ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠰᠢᠨ᠎ᠡ ᠨᠢᠭᠡ | ᠬᠤᠭᠤᠴᠠᠭᠠᠨ ᠤ ᠲᠥᠷᠥ ᠶᠢᠨ ᠤᠳᠤᠷᠢᠳᠬᠤ ᠬᠥᠮᠥᠰ ᠢ ᠰᠣᠩᠭᠤᠨ ᠭᠠᠷᠭᠠᠪᠠ | ᠰᠢ ᠶᠢᠨ ᠫᠢᠩ ᠪᠦᠷᠢᠨ ᠪᠢᠯᠧᠲ ᠢᠶᠠᠷ ᠤᠯᠤᠰ ᠤᠨ ᠲᠡᠷᠢᠭᠦᠯᠡᠭᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠪᠠ | ᠵᠣᠣ ᠯᠧ ᠵᠢᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ | ᠰᠣᠩᠭᠤᠭᠳᠠᠪᠠ | ᠬᠠᠨ ᠵᠧᠩ ᠤᠯᠤᠰ ᠤᠨ ᠳᠡᠳ᠋ ᠲᠡᠷᠢᠭᠦᠯᠡᠭᠴᠢ ᠪᠠᠷ ᠰᠣᠩᠭᠤᠭᠳᠠᠪᠠ | ᠰᠢᠨ᠎ᠡ ᠪᠠᠷ ᠰᠣᠩᠭᠤᠭᠳᠠᠭᠰᠠᠨ ᠳᠦᠷᠦ ᠶᠢᠨ ᠤᠳᠤᠷᠢᠳᠬᠤ ᠬᠥᠮᠥᠰ ᠦᠨᠳᠦᠰᠦᠨ ᠬᠠᠤᠯᠢ ᠳᠤ ᠲᠠᠩᠭᠠᠷᠢᠭᠯᠠᠪᠠ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠢ ᠵᠥᠪᠰᠢᠶᠡᠷᠡᠵᠡᠢ | | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ 10 ᠤ | ᠦᠳᠡ ᠶᠢᠨ ᠡᠮᠦᠨ᠎ᠡ ᠰᠢ ᠶᠢᠨ ᠫᠢᠩ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠪᠠ ᠃ | ᠡᠨᠡ ᠬᠦ ᠰᠣᠩᠭᠤᠭᠤᠯᠢ ᠶᠢᠨ ᠦᠷ᠎ᠡ ᠳ᠋ᠦᠩ ᠢ ᠨᠡᠶᠢᠲᠡᠯᠡᠬᠦ ᠦᠶ᠎ᠡ ᠳᠤ ᠂ ᠲᠠᠯᠠᠪᠠᠢ ᠳᠠᠶᠠᠭᠠᠷ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃ | ᠬᠤᠷᠠᠯ ᠠᠴᠠ ᠪᠠᠰᠠ ᠵᠤᠤ ᠯᠧ ᠵᠢᠢ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠣᠩᠭᠤᠵᠤ ᠂ ᠬᠠᠨ ᠵᠧᠩ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠪᠠᠷ | ᠰᠣᠩᠭᠤᠪᠠ ᠃ | ᠦᠳᠡ ᠶᠢᠨ ᠡᠮᠦᠨᠡᠬᠢ 9 ᠴᠠᠭ ᠲᠤ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠭᠤᠷᠪᠠᠳᠤᠭᠠᠷ ᠪᠦᠭᠦᠳᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠵᠠᠢ ᠃ | ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠬᠠᠨ ᠵᠧᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠨᠠᠷ ᠬᠤᠷᠠᠯ ᠳᠤ | ᠣᠷᠣᠯᠴᠠᠵᠠᠢ ᠃ | ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ ᠂ 2952 ᠬᠥᠮᠥᠨ ᠣᠷᠣᠯᠴᠠᠵᠤ ᠂ 25 ᠬᠥᠮᠥᠨ ᠣᠷᠣᠯᠴᠠᠬᠰᠠᠨ ᠦᠭᠡᠢ ᠂ | ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃ | ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠂ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠯᠢ ᠭᠠᠨ ᠵᠢᠶᠧ ᠬᠤᠷᠠᠯ ᠢ ᠡᠷᠭᠢᠯᠡᠪᠡ ᠃ | ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠵᠢᠶᠦ᠋ᠨ ᠵᠧᠩ ᠂ ᠸᠠᠩ ᠮᠧᠩ ᠬᠤᠢ ᠂ ᠰᠢᠦᠢ ᠴᠢᠨ ᠂ ᠱᠧᠨ ᠰᠢᠶᠣᠣ ᠮᠢᠩ ᠂ ᠵᠧᠦ ᠽᠦ ᠢ ᠂ | ᠵᠧᠩ ᠵᠢᠶᠠᠨ ᠮᠢᠨ ᠂ ᠯᠢᠶᠠᠩ ᠶᠠᠨ ᠱᠦᠨ ᠂ ᠢᠦᠢ ᠶᠦᠨ ᠯᠢᠨ ᠂ ᠯᠠᠨ ᠹᠥᠸᠧ ᠠᠨ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢᠳ ᠤᠨ | ᠰᠠᠭᠤᠳᠠᠯ ᠳᠤ ᠰᠠᠭᠠᠲᠠᠪᠠ ᠃ | | | | | 3 ᠰᠠᠷ᠎ᠠ ᠶᠢᠨ 10 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠵᠠᠢ ᠃ ᠰᠢ ᠶᠢᠨ ᠫᠢᠩ ᠪᠦᠷᠢᠨ | ᠪᠢᠯᠧᠲ ᠢᠶᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠪᠠ ᠃ ᠵᠢᠷᠤᠭ ᠪᠣᠯ ᠰᠢ ᠶᠢᠨ ᠫᠢᠩ ᠦᠨᠳᠦᠰᠦᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | ᠬᠤᠷᠠᠯ ᠠᠴᠠ ᠡᠩ ᠲᠡᠷᠢᠭᠦᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠣᠭᠲᠠᠭᠠᠯ ᠢ ᠪᠠᠲᠤᠯᠠᠵᠤ ᠂ | ᠡᠨᠡ ᠬᠦ ᠲᠥᠰᠥᠯ ᠢ ᠵᠥᠪᠰᠢᠶᠡᠷᠡᠪᠡ ᠃ ᠶᠡᠭᠡ ᠬᠤᠷᠠᠯ ᠠᠴᠠ ᠂ ᠲᠦᠷᠦ ᠶᠢᠨ ᠶᠠᠪᠤᠳᠠᠯ ᠤᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠂ ᠨᠠᠷᠢᠨ ᠨᠢᠮᠪᠠᠢ ᠪᠠᠶᠢᠷᠢᠯᠠᠭᠤᠯᠵᠤ ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠰᠣᠩᠭᠤᠭᠤᠯᠢ ᠬᠢᠬᠦ ᠪᠠ ᠲᠤᠰᠢᠶᠠᠯ ᠳᠤ ᠲᠣᠮᠢᠯᠠᠬᠤ ᠶᠢ ᠲᠣᠭᠲᠠᠭᠠᠬᠤ ᠠᠷᠭ᠎ᠠ ᠶᠢ ᠪᠠᠲᠤᠯᠠᠵᠠᠢ ᠃ | ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠪᠠᠲᠤᠯᠠᠬᠤ ᠪᠠᠷ ᠳᠠᠮᠵᠢᠨ 35 ᠲᠥᠯᠥᠭᠡᠯᠡᠭᠴᠢ ᠪᠠᠷ ᠪᠦᠷᠢᠯᠳᠦᠭᠰᠡᠨ ᠶᠡᠷᠦᠩᠬᠡᠢ ᠪᠢᠯᠧᠲ ᠬᠢᠨᠠᠭᠴᠢ ᠂ ᠪᠢᠯᠧᠲ | ᠬᠢᠨᠠᠭᠴᠢ ᠶᠢᠨ ᠨᠡᠷᠡᠰ ᠢ ᠪᠠᠲᠤᠯᠠᠪᠠ ᠃ ᠱᠢ ᠰᠢᠶᠣᠣ ᠯᠢᠨ ᠂ ᠯᠢᠨ ᠬᠤᠩ ᠪᠣᠯ ᠶᠡᠷᠦᠩᠬᠡᠢ ᠪᠢᠯᠧᠲ ᠬᠢᠨᠠᠭᠴᠢ ᠪᠣᠯᠣᠨ᠎ᠠ ᠃ | 9 ᠴᠠᠭ 27 ᠮᠢᠨᠦ᠋ᠲ ᠲᠤ ᠰᠣᠩᠭᠤᠭᠤᠯᠢ ᠵᠢᠩᠬᠢᠨᠢ ᠪᠠᠷ ᠡᠬᠢᠯᠡᠪᠡ ᠃ ᠪᠢᠯᠧᠲ ᠬᠢᠨᠠᠭᠴᠢ ᠡᠩ ᠲᠡᠷᠢᠭᠦᠨ ᠳᠤ ᠬᠤᠷᠠᠯ ᠤᠨ ᠲᠠᠯᠠᠪᠠᠢ ᠳᠤ ᠪᠠᠶᠢᠭ᠎ᠠ 28 | ᠡᠯᠧᠺᠲᠷᠣᠨ ᠪᠢᠯᠧᠲ ᠤᠨ ᠬᠠᠶᠢᠷᠴᠠᠭ ᠂ ᠡᠯᠧᠺᠲᠷᠣᠨ ᠰᠣᠩᠭᠤᠭᠤᠯᠢ ᠶᠢᠨ ᠰᠢᠰᠲ᠋ᠧᠮ ᠢ ᠪᠠᠶᠢᠴᠠᠭᠠᠪᠠ ᠃ ᠵᠠᠯᠭᠠᠭᠠᠳ ᠠᠵᠢᠯᠲᠠᠳ ᠰᠣᠩᠭᠤᠭᠤᠯᠢ ᠶᠢᠨ ᠪᠢᠯᠧᠲ ᠢ | ᠲᠠᠷᠬᠠᠭᠠᠵᠤ ᠡᠬᠢᠯᠡᠪᠡ ᠃ 4 ᠠᠳᠠᠯᠢ ᠪᠤᠰᠤ ᠥᠩᠭᠡ ᠲᠠᠢ ᠰᠣᠩᠭᠤᠭᠤᠯᠢ ᠶᠢᠨ ᠪᠢᠯᠧᠲ ᠢ ᠲᠥᠯᠥᠭᠡᠯᠡᠭᠴᠢ ᠨᠢᠭᠡ ᠪᠦᠷᠢ ᠳᠤ ᠬᠤᠪᠢᠶᠠᠵᠤ ᠥᠭᠪᠡ ᠃ ᠰᠣᠩᠭᠤᠭᠤᠯᠢ ᠶᠢᠨ | ᠪᠢᠯᠧᠲ ᠢ ᠤᠯᠤᠰ ᠤᠨ ᠨᠡᠶᠢᠳᠡᠮ ᠬᠡᠷᠡᠭᠯᠡᠬᠦ ᠦᠰᠦᠭ ᠪᠢᠴᠢᠭ ᠪᠠ 7 ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠢᠶᠠᠷ ᠳᠠᠷᠤᠮᠠᠯᠯᠠᠨ ᠵᠣᠬᠢᠶᠠᠵᠠᠢ ᠃ | ᠳᠠᠷᠠᠭ᠎ᠠ ᠨᠢ ᠲᠥᠯᠥᠭᠡᠯᠡᠭᠴᠢᠳ ᠪᠢᠯᠧᠲ ᠲᠠᠭᠯᠠᠵᠤ ᠡᠬᠢᠯᠡᠪᠡ ᠃ ᠬᠤᠷᠠᠯ ᠤᠨ ᠠᠷᠤ ᠲᠣᠭᠤᠷᠢᠭ ᠲᠤ ᠨᠢᠭᠤᠴᠠ ᠪᠠᠷ ᠪᠢᠯᠧᠲ ᠲᠠᠭᠯᠠᠬᠤ ᠭᠠᠵᠠᠷ ᠲᠣᠬᠢᠷᠠᠭᠤᠯᠵᠠᠢ ᠃ | | ᠰᠣᠩᠭᠤᠭᠤᠯᠢ ᠬᠢᠬᠦ ᠪᠠ ᠲᠤᠰᠢᠶᠠᠯ ᠳᠤ ᠲᠣᠮᠢᠯᠠᠬᠤ ᠶᠢ ᠲᠣᠭᠲᠠᠭᠠᠬᠤ ᠠᠷᠭ᠎ᠠ ᠶᠢ ᠦᠨᠳᠦᠰᠦᠯᠡᠨ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠢᠭᠦᠯᠡᠭᠴᠢ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠂ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠂ ᠳᠡᠳ᠋ ᠬᠤᠷᠢᠶᠠᠨ | ᠳᠠᠷᠤᠭ᠎ᠠ ᠂ ᠨᠠᠷᠢᠨ ᠪᠢᠴᠢᠭ ᠤᠨ ᠳᠠᠷᠤᠭ᠎ᠠ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠶᠢ ᠲᠡᠩᠴᠡᠭᠦᠦ ᠲᠤᠭ᠎ᠠ ᠪᠠᠷ ᠰᠣᠩᠭᠤᠪᠠ ᠃ | 9 ᠴᠠᠭ 51 ᠮᠢᠨᠦ᠋ᠲ ᠲᠤ ᠂ ᠶᠡᠷᠦᠩᠬᠡᠢ ᠪᠢᠯᠧᠲ ᠬᠢᠨᠠᠭᠴᠢ ᠂ ᠪᠢᠯᠧᠲ ᠬᠢᠨᠠᠭᠴᠢ ᠡᠩ ᠲᠡᠷᠢᠭᠦᠨ ᠳᠤ ᠪᠢᠯᠧᠲ ᠥᠭᠪᠡ ᠃ ᠳᠠᠷᠠᠭ᠎ᠠ ᠨᠢ ᠲᠥᠯᠥᠭᠡᠯᠡᠭᠴᠢᠳ | ᠪᠢᠯᠧᠲ ᠥᠭᠴᠦ ᠡᠬᠢᠯᠡᠪᠡ ᠃ ᠪᠢᠯᠧᠲ ᠥᠭᠴᠦ ᠳᠠᠭᠤᠰᠤᠭᠰᠠᠨ ᠤ ᠳᠠᠷᠠᠭ᠎ᠠ ᠂ ᠶᠡᠷᠦᠩᠬᠡᠢ ᠪᠢᠯᠧᠲ ᠬᠢᠨᠠᠭᠴᠢ ᠠᠴᠠ ᠰᠣᠩᠭᠤᠭᠤᠯᠢ ᠶᠢᠨ ᠪᠢᠯᠧᠲ ᠢ ᠲᠠᠷᠬᠠᠭᠠᠭᠰᠠᠨ ᠪᠠ | ᠬᠤᠷᠢᠶᠠᠭᠰᠠᠨ ᠪᠠᠶᠢᠳᠠᠯ ᠢ ᠮᠡᠳᠡᠭᠦᠯᠵᠦ ᠰᠣᠩᠭᠤᠭᠤᠯᠢ ᠬᠦᠴᠦᠨ ᠲᠠᠢ ᠪᠣᠯᠤᠭᠰᠠᠨ ᠢ ᠨᠡᠶᠢᠲᠡᠯᠡᠪᠡ ᠃ | ᠠᠵᠢᠯᠲᠠᠨ ᠪᠢᠯᠧᠲ ᠢ ᠪᠦᠷᠢᠳᠬᠡᠭᠰᠡᠨ ᠦᠷ᠎ᠡ ᠳ᠋ᠦᠩ ᠢ ᠤᠩᠰᠢᠨ ᠨᠡᠶᠢᠲᠡᠯᠡᠪᠡ ᠃ | ᠪᠢᠯᠧᠲ ᠢ ᠪᠦᠷᠢᠳᠬᠡᠭᠰᠡᠨ ᠳ᠋ᠦᠩ ᠳᠤ ᠢᠯᠡᠷᠡᠭᠦᠯᠦᠭᠰᠡᠨ ᠢᠶᠠᠷ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠶᠢᠨ ᠰᠣᠩᠭᠤᠭᠤᠯᠢ ᠳᠤ ᠰᠢ ᠶᠢᠨ ᠫᠢᠩ ᠨᠠᠶᠢᠳᠠ 2952 ᠵᠥᠪᠰᠢᠶᠡᠷᠡᠯ ᠤᠨ ᠪᠦᠷᠢᠨ ᠪᠢᠯᠧᠲ ᠣᠯᠵᠠᠢ ᠃ ᠲᠠᠯᠠᠪᠠᠢ ᠳᠠᠶᠠᠭᠠᠷ ᠪᠣᠰᠴᠤ ᠵᠣᠭᠰᠣᠨ ᠂ | ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ ᠃ | ᠬᠤᠷᠠᠯ ᠡᠷᠭᠢᠯᠡᠭᠴᠢ ᠠᠴᠠ ᠨᠡᠶᠢᠲᠡᠯᠡᠭᠰᠡᠨ ᠨᠢ ᠄ | ᠰᠢ ᠶᠢᠨ ᠫᠢᠩ ᠨᠥᠬᠦᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠪᠠᠷ ᠰᠣᠩᠭᠤᠭᠳᠠᠪᠠ ᠃ | ᠰᠢ ᠶᠢᠨ ᠫᠢᠩ ᠲᠥᠯᠥᠭᠡᠯᠡᠭᠴᠢᠳ ᠲᠤ ᠮᠡᠬᠦᠶᠢᠨ ᠶᠣᠰᠣᠯᠠᠵᠤ ᠂ ᠪᠦᠭᠦ ᠲᠥᠯᠥᠭᠡᠯᠡᠭᠴᠢᠳ ᠤᠳᠠᠲᠠᠯ᠎ᠠ ᠬᠠᠯᠠᠭᠤᠨ ᠠᠯᠠᠭ᠎ᠠ ᠲᠡᠰᠢᠯᠲᠡ ᠪᠠᠷ ᠰᠢ ᠶᠢᠨ ᠫᠢᠩ ᠳᠤ | ᠬᠦᠨᠳᠦᠳᠬᠡᠯ ᠳᠡᠪᠰᠢᠭᠦᠯᠪᠡ ᠃ ᠳᠡᠷᠭᠡᠳᠡ ᠨᠢ ᠵᠣᠭᠰᠣᠵᠤ ᠪᠠᠶᠢᠭᠰᠠᠨ ᠯᠢ ᠵᠠᠨ ᠱᠣ᠋ ᠂ ᠯᠢ ᠴᠢᠶᠠᠩ ᠲᠤᠰ ᠲᠤᠰ ᠰᠢ ᠶᠢᠨ ᠫᠢᠩ ᠲᠠᠢ ᠭᠠᠷ ᠠᠳᠬᠤᠵᠤ ᠂ ᠲᠡᠭᠦᠨ ᠳᠤ | ᠪᠠᠶᠠᠷ ᠬᠦᠷᠭᠡᠪᠡ ᠃ | ᠬᠤᠷᠠᠯ ᠡᠷᠭᠢᠯᠡᠭᠴᠢ ᠠᠴᠠ ᠰᠢ ᠶᠢᠨ ᠫᠢᠩ ᠨᠥᠬᠦᠷ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ | ᠶᠢᠨ ᠲᠡᠷᠢᠭᠦᠯᠡᠭᠴᠢ ᠪᠠᠷ ᠰᠣᠩᠭᠤᠭᠳᠠᠭᠰᠠᠨ ᠢ ᠨᠡᠶᠢᠲᠡᠯᠡᠬᠦ ᠳᠤ ᠂ ᠬᠤᠷᠠᠯ ᠤᠨ ᠲᠠᠯᠠᠪᠠᠢ ᠳᠤ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠳᠠᠬᠢᠨᠲᠠ ᠨᠢᠵᠢᠭᠢᠨᠡᠵᠦ ᠂ ᠰᠢ | ᠶᠢᠨ ᠫᠢᠩ ᠲᠥᠯᠥᠭᠡᠯᠡᠭᠴᠢᠳ ᠲᠤ ᠳᠠᠬᠢᠨᠲᠠ ᠮᠡᠬᠦᠶᠢᠨ ᠶᠣᠰᠣᠯᠠᠪᠠ ᠃ | ᠳᠠᠷᠠᠭ᠎ᠠ ᠨᠢ ᠬᠤᠷᠠᠯ ᠡᠷᠭᠢᠯᠡᠭᠴᠢ ᠠᠴᠠ ᠵᠠᠯᠭᠠᠭ᠎ᠠ ᠪᠠᠷ ᠨᠡᠶᠢᠲᠡᠯᠡᠭᠰᠡᠨ ᠨᠢ ᠄ | ᠵᠣᠣ ᠯᠧ ᠵᠢᠢ ᠨᠥᠬᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠣᠩᠭᠤᠭᠳᠠᠪᠠ ᠃ | ᠬᠠᠨ ᠵᠧᠩ ᠨᠥᠬᠦᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠪᠠᠷ ᠰᠣᠩᠭᠤᠭᠳᠠᠪᠠ ᠃ | ᠯᠢ ᠬᠤᠩ ᠵᠦᠩ ᠂ ᠸᠠᠩ ᠳ᠋ᠦᠩ ᠮᠢᠩ ᠂ ᠰᠢᠶᠣᠣ ᠵᠢᠶᠧ ᠂ ᠵᠧᠩ ᠵᠢᠶᠠᠨ ᠪᠠᠩ ᠂ ᠳ᠋ᠢᠩ ᠵᠦᠩ ᠯᠢ ᠂ ᠬᠤᠤ ᠮᠢᠩ ᠶᠢᠨ ᠂ ᠼᠠᠢ ᠳ᠋ᠠ ᠹᠧᠩ ᠂ ᠾᠧ ᠸᠧᠢ ᠂ ᠦ᠋ | ᠸᠧᠢ ᠬᠤᠸᠠ ᠂ ᠲᠢᠶᠧ ᠨᠢᠩ ᠂ ᠫᠧᠩ ᠴᠢᠩ ᠬᠤᠸᠠ ᠂ ᠵᠠᠩ ᠴᠢᠩ ᠸᠧᠢ ᠂ ᠯᠣᠪᠰᠠᠩᠵᠠᠯᠰᠠᠨ ᠂ ᠰᠢᠤᠸᠠᠶᠢᠺᠧᠯᠠᠶᠢᠲ · ᠵᠠᠺᠧᠯ ᠨᠥᠬᠦᠷ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠪᠠᠷ | ᠰᠣᠩᠭᠤᠭᠳᠠᠪᠠ ᠃ | ᠯᠢᠦ ᠴᠢ ᠨᠥᠬᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠪᠠ ᠃ | ᠰᠣᠩᠭᠤᠭᠤᠯᠢ ᠪᠣᠯᠭᠠᠨ ᠤ ᠦᠷ᠎ᠡ ᠳ᠋ᠦᠩ ᠢ ᠨᠡᠶᠢᠲᠡᠯᠡᠬᠦ ᠦᠶᠡᠰ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ ᠃ | ᠠᠯᠠᠭ᠎ᠠ ᠲᠡᠰᠢᠯᠲᠡ ᠶᠢᠨ ᠲᠠᠭᠤᠨ ᠤ ᠳᠤᠮᠳᠠ ᠂ ᠰᠢᠨ᠎ᠡ ᠪᠠᠷ ᠰᠣᠩᠭᠤᠭᠳᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠧ ᠵᠢᠢ ᠪᠣᠰᠴᠤ ᠵᠣᠭᠰᠣᠨ ᠂ ᠲᠥᠯᠥᠭᠡᠯᠡᠭᠴᠢᠳ ᠲᠤ ᠮᠡᠬᠦᠶᠢᠨ ᠶᠣᠰᠣᠯᠠᠪᠠ ᠃ ᠲᠠᠷᠠᠭ᠎ᠠ ᠨᠢ ᠂ ᠲᠡᠷᠡ ᠰᠢ 365赢多少钱会被限额_国内有真正的365平台吗_365bet博彩官网 | ᠶᠢᠨ ᠫᠢᠩ ᠤᠨ ᠳᠡᠷᠭᠡᠳᠡ ᠬᠦᠷᠴᠦ ᠂ ᠬᠤᠶᠠᠭᠤᠯᠠ ᠳᠣᠲᠣᠨᠣᠰᠤᠭ ᠢᠶᠠᠷ ᠭᠠᠷ ᠠᠳᠬᠤᠯᠴᠠᠨ ᠂ ᠰᠢ ᠶᠢᠨ ᠫᠢᠩ ᠲᠡᠭᠦᠨ ᠳᠤ ᠪᠠᠶᠠᠷ ᠬᠦᠷᠭᠡᠪᠡ ᠃ ᠵᠤᠤ ᠯᠧ ᠵᠢᠢ ᠪᠠᠰᠠ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ | ᠯᠢ ᠵᠠᠨ ᠱᠤ᠋ ᠲᠠᠢ ᠭᠠᠷ ᠠᠳᠬᠤᠵᠤ ᠬᠠᠷᠢᠯᠴᠠᠨ ᠮᠡᠨᠳᠦᠴᠢᠯᠡᠪᠡ ᠃ | ᠠᠯᠠᠭ᠎ᠠ ᠲᠡᠰᠢᠯᠲᠡ ᠶᠢᠨ ᠲᠠᠭᠤᠨ ᠤ ᠳᠤᠮᠳᠠ ᠂ ᠰᠢᠨ᠎ᠡ ᠪᠠᠷ ᠰᠣᠩᠭᠤᠭᠳᠠᠭᠰᠠᠨ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠪᠣᠰᠴᠤ ᠵᠣᠭᠰᠣᠨ ᠂ | ᠲᠥᠯᠥᠭᠡᠯᠡᠭᠴᠢᠳ ᠲᠤ ᠮᠡᠬᠦᠶᠢᠨ ᠶᠣᠰᠣᠯᠠᠪᠠ ᠃ ᠲᠠᠷᠠᠭ᠎ᠠ ᠨᠢ ᠂ ᠲᠡᠷᠡ ᠰᠢ ᠶᠢᠨ ᠫᠢᠩ ᠤᠨ ᠳᠡᠷᠭᠡᠳᠡ ᠬᠦᠷᠴᠦ ᠂ ᠬᠤᠶᠠᠭᠤᠯᠠ ᠳᠣᠲᠣᠨᠣᠰᠤᠭ ᠢᠶᠠᠷ ᠭᠠᠷ ᠠᠳᠬᠤᠯᠴᠠᠨ ᠂ | ᠰᠢ ᠶᠢᠨ ᠫᠢᠩ ᠲᠡᠭᠦᠨ ᠳᠤ ᠪᠠᠶᠠᠷ ᠬᠦᠷᠭᠡᠪᠡ ᠃ ᠬᠠᠨ ᠵᠧᠩ ᠪᠠᠰᠠ ᠸᠠᠩ ᠴᠢ ᠱᠠᠨ ᠨᠥᠬᠦᠷ ᠲᠠᠢ ᠭᠠᠷ ᠠᠳᠬᠤᠵᠤ ᠬᠠᠷᠢᠯᠴᠠᠨ ᠮᠡᠨᠳᠦᠴᠢᠯᠡᠪᠡ ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠲᠤᠬᠠᠢ ᠵᠣᠬᠢᠶᠠᠨ ᠪᠠᠶᠢᠭᠤᠯᠤᠯᠲᠠ ᠶᠢᠨ ᠠᠷᠭ᠎ᠠ ᠶᠢ ᠦᠨᠳᠦᠰᠦᠯᠡᠨ ᠂ ᠪᠦᠭᠦᠳᠡ | ᠬᠤᠷᠠᠯ ᠤᠨ ᠡᠯ᠎ᠡ ᠵᠥᠪᠯᠡᠭᠦ ᠵᠦᠢᠯ ᠶᠠᠪᠤᠭᠳᠠᠵᠤ ᠪᠠᠷᠠᠭᠰᠠᠨ ᠤ ᠳᠠᠷᠠᠭ᠎ᠠ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠨᠳᠦᠰᠦᠨ ᠬᠠᠤᠯᠢ ᠳᠤ ᠲᠠᠩᠭᠠᠷᠢᠭᠯᠠᠬᠤ | ᠶᠣᠰᠣᠯᠠᠯ ᠶᠠᠪᠤᠭᠳᠠᠯ᠎ᠠ ᠃ | 11 ᠴᠠᠭ 7 ᠮᠢᠨᠦ᠋ᠲ ᠲᠤ ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠭᠦᠮ ᠤᠨ ᠪᠦᠷᠢᠶᠡᠴᠢᠳ | ᠲᠠᠩᠭᠠᠷᠢᠭᠯᠠᠬᠤ ᠶᠣᠰᠣᠯᠠᠯ ᠤᠨ ᠬᠥᠭᠵᠢᠮ ᠢ ᠬᠥᠭᠵᠢᠮᠳᠡᠪᠡ ᠃ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢᠨ 12 ᠶᠣᠰᠣᠯᠠᠯ ᠤᠨ ᠴᠡᠷᠢᠭ ᠬᠤᠶᠠᠷ ᠭᠠᠷᠯᠠᠨ ᠬᠤᠷᠠᠯ ᠤᠨ | ᠲᠠᠯᠠᠪᠠᠶ ᠶᠢᠨ ᠠᠷᠤ ᠲᠠᠯ᠎ᠠ ᠠᠴᠠ ᠲᠥᠪ ᠠᠯᠬᠤᠭ᠎ᠠ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠢᠷᠡᠵᠦ ᠵᠣᠭᠰᠣᠪᠠ ᠃ | ᠪᠦᠭᠦᠳᠡᠭᠡᠷ ᠪᠣᠰᠴᠤ ᠵᠣᠭᠰᠣᠪᠠ ᠃ ᠲᠡᠷᠢᠭᠦᠯᠡᠭᠴᠢ ᠶᠢᠨ ᠲᠠᠶᠢᠰᠠᠨ ᠳᠡᠭᠡᠷ᠎ᠡ ᠂ 3 ᠶᠣᠰᠣᠯᠠᠯ ᠤᠨ ᠴᠡᠷᠢᠭ ᠲᠥᠪ ᠠᠯᠬᠤᠭ᠎ᠠ ᠪᠠᠷ ︽ᠪᠦᠭᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢ ᠬᠠᠮᠠᠭᠠᠯᠠᠨ ᠲᠠᠯᠠᠪᠠᠢ ᠳᠤ ᠣᠷᠣᠵᠤ ᠂ ᠦᠨᠳᠦᠰᠦᠨ ᠬᠠᠤᠯᠢ ᠶᠢᠨ ᠪᠢᠴᠢᠭ ᠢ ᠲᠠᠩᠭᠠᠷᠢᠭᠯᠠᠬᠤ ᠲᠠᠶᠢᠰᠠᠨ | ᠳᠡᠭᠡᠷ᠎ᠡ ᠲᠠᠯᠪᠢᠪᠠ ᠃ | ᠴᠡᠷᠢᠭ ᠤᠨ ᠬᠥᠭᠵᠢᠮ ᠤᠨ ᠪᠦᠯᠭᠦᠮ ᠤᠨ ᠬᠥᠭᠵᠢᠮ ᠤᠨ ᠬᠠᠪᠰᠤᠷᠭᠠᠯ ᠳᠣᠣᠷ᠎ᠠ ᠂ ᠲᠠᠯᠠᠪᠠᠢ ᠳᠠᠶᠠᠭᠠᠷ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ ᠃ | ᠲᠠᠷᠠᠭ᠎ᠠ ᠨᠢ ᠂ ᠠᠵᠢᠯᠲᠠᠨ ᠠᠴᠠ ᠄ ᠤᠳᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠠᠩᠭᠠᠷᠢᠭᠯᠠᠨ᠎ᠠ ᠭᠡᠵᠦ ᠲᠤᠩᠬᠠᠭᠯᠠᠪᠠ ᠃ | ᠲᠡᠷᠢᠭᠦᠯᠡᠭᠴᠢ ᠲᠠᠶᠢᠰᠠᠨ ᠳᠤ ᠭᠠᠷᠬᠤ ᠪᠦᠷᠢᠶᠡᠨ ᠲᠠᠭᠤᠨ ᠤ ᠳᠤᠮᠳᠠ ᠂ ᠰᠢᠨ᠎ᠡ ᠪᠠᠷ ᠰᠣᠩᠭᠤᠭᠳᠠᠭᠰᠠᠨ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠤ ᠰᠠᠭᠤᠳᠠᠯ ᠠᠴᠠ ᠪᠣᠰᠴᠤ ᠵᠣᠭᠰᠣᠨ ᠢᠳᠡᠷᠡᠭᠦᠨ ᠠᠯᠬᠤᠭ᠎ᠠ ᠪᠠᠷ | ᠲᠠᠩᠭᠠᠷᠢᠭᠯᠠᠬᠤ ᠲᠠᠶᠢᠰᠠᠨ ᠤ ᠡᠮᠦᠨ᠎ᠡ ᠣᠴᠢᠵᠤ ᠵᠣᠭᠰᠣᠪᠠ ᠃ | ᠲᠡᠷᠢᠭᠦᠯᠡᠭᠴᠢ ᠶᠢᠨ ᠲᠠᠶᠢᠰᠠᠨ ᠤ ᠠᠷᠤ ᠬᠥᠰᠢᠭᠡ ᠶᠢᠨ ᠲᠥᠪ ᠳᠤᠮᠳᠠ ᠂ ᠤᠯᠤᠰ ᠤᠨ ᠰᠦᠯᠳᠡ ᠥᠨᠳᠥᠷ ᠲᠤ ᠡᠯᠭᠦᠭᠳᠡᠨ ᠭᠢᠯᠪᠠᠭ᠎ᠠ ᠰᠠᠴᠤᠷᠠᠭᠤᠯᠤᠨ᠎ᠠ ᠃ | ᠲᠤᠬᠠᠢ ᠶᠢᠨ ᠲᠠᠯᠠᠪᠠᠶ ᠳᠠᠬᠢ 3000 ᠰᠢᠬᠠᠮ ᠪᠦᠭᠦ ᠤᠯᠤᠰ ᠤᠨ ᠠᠷᠠᠳ ᠤᠨ ᠲᠥᠯᠥᠭᠡᠯᠡᠭᠴᠢ ᠬᠠᠮᠲᠤ ᠪᠠᠷ ᠡᠨᠡ ᠬᠦ ᠠᠷᠢᠭᠤᠨ ᠳᠠᠷᠬᠠᠨ ᠴᠠᠭ ᠮᠥᠴᠡ ᠶᠢ | ᠭᠡᠷᠡᠴᠢᠯᠡᠪᠡ ᠃ | ᠰᠢ ᠶᠢᠨ ᠫᠢᠩ ᠵᠡᠭᠦᠨ ᠭᠠᠷ ᠢᠶᠠᠨ ᠦᠨᠳᠦᠰᠦᠨ ᠬᠠᠤᠯᠢ ᠶᠢᠨ ᠪᠢᠴᠢᠭ ᠳᠡᠭᠡᠷ᠎ᠡ ᠲᠠᠯᠪᠢᠵᠤ ᠂ ᠪᠠᠷᠠᠭᠤᠨ ᠭᠠᠷ ᠢᠶᠠᠨ ᠨᠢᠳᠤᠷᠭᠠᠯᠠᠨ ᠡᠷᠭᠦᠵᠦ ᠂ ᠲᠥᠪ | ᠶᠡᠬᠡᠮᠰᠦᠭ ᠢᠶᠠᠷ ᠲᠠᠩᠭᠠᠷᠢᠭᠯᠠᠪᠠ ᠃ | ︽ᠪᠢ ᠲᠠᠩᠭᠠᠷᠢᠭᠯᠠᠶ᠎ᠠ ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ ᠂ ᠦᠨᠳᠦᠰᠦᠨ | ᠬᠠᠤᠯᠢ ᠶᠢᠨ ᠡᠷᠬᠡ ᠰᠦᠷ ᠢ ᠬᠠᠮᠠᠭᠠᠯᠠᠵᠤ ᠂ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠡᠬᠡ ᠤᠯᠤᠰ ᠲᠠᠭᠠᠨ ᠦᠨᠡᠨᠴᠢ ᠰᠢᠳᠤᠷᠭᠤ ᠂ | ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠵᠤ ᠂ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠵᠦ ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ | ᠵᠢᠳᠬᠦᠵᠦ ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ | ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ︕︾ | ᠴᠢᠩᠭ᠎ᠠ ᠬᠦᠴᠦᠲᠡᠢ ᠲᠠᠩᠭᠠᠷᠢᠭᠯᠠᠬᠤ ᠲᠠᠭᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠭᠤᠷᠢᠰᠤᠨ᠎ᠠ ᠃ | ᠲᠠᠩᠭᠠᠷᠢᠭᠯᠠᠵᠤ ᠳᠠᠭᠤᠰᠤᠭᠰᠠᠨ ᠤ ᠳᠠᠷᠠᠭ᠎ᠠ ᠂ ᠰᠢ ᠶᠢᠨ ᠫᠢᠩ ᠪᠦᠭᠦ ᠲᠠᠯᠠᠪᠠᠢ ᠵᠦᠭ ᠮᠡᠬᠦᠶᠢᠨ ᠶᠣᠰᠣᠯᠠᠪᠠ ᠃ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ | ᠲᠡᠰᠢᠯᠲᠡ ᠶᠢᠨ ᠳᠠᠭᠤᠨ ᠤᠳᠠᠲᠠᠯ᠎ᠠ ᠨᠢᠵᠢᠭᠢᠨᠡᠵᠡᠢ ᠃ | ᠲᠠᠷᠠᠭ᠎ᠠ ᠨᠢ ᠂ ᠰᠢᠨ᠎ᠡ ᠪᠠᠷ ᠰᠣᠩᠭᠤᠭᠳᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠬᠤᠷᠢᠶᠠᠨ ᠳᠠᠷᠤᠭ᠎ᠠ ᠵᠤᠤ ᠯᠧ ᠵᠢᠢ ᠂ ᠰᠢᠨ᠎ᠡ ᠪᠠᠷ ᠰᠣᠩᠭᠤᠭᠳᠠᠭᠰᠠᠨ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠲᠤᠰᠪᠦᠷᠢ ᠦᠨᠳᠦᠰᠦᠨ ᠬᠠᠤᠯᠢ ᠳᠤ | ᠲᠠᠩᠭᠠᠷᠢᠭᠯᠠᠵᠤ ᠂ ᠰᠢᠨ᠎ᠡ ᠪᠠᠷ ᠰᠣᠩᠭᠤᠭᠳᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠬᠤᠷᠢᠶᠠᠨ ᠳᠠᠷᠤᠭ᠎ᠠ ᠂ ᠨᠠᠷᠢᠨ ᠪᠢᠴᠢᠭ ᠤᠨ ᠳᠠᠷᠤᠭ᠎ᠠ ᠬᠠᠮᠲᠤ ᠳᠠᠭᠠᠨ ᠦᠨᠳᠦᠰᠦᠨ ᠬᠠᠤᠯᠢ ᠳᠤ ᠲᠠᠩᠭᠠᠷᠢᠭᠯᠠᠪᠠ ᠃ | |