ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 256 ᠳ᠋ᠤᠭᠠᠷ ᠲᠣᠭᠠᠲᠤ | ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ ᠢ ᠨᠢᠭᠡᠨᠲᠡ 2022 ᠣᠨ ᠤ 9 ᠳ᠋ᠦ᠋ᠭᠡᠷ ᠰᠠᠷ᠎ᠠ ᠶᠢᠨ 7 ᠤ ᠡᠳᠦᠷ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠂ | ᠡᠳᠦᠭᠡ ᠨᠡᠶᠢᠲᠡᠯᠡᠪᠡ ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2022 ᠣᠨ ᠤ 10 ᠳ᠋ᠤᠭᠠᠷ ᠰᠠᠷ᠎ᠠ ᠶᠢᠨ 21 ᠤ ᠡᠳᠦᠷ | | ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ |
| ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠂ ᠨᠡᠷ᠎ᠡ ᠬᠦᠨᠳᠦ ᠪᠠ ᠡᠷᠬᠡ ᠰᠦᠷ ᠢ ᠬᠠᠮᠠᠭᠠᠯᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠨᠢ ᠄ | ᠨᠢᠭᠡ ᠂ ᠵᠠᠰᠠᠭ ᠤᠨ ᠣᠷᠳᠣᠨ ᠤ 3 ᠲᠣᠭᠲᠠᠭᠠᠯ ᠳᠦᠷᠢᠮ ᠤᠨ ᠬᠡᠰᠡᠭ ᠵᠦᠢᠯ ᠵᠤᠷᠪᠤᠰ ᠤᠳ ᠲᠤ ᠵᠠᠰᠠᠪᠤᠷᠢ ᠣᠷᠣᠭᠤᠯᠤᠨ᠎ᠠ ᠃ ︵ ᠳᠠᠭᠠᠯᠳᠤᠭᠤᠯᠤᠯ 1 ︶ | ᠬᠤᠶᠠᠷ ᠂ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠨ᠎ᠠ ᠃ ︵ ᠳᠠᠭᠠᠯᠳᠤᠭᠤᠯᠤᠯ 2 ︶ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠣᠭᠲᠠᠭᠠᠯ ︾ ︽ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ | ᠬᠠᠮᠢᠶᠠᠷᠤᠯᠲᠠ ᠶᠢᠨ ᠠᠷᠭ᠎ᠠ ︾ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ ︾ ᠳᠤ ᠲᠤᠰ | ᠲᠣᠭᠲᠠᠭᠠᠯ ᠢ ᠦᠨᠳᠦᠰᠦᠯᠡᠨ ᠵᠣᠬᠢᠬᠤ ᠵᠠᠰᠠᠪᠤᠷᠢ ᠣᠷᠣᠭᠤᠯᠵᠤ ᠂ ᠲᠠᠬᠢᠨ ᠨᠡᠶᠢᠲᠡᠯᠡᠨ᠎ᠡ ᠃ | ᠳᠠᠭᠠᠯᠳᠤᠭᠤᠯᠤᠯ ᠄ | 1 ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ | ᠲᠣᠭᠲᠠᠭᠠᠯ ᠳᠦᠷᠢᠮ | 2 ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ | ᠲᠣᠭᠲᠠᠭᠠᠯ ᠳᠦᠷᠢᠮ | | ᠳᠠᠭᠠᠯᠳᠤᠭᠤᠯᠤᠯ 1 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ | ᠳᠦᠷᠢᠮ | ᠨᠢᠭᠡ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠣᠭᠲᠠᠭᠠᠯ︾ ᠤᠨ ᠨᠠᠢᠮᠠᠳᠤᠭᠠᠷ | ᠵᠦᠢᠯ ᠤᠨ ᠨᠢᠭᠡᠳᠦᠭᠡᠷ ᠵᠤᠷᠪᠤᠰ ᠲᠤ ᠄ ︽ᠠᠶᠢᠮᠠᠭ ᠤᠨ ᠵᠠᠬᠢᠷᠭ᠎ᠠ ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ ᠂ | ᠲᠤᠰᠬᠠᠢ ᠲᠤᠰᠢᠶᠠᠯᠲᠤ ᠠᠵᠢᠯᠲᠠᠨ ᠲᠣᠬᠢᠷᠠᠭᠤᠯᠬᠤ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ ᠃ | ᠶᠢᠰᠦᠳᠦᠭᠡᠷ ᠵᠦᠢᠯ ᠳᠤ ᠄ ︽ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠳᠤ ᠬᠤᠯᠪᠣᠭᠳᠠᠯ ᠪᠦᠬᠦᠢ ᠲᠠᠯ᠎ᠠ ᠶᠢᠨ ᠲᠤᠰᠬᠠᠢ ᠮᠡᠷᠭᠡᠵᠢᠯᠲᠡᠳ ᠂ | ᠡᠷᠳᠡᠮᠲᠡᠳ ᠢ ᠲᠠᠳᠠᠡ ᠣᠷᠣᠯᠴᠠᠭᠤᠯᠬᠤ ᠬᠡᠷᠡᠭᠲᠡᠢ ᠃ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠳᠤ ᠪᠠᠨ ᠲᠤᠰᠬᠠᠢ ᠲᠤᠰᠢᠶᠠᠯᠲᠠᠨ ᠢᠶᠠᠷ ᠭᠤᠣᠯᠯᠠᠭᠤᠯᠵᠤ ᠂ | ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ ᠂ ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ | ᠨᠠᠶᠢᠷᠠᠭᠤᠯᠬᠤ ᠠᠵᠢᠯᠲᠠᠳ ᠵᠣᠬᠢᠬᠤ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠢ ᠃︾ ᠭᠡᠵᠦ ᠵᠠᠰᠠᠪᠤᠷᠢ ᠣᠷᠣᠭᠤᠯᠪᠠ ᠃ | ᠠᠷᠪᠠᠨ ᠨᠢᠭᠡᠳᠦᠭᠡᠷ ᠵᠦᠢᠯ ᠳᠤ ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠨᠢ | ᠲᠤᠰ ᠵᠠᠰᠠᠭ ᠵᠠᠬᠢᠷᠭᠠᠨ ᠤ ᠣᠷᠣᠨ ᠤ ᠪᠠᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠥᠯᠦᠪᠵᠢᠭᠦᠯᠭᠡ ᠪᠠ ᠨᠠᠶᠢᠷᠠᠭᠤᠯᠬᠤ ᠲᠥᠰᠥᠯ ᠢ ᠬᠠᠷᠢᠭᠤᠴᠠᠨ | ᠲᠤᠭᠤᠷᠪᠢᠨ ᠲᠣᠭᠲᠠᠭᠠᠬᠤ ᠬᠡᠷᠡᠭᠲᠡᠢ ᠃︾ | ︽ᠠᠶᠢᠮᠠᠭ ᠬᠤᠳᠠ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠂ ᠬᠤᠰᠢᠭᠤ ᠰᠢᠶᠠᠨ ᠤ ᠱᠠᠲᠤᠨ ᠤ ᠣᠷᠣᠨ | ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠲᠤᠭᠤᠷᠪᠢᠨ ᠲᠣᠭᠲᠠᠭᠠᠭᠰᠠᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠥᠯᠥᠪᠯᠡᠭᠡ ᠪᠠ | 365赢多少钱会被限额_国内有真正的365平台吗_365bet博彩官网ᠨᠠᠶᠢᠷᠠᠭᠤᠯᠬᠤ ᠲᠥᠰᠥᠯ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠳᠤ ᠮᠡᠳᠡᠭᠦᠯᠵᠦ ᠪᠦᠷᠢᠳᠬᠡᠨ | ᠳᠠᠩᠰᠠᠯᠠᠭᠤᠯᠬᠤ ᠬᠡᠷᠡᠭᠲᠡᠢ ᠃︾ ᠭᠡᠵᠦ ᠵᠠᠰᠠᠪᠤᠷᠢ ᠣᠷᠣᠭᠤᠯᠪᠠ ᠃ | ᠠᠷᠪᠠᠨ ᠳᠣᠯᠣᠳᠤᠭᠠᠷ ᠵᠦᠢᠯ ᠂ ᠠᠷᠪᠠᠨ ᠨᠠᠢᠮᠠᠳᠤᠭᠠᠷ ᠵᠦᠢᠯ ᠢ ᠬᠠᠰᠤᠪᠠ ᠃ | ᠬᠤᠷᠢᠨ ᠵᠢᠷᠭᠤᠳᠤᠭᠠᠷ ᠵᠦᠢᠯ ᠢ ᠬᠤᠷᠢᠨ ᠳᠥᠷᠪᠡᠳᠦᠭᠡᠷ ᠵᠦᠢᠯ ᠪᠣᠯᠭᠠᠨ ᠬᠤᠪᠢᠷᠠᠭᠤᠯᠬᠤ ᠪᠥᠭᠡᠳ᠄ ︽ᠨᠠᠶᠢᠷᠠᠭᠤᠯᠬᠤ ᠨᠢᠭᠡᠴᠢ ᠳᠤ ᠳᠠᠷᠠᠭᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠨ᠎ᠠ ︔ ᠦᠢᠯᠡ ᠪᠠᠶᠢᠳᠠᠯ | ᠨᠢ ᠬᠦᠨᠳᠦ ᠨᠣᠴᠢᠲᠠᠢ ᠪᠣᠯ ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠬᠤ ᠬᠥᠮᠥᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ | ᠬᠠᠤᠯᠢ ᠶᠣᠰᠣᠭᠠᠷ ᠰᠢᠢᠳᠬᠡᠯ ᠥᠭᠭᠦᠨ᠎ᠡ ᠄ | ︵ ᠨᠢᠭᠡ ︶ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ ᠪᠤᠶᠤ ᠣᠷᠣᠨ ᠨᠤᠲᠤᠭ ᠤᠨ ᠣᠶᠢᠯᠠᠯᠭ᠎ᠠ ᠶᠢ | ᠨᠠᠶᠢᠷᠠᠭᠤᠯᠬᠤ ᠡᠭᠦᠷᠭᠡ ᠪᠠᠨ ᠲᠣᠭᠲᠠᠭᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠦᠭᠡᠢ ︔ | ︵ ᠬᠤᠶᠠᠷ ︶ ᠦᠨᠡᠯᠡᠨ ᠬᠢᠨᠠᠵᠤ ᠰᠢᠯᠭᠠᠨ ᠬᠤᠷᠢᠶᠠᠬᠤ ᠶᠢ ᠳᠠᠮᠵᠢᠭᠰᠠᠨ ᠦᠭᠡᠢ ᠪᠠᠷ ᠳᠤᠷ᠎ᠠ ᠮᠡᠳᠡᠨ ᠬᠡᠪᠯᠡᠭᠦᠯᠦᠭᠰᠡᠨ ︔ | ︵ ᠭᠤᠷᠪᠠ ︶ ᠣᠷᠣᠨ ᠨᠤᠲᠤᠭ ᠤᠨ ᠣᠶᠢᠯᠠᠯᠭ᠎ᠠ ᠶᠢᠨ ᠡᠬᠡ ᠪᠢᠴᠢᠭ ᠢ ᠰᠢᠯᠭᠠᠨ ᠬᠤᠷᠢᠶᠠᠭᠰᠠᠨ ᠤ ᠳᠠᠷᠠᠭ᠎ᠠ ᠂ ᠠᠭᠤᠯᠭ᠎ᠠ ᠶᠢ ᠨᠢ ᠳᠤᠷ᠎ᠠ ᠪᠠᠷ ᠨᠥᠬᠦᠪᠦᠷᠢᠯᠡᠭᠰᠡᠨ ᠂ | ᠬᠠᠰᠤᠭᠰᠠᠨ ᠂ ᠥᠭᠡᠷᠡᠴᠢᠯᠡᠭᠰᠡᠨ ᠃︾ ᠭᠡᠵᠦ ᠵᠠᠰᠠᠪᠤᠷᠢ ᠣᠷᠣᠭᠤᠯᠪᠠ ᠃ | ᠬᠤᠷᠢᠨ ᠨᠠᠢᠮᠠᠳᠤᠭᠠᠷ ᠵᠦᠢᠯ ᠢ ᠬᠤᠷᠢᠨ ᠵᠢᠷᠭᠤᠳᠤᠭᠠᠷ ᠵᠦᠢᠯ ᠪᠣᠯᠭᠠᠨ ᠬᠤᠪᠢᠷᠠᠭᠤᠯᠤᠭᠰᠠᠨ ᠪᠥᠭᠡᠳ ᠄ ︽ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ | ᠬᠠᠷᠢᠭᠤᠴᠠᠵᠤ ᠪᠠᠶᠢᠭ᠎ᠠ ᠪᠠᠶᠢᠭᠤᠯᠤᠮᠵᠢ ᠵᠢᠴᠢ ᠠᠵᠢᠯᠲᠠᠨ ᠳᠤ ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ ᠂ ᠲᠡᠭᠦᠨ ᠤ ᠠᠵᠢᠯᠯᠠᠵᠤ ᠪᠠᠶᠢᠭ᠎ᠠ ᠨᠢᠭᠡᠴᠢ ᠪᠤᠶᠤ | ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠨ᠎ᠠ ︔ ᠪᠠᠶᠢᠳᠠᠯ ᠨᠢ ᠬᠦᠨᠳᠦ ᠨᠣᠴᠢᠲᠠᠢ ᠪᠣᠯ ᠂ ᠬᠠᠷᠢᠭᠤᠴᠠᠯᠭ᠎ᠠ | ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠬᠤ ᠬᠥᠮᠥᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ ᠄ | ︵ᠨᠢᠭᠡ ︶ ᠵᠢᠭᠠᠨ ᠵᠢᠯᠤᠭᠤᠳᠬᠤ ᠪᠠ ᠰᠢᠮᠳᠠᠭᠤᠯᠤᠨ ᠪᠠᠶᠢᠴᠠᠭᠠᠬᠤ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ ︔ | ︵ ᠬᠤᠶᠠᠷ ︶ ᠣᠷᠣᠨ ᠨᠤᠲᠤᠭ ᠤᠨ ᠣᠶᠢᠯᠠᠯᠭ᠎ᠠ ᠶᠢᠨ ᠪᠢᠴᠢᠭ ᠢ ᠲᠣᠭᠲᠠᠭᠠᠯ ᠶᠣᠰᠣᠭᠠᠷ ᠦᠨᠡᠯᠡᠨ ᠬᠢᠨᠠᠵᠤ ᠰᠢᠯᠭᠠᠨ ᠬᠤᠷᠢᠶᠠᠭᠰᠠᠨ ᠦᠭᠡᠢ ︔ | ︵ ᠭᠤᠷᠪᠠ ︶ ᠮᠠᠲ᠋ᠧᠷᠢᠶᠠᠯ ᠤᠳ ᠢ ᠲᠣᠭᠲᠠᠭᠠᠯ ᠶᠣᠰᠣᠭᠠᠷ ᠬᠤᠷᠢᠶᠠᠨ ᠴᠤᠭᠯᠠᠭᠤᠯᠵᠤ ᠬᠠᠳᠠᠭᠠᠯᠠᠭᠰᠠᠨ ᠦᠭᠡᠢ ︔ | ︵ ᠳᠥᠷᠪᠡ ︶ ᠣᠷᠣᠨ ᠨᠤᠲᠤᠭ ᠤᠨ ᠣᠶᠢᠯᠠᠯᠭ᠎ᠠ ᠶᠢᠨ ᠡᠬᠡ ᠪᠢᠴᠢᠭ ᠢ ᠬᠤᠪᠢ ᠬᠥᠮᠥᠨ ᠤ ᠪᠦᠲᠦᠭᠡᠯ ᠪᠣᠯᠭᠠᠨ ᠨᠡᠶᠢᠲᠡᠯᠡᠭᠰᠡᠨ ᠃︾ ᠭᠡᠵᠦ ᠵᠠᠰᠠᠪᠤᠷᠢ | ᠣᠷᠣᠭᠤᠯᠪᠠ ᠃ | ︽ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ | ᠭᠡᠳᠡᠭ ᠢ ᠴᠥᠮ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠵᠦ ᠵᠠᠰᠠᠵᠤ ᠂ ︽ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠳᠡᠭ ᠢ ᠴᠥᠮ ︽ᠲᠤᠰ ᠱᠠᠲᠤᠨ ᠤ | ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠵᠦ ᠵᠠᠰᠠᠵᠤ ᠂ ︽ᠲᠤᠰ ᠱᠠᠲᠤᠨ ᠤ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠳᠡᠭ ᠢ ᠴᠥᠮ ︽ᠲᠤᠰ ᠱᠠᠲᠤᠨ ᠤ ᠪᠤᠶᠤ ᠳᠡᠭᠡᠷ᠎ᠡ ᠨᠢᠭᠡ ᠱᠠᠲᠤᠨ ᠤ ᠣᠷᠣᠨ | ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠵᠦ ᠵᠠᠰᠠᠵᠤ ᠂ ︽ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ | ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠳᠡᠭ ᠢ ᠴᠥᠮ ︽ᠠᠳᠠᠯᠢ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠵᠦ | ᠵᠠᠰᠠᠵᠤ᠂ ︽ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠬᠡᠪᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︾ ᠭᠡᠳᠡᠭ ᠢ ᠴᠥᠮ | ︽ᠲᠤᠰ ᠱᠠᠲᠤᠨ ᠤ ᠰᠣᠨᠢᠨ ᠮᠡᠳᠡᠭᠡ ᠬᠡᠪᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︾ ᠭᠡᠵᠦ ᠵᠠᠰᠠᠪᠤᠷᠢ ᠣᠷᠣᠭᠤᠯᠪᠠ ᠃ | ᠬᠤᠶᠠᠷ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ | ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠠᠷᠭ᠎ᠠ ︾ ᠶᠢᠨ ᠳᠥᠷᠪᠡᠳᠦᠭᠡᠷ ᠵᠦᠢᠯ ᠳᠤ ᠄ ︽ᠣᠯᠠᠨ ᠨᠡᠶᠢᠲᠡ ᠶᠢᠨ ᠠᠮᠤᠷ ᠲᠦᠪᠰᠢᠨ ᠤ | ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠳᠤ ᠵᠢᠭᠰᠠᠭᠠᠨ ᠣᠷᠣᠭᠤᠯᠪᠠᠯ ᠵᠣᠬᠢᠨ᠎ᠠ ︾ ᠭᠡᠵᠦ ᠵᠠᠰᠠᠪᠤᠷᠢ ᠣᠷᠣᠭᠤᠯᠪᠠ ᠃ | ᠳᠣᠯᠣᠳᠤᠭᠠᠷ ᠵᠦᠢᠯ ᠳᠤ ᠄ ︽ ᠳᠠᠷᠠᠭᠠᠬᠢ ᠲᠠᠯᠠᠪᠤᠷ ᠂ ᠭᠠᠵᠠᠷ ᠪᠠ ᠣᠷᠣᠨ ᠪᠠᠶᠢᠷᠢ ᠨᠤᠭᠤᠳ ᠲᠤ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ | ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠬᠡᠷᠡᠭᠲᠡᠢ ᠄ | ︵ ᠨᠢᠭᠡ ︶ ᠷᠠᠳᠢᠣ᠋ ᠂ ᠲᠧᠯᠸᠢᠰ ᠂ ᠴᠠᠬᠢᠯᠭᠠᠨ ᠬᠤᠯᠪᠣᠭ᠎ᠠ ᠂ ᠰᠢᠤᠳᠠᠨ ᠵᠡᠷᠭᠡ ᠰᠢᠰᠲ᠋ᠧᠮ ᠤᠳ ᠤᠨ ᠴᠢᠬᠤᠯᠠ ᠣᠷᠣᠨ ᠪᠠᠶᠢᠷᠢ ︔ | ︵ ᠬᠤᠶᠠᠷ ︶ ᠤᠯᠤᠰ ᠤᠨ ᠪᠠᠲᠤᠯᠠᠨ ᠬᠠᠮᠠᠭᠠᠯᠠᠯᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠢᠬᠤᠯᠠ ᠦᠢᠯᠡᠳᠬᠦᠨ ᠢ | ᠰᠤᠳᠤᠯᠤᠨ ᠦᠢᠯᠡᠳᠬᠦ ᠂ ᠦᠢᠯᠡᠳᠪᠦᠷᠢᠯᠡᠬᠦ ᠲᠠᠯᠠᠪᠤᠷ ᠭᠠᠵᠠᠷ ︔ | ︵ ᠭᠤᠷᠪᠠ ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠭᠤᠰᠤᠨ ᠤ ᠬᠥᠮᠥᠷᠭᠡ ᠂ ᠡᠵᠡᠩᠨᠡᠯᠲᠡ ᠶᠢᠨ ᠲᠠᠯᠠᠪᠤᠷ ᠪᠠ ᠲᠡᠭᠦᠨ ᠤ ᠴᠢᠬᠤᠯᠠ ᠣᠷᠣᠨ ᠪᠠᠶᠢᠷᠢ | ᠵᠢᠴᠢ ᠵᠣᠭᠤᠰ ᠮᠥᠩᠭᠦ ᠶᠢ ᠬᠠᠮᠠᠭᠠᠯᠠᠨ ᠲᠡᠭᠡᠭᠡᠪᠦᠷᠢᠯᠡᠬᠦ ᠲᠡᠷᠭᠡ ᠬᠥᠰᠬᠡ ᠵᠡᠷᠭᠡ ︔ | ︵ᠳᠥᠷᠪᠡ ︶ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠂ ᠲᠡᠷᠭᠡᠨ ᠥᠷᠲᠡᠭᠡ ᠂ ᠵᠠᠰᠠᠮᠠᠯ ᠵᠠᠮᠲᠤ ᠵᠠᠮ ᠬᠠᠷᠢᠯᠴᠠᠭ᠎ᠠ ᠂ ᠲᠡᠮᠦᠷ ᠵᠢᠮᠲᠦ ᠵᠡᠮ ᠬᠠᠷᠢᠯᠴᠠᠭ᠎ᠠ ᠂ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠴᠢᠬᠤᠯᠠ ᠣᠷᠣᠨ ᠪᠠᠶᠢᠷᠢ ᠂ ᠤᠯᠡᠠ ᠨᠡᠶᠢᠲᠡ ᠶᠢᠨ ᠵᠡᠮ ᠬᠠᠷᠢᠯᠴᠠᠭᠠᠨ ᠤ ᠪᠠᠭᠠᠵᠢ ︔ | ︵ᠲᠠᠪᠤ ︶ ᠴᠢᠬᠤᠯᠠ ᠡᠳ᠋ ᠪᠣᠳᠠᠰ ᠤᠨ ᠬᠥᠮᠥᠷᠭᠡ ᠪᠠ ᠠᠮᠤ ᠪᠤᠳᠠᠭᠠᠨ ᠤ ᠰᠠᠩ ᠬᠦᠮᠣᠷᠭᠡ ︔ | ︵ ᠵᠢᠷᠭᠤᠭ᠎ᠠ ︶ ᠠᠶᠤᠯᠲᠠᠢ ᠪᠣᠳᠠᠰ ᠢ ᠰᠤᠳᠤᠯᠤᠨ ᠦᠢᠯᠡᠳᠬᠦ ᠂ ᠦᠢᠯᠡᠳᠪᠦᠷᠢᠯᠡᠬᠦ ᠂ ᠪᠣᠷᠣᠯᠠᠭᠤᠯᠬᠤ ᠂ ᠬᠠᠳᠠᠭᠠᠯᠠᠬᠤ ᠲᠠᠯᠠᠪᠤᠷ ᠭᠠᠵᠠᠷ ᠪᠤᠶᠤ ᠬᠠᠯᠳᠠᠪᠤᠷᠢᠲᠤ | ᠴᠢᠨᠠᠷᠲᠠᠢ ᠪᠠᠺᠲ᠋ᠧᠷᠢ ᠶᠢᠨ ᠦᠷ᠎ᠡ ᠂ ᠬᠤᠣᠷᠲᠤ ᠦᠷ᠎ᠡ ᠶᠢ ᠲᠤᠷᠰᠢᠬᠤ ᠂ ᠬᠠᠮᠠᠭᠠᠯᠠᠨ ᠬᠠᠳᠠᠭᠠᠯᠠᠬᠤ ᠨᠢᠭᠡᠴᠢ ᠶᠢᠨ ᠴᠢᠬᠤᠯᠠ ᠣᠷᠣᠨ ᠪᠠᠶᠢᠷᠢ ︔ | ︵ ᠲᠤᠯᠤᠭ᠎ᠠ ︶ ᠲᠣᠮᠣ ᠬᠡᠯᠪᠡᠷᠢᠲᠦ ᠡᠨᠧᠷᠭᠢ ᠶᠢᠨ ᠬᠥᠳᠡᠯᠭᠡᠭᠴᠢ ᠬᠦᠴᠦᠨ ᠤ ᠲᠥᠬᠦᠭᠡᠷᠦᠮᠵᠢ ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠪᠠ ᠬᠤᠳᠠ ᠶᠢᠨ | ᠤᠰᠤ ᠂ ᠴᠠᠬᠢᠯᠭᠠᠨ ᠂ ᠰᠢᠲᠠᠭᠠᠯᠭ᠎ᠠ ᠶᠢᠨ ᠲᠣᠰᠣ ︵ᠰᠢᠲᠠᠮᠠᠬᠠᠢ ᠬᠡᠢ ︶᠂ ᠢᠯᠴᠢ ᠶᠢᠨ ᠬᠦᠴᠦᠨ ᠤ ᠬᠠᠩᠭᠠᠯᠭ᠎ᠠ ᠶᠢᠨ ᠲᠥᠬᠦᠭᠡᠷᠦᠮᠵᠢ ︔ | ︵ᠨᠠᠢᠮᠠ ︶ ᠠᠶᠠᠨᠴᠢᠳ ᠤᠨ ᠪᠠᠭᠤᠳᠠᠯ ᠂ ᠬᠤᠳᠠᠯᠳᠤᠭᠠᠨ ᠤ ᠲᠠᠯᠠᠪᠤᠷ ᠂ ᠵᠢᠭᠤᠯᠴᠢᠯᠠᠯ ᠤᠨ ᠦᠵᠡᠮᠵᠢᠲᠦ ᠣᠷᠣᠨ ᠂ ᠰᠣᠶᠣᠯ ᠴᠡᠩᠭᠡᠯ ᠤᠨ ᠲᠠᠯᠠᠪᠤᠷ ᠤᠨ | ᠣᠷᠣᠵᠤ ᠭᠠᠷᠬᠤ ᠭᠤᠣᠯ ᠡᠭᠦᠳᠡ ᠪᠠ ᠨᠡᠪᠲᠡᠷᠡᠯ ᠵᠠᠮ ︔ | ︵ ᠶᠢᠰᠦ ︶ ᠮᠦᠽᠧᠢ ᠂ ᠲᠡᠩᠰᠠ ᠡᠪᠬᠡᠮᠡᠯ ᠤᠨ ᠣᠷᠳᠣᠨ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠵᠢᠴᠢ ᠴᠢᠬᠤᠯᠠ ᠡᠳ᠋ ᠪᠣᠳᠠᠰ ᠢ | ᠬᠠᠳᠠᠭᠠᠯᠠᠵᠤ ᠪᠠᠶᠢᠭ᠎ᠠ ᠳᠤᠷᠠᠰᠬᠠᠯ ᠤᠨ ᠣᠷᠳᠣᠨ ᠪᠠ ᠦᠵᠡᠰᠬᠦᠯᠡᠩ ᠤᠨ ᠣᠷᠳᠣᠨ ᠵᠡᠷᠭᠡ ᠲᠠᠯᠠᠪᠤᠷ ᠭᠠᠵᠠᠷ ︔ | ︵ᠠᠷᠪᠠ ︶ ᠰᠤᠷᠭᠠᠭᠤᠯᠢ ᠂ ᠬᠡᠦᠬᠡᠳ ᠤᠨ ᠴᠡᠴᠡᠷᠯᠢᠭ ᠂ ᠡᠮᠨᠡᠯᠭᠡ ᠶᠢᠨ ᠬᠤᠷᠢᠶ᠎ᠠ ᠂ ᠨᠠᠰᠤᠲᠠᠳ ᠢ ᠠᠰᠠᠷᠠᠬᠤ ᠪᠠᠶᠢᠭᠤᠯᠤᠮᠵᠢ ᠵᠢᠴᠢ ᠠᠷᠠᠳ ᠤᠨ ᠶᠠᠪᠤᠳᠠᠯ ᠤᠨ | ᠦᠢᠯᠡᠴᠢᠯᠡᠭᠡᠨ ᠤ ᠪᠤᠰᠤᠳ ᠪᠠᠶᠢᠭᠤᠯᠤᠮᠵᠢ ᠂ ᠴᠡᠴᠡᠷᠯᠢᠭ ᠂ ᠬᠤᠳᠠ ᠶᠢᠨ ᠠᠭᠤᠳᠠᠮ ᠲᠠᠯᠠᠪᠠᠢ ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠂ ᠭᠠᠵᠠᠷ ᠳᠣᠣᠷᠠᠬᠢ 365赢多少钱会被限额_国内有真正的365平台吗_365bet博彩官网 | ᠶᠠᠪᠠᠭᠠᠨ ᠵᠠᠮ ᠵᠡᠷᠭᠡ ᠬᠥᠮᠥᠨ ᠤᠯᠠᠨ ᠲᠠᠯᠠᠪᠤᠷ ᠭᠠᠵᠠᠷ ︔ | ︵ᠠᠷᠪᠠᠨ ᠨᠢᠭᠡ ︶ ᠲᠥᠷᠦ ᠶᠢᠨ ᠪᠠᠶᠢᠭᠤᠯᠭ᠎ᠠ ᠂ ᠠᠷᠠᠳ ᠤᠨ ᠪᠦᠯᠬᠦᠮ ᠂ ᠠᠵᠢᠯ ᠦᠢᠯᠡᠰ ᠤᠨ ᠨᠢᠭᠡᠴᠢ ᠂ ᠲᠣᠮᠣ ᠬᠡᠯᠪᠡᠷᠢ ᠶᠢᠨ ᠠᠵᠤ ᠠᠬᠤᠶᠢᠯᠠᠯ ᠂ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠤᠯᠡᠠ ᠨᠡᠶᠢᠲᠡ ᠶᠢᠨ ᠣᠷᠣᠨ ᠪᠦᠰᠡ ᠪᠠ ᠴᠢᠬᠤᠯᠠ ᠣᠷᠣᠨ ᠪᠠᠶᠢᠷᠢ︔ | ︵ᠠᠷᠪᠠᠨ ᠬᠤᠶᠠᠷ ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠠᠮᠤᠷ ᠢ ᠬᠠᠮᠠᠭᠠᠯᠠᠬᠤ | ᠭᠤᠣᠯᠳᠠᠯᠭ᠎ᠠ ᠪᠣᠯᠬᠤ ᠨᠢᠭᠡᠴᠢ ᠨᠦᠭᠦᠳ ᠤᠨ ᠪᠤᠰᠤᠳ ᠬᠠᠮᠢᠶ᠎ᠠ ᠪᠦᠬᠦᠢ ᠲᠠᠯᠠᠪᠤᠷ ᠭᠠᠵᠠᠷ ᠪᠤᠶᠤ ᠣᠷᠣᠨ ᠪᠠᠶᠢᠷᠢ ︔ | ︵ ᠠᠷᠪᠠᠨ ᠭᠤᠷᠪᠠ ︶ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠣᠭᠲᠠᠭᠠᠯ ᠳᠦᠷᠢᠮ ᠳᠤ ᠲᠣᠭᠲᠠᠭᠠᠭᠰᠠᠨ ᠣᠯᠠᠨ ᠨᠡᠶᠢᠲᠡ ᠶᠢᠨ ᠠᠮᠤᠷ ᠲᠦᠪᠰᠢᠨ ᠤ | ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠴᠢᠬᠤᠯᠠᠲᠠᠢ ᠪᠤᠰᠤᠳ ᠲᠠᠯᠠᠪᠤᠷ ᠭᠠᠵᠠᠷ ᠪᠤᠶᠤ ᠣᠷᠣᠨ ᠪᠠᠶᠢᠷᠢ ᠃︾ | ᠭᠡᠵᠦ ᠵᠠᠰᠠᠪᠤᠷᠢ ᠣᠷᠣᠭᠤᠯᠪᠠ ᠃ | ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ ᠃ | ᠠᠷᠪᠠᠨ ᠨᠠᠢᠮᠠᠳᠤᠭᠠᠷ ᠵᠦᠢᠯ ᠳᠤ ᠄ ︽ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ | ᠰᠢᠰᠲ᠋ᠧᠮ ᠢ ᠬᠡᠷᠡᠭᠯᠡᠬᠦ ᠨᠢᠭᠡᠴᠢ ᠨᠢ ᠳᠠᠷᠠᠭᠠᠬᠢ ᠠᠷᠭ᠎ᠠ ᠬᠡᠮᠵᠢᠶ᠎ᠡ ᠨᠦᠭᠦᠳ ᠢ ᠠᠪᠴᠤ ᠂ ᠰᠢᠰᠲ᠋ᠧᠮ ᠤᠨ ᠠᠶᠤᠯ ᠦᠭᠡᠢ ᠪᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠄ | ︵ ᠨᠢᠭᠡ ︶ ᠵᠢᠵᠢᠭᠦᠷᠯᠡᠬᠦ ᠂ ᠡᠳᠦᠷ ᠲᠤᠳᠤᠮ ᠤᠨ ᠪᠠᠶᠢᠴᠠᠭᠠᠯᠲᠠ ᠬᠢᠬᠦ ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠵᠤ ᠬᠠᠮᠠᠭᠠᠯᠠᠬᠤ ᠂ ᠵᠢᠷᠤᠭ ᠳᠦᠷᠰᠦᠲᠦ | ᠮᠡᠳᠡᠭᠡ ᠵᠠᠩᠭᠢ ᠶᠢ ᠬᠡᠷᠡᠭᠯᠡᠬᠦ ᠶᠢ ᠪᠦᠷᠢᠳᠬᠡᠨ ᠳᠠᠩᠰᠠᠯᠠᠬᠤ ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠵᠡᠷᠭᠡ ᠳᠦᠷᠢᠮ ᠢ ᠪᠠᠶᠢᠭᠤᠯᠬᠤ ᠬᠡᠷᠡᠭᠲᠡᠶ ︔ | ︵ ᠬᠤᠶᠠᠷ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠠᠷᠠᠴᠢᠯᠠᠵᠤ | ᠬᠠᠮᠠᠭᠠᠯᠠᠬᠤ ᠪᠠ ᠠᠵᠢᠯᠯᠠᠭᠴᠢ ᠠᠵᠢᠯᠲᠠᠨ ᠲᠤᠰᠬᠠᠢ ᠮᠡᠷᠭᠡᠵᠢᠯ ᠤᠨ ᠪᠣᠯᠪᠠᠰᠤᠷᠠᠯ ᠭᠥᠷᠳᠡᠭᠰᠡᠨ ᠪᠠᠶᠢᠬᠤ ᠬᠡᠷᠡᠭᠲᠡᠶ ︔ | ︵ ᠭᠤᠷᠪᠠ ︶ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠲᠣᠭᠲᠠᠭᠠᠵᠤ ᠂ ᠰᠣᠷᠢᠯᠲᠠ ᠬᠢᠬᠦ ᠠᠵᠢᠯ ᠢ | ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠡᠢ ︔ | ︵ ᠳᠥᠷᠪᠡ ︶ ᠰᠢᠰᠲ᠋ᠧᠮ ᠳᠤ ᠵᠢᠷᠤᠭ ᠳᠦᠷᠰᠦ ᠬᠠᠳᠠᠭᠠᠯᠠᠬᠤ ᠴᠠᠭ ᠪᠠ ᠶᠠᠰᠤ ᠴᠢᠨᠠᠷ ᠨᠢ ᠬᠠᠮᠢᠶ᠎ᠠ ᠪᠦᠬᠦᠢ ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ ᠂ ᠠᠩᠬᠠᠨ ᠤ ᠵᠢᠷᠤᠭ ᠳᠦᠷᠰᠦᠲᠦ ᠮᠡᠳᠡᠭᠡ ᠵᠠᠩᠭᠢ ᠶᠢ ᠬᠠᠳᠠᠭᠠᠯᠠᠬᠤ ᠴᠠᠭ ᠨᠢ ᠭᠤᠴᠢᠨ ᠡᠳᠦᠷ ᠠᠴᠠ ᠳᠡᠭᠡᠭᠰᠢ ᠪᠠᠶᠢᠬᠤ ᠬᠡᠷᠡᠭᠲᠡᠢ ᠃ ᠬᠠᠤᠯᠢ ᠴᠠᠭᠠᠵᠠ ᠂ | ᠬᠠᠤᠯᠢ ᠲᠣᠭᠲᠠᠭᠠᠯ ᠳᠤ ᠪᠤᠶᠤ ᠤᠯᠤᠰ ᠠᠴᠠ ᠠᠰᠲᠠᠭᠠᠨ ᠲᠣᠭᠲᠠᠭᠠᠯ ᠪᠠᠶᠢᠪᠠᠯ ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ ︔ | ︵ ᠲᠠᠪᠤ ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢᠶᠠᠨ ᠪᠤᠰᠤᠳ | ᠨᠢᠭᠡᠴᠢ ᠳᠤ ᠨᠠᠶᠢᠳᠠᠨ ᠠᠵᠢᠯᠯᠠᠭᠤᠯᠬᠤ ᠂ ᠠᠷᠠᠴᠢᠯᠠᠵᠤ ᠬᠠᠮᠠᠭᠠᠯᠠᠭᠤᠯᠬᠤ ᠳᠤ ᠂ ᠬᠤᠶᠠᠷ ᠲᠠᠯ᠎ᠠ ᠪᠠᠷ ᠢᠶᠠᠨ ᠰᠢᠰᠲ᠋ᠧᠮ ᠢ ᠠᠮᠤᠷ ᠲᠦᠪᠰᠢᠨ ᠢᠶᠠᠷ ᠠᠵᠢᠯᠯᠠᠭᠤᠯᠬᠤ ᠶᠢ | ᠪᠠᠲᠤᠯᠠᠬᠤ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ ᠃︾ ᠭᠡᠵᠦ ᠵᠠᠰᠠᠪᠤᠷᠢ ᠣᠷᠣᠭᠤᠯᠪᠠ ᠃ | ᠠᠷᠪᠠ ᠶᠢᠰᠦᠳᠦᠭᠡᠷ ᠵᠦᠢᠯ ᠳᠤ ᠄ ︽ ᠶᠠᠮᠠᠷᠪᠠ ᠨᠢᠭᠡᠴᠢ ᠪᠠ ᠬᠤᠪᠢ ᠬᠥᠮᠥᠨ ᠳᠤ ᠳᠠᠷᠠᠭᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ ᠄ | ︵ᠨᠢᠭᠡ ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠤᠯᠠᠨ ᠨᠡᠶᠢᠲᠡ ᠶᠢᠨ ᠠᠮᠤᠷ ᠲᠦᠪᠰᠢᠨ ᠤ | ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠪᠡᠯᠡᠳᠬᠡᠮᠵᠢ ᠂ ᠲᠥᠬᠦᠭᠡᠷᠦᠮᠵᠢ ᠶᠢ ᠬᠠᠤᠯᠢ ᠶᠣᠰᠣᠭᠠᠷ ᠠᠰᠢᠭᠯᠠᠬᠤ ᠵᠢᠴᠢ | ᠵᠢᠷᠤᠭ ᠳᠦᠷᠰᠦᠲᠦ ᠮᠡᠳᠡᠭᠡ ᠵᠠᠩᠭᠢ ᠶᠢ ᠰᠢᠯᠵᠢᠭᠦᠯᠦᠨ ᠠᠪᠬᠤ ᠶᠢ ᠲᠡᠪᠴᠢᠭᠰᠡᠨ ᠂ ᠬᠠᠷᠰᠢᠯᠠᠭᠰᠠᠨ ︔ | ︵ᠬᠤᠶᠠᠷ ︶ ᠬᠠᠳᠠᠭᠠᠯᠠᠯᠲᠠ ᠶᠢᠨ ᠬᠤᠭᠤᠴᠠᠭᠠᠨ ᠳᠠᠬᠢ ᠵᠢᠷᠤᠭ ᠳᠦᠷᠰᠦᠲᠦ ᠮᠡᠳᠡᠭᠡ ᠵᠠᠩᠭᠢ ᠶᠢᠨ ᠠᠩᠬᠠᠨ ᠤ ᠲᠡᠮᠳᠡᠭᠯᠡᠯ ᠢ ᠳᠤᠷ᠎ᠠ ᠪᠠᠷ ᠢᠶᠠᠨ ᠬᠠᠰᠤᠵᠤ | ᠥᠭᠡᠷᠡᠴᠢᠯᠡᠭᠰᠡᠨ ᠂ ᠵᠣᠷᠢᠭᠤᠳᠠ ᠨᠢᠭᠤᠭᠰᠠᠨ ᠂ ᠡᠪᠳᠡᠯᠡᠵᠦ ᠬᠠᠶᠠᠭᠰᠠᠨ ︔ | ︵ᠭᠤᠷᠪᠠ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ | ᠠᠵᠢᠯᠯᠠᠭᠠᠨ ᠤ ᠵᠢᠷᠤᠮ ᠪᠠ ᠲᠡᠮᠳᠡᠭᠯᠡᠯ ᠢ ᠡᠪᠳᠡᠭᠰᠡᠨ ︔ | ︵ᠳᠥᠷᠪᠡ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠨᠢᠭᠤᠴᠠ ᠶᠢ | ᠵᠠᠳᠠᠷᠠᠭᠤᠯᠤᠭᠰᠠᠨ ︔ | ︵ᠲᠠᠪᠤ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠮᠠᠲ᠋ᠧᠷᠢᠶᠠᠯ ᠤᠳ ᠢ ᠬᠠᠤᠯᠢ | ᠪᠤᠰᠤ ᠪᠠᠷ ᠬᠠᠩᠭᠠᠭᠰᠠᠨ ᠂ ᠬᠡᠷᠡᠭᠯᠡᠭᠰᠡᠨ ᠂ ᠳᠠᠮᠵᠢᠭᠤᠯᠤᠭᠰᠠᠨ ᠂ ᠪᠠᠭᠤᠯᠭᠠᠭᠰᠠᠨ ︔ | ︵ᠵᠢᠷᠭᠤᠭ᠎ᠠ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠴᠡᠭᠡ ᠂ | ᠡᠷᠬᠡ ᠶᠢᠨ ᠬᠢᠵᠠᠭᠠᠷ ᠪᠠ ᠬᠡᠪᠴᠢᠶ᠎ᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ︔ | ︵ᠳᠣᠯᠤᠭ᠎ᠠ ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠡᠪ ᠤᠨ ᠠᠵᠢᠯᠯᠠᠭᠠᠨ ᠢ | ᠨᠥᠯᠥᠭᠡᠯᠡᠬᠦ ᠪᠤᠰᠤᠳ ᠦᠢᠯᠡ ᠠᠵᠢᠯᠯᠠᠭ᠎ᠠ ᠨᠤᠭᠤᠳ ᠃︾ ᠭᠡᠵᠦ ᠵᠠᠰᠠᠪᠤᠷᠢ ᠣᠷᠣᠭᠤᠯᠪᠠ ᠃ | ︽ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠬᠦ | ᠪᠣᠳᠠᠲᠠᠢ ᠲᠣᠭᠲᠠᠭᠠᠯ ᠤᠳ ᠢ ᠨᠢᠭᠡᠨᠲᠡ ᠲᠣᠭᠲᠠᠭᠠᠭᠰᠠᠨ ᠪᠠᠶᠢᠪᠠᠯ ᠂ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ ᠃︾ ᠭᠡᠬᠦ ᠵᠦᠢᠯ ᠢ ᠰᠢᠨ᠎ᠡ ᠪᠠᠷ ᠨᠡᠮᠡᠵᠦ ᠬᠤᠷᠢᠨ | ᠨᠢᠭᠡᠳᠦᠭᠡᠷ ᠵᠦᠢᠯ ᠪᠣᠯᠭᠠᠪᠠ ᠃ | ᠬᠤᠷᠢᠨ ᠨᠢᠭᠡᠳᠦᠭᠡᠷ ᠵᠦᠢᠯ ᠢ ᠬᠤᠷᠢᠨ ᠬᠤᠶᠠᠳᠤᠭᠠᠷ ᠵᠦᠢᠯ ᠪᠣᠯᠭᠠᠵᠤ ᠄ ︽ᠲᠤᠰ ᠠᠷᠭ᠎ᠠ ᠶᠢᠨ ᠳᠣᠯᠣᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ ᠂ | ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠴᠢᠬᠤᠯᠠᠲᠠᠢ ᠪᠠᠶᠢᠬᠤ ᠳᠤ | ᠤᠭᠰᠠᠷᠠᠭᠰᠠᠨ ᠦᠭᠡᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠬᠤ ᠪᠠᠷ ᠵᠠᠷᠯᠢᠭᠳᠠᠨ᠎ᠠ ︔ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ ᠂ ᠪᠠᠶᠢᠭᠤᠯᠭ᠎ᠠ ᠶᠢ ᠨᠢ 5000 | ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠨ᠎ᠠ ︔ ᠬᠦᠨᠳᠦ ᠨᠣᠴᠢᠲᠠᠢ ᠦᠷ᠎ᠡ ᠨᠥᠯᠥᠭᠡ ᠭᠠᠷᠭᠠᠭᠰᠠᠨ ᠪᠠᠶᠢᠪᠠᠯ ᠂ | ᠪᠠᠶᠢᠭᠤᠯᠭ᠎ᠠ ᠶᠢ ᠨᠢ ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠵᠤ ᠂ ᠬᠠᠷᠢᠭᠤᠴᠠᠯᠭ᠎ᠠ | ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ | ᠶᠣᠰᠣᠭᠠᠷ ᠰᠢᠢᠳᠬᠡᠯ ᠥᠭᠭᠦᠨ᠎ᠡ ︾ ᠭᠡᠵᠦ ᠵᠠᠰᠠᠪᠤᠷᠢ ᠣᠷᠣᠭᠤᠯᠪᠠ ᠃ | ᠬᠤᠷᠢᠨ ᠬᠤᠶᠠᠳᠤᠭᠠᠷ ᠵᠦᠢᠯ ᠢ ᠬᠠᠰᠤᠪᠠ ᠃ | ᠬᠤᠷᠢᠨ ᠳᠥᠷᠪᠡᠳᠦᠭᠡᠷ ᠵᠦᠢᠯ ᠳᠤ ᠄ ︽ᠲᠤᠰ ᠠᠷᠭ᠎ᠠ ᠶᠢᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ ᠂ ᠳᠠᠷᠠᠭᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ | ᠨᠢᠭᠡᠴᠢ ᠠᠴᠠ ᠪᠠᠶᠢᠭᠤᠯᠭ᠎ᠠ ᠶᠢ ᠨᠢ 5000 ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠵᠤ ᠂ ᠬᠤᠪᠢ | ᠬᠥᠮᠥᠨ ᠢ ᠨᠢ ᠮᠢᠩᠭᠠᠨ ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠨ᠎ᠠ ︔ ᠶᠠᠯ᠎ᠠ ᠳᠤ ᠬᠦᠷᠦᠭᠰᠡᠨ ᠪᠠᠶᠢᠪᠠᠯ ᠂ | ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ ᠄ | ︵ᠨᠢᠭᠡ ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠤᠯᠠᠨ ᠨᠡᠶᠢᠲᠡ ᠶᠢᠨ ᠠᠮᠤᠷ ᠲᠦᠪᠰᠢᠨ ᠤ | ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠲᠥᠬᠦᠭᠡᠷᠦᠮᠵᠢ ᠂ ᠪᠡᠯᠡᠳᠬᠡᠮᠵᠢ ᠶᠢ ᠬᠠᠤᠯᠢ ᠶᠣᠰᠣᠭᠠᠷ ᠬᠡᠷᠡᠭᠯᠡᠬᠦ ᠵᠢᠴᠢ ᠵᠢᠷᠤᠭ | ᠳᠦᠷᠰᠦᠲᠦ ᠮᠡᠳᠡᠭᠡ ᠵᠠᠩᠭᠢ ᠶᠢ ᠰᠢᠯᠵᠢᠭᠦᠯᠦᠨ ᠠᠪᠬᠤ ᠶᠢ ᠲᠡᠪᠴᠢᠭᠰᠡᠨ ᠂ ᠬᠠᠷᠰᠢᠯᠠᠭᠰᠠᠨ ︔ | ︵ᠬᠤᠶᠠᠷ ︶ ᠬᠠᠳᠠᠭᠠᠯᠠᠯᠲᠠ ᠶᠢᠨ ᠬᠤᠭᠤᠴᠠᠭᠠᠨ ᠳᠠᠬᠢ ᠵᠢᠷᠤᠭ ᠳᠦᠷᠰᠦᠲᠦ ᠮᠡᠳᠡᠭᠡ ᠵᠠᠩᠭᠢ ᠶᠢᠨ ᠠᠩᠬᠠᠨ ᠤ ᠲᠡᠮᠳᠡᠭᠯᠡᠯ ᠢ ᠳᠤᠷ᠎ᠠ ᠪᠠᠷ ᠢᠶᠠᠨ ᠬᠠᠰᠤᠵᠤ | ᠥᠭᠡᠷᠡᠴᠢᠯᠡᠭᠰᠡᠨ ᠂ ᠵᠣᠷᠢᠭᠤᠳᠠ ᠨᠢᠭᠤᠭᠰᠠᠨ ᠂ ᠡᠪᠳᠡᠯᠡᠵᠦ ᠬᠠᠶᠠᠭᠰᠠᠨ ︔ | ︵ᠭᠤᠷᠪᠠ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠮᠠᠲ᠋ᠧᠷᠢᠶᠠᠯ ᠤᠳ ᠢ ᠬᠠᠤᠯᠢ | ᠪᠤᠰᠤ ᠪᠠᠷ ᠬᠠᠩᠭᠠᠭᠰᠠᠨ ᠂ ᠬᠡᠷᠡᠭᠯᠡᠭᠰᠡᠨ ᠂ ᠳᠠᠮᠵᠢᠭᠤᠯᠤᠭᠰᠠᠨ ᠂ ᠪᠠᠭᠤᠯᠭᠠᠭᠰᠠᠨ ︔ | ︵ᠳᠥᠷᠪᠡ ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠴᠡᠭᠡ ᠂ | ᠡᠷᠬᠡ ᠶᠢᠨ ᠬᠢᠵᠠᠭᠠᠷ ᠪᠠ ᠬᠡᠪᠴᠢᠶ᠎ᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠃︾ ᠭᠡᠵᠦ ᠵᠠᠰᠠᠪᠤᠷᠢ ᠣᠷᠣᠭᠤᠯᠪᠠ ᠃ | ᠬᠤᠷᠢᠨ ᠲᠠᠪᠤᠳᠤᠭᠠᠷ ᠵᠦᠢᠯ ᠢ ᠬᠠᠰᠤᠪᠠ ᠃ | ᠬᠤᠷᠢᠨ ᠵᠢᠷᠭᠤᠳᠤᠭᠠᠷ ᠵᠦᠢᠯ ᠢ ᠬᠤᠷᠢᠨ ᠲᠠᠪᠤᠳᠤᠭᠠᠷ ᠵᠦᠢᠯ ᠪᠣᠯᠭᠠᠨ ᠬᠤᠪᠢᠷᠠᠭᠤᠯᠵᠤ ᠄ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠲᠡᠭᠦᠨ ᠤ | ᠠᠵᠢᠯᠲᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ | ᠵᠠᠩᠭᠢ ᠶᠢᠨ ᠰᠢᠰᠲ᠋ᠧᠮ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠂ ᠡᠰᠡᠬᠦᠯ᠎ᠡ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠂ ᠡᠭᠦᠷᠭᠡ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ | ᠵᠥᠷᠢᠴᠡᠭᠰᠡᠨ ᠪᠠᠶᠢᠪᠠᠯ ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ | ᠶᠣᠰᠣᠭᠠᠷ ᠰᠢᠢᠳᠬᠡᠯ ᠥᠭᠬᠦᠨ᠎ᠡ ︔ ᠶᠠᠯ᠎ᠠ ᠳᠤ ᠬᠦᠷᠦᠭᠰᠡᠨ ᠪᠠᠶᠢᠪᠠᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃︾ ᠭᠡᠵᠦ ᠵᠠᠰᠠᠪᠤᠷᠢ | ᠣᠷᠣᠭᠤᠯᠪᠠ ᠃ | ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︾ ᠶᠢ ᠴᠥᠮ ︽ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︾ ᠭᠡᠵᠦ ᠵᠠᠰᠠᠪᠤᠷᠢ ᠣᠷᠣᠭᠤᠯᠪᠠ ᠃ | ᠭᠤᠷᠪᠠ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ ︾ ᠶᠢᠨ ᠭᠤᠷᠪᠠᠳᠤᠭᠠᠷ ᠵᠦᠢᠯ ᠳᠤ ᠄ | ︽ᠷᠠᠳᠢᠣ᠋ ᠲᠧᠯᠸᠢᠰ ᠤᠨ ᠠᠵᠢᠯ ᠦᠢᠯᠡᠰ ᠨᠢ ᠠᠷᠠᠳ ᠲᠦᠮᠡᠨ ᠳᠤ ᠦᠢᠯᠡᠴᠢᠯᠡᠬᠦ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠳᠤ ᠦᠢᠯᠡᠴᠢᠯᠡᠬᠦ ᠶᠢ ᠪᠠᠷᠢᠮᠲᠠᠯᠠᠨ ᠂ ᠵᠥᠪ ᠣᠨᠣᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠪᠠᠳᠠᠷᠠᠭᠤᠯᠬᠤ ᠶᠢ ᠪᠠᠷᠢᠮᠲᠠᠯᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ | ᠳᠤᠪᠤᠶᠢᠯᠭᠠᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠦᠨᠳᠦᠰᠦᠨ ᠵᠠᠷᠴᠢᠮ ᠢ ᠪᠠᠷᠢᠮᠲᠠᠯᠠᠬᠤ | ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ ᠃ | ᠲᠠᠪᠤᠳᠤᠭᠠᠷ ᠵᠦᠢᠯ ᠳᠤ ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠭᠤᠣᠯ ᠰᠡᠳᠦᠪᠲᠦ ᠷᠠᠳᠢᠣ᠋ ᠲᠧᠯᠸᠢᠰ ᠤᠨ ᠫᠷᠣᠭ᠍ᠷᠠᠮ ᠤᠳ ᠢ ᠪᠦᠲᠦᠭᠡᠨ ᠦᠢᠯᠡᠳᠪᠦᠷᠢᠯᠡᠬᠦ ᠶᠢ ᠵᠣᠷᠢᠭᠵᠢᠭᠤᠯᠤᠨ ᠲᠡᠳᠬᠦᠵᠦ ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠮᠡᠳᠡᠭᠡᠯᠡᠯ ᠤᠨ ᠠᠵᠢᠯᠯᠠᠭ᠎ᠠ ᠶᠢ ᠤᠯᠠᠨ ᠵᠠᠮ ᠮᠥᠷ ᠂ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ ︾ ᠭᠡᠵᠦ ᠵᠠᠰᠠᠪᠤᠷᠢ | ᠣᠷᠣᠭᠤᠯᠪᠠ ᠃ | ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠲᠤ ᠄ ︽ᠷᠠᠳᠢᠣ᠋ ᠲᠧᠯᠸᠢᠰ ᠤᠨ ᠦᠷᠳᠡᠭᠡ ᠪᠠᠶᠢᠭᠤᠯᠬᠤ ᠳᠤ ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ | ᠬᠠᠷᠭᠤᠭᠤᠯᠵᠤ ᠂ ᠬᠠᠤᠯᠢ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ ᠃ | ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ ᠃ | ᠬᠤᠷᠢᠳᠤᠭᠠᠷ ᠵᠦᠢᠯ ᠳᠤ ᠄ ︽ᠷᠠᠳᠢᠣ᠋ ᠲᠧᠯᠸᠢᠰ ᠬᠤᠷᠢᠶ᠎ᠠ ᠨᠢ ᠥᠪᠡᠷᠰᠡᠳ ᠢᠶᠠᠨ ᠡᠷᠬᠢᠯᠡᠭᠰᠡᠨ ᠫᠷᠣᠭ᠍ᠷᠠᠮ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠭᠤᠣᠯ ᠰᠡᠳᠦᠪᠲᠦ ᠫᠷᠣᠭ᠍ᠷᠠᠮ ᠢ ᠨᠡᠮᠡᠭᠳᠡᠭᠦᠯᠬᠦ ᠬᠡᠷᠡᠭᠲᠡᠢ ︾ ᠭᠡᠵᠦ ᠵᠠᠰᠪᠣᠷᠢ ᠣᠷᠣᠭᠤᠯᠪᠠ ᠃ | ᠳᠥᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠤ ᠄ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠬᠦ ᠳᠤ ᠪᠠᠨ ᠠᠯᠢ ᠴᠢᠳᠠᠬᠤ ᠪᠠᠷ ᠷᠠᠳᠢᠣ᠋ | ᠲᠧᠯᠸᠢᠰ ᠤᠨ ᠪᠡᠯᠡᠳᠬᠡᠮᠵᠢ ᠠᠴᠠ ᠵᠠᠶᠢᠯᠠᠰᠬᠢᠬᠦ ᠬᠡᠷᠡᠭᠲᠡᠢ ᠃ ᠦᠨᠡᠨ ᠬᠦ ᠵᠠᠶᠢᠯᠠᠰᠬᠢᠬᠦ ᠶᠢᠨ ᠠᠷᠭ᠎ᠠ ᠦᠭᠡᠢ ᠠᠴᠠ ᠪᠣᠯᠵᠤ ᠷᠠᠳᠢᠣ᠋ ᠲᠧᠯᠸᠢᠰ ᠤᠨ ᠪᠡᠯᠡᠳᠬᠡᠮᠵᠢ ᠶᠢ | ᠰᠢᠯᠵᠢᠭᠦᠯᠬᠦ ᠴᠢᠬᠤᠯᠠᠲᠠᠢ ᠪᠠᠶᠢᠪᠠᠯ ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ | ᠵᠥᠪᠰᠢᠶᠡᠷᠡᠬᠦ ᠠᠴᠠ ᠪᠠᠨ ᠡᠮᠦᠨ᠎ᠡ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠪᠠᠶᠢᠵᠤ ᠂ ᠨᠡᠭᠦᠯᠭᠡᠨ | ᠪᠠᠶᠢᠭᠤᠯᠬᠤ ᠳᠤ ᠬᠡᠷᠡᠭᠰᠡᠬᠦ ᠵᠠᠷᠤᠳᠠᠯ ᠢ ᠷᠠᠳᠢᠣ᠋ ᠲᠧᠯᠸᠢᠰ ᠤᠨ ᠪᠡᠯᠡᠳᠬᠡᠮᠵᠢ ᠶᠢ ᠨᠡᠭᠦᠯᠭᠡᠨ ᠪᠠᠶᠢᠭᠤᠯᠬᠤ ᠪᠣᠯᠭᠠᠭᠰᠠᠨ ᠨᠢᠭᠡᠴᠢ ᠠᠴᠠ ᠳᠠᠭᠠᠭᠠᠨ ᠡᠭᠦᠷᠭᠡᠯᠡᠬᠦ ᠬᠡᠷᠡᠭᠲᠡᠢ ︾ | ᠭᠡᠵᠦ ᠵᠠᠰᠠᠪᠤᠷᠢ ᠣᠷᠣᠭᠤᠯᠪᠠ ᠃ | ᠳᠥᠴᠢᠨ ᠳᠣᠯᠣᠳᠤᠭᠠᠷ ᠵᠦᠢᠯ ᠢ ᠬᠠᠰᠤᠪᠠ ᠃ | ᠳᠠᠭᠠᠯᠳᠤᠭᠤᠯᠤᠯ 2 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ | ᠲᠣᠭᠲᠠᠭᠠᠯ ᠳᠦᠷᠢᠮ | ᠨᠢᠭᠡ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠢᠯᠭᠠᠨ ᠦᠨᠡᠯᠡᠭᠦ | ᠠᠷᠭ᠎ᠠ ︾ ︵2017 ᠣᠨ ᠤ 2 ᠳ᠋ᠤᠭᠠᠷ ᠰᠠᠷ᠎ᠠ ᠶᠢᠨ 17 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠠᠷᠯᠢᠭ ᠤᠨ 223 ᠳ᠋ᠤᠭᠠᠷ ᠲᠣᠭᠠᠲᠤ ᠪᠠᠷ ᠨᠡᠶᠢᠲᠡᠯᠡᠪᠡ ︶ | ᠬᠤᠶᠠᠷ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠢᠴᠡᠳᠬᠡᠯ | ᠲᠣᠭᠠᠨ ᠤ ᠲᠣᠭᠲᠠᠯᠴᠠᠭ᠎ᠠ ︵2016 ︱ 2020 ᠣᠨ ︶︾ ︵ 2017 ᠣᠨ ᠤ 4 ᠳ᠋ᠦ᠋ᠭᠡᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 225 ᠳ᠋ᠤᠭᠠᠷ ᠲᠣᠭᠠᠲᠤ ᠪᠠᠷ ᠨᠡᠶᠢᠲᠡᠯᠡᠪᠡ ︶ | | | | | | ᠬᠤᠪᠢᠳᠠᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ | ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠂ ᠳᠡᠳ᠋ ᠨᠠᠷᠢᠨ ᠪᠢᠴᠢᠭ ᠤᠨ ᠳᠠᠷᠤᠭ᠎ᠠ ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠷᠬᠢᠯᠡᠭᠴᠢ ᠂ ᠳᠡᠳ᠋ | ᠡᠷᠬᠢᠯᠡᠭᠴᠢ ᠂ ᠡᠯ᠎ᠡ ᠠᠶᠢᠮᠠᠭ ᠤᠨ ᠵᠠᠬᠢᠷᠭ᠎ᠠ ᠂ ᠬᠤᠲᠡ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ | ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ | ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠳᠣᠷᠣ ᠶᠢᠨ ᠵᠥᠪᠯᠡᠯᠭᠡᠨ ᠤ ᠠᠯᠪᠠᠨ ᠲᠢᠩᠬᠢᠮ ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ | ᠬᠤᠷᠢᠶ᠎ᠠ ᠃ | ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 10 ᠳ᠋ᠤᠭᠠᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ | | | |