶᠢ         ᠪᠡᠶᠡᠯᠡᠭᠦᠯᠦᠨ᠎ᠡ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ      ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ      ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ      2. ᠬᠤᠲᠠ ᠪᠠᠯᠭᠠᠰᠤᠨ ᠤ ᠦᠯᠡᠳᠡᠭᠡᠯ ᠭᠠᠵᠠᠷ ᠢ ᠴᠢᠯᠦᠭᠡᠲᠡᠢ ᠭᠦᠢᠯᠭᠡᠭᠡᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠬᠦᠴᠦᠯᠡᠨ ᠴᠢᠯᠦᠭᠡᠲᠡᠢ ᠪᠣᠯᠭᠠᠵᠤ᠂ ᠭᠠᠵᠠᠷ ᠰᠢᠷᠣᠢ ᠬᠠᠩᠭᠠᠬᠤ ᠶᠡᠷᠦᠩᠬᠡᠢ ᠬᠡᠮᠵᠢᠶ᠎ᠡ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠤᠨ ᠬᠠᠷᠢᠴᠠᠯ ᠢ ᠳᠡᠭᠡᠭᠰᠢᠯᠡᠭᠦᠯᠦᠨ᠎ᠡ᠃ ᠭᠠᠵᠠᠷ ᠬᠠᠩᠭᠠᠬᠤ ᠪᠣᠳᠠᠲᠠᠢ ᠨᠣᠷᠮ᠎ᠠ ᠶᠢ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠥᠯᠥᠪᠯᠡᠭᠡ ᠶᠢ ᠲᠣᠬᠢᠷᠠᠭᠤᠯᠬᠤ ᠪᠠ ᠭᠠᠵᠠᠷ ᠰᠢᠷᠣᠢ ᠬᠡᠷᠡᠭᠯᠡᠬᠦ ᠬᠡᠪᠴᠢᠶ᠎ᠡ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠮᠠᠭᠠᠳᠯᠠᠨ ᠲᠣᠭᠲᠠᠭᠠᠬᠤ᠂ ᠨᠡᠶᠢᠲᠡᠯᠡᠬᠦ ᠪᠠ ᠰᠢᠢᠳᠪᠦᠷᠢᠯᠡᠬᠦ ᠪᠠᠨ ᠲᠦᠷᠭᠡᠳᠬᠡᠨ᠂ ᠠᠵᠤ ᠠᠬᠤᠶᠢᠯᠠᠯ ᠤᠨ ᠰᠢᠯᠲᠠᠭᠠᠨ ᠠᠴᠠ ᠪᠣᠯᠤᠭᠰᠠᠨ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠴᠠᠭ ᠲᠤᠬᠠᠢ ᠳᠤ ᠨᠢ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠵᠤ᠂ ᠭᠠᠵᠠᠷ ᠰᠢᠷᠣᠢ ᠶᠢ ᠰᠤᠯᠠ ᠲᠠᠯᠪᠢᠬᠤ ᠰᠦᠢᠳᠬᠡᠯ ᠢ ᠭᠠᠵᠠᠷ ᠰᠢᠷᠣᠢ ᠶᠢ ᠪᠤᠴᠠᠭᠠᠨ ᠠᠪᠲᠠᠯ᠎ᠠ ᠬᠠᠤᠯᠢ ᠶᠣᠰᠣᠭᠠᠷ ᠬᠤᠷᠢᠶᠠᠵᠤ ᠠᠪᠤᠨ᠎ᠠ︔ ᠠᠵᠤ ᠠᠬᠤᠶᠢᠯᠠᠯ ᠤᠨ ᠪᠤᠰᠤ ᠰᠢᠯᠲᠠᠭᠠᠨ ᠠᠴᠠ ᠪᠣᠯᠤᠭᠰᠠᠨ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠯᠭ᠎ᠠ ᠪᠠᠨ ᠢᠯᠭᠠᠨ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠭᠠᠵᠠᠷ ᠰᠢᠷᠣᠢ ᠶᠢ ᠬᠤᠳᠠᠯᠳᠤᠨ ᠠᠪᠴᠤ ᠨᠥᠭᠡᠴᠡᠯᠡᠬᠦ᠂ ︽ᠰᠤᠯᠠ ᠲᠠᠯᠪᠢᠭᠳᠠᠵᠤ ᠪᠠᠶᠢᠭ᠎ᠠ ᠪᠠ ᠨᠥᠭᠡᠴᠡᠯᠡᠵᠦ ᠪᠠᠶᠢᠭ᠎ᠠ ᠶᠢ ᠨᠢ ᠦᠨ᠎ᠡ ᠬᠠᠶᠠᠯᠴᠠᠨ ᠥᠷᠢᠰᠦᠯᠳᠦᠨ ᠰᠣᠯᠢᠬᠤ︾᠂ ᠬᠡᠷᠡᠭᠴᠡᠭᠡ ᠳᠤ ᠨᠢ ᠲᠣᠬᠢᠷᠠᠭᠤᠯᠤᠯᠲᠠ ᠬᠢᠬᠦ ᠵᠡᠷᠭᠡ ᠠᠷᠭ᠎ᠠ ᠮᠠᠶ᠋ᠢᠭ ᠢ ᠠᠪᠴᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ ᠵᠥᠪᠰᠢᠶᠡᠷᠡᠭᠡᠳ ᠦᠯᠦ ᠬᠠᠩᠭᠠᠬᠤ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠬᠡᠨ ᠰᠢᠢᠳᠪᠦᠷᠢᠯᠡᠬᠦ ᠰᠢᠪᠲᠤᠯᠤᠯᠲᠠ ᠶᠢᠨ ᠠᠵᠢᠯᠯᠠᠭᠠᠨ ᠢ ᠲᠦᠷᠭᠡᠬᠡᠨ ᠡᠬᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠵᠥᠪᠰᠢᠶᠡᠷᠡᠭᠡᠳ ᠦᠯᠦ ᠬᠠᠩᠭᠠᠭᠰᠠᠨ 52.02 ᠲᠦᠮᠡᠨ ᠮᠦ ᠭᠠᠵᠠᠷ ᠰᠢᠷᠣᠢ᠂ ᠰᠤᠯᠠ ᠲᠠᠯᠪᠢᠭᠳᠠᠵᠤ ᠪᠠᠶᠢᠭ᠎ᠠ 15.92 ᠲᠦᠮᠡᠨ ᠮᠦ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠬᠦ ᠪᠠᠷ ᠴᠢᠷᠮᠠᠶᠢᠨ᠎ᠠ᠂ ᠡᠭᠦᠨ ᠳᠤ 2022 ᠣᠨ ᠳᠤ ᠲᠣᠰ ᠲᠣᠰ 10.2 ᠲᠦᠮᠡᠨ ᠮᠦ ᠪᠠ 3.2 ᠲᠦᠮᠡᠨ ᠮᠦ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠨ᠎ᠠ᠃ ᠡᠯ᠎ᠡ ᠠᠶᠢᠮᠠᠭ ᠬᠤᠲᠠ ᠨᠢ 2022 ᠣᠨ ᠤ ᠰᠡᠭᠦᠯᠴᠢ ᠠᠴᠠ ᠡᠮᠦᠨ᠎ᠡ ᠭᠠᠵᠠᠷ ᠰᠢᠷᠣᠢ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠷᠠᠯᠵᠢᠶᠠᠨ ᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠷ᠎ᠡ ᠠᠰᠢᠭ ᠢᠶᠠᠷ ᠪᠠᠷᠤᠭᠲᠠᠢ ᠬᠡᠷᠡᠭᠯᠡᠭᠡᠨ ᠤ ᠭᠠᠵᠠᠷ ᠢ ᠳᠠᠬᠢᠨ ᠠᠰᠢᠭᠯᠠᠬᠤ ᠪᠠᠨ ᠠᠬᠢᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ      ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ      ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ 2022 ᠣᠨ ᠤ ᠰᠡᠭᠦᠯᠴᠢ ᠳᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠣᠨ᠎ᠠ      3. ᠬᠦᠷᠢᠶᠡᠯᠡᠩ ᠲᠣᠭᠤᠷᠢᠭ ᠤᠨ ᠬᠡᠷᠡᠭᠯᠡᠬᠦ ᠭᠠᠵᠠᠷ ᠤᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠶᠢ ᠲᠦᠷᠭᠡᠳᠬᠡᠨ ᠠᠬᠢᠭᠤᠯᠵᠤ᠂ ︽ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ︿ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠠᠯᠪᠠᠨ ᠲᠠᠷᠬᠠᠭᠠᠭᠰᠠᠨ 〔2022〕 27 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠨᠢ 2022 ᠣᠨ ᠤ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠨᠠᠷᠢᠨ ᠳᠦᠷᠢᠮ ᠨᠡᠶᠢᠲᠡᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠴᠢᠮ᠂ ᠡᠵᠡᠯᠡᠬᠦᠨ ᠤ ᠨᠣᠷᠮ᠎ᠠ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠵᠡᠷᠭᠡ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ᠂ ︽ᠪᠠᠷᠢᠮᠵᠢᠶᠠᠲᠤ ᠭᠠᠵᠠᠷ︾ ᠢ ᠲᠥᠯᠥᠪᠦᠷᠢᠲᠡᠢ ᠰᠢᠯᠵᠢᠭᠦᠯᠬᠦ ᠶᠢᠨ ᠬᠠᠮᠲᠤ᠂ ᠲᠡᠭᠦᠨ ᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠲᠥᠯᠥᠪᠦᠷᠢᠲᠡᠢ ᠰᠢᠯᠵᠢᠭᠦᠯᠬᠦ ᠳᠠᠬᠢ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠥᠷᠭᠡᠳᠬᠡᠨ᠎ᠡ᠃ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠭᠰᠡᠨ ᠢ ᠦᠨᠡᠯᠡᠬᠦ ᠠᠵᠢᠯ ᠢᠶᠠᠨ ᠪᠡᠶᠡᠯᠡᠭᠦᠯᠵᠦ᠂ ᠦᠷ᠎ᠡ ᠠᠰᠢᠭ ᠢᠶᠠᠷ ᠳᠣᠣᠷ᠎ᠠ ᠴᠢᠨᠠᠷ ᠮᠠᠭᠤᠲᠠᠢ ᠲᠥᠷᠥᠯ ᠵᠦᠢᠯ ᠳᠤ ᠬᠡᠷᠡᠭᠯᠡᠬᠦ ᠭᠠᠵᠠᠷ ᠢ ᠰᠤᠯᠠᠯᠠᠵᠤ ᠪᠤᠴᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢᠨ ᠭᠠᠷᠭᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ      ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ       ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ 2022 ᠣᠨ ᠤ ᠰᠡᠭᠦᠯᠴᠢ ᠳᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠣᠨ᠎ᠠ      4. ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠤᠨ᠎ᠠ᠃ ᠡᠯ᠎ᠡ ᠭᠠᠵᠠᠷ ᠣᠷᠣᠨ ᠤ ᠰᠠᠯᠬᠢᠨ ᠬᠦᠴᠦᠨ ᠪᠠ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠶᠢᠨ ᠲᠥᠷᠥᠯ ᠵᠦᠢᠯ᠂ ᠨᠡᠭᠦᠷᠡᠰᠦ ᠪᠠ ᠲᠣᠰᠣ ᠬᠡᠢ ᠵᠡᠷᠭᠡ ᠡᠨᠧᠷᠭᠢ ᠶᠢᠨ ᠲᠥᠷᠥᠯ ᠵᠦᠢᠯ᠂ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠤᠳ ᠲᠤ ᠭᠠᠵᠠᠷ ᠰᠢᠷᠣᠢ ᠶᠢ ᠪᠦᠬᠦ ᠲᠠᠯ᠎ᠠ ᠪᠠᠷ ᠲᠥᠯᠦᠪᠦᠷᠢᠲᠡᠢ ᠬᠠᠩᠭᠠᠬᠤ ᠶᠢ ᠰᠢᠮᠳᠠᠭᠤᠯᠤᠨ ᠵᠢᠯᠣᠭᠤᠳᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠬᠢᠨ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠠᠩᠭᠠᠬᠤ ᠶᠢ ᠨᠢ ᠳᠠᠮᠵᠢᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠳᠤ ᠭᠠᠵᠠᠷ ᠰᠢᠷᠣᠢ ᠬᠡᠷᠡᠭᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠩᠰᠢᠯᠠᠵᠤ ᠪᠡᠯᠡ ᠭᠠᠷᠭᠠᠬᠤ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ᠂ ᠬᠤᠪᠢᠶᠠᠷᠢᠯᠠᠨ ᠰᠠᠯᠭᠠᠵᠤ ᠥᠭᠭᠦᠭᠰᠡᠨ ᠭᠠᠵᠠᠷ ᠰᠢᠷᠣᠢ ᠶᠢ ᠬᠡᠷᠡᠭᠯᠡᠵᠦ ᠪᠣᠯᠬᠤ ᠣᠷᠴᠢᠨ ᠲᠣᠭᠤᠷᠢᠨ ᠤ ᠬᠠᠮᠠᠭᠠᠯᠠᠯᠲᠠ᠂ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ᠂ ᠨᠠᠰᠤᠵᠢᠯ᠂ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ ᠵᠢᠴᠢ ᠤᠰᠤ ᠬᠠᠩᠭᠠᠬᠤ᠂ ᠰᠢᠲᠠᠮᠠᠬᠠᠢ ᠬᠡᠢ ᠬᠠᠩᠭᠠᠬᠤ᠂ ᠢᠯᠴᠢ ᠬᠠᠩᠭᠠᠬᠤ ᠪᠡᠯᠡᠳᠬᠡᠮᠵᠢ ᠵᠡᠷᠭᠡ ᠲᠥᠷᠥᠯ ᠵᠦᠢᠯ ᠳᠤ ᠨᠢ ᠭᠠᠵᠠᠷ ᠰᠢᠷᠣᠢ ᠬᠠᠩᠭᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠦᠨ᠎ᠡ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ      ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ      ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ      5.