3 ᠰᠠᠷ᠎ᠠ ᠶᠢᠨ 14 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠂ ᠪᠦᠭᠦ ᠤᠯᠤᠰ ᠤᠨ | ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠮᠠᠨ ᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠃ | | ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ | ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ | ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶᠠᠨ ᠤ ᠳᠠᠷᠤᠭ᠎ᠠ ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠺᠣᠮᠢᠰᠰᠠᠷ ᠂ ᠮᠤᠵᠢ ᠶᠢᠨ ᠲᠠᠰ ᠤᠨ ᠠᠵᠢᠯ ᠠᠴᠠ ᠪᠠᠨ ᠠᠮᠠᠷᠠᠭᠰᠠᠨ ᠨᠢᠭᠡ ᠪᠦᠯᠦᠭ ᠠᠬᠠᠮᠠᠳ | ᠨᠥᠬᠦᠳ ᠬᠤᠷᠠᠯ ᠳᠤ ᠣᠷᠣᠯᠴᠠᠵᠠᠢ ᠃ | | | ᠰᠦᠨ ᠱᠤᠤ ᠴᠧᠩ ᠂ ᠡᠨᠡ ᠤᠳᠠᠭ᠎ᠠ ᠶᠢᠨ ᠪᠦᠭᠦ ᠤᠯᠤᠰ ᠤᠨ ᠬᠤᠶᠠᠷ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠬᠤᠷᠠᠯᠳᠤᠭᠰᠠᠨ | ᠠᠩᠬᠠᠳᠤᠭᠠᠷ ᠤᠳᠠᠭ᠎ᠠ ᠶᠢᠨ ᠪᠦᠭᠦ ᠤᠯᠤᠰ ᠤᠨ ᠬᠤᠶᠠᠷ ᠬᠤᠷᠠᠯ ᠮᠥᠨ ᠂ ᠮᠠᠰᠢ ᠡᠯᠪᠡᠭ ᠪᠠᠶᠠᠯᠢᠭ ᠦᠷ᠎ᠡ ᠪᠦᠲᠦᠭᠡᠯ ᠣᠯᠵᠤ ᠂ ᠮᠠᠰᠢ ᠴᠢᠬᠤᠯᠠ ᠠᠴᠢ | ᠬᠤᠯᠪᠣᠭᠳᠠᠯ ᠲᠠᠢ ᠶᠤᠮ ᠃ ᠣᠨᠴᠠᠭᠠᠶᠢᠯᠠᠨ ᠰᠢ ᠶᠢᠨ ᠫᠢᠩ ᠨᠥᠬᠦᠷ ᠪᠦᠷᠢᠨ ᠪᠢᠯᠧᠲ ᠢᠶᠠᠷ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠭᠰᠠᠨ ᠨᠢ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ | ᠵᠣᠷᠢᠭ ᠰᠠᠨᠠᠭ᠎ᠠ ᠂ ᠬᠠᠮᠲᠤ ᠶᠢᠨ ᠬᠦᠰᠡᠯ ᠡᠷᠡᠮᠡᠯᠵᠡᠯ ᠂ ᠬᠠᠮᠲᠤ ᠶᠢᠨ ᠬᠦᠰᠡᠯ ᠰᠠᠨᠠᠭ᠎ᠠ ᠶᠢ ᠭᠦᠢᠴᠡᠳ ᠲᠤᠰᠬᠠᠵᠤ ᠂ ᠲᠦᠭ ᠲᠦᠮᠡᠨ ᠠᠷᠠᠳ ᠲᠦᠮᠡᠨ ᠤ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ | ᠬᠠᠮᠲᠤ ᠪᠠᠷ ᠲᠡᠷᠭᠡᠯᠰᠢᠭᠦᠯᠬᠦ ᠣᠮᠤᠭ ᠵᠣᠷᠢᠭ ᠪᠠ ᠲᠡᠮᠡᠴᠡᠯ ᠤᠨ ᠵᠣᠷᠢᠭ ᠢ ᠲᠤᠶᠢᠯ ᠤᠨ ᠶᠡᠭᠡ ᠪᠠᠷ ᠬᠥᠭᠵᠢᠭᠡᠵᠡᠢ ᠃ ᠣᠷᠣᠨ ᠳᠠᠶᠠᠭᠠᠷ ᠢᠶᠠᠨ ᠪᠦᠭᠦ ᠤᠯᠤᠰ ᠤᠨ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ︽ ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ ᠂ ︽ ᠬᠤᠶᠠᠷ ᠢ | ᠬᠠᠮᠠᠭᠠᠯᠠᠬᠤ ︾ ᠶᠢ ᠡᠷᠡᠰ ᠪᠡᠶᠡᠯᠡᠭᠦᠯᠵᠦ ᠂ ᠶᠡᠷᠦᠩᠬᠡᠢ ᠱᠦᠵᠢ ᠰᠢ ᠶᠢᠨ ᠫᠢᠩ ᠢ ᠡᠷᠡᠰ ᠳᠠᠭᠠᠵᠥ ᠰᠢᠨ᠎ᠡ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ | ᠬᠡᠷᠡᠭᠲᠡᠢ ᠭᠡᠪᠡ ᠃ | | | ᠰᠦᠨ ᠱᠤᠤ ᠴᠧᠩ ᠂ ᠥᠪᠥᠷ ᠮᠣᠩᠭᠤᠯ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠬᠦᠴᠦᠯᠡᠬᠦ ᠴᠡᠭ ᠢᠶᠠᠨ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠷ᠎ᠡ ᠲᠠᠯᠪᠢᠬᠤ ᠬᠡᠷᠡᠭᠲᠡᠢ ᠃ ᠤᠯᠤᠰ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠡᠷᠡᠮᠡᠯᠵᠡᠵᠦ ᠂ | ︽ ᠲᠠᠪᠤᠨ ᠶᠡᠭᠡ ᠡᠭᠦᠷᠭᠡ ︾ ᠶᠢᠨ ᠬᠡᠷᠡᠭᠵᠢᠭᠦᠯᠦᠯᠲᠡ ᠶᠢ ᠱᠠᠯᠠᠪᠳᠠᠨ ᠠᠬᠢᠭᠤᠯᠵᠤ ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠃ | ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠭᠤᠯᠤᠭᠳᠠᠬᠤᠨ ᠪᠠ ᠱᠠᠭᠠᠷᠳᠠᠯᠭ᠎ᠠ ᠶᠢ ᠵᠥᠪ ᠣᠨᠣᠪᠴᠢᠲᠠᠶ ᠡᠵᠡᠮᠳᠡᠵᠦ ᠂ | ᠭᠤᠣᠯᠳᠠᠯᠭ᠎ᠠ ᠶᠢ ᠲᠣᠪᠤᠶᠢᠯᠭᠠᠨ ᠂ ᠠᠴᠢᠶᠠᠯᠠᠪᠤᠷᠢ ᠶᠢᠨ ᠰᠢᠨ᠎ᠡ ᠶᠢ ᠡᠭᠦᠳᠴᠦ ᠂ ᠭᠠᠷᠳᠠᠴᠠ ᠶᠢ ᠪᠣᠳᠠᠲᠠᠶᠢᠵᠢᠭᠤᠯᠵᠤ ᠂ ᠪᠦᠲᠦᠭᠡᠨ ᠪᠠᠶᠢᠭᠤᠯᠤᠯᠲᠠ ᠶᠢᠨ ᠠᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ | ᠬᠦᠴᠦᠯᠡᠨ ᠰᠢᠢᠳᠪᠦᠷᠢᠯᠡᠵᠦ ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠡᠬᠢ ᠪᠠᠶᠠᠯᠢᠭ ᠢ ᠠᠷᠪᠢᠯᠠᠬᠤ ᠶᠢ ᠰᠠᠶᠢᠲᠤᠷ ᠠᠳᠬᠤᠵᠤ ᠂ ᠬᠡᠷᠡᠭᠯᠡᠭᠡ ᠂ | ᠪᠠᠷᠠᠭᠠᠨ ᠤ ᠭᠦᠢᠯᠭᠡᠭᠡ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠦᠷᠢᠯᠡᠵᠦ ᠂ ᠰᠢᠨ᠎ᠡ ᠡᠨᠧᠷᠭᠢ ᠶᠢᠨ ᠠᠵᠤ ᠦᠢᠯᠡᠰ ᠂ | ᠬᠤᠪᠣᠷ ᠰᠢᠷᠣᠢ ᠪᠣᠯᠣᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠂ ᠮᠠᠯ ᠠᠵᠤ ᠠᠬᠤᠢ ᠲᠠᠷᠢᠶᠠᠯᠠᠩ ᠵᠡᠷᠭᠡ ᠳᠠᠪᠠᠭᠤᠯᠢᠭ ᠲᠠᠯ᠎ᠠ ᠪᠠᠨ | 365赢多少钱会被限额_国内有真正的365平台吗_365bet博彩官网ᠤᠷᠲᠤᠳᠬᠠᠵᠤ ᠂ ᠠᠮᠤᠷ ᠲᠦᠪᠰᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠣᠷᠣᠨ ᠨᠤᠲᠤᠭ ᠤᠨ ᠨᠠᠮ ᠪᠠ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠰᠠᠶᠢᠲᠤᠷ ᠠᠳᠬᠤᠵᠤ ᠂ ᠡᠯ᠎ᠡ ᠲᠠᠯ᠎ᠠ ᠶᠢᠨ ᠠᠵᠢᠯ ᠤᠨ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠰᠢᠯᠤᠭᠤᠳᠬᠠᠬᠤ ᠬᠡᠷᠡᠭᠲᠡᠢ ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ ᠶᠢᠨ ᠵᠥᠪᠯᠡᠯᠭᠡᠨ ᠂ ᠬᠢᠨᠠᠨ ᠪᠠᠶᠢᠴᠠᠭᠠᠬᠤ ᠵᠥᠪᠯᠡᠯ ᠪᠣᠯᠣᠨ ᠰᠢᠭᠦᠭᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ | ᠭᠡᠪᠡ ᠃ | | | ᠰᠦᠨ ᠱᠤᠤ ᠴᠧᠩ ᠂ ᠡᠨᠡ ᠵᠢᠯ ᠤᠨ ᠬᠠᠷᠠᠯᠲᠠ ᠡᠭᠦᠷᠭᠡ ᠨᠢᠭᠡᠨᠲᠡ ᠲᠣᠳᠣᠷᠬᠠᠢ ᠪᠣᠯᠵᠠᠢ ᠂ ᠵᠠᠯᠭᠠᠭᠠᠳ ᠬᠦᠴᠦᠯᠡᠨ ᠴᠢᠷᠮᠠᠶᠢᠵᠤ ᠠᠵᠢᠯᠯᠠᠬᠤ ᠬᠡᠷᠡᠭᠲᠡᠢ ᠃ ᠡᠯ᠎ᠡ | ᠱᠠᠲᠤᠨ ᠤ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠨᠢᠭᠡ ᠵᠦᠢᠯ ᠤᠨ ᠤᠬᠠᠮᠰᠠᠷ ᠪᠤᠯᠭᠠᠵᠤ ᠂ ᠠᠯᠢᠪᠠ ᠶᠠᠪᠤᠳᠠᠯ ᠢ ᠴᠥᠮ | ᠰᠡᠳᠬᠢᠯ ᠲᠠᠯᠪᠢᠨ ᠬᠢᠵᠦ ᠂ ᠦᠨᠡᠨ ᠬᠦ ᠠᠵᠢᠯᠯᠠᠨ ᠪᠣᠳᠠᠲᠠᠢ ᠠᠵᠢᠯᠯᠠᠵᠤ ᠂ ︽ ᠲᠦᠷᠭᠡᠨ ︾ ᠢ ᠲᠡᠷᠢᠭᠦᠨ ᠳᠤ ᠲᠠᠯᠪᠢᠵᠤ ᠂ ︽ ᠪᠣᠳᠠᠲᠠᠢ ︾ ᠪᠠᠷ ᠭᠤᠣᠯᠳᠠᠯᠭ᠎ᠠ ᠪᠠᠨ | ᠪᠤᠯᠭᠠᠵᠥ ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠬᠠᠮᠤᠭ ᠤᠨ ᠰᠠᠶᠢᠨ ᠦᠷ᠎ᠡ ᠳ᠋ᠦᠩ ᠢ ᠣᠯᠬᠤ ᠪᠠᠷ ᠴᠢᠷᠮᠠᠶᠢᠬᠤ ᠬᠡᠷᠡᠭᠲᠡᠢ ᠃ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠪᠣᠯᠣᠨ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ | ᠵᠠᠯᠠᠷᠠᠭᠤᠯᠬᠤ 8 ᠵᠦᠢᠯ ᠤᠨ ᠰᠠᠨᠠᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ ᠂ ᠨᠡᠩ ᠶᠡᠭᠡ ᠡᠷᠴᠢᠮ ᠢᠶᠠᠷ ᠺᠠᠳ᠋ᠷᠴᠤᠳ ᠤᠨ ᠠᠵᠢᠯ ᠬᠢᠵᠦ ᠦᠢᠯᠡᠰ | ᠪᠣᠰᠬᠠᠬᠤ ᠳᠤ ᠲᠦᠰᠢᠭ ᠲᠤᠯᠭᠠᠭᠤᠷᠢ ᠪᠣᠯᠵᠤ ᠂ ᠡᠷᠴᠢ ᠵᠣᠷᠢᠭ ᠢ ᠨᠢ ᠬᠥᠪᠴᠢᠯᠡᠬᠦ ᠬᠡᠷᠡᠭᠲᠡᠢ ᠭᠡᠪᠡ ᠃ | ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ ᠂ ᠡᠯ᠎ᠡ ᠠᠶᠢᠮᠠᠭ ᠬᠤᠳᠠ ᠂ ᠬᠤᠰᠢᠭᠤ ᠰᠢᠶᠠᠨ ︵ ᠬᠤᠳᠠ ᠂ ᠲᠣᠭᠤᠷᠢᠭ ︶ ᠳᠤ ᠬᠤᠪᠢᠶᠠᠷᠢ ᠬᠤᠷᠠᠯ ᠤᠨ | ᠲᠠᠯᠠᠪᠠᠢ ᠲᠣᠬᠢᠷᠠᠭᠤᠯᠵᠠᠢ ᠃ | |