ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠᠬᠢ ᠬᠥᠬᠡᠬᠤᠲᠠ ᠶᠢᠨ ᠣᠷᠣᠨ ᠤ ᠲᠥᠪ ᠪᠣᠯᠬᠤ ᠡᠭᠦᠷᠭᠡ ᠴᠢᠳᠠᠪᠤᠷᠢ ᠪᠠᠨ ᠨᠠᠩ ᠰᠠᠶᠢᠲᠤᠷ | ᠡᠭᠦᠷᠭᠡᠯᠡᠵᠦ ᠂ ᠣᠷᠣᠨ ᠤ ᠲᠥᠪ ᠤᠨ ᠦᠢᠯᠡᠳᠦᠯ ᠢᠶᠠᠨ ᠪᠠᠳᠠᠷᠠᠭᠤᠯᠤᠨ ᠂ ᠣᠷᠣᠨ ᠤ ᠲᠥᠪ ᠤᠨ ᠦᠶᠯᠡ ᠠᠵᠢᠯᠯᠠᠭ᠎ᠠ ᠪᠠᠨ ᠬᠠᠷᠠᠭᠤᠯᠬᠤ ᠶᠢ ᠳᠡᠮᠵᠢᠬᠦ ᠶᠢᠨ ᠲᠥᠯᠥᠭᠡ ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ | ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ﹇2023﹈ 1 ᠳ᠋ᠦ᠋ᠭᠡᠷ ᠲᠣᠭᠠᠲᠤ ᠂ ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ ᠃ | ᠨᠢᠭᠡ ᠂ ︽ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ | ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ ᠃ ᠥᠪᠡᠷᠲᠡᠭᠡᠨ | ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ ᠣᠷᠣᠨ ᠤ ᠲᠥᠪ ᠬᠤᠳᠠ ᠶᠢᠨ ᠴᠢᠳᠠᠮᠵᠢ ᠶᠢ | ᠳᠡᠭᠡᠭᠰᠢᠯᠡᠭᠦᠯᠬᠦ ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠂ ᠴᠢᠨᠠᠷ ᠰᠠᠶᠢᠲᠠᠢ ᠬᠥᠭᠵᠢᠯᠲᠡ ᠶᠢ ᠤᠷᠢᠳ ᠢᠶᠠᠷ ᠪᠡᠶᠡᠯᠡᠭᠦᠯᠬᠦ ᠶᠢ ᠳᠡᠮᠵᠢᠬᠦ ︾ ᠪᠠᠷ | ᠳᠤᠷᠠᠳᠴᠤ ᠂ 2022 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ ᠬᠥᠬᠡᠬᠤᠲᠠ ᠶᠢᠨ ᠣᠷᠣᠨ ᠤ ᠲᠥᠪ ᠢ | ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠬᠦ ︾ ᠪᠠᠷ ᠳᠤᠷᠠᠳᠴᠠᠢ ᠃ | ᠬᠤᠶᠠᠷ ᠂ ︽ᠰᠠᠨᠠᠯ︾ ᠤᠨ ᠭᠤᠣᠯ ᠠᠭᠤᠯᠭ᠎ᠠ | ︽ᠰᠠᠨᠠᠯ︾ ᠳᠤ ᠶᠡᠷᠦᠩᠬᠡᠢ ᠱᠠᠭᠠᠷᠳᠠᠯᠭ᠎ᠠ ᠂ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠂ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠢ ᠶᠡᠭᠡ ᠪᠠᠷ ᠬᠥᠭᠵᠢᠭᠦᠯᠬᠦ ᠂ ᠣᠷᠣᠨ ᠤ ᠲᠥᠪ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠂ ᠰᠠᠭᠤᠷᠢᠰᠢᠬᠤ ᠳᠤ ᠲᠣᠬᠢᠷᠠᠮᠵᠢᠲᠠᠢ | ᠬᠤᠲᠠ ᠶᠢ ᠲᠦᠷᠭᠡᠳᠬᠡᠨ ᠪᠠᠶᠢᠭᠤᠯᠬᠤ ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠦᠷᠭᠡᠳᠬᠡᠨ ᠠᠬᠢᠭᠤᠯᠬᠤ ᠂ ᠴᠢᠬᠤᠯᠠ ᠬᠦᠴᠦᠨ ᠵᠦᠢᠯ ᠤᠨ | ᠪᠠᠲᠤᠯᠠᠭ᠎ᠠ ᠶᠢᠨ ᠴᠢᠳᠠᠪᠤᠷᠢ ᠶᠢ ᠰᠠᠶᠢᠵᠢᠷᠠᠭᠤᠯᠤᠨ ᠳᠡᠭᠡᠭᠰᠢᠯᠡᠭᠦᠯᠬᠦ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠭᠡᠬᠦ 8 ᠬᠡᠰᠡᠭ ᠪᠠᠭᠲᠠᠵᠤ ᠪᠣᠶ ᠃ | ᠨᠢᠭᠡᠳᠦᠭᠡᠷ ᠬᠡᠰᠡᠭ ᠨᠢ ᠶᠡᠷᠦᠩᠬᠡᠢ ᠱᠠᠭᠠᠷᠳᠠᠯᠭ᠎ᠠ ᠪᠣᠯᠣᠨ᠎ᠠ ᠃ ᠣᠷᠣᠨ ᠤ ᠲᠥᠪ ᠤᠨ ᠡᠬᠢ ᠪᠠᠶᠠᠯᠢᠭ ᠤᠨ ᠰᠤᠷᠪᠤᠯᠵᠢ ᠂ ᠳᠠᠪᠠᠭᠤᠯᠢᠭ ᠳᠠᠯᠳᠠ ᠬᠦᠴᠦᠨ ᠪᠠ | ᠳᠤᠲᠠᠭᠤᠳᠠᠯ ᠪᠠᠭᠤᠷᠠᠢ ᠵᠦᠢᠯ ᠳᠤ ᠰᠠᠭᠤᠷᠢᠯᠠᠵᠤ ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠦ ᠂ ᠬᠥᠭᠵᠢᠯᠲᠡ ᠶᠢᠨ ᠴᠢᠳᠠᠪᠤᠷᠢ ᠶᠢᠨ ᠲᠠᠰ ᠢ ᠪᠥᠬᠦ | ᠲᠠᠯ᠎ᠠ ᠪᠠᠷ ᠳᠡᠭᠡᠭᠰᠢᠯᠡᠭᠦᠯᠦᠭᠰᠡᠨ ︽ᠪᠣᠳᠠᠲᠤ ᠬᠦᠴᠦᠨ ᠪᠦᠬᠦᠢ ᠬᠤᠲᠠ︾ ᠶᠢ ᠴᠣᠭᠴᠠᠯᠠᠨ ᠪᠠᠶᠢᠭᠤᠯᠬᠤ ᠂ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢᠶᠠᠷ | ᠲᠣᠪᠣᠶᠢᠮ᠎ᠠ ︽ᠬᠥᠭᠵᠢᠯᠲᠡ ᠶᠢᠨ ᠬᠤᠲᠠ︾ ᠶᠢ ᠴᠣᠭᠴᠠᠯᠠᠨ ᠪᠠᠶᠢᠭᠤᠯᠬᠤ ᠂ ᠬᠤᠲᠠ ᠶᠢᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠭᠰᠡᠨ ︽ᠦᠵᠡᠰᠬᠦᠯᠡᠩᠲᠦ | ᠰᠠᠶᠢᠬᠠᠨ ᠬᠤᠲᠠ︾ ᠶᠢ ᠴᠣᠭᠴᠠᠯᠠᠨ ᠪᠠᠶᠢᠭᠤᠯᠬᠤ ᠂ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠥᠷᠨᠢᠭᠦᠨ ᠨᠡᠮᠡᠭᠳᠡᠭᠰᠡᠨ ︽ᠠᠮᠢᠵᠢᠷᠠᠯ ᠤᠨ ᠬᠦᠴᠦᠨ ᠤ ᠬᠤᠲᠠ︾ | ᠶᠢ ᠴᠣᠭᠴᠠᠯᠠᠨ ᠪᠠᠶᠢᠭᠤᠯᠬᠤ ᠂ ᠵᠠᠯᠠᠭᠤᠴᠤᠳ ᠤᠨ ᠬᠦᠰᠡᠨ ᠮᠥᠷᠥᠭᠡᠳᠦᠭᠰᠡᠨ ᠂ ᠨᠠᠰᠤᠲᠠᠶᠢᠴᠤᠳ ᠤᠨ ᠠᠮᠤᠷ ᠠᠮᠤᠭᠤᠯᠠᠩ ︽ᠵᠣᠯ ᠵᠢᠷᠭᠠᠯᠲᠤ ᠬᠤᠲᠠ︾ ᠶᠢ | ᠴᠣᠭᠴᠠᠯᠠᠨ ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠳᠤᠷᠠᠳᠤᠨ ᠭᠠᠷᠭᠠᠪᠠ ᠃ | ᠬᠤᠶᠠᠳᠤᠭᠠᠷ ᠬᠡᠰᠡᠭ ᠨᠢ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠳᠡᠯᠡᠬᠡᠢ ᠶᠢᠨ ᠰᠦ ᠶᠢᠨ ᠬᠤᠲᠠ ᠶᠢ ᠪᠦᠲᠦᠭᠡᠨ ᠪᠠᠶᠢᠭᠤᠯᠬᠤ ᠂ | ᠳᠤᠮᠳᠠᠳᠤ ᠤᠯᠤᠰ ᠤᠨ ᠡᠭᠦᠯᠡᠨ ᠬᠥᠨᠳᠡᠢ ᠶᠢ ᠴᠣᠭᠴᠠᠯᠠᠬᠤ ᠂ ᠲᠡᠷᠢᠭᠦᠨ ᠤ ᠦᠶᠯᠡᠳᠬᠦ ᠦᠢᠯᠡᠰ ᠤᠨ ᠪᠥᠭᠡᠮᠨᠡᠷᠡᠯ ᠢ ᠪᠣᠶᠢᠵᠢᠭᠤᠯᠬᠤ ᠵᠡᠷᠭᠡ ᠭᠤᠷᠪᠠᠨ ᠲᠠᠯ᠎ᠠ ᠶᠢᠨ | ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ ᠃ | ᠭᠤᠷᠪᠠᠳᠤᠭᠠᠷ ᠬᠡᠰᠡᠭ ᠨᠢ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠦᠨ᠎ᠠ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠠᠭᠤᠰᠤᠯᠴᠠᠨ ᠦᠢᠯᠡᠳᠦᠯᠴᠡᠬᠦ ᠶᠢ ᠲᠦᠯᠬᠢᠨ ᠠᠬᠢᠭᠤᠯᠬᠤ ᠂ ᠶᠡᠷᠦᠩᠬᠡᠢ ᠬᠡᠯᠲᠡᠰ ᠤᠨ ᠠᠵᠤ ᠠᠬᠤᠢ ᠶᠢ ᠬᠥᠭᠵᠢᠭᠦᠯᠬᠦ ᠂ ᠪᠠᠷᠠᠭᠠᠨ ᠤ ᠭᠦᠢᠯᠭᠡᠭᠡᠨ ᠤ | ᠶᠡᠷᠦᠩᠬᠡᠶᠢᠯᠡᠭᠰᠡᠨ ᠦᠢᠯᠡᠴᠢᠯᠡᠭᠡ ᠶᠢ ᠳᠡᠭᠡᠭᠰᠢᠯᠡᠭᠦᠯᠬᠦ 3 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ ᠃ | ᠳᠥᠷᠪᠡᠳᠦᠭᠡᠷ ᠬᠡᠰᠡᠭ ᠨᠢ ᠣᠷᠣᠨ ᠤ ᠲᠥᠪ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠨᠳᠥᠷ ᠬᠤᠷᠳᠤᠴᠠᠲᠤ ᠲᠡᠮᠦᠷ ᠵᠠᠮ ᠤᠨ | ᠬᠦᠢᠰᠦ ᠬᠤᠲᠠ ᠶᠢ ᠪᠦᠲᠦᠭᠡᠨ ᠪᠠᠶᠢᠭᠤᠯᠬᠤ ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠪᠠᠶᠢᠭᠤᠯᠬᠤ ᠂ ᠥᠨᠳᠥᠷ | ᠬᠤᠷᠳᠤᠴᠠᠲᠤ ᠵᠠᠰᠠᠮᠠᠯ ᠵᠠᠮ ᠤᠨ ᠲᠣᠣᠷ ᠢ ᠪᠠᠶᠢᠭᠤᠯᠬᠤ ᠂ ᠬᠤᠲᠠ ᠶᠢᠨ ᠰᠠᠭᠤᠷᠢ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠬᠤ ᠵᠡᠷᠭᠡ 4 ᠲᠠᠯ᠎ᠠ ᠶᠢᠨ ᠲᠣᠭᠤᠷᠢᠨ ᠳᠤ | ᠪᠣᠳᠠᠲᠠᠢ ᠡᠭᠦᠷᠭᠡ ᠶᠢ ᠲᠣᠳᠣᠷᠬᠠᠶᠢᠯᠠᠪᠠ ᠃ | ᠲᠠᠪᠤᠳᠤᠭᠠᠷ ᠬᠡᠰᠡᠭ ᠨᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠬᠤᠲᠠ ᠶᠢᠨ ᠲᠥᠯᠦᠪᠵᠢᠭᠦᠯᠭᠡ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠬᠦ ᠂ ᠴᠢᠨᠠᠷ ᠰᠠᠶᠢᠲᠠᠢ ᠡᠮᠴᠢᠯᠡᠭᠡ | ᠪᠠ ᠰᠤᠷᠭᠠᠨ ᠬᠥᠮᠦᠵᠢᠯ ᠢ ᠬᠥᠭᠵᠢᠭᠦᠯᠬᠦ ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠵᠡᠷᠭᠡ 4 ᠲᠠᠯ᠎ᠠ ᠶᠢᠨ ᠲᠣᠭᠤᠷᠢᠨ ᠳᠤ ᠪᠣᠳᠠᠲᠠᠢ | ᠡᠭᠦᠷᠭᠡ ᠶᠢ ᠲᠣᠳᠣᠷᠬᠠᠢ ᠲᠣᠭᠲᠠᠭᠠᠪᠠ ᠃ | ᠵᠢᠷᠭᠤᠳᠤᠭᠠᠷ ᠬᠡᠰᠡᠭ ᠨᠢ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠦᠷᠭᠡᠳᠬᠡᠨ ᠠᠬᠢᠭᠤᠯᠤᠨ᠎ᠠ᠃ ᠭᠠᠳᠠᠭᠠᠳᠤ ᠨᠡᠭᠡᠭᠡᠯᠲᠡ ᠶᠢᠨ | ᠲᠠᠪᠴᠠᠩ ᠢ ᠪᠤᠵᠠᠭᠠᠶᠢᠷᠠᠭᠤᠯᠬᠤ ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ 2 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ ᠃ | ᠳᠣᠯᠣᠳᠤᠭᠠᠷ ᠬᠡᠰᠡᠭ ᠨᠢ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠰᠠᠶᠢᠵᠢᠷᠠᠭᠤᠯᠤᠨ ᠳᠡᠭᠡᠭᠰᠢᠯᠡᠭᠦᠯᠦᠨ᠎ᠠ᠃ ᠠᠵᠤ ᠠᠬᠤᠢ ᠶᠢᠨ | ᠬᠠᠮᠢᠶᠠᠷᠤᠯᠲᠠ ᠶᠢᠨ ᠡᠷᠬᠡ ᠮᠡᠳᠡᠯ ᠢ ᠳᠣᠷᠣᠭᠰᠢ ᠪᠠᠭᠤᠯᠭᠠᠬᠤ ᠂ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠬᠤ ᠂ ᠭᠠᠵᠠᠷ ᠬᠡᠷᠡᠭᠯᠡᠬᠦ ᠪᠠᠲᠤᠯᠠᠭ᠎ᠠ ᠶᠢ | ᠴᠢᠩᠭᠠᠳᠬᠠᠬᠤ ᠂ ᠴᠠᠬᠢᠯᠭᠠᠨ ᠬᠡᠷᠡᠭᠯᠡᠬᠦ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡᠨ ᠤ | ᠪᠠᠲᠤᠯᠠᠭ᠎ᠠ ᠶᠢ ᠴᠢᠩᠭᠠᠳᠬᠠᠬᠤ ᠵᠡᠷᠭᠡ 5 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ ᠃ | ᠨᠠᠢᠮᠠᠳᠤᠭᠠᠷ ᠬᠡᠰᠡᠭ ᠨᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠂ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠬᠤ ᠂ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠵᠡᠷᠭᠡ 3 ᠲᠠᠯ᠎ᠠ ᠶᠢᠨ ᠲᠣᠭᠤᠷᠢᠨ ᠳᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ ᠃ | ᠡᠭᠦᠨ ᠤ ᠬᠠᠮᠲᠤ ᠂ ︽ᠰᠠᠨᠠᠯ︾ ᠳᠤ ᠳᠤᠷᠠᠳᠤᠭᠰᠠᠨ ᠳᠡᠮᠵᠢᠯᠬᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠩ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ ᠂ ᠭᠤᠣᠯ ᠠᠭᠤᠯᠭ᠎ᠠ ᠶᠢᠨ ᠲᠣᠭᠤᠷᠢᠨ ᠳᠤ ᠪᠣᠳᠠᠲᠠᠢ ᠪᠠᠷ ᠳᠡᠮᠵᠢᠬᠦ 60 ᠵᠦᠢᠯᠡᠰ ᠢ ᠳᠤᠷᠠᠳᠴᠤ ᠂ ︽ᠭᠤᠣᠯᠳᠠᠯᠭ᠎ᠠ ᠲᠠᠢ ᠳᠡᠮᠵᠢᠬᠦ | ᠵᠦᠢᠯᠡᠰ ᠤᠨ ᠨᠠᠷᠢᠨ ᠬᠠᠭᠤᠳᠠᠰᠤ ︾ ᠶᠢ ᠪᠣᠶ ᠪᠣᠯᠭᠠᠭᠰᠠᠨ ᠪᠥᠭᠡᠳ ᠬᠠᠷᠢᠭᠤᠴᠠᠬᠤ ᠨᠢᠭᠡᠴᠢ ᠶᠢ ᠲᠣᠳᠣᠷᠬᠠᠶᠢᠯᠠᠭᠰᠠᠨ ᠪᠠᠶᠢᠨ᠎ᠠ ᠃ | ᠭᠤᠷᠪᠠ ᠂ ︽ᠰᠠᠨᠠᠯ︾ ᠤᠨ ᠲᠣᠪᠣᠶᠢᠮ᠎ᠠ ᠣᠨᠴᠠᠯᠢᠭ | ︽ᠰᠠᠨᠠᠯ︾ ᠳᠤ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠠᠢ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ | ᠪᠣᠳᠣᠯᠬᠢᠯᠠᠵᠤ ᠂ ︽ᠭᠤᠷᠪᠠ ᠶᠢ ᠳᠣᠪᠤᠶᠢᠯᠭᠠᠬᠤ︾ ᠶᠢ ᠭᠤᠣᠯᠳᠠᠯᠭ᠎ᠠ ᠲᠠᠢ ᠬᠠᠷᠠᠭᠤᠯᠪᠠ ᠃ | ᠨᠢᠭᠡ ᠳᠤ ᠂ ᠭᠤᠣᠯᠳᠠᠯᠭ᠎ᠠ ᠲᠠᠢ ᠬᠦᠷᠢᠶᠡᠨ ᠳᠠᠬᠢ ᠳᠡᠮᠵᠢᠯᠭᠡ ᠶᠢ ᠳᠣᠪᠣᠶᠢᠯᠭᠠᠨ᠎ᠠ᠃ ᠬᠥᠬᠡᠬᠤᠲᠠ ᠶᠢᠨ ᠨᠢᠭᠡᠨᠲᠡ ᠵᠣᠬᠢᠬᠤ ᠬᠡᠮᠵᠢᠶᠡᠨ ᠤ ᠳᠠᠪᠠᠭᠤᠯᠢᠭ ᠲᠠᠢ | ᠪᠣᠯᠤᠭᠰᠠᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ︾ ᠤᠨ ᠲᠣᠭᠤᠷᠢᠨ ᠳᠤ ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠥᠨᠳᠥᠷ ᠪᠠᠷᠢᠮᠵᠢᠶ᠎ᠠ ᠲᠠᠢ ᠪᠠᠷ ᠪᠠᠶᠢᠭᠤᠯᠬᠤ ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠤᠳᠤᠬᠤ ᠬᠦᠴᠦᠨ ᠤ ᠲᠣᠣᠷ ᠰᠦᠯᠵᠢᠶ᠎ᠡ ᠶᠢᠨ | ᠤᠯᠤᠰ ᠤᠨ ᠵᠠᠩᠭᠢᠯᠠᠭ᠎ᠠ ᠶᠢᠨ ᠴᠡᠭ ᠢ ᠪᠠᠶᠢᠭᠤᠯᠬᠤ ᠂ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠮᠠᠲ᠋ᠧᠷᠢᠶᠠᠯ ᠤᠨ ᠰᠤᠳᠤᠯᠤᠨ ᠨᠡᠭᠡᠭᠡᠬᠦ ᠲᠠᠪᠴᠠᠩ ᠢ | ᠪᠠᠶᠢᠭᠤᠯᠬᠤ ᠪᠠ ᠤᠯᠤᠰ ᠤᠨ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠪᠠ ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢᠨ ᠲᠣᠭᠤᠷᠢᠨ ᠳᠤ ᠣᠷᠳᠣ ᠴᠠᠭᠠᠨ ᠬᠡᠷᠡᠮ ᠂ ᠬᠠᠲᠤᠨ ᠭᠤᠣᠯ ᠤᠨ ᠤᠯᠤᠰ ᠤᠨ | ᠰᠣᠶᠣᠯ ᠤᠨ ᠴᠡᠴᠡᠷᠯᠢᠭ ᠵᠡᠷᠭᠡ ᠰᠣᠶᠣᠯ ᠢ ᠤᠯᠠᠮᠵᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠬᠦ ᠂ ᠥᠪᠡᠷᠲᠡᠭᠡᠨ ᠵᠠᠰᠠᠬᠤ ᠣᠷᠣᠨ ᠂ ᠬᠥᠬᠡᠬᠤᠲᠠ ᠶᠢᠨ | ᠬᠤᠪᠢᠳᠠᠭᠰᠠᠨ ᠡᠳ᠋ ᠤᠨ ᠬᠦᠴᠦᠨ ᠢᠶᠠᠷ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ ᠳᠡᠮᠵᠢᠯᠭᠡ ᠦᠵᠡᠭᠦᠯᠬᠦ ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ | ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠠᠶᠢᠭᠤᠯᠬᠤ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ ᠃ ᠥᠨᠳᠥᠷ ᠬᠢᠷᠢ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠲᠦᠯᠬᠢᠨ ᠠᠬᠢᠭᠤᠯᠬᠤ ᠶᠢᠨ ᠲᠣᠭᠤᠷᠢᠨ ᠳᠤ ᠂ ᠤᠯᠤᠰ ᠠᠴᠠ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ | ᠵᠥᠪᠳᠡᠯᠴᠡᠭᠡᠷ ᠤᠨ ᠬᠤᠷᠠᠯ ᠢ ᠡᠭᠦᠳᠦᠨ ᠪᠠᠶᠢᠭᠤᠯᠬᠤ ᠂ ᠨᠡᠭᠦᠳᠡᠯ ᠤᠨ ᠰᠢᠪᠠᠭᠤ ᠮᠠᠶ᠋ᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠬᠤ | ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ ᠃ | ᠬᠤᠶᠠᠷ ᠲᠤ ᠂ ᠭᠤᠣᠯᠳᠠᠯᠭ᠎ᠠ ᠲᠠᠢ ᠲᠥᠷᠥᠯ ᠵᠦᠢᠯ ᠤᠨ ᠳᠡᠮᠵᠢᠯᠭᠡ ᠶᠢ ᠳᠣᠪᠣᠶᠢᠯᠭᠠᠨ᠎ᠠ᠃ ᠣᠷᠣᠨ ᠤ ᠲᠥᠪ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠣᠭᠤᠷᠢᠨ ᠳᠤ ᠂ ᠥᠨᠳᠥᠷ ᠬᠤᠷᠳᠤᠴᠠᠲᠤ ᠲᠡᠮᠦᠷ ᠵᠠᠮ ᠤᠨ ᠬᠦᠢᠰᠦ ᠶᠢ ᠪᠦᠲᠦᠭᠡᠨ ᠪᠠᠶᠢᠭᠤᠯᠬᠤ ᠂ ᠰᠢᠨ᠎ᠡ ᠨᠢᠰᠬᠡᠯ ᠤᠨ ᠪᠠᠭᠤᠳᠠᠯ ᠤᠨ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠪᠠᠶᠢᠭᠤᠯᠬᠤ ᠂ ᠥᠨᠳᠥᠷ ᠬᠤᠷᠳᠤᠴᠠᠲᠤ ᠵᠠᠰᠠᠮᠠᠯ ᠵᠠᠮ ᠤᠨ ᠲᠣᠣᠷ ᠢ ᠪᠠᠶᠢᠭᠤᠯᠬᠤ ᠂ ᠮᠧᠲᠷᠣ᠋ ᠶᠢᠨ ᠱᠤᠭᠤᠮ | ᠲᠣᠣᠷ ᠢ ᠰᠢᠯᠢᠳᠡᠭᠵᠢᠭᠦᠯᠬᠦ ᠂ ᠬᠤᠲᠠ ᠶᠢᠨ ᠭᠦᠦᠷᠯᠢᠭ ᠲᠦᠷᠭᠡᠨ ᠬᠤᠷᠳᠤ ᠶᠢᠨ ᠵᠠᠮ ᠤᠨ ᠲᠣᠣᠷ ᠢ ᠪᠦᠲᠦᠭᠡᠨ ᠪᠠᠶᠢᠭᠤᠯᠬᠤ ᠂ ᠬᠠᠲᠤᠨ ᠭᠤᠣᠯ ᠤᠨ ᠤᠰᠤ ᠶᠢ ᠲᠠᠲᠠᠨ | ᠬᠥᠬᠡᠬᠤᠲᠠ ᠳᠤ ᠣᠷᠣᠭᠤᠯᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠲᠥᠷᠥᠯ ᠵᠦᠢᠯ ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ ᠃ ᠣᠷᠣᠰᠢᠨ | ᠰᠠᠭᠤᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠂ ᠣᠷᠣᠨ ᠤ ᠲᠥᠪ ᠬᠤᠲᠠ ᠶᠢᠨ ᠲᠥᠯᠦᠪᠵᠢᠭᠦᠯᠭᠡ ᠂ ᠬᠠᠲᠤᠨ ᠭᠤᠣᠯ | ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠵᠡᠷᠭᠡ ᠲᠠᠯ᠎ᠠ ᠪᠠᠷ | ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ ᠃ | ᠭᠤᠷᠪᠠ ᠳᠤ ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠳᠡᠮᠵᠢᠯᠭᠡ ᠶᠢ ᠲᠤᠪᠤᠶᠢᠯᠭᠠᠨ᠎ᠠ ᠃ ᠠᠵᠤ ᠠᠬᠤᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ 365赢多少钱会被限额_国内有真正的365平台吗_365bet博彩官网 | ᠳᠣᠷᠣᠭᠰᠢ ᠪᠠᠭᠤᠯᠭᠠᠬᠤ ᠶᠢᠨ ᠲᠣᠭᠤᠷᠢᠨ ᠳᠤ ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠠᠤᠯᠢ ᠲᠣᠭᠲᠠᠭᠠᠯ | ᠶᠣᠰᠣᠭᠠᠷ ᠨᠠᠶᠢᠳᠠᠬᠤ ᠪᠤᠶᠤ ᠬᠥᠬᠡᠬᠤᠲᠠ ᠳᠤ ᠪᠠᠭᠤᠯᠭᠠᠵᠤ ᠬᠡᠷᠡᠭᠵᠢᠭᠦᠯᠬᠦ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠪᠠ ᠃ ᠰᠢᠨ᠎ᠡ ᠶᠢ ᠡᠭᠦᠳᠬᠦ ᠲᠤᠯᠭᠠᠭᠤᠷᠢᠯᠠᠯ ᠢ | ᠴᠢᠩᠭᠠᠳᠬᠠᠬᠤ ᠶᠢᠨ ᠲᠣᠭᠤᠷᠢᠨ ᠳᠤ ᠂ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠂ ︽ᠨᠢᠭᠡ 365赢多少钱会被限额_国内有真正的365平台吗_365bet博彩官网 | ᠲᠥᠪ ᠣᠯᠠᠨ ᠴᠡᠭ︾ ︽ ᠬᠦᠴᠦᠷᠬᠡᠭ ᠲᠥᠪ ᠠᠮᠢᠳᠤᠯᠢᠭ ᠴᠡᠭ ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠂ ᠬᠥᠬᠡᠬᠤᠲᠠ ᠶᠢᠨ ᠣᠯᠠᠨ ᠠᠷᠭ᠎ᠠ | ᠵᠠᠮ ᠢᠶᠠᠷ ᠣᠷᠣᠨ ᠤ ᠭᠠᠳᠠᠨ᠎ᠠ ᠠᠴᠠ ᠰᠢᠯᠢᠳᠡᠭ ᠺᠠᠳ᠋ᠷ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠬᠦ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ ᠃ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠶᠢᠨ ᠲᠣᠭᠤᠷᠢᠨ ᠳᠤ ᠂ ︽ᠭᠠᠵᠠᠷ ᠰᠢᠷᠣᠢ ᠶᠢᠨ ᠴᠢᠬᠤᠯᠠ ᠬᠦᠴᠦᠨ ᠵᠦᠢᠯ ᠨᠢ ᠲᠥᠷᠥᠯ | ᠵᠦᠢᠯ ᠢᠶᠠᠨ ᠳᠠᠭᠠᠬᠤ ︾ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ ᠃ ᠴᠠᠬᠢᠯᠭᠠᠨ ᠬᠡᠷᠡᠭᠯᠡᠬᠦ | ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠶᠢᠨ ᠲᠣᠭᠤᠷᠢᠨ ᠳᠤ ᠂ ᠬᠥᠬᠡᠬᠤᠲᠠ ᠶᠢᠨ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠡᠷᠡᠭᠯᠡᠬᠦ ᠳᠠᠭᠠᠭᠠᠴᠠ ᠶᠢ ᠡᠷᠬᠢᠨ | ᠲᠣᠭᠤᠷᠢᠨ ᠤ ᠠᠶᠢᠮᠠᠭ ᠬᠤᠲᠠ ᠳᠤ ᠭᠠᠵᠠᠷ ᠰᠣᠩᠭᠤᠨ ᠰᠢᠨ᠎ᠡ ᠡᠨᠧᠷᠭᠢ ᠶᠢᠨ ᠲᠥᠷᠥᠯ ᠵᠦᠢᠯ ᠪᠠᠶᠢᠭᠤᠯᠬᠤ ᠶᠢ ᠳᠡᠮᠵᠢᠬᠦ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ | ᠳᠤᠷᠠᠳᠪᠠ ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡᠨ ᠤ ᠪᠠᠲᠤᠯᠠᠭ᠎ᠠ ᠶᠢ ᠴᠢᠩᠭᠠᠳᠬᠠᠬᠤ ᠶᠢᠨ ᠲᠣᠭᠤᠷᠢᠨ ᠳᠤ ᠂ ︽ ᠪᠡᠯᠡ ᠮᠦᠩᠬᠦ ᠨᠢ | ᠬᠥᠮᠥᠨ ᠢᠶᠠᠨ ᠳᠠᠭᠠᠬᠤ︾ ᠶᠢ ᠬᠤᠯᠪᠣᠯᠳᠤᠭᠤᠯᠬᠤ ᠲᠣᠭᠲᠠᠴᠠ ᠶᠢ ᠳᠤᠷᠠᠳᠤᠨ ᠭᠠᠷᠭᠠᠵᠤ ᠂ ᠬᠤᠶᠢᠰᠢᠳᠠ ᠶᠢᠨ 5 ᠵᠢᠯ ᠳᠤ ᠵᠢᠯ ᠪᠦᠷᠢ 30 ᠳ᠋ᠦᠩᠰᠢᠭᠤᠷ | ᠲᠥᠭᠦᠷᠢᠭ ᠤᠨ ᠡᠳ᠋ ᠤᠨ ᠬᠦᠴᠦᠨ ᠤ ᠴᠢᠨᠠᠷᠲᠠᠢ ᠨᠥᠬᠦᠪᠦᠷᠢ ᠮᠥᠩᠭᠦ ᠶᠢ ᠰᠢᠨ᠎ᠡ ᠪᠠᠷ ᠨᠡᠮᠡᠭᠳᠡᠭᠦᠯᠦᠨ ᠬᠤᠳᠠ ᠶᠢᠨ ᠰᠠᠭᠤᠷᠢ ᠪᠡᠯᠡᠳᠬᠡᠮᠵᠢ ᠶᠢ ᠴᠢᠩᠭᠠᠳᠬᠠᠨ | ᠰᠠᠶᠢᠵᠢᠷᠠᠭᠤᠯᠬᠤ ᠳᠤ ᠬᠡᠷᠡᠭᠯᠡᠬᠦ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ ᠃ | | | | | |