ᠳᠣᠣᠷ᠎ᠠ ᠠᠰᠢᠭᠯᠠᠮᠵᠢ ᠲᠠᠢ ᠬᠡᠷᠡᠭᠯᠡᠬᠦ ᠭᠠᠵᠠᠷ ᠰᠢᠷᠣᠢ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠎ᠡ᠃ ᠰᠠᠯᠬᠢᠨ ᠬᠦᠴᠦᠨ ᠪᠠ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠣᠮᠣ ᠬᠡᠯᠪᠡᠷᠢ ᠶᠢᠨ ᠲᠥᠷᠥᠯ ᠵᠦᠢᠯ ᠳᠤ ᠡᠯᠡᠰᠦ ᠮᠠᠩᠬ᠎ᠠ᠂ ᠭᠤᠪᠢ ᠴᠥᠯ᠂ ᠡᠵᠡᠭᠦᠢ ᠲᠠᠯ᠎ᠠ ᠵᠡᠷᠭᠡ ᠠᠰᠢᠭᠯᠠᠭᠠᠳᠤᠢ ᠭᠠᠵᠠᠷ ᠢ ᠬᠡᠷᠡᠭᠯᠡᠬᠦ ᠶᠢ ᠵᠣᠷᠢᠭᠵᠢᠭᠤᠯᠵᠤ᠂ ︽ᠳᠡᠭᠡᠷ᠎ᠡ ᠪᠠᠨ ᠰᠠᠯᠬᠢᠨ ᠬᠦᠴᠦᠨ ᠳᠣᠣᠷ᠎ᠠ ᠨᠢ ᠭᠡᠷᠡᠯ ᠴᠡᠨᠡᠭ︾ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠤᠨ ᠬᠠᠮ ᠬᠡᠯᠪᠡᠷᠢ ᠶᠢᠨ ᠭᠠᠵᠠᠷ ᠰᠢᠷᠣᠢ ᠬᠡᠷᠡᠭᠯᠡᠬᠦ ᠶᠢ ᠠᠬᠢᠭᠤᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠤᠶᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠦᠷᠢᠶᠡᠰᠦᠯᠡᠬᠦ ᠪᠤᠶᠤ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠭᠠᠵᠠᠷ ᠰᠢᠷᠣᠢ ᠬᠠᠩᠭᠠᠬᠤ ᠶᠢ ᠵᠣᠷᠢᠭᠵᠢᠭᠤᠯᠤᠨ ᠵᠢᠯᠣᠭᠤᠳᠤᠨ᠎ᠠ᠃ ︽ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢᠨ ᠣᠷᠤᠯᠴᠠᠬᠤ ᠶᠢ ᠵᠣᠷᠢᠭᠵᠢᠭᠤᠯᠤᠨ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ 〔2021〕 40 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠮᠴᠢᠯᠡᠯ ᠤᠨ ᠡᠷᠬᠡ ᠶᠢᠨ ᠬᠤᠯᠪᠣᠭᠳᠠᠬᠤ ᠡᠷᠬᠡ ᠠᠰᠢᠭ ᠢ ᠢᠯᠭᠠᠷᠠᠭᠤᠯᠵᠤ᠂ ᠦᠢᠯᠡᠳᠪᠦᠷᠢ ᠠᠭᠤᠷᠬᠠᠢ ᠶᠢᠨ ᠬᠡᠷᠡᠭᠯᠡᠬᠦ ᠭᠠᠵᠠᠷ ᠢ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ      ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ      6. ᠭᠠᠵᠠᠷ ᠰᠢᠷᠣᠢ ᠶᠢᠨ ᠦᠨ᠎ᠡ ᠬᠠᠩᠰᠢ ᠶᠢᠨ ᠲᠣᠬᠢᠷᠠᠭᠤᠯᠭ᠎ᠠ ᠡᠵᠡᠮᠰᠢᠯ ᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ 2 ᠵᠢᠯ ᠠᠴᠠ 3 ᠵᠢᠯ ᠪᠣᠯᠬᠤ ᠪᠦᠷᠢ ᠨᠢᠭᠡ ᠤᠳᠠᠭ᠎ᠠ ᠲᠣᠬᠢᠷᠠᠭᠤᠯᠵᠤ ᠰᠢᠨᠡᠳᠬᠡᠬᠦ ᠬᠡᠷᠡᠭᠲᠡᠢ᠃ ᠬᠤᠷᠸ᠎ᠠ ᠲᠣᠬᠢᠷᠠᠭᠤᠯᠭ᠎ᠠ ᠡᠵᠡᠮᠰᠢᠯ ᠳᠠᠬᠢ ᠭᠠᠵᠠᠷ ᠰᠢᠷᠣᠢ ᠶᠢᠨ ᠦᠨ᠎ᠡ ᠬᠠᠩᠰᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠡᠩ ᠲᠡᠷᠢᠭᠦᠨ ᠳᠤ ᠬᠥᠭᠵᠢᠭᠦᠯᠬᠦ ᠠᠵᠤ ᠦᠢᠯᠡᠰ ᠪᠣᠯᠬᠤ ᠮᠥᠷᠲᠡᠭᠡᠨ ᠭᠠᠵᠠᠷ ᠰᠢᠷᠣᠢ ᠶᠢ ᠡᠷᠴᠢᠮᠯᠢᠭ ᠠᠰᠢᠭᠯᠠᠭᠰᠠᠨ ᠠᠵᠤ ᠦᠢᠯᠡᠳᠪᠦᠷᠢ ᠶᠢᠨ ᠲᠥᠷᠥᠯ ᠵᠦᠢᠯ ᠳᠤ ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠬᠦ ᠰᠠᠭᠤᠷᠢ ᠦᠨ᠎ᠡ ᠶᠢ ᠨᠢ ᠲᠣᠭᠲᠠᠭᠠᠬᠤ ᠳᠤ ᠪᠠᠨ ᠪᠠᠶᠢᠭ᠎ᠠ ᠭᠠᠵᠠᠷ ᠤᠨ ᠭᠠᠵᠠᠷ ᠰᠢᠷᠣᠢ ᠶᠢᠨ ᠳᠡᠰ ᠢᠯᠭᠠᠯ ᠤᠨ ᠬᠠᠷᠢᠴᠠᠩᠭᠤᠢ ᠪᠠᠷᠢᠮᠵᠢᠶ᠎ᠠ ᠶᠢᠨ 70 % ᠠᠴᠠ ᠳᠣᠣᠷ᠎ᠠ ᠪᠠᠶᠢᠯᠭᠠᠬᠤ ᠦᠭᠡᠢ ᠪᠠᠷ ᠬᠡᠷᠡᠭᠵᠢᠭᠦᠯᠵᠦ᠂ ᠬᠠᠮᠤᠭ ᠤᠨ ᠳᠣᠣᠷ᠎ᠠ ᠦᠨ᠎ᠡ ᠶᠢᠨ ᠪᠠᠷᠢᠮᠵᠢᠶ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠥᠷᠢᠴᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠬᠦ ᠶᠢ ᠴᠢᠩᠭ᠎ᠠ ᠴᠠᠭᠠᠵᠠᠯᠠᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ      ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ      ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ      7. ᠭᠠᠵᠠᠷ ᠰᠢᠷᠣᠢ ᠨᠥᠭᠡᠴᠡᠯᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠭᠠᠵᠠᠷ ᠰᠢᠷᠣᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠨᠥᠭᠡᠴᠡᠯᠡᠬᠦ ᠲᠠᠪᠴᠠᠩ ᠢ ᠪᠠᠶᠢᠭᠤᠯᠵᠤ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ ᠮᠡᠳᠡᠭᠡ ᠵᠠᠩᠭᠢ ᠶᠢᠨ ᠨᠥᠭᠡᠴᠡᠯᠡᠬᠦ ᠲᠠᠪᠴᠠᠩ ᠳᠤ ᠣᠷᠣᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠢ ᠶᠢᠨ ᠨᠥᠭᠡᠴᠡ ᠪᠡᠯᠡ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠭᠠᠵᠠᠷ ᠰᠢᠷᠣᠢ ᠨᠥᠭᠡᠴᠡᠯᠡᠬᠦ ᠬᠡᠪᠴᠢᠶ᠎ᠡ ᠪᠠᠨ ᠥᠷᠭᠡᠳᠬᠡᠨ᠂ ᠵᠠᠰᠠᠭ ᠤᠨ ᠣᠷᠳᠣᠨ ᠠᠴᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠢ ᠲᠣᠬᠢᠷᠠᠭᠤᠯᠤᠨ ᠡᠵᠡᠮᠳᠡᠬᠦ ᠪᠠ ᠪᠠᠲᠤᠯᠠᠬᠤ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ      ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ      ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ 2022 ᠣᠨ ᠤ ᠰᠡᠭᠦᠯᠴᠢ ᠠᠴᠠ ᠡᠮᠦᠨ᠎ᠡ ᠭᠠᠵᠠᠷ ᠰᠢᠷᠣᠢ ᠶᠢᠨ ᠡᠬᠢ ᠪᠠᠶᠠᠯᠢᠭ ᠢ ᠨᠥᠭᠡᠴᠡᠯᠡᠬᠦ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠤᠨ ᠵᠢᠯᠤᠭᠤᠳᠴᠤ ᠪᠠᠶᠢᠭᠠᠳ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠱᠠᠯᠠᠪᠳᠠᠨ ᠥᠷᠨᠢᠭᠦᠯᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠷᠢᠯᠠᠭᠤᠯᠤᠨ᠎ᠠ︶  ᠨᠢ ᠠᠵᠢᠯ ᠢᠶᠠᠨ ᠨᠢᠭᠡᠳᠦᠯᠲᠡᠢ ᠲᠥᠯᠥᠪᠯᠡᠬᠦ ᠪᠠᠨ ᠴᠢᠩᠭᠠᠷᠠᠭᠤᠯᠵᠤ᠂ ᠬᠢᠨᠠᠮᠠᠭᠠᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠴᠢᠬᠤᠯᠠ ᠶᠡᠭᠡ ᠠᠰᠠᠭᠤᠳᠠᠯ ᠢ ᠤᠳᠤᠷᠢᠳᠬᠤ ᠳᠤᠭᠤᠶᠢᠯᠠᠩ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠡᠯ᠎ᠡ ᠵᠦᠢᠯ ᠤᠨ ᠡᠭᠦᠷᠭᠡ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠬᠤᠶᠠᠷ︶ ᠮᠡᠳᠡᠭᠡ ᠵᠠᠩᠭᠢ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠭᠠᠵᠠᠷ ᠰᠢᠷᠣᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠨᠥᠭᠡᠴᠡᠯᠡᠬᠦ ᠲᠠᠪᠴᠠᠩ ᠢ ᠪᠠᠶᠢᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠦᠯᠡᠳᠡᠯ ᠭᠦᠢᠴᠡᠳᠬᠡᠯ ᠲᠤᠭ᠎ᠠ ᠶᠢᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠥᠯᠥᠪᠯᠡᠬᠦ ᠨᠡᠪᠲᠡᠷᠡᠯ ᠵᠠᠮ ᠢ ᠨᠠᠪᠲᠠᠷᠡᠭᠦᠯᠵᠦ᠂ ᠮᠡᠳᠡᠭᠡ ᠵᠠᠩᠭᠢ ᠶᠢᠨ ᠲᠦᠭᠵᠢᠷᠡᠯ ᠢ ᠠᠷᠢᠯᠭᠠᠨ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠮᠲᠤ ᠪᠠᠷ ᠭᠥᠷᠳᠡᠬᠦ ᠶᠢ ᠪᠡᠶᠡᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠭᠤᠷᠪᠠ︶ ᠠᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠤᠨ ᠬᠠᠮᠢᠶ᠎ᠠ ᠪᠦᠬᠦᠢ ᠶᠠᠮᠤᠨ ᠵᠥᠪᠯᠡᠯ ᠯᠦᠭᠡ ᠶᠢᠨ ᠵᠣᠯᠭᠠᠭᠤᠯᠤᠯᠲᠠ ᠨᠡᠪᠲᠡᠷᠡᠯᠴᠡᠭᠡ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠣᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠲᠥᠬᠦᠷ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠡᠯ᠎ᠡ ᠵᠦᠢᠯ ᠤᠨ ᠠᠵᠢᠯ ᠢ ᠤᠷᠤᠭᠰᠢᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠠᠵᠢᠯ ᠢᠶᠠᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠥᠷᠨᠢᠭᠦᠯᠬᠦ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ︔ ᠡᠭᠦᠷᠭᠡ ᠬᠠᠷᠠᠯᠲᠠ ᠶᠢᠨ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ︔ ᠤᠬᠠᠭᠤᠯᠭ᠎ᠠ ᠶᠢᠨ ᠠᠵᠢᠯ ᠢ ᠥᠷᠭᠡᠨ ᠢᠶᠠᠷ ᠥᠷᠨᠢᠭᠦᠯᠵᠦ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠣᠶ ᠪᠣᠯᠭᠠᠬᠤ ᠬᠡᠷᠡᠭᠲᠡᠢ᠃       ᠳᠠᠭᠠᠯᠳᠤᠭᠤᠯᠤᠯ᠄      1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠳ ᠤᠨ ᠨᠡᠷᠡᠰ      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠨᠥᠬᠦᠪᠦᠷᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ      3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ      4. ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠵᠥᠪᠰᠢᠶᠡᠷᠡᠭᠰᠡᠨ ᠪᠣᠯᠪᠠᠴᠤ ᠦᠯᠦ ᠬᠠᠩᠭᠠᠭᠰᠠᠨ ᠭᠠᠵᠠᠷ ᠰᠢᠷᠣᠢ ᠶᠢ ᠰᠢᠩᠭᠡᠭᠡᠬᠦ ᠬᠠᠷᠠᠯᠲᠠ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ      5. ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠬᠠᠷᠠᠯᠲᠠ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ    

        内政发21 ᠳ᠋ᠤᠭᠡᠷ ᠲᠤᠭᠠᠲᠦ_17.jpg

        内政发21 ᠳ᠋ᠤᠭᠡᠷ ᠲᠤᠭᠠᠲᠦ_18.jpg

        内政发21 ᠳ᠋ᠤᠭᠡᠷ ᠲᠤᠭᠠᠲᠦ_19.jpg

        内政发21 ᠳ᠋ᠤᠭᠡᠷ ᠲᠤᠭᠠᠲᠦ_20.jpg

         

        内政发21 ᠳ᠋ᠤᠭᠡᠷ ᠲᠤᠭᠠᠲᠦ_21.jpg

        内政发21 ᠳ᠋ᠤᠭᠡᠷ ᠲᠤᠭᠠᠲᠦ_22.jpg

         

        内政发21 ᠳ᠋ᠤᠭᠡᠷ ᠲᠤᠭᠠᠲᠦ_23.jpg

         

        内政发21 ᠳ᠋ᠤᠭᠡᠷ ᠲᠤᠭᠠᠲᠦ_24.jpg

         

        内政发21 ᠳ᠋ᠤᠭᠡᠷ ᠲᠤᠭᠠᠲᠦ_25.jpg

        内政发21 ᠳ᠋ᠤᠭᠡᠷ ᠲᠤᠭᠠᠲᠦ_26.jpg

         

        内政发21 ᠳ᠋ᠤᠭᠡᠷ ᠲᠤᠭᠠᠲᠦ_27.jpg

         

        内政发21 ᠳ᠋ᠤᠭᠡᠷ ᠲᠤᠭᠠᠲᠦ_28.jpg

         

        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